| | ᠠᠷᠢᠭᠤᠨ | | | ᠰᠤᠷᠭᠠᠨ ᠬᠦᠮᠦᠵᠢᠯ ᠪᠤᠯ ᠦᠢ ᠤᠯᠠᠨ ᠬᠡᠤᠬᠡᠳ ᠤᠨ ᠬᠤᠪᠢ ᠵᠠᠶᠠᠭ᠎ᠠ ᠪᠠ ᠢᠷᠡᠭᠡᠳᠤᠢ ᠶᠢ ᠲᠤᠭᠳᠠᠭᠠᠬᠤ | ᠴᠢᠬᠤᠯᠠ ᠶᠡᠭᠡ ᠠᠰᠠᠭᠤᠳᠠᠯ ᠪᠤᠯᠤᠨ᠎ᠠ᠃ ᠡᠶᠢᠨ ᠬᠦ ᠨᠠᠮ ᠵᠠᠰᠠᠭ ᠠᠴᠠ ᠰᠤᠷᠭᠠᠨ ᠬᠦᠮᠦᠵᠢᠯ ᠤᠨ ᠠᠰᠠᠭᠤᠳᠠᠯ ᠢ | ᠬᠦᠨᠳᠤᠳᠭᠡᠨ ᠦᠵᠡᠵᠤ᠂ ᠪᠡᠯᠡ ᠤᠷᠤᠭᠤᠯᠤᠯᠲᠠ ᠪᠠᠨ ᠨᠡᠮᠡᠭᠳᠡᠭᠦᠯᠦᠨ᠂ ᠦᠭᠡᠷᠡᠴᠢᠯᠡᠯᠲᠡ ᠰᠢᠨᠡᠴᠢᠯᠡᠯᠲᠡ ᠬᠢᠭᠰᠡᠭᠡᠷ | ᠢᠷᠡᠵᠠᠢ᠃ ᠨᠠᠮ ᠤᠨ ᠠᠷᠪᠠᠨ ᠲᠤᠯᠤᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠵᠠᠰᠠᠭ ᠠᠴᠠ ᠰᠤᠷᠭᠠᠭᠤᠯᠢ ᠠᠴᠠ | ᠡᠮᠦᠨᠡᠬᠢ ᠰᠤᠷᠭᠠᠨ ᠬᠦᠮᠦᠵᠢᠯ ᠳᠤ ᠨᠡᠩ ᠶᠡᠭᠡ ᠠᠩᠬᠠᠷᠤᠯ ᠲᠠᠯᠪᠢᠵᠤ᠂ 2010 ᠣᠨ ᠤ 7 ᠰᠠᠷ᠎ᠠ ᠳᠤ | ᠨᠡᠶᠢᠳᠡᠯᠡᠭᠰᠡᠨ ︽ᠤᠯᠤᠰ ᠤᠨ ᠲᠤᠮᠲᠠ ᠤᠷᠳᠤ ᠬᠤᠭᠤᠴᠠᠭᠠᠨ ᠤ ᠰᠤᠷᠭᠠᠨ ᠬᠦᠮᠦᠵᠢᠯ ᠤᠨ ᠦᠭᠡᠷᠡᠴᠢᠯᠡᠯᠳᠡ ᠪᠠ | ᠬᠦᠭᠵᠢᠯᠳᠡ ᠶᠢᠨ ᠲᠦᠯᠦᠪᠵᠢᠬᠦᠯᠬᠡ ᠶᠢᠨ ᠬᠦᠳᠦᠯᠪᠦᠷᠢ ︵2010-2020︶︾ ᠳᠤ ︽2020 ᠪᠣᠯᠬᠤ ᠳᠤ | ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠢ ᠦᠨᠳᠦᠰᠦᠨ ᠳᠤ ᠪᠠᠨ ᠲᠦᠭᠡᠮᠡᠯᠵᠢᠭᠦᠯᠦᠨ᠎ᠡ︾ ᠭᠡᠵᠦ ᠲᠤᠷᠠᠳᠴᠠᠢ᠃ | ᠣᠯᠣᠰ ᠤᠨ ᠰᠣᠷᠭᠠᠨ ᠬᠦᠮᠦᠵᠢᠯ ᠤᠨ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠦᠯᠦᠪᠵᠢᠬᠦᠯᠬᠡ ᠶᠢᠨ | ᠠᠵᠢᠯ ᠤᠨ ᠭᠤᠣᠯᠳᠠᠯᠭ᠎ᠠ ᠳᠤ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠪᠦᠬᠦ ᠳᠠᠯ᠎ᠠ ᠪᠠᠷ ᠳᠡᠬᠡᠭᠰᠢᠯᠡᠬᠦᠯᠬᠦ ᠶᠢ | ᠦᠬᠡᠷᠡᠴᠢᠯᠡᠯᠳᠡ ᠶᠢᠨ ᠭᠤᠤᠯ ᠰᠡᠳᠦᠪ ᠪᠤᠯᠭᠠᠵᠦ᠂ ︽ᠰᠤᠷᠭᠠᠨ ᠬᠦᠮᠦᠵᠢᠯ ᠤᠨ ᠮᠡᠳᠡᠭᠡ ᠵᠠᠩᠬᠢᠴᠢᠯᠠᠯᠳᠠ ᠪᠤᠯ | ᠰᠤᠷᠭᠠᠨ ᠭᠦᠮᠤᠵᠢᠯ ᠤᠨ ᠴᠢᠨᠠᠷ ᠴᠢᠨᠰᠠᠭ᠎ᠠ ᠶᠢ ᠳᠡᠬᠡᠭᠰᠢᠯᠡᠬᠦᠯᠬᠦ ᠴᠢᠬᠤᠯᠠ ᠠᠷᠭ᠎ᠠ ᠬᠡᠮᠵᠢᠶᠡᠨ ᠤ ᠨᠢᠬᠡ︾ ᠭᠡᠰᠡᠨ | ᠪᠠᠶᠢᠨ᠎ᠠ᠃ 2014 ᠣᠨ ᠳᠤ ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠬᠦᠭᠵᠢᠭᠦᠯᠦᠯᠳᠡ | ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠬᠤᠯᠪᠤᠭᠠᠯᠠᠨ ︽ᠬᠤᠶᠠᠳᠤᠭᠠᠷ ᠬᠤᠭᠤᠴᠠᠭᠠᠨ ᠤ | ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ | ᠭᠡᠷᠡᠭᠵᠢᠬᠦᠯᠬᠦ ᠰᠠᠨᠠᠯ︾ ᠢ ᠲᠠᠷᠤᠮᠠᠯᠯᠠᠨ ᠲᠠᠷᠬᠠᠭᠠᠵᠦ᠂ ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠤᠨ | ᠦᠭᠡᠷᠡᠴᠢᠯᠡᠯᠳᠡ ᠮᠦᠨ ᠴᠤ ᠤᠯᠤᠰ ᠤᠨ ᠠᠩᠬᠠᠷᠤᠯ ᠤᠨ ᠴᠡᠭ ᠪᠤᠯᠤᠬᠰᠠᠨ ᠪᠠᠶᠢᠯ᠎ᠠ᠃ | ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠪᠤᠯ ᠴᠡᠴᠡᠷᠯᠢᠭ ᠤᠨ ᠬᠦᠮᠦᠵᠢᠯ ᠤᠨ ᠴᠢᠬᠤᠯᠠ ᠨᠢᠭᠡᠨ | ᠪᠦᠷᠢᠯᠳᠤᠭᠦᠨ ᠬᠡᠰᠡᠭ ᠪᠤᠯᠬᠤ ᠶᠤᠮ᠃ ᠰᠤᠷᠭᠠᠭᠤᠯᠢ ᠠᠴᠠ ᠡᠮᠦᠨᠡᠬᠢ ᠬᠦᠮᠦᠵᠢᠯ ᠪᠣᠯ ᠰᠤᠷᠭᠠᠭᠤᠯᠢ ᠶᠢᠨ | ᠬᠦᠮᠦᠵᠢᠯ ᠤᠨ ᠠᠩᠬᠠᠨ ᠤ ᠱᠠᠲᠦ ᠪᠠᠶᠢᠵᠦ᠂ ᠬᠡᠦᠬᠡᠳ ᠤᠨ ᠬᠤᠵᠢᠮ ᠬᠤᠶᠢᠰᠢᠳᠠ ᠶᠢᠨ ᠨᠡᠶᠢᠭᠡᠮ ᠤᠨ ᠠᠮᠢᠳᠦᠷᠠᠯ ᠤᠨ | ᠵᠠᠮ ᠳᠤ ᠨᠢ ᠰᠠᠭᠤᠷᠢ ᠪᠤᠯᠳᠠᠭ᠃ ᠬᠦᠮᠦᠰ ᠶᠡᠷᠦ ᠨᠢ ᠬᠡᠦᠬᠡᠳ ᠤᠨ ᠪᠡᠶ᠎ᠡ ᠮᠠᠬᠠᠪᠤᠤᠨ ᠤᠨ ᠥᠰᠤᠨ ᠪᠤᠶᠢᠵᠢᠯᠲᠡ᠂ | ᠤᠢ ᠤᠬᠠᠭᠠᠨ ᠤ ᠨᠡᠭᠡᠭᠡᠭᠳᠡᠯ ᠬᠦᠭᠵᠢᠯᠲᠡ ᠶᠢ ᠠᠩᠬᠠᠷᠳᠠᠭ ᠪᠠᠶᠢᠭᠰᠠᠨ ᠠᠴᠠ ᠪᠠᠨ ᠡᠳᠤᠭᠡ ᠭᠡᠦᠬᠡᠳ ᠤᠨ ᠬᠦᠮᠦᠵᠢᠯ ᠢ | ᠨᠡᠩ ᠴᠦ ᠠᠩᠬᠠᠷᠬᠤ ᠪᠤᠯᠤᠭᠰᠠᠨ ᠪᠠᠶᠢᠨ᠎ᠠ᠃ ᠰᠤᠷᠭᠠᠭᠤᠯᠢ ᠠᠴᠠ ᠡᠮᠦᠨᠡᠬᠢ ᠬᠦᠮᠦᠵᠢᠯ ᠭᠡᠳᠡᠭ ᠨᠢ 3 — 6 | ᠨᠠᠰᠤᠨ ᠤ ᠪᠠᠯᠴᠢᠷ ᠬᠡᠦᠭᠡᠳ ᠲᠤ ᠰᠤᠷᠭᠠᠨ ᠬᠦᠮᠦᠵᠢᠯ ᠭᠦᠷᠳᠡᠭᠡᠭᠦ ᠶᠢ ᠬᠡᠯᠡᠳᠡᠭ᠃ ᠦᠭᠡᠷ᠎ᠡ ᠪᠠᠷ ᠬᠡᠯᠡᠪᠡᠯ ᠪᠠᠯᠴᠢᠷ | ᠬᠡᠦᠭᠡᠳ ᠤᠨ ᠪᠡᠶ᠎ᠠ ᠶᠢᠨ ᠦᠰᠤᠨ ᠪᠤᠶᠢᠵᠢᠯᠲᠠ᠂ ᠲᠠᠨᠢᠨ ᠮᠡᠳᠡᠬᠦᠢ᠂ ᠤᠷᠮ᠎ᠠ ᠰᠡᠳᠬᠢᠯᠭᠡ᠂ ᠵᠠᠩ ᠴᠢᠨᠠᠷ᠂ ᠰᠡᠳᠬᠢᠬᠦᠢ | ᠵᠡᠷᠭᠡ ᠡᠯ᠎ᠡ ᠲᠠᠯ᠎ᠠ ᠶᠢᠨ ᠬᠦᠭᠵᠢᠯᠲᠡ ᠶᠢ ᠠᠬᠢᠭᠤᠯᠬᠤ ᠠᠵᠢᠯᠯᠠᠭ᠎ᠠ᠂ ᠪᠢᠲᠠᠨ ᠤ ᠶᠡᠷᠤ ᠳᠤ ᠪᠠᠨ ᠬᠡᠯᠡᠯᠴᠡᠳᠡᠭ | ᠰᠤᠷᠭᠠᠭᠤᠯᠢ ᠠᠴᠠ ᠡᠮᠦᠨᠡᠬᠢ ᠴᠡᠴᠡᠷᠯᠢᠭ ᠤᠨ ᠬᠦᠮᠦᠵᠢᠯ ᠪᠤᠯᠤᠨ᠎ᠠ᠃ | ᠵᠢᠷᠬᠢᠶᠡᠨ ᠤ ᠨᠡᠶᠢᠳᠡ ᠶᠢᠨ ᠲᠠᠪᠴᠠᠩ ᠪᠣᠯ ᠬᠡᠤᠬᠡᠳ ᠤᠨ ᠴᠡᠴᠡᠷᠯᠢᠭ ᠤᠨ ᠰᠤᠷᠠᠭ ᠵᠠᠩᠬᠢᠴᠢᠯᠠᠯᠳᠠ ᠶᠢᠨ | ᠠᠵᠢᠯ ᠤᠨ ᠴᠢᠬᠤᠯᠠ ᠪᠦᠷᠢᠯᠳᠦᠭᠦᠨ ᠬᠡᠰᠡᠭ᠂ ᠬᠡᠤᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ | ᠬᠠᠮᠳᠤᠷᠠᠯᠴᠠᠭᠠᠨ ᠤ ᠠᠵᠢᠯ ᠳᠤ ᠬᠦᠭᠦᠷᠭᠡ ᠪᠤᠶᠤ ᠬᠤᠯᠪᠤᠭᠠᠰᠦ ᠶᠢᠨ ᠦᠢᠯᠡᠳᠦᠯ ᠦᠵᠠᠭᠦᠯᠳᠡᠭ᠃ ᠬᠡᠪᠡᠴᠦ | ᠵᠢᠷᠬᠢᠶᠡᠨ ᠤ ᠨᠡᠶᠢᠳᠡ ᠶᠢᠨ ᠲᠠᠪᠴᠠᠩ ᠨᠢ ᠰᠢᠨ᠎ᠡ ᠵᠠᠭᠤᠴᠢᠯᠠᠭᠤᠷ ᠤᠨ ᠬᠤᠪᠢ ᠳᠤ ᠪᠠᠰᠠ ᠵᠤᠬᠢᠬᠤ ᠬᠢᠵᠠᠭᠠᠷᠳᠠᠮᠠᠯ | ᠲᠠᠯ᠎ᠠ ᠪᠣᠢ ᠪᠥᠭᠡᠳ ᠬᠡᠤᠬᠡᠳ ᠤᠨ ᠴᠡᠴᠡᠷᠯᠢᠭ ᠲᠠᠬᠢ ᠠᠰᠢᠬᠯᠠᠯᠳᠠ ᠴᠤ ᠠᠩᠬᠠᠨ ᠤ ᠱᠠᠳᠤᠨ ᠳᠤ ᠪᠠᠨ ᠪᠠᠶᠢᠭ᠎ᠠ | ᠪᠤᠯᠬᠤᠷ ᠠᠭᠤᠯᠭ᠎ᠠ ᠪᠠ ᠴᠢᠳᠠᠮᠵᠢ ᠶᠢᠨ ᠲᠠᠯ᠎ᠠ ᠪᠠᠷ ᠨᠡᠬᠡᠬᠡᠨ ᠬᠥᠭᠵᠢᠭᠦᠯᠬᠦ ᠴᠢᠬᠤᠯᠠᠳᠠᠢ ᠪᠠᠶᠢᠨ᠎ᠠ᠃ ᠬᠡᠤᠬᠡᠳ ᠤᠨ | ᠴᠡᠴᠡᠷᠯᠢᠭ ᠪᠣᠯᠤᠨ ᠬᠡᠷ ᠤᠨ ᠠᠬᠠᠮᠠᠳ ᠴᠦ ᠵᠦᠪ ᠬᠡᠷᠡᠭᠯᠡᠬᠡᠨ ᠤ ᠦᠵᠡᠯᠳᠡ ᠲᠠᠨᠢᠯᠳᠠ ᠪᠤᠯᠤᠨ ᠲᠠᠳᠬᠠᠯ ᠢ ᠪᠤᠢ | ᠪᠤᠯᠭᠠᠵᠤ᠂ ᠬᠠᠮᠳᠣ ᠪᠠᠷ ᠰᠤᠳᠤᠯᠤᠨ ᠢᠳᠡᠪᠬᠢᠳᠡᠢ ᠤᠷᠤᠯᠴᠠᠵᠦ᠂ ᠵᠢᠷᠬᠢᠶᠡᠨ ᠤ ᠨᠡᠶᠢᠳᠡ ᠶᠢᠨ ᠲᠠᠪᠴᠠᠩ ᠢ | ᠬᠡᠤᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ ᠬᠠᠮᠳᠤᠷᠠᠯᠴᠠᠭ᠎ᠠ ᠳᠤ ᠦᠢᠯᠡᠴᠢᠯᠡᠭᠦᠯᠪᠡᠯ᠂ ᠬᠡᠤᠬᠡᠳ ᠤᠨ ᠡᠷᠡᠭᠦᠯ | ᠴᠢᠬᠢᠷᠠᠭ ᠦᠰᠦᠨ ᠪᠤᠶᠢᠵᠢᠯᠳᠠ ᠶᠢᠨ ᠬᠠᠮᠳᠦ ᠶᠢᠨ ᠬᠠᠷᠠᠯᠳᠠ ᠶᠢ ᠪᠡᠶᠡᠯᠡᠭᠦᠯᠭᠦ ᠳᠤ ᠨᠡᠩ ᠰᠠᠶᠢᠨ ᠨᠦᠭᠦᠴᠡᠯ ᠬᠠᠨᠭ᠍ᠭᠠᠬᠤ | ᠪᠤᠯᠤᠨ᠎ᠠ᠃ | ᠨᠢᠭᠡ᠂ ᠴᠡᠴᠡᠷᠯᠢᠭ ᠤᠨ ᠬᠦᠮᠤᠵᠢᠯ ᠪᠠ ᠬᠡᠷ ᠤᠨ ᠬᠦᠮᠤᠵᠢᠯ | ᠰᠤᠷᠭᠠᠭᠤᠯᠢ ᠠᠴᠠ ᠡᠮᠤᠨᠡᠬᠢ ᠬᠦᠮᠤᠵᠢᠯ ᠨᠢ ᠰᠠᠭᠤᠷᠢ ᠰᠤᠷᠭᠠᠨ ᠬᠦᠮᠦᠵᠢᠯ ᠳᠤ ᠬᠠᠮᠤᠷᠤᠭᠳᠠᠬᠤ ᠶᠢᠨ | ᠬᠤᠪᠢ ᠳᠤ ᠬᠦᠮᠦᠰ ᠤᠨ ᠠᠩᠬᠠᠷᠤᠯ ᠢ ᠶᠡᠭᠡ ᠪᠠᠷ ᠲᠠᠳᠠᠭᠰᠠᠭᠠᠷ ᠢᠷᠡᠪᠡ᠂ ᠳᠠᠷᠠ ᠮᠦᠷᠳᠡᠬᠡᠨ ᠬᠦᠮᠤᠨ ᠤ ᠨᠢᠬᠡ | ᠨᠠᠰᠤᠨ ᠤ ᠰᠤᠷᠭᠠᠨ ᠬᠦᠮᠤᠵᠢᠯ ᠤᠨ ᠬᠦᠭᠵᠢᠯᠳᠠ ᠳᠤ ᠴᠢᠬᠤᠯᠠ ᠦᠢᠯᠡᠳᠤᠯ ᠲᠠᠢ ᠪᠠᠶᠢᠳᠠᠭ ᠶᠤᠮ᠃ | ᠰᠣᠷᠭᠠᠭᠤᠯᠢ ᠠᠴᠠ ᠡᠮᠦᠨᠡᠬᠢ ᠬᠦᠮᠦᠵᠢᠯ ᠳᠤ ᠬᠡᠷ ᠤᠨ ᠬᠦᠮᠤᠵᠢᠯ ᠨᠢ ᠳᠣᠳᠠᠭᠳᠠᠵᠣ ᠪᠣᠯᠣᠰᠢ ᠦᠬᠡᠢ ᠴᠢᠬᠤᠯᠠ ᠪᠣᠯᠬᠤ | ᠮᠦᠷᠳᠡᠭᠡᠨ ᠨᠢᠭᠡ ᠬᠦᠮᠤᠨ ᠤ ᠬᠦᠭᠵᠢᠯᠳᠠ ᠶᠢᠨ ᠶᠠᠪᠤᠴᠠ ᠳᠤ ᠲᠤᠩ ᠴᠢᠬᠤᠯᠠ ᠦᠢᠯᠡᠳᠤᠯ ᠦᠵᠡᠭᠦᠯᠳᠡᠭ᠃ ᠡᠨᠡ ᠬᠦ | ᠤᠳᠬ᠎ᠠ ᠠᠭᠤᠯᠭ᠎ᠠ ᠠᠴᠠ ᠦᠵᠡᠪᠡᠯ ︽ᠴᠡᠴᠡᠷᠯᠢᠭ ᠤᠨ ᠬᠦᠮᠤᠵᠢᠯ ᠪᠤᠯᠤᠨ ᠬᠡᠷ ᠤᠨ ᠬᠦᠮᠤᠵᠢᠯ︾ ᠨᠢ | ᠰᠤᠷᠭᠠᠭᠤᠯᠢ ᠠᠴᠠ ᠡᠮᠤᠨᠡᠬᠢ ᠬᠦᠮᠤᠵᠢᠯ ᠤᠨ ᠬᠤᠶᠠᠷ ᠭᠦᠷᠳᠣ ᠪᠠᠶᠢᠵᠦ ᠠᠯᠢ ᠨᠢ ᠴᠤ ᠲᠤᠲᠠᠭᠳᠠᠵᠦ ᠪᠤᠯᠤᠰᠢ ᠦᠭᠡᠢ | ᠪᠠᠶᠢᠳᠠᠭ᠃ ᠰᠤᠷᠭᠠᠨ ᠬᠦᠮᠦᠵᠢᠯᠳᠡᠨ ᠰᠦᠬᠤᠮᠯᠢᠨ᠋ᠰᠺᠢ᠄ ︽ᠭᠡᠷ ᠤᠨ ᠬᠦᠮᠦᠵᠢᠯ ᠦᠭᠡᠢ ᠰᠤᠷᠭᠠᠭᠤᠯᠢ ᠶᠢᠨ ᠬᠦᠮᠦᠵᠢᠯ | ᠪᠤᠯᠤᠨ ᠰᠤᠷᠭᠠᠭᠤᠯᠢ ᠶᠢᠨ ᠬᠦᠮᠦᠵᠢᠯ ᠦᠭᠡᠢ ᠭᠡᠷ ᠤᠨ ᠬᠦᠮᠦᠵᠢᠯ ᠨᠢ ᠴᠦᠮ ᠴᠢᠳᠠᠪᠦᠷᠢᠳᠠᠨ ᠬᠦᠮᠦᠵᠢᠭᠦᠯᠬᠦ ᠡᠨᠡ ᠬᠦ | ᠬᠦᠨᠳᠦ ᠡᠭᠦᠷᠬᠡ ᠶᠢ ᠪᠡᠶᠡᠯᠡᠭᠦᠯᠵᠦ ᠴᠢᠳᠠᠬᠤ ᠦᠭᠡᠢ︾ ᠭᠡᠵᠦ ᠬᠡᠯᠡᠵᠦ ᠦᠩᠭᠡᠷᠡᠭᠰᠡᠨ ᠪᠠᠶᠢᠳᠠᠭ᠃ ᠬᠡᠤᠬᠡᠳ | ᠳᠦᠷᠦᠮᠡᠭᠴᠠ ᠬᠡᠷ ᠪᠦᠯᠢ ᠲᠠᠢ ᠰᠢᠭᠤᠳ ᠬᠠᠷᠢᠴᠠᠭ᠎ᠠ ᠲᠠᠢ ᠪᠤᠯᠳᠠᠭ᠃ ᠬᠡᠤᠬᠡᠳ ᠲᠤ ᠪᠠᠨ ᠬᠠᠨᠳᠤᠬᠤ ᠡᠴᠢᠬᠡ | ᠡᠬᠡ ᠶᠢᠨ ᠤᠪᠤᠷ ᠪᠤᠯᠤᠨ ᠡᠳᠤᠷ ᠳᠤᠳᠤᠮ ᠤᠨ ᠦᠬᠡ ᠶᠠᠷᠢᠶ᠎ᠠ᠂ ᠰᠤᠷᠭᠠᠨ ᠬᠦᠮᠤᠵᠢᠯ ᠨᠢ ᠬᠡᠤᠬᠡᠳ ᠤᠨ ᠨᠢᠬᠡ | ᠨᠠᠰᠤᠨ ᠤ ᠬᠦᠭᠵᠢᠯᠳᠠ ᠳᠤ ᠮᠠᠰᠢ ᠴᠢᠬᠤᠯᠠ ᠨᠦᠯᠦᠭᠡ ᠲᠠᠢ ᠪᠠᠶᠢᠳᠠᠬ᠃ ᠡᠶᠢᠮᠤ ᠠᠴᠠ ᠭᠡᠷ ᠤᠨ ᠬᠦᠮᠤᠵᠢᠯ ᠨᠢ | ᠬᠦᠳᠡᠯᠬᠡᠬᠡᠨᠳᠤ ᠴᠢᠨᠠᠷ᠂ ᠬᠠᠨᠳᠤᠯᠭᠠᠳᠤ ᠴᠢᠨᠠᠷ᠂ ᠦᠷᠭᠦᠯᠵᠢᠯᠡᠯᠳᠤ ᠴᠢᠨᠠᠷ ᠢᠶᠠᠷ ᠢᠶᠠᠨ ᠬᠡᠤᠬᠡᠤᠨ ᠤᠨ ᠭᠦᠮᠤᠵᠢᠯ ᠳᠤ | ᠦᠢᠯᠡᠳᠤᠯ ᠦᠵᠡᠭᠦᠯᠵᠤ᠂ ᠴᠠᠭ ᠤᠷᠤᠨ ᠵᠡᠷᠬᠡ ᠨᠦᠭᠦᠴᠡᠯ ᠰᠢᠯᠲᠠᠭᠠᠨ ᠳᠤ ᠪᠠᠷᠢᠭᠲᠠᠬᠤ ᠦᠭᠡᠢ᠂ ᠬᠡᠤᠬᠡᠳ ᠤᠨ | ᠪᠤᠳᠠᠳᠤ ᠪᠠᠶᠢᠳᠠᠯ ᠢ ᠦᠨᠳᠤᠰᠤᠯᠡᠨ ᠰᠤᠷᠭᠠᠨ ᠬᠦᠮᠦᠵᠢᠭᠦᠯᠦᠨ᠎ᠡ᠃ ᠴᠡᠴᠡᠷᠯᠢᠭ ᠤᠨ ᠬᠦᠮᠤᠵᠢᠯ ᠪᠤᠯ ᠤᠯᠤᠰ ᠤᠨ | ᠰᠤᠷᠭᠠᠨ ᠬᠦᠮᠤᠵᠢᠯ ᠤᠨ ᠬᠠᠷᠠᠯᠳᠠ ᠮᠦᠷᠳᠡᠬᠡᠨ ᠡᠬᠦᠷᠬᠡ ᠮᠦᠨ᠃ ᠪᠠᠰᠠ ᠴᠦ ᠰᠤᠷᠭᠠᠨ ᠬᠦᠮᠤᠵᠢᠯ ᠤᠨ ᠡᠯ᠎ᠡ | ᠱᠠᠳᠤᠨ ᠤ ᠵᠢᠯᠤᠭᠤᠳᠤᠯᠭ᠎ᠠ ᠪᠤᠯᠤᠨ ᠬᠢᠨᠠᠯᠳᠠ ᠶᠢᠨ ᠲᠤᠤᠷᠠᠬᠢ᠂ ᠨᠡᠶᠢᠬᠡᠮ ᠲᠠᠢ ᠬᠠᠮᠲᠤᠷᠠᠯᠴᠠᠭᠰᠠᠨ ᠠᠵᠢᠯᠯᠠᠭ᠎ᠠ | ᠪᠤᠯᠤᠨ᠎ᠠ᠃ ᠡᠭᠦᠨ ᠢ ᠪᠢᠳᠡ ᠪᠠᠰᠠ ᠴᠡᠴᠡᠷᠯᠢᠭ ᠠᠴᠠ ᠪᠤᠳᠠᠳᠤ ᠪᠠᠶᠢᠳᠠᠯ ᠢ ᠦᠨᠳᠤᠰᠤᠯᠡᠨ ᠪᠤᠳᠠᠳᠠᠢ ᠬᠠᠷᠠᠯᠳᠠ ᠲᠠᠢ᠂ | ᠱᠠᠭᠠᠷᠳᠠᠯᠭ᠎ᠠ ᠲᠠᠢ᠂ ᠵᠤᠬᠢᠶᠠᠨ ᠪᠠᠶᠢᠭᠤᠯᠤᠯᠳᠠ ᠲᠠᠢ ᠪᠠᠷ ᠭᠡᠤᠭᠡᠤᠨ ᠲᠤ ᠮᠡᠳᠡᠯᠬᠡ ᠶᠢ ᠤᠯᠠᠮᠵᠢᠯᠠᠨ ᠦᠭᠴᠤ ᠦᠵᠡᠯ | ᠰᠠᠨᠠᠭ᠎ᠠ ᠵᠠᠩ ᠮᠤᠷᠠᠯ ᠢ ᠨᠢ ᠬᠦᠮᠤᠵᠢᠬᠦᠯᠤᠨ ᠤᠶᠤᠨ ᠢ ᠨᠢ ᠨᠡᠭᠡᠭᠡᠭᠦ ᠠᠵᠢᠯᠯᠠᠭ᠎ᠠ ᠬᠡᠵᠤ ᠤᠶᠢᠯᠠᠭᠠᠵᠤ ᠪᠤᠯᠤᠨ᠎ᠠ᠃ | ᠴᠡᠴᠡᠷᠯᠢᠭ ᠪᠤᠯᠤᠨ ᠬᠡᠷ ᠪᠦᠯᠢ ᠶᠢᠨ ᠬᠠᠮᠳᠤᠷᠠᠯᠴᠠᠭ᠎ᠠ ᠪᠣᠯ ᠬᠡᠤᠬᠡᠳ ᠤᠨ ᠴᠡᠴᠡᠷᠯᠢᠭ ᠤᠨ ᠬᠦᠮᠦᠵᠢᠯ ᠤᠨ | ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠃ ᠬᠡᠤᠬᠡᠳ ᠤᠨ ᠴᠡᠴᠡᠷᠯᠢᠭ ᠤᠨ ᠬᠦᠮᠦᠵᠢᠯ ᠤᠨ ᠦᠬᠡᠷᠡᠴᠢᠯᠡᠯᠳᠡ ᠶᠢ | ᠲᠠᠭᠠᠯᠳᠤᠨ᠂ ᠰᠤᠳᠤᠯᠭᠠᠳᠠᠳ ᠪᠤᠯᠤᠨ ᠴᠡᠴᠡᠷᠯᠢᠭᠴᠢ ᠠᠴᠠ ᠬᠡᠤᠬᠡᠳ ᠤᠨ ᠬᠦᠮᠦᠵᠢᠯ ᠪᠣᠯ ᠲᠠᠩ ᠭᠠᠭᠴᠠ | ᠬᠡᠤᠬᠡᠳ ᠤᠨ ᠴᠡᠴᠡᠷᠯᠢᠭ ᠤᠨ ᠡᠭᠦᠷᠬᠡ ᠪᠢᠰᠢ᠂ ᠪᠠᠰᠠ ᠴᠤ ᠭᠡᠷ ᠤᠨ ᠠᠬᠠᠮᠠᠳ ᠤᠨ ᠬᠠᠷᠢᠭᠤᠴᠠᠯᠭ᠎ᠠ ᠪᠤᠯᠤᠨ᠎ᠠ᠂ | ᠬᠤᠶᠠᠷ ᠲᠠᠯ᠎ᠠ ᠪᠠᠷ ᠢᠶᠠᠨ ᠤᠶᠠᠯᠳᠤᠨ ᠨᠢᠭᠡᠳᠴᠦ᠂ ᠬᠦᠢᠴᠡᠳ ᠬᠠᠮᠵᠢᠯᠴᠠᠪᠠᠯ ᠰᠠᠶ᠋ᠢ ᠬᠡᠤᠬᠡᠳ ᠤᠨ ᠴᠡᠴᠡᠷᠯᠢᠭ ᠤᠨ | ᠠᠵᠢᠯ ᠤᠨ ᠤᠷᠤᠬᠰᠢᠳᠠᠢ ᠮᠦᠷᠳᠡᠬᠡᠨ ᠬᠡᠤᠬᠡᠳ ᠤᠨ ᠡᠷᠡᠬᠦᠯ ᠬᠦᠭᠵᠢᠯᠳᠡ ᠳᠤ ᠠᠰᠢᠬᠳᠠᠢ ᠭᠡᠳᠡᠭ ᠢ ᠲᠠᠨᠢᠬᠰᠠᠨ | ᠪᠠᠶᠢᠨ᠎ᠠ᠃ ᠮᠠᠨ ᠤ ᠤᠯᠤᠰ ᠲᠤ ᠰᠣᠷᠭᠠᠭᠤᠯᠢ ᠠᠴᠠ ᠡᠮᠤᠨᠡᠬᠢ ᠬᠦᠮᠤᠵᠢᠯ ᠤᠨ ᠦᠷᠬᠡᠵᠢᠬᠦ ᠶᠢ ᠳᠠᠭᠠᠯᠳᠤᠨ | ᠴᠡᠴᠡᠷᠯᠢᠭ ᠲᠤ ᠳᠠᠩ ᠭᠠᠭᠴᠠ ᠪᠠᠭᠰᠢ ᠶᠢᠨ ᠵᠢᠯᠤᠭᠤᠳᠤᠯᠭ᠎ᠠ ᠳᠤᠤᠷ᠎ᠠ ᠬᠡᠤᠬᠡᠳ ᠢ ᠰᠤᠷᠭᠠᠨ ᠬᠦᠮᠤᠵᠢᠬᠦᠯᠳᠡᠭ ᠪᠢᠰᠢ᠂ | ᠬᠠᠷᠢᠨ ᠬᠡᠷ ᠤᠨ ᠠᠬᠠᠮᠠᠳ ᠡᠯ᠎ᠡ ᠵᠦᠢᠯ ᠤᠨ ᠬᠦᠳᠡᠯᠬᠡᠬᠡᠨ ᠳᠤ ᠤᠷᠤᠯᠴᠠᠭᠰᠠᠨ ᠪᠠᠶᠢᠳᠠᠯ ᠢᠶᠠᠷ ᠴᠤ ᠬᠡᠤᠬᠡᠳ ᠤᠨ | ᠬᠦᠮᠤᠵᠢᠯ ᠳᠤ ᠳᠤᠩ ᠶᠡᠭᠡ ᠨᠦᠯᠦᠬᠡ ᠦᠵᠡᠬᠦᠯᠳᠡᠭ ᠬᠡᠰᠡᠨ ᠢ ᠮᠡᠳᠡᠭᠰᠡᠨ ᠪᠠᠶᠢᠨ᠎ᠠ᠃ ᠡᠶᠢᠮᠤ ᠠᠴᠠ ᠴᠡᠴᠡᠷᠯᠢᠭ | ᠪᠤᠯᠤᠨ ᠬᠡᠷ ᠤᠨ ᠠᠬᠠᠮᠠᠳ ᠰᠠᠶᠢᠳᠣᠷ ᠬᠠᠮᠵᠢᠯᠴᠠᠪᠠᠯ ᠬᠡᠤᠬᠡᠳ ᠤᠨ ᠦᠰᠤᠨ ᠪᠤᠶᠢᠵᠢᠯᠳᠠ ᠳᠤ ᠰᠠᠶᠢᠨ ᠰᠠᠶᠢᠬᠠᠨ | ᠰᠠᠭᠤᠷᠢ ᠳᠠᠯᠪᠢᠨ ᠰᠡᠳᠬᠢᠴᠠ ᠶᠢᠨ ᠬᠦᠭᠵᠢᠯᠲᠠ ᠳᠤ ᠨᠢ ᠮᠦᠨ ᠴᠢᠳᠠᠮᠠᠭᠠᠢ ᠦᠢᠯᠡᠳᠤᠯ ᠦᠵᠡᠭᠦᠯᠵᠦ ᠴᠢᠳᠠᠳᠠᠭ᠃ | ᠬᠡᠤᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ ᠬᠠᠮᠳᠤᠷᠠᠯᠴᠠᠭ᠎ᠠ ᠪᠣᠯ ᠬᠡᠤᠬᠡᠳ ᠤᠨ ᠭᠦᠮᠤᠵᠢᠯ ᠤᠨ ᠴᠢᠬᠤᠯᠠ | ᠠᠷᠭ᠎ᠠ ᠵᠠᠮ᠂ ᠤᠳᠤᠬᠠᠨ ᠤ ᠲᠡᠯᠡᠬᠡᠢ ᠶᠢᠨ ᠤᠯᠠᠨ ᠤᠯᠤᠰ ᠤᠨ ᠬᠡᠤᠬᠡᠳ ᠤᠨ ᠬᠦᠮᠦᠵᠢᠯ ᠤᠨ ᠬᠦᠭᠵᠢᠯᠳᠡ ᠶᠢᠨ | ᠬᠠᠨᠳᠤᠰᠢ ᠪᠤᠯᠤᠨ ᠤᠷᠤᠰᠬᠠᠯ ᠪᠤᠯᠵᠦ ᠪᠠᠶᠢᠭ᠎ᠠ ᠶᠤᠮ᠃ | ᠬᠡᠤᠬᠡᠤᠨ ᠤᠨ ᠴᠡᠴᠡᠷᠯᠢᠭ ᠪᠡ ᠬᠡᠷ ᠪᠦᠯᠢ ᠶᠢᠨ ᠬᠠᠮᠳᠤᠷᠠᠯᠴᠠᠭ᠎ᠠ ᠳᠤ ᠬᠢ ᠠᠰᠢᠬᠳᠠᠢ ᠲᠠᠯ᠎ᠠ ᠬᠡᠪᠡᠯ᠄ | ︵ᠨᠢᠭᠡ︶ ᠬᠡᠤᠬᠡᠳ ᠲᠤ ᠶᠠᠭᠤᠨ ᠤ ᠤᠷᠢᠳ ᠬᠡᠷ ᠤᠨ ᠠᠬᠠᠮᠠᠳ ᠪᠤᠯᠤᠨ ᠪᠠᠭᠰᠢ ᠰᠢᠭᠤᠳ ᠬᠠᠷᠢᠴᠠᠭ᠎ᠠ ᠲᠠᠢ | ᠬᠡᠰᠡᠨ ᠢ ᠮᠡᠳᠡᠬᠦᠯᠤᠨ᠂ ᠬᠡᠷ ᠤᠨ ᠠᠬᠠᠮᠠᠳ ᠴᠤ ᠦᠪᠡᠷ ᠤᠨ ᠦᠷᠳᠡᠭ ᠢᠶᠠᠨ ᠤᠶᠢᠯᠠᠭᠠᠨ᠂ ᠪᠠᠭᠰᠢ — ᠭᠡᠷ ᠤᠨ | ᠠᠬᠠᠮᠡᠤᠨ — ᠬᠡᠤᠬᠡᠤᠨ ᠤᠨ ︽ᠲᠤᠯᠭ᠎ᠠ ᠶᠢᠨ ᠭᠤᠷᠪᠠᠨ ᠴᠢᠯᠠᠭᠤ︾ ᠰᠢᠬ ᠬᠠᠷᠢᠴᠠᠭ᠎ᠠ ᠶᠢ ᠪᠠᠶᠢᠭᠤᠯᠬᠤ ᠳᠤ | ᠠᠰᠢᠭᠳᠠᠢ ᠪᠠᠶᠢᠳᠠᠭ᠃ | ︵ᠬᠤᠶᠠᠷ︶ ᠭᠡᠤᠭᠡᠤᠨ ᠤᠨ ᠴᠡᠴᠡᠷᠯᠢᠭ ᠤᠨ ᠪᠠᠭᠰᠢ ᠪᠤᠯᠤᠨ ᠬᠡᠷ ᠤᠨ ᠠᠬᠠᠮᠠᠳ ᠢᠳᠡᠪᠬᠢᠳᠠᠢ ᠬᠠᠮᠳᠤᠷᠠᠨ | ᠦᠷᠬᠦᠯᠵᠢ ᠬᠡᠤᠬᠡᠳ ᠤᠨ ᠳᠤᠬᠠᠢ ᠮᠡᠳᠡᠭᠡ ᠵᠠᠩᠬᠢ ᠪᠠᠨ ᠰᠤᠯᠢᠯᠴᠠᠵᠤ ᠪᠠᠶᠢᠪᠠᠯ ᠬᠡᠤᠬᠡᠳ ᠤᠨ ᠭᠦᠮᠤᠵᠢᠯ ᠤᠨ ᠲᠤᠬᠠᠢ | ᠠᠷᠭ᠎ᠠ ᠣᠬᠠᠭᠠᠨ ᠰᠦᠪᠡᠯᠡᠬᠦ ᠳᠤ ᠠᠰᠢᠬᠳᠠᠢ ᠪᠠᠶᠢᠳᠠᠭ᠃ | ︵ᠭᠤᠷᠪᠠ︶ ᠬᠡᠷ ᠤᠨ ᠠᠬᠠᠮᠠᠳ ᠠᠴᠠ ᠬᠡᠤᠬᠡᠳ ᠢᠶᠠᠨ ᠭᠦᠮᠤᠵᠢᠭᠦᠯᠭᠦ ᠳᠤ ᠨᠢᠬᠡ ᠳᠤᠰᠠᠯᠠᠨ ᠳᠠᠮᠵᠢᠬᠦ | ᠬᠦᠮᠤᠨ ᠲᠠᠢ ᠪᠤᠯᠤᠯ᠎ᠠ ᠬᠡᠰᠡᠨ ᠳᠦᠷᠦᠭᠳᠡᠯ ᠲᠠᠢ ᠪᠤᠯᠵᠤ ᠪᠠᠭᠰᠢ ᠲᠠᠢ ᠢᠯᠡᠬᠦᠤ ᠬᠠᠷᠢᠯᠴᠠᠨ ᠬᠡᠤᠬᠡᠤᠨ ᠢᠶᠠᠨ | ᠣᠶᠢᠯᠠᠭᠠᠬᠤ ᠳᠤ ᠠᠰᠢᠭᠳᠠᠢ ᠪᠠᠶᠢᠳᠠᠭ᠃ | ︵ᠲᠦᠷᠪᠡ︶ ᠬᠡᠤᠬᠡᠳ ᠢ ᠭᠦᠮᠤᠵᠢᠭᠦᠯᠭᠦ ᠵᠠᠷᠢᠮ ᠠᠰᠠᠭᠤᠳᠠᠯ ᠳᠡᠬᠡᠷ᠎ᠡ ᠪᠠᠭᠰᠢ ᠠᠴᠠ ᠳᠤᠰᠬᠠᠢ ᠮᠡᠷᠬᠡᠵᠢᠯ ᠤᠨ | ᠵᠦᠪᠯᠡᠯᠭᠡ ᠪᠤᠶᠤ ᠲᠠᠶᠢᠯᠤᠮᠵᠢ ᠶᠢ ᠬᠡᠷ ᠤᠨ ᠠᠬᠠᠮᠠᠳ ᠲᠤ ᠦᠭᠭᠦ ᠨᠢ ᠬᠡᠷ ᠤᠨ ᠠᠬᠠᠮᠠᠳ ᠲᠤ ᠵᠤᠷᠢᠬᠵᠢᠭᠤᠯᠤᠯ | ᠤᠯᠭᠤᠨ ᠲᠠᠳᠠᠨ ᠤ ᠦᠪᠡᠷ ᠢ ᠪᠠᠨ ᠢᠳᠡᠬᠡᠬᠦ ᠰᠡᠳᠬᠢᠯᠬᠡ ᠶᠢ ᠤᠯᠠᠮ ᠨᠠᠮᠡᠭᠳᠡᠬᠦᠯᠵᠤ᠂ ᠬᠡᠤᠬᠡᠳ ᠤᠨ ᠬᠦᠮᠤᠵᠢᠯ ᠤᠨ | ᠦᠷᠬᠡᠨ ᠬᠠᠷᠭᠤᠢ ᠶᠢ ᠨᠡᠬᠡᠬᠡᠭᠦ ᠳᠤ ᠠᠰᠢᠭᠳᠠᠢ ᠪᠠᠶᠢᠳᠠᠭ᠃ | ︵ᠲᠠᠪᠤ︶ ᠬᠡᠤᠬᠡᠳ ᠪᠤᠯᠭᠠᠨ ᠤ ᠭᠦᠷᠳᠡᠭᠰᠡᠨ ᠭᠡᠷ ᠤᠨ ᠭᠦᠮᠦᠵᠢᠯ᠂ ᠵᠠᠩ ᠴᠢᠨᠠᠷ᠂ ᠤᠷᠮ᠎ᠠ ᠪᠠᠬ᠎ᠠ ᠨᠢ | ᠦᠭᠡᠷ᠎ᠠ ᠦᠭᠡᠷ᠎ᠡ ᠪᠠᠶᠢᠳᠠᠬ ᠢ ᠴᠡᠴᠡᠷᠯᠢᠭ ᠤᠨ ᠪᠠᠭᠰᠢ ᠨᠠᠷ ᠤᠶᠢᠯᠠᠭᠠᠬᠰᠡᠨ ᠪᠠᠶᠢᠬᠤ ᠬᠡᠷᠡᠭᠳᠡᠢ᠃ ᠳᠠᠷᠠ ᠮᠦᠷᠳᠡᠬᠡᠨ | ᠬᠡᠷ ᠤᠨ ᠠᠬᠠᠮᠠᠳ ᠨᠢ ᠪᠠᠭᠰᠢ ᠶᠢᠨ ᠠᠵᠢᠯ ᠳᠤ ᠪᠠᠰᠠ ᠵᠤᠬᠢᠬᠤ ᠰᠠᠨᠠᠯ ᠵᠦᠪᠯᠡᠯᠭᠡ ᠬᠠᠨᠭ᠍ᠭᠠᠬᠤ ᠨᠢ ᠬᠡᠤᠬᠡᠤᠨ ᠢ | ᠭᠦᠮᠤᠵᠢᠭᠦᠯᠭᠦ ᠲᠠᠯ᠎ᠠ ᠪᠠᠷ ᠲᠤᠩ ᠶᠡᠭᠡ ᠠᠴᠢ ᠲᠤᠰᠠ ᠲᠠᠢ ᠪᠠᠶᠢᠳᠠᠬ᠃ ᠪᠠᠭᠰᠢ ᠨᠠᠷ ᠡᠭᠦᠨ ᠤ ᠤᠯᠠᠮ ᠠᠴᠠ | ᠦᠪᠡᠷ ᠤᠨ ᠢᠶᠠᠨ ᠠᠵᠢᠯ ᠳᠤ ᠴᠤ ᠳᠤᠷᠠᠳᠠᠢ ᠪᠦᠬᠡᠤᠨ ᠪᠠᠶᠠᠰᠤᠩᠭᠤᠢ ᠤᠪᠤᠷ ᠲᠠᠢ ᠪᠣᠯᠳᠠᠭ᠃ | ᠬᠡᠤᠬᠡᠳ ᠤᠨ ᠴᠡᠴᠡᠷᠯᠢᠭ ᠤᠨ ᠮᠠᠳᠡᠭᠡ ᠵᠠᠩᠬᠢᠴᠢᠯᠠᠯᠳᠠ ᠪᠣᠯ ᠤᠳᠤᠬᠠᠨ ᠤ ᠰᠣᠷᠭᠠᠭᠤᠯᠢ ᠠᠴᠠ ᠡᠮᠦᠨᠡᠬᠢ | ᠬᠦᠮᠦᠵᠢᠯ ᠤᠨ ᠦᠭᠡᠷᠡᠴᠢᠯᠡᠯᠳᠡ ᠶᠢ ᠪᠡᠶᠡᠯᠡᠬᠦᠯᠬᠦ ᠴᠢᠬᠤᠯᠠ ᠠᠷᠭ᠎ᠠ ᠪᠤᠯᠤᠨ᠎ᠠ᠃ ᠠᠮᠧᠷᠢᠺᠠ᠂ ᠠᠩᠭ᠍ᠯᠢ᠂ ᠠᠦ᠋ᠰᠲᠷᠠᠯᠢᠶ᠎ᠠ᠂ | ᠡᠨᠡᠳᠬᠡᠭ ᠵᠡᠷᠭᠡ ᠤᠯᠤᠰ ᠤᠷᠤᠨ ᠳᠤ ᠮᠠᠳᠡᠭᠡ ᠵᠠᠩᠭᠢ ᠬᠠᠩᠭᠠᠬᠤ ᠰᠢᠨ᠎ᠡ ᠮᠡᠷᠭᠡᠵᠢᠯ ᠨᠢ ᠬᠡᠤᠬᠡᠳ ᠤᠨ ᠬᠦᠮᠦᠵᠢᠯ ᠳᠤ | ᠠᠯᠢ ᠬᠡᠵᠢᠶᠡᠨ ᠤ ᠬᠡᠷᠡᠭᠯᠡᠭᠳᠡᠭᠰᠡᠨ ᠪᠠᠶᠢᠨ᠎ᠠ᠃ ᠮᠠᠳᠡᠭᠡ ᠵᠠᠩᠬᠢᠴᠢᠯᠠᠯᠳᠠ ᠶᠢᠨ ᠰᠤᠳᠤᠯᠭᠠᠨ ᠬᠤᠳᠠ ᠠᠴᠠ ᠬᠦᠳᠡᠭᠡ᠂ | ᠲᠡᠭᠡᠳᠦ ᠰᠤᠷᠭᠠᠭᠤᠯᠢ ᠠᠴᠠ ᠲᠤᠮᠳᠠᠳᠦ ᠪᠠᠭ᠎ᠠ ᠰᠤᠷᠭᠠᠭᠤᠯᠢ ᠶᠢ ᠪᠦᠷᠬᠦᠵᠦ᠂ ᠪᠠᠷᠤᠭ ᠰᠤᠷᠭᠠᠨ ᠬᠦᠮᠦᠵᠢᠯ ᠤᠨ ᠡᠯ᠎ᠡ | ᠲᠠᠯ᠎ᠠ ᠶᠢ ᠬᠠᠮᠤᠷᠤᠬᠰᠠᠨ ᠪᠠᠶᠢᠬᠤ ᠳᠤ ᠰᠤᠷᠭᠠᠭᠤᠯᠢ ᠠᠴᠠ ᠡᠮᠦᠨᠡᠬᠢ ᠬᠦᠮᠦᠵᠢᠯ ᠤᠨ ᠮᠠᠳᠡᠭᠡ ᠵᠠᠩᠬᠢᠴᠢᠯᠠᠯᠳᠠ ᠬᠠᠷᠢᠨ | ᠬᠦᠮᠦᠰ ᠤᠨ ᠠᠩᠬᠠᠷᠤᠯ ᠳᠤ ᠲᠡᠳᠦᠢ ᠶᠡᠭᠡ ᠤᠷᠤᠵᠦ ᠲᠡᠶᠢᠯᠦᠭᠡ ᠦᠭᠡᠢ ᠪᠠᠶᠢᠬᠰᠠᠭᠠᠷ ᠬᠡᠳᠡᠭ ᠢ ᠡ᠊ᠨᠳᠡ ᠴᠣᠬᠤᠰ | ᠲᠤᠷᠠᠳᠤᠶ᠎ᠠ᠃ | ᠬᠤᠶᠠᠷ᠂ ᠬᠡᠣᠬᠡᠣᠨ ᠤᠨ ᠴᠡᠴᠡᠷᠯᠢᠭ ᠤᠨ ᠬᠠᠮᠢᠶᠠᠷᠤᠯᠲᠠ ᠳᠤ ᠦᠵᠡᠭᠦᠯᠭᠦ ᠵᠢᠷᠬᠢᠶᠠᠨ ᠤ ᠨᠡᠶᠢᠳᠡ ᠶᠢᠨ | ᠲᠠᠪᠴᠠᠩ ᠤᠨ ᠴᠢᠳᠠᠪᠬᠢ ᠦᠢᠯᠡᠳᠦᠯ | ᠵᠢᠷᠭᠢᠶ᠎ᠡ ᠳᠤ ᠰᠠᠭᠤᠷᠢᠯᠠᠭᠰᠠᠨ ᠵᠢᠷᠬᠢᠶᠠᠨ ᠤ ᠨᠡᠶᠢᠳᠡ ᠶᠢᠨ ᠲᠠᠪᠴᠠᠩ ᠨᠢ 2012 ᠣᠨ ᠤ 8 ᠰᠠᠷ᠎ᠠ ᠶᠢᠨ | 23 ᠤ ᠡᠳᠦᠷ ᠵᠢᠩᠭᠢᠨᠢ ᠪᠠᠷ ᠨᠡᠪᠳᠡᠷᠡᠵᠦ᠂ ᠬᠡᠳᠦ ᠤᠳᠠᠭᠠᠨ ᠤ ᠲᠤᠬᠢᠷᠠᠭᠤᠯᠤᠯᠳᠠ ᠪᠠᠷ ᠲᠠᠮᠵᠢᠨ ︽ᠵᠠᠬᠢᠶᠠᠯᠠᠭ᠎ᠠ ᠶᠢᠨ | ᠳ᠋ᠤᠭᠠᠷ︾᠂ ︽ᠦᠢᠯᠡᠴᠢᠯᠡᠬᠡᠨ ᠤ ᠳ᠋ᠤᠭᠠᠷ︾᠂ ︽ᠠᠵᠦ ᠠᠬᠤᠶᠢᠯᠠᠯ ᠤᠨ ᠳ᠋ᠤᠭᠠᠷ︾ ᠭᠡᠵᠦ ᠨᠠᠷᠢᠯᠢᠬ ᠬᠤᠪᠢᠶᠠᠭᠳᠠᠨ | ᠬᠡᠷᠡᠭᠯᠡᠭᠳᠡᠵᠦ ᠪᠠᠶᠢᠨ᠎ᠠ᠃ ᠵᠢᠷᠬᠢᠶᠠᠨ ᠤ ᠨᠡᠶᠢᠳᠡ ᠶᠢᠨ ᠲᠠᠪᠴᠠᠩ ᠪᠣᠯ ᠬᠤᠪᠢ ᠬᠦᠮᠦᠨ᠂ ᠠᠵᠦ ᠠᠬᠤᠶᠢᠯᠠᠯ ᠪᠤᠯᠤᠨ | ᠵᠤᠬᠢᠶᠠᠨ ᠪᠠᠶᠢᠭᠤᠯᠤᠯᠳᠠ ᠠᠴᠠ ᠬᠡᠷᠡᠭᠯᠡᠭᠴᠢᠳ ᠲᠤ ᠬᠠᠨᠳᠤᠭᠤᠯᠤᠨ ᠭᠠᠷᠭᠠᠬᠰᠠᠨ ᠬᠠᠮᠢᠶᠠᠷᠤᠯᠳᠠ ᠪᠠ | ᠦᠢᠯᠡᠴᠢᠯᠡᠬᠡᠨ ᠤ ᠴᠢᠨᠠᠷᠳᠠᠢ ᠴᠣ ᠰᠢᠨ᠎ᠡ ᠲᠠᠪᠴᠠᠩ ᠪᠤᠯᠤᠨ᠎ᠠ᠃ | ᠵᠢᠷᠬᠢᠶᠠᠨ ᠤ ᠨᠡᠶᠢᠳᠡ ᠶᠢᠨ ᠲᠠᠪᠴᠠᠩ ᠤᠨ ᠬᠡᠤᠬᠡᠤᠨ ᠤᠨ ᠴᠡᠴᠡᠷᠯᠢᠭ ᠲᠤ ᠬᠢ ᠠᠰᠢᠬᠯᠠᠯᠳᠠ ᠶᠢᠨ ᠬᠡᠯᠪᠡᠷᠢ ᠳᠤ | ᠬᠡᠤᠬᠡᠤᠨ ᠤᠨ ᠴᠡᠴᠡᠷᠯᠢᠭ ᠤᠨ ᠵᠢᠷᠬᠢᠶᠠᠨ ᠤ ᠨᠡᠶᠢᠳᠡ ᠶᠢᠨ ᠲᠠᠪᠴᠠᠩ ᠢ ᠨᠡᠪᠳᠡᠷᠡᠬᠦᠯᠵᠦ᠂ ᠠᠩᠬᠠᠷᠴᠦ ᠦᠵᠡᠵᠦ | ᠪᠠᠶᠢᠭ᠎ᠠ ᠬᠦᠮᠦᠰ ᠲᠤ ᠮᠡᠳᠡᠭᠡ ᠵᠠᠩᠭᠢ ᠲᠠᠮᠵᠢᠭᠤᠯᠵᠦ᠂ ᠲᠠᠪᠴᠠᠩ ᠢᠶᠠᠷ ᠬᠡᠷᠡᠭᠯᠡᠭᠴᠢᠳ ᠤᠨ ᠬᠠᠷᠢᠭᠤ ᠰᠠᠨᠠᠯ ᠢ ᠲᠤᠰᠴᠦ | ᠪᠤᠯᠤᠨ᠎ᠠ᠃ ᠬᠡᠣᠬᠡᠣᠨ ᠤᠨ ᠴᠡᠴᠡᠷᠯᠢᠭ ᠨᠢ ᠵᠢᠷᠬᠢᠶᠠᠨ ᠤ ᠨᠡᠶᠢᠳᠡ ᠶᠢᠨ ᠲᠠᠪᠴᠠᠩ ᠢ ᠭᠤᠤᠯᠯᠠᠨ ᠡᠷᠬᠢᠯᠡᠵᠦ ᠪᠠᠶᠢᠭ᠎ᠠ | ᠪᠤᠯᠬᠤᠷ ᠠᠭᠤᠯᠭ᠎ᠠ ᠬᠡᠯᠪᠡᠷᠢ ᠶᠢᠨ ᠴᠢᠳᠠᠮᠵᠢ ᠶᠢ ᠲᠤᠬᠳᠠᠭᠠᠵᠦ᠂ ᠡᠨᠡ ᠬᠦ ᠲᠠᠪᠴᠠᠩ ᠢᠶᠠᠷ ᠲᠠᠮᠵᠢᠭᠤᠯᠤᠨ ᠬᠡᠤᠬᠡᠳ | ᠤᠨ ᠴᠡᠴᠡᠷᠯᠢᠭ ᠪᠤᠯᠤᠨ ᠭᠡᠷ ᠤᠨ ᠠᠬᠠᠮᠠᠳ ᠤᠨ ᠬᠤᠭᠤᠷᠤᠨᠳᠤᠬᠢ ᠤᠶᠢᠯᠠᠭᠠᠯᠴᠠᠭ᠎ᠠ ᠶᠢ ᠨᠡᠮᠡᠭᠳᠡᠭᠦᠯᠵᠦ ᠪᠤᠯᠤᠨ᠎ᠠ᠃ | ᠴᠡᠴᠡᠷᠯᠢᠭ ᠪᠤᠯᠤᠨ ᠬᠡᠷ ᠪᠦᠯᠢ ᠶᠢᠨ ᠬᠠᠮᠳᠤᠷᠠᠯᠴᠠᠭ᠎ᠠ ᠪᠣᠯ ᠰᠣᠷᠭᠠᠭᠤᠯᠢ ᠠᠴᠠ ᠡᠮᠦᠨᠡᠬᠢ ᠬᠦᠮᠦᠵᠢᠯ ᠤᠨ | ᠬᠤᠭᠤᠴᠠᠭᠠᠨ ᠳᠤ ᠬᠢ ᠬᠡᠤᠬᠡᠤᠨ ᠤᠨ ᠴᠡᠴᠡᠷᠯᠢᠭ ᠪᠠ ᠭᠡᠷ ᠤᠨ ᠠᠬᠠᠮᠠᠳ ᠤᠨ ᠬᠠᠮᠳᠤᠷᠠᠨ ᠠᠵᠢᠯᠯᠠᠬᠤ ᠰᠤᠷᠭᠠᠨ | ᠬᠦᠮᠦᠵᠢᠯ ᠤᠨ ᠦᠢᠯᠡᠳᠦᠯᠬᠡ ᠶᠢᠨ ᠠᠵᠢᠯᠯᠠᠭ᠎ᠠ ᠮᠦᠨ᠂ ᠡᠭᠦᠨ ᠳᠤ ᠬᠡᠯᠪᠡᠷᠢ ᠤᠯᠠᠨ ᠶᠠᠩᠵᠦ ᠶᠢᠨ ᠪᠠᠶᠢᠵᠦ ᠪᠤᠯᠤᠨ᠎ᠠ᠂ | ᠮᠦᠨ ᠴᠤ ᠴᠠᠭ ᠦᠶ᠎ᠡ ᠶᠢ ᠲᠠᠭᠠᠨ ᠬᠤᠪᠢᠷᠠᠵᠦ ᠬᠦᠭᠵᠢᠵᠦ ᠪᠠᠶᠢᠨ᠎ᠠ᠃ ᠰᠢᠨ᠎ᠡ ᠵᠠᠭᠤᠴᠢᠯᠠᠭᠤᠷ ᠬᠦᠭᠵᠢᠭᠰᠡᠨ | ᠦᠶ᠎ᠡ ᠳᠤ᠂ ᠲᠠᠪᠴᠠᠩ ᠢᠶᠠᠷ ᠲᠠᠮᠵᠢᠨ ᠬᠠᠷᠢᠯᠴᠠᠬᠤ ᠨᠢ ᠤᠯᠠᠨ ᠲᠠᠪᠠᠭᠤᠯᠢᠭ ᠲᠠᠯ᠎ᠠ ᠲᠠᠢ᠃ ᠢᠯᠠᠩᠭᠤᠶ᠎ᠠ ᠭᠠᠷ | ᠤᠳᠠᠰᠤᠨ ᠤ ᠰᠢᠯᠵᠢᠶ᠎ᠡ ᠬᠤᠯᠪᠤᠭ᠎ᠠ ᠨᠢ ᠳᠦᠭᠦᠮ ᠲᠦᠲᠡ ᠮᠦᠷᠳᠡᠬᠡᠨ ᠦᠷ᠎ᠡ ᠪᠦᠳᠦᠮᠵᠢ ᠦᠨᠳᠦᠷ ᠪᠠᠶᠢᠳᠠᠭ᠃ | ᠲᠡᠭᠡᠪᠡᠯ᠂ ᠬᠡᠤᠬᠡᠤᠨ ᠤᠨ ᠴᠡᠴᠡᠷᠯᠢᠭ ᠤᠨ ᠵᠢᠷᠬᠢᠶᠠᠨ ᠤ ᠨᠡᠶᠢᠳᠡ ᠶᠢᠨ ᠲᠠᠪᠴᠠᠩ ᠤᠨ ᠪᠤᠳᠠᠲᠠᠢ ᠴᠢᠳᠠᠪᠬᠢ | ᠦᠢᠯᠡᠳᠦᠯ ᠨᠢ ᠭᠤᠤᠯᠳᠠᠭᠤ ᠲᠤᠤᠷᠠᠬᠢ ᠬᠡᠳᠦᠨ ᠲᠠᠯ᠎ᠠ ᠳᠤ ᠢᠯᠡᠷᠡᠳᠡᠭ᠃ | ︵ᠨᠢᠭᠡ︶ ᠮᠡᠳᠡᠭᠡ ᠵᠠᠩᠭᠢ ᠲᠠᠮᠵᠢᠭᠤᠯᠬᠤ ᠴᠢᠳᠠᠮᠵᠢ | ᠮᠡᠳᠡᠭᠡ ᠵᠠᠩᠭᠢ ᠲᠠᠮᠵᠢᠭᠤᠯᠬᠤ ᠴᠢᠳᠠᠮᠵᠢ ᠪᠣᠯ ᠬᠡᠤᠬᠡᠤᠨ ᠤᠨ ᠴᠡᠴᠡᠷᠯᠢᠭ ᠤᠨ ᠵᠢᠷᠬᠢᠶᠠᠨ ᠤ ᠨᠡᠶᠢᠳᠡ ᠶᠢᠨ | ᠲᠠᠪᠴᠠᠩ ᠤᠨ ᠬᠠᠮᠤᠭ ᠤᠨ ᠦᠨᠳᠦᠰᠦᠨ ᠴᠢᠳᠠᠮᠵᠢ ᠶᠢᠨ ᠨᠢᠭᠡ ᠪᠤᠯᠤᠨ᠎ᠠ᠃ ᠤᠴᠢᠷ ᠨᠢ ᠵᠢᠷᠬᠢᠶᠠᠨ ᠤ ᠨᠡᠶᠢᠳᠡ ᠶᠢᠨ | ᠲᠠᠪᠴᠠᠩ ᠨᠢ ᠨᠢᠭᠡᠨ ᠰᠢᠨ᠎ᠡ ᠵᠠᠭᠤᠴᠢᠯᠠᠭᠤᠷ ᠪᠤᠯᠤᠬᠰᠠᠨ ᠤ ᠬᠤᠪᠢ ᠳᠤ ᠲᠡᠬᠦᠨ ᠤ ᠰᠢᠨᠵᠢ ᠴᠢᠨᠠᠷ ᠪᠣᠯ ᠮᠡᠳᠡᠭᠡ | ᠰᠤᠷᠠᠭ ᠵᠠᠩᠭᠢ ᠲᠠᠮᠵᠢᠭᠤᠯᠬᠤ ᠪᠤᠯᠤᠨ᠎ᠠ᠃ ᠤᠨᠴᠠᠯᠢᠭ ᠨᠢ ᠲᠠᠩ ᠴᠢᠭᠯᠡᠯ ᠤᠨ ᠤᠯᠠᠨ ᠲᠦᠮᠡᠨᠴᠢ ᠲᠠᠮᠵᠢᠭᠤᠯᠭ᠎ᠠ | ᠪᠤᠯᠤᠨ ᠬᠤᠣᠰ ᠴᠢᠭᠯᠡᠯ ᠤᠨ ᠬᠦᠮᠦᠰ ᠤᠨ ᠬᠤᠭᠤᠷᠤᠨᠳᠤᠬᠢ ᠶᠠᠪᠤᠯᠴᠠᠭᠠᠨ ᠤ ᠲᠠᠮᠵᠢᠭᠤᠯᠭ᠎ᠠ ᠶᠢ | ᠤᠶᠠᠯᠳᠤᠭᠤᠯᠤᠬᠰᠠᠨ ᠳᠤ ᠪᠤᠢ᠃ ᠠᠰᠢᠬᠳᠠᠢ ᠮᠠᠳᠡᠭᠡ ᠵᠠᠩᠭᠢ ᠶᠢᠨ ᠲᠠᠮᠵᠢᠭᠤᠯᠭ᠎ᠠ ᠨᠢ ᠬᠡᠤᠬᠡᠤᠨ ᠤᠨ ᠴᠡᠴᠡᠷᠯᠢᠭ ᠤᠨ | ᠦᠡᠳᠣᠰᠤᠨ ᠪᠠᠶᠢᠳᠠᠯ᠂ ᠰᠤᠷᠭᠠᠨ ᠬᠦᠮᠦᠵᠢᠯ ᠤᠨ ᠣᠨᠣᠯᠵᠢᠬᠤᠨ ᠪᠠ ᠰᠤᠷᠭᠠᠨ ᠬᠦᠮᠦᠵᠢᠯ ᠤᠨ ᠠᠷᠭ᠎ᠠ ᠮᠠᠶ᠋ᠢᠭ ᠢ | ᠴᠠᠭ ᠲᠤᠬᠠᠢ ᠳᠤ ᠨᠢ ᠨᠡᠶᠢᠭᠡᠮ ᠨᠡᠶᠢᠳᠡ ᠪᠤᠯᠤᠨ ᠭᠡᠷ ᠤᠨ ᠠᠬᠠᠮᠠᠳ ᠲᠤ ᠳᠠᠮᠵᠢᠭᠤᠯᠤᠨ ᠮᠡᠳᠡᠭᠳᠡᠵᠦ᠂ ᠬᠡᠤᠬᠡᠤᠨ ᠤᠨ | ᠴᠡᠴᠡᠷᠯᠢᠭ ᠤᠨ ᠲᠤᠰ ᠪᠡᠶ᠎ᠡ ᠶᠢᠨ ᠤᠬᠠᠭᠤᠯᠭ᠎ᠠ ᠶᠢ ᠰᠠᠶᠢᠳᠤᠷ ᠬᠢᠬᠦ ᠪᠠᠷ ᠪᠠᠷᠠᠬᠤ ᠦᠭᠡᠢ᠂ ᠴᠡᠴᠡᠷᠯᠢᠭ ᠤᠨ ᠡᠳᠦᠷ | ᠳᠤᠳᠤᠮ ᠤᠨ ᠠᠵᠢᠯ ᠢ ᠭᠡᠷ ᠤᠨ ᠠᠬᠠᠮᠠᠳ ᠲᠤ ᠨᠡᠩ ᠬᠦᠨᠵᠡᠭᠡᠢ ᠤᠶᠢᠯᠠᠭᠠᠭᠤᠯᠵᠤ ᠴᠢᠳᠠᠨ᠎ᠠ᠃ ᠬᠡᠷᠪᠡ ᠵᠢᠷᠬᠢᠶᠠᠨ ᠤ | ᠨᠡᠶᠢᠳᠡ ᠶᠢᠨ ᠲᠠᠪᠴᠠᠩ ᠤᠨ ᠤᠬᠠᠭᠤᠯᠭ᠎ᠠ ᠶᠢᠨ ᠠᠵᠢᠯ ᠢ ᠰᠠᠶᠢᠳᠦᠷ ᠬᠢᠵᠦ ᠴᠢᠳᠠᠪᠠᠯ ᠬᠡᠤᠬᠡᠳ ᠤᠨ ᠴᠡᠴᠡᠷᠯᠢᠭ ᠤᠨ | ᠰᠤᠷᠤᠬᠴᠢ ᠡᠯᠰᠡᠬᠦ᠂ ᠨᠡᠶᠢᠭᠡᠮ ᠤᠨ ᠨᠡᠷ᠎ᠡ ᠨᠦᠯᠦᠭᠡ ᠪᠤᠯᠤᠨ ᠭᠡᠷ ᠤᠨ ᠠᠬᠠᠮᠠᠳ ᠤᠨ ᠢᠳᠡᠭᠡᠯ ᠢ ᠣᠯᠬᠤ ᠳᠤ ᠪᠦᠷ | ᠶᠡᠭᠡ ᠲᠡᠮᠵᠢᠯᠭᠡ ᠪᠤᠯᠤᠨ᠎ᠠ᠃ ᠮᠠᠳᠡᠭᠡ ᠵᠠᠩᠭᠢ ᠲᠠᠮᠵᠢᠭᠤᠯᠬᠤ ᠴᠢᠳᠠᠮᠵᠢ ᠳᠤ ᠬᠤᠶᠠᠷ ᠲᠠᠯ᠎ᠠ ᠶᠢᠨ ᠠᠭᠤᠯᠭ᠎ᠠ ᠶᠢ | ᠪᠠᠭᠳᠠᠭᠠᠵᠦ ᠪᠤᠯᠤᠨ᠎ᠠ᠄ | 1. ᠬᠡᠤᠬᠡᠤᠨ ᠤᠨ ᠴᠡᠴᠡᠷᠯᠢᠭ ᠤᠨ ᠦᠡᠳᠣᠰᠣᠨ ᠪᠠᠶᠢᠳᠠᠯ | ᠴᠡᠴᠡᠷᠯᠢᠭ ᠤᠨ ᠵᠢᠷᠬᠢᠶᠠᠨ ᠤ ᠨᠡᠶᠢᠳᠡ ᠶᠢᠨ ᠲᠠᠪᠴᠠᠩ ᠨᠢ ᠨᠢᠬᠡᠨᠳᠡ ᠨᠡᠶᠢᠬᠡᠮ ᠨᠡᠶᠢᠳᠡ ᠪᠤᠯᠤᠨ ᠬᠡᠷ ᠤᠨ | ᠠᠬᠠᠮᠠᠳ ᠲᠤ ᠬᠡᠤᠬᠡᠤᠨ ᠤᠨ ᠴᠡᠴᠡᠷᠯᠢᠭ ᠤᠨ ᠦᠡᠳᠣᠰᠣᠨ ᠪᠠᠶᠢᠳᠠᠯ ᠢ ᠲᠠᠨᠢᠭᠤᠯᠬᠤ ᠴᠢᠬᠤᠯᠠ ᠬᠡᠯᠪᠡᠷᠢ ᠪᠤᠯᠤᠬᠰᠠᠨ | ᠪᠠᠶᠢᠨ᠎ᠠ᠃ ᠬᠡᠷ ᠤᠨ ᠠᠬᠠᠮᠠᠳ ᠬᠡᠷ ᠲᠤ ᠪᠠᠨ ᠰᠠᠭᠤᠵᠦ ᠪᠠᠶᠢᠭᠠᠳ ᠬᠡᠤᠬᠡᠤᠨ ᠤᠨ ᠴᠡᠴᠡᠷᠯᠢᠭ ᠤᠨ ᠦᠡᠳᠣᠰᠣᠨ | ᠪᠠᠶᠢᠳᠠᠯ ᠢ ᠤᠶᠢᠯᠠᠭᠠᠵᠦ ᠪᠤᠯᠤᠨ᠎ᠠ᠃ ᠤᠯᠠᠩᠬᠢ ᠬᠡᠤᠬᠡᠤᠨ ᠤᠨ ᠴᠡᠴᠡᠷᠯᠢᠭ ᠤᠨ ᠵᠢᠷᠬᠢᠶᠠᠨ ᠤ ᠨᠡᠶᠢᠳᠡ ᠶᠢᠨ | ᠲᠠᠪᠴᠠᠩ ᠳᠤ ︽ᠴᠡᠴᠡᠷᠯᠢᠭ ᠤᠨ ᠲᠠᠨᠢᠯᠴᠠᠭᠤᠯᠭ᠎ᠠ︾᠂ ︽ᠴᠡᠴᠡᠷᠯᠢᠭ ᠤᠨ ᠦᠵᠡᠬᠦᠯᠬᠡ︾᠂ ︽ᠴᠡᠴᠡᠷᠯᠢᠭ ᠤᠨ ᠲᠤᠬᠠᠢ︾ | ᠭᠡᠬᠦ ᠮᠡᠳᠦ ᠶᠢᠨ ᠪᠤᠯᠤᠩ ᠲᠠᠢ᠃ ᠬᠦᠬᠡᠬᠤᠳᠠ ᠶᠢᠨ ᠰᠠᠶᠢᠬᠠᠨ ᠲᠤᠭᠤᠷᠢᠭ ᠤᠨ ᠮᠤᠩᠭᠤᠯ ᠦᠨᠳᠦᠰᠦᠳᠡᠨ ᠤ | ᠬᠡᠤᠬᠡᠳ ᠤᠨ ᠴᠡᠴᠡᠷᠯᠢᠭ ᠤᠨ ᠵᠢᠷᠬᠢᠶ᠎ᠡ ᠪᠠᠷ ᠵᠢᠱᠢᠶᠡᠯᠡᠬᠦ ᠳᠤ ︽ᠪᠢᠴᠢᠯ ᠰᠦᠯᠵᠢᠶ᠎ᠡ︾᠂ ︽ᠴᠡᠴᠡᠷᠯᠢᠭ ᠤᠨ ᠤᠷᠴᠢᠨ︾᠂ | ︽ᠴᠡᠴᠡᠷᠯᠢᠭ ᠤᠨ ᠲᠠᠨᠢᠯᠴᠠᠭᠤᠯᠭ᠎ᠠ︾᠂ ︽ᠮᠠᠨ ᠲᠠᠢ ᠬᠠᠷᠢᠯᠴᠠᠬᠤ︾ ᠬᠡᠭᠦ ᠮᠡᠳᠤ ᠪᠤᠯᠤᠩ ᠪᠠᠶᠢᠨ᠎ᠠ᠃ ᠰᠢᠷᠪᠢᠨ | ᠦᠵᠡᠬᠡᠳ ᠭᠠᠷᠬᠤ ᠳᠤ ᠴᠡᠴᠡᠷᠯᠢᠭ ᠤᠨ ᠲᠤᠬᠠᠢ ᠤᠶᠢᠯᠠᠭᠠᠯᠳᠠ ᠲᠠᠢ ᠪᠤᠯᠵᠦ᠂ ᠤᠯᠠᠮ ᠨᠢᠬᠡ ᠠᠯᠬᠤᠮ ᠤᠶᠢᠯᠠᠭᠠᠬᠤ | ᠭᠡᠪᠡᠯ ᠴᠡᠴᠡᠷᠯᠢᠭ ᠲᠠᠢ ᠬᠠᠷᠢᠯᠴᠠᠵᠤ ᠪᠤᠯᠤᠨ᠎ᠠ᠃ | 2. ᠬᠡᠤᠬᠡᠤᠨ ᠤᠨ ᠴᠡᠴᠡᠷᠯᠢᠭ ᠤᠨ ᠠᠵᠢᠯᠯᠠᠭ᠎ᠠ | ᠴᠡᠴᠡᠷᠯᠢᠭ ᠤᠨ ᠵᠢᠷᠬᠢᠶᠠᠨ ᠤ ᠨᠡᠶᠢᠳᠡ ᠶᠢᠨ ᠲᠠᠪᠴᠠᠩ ᠤᠨ ᠨᠠᠶᠢᠳᠠ ᠠᠵᠢᠯᠯᠠᠭ᠎ᠠ ᠨᠢ ᠬᠡᠷ ᠤᠨ ᠠᠬᠠᠮᠠᠳ ᠲᠤ | ᠴᠡᠴᠡᠷᠯᠢᠭ ᠤᠨ ᠡᠳᠦᠷ ᠲᠤᠳᠤᠮ ᠤᠨ ᠠᠵᠢᠯᠯᠠᠭ᠎ᠠ ᠶᠢ ᠴᠢᠨᠠᠭᠰᠢᠯᠠᠨ ᠨᠡᠶᠢᠭᠡᠮ ᠨᠡᠶᠢᠳᠡ ᠪᠤᠯᠤᠨ ︽ᠨᠢᠭᠤᠬᠳᠠᠮᠠᠯ | ᠭᠡᠷ ᠤᠨ ᠠᠬᠠᠮᠠᠳ︾ ᠲᠤ ᠴᠡᠴᠡᠷᠯᠢᠭ ᠤᠨ ᠦᠢᠯᠡᠴᠢᠯᠡᠬᠡᠨ ᠤ ᠶᠠᠰᠦ ᠴᠢᠨᠠᠷ ᠪᠤᠯᠤᠨ ᠰᠤᠷᠭᠠᠨ ᠬᠦᠮᠦᠵᠢᠯ ᠤᠨ ᠶᠠᠰᠤ | ᠴᠢᠨᠠᠷ ᠢ ᠲᠣᠰᠬᠠᠨ ᠦᠵᠡᠬᠦᠯᠵᠦ ᠪᠠᠶᠢᠭ᠎ᠠ ᠶᠤᠮ᠃ ᠬᠦᠬᠡᠬᠤᠳᠠ ᠶᠢᠨ ᠮᠤᠩᠭᠤᠯ ᠦᠨᠳᠦᠰᠦᠳᠡᠨ ᠤ ᠬᠡᠤᠬᠡᠳ ᠤᠨ | ᠴᠡᠴᠡᠷᠯᠢᠭ ᠤᠨ ᠵᠢᠷᠬᠢᠶ᠎ᠠ ᠳᠤ ︽ᠰᠤᠷᠭᠠᠭᠤᠯᠢ ᠶᠢᠨ ᠠᠵᠢᠯᠯᠠᠭ᠎ᠠ︾ ᠭᠡᠬᠦ ᠪᠤᠯᠤᠩ ᠲᠠᠢ᠂ ᠡᠭᠦᠨ ᠳᠤ ᠨᠡᠶᠢᠲᠡᠯᠡᠯ ᠤᠨ | ᠠᠭᠤᠯᠭ᠎ᠠ ᠶᠢ ᠲᠡᠯᠡᠵᠦ ᠪᠠᠶᠠᠯᠢᠬᠵᠢᠭᠤᠯᠬᠤ᠂ ᠲᠤᠬᠠᠶᠢᠯᠠᠪᠠᠯ᠂ ᠬᠡᠤᠬᠡᠤᠨ ᠤᠨ ᠴᠡᠴᠡᠷᠯᠢᠭ ᠤᠨ ᠤᠶᠢᠷ᠎ᠠ ᠶᠢᠨ | ᠬᠤᠭᠤᠴᠠᠭᠠᠨ ᠤ ᠠᠵᠢᠯᠯᠠᠭ᠎ᠠ ᠪᠠᠨ ᠡᠨᠡ ᠬᠦ ᠪᠤᠯᠤᠩ ᠳᠤ ᠪᠠᠨ ᠨᠡᠶᠢᠳᠡᠯᠡᠪᠡᠯ ᠬᠦᠮᠦᠰ ᠤᠨ ᠠᠩᠬᠠᠷᠤᠯ ᠢ ᠨᠡᠩ ᠶᠡᠭᠡ | ᠲᠠᠳᠠᠵᠦ ᠴᠢᠳᠠᠬᠤ ᠪᠤᠯᠤᠨ᠎ᠠ᠃ | ︵ᠬᠤᠶᠠᠷ︶ ᠭᠡᠷ ᠤᠨ ᠠᠬᠠᠮᠠᠳ ᠤᠨ ᠬᠦᠮᠦᠵᠢᠯ ᠤᠨ ᠴᠢᠳᠠᠮᠵᠢ | ᠭᠡᠷ ᠤᠨ ᠠᠬᠠᠮᠠᠳ ᠤᠨ ᠬᠦᠮᠦᠵᠢᠯ ᠤᠨ ᠴᠢᠳᠠᠮᠵᠢ ᠭᠡᠳᠡᠭ ᠪᠣᠯ ᠵᠢᠷᠬᠢᠶᠠᠨ ᠤ ᠨᠡᠶᠢᠳᠡ ᠶᠢᠨ ᠲᠠᠪᠴᠠᠩ ᠢᠶᠠᠷ | ᠳᠠᠮᠵᠢᠭᠤᠯᠤᠨ ᠵᠦᠪ ᠰᠤᠷᠭᠠᠨ ᠬᠦᠮᠦᠵᠢᠯ ᠤᠨ ᠦᠵᠡᠯ ᠳᠠᠨᠢᠯᠳᠠ ᠪᠠ ᠰᠢᠨ᠎ᠡ ᠴᠠᠭ ᠦᠶ᠎ᠡ ᠳᠤ ᠲᠤᠬᠢᠷᠠᠭᠰᠠᠨ | ᠰᠢᠨᠵᠢᠯᠡᠬᠦ ᠤᠬᠠᠭᠠᠨᠴᠢ ᠰᠤᠷᠭᠠᠨ ᠬᠦᠮᠦᠵᠢᠯ ᠤᠨ ᠣᠨᠣᠯᠵᠢᠬᠤᠨ ᠢ ᠭᠡᠷ ᠤᠨ ᠠᠬᠠᠮᠠᠳ ᠲᠤ ᠲᠠᠨᠢᠭᠤᠯᠵᠦ᠂ ᠬᠡᠤᠬᠡᠳ ᠢ | ᠰᠤᠷᠭᠠᠵᠦ ᠬᠦᠮᠦᠵᠢᠭᠦᠯᠬᠦ ᠶᠠᠪᠤᠴᠠ ᠳᠤ ᠭᠡᠷ ᠤᠨ ᠠᠬᠠᠮᠠᠣᠨ ᠤᠨ ᠲᠠᠯ᠎ᠠ ᠳᠤ ᠭᠠᠷᠴᠣ ᠪᠤᠢ ᠠᠰᠠᠭᠤᠳᠠᠯ ᠳᠤ | ᠵᠠᠳᠠᠯᠤᠯᠳᠠ ᠲᠠᠶᠢᠯᠤᠮᠵᠢ ᠬᠢᠵᠦ᠂ ᠭᠡᠷ ᠤᠨ ᠬᠦᠮᠦᠵᠢᠯ ᠳᠤ ᠲᠡᠮᠵᠢᠯᠭᠡ ᠦᠵᠡᠬᠦᠯᠦᠨ᠎ᠡ᠃ ᠵᠣᠬᠢᠬᠤ ᠤᠤᠠᠬᠠᠨ ᠠᠴᠠ | ᠬᠡᠯᠡᠪᠡᠯ᠂ ᠭᠦᠮᠣᠨ ᠪᠤᠯᠭᠠᠨ ᠤ ᠰᠤᠷᠭᠠᠨ ᠬᠦᠮᠦᠵᠢᠯ ᠤᠨ ᠦᠵᠡᠯ ᠳᠠᠨᠢᠯᠳᠠ ᠶᠢᠨ ᠠᠳᠠᠯᠢ ᠪᠤᠰᠤ ᠨᠢ ᠰᠤᠷᠭᠠᠨ | ᠬᠦᠮᠦᠵᠢᠯ ᠤᠨ ᠠᠵᠢᠯᠯᠠᠭᠠᠨ ᠤ ᠰᠢᠯᠤᠭᠤᠬᠠᠨ ᠶᠠᠪᠤᠬᠳᠠᠬᠤ ᠶᠢ ᠰᠢᠭᠤᠳ ᠨᠦᠯᠤᠬᠡᠯᠠᠨᠠ᠃ ᠭᠡᠷ ᠤᠨ ᠠᠬᠠᠮᠠᠳ ᠵᠦᠪ | ᠰᠤᠷᠭᠠᠨ ᠬᠦᠮᠦᠵᠢᠯ ᠤᠨ ᠦᠵᠡᠯ ᠳᠠᠨᠢᠯᠳᠠ ᠲᠠᠢ ᠪᠠᠶᠢᠬᠤ ᠡᠰᠡᠬᠦ ᠪᠣᠯ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ | ᠨᠦᠯᠦᠭᠡᠯᠡᠬᠦ ᠴᠢᠬᠤᠯᠠ ᠡᠯᠧᠮᠧᠨ᠋ᠲ ᠤᠨ ᠨᠢᠭᠡ᠂ ᠲᠡᠶᠢᠮᠦ ᠪᠤᠯᠬᠤᠷ ᠬᠡᠦᠬᠡᠳ ᠤᠨ ᠴᠡᠴᠡᠷᠯᠢᠭ ᠠᠴᠠ ᠭᠡᠷ ᠤᠨ | ᠠᠬᠠᠮᠠᠳ ᠢ ᠵᠢᠯᠤᠭᠤᠳᠤᠨ ᠵᠦᠪ ᠰᠤᠷᠭᠠᠨ ᠬᠦᠮᠦᠵᠢᠯ ᠤᠨ ᠦᠵᠡᠯ ᠳᠠᠨᠢᠯᠳᠠ ᠲᠠᠢ ᠪᠤᠯᠭᠠᠬᠤ ᠬᠠᠷᠢᠭᠤᠴᠠᠯᠭ᠎ᠠ ᠪᠤᠯᠤᠨ | ᠡᠭᠦᠷᠭᠡ ᠲᠠᠢ ᠶᠤᠮ᠃ ᠴᠡᠴᠡᠷᠯᠢᠭ ᠪᠤᠯᠤᠨ ᠭᠡᠷ ᠤᠨ ᠠᠬᠠᠮᠠᠳ ᠨᠢ ᠬᠠᠮᠲᠦ ᠶᠢᠨ ᠵᠦᠪ ᠰᠤᠷᠭᠠᠨ ᠬᠦᠮᠦᠵᠢᠯ ᠤᠨ | ᠦᠵᠡᠯ ᠲᠠᠨᠢᠯᠲᠠ ᠲᠠᠢ ᠪᠣᠯᠣᠮᠠᠨᠵᠢᠨ ᠰᠠᠶ᠋ᠢ ᠬᠡᠤᠬᠡᠳ ᠤᠨ ᠴᠡᠴᠡᠷᠯᠢᠭ ᠪᠣᠯᠣᠨ ᠬᠡᠷ ᠪᠦᠯᠢ ᠶᠢᠨ ᠬᠠᠮᠳᠤᠷᠠᠯᠴᠠᠭ᠎ᠠ ᠨᠡᠩ | ᠢᠯᠭᠤᠮ ᠶᠠᠪᠤᠬᠳᠠᠵᠦ ᠴᠢᠳᠠᠨ᠎ᠠ᠃ | ᠵᠢᠷᠭᠢᠶ᠎ᠡ ᠪᠠᠷ ᠳᠠᠮᠵᠢᠭᠤᠯᠤᠨ ᠭᠡᠷ ᠤᠨ ᠠᠬᠠᠮᠠᠳ ᠲᠤ ᠰᠤᠷᠭᠠᠨ ᠬᠦᠮᠦᠵᠢᠭᠦᠯᠬᠦ ᠤᠬᠠᠭᠠᠨ᠂ ᠬᠡᠦᠬᠡᠳ ᠤᠨ | ᠬᠦᠮᠦᠵᠢᠯ ᠤᠨ ᠲᠤᠬᠠᠢ ᠲᠠᠶᠢᠯᠤᠮᠵᠢ ᠬᠢᠵᠤ ᠪᠣᠯᠤᠨ᠎ᠠ᠃ ᠲᠤᠬᠠᠶᠢᠯᠠᠪᠠᠯ᠂ ᠨᠡᠷᠡᠳᠦ ᠪᠠᠭᠰᠢ ᠪᠤᠯᠤᠨ ᠲᠤᠰᠬᠠᠢ | ᠮᠡᠷᠬᠡᠵᠢᠯᠳᠡᠨ ᠲᠠᠢ ᠰᠦᠯᠵᠢᠶᠡᠨ ᠲᠡᠭᠡᠷ᠎ᠡ ᠬᠠᠷᠢᠯᠴᠠᠵᠦ᠂ ᠰᠤᠷᠭᠠᠨ ᠬᠦᠮᠦᠵᠢᠯ ᠤᠨ ᠲᠤᠬᠠᠢ ᠡ᠊ᠨᠳᠡᠭᠦᠷᠡᠯ ᠮᠠᠳᠠᠭ | ᠡᠭᠡᠳᠡᠷᠡᠭᠡ ᠵᠢᠴᠢ ᠰᠢᠨ᠎ᠡ ᠴᠠᠭ ᠦᠶ᠎ᠡ ᠶᠢᠨ ᠰᠤᠷᠭᠠᠨ ᠬᠦᠮᠦᠵᠢᠯ ᠤᠨ ᠰᠢᠨ᠎ᠡ ᠦᠵᠡᠯ ᠰᠠᠨᠠᠭ᠎ᠠ᠂ ᠰᠢᠨ᠎ᠡ | ᠣᠨᠤᠯᠵᠢᠬᠤᠨ ᠢ ᠰᠤᠷᠤᠯᠴᠠᠵᠤ ᠪᠤᠯᠤᠨ᠎ᠠ᠃ ᠦᠨᠡᠨ ᠳᠤ ᠪᠠᠨ ᠪᠠᠰᠠ ᠨᠡᠷᠡᠳᠦ ᠰᠤᠷᠭᠠᠨ ᠬᠦᠮᠦᠵᠢᠯᠳᠡᠨ᠂ ᠲᠤᠰᠬᠠᠢ | ᠮᠡᠷᠭᠡᠵᠢᠯᠲᠡᠨ ᠤ ᠢᠷᠡᠭᠰᠡᠨ ᠨᠢ ᠭᠤᠤᠯ ᠪᠢᠰᠢ᠂ ᠢᠷᠡᠬᠡᠳ ᠶᠠᠮᠠᠷ ᠰᠢᠨ᠎ᠡ ᠰᠤᠷᠭᠠᠨ ᠬᠦᠮᠦᠵᠢᠯ ᠤᠨ ᠦᠵᠡᠯᠳᠡ | ᠲᠠᠨᠢᠯᠳᠠ ᠶᠢ ᠤᠯᠠᠮᠵᠢᠯᠠᠭᠰᠠᠨ ᠨᠢ ᠭᠤᠤᠯ ᠪᠤᠯᠤᠨ᠎ᠠ᠃ ᠬᠡᠷᠪᠡ ᠡᠨᠡ ᠬᠦ ᠦᠬᠡ ᠶᠠᠷᠢᠶᠠᠨ ᠤ ᠲᠠᠶᠢᠯᠤᠮᠵᠢ ᠶᠢᠨ | ᠰᠢᠩᠭᠡᠭᠡᠯᠳᠡ ᠶᠢ ᠵᠢᠷᠬᠢᠶ᠎ᠡ ᠪᠠᠷ ᠳᠠᠮᠵᠢᠭᠤᠯᠤᠨ ᠭᠡᠷ ᠤᠨ ᠠᠬᠠᠮᠠᠳ ᠲᠤ ᠰᠣᠨᠤᠰᠬᠠᠪᠠᠯ ᠭᠡᠷ ᠤᠨ ᠠᠬᠠᠮᠠᠳ ᠲᠤ ᠪᠠᠰᠠ | ᠨᠢᠬᠡ ᠵᠦᠢᠯ ᠤᠨ ᠰᠡᠩᠭᠡᠷᠡᠬᠦᠯᠦᠯ ᠪᠤᠯᠵᠦ᠂ ᠬᠡᠦᠬᠡᠳ ᠤᠨ ᠴᠡᠴᠡᠷᠯᠢᠭ ᠪᠣᠯᠤᠨ ᠭᠡᠷ ᠤᠨ ᠠᠬᠠᠮᠠᠳ ᠤᠨ | ᠬᠠᠮᠲᠤᠷᠠᠯᠴᠠᠭ᠎ᠠ ᠳᠤ ᠢᠳᠡᠪᠬᠢᠳᠡᠢ ᠨᠦᠯᠦᠭᠡ ᠦᠵᠡᠬᠦᠯᠵᠦ ᠪᠤᠯᠤᠨ᠎ᠠ᠃ | ︵ᠭᠤᠷᠪᠠ︶ ᠭᠡᠷ ᠤᠨ ᠠᠬᠠᠮᠠᠳ ᠤᠨ ᠤᠷᠤᠯᠴᠠᠬᠤ ᠴᠢᠳᠠᠮᠵᠢ | ᠭᠡᠷ ᠤᠨ ᠠᠬᠠᠮᠠᠳ ᠤᠨ ᠰᠤᠶᠤᠯ ᠤᠨ ᠬᠢᠷᠢ ᠲᠦᠪᠰᠢᠨ ᠤ ᠲᠡᠭᠡᠭᠰᠢᠯᠡᠯᠳᠡ ᠶᠢ ᠲᠠᠭᠠᠯᠳᠤᠨ ᠤᠯᠠᠮᠵᠢᠯᠠᠯᠳᠦ | ᠬᠠᠮᠵᠢᠯᠴᠠᠭ᠎ᠠ ᠲᠠᠢ ᠬᠠᠷᠢᠴᠠᠭᠤᠯᠪᠠᠯ ᠤᠳᠤᠬᠢ ᠬᠠᠮᠵᠢᠯᠴᠠᠭ᠎ᠠ ᠳᠤᠮᠳᠠ ᠬᠤᠷᠰᠢᠬᠤ ᠠᠵᠢᠯᠯᠠᠭ᠎ᠠ ᠨᠡᠩ ᠤᠯᠠᠨ | ᠲᠤᠷᠠᠳᠤᠬᠳᠠᠬᠤ ᠪᠤᠯᠵᠦ ᠪᠠᠶᠢᠨ᠎ᠠ᠃ ᠬᠡᠦᠬᠡᠳ ᠤᠨ ᠴᠡᠴᠡᠷᠯᠢᠭ ᠤᠨ ᠵᠢᠷᠭᠢᠶᠡᠨ ᠤ ᠨᠡᠶᠢᠳᠡ ᠶᠢᠨ ᠲᠠᠪᠴᠠᠩ ᠨᠢ | ︽ᠳᠤᠤᠷ ᠰᠦᠯᠵᠢᠶ᠎ᠡ +︾ ᠴᠠᠭ ᠦᠶ᠎ᠡ ᠳᠤ ᠰᠠᠭᠤᠷᠢᠯᠠᠭᠰᠠᠨ ᠰᠢᠨ᠎ᠡ ᠬᠡᠯᠪᠡᠷᠢ ᠶᠢᠨ ᠬᠡᠤᠬᠡᠳ ᠤᠨ ᠴᠡᠴᠡᠷᠯᠢᠭ ᠪᠤᠯᠤᠨ | ᠬᠡᠷ ᠪᠦᠯᠢ ᠶᠢᠨ ᠬᠠᠮᠵᠢᠯᠴᠠᠭ᠎ᠠ ᠶᠢᠨ ᠠᠷᠭ᠎ᠠ ᠵᠠᠮ ᠪᠤᠯᠵᠦ᠂ ᠭᠡᠷ ᠤᠨ ᠠᠬᠠᠮᠠᠳ ᠵᠢᠷᠭᠢᠶ᠎ᠡ ᠶᠢ ᠠᠰᠢᠬᠯᠠᠨ ᠦᠵᠡᠯ | ᠪᠤᠳᠤᠯ ᠢᠶᠠᠨ ᠶᠠᠷᠢᠯᠴᠠᠵᠤ᠂ ᠢᠳᠡᠪᠬᠢᠳᠠᠢ ᠤᠷᠤᠯᠴᠠᠭ᠎ᠠ ᠪᠠᠷ ᠲᠠᠪᠴᠠᠩ ᠤᠨ ᠪᠠᠶᠢᠭᠤᠯᠤᠯᠳᠠ᠂ ᠬᠡᠷᠡᠭᠯᠡᠭᠡ ᠶᠢ ᠨᠡᠩ | ᠴᠢᠨᠠᠷᠵᠢᠭᠤᠨ ᠦᠢᠯᠡᠴᠢᠯᠡᠬᠡᠳᠦ ᠴᠢᠳᠠᠮᠵᠢ ᠲᠠᠢ ᠪᠣᠯᠭᠠᠬᠤ ᠶᠢᠨ ᠤᠯᠠᠮ ᠠᠴᠠ ᠬᠡᠤᠬᠡᠳ ᠤᠨ ᠬᠦᠮᠦᠵᠢᠯ ᠳᠤ ᠨᠡᠩ | ᠣᠯᠠᠨ ᠠᠷᠭ᠎ᠠ ᠵᠠᠮ᠂ ᠠᠷᠭ᠎ᠠ ᠤᠬᠠᠭᠠᠨ ᠬᠠᠨᠭ᠍ᠭᠠᠵᠤ ᠪᠤᠯᠤᠨ᠎ᠠ᠃ ᠢᠡᠭᠬᠢᠪᠡᠯ ᠬᠡᠤᠬᠡᠳ ᠤᠨ ᠴᠡᠴᠡᠷᠯᠢᠭ ᠤᠨ | ᠵᠢᠷᠭᠢᠶ᠎ᠡ ᠨᠢ ᠬᠡᠤᠬᠡᠳ ᠤᠨ ᠴᠡᠴᠡᠷᠯᠢᠭ ᠪᠤᠯᠤᠨ ᠭᠡᠷ ᠤᠨ ᠠᠬᠠᠮᠠᠳ ᠤᠨ ᠬᠤᠭᠤᠷᠤᠨᠳᠤ ᠨᠢᠭᠡᠨ ᠵᠢᠩᠭᠢᠨᠢ ᠤᠳᠬ᠎ᠠ | ᠴᠢᠨᠠᠷ ᠲᠡᠭᠡᠷᠡᠬᠢ ᠬᠤᠷᠰᠢᠬᠤ ᠠᠵᠢᠯᠯᠠᠭ᠎ᠠ ᠶᠢ ᠪᠡᠶᠡᠯᠡᠭᠦᠯᠬᠦ ᠲᠠᠪᠴᠠᠩ ᠪᠣᠯᠵᠤ ᠴᠢᠳᠠᠨ᠎ᠠ᠃ | ᠭᠤᠷᠪᠠ᠂ ᠬᠡᠤᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ ᠬᠠᠮᠵᠢᠯᠴᠠᠭ᠎ᠠ ᠳᠤ ᠬᠢ ᠵᠢᠷᠭᠢᠶᠡᠨ ᠤ | ᠨᠡᠶᠢᠳᠡ ᠶᠢᠨ ᠲᠠᠪᠴᠠᠩ ᠤᠨ ᠲᠠᠪᠠᠭᠤᠯᠢᠭ ᠰᠢᠨᠵᠢ | ᠵᠢᠷᠭᠢᠶᠡᠨ ᠤ ᠨᠡᠶᠢᠳᠡ ᠶᠢᠨ ᠲᠠᠪᠴᠠᠩ ᠳᠤ ᠰᠠᠭᠤᠷᠢᠯᠠᠭᠰᠠᠨ ᠬᠡᠦᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ | ᠬᠠᠮᠵᠢᠯᠴᠠᠭ᠎ᠠ ᠨᠢ ᠤᠯᠠᠮᠵᠢᠯᠠᠯᠳᠦ ᠭᠡᠷ ᠪᠦᠯᠢ ᠪᠤᠯᠤᠨ ᠴᠡᠴᠡᠷᠯᠢᠭ ᠤᠨ ᠬᠠᠮᠵᠢᠯᠴᠠᠭ᠎ᠠ᠂ QQ ᠬᠤᠯᠪᠤᠭ᠎ᠠ᠂ ᠵᠢᠷᠭᠢᠶ᠎ᠡ | ᠬᠤᠯᠪᠤᠭ᠎ᠠ᠂ ᠰᠤᠷᠭᠠᠭᠤᠯᠢ ᠶᠢᠨ ᠴᠢᠮᠡᠭᠡ ᠬᠤᠯᠪᠤᠭ᠎ᠠ ᠲᠠᠢ ᠬᠠᠷᠢᠴᠠᠭᠤᠯᠪᠠᠯ ᠲᠠᠪᠠᠭᠤᠯᠢᠭ ᠰᠢᠨᠵᠢ ᠨᠢ ᠢᠯᠡ | ᠲᠣᠳᠤᠷᠬᠠᠢ ᠪᠠᠶᠢᠳᠠᠭ᠃ | ᠬᠡᠤᠬᠡᠳ ᠤᠨ ᠴᠡᠴᠡᠷᠯᠢᠭ ᠤᠨ ᠵᠢᠷᠭᠢᠶᠡᠨ ᠤ ᠨᠡᠶᠢᠳᠡ ᠶᠢᠨ ᠲᠠᠪᠴᠠᠩ ᠶᠠᠭᠤᠨ ᠤ ᠤᠷᠢᠳ ᠬᠡᠦᠬᠡᠳ ᠤᠨ | ᠴᠡᠴᠡᠷᠯᠢᠭ ᠪᠤᠯᠤᠨ ᠬᠡᠷ ᠤᠨ ᠠᠬᠠᠮᠠᠳ ᠤᠨ ᠤᠶᠢᠯᠠᠭᠠᠯᠴᠠᠭ᠎ᠠ ᠳᠤ ᠲᠤᠰᠠᠳᠠᠢ᠃ ᠲᠤᠬᠠᠶᠢᠯᠠᠪᠠᠯ᠂ ᠰᠤᠷᠠᠭ ᠴᠢᠮᠡᠭᠡᠨ ᠤ | ᠬᠠᠩᠭᠠᠯᠭ᠎ᠠ᠂ ᠰᠤᠷᠲᠠᠯ ᠤᠬᠠᠭᠤᠯᠭ᠎ᠠ ᠵᠢᠴᠢ ᠰᠤᠷᠤᠬᠴᠢ ᠡᠯᠰᠡᠬᠦ ᠮᠡᠳᠡᠭᠳᠡᠯ ᠮᠡᠲᠦ ᠪᠠᠶᠠᠯᠢᠭ ᠨᠡᠶᠢᠲᠡᠯᠡᠯ ᠲᠠᠢ ᠪᠠᠶᠢᠳᠠᠭ᠃ | ᠨᠢᠭᠡᠨ ᠬᠡᠦᠬᠡᠳ ᠤᠨ ᠴᠡᠴᠡᠷᠯᠢᠭ ᠤᠨ ᠲᠠᠷᠤᠭ᠎ᠠ᠄ ︽ᠪᠢᠳᠡ ᠬᠡᠤᠬᠡᠳ ᠤᠨ ᠴᠡᠴᠡᠷᠯᠢᠭ ᠤᠨ ᠵᠢᠷᠭᠢᠶᠡᠨ ᠤ ᠨᠡᠶᠢᠳᠡ ᠶᠢᠨ | ᠲᠠᠪᠴᠠᠩ ᠳᠤ ᠤᠳᠤᠬᠠᠨ ᠳᠤ ᠪᠠᠨ ᠤᠬᠠᠭᠤᠯᠭ᠎ᠠ ᠬᠢᠬᠦ ᠪᠠᠷ ᠭᠤᠤᠯᠳᠠᠵᠦ ᠪᠠᠶᠢᠨ᠎ᠠ᠂ ᠲᠡᠭᠦᠨ ᠢᠶᠠᠷ ᠤᠬᠠᠭᠤᠯᠭ᠎ᠠ ᠬᠢᠪᠡᠯ | ᠬᠡᠷ ᠤᠨ ᠠᠬᠠᠮᠠᠳ ᠰᠠᠶ᠋ᠢ ᠪᠢᠳᠡᠨ ᠢ ᠪᠦᠷᠢᠨ ᠰᠠᠶᠢᠨ ᠤᠶᠢᠯᠠᠭᠠᠵᠦ᠂ ᠤᠶᠢᠯᠠᠭᠠᠬᠰᠠᠨ ᠰᠠᠭᠤᠷᠢᠨ ᠲᠡᠭᠡᠷ᠎ᠡ ᠤᠷᠤᠯᠴᠠᠨ᠎ᠠ᠃ | ᠬᠦᠮᠦᠰ ᠡᠩ ᠤᠨ ᠪᠠᠶᠢᠳᠠᠯ ᠳᠤ ᠴᠦ ᠭᠡᠰᠡᠨ ᠠᠳᠠᠯᠢᠬᠠᠨ᠂ ᠦᠷᠬᠦᠯᠵᠢ ᠠᠩᠬᠠᠷᠴᠦ ᠦᠵᠡᠵᠦ ᠪᠠᠶᠢᠮᠠᠨᠵᠢᠨ ᠰᠠᠶ᠋ᠢ | ᠴᠢᠮ᠎ᠠ ᠶᠢ ᠮᠡᠳᠡᠷᠡᠨ᠎ᠡ᠂ ᠡᠬᠦᠨ ᠳᠤ ᠴᠠᠭ ᠬᠡᠷᠡᠭᠳᠡᠢ᠂ ᠤᠶᠢᠯᠠᠭᠠᠯᠴᠠᠭ᠎ᠠ ᠬᠠᠷᠢᠯᠴᠠᠭ᠎ᠠ ᠴᠢᠬᠤᠯᠠᠳᠠᠢ︾ ᠬᠡᠰᠡᠨ ᠪᠠᠶᠢᠨ᠎ᠠ᠃ | ᠭᠡᠷ ᠪᠦᠯᠢ ᠪᠤᠯᠤᠨ ᠬᠡᠦᠬᠡᠳ ᠤᠨ ᠴᠡᠴᠡᠷᠯᠢᠭ ᠤᠨ ᠬᠠᠮᠳᠤᠷᠠᠯᠴᠠᠭ᠎ᠠ ᠳᠤ ᠰᠤᠷᠭᠠᠭᠤᠯᠢ᠂ ᠭᠡᠷ ᠤᠨ | ᠠᠬᠠᠮᠠᠳ ᠤᠨ ᠨᠡᠭᠡᠭᠡᠯᠲᠡᠲᠥ ᠡᠳᠦᠷ ᠤᠨ ᠠᠵᠢᠯᠯᠠᠭᠠᠨ᠂ ᠭᠡᠷ ᠤᠨ ᠠᠬᠠᠮᠠᠳ ᠤᠨ ᠬᠤᠯᠪᠤᠭᠠᠳᠦ ᠬᠤᠷᠠᠯ᠂ ᠭᠡᠷ ᠤᠨ | ᠠᠬᠠᠮᠠᠳ ᠤᠨ ᠶᠠᠷᠢᠯᠴᠠᠭ᠎ᠠ᠂ ᠭᠡᠷ ᠤᠨ ᠰᠤᠷᠪᠤᠯᠵᠢᠯᠠᠭ᠎ᠠ ᠵᠡᠷᠬᠡ ᠬᠡᠯᠪᠡᠷᠢ ᠪᠠᠶᠢᠳᠠᠭ᠃ ᠡᠳᠡᠬᠡᠷ ᠨᠢ ᠭᠡᠷ ᠤᠨ ᠠᠬᠠᠮᠠᠳ | ᠪᠤᠯᠤᠨ ᠬᠡᠦᠬᠡᠳ ᠤᠨ ᠴᠡᠴᠡᠷᠯᠢᠭ ᠤᠨ ᠪᠠᠭᠰᠢ ᠨᠢᠭᠤᠷᠳᠠᠨ ᠤᠴᠠᠷᠠᠬᠤ᠂ ᠨᠢᠭᠡ ᠤᠷᠤᠨ ᠵᠠᠢ ᠳᠤ ᠪᠠᠶᠢᠬᠤ ᠶᠢ | ᠱᠠᠭᠠᠷᠳᠠᠳᠠᠭ᠃ ᠭᠡᠪᠡᠴᠦ ᠭᠡᠷ ᠤᠨ ᠠᠬᠠᠮᠠᠳ ᠤᠨ ᠠᠵᠢᠯ ᠶᠠᠭᠠᠷᠠᠤ ᠦᠶ᠎ᠡ ᠳᠤ ᠬᠡᠤᠬᠡᠳ ᠤᠨ ᠴᠡᠴᠡᠷᠯᠢᠭ ᠤᠨ | ᠠᠵᠢᠯᠯᠠᠭ᠎ᠠ ᠳᠤ ᠣᠷᠣᠯᠴᠠᠵᠤ ᠲᠡᠶᠢᠯᠬᠦ ᠦᠭᠡᠢ ᠪᠠᠶᠢᠳᠠᠯ ᠵᠦᠩᠳᠡᠭᠡᠨ ᠪᠠᠶᠢᠳᠠᠭ᠃ ᠡᠨᠡ ᠦᠶ᠎ᠡ ᠳᠤ ᠲᠠᠪᠴᠠᠩ ᠢᠶᠠᠷ | ᠬᠠᠷᠢᠯᠴᠠᠬᠤ ᠶᠢᠨ ᠲᠦᠭᠦᠮ ᠢᠯᠭᠤᠮ ᠴᠢᠨᠠᠷ ᠲᠤᠳᠤ ᠮᠡᠳᠡᠭᠳᠡᠨ᠎ᠡ᠃ ᠪᠤᠰᠤᠳ ᠲᠠᠪᠴᠠᠩ ᠲᠠᠢ ᠠᠳᠠᠯᠢᠳᠬᠠᠪᠠᠯ | ᠵᠢᠷᠭᠢᠶᠡᠨ ᠤ ᠨᠡᠶᠢᠳᠡ ᠶᠢᠨ ᠲᠠᠪᠴᠠᠩ ᠤᠨ ᠬᠡᠷᠡᠭᠯᠡᠭᠴᠢᠳ ᠤᠨ ᠳᠤᠭ᠎ᠠ᠂ ᠲᠠᠷᠤᠮ ᠤᠨ ᠳᠤᠭ᠎ᠠ᠂ ᠲᠠᠳᠬᠠᠯ ᠵᠡᠷᠭᠡ | ᠲᠠᠯ᠎ᠠ ᠳᠤ ᠬᠤᠪᠢᠨ ᠤ ᠲᠠᠪᠠᠭᠤᠯᠢᠭ ᠲᠠᠢ᠂ ᠭᠡᠷ ᠤᠨ ᠠᠬᠠᠮᠠᠳ ᠪᠤᠯᠤᠨ ᠬᠡᠦᠬᠡᠳ ᠤᠨ ᠴᠡᠴᠡᠷᠯᠢᠭ ᠤᠨ ᠬᠤᠭᠤᠷᠤᠨᠳᠦ | ᠮᠡᠳᠡᠭᠡ ᠵᠠᠩᠭᠢ ᠶᠢ ᠲᠠᠮᠵᠢᠭᠤᠯᠬᠤ ᠬᠤᠷᠳᠤᠴᠠ ᠵᠢᠴᠢ ᠤᠨᠤᠪᠴᠢ ᠶᠢᠨ ᠴᠢᠨᠠᠷ ᠬᠠᠷᠢᠴᠠᠩᠭᠤᠢ ᠦᠨᠳᠦᠷ ᠪᠠᠶᠢᠳᠠᠭ᠃ | ᠤᠯᠠᠨ ᠤ ᠮᠡᠲᠡᠭᠡᠵᠢ ᠪᠠᠷ᠂ ᠭᠡᠷ ᠤᠨ ᠠᠬᠠᠮᠠᠳ ᠤᠨ ᠬᠤᠷᠠᠯ ᠪᠣᠯ ᠬᠡᠤᠬᠡᠳ ᠤᠨ ᠴᠡᠴᠡᠷᠯᠢᠭ ᠤᠨ ᠪᠠᠭᠰᠢ ᠪᠤᠯᠤᠨ | ᠭᠡᠷ ᠤᠨ ᠠᠬᠠᠮᠠᠳ ᠤᠨ ᠤᠶᠢᠯᠠᠭᠠᠯᠴᠠᠭ᠎ᠠ ᠶᠢ ᠨᠡᠮᠡᠭᠳᠡᠬᠦᠯᠬᠦ ᠨᠢᠭᠡ ᠵᠦᠢᠯ ᠤᠨ ᠠᠷᠭ᠎ᠠ ᠬᠡᠯᠪᠡᠷᠢ ᠮᠦᠨ᠃ ᠭᠡᠬᠦ ᠳᠤ | ᠵᠠᠷᠢᠮ ᠭᠡᠷ ᠤᠨ ᠠᠬᠠᠮᠠᠳ ᠬᠤᠷᠠᠯ ᠲᠡᠭᠡᠷ᠎ᠡ ᠶᠡᠷᠦ ᠠᠴᠠ ᠦᠭᠡ ᠶᠠᠷᠢᠬᠤ ᠦᠭᠡᠢ᠂ ᠦᠵᠡᠯ ᠪᠤᠳᠤᠯ ᠢᠶᠠᠨ ᠲᠤᠰᠬᠠᠬᠤ | ᠦᠭᠡᠢ ᠪᠠᠶᠢᠳᠠᠭ᠃ ᠨᠦᠭᠦᠭᠡ ᠲᠠᠯ᠎ᠠ ᠪᠠᠷ ᠭᠡᠷ ᠤᠨ ᠠᠬᠠᠮᠠᠳ ᠤᠨ ᠬᠤᠷᠠᠯ ᠨᠢ ᠴᠠᠭ ᠤᠨ ᠬᠢᠵᠠᠭᠠᠷᠳᠠᠮᠠᠯ ᠲᠠᠯ᠎ᠠ ᠲᠠᠢ᠃ | ᠢᠩᠬᠢᠭᠦᠯᠡᠷ ᠵᠢᠷᠭᠢᠶᠡᠨ ᠤ ᠨᠡᠶᠢᠳᠡ ᠶᠢᠨ ᠲᠠᠪᠴᠠᠩ ᠢ ᠠᠰᠢᠬᠯᠠᠪᠠᠯ ᠴᠠᠭ ᠲᠤ ᠬᠢᠵᠠᠭᠠᠷᠯᠠᠭᠳᠠᠬᠤ ᠦᠭᠡᠢ᠂ ᠨᠢᠭᠤᠷᠳᠠᠨ | ᠶᠠᠷᠢᠵᠦ ᠢᠯᠡᠳᠬᠡᠵᠦ ᠲᠡᠶᠢᠯᠬᠦ ᠦᠭᠡᠢ ᠰᠠᠨᠠᠯ ᠰᠠᠨᠠᠭᠤᠯᠭ᠎ᠠ ᠪᠠᠨ ᠵᠢᠷᠭᠢᠶᠡᠨ ᠤ ᠨᠡᠶᠢᠳᠡ ᠶᠢᠨ ᠲᠠᠪᠴᠠᠩ ᠳᠤ ᠦᠭᠡ | ᠦᠯᠡᠳᠡᠭᠡᠬᠦ ᠬᠡᠯᠪᠡᠷᠢ ᠪᠠᠷ ᠲᠤᠰᠬᠠᠵᠦ ᠪᠤᠯᠤᠨ᠎ᠠ᠃ | ᠲᠦᠷᠪᠡ᠂ ᠵᠢᠷᠭᠢᠶᠡᠨ ᠤ ᠪᠠᠶᠢᠭᠤᠯᠤᠯᠳᠠ ᠳᠤ ᠬᠢ ᠭᠡᠷ ᠤᠨ ᠠᠬᠠᠮᠠᠳ ᠤᠨ ᠬᠠᠨᠤᠮᠵᠢ ᠶᠢᠨ ᠪᠠᠶᠢᠳᠠᠯ | ᠪᠢ ᠪᠠᠷ ᠬᠡᠤᠬᠡᠳ ᠤᠨ ᠴᠡᠴᠡᠷᠯᠢᠭ ᠤᠨ ᠵᠢᠷᠭᠢᠶᠡᠨ ᠤ ᠨᠡᠶᠢᠳᠡ ᠶᠢᠨ ᠲᠠᠪᠴᠠᠩ ᠡᠷᠬᠢᠯᠡᠵᠦ ᠪᠠᠶᠢᠬᠤ ᠲᠤᠬᠠᠢ | ᠭᠡᠷ ᠤᠨ ᠠᠬᠠᠮᠠᠳ ᠠᠴᠠ ᠠᠰᠠᠭᠤᠨ ᠯᠠᠪᠯᠠᠬᠤ᠂ ᠰᠣᠷᠪᠤᠯᠵᠢᠯᠠᠬᠤ ᠪᠠ ᠭᠡᠷ ᠤᠨ ᠠᠬᠠᠮᠠᠳ ᠲᠤ ᠪᠠᠶᠢᠴᠠᠭᠠᠯᠲᠠ ᠶᠢᠨ | ᠬᠠᠭᠤᠳᠠᠰᠦ ᠲᠠᠷᠬᠠᠭᠠᠬᠤ ᠬᠡᠯᠪᠡᠷᠢ ᠪᠠᠷ ᠪᠠᠶᠢᠴᠠᠭᠠᠯᠳᠠ ᠬᠢᠭᠰᠡᠨ ᠤ ᠳ᠋ᠦᠡᠭ ᠳᠤ ᠬᠡᠤᠬᠡᠳ ᠤᠨ ᠴᠡᠴᠡᠷᠯᠢᠭ ᠤᠨ | ᠵᠢᠷᠭᠢᠶᠡᠨ ᠤ ᠨᠡᠶᠢᠳᠡ ᠶᠢᠨ ᠲᠠᠪᠴᠠᠩ ᠤᠨ ᠪᠠᠶᠢᠭᠤᠯᠤᠯᠳᠠ ᠳᠤ ᠭᠡᠷ ᠤᠨ ᠠᠬᠠᠮᠠᠳᠴᠤᠳ ᠨᠡᠯᠢᠶᠡᠳ ᠬᠠᠨᠤᠮᠵᠢᠳᠠᠢ | ᠪᠠᠶᠢᠬᠤ ᠶᠢ ᠤᠶᠢᠯᠠᠭᠠᠵᠦ ᠮᠡᠳᠡᠵᠡᠢ᠃ ᠪᠠᠰᠠ ᠴᠡᠴᠡᠷᠯᠢᠭ ᠤᠨ ᠵᠢᠷᠭᠢᠶᠡᠨ ᠤ ᠨᠡᠶᠢᠳᠡ ᠶᠢᠨ ᠲᠠᠪᠴᠠᠩ ᠤᠨ ᠠᠭᠤᠯᠭ᠎ᠠ | ᠲᠠᠩ ᠴᠤᠯᠭᠤᠢ᠂ ᠰᠢᠨᠡᠴᠢᠯᠡᠯᠳᠡ ᠤᠳᠠᠭᠠᠪᠳᠤᠷ ᠪᠠ ᠵᠠᠷᠢᠮ ᠭᠡᠷ ᠤᠨ ᠠᠬᠠᠮᠠᠳ ᠤᠨ ᠤᠷᠤᠯᠴᠠᠯᠭ᠎ᠠ ᠠᠨᠠᠢ ᠭᠡᠳᠡᠭ ᠢ | ᠴᠤ ᠣᠯᠵᠤ ᠮᠡᠳᠡᠵᠡᠢ᠃ ᠡᠭᠦᠨ ᠤ ᠰᠢᠯᠲᠠᠭᠠᠨ ᠢ ᠳᠣᠤᠷᠠᠬᠢ ᠬᠡᠳᠦᠨ ᠲᠠᠯ᠎ᠠ ᠠᠴᠠ ᠵᠠᠳᠠᠯᠵᠦ ᠪᠣᠯᠣᠮᠠᠷ᠃ | ︵ᠨᠢᠭᠡ︶ ᠨᠠᠰᠤᠨ ᠤ ᠬᠢᠵᠠᠭᠠᠷ᠃ ᠡᠪᠦᠭᠡ ᠡᠮᠡᠭᠡ ᠨᠢ ᠬᠡᠤᠬᠡᠳ ᠢᠶᠠᠨ ᠬᠠᠷᠠᠵᠦ ᠬᠠᠷᠠᠭᠠᠯᠵᠠᠵᠦ ᠪᠠᠶᠢᠭ᠎ᠠ ᠪᠣᠯ | ᠵᠢᠷᠭᠢᠶᠡᠨ ᠤ ᠬᠤᠷᠰᠢᠬᠤ ᠠᠵᠢᠯᠯᠠᠭ᠎ᠠ ᠳᠤ ᠣᠷᠣᠯᠴᠠᠬᠤ ᠲᠠᠯ᠎ᠠ ᠪᠠᠷ ᠢᠳᠡᠪᠬᠢ ᠦᠭᠡᠢ ᠪᠠᠶᠢᠨ᠎ᠠ᠃ ᠲᠡᠳᠡ ᠭᠠᠷ | ᠤᠳᠠᠰᠦ ᠬᠡᠷᠡᠭᠯᠡᠵᠦ ᠴᠢᠳᠠᠬᠤ ᠦᠭᠡᠢ᠂ ᠡᠰᠡᠪᠡᠯ ᠬᠡᠷᠡᠭᠯᠡᠵᠦ ᠴᠢᠳᠠᠭᠰᠠᠨ ᠴᠤ ᠵᠢᠷᠭᠢᠶᠡᠨ ᠤ ᠨᠡᠶᠢᠳᠡ ᠶᠢᠨ ᠲᠠᠪᠴᠠᠩ ᠢ | ᠠᠰᠢᠭᠯᠠᠬᠤ ᠨᠢ ᠪᠤᠯᠪᠠᠰᠤᠷᠠᠩᠭᠤᠢ ᠪᠢᠰᠢ ᠪᠠᠶᠢᠳᠠᠭ᠃ | ︵ᠬᠤᠶᠠᠷ︶ ᠰᠤᠶᠤᠯ ᠤᠨ ᠬᠢᠷᠢ ᠲᠦᠪᠰᠢᠨ᠃ ᠰᠤᠶᠤᠯ ᠤᠨ ᠬᠢᠷᠢ ᠬᠡᠮᠵᠢᠶ᠎ᠡ ᠬᠠᠷᠢᠴᠠᠩᠭᠤᠢ ᠲᠣᠣᠷ᠎ᠠ | ᠭᠡᠷ ᠤᠨ ᠠᠬᠠᠮᠠᠳ ᠮᠡᠳᠡᠯᠭᠡ ᠶᠢᠨ ᠬᠢᠷᠢ ᠬᠡᠮᠵᠢᠶ᠎ᠡ ᠠᠷᠠᠢ ᠪᠠᠭᠤᠷᠠᠢ ᠪᠠᠶᠢᠵᠦ᠂ ᠬᠡᠤᠬᠡᠳ ᠤᠨ ᠴᠡᠴᠡᠷᠯᠢᠭ ᠤᠨ ᠲᠤᠰᠬᠠᠢ | ᠮᠡᠷᠭᠡᠵᠢᠯ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠲᠠᠢ ᠵᠦᠷᠢᠶ᠎ᠡ ᠭᠠᠷᠴᠦ ᠪᠠᠶᠢᠨ᠎ᠠ᠃ ᠢᠡᠭᠭᠢᠭᠡᠳ | ᠤᠶᠢᠯᠠᠭᠠᠵᠦ ᠬᠡᠷᠡᠭᠯᠡᠵᠦ ᠨᠡᠪᠳᠡᠷᠡᠯᠴᠡᠭᠦ ᠲᠠᠯ᠎ᠠ ᠳᠤ ᠵᠦᠷᠢᠴᠡᠯ ᠡᠭᠦᠰᠴᠦ ᠪᠠᠶᠢᠨ᠎ᠠ᠃ | ︵ᠭᠤᠷᠪᠠ︶ ᠠᠭᠤᠯᠭ᠎ᠠ᠃ ᠬᠡᠤᠬᠡᠳ ᠤᠨ ᠴᠡᠴᠡᠷᠯᠢᠭ ᠤᠨ ᠵᠢᠷᠭᠢᠶᠡᠨ ᠤ ᠨᠡᠶᠢᠳᠡ ᠶᠢᠨ ᠲᠠᠪᠴᠠᠩ ᠨᠢ | ᠬᠡᠤᠬᠡᠳ ᠤᠨ ᠴᠡᠴᠡᠷᠯᠢᠭ ᠤᠨ ᠲᠠᠨᠢᠯᠴᠠᠭᠤᠯᠭ᠎ᠠ᠂ ᠪᠠᠭᠰᠢ ᠶᠢᠨ ᠲᠠᠨᠢᠯᠴᠠᠭᠤᠯᠭ᠎ᠠ᠂ ᠬᠢᠴᠢᠶᠡᠯ ᠤᠨ ᠢᠯᠡᠳᠬᠡᠯ᠂ | ᠴᠡᠴᠡᠷᠯᠢᠭ ᠤᠨ ᠠᠵᠢᠯᠯᠠᠭ᠎ᠠ᠂ ᠬᠡᠤᠬᠡᠳ ᠤᠨ ᠬᠦᠮᠦᠵᠢᠯ ᠤᠨ ᠮᠡᠳᠡᠯᠭᠡ ᠪᠠᠷ ᠭᠤᠤᠯᠳᠠᠵᠦ᠂ ᠭᠡᠷ ᠤᠨ ᠠᠬᠠᠮᠠᠳ ᠤᠨ | ᠬᠦᠰᠡᠯ ᠱᠠᠭᠠᠷᠳᠠᠯᠭ᠎ᠠ ᠶᠢ ᠭᠦᠢᠴᠡᠳ ᠬᠠᠩᠭᠠᠵᠤ ᠲᠡᠶᠢᠯᠦᠭᠡ ᠦᠭᠡᠢ ᠪᠠᠶᠢᠨ᠎ᠠ᠂ ᠥᠭᠡᠷ᠎ᠡ ᠪᠠᠷ ᠬᠡᠯᠡᠪᠡᠯ ᠬᠤᠶᠠᠷ | ᠲᠠᠯ᠎ᠠ ᠶᠢᠨ ᠬᠢᠨ ᠤ ᠠᠩᠬᠠᠷᠤᠯ ᠤᠨ ᠴᠡᠭ ᠲᠤ ᠵᠦᠷᠢᠶ᠎ᠡ ᠡᠭᠦᠰᠦᠭᠰᠡᠨ ᠪᠠᠶᠢᠳᠠᠯ ᠪᠣᠢ᠃ | ︵ᠲᠥᠷᠪᠡ︶ ᠬᠡᠷᠡᠭᠴᠡᠭᠡ ᠴᠢᠳᠠᠮᠵᠢ᠃ ᠬᠡᠤᠬᠡᠳ ᠤᠨ ᠴᠡᠴᠡᠷᠯᠢᠭ ᠵᠦᠪᠬᠡᠨ ᠨᠡᠶᠢᠭᠡᠮ᠂ ᠭᠡᠷ ᠪᠦᠯᠢ ᠳᠤ | ᠬᠠᠨᠳᠤᠭᠰᠠᠨ ᠳᠠᠩ ᠴᠢᠭᠯᠡᠯᠲᠦ ᠤᠬᠠᠭᠤᠯᠭ᠎ᠠ ᠬᠢᠬᠦ ᠶᠢ ᠠᠩᠬᠠᠷᠴᠦ᠂ ᠭᠡᠷ ᠤᠨ ᠠᠬᠠᠮᠠᠳ ᠤᠨ ᠤᠷᠤᠯᠴᠠᠯᠭ᠎ᠠ ᠶᠢ | ᠬᠠᠷᠠᠬᠠᠨ ᠤᠮᠳᠤᠭᠠᠶᠢᠯᠠᠭᠰᠠᠨ ᠪᠠᠶᠢᠨ᠎ᠠ᠃ ᠣᠯᠠᠩᠭᠢ ᠬᠡᠤᠬᠡᠳ ᠤᠨ ᠴᠡᠴᠡᠷᠯᠢᠭ ᠨᠢ ᠵᠢᠷᠭᠢᠶᠡᠨ ᠤ ᠨᠡᠶᠢᠳᠡ ᠶᠢᠨ | ᠲᠠᠪᠴᠠᠩ ᠢ ᠳᠠᠩ ᠴᠢᠭᠯᠡᠯᠲᠦ ᠤᠬᠠᠭᠤᠯᠭ᠎ᠠ ᠳᠤ ᠬᠡᠷᠡᠭᠯᠡᠵᠦ᠂ ᠵᠦᠪᠬᠡᠨ ᠴᠦᠭᠡᠨ ᠲᠣᠭᠠᠨ ᠤ ᠬᠡᠤᠬᠡᠳ ᠤᠨ | ᠴᠡᠴᠡᠷᠯᠢᠭ ᠨᠢ ᠭᠡᠷ ᠤᠨ ᠠᠬᠠᠮᠠᠳ ᠪᠤᠯᠤᠨ ᠬᠡᠤᠬᠡᠳ ᠤᠨ ᠴᠡᠴᠡᠷᠯᠢᠭ ᠢ ᠬᠠᠮᠳᠣ ᠳᠤ ᠨᠢ ᠬᠠᠷᠠᠭᠠᠯᠵᠠᠵᠦ ᠪᠠᠶᠢᠨ᠎ᠠ᠃ | ᠦᠨᠡᠨ ᠳᠤ ᠪᠠᠨ ᠭᠡᠷ ᠤᠨ ᠠᠬᠠᠮᠠᠳ ᠤᠨ ᠬᠠᠮᠤᠭ ᠤᠨ ᠶᠡᠭᠡ ᠬᠦᠰᠡᠯ ᠱᠠᠭᠠᠷᠳᠠᠯᠭ᠎ᠠ ᠪᠣᠯ ᠲᠠᠪᠴᠠᠩ ᠢᠶᠠᠷ ᠲᠠᠮᠵᠢᠨ | ᠬᠡᠤᠬᠡᠳ ᠤᠨ ᠢᠶᠠᠨ ᠪᠠᠶᠢᠳᠠᠯ᠂ ᠬᠡᠦᠬᠡᠳ ᠤᠨ ᠴᠡᠴᠡᠷᠯᠢᠭ ᠤᠨ ᠪᠠᠶᠢᠳᠠᠯ ᠵᠢᠴᠢ ᠪᠠᠭᠰᠢ ᠨᠠᠷ ᠲᠠᠢ ᠴᠠᠭ ᠲᠤᠬᠠᠢ ᠳᠤ ᠨᠢ | ᠬᠠᠷᠢᠯᠴᠠᠬᠤ ᠪᠠ ᠬᠡᠤᠬᠡᠳ ᠤᠨ ᠬᠦᠮᠦᠵᠢᠯ ᠢ ᠶᠠᠭᠠᠬᠢᠵᠦ ᠨᠡᠩ ᠰᠠᠶᠢᠨ ᠬᠢᠬᠦ ᠶᠢ ᠠᠩᠬᠠᠷᠴᠦ ᠪᠠᠶᠢᠨ᠎ᠠ᠃ | ᠬᠡᠦᠬᠡᠳ ᠤᠨ ᠴᠡᠴᠡᠷᠯᠢᠭ ᠪᠠᠶᠢᠷᠢ ᠰᠤᠯᠢᠨ ᠰᠡᠳᠬᠢᠵᠦ᠂ ᠭᠡᠷ ᠤᠨ ᠠᠬᠠᠮᠠᠳ ᠤᠨ ᠬᠦᠰᠡᠯ ᠱᠠᠭᠠᠷᠳᠠᠯᠭ᠎ᠠ ᠶᠢ | ᠦᠨᠳᠦᠰᠦᠯᠡᠨ᠂ ᠵᠢᠷᠭᠢᠶᠡᠨ ᠤ ᠨᠡᠶᠢᠳᠡ ᠶᠢᠨ ᠲᠠᠪᠴᠠᠩ ᠤᠨ ᠭᠡᠷ ᠪᠦᠯᠢ ᠪᠤᠯᠤᠨ ᠴᠡᠴᠡᠷᠯᠢᠭ ᠤᠨ | ᠬᠠᠮᠳᠤᠷᠠᠯᠴᠠᠭ᠎ᠠ ᠳᠤ ᠬᠢ ᠬᠦᠭᠦᠷᠭᠡ ᠪᠣᠶᠤ ᠬᠤᠯᠪᠤᠭᠠᠰᠦ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠪᠠᠷ | ᠵᠤᠬᠢᠰᠳᠠᠢ ᠠᠷᠭ᠎ᠠ ᠠᠪᠴᠠᠯ ᠠᠪᠤᠪᠠᠯ ᠵᠤᠬᠢᠨ᠎ᠠ᠃ | ᠡᠬᠦᠨ ᠠᠴᠠ ᠭᠠᠳᠠᠨ᠎ᠠ ᠮᠢᠨᠦ ᠰᠠᠨᠠᠯ ᠪᠤᠳᠤᠯ ᠰᠤᠯᠢᠯᠴᠠᠬᠤ ᠶᠠᠪᠤᠴᠠ ᠳᠤ ᠣᠶᠢᠯᠠᠭᠠᠭᠰᠠᠨ ᠢᠶᠠᠷ᠂ ᠵᠢᠷᠭᠢᠶᠡᠨ ᠤ | ᠨᠡᠶᠢᠳᠡ ᠶᠢᠨ ᠲᠠᠪᠴᠠᠩ ᠠᠴᠠ ᠲᠡᠳᠡ ᠨᠠᠷ ᠲᠤ ᠦᠭᠬᠦᠭᠰᠡᠨ ᠪᠤᠳᠠᠳᠦ ᠬᠠᠪᠰᠤᠷᠤᠯᠭ᠎ᠠ ᠬᠡᠪᠡᠯ᠄ | 1. ᠲᠠᠪᠴᠠᠩ ᠨᠢ ᠴᠡᠴᠡᠷᠯᠢᠭ ᠪᠤᠯᠤᠨ ᠬᠡᠷ ᠪᠦᠯᠢ ᠶᠢᠨ ᠬᠠᠮᠳᠤᠷᠠᠯᠴᠠᠭ᠎ᠠ ᠳᠤ ᠬᠦᠭᠦᠷᠬᠡ ᠪᠣᠶᠤ | ᠬᠤᠯᠪᠤᠭᠠᠰᠦ ᠶᠢᠨ ᠦᠢᠯᠡᠳᠦᠯ ᠦᠵᠡᠬᠦᠯᠵᠦ ᠪᠠᠶᠢᠨ᠎ᠠ᠃ ᠬᠡᠦᠬᠡᠳ ᠤᠨ ᠴᠡᠴᠡᠷᠯᠢᠭ ᠤᠨ ᠬᠦᠮᠦᠵᠢᠯ ᠪᠤᠯᠤᠨ ᠬᠡᠷ ᠤᠨ | ᠬᠦᠮᠦᠵᠢᠯ ᠪᠣᠯ ᠲᠤᠰᠠᠭᠠᠷ ᠬᠤᠶᠠᠷ ᠴᠤᠬᠴᠠ ᠪᠢᠰᠢ᠂ ᠬᠠᠷᠢᠨ ᠰᠠᠯᠤᠰᠢ ᠦᠭᠡᠢ ᠨᠢᠭᠲᠠ ᠬᠤᠯᠪᠤᠭᠠᠲᠠᠢ ᠪᠠᠶᠢᠳᠠᠭ᠃ | ᠬᠡᠷ ᠤᠨ ᠠᠬᠠᠮᠠᠳ ᠲᠠᠪᠴᠠᠩ ᠢᠶᠠᠷ ᠲᠠᠮᠵᠢᠨ ᠬᠡᠦᠬᠡᠳ ᠤᠨ ᠴᠡᠴᠡᠷᠯᠢᠭ ᠤᠨ ᠬᠠᠮᠤᠭ ᠤᠨ ᠰᠢᠨ᠎ᠡ ᠪᠠᠶᠢᠳᠠᠯ᠂ | ᠬᠡᠤᠬᠡᠳ ᠤᠨ ᠢᠶᠠᠨ ᠴᠡᠴᠡᠷᠯᠢᠭ ᠲᠤ ᠪᠠᠶᠢᠬᠤ ᠪᠠᠶᠢᠳᠠᠯ ᠢ ᠦᠢᠯᠠᠭᠠᠵᠦ᠂ ᠴᠡᠴᠡᠷᠯᠢᠭ ᠴᠦ ᠭᠡᠷ ᠤᠨ ᠠᠬᠠᠮᠠᠳ ᠤᠨ | ᠭᠡᠷ ᠤᠨ ᠬᠦᠮᠦᠵᠢᠯ ᠳᠤ ᠬᠢ ᠡᠯ᠎ᠡ ᠵᠦᠢᠯ ᠤᠨ ᠬᠠᠷᠢᠭᠤ ᠳᠤᠰᠬᠠᠯ ᠢ ᠤᠯᠵᠦ ᠪᠤᠯᠤᠨ᠎ᠠ᠃ | 2. ᠲᠠᠪᠴᠠᠩ ᠨᠢ ᠬᠡᠤᠬᠡᠳ ᠬᠦᠮᠦᠵᠢᠭᠦᠯᠬᠦ ᠮᠡᠳᠡᠯᠭᠡ ᠶᠢ ᠲᠠᠮᠵᠢᠭᠤᠯᠵᠦ᠂ ᠬᠡᠷ ᠤᠨ ᠬᠦᠮᠦᠵᠢᠯ ᠳᠤ ᠶᠡᠬᠡᠬᠡᠨ | ᠠᠴᠢ ᠲᠤᠰᠠ ᠦᠵᠡᠭᠦᠯᠵᠦ ᠪᠠᠶᠢᠨ᠎ᠠ᠃ | 3. ᠲᠠᠪᠴᠠᠩ ᠨᠢ ᠬᠡᠤᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ ᠬᠠᠮᠵᠢᠯᠴᠠᠭ᠎ᠠ ᠳᠤ ᠬᠠᠪᠰᠤᠷᠤᠯᠴᠠᠬᠤ | ᠳᠣᠬᠢᠶᠠᠯ ᠢ ᠤᠯᠭᠤᠵᠡᠢ᠃ ᠬᠡᠦᠬᠡᠳ ᠤᠨ ᠴᠡᠴᠡᠷᠯᠢᠭ ᠪᠤᠯᠤᠨ ᠬᠡᠷ ᠤᠨ ᠠᠬᠠᠮᠠᠳ ᠲᠤᠰ ᠪᠦᠷᠢ ᠲᠠᠪᠴᠠᠩ ᠢᠶᠠᠷ | ᠲᠠᠮᠵᠢᠨ ᠬᠡᠣᠬᠡᠳ ᠤᠨ ᠴᠡᠴᠡᠷᠯᠢᠭ ᠲᠤ ᠪᠠᠶᠢᠬᠤ ᠪᠠᠶᠢᠳᠠᠯ ᠪᠤᠯᠤᠨ ᠬᠡᠷ ᠲᠤ ᠪᠠᠨ ᠪᠠᠶᠢᠬᠤ ᠠᠮᠢᠳᠤᠷᠠᠯ ᠤᠨ ᠪᠠᠶᠢᠳᠠᠯ ᠢ | ᠤᠶᠢᠯᠠᠭᠠᠵᠦ᠂ ᠢᠳᠡᠪᠬᠢᠳᠡᠢ ᠬᠠᠮᠳᠤᠷᠠᠯᠴᠠᠬᠤ ᠦᠵᠡᠯᠳᠡ ᠪᠤᠯᠤᠨ ᠬᠠᠮᠳᠦ ᠶᠢᠨ ᠬᠦᠮᠦᠵᠢᠬᠦᠯᠬᠦ ᠵᠤᠷᠢᠯᠳᠠ ᠪᠠᠷ | ᠬᠡᠤᠬᠡᠳ ᠢ ᠬᠦᠮᠦᠵᠢᠭᠦᠯᠬᠦ ᠠᠷᠭ᠎ᠠ ᠤᠬᠠᠭᠠᠨ ᠢ ᠰᠦᠪᠡᠭᠴᠢᠯᠡᠬᠦ ᠳᠤ ᠳᠦᠭᠦᠮ ᠦᠵᠡᠭᠦᠯᠵᠦ ᠪᠠᠶᠢᠨ᠎ᠠ᠃ | ᠲᠠᠪᠤ᠂ ᠬᠡᠦᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ ᠬᠠᠮᠳᠤᠷᠠᠯᠴᠠᠭ᠎ᠠ ᠳᠤ ᠵᠢᠷᠭᠢᠶ᠎ᠡ ᠶᠢᠨ ᠬᠡᠷᠡᠭᠯᠡᠭᠡ ᠶᠢ | ᠬᠦᠨᠳᠦᠳᠬᠡᠵᠦ ᠦᠵᠡᠬᠦ ᠲᠤᠬᠠᠢ ᠰᠠᠨᠠᠯ ᠵᠦᠪᠯᠡᠯᠭᠡ | ᠣᠳᠣᠬᠠᠨ ᠳᠤ ᠡᠯ᠎ᠡ ᠬᠡᠤᠬᠡᠳ ᠤᠨ ᠴᠡᠴᠡᠷᠯᠢᠭ ᠤᠨ ᠬᠢᠨ ᠴᠦᠮ ᠦᠪᠡᠷ ᠤᠨ ᠵᠢᠷᠭᠢᠶᠡᠨ ᠤ ᠨᠡᠶᠢᠳᠡ ᠶᠢᠨ | ᠲᠠᠪᠴᠠᠩ ᠲᠠᠢ ᠪᠤᠯᠤᠬᠰᠠᠨ ᠪᠠᠶᠢᠨ᠎ᠠ᠃ ᠲᠡᠷᠡ ᠮᠦᠷᠳᠡᠬᠡᠨ ᠵᠢᠷᠭᠢᠶᠡᠨ ᠤ ᠨᠡᠶᠢᠳᠡ ᠶᠢᠨ ᠲᠠᠪᠴᠠᠩ ᠨᠢ ᠭᠡᠷ ᠪᠦᠯᠢ | ᠪᠤᠯᠤᠨ ᠴᠡᠴᠡᠷᠯᠢᠭ ᠤᠨ ᠬᠠᠮᠲᠤᠷᠠᠯᠴᠠᠭᠠᠨ ᠤ ᠰᠢᠨ᠎ᠡ ᠠᠷᠭ᠎ᠠ ᠬᠡᠯᠪᠡᠷᠢ ᠪᠤᠯᠵᠦ ᠪᠠᠶᠢᠨ᠎ᠠ᠃ ᠭᠡᠪᠡᠴᠦ ᠰᠠᠶ᠋ᠢ | ᠠᠰᠢᠬᠯᠠᠬᠳᠠᠵᠦ ᠪᠠᠶᠢᠭ᠎ᠠ ᠪᠤᠯᠬᠤᠷ ᠤᠯᠠᠨ ᠠᠰᠠᠭᠤᠳᠠᠯ ᠤᠷᠤᠰᠢᠵᠦ ᠪᠤᠢ᠃ ᠡᠳᠡᠬᠡᠷ ᠠᠰᠠᠭᠤᠳᠠᠯ ᠳᠤ ᠬᠠᠨᠳᠤᠭᠤᠯᠤᠨ | ᠰᠠᠨᠠᠯ ᠵᠦᠪᠯᠡᠯᠭᠡ ᠪᠠᠨ ᠳᠡᠪᠰᠢᠭᠦᠯᠦᠨ᠎ᠡ᠃ | ︵ᠨᠢᠭᠡ︶ ᠬᠡᠦᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ ᠬᠠᠮᠳᠤᠷᠠᠯᠴᠠᠭ᠎ᠠ ᠪᠠᠷ ᠭᠤᠤᠯ ᠪᠤᠯᠭᠠᠵᠦ᠂ | ᠲᠠᠪᠴᠠᠩ ᠢᠶᠠᠷ ᠳᠠᠮᠵᠢᠨ ᠬᠠᠷᠢᠯᠴᠠᠭ᠎ᠠ ᠪᠠᠨ ᠴᠢᠩᠭᠠᠳᠬᠠᠬᠤ ᠴᠢᠬᠤᠯᠠᠲᠠᠢ | ᠬᠡᠦᠬᠡᠳ ᠤᠨ ᠴᠡᠴᠡᠷᠯᠢᠭ ᠪᠣᠯ ᠬᠡᠦᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ ᠬᠠᠮᠲᠤᠷᠠᠯᠴᠠᠭᠠᠨ ᠤ ᠭᠤᠤᠯ | ᠴᠤᠬᠴᠠ ᠮᠦᠷᠳᠡᠬᠡᠨ ᠵᠢᠷᠭᠢᠶᠡᠨ ᠤ ᠨᠡᠶᠢᠳᠡ ᠶᠢᠨ ᠲᠠᠪᠴᠠᠩ ᠢ ᠡᠵᠡᠩᠨᠡᠵᠦ ᠬᠠᠮᠢᠶᠠᠷᠴᠦ ᠪᠠᠶᠢᠭ᠎ᠠ ᠡᠲᠡᠭᠡᠳ ᠪᠣᠯᠤᠨ᠎ᠠ᠃ | ᠬᠡᠦᠬᠡᠳ ᠤᠨ ᠴᠡᠴᠡᠷᠯᠢᠭ ᠤᠨ ᠵᠢᠷᠭᠢᠶᠡᠨ ᠤ ᠨᠡᠶᠢᠳᠡ ᠶᠢᠨ ᠲᠠᠪᠴᠠᠩ ᠨᠢ ᠬᠡᠤᠬᠡᠳ ᠤᠨ ᠴᠡᠴᠡᠷᠯᠢᠭ ᠪᠤᠯᠤᠨ ᠬᠡᠷ | ᠪᠦᠯᠢ ᠶᠢᠨ ᠬᠠᠮᠳᠤᠷᠠᠯᠴᠠᠭ᠎ᠠ ᠳᠤ ᠴᠢᠬᠤᠯᠠ ᠦᠢᠯᠡᠳᠦᠯ ᠲᠠᠢ ᠪᠠᠶᠢᠵᠦ᠂ ᠲᠠᠪᠴᠠᠩ ᠢ ᠬᠡᠷᠬᠢᠨ ᠡᠷᠬᠢᠯᠡᠬᠦ ᠨᠢ | ᠲᠠᠪᠴᠠᠩ ᠤᠨ ᠦᠷ᠎ᠡ ᠪᠦᠳᠦᠮᠵᠢ ᠶᠢ ᠰᠢᠭᠤᠳ ᠨᠦᠯᠦᠭᠡᠯᠡᠨ᠎ᠡ᠃ ᠬᠡᠦᠬᠡᠳ ᠤᠨ ᠴᠡᠴᠡᠷᠯᠢᠭ ᠤᠨ ᠵᠢᠷᠭᠢᠶᠡᠨ ᠤ | ᠨᠡᠶᠢᠳᠡ ᠶᠢᠨ ᠲᠠᠪᠴᠠᠩ ᠤᠨ ᠪᠠᠶᠢᠷᠢ ᠲᠤᠬᠳᠠᠭᠠᠯᠳᠠ ᠲᠠᠷᠤᠢ ᠦᠰᠦᠭ ᠪᠢᠴᠢᠭ ᠤᠨ ᠨᠠᠶᠢᠷᠠᠭᠤᠯᠤᠬᠴᠢ᠂ ᠮᠡᠷᠭᠡᠵᠢᠯ ᠤᠨ | ᠨᠠᠶᠢᠷᠠᠭᠤᠯᠤᠬᠴᠢ ᠲᠤᠬᠢᠷᠠᠭᠤᠯᠵᠦ᠂ ᠭᠡᠷ ᠤᠨ ᠠᠬᠠᠮᠠᠳ ᠪᠤᠯᠤᠨ ᠬᠡᠦᠬᠡᠳ ᠤᠨ ᠴᠡᠴᠡᠷᠯᠢᠭ ᠤᠨ ᠬᠡᠷᠡᠭᠴᠡᠭᠡ | ᠱᠠᠭᠠᠷᠳᠠᠯᠭ᠎ᠠ ᠪᠠᠷ ᠭᠤᠤᠯ ᠰᠤᠪᠠᠭ ᠪᠤᠯᠤᠩ ᠪᠤᠯᠭᠠᠵᠤ᠂ ᠲᠠᠪᠴᠠᠩ ᠤᠨ ᠬᠡᠷᠡᠭᠯᠡᠭᠡ ᠶᠢ ᠬᠠᠮᠤᠭ ᠤᠨ ᠦᠨᠳᠦᠷ | ᠲᠦᠪᠰᠢᠨ ᠳᠤ ᠬᠦᠷᠭᠡᠬᠦ ᠶᠢ ᠪᠣᠳᠤᠯᠬᠢᠯᠠᠨ᠎ᠠ᠃ ᠬᠡᠦᠬᠡᠳ ᠤᠨ ᠴᠡᠴᠡᠷᠯᠢᠭ ᠤᠨ ᠮᠡᠳᠡᠭᠡ ᠵᠠᠩᠬᠢᠴᠢᠯᠠᠯᠲᠠ ᠶᠢᠨ | ᠪᠠᠶᠢᠭᠤᠯᠤᠯᠳᠠ ᠪᠣᠯ ᠡᠳᠦᠷ ᠢᠷᠡᠬᠦᠶ᠎ᠡ ᠲᠤᠯᠭᠠᠮ ᠱᠠᠭᠠᠷᠳᠠᠭᠳᠠᠵᠦ ᠪᠠᠶᠢᠭ᠎ᠠ ᠵᠦᠢᠯ ᠪᠤᠯᠬᠤᠷ ᠲᠤᠰᠬᠠᠢ ᠪᠡᠯᠡ ᠮᠦᠩᠭᠦ | ᠭᠠᠷᠭᠠᠨ᠂ ᠵᠢᠷᠭᠢᠶᠡᠨ ᠤ ᠠᠩᠬᠠᠨ ᠤ ᠪᠠᠶᠢᠭᠤᠯᠤᠯᠳᠠ ᠪᠤᠯᠤᠨ ᠬᠤᠶᠢᠰᠢᠳᠡ ᠶᠢᠨ ᠡᠵᠡᠩᠨᠡᠯᠳᠡ ᠳᠤ ᠪᠠᠳᠤᠯᠠᠭ᠎ᠠ | ᠬᠠᠩᠭᠠᠪᠡᠯ ᠵᠣᠬᠢᠨ᠎ᠠ᠃ ᠲᠠᠪᠴᠠᠩ ᠨᠢ ᠶᠠᠭᠠᠬᠢᠵᠦ ᠡᠬᠢᠯᠡᠭᠰᠡᠨ ᠪᠣᠯ ᠲᠡᠷᠡ ᠶᠠᠩᠵᠦ ᠪᠠᠷ ᠢᠶᠠᠨ ᠪᠠᠶᠢᠭᠠᠳ ᠪᠠᠶᠢᠵᠦ | ᠪᠤᠯᠬᠤ ᠦᠭᠡᠢ ᠬᠠᠷᠢᠨ ᠴᠠᠭ ᠦᠶ᠎ᠡ᠂ ᠨᠡᠶᠢᠭᠡᠮ᠂ ᠭᠡᠷ ᠪᠦᠯᠢ᠂ ᠬᠡᠦᠬᠡᠳ ᠤᠨ ᠴᠡᠴᠡᠷᠯᠢᠭ ᠤᠨ ᠬᠡᠷᠡᠭᠴᠡᠭᠡ | ᠱᠠᠭᠠᠷᠳᠠᠯᠭ᠎ᠠ ᠳᠤ ᠬᠠᠨᠳᠤᠭᠤᠯᠤᠨ ᠴᠠᠭ ᠢᠮᠠᠭᠳᠠ ᠰᠢᠨᠡᠴᠢᠯᠡᠯᠳᠡ ᠬᠢᠵᠦ᠂ ᠰᠢᠨ᠎ᠡ ᠬᠡᠯᠪᠡᠷᠢ᠂ ᠰᠢᠨ᠎ᠡ ᠠᠭᠤᠯᠭ᠎ᠠ᠂ | ᠰᠢᠨ᠎ᠡ ᠴᠢᠳᠠᠮᠵᠢ ᠶᠢ ᠨᠡᠮᠡᠬᠦ ᠬᠡᠷᠡᠭᠳᠡᠢ᠃ | ︵ᠬᠤᠶᠠᠷ︶ ᠭᠡᠷ ᠤᠨ ᠠᠬᠠᠮᠠᠳ ᠢᠳᠡᠪᠬᠢᠳᠡᠢ ᠤᠷᠤᠯᠴᠠᠵᠦ᠂ ᠬᠠᠮᠳᠤ ᠪᠠᠷ ᠲᠠᠪᠴᠠᠩ ᠤᠨ ᠪᠠᠶᠢᠭᠤᠯᠤᠯᠳᠠ ᠶᠢ | ᠠᠬᠢᠭᠤᠯᠬᠤ ᠶᠢ ᠪᠤᠳᠤᠯᠬᠢᠯᠠᠪᠠᠯ ᠵᠤᠬᠢᠨ᠎ᠠ᠃ | ᠭᠡᠷ ᠤᠨ ᠠᠬᠠᠮᠠᠳ ᠤᠨ ᠰᠢᠨ᠎ᠡ ᠮᠡᠷᠭᠡᠵᠢᠯ ᠢ ᠰᠤᠷᠴᠦ ᠦᠢᠯᠡᠭᠠᠬᠤ ᠬᠢᠷᠢ ᠲᠦᠪᠰᠢᠨ ᠨᠢ ᠨᠡᠯᠢᠶᠡᠳ | ᠬᠡᠮᠵᠢᠶᠡᠨ ᠳᠤ ᠵᠢᠷᠭᠢᠶᠡᠨ ᠤ ᠨᠡᠶᠢᠳᠡ ᠶᠢᠨ ᠲᠠᠪᠴᠠᠩ ᠤᠨ ᠦᠷ᠎ᠡ ᠪᠦᠳᠦᠮᠵᠢ ᠶᠢ ᠨᠦᠯᠦᠭᠡᠯᠡᠵᠦ ᠪᠠᠶᠢᠨ᠎ᠠ᠃ ᠭᠡᠷ ᠤᠨ | ᠠᠬᠠᠮᠠᠳ ᠤᠨ ᠮᠡᠳᠡᠭᠡ ᠵᠠᠩᠭᠢ ᠶᠢᠨ ᠮᠡᠷᠭᠡᠵᠢᠯ ᠤᠨ ᠬᠢᠷᠢ ᠲᠦᠪᠰᠢᠨ ᠦᠨᠳᠦᠷ ᠪᠣᠯ ᠵᠢᠷᠭᠢᠶᠡᠨ ᠤ ᠨᠡᠶᠢᠳᠡ ᠶᠢᠨ | ᠲᠠᠪᠴᠠᠩ ᠢ ᠰᠠᠶᠢᠬᠠᠨ ᠡᠵᠡᠮᠳᠡᠨ ᠬᠡᠷᠡᠭᠯᠡᠵᠦ᠂ ᠦᠪᠡᠷ ᠲᠤ ᠨᠢ ᠠᠰᠢᠬᠳᠠᠢ ᠮᠡᠳᠡᠯᠭᠡ ᠪᠤᠯᠤᠨ ᠮᠡᠳᠡᠭᠡ ᠵᠠᠩᠭᠢ ᠶᠢ | ᠣᠯᠵᠥ᠂ ᠲᠠᠪᠴᠠᠩ ᠢᠶᠠᠷ ᠲᠠᠮᠵᠢᠨ ᠬᠡᠦᠬᠡᠳ ᠤᠨ ᠴᠡᠴᠡᠷᠯᠢᠭ ᠤᠨ ᠪᠠᠭᠰᠢ ᠨᠠᠷ ᠲᠠᠢ ᠢᠮᠠᠭᠲᠠ ᠬᠠᠷᠢᠯᠴᠠᠵᠦ ᠴᠢᠳᠠᠨ᠎ᠠ᠃ | ᠢᠩᠭᠢᠵᠦ ᠬᠠᠷᠢᠯᠴᠠᠬᠤ ᠨᠢ ᠬᠡᠤᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ ᠬᠠᠮᠲᠤᠷᠠᠯᠴᠠᠭᠠᠨ ᠤ ᠠᠵᠢᠯᠯᠠᠭᠠᠨ ᠤ | ᠠᠵᠢᠯ ᠢ ᠨᠡᠩ ᠤᠶᠤᠨᠴᠢᠯᠠᠵᠦ᠂ ᠦᠷ᠎ᠡ ᠪᠦᠲᠦᠮᠵᠢᠲᠠᠢ ᠪᠣᠯᠭᠠᠵᠤ ᠪᠠᠶᠢᠨ᠎ᠠ ᠬᠡᠳᠡᠭ ᠢ ᠬᠠᠷᠠᠭᠤᠯᠵᠦ ᠪᠠᠶᠢᠨ᠎ᠠ᠃ ᠭᠡᠷ | ᠪᠦᠯᠢ ᠪᠤᠯᠤᠨ ᠬᠡᠦᠬᠡᠳ ᠤᠨ ᠴᠡᠴᠡᠷᠯᠢᠭ ᠤᠨ ᠬᠠᠮᠲᠤᠷᠠᠯᠴᠠᠭ᠎ᠠ ᠪᠣᠯ ᠨᠢᠭᠡᠨ ᠬᠤᠷᠰᠢᠬᠤ ᠠᠵᠢᠯᠯᠠᠭᠠᠨ ᠤ ᠶᠠᠪᠤᠴᠠ | ᠪᠣᠯᠬᠤᠷ ᠨᠢᠭᠡ ᠲᠠᠯ᠎ᠠ ᠨᠢ ᠯᠠ ᠴᠢᠷᠮᠠᠶᠢᠭᠠᠳ ᠨᠦᠭᠦᠭᠡ ᠲᠠᠯ᠎ᠠ ᠨᠢ ᠢᠳᠡᠪᠬᠢᠯᠡᠬᠦ ᠦᠭᠡᠢ ᠪᠣᠯ ᠤᠭ ᠬᠠᠮᠲᠤᠷᠠᠯᠴᠠᠭ᠎ᠠ | ᠪᠡᠶᠡᠯᠡᠭᠳᠡᠵᠦ ᠴᠢᠳᠠᠬᠤ ᠦᠭᠡᠢ᠃ ᠡᠭᠦᠨ ᠳᠤ᠂ ᠭᠡᠷ ᠤᠨ ᠠᠬᠠᠮᠠᠳ ᠵᠢᠷᠭᠢᠶᠡᠨ ᠤ ᠨᠡᠶᠢᠳᠡ ᠶᠢᠨ ᠲᠠᠪᠴᠠᠩ ᠤᠨ | ᠬᠠᠷᠢᠯᠴᠠᠬᠤ ᠴᠢᠳᠠᠮᠵᠢ ᠶᠢ ᠠᠰᠢᠬᠯᠠᠬᠤ ᠲᠠᠳᠬᠠᠯ ᠲᠠᠢ ᠪᠤᠯᠬᠤ ᠶᠢ ᠰᠠᠨᠠᠭᠤᠯᠤᠶ᠎ᠠ᠃ ᠲᠠᠪᠴᠠᠩ ᠢᠶᠠᠷ ᠲᠠᠮᠵᠢᠭᠤᠯᠤᠨ | ᠦᠪᠡᠷ ᠤᠨ ᠦᠵᠡᠯ ᠪᠤᠳᠤᠯ ᠢᠶᠠᠨ ᠲᠡᠯᠭᠡᠵᠦ᠂ ᠬᠦᠰᠡᠯ ᠱᠠᠭᠠᠷᠳᠠᠯᠭ᠎ᠠ ᠪᠠᠨ ᠲᠤᠷᠠᠳᠴᠦ ᠪᠤᠯᠤᠨ᠎ᠠ᠃ ᠬᠠᠷᠢᠨ ᠲᠠᠩ | ᠭᠠᠭᠴᠠ ᠮᠡᠳᠡᠯᠭᠡ ᠶᠢ ᠬᠦᠯᠢᠶᠡᠵᠦ ᠦᠵᠡᠬᠦ ᠪᠢᠰᠢ᠃ ᠵᠢᠱᠢᠶᠡᠯᠡᠪᠡᠯ᠂ ᠨᠡᠶᠢᠲᠡᠯᠡᠯ ᠪᠤᠯᠭᠠᠨ ᠤ ᠲᠤᠤᠷ᠎ᠠ ᠪᠢᠴᠢᠭᠡᠰᠦ | ᠦᠯᠡᠳᠡᠭᠡᠵᠦ᠂ ᠪᠤᠳᠤᠯ ᠰᠠᠨᠠᠯ ᠢᠶᠠᠨ ᠶᠠᠷᠢᠵᠦ ᠪᠤᠯᠤᠨ᠎ᠠ᠃ ᠡᠰᠡᠪᠡᠯ ᠲᠠᠪᠴᠠᠩ ᠳᠤ ᠦᠭᠡ ᠦᠯᠡᠳᠡᠭᠡᠵᠦ ᠠᠰᠠᠭᠤᠳᠠᠯ | ᠲᠤᠷᠠᠳᠴᠦ ᠪᠤᠯᠤᠨ᠎ᠠ᠃ ᠭᠡᠬᠦ ᠳᠤ ᠪᠠᠨ ᠬᠡᠦᠬᠡᠳ ᠤᠨ ᠴᠡᠴᠡᠷᠯᠢᠭ ᠪᠣᠯᠤᠨ ᠭᠡᠷ ᠤᠨ ᠠᠬᠠᠮᠠᠳ ᠢᠳᠡᠪᠬᠢᠳᠡᠢ | ᠬᠠᠮᠵᠢᠯᠴᠠᠪᠠᠯ ᠰᠠᠶ᠋ᠢ ᠭᠡᠷ ᠪᠦᠯᠢ ᠪᠤᠯᠤᠨ ᠴᠡᠴᠡᠷᠯᠢᠭ ᠤᠨ ᠬᠠᠮᠲᠤᠷᠠᠯᠴᠠᠭ᠎ᠠ ᠳᠡᠭᠡᠳᠦ ᠬᠡᠮᠵᠢᠶ᠎ᠠ ᠪᠠᠷ ᠨᠢᠭᠡᠲᠦᠯᠲᠠᠢ | ᠪᠤᠯᠵᠦ᠂ ᠬᠡᠤᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠦ ᠶᠢ ᠪᠢᠴᠢᠭᠯᠡᠵᠦ | ᠴᠢᠳᠠᠨ᠎ᠠ᠃ | ᠬᠦᠬᠡᠬᠤᠳᠠ ᠶᠢᠨ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠵᠢᠷᠭᠢᠶᠡᠨ ᠤ ᠨᠡᠶᠢᠳᠡ ᠶᠢᠨ | ᠲᠠᠪᠴᠠᠩ᠂ ᠬᠦᠬᠡᠬᠤᠳᠠ ᠶᠢᠨ ᠰᠠᠶᠢᠬᠠᠨ ᠲᠤᠭᠤᠷᠢᠭ ᠤᠨ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ | ᠵᠢᠷᠭᠢᠶᠡᠨ ᠤ ᠨᠡᠶᠢᠳᠡ ᠶᠢᠨ ᠲᠠᠪᠴᠠᠩ᠂ ᠬᠦᠬᠡᠬᠤᠳᠠ ᠶᠢᠨ ᠰᠢᠨ᠎ᠡ ᠬᠤᠳᠠ ᠲᠤᠭᠤᠷᠢᠭ ᠤᠨ ᠮᠤᠩᠭᠤᠯ | ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠵᠢᠷᠭᠢᠶᠡᠨ ᠤ ᠨᠡᠶᠢᠳᠡ ᠶᠢᠨ ᠲᠠᠪᠴᠠᠩ ᠤᠨ ᠪᠠᠶᠢᠳᠠᠯ ᠠᠴᠠ | ᠦᠵᠡᠬᠦ ᠳᠤ᠂ ᠭᠤᠤᠯᠳᠠᠭᠤ ︽ᠴᠡᠴᠡᠷᠯᠢᠭ ᠤᠨ ᠲᠦᠢᠮᠤ ᠪᠠᠶᠢᠳᠠᠯ︾᠂ ︽ᠴᠡᠴᠡᠷᠯᠢᠭ ᠤᠨ ᠠᠵᠢᠯᠯᠠᠭ᠎ᠠ︾᠂ ︽ᠪᠠᠭᠰᠢ ᠶᠢᠨ | ᠡᠩᠨᠡᠭᠡ︾᠂ ︽ᠰᠤᠷᠤᠬᠴᠢ ᠡᠯᠰᠡᠬᠦ ᠮᠡᠳᠡᠭᠳᠡᠯ︾᠂ ︽ᠪᠠᠭᠰᠢ ᠡᠯᠰᠡᠬᠦ ᠮᠡᠳᠡᠭᠳᠡᠯ︾ ᠵᠡᠷᠬᠡ ᠶᠢ ᠨᠡᠶᠢᠳᠡᠯᠡᠵᠦ᠂ ᠳᠠᠩ | ᠴᠢᠭᠯᠡᠯᠲᠦ ᠤᠬᠠᠭᠤᠯᠭ᠎ᠠ ᠳᠤ ᠲᠦᠪᠯᠡᠷᠡᠭᠡᠳ᠂ ᠭᠡᠷ ᠤᠨ ᠠᠬᠠᠮᠠᠳ ᠤᠨ ᠣᠷᠤᠯᠴᠠᠯᠭ᠎ᠠ ᠶᠢ ᠵᠣᠬᠢᠶᠠᠨ ᠪᠠᠶᠢᠭᠤᠯᠬᠤ | ᠲᠠᠪᠴᠠᠩ ᠤᠨ ᠴᠢᠳᠠᠮᠵᠢ ᠶᠢ ᠭᠦᠢᠴᠡᠳ ᠬᠡᠷᠡᠭᠯᠡᠭᠡᠳᠦᠢ ᠪᠠᠶᠢᠨ᠎ᠠ᠃ ᠡᠨᠡ ᠨᠢ ᠭᠡᠷ ᠤᠨ ᠠᠬᠠᠮᠠᠳ ᠤᠨ ᠬᠦᠰᠡᠯ | ᠱᠠᠭᠠᠷᠳᠠᠯᠭ᠎ᠠ ᠲᠠᠢ ᠵᠦᠷᠢᠶᠡᠲᠠᠢ᠂ ᠨᠡᠩ ᠴᠢᠨᠠᠭᠰᠢᠯᠠᠨ ᠬᠡᠦᠬᠡᠳ ᠤᠨ ᠴᠡᠴᠡᠷᠯᠢᠭ ᠪᠤᠯᠤᠨ ᠬᠡᠷ ᠪᠦᠯᠢ ᠶᠢᠨ | ᠬᠠᠮᠳᠤᠷᠠᠯᠴᠠᠭ᠎ᠠ ᠳᠤ ᠵᠢᠷᠭᠢᠶᠡᠨ ᠤ ᠦᠢᠯᠡᠳᠦᠯ ᠢ ᠪᠠᠳᠠᠷᠠᠭᠤᠯᠬᠤ ᠳᠤ ᠰᠠᠭᠠᠳ ᠪᠣᠯᠵᠤ ᠪᠠᠶᠢᠨ᠎ᠠ᠃ ᠮᠦᠨ ᠲᠡᠳᠡᠬᠡᠷ | ᠨᠡᠶᠢᠳᠡᠯᠡᠭᠰᠡᠨ ᠮᠡᠳᠡᠭᠡᠯᠡᠯ ᠤᠨ ᠬᠤᠶᠢᠨᠠᠬᠢ ᠪᠢᠴᠢᠭᠡᠰᠦ ᠦᠯᠡᠳᠡᠭᠡᠬᠦ ᠴᠢᠳᠠᠮᠵᠢ ᠶᠢ ᠨᠡᠪᠳᠡᠷᠡᠬᠦᠯᠵᠦ ᠪᠠᠶᠢᠬᠤ ᠦᠭᠡᠢ ᠪᠤᠶᠤ | ᠨᠡᠪᠳᠡᠷᠡᠬᠦᠯᠦᠭᠰᠡᠨ ᠴᠦ ᠦᠯᠡᠳᠡᠭᠡᠭᠰᠡᠨ ᠪᠢᠴᠢᠬᠡᠰᠦ ᠶᠢ ᠢᠯᠡᠷᠡᠬᠦᠯᠵᠦ ᠪᠠᠶᠢᠬᠤ ᠦᠭᠡᠢ᠃ ᠦᠨᠡᠨ ᠳᠤ ᠪᠠᠨ | ᠲᠠᠪᠴᠠᠩ ᠤᠨ ᠪᠢᠴᠢᠭᠡᠰᠦ ᠦᠯᠡᠳᠡᠬᠡᠬᠦ ᠴᠢᠳᠠᠮᠵᠢ ᠪᠤᠯ ᠬᠡᠦᠬᠡᠳ ᠤᠨ ᠴᠡᠴᠡᠷᠯᠢᠭ ᠪᠤᠯᠤᠨ ᠬᠡᠷ ᠤᠨ ᠠᠬᠠᠮᠠᠳ ᠤᠨ | ᠤᠶᠢᠯᠠᠭᠠᠯᠴᠠᠭ᠎ᠠ᠂ ᠭᠡᠷ ᠤᠨ ᠠᠬᠠᠮᠠᠳ ᠪᠤᠯᠤᠨ ᠬᠡᠷ ᠤᠨ ᠠᠬᠠᠮᠠᠳ ᠤᠨ ᠦᠵᠡᠯ ᠪᠤᠳᠤᠯ ᠢᠶᠠᠨ ᠰᠤᠯᠢᠯᠴᠠᠬᠤ ᠳᠤ | ᠲᠦᠢᠯ ᠤᠨ ᠠᠰᠢᠬᠳᠠᠢ ᠵᠦᠢᠯ ᠪᠤᠯᠬᠤ ᠶᠤᠮ᠃ | ᠬᠤᠷᠢᠶᠠᠩᠭᠤᠶᠢᠯᠠᠨ ᠬᠡᠯᠡᠪᠡᠯ᠂ ᠬᠡᠦᠬᠡᠳ ᠤᠨ ᠦᠰᠤᠨ ᠪᠤᠶᠢᠵᠢᠯᠳᠠ ᠨᠢ ᠬᠡᠷ ᠪᠦᠯᠢ᠂ ᠬᠡᠦᠬᠡᠳ ᠤᠨ | ᠴᠡᠴᠡᠷᠯᠢᠭ᠂ ᠨᠡᠶᠢᠬᠡᠮ ᠠᠴᠠ ᠰᠠᠯᠵᠤ ᠪᠤᠯᠤᠰᠢ ᠦᠭᠡᠢ᠃ ᠬᠡᠤᠬᠡᠳ ᠨᠢ ᠠᠪᠤ ᠡᠵᠢ ᠠᠴᠠ ᠪᠠᠨ ᠰᠠᠯᠵᠤ ᠪᠤᠯᠬᠤ | ᠦᠬᠡᠢ ᠲᠠᠢ ᠠᠳᠠᠯᠢ ᠪᠠᠭᠰᠢ ᠠᠴᠠ ᠪᠠᠨ ᠨᠡᠩ ᠰᠠᠯᠵᠤ ᠪᠤᠯᠬᠤ ᠦᠬᠡᠢ᠃ ᠬᠡᠤᠬᠡᠳ ᠢ ᠡᠷᠡᠬᠦᠯ ᠴᠢᠬᠢᠷᠠᠭ᠂ ᠪᠠᠶᠠᠷ | ᠬᠦᠷ ᠲᠠᠢ᠂ ᠨᠠᠶᠢᠬᠡᠮ ᠳᠤ ᠠᠰᠢᠭᠲᠠᠢ ᠬᠦᠮᠤᠨ ᠪᠤᠯᠭᠠᠶ᠎ᠠ ᠬᠡᠪᠡᠯ ᠬᠡᠦᠬᠡᠳ ᠤᠨ ᠴᠡᠴᠡᠷᠯᠢᠭ ᠪᠣᠯᠤᠨ ᠬᠡᠷ ᠪᠦᠯᠢ | ᠡᠷᠬᠡᠪᠰᠢ ᠬᠠᠮᠳᠤᠷᠠᠯᠴᠠᠬᠤ ᠬᠡᠷᠡᠭᠳᠡᠢ᠃ ᠰᠢᠨ᠎ᠡ ᠮᠡᠷᠭᠡᠵᠢᠯ᠂ ᠰᠤᠷᠠᠭ ᠵᠠᠩᠬᠢᠴᠢᠯᠠᠯᠲᠠ ᠶᠢ ᠥᠷᠭᠡᠨ ᠢᠶᠠᠷ ᠠᠰᠢᠬᠯᠠᠵᠦ᠂ | ᠲᠡᠭᠦᠨ ᠢ ᠰᠤᠷᠭᠠᠭᠤᠯᠢ ᠠᠴᠠ ᠡᠮᠦᠨᠡᠬᠢ ᠬᠡᠤᠬᠡᠳ ᠤᠨ ᠬᠦᠮᠦᠵᠢᠯ᠂ ᠬᠡᠦᠬᠡᠳ ᠤᠨ ᠴᠡᠴᠡᠷᠯᠢᠭ ᠪᠤᠯᠤᠨ ᠭᠡᠷ ᠪᠦᠯᠢ ᠶᠢᠨ | ᠬᠠᠮᠳᠤᠷᠠᠯᠴᠠᠭ᠎ᠠ ᠳᠤ ᠦᠢᠯᠡᠴᠢᠯᠡᠭᠦᠯᠵᠦ᠂ ᠬᠡᠤᠬᠡᠳ ᠢᠶᠠᠨ ᠡᠷᠡᠭᠦᠯ ᠴᠢᠬᠢᠷᠠᠭ ᠢᠶᠠᠷ ᠦᠰᠭᠡᠨ ᠬᠦᠮᠦᠵᠢᠬᠦᠯᠬᠦ ᠶᠢᠨ | ᠲᠦᠯᠦᠭᠡ ᠬᠠᠮᠳᠦ ᠪᠠᠷ ᠴᠢᠷᠮᠠᠶᠢᠶ᠎ᠠ᠃ | | | ᠠᠰᠢᠬᠯᠠᠬᠰᠠᠨ ᠨᠤᠮ ᠪᠠ ᠰᠡᠳᠬᠦᠯ | | | 1. ᠭᠦᠸᠧ ᠯᠢ ᠫᠢᠡᠭ᠂ ︽ᠰᠤᠷᠠᠭ ᠵᠠᠩᠬᠢ ᠮᠡᠷᠬᠡᠵᠢᠯ ᠪᠠ ᠬᠡᠤᠬᠡᠳ ᠤᠨ ᠬᠦᠮᠦᠵᠢᠯ[M]᠂ ᠱᠠᠩᠬᠠᠢ᠄ | ᠬᠤᠸᠠ ᠳ᠋ᠦᠡᠭ ᠪᠠᠭᠰᠢ ᠶᠢᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 2007 | 2. ᠡᠾᠧ ᠰᠢᠤ ᠹᠸᠡᠭ᠂ ︽ᠵᠢᠷᠭᠢᠶᠡᠨ ᠤ ᠨᠡᠶᠢᠳᠡ ᠶᠢᠨ ᠲᠠᠪᠴᠠᠩ ᠤᠨ ᠬᠡᠦᠬᠡᠳ ᠤᠨ ᠴᠡᠴᠡᠷᠯᠢᠭ ᠤᠨ | ᠬᠠᠮᠢᠶᠠᠷᠤᠯᠳᠠ ᠲᠤᠮᠳᠠᠬᠢ ᠬᠡᠷᠡᠭᠯᠡᠯᠳᠡ ᠪᠠ ᠨᠡᠬᠡᠬᠡᠨ ᠬᠦᠭᠵᠢᠭᠦᠯᠦᠯᠳᠡ︾[J]. ᠰᠤᠷᠭᠠᠭᠤᠯᠢ ᠠᠴᠠ ᠡᠮᠦᠨᠡᠬᠢ | ᠬᠦᠮᠦᠵᠢᠯ ᠤᠨ ᠰᠣᠳᠤᠯᠤᠯ᠂ 2014᠂ ︵11︶᠄ 58 — 60 | 3. ᠯᠢ ᠹᠠᠨ᠂ ︽ᠵᠢᠷᠬᠢᠶ᠎ᠡ ᠶᠢᠨ ᠨᠡᠶᠢᠳᠡ ᠶᠢᠨ ᠲᠠᠪᠴᠠᠩ ᠢ ᠠᠰᠢᠬᠯᠠᠨ ᠲᠡᠭᠡᠳᠦ ᠰᠤᠷᠭᠠᠭᠤᠯᠢ ᠶᠢᠨ | ᠴᠡᠴᠡᠷᠯᠢᠭ ᠤᠨ ᠨᠠᠷᠢᠯᠢᠬ ᠬᠠᠮᠢᠶᠠᠷᠤᠯᠳᠠ ᠶᠢ ᠲᠡᠭᠡᠭᠰᠢᠯᠡᠬᠦᠯᠬᠦ︾[J]. ᠬᠢᠴᠢᠶᠡᠯ ᠬᠦᠮᠦᠵᠢᠯ ᠤᠨ ᠰᠤᠳᠤᠯᠭᠠᠨ᠂ | 2015᠂ 24᠄ 235-236 | 4. ᠨᠢᠤ ᠶᠤᠸᠠᠨ ᠶᠤᠸᠠᠨ᠂ ︽ᠰᠦᠯᠵᠢᠶᠡᠨ ᠲᠠᠪᠴᠠᠩ ᠢ ᠪᠠᠶᠢᠭᠤᠯᠤᠨ ᠴᠡᠴᠡᠷᠯᠢᠭ ᠪᠤᠯᠤᠨ ᠬᠡᠷ ᠪᠦᠯᠢ ᠶᠢᠨ | ᠬᠠᠮᠳᠤᠷᠠᠯᠴᠠᠭ᠎ᠠ ᠶᠢ ᠠᠬᠢᠭᠤᠯᠤᠶ᠎ᠠ︾[J]. ᠲᠤᠮᠳᠠᠳᠦ ᠤᠯᠤᠰ ᠤᠨ ᠤᠳᠤᠬᠢᠴᠢᠯᠠᠭᠰᠠᠨ ᠰᠤᠷᠭᠠᠨ ᠬᠦᠮᠦᠵᠢᠯ ᠤᠨ | ᠲᠦᠬᠦᠭᠡᠷᠦᠮᠵᠢ᠂ 2012. 08᠄ 42-45 | | | ᠠᠵᠢᠯᠯᠠᠵᠤ ᠪᠠᠶᠢᠭ᠎ᠠ ᠪᠠᠶᠢᠭᠤᠯᠭ᠎ᠠ᠄ ᠬᠦᠬᠡᠬᠤᠲᠠ ᠶᠢᠨ ᠮᠣᠩᠭᠤᠯ ᠦᠨᠳᠦᠰᠦᠲᠡᠨ ᠤ | ᠬᠡᠦᠬᠡᠳ ᠤᠨ ᠴᠡᠴᠡᠷᠯᠢᠭ | ︵ᠠᠯᠳᠠᠨᠰᠦ᠋ᠭᠡ ᠨᠠᠶᠢᠷᠠᠭᠤᠯᠪᠠ︶ | 2021 ᠣᠨ ᠤ 3 ᠳ᠋ᠤᠭᠠᠷ ᠬᠤᠭᠤᠴᠠᠭ᠎ᠠ | | |