| | ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ | ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ | ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ | ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ | ᠳᠠᠭᠤᠯᠠᠵᠠᠭᠠᠵᠤ ᠪᠠᠶᠢᠨ᠎ᠠ᠃ | ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ | — ︽ᠨᠤᠲᠤᠭ ᠤᠨ ᠳᠠᠭᠤᠤ ᠪᠠᠨ ᠨᠠᠮ ᠳᠤ ᠪᠠᠨ ᠡᠷᠭᠦᠶ᠎ᠡ︾ | | | ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ | | | ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠪᠣᠯ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠣᠷᠢ ᠶᠢᠨ ᠭᠠᠭᠴᠠ ᠲᠤᠰᠠᠭᠠᠷ ᠪᠠᠶᠢᠭᠤᠯᠤᠭᠰᠠᠨ ᠵᠢᠩᠬᠢᠨᠢ ᠠᠩᠭᠢ ᠶᠢᠨ ᠳᠡᠭᠡᠳᠦ ᠵᠡᠷᠭᠡ ᠶᠢᠨ | ᠤᠷᠠᠯᠢᠭ ᠤᠨ ᠰᠤᠷᠭᠠᠭᠤᠯᠢ᠂ 1957 ᠣᠨ ᠳᠤ ᠪᠠᠶᠢᠭᠤᠯᠤᠭᠳᠠᠭᠰᠠᠨ ᠤᠤᠯ ᠤᠨ ᠥᠪᠥᠷ ᠮᠣᠩᠭᠤᠯ ᠤᠨ | ᠤᠷᠠᠯᠢᠭ ᠤᠨ ᠰᠤᠷᠭᠠᠭᠤᠯᠢ ᠶᠢᠨ ᠰᠠᠭᠤᠷᠢᠨ ᠳᠤ ᠬᠥᠭᠵᠢᠵᠦ ᠢᠷᠡᠪᠡ᠃ 1987 ᠣᠨ ᠳᠤ᠂ ᠥᠪᠥᠷ ᠮᠣᠩᠭᠤᠯ ᠤᠨ | ᠤᠷᠠᠯᠢᠭ ᠤᠨ ᠰᠤᠷᠭᠠᠭᠤᠯᠢ ᠶᠢᠨ ᠰᠠᠭᠤᠷᠢᠨ ᠳᠡᠭᠡᠷ᠎ᠡ᠂ ᠤᠯᠤᠰ ᠤᠨ ᠰᠤᠷᠭᠠᠨ ᠬᠥᠮᠦᠵᠢᠯ ᠤᠨ ᠵᠥᠪᠯᠡᠯ ᠠᠴᠠ ᠥᠪᠥᠷ | ᠮᠣᠩᠭᠤᠯ ᠤᠨ ᠶᠡᠭᠡ ᠰᠤᠷᠭᠠᠭᠤᠯᠢ ᠶᠢᠨ ᠤᠷᠠᠯᠢᠭ ᠤᠨ ᠳᠡᠭᠡᠳᠦ ᠰᠤᠷᠭᠠᠭᠤᠯᠢ ᠶᠢ ᠪᠠᠶᠢᠭᠤᠯᠬᠤ ᠶᠢ ᠵᠥᠪᠰᠢᠶᠡᠷᠡᠪᠡ᠃ | 2015 ᠣᠨ ᠳᠤ᠂ ᠰᠤᠷᠭᠠᠨ ᠬᠥᠮᠦᠵᠢᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠨᠢ ᠪᠡᠶ᠎ᠡ ᠪᠠᠨ | ᠳᠠᠭᠠᠭᠠᠭᠰᠠᠨ ᠰᠤᠷᠭᠠᠭᠤᠯᠢ ᠪᠣᠯᠪᠠ᠃ ᠰᠤᠷᠭᠠᠭᠤᠯᠢ ᠨᠢ 60 ᠭᠠᠷᠤᠢ ᠵᠢᠯ ᠤᠨ ᠬᠥᠭᠵᠢᠯᠲᠡ ᠶᠢᠨ ᠶᠠᠪᠤᠴᠠ ᠳᠤ | ᠢᠯᠡ ᠲᠣᠳᠣ ᠰᠤᠷᠭᠠᠭᠤᠯᠢ ᠡᠷᠬᠢᠯᠡᠬᠦ ᠣᠨᠴᠠᠯᠢᠭ ᠢ ᠪᠦᠷᠢᠯᠳᠦᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠪᠣᠯᠤᠨ ᠥᠨᠳᠥᠷ ᠲᠦᠪᠰᠢᠨ ᠪᠦᠬᠦᠢ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠴᠢᠬᠤᠯᠠ | ᠬᠤᠪᠢ ᠨᠡᠮᠡᠷᠢ ᠦᠵᠡᠭᠦᠯᠵᠦ᠂ ︽ᠥᠪᠥᠷ ᠮᠣᠩᠭᠤᠯ ᠤᠨ ᠤᠷᠠᠯᠢᠭ ᠤᠨ ᠴᠢᠳᠠᠪᠤᠷᠢᠲᠠᠨ ᠤ ᠥᠯᠥᠭᠡᠢ︾ ᠬᠡᠮᠡᠭᠳᠡᠪᠡ᠃ | | | | | | ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠤ ᠣᠳᠣ ᠳᠡᠭᠡᠳᠦ ᠰᠤᠷᠭᠠᠭᠤᠯᠢ 9 ᠪᠠ | ᠬᠠᠷᠢᠶᠠᠲᠤ ᠳᠤᠮᠲᠠ ᠵᠡᠷᠭᠡ ᠶᠢᠨ ᠤᠷᠠᠯᠢᠭ ᠤᠨ ᠰᠤᠷᠭᠠᠭᠤᠯᠢ 1 ᠪᠣᠢ᠃ ᠰᠢᠨᠵᠢᠯᠡᠭᠡᠨ ᠤ ᠰᠠᠯᠠᠭᠠᠨ ᠤ ᠲᠤᠰᠬᠠᠶ | ᠮᠡᠷᠭᠡᠵᠢᠯ ᠤᠨ ᠲᠣᠬᠢᠷᠠᠭᠤᠯᠤᠯᠲᠠ ᠨᠢ ᠤᠷᠠᠯᠢᠭ ᠤᠨ ᠤᠬᠠᠭᠠᠨ ᠤ ᠲᠥᠷᠥᠯ ᠢᠶᠠᠷ ᠭᠤᠣᠯᠯᠠᠵᠤ᠂ ᠤᠷᠠᠯᠢᠭ ᠤᠨ | ᠤᠬᠠᠭᠠᠨ ᠤ ᠣᠨᠣᠯ᠂ ᠳᠠᠭᠤᠤ ᠬᠥᠭᠵᠢᠮ ᠪᠠ ᠪᠥᠵᠢᠭ ᠤᠨ ᠤᠬᠠᠭᠠᠨ᠂ ᠰᠢ ᠵᠦᠴᠦᠭᠡ ᠪᠠ ᠺᠢᠨᠣ᠋ ᠲᠧᠯᠸᠢᠰ ᠤᠨ | ᠤᠬᠠᠭᠠᠨ᠂ ᠤᠷᠠᠨ ᠵᠢᠷᠤᠭ ᠤᠨ ᠤᠬᠠᠭᠠᠨ᠂ ᠵᠢᠷᠤᠭ ᠲᠥᠯᠦᠪᠯᠡᠭᠡᠨ ᠤ ᠤᠬᠠᠭᠠᠨ ᠵᠡᠷᠭᠡ ᠨᠢᠭᠡᠳᠦᠭᠡᠷ ᠳᠡᠰ ᠤᠨ | ᠰᠢᠨᠵᠢᠯᠡᠭᠡᠨ ᠤ ᠰᠠᠯᠠᠭ᠎ᠠ 5᠂ ᠰᠣᠶᠣᠯ ᠤᠨ ᠠᠵᠤ ᠦᠢᠯᠡᠰ ᠤᠨ ᠬᠠᠮᠢᠶᠠᠷᠤᠯᠲᠠ ᠵᠡᠷᠭᠡ ᠬᠤᠶᠠᠳᠤᠭᠠᠷ ᠳᠡᠰ ᠤᠨ | ᠰᠢᠨᠵᠢᠯᠡᠭᠡᠨ ᠤ ᠰᠠᠯᠠᠭ᠎ᠠ 1᠂ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 25 ᠪᠣᠢ᠃ ᠰᠤᠷᠭᠠᠭᠤᠯᠢ ᠳᠤ ᠣᠲᠣ | ᠳᠠᠭᠤᠤ ᠬᠥᠭᠵᠢᠮ ᠪᠠ ᠪᠥᠵᠢᠭ ᠤᠨ ᠤᠬᠠᠭᠠᠨ᠂ ᠤᠷᠠᠨ ᠵᠢᠷᠤᠭ ᠤᠨ ᠤᠬᠠᠭᠠᠨ ᠤ ᠨᠢᠭᠡᠳᠦᠭᠡᠷ ᠳᠡᠰ ᠤᠨ | ᠰᠢᠨᠵᠢᠯᠡᠭᠡᠨ ᠤ ᠰᠠᠯᠠᠭᠠᠨ ᠤ ᠡᠷᠳᠡᠮ ᠰᠢᠨᠵᠢᠯᠡᠭᠡᠨ ᠤ ᠡᠷᠳᠡᠮ ᠤᠨ ᠴᠣᠯᠠ ᠶᠢᠨ ᠮᠠᠰᠲ᠋ᠧᠷ ᠴᠣᠯᠠ ᠣᠯᠭᠤᠬᠤ ᠴᠡᠭ 2᠂ | ᠲᠤᠰᠬᠠᠶ ᠮᠡᠷᠭᠡᠵᠢᠯ ᠤᠨ ᠬᠦᠷᠢᠶᠡᠨ ᠤ ᠤᠷᠠᠯᠢᠭ ᠤᠨ ᠮᠠᠰᠲ᠋ᠧᠷ ︵MFA︶ ᠤᠨ ᠲᠤᠰᠬᠠᠶ ᠮᠡᠷᠭᠡᠵᠢᠯ ᠤᠨ ᠡᠷᠳᠡᠮ ᠤᠨ | ᠴᠣᠯᠠ ᠶᠢᠨ ᠡᠷᠬᠡ ᠣᠯᠭᠤᠬᠤ ᠴᠡᠭ 8 ᠪᠣᠢ᠃ ᠪᠥᠵᠢᠭ ᠤᠨ ᠲᠣᠭᠯᠠᠯᠲᠠ᠂ ᠳᠠᠭᠤᠤ ᠬᠥᠭᠵᠢᠮ ᠤᠨ ᠲᠣᠭᠯᠠᠯᠲᠠ᠂ | ᠺᠠᠷᠲ᠋ᠣᠨ ᠵᠢᠷᠤᠭ᠂ ᠤᠷᠠᠨ ᠵᠢᠷᠤᠭ᠂ ᠬᠤᠪᠴᠠᠰᠤ ᠬᠤᠨᠠᠷ ᠪᠠ ᠬᠤᠪᠴᠠᠰᠤ ᠵᠠᠰᠠᠯ ᠤᠨ ᠵᠢᠷᠤᠭ ᠲᠥᠯᠥᠪᠯᠡᠭᠡ ᠵᠡᠷᠭᠡ 5 | ᠲᠤᠰᠬᠠᠶ ᠮᠡᠷᠭᠡᠵᠢᠯ ᠨᠢ ᠤᠯᠤᠰ ᠤᠨ ᠲᠠᠰ ᠤᠨ ᠲᠡᠷᠢᠭᠦᠨ ᠲᠠᠰ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ | ᠪᠥᠲᠥᠭᠡᠨ ᠪᠠᠶᠢᠭᠤᠯᠤᠯᠲᠠ ᠶᠢᠨ ᠴᠡᠭ ᠲᠤ ᠰᠣᠩᠭᠤᠭᠳᠠᠨ ᠣᠷᠣᠵᠤ᠂ ᠳᠠᠭᠤᠤ ᠬᠥᠭᠵᠢᠮ ᠤᠨ ᠤᠬᠠᠭᠠᠨ ᠨᠢ | ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠲᠠᠰ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ | ᠪᠥᠲᠥᠭᠡᠨ ᠪᠠᠶᠢᠭᠤᠯᠤᠯᠲᠠ ᠶᠢᠨ ᠴᠡᠭ ᠢᠶᠠᠷ ᠵᠥᠪᠰᠢᠶᠡᠷᠡᠭᠳᠡᠪᠡ᠃ | | | | ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠬᠢᠨ ᠪᠡᠭᠡᠵᠢᠩ ᠣᠷᠣᠵᠤ ᠳᠡᠯᠡᠬᠡᠶ ᠶᠢᠨ | ᠭᠤᠷᠪᠠᠨ ᠶᠡᠭᠡ ᠪᠣᠳᠠᠰ ᠤᠨ ᠪᠤᠰᠤ ᠰᠣᠶᠣᠯ ᠤᠨ ᠥᠪ ᠮᠣᠩᠭᠤᠯ ᠦᠨᠳᠦᠰᠦᠲᠡᠨ ᠤ ᠬᠦᠭᠡᠮᠡᠢ᠂ ᠮᠣᠷᠢᠨ ᠬᠤᠭᠤᠷ᠂ | ᠤᠷᠲᠤ ᠶᠢᠨ ᠳᠠᠭᠤᠤ ᠶᠢ ᠲᠣᠭᠯᠠᠪᠠ | | | ᠣᠳᠣ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠶᠡᠷᠦᠩᠬᠡᠢ ᠲᠤᠭ᠎ᠠ 5000 ᠭᠠᠷᠤᠢ᠂ ᠪᠠᠭᠰᠢ | ᠠᠵᠢᠯᠲᠠᠨ 600 ᠭᠠᠷᠤᠶ ᠪᠣᠢ᠂ ᠡᠭᠦᠨ ᠳᠤ᠂ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ | ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠭᠡᠰᠢᠭᠦᠨ 2᠂ ᠤᠯᠤᠰ ᠤᠨ ᠲᠣᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠢᠳᠡᠷ ᠵᠠᠯᠠᠭᠤ ᠨᠠᠰᠤᠨ ᠤ ᠲᠤᠰᠬᠠᠶ ᠮᠡᠷᠭᠡᠵᠢᠯᠲᠡᠨ 1᠂ ᠤᠯᠤᠰ ᠤᠨ ︽ᠲᠦᠮᠡᠨ ᠬᠥᠮᠦᠨ ᠤ | ᠲᠥᠯᠥᠪᠯᠡᠭᠡ︾ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠳᠠᠭᠠᠭᠤᠯᠤᠭᠴᠢ ᠴᠢᠳᠠᠪᠤᠷᠢᠲᠠᠨ 1᠂ | ᠪᠥᠬᠦ ᠤᠯᠤᠰ ᠤᠨ ᠢᠳᠡᠷ ᠵᠠᠯᠠᠭᠤ ᠨᠠᠰᠤᠨ ᠤ ︽ᠮᠣᠷᠠᠯ ᠤᠷᠠᠯᠢᠭ ᠬᠤᠤᠰᠯᠠᠭᠰᠠᠨ︾ ᠤᠳᠬ᠎ᠠ ᠤᠷᠠᠯᠢᠭ ᠤᠨ ᠠᠵᠢᠯᠲᠠᠨ | 1᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠭᠦᠷᠲᠡᠵᠦ ᠪᠠᠶᠢᠭ᠎ᠠ ᠲᠤᠰᠬᠠᠶ | ᠮᠡᠷᠭᠡᠵᠢᠯᠲᠡᠨ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ | ᠵᠠᠯᠠᠭᠤ ᠨᠠᠰᠤᠨ ᠤ ᠲᠤᠰᠬᠠᠶ ᠮᠡᠷᠭᠡᠵᠢᠯᠲᠡᠨ 5᠂ ᠥᠪᠡᠷᠲᠡᠭᠡᠨ ᠵᠠᠰᠠᠬᠤ ᠣᠷᠣᠨ ᠤ ︽ᠭᠠᠷᠮᠠᠭᠠᠶ ᠴᠢᠳᠠᠪᠤᠷᠢᠲᠠᠨ︾ ᠤ | ᠱᠠᠩᠨᠠᠯ ᠭᠦᠷᠲᠡᠭᠴᠢ 1᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠰᠢᠨ᠎ᠡ ᠶᠢ | ᠡᠭᠦᠳᠬᠦ ᠪᠦᠯᠬᠦᠮ ᠤᠨ ᠳᠠᠭᠠᠭᠤᠯᠤᠭᠴᠢ 5᠂ ᠬᠥᠮᠦᠵᠢᠭᠦᠯᠬᠦ ᠪᠠᠷ ᠰᠣᠩᠭᠤᠭᠳᠠᠭᠰᠠᠳ 10᠂ ᠥᠪᠡᠷᠲᠡᠭᠡᠨ ᠵᠠᠰᠠᠬᠤ | ᠣᠷᠣᠨ ᠤ ᠤᠳᠬ᠎ᠠ ᠤᠷᠠᠯᠢᠭ ᠲᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠴᠢ 3᠂ ᠥᠪᠡᠷᠲᠡᠭᠡᠨ ᠵᠠᠰᠠᠬᠤ ᠣᠷᠣᠨ ᠤ | ︽ᠰᠢᠨ᠎ᠡ ᠡᠷᠢᠨ ᠤ 321 ᠴᠢᠳᠠᠪᠤᠷᠢᠲᠠᠨ ᠤ ᠢᠨᠵᠧᠨᠧᠷᠢᠩ︾ ᠤᠨ ᠵᠢᠱᠢᠭᠳᠡᠭᠴᠢ 7᠂ ᠥᠪᠡᠷᠲᠡᠭᠡᠨ ᠵᠠᠰᠠᠬᠤ ᠣᠷᠣᠨ ᠤ | ᠲᠠᠰ ᠤᠨ ︽ᠳᠥᠷᠪᠡᠨ ᠨᠢᠭᠡ ᠪᠦᠯᠦᠭ︾ ᠤᠨ ᠴᠢᠳᠠᠪᠤᠷᠢᠲᠠᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠠᠨ | ᠰᠤᠷᠭᠠᠯᠲᠠ ᠶᠢᠨ ᠨᠠᠷᠠᠲᠤ ᠪᠠᠭᠰᠢ 5 ᠪᠣᠢ᠃ | | | | ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠣᠶᠣᠯ ᠤᠷᠠᠯᠢᠭ ᠤᠨ ᠵᠠᠰᠠᠭ ᠤᠨ | ᠣᠷᠳᠣᠨ ᠤ ᠱᠠᠩᠨᠠᠯ — ︽ᠸᠧᠨ ᠬᠤᠸᠠ ᠲᠣᠮᠣ ᠱᠠᠩᠨᠠᠯ︾ ᠶᠢ ᠭᠦᠷᠲᠡᠭᠰᠡᠨ ᠪᠦᠵᠢᠭᠲᠦ ᠵᠦᠴᠦᠭᠡ ︽ᠲᠠᠯ᠎ᠠ | ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ | | | | ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠨ ᠵᠢᠷᠤᠭ ᠤᠨ ᠱᠠᠩᠨᠠᠯ ᠤᠨ ᠠᠯᠲᠠᠨ ᠮᠧᠲᠠᠯ | ᠭᠦᠷᠲᠡᠭᠰᠡᠨ ᠤᠰᠤᠨ ᠪᠤᠳᠤᠭ ᠤᠨ ᠵᠢᠷᠤᠭ ︽ᠠᠯᠤᠰ ᠤᠨ ᠪᠠᠷ᠎ᠠ︾ | | | ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠯᠡᠭᠡ︾ ᠶᠢᠨ ᠬᠤᠭᠤᠴᠠᠭᠠᠨ ᠳᠤ᠂ ᠰᠤᠷᠭᠠᠭᠤᠯᠢ ᠨᠢ | ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠨᠢᠭᠡᠳᠦᠭᠡᠷ ᠳᠡᠰ ᠤᠨ | ᠱᠠᠩᠨᠠᠯ 1᠂ ᠬᠤᠶᠠᠳᠤᠭᠠᠷ ᠳᠡᠰ ᠤᠨ ᠱᠠᠩᠨᠠᠯ 1 ᠶᠢ ᠭᠦᠷᠲᠡᠪᠡ︔ ᠤᠯᠤᠰ ᠤᠨ ᠲᠠᠰ ᠤᠨ ᠰᠤᠳᠤᠯᠭᠠᠨ ᠤ ᠰᠠᠭᠤᠷᠢᠨ | 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠭᠠᠨ ᠤ ︵ᠳᠠᠭᠤᠷᠢᠶᠠᠯ ᠦᠵᠡᠭᠦᠯᠬᠦ︶ ᠰᠠᠭᠤᠷᠢᠨ 8 ᠪᠣᠢ᠃ | ᠠᠩᠬᠠᠨ ᠤ ᠪᠥᠲᠦᠭᠡᠯ ᠪᠣᠯᠬᠤ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ | ᠳᠡᠭᠦᠦ︾ ᠨᠢ 2016 ᠣᠨ ᠠᠴᠠ — 2020 ᠣᠨ ᠪᠣᠯᠲᠠᠯᠠᠬᠢ ᠬᠤᠭᠤᠴᠠᠭᠠᠨ ᠳᠤ ᠤᠯᠠᠨ ᠵᠦᠢᠯ ᠤᠨ ᠢᠷᠠᠭᠤ | ᠠᠯᠳᠠᠷ ᠢ ᠬᠦᠷᠳᠡᠵᠦ᠂ ᠤᠯᠤᠰ ᠤᠨ ᠤᠷᠠᠯᠢᠭ ᠤᠨ ᠰᠠᠭᠤᠷᠢ ᠮᠥᠩᠭᠦᠨ ᠤ ᠲᠤᠮᠤ ᠬᠡᠯᠪᠡᠷᠢᠲᠦ ᠲᠠᠶᠢᠰᠠᠨ ᠤ | ᠤᠷᠠᠯᠢᠭ ᠤᠨ ᠵᠣᠬᠢᠶᠠᠨ ᠪᠥᠲᠦᠭᠡᠯᠭᠡ ᠶᠢ ᠲᠤᠰᠠᠯᠠᠬᠤ ᠲᠦᠷᠦᠯ ᠵᠦᠢᠯ ᠪᠣᠯᠤᠭᠰᠠᠨ ᠤ ᠬᠤᠪᠢ ᠳᠤ᠂ ᠠᠷᠪᠠᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠤᠨ ︽ᠪᠠᠳᠮ᠎ᠠ ᠱᠠᠩᠨᠠᠯ︾ ᠭᠡᠬᠦ ᠪᠥᠵᠢᠭᠲᠦ ᠵᠦᠴᠦᠭᠡ ᠶᠢᠨ ᠱᠠᠩᠨᠠᠯ᠂ | ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠣᠶᠣᠯ ᠤᠷᠠᠯᠢᠭ ᠤᠨ ᠵᠠᠰᠠᠭ ᠤᠨ ᠣᠷᠳᠣᠨ ᠤ | ᠱᠠᠩᠨᠠᠯ ︽ᠸᠧᠨ ᠬᠤᠸᠠ ᠲᠤᠮᠤ ᠱᠠᠩᠨᠠᠯ︾ ᠢ ᠬᠦᠷᠳᠡᠵᠦ᠂ 2020 ᠣᠨ ᠳᠤ ᠰᠣᠶᠣᠯ ᠪᠠ ᠵᠢᠭᠤᠯᠴᠢᠯᠠᠯ ᠤᠨ | ᠶᠠᠮᠤᠨ ᠤ ︽ᠵᠠᠭᠤᠨ ᠵᠢᠯ ᠤᠨ ᠵᠠᠭᠤᠨ ᠪᠥᠲᠦᠭᠡᠯ︾ ᠤᠯᠠᠮᠵᠢᠯᠠᠯᠲᠤ ᠰᠣᠳᠣᠨ ᠪᠦᠲᠦᠭᠡᠯ ᠢ ᠳᠠᠪᠲᠠᠨ ᠪᠣᠯᠪᠠᠰᠤᠷᠠᠭᠤᠯᠬᠤ | ᠲᠥᠯᠦᠪᠯᠡᠭᠡᠨ ᠤ ᠭᠤᠣᠯᠳᠠᠯᠭᠠᠲᠠᠢ ᠲᠡᠳᠬᠦᠨ ᠳᠡᠮᠵᠢᠬᠦ ᠪᠦᠲᠦᠭᠡᠯ ᠢᠶᠠᠷ ᠰᠣᠩᠭᠤᠭᠳᠠᠵᠤ᠂ ᠵᠢᠷᠭᠤᠳᠤᠭᠠᠷ | ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠳᠬ᠎ᠠ ᠤᠷᠠᠯᠢᠭ ᠤᠨ ᠬᠠᠮᠲᠤᠷᠠᠭᠰᠠᠨ | ᠲᠣᠭᠯᠠᠯᠲᠠ ᠳᠤ ᠰᠣᠩᠭᠤᠭᠳᠠᠪᠠ᠃ ᠪᠠᠭᠰᠢ ᠵᠢᠶᠧ ᠶᠤᠸᠠᠨ ᠹᠠᠩ ᠤᠨ ᠤᠰᠤᠨ ᠪᠤᠳᠤᠭ ᠤᠨ ᠵᠢᠷᠤᠭ ᠤᠨ ᠪᠦᠲᠦᠭᠡᠯ | ︽ᠠᠯᠤᠰ ᠤᠨ ᠪᠠᠷ᠎ᠠ︾ ᠨᠢ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠨ ᠵᠢᠷᠤᠭ ᠤᠨ ᠱᠠᠩᠨᠠᠯ ᠤᠨ | ᠠᠯᠲᠠᠨ ᠮᠧᠲᠠᠯ ᠢ ᠭᠥᠷᠳᠡᠪᠡ᠃ | | | | ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠣᠶᠤᠲᠠᠨ ᠤᠨ ᠤᠯᠠᠭᠠᠨᠮᠥ᠋ᠴᠢᠷ ᠨᠡᠶᠢᠭᠡᠮ | ᠲᠣᠭᠤᠷᠢᠭ ᠲᠤ ᠭᠦᠨᠵᠡᠭᠡᠶᠢᠷᠡᠨ ᠲᠣᠬᠤᠨᠢᠭᠤᠯᠬᠤ ᠲᠣᠭᠯᠠᠯᠲᠠ ᠭᠠᠷᠭᠠᠪᠠ | | | ᠣᠯᠠᠨ ᠵᠢᠯ ᠤᠨ ᠲᠤᠷᠰᠢ᠂ ᠰᠤᠷᠭᠠᠭᠤᠯᠢ ᠨᠢ ᠤᠷᠢᠳ ᠬᠤᠵᠢᠳ ᠠᠮᠧᠷᠢᠺᠠ᠂ ᠳ᠋ᠠᠨᠮᠠᠶᠢᠺ᠂ ᠮᠣᠩᠭᠤᠯ ᠤᠯᠤᠰ᠂ ᠲᠠᠢ | ᠤᠯᠤᠰ᠂ ᠺᠣᠷᠢᠶᠠ ᠵᠡᠷᠭᠡ ᠣᠯᠠᠨ ᠤᠯᠤᠰ ᠤᠨ ᠶᠡᠭᠡ ᠰᠤᠷᠭᠠᠭᠤᠯᠢ ᠪᠠ ᠤᠯᠤᠰ ᠤᠨ ᠳᠣᠲᠣᠭᠠᠳᠤ ᠶᠢᠨ ᠤᠷᠠᠯᠢᠭ ᠤᠨ | ᠳᠡᠭᠡᠳᠦ ᠰᠤᠷᠭᠠᠭᠤᠯᠢ᠂ ᠪᠦᠯᠬᠦᠮ ᠲᠠᠢ ᠤᠷᠠᠯᠢᠭ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠰᠠᠶᠢᠨ ᠰᠠᠶᠢᠬᠠᠨ | ᠬᠠᠷᠢᠴᠠᠭ᠎ᠠ ᠶᠢ ᠪᠠᠶᠢᠭᠤᠯᠤᠭᠰᠠᠨ ᠪᠠᠶᠢᠨ᠎ᠠ᠃ ᠤᠷᠢᠯᠭ᠎ᠠ ᠪᠠᠷ ᠠᠮᠧᠷᠢᠺᠠ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠢᠰᠫᠠᠨᠢ᠂ | ᠰᠸᠧᠳᠧᠨ᠂ ᠳ᠋ᠠᠨᠮᠠᠶᠢᠺ᠂ ᠭᠧᠷᠮᠠᠨ ᠵᠡᠷᠭᠡ ᠤᠯᠤᠰ ᠪᠣᠯᠤᠨ ᠰᠢᠶᠠᠩᠭᠠᠩ ᠣᠣᠮᠧᠨ ᠲᠠᠶᠢᠸᠠᠨ ᠳᠤ ᠤᠯᠠᠨ ᠤᠳᠠᠭ᠎ᠠ | ᠠᠶᠢᠯᠴᠢᠯᠠᠨ ᠲᠣᠭᠯᠠᠯᠲᠠ ᠭᠠᠷᠭᠠᠵᠤ᠂ ᠪᠦᠲᠦᠭᠡᠯ ᠤᠨ ᠦᠵᠡᠰᠬᠦᠯᠡᠩ ᠡᠷᠬᠢᠯᠡᠨ᠂ ᠳᠡᠯᠡᠬᠡᠢ ᠳᠠᠬᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠥᠯᠥᠭᠡᠯᠡᠬᠦ ᠬᠦᠴᠦᠨ ᠢ ᠥᠷᠭᠡᠳᠬᠡᠬᠦ ᠳᠤ ᠢᠳᠡᠪᠬᠢᠲᠡᠢ ᠬᠤᠪᠢ | ᠨᠡᠮᠡᠷᠢ ᠦᠵᠡᠭᠦᠯᠪᠡ᠃ | 2020 ᠣᠨ ᠳᠤ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠨᠢ ᠬᠤᠷᠢᠨᠭᠡᠷ ᠰᠢᠨ᠎ᠡ | ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ᠃ ᠰᠢᠨ᠎ᠡ ᠰᠤᠷᠭᠠᠭᠤᠯᠢ ᠶᠢᠨ | ᠲᠣᠭᠤᠷᠢᠭ ᠨᠢ ᠬᠤᠷᠢᠨᠭᠡᠷ ᠰᠢᠨ᠎ᠡ ᠲᠣᠭᠤᠷᠢᠭ ᠲᠤ ᠪᠠᠶᠢᠷᠢᠯᠠᠵᠤ᠂ ᠡᠵᠡᠯᠡᠬᠦ ᠲᠠᠯᠠᠪᠠᠶ ᠨᠢ 45 ᠲᠦᠮᠡᠨ ᠲᠡᠭᠰᠢ | ᠳᠥᠷᠪᠡᠯᠵᠢᠨ ᠮᠧᠲᠷ ᠢ ᠳᠠᠪᠠᠵᠤ᠂ ᠪᠠᠶᠢᠭᠤᠯᠤᠭᠳᠠᠭᠰᠠᠨ ᠤ ᠳᠠᠷᠠᠭ᠎ᠠ ᠨᠢᠭᠡᠨ ᠤᠷᠠᠯᠢᠭ ᠬᠢᠭᠡᠳ ᠪᠠᠶᠢᠭᠠᠯᠢ᠂ | ᠤᠯᠠᠮᠵᠢᠯᠠᠯ ᠬᠢᠭᠡᠳ ᠣᠲᠣ ᠦᠶ᠎ᠡ ᠶᠢ ᠨᠢᠭᠡ ᠴᠣᠭᠴᠠᠵᠢᠭᠤᠯᠤᠭᠰᠠᠨ ᠰᠢᠨ᠎ᠡ ᠴᠠᠭ ᠦᠶ᠎ᠡ ᠶᠢᠨ ᠶᠡᠭᠡ ᠰᠤᠷᠭᠠᠭᠤᠯᠢ | ᠪᠣᠯᠤᠨ᠎ᠠ᠃ ᠣᠳᠣᠬᠠᠨ ᠳᠤ᠂ ᠰᠢᠨ᠎ᠡ ᠰᠤᠷᠭᠠᠭᠤᠯᠢ ᠶᠢᠨ ᠲᠣᠭᠤᠷᠢᠭ ᠤᠨ 32000 ᠲᠡᠭᠰᠢ ᠳᠥᠷᠪᠡᠯᠵᠢᠨ ᠮᠧᠲᠷ | ᠲᠠᠯᠠᠪᠠᠢ ᠲᠠᠢ ᠰᠤᠷᠤᠭᠴᠢ ᠶᠢᠨ ᠨᠢᠭᠡᠳᠦᠭᠡᠷ ᠪᠠᠶᠢᠷᠢ ᠶᠢᠨ ᠠᠰᠠᠷ ᠢ ᠨᠢᠭᠡᠨᠲᠡ ᠪᠠᠷᠢᠵᠤ ᠳᠠᠭᠤᠰᠪᠠ᠃ 2022 | ᠣᠨ ᠳᠤ ᠬᠡᠰᠡᠭ ᠳᠡᠭᠡᠳᠦ ᠰᠤᠷᠭᠠᠭᠤᠯᠢ ᠰᠠᠯᠪᠤᠷᠢ ᠰᠢᠨ᠎ᠡ ᠰᠤᠷᠭᠠᠭᠤᠯᠢ ᠶᠢᠨ ᠬᠦᠷᠢᠶᠡᠨ ᠳᠤ ᠨᠡᠭᠦᠵᠦ ᠣᠴᠢᠨ᠎ᠠ᠃ | | | | ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠬᠤᠷᠢᠨᠭᠡᠷ ᠰᠢᠨ᠎ᠡ ᠰᠤᠷᠭᠠᠭᠤᠯᠢ ᠶᠢᠨ | ᠲᠣᠭᠤᠷᠢᠭ ᠤᠨ ᠪᠥᠬᠦ ᠦᠵᠡᠮᠵᠢ | | | ᠰᠢᠨ᠎ᠡ ᠴᠠᠭ ᠦᠶ᠎ᠡ ᠳᠤ᠂ ᠰᠢᠨ᠎ᠡ ᠠᠶᠠᠯᠠᠯ ᠳᠤ ᠪᠠᠨ ᠮᠣᠷᠳᠠᠶ᠎ᠠ᠃ ᠡᠨᠡ ᠵᠢᠯ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠲᠡᠦᠬᠡ ᠶᠢᠨ ᠰᠢᠨ᠎ᠡ ᠭᠠᠷᠤᠭ᠎ᠠ ᠠᠴᠠ ᠥᠪᠥᠷ ᠮᠣᠩᠭᠤᠯ ᠤᠨ | ᠤᠷᠠᠯᠢᠭ ᠤᠨ ᠳᠡᠭᠡᠳᠦ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠡᠶᠢᠭᠡᠮ ᠵᠢᠷᠤᠮ ᠤᠨ | ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢᠨ | ᠲᠣᠭᠤᠷᠢᠨ ᠳᠤ ︽ᠶᠣᠰᠣ ᠮᠣᠷᠠᠯ ᠡᠷᠬᠢᠮ ᠲᠡᠭᠡᠳᠦ ᠤᠷᠠᠯᠢᠭ ᠭᠤᠸ᠎ᠠ ᠰᠠᠶᠢᠬᠠᠨ᠂ ᠡᠷᠳᠡᠮ ᠮᠡᠳᠡᠯᠭᠡ ᠥᠯᠡᠮᠵᠢ ᠶᠡᠭᠡ | ᠦᠢᠯᠡ ᠠᠵᠢᠯᠯᠠᠭ᠎ᠠ ᠲᠥᠪ ᠴᠢᠭᠡᠴᠢ︾ ᠰᠤᠷᠭᠠᠭᠤᠯᠢ ᠶᠢᠨ ᠰᠤᠷᠭᠠᠯ ᠢ ᠵᠢᠷᠤᠮᠯᠠᠵᠤ᠂ ᠨᠠᠮ ᠤᠨ ᠰᠤᠷᠭᠠᠨ | ᠬᠥᠮᠦᠵᠢᠯ ᠤᠨ ᠦᠢᠯᠡᠰ ᠲᠤ ᠦᠨᠡᠨᠴᠢ ᠪᠠᠶᠢᠬᠤ ᠪᠠᠷ ᠢᠷᠠᠭᠤ ᠠᠯᠳᠠᠷ ᠢᠶᠠᠨ ᠪᠣᠯᠭᠠᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠡᠭᠦᠷᠭᠡ ᠪᠠᠨ ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ | ᠥᠨᠳᠥᠷ ᠲᠦᠪᠰᠢᠨ ᠲᠠᠢ ᠬᠡᠷᠡᠭᠯᠡᠭᠡᠨ ᠤ ᠬᠡᠯᠪᠡᠷᠢᠲᠦ ᠤᠷᠠᠯᠢᠭ ᠤᠨ ᠳᠡᠭᠡᠳᠦ ᠰᠤᠷᠭᠠᠭᠤᠯᠢ ᠶᠢ ᠪᠠᠶᠢᠭᠤᠯᠬᠤ ᠶᠢᠨ | ᠲᠥᠯᠥᠭᠡ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ | ᠳᠤᠮᠳᠠᠳᠤ ᠶᠢᠨ ᠬᠦᠰᠡᠯ ᠢᠶᠠᠨ ᠬᠠᠮᠲᠤ ᠪᠠᠷ ᠪᠡᠶᠡᠯᠡᠭᠦᠯᠬᠦ︾ ᠶᠢᠨ ᠲᠥᠯᠥᠭᠡ ᠤᠷᠠᠯᠢᠭ ᠤᠨ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠡᠷᠡᠯᠬᠡᠭᠯᠡᠨ ᠤᠷᠤᠭᠰᠢᠯᠠᠬᠤ ᠰᠢᠨ᠎ᠡ ᠬᠠᠭᠤᠳᠠᠰᠤ ᠶᠢ ᠪᠢᠴᠢᠭᠯᠡᠨᠡᠮ︕ | | | | | | | |