ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠠᠴᠠ ︽ᠮᠢᠨᠦ ᠳᠤᠮᠳᠠᠳᠤ ᠶᠢᠨ ᠰᠡᠳᠬᠢᠯ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/8/18
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ      — ︽ᠮᠢᠨᠤ ᠳᠤᠮᠳᠠᠳᠤ ᠶᠢᠨ ᠰᠡᠳᠬᠢᠯ︾          ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ      ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠨᠢ 1958 ᠣᠨ ᠳᠤ ᠪᠠᠶᠢᠭᠤᠯᠤᠭᠳᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠭᠤᠣᠯᠳᠠᠯᠭᠠᠲᠠᠢ ᠪᠦᠳᠦᠭᠡᠨ ᠪᠠᠶᠢᠭᠤᠯᠤᠭᠰᠠᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠲᠤᠷᠠᠨ ᠪᠠᠶᠢᠭᠤᠯᠤᠭᠰᠠᠨ ᠳᠡᠭᠡᠳᠦ ᠰᠤᠷᠭᠠᠭᠤᠯᠢ᠂ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠯᠡᠭᠡ︾ ᠶᠢᠨ ᠪᠠᠷᠠᠭᠤᠨ ᠣᠷᠣᠨ ᠤ ᠳᠡᠭᠡᠳᠦ ᠰᠤᠷᠭᠠᠭᠤᠯᠢ ᠶᠢᠨ ᠰᠠᠭᠤᠷᠢ ᠴᠢᠳᠠᠪᠤᠷᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠳᠡᠮᠵᠢᠬᠦ ᠳᠡᠭᠡᠳᠦ ᠰᠤᠷᠭᠠᠭᠤᠯᠢ ᠪᠣᠯᠤᠨ᠎ᠠ᠃ ᠣᠯᠠᠨ ᠵᠢᠯ ᠤᠨ ᠲᠤᠷᠰᠢ᠂ ᠰᠤᠷᠭᠠᠭᠤᠯᠢ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠬᠦ ᠴᠢᠭᠯᠡᠯ ᠢ ᠢᠮᠠᠭᠲᠠ ᠪᠠᠷᠢᠮᠲᠠᠯᠠᠨ᠂ ᠥᠪᠥᠷ ᠮᠣᠩᠭᠤᠯ ᠳᠤ ᠰᠠᠭᠤᠷᠢᠯᠠᠵᠤ᠂ ᠪᠥᠬᠦ ᠤᠯᠤᠰ ᠲᠤ ᠬᠠᠨᠳᠤᠭᠤᠯᠤᠨ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ᠂ ᠢᠯᠡ ᠲᠣᠳᠣ ᠣᠷᠣᠨ ᠨᠤᠲᠤᠭ ᠤᠨ ᠣᠨᠴᠠᠯᠢᠭᠲᠤ᠂ ᠦᠨᠳᠦᠰᠦᠲᠡᠨ ᠤ ᠣᠨᠴᠠᠯᠢᠭᠲᠤ ᠪᠠ ᠬᠢᠴᠢᠶᠡᠯ ᠲᠥᠷᠥᠯ ᠤᠨ ᠳᠠᠪᠠᠭᠤᠯᠢᠭᠲᠤ ᠥᠨᠳᠥᠷ ᠬᠢᠷᠢ ᠲᠦᠪᠰᠢᠨ ᠪᠥᠬᠦᠶ ᠶᠡᠷᠦᠩᠬᠡᠶᠢᠯᠡᠭᠰᠡᠨ ᠴᠢᠨᠠᠷᠲᠠᠶ ᠶᠡᠭᠡ ᠰᠤᠷᠭᠠᠭᠤᠯᠢ ᠶᠢ ᠪᠥᠲᠥᠭᠡᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠡᠷᠭᠢᠯᠡᠪᠡ᠃

     ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠨᠢ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠵᠡᠭᠦᠨ ᠬᠡᠰᠡᠭ ᠲᠤ ᠪᠠᠶᠢᠷᠢᠯᠠᠵᠤ᠂ ᠡᠵᠡᠯᠡᠵᠦ ᠪᠠᠶᠢᠭ᠎ᠠ ᠭᠠᠵᠠᠷ 1565 ᠮᠥ᠂ ᠰᠤᠷᠭᠠᠭᠤᠯᠢ ᠶᠢᠨ

ᠭᠡᠷ ᠪᠠᠷᠢᠯᠭ᠎ᠠ ᠶᠢᠨ ᠲᠠᠯᠠᠪᠠᠶ ᠨᠢ 41 . 14 ᠲᠦᠮᠡᠨ ᠲᠡᠭᠰᠢ ᠳᠥᠷᠪᠡᠯᠵᠢᠨ ᠮᠧᠲᠷ ᠪᠣᠢ᠃ ᠨᠣᠮ ᠤᠨ ᠰᠠᠩ ᠳᠤ

175 . 5 ᠲᠦᠮᠡ ᠭᠠᠷᠤᠶ ᠳᠡᠪᠲᠡᠷ ᠨᠣᠮ ᠬᠠᠳᠠᠭᠠᠯᠠᠵᠤ ᠪᠣᠢ᠃ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ

ᠪᠠᠶᠢᠭ᠎ᠠ ᠰᠣᠷᠣᠭᠴᠢ 23103᠂ ᠡᠭᠦᠨ ᠳᠤ ᠵᠢᠩᠬᠢᠨᠢ ᠠᠩᠭᠢ ᠶᠢᠨ ᠰᠣᠷᠣᠭᠴᠢ 20785 ᠪᠣᠶ︔ ᠲᠤᠰᠬᠠᠶ ᠪᠠᠭᠰᠢ

1296᠂ ᠳᠡᠭᠡᠳᠦ ᠳᠡᠰ ᠤᠨ ᠮᠡᠷᠭᠡᠵᠢᠯ ᠤᠨ ᠴᠤᠯᠠᠲᠠᠢ ᠪᠠᠭᠰᠢ 780 ᠪᠣᠶ᠃ ᠲᠥᠷᠥ ᠶᠢᠨ ᠶᠠᠪᠤᠳᠠᠯ ᠤᠨ ᠬᠤᠷᠢᠶᠠᠨ ᠤ

ᠵᠠᠰᠠᠭ ᠤᠨ ᠣᠷᠳᠣᠨ ᠤ ᠣᠨᠴᠠ ᠨᠡᠮᠡᠭᠦᠷᠢ ᠶᠢ ᠬᠦᠷᠲᠡᠭᠴᠢ ᠮᠡᠷᠭᠡᠵᠢᠯᠲᠡᠨ 20᠂ ᠪᠥᠬᠦ ᠤᠯᠤᠰ ᠤᠨ ᠰᠢᠯᠢᠳᠡᠭ

ᠪᠠᠭᠰᠢ᠂ ᠰᠤᠷᠭᠠᠨ ᠬᠥᠮᠦᠵᠢᠯ ᠤᠨ ᠠᠵᠢᠯᠲᠠᠨ ᠵᠡᠷᠭᠡ 7᠂ ᠪᠥᠬᠦ ᠤᠯᠤᠰ ᠤᠨ ᠳᠡᠭᠡᠳᠦ ᠰᠤᠷᠭᠠᠭᠤᠯᠢ ᠶᠢᠨ ᠵᠢᠭᠠᠨ

ᠰᠤᠷᠭᠠᠯᠲᠠ ᠶᠢ ᠵᠢᠯᠣᠭᠤᠳᠬᠤ ᠵᠥᠪᠯᠡᠯ ᠤᠨ ᠭᠡᠰᠢᠭᠦᠨ 2 ᠪᠣᠶ᠃

     ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠣᠲᠣ ᠵᠢᠩᠬᠢᠨᠢ ᠠᠩᠭᠢ ᠶᠢᠨ ᠲᠤᠰᠬᠠᠶ

ᠮᠡᠷᠭᠡᠵᠢᠯ 79᠂ ᠮᠠᠰᠲ᠋ᠧᠷ ᠴᠣᠯᠠᠯᠠᠬᠤ ᠡᠷᠬᠡᠲᠦ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ 17᠂ ᠮᠠᠰᠲ᠋ᠧᠷ

ᠴᠣᠯᠠᠯᠠᠬᠤ ᠡᠷᠬᠡᠲᠦ ᠴᠡᠭ 7 ᠪᠣᠶ︔ ᠤᠯᠤᠰ ᠤᠨ ᠣᠨᠴᠠᠭᠠᠶ ᠬᠡᠷᠡᠭᠴᠡᠭᠡ ᠳᠤ ᠦᠢᠯᠡᠴᠢᠯᠡᠬᠦ ᠳ᠋ᠣᠺᠲ᠋ᠣᠷ

ᠴᠢᠳᠠᠪᠤᠷᠢᠲᠠᠨ ᠤ ᠲᠥᠰᠦᠯ 1 ᠪᠣᠢ︔ ᠣᠲᠣ ᠤᠯᠤᠰ ᠤᠨ ᠲᠠᠰ ᠤᠨ ᠵᠢᠭᠠᠨ ᠰᠤᠷᠭᠠᠯᠲᠠ ᠶᠢᠨ ᠪᠦᠯᠬᠦᠮ 1᠂

ᠤᠯᠤᠰ ᠤᠨ ᠲᠠᠰ ᠤᠨ ᠣᠨᠴᠠᠯᠢᠭᠲᠤ ᠲᠤᠰᠬᠠᠶ ᠮᠡᠷᠭᠡᠵᠢᠯ 3 ᠪᠣᠶ︔ ᠰᠢᠨ᠎ᠡ ᠲᠧᠭᠨᠢᠭ ᠤᠨ ᠤᠬᠠᠭᠠᠨ ᠤ ᠰᠤᠳᠤᠯᠭᠠᠨ

ᠪᠠ ᠥᠭᠡᠷᠡᠴᠢᠯᠡᠯᠲᠡ ᠶᠢᠨ ᠦᠢᠯᠡᠳᠦᠯᠭᠡ ᠶᠢᠨ ᠲᠥᠰᠦᠯ 3᠂ ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ ᠤ

ᠰᠤᠳᠤᠯᠭᠠᠨ ᠪᠠ ᠥᠭᠡᠷᠡᠴᠢᠯᠡᠯᠲᠡ ᠶᠢᠨ ᠦᠢᠯᠡᠳᠦᠯᠭᠡ ᠶᠢᠨ ᠲᠥᠰᠦᠯ 4᠂ ᠤᠯᠤᠰ ᠤᠨ ᠲᠠᠰ ᠤᠨ ᠲᠡᠷᠢᠭᠦᠨ ᠤ

ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠴᠡᠭ 6 ᠪᠣᠶ︔ ᠲᠡᠷᠢᠭᠦᠨ ᠤ ᠵᠢᠩᠬᠢᠨᠢ ᠠᠩᠭᠢ ᠶᠢᠨ ᠲᠤᠰᠬᠠᠶ ᠮᠡᠷᠭᠡᠵᠢᠯ

9 ᠪᠣᠶ᠃ ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ 2᠂

ᠰᠢᠯᠢᠳᠡᠭ ᠰᠣᠳᠣᠨ ᠬᠢᠴᠢᠶᠡᠯ 3᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠭᠠᠨ ᠰᠤᠷᠭᠠᠯᠲᠠ ᠶᠢᠨ ᠦᠷ᠎ᠡ

ᠪᠦᠲᠦᠭᠡᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ 39 ᠬᠦᠷᠳᠡᠵᠡᠢ᠃ ᠤᠯᠤᠰ ᠤᠨ

ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠵᠢᠭᠠᠨ

ᠰᠤᠷᠭᠠᠯᠲᠠ ᠶᠢᠨ ᠦᠷ᠎ᠡ ᠪᠦᠲᠦᠭᠡᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ 12

ᠭᠦᠷᠲᠡᠪᠡ᠃

     ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠮᠤᠵᠢ ᠪᠠ ᠶᠠᠮᠤᠨ ᠤ ᠲᠠᠰ ᠤᠨ

ᠭᠤᠣᠯᠳᠠᠯᠭᠠᠲᠠᠢ ᠰᠢᠨᠵᠢᠯᠡᠭᠡᠨ ᠤ ᠰᠠᠯᠠᠭ᠎ᠠ ︵ᠭᠤᠣᠯᠳᠠᠯᠭᠠᠲᠠᠢ ᠬᠥᠮᠦᠵᠢᠭᠦᠯᠬᠦ ᠰᠢᠨᠵᠢᠯᠡᠭᠡᠨ ᠤ ᠰᠠᠯᠠᠭ᠎ᠠ ᠶᠢ ᠪᠠᠭᠲᠠᠭᠠᠨ᠎ᠠ︶

16 ᠪᠣᠶ︔ ᠤᠯᠤᠰ ᠪᠠ ᠣᠷᠣᠨ ᠨᠤᠲᠤᠭ ᠬᠠᠮᠲᠤᠷᠠᠭᠰᠠᠨ ᠢᠨᠵᠧᠨᠧᠷᠢᠩ ᠤᠨ ᠰᠤᠳᠤᠯᠭᠠᠨ ᠤ ᠲᠥᠪ 1 ᠪᠣᠶ︔

ᠮᠤᠵᠢ ᠪᠠ ᠶᠠᠮᠤᠨ ᠤ ᠲᠠᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ 22 ᠪᠣᠶ᠂

ᠡᠭᠦᠨ ᠳᠤ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠢᠴᠢ

ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶᠠᠨ ᠤ ᠭᠤᠣᠯᠳᠠᠯᠭᠠᠲᠠᠢ ᠲᠤᠷᠰᠢᠯᠲᠠ ᠶᠢᠨ

ᠲᠠᠰᠤᠭ 4᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠲᠤᠷᠰᠢᠯᠲᠠ ᠶᠢᠨ ᠲᠠᠰᠤᠭ ︵ᠢᠨᠵᠧᠨᠧᠷᠢᠩ ᠤᠨ

ᠲᠥᠪ︶ 18 ᠪᠣᠶ︔ ᠮᠤᠵᠢ ᠪᠠ ᠶᠠᠮᠤᠨ ᠤ ᠲᠠᠰ ᠤᠨ ᠬᠥᠮᠦᠨ ᠰᠣᠶᠤᠯ ᠨᠡᠶᠢᠭᠡᠮ ᠤᠨ ᠰᠢᠨᠵᠢᠯᠡᠬᠦ ᠤᠬᠠᠭᠠᠨ ᠤ

ᠰᠤᠳᠤᠯᠭᠠᠨ ᠤ ᠲᠠᠪᠴᠠᠩ 13 ᠪᠣᠶ᠂ ᠡᠭᠦᠨ ᠳᠤ ᠪᠥᠬᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠢ

ᠲᠦᠭᠡᠮᠡᠯᠵᠢᠭᠦᠯᠬᠦ ᠰᠠᠭᠤᠷᠢᠨ 1᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠤᠳᠤᠯᠭᠠᠨ ᠤ

ᠰᠠᠭᠤᠷᠢᠨ 3᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠳᠣᠪᠴᠢᠶᠠᠨ ᠤ ᠰᠤᠳᠤᠯᠭᠠᠨ ᠤ ᠰᠠᠭᠤᠷᠢᠨ 1᠂

ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠰᠤᠳᠤᠯᠭᠠᠨ ᠤ ᠰᠠᠭᠤᠷᠢᠨ 8 ᠪᠣᠶ᠃ ᠮᠤᠵᠢ ᠪᠠ ᠶᠠᠮᠤᠨ ᠤ

ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ 14 ᠪᠣᠶ᠃ ︽ᠠᠷᠪᠠᠨ

ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠲᠤᠯᠭᠠᠭᠤᠷᠢ ᠲᠥᠯᠥᠪᠯᠡᠭᠡ᠂ ᠤᠯᠤᠰ ᠤᠨ ᠭᠤᠣᠯᠳᠠᠯᠭᠠᠲᠠᠢ ᠰᠠᠭᠤᠷᠢ ᠰᠣᠳᠤᠯᠭᠠᠨ ᠤ

ᠬᠥᠭᠵᠢᠭᠦᠯᠦᠯᠲᠡ ᠶᠢᠨ ᠲᠥᠯᠥᠪᠯᠡᠭᠡ ᠵᠢᠴᠢ ᠤᠯᠤᠰ ᠤᠨ ᠭᠤᠣᠯᠳᠠᠯᠭᠠᠲᠠᠢ ᠰᠤᠳᠤᠯᠤᠨ ᠨᠡᠭᠡᠭᠡᠬᠦ ᠲᠥᠯᠦᠪᠯᠡᠭᠡᠨ ᠤ

ᠲᠥᠰᠦᠯ ᠵᠢᠴᠢ ᠰᠡᠳᠦᠪ 6᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠥᠰᠦᠯ

184 ᠭᠥᠷᠳᠡᠪᠡ︔ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠴᠢᠬᠤᠯᠠ ᠶᠡᠭᠡ

ᠲᠥᠰᠦᠯ 4᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠥᠰᠦᠯ 117 ᠪᠣᠢ᠃

ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ 1᠂

ᠮᠤᠵᠢ ᠪᠠ ᠶᠠᠮᠤᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ 31 ᠪᠠᠶᠢᠵᠤ᠂ ᠡᠭᠦᠨ ᠳᠤ

ᠨᠢᠭᠡᠳᠦᠭᠡᠷ ᠳᠡᠰ ᠤᠨ ᠱᠠᠩᠨᠠᠯ 3 ᠪᠣᠶ︔ ᠮᠤᠵᠢ ᠪᠠ ᠶᠠᠮᠤᠨ ᠤ ᠲᠠᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ

ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ 99 ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 2

ᠪᠣᠶ᠃ ᠡᠷᠳᠡᠮ ᠰᠢᠨᠵᠢᠯᠡᠭᠡᠨ ᠤ ᠰᠡᠳᠬᠦᠯ ᠢ ᠤᠯᠤᠰ ᠤᠨ ᠳᠣᠲᠣᠭᠠᠳᠤ ᠭᠠᠳᠠᠭᠠᠳᠤ ᠳᠤ ᠢᠯᠡ ᠪᠠᠷ 6 ᠬᠡᠪᠯᠡᠯ

ᠲᠠᠷᠬᠠᠭᠠᠵᠤ᠂ ᠡᠭᠦᠨ ᠳᠤ ᠨᠡᠶᠢᠭᠡᠮ ᠤᠨ ᠰᠢᠨᠵᠢᠯᠡᠬᠦ ᠤᠬᠠᠭᠠᠨ ᠤ ᠬᠡᠪᠯᠡᠯ ︵ᠬᠢᠲᠠᠳ ᠬᠡᠯᠡ︶ ᠨᠢ ᠳᠤᠮᠳᠠᠳᠤ ᠤᠯᠤᠰ ᠤᠨ

ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯᠯᠠᠬᠤ ᠰᠡᠳᠬᠦᠯ ︵ᠥᠷᠭᠡᠳᠬᠡᠭᠰᠡᠨ ᠬᠡᠪᠯᠡᠯ︶ ᠪᠣᠯᠵᠤ᠂

︽ᠦᠨᠳᠦᠰᠦᠲᠡᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠳᠤᠯᠤᠯ︾ ᠨᠢ ᠪᠦᠬᠦ ᠤᠯᠤᠰ ᠤᠨ

ᠠᠩᠬᠠᠳᠠᠭᠴᠢ ᠦᠨᠳᠦᠰᠦᠲᠡᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠰᠤᠳᠤᠯᠬᠤ ᠲᠤᠰᠬᠠᠢ ᠮᠡᠷᠭᠡᠵᠢᠯ ᠤᠨ

ᠰᠡᠳᠬᠦᠯ  ᠪᠣᠯᠵᠠᠢ᠃

     ᠮᠣᠩᠭᠤᠯ ᠡᠮ ᠡᠮᠨᠡᠯᠭᠡ ᠪᠣᠯ ᠰᠤᠷᠭᠠᠭᠤᠯᠢ ᠶᠢᠨ ᠣᠨᠴᠠᠯᠢᠭᠲᠤ ᠰᠢᠨᠵᠢᠯᠡᠭᠡᠨ ᠤ ᠰᠠᠯᠠᠭ᠎ᠠ ᠪᠠ ᠳᠠᠪᠠᠭᠤᠯᠢᠭ

ᠰᠢᠨᠵᠢᠯᠡᠭᠡᠨ ᠤ ᠰᠠᠯᠠᠭ᠎ᠠ ᠪᠣᠯᠬᠤ ᠪᠥᠭᠡᠳ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠢ

ᠬᠥᠮᠦᠵᠢᠭᠦᠯᠬᠦ ᠪᠠ ᠦᠢᠯᠡᠳᠪᠦᠷᠢᠯᠡᠬᠦ ᠪᠣᠯᠤᠨ ᠵᠢᠭᠠᠬᠤ ᠰᠤᠳᠤᠯᠬᠤ ᠶᠢ ᠤᠶᠠᠯᠳᠤᠭᠤᠯᠬᠤ ᠵᠡᠷᠭᠡ ᠲᠠᠯ᠎ᠠ ᠪᠠᠷ

ᠤᠯᠤᠰ ᠤᠨ ᠳᠣᠲᠣᠭᠠᠳᠤ ᠭᠠᠳᠠᠭᠠᠳᠤ ᠳᠤ ᠲᠡᠷᠢᠭᠦᠨ ᠪᠠᠶᠢᠷᠢᠨ ᠳᠤ ᠣᠷᠣᠵᠤ᠂ ᠮᠠᠨ ᠤ ᠤᠯᠤᠰ ᠤᠨ ᠮᠣᠩᠭᠤᠯ

ᠠᠨᠠᠭᠠᠬᠤ ᠤᠬᠠᠭᠠᠨ ᠤ ᠬᠦᠷᠢᠶᠡᠨ ᠤ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠣᠳᠤᠯᠭᠠᠨ᠂ ᠡᠮᠴᠢᠯᠡᠭᠡᠨ ᠤ

ᠠᠵᠢᠯᠲᠠᠨ ᠨᠡᠯᠢᠶᠡᠳ ᠲᠥᠪᠯᠡᠷᠡᠭᠰᠡᠨ᠂ ᠲᠤᠷᠰᠢᠯᠲᠠ ᠶᠢᠨ ᠲᠠᠰᠤᠭ ᠤᠨ ᠬᠡᠮᠵᠢᠭᠦᠷᠯᠢᠭ ᠲᠥᠬᠦᠭᠡᠷᠦᠮᠵᠢ ᠪᠠ

ᠡᠮᠴᠢᠯᠡᠭᠡᠨ ᠤ ᠵᠢᠭᠠᠬᠤ ᠨᠥᠬᠦᠴᠡᠯ ᠢᠶᠠᠷ ᠳᠠᠪᠠᠭᠤᠯᠢᠭ᠂ ᠰᠤᠳᠤᠯᠬᠤ ᠴᠢᠭᠯᠡᠯ ᠨᠢ ᠲᠣᠳᠣᠷᠬᠠᠶ᠂ ᠦᠨᠳᠦᠰᠦᠲᠡᠨ ᠤ

ᠣᠨᠴᠠᠯᠢᠭ ᠢᠶᠠᠷ ᠢᠯᠡ ᠲᠣᠳᠣ ᠴᠢᠳᠠᠪᠤᠷᠢᠲᠠᠨ ᠢ ᠬᠥᠮᠦᠵᠢᠭᠦᠯᠬᠦ ᠴᠢᠬᠤᠯᠠ ᠰᠠᠭᠤᠷᠢᠨ ᠪᠠ ᠡᠷᠳᠡᠮ ᠰᠢᠨᠵᠢᠯᠡᠭᠡᠨ ᠤ

ᠰᠣᠳᠤᠯᠭᠠᠨ ᠤ ᠰᠠᠭᠤᠷᠢᠨ ᠪᠣᠯᠤᠭᠰᠠᠨ ᠪᠠᠶᠢᠨ᠎ᠠ᠃

     63 ᠵᠢᠯ ᠤᠨ ᠲᠤᠷᠰᠢ᠂ ᠰᠤᠷᠭᠠᠭᠤᠯᠢ ᠨᠢ ᠡᠯ᠎ᠡ ᠲᠥᠷᠥᠯ ᠤᠨ ᠴᠢᠳᠠᠪᠤᠷᠢᠲᠠᠨ ᠢ 19 ᠲᠦᠮᠡ ᠭᠠᠷᠤᠶ

ᠬᠥᠮᠦᠵᠢᠭᠦᠯᠪᠡ᠂ ᠡᠭᠦᠨ ᠳᠤ 70 % ᠣᠷᠴᠢᠮ ᠤᠨ ᠲᠡᠭᠦᠰᠦᠭᠰᠡᠳ ᠥᠪᠥᠷ ᠮᠣᠩᠭᠤᠯ ᠳᠤ ᠨᠤᠲᠤᠭᠰᠢᠨ᠂

ᠥᠪᠡᠷᠲᠡᠭᠡᠨ ᠵᠠᠰᠠᠬᠤ ᠣᠷᠣᠨ ᠢᠯᠠᠩᠭᠤᠶ᠎ᠠ ᠵᠡᠭᠦᠨ ᠬᠡᠰᠡᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ

ᠭᠤᠤᠯᠯᠠᠭᠴᠢ ᠬᠦᠴᠦᠨ ᠪᠣᠯᠵᠣ᠂ ᠡᠬᠡ ᠤᠯᠤᠰ ᠤᠨ ᠤᠮᠠᠷᠠᠲᠤ ᠬᠢᠯᠢ ᠶᠢᠨ ᠴᠡᠴᠡᠭᠯᠡᠯ ᠬᠥᠭᠵᠢᠯᠲᠡ ᠳᠤ ᠴᠢᠬᠤᠯᠠ

ᠬᠤᠪᠢ ᠨᠡᠮᠡᠷᠢ ᠦᠵᠡᠭᠦᠯᠵᠦ ᠪᠠᠶᠢᠨ᠎ᠠ᠃

     ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠨᠢ ᠢᠷᠡᠭᠡᠳᠦᠶ ᠳᠤ ᠬᠠᠨᠳᠤᠨ ︽ᠡᠷᠳᠡᠮ

ᠮᠡᠳᠡᠯᠭᠡ ᠲᠠᠢ ᠶᠣᠰᠣ ᠮᠤᠷᠠᠯ ᠲᠠᠢ᠂ ᠶᠣᠰᠣ ᠰᠤᠷᠲᠠᠬᠤᠨ ᠢ ᠳᠡᠭᠡᠳᠦᠯᠡᠵᠦ ᠡᠶ᠎ᠡ ᠨᠠᠶᠢᠷ ᠢ ᠡᠷᠬᠢᠮᠯᠡᠬᠦ︾ ᠰᠤᠷᠭᠠᠭᠤᠯᠢ ᠶᠢᠨ

ᠰᠤᠷᠭᠠᠯ ᠢᠶᠠᠷ ︽ᠪᠣᠳᠠᠲᠠᠶ ᠶᠢ ᠡᠷᠬᠢᠮᠯᠡᠨ ᠰᠤᠷᠭᠠᠭᠤᠯᠢ ᠡᠷᠭᠢᠯᠡᠬᠦ᠂ ᠰᠢᠨ᠎ᠡ ᠶᠢ ᠡᠭᠦᠳᠦᠨ ᠰᠤᠷᠭᠠᠭᠤᠯᠢ ᠡᠷᠭᠢᠯᠡᠬᠦ᠂

ᠨᠡᠭᠡᠭᠡᠯᠲᠡᠲᠦ ᠰᠤᠷᠭᠠᠭᠤᠯᠢ ᠡᠷᠭᠢᠯᠡᠬᠦ᠂ ᠣᠨᠴᠠᠯᠢᠭᠲᠤ ᠰᠤᠷᠭᠠᠭᠤᠯᠢ ᠡᠷᠭᠢᠯᠡᠬᠦ︾ ᠣᠨᠣᠯᠵᠢᠬᠤᠨ ᠢ ᠪᠠᠷᠢᠮᠲᠠᠯᠠᠵᠤ᠂

ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨᠴᠢ

ᠬᠥᠭᠵᠢᠯᠲᠡ᠂ ᠠᠭᠤᠯᠤᠭᠳᠠᠬᠤᠨ ᠤ ᠬᠥᠭᠵᠢᠯᠲᠡ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠵᠤ᠂

ᠰᠤᠷᠭᠠᠭᠤᠯᠢ ᠶᠢ ᠢᠯᠡ ᠲᠣᠳᠣ ᠣᠷᠣᠨ ᠨᠤᠲᠤᠭ ᠤᠨ ᠣᠨᠴᠠᠯᠢᠭᠲᠤ᠂ ᠦᠨᠳᠦᠰᠦᠲᠡᠨ ᠤ ᠣᠨᠴᠠᠯᠢᠭᠲᠤ ᠪᠠ ᠬᠢᠴᠢᠶᠡᠯ

ᠲᠥᠷᠥᠯ ᠤᠨ ᠳᠠᠪᠠᠭᠤᠯᠢᠭᠲᠤ ᠥᠨᠳᠥᠷ ᠬᠢᠷᠢ ᠲᠦᠪᠰᠢᠨ ᠪᠥᠬᠦᠶ ᠶᠡᠷᠦᠩᠬᠡᠶᠢᠯᠡᠭᠰᠡᠨ ᠴᠢᠨᠠᠷᠲᠠᠶ ᠶᠡᠭᠡ ᠰᠤᠷᠭᠠᠭᠤᠯᠢ

ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号