ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠵᠠᠯᠠᠭᠤᠰ ᠤᠨ ᠠᠭᠤᠯᠵᠠᠯᠲᠠ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/8/2
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      — ︽ᠵᠠᠯᠠᠭᠤᠰ ᠤᠨ ᠠᠭᠤᠯᠵᠠᠯᠲᠠ︾      ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ 2020 ᠣᠨ ᠤ 4 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠵᠦ᠂ 2020 ᠣᠨ ᠤ 5 ᠰᠠᠷ᠎ᠠ ᠳᠤ ᠤᠯᠤᠰ ᠤᠨ ᠰᠤᠷᠭᠠᠨ ᠬᠥᠮᠦᠵᠢᠯ ᠤᠨ ᠶᠠᠮᠤᠨ ᠳᠤ ᠳᠠᠩᠰᠠᠯᠠᠭᠤᠯᠤᠨ ᠪᠠᠶᠢᠭᠤᠯᠤᠭᠰᠠᠨ ᠪᠦᠬᠦᠯᠢ ᠡᠳᠦᠷ ᠤᠨ ᠳᠦᠷᠢᠮᠲᠦ ᠠᠯᠪᠠᠨ ᠠᠴᠠ ᠡᠷᠭᠢᠯᠡᠭᠰᠡᠨ ᠡᠩ ᠤᠨ ᠳᠡᠭᠡᠳᠦ ᠰᠤᠷᠭᠠᠭᠤᠯᠢ᠂ ᠬᠡᠷᠡᠭᠯᠡᠭᠡᠨ ᠤ ᠳᠡᠭᠡᠳᠦ ᠵᠡᠷᠭᠡ ᠶᠢᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠᠷ ᠰᠤᠷᠭᠠᠭᠤᠯᠢ ᠡᠷᠭᠢᠯᠡᠬᠦ ᠬᠠᠷᠠᠯᠲᠠ ᠪᠠᠨ ᠪᠣᠯᠭᠠᠭᠰᠠᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ᠎ᠠ᠃ ᠰᠤᠷᠭᠠᠭᠤᠯᠢ ᠳᠤ ᠣᠳᠣ ᠲᠠᠷᠢᠶᠠᠯᠠᠩ ᠣᠢ ᠰᠢᠭᠤᠶ᠂ ᠮᠠᠯ ᠠᠵᠤ ᠠᠬᠤᠶ ᠮᠠᠯ ᠡᠮᠨᠡᠯᠭᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠤᠰᠤᠨ ᠠᠰᠢᠭᠯᠠᠯᠲᠠ ᠶᠢᠨ ᠢᠨᠵᠧᠨᠧᠷᠢᠩ᠂ ᠮᠡᠳᠡᠭᠡ ᠵᠠᠩᠭᠢ ᠶᠢᠨ ᠮᠡᠷᠭᠡᠵᠢᠯ᠂ ᠡᠷᠡᠭᠦᠯ ᠮᠡᠨᠳᠦ ᠶᠢᠨ ᠬᠠᠮᠢᠶᠠᠷᠤᠯᠲᠠ᠂ ᠣᠳᠣ ᠦᠶ᠎ᠡ ᠶᠢᠨ ᠦᠢᠯᠡᠴᠢᠯᠡᠭᠡ ᠪᠠ ᠬᠠᠮᠢᠶᠠᠷᠤᠯᠲᠠ᠂ ᠰᠣᠶᠣᠯ ᠤᠷᠠᠯᠢᠭ ᠵᠡᠷᠭᠡ ᠳᠣᠯᠣᠭᠠᠨ ᠶᠡᠭᠡ ᠲᠤᠰᠬᠠᠶ ᠮᠡᠷᠭᠡᠵᠢᠯ ᠤᠨ ᠴᠤᠭᠯᠠᠷᠠᠯ ᠪᠣᠢ᠃ ᠮᠠᠯ ᠠᠵᠤ ᠠᠬᠤᠶ ᠮᠠᠯ ᠡᠮᠨᠡᠯᠭᠡ᠂ ᠰᠤᠪᠢᠯᠠᠯᠲᠠ᠂ ᠴᠡᠴᠡᠷᠯᠢᠭ ᠤᠨ ᠮᠡᠷᠭᠡᠵᠢᠯ᠂ ᠤᠰᠤᠨ ᠠᠰᠢᠭᠯᠠᠯᠲᠠ ᠶᠢᠨ ᠢᠨᠵᠧᠨᠧᠷᠢᠩ᠂ ᠲᠣᠮᠣ ᠳ᠋ᠠᠶᠢᠲ᠋ᠠ ᠪᠠ ᠨᠢᠭᠲᠠᠯᠠᠨ ᠪᠤᠳᠤᠭᠴᠢ᠂ ᠠᠭᠠᠷ ᠤᠨ ᠠᠶᠠᠯᠠᠯ ᠤᠨ ᠦᠢᠯᠡᠴᠢᠯᠡᠭᠡ᠂ ᠲᠣᠮᠣ ᠳ᠋ᠠᠶᠢᠲ᠋ᠠ ᠶᠢᠨ ᠮᠡᠷᠭᠡᠵᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠠᠮᠠᠭᠠᠯᠠᠯᠲᠠ ᠪᠠ ᠬᠠᠮᠢᠶᠠᠷᠤᠯᠲᠠ ᠵᠡᠷᠭᠡ 27 ᠲᠤᠰᠬᠠᠶ ᠮᠡᠷᠭᠡᠵᠢᠯ ᠢ ᠨᠡᠭᠡᠭᠡᠪᠡ᠃

     ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠵᠡᠯᠡᠵᠦ

ᠪᠠᠶᠢᠭ᠎ᠠ ᠭᠠᠵᠠᠷ 800 ᠮᠥ᠂ ᠶᠡᠷᠦᠩᠬᠡᠶ ᠪᠠᠷᠢᠯᠭ᠎ᠠ ᠶᠢᠨ ᠲᠠᠯᠠᠪᠠᠶ 20 . 82 ᠲᠥᠮᠡᠨ ᠺᠣᠸᠠᠲ ᠮᠧᠲᠷ ᠪᠠᠶᠢᠵᠤ᠂

ᠵᠢᠭᠠᠨ ᠰᠤᠷᠭᠠᠯᠲᠠ ᠶᠢᠨ ᠠᠰᠠᠷ᠂ ᠳᠠᠳᠤᠯᠭ᠎ᠠ ᠪᠣᠯᠪᠠᠰᠤᠷᠠᠯ ᠤᠨ ᠠᠰᠠᠷ᠂ ᠨᠡᠶᠢᠲᠡ ᠶᠢᠨ ᠪᠠᠶᠢᠷᠢ ᠶᠢᠨ ᠠᠰᠠᠷ᠂

ᠨᠣᠮ ᠤᠨ ᠰᠠᠩ᠂ ᠪᠡᠶ᠎ᠡ ᠶᠢᠨ ᠲᠠᠮᠢᠷ ᠤᠨ ᠲᠠᠯᠠᠪᠠᠶ᠂ ᠬᠤᠭᠤᠯᠠᠨ ᠬᠡᠷ ᠵᠡᠷᠭᠡ ᠵᠢᠭᠠᠨ ᠰᠤᠷᠭᠠᠯᠲᠠ ᠶᠢᠨ ᠰᠠᠭᠤᠷᠢ

ᠲᠥᠬᠦᠭᠡᠷᠦᠮᠵᠢ ᠶᠢ ᠪᠠᠶᠢᠭᠤᠯᠵᠤ᠂ 2023 ᠣᠨ ᠳᠤ ᠪᠥᠬᠦ ᠲᠠᠯ᠎ᠠ ᠪᠠᠷ ᠪᠠᠷᠢᠵᠤ ᠳᠠᠭᠤᠰᠬᠠᠨ᠎ᠠ᠃ ᠰᠤᠷᠭᠠᠭᠤᠯᠢ ᠨᠢ 1 .

2  ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠳᠠᠳᠤᠯᠭ᠎ᠠ ᠪᠣᠯᠪᠠᠰᠤᠷᠠᠯ ᠤᠨ ᠲᠠᠰᠤᠭ ᠤᠨ ᠪᠦᠲᠦᠭᠡᠨ

ᠪᠠᠶᠢᠭᠤᠯᠤᠯᠲᠠ ᠳᠤ ᠬᠡᠷᠡᠭᠯᠡᠵᠦ᠂ ᠣᠳᠣ ᠳᠠᠳᠤᠯᠭ᠎ᠠ ᠪᠣᠯᠪᠠᠰᠤᠷᠠᠯ ᠤᠨ ᠲᠠᠰᠤᠭ 70 ᠭᠠᠷᠤᠶ᠂ ᠳᠠᠳᠤᠯᠭ᠎ᠠ

ᠪᠣᠯᠪᠠᠰᠤᠷᠠᠯ ᠤᠨ ᠲᠥᠬᠦᠭᠡᠷᠦᠮᠵᠢ 3 ᠲᠦᠮᠡ ᠭᠠᠷᠤᠶ ᠰᠠᠭᠤᠷᠢ ︵ᠢᠵᠢ︶ ᠪᠣᠢ᠃ ᠣᠳᠣ᠂ ᠰᠤᠷᠭᠠᠭᠤᠯᠢ ᠶᠢᠨ

ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ 4᠂ ᠰᠤᠷᠭᠠᠭᠤᠯᠢ ᠶᠢᠨ ᠭᠠᠳᠠᠨᠠᠬᠢ ᠳᠠᠳᠤᠯᠭ᠎ᠠ ᠪᠣᠯᠪᠠᠰᠤᠷᠠᠯ ᠤᠨ

ᠰᠠᠭᠤᠷᠢᠨ ᠭᠠᠵᠠᠷ 40 ᠭᠠᠷᠤᠶ᠂ ᠬᠠᠷᠢᠶᠠᠲᠤ ᠡᠮᠨᠡᠯᠭᠡ ᠶᠢᠨ ᠬᠤᠷᠢᠶ᠎ᠠ 1 ᠶᠢ ᠪᠠᠶᠢᠭᠤᠯᠵᠠᠶ᠃ ᠨᠣᠮ ᠤᠨ ᠰᠠᠩ ᠳᠤ

ᠬᠠᠳᠠᠭᠠᠯᠠᠵᠤ ᠪᠠᠶᠢᠭ᠎ᠠ ᠨᠣᠮ 16 ᠲᠦᠮᠡ ᠭᠠᠷᠤᠶ ᠳᠡᠪᠲᠡᠷ ᠪᠣᠢ᠃ ᠰᠢᠨ᠎ᠡ ᠰᠤᠷᠭᠠᠭᠤᠯᠢ ᠶᠢᠨ ᠬᠦᠷᠢᠶ᠎ᠡ ᠶᠢ

ᠪᠠᠶᠢᠭᠤᠯᠤᠭᠰᠠᠨ ᠤ ᠳᠠᠷᠠᠭ᠎ᠠ ᠣᠷᠣᠨ ᠵᠠᠶ ᠨᠢ ᠡᠷᠴᠢᠮᠲᠡᠢ᠂ ᠴᠢᠳᠠᠮᠵᠢ ᠨᠢ ᠨᠡᠶᠢᠯᠡᠮᠡᠯ᠂ ᠠᠮᠢ ᠠᠬᠤᠶ ᠨᠢ ᠡᠷᠡᠭᠦᠯ᠂

ᠲᠥᠬᠦᠭᠡᠷᠦᠮᠵᠢ ᠨᠢ ᠪᠦᠷᠢᠨ ᠲᠥᠬᠦᠷ᠂ ᠴᠢᠯᠥᠭᠡᠲᠡᠶ ᠨᠡᠭᠡᠭᠡᠭᠰᠡᠨ ᠴᠡᠴᠡᠷᠯᠢᠭ ᠮᠠᠶ᠋ᠢᠭᠲᠤ᠂ ᠣᠶᠤᠨᠯᠢᠭ ᠮᠠᠶ᠋ᠢᠭᠲᠤ᠂

ᠰᠣᠶᠣᠯ ᠤᠨ ᠮᠠᠶ᠋ᠢᠭᠲᠤ ᠰᠤᠷᠭᠠᠭᠤᠯᠢ ᠶᠢᠨ ᠬᠦᠷᠢᠶ᠎ᠡ ᠪᠣᠯᠤᠨ᠎ᠠ᠃ ︽ᠳᠡᠯᠡᠬᠡᠢ ᠶᠢᠨ  ᠡᠷᠯᠢᠰᠡᠵᠢᠭᠦᠯᠦᠭᠰᠡᠨ ᠤᠰᠤᠨ

ᠲᠤᠲᠤᠷᠭ᠎ᠠ ᠶᠢᠨ ᠡᠪᠦᠭᠡ︾ ᠠᠺᠠᠳᠧᠮᠢᠴᠢ ᠶᠤᠸᠠᠨ ᠯᠦᠩ ᠫᠢᠩ ᠰᠤᠷᠭᠠᠭᠤᠯᠢ ᠶᠢᠨ ᠬᠥᠭᠵᠢᠯᠲᠡ ᠳᠤ ᠮᠠᠰᠢ ᠶᠡᠭᠡ

ᠬᠦᠰᠡᠯ ᠡᠷᠡᠮᠡᠯᠵᠡᠯ ᠲᠠᠯᠪᠢᠵᠤ᠂ ᠰᠤᠷᠭᠠᠭᠤᠯᠢ ᠶᠢᠨ ᠨᠡᠷ᠎ᠡ ᠶᠢ ᠪᠢᠴᠢᠵᠦ ᠥᠭᠴᠡᠢ᠃

     ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠤᠯᠤᠰ ᠤᠨ ᠨᠠᠷᠠᠲᠤ ᠪᠠᠭᠰᠢ᠂ ᠮᠤᠵᠢ ᠪᠠ ᠬᠤᠲᠠ ᠶᠢᠨ ᠲᠠᠰ ᠤᠨ ᠲᠤᠰᠬᠠᠶ ᠮᠡᠷᠭᠡᠵᠢᠯ ᠤᠨ ᠳᠠᠭᠠᠭᠤᠯᠤᠭᠴᠢ᠂ ᠤᠷ᠎ᠠ

ᠴᠢᠳᠠᠪᠤᠷᠢ ᠶᠢᠨ ᠶᠡᠭᠡ ᠪᠠᠭᠰᠢ ᠪᠠᠷ ᠵᠢᠯᠣᠭᠤᠳᠤᠭᠤᠯᠤᠭᠰᠠᠨ᠂ ︽ᠬᠤᠤᠰ ᠬᠢᠷᠢ ᠬᠡᠮᠲᠦ︾ ᠪᠠᠭᠰᠢ ᠪᠠᠷ

ᠭᠤᠣᠯᠯᠠᠭᠤᠯᠤᠭᠰᠠᠨ᠂ ᠲᠤᠰᠬᠠᠶ ᠮᠡᠷᠭᠡᠵᠢᠯ ᠤᠨ ᠵᠣᠴᠢᠨ ᠫᠷᠣᠹᠧᠰᠰᠤᠷ ᠢᠶᠠᠷ ᠨᠥᠬᠦᠪᠥᠷᠢ ᠪᠣᠯᠭᠠᠭᠰᠠᠨ ᠥᠨᠳᠥᠷ ᠬᠡᠪ

ᠪᠣᠯᠪᠠᠰᠤᠷᠠᠯ ᠪᠥᠬᠦᠶ ᠪᠠᠭᠰᠢ ᠶᠢᠨ ᠡᠩᠨᠡᠭᠡ ᠲᠠᠢ᠃ ᠣᠲᠣ ᠪᠠᠭᠰᠢ ᠠᠵᠢᠯᠲᠠᠨ 308 ᠪᠠᠶᠢᠵᠤ᠂ ᠡᠭᠦᠨ ᠳᠤ ᠳᠡᠳ᠋

ᠫᠷᠣᠹᠧᠰᠰᠤᠷ 124᠂ ᠮᠠᠰᠲ᠋ᠧᠷ 76᠂ ᠭᠠᠳᠠᠨ᠎ᠠ ᠠᠴᠠ ᠤᠷᠢᠭᠰᠠᠨ ᠵᠣᠴᠢᠨ ᠫᠷᠣᠹᠧᠰᠰᠤᠷ ᠪᠠ ᠮᠡᠷᠭᠡᠵᠢᠯ ᠴᠢᠳᠠᠪᠤᠷᠢ

ᠬᠤᠣᠰᠯᠠᠭᠰᠠᠨ ᠨᠡᠷᠡᠲᠦ ᠪᠠᠭᠰᠢ 40 ᠭᠠᠷᠤᠶ ᠪᠠᠶᠢᠵᠤ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ 4 ᠪᠣᠢ᠃

     ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ︽ᠶᠣᠰᠣ

ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ︾ ᠦᠨᠳᠦᠰᠦᠨ ᠡᠭᠦᠷᠭᠡ ᠪᠠᠷ ᠵᠢᠯᠣᠭᠤᠳᠤᠭᠤᠯᠵᠤ᠂ ᠣᠷᠣᠨ

ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠪᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾

ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ ᠰᠤᠷᠭᠠᠭᠤᠯᠢ ᠡᠷᠭᠢᠯᠡᠬᠦ ᠴᠢᠭᠯᠡᠯ ᠢᠶᠠᠨ ᠪᠣᠯᠭᠠᠵᠤ᠂ ᠠᠵᠢᠯ

ᠣᠯᠭᠤᠯᠲᠠ ᠪᠠᠷ ᠤᠳᠤᠷᠢᠳᠤᠮᠵᠢ ᠪᠣᠯᠭᠠᠵᠤ᠂ ︽ᠦᠢᠯᠡᠳᠪᠦᠷᠢᠯᠡᠯ ᠪᠣᠯᠤᠨ ᠵᠢᠭᠠᠨ ᠰᠤᠷᠭᠠᠯᠲᠠ ᠶᠢ ᠠᠭᠤᠰᠬᠠᠬᠤ᠂

ᠰᠤᠷᠭᠠᠭᠤᠯᠢ ᠪᠣᠯᠤᠨ ᠠᠵᠤ ᠠᠬᠤᠶᠢᠯᠠᠯ ᠬᠠᠮᠲᠤᠷᠠᠯᠴᠠᠬᠤ︾ ᠪᠠᠷ ᠰᠤᠷᠭᠠᠭᠤᠯᠢ ᠡᠷᠭᠢᠯᠡᠬᠦ ᠣᠨᠴᠠᠯᠢᠭ ᠢᠶᠠᠨ ᠪᠣᠯᠭᠠᠵᠤ᠂

︽ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ︾ ᠭᠡᠬᠦ ᠲᠤᠰᠬᠠᠶ ᠮᠡᠷᠭᠡᠵᠢᠯ ᠤᠨ ᠪᠥᠲᠥᠭᠡᠨ ᠪᠠᠶᠢᠭᠤᠯᠤᠯᠲᠠ ᠪᠠᠷ

ᠭᠤᠤᠯᠳᠠᠯᠭ᠎ᠠ ᠪᠣᠯᠭᠠᠵᠤ᠂ ︽ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ ᠴᠢᠳᠠᠪᠤᠷᠢ ᠶᠢᠨ ᠬᠡᠯᠪᠡᠷᠢᠲᠦ

ᠴᠢᠳᠠᠪᠤᠷᠢᠲᠠᠨ ᠢ ᠬᠥᠮᠦᠵᠢᠭᠦᠯᠬᠦ︾ ᠪᠠᠷ ᠬᠠᠷᠠᠯᠲᠠ ᠪᠣᠯᠭᠠᠭᠰᠠᠨ ᠰᠤᠷᠭᠠᠭᠤᠯᠢ ᠡᠷᠭᠢᠯᠡᠬᠦ ᠣᠨᠣᠯᠵᠢᠬᠤᠨ ᠢ ᠪᠣᠶ

ᠪᠣᠯᠭᠠᠬᠤ ᠶᠢ ᠪᠠᠷᠢᠮᠲᠠᠯᠠᠵᠤ᠂ ︽ᠣᠨᠣᠯᠵᠢᠬᠤᠨ ᠨᠢ ᠳᠠᠪᠰᠢᠭᠰᠠᠨ᠂ ᠨᠡᠭᠡᠭᠡᠯᠲᠡ ᠬᠢᠵᠦ ᠬᠠᠮᠲᠤ ᠪᠠᠷ ᠭᠥᠷᠳᠡᠬᠦ᠂ ᠮᠣᠷᠠᠯ

ᠮᠡᠷᠭᠡᠵᠢᠯ ᠬᠤᠤᠰᠯᠠᠭᠰᠠᠨ᠂ ᠠᠷᠠᠳᠴᠢᠯᠠᠯ ᠲᠠᠢ ᠡᠶ᠎ᠡ ᠵᠣᠬᠢᠴᠠᠩᠭᠤᠶ᠂ ᠣᠷᠴᠢᠨ ᠲᠣᠭᠤᠷᠢᠨ ᠭᠤᠶᠣ ᠰᠠᠶᠢᠬᠠᠨ︾ ᠰᠢᠨ᠎ᠡ

ᠬᠡᠯᠪᠡᠷᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠪᠥᠬᠦ ᠬᠦᠴᠦᠨ ᠢᠶᠠᠨ ᠲᠥᠪᠯᠡᠷᠡᠭᠦᠯᠦᠨ

ᠪᠠᠶᠢᠭᠤᠯᠤᠨ᠎ᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号