| | ᠠᠯᠳᠠᠨᠰᠣᠪᠣᠳ | | | ᠤᠳᠤᠬᠠᠨ ᠤ ᠰᠤᠷᠭᠠᠨ ᠬᠦᠮᠤᠵᠢᠯ ᠤᠨ ᠤᠨᠤᠯ ᠤᠨ ᠦᠡᠳᠤᠰᠤᠯᠡᠯ ᠳᠤ ᠬᠠᠷᠢᠭᠤᠴᠠᠯᠭᠠᠳᠤ ᠬᠠᠮᠢᠶᠠᠷᠤᠯᠳᠠ ᠶᠢᠨ | ᠡᠬᠦᠷᠬᠡ ᠴᠢᠳᠠᠪᠬᠢ ᠶᠢᠨ ᠲᠤᠬᠠᠢ ᠲᠤᠳᠤᠷᠬᠠᠢ ᠵᠢᠭᠠᠯᠳᠠ ᠨᠤᠭᠤᠳ ᠢ ᠲᠤᠭᠳᠠᠭᠠᠭᠰᠡᠨ ᠪᠠᠶᠢᠳᠠᠭ᠃ ᠨᠡᠩ ᠢᠯᠠᠩᠭᠤᠶ᠎ᠠ | ᠰᠤᠷᠭᠠᠭᠤᠯᠢ ᠶᠢᠨ ᠬᠦᠷᠢᠶᠡᠨ ᠳᠤ ᠬᠢ ᠬᠠᠮᠢᠶᠠᠷᠤᠯᠳᠠ ᠶᠢᠨ ᠲᠦᠷᠢᠮ ᠢ ᠴᠢᠩᠳᠡᠯᠡᠨ ᠰᠠᠬᠢᠬᠤ ᠲᠠᠯ᠎ᠠ ᠪᠠᠷ ᠤᠯᠤᠰ ᠤᠨ | ᠰᠤᠷᠭᠠᠨ ᠬᠦᠮᠤᠵᠢᠯ ᠤᠨ ᠶᠠᠮᠤᠨ ᠠᠴᠠ ᠲᠠᠰᠣᠷᠠᠯᠳᠠ ᠦᠭᠡᠢ ᠦᠬᠡᠷᠡᠴᠢᠯᠡᠯᠳᠡ ᠰᠢᠨᠡᠴᠢᠯᠡᠯᠳᠡ ᠶᠢ ᠭᠠᠷᠭᠠᠭᠰᠠᠭᠠᠷ | ᠪᠠᠶᠢᠭ᠎ᠠ ᠶᠤᠮ᠃ ᠬᠠᠮᠢᠶᠠᠷᠤᠯᠳᠠ ᠶᠢᠨ ᠠᠷᠭ᠎ᠠ ᠬᠡᠯᠪᠡᠷᠢ ᠳᠤ ᠶᠠᠷᠢᠶᠠᠨ ᠦᠭᠡᠢ ᠠᠩᠬᠢ ᠶᠢᠨ ᠡᠷᠬᠢᠯᠡᠭᠴᠢ ᠶᠢᠨ ᠡᠬᠦᠷᠬᠡ | ᠬᠠᠷᠢᠭᠤᠴᠠᠯᠭ᠎ᠠ ᠪᠤᠯ ᠴᠢᠬᠤᠯᠠ ᠪᠠᠶᠢᠷᠢᠨ ᠳᠤ ᠲᠠᠯᠪᠢᠭᠳᠠᠵᠤ ᠪᠠᠶᠢᠳᠠᠭ᠃ ᠦᠬᠡᠷ᠎ᠡ ᠪᠠᠷ ᠬᠡᠯᠡᠪᠡᠯ ᠠᠩᠬᠢ ᠶᠢᠨ | ᠡᠷᠬᠢᠯᠡᠭᠴᠢ ᠪᠤᠯᠤᠭᠰᠡᠳ ᠤᠨ ᠡᠬᠦᠷᠬᠡ ᠬᠠᠷᠢᠭᠤᠴᠠᠯᠭ᠎ᠠ ᠨᠢ ᠲᠡᠬᠡᠳᠤ ᠬᠡᠮᠵᠢᠶᠡᠨ ᠤ ᠱᠠᠭᠠᠷᠳᠠᠯᠭᠠᠳᠤ ᠴᠢᠨᠠᠷ ᠲᠠᠢ | ᠪᠦᠬᠡᠳ ᠬᠦᠡᠳᠤᠷᠤᠯ ᠶᠡᠬᠡᠳᠠᠢ ᠬᠡᠰᠡᠨ ᠢ ᠬᠠᠷᠠᠭᠤᠯᠵᠤ ᠪᠠᠶᠢᠭ᠎ᠠ ᠤᠴᠢᠷ ᠪᠤᠯᠤᠨ᠎ᠠ᠃ | ᠦᠨᠦᠳᠤᠷ ᠬᠦᠮᠤᠰ ᠤᠨ ᠦᠵᠡᠯ ᠤᠬᠠᠮᠰᠠᠷ ᠤᠨ ᠲᠠᠨᠢᠯᠳᠠ ᠳᠤ ᠰᠢᠨ᠎ᠡ ᠬᠡᠷᠡᠭ ᠪᠤᠳᠠᠰ ᠢ ᠬᠦᠯᠢᠶᠡᠨ ᠠᠪᠬᠤ | ᠲᠠᠪᠳᠠᠮᠵᠢ ᠪᠤᠢ ᠪᠤᠯᠤᠭᠰᠡᠨ ᠲᠡᠳᠤᠢ ᠦᠭᠡᠢ ᠰᠤᠷᠭᠠᠨ ᠬᠦᠮᠤᠵᠢᠯ ᠤᠨ ᠹᠷᠤᠡᠲ ᠲᠤ ᠴᠦ ᠰᠢᠡᠵᠢᠯᠡᠬᠦ ᠲᠧᠭᠨᠢᠭ ᠤᠨ | ᠪᠠᠭᠠᠵᠢ ᠲᠦᠬᠦᠬᠡᠷᠤᠮᠵᠢ ᠢᠵᠢ ᠪᠦᠷᠢᠳᠤᠭ᠍ᠰᠡᠨ ᠲᠠᠪᠠᠭᠤᠯᠢᠭ ᠤᠷᠴᠢᠨ ᠠᠬᠤᠢ ᠪᠤᠢ ᠪᠤᠯᠤᠭᠰᠡᠨ ᠦᠨᠡᠨ ᠲᠠᠢ᠂ | ᠡᠬᠦᠨ ᠤ ᠵᠡᠷᠬᠡᠴᠡᠭᠡ ᠪᠠᠷ ᠵᠠᠯᠠᠭᠤᠴᠤᠳ ᠪᠠᠭᠠᠴᠤᠳ ᠤᠨ ᠦᠰᠤᠨ ᠪᠤᠶᠢᠵᠢᠬᠤ᠂ ᠦᠵᠡᠨ ᠰᠤᠨᠢᠷᠬᠠᠬᠤ᠂ ᠤᠢ | ᠪᠢᠯᠢᠭ ᠤᠨ ᠨᠡᠬᠡᠬᠡᠭᠳᠡᠯ᠂ ᠤᠷᠤᠰᠢᠨ ᠲᠤᠭᠳᠠᠨᠢᠯ ᠤᠨ ᠦᠭᠭᠦᠭᠳᠡᠯ ᠬᠡᠬᠦ ᠮᠡᠳᠤ ᠶᠢᠨ ᠤᠯᠠᠨ ᠲᠠᠯ᠎ᠠ ᠳᠤ ᠤᠷᠢᠳᠤ | ᠡᠮᠤᠨᠡᠬᠢ ᠲᠠᠢ ᠬᠠᠷᠢᠴᠠᠭᠤᠯᠬᠤ ᠶᠢᠨ ᠠᠷᠭ᠎ᠠ ᠦᠭᠡᠢ ᠤᠬᠢ ᠰᠠᠶᠢᠨ ᠪᠠᠶᠢᠳᠠᠯ ᠡᠬᠦᠰᠴᠤ ᠡᠬᠢᠯᠡᠭᠰᠡᠨ ᠪᠠᠶᠢᠭ᠎ᠠ ᠶᠤᠮ᠃ | ᠢᠩᠬᠢᠭᠰᠡᠨ ᠠᠴᠠ ᠪᠤᠯᠵᠤ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠳᠠ᠂ ᠵᠢᠭᠠᠨ ᠰᠤᠷᠭᠠᠯᠳᠠ ᠶᠢᠨ ᠶᠠᠰᠤ ᠴᠢᠨᠠᠷ᠂ | ᠰᠠᠭᠤᠷᠢ ᠪᠦᠳᠤᠬᠡᠨ ᠪᠠᠶᠢᠭᠤᠯᠤᠯᠳᠠ ᠶᠢᠨ ᠨᠦᠬᠦᠴᠡᠯ ᠪᠤᠯᠤᠯᠴᠠᠭ᠎ᠠ ᠶᠢ ᠰᠢᠰᠲ᠋ᠧᠮ ᠲᠠᠢ᠂ ᠲᠦᠷᠢᠮᠵᠢᠭᠰᠡᠨ᠂ | ᠮᠧᠬᠠᠨᠢᠬᠵᠢᠬᠰᠡᠨ ᠬᠡᠪ ᠰᠢᠡᠵᠢ ᠤᠷᠤᠭᠤ ᠤᠷᠤᠭᠤᠯᠵᠤ᠂ ᠬᠦᠰᠡᠯ᠂ ᠡᠷᠡᠮᠡᠯᠵᠡᠯᠡᠯ ᠲᠠᠢ ᠬᠤᠶᠢᠴᠢ ᠦᠶ᠎ᠡ ᠶᠢᠨ ᠬᠢᠨ ᠢ | ᠬᠦᠮᠤᠵᠢᠬᠦᠯᠬᠦ ᠳᠤ ᠲᠦᠷᠤ ᠶᠢᠨ ᠪᠤᠳᠤᠯᠭ᠎ᠠ ᠶᠢᠨ ᠴᠢᠨᠠᠷᠳᠠᠢ ᠠᠷᠭ᠎ᠠ ᠬᠡᠮᠵᠢᠭᠳᠡᠯ ᠢ ᠠᠪᠤᠭᠰᠠᠭᠠᠷ ᠪᠠᠶᠢᠭ᠎ᠠ ᠶᠤᠮ᠃ | ᠬᠤᠷᠢᠨ ᠨᠢᠬᠡᠳᠤᠬᠡᠷ ᠵᠠᠭᠤᠨ ᠤ ᠰᠤᠷᠭᠠᠨ ᠬᠦᠮᠤᠵᠢᠯ ᠤᠨ ᠤᠨᠤᠯ ᠪᠤᠯ ᠰᠢᠨ᠎ᠡ ᠡᠷᠡᠨ ᠤ ᠦᠩᠬᠡ ᠵᠢᠪᠬᠤᠭ᠎ᠠ | ᠪᠤᠯᠬᠤ ᠨᠢ ᠲᠠᠮᠵᠢᠭ ᠦᠭᠡᠢ᠃ ᠦᠪᠤᠷ ᠮᠤᠩᠭᠤᠯ ᠤᠷᠤᠨ ᠢᠶᠠᠷ ᠠᠪᠴᠤ ᠬᠡᠯᠡᠬᠦ ᠳᠤ ᠡᠯ᠎ᠡ ᠬᠤᠳᠠ ᠠᠶᠢᠮᠠᠭ | ᠬᠤᠰᠢᠭᠤᠨ ᠤ ᠨᠠᠮ ᠵᠠᠰᠠᠭ ᠠᠴᠠ ᠰᠤᠷᠭᠠᠭᠤᠯᠢ ᠶᠢᠨ ᠰᠠᠭᠤᠷᠢ ᠪᠦᠳᠤᠬᠡᠨ ᠪᠠᠶᠢᠭᠤᠯᠤᠯᠳᠠ ᠶᠢ ᠤᠯᠠᠮ | ᠲᠡᠬᠦᠯᠳᠡᠷᠵᠢᠬᠦᠯᠬᠦ ᠶᠢ ᠴᠢᠬᠤᠯᠠ ᠪᠠᠶᠢᠷᠢᠨ ᠳᠤ ᠲᠠᠯᠪᠢᠬᠰᠡᠨ ᠠᠴᠠ ᠲᠡᠬᠡᠳᠤ ᠱᠠᠳᠤᠨ ᠤ ᠬᠠᠯᠠᠮᠵᠢ ᠲᠡᠮᠵᠢᠯᠬᠡ ᠪᠠ | ᠭᠠᠵᠠᠷ ᠤᠷᠤᠨ ᠤ ᠡᠳ᠋ ᠤᠨ ᠵᠠᠰᠠᠭ ᠤᠨ ᠲᠦᠯᠤᠪᠵᠢᠬᠦᠯᠬᠡ ᠶᠢᠨ ᠲᠠᠭᠠᠤ ᠳᠤ ᠦᠳᠳᠠᠷ ᠲᠦᠷᠬᠡᠨ ᠬᠦᠭᠵᠢᠯ ᠢᠶᠠᠨ | ᠤᠯᠤᠭᠰᠡᠨ ᠤᠯᠪᠠᠭ᠎ᠠ ᠲᠠᠢ᠃ ᠤᠳᠤ ᠪᠤᠯᠬᠤ ᠳᠤ ᠡᠯ᠎ᠡ ᠭᠠᠵᠠᠷ ᠨᠢ ᠲᠤᠬᠢᠯᠢᠬ ᠲᠦᠪᠬᠢᠨᠡᠬᠦᠨ ᠤᠷᠤᠨ ᠰᠠᠭᠤᠴᠠ ᠶᠢᠨ | ᠪᠦᠳᠤᠬᠡᠨ ᠪᠠᠶᠢᠭᠤᠯᠤᠯᠳᠠ ᠶᠢ ᠢᠵᠢ ᠪᠦᠷᠢᠨ ᠲᠦᠪᠬᠢᠨᠡᠬᠦᠯᠵᠤ᠂ ᠰᠤᠷᠭᠠᠭᠤᠯᠢ ᠶᠢᠨ ᠬᠦᠷᠢᠶᠡᠨ ᠤ ᠴᠢᠮᠡᠭᠯᠡᠯ᠂ | ᠣᠶᠢᠵᠢᠭᠤᠯᠣᠯᠳᠠ ᠶᠢ ᠡᠮᠬᠢ ᠴᠡᠭᠴᠡᠳᠠᠢ ᠬᠢᠭᠰᠡᠨ ᠲᠡᠳᠤᠢ ᠦᠭᠡᠢ ᠴᠢᠩᠭ᠎ᠠ ᠬᠠᠮᠢᠶᠠᠷᠤᠯᠳᠠ ᠶᠢᠨ ᠲᠦᠷᠢᠮ | ᠲᠤᠭᠳᠠᠭᠠᠯ ᠢᠶᠠᠷ ᠰᠤᠷᠭᠠᠨ ᠬᠦᠮᠤᠵᠢᠯ ᠤᠨ ᠰᠢᠨ᠎ᠡ ᠠᠭᠤᠷ ᠠᠮᠢᠰᠬᠤᠯ ᠢ ᠪᠤᠢ ᠪᠤᠯᠭᠠᠭᠰᠡᠨ ᠶᠣᠮ᠃ ᠡᠶᠢᠮᠤᠷᠬᠦᠤ | ᠨᠢᠳᠤᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠦᠬᠡᠷᠡᠴᠢᠯᠡᠯᠳᠡ ᠰᠢᠨᠡᠴᠢᠯᠡᠯᠳᠡ ᠨᠢ ᠲᠠᠷᠤᠢ ᠨᠠᠮ ᠤᠨ ᠲᠦᠪ | ᠬᠤᠷᠢᠶ᠎ᠠ ᠪᠠ ᠰᠤᠷᠭᠠᠨ ᠬᠦᠮᠤᠵᠢᠯ ᠤᠨ ᠶᠠᠮᠤᠨ ᠤ ᠠᠭᠤᠤ ᠮᠡᠷᠬᠡᠨ ᠠᠯᠤᠰᠴᠢ ᠪᠤᠳᠤᠯᠭ᠎ᠠ ᠠᠴᠠ ᠢᠷᠡᠯᠳᠠᠢ ᠪᠦᠬᠡᠳ | ᠲᠤᠮᠳᠠᠳᠤ ᠶᠢᠨ ᠬᠦᠰᠡᠯ ᠢ ᠪᠡᠶᠡᠯᠡᠬᠦᠯᠬᠦ ᠬᠤᠯᠠᠴᠢ ᠤᠬᠠᠭᠠᠨ ᠤ ᠤᠳᠬ᠎ᠠ ᠰᠦᠪᠡᠭᠴᠢ ᠯᠦᠭᠡ ᠤᠷᠭᠠᠨᠢᠭ ᠤᠶᠠᠯᠳᠤᠭ᠎ᠠ | ᠡᠬᠦᠰᠬᠡᠵᠤ ᠴᠢᠳᠠᠭᠰᠡᠨ ᠤ ᠬᠡᠷᠡᠴᠢ ᠬᠡᠵᠤ ᠦᠵᠡᠬᠦ ᠶᠤᠰᠤᠳᠠᠢ᠃ | ᠰᠢᠨ᠎ᠡ ᠡᠷᠡᠨ ᠳᠤ᠂ ᠰᠢᠨ᠎ᠡ ᠭᠦᠭᠵᠢᠯ ᠤᠨ ᠱᠠᠳᠤᠨ ᠳᠤ ᠰᠤᠷᠭᠠᠭᠤᠯᠢ ᠶᠢ ᠬᠡᠷᠬᠢᠨ ᠡᠷᠬᠢᠯᠡᠬᠦ ᠨᠢ ᠨᠢᠬᠡ | ᠵᠠᠩᠬᠢᠯᠠᠭ᠎ᠠ ᠪᠤᠯᠬᠤ ᠳᠤ ᠰᠢᠨ᠎ᠡ ᠡᠷᠡᠨ ᠳᠤ᠂ ᠰᠢᠨ᠎ᠡ ᠰᠤᠷᠭᠠᠨ ᠬᠦᠮᠤᠵᠢᠯ ᠤᠨ ᠡᠬᠦᠷᠬᠡ ᠬᠠᠷᠢᠭᠤᠴᠠᠯᠭ᠎ᠠ ᠶᠢ | ᠬᠦᠢᠴᠡᠳᠬᠡᠬᠦ ᠳᠤ ᠠᠩᠬᠢ ᠶᠢᠨ ᠡᠷᠬᠢᠯᠡᠭᠴᠢ ᠨᠢ ᠬᠡᠷᠬᠢᠨ ᠠᠵᠢᠯᠯᠠᠪᠠᠯ ᠵᠤᠬᠢᠬᠤ ᠬᠡᠳᠡᠭ ᠨᠢ ᠪᠠᠰᠠ ᠨᠢᠬᠡ ᠵᠠᠩᠬᠢᠯᠠᠭ᠎ᠠ | ᠪᠤᠯᠬᠤ ᠤᠴᠢᠷᠳᠠᠢ᠃ ᠰᠤᠷᠭᠠᠨ ᠬᠦᠮᠤᠵᠢᠯ ᠤᠨ ᠤᠨᠤᠯ ᠤᠨ ᠦᠡᠳᠤᠰᠤᠯᠡᠯ ᠨᠢ ᠶᠡᠷᠤᠩᠬᠡᠢ ᠴᠢᠭᠯᠡᠯ ᠪᠤᠯᠳᠠᠭ ᠪᠤᠯᠪᠠᠴᠤ | ᠰᠤᠷᠭᠠᠨ ᠬᠦᠮᠤᠵᠢᠬᠦᠯᠬᠦ ᠶᠠᠪᠤᠴᠠ ᠶᠢᠨ ᠲᠤᠮᠳᠠ ᠠᠩᠬᠢ ᠶᠢᠨ ᠡᠷᠬᠢᠯᠡᠭᠴᠢ ᠨᠡᠩ ᠨᠠᠷᠢᠯᠢᠬ᠂ ᠨᠡᠩ ᠤᠯᠠᠨ | ᠲᠠᠯᠠᠵᠢᠬᠰᠡᠨ ᠠᠷᠭ᠎ᠠ ᠬᠡᠯᠪᠡᠷᠢ ᠪᠤᠶᠤ ᠲᠤᠷᠰᠢᠯᠭ᠎ᠠ ᠰᠤᠷᠭᠠᠮᠵᠢ ᠶᠢ ᠡᠬᠦᠳᠤᠨ ᠪᠦᠳᠤᠬᠡᠬᠦ ᠴᠢᠬᠤᠯᠠᠳᠠᠢ ᠪᠠᠶᠢᠳᠠᠭ᠃ | ᠮᠡᠳᠡᠬᠡᠵᠢ ᠰᠢᠨ᠎ᠡ ᠡᠷᠡᠨ ᠬᠡᠳᠡᠭ ᠤᠳᠬ᠎ᠠ ᠪᠠᠷ ᠢᠶᠠᠨ ᠨᠡᠶᠢᠬᠡᠮ᠂ ᠬᠡᠷ ᠪᠦᠯᠢ᠂ ᠰᠤᠷᠭᠠᠭᠤᠯᠢ ᠠᠯᠢ ᠠᠯᠢᠨ ᠳᠤ ᠨᠢ | ᠬᠤᠯᠪᠤᠭᠳᠠᠬᠤ ᠠᠷᠪᠢᠨ ᠠᠰᠠᠭᠤᠳᠠᠯ ᠤᠷᠢᠶᠠᠴᠠᠯᠳᠤᠵᠤ ᠪᠠᠶᠢᠭ᠎ᠠ ᠨᠢ ᠬᠤᠳᠠᠯ ᠦᠭᠡᠢ᠃ ᠵᠦᠬᠡᠷ ᠨᠢᠬᠡ ᠵᠢᠱᠢᠶᠡᠯᠡᠬᠦ ᠳᠤ | ᠤᠳᠤᠬᠢ ᠰᠤᠷᠭᠠᠨ ᠬᠦᠮᠤᠵᠢᠯ ᠤᠨ ᠲᠤᠭᠳᠠᠯᠴᠠᠭ᠎ᠠ ᠨᠢ ᠲᠦᠪᠯᠡᠷᠡᠬᠦᠯᠤᠨ ᠨᠢᠬᠡᠳᠬᠡᠬᠦ ᠲᠦᠷᠤ ᠶᠢᠨ ᠪᠤᠳᠤᠯᠭ᠎ᠠ ᠳᠤ | ᠬᠠᠮᠤᠷᠤᠭᠳᠠᠳᠠᠭ ᠠᠴᠠ ᠤᠯᠠᠩᠬᠢ ᠰᠤᠷᠭᠠᠭᠤᠯᠢ ᠨᠢ ᠪᠦᠷ ᠬᠤᠳᠠ ᠪᠠᠯᠭᠠᠰᠤᠨ ᠳᠤ ᠲᠦᠪᠯᠡᠷᠡᠵᠣ ᠪᠠᠶᠢᠳᠠᠭ᠃ ᠶᠠᠭ | ᠡᠶᠢᠮᠤ ᠠᠴᠠ ᠬᠦᠮᠤᠨ ᠠᠷᠠᠳ ᠤᠨ ᠠᠮᠢᠳᠤᠷᠠᠯ ᠤᠶᠢᠯᠡᠳᠪᠤᠷᠢᠯᠡᠯ ᠤᠨ ᠰᠠᠭᠤᠷᠢ ᠨᠢ ᠲᠡᠬᠡᠭᠰᠢᠯᠡᠯᠳᠡ ᠲᠠᠢ ᠪᠤᠯᠵᠤ | ᠬᠤᠳᠠ ᠪᠠᠯᠭᠠᠰᠤᠨ ᠤ ᠲᠡᠷᠬᠡ ᠮᠠᠰᠢᠨ ᠤ ᠲᠤᠭ᠎ᠠ ᠤᠯᠠᠰᠢᠷᠠᠭᠰᠡᠨ ᠵᠡᠷᠬᠡ ᠰᠢᠯᠳᠠᠭᠠᠨ ᠢᠶᠠᠷ ᠰᠤᠷᠭᠠᠭᠤᠯᠢ ᠳᠤ ᠶᠠᠪᠤᠬᠤ᠂ | ᠬᠡᠷ ᠲᠤ ᠪᠠᠨ ᠬᠠᠷᠢᠬᠤ ᠵᠠᠮ ᠤᠨ ᠠᠮᠤᠷ ᠲᠦᠪᠰᠢᠨ ᠤ ᠠᠰᠠᠭᠤᠳᠠᠯ ᠪᠤᠯ ᠲᠦᠢᠯ ᠤᠨ ᠴᠢᠬᠤᠯᠠ ᠵᠦᠢᠯ ᠳᠤ | ᠬᠠᠷᠢᠶᠠᠯᠠᠭᠳᠠᠵᠤ ᠡᠬᠢᠯᠡᠭᠰᠡᠨ ᠶᠤᠮ᠃ ᠠᠰᠠᠭᠤᠳᠠᠯ ᠭᠠᠷᠬᠤ ᠦᠭᠡᠢ ᠪᠤᠯ ᠰᠤᠷᠭᠠᠭᠤᠯᠢ᠂ ᠬᠡᠷ ᠪᠦᠯᠢ ᠠᠯᠢ ᠴᠦ | ᠲᠠᠯ᠎ᠠ ᠳᠤ ᠦᠵᠡᠯ ᠰᠠᠨᠠᠭᠠᠨ ᠤ ᠲᠠᠷᠤᠭᠠᠰᠤ ᠦᠭᠡᠢ᠃ ᠬᠡᠷᠪᠡ ᠠᠰᠠᠭᠤᠳᠠᠯ ᠭᠠᠷᠬᠤ ᠳᠤ ᠬᠦᠷᠪᠡᠯ ᠬᠤᠶᠠᠷ ᠲᠠᠯ᠎ᠠ ᠶᠢᠨ | ᠨᠦᠬᠦᠷᠰᠡᠭ ᠬᠠᠷᠢᠴᠠᠭᠠᠨ ᠳᠤ ᠠᠰᠢᠭ ᠦᠭᠡᠢ ᠮᠦᠷᠳᠡᠭᠡᠨ ᠰᠤᠷᠭᠠᠭᠤᠯᠢ ᠶᠢᠨ ᠬᠠᠮᠢᠶᠠᠷᠤᠯᠳᠠ᠂ ᠰᠤᠷᠭᠠᠭᠤᠯᠢ ᠶᠢᠨ | ᠵᠤᠬᠢᠶᠠᠨ ᠪᠠᠶᠢᠭᠤᠯᠬᠤ ᠤᠳᠤᠷᠢᠳᠤᠯᠭ᠎ᠠ᠂ ᠠᠩᠬᠢ ᠶᠢᠨ ᠡᠷᠬᠢᠯᠡᠭᠴᠢ ᠳᠤ ᠬᠦᠷᠳᠡᠯ᠎ᠡ ᠵᠤᠬᠢᠬᠤ ᠬᠡᠮᠵᠢᠶᠡᠨ ᠤ | ᠬᠠᠷᠢᠭᠤᠴᠠᠯᠭ᠎ᠠ ᠨᠡᠬᠡᠮᠵᠢᠯᠡᠬᠦ ᠬᠠᠤᠯᠢ ᠲᠤᠭᠳᠠᠭᠠᠯ ᠴᠦ ᠪᠦᠷᠢᠯᠳᠤᠨ ᠲᠦᠯᠤᠪᠰᠢᠭ᠍ᠰᠡᠨ ᠪᠠᠶᠢᠳᠠᠭ᠃ ᠢᠩᠬᠢᠭᠰᠡᠨ ᠢᠶᠠᠷ | ᠠᠩᠬᠢ ᠶᠢᠨ ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠨᠢ ᠰᠢᠨ᠎ᠡ ᠡᠷᠡᠨ ᠴᠠᠭ ᠲᠤ ᠤᠷᠤᠵᠤ ᠢᠷᠡᠬᠡᠳ ᠮᠠᠰᠢ | ᠦᠡᠳᠤᠷ ᠱᠠᠭᠠᠷᠳᠠᠯᠭ᠎ᠠ ᠲᠠᠢ ᠪᠤᠯᠤᠭᠰᠡᠨ ᠶᠤᠮ᠃ | ᠠᠩᠬᠢ ᠶᠢᠨ ᠡᠷᠬᠢᠯᠡᠭᠴᠢ ᠶᠢᠨ ᠠᠵᠢᠯ ᠪᠤᠯ ᠬᠢᠴᠢᠶᠡᠯ ᠤᠨ ᠪᠠᠭᠰᠢ ᠶᠢᠨ ᠠᠵᠢᠯ ᠠᠴᠠ ᠬᠡᠳᠤ ᠲᠠᠬᠢᠨ ᠬᠦᠡᠳᠤ | ᠪᠠᠶᠢᠳᠠᠭ ᠢ ᠪᠠᠭᠰᠢ ᠪᠤᠯᠤᠭᠰᠡᠳ ᠪᠦᠬᠦᠳᠡᠬᠡᠷ ᠮᠡᠳᠡᠷᠡᠳᠡᠭ᠃ ᠬᠡᠪᠡᠴᠤ ᠲᠡᠳᠡ ᠡᠨᠡᠬᠦ ᠬᠦᠡᠳᠤ ᠴᠢᠬᠢᠮᠠᠢ ᠠᠵᠢᠯ ᠤᠨ | ᠡᠮᠤᠨ᠎ᠡ ᠮᠠᠰᠢ ᠪᠠᠶᠠᠷ ᠪᠠᠶᠠᠰᠤᠯ ᠲᠠᠢ ᠪᠠᠷ ᠨᠢᠷᠤᠭᠤ ᠲᠠᠨᠢᠢᠮᠠ ᠠᠯᠬᠤᠳᠠᠭ ᠬᠡᠰᠡᠭ ᠪᠦᠯᠦᠭ ᠰᠢᠳᠤᠷᠭᠤ | ᠬᠦᠮᠤᠵᠢᠬᠦᠯᠤᠭ᠍ᠴᠢ ᠶᠢᠨ ᠲᠤᠭᠠᠨ ᠳᠤ ᠪᠠᠭᠳᠠᠬᠤ ᠲᠤᠷᠠᠳᠠᠢ᠃ ᠤᠴᠢᠷ ᠨᠢ ᠪᠤᠰᠤᠳ ᠤᠨ ᠦᠷ᠎ᠡ ᠰᠡᠳᠤ ᠶᠢᠨ ᠤᠶᠤᠨ | ᠪᠢᠯᠢᠭ ᠢ ᠨᠢ ᠨᠡᠭᠡᠭᠡᠵᠣ᠂ ᠤᠬᠠᠭᠠᠨ ᠰᠠᠨᠠᠭ᠎ᠠ ᠶᠢ ᠨᠢ ᠲᠡᠭᠰᠢᠯᠡᠨ᠂ ᠶᠤᠰᠤ ᠰᠤᠷᠳᠠᠬᠤᠨ ᠤ ᠦᠡᠳᠤᠷ ᠪᠤᠯᠪᠠᠰᠤᠷᠠᠯ ᠲᠠᠢ᠂ | ᠡᠷᠳᠡᠮ ᠮᠡᠳᠡᠯᠬᠡ ᠶᠢᠨ ᠨᠦᠬᠡᠴᠡ ᠬᠦᠴᠤᠨ ᠲᠠᠢ ᠪᠤᠯᠭᠠᠬᠤ ᠪᠤᠯ ᠲᠡᠳᠡᠨ ᠤ ᠪᠠᠭ᠋ᠠᠳᠤᠯ ᠮᠦᠷᠳᠡᠬᠡᠨ ᠵᠢᠷᠭᠠᠯ ᠨᠢ ᠬᠡᠵᠤ | ᠦᠵᠡᠳᠡᠭ᠃ ᠰᠢᠨ᠎ᠡ ᠡᠷᠡᠨ ᠳᠤ ᠲᠠᠪᠰᠢᠨ ᠤᠷᠤᠭᠰᠡᠨ ᠠᠴᠠ ᠰᠢᠨ᠎ᠡ ᠵᠢᠭᠠᠨ ᠰᠤᠷᠭᠠᠯᠳᠠ ᠶᠢᠨ ᠬᠡᠪ ᠵᠠᠭᠪᠤᠷ ᠪᠤᠢ | ᠪᠤᠯᠵᠤ᠂ ᠰᠢᠨ᠎ᠡ ᠰᠡᠳᠬᠢᠴᠡ ᠶᠢᠨ ᠤᠭ ᠴᠢᠨᠠᠷ ᠪᠤᠢ ᠪᠤᠯᠵᠤ᠂ ᠰᠢᠨ᠎ᠡ ᠬᠠᠮᠢᠶᠠᠷᠤᠯᠳᠠ ᠶᠢᠨ ᠲᠦᠷᠢᠮ ᠲᠤᠭᠳᠠᠭᠠᠯ ᠴᠦ | ᠪᠤᠢ ᠪᠤᠯᠤᠭᠰᠡᠨ ᠪᠠᠶᠢᠳᠠᠭ᠃ ᠡᠨᠡ ᠠᠷᠪᠢᠨ ᠰᠢᠨ᠎ᠡ ᠵᠦᠢᠯᠡᠰ ᠢ ᠬᠠᠪᠤᠯᠢᠭ ᠵᠤᠬᠢᠴᠠᠭᠤᠯᠵᠤ᠂ ᠠᠩᠬᠢ ᠶᠢᠨ | ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠪᠠᠨ ᠬᠡᠷᠬᠢᠨ ᠬᠦᠢᠴᠡᠳᠬᠡᠬᠦ ᠪᠤᠢ ᠬᠡᠳᠡᠭ ᠪᠤᠯ ᠵᠦᠪᠬᠡᠨ ᠪᠠᠭᠰᠢ ᠬᠦᠮᠤᠨ | ᠳᠤ ᠯᠡ ᠪᠠᠶᠢᠳᠠᠭ ᠭᠤᠶᠠᠴᠢ ᠦᠭᠡᠢ ᠤᠪᠤᠷ ᠰᠤᠷᠳᠠᠯ ᠲᠡᠳᠤᠢ ᠪᠢᠰᠢ᠂ ᠬᠠᠷᠢᠨ ᠰᠤᠷᠭᠠᠨ ᠬᠦᠮᠤᠵᠢᠯ ᠳᠤ | ᠬᠠᠷᠢᠭᠤᠴᠠᠭᠰᠡᠨ᠂ ᠨᠡᠶᠢᠬᠡᠮ ᠳᠤ ᠬᠠᠷᠢᠭᠤᠴᠠᠭᠰᠡᠨ᠂ ᠬᠡᠷ ᠪᠦᠯᠢ ᠳᠤ ᠬᠠᠷᠢᠭᠤᠴᠠᠭᠰᠡᠨ᠂ ᠰᠤᠷᠭᠠᠭᠤᠯᠢ ᠳᠤ | ᠬᠠᠷᠢᠭᠤᠴᠠᠭᠰᠡᠨ᠂ ᠬᠤᠶᠢᠴᠢ ᠦᠶ᠎ᠡ ᠶᠢᠨ ᠬᠢᠨ ᠳᠤ ᠬᠠᠷᠢᠭᠤᠴᠠᠭᠰᠡᠨ᠂ ᠬᠤᠪᠢ ᠪᠡᠶ᠎ᠡ ᠳᠤ ᠪᠠᠨ ᠬᠠᠷᠢᠭᠤᠴᠠᠭᠰᠡᠨ | ᠲᠡᠬᠡᠳᠤ ᠤᠬᠠᠮᠰᠠᠷᠳᠤ ᠤᠶᠢᠯᠡ ᠠᠵᠢᠯᠯᠠᠭᠠᠨ ᠤ ᠬᠤᠷᠢᠶᠠᠩᠭᠤᠢ ᠴᠢᠨᠠᠷ ᠪᠤᠯᠬᠤ ᠶᠤᠮ᠃ ᠢᠩᠬᠢᠵᠤ ᠪᠠᠶᠢᠵᠣ ᠮᠠᠨ ᠤ | ᠰᠣᠷᠭᠠᠨ ᠬᠦᠮᠤᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠤᠯᠠᠮ ᠲᠡᠬᠡᠭᠰᠢᠯᠡᠵᠤ᠂ ᠤᠯᠠᠮ ᠰᠢᠯᠢᠳᠡᠭᠵᠢᠵᠤ ᠬᠤᠶᠢᠴᠢ | ᠦᠶ᠎ᠠ ᠶᠢ ᠪᠠᠨ ᠤᠯᠤᠰ ᠦᠡᠳᠤᠰᠤᠳᠡᠨ ᠳᠤ ᠪᠠᠨ ᠬᠡᠷᠡᠭᠴᠡᠬᠡᠳᠠᠢ ᠭᠦᠮᠦᠨ ᠪᠤᠯᠭᠠᠨ ᠬᠦᠮᠤᠵᠢᠬᠦᠯᠵᠤ ᠲᠡᠶᠢᠯᠬᠦ ᠶᠤᠮ᠃ | ᠲᠤᠭᠳᠠᠭᠰᠡᠨ ᠴᠠᠭ ᠲᠠᠢ ᠠᠵᠢᠯᠯᠠᠵᠤ᠂ ᠲᠤᠭᠳᠠᠭᠰᠡᠨ ᠴᠠᠯᠢᠩ ᠲᠠᠢ ᠠᠮᠢ ᠵᠢᠭᠤᠬᠤ ᠶᠢᠨ ᠲᠦᠯᠤᠬᠡ ᠪᠠᠭᠰᠢ | ᠪᠤᠯᠤᠭᠰᠡᠨ ᠬᠦᠮᠤᠨ ᠨᠢᠬᠡ ᠴᠦ ᠪᠠᠶᠢᠬᠤ ᠦᠭᠡᠢ᠂ ᠬᠠᠷᠢᠨ ᠲᠡᠳᠡ ᠲᠤᠷᠠᠳᠠᠢ ᠰᠤᠩᠭᠤᠭᠰᠡᠨ ᠠᠵᠢᠯ | ᠤᠶᠢᠯᠡᠰ ᠲᠤ ᠪᠠᠨ ᠲᠤᠭᠤᠰᠢᠳᠠᠢ ᠰᠠᠶᠢᠨ ᠠᠮᠵᠢᠯᠳᠠ ᠭᠠᠷᠭᠠᠨ᠎ᠠ ᠬᠡᠵᠤ ᠵᠢᠳᠬᠦᠭᠰᠡᠭᠡᠷ᠃ ᠠᠳᠠ ᠰᠢᠨ᠎ᠡ ᠡᠷᠡᠨ ᠳᠤ ᠬᠢ | ᠠᠩᠬᠢ ᠶᠢᠨ ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠪᠠᠨ ᠬᠡᠷᠬᠢᠨ ᠬᠦᠢᠴᠡᠳᠬᠡᠬᠦ ᠲᠤᠬᠠᠢ ᠦᠪᠡᠷ ᠤᠨ ᠪᠤᠳᠤᠵᠤ | ᠰᠡᠳᠬᠢᠭᠰᠡᠨ ᠤ ᠬᠢᠷᠢ ᠳᠤ ᠪᠠᠨ ᠲᠦᠬᠦᠮ ᠦᠬᠦᠯᠡᠰᠤᠬᠡᠢ︕ | ᠨᠢᠭᠡ᠂ ᠬᠠᠮᠢᠶᠠᠷᠤᠯᠳᠠ ᠶᠢ ᠲᠡᠷᠢᠬᠦᠨ ᠪᠠᠶᠢᠷᠢᠨ ᠳᠤ ᠲᠠᠯᠪᠢᠵᠤ ᠶᠤᠰᠤ ᠰᠤᠷᠳᠠᠬᠤᠨ ᠤ ᠬᠦᠮᠤᠵᠢᠯ ᠢ ᠤᠯᠠᠮ | ᠴᠢᠩᠭᠠᠳᠬᠠᠬᠤ ᠬᠡᠷᠡᠭᠳᠠᠢ | 1. ᠠᠩᠬᠢ ᠶᠢᠨ ᠡᠷᠬᠢᠯᠡᠭᠴᠢ ᠶᠢᠨ ᠬᠠᠮᠢᠶᠠᠷᠤᠯᠳᠠ ᠶᠢ ᠲᠡᠷᠢᠬᠦᠨ ᠪᠠᠶᠢᠷᠢᠨ ᠳᠤ ᠱᠠᠭᠠᠷᠳᠠᠬᠤ ᠬᠡᠷᠡᠭᠳᠠᠢ | ᠪᠠᠭ᠎ᠠ ᠰᠤᠷᠭᠠᠭᠤᠯᠢ᠂ ᠲᠤᠮᠳᠠᠳᠤ ᠰᠤᠷᠭᠠᠭᠤᠯᠢ ᠬᠡᠰᠡᠨ ᠦᠭᠡᠢ ᠠᠩᠬᠢ ᠶᠢᠨ ᠡᠷᠬᠢᠯᠡᠭᠴᠢ ᠶᠢᠨ ᠬᠠᠮᠢᠶᠠᠷᠤᠯᠳᠠ | ᠪᠤᠯ ᠮᠠᠰᠢ ᠴᠢᠬᠤᠯᠠ ᠵᠦᠢᠯ ᠳᠤ ᠪᠠᠭᠳᠠᠵᠤ ᠪᠠᠶᠢᠳᠠᠭ᠃ ᠭᠤᠷᠪᠠᠨ ᠱᠠᠳᠤ ᠦᠶ᠎ᠡ ᠶᠢᠨ ᠰᠤᠷᠭᠠᠨ ᠬᠦᠮᠤᠵᠢᠯ ᠤᠨ | ᠶᠠᠪᠤᠴᠠ ᠳᠤ ᠭᠤᠷᠪᠠᠨ ᠠᠩᠬᠢ ᠶᠢᠨ ᠡᠷᠬᠢᠯᠡᠭᠴᠢ ᠢᠯᠡᠷᠡᠳᠡᠭ᠃ ᠪᠤᠳᠠᠳᠠᠢ ᠪᠠᠷ ᠬᠡᠯᠡᠪᠡᠯ ᠪᠠᠭ᠎ᠠ ᠰᠤᠷᠭᠠᠭᠤᠯᠢ ᠶᠢᠨ | ᠵᠢᠷᠭᠤᠭᠠᠨ ᠵᠢᠯ ᠤᠨ ᠬᠤᠭᠤᠴᠠᠭᠠᠨ ᠳᠤ ᠨᠢᠬᠡ ᠠᠩᠬᠢ ᠶᠢᠨ ᠡᠷᠬᠢᠯᠡᠭᠴᠢ᠂ ᠠᠩᠬ᠎ᠠ ᠲᠤᠮᠳᠠᠳᠤ ᠶᠢᠨ ᠭᠤᠷᠪᠠᠨ ᠵᠢᠯ ᠳᠤ | ᠪᠠᠰᠠ ᠨᠢᠬᠡ ᠠᠩᠬᠢ ᠶᠢᠨ ᠡᠷᠬᠢᠯᠡᠭᠴᠢ ᠰᠤᠯᠢᠭᠳᠠᠨ᠎ᠠ᠃ ᠦᠡᠳᠤᠷ ᠲᠤᠮᠳᠠᠳᠤ ᠶᠢᠨ ᠭᠤᠷᠪᠠᠨ ᠵᠢᠯ ᠳᠤ ᠪᠠᠰᠠ ᠨᠢᠬᠡ | ᠠᠩᠬᠢ ᠶᠢᠨ ᠡᠷᠬᠢᠯᠡᠭᠴᠢ ᠰᠤᠯᠢᠭᠳᠠᠵᠤ ᠪᠠᠶᠢᠳᠠᠭ᠃ ᠠᠷᠪᠠᠨ ᠬᠤᠶᠠᠷ ᠵᠢᠯ ᠤᠨ ᠬᠤᠭᠤᠴᠠᠭᠠᠨ ᠳᠤ ᠭᠤᠷᠪᠠᠨ | ᠠᠩᠬᠢ ᠶᠢᠨ ᠡᠷᠬᠢᠯᠡᠭᠴᠢ ᠰᠤᠯᠢᠭᠳᠠᠳᠠᠭ ᠮᠦᠷᠳᠡᠭᠡᠨ ᠡᠨᠡ ᠭᠤᠷᠪᠠᠨ ᠠᠩᠬᠢ ᠶᠢᠨ ᠡᠷᠬᠢᠯᠡᠭᠴᠢ ᠶᠢᠨ ᠪᠤᠳᠤᠵᠤ ᠰᠡᠳᠬᠢᠬᠦ᠂ | ᠬᠠᠮᠢᠶᠠᠷᠴᠤ ᠱᠠᠭᠠᠷᠳᠠᠬᠤ ᠠᠷᠭ᠎ᠠ ᠬᠡᠯᠪᠡᠷᠢ ᠨᠢ ᠪᠦᠷ ᠤᠡᠳᠤᠤ ᠪᠠᠶᠢᠳᠠᠭ᠃ ᠡᠬᠦᠨ ᠤ ᠲᠠᠭᠠᠤ ᠳᠤ ᠦᠰᠪᠤᠷᠢ | ᠨᠠᠰᠤᠨ ᠠᠴᠠ ᠪᠠᠨ ᠰᠢᠯᠵᠢᠯᠳᠡ ᠶᠢᠨ ᠨᠠᠰᠤ ︵ᠪᠠᠰᠠ ᠬᠠᠪᠤᠷᠵᠢᠯ ᠤᠨ ᠨᠠᠰᠤ ᠬᠡᠳᠡᠭ︶᠂ ᠰᠢᠯᠵᠢᠯᠳᠠ ᠶᠢᠨ | ᠨᠠᠰᠤᠨ ᠠᠴᠠ ᠪᠠᠨ ᠵᠠᠯᠠᠭᠤᠴᠤᠳ ᠪᠠᠭᠠᠴᠤᠳ ᠤᠨ ᠡᠩᠨᠡᠬᠡᠨ ᠳᠤ ᠲᠠᠪᠰᠢᠨ ᠤᠷᠤᠳᠠᠭ ᠪᠤᠯᠬᠤᠷ ᠡᠯ᠎ᠡ ᠱᠠᠳᠤᠨ ᠤ | ᠦᠰᠤᠯᠳᠠ ᠶᠢᠨ ᠶᠠᠪᠤᠴᠠ ᠶᠢ ᠲᠠᠭᠠᠵᠤ ᠪᠠᠭᠠᠴᠤᠳ ᠵᠠᠯᠠᠭᠤᠴᠤᠳ ᠤᠨ ᠦᠵᠡᠯ ᠤᠬᠠᠮᠰᠠᠷ ᠤᠨ ᠲᠠᠯᠡᠴᠡ ᠨᠢ ᠴᠦ | ᠠᠳᠠᠯᠢ ᠪᠤᠰᠤ ᠬᠡᠮᠵᠢᠭᠳᠡᠯ ᠢᠶᠠᠷ ᠤᠡᠳᠤᠤᠰᠢᠵᠤ ᠡᠬᠢᠯᠡᠳᠡᠭ᠃ ᠲᠡᠶᠢᠮᠤ ᠠᠴᠠ ᠠᠩᠬᠢ ᠶᠢᠨ ᠡᠷᠬᠢᠯᠡᠭᠴᠢ ᠶᠢᠨ ᠡᠬᠦᠷᠬᠡ | ᠬᠠᠷᠢᠭᠤᠴᠠᠯᠭ᠎ᠠ ᠪᠤᠯ ᠮᠠᠰᠢ ᠪᠤᠳᠤᠯᠢᠶᠠᠡᠳᠠᠢ ᠤᠷᠴᠢᠨ ᠠᠬᠤᠢ ᠳᠤ ᠤᠶᠢᠯᠡᠳᠤᠯ ᠢᠶᠠᠨ ᠪᠠᠳᠠᠷᠠᠭᠤᠯᠬᠤ ᠬᠡᠪ ᠰᠢᠡᠵᠢ ᠲᠠᠢ | ᠪᠤᠯᠳᠠᠭ᠃ | ᠰᠢᠨ᠎ᠡ ᠡᠷᠡᠨ ᠤ ᠠᠩᠬᠢ ᠶᠢᠨ ᠡᠷᠬᠢᠯᠡᠭᠴᠢ ᠪᠤᠯᠬᠤ ᠨᠢ ᠰᠢᠯᠢᠳᠡᠭ ᠤᠯᠠᠮᠵᠢᠯᠠᠯ ᠢᠶᠠᠷ ᠰᠠᠭᠤᠷᠢ ᠬᠦᠴᠤᠨ ᠢᠶᠠᠨ | ᠪᠤᠯᠭᠠᠵᠤ᠂ ᠰᠢᠨ᠎ᠡ ᠬᠠᠮᠢᠶᠠᠷᠤᠯᠳᠠ ᠶᠢᠨ ᠠᠷᠭ᠎ᠠ ᠲᠦᠰᠤᠯ ᠢᠶᠠᠷ ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠬᠤ ᠨᠢ | ᠵᠦᠢᠳᠠᠢ᠃ ᠮᠦᠨ ᠡᠬᠦᠨ ᠤ ᠢᠯᠳᠠᠮ ᠳᠤ ᠬᠠᠮᠢᠶᠠᠷᠤᠯᠳᠠ ᠶᠢ ᠲᠡᠷᠢᠬᠦᠨ ᠪᠠᠶᠢᠷᠢᠨ ᠳᠤ ᠱᠠᠭᠠᠷᠳᠠᠵᠤ ᠪᠠᠶᠢᠪᠠᠯ ᠵᠤᠬᠢᠨ᠎ᠠ᠃ | ᠤᠴᠢᠷ ᠨᠢ ᠤᠳᠤᠬᠢ ᠴᠠᠭ ᠦᠶ᠎ᠡ ᠪᠤᠯ ᠬᠤᠷᠢᠨ ᠨᠢᠬᠡᠳᠤᠬᠡᠷ ᠵᠠᠭᠤᠨ ᠤ ᠰᠢᠨ᠎ᠡ ᠲᠧᠭᠨᠢᠭ ᠤᠨ ᠲᠡᠬᠡᠳᠤ ᠭᠦᠭᠵᠢᠯ ᠤᠨ | ᠴᠠᠭ ᠦᠶ᠎ᠡ ᠪᠤᠯᠤᠨ᠎ᠠ᠃ ᠬᠦᠮᠤᠰ ᠤᠨ ᠡᠳᠤᠷ ᠲᠤᠳᠤᠮ ᠤᠨ ᠠᠮᠢᠳᠤᠷᠠᠯ ᠳᠤ ᠤᠯᠠᠨ ᠵᠦᠢᠯ ᠤᠨ ᠰᠢᠨ᠎ᠡ ᠬᠡᠷᠡᠭᠯᠡᠯᠳᠡ | ᠪᠠᠶᠢᠩᠭᠤ ᠶᠢᠨ ᠴᠢᠨᠠᠷᠳᠠᠢ ᠠᠰᠢᠭᠯᠠᠯᠳᠠ ᠳᠤ ᠤᠷᠤᠳᠠᠭ ᠪᠦᠬᠡᠳ ᠴᠠᠬᠢᠮ ᠮᠡᠳᠡᠬᠡᠯᠡᠯ ᠤᠨ ᠨᠦᠯᠤᠬᠡᠯᠡᠬᠦ ᠬᠦᠴᠤ ᠨᠢ | ᠬᠦᠮᠤᠨ ᠢ ᠭᠠᠶᠢᠬᠠᠰᠢ ᠲᠦᠷᠤᠬᠦᠯᠵᠤ ᠪᠠᠶᠢᠭ᠎ᠠ ᠦᠨᠡᠨ ᠲᠠᠢ ᠶᠤᠮ᠃ ᠬᠡᠳᠦ᠋ᠢᠪᠡᠷ ᠰᠠᠶᠢᠨ ᠰᠠᠶᠢᠬᠠᠨ ᠪᠡᠯᠬᠡ | ᠲᠡᠮᠳᠡᠭ ᠤᠨ ᠲᠦᠰᠤᠬᠡᠯᠡᠯ ᠲᠠᠢ ᠬᠡᠳᠡᠭ ᠴᠦ ᠲᠡᠷᠡ ᠨᠢ ᠤᠯᠠᠨ ᠲᠠᠯ᠎ᠠ ᠳᠤ ᠦᠰᠪᠤᠷᠢ ᠶᠢᠨ ᠬᠡᠤᠬᠡᠳ ᠪᠠ ᠪᠠᠭᠠᠴᠤᠳ | ᠵᠠᠯᠠᠭᠤᠴᠤᠳ ᠤᠨ ᠤᠶᠤᠨ ᠤᠬᠠᠭᠠᠨ ᠤ ᠬᠦᠯᠢᠶᠡᠨ ᠠᠪᠤᠯᠳᠠ ᠳᠤ ᠨᠠᠵᠠᠭᠠᠢ ᠦᠷ᠎ᠡ ᠨᠦᠯᠤᠬᠡᠨ ᠤ ᠭᠠᠵᠢᠭ ᠲᠠᠢ ᠬᠡᠵᠤ | ᠦᠵᠡᠨ᠎ᠡ᠃ ᠵᠢᠱᠢᠶᠡᠯᠡᠪᠡᠯ᠂ ᠭᠠᠷ ᠤᠳᠠᠰᠤ ᠨᠢ ᠦᠨᠡᠡᠳᠡᠬᠡᠨ ᠬᠠᠷᠢᠯᠴᠠᠭᠠᠨ ᠤ ᠪᠠᠭᠠᠵᠢ ᠬᠡᠷᠡᠭᠯᠡᠬᠦᠷ ᠬᠡᠳᠡᠭ ᠴᠦ | ᠰᠢᠡᠵᠢᠯᠡᠬᠦ ᠲᠧᠭᠨᠢᠭ ᠤᠨ ᠭᠦᠭᠵᠢᠯ ᠢᠶᠠᠷ ᠲᠠᠮᠵᠢᠭᠤᠯᠵᠤ ᠲᠡᠷᠡ ᠨᠢ ᠮᠠᠰᠢ ᠤᠯᠠᠨ ᠴᠢᠳᠠᠪᠬᠢᠳᠤ ᠲᠠᠯ᠎ᠠ ᠲᠠᠢ | ᠪᠤᠯᠤᠭᠰᠡᠨ ᠨᠢ ᠬᠡᠤᠬᠡᠳ ᠪᠠᠭᠠᠴᠤᠳ ᠢ ᠪᠢᠰᠢ᠂ ᠪᠦᠬᠦ᠋ᠢᠯᠡ ᠬᠦᠮᠤᠰ ᠢ ᠲᠡᠩᠳᠡᠬᠦᠤ ᠶᠡᠭᠡ ᠪᠠᠷ ᠪᠠᠷᠢᠴᠠᠭᠠᠯᠠᠭᠰᠡᠨ | ᠡᠬᠡᠵᠢᠭ ᠲᠠᠢ ᠪᠠᠶᠢᠭ᠎ᠠ ᠶᠤᠮ᠃ ᠤᠳᠤᠬᠠᠨ ᠤ ᠪᠠᠶᠢᠳᠠᠯ ᠠᠴᠠ ᠦᠵᠡᠬᠦ ᠳᠤ ᠤᠯᠠᠩᠬᠢ ᠭᠠᠵᠠᠷ ᠤᠨ ᠤᠯᠠᠩᠬᠢ | ᠰᠤᠷᠭᠠᠭᠤᠯᠢ ᠨᠢ ᠭᠠᠷᠠᠭ ᠤᠨ ᠡᠳᠤᠷ ᠠᠴᠠ ᠪᠤᠰᠤ ᠴᠠᠭ ᠬᠡᠤᠬᠡᠳ ᠪᠠᠭᠠᠴᠤᠳ ᠤᠨ ᠭᠠᠷ ᠤᠳᠠᠰᠤ ᠬᠡᠷᠡᠭᠯᠡᠬᠦ ᠶᠢ | ᠴᠢᠩᠭ᠎ᠠ ᠬᠠᠮᠢᠶᠠᠷᠴᠤ ᠪᠠᠶᠢᠭ᠎ᠠ ᠶᠤᠮ᠃ ᠬᠡᠪᠡᠴᠤ ᠬᠡᠷ ᠲᠤ ᠰᠠᠭᠤᠵᠤ ᠪᠠᠶᠢᠭ᠎ᠠ ᠰᠤᠷᠤᠭᠴᠢᠳ ᠨᠢ ᠪᠦᠷ ᠭᠠᠷ ᠤᠳᠠᠰᠤ | ᠪᠠᠨ ᠬᠡᠷᠡᠭᠯᠡᠵᠤ ᠪᠠᠶᠢᠭ᠎ᠠ ᠪᠦᠬᠡᠳ ᠵᠠᠷᠢᠮ ᠰᠢᠨᠤᠯ ᠶᠡᠬᠡᠳᠠᠢ ᠬᠡᠤᠬᠡᠳ ᠪᠠᠭᠠᠴᠤᠳ ᠨᠢ ᠡᠯᠧᠺᠲᠷᠤᠨ ᠲᠤᠭᠯᠠᠭᠠᠮ ᠵᠡᠷᠬᠡ | ᠡᠯᠳᠡᠪ ᠰᠤᠨᠢᠨ ᠵᠦᠢᠯ ᠳᠤ ᠲᠤᠷ᠎ᠠ ᠮᠠᠳᠠᠨ ᠬᠦᠳᠤᠯᠤᠭ᠍ᠳᠡᠭᠰᠡᠬᠡᠷ ᠰᠤᠷᠤᠯᠭ᠎ᠠ ᠬᠢᠴᠢᠶᠡᠯ ᠢᠶᠠᠨ ᠨᠦᠯᠤᠬᠡᠯᠡᠵᠤ ᠪᠠᠶᠢᠭ᠎ᠠ | ᠪᠠᠶᠢᠳᠠᠯ ᠴᠦ ᠦᠨᠡᠨ ᠪᠤᠳᠠᠳᠠᠢ ᠪᠠᠷ ᠤᠷᠤᠰᠢᠵᠤ ᠪᠠᠶᠢᠭ᠎ᠠ ᠶᠤᠮ᠃ ᠡᠶᠢᠮᠤ ᠠᠴᠠ ᠠᠩᠬᠢ ᠶᠢᠨ ᠡᠷᠬᠢᠯᠡᠭᠴᠢ ᠪᠠᠭᠰᠢ | ᠪᠤᠯᠤᠭᠰᠡᠳ ᠨᠢ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠳᠠ ᠪᠠᠨ ᠰᠠᠶᠢᠳᠤᠷ ᠪᠠᠬᠢᠵᠢᠬᠦᠯᠬᠦ ᠠᠴᠠ ᠭᠠᠳᠠᠨ᠎ᠠ | ᠬᠡᠷ ᠤᠨ ᠠᠬᠠᠮᠠᠳ ᠯᠤᠭ᠎ᠠ ᠶᠢᠨ ᠨᠦᠬᠦᠷᠰᠡᠭ ᠬᠠᠷᠢᠴᠠᠭ᠎ᠠ ᠶᠢ ᠴᠦ ᠰᠠᠶᠢᠳᠤᠷ ᠪᠠᠶᠢᠭᠤᠯᠵᠤ᠂ ᠰᠢᠬᠦᠮᠵᠢᠯᠡᠯ ᠲᠠᠢ | ᠬᠠᠨᠳᠤᠯᠭ᠎ᠠ ᠲᠠᠯᠪᠢᠬᠤ ᠬᠡᠷᠡᠭᠳᠠᠢ ᠬᠡᠵᠤ ᠦᠵᠡᠨ᠎ᠡ᠃ | ︽ᠨᠢᠬᠡ ᠠᠩᠬᠢ ᠶᠢᠨ ᠰᠤᠷᠤᠭᠴᠢᠳ ᠤᠨ ᠴᠤᠭ ᠵᠢᠪᠬᠤᠭ᠎ᠠ᠂ ᠮᠤᠷᠠᠯ ᠰᠤᠷᠳᠠᠯ᠂ ᠬᠢᠴᠢᠶᠡᠯ ᠰᠤᠷᠤᠯᠭ᠎ᠠ᠂ | ᠡᠮᠬᠢ ᠲᠢᠭᠯᠢᠮ᠂ ᠤᠷᠤᠯᠳᠤᠯᠭ᠎ᠠ᠂ ᠴᠢᠷᠮᠠᠶᠢᠯᠭ᠎ᠠ ᠵᠡᠷᠬᠡ ᠶᠢ ᠦᠵᠡᠪᠡᠯ ᠲᠡᠷᠡ ᠠᠩᠬᠢ ᠶᠢᠨ ᠡᠷᠬᠢᠯᠡᠭᠴᠢ ᠨᠢ ᠶᠠᠮᠠᠷ | ᠵᠡᠷᠬᠡ ᠶᠢᠨ ᠮᠡᠳᠡᠯᠬᠡ ᠲᠠᠢ᠂ ᠠᠯᠢ ᠵᠡᠷᠬᠡ ᠶᠢᠨ ᠰᠤᠷᠭᠠᠨ ᠬᠦᠮᠤᠵᠢᠯ ᠤᠨ ᠴᠢᠳᠠᠪᠤᠷᠢ ᠲᠠᠢ ᠬᠦᠮᠤᠨ ᠬᠡᠳᠡᠭ ᠢ | ᠭᠠᠳᠠᠷᠯᠠᠵᠤ ᠪᠤᠯᠳᠠᠭ︾[1]ᠬᠡᠵᠤ ᠡ᠊ · ᠬᠡᠷᠡᠯᠳᠤ ᠪᠠᠭᠰᠢ ᠨᠤᠮ ᠳᠤ ᠪᠠᠨ ᠲᠡᠮᠳᠡᠭᠯᠡᠭᠰᠡᠨ ᠪᠠᠶᠢᠳᠠᠭ᠃ | ᠡᠬᠦᠨ ᠠᠴᠠ ᠦᠵᠡᠬᠦ ᠳᠤ ᠰᠠᠶᠢᠨ ᠠᠩᠬᠢ ᠶᠢᠨ ᠡᠷᠬᠢᠯᠡᠭᠴᠢ ᠪᠤᠯᠬᠤ ᠨᠢ ᠨᠢᠬᠡ ᠠᠩᠬᠢ ᠰᠤᠷᠤᠭᠴᠢ ᠶᠢᠨ ᠭᠠᠳᠠᠭᠠᠳᠤ | ᠬᠡᠪ ᠰᠢᠡᠵᠢ ᠠᠴᠠ ᠨᠢ ᠬᠦᠷᠳᠡᠯ᠎ᠡ ᠰᠢᠭᠤᠳ ᠲᠠᠨᠢᠨ ᠮᠡᠳᠡᠷᠡᠭᠳᠡᠬᠦ ᠪᠤᠯᠤᠮᠵᠢ ᠲᠠᠢ ᠬᠡᠳᠡᠭ ᠢ ᠤᠶᠢᠯᠠᠭᠠᠵᠤ ᠪᠤᠯᠬᠤ ᠶᠤᠮ | ᠪᠠᠶᠢᠨ᠎ᠠ᠃ ᠦᠬᠡᠷ᠎ᠡ ᠪᠠᠷ ᠬᠡᠯᠡᠪᠡᠯ ᠠᠩᠬᠢ ᠶᠢᠨ ᠡᠷᠬᠢᠯᠡᠭᠴᠢ ᠪᠠᠭᠰᠢ ᠨᠢ ᠬᠠᠮᠢᠶᠠᠷᠤᠯᠳᠠ ᠶᠢᠨ ᠠᠷᠭ᠎ᠠ ᠬᠡᠯᠪᠡᠷᠢ ᠪᠠᠨ | ᠪᠠᠶᠢᠩᠭᠤ ᠶᠢᠨ ᠴᠢᠨᠠᠷᠳᠠᠢ ᠦᠬᠡᠷᠡᠴᠢᠯᠡᠨ ᠰᠠᠶᠢᠵᠢᠷᠠᠭᠤᠯᠵᠤ᠂ ᠰᠤᠷᠤᠭᠴᠢᠳ ᠲᠠᠢ ᠪᠠᠨ ᠤᠷᠭᠠᠨᠢᠭ ᠬᠠᠷᠢᠴᠠᠭ᠎ᠠ | ᠡᠬᠦᠰᠬᠡᠨ ᠲᠡᠳᠡᠨ ᠤ ᠪᠤᠳᠤᠯ ᠤᠨ ᠶᠢᠷᠳᠢᠡᠴᠤ ᠶᠢ ᠲᠠᠮ ᠢᠶᠠᠷ ᠡᠵᠡᠮᠳᠡᠵᠤ᠂ ᠰᠡᠳᠬᠢᠴᠡ ᠪᠠᠷ ᠨᠢ ᠤᠴᠢᠵᠤ | ᠬᠦᠮᠤᠵᠢᠬᠦᠯᠬᠦ ᠨᠢ ᠨᠡᠩ ᠶᠡᠭᠡ ᠦᠷ᠎ᠡ ᠪᠦᠳᠤᠮᠵᠢ ᠡᠬᠦᠳᠬᠦ ᠪᠤᠯᠤᠯᠴᠠᠭ᠎ᠠ ᠲᠠᠢ ᠬᠡᠵᠤ ᠦᠵᠡᠵᠤ ᠪᠤᠯᠤᠨ᠎ᠠ᠃ | ᠠᠩᠬᠢ ᠶᠢᠨ ᠡᠷᠬᠢᠯᠡᠭᠴᠢ ᠶᠢᠨ ᠬᠠᠮᠢᠶᠠᠷᠤᠯᠳᠠ ᠬᠡᠳᠡᠭ ᠨᠢ ᠠᠭᠰᠤᠷᠴᠤ ᠵᠠᠩᠳᠤᠷᠠᠬᠤ᠂ ᠬᠠᠷᠢᠶᠠᠵᠤ ᠵᠠᠩᠨᠠᠬᠤ ᠳᠤ | ᠪᠡᠶᠡᠯᠡᠯ ᠢᠶᠠᠨ ᠤᠯᠬᠤ ᠪᠢᠰᠢ᠂ ᠬᠠᠷᠢᠨ ᠦᠪᠡᠷ ᠢᠶᠠᠷ ᠨᠢ ᠦᠪᠡᠷ ᠤᠨ ᠰᠢᠬᠦᠮᠵᠢᠯᠡᠯ ᠬᠢᠯᠬᠡᠵᠤ ᠰᠤᠷᠭᠠᠬᠤ ᠨᠢ ᠪᠠᠰᠤᠰᠢ | ᠦᠭᠡᠢ ᠰᠠᠶᠢᠨ ᠬᠢᠷᠢ ᠪᠦᠳᠤᠮᠵᠢ ᠶᠢ ᠪᠤᠢ ᠪᠤᠯᠭᠠᠬᠤ ᠲᠠᠯ᠎ᠠ ᠲᠠᠢ᠂ ᠶᠠᠷᠢᠶᠠᠨ ᠦᠭᠡᠢ ᠡᠨᠡ ᠲᠤᠮᠳᠠ ᠠᠩᠬᠢ ᠶᠢᠨ | ᠡᠷᠬᠢᠯᠡᠭᠴᠢ ᠪᠠᠭᠰᠢ ᠴᠦ ᠦᠪᠡᠷ ᠢ ᠪᠠᠨ ᠲᠡᠬᠦᠯᠳᠡᠷᠵᠢᠬᠦᠯᠵᠤ᠂ ᠮᠡᠳᠡᠯᠬᠡ ᠶᠢᠨ ᠬᠤᠷᠠᠮᠳᠤᠭᠤᠯᠤᠯ ᠢᠶᠠᠨ ᠨᠡᠮᠡᠭᠳᠡᠭᠦᠯᠵᠦ᠂ | ᠠᠰᠠᠭᠤᠳᠠᠯ ᠳᠤ ᠬᠠᠨᠳᠤᠬᠤ ᠤᠪᠤᠷ ᠪᠠ ᠠᠰᠠᠭᠤᠳᠠᠯ ᠢ ᠰᠢᠢᠳᠪᠤᠷᠢᠯᠡᠬᠦ ᠲᠠᠯ᠎ᠠ ᠳᠤ ᠭᠤᠤᠯᠴᠢ ᠪᠠᠶᠢᠵᠤ ᠰᠢᠯᠤᠭᠤᠨ | ᠰᠢᠢᠳᠮᠡᠭ᠂ ᠵᠤᠷᠢᠭ ᠰᠦᠰᠤᠳᠠᠢ ᠤᠪᠤᠷ ᠢ ᠲᠡᠬᠡᠳᠤᠯᠡᠵᠤ ᠪᠠᠶᠢᠪᠠᠯ ᠰᠠᠶᠢᠨ ᠬᠡᠵᠤ ᠦᠵᠡᠨ᠎ᠡ᠃ | ᠰᠤᠷᠤᠭᠴᠢᠳ ᠲᠠᠢ ᠪᠠᠨ ᠬᠢᠴᠢᠶᠡᠯ ᠠᠴᠠ ᠪᠤᠰᠤ ᠴᠠᠭ ᠢᠯᠡᠨ ᠲᠠᠯᠠᠨ ᠦᠭᠡᠢ ᠢᠨᠢᠶᠡᠵᠤ ᠭᠦᠭᠡᠷᠴᠦ᠂ ᠠᠵᠢᠯ ᠳᠤ ᠪᠠᠨ | ᠤᠷᠬᠢᠯᠤᠮ᠎ᠠ ᠬᠠᠯᠠᠭᠤᠨ ᠰᠡᠳᠬᠢᠯ ᠲᠠᠢ ᠪᠠᠶᠢᠬᠤ ᠪᠠᠨ ᠲᠡᠳᠡᠨ ᠳᠤ ᠤᠶᠢᠯᠠᠭᠠᠭᠤᠯᠵᠤ᠂ ᠲᠡᠳᠡᠨ ᠢ ᠵᠦᠪ ᠰᠠᠨᠠᠭ᠎ᠠ ᠲᠠᠢ᠂ | ᠬᠦᠰᠡᠯᠡᠩ ᠲᠠᠢ᠂ ᠮᠦᠷᠤᠬᠡᠳᠤᠯ ᠲᠠᠢ᠂ ᠢᠳᠡᠬᠡᠯ ᠲᠠᠢ ᠪᠤᠯᠭᠠᠨ ᠬᠦᠮᠤᠵᠢᠬᠦᠯᠬᠦ ᠳᠤ ᠤᠷᠢᠳᠠᠯ ᠨᠦᠬᠦᠴᠡᠯ ᠪᠤᠯᠬᠤ | ᠬᠡᠷᠡᠭᠳᠠᠢ᠂ ᠡᠳᠡᠬᠡᠷ ᠪᠦᠬᠦᠨ ᠨᠢ ᠪᠦᠷ ᠶᠠᠪᠤᠭᠠᠨ ᠳᠤ ᠪᠠᠨ ᠬᠠᠮᠢᠶᠠᠷᠤᠯᠳᠠ ᠶᠢᠨ ᠠᠷᠭ᠎ᠠ ᠬᠡᠯᠪᠡᠷᠢ ᠶᠢᠨ ᠲᠤᠭᠳᠠᠯᠴᠠᠭ᠎ᠠ | ᠪᠤᠯᠬᠤ ᠮᠦᠷᠳᠡᠬᠡᠨ ᠬᠠᠮᠢᠶᠠᠷᠤᠯᠳᠠ ᠶᠢ ᠲᠡᠷᠢᠬᠦᠨ ᠪᠠᠶᠢᠷᠢᠨ ᠳᠤ ᠲᠠᠯᠪᠢᠬᠤ ᠪᠠᠷ ᠱᠠᠭᠠᠷᠳᠠᠯᠭ᠎ᠠ ᠪᠤᠯᠭᠠᠭᠰᠡᠨ ᠤ | ᠲᠤᠬᠢᠷᠠᠭ᠎ᠠ ᠪᠤᠯᠬᠤ ᠶᠤᠮ᠃ | 2. ᠠᠩᠬᠢ ᠶᠢᠨ ᠡᠷᠬᠢᠯᠡᠭᠴᠢ ᠨᠢ ᠶᠤᠰᠤ ᠰᠤᠷᠳᠠᠬᠤᠨ ᠤ ᠬᠦᠮᠤᠵᠢᠯ ᠢ ᠤᠯᠠᠮ ᠴᠢᠩᠭᠠᠳᠬᠠᠬᠤ ᠬᠡᠷᠡᠭᠳᠠᠢ | ᠮᠤᠩᠭᠤᠯᠴᠤᠳ ᠤᠨ ᠬᠡᠷ ᠤᠨ ᠬᠦᠮᠤᠵᠢᠯ ᠳᠤ ︽ᠬᠦᠮᠤᠨ ᠪᠤᠯᠬᠤ ᠪᠠᠭ᠎ᠠ ᠠᠴᠠ ᠪᠠᠨ \ ᠬᠦᠯᠦᠭ ᠪᠤᠯᠬᠤ | ᠤᠨᠠᠭᠠᠨ ᠠᠴᠠ ᠪᠠᠨ︾ ᠭᠡᠳᠡᠭ᠃ ᠲᠡᠷᠡ ᠨᠢ ᠦᠨᠤᠳᠤᠷ ᠤᠨ ᠰᠢᠨ᠎ᠡ ᠡᠷᠡᠨ ᠳᠤ ᠤᠷᠤᠵᠤ ᠢᠷᠡᠬᠡᠳ ᠶᠤᠰᠤ | ᠰᠤᠷᠳᠠᠬᠤᠨ ᠬᠡᠬᠦ ᠤᠬᠠᠭᠳᠠᠬᠤᠨ ᠲᠠᠢ ᠢᠵᠢᠯ ᠲᠦᠰᠤᠬᠡ ᠲᠠᠢ ᠬᠡᠮᠨᠡᠯ ᠢ ᠪᠤᠢ ᠪᠤᠯᠭᠠᠭᠰᠡᠨ ᠪᠠᠶᠢᠨ᠎ᠠ᠃ ᠶᠤᠰᠤ | ᠰᠤᠷᠳᠠᠬᠤᠨ ᠤ ᠬᠦᠮᠤᠵᠢᠯ ᠢ ᠴᠢᠩᠭᠠᠳᠬᠠᠬᠤ ᠨᠢ ᠠᠩᠬᠢ ᠶᠢᠨ ᠡᠷᠬᠢᠯᠡᠭᠴᠢ ᠪᠠᠭᠰᠢ ᠪᠤᠯᠤᠭᠰᠡᠳ ᠤᠨ ᠵᠠᠶᠢᠯᠠᠵᠤ | ᠪᠤᠯᠤᠰᠢ ᠦᠭᠡᠢ ᠡᠬᠦᠷᠬᠡ ᠬᠠᠷᠢᠭᠤᠴᠠᠯᠭ᠎ᠠ ᠪᠤᠯᠬᠤ ᠶᠤᠮ᠃ ᠨᠡᠩ ᠤᠳᠤᠬᠢ ᠴᠠᠭ ᠲᠤ ᠡᠬᠦᠨ ᠢ ᠴᠢᠬᠤᠯᠠᠴᠢᠯᠠᠨ | ᠠᠳᠬᠤᠬᠤ ᠬᠡᠷᠡᠭᠳᠠᠢ ᠪᠤᠯᠤᠭᠠᠳ ᠪᠤᠢ᠃ ᠤᠴᠢᠷ ᠨᠢ ᠤᠳᠤ ᠴᠠᠭ ᠲᠤ ᠤᠯᠠᠩᠬᠢ ᠠᠶᠢᠯ ᠨᠢ ᠭᠠᠭᠴᠠ ᠬᠤᠶᠠᠷ | ᠬᠡᠤᠬᠡᠳ ᠲᠠᠢ ᠪᠠᠶᠢᠵᠤ ᠲᠡᠳᠡᠨ ᠤ ᠦᠰᠤᠨ ᠪᠤᠶᠢᠵᠢᠯᠳᠠ ᠶᠢᠨ ᠶᠠᠪᠤᠴᠠ ᠳᠤ ᠮᠠᠰᠢ ᠶᠡᠭᠡ ᠡᠷᠬᠡ ᠲᠡᠩᠬᠢ ᠨᠠᠵᠠᠭᠠᠢ ᠬᠡᠪ | ᠰᠢᠡᠵᠢ ᠤᠷᠤᠰᠢᠵᠤ ᠡᠬᠢᠯᠡᠭᠰᠡᠨ ᠪᠠᠶᠢᠨ᠎ᠠ᠃ ᠢᠩᠬᠢᠭᠰᠡᠨ ᠠᠴᠠ ᠪᠤᠯᠵᠤ ᠬᠡᠷ ᠤᠨ ᠰᠤᠷᠭᠠᠨ ᠬᠦᠮᠤᠵᠢᠯ ᠤᠨ ᠠᠯᠳᠠᠭᠳᠠᠯ | ᠶᠡᠬᠡᠪᠡᠷ ᠡᠬᠦᠰᠴᠤ ᠬᠡᠤᠬᠡᠳ ᠪᠤᠯᠭᠠᠨ ᠵᠤᠷᠢᠭᠳᠠᠭᠤ᠂ ᠵᠦᠷᠢᠬᠦᠳ᠂ ᠰᠠᠨᠠᠭᠰᠡᠨ ᠳᠤ ᠪᠠᠨ ᠬᠦᠷᠬᠦ ᠬᠡᠬᠦ ᠮᠡᠳᠤ | ᠰᠤᠯᠤᠭᠠᠢ ᠰᠤᠡᠳᠤᠭᠤᠢ ᠠᠭᠠᠰᠢ ᠠᠪᠤᠷᠢ ᠳᠤ ᠪᠠᠨ ᠲᠡᠶᠢᠯᠤᠭ᠍ᠳᠡᠵᠤ ᠪᠠᠶᠢᠭ᠎ᠠ ᠨᠢ ᠤᠯᠠᠰᠢᠷᠠᠭᠰᠡᠨ ᠲᠦᠯᠤᠪᠳᠠᠢ᠃ | ᠲᠡᠬᠡᠬᠦᠯᠡᠷ ᠶᠤᠰᠤ ᠰᠤᠷᠳᠠᠬᠤᠨ ᠤ ᠬᠦᠮᠤᠵᠢᠯ ᠢ ᠠᠩᠬᠢ ᠶᠢᠨ ᠡᠷᠬᠢᠯᠡᠭᠴᠢ ᠨᠢ ᠴᠢᠬᠤᠯᠠ ᠴᠢᠨᠠᠷ ᠢᠶᠠᠷ ᠦᠵᠡᠬᠦ ᠬᠡᠷᠡᠭᠳᠠᠢ | ᠪᠦᠬᠡᠳ ᠬᠦᠮᠤᠨ ᠪᠤᠯᠬᠤ ᠶᠢᠨ ᠶᠤᠰᠤ ᠤᠴᠢᠷ ᠢ ᠲᠡᠬᠡᠳᠤ ᠬᠡᠮᠵᠢᠶ᠎ᠡ ᠪᠠᠷ ᠠᠩᠬᠠᠷᠤᠨ ᠬᠠᠯᠠᠮᠵᠢᠯᠠᠵᠤ᠂ ᠲᠡᠬᠡᠳᠤ | ᠬᠠᠷᠢᠭᠤᠴᠠᠯᠭ᠎ᠠ ᠪᠠᠷ ᠠᠯᠪᠠᠳᠠᠨ ᠬᠦᠮᠤᠵᠢᠬᠦᠯᠬᠦ ᠳᠤ ᠬᠦᠷᠤᠭ᠍ᠰᠡᠨ ᠪᠠᠶᠢᠨ᠎ᠠ᠃ ᠡᠨᠡ ᠪᠤᠯ ᠨᠡᠶᠢᠳᠡᠮ ᠤᠨ ᠴᠢᠨᠠᠷᠳᠠᠢ | ᠠᠰᠠᠭᠤᠳᠠᠯ ᠪᠤᠯᠵᠠᠢ᠃ ᠦᠰᠪᠤᠷᠢ ᠶᠢᠨ ᠨᠠᠰᠤᠨ ᠤ ᠬᠡᠤᠬᠡᠳ ᠪᠤᠶᠤ ᠪᠠᠭᠠᠴᠤᠳ ᠵᠠᠯᠠᠭᠤᠴᠤᠳ ᠲᠤ ᠶᠤᠰᠤ | ᠰᠤᠷᠳᠠᠬᠤᠨ ᠤ ᠬᠦᠮᠤᠵᠢᠯ ᠬᠡᠬᠦ ᠵᠦᠢᠯ ᠤᠭᠳᠤ ᠪᠠᠶᠢᠬᠤ ᠦᠭᠡᠢ ᠳᠤ ᠬᠦᠷᠪᠡᠯ ᠬᠤᠵᠢᠮ ᠲᠡᠳᠡ ᠨᠡᠶᠢᠬᠡᠮ ᠲᠡᠬᠡᠷ᠎ᠡ | ᠭᠠᠷᠴᠤ ᠤᠯᠠᠨ ᠬᠦᠮᠤᠨ ᠤ ᠬᠠᠷᠢᠴᠠᠭᠠᠨ ᠤ ᠲᠤᠮᠳᠠ ᠬᠠᠷᠢᠴᠠᠭᠠᠨ ᠤ ᠰᠤᠶᠤᠯ ᠦᠭᠡᠢ ᠪᠤᠯᠵᠤ ᠪᠤᠰᠤᠳ ᠲᠤ ᠬᠡᠯᠡᠭᠳᠡᠬᠦ᠂ | ᠪᠤᠰᠤᠳ ᠲᠤ ᠭᠠᠳᠠᠭᠤᠷᠴᠢᠯᠠᠭᠳᠠᠬᠤ᠂ ᠪᠤᠰᠤᠳ ᠤᠨ ᠦᠵᠡᠨ ᠶᠠᠳᠠᠯᠳᠠ ᠳᠤ ᠪᠠᠶᠢᠩᠭᠤ ᠤᠴᠠᠷᠠᠬᠤ ᠪᠤᠯᠤᠨ᠎ᠠ᠃ | ᠬᠡᠷᠪᠡ ᠡᠶᠢᠮᠤ ᠪᠠᠶᠢᠳᠠᠯ ᠡᠬᠦᠰᠪᠡᠯ ᠲᠡᠳᠡᠨ ᠳᠤ ᠪᠠᠰᠠ ᠦᠪᠡᠷ ᠢ ᠪᠠᠨ ᠤᠯᠵᠤ ᠠᠪᠬᠤ ᠪᠤᠶᠤ ᠦᠪᠡᠷ ᠲᠤ ᠪᠠᠨ | ᠰᠢᠬᠦᠮᠵᠢᠯᠡᠯ ᠲᠠᠢ ᠬᠠᠨᠳᠤᠬᠤ ᠤᠪᠤᠷ ᠦᠭᠡᠢ ᠪᠠᠶᠢᠵᠤ᠂ ᠪᠤᠴᠠᠭᠠᠳ ᠰᠡᠳᠬᠢᠯ ᠤᠨ ᠰᠢᠨᠠᠯᠤᠯ᠂ ᠪᠤᠬᠢᠨᠢᠳᠤᠯ᠂ ᠲᠡᠰᠪᠤᠷᠢ | ᠲᠡᠪᠴᠢᠶᠡᠷᠢ ᠶᠢᠨ ᠬᠢᠮᠤᠷᠠᠯ᠂ ᠬᠠᠮᠳᠤᠷᠠᠯᠴᠠᠬᠤ ᠤᠬᠠᠮᠰᠠᠷ ᠤᠨ ᠲᠤᠷᠦ᠋ᠢᠳᠠᠯ᠂ ᠪᠡᠶ᠎ᠡ ᠳᠤ ᠪᠠᠨ ᠢᠳᠡᠬᠡᠯ ᠠᠯᠳᠠᠬᠤ᠂ | ᠬᠦᠰᠡᠯᠡᠩ ᠦᠭᠡᠢ ᠪᠤᠯᠬᠤ᠂ ᠠᠮᠢᠳᠤᠷᠠᠯ ᠨᠢ ᠤᠳᠬ᠎ᠠ ᠪᠠᠨ ᠠᠯᠳᠠᠬᠤ ᠮᠡᠳᠤ ᠶᠢᠨ ᠤᠢ ᠭᠠᠰᠢᠭᠤ ᠳᠤ ᠦᠷᠳᠤᠬᠦ ᠨᠢ | ᠵᠠᠶᠢᠯᠠᠰᠢ ᠦᠭᠡᠢ᠃ ᠡᠶᠢᠮᠤ ᠠᠴᠠ ᠠᠩᠬᠢ ᠶᠢᠨ ᠡᠷᠬᠢᠯᠡᠭᠴᠢ ᠪᠠᠭᠰᠢ ᠨᠠᠷ ᠨᠢ ᠰᠢᠨ᠎ᠡ ᠡᠷᠡᠨ ᠳᠤ ᠬᠢ ᠡᠬᠦᠷᠬᠡ | ᠬᠠᠷᠢᠭᠤᠴᠠᠯᠭ᠎ᠠ ᠶᠢᠨ ᠲᠤᠳᠤᠷ᠎ᠠ ᠪᠠᠨ ᠶᠤᠰᠤ ᠰᠤᠷᠳᠠᠬᠤᠨ ᠤ ᠬᠦᠮᠤᠵᠢᠯ ᠢ ᠴᠢᠩᠭᠠᠳᠬᠠᠬᠤ ᠲᠠᠯ᠎ᠠ ᠪᠠᠷ ᠨᠦᠷᠢ ᠶᠡᠭᠡ | ᠬᠦᠴᠤᠨ ᠵᠢᠳᠬᠦᠯ ᠭᠠᠷᠭᠠᠬᠤ ᠶᠤᠰᠤᠳᠠᠢ ᠬᠡᠵᠤ ᠦᠵᠡᠨ᠎ᠡ᠃ | ︽ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠠᠬᠢᠬᠤ ᠲᠦᠷᠢᠮ︾ ᠳᠤ ᠬᠢ ︽ᠤᠶᠤᠨ︾ ᠤ | ᠲᠠᠯ᠎ᠠ ᠶᠢᠨ ᠱᠠᠭᠠᠷᠳᠠᠯᠭ᠎ᠠ ᠳᠤ ︽ᠰᠢᠡᠵᠢᠯᠡᠬᠦ ᠤᠬᠠᠭᠠᠨ ᠢ ᠡᠷᠬᠢᠮᠯᠡᠵᠤ᠂ ᠰᠢᠮᠳᠠᠨ ᠰᠤᠷᠤᠯᠴᠠᠬᠤ ᠪᠤᠯ ᠰᠤᠷᠤᠯᠴᠠᠬᠤ | ᠤᠪᠤᠷ ᠢ ᠢᠯᠡᠳᠬᠡᠳᠡᠭ᠃ ᠴᠢᠷᠮᠠᠶᠢᠨ ᠰᠤᠷᠤᠯᠴᠠᠵᠤ ᠰᠠᠶᠢᠳᠤᠷ ᠪᠤᠳᠤᠯᠬᠢᠯᠡᠨ᠂ ᠰᠤᠳᠤᠯᠤᠨ ᠰᠢᠡᠵᠢᠯᠡᠬᠦ ᠲᠤᠷᠠᠳᠠᠢ | ᠪᠦᠬᠡᠳ ᠨᠡᠶᠢᠬᠡᠮ ᠤᠨ ᠤᠶᠢᠯᠡᠳᠤᠯᠬᠡ ᠪᠤᠯᠤᠨ ᠨᠡᠶᠢᠳᠡ ᠳᠤ ᠠᠰᠢᠭᠳᠠᠢ ᠠᠵᠢᠯᠯᠠᠭ᠎ᠠ ᠳᠤ ᠢᠳᠡᠪᠬᠢᠯᠡᠨ ᠤᠷᠤᠯᠴᠠᠬᠤ | ᠪᠤᠯ ᠰᠤᠷᠤᠯᠴᠠᠬᠤ ᠵᠤᠷᠢᠭ ᠰᠠᠨᠠᠭ᠎ᠠ ᠪᠠ ᠠᠷᠭ᠎ᠠ ᠶᠢ ᠢᠯᠡᠳᠬᠡᠳᠡᠭ ᠪᠠᠶᠢᠨ᠎ᠠ︾[2]ᠬᠡᠵᠤ ᠲᠤᠳᠤᠷᠬᠠᠢ | ᠲᠡᠮᠳᠡᠭᠯᠡᠭᠰᠡᠨ ᠪᠠᠶᠢᠨ᠎ᠠ᠃ ᠡᠨᠡᠬᠦ ︽ᠤᠶᠤᠨ︾ ᠤ ᠲᠠᠯ᠎ᠠ ᠶᠢᠨ ᠱᠠᠭᠠᠷᠳᠠᠯᠭ᠎ᠠ ᠶᠢ ᠰᠤᠷᠤᠭᠴᠢ ᠳᠤ ᠪᠦᠷᠢᠨ ᠬᠦᠢᠴᠡᠳ | ᠬᠡᠮᠵᠢᠶ᠎ᠡ ᠪᠠᠷ ᠤᠯᠠᠮᠵᠢᠯᠠᠨ ᠲᠦᠬᠡᠮᠡᠯᠵᠢᠬᠦᠯᠬᠦ ᠨᠢ ᠲᠠᠷᠤᠢ ᠪᠠᠭᠰᠢ ᠬᠦᠮᠤᠨ ᠤ ᠡᠬᠦᠷᠬᠡ ᠴᠢᠳᠠᠪᠬᠢ ᠲᠠᠢ ᠬᠤᠯᠪᠤᠭᠳᠠᠬᠤ | ᠪᠦᠬᠡᠳ ᠠᠩᠬᠢ ᠶᠢᠨ ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠲᠠᠢ ᠰᠢᠭᠤᠳ ᠬᠤᠯᠪᠤᠭᠳᠠᠯ ᠡᠬᠦᠰᠬᠡᠬᠦ ᠲᠠᠯ᠎ᠠ ᠲᠠᠢ | ᠶᠤᠮ᠃ ︽ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠡᠳᠤᠷ ᠲᠤᠳᠤᠮ ᠤᠨ ᠤᠶᠢᠯᠡ ᠠᠵᠢᠯᠯᠠᠭᠠᠨ ᠤ ᠲᠦᠷᠢᠮᠵᠢᠯ︾ | ᠳᠤ ᠬᠢ ᠰᠤᠷᠤᠭᠴᠢᠳ ᠤᠨ ᠤᠶᠢᠯᠡ ᠠᠵᠢᠯᠯᠠᠭᠠᠨ ᠤ ᠲᠠᠪᠤᠨ ᠵᠦᠢᠯ ᠤᠨ ᠪᠤᠳᠠᠳᠤ ᠱᠠᠭᠠᠷᠳᠠᠯᠭ᠎ᠠ ᠳᠤ ︽ᠨᠢᠬᠡ ᠳᠤ᠂ | ᠦᠪᠡᠷ ᠢ ᠪᠠᠨ ᠬᠦᠡᠳᠤᠳᠬᠡᠨ ᠬᠠᠶᠢᠷᠠᠯᠠᠵᠤ᠂ ᠲᠦᠷᠢ ᠲᠦᠷᠬᠦ ᠶᠢ ᠴᠢᠬᠤᠯᠠᠴᠢᠯᠠᠨ᠂ ᠦᠨᠡᠡᠴᠢ ᠰᠢᠳᠤᠷᠭᠤ ᠢᠳᠡᠬᠡᠯ | ᠬᠦᠡᠳᠤ ᠶᠢ ᠡᠷᠬᠢᠮᠯᠡᠬᠦ᠂ ᠬᠤᠶᠠᠷ ᠲᠤ᠂ ᠪᠤᠰᠤᠳ ᠲᠤ ᠶᠤᠰᠤᠷᠬᠠᠭ ᠬᠠᠨᠳᠤᠵᠤ ᠰᠠᠬᠢᠯᠭ᠎ᠠ ᠲᠦᠷᠢᠮ ᠢ ᠵᠢᠷᠤᠮᠯᠠᠬᠤ᠂ | ᠭᠤᠷᠪᠠ ᠳᠤ᠂ ᠴᠢᠷᠮᠠᠶᠢᠨ ᠰᠤᠷᠤᠯᠴᠠᠵᠤ᠂ ᠠᠵᠢᠯᠴᠢ ᠪᠤᠷᠤᠭᠵᠢᠭᠤᠨ ᠪᠠᠶᠢᠬᠤ ᠶᠢ ᠡᠷᠬᠢᠮᠯᠡᠬᠦ᠂ ᠲᠦᠷᠪᠡ ᠳᠤ᠂ ᠠᠪᠤ | ᠡᠵᠢ ᠪᠠᠨ ᠠᠴᠢᠯᠠᠵᠤ ᠪᠡᠶ᠎ᠡ ᠪᠠᠨ ᠴᠢᠩᠭ᠎ᠠ ᠱᠠᠭᠠᠷᠳᠠᠬᠤ᠂ ᠲᠠᠪᠤ ᠳᠤ᠂ ᠨᠡᠶᠢᠬᠡᠮ ᠨᠡᠶᠢᠳᠡ ᠶᠢᠨ ᠶᠤᠰᠤ ᠰᠤᠷᠳᠠᠬᠤᠨ ᠢ | ᠵᠢᠷᠤᠮᠯᠠᠬᠤ︾[3]ᠬᠡᠵᠤ ᠲᠤᠭᠳᠠᠭᠠᠭᠰᠡᠨ ᠪᠠᠶᠢᠨ᠎ᠠ᠃ ᠠᠳᠠᠯᠢ ᠪᠤᠰᠤ ᠲᠠᠪᠤᠨ ᠲᠦᠷᠤᠯ ᠢᠶᠠᠷ ᠰᠤᠷᠤᠭᠴᠢᠳ ᠤᠨ | ᠤᠶᠢᠯᠡ ᠠᠵᠢᠯᠯᠠᠭᠠᠨ ᠤ ᠪᠤᠳᠠᠳᠤ ᠱᠠᠭᠠᠷᠳᠠᠯᠭ᠎ᠠ ᠶᠢ ᠲᠤᠷᠠᠳᠤᠨ ᠲᠤᠭᠳᠠᠭᠠᠭᠰᠡᠨ ᠪᠤᠯᠪᠠᠴᠤ ᠲᠡᠷᠡ ᠨᠢ ᠪᠦᠷ ᠶᠤᠰᠤ | ᠰᠤᠷᠳᠠᠬᠤᠨ ᠤ ᠬᠦᠮᠤᠵᠢᠯ ᠠᠴᠠ ᠦᠡᠳᠤᠰᠤᠨ ᠴᠢᠨᠠᠷ ᠲᠡᠬᠡᠷ᠎ᠡ ᠪᠠᠨ ᠰᠠᠯᠤᠩᠬᠢᠳᠠ ᠪᠤᠯᠤᠭᠰᠡᠨ ᠦᠭᠡᠢ ᠬᠡᠳᠡᠭ ᠢ ᠪᠢᠳᠡ | ᠤᠶᠢᠯᠠᠭᠠᠵᠤ ᠪᠤᠯᠬᠤ ᠶᠤᠮ᠃ | ᠰᠢᠨ᠎ᠡ ᠡᠷᠡᠨ ᠳᠤ ᠠᠩᠬᠢ ᠶᠢᠨ ᠡᠷᠬᠢᠯᠡᠭᠴᠢ ᠨᠢ ᠠᠩᠬᠢ ᠶᠢᠨ ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠪᠠᠨ | ᠬᠦᠢᠴᠡᠳᠬᠡᠬᠦ ᠳᠤ ᠶᠤᠰᠤ ᠰᠤᠷᠳᠠᠬᠤᠨ ᠤ ᠬᠦᠮᠤᠵᠢᠯ ᠢ ᠴᠢᠩᠭᠠᠳᠬᠠᠬᠤ ᠨᠢ ᠵᠦᠢ ᠶᠤᠰᠤᠨ ᠳᠤ ᠨᠡᠶᠢᠴᠡᠭᠰᠡᠨ ᠶᠠᠪᠤᠳᠠᠯ | ᠪᠤᠯᠤᠨ᠎ᠠ᠃ ᠡᠨᠡ ᠨᠢ ᠮᠦᠨ ᠠᠩᠬᠢ ᠶᠢᠨ ᠡᠷᠬᠢᠯᠡᠭᠴᠢ ᠶᠢᠨ ᠬᠠᠮᠢᠶᠠᠷᠤᠯᠳᠠ ᠪᠠᠨ ᠲᠡᠷᠢᠬᠦᠨ ᠪᠠᠶᠢᠷᠢᠨ ᠳᠤ | ᠲᠠᠯᠪᠢᠬᠰᠡᠨ ᠤ ᠲᠠᠷᠠᠭᠠᠬᠢ ᠬᠠᠮᠤᠭ ᠴᠢᠬᠤᠯᠠ ᠭᠤᠭᠴᠤᠭ᠎ᠠ ᠪᠤᠯᠬᠤ ᠨᠢ ᠲᠠᠮᠵᠢᠭ ᠦᠭᠡᠢ᠃ ᠶᠤᠰᠤ ᠰᠤᠷᠳᠠᠬᠤᠨ ᠤ | ᠬᠦᠮᠤᠵᠢᠯ ᠢ ᠪᠠᠭ᠎ᠠ ᠨᠠᠰᠤᠨ ᠠᠴᠠ ᠨᠢ ᠡᠬᠢᠯᠡᠵᠤ ᠲᠦᠯᠤᠪᠯᠡᠭᠡ ᠲᠠᠢ ᠪᠠᠷ ᠬᠢᠪᠠᠯ ᠬᠤᠵᠢᠮ ᠵᠦᠪ ᠵᠦᠢᠳᠠᠢ ᠤᠶᠢᠯᠡ | ᠠᠵᠢᠯᠯᠠᠭᠠᠨ ᠳᠤ ᠤᠷᠤᠯᠴᠠᠬᠤ ᠳᠤ ᠨᠢ ᠤᠶᠤᠨ ᠰᠠᠨᠠᠭᠠᠨ ᠤ ᠲᠦᠰᠢᠭ ᠲᠤᠯᠭᠠᠭᠤᠷᠢ ᠶᠢᠨ ᠤᠶᠢᠯᠡᠳᠤᠯ ᠢ ᠭᠠᠷᠭᠠᠵᠤ | ᠴᠢᠳᠠᠬᠤ ᠶᠤᠮ᠃ ᠪᠢᠳᠡ ᠦᠪᠡᠷᠰᠡᠳ ᠢ ᠪᠠᠨ ᠡᠨᠡᠬᠦ ᠲᠠᠶᠠᠭᠠᠷᠴᠢᠯᠠᠯ ᠤᠨ ᠠᠭᠤᠷ ᠠᠮᠢᠰᠬᠤᠯ ᠳᠤ ᠡᠪᠯᠢᠭ | ᠵᠤᠬᠢᠴᠠᠭᠤᠯᠬᠤ ᠠᠴᠠ ᠭᠠᠳᠠᠨ᠎ᠠ ᠤᠷᠭᠤᠨ ᠲᠦᠯᠵᠢᠵᠤ ᠪᠠᠶᠢᠭ᠎ᠠ ᠬᠤᠶᠢᠴᠢ ᠦᠶ᠎ᠡ ᠶᠢᠨ ᠬᠢᠨ ᠳᠤ ᠪᠠᠨ ᠴᠢᠬᠤᠯᠠ | ᠪᠦᠬᠦᠢ ᠤᠷᠤᠨ ᠵᠠᠢ ᠶᠢ ᠬᠠᠩᠭᠠᠮᠵᠢᠳᠠᠢ ᠪᠦᠷᠢᠳᠤᠬᠦᠯᠵᠤ ᠦᠭᠭᠦ ᠴᠢᠬᠤᠯᠠ ᠲᠠᠢ ᠬᠡᠵᠤ ᠦᠵᠡᠵᠤ ᠪᠠᠶᠢᠨ᠎ᠠ᠃ | ᠡᠬᠦᠨ ᠳᠤ ᠠᠩᠬᠢ ᠶᠢᠨ ᠡᠷᠬᠢᠯᠡᠭᠴᠢ ᠪᠤᠯᠤᠭᠰᠡᠳ ᠨᠢ ᠨᠡᠩ ᠶᠡᠭᠡ ᠰᠡᠳᠤᠪ ᠰᠦᠪᠡᠭᠴᠢ ᠶᠢ ᠠᠮᠢᠳᠤᠯᠢᠭ ᠠᠳᠬᠤᠵᠤ᠂ | ᠨᠡᠩ ᠶᠡᠭᠡ ᠴᠢᠷᠮᠠᠶᠢᠯᠭ᠎ᠠ ᠤᠷᠤᠯᠳᠤᠯᠭ᠎ᠠ ᠶᠢ ᠭᠠᠷᠭᠠᠬᠤ ᠶᠤᠰᠤᠳᠠᠢ᠃ ᠢᠩᠬᠢᠵᠤ ᠵᠢᠷᠤᠮᠯᠠᠨ ᠰᠠᠬᠢᠵᠤ ᠴᠢᠳᠠᠪᠠᠯ ᠲᠠᠷᠤᠢ | ᠰᠢᠨ᠎ᠡ ᠡᠷᠡᠨ ᠴᠠᠭ ᠲᠤ ᠬᠢ ᠠᠩᠬᠢ ᠶᠢᠨ ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠪᠠᠨ ᠠᠮᠵᠢᠯᠳᠠ ᠲᠠᠢ | ᠬᠦᠢᠴᠡᠳᠬᠡᠵᠤ ᠴᠢᠳᠠᠭᠰᠡᠨ ᠳᠤ ᠲᠤᠭᠠᠴᠢᠭᠳᠠᠨ᠎ᠠ᠃ | ᠬᠤᠶᠠᠷ᠂ ᠠᠩᠬᠢ ᠶᠢᠨ ᠡᠷᠬᠢᠯᠡᠭᠴᠢ ᠪᠠᠭᠰᠢ ᠨᠢ ᠠᠮᠤᠷ ᠲᠦᠪᠰᠢᠨ ᠤ ᠰᠤᠷᠭᠠᠨ ᠬᠦᠮᠤᠵᠢᠯ ᠢ ᠲᠡᠬᠡᠳᠤ | ᠬᠡᠮᠵᠢᠶ᠎ᠡ ᠪᠠᠷ ᠠᠩᠬᠠᠷᠴᠤ᠂ ᠬᠡᠷ ᠪᠦᠯᠢ ᠶᠢᠨ ᠬᠤᠯᠪᠤᠭ᠎ᠠ ᠶᠢ ᠬᠦᠴᠤᠨ ᠲᠡᠬᠦᠯᠳᠡᠷ ᠪᠤᠯᠭᠠᠬᠤ ᠬᠡᠷᠡᠭᠳᠠᠢ | 1. ᠠᠩᠬᠢ ᠶᠢᠨ ᠡᠷᠬᠢᠯᠡᠭᠴᠢ ᠪᠠᠭᠰᠢ ᠨᠢ ᠠᠮᠤᠷ ᠲᠦᠪᠰᠢᠨ ᠤ ᠰᠤᠷᠭᠠᠨ ᠬᠦᠮᠤᠵᠢᠯ ᠢ ᠲᠡᠬᠡᠳᠤ ᠬᠡᠮᠵᠢᠶ᠎ᠡ ᠪᠠᠷ | ᠠᠩᠬᠠᠷᠬᠤ ᠬᠡᠷᠡᠭᠳᠠᠢ | ᠪᠠᠶᠢᠴᠠᠭᠠᠯᠳᠠ ᠶᠢ ᠦᠡᠳᠤᠰᠤᠯᠡᠪᠡᠯ ᠡᠯ᠎ᠡ ᠭᠠᠵᠠᠷ ᠤᠨ ᠡᠯ᠎ᠡ ᠰᠤᠷᠭᠠᠭᠤᠯᠢ ᠨᠢ ᠰᠠᠭᠤᠷᠢ ᠪᠦᠳᠤᠬᠡᠨ | ᠪᠠᠶᠢᠭᠤᠯᠤᠯᠳᠠ ᠶᠢᠨ ᠠᠵᠢᠯ ᠢ ᠦᠨᠡᠨ ᠭᠦ ᠡᠷᠴᠢᠮᠵᠢᠬᠦᠯᠵᠡᠢ᠃ ᠠᠯᠢ ᠰᠤᠷᠭᠠᠭᠤᠯᠢ ᠨᠢ ᠴᠦ ᠬᠡᠳ ᠬᠢᠴᠢᠶᠡᠯᠯᠡᠬᠦ ᠠᠰᠠᠷ᠂ | ᠪᠠᠶᠢᠷᠢ ᠶᠢᠨ ᠠᠰᠠᠷ᠂ ᠲᠤᠷᠰᠢᠯᠳᠠ ᠶᠢᠨ ᠠᠰᠠᠷ᠂ ᠬᠦᠳᠡᠯᠪᠤᠷᠢ ᠠᠵᠢᠯᠯᠠᠭᠠᠨ ᠤ ᠠᠰᠠᠷ᠂ ᠬᠤᠭᠤᠯᠠᠨ ᠬᠡᠷ ᠵᠡᠷᠬᠡ ᠶᠢ | ᠢᠵᠢ ᠪᠦᠷᠢᠳᠤᠬᠦᠯᠤᠭ᠍ᠰᠡᠨ ᠲᠡᠳᠤᠢ ᠦᠭᠡᠢ ᠪᠠᠷᠢᠮᠵᠢᠶᠠᠵᠢᠬᠰᠡᠨ ᠬᠦᠯ ᠪᠦᠮᠪᠤᠬᠡᠨ ᠲᠠᠯᠠᠪᠤᠷ᠂ ᠰᠠᠭᠰᠤᠨ ᠪᠦᠮᠪᠤᠬᠡᠨ | ᠲᠠᠯᠠᠪᠤᠷ᠂ ᠠᠯᠠᠭᠠᠳᠠᠬᠤ ᠪᠦᠮᠪᠤᠬᠡᠨ ᠲᠠᠯᠠᠪᠤᠷ᠂ ᠲᠠᠮᠢᠷ ᠤᠨ ᠲᠠᠯᠠᠪᠤᠷ ᠲᠠᠢ ᠪᠤᠯᠤᠭᠰᠡᠨ ᠪᠠᠶᠢᠨ᠎ᠠ᠃ ᠡᠨᠡ ᠨᠢ ᠰᠢᠨ᠎ᠡ | ᠡᠷᠡᠨ ᠤ ᠦᠩᠬᠡ ᠲᠦᠷᠰᠤ ᠪᠤᠯᠬᠤ ᠪᠦᠬᠡᠳ ᠰᠢᠨ᠎ᠡ ᠡᠷᠡᠨ ᠤ ᠰᠤᠷᠭᠠᠨ ᠬᠦᠮᠤᠵᠢᠯ ᠤᠨ ᠰᠢᠯᠢᠳᠡᠭ ᠴᠢᠨᠠᠷ ᠪᠤᠯᠬᠤ | ᠶᠤᠮ᠃ ᠤᠯᠤᠰ ᠤᠨ ᠰᠤᠷᠭᠠᠨ ᠬᠦᠮᠤᠵᠢᠯ ᠤᠨ ᠶᠠᠮᠤᠨ᠂ ᠤᠷᠤᠨ ᠤ ᠰᠤᠷᠭᠠᠨ ᠬᠦᠮᠤᠵᠢᠯ ᠤᠨ ᠲᠢᠩᠬᠢᠮ᠂ ᠭᠠᠵᠠᠷ | ᠤᠷᠤᠨ ᠤ ᠨᠠᠮ ᠵᠠᠰᠠᠭ ᠤᠨ ᠬᠦᠴᠤᠳᠠᠢ ᠲᠡᠮᠵᠢᠯᠬᠡ ᠪᠠᠷ ᠡᠶᠢᠮᠤᠷᠬᠦᠤ ᠰᠢᠨᠡᠳᠤᠯ ᠬᠤᠪᠢᠰᠤᠯ ᠪᠤᠢ ᠪᠤᠯᠤᠭᠰᠡᠨ ᠨᠢ | ᠭᠠᠷᠴᠠᠭ᠎ᠠ ᠦᠭᠡᠢ᠃ | ᠤᠯᠤᠰ ᠤᠨ ᠰᠤᠷᠭᠠᠨ ᠬᠦᠮᠤᠵᠢᠯ ᠤᠨ ᠶᠠᠮᠤᠨ ᠠᠴᠠ ᠠᠮᠤᠷ ᠲᠦᠪᠰᠢᠨ ᠤ ᠰᠤᠷᠭᠠᠨ ᠬᠦᠮᠤᠵᠢᠯ ᠢ ᠲᠡᠬᠡᠳᠤ | ᠬᠡᠮᠵᠢᠶ᠎ᠡ ᠪᠠᠷ ᠴᠢᠬᠤᠯᠠᠴᠢᠯᠠᠨ ᠦᠵᠡᠭᠰᠡᠬᠡᠷ ᠢᠷᠡᠪᠡ᠃ ᠡᠬᠦᠨ ᠳᠤ ᠠᠩᠬᠢ ᠶᠢᠨ ᠡᠷᠬᠢᠯᠡᠭᠴᠢ ᠶᠢᠨ ᠡᠬᠦᠷᠬᠡ | ᠬᠠᠷᠢᠭᠤᠴᠠᠯᠭ᠎ᠠ ᠨᠡᠩ ᠲᠤᠳᠤᠷᠬᠠᠢ᠂ ᠨᠡᠩ ᠬᠦᠡᠳᠤᠷᠤᠯ ᠲᠠᠢ ᠪᠤᠯᠤᠭᠰᠡᠨ ᠨᠢ ᠴᠦ ᠮᠠᠳᠠᠭ ᠦᠭᠡᠢ ᠦᠨᠡᠨ᠃ | ᠬᠡᠳᠦ᠋ᠢᠪᠡᠷ ᠰᠤᠷᠭᠠᠭᠤᠯᠢ ᠶᠢᠨ ᠰᠠᠭᠤᠷᠢ ᠪᠦᠳᠤᠬᠡᠨ ᠪᠠᠶᠢᠭᠤᠯᠤᠯᠳᠠ ᠳᠤ ᠯᠤᠳᠤ ᠶᠡᠭᠡ ᠬᠤᠪᠢᠷᠠᠯᠳᠠ ᠪᠤᠢ ᠪᠤᠯᠤᠭᠰᠡᠨ | ᠪᠤᠯᠪᠠᠴᠤ ᠰᠠᠶᠢᠨ ᠵᠦᠢᠯᠡᠰ ᠢ ᠲᠠᠭᠠᠯᠳᠤᠵᠤ ᠰᠠᠭᠠᠷ ᠵᠦᠢᠯ ᠴᠦ ᠮᠠᠷ ᠰᠡᠷ ᠡᠬᠦᠰᠴᠤ ᠪᠠᠶᠢᠭ᠎ᠠ ᠶᠢ ᠨᠢᠭᠤᠬᠤ ᠴᠢᠬᠤᠯᠠ | ᠦᠭᠡᠢ᠃ ᠶᠠᠭ ᠡᠶᠢᠮᠤ ᠠᠴᠠ ᠠᠩᠬᠢ ᠶᠢᠨ ᠡᠷᠬᠢᠯᠡᠭᠴᠢ ᠪᠠᠭᠰᠢ ᠨᠢ ᠲᠠᠷᠢᠬᠢ ᠲᠤᠯᠤᠭᠠᠢ ᠪᠠᠨ ᠰᠡᠷᠬᠡᠭ ᠪᠠᠶᠢᠯᠭᠠᠵᠤ᠂ | ᠬᠠᠮᠢᠶᠠᠷᠤᠯᠳᠠ ᠪᠠᠨ ᠴᠢᠩᠭᠠᠳᠬᠠᠵᠤ᠂ ᠠᠩᠬᠢ ᠶᠢᠨ ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠳᠤ ᠪᠠᠨ ᠤᠰᠤᠯᠳᠠᠯ | ᠦᠭᠡᠢ ᠵᠢᠳᠬᠦᠬᠦ ᠬᠡᠷᠡᠭᠳᠠᠢ᠃ ᠪᠤᠳᠠᠳᠠᠢ ᠰᠢᠬ ᠲᠤᠷᠠᠳᠤᠪᠠᠯ ᠡᠩ ᠤᠨ ᠬᠢᠴᠢᠶᠡᠯ ᠤᠨ ᠪᠠᠭᠰᠢ ᠠᠴᠠ ᠦᠰᠤᠳ ᠤᠡᠳᠤᠤ | ᠠᠵᠢᠯᠯᠠᠬᠤ ᠴᠠᠭ ᠤᠨ ᠬᠤᠪᠢᠶᠠᠷᠢ ᠲᠠᠢ ᠪᠤᠯᠵᠤ᠂ ᠪᠤᠰᠤᠳ ᠠᠴᠠ ᠡᠷᠳᠡᠯᠡᠵᠤ ᠠᠩᠬᠢ ᠳᠤ ᠪᠠᠨ ᠤᠴᠢᠬᠤ᠂ ᠪᠤᠰᠤᠳ | ᠠᠴᠠ ᠤᠷᠦ᠋ᠢᠳᠠᠵᠤ ᠬᠡᠷ ᠲᠤ ᠪᠠᠨ ᠬᠠᠷᠢᠬᠤ᠂ ᠴᠠᠭ ᠦᠷᠬᠦᠯᠵᠢ ᠠᠩᠬᠢ ᠶᠢᠨ ᠬᠡᠤᠬᠡᠳ ᠤᠳ ᠢᠶᠠᠨ ᠵᠢᠰᠤᠯᠠᠨ | ᠪᠦᠷᠢᠳᠬᠡᠵᠤ᠂ ᠭᠠᠷᠴᠤ ᠮᠡᠳᠡᠬᠦ ᠪᠤᠯᠤᠮᠵᠢ ᠪᠦᠬᠦᠢ ᠤᠴᠢᠷ ᠶᠠᠪᠤᠳᠠᠯ ᠠᠴᠠ ᠤᠷᠢᠳᠴᠢᠯᠡᠨ ᠰᠡᠷᠬᠡᠶᠢᠯᠡᠬᠦ ᠠᠷᠭ᠎ᠠ | ᠲᠦᠰᠤᠯ ᠢ ᠵᠤᠬᠢᠶᠠᠮᠵᠢᠯᠠᠬᠤ ᠱᠠᠭᠠᠷᠳᠠᠯᠭ᠎ᠠ ᠲᠠᠢ ᠪᠤᠯᠤᠭᠰᠡᠨ ᠪᠠᠶᠢᠨ᠎ᠠ᠃ ᠬᠠᠮᠤᠭ ᠤᠨ ᠭᠤᠤᠯ ᠨᠢ ᠪᠠᠭ᠎ᠠ | ᠰᠤᠷᠭᠠᠭᠤᠯᠢ ᠶᠢᠨ ᠲᠦᠷᠪᠡ ᠲᠠᠪᠤ ᠵᠢᠷᠭᠤᠳᠤᠭᠠᠷ ᠤᠨ ᠤ ᠰᠤᠷᠤᠭᠴᠢ ᠨᠢ ᠠᠮᠤᠷ ᠲᠦᠪᠰᠢᠨ ᠤ ᠭᠡᠷᠡᠭ ᠤᠴᠢᠷ ᠲᠠᠢ | ᠰᠢᠭᠤᠳ ᠨᠢᠭᠤᠷᠯᠠᠬᠤ ᠡᠳᠡᠬᠡᠳ ᠪᠤᠯᠳᠠᠭ᠃ ᠤᠴᠢᠷ ᠨᠢ ᠪᠠᠶᠢᠷᠢ ᠶᠢᠨ ᠰᠤᠷᠤᠭᠴᠢ ᠪᠤᠰᠤ᠂ ᠡᠳᠤᠷᠴᠢᠯᠠᠵᠤ ᠪᠠᠶᠢᠭ᠎ᠠ | ᠰᠤᠷᠤᠭᠴᠢᠳ ᠨᠢ ᠦᠳᠡ ᠶᠢᠨ ᠠᠮᠠᠷᠠᠯᠳᠠ᠂ ᠤᠷᠤᠢ ᠶᠢᠨ ᠴᠢᠯᠤᠬᠡᠨ ᠳᠤ ᠬᠡᠷ ᠲᠤ ᠪᠠᠨ ᠬᠠᠷᠢᠬᠤ ᠵᠠᠮ ᠳᠤ ᠪᠠᠨ | ᠤᠰᠤᠯ ᠡ᠊ᠨᠳᠡᠯ ᠭᠠᠷᠬᠤ ᠨᠤᠷᠮ᠎ᠠ ᠦᠡᠳᠤᠷ ᠬᠡᠵᠤ ᠦᠵᠡᠨ᠎ᠡ᠃ ᠡᠨᠡᠬᠦ ᠪᠠᠶᠢᠳᠠᠯ ᠢ ᠠᠩᠬᠢ ᠶᠢᠨ ᠡᠷᠬᠢᠯᠡᠭᠴᠢ ᠪᠠᠭᠰᠢ ᠨᠢ | ᠰᠡᠷᠬᠡᠭ ᠢᠶᠠᠷ ᠲᠠᠨᠢᠨ ᠮᠡᠳᠡᠷᠡᠵᠤ ᠬᠡᠯᠡᠵᠤ ᠵᠠᠬᠢᠬᠤ᠂ ᠬᠡᠷ ᠪᠦᠯᠢ ᠲᠠᠢ ᠨᠢ ᠬᠠᠷᠢᠴᠠᠬᠤ᠂ ᠰᠤᠷᠭᠠᠭᠤᠯᠢ ᠲᠠᠷᠬᠠᠬᠤ | ᠤᠷᠬᠢᠯ ᠴᠠᠭ ᠲᠤ ᠵᠠᠮ ᠬᠠᠷᠢᠯᠴᠠᠭᠠᠨ ᠤ ᠴᠠᠭᠳᠠᠭ᠎ᠠ ᠨᠠᠷ ᠲᠠᠢ ᠬᠠᠮᠵᠢᠨ ᠠᠵᠢᠯᠯᠠᠬᠤ ᠬᠡᠬᠦ ᠮᠡᠳᠤ ᠶᠢᠨ ᠤᠶᠢᠯᠡ | ᠠᠵᠢᠯᠯᠠᠭ᠎ᠠ ᠶᠢ ᠰᠠᠨᠠᠭᠠᠴᠢᠯᠭ᠎ᠠ ᠲᠠᠢ ᠪᠠᠷ ᠵᠤᠬᠢᠶᠠᠨ ᠪᠠᠶᠢᠭᠤᠯᠪᠠᠯ ᠵᠤᠬᠢᠨ᠎ᠠ᠃ ︽ᠵᠠᠯᠠᠭᠤᠴᠤᠳ ᠪᠠᠭᠠᠴᠤᠳ ᠤᠨ ᠠᠮᠤᠷ | ᠲᠦᠪᠰᠢᠨ ᠤ ᠶᠡᠷᠤ ᠶᠢᠨ ᠮᠡᠳᠡᠯᠬᠡ︾ ᠳᠤ ︽ᠵᠠᠰᠠᠮᠠᠯ ᠵᠠᠮ ᠢ ᠬᠦᠡᠳᠡᠯᠡᠨ ᠬᠡᠳᠤᠯᠬᠦ᠂ ᠲᠤᠭᠤᠢ ᠲᠡᠷᠬᠡ ᠤᠨᠤᠬᠤ ᠳᠤ | ᠠᠮᠤᠷ ᠲᠦᠪᠰᠢᠨ ᠢᠶᠠᠨ ᠬᠡᠷᠬᠢᠨ ᠠᠩᠬᠠᠷᠬᠤ᠂ ᠮᠠᠰᠢᠨ ᠲᠡᠷᠬᠡᠨ ᠳᠤ ᠰᠠᠭᠤᠬᠤ ᠳᠤ ᠶᠠᠭᠤ ᠶᠢ ᠴᠢᠬᠤᠯᠠᠴᠢᠯᠠᠬᠤ᠂ | ᠲᠡᠮᠤᠷ ᠵᠠᠮ ᠤᠨ ᠵᠠᠮ ᠬᠠᠷᠢᠯᠴᠠᠭᠠᠨ ᠤ ᠬᠡᠮᠳᠤᠯ ᠬᠤᠬᠢᠷᠠᠯ ᠢ ᠬᠡᠷᠬᠢᠨ ᠤᠷᠢᠳᠴᠢᠯᠠᠨ ᠰᠡᠷᠬᠡᠶᠢᠯᠡᠬᠦ᠂ ᠪᠠᠭ᠎ᠠ | ᠰᠤᠷᠭᠠᠭᠤᠯᠢ ᠶᠢᠨ ᠠᠮᠤᠷ ᠲᠦᠪᠰᠢᠨ ᠤ ᠮᠡᠳᠡᠯᠬᠡ ᠶᠢᠨ ᠵᠢᠷᠤᠮᠵᠢᠯ ᠳᠤ ᠶᠠᠮᠠᠷ ᠦᠡᠳᠤᠰᠤᠨ ᠠᠭᠤᠯᠭ᠎ᠠ ᠪᠠᠭᠳᠠᠵᠤ | ᠪᠠᠶᠢᠬᠤ᠂ ᠨᠠᠭᠠᠳᠴᠤ ᠲᠤᠭᠯᠠᠬᠤ ᠦᠶ᠎ᠡ ᠶᠢᠨ ᠬᠢᠴᠢᠶᠡᠪᠡᠰᠤ ᠵᠤᠬᠢᠬᠤ ᠠᠮᠤᠷ ᠲᠦᠪᠰᠢᠨ ᠤ ᠪᠠᠳᠤᠯᠠᠭ᠎ᠠ᠂ ᠬᠠᠤᠯᠢ | ᠪᠤᠰᠤ ᠡᠳᠡᠬᠡᠳ ᠤᠨ ᠲᠠᠭᠠᠷᠢᠯᠳᠠ ᠳᠤ ᠤᠴᠠᠷᠠᠪᠠᠯ ᠬᠡᠷᠬᠢᠨ ᠦᠪᠡᠷ ᠢ ᠪᠠᠨ ᠬᠠᠮᠠᠭᠠᠯᠠᠬᠤ ᠪᠠ ᠴᠠᠭᠳᠠᠭ᠎ᠠ ᠳᠤ ᠮᠡᠳᠡᠬᠦᠯᠬᠦ | ᠲᠤᠬᠠᠢ᠂ ᠬᠡᠷ ᠲᠤ ᠪᠠᠨ ᠭᠠᠭᠴᠠᠭᠠᠷ ᠪᠠᠶᠢᠬᠤ ᠦᠶ᠎ᠡ ᠦᠯᠤ ᠲᠠᠨᠢᠬᠤ ᠡᠳᠡᠬᠡᠳ ᠤᠷᠤᠪᠠᠯ ᠬᠡᠷᠬᠢᠨ ᠠᠷᠭᠠᠴᠠᠭᠠᠨ | ᠰᠢᠢᠳᠪᠤᠷᠢᠯᠡᠬᠦ᠂ ᠭᠠᠯ ᠤᠨ ᠠᠶᠤᠯ ᠢ ᠬᠡᠷᠬᠢᠨ ᠰᠡᠷᠬᠡᠶᠢᠯᠡᠬᠦ᠂ ᠤᠰᠤ ᠴᠦᠭᠦᠷᠤᠮ ᠳᠤ ᠤᠨᠠᠵᠤ ᠬᠤᠬᠢᠷᠠᠬᠤ ᠠᠶᠤᠯ ᠢ | ᠬᠡᠷᠬᠢᠨ ᠤᠷᠢᠳᠴᠢᠯᠡᠨ ᠰᠠᠷᠭᠡᠶᠢᠯᠡᠭᠦ᠂ ᠢᠳᠡᠬᠡᠨ ᠤᠮᠳᠠᠭᠠᠨ ᠤ ᠬᠤᠤᠷᠳᠠᠯ᠂ ᠬᠠᠯᠳᠠᠪᠤᠷᠢᠳᠤ ᠡᠪᠡᠳᠴᠢᠨ ᠤ ᠪᠠᠶᠢᠳᠠᠯ ᠢ | ᠰᠡᠷᠬᠡᠶᠢᠯᠡᠬᠦ᠂ ᠵᠠᠯᠠᠭᠤ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ ᠤ ᠲᠤᠬᠠᠢ ᠶᠡᠷᠤ ᠶᠢᠨ ᠮᠡᠳᠡᠯᠬᠡ ᠶᠢ | ᠲᠦᠬᠡᠮᠡᠯᠵᠢᠬᠦᠯᠬᠦ︾[4]ᠬᠡᠬᠦ ᠵᠡᠷᠬᠡ ᠨᠠᠷᠢᠯᠢᠬ ᠵᠦᠢᠯᠡᠰ ᠲᠤ ᠵᠢᠭᠠᠯᠳᠠ ᠭᠠᠷᠭᠠᠭᠰᠡᠨ ᠪᠠᠶᠢᠨ᠎ᠠ᠃ ᠡᠳᠡᠬᠡᠷ ᠤᠯᠠᠨ | ᠲᠦᠷᠤᠯᠳᠤ ᠠᠮᠤᠷ ᠲᠦᠪᠰᠢᠨ ᠤ ᠲᠤᠭᠳᠠᠯᠴᠠᠭ᠎ᠠ ᠶᠢ ᠰᠠᠬᠢᠨ ᠬᠠᠮᠠᠭᠠᠯᠠᠵᠤ᠂ ᠤᠷᠢᠳᠴᠢᠯᠡᠨ ᠰᠡᠷᠬᠡᠶᠢᠯᠡᠬᠦ ᠲᠤᠬᠠᠢ ᠳᠤ | ᠠᠩᠬᠢ ᠶᠢᠨ ᠡᠷᠬᠢᠯᠡᠭᠴᠢ ᠪᠠᠭᠰᠢ ᠨᠢ ᠡᠷᠬᠡᠪᠰᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠠᠩᠬᠠᠷᠬᠤ ᠬᠡᠷᠡᠭᠳᠠᠢ᠃ ᠰᠢᠨ᠎ᠡ | ᠴᠠᠭ ᠡᠷᠡᠨ ᠳᠤ ᠬᠢ ᠠᠮᠤᠷ ᠲᠦᠪᠰᠢᠨ ᠤ ᠰᠤᠷᠭᠠᠨ ᠬᠦᠮᠤᠵᠢᠯ ᠪᠤᠯ ᠤᠯᠤᠰ ᠤᠨ ᠰᠤᠷᠭᠠᠨ ᠬᠦᠮᠤᠵᠢᠯ ᠤᠨ | ᠶᠠᠮᠤᠨ ᠠᠴᠠ ᠭᠤᠤᠯᠳᠠᠯᠭ᠎ᠠ ᠲᠠᠢ ᠠᠳᠬᠤᠵᠤ ᠪᠠᠶᠢᠭ᠎ᠠ ᠴᠢᠬᠤᠯᠠ ᠲᠦᠷᠤᠯ ᠳᠤ ᠪᠠᠭᠳᠠᠵᠤ ᠪᠠᠶᠢᠭ᠎ᠠ ᠶᠤᠮ᠃ | ᠪᠠᠶᠢᠳᠠᠯ ᠢ ᠡᠵᠡᠮᠳᠡᠬᠦ᠂ ᠤᠷᠢᠳᠴᠢᠯᠠᠨ ᠰᠡᠷᠬᠡᠶᠢᠯᠡᠬᠦ᠂ ᠴᠢᠩᠭ᠎ᠠ ᠠᠳᠬᠤᠬᠤ ᠨᠢ ᠠᠩᠬᠢ ᠶᠢᠨ ᠡᠷᠬᠢᠯᠡᠭᠴᠢ ᠪᠠᠭᠰᠢ ᠶᠢᠨ | ᠡᠬᠦᠷᠬᠡ ᠬᠠᠷᠢᠭᠤᠴᠠᠯᠭ᠎ᠠ ᠪᠤᠯᠬᠤ ᠮᠦᠷᠳᠡᠬᠡᠨ ᠰᠤᠷᠭᠠᠭᠤᠯᠢ ᠶᠢᠨ ᠵᠤᠬᠢᠶᠠᠨ ᠪᠠᠶᠢᠭᠤᠯᠤᠯᠳᠠ ᠳᠤ ᠴᠦ ᠬᠤᠯᠪᠤᠭᠳᠠᠬᠤ | ᠮᠠᠰᠢ ᠴᠢᠬᠤᠯᠠ ᠵᠦᠢᠯ ᠪᠠᠶᠢᠭ᠎ᠠ ᠶᠤᠮ᠃ ᠠᠮᠤᠷ ᠲᠦᠪᠰᠢᠨ ᠤ ᠰᠤᠷᠭᠠᠨ ᠬᠦᠮᠤᠵᠢᠯ ᠢ ᠠᠩᠬᠢ ᠶᠢᠨ ᠡᠷᠬᠢᠯᠡᠭᠴᠢ ᠨᠢ | ᠤᠷᠢᠳᠠᠯ ᠨᠦᠬᠦᠴᠡᠯ ᠳᠤ ᠲᠠᠯᠪᠢᠵᠤ ᠲᠡᠬᠡᠳᠤ ᠬᠡᠮᠵᠢᠶ᠎ᠡ ᠪᠠᠷ ᠠᠩᠬᠠᠷᠴᠤ ᠪᠠᠶᠢᠭ᠎ᠠ ᠶᠢᠨ ᠰᠢᠭᠤᠳ ᠢᠯᠡᠷᠬᠡᠶᠢᠯᠡᠯ | ᠪᠤᠯᠤᠨ᠎ᠠ᠃ ᠠᠰᠠᠭᠤᠳᠠᠯ ᠭᠠᠷᠬᠤ ᠠᠴᠠ ᠰᠡᠷᠬᠡᠶᠢᠯᠡᠬᠦ᠂ ᠠᠰᠠᠭᠤᠳᠠᠯ ᠭᠠᠷᠤᠭᠰᠡᠨ ᠤ ᠪᠠᠶᠢᠳᠠᠯ ᠲᠤᠤᠷ᠎ᠠ ᠡᠪᠳᠠᠢ | ᠵᠦᠢᠳᠠᠢ ᠰᠢᠢᠳᠪᠤᠷᠢᠯᠡᠬᠦ᠂ ᠪᠤᠰᠤᠳ ᠤᠨ ᠦᠷ᠎ᠡ ᠬᠡᠤᠬᠡᠳ ᠤᠨ ᠠᠮᠤᠷ ᠲᠦᠪᠰᠢᠨ ᠢ ᠪᠠᠳᠤᠯᠠᠨ ᠰᠠᠬᠢᠬᠤ ᠪᠠᠷ | ᠠᠵᠢᠯ ᠤᠨ ᠬᠠᠷᠢᠭᠤᠴᠠᠯᠭ᠎ᠠ ᠪᠠᠨ ᠪᠤᠯᠭᠠᠬᠤ ᠨᠢ ᠠᠩᠬᠢ ᠶᠢᠨ ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠶᠢᠨ | ᠬᠦᠢᠴᠡᠳᠬᠡᠯ ᠪᠤᠯᠬᠤ ᠶᠤᠮ᠃ | 2. ᠠᠩᠬᠢ ᠶᠢᠨ ᠡᠷᠬᠢᠯᠡᠭᠴᠢ ᠨᠢ ᠬᠡᠷ ᠪᠦᠯᠢ ᠶᠢᠨ ᠬᠤᠯᠪᠤᠭ᠎ᠠ ᠶᠢ ᠬᠦᠴᠤᠨ ᠲᠡᠬᠦᠯᠳᠡᠷ ᠪᠤᠯᠭᠠᠬᠤ ᠬᠡᠷᠡᠭᠳᠠᠢ | ᠠᠩᠬᠢ ᠶᠢᠨ ᠡᠷᠬᠢᠯᠡᠭᠴᠢ ᠪᠠᠭᠰᠢ ᠨᠠᠷ ᠰᠤᠷᠤᠭᠴᠢ ᠶᠢᠨ ᠬᠡᠷ ᠤᠨ ᠠᠬᠠᠮᠠᠳ ᠲᠠᠢ ᠦᠷᠭᠦᠯᠵᠢ ᠬᠤᠯᠪᠤᠭ᠎ᠠ | ᠪᠠᠷᠢᠬᠤ ᠭᠡᠷᠡᠭᠳᠠᠢ᠃ ᠦᠬᠡᠷ᠎ᠡ ᠪᠠᠷ ᠬᠡᠯᠡᠪᠡᠯ ᠠᠩᠬᠢ ᠶᠢᠨ ᠡᠷᠬᠢᠯᠡᠭᠴᠢ ᠪᠠᠭᠰᠢ ᠨᠢ ᠰᠤᠷᠤᠭᠴᠢ ᠨᠢᠬᠡᠪᠤᠷᠢ ᠶᠢᠨ ᠬᠡᠷ | ᠪᠦᠯᠢ ᠶᠢᠨ ᠪᠦᠷᠢᠯᠳᠤᠬᠦᠨ ᠲᠠᠢ ᠰᠠᠶᠢᠳᠤᠷ ᠬᠠᠷᠢᠯᠴᠠᠵᠤ᠂ ᠲᠡᠳᠡᠨ ᠤ ᠬᠡᠷ ᠪᠦᠯᠢ ᠶᠢᠨ ᠬᠦᠮᠤᠵᠢᠯ ᠪᠠ ᠬᠡᠤᠬᠡᠳ ᠤᠨ | ᠬᠢᠨᠢ ᠵᠠᠩ ᠴᠢᠨᠠᠷ ᠤᠨ ᠲᠠᠯ᠎ᠠ ᠪᠠᠷ ᠤᠶᠢᠯᠠᠭᠠᠬᠤ ᠴᠢᠬᠤᠯᠠ ᠲᠠᠢ ᠪᠠᠶᠢᠳᠠᠭ᠃ ᠠᠩᠬᠢ ᠶᠢᠨ ᠡᠷᠬᠢᠯᠡᠭᠴᠢ ᠪᠠᠭᠰᠢ ᠨᠠᠷ | ᠰᠤᠷᠤᠭᠴᠢᠳ ᠤᠨ ᠢᠶᠠᠨ ᠭᠡᠷ ᠤᠨ ᠠᠬᠠᠮᠠᠳ ᠲᠠᠢ ᠰᠠᠶᠢᠳᠤᠷ ᠬᠠᠷᠢᠯᠴᠠᠬᠤ ᠦᠭᠡᠢ ᠪᠤᠯ ᠡᠬᠦᠷᠬᠡ | ᠬᠠᠷᠢᠭᠤᠴᠠᠯᠭ᠎ᠠ ᠳᠤ ᠪᠠᠨ ᠤᠰᠤᠯᠳᠠᠭᠰᠡᠨ ᠪᠠᠭᠰᠢ ᠪᠤᠯᠬᠤ ᠨᠢ ᠲᠠᠮᠵᠢᠭ ᠦᠭᠡᠢ᠃ ᠤᠳᠤᠬᠠᠨ ᠳᠤ ᠸᠢᠴᠠᠲ᠂ ᠭᠠᠷ | ᠤᠳᠠᠰᠤ ᠶᠢ ᠠᠰᠢᠭᠯᠠᠨ ᠰᠤᠷᠤᠭᠴᠢᠳ ᠤᠨ ᠰᠤᠷᠤᠯᠭ᠎ᠠ ᠬᠢᠴᠢᠶᠡᠯ᠂ ᠲᠠᠰᠬᠠᠯ ᠲᠠᠭᠠᠭᠠᠯᠭᠠᠪᠤᠷᠢ᠂ ᠡᠳᠤᠷ ᠲᠤᠳᠤᠮ ᠤᠨ | ᠶᠤᠰᠤ ᠰᠤᠷᠳᠠᠬᠤᠨ᠂ ᠤᠷᠤᠯᠳᠤᠯᠭ᠎ᠠ ᠴᠢᠷᠮᠠᠶᠢᠯᠭ᠎ᠠ ᠬᠡᠬᠦ ᠵᠡᠷᠬᠡ ᠶᠢᠨ ᠪᠦᠬᠦ ᠲᠠᠯ᠎ᠠ ᠪᠠᠷ ᠠᠰᠠᠭᠤᠵᠤ | ᠰᠤᠷᠪᠤᠯᠵᠢᠯᠠᠬᠤ ᠳᠤ ᠮᠠᠰᠢ ᠰᠠᠶᠢᠨ ᠵᠤᠬᠢᠴᠠᠮᠵᠢᠳᠤ ᠠᠬᠤᠢ ᠶᠢ ᠡᠬᠦᠳᠤᠨ ᠪᠠᠶᠢᠭᠤᠯᠵᠤ ᠲᠡᠶᠢᠯᠬᠦ ᠶᠤᠮ᠃ ︽ᠲᠤᠮᠳᠠᠳᠤ | ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠬᠡᠮ ᠤᠨ ᠰᠢᠯᠭᠠᠯᠳᠠ ᠶᠢᠨ ᠪᠠᠷᠢᠮᠵᠢᠶ᠎ᠠ | ︵ᠲᠤᠷᠰᠢᠨ ᠬᠡᠷᠡᠭᠯᠡᠬᠦ︶︾ ᠶᠢ ᠰᠤᠷᠭᠠᠨ ᠬᠦᠮᠤᠵᠢᠯ ᠤᠨ ᠶᠠᠮᠤᠨ ᠤ ᠪᠠᠭᠰᠢ ᠶᠢᠨ ᠬᠦᠮᠤᠵᠢᠯ ᠤᠨ ᠵᠤᠷᠭᠠᠨ᠂ ᠰᠤᠷᠭᠠᠨ | ᠬᠦᠮᠤᠵᠢᠯ ᠤᠨ ᠶᠠᠮᠤᠨ ᠤ ᠰᠢᠯᠭᠠᠯᠳᠠ ᠶᠢᠨ ᠲᠦᠪ ᠠᠴᠠ 2011 ᠣᠨ ᠤ 11 ᠰᠠᠷ᠎ᠠ ᠳᠤ ᠲᠠᠷᠤᠮᠯᠠᠨ ᠲᠠᠷᠬᠠᠭᠠᠭᠰᠡᠨ | ᠪᠠᠶᠢᠳᠠᠭ᠃ ᠡᠨᠡ ᠨᠢ ᠭᠤᠤᠯᠳᠠᠭᠤ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ︾᠂ | ︽ᠪᠠᠭᠰᠢ ᠶᠢᠨ ᠬᠢᠷᠢ ᠬᠡᠮ ᠤᠨ ᠲᠤᠭᠳᠠᠭᠠᠯ︾ ᠪᠠ ︽︿ᠪᠠᠭᠰᠢ ᠶᠢᠨ ᠬᠢᠷᠢ ᠬᠡᠮ ᠤᠨ ᠲᠦᠷᠢᠮ ᠲᠤᠭᠳᠠᠭᠠᠯ﹀ ᠢ | ᠬᠡᠷᠡᠭᠵᠢᠬᠦᠯᠬᠦ ᠠᠷᠭ᠎ᠠ ᠰᠢᠢᠳᠪᠤᠷᠢ︾ ᠳᠤ ᠦᠡᠳᠤᠰᠤᠯᠡᠭᠰᠡᠨ ᠪᠠᠶᠢᠳᠠᠭ᠃ ᠪᠠᠭᠰᠢ ᠶᠢᠨ ᠬᠢᠷᠢ ᠬᠡᠮ ᠤᠨ | ᠰᠢᠯᠭᠠᠯᠳᠠ ᠶᠢᠨ ᠪᠠᠷᠢᠮᠵᠢᠶ᠎ᠠ ᠶᠢ ᠵᠤᠷᠪᠤᠰᠯᠠᠨ ᠲᠤᠭᠳᠠᠭᠠᠬᠤ ᠨᠢ ᠪᠠᠭᠰᠢ ᠪᠤᠯᠤᠭᠰᠡᠳ ᠤᠨ ᠡᠬᠦᠷᠬᠡ ᠬᠠᠷᠢᠭᠤᠴᠠᠯᠭ᠎ᠠ ᠶᠢ | ᠤᠯᠠᠮ ᠨᠢᠬᠡ ᠠᠯᠬᠤᠮ ᠬᠦᠴᠤᠨ ᠲᠡᠬᠦᠯᠳᠡᠷ ᠪᠤᠯᠭᠠᠬᠤ ᠲᠡᠳᠤᠢ ᠦᠭᠡᠢ ᠲᠡᠳᠡᠨ ᠤ ᠤᠬᠠᠮᠰᠠᠷᠳᠤ ᠰᠠᠨᠠᠭᠠᠴᠢᠯᠠᠭ᠎ᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠴᠢᠬᠤᠯᠠ ᠤᠶᠢᠯᠡᠳᠤᠯ ᠦᠵᠡᠭᠦᠯᠳᠡᠭ᠃ ︽ᠰᠤᠷᠭᠠᠨ ᠬᠦᠮᠤᠵᠢᠬᠦᠯᠵᠤ | ᠵᠢᠭᠠᠨ ᠰᠤᠷᠭᠠᠬᠤ᠂ ᠰᠤᠷᠤᠭᠴᠢ ᠶᠢ ᠵᠢᠯᠤᠭᠤᠳᠬᠤ ︵ᠪᠠᠯᠴᠢᠷ ᠬᠡᠤᠬᠡᠳ ᠢ ᠠᠰᠠᠷᠠᠨ ᠬᠦᠮᠤᠵᠢᠬᠦᠯᠬᠦ︶᠂ ᠠᠩᠬᠢ ᠶᠢᠨ | ᠬᠠᠮᠢᠶᠠᠷᠤᠯᠳᠠ ᠶᠢᠨ ᠦᠡᠳᠤᠰᠤᠨ ᠤᠭ ᠶᠤᠰᠤ ᠬᠢᠬᠡᠳ ᠦᠡᠳᠤᠰᠤᠨ ᠮᠡᠳᠡᠯᠬᠡ ᠶᠢ ᠡᠵᠡᠮᠰᠢᠬᠦ ᠮᠦᠷᠳᠡᠬᠡᠨ ᠰᠤᠷᠭᠠᠨ | ᠬᠦᠮᠤᠵᠢᠯ ᠵᠢᠭᠠᠨ ᠰᠤᠷᠭᠠᠯᠳᠠ ᠳᠤ ᠬᠢ ᠪᠤᠳᠠᠳᠠᠢ ᠠᠰᠠᠭᠤᠳᠠᠯ ᠢ ᠵᠦᠪ ᠢᠶᠠᠷ ᠰᠢᠢᠳᠪᠤᠷᠢᠯᠡᠵᠤ᠂ ᠬᠡᠷ ᠪᠦᠯᠢ ᠶᠢᠨ | ᠬᠠᠷᠢᠴᠠᠭ᠎ᠠ ᠬᠤᠯᠪᠤᠭ᠎ᠠ ᠶᠢ ᠨᠢᠭᠳᠠ ᠪᠠᠶᠢᠯᠭᠠᠵᠤ ᠴᠢᠳᠠᠬᠤ ᠬᠡᠷᠡᠭᠳᠠᠢ︾[5]᠃ ᠡᠬᠦᠨ ᠠᠴᠠ ᠦᠵᠡᠬᠦ ᠳᠤ | ᠠᠩᠬᠢ ᠶᠢᠨ ᠡᠷᠬᠢᠯᠡᠭᠴᠢ ᠪᠠᠭᠰᠢ ᠨᠢ ᠡᠩ ᠤᠨ ᠬᠢᠴᠢᠶᠡᠯ ᠤᠨ ᠪᠠᠭᠰᠢ ᠠᠴᠠ ᠬᠤᠯᠠ ᠢᠯᠡᠬᠦᠤ ᠡᠬᠦᠷᠬᠡ | ᠬᠠᠷᠢᠭᠤᠴᠠᠯᠭ᠎ᠠ ᠲᠠᠢ ᠬᠡᠳᠡᠭ ᠨᠢ ᠢᠯᠡᠷᠬᠡᠢ ᠪᠠᠶᠢᠭ᠎ᠠ ᠶᠤᠮ᠃ | ᠬᠡᠷ ᠪᠦᠯᠢ ᠶᠢᠨ ᠬᠤᠯᠪᠤᠭ᠎ᠠ ᠶᠢ ᠬᠦᠴᠤᠨ ᠲᠡᠬᠦᠯᠳᠡᠷ ᠪᠤᠯᠭᠠᠬᠤ ᠨᠢ ᠬᠡᠷ ᠪᠦᠯᠢ᠂ ᠨᠡᠶᠢᠬᠡᠮ᠂ ᠰᠤᠷᠭᠠᠭᠤᠯᠢ | ᠭᠤᠷᠪᠠ ᠤᠶᠠᠯᠳᠤᠭᠰᠡᠨ ᠰᠤᠷᠭᠠᠨ ᠬᠦᠮᠤᠵᠢᠯ ᠤᠨ ᠲᠤᠭᠳᠠᠯᠴᠠᠭ᠎ᠠ ᠶᠢ ᠪᠦᠷᠢᠡᠰᠢᠬᠦᠯᠬᠦ ᠶᠢᠨ ᠲᠡᠪᠢᠰᠬᠡᠷ ᠬᠡᠵᠤ ᠦᠵᠡᠵᠤ | ᠪᠤᠯᠤᠨ᠎ᠠ᠃ ᠭᠤᠷᠪᠠ ᠤᠶᠠᠯᠳᠤᠬᠤ ᠶᠢᠨ ᠴᠢᠬᠤᠯᠠ ᠴᠢᠨᠠᠷ ᠢ ᠪᠤᠢ ᠪᠤᠯᠭᠠᠬᠤ ᠳᠤ ᠠᠩᠬᠢ ᠶᠢᠨ ᠡᠷᠬᠢᠯᠡᠭᠴᠢ ᠪᠠᠭᠰᠢ ᠶᠢᠨ | ᠠᠪᠬᠠᠯᠵᠢ ᠰᠠᠮᠪᠠᠭ᠎ᠠ ᠨᠢ ᠲᠤᠳᠤᠷᠬᠠᠢ ᠬᠡᠮᠵᠢᠶᠡᠨ ᠳᠤ ᠤᠶᠢᠯᠡᠳᠤᠯ ᠭᠠᠷᠭᠠᠬᠤ ᠨᠢ ᠴᠦ ᠯᠠᠪᠳᠠᠢ᠃ ᠤᠴᠢᠷ ᠨᠢ | ᠰᠤᠷᠤᠭᠴᠢ ᠨᠢᠬᠡᠪᠤᠷᠢ ᠶᠢᠨ ᠬᠡᠷ ᠤᠨ ᠠᠬᠠᠮᠠᠳ ᠲᠠᠢ ᠰᠢᠭᠤᠳ ᠨᠢᠭᠤᠷᠳᠠᠨ ᠬᠠᠷᠢᠯᠴᠠᠳᠠᠬ ᠨᠢ ᠤᠯᠠᠩᠬᠢ ᠪᠠᠶᠢᠳᠠᠯ ᠳᠤ | ᠠᠩᠬᠢ ᠶᠢᠨ ᠡᠷᠬᠢᠯᠡᠭᠴᠢ ᠯᠡ ᠪᠠᠶᠢᠳᠠᠭ᠃ ᠡᠶᠢᠮᠤ ᠠᠴᠠ ᠠᠩᠬᠢ ᠶᠢᠨ ᠡᠷᠬᠢᠯᠡᠭᠴᠢ ᠪᠠᠭᠰᠢ ᠨᠢ ᠬᠡᠷ ᠪᠦᠯᠢ ᠶᠢᠨ | ᠬᠠᠷᠢᠴᠠᠭ᠎ᠠ ᠬᠤᠯᠪᠤᠭ᠎ᠠ ᠶᠢ ᠰᠠᠶᠢᠵᠢᠷᠠᠭᠤᠯᠬᠤ ᠳᠤ ᠠᠷᠭ᠎ᠠ ᠪᠦᠭᠦᠨ ᠢ ᠰᠠᠨᠠᠭᠠᠴᠢᠯᠠᠵᠤ ᠪᠤᠯᠪᠠᠰᠤᠨ ᠶᠤᠰᠤᠷᠬᠠᠭ | ᠬᠠᠨᠳᠤᠯᠭ᠎ᠠ ᠠᠪᠬᠤ ᠨᠢ ᠵᠦᠢᠳᠠᠢ ᠪᠠᠶᠢᠭ᠎ᠠ ᠶᠤᠮ᠃ ᠬᠦᠮᠤᠰ ᠤᠨ ᠨᠡᠶᠢᠬᠡᠮ ᠤᠨ ᠬᠠᠷᠢᠯᠴᠠᠭᠠᠨ ᠤ ᠬᠡᠯᠪᠡᠷᠢ ᠪᠡ ᠦᠵᠡᠯ | ᠰᠡᠳᠬᠢᠯᠬᠡᠨ ᠤ ᠲᠦᠯᠤᠪᠰᠢᠷᠡᠯ ᠨᠢ ᠠᠳᠠᠯᠢ ᠪᠤᠰᠤ ᠪᠠᠶᠢᠳᠠᠭ ᠠᠴᠠ ᠵᠠᠷᠢᠮ ᠬᠡᠷ ᠤᠨ ᠠᠬᠠᠮᠠᠳ ᠨᠢ ᠠᠩᠬᠢ ᠶᠢᠨ | ᠡᠷᠬᠢᠯᠡᠭᠴᠢ ᠪᠠᠭᠰᠢ ᠲᠠᠢ ᠠᠮᠠᠷᠬᠠᠨ ᠨᠠᠪᠳᠠᠷᠠᠯᠴᠠᠵᠤ ᠲᠠᠶᠢᠯᠭᠦ ᠦᠭᠡᠢ ᠪᠠᠶᠢᠳᠠᠯ ᠤᠷᠤᠰᠢᠳᠠᠭ᠃ ᠡᠬᠦᠨ ᠳᠤ ᠠᠩᠬᠢ ᠶᠢᠨ | ᠡᠷᠬᠢᠯᠡᠭᠴᠢ ᠪᠠᠭᠰᠢ ᠨᠢ ᠤᠴᠢᠷ ᠲᠤᠬᠠᠢ ᠪᠠᠨ ᠡᠪᠳᠡᠶᠢᠬᠡᠨ ᠵᠤᠬᠢᠴᠠᠭᠤᠯᠵᠤ ᠴᠢᠳᠠᠪᠠᠯ ᠪᠠᠰᠠ ᠠᠰᠢᠭ ᠲᠠᠢ ᠪᠠᠶᠢᠳᠠᠯ ᠳᠤ | ᠰᠢᠭᠤᠳ ᠬᠦᠷᠬᠦ ᠪᠤᠯᠤᠮᠵᠢ ᠲᠠᠢ ᠶᠤᠮ᠃ | ᠭᠤᠷᠪᠠ᠂ ᠬᠡᠪ ᠴᠢᠨᠠᠷ ᠤᠨ ᠰᠤᠷᠭᠠᠨ ᠬᠦᠮᠤᠵᠢᠯ ᠢ ᠭᠤᠤᠯᠳᠠᠯᠭ᠎ᠠ ᠲᠠᠢ ᠠᠳᠬᠤᠵᠤ᠂ ᠵᠢᠭᠠᠨ ᠰᠤᠷᠭᠠᠯᠳᠠ ᠶᠢᠨ | ᠶᠠᠰᠤ ᠴᠢᠨᠠᠷ ᠢ ᠤᠯᠠᠮ ᠢᠶᠠᠷ ᠲᠡᠬᠡᠭᠰᠢᠯᠡᠬᠦᠯᠬᠦ ᠬᠡᠷᠡᠭᠳᠠᠢ | 1. ᠬᠡᠪ ᠴᠢᠨᠠᠷ ᠤᠨ ᠰᠤᠷᠭᠠᠨ ᠬᠦᠮᠤᠵᠢᠯ ᠢ ᠭᠤᠤᠯᠳᠠᠯᠭ᠎ᠠ ᠲᠠᠢ ᠠᠳᠬᠤᠬᠤ ᠬᠡᠷᠡᠭᠳᠠᠢ | ᠤᠶᠢᠷ᠎ᠠ ᠶᠢᠨ ᠵᠢᠯ ᠤᠳ ᠠᠴᠠ ᠮᠠᠨ ᠤ ᠤᠯᠤᠰ ᠨᠢ ᠬᠡᠪ ᠴᠢᠨᠠᠷ ᠤᠨ ᠰᠤᠷᠭᠠᠨ ᠬᠦᠮᠤᠵᠢᠯ ᠢ ᠨᠡᠩ | ᠴᠢᠬᠤᠯᠠᠴᠢᠯᠠᠨ ᠦᠵᠡᠬᠦ ᠪᠤᠯᠵᠠᠢ᠃ ᠠᠩᠬᠢ ᠶᠢᠨ ᠡᠷᠬᠢᠯᠡᠭᠴᠢ ᠪᠠᠭᠰᠢ ᠪᠤᠯᠤᠭᠰᠡᠳ ᠨᠢ ᠠᠩᠬᠢ ᠶᠢᠨ | ᠰᠤᠷᠤᠭᠴᠢ ᠶᠢᠨ ᠢᠶᠠᠨ ᠲᠦᠷᠤᠯᠬᠢ ᠠᠪᠢᠶᠠᠰ ᠪᠢᠯᠢᠭ᠂ ᠲᠤᠷ᠎ᠠ ᠰᠤᠨᠢᠷᠬᠠᠯ᠂ ᠠᠭᠠᠰᠢ ᠠᠪᠤᠷᠢ ᠬᠡᠬᠦ ᠮᠡᠳᠤ ᠶᠢᠨ | ᠪᠠᠶᠢᠳᠠᠯ ᠢ ᠨᠡᠯᠢᠶᠡᠳ ᠰᠠᠶᠢᠨ ᠤᠢᠢᠯᠠᠭᠠᠳᠠᠬ ᠢᠶᠠᠷ ᠪᠤᠰᠤᠳ ᠬᠢᠴᠢᠶᠡᠯ ᠲᠦᠷᠦᠯ ᠲᠤᠨ ᠪᠠᠭᠰᠢ ᠨᠠᠷ ᠠᠴᠠ ᠬᠤᠯᠠ | ᠲᠠᠪᠠᠭᠤ ᠪᠠᠶᠢᠳᠠᠭ᠃ ᠡᠨᠡᠬᠦ ᠲᠠᠪᠠᠭᠤᠯᠢᠭ ᠲᠠᠯ᠎ᠠ ᠳᠤ ᠪᠠᠨ ᠲᠦᠰᠢᠭᠯᠡᠵᠤ ᠬᠡᠪ ᠴᠢᠨᠠᠷ ᠤᠨ ᠰᠤᠷᠭᠠᠨ ᠬᠦᠮᠤᠵᠢᠯ ᠢ | ᠭᠤᠤᠯᠳᠠᠯᠭ᠎ᠠ ᠪᠤᠯᠭᠠᠨ ᠠᠳᠬᠤᠬᠤ ᠨᠢ ᠰᠤᠷᠤᠭᠴᠢᠳ ᠤᠨ ᠤᠷᠮ᠎ᠠ ᠰᠤᠨᠢᠷᠬᠠᠯ ᠢ ᠰᠡᠷᠬᠦᠬᠡᠬᠦ ᠲᠡᠳᠤᠢ ᠦᠭᠡᠢ | ᠲᠡᠳᠡᠨ ᠳᠤ ᠪᠠᠰᠠ ᠰᠤᠷᠴᠤ ᠰᠤᠳᠤᠯᠬᠤ᠂ ᠮᠡᠳᠡᠵᠤ ᠡᠵᠡᠮᠰᠢᠬᠦ ᠬᠡᠰᠡᠨ ᠤᠶᠢᠯᠠᠭᠠᠯᠳᠠ ᠲᠦᠷᠤᠭ᠍ᠳᠡᠯ ᠢ ᠤᠯᠭᠤᠵᠤ | ᠲᠡᠶᠢᠯᠤᠨ᠎ᠡ᠃ ᠠᠩᠬᠢ ᠶᠢᠨ ᠡᠷᠬᠢᠯᠡᠭᠴᠢ ᠪᠠᠭᠰᠢ ᠨᠢ ᠬᠡᠪ ᠴᠢᠨᠠᠷ ᠤᠨ ᠰᠤᠷᠭᠠᠨ ᠬᠦᠮᠤᠵᠢᠯ ᠢ ᠭᠤᠤᠯᠳᠠᠯᠭ᠎ᠠ ᠪᠤᠯᠭᠠᠨ | ᠠᠳᠬᠤᠬᠤ ᠨᠢ ᠰᠢᠡᠵᠢᠯᠡᠬᠦ ᠤᠬᠠᠭᠠᠡᠴᠢ ᠵᠢᠭᠠᠨ ᠰᠤᠷᠭᠠᠯᠳᠠ ᠶᠢᠨ ᠠᠷᠭ᠎ᠠ ᠪᠠᠷᠢᠯ ᠲᠠᠢ ᠠᠮᠠ ᠰᠡᠬᠡᠷ ᠵᠤᠯᠭᠠᠬᠤ | ᠲᠠᠯ᠎ᠠ ᠲᠠᠢ ᠶᠤᠮ᠃ ᠲᠠᠩ ᠭᠠᠭᠴᠠ ᠦᠬᠦᠮᠡᠯ ᠴᠢᠳᠬᠤᠮᠠᠯ ᠰᠤᠷᠭᠠᠨ ᠬᠦᠮᠤᠵᠢᠬᠦᠯᠬᠦ ᠠᠷᠭ᠎ᠠ ᠪᠠᠷᠢᠯ ᠢ | ᠭᠦᠭᠡᠭᠡᠴᠡᠯᠳᠤᠭᠦ ᠶᠢᠨ ᠤᠷᠤᠨ ᠳᠤ᠂ ᠦᠷ᠎ᠠ ᠪᠦᠳᠤᠮᠵᠢ ᠶᠢ ᠲᠡᠭᠡᠭᠰᠢᠯᠡᠭᠦᠯᠭᠦ ᠪᠤᠯ ᠬᠡᠪ ᠴᠢᠨᠠᠷ ᠤᠨ ᠰᠤᠷᠭᠠᠨ | ᠬᠦᠮᠤᠵᠢᠯ ᠢ ᠭᠤᠤᠯᠳᠠᠯᠭ᠎ᠠ ᠪᠤᠯᠭᠠᠬᠤ ᠲᠠᠢ ᠰᠢᠭᠤᠳ ᠬᠠᠷᠢᠴᠠᠭ᠎ᠠ ᠲᠠᠢ ᠬᠡᠵᠤ ᠦᠵᠡᠬᠦ ᠨᠢ ᠢᠯᠡᠬᠦᠤ ᠤᠨᠤᠪᠴᠢ ᠲᠠᠢ | ᠪᠠᠶᠢᠳᠠᠬ᠃ | 2. ᠵᠢᠭᠠᠨ ᠰᠤᠷᠭᠠᠯᠳᠠ ᠶᠢᠨ ᠶᠠᠰᠤ ᠴᠢᠨᠠᠷ ᠢ ᠤᠯᠠᠮ ᠢᠶᠠᠷ ᠲᠡᠬᠡᠭᠰᠢᠯᠡᠬᠦᠯᠬᠦ ᠬᠡᠷᠡᠭᠳᠠᠢ | ᠰᠤᠷᠭᠠᠨ ᠬᠦᠮᠤᠵᠢᠯ ᠤᠨ ᠡᠯ᠎ᠡ ᠰᠲ᠋ᠢᠯᠢ ᠶᠢᠨ ᠵᠤᠬᠢᠴᠠᠮᠵᠢᠳᠤ ᠴᠢᠨᠠᠷ ᠢ ᠡᠷᠬᠢᠯᠡᠨ ᠬᠦᠢᠴᠡᠳᠬᠡᠬᠦ ᠳᠤ ᠵᠢᠭᠠᠨ | ᠰᠤᠷᠭᠠᠯᠳᠠ ᠶᠢᠨ ᠶᠠᠰᠤ ᠴᠢᠨᠠᠷ ᠢ ᠲᠡᠬᠡᠭᠰᠢᠯᠡᠬᠦᠯᠬᠦ ᠪᠤᠯ ᠪᠠᠭ᠎ᠠ ᠴᠦ ᠬᠡᠰᠡᠨ ᠤᠡᠴᠠᠯᠢᠭᠳᠤ ᠨᠢᠬᠡ ᠲᠦᠷᠤᠯ ᠨᠢ ᠪᠤᠯᠬᠤ | ᠶᠤᠮ᠃ ᠡᠨᠡ ᠨᠢ ᠮᠦᠨ ᠶᠠᠪᠤᠴᠠ ᠶᠢᠨ ᠲᠤᠮᠳᠠ ᠪᠠᠨ ᠠᠩᠬᠢ ᠶᠢᠨ ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠲᠠᠢ | ᠰᠢᠭᠤᠳ ᠢᠶᠠᠷ ᠬᠤᠯᠪᠤᠭᠳᠠᠯ ᠡᠬᠦᠰᠬᠡᠳᠡᠭ ᠴᠢᠬᠤᠯᠠ ᠠᠰᠠᠭᠤᠳᠠᠯ ᠤᠨ ᠭᠤᠭᠴᠤᠭ᠎ᠠ ᠪᠤᠯᠬᠤ ᠵᠢᠮ᠎ᠡ ᠶᠤᠰᠤᠳᠤ | ᠴᠢᠨᠠᠷᠳᠠᠢ ᠶᠤᠮ᠃ | ᠬᠦᠮᠤᠨ ᠢ ᠬᠦᠮᠤᠵᠢᠬᠦᠯᠬᠦ᠂ ᠬᠦᠮᠤᠨ ᠢ ᠶᠤᠰᠤ ᠰᠤᠷᠳᠠᠬᠤᠨ ᠢᠶᠠᠷ ᠬᠦᠮᠤᠵᠢᠬᠦᠯᠬᠦ᠂ ᠬᠦᠮᠤᠨ ᠢ ᠴᠢᠳᠠᠪᠤᠷᠢ ᠲᠠᠢ | ᠪᠤᠯᠭᠠᠨ ᠬᠦᠮᠤᠵᠢᠬᠦᠯᠬᠦ ᠬᠡᠬᠦ ᠮᠡᠳᠤ ᠶᠢᠨ ᠬᠦᠮᠤᠵᠢᠯ ᠤᠨ ᠠᠷᠭ᠎ᠠ ᠤᠬᠠᠭᠠᠨ ᠨᠢ ᠵᠢᠭᠠᠨ ᠰᠤᠷᠭᠠᠯᠳᠠ ᠶᠢᠨ ᠭᠠᠷᠤᠭᠠᠨ | ᠲᠡᠬᠡᠷ᠎ᠡ ᠠᠴᠠ ᠰᠠᠶ᠋ᠢ ᠵᠤᠬᠢᠬᠤ ᠦᠨᠡᠯᠡᠯᠳᠡ ᠰᠠᠶᠢᠰᠢᠶᠠᠯ ᠢ ᠬᠦᠯᠢᠶᠡᠳᠡᠭ ᠨᠢ ᠵᠦᠪ︕ ᠬᠡᠬᠦ ᠳᠤ ᠪᠠᠨ ᠡᠬᠦᠨ ᠤ ᠤᠭ | ᠶᠤᠰᠤᠨ ᠳᠤ ᠨᠢ ᠲᠠᠷᠤᠢ ᠵᠢᠭᠠᠨ ᠰᠤᠷᠭᠠᠯᠳᠠ ᠶᠢᠨ ᠶᠠᠰᠤ ᠴᠢᠨᠠᠷ ᠢ ᠪᠠᠳᠤᠯᠠᠬᠤ ᠬᠡᠬᠦ ᠮᠡᠳᠤ ᠶᠢᠨ ᠨᠠᠷᠢᠯᠢᠬ ᠠᠭᠤᠯᠪᠤᠷᠢ | ᠨᠢᠭᠤᠭᠳᠠᠵᠤ ᠪᠠᠶᠢᠳᠠᠭ᠃ ᠡᠬᠦᠨ ᠢ ᠦᠬᠡᠶᠢᠰᠬᠡᠬᠦ ᠶᠢᠨ ᠠᠷᠭ᠎ᠠ ᠦᠭᠡᠢ᠃ ᠬᠡᠳᠦ᠋ᠢᠪᠡᠷ ᠵᠢᠭᠠᠨ ᠰᠤᠷᠭᠠᠯᠳᠠ ᠶᠢᠨ ᠶᠠᠰᠤ | ᠴᠢᠨᠠᠷ ᠢ ᠲᠡᠬᠡᠭᠰᠢᠯᠡᠬᠦᠯᠬᠦ ᠨᠢ ᠡᠯ᠎ᠡ ᠲᠦᠷᠤᠯ ᠤᠨ ᠬᠢᠴᠢᠶᠡᠯ ᠤᠨ ᠪᠠᠭᠰᠢ ᠲᠠᠢ ᠬᠤᠯᠪᠤᠭ᠎ᠠ ᠲᠠᠢ ᠪᠤᠯᠪᠠᠴᠤ ᠬᠠᠮᠤᠭ | ᠦᠡᠳᠤᠰᠤᠨ ᠴᠢᠨᠠᠷ ᠲᠡᠬᠡᠷ᠎ᠡ ᠪᠠᠨ ᠬᠠᠰᠢ ᠯᠡ ᠠᠩᠬᠢ ᠶᠢᠨ ᠡᠷᠬᠢᠯᠡᠭᠴᠢ ᠲᠠᠢ ᠢᠯᠡᠭᠦᠦ ᠬᠠᠷᠢᠴᠠᠭ᠎ᠠ ᠬᠤᠯᠪᠤᠭ᠎ᠠ ᠲᠠᠢ | ᠶᠤᠮ᠃ ᠦᠬᠡᠷ᠎ᠡ ᠪᠠᠷ ᠬᠡᠯᠡᠪᠡᠯ᠂ ᠬᠢᠷᠢ ᠲᠡᠩᠴᠡᠭᠰᠡᠨ ᠠᠩᠬᠢ ᠶᠢᠨ ᠡᠷᠬᠢᠯᠡᠭᠴᠢ ᠪᠠᠭᠰᠢ ᠪᠤᠯ ᠬᠡᠷ ᠤᠨ ᠠᠬᠠᠮᠠᠳ ᠤᠨ | ᠬᠤᠷᠠᠯ ᠢ ᠵᠤᠬᠢᠶᠠᠨ ᠪᠠᠶᠢᠭᠤᠯᠬᠤ᠂ ᠬᠢᠴᠢᠶᠡᠯ ᠤᠨ ᠪᠠᠭᠰᠢ ᠶᠢᠨ ᠬᠤᠷᠠᠯ ᠢ ᠵᠤᠬᠢᠶᠠᠨ ᠪᠠᠶᠢᠭᠤᠯᠬᠤ᠂ ᠰᠤᠷᠭᠠᠨ | ᠬᠦᠮᠤᠵᠢᠯ ᠤᠨ ᠲᠤᠪᠴᠢᠶᠠᠨ ᠤ ᠵᠢᠭᠠᠬᠤ ᠶᠢ ᠰᠤᠳᠤᠯᠬᠤ ᠲᠠᠰᠤᠭ ᠲᠠᠢ ᠬᠤᠯᠪᠤᠭ᠎ᠠ ᠪᠠᠶᠢᠭᠤᠯᠵᠤ ᠬᠢᠴᠢᠶᠡᠯ | ᠰᠤᠨᠤᠰᠬᠤ ᠶᠢ ᠵᠤᠬᠢᠶᠠᠨ ᠪᠠᠶᠢᠭᠤᠯᠬᠤ ᠵᠡᠷᠬᠡ ᠶᠢᠨ ᠦᠷ᠎ᠡ ᠨᠦᠯᠤᠬᠡ ᠲᠠᠢ ᠠᠵᠢᠯ ᠢ ᠠᠯᠬᠤᠮ ᠲᠠᠷᠠᠭ᠎ᠠ ᠲᠠᠢ ᠪᠠᠷ ᠬᠢᠵᠤ | ᠬᠦᠢᠴᠡᠳᠬᠡᠳᠡᠭ᠃ ᠡᠨᠡ ᠨᠢ ᠪᠠᠭᠰᠢ ᠨᠠᠷ ᠤᠨ ᠠᠵᠢᠯᠯᠠᠬᠤ ᠢᠳᠡᠪᠬᠢᠵᠢᠯ ᠢ ᠲᠠᠶᠢᠴᠢᠯᠠᠬᠤ ᠲᠡᠳᠤᠢ ᠦᠭᠡᠢ ᠲᠡᠳᠡᠨ ᠤ | ᠬᠠᠷᠢᠭᠤᠴᠠᠯᠭᠠᠳᠤ ᠤᠪᠤᠷ ᠰᠡᠳᠬᠢᠯᠬᠡ ᠶᠢ ᠴᠢᠩᠭᠠᠳᠬᠠᠵᠤ ᠲᠠᠶᠢᠯᠭᠦ ᠶᠤᠮ᠃ ᠶᠠᠪᠤᠭᠠᠨ ᠳᠤ ᠪᠠᠨ ᠲᠤᠰ ᠠᠩᠬᠢ ᠶᠢᠨ | ᠵᠢᠭᠠᠨ ᠰᠤᠷᠭᠠᠯᠳᠠ ᠶᠢᠨ ᠶᠠᠰᠤ ᠴᠢᠨᠠᠷ ᠲᠤ ᠡᠷᠬᠢᠯᠳᠠ ᠶᠢᠨ ᠴᠢᠨᠠᠷᠳᠠᠢ ᠬᠤᠪᠢᠷᠠᠯᠳᠠ ᠭᠠᠷᠴᠤ᠂ ᠨᠡᠩ ᠶᠡᠭᠡ ᠦᠷ᠎ᠠ | ᠪᠦᠳᠤᠮᠵᠢ ᠤᠯᠬᠤ ᠪᠤᠯᠤᠮᠵᠢ ᠲᠠᠢ ᠶᠤᠮ᠃ | ᠠᠩᠬᠢ ᠶᠢᠨ ᠡᠷᠬᠢᠯᠡᠭᠴᠢ ᠶᠢᠨ ᠡᠬᠦᠷᠬᠡ ᠬᠠᠷᠢᠭᠤᠴᠠᠯᠭ᠎ᠠ ᠳᠤ ᠵᠢᠭᠠᠨ ᠰᠤᠷᠭᠠᠯᠳᠠ ᠶᠢᠨ ᠤᠯᠤᠯᠳᠠ ᠠᠮᠵᠢᠯᠳᠠ᠂ | ᠠᠯᠳᠠᠭ᠎ᠠ ᠲᠠᠰᠢᠶ᠎ᠠ ᠬᠡᠬᠦ ᠬᠤᠶᠠᠷ ᠲᠠᠯ᠎ᠠ ᠶᠢᠨ ᠬᠠᠷᠢᠴᠠᠭᠤᠯᠤᠯ ᠪᠤᠢ ᠪᠤᠯᠳᠠᠭ᠃ ᠢᠩᠬᠢᠵᠤ ᠬᠠᠷᠢᠴᠠᠭᠤᠯᠤᠯ ᠤᠨ | ᠠᠷᠭ᠎ᠠ ᠪᠠᠷ ᠦᠪᠡᠷ ᠤᠨ ᠠᠵᠢᠯ ᠳᠤ ᠪᠠᠨ ᠪᠠᠶᠢᠩᠭᠤ ᠶᠢᠨ ᠬᠢᠨᠠᠯᠳᠠ ᠲᠠᠯᠪᠢᠵᠤ ᠴᠢᠳᠠᠪᠠᠯ ᠰᠢᠯᠢᠳᠡᠭ ᠰᠠᠶᠢᠨ | ᠠᠩᠬᠢ ᠶᠢᠨ ᠡᠷᠬᠢᠯᠡᠭᠴᠢ ᠪᠤᠯᠵᠤ ᠪᠠᠶᠢᠭ᠎ᠠ ᠶᠢᠨ ᠪᠡᠯᠬᠡ ᠲᠡᠮᠳᠡᠭ ᠪᠤᠯᠤᠨ᠎ᠠ᠃ ᠮᠦᠨ ᠬᠡᠤᠬᠡᠳ ᠢ ᠡᠷᠳᠡᠮ | ᠪᠤᠯᠪᠠᠰᠤᠷᠠᠯ ᠲᠠᠢ᠂ ᠶᠤᠰᠤ ᠰᠤᠷᠳᠠᠬᠤᠨ ᠲᠠᠢ᠂ ᠬᠦᠰᠡᠯ ᠡᠷᠡᠮᠡᠯᠵᠡᠯᠡᠯ ᠲᠠᠢ ᠪᠤᠯᠭᠠᠨ ᠬᠦᠮᠤᠵᠢᠬᠦᠯᠵᠤ ᠴᠢᠳᠠᠬᠤ ᠶᠤᠮ᠃ | ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠬᠦ ᠬᠡᠪᠡᠯ ᠡᠷᠬᠡᠪᠰᠢ ᠤᠯᠠᠨ ᠲᠠᠯ᠎ᠠ ᠪᠠᠷ ᠰᠡᠳᠬᠢᠨ ᠪᠤᠳᠤᠵᠤ᠂ | ᠤᠯᠠᠨ ᠲᠠᠯ᠎ᠠ ᠪᠠᠷ ᠡᠬᠦᠳᠤᠨ ᠪᠦᠳᠤᠬᠡᠵᠤ᠂ ᠤᠯᠠᠨ ᠲᠠᠯ᠎ᠠ ᠪᠠᠷ ᠶᠡᠷᠤᠩᠬᠡᠶᠢᠯᠡᠨ ᠤᠶᠢᠯᠡᠳᠤᠯᠬᠡᠵᠢᠬᠦᠯᠬᠦ ᠬᠡᠷᠡᠭᠳᠠᠢ᠃ | | | ᠵᠡᠬᠦᠯᠳᠡ | [1] ᠡ᠊ · ᠬᠡᠷᠡᠯᠳᠤ᠄ ︽ᠮᠢᠨᠤ ᠰᠤᠷᠭᠠᠨ ᠬᠦᠮᠤᠵᠢᠯ ᠤᠨ ᠠᠶᠠᠨ︾᠂ ᠦᠪᠤᠷ ᠮᠤᠩᠭᠤᠯ ᠤᠨ ᠰᠤᠷᠭᠠᠨ | ᠬᠦᠮᠤᠵᠢᠯ ᠤᠨ ᠬᠡᠪᠯᠡᠯ ᠤᠨ ᠬᠤᠷᠢᠶ᠎ᠠ᠂ 2018 ᠤᠨ ᠤ 11 ᠰᠠᠷ᠎ᠠ᠂ 211 ᠳ᠋ᠤᠬᠡᠷ ᠨᠢᠭᠤᠷ᠃ | [2][3][4]︽ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠮᠡᠳᠡᠯᠬᠡ ᠶᠢᠨ ᠭᠠᠷ | ᠲᠡᠪᠳᠡᠷ︾᠂ ᠰᠢᠯᠤᠭᠤᠨ ᠬᠦᠬᠡ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ᠂ ᠰᠢᠯᠤᠭᠤᠨ ᠬᠦᠬᠡ ᠬᠤᠰᠢᠭᠤᠨ ᠤ | ᠬᠠᠤᠯᠢ ᠲᠦᠬᠡᠮᠡᠯᠵᠢᠬᠦᠯᠬᠦ ᠠᠯᠪᠠᠨ ᠬᠡᠷ ᠠᠴᠠ ᠤᠷᠴᠢᠭᠤᠯᠤᠨ ᠨᠠᠶᠢᠷᠠᠭᠤᠯᠪᠠ ︵ᠲᠤᠳᠤᠭᠠᠳᠤ ᠬᠡᠪᠯᠡᠯ︶ 2016 ᠤᠨ᠂ | 55᠂ 59 ᠳ᠋ᠤᠭᠡᠷ ᠨᠢᠭᠤᠷ᠃ | [5] ᠶᠢᠨ ᠰᠦᠸᠧ᠂ ᠤᠳᠤᠡᠬᠡᠷᠡᠯ ᠤᠨ ᠤᠷᠴᠢᠭᠤᠯᠤᠭᠰᠡᠨ᠄ ︽ᠪᠠᠯᠴᠢᠷ ᠬᠡᠤᠬᠡᠳ ᠤᠨ ᠰᠤᠷᠭᠠᠨ | ᠬᠦᠮᠤᠵᠢᠯ ᠤᠨ ᠬᠠᠤᠯᠢ ᠲᠤᠭᠳᠠᠭᠠᠯ︾᠂ ᠦᠪᠤᠷ ᠮᠤᠩᠭᠤᠯ ᠤᠨ ᠪᠠᠭᠠᠴᠤᠳ ᠬᠡᠤᠬᠡᠳ ᠤᠨ ᠬᠡᠪᠯᠡᠯ ᠤᠨ ᠬᠤᠷᠢᠶ᠎ᠠ᠂ | 2017 ᠤᠨ ᠤ 9 ᠰᠠᠷ᠎ᠠ᠂ 29 ᠳ᠋ᠤᠬᠡᠷ ᠨᠢᠭᠤᠷ᠃ | [6]ᠸ᠊ · ᠠᠭᠤᠯᠠ᠄ ︽ᠠᠩᠬᠢ ᠶᠢᠨ ᠡᠷᠬᠢᠯᠡᠭᠴᠢ ᠶᠢᠨ ᠠᠵᠢᠯ ᠤᠨ ᠨᠠᠢᠮᠠᠨ ᠵᠠᠷᠴᠢᠮ︾᠂ ᠬᠤᠯᠪᠤᠭ᠎ᠠ | ᠰᠦᠯᠵᠢᠶ᠎ᠡ᠂ 2019 ᠤᠨ ᠤ 9 ᠰᠠᠷ᠎ᠠ ᠶᠢᠨ 2 ᠤ ᠡᠳᠤᠷ᠃ | [7]ᠪᠤᠷᠵᠢᠬᠢᠨ ᠨᠠᠷᠠᠨᠠᠰᠢ᠄ ︽ᠰᠢᠨ᠎ᠡ ᠴᠠᠭ ᠦᠶ᠎ᠡ ᠳᠤ ᠡᠩ ᠤᠨ ᠦᠡᠳᠤᠷ ᠵᠡᠷᠬᠡ ᠶᠢᠨ ᠲᠤᠮᠳᠠᠳᠤ | ᠰᠤᠷᠭᠠᠭᠤᠯᠢ ᠶᠢᠨ ᠬᠦᠮᠤᠨ ᠬᠦᠮᠤᠵᠢᠬᠦᠯᠬᠦ ᠠᠷᠭ᠎ᠠ ᠮᠠᠶ᠋ᠢᠭ ᠤᠨ ᠦᠬᠡᠷᠡᠴᠢᠯᠡᠯᠳᠡ︾᠂ ᠬᠤᠯᠪᠤᠭ᠎ᠠ ᠰᠦᠯᠵᠢᠶ᠎ᠡ᠂ 2019 | ᠤᠨ ᠤ 8 ᠰᠠᠷ᠎ᠠ ᠶᠢᠨ 29 ᠤ ᠡᠳᠤᠷ᠃ | | ᠬᠠᠶ᠋ᠢᠬ᠄ ᠣᠯᠠᠭᠠᠨᠴᠠᠪ ᠬᠤᠳᠠ ᠶᠢᠨ ᠮᠣᠩᠭᠤᠯ ᠦᠨᠳᠦᠰᠦᠳᠡᠨ ᠤ ᠳᠣᠮᠳᠠᠳᠣ ᠰᠣᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | 2020 ᠣᠨ ᠤ12 ᠳ᠋ᠤᠭᠠᠷ ᠬᠤᠭᠤᠴᠠᠭ᠎ᠠ | | |