ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 2020 ᠣᠨ ᠤ ︽ᠳᠤᠮᠳᠠᠳᠤ ᠤᠯᠤᠰ  ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠨᠡᠶᠢᠲᠡᠯᠢᠭ ᠳᠠᠭᠤᠷᠢᠶᠠᠯᠲᠤ ᠳᠡᠭᠡᠳᠦ ᠰᠤᠷᠭᠠᠭᠤᠯᠢ︾ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/9/27
     ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠰᠣᠨᠢᠨ ᠮᠡᠳᠡᠭᠡᠨ ᠤ ᠲᠥᠪ ᠠᠴᠠ ᠭᠤᠤᠯᠯᠠᠨ ᠡᠷᠭᠢᠯᠡᠭᠰᠡᠨ 2020 ᠣᠨ ᠤ ︽ᠳᠤᠮᠳᠠᠳᠤ ᠤᠯᠤᠰ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠨᠡᠶᠢᠲᠡᠯᠢᠭ ᠵᠢᠱᠢᠶ᠎ᠡ︾ ᠶᠢ ᠰᠢᠯᠭᠠᠷᠠᠭᠤᠯᠬᠤ ᠠᠵᠢᠯᠯᠠᠭ᠎ᠠ ᠥᠨᠳᠦᠷᠯᠡᠵᠦ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠵᠣᠬᠢᠶᠠᠨ ᠪᠠᠶᠢᠭᠤᠯᠬᠤ ᠺᠣᠮᠢᠰ ᠠᠴᠠ ᠬᠢᠨᠠᠨ ᠪᠠᠶᠢᠴᠠᠭᠠᠬᠤ ᠪᠠᠷ ᠳᠡᠮᠵᠢᠨ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 2020 ᠣᠨ ᠤ ︽ᠳᠤᠮᠳᠠᠳᠤ ᠤᠯᠤᠰ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠨᠡᠶᠢᠲᠡᠯᠢᠭ ᠳᠠᠭᠤᠷᠢᠶᠠᠯᠲᠤ ᠳᠡᠭᠡᠳᠦ ᠰᠤᠷᠭᠠᠭᠤᠯᠢ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃      ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠰᠣᠨᠢᠨ ᠮᠡᠳᠡᠭᠡᠨ ᠤ ᠲᠥᠪ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠲᠤ ᠬᠠᠷᠢᠶᠠᠯᠠᠭᠳᠠᠵᠤ᠂ ᠣᠳᠣ ᠮᠠᠨ ᠤ ᠤᠯᠤᠰ ᠤᠨ ᠬᠠᠮᠤᠭ ᠤᠨ ᠲᠣᠮᠣ ᠢᠨᠲ᠋ᠧᠷ ᠰᠦᠯᠵᠢᠶᠡᠨ ᠤ ᠰᠣᠨᠢᠨ ᠮᠡᠳᠡᠭᠡᠨ ᠤ ᠲᠠᠪᠴᠠᠩ ᠪᠠ ᠴᠣᠷᠢ ᠶᠢᠨ ᠭᠠᠭᠴᠠ ᠪᠥᠬᠦ ᠤᠯᠤᠰ ᠤᠨ ᠴᠢᠨᠠᠷᠲᠠᠶ ᠢᠨᠲ᠋ᠧᠷ ᠰᠦᠯᠵᠢᠶᠡᠨ ᠤ ᠰᠣᠨᠢᠨ ᠮᠡᠳᠡᠭᠡ ᠬᠠᠮᠲᠤᠷᠠᠨ ᠨᠡᠶᠢᠲᠡᠯᠡᠬᠦ ᠪᠠᠶᠢᠭᠤᠯᠤᠮᠵᠢ ᠪᠣᠯᠤᠨ᠎ᠠ᠃ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠰᠣᠨᠢᠨ ᠮᠡᠳᠡᠭᠡᠨ ᠤ ᠲᠥᠪ ᠠᠴᠠ ᠡᠷᠬᠢᠯᠡᠭᠰᠡᠨ 2020 ᠣᠨ ᠤ ᠳᠤᠮᠳᠠᠳᠤ ᠤᠯᠤᠰ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ︽ᠨᠡᠶᠢᠲᠡᠯᠢᠭ ᠳᠠᠭᠤᠷᠢᠶᠠᠯᠲᠤ ᠳᠡᠭᠡᠳᠦ ᠰᠤᠷᠭᠠᠭᠤᠯᠢ᠂ ᠠᠵᠤ ᠠᠬᠤᠶᠢᠯᠠᠯ᠂ ᠰᠠᠭᠤᠷᠢᠨ ᠭᠠᠵᠠᠷ᠂ ᠵᠢᠯᠣᠭᠤᠳᠣᠭᠴᠢ ᠪᠠᠭᠰᠢ᠂ ᠨᠠᠷᠠᠲᠤ ᠬᠥᠮᠦᠨ᠂ ᠵᠣᠬᠢᠶᠠᠨ ᠪᠠᠶᠢᠭᠤᠯᠤᠯᠲᠠ ᠶᠢᠨ ᠬᠤᠪᠢ ᠨᠡᠮᠡᠷᠢ︾ ᠶᠢ ᠰᠢᠯᠭᠠᠷᠠᠭᠤᠯᠬᠤ ᠠᠵᠢᠯᠯᠠᠭ᠎ᠠ ᠨᠢ ᠪᠥᠬᠦ ᠤᠯᠤᠰ ᠤᠨ ᠡᠯ᠎ᠡ ᠮᠤᠵᠢ ᠬᠤᠲᠠ ᠲᠣᠭᠤᠷᠢᠭ ᠲᠤ ᠬᠠᠨᠳᠤᠭᠤᠯᠤᠨ ᠨᠡᠶᠢᠲᠡᠯᠢᠭ ᠵᠢᠱᠢᠶ᠎ᠡ ᠶᠢ ᠡᠯᠰᠡᠬᠦ ᠠᠵᠢᠯᠯᠠᠭ᠎ᠠ ᠶᠢ ᠥᠷᠨᠢᠭᠦᠯᠪᠡ᠃ ᠲᠣᠰ ᠤᠳᠠᠭᠠᠨ ᠤ ᠰᠢᠯᠭᠠᠷᠠᠭᠤᠯᠤᠯᠲᠠ ᠨᠢ ᠠᠵᠢᠯ ᠲᠥᠷᠥᠯ ᠤᠨ ᠬᠥᠭᠵᠢᠯᠲᠡ ᠶᠢᠨ ᠶᠠᠪᠤᠴᠠ ᠳᠠᠬᠢ ᠣᠷᠦ᠋ᠢᠯᠠᠭᠴᠢ ᠶᠢ ᠨᠤᠲᠠᠯᠠᠵᠤ᠂ ᠨᠡᠶᠢᠲᠡᠯᠢᠭ ᠵᠢᠱᠢᠶ᠎ᠡ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠳᠡᠯᠭᠡᠷᠡᠭᠦᠯᠦᠨ ᠤᠬᠠᠭᠤᠯᠵᠤ᠂ ᠨᠡᠶᠢᠲᠡᠯᠢᠭ ᠵᠢᠱᠢᠶ᠎ᠡ ᠶᠢᠨ ᠤᠷᠮᠠᠰᠢᠭᠤᠯᠬᠤ᠂ ᠳᠠᠭᠤᠷᠢᠶᠠᠯ ᠦᠵᠡᠭᠦᠯᠬᠦ ᠪᠠ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠨᠡᠶᠢᠲᠡᠯᠢᠭ ᠵᠢᠱᠢᠶ᠎ᠡ ᠪᠠᠷ ᠰᠤᠷᠤᠭᠴᠢᠳ ᠤᠨ ᠦᠢᠯᠡᠰ ᠪᠣᠰᠬᠠᠬᠤ᠂ ᠠᠵᠢᠯ ᠤᠯᠬᠤ ᠶᠢ ᠵᠣᠷᠢᠭᠵᠢᠭᠤᠯᠬᠤ ᠵᠣᠷᠢᠯᠭ᠎ᠠ ᠳᠤ ᠪᠠᠨ ᠬᠥᠷᠪᠡ᠃      ᠣᠶᠢᠷ᠎ᠠ ᠶᠢᠨ ᠵᠢᠯ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠰᠤᠷᠤᠭᠴᠢᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠢ ᠴᠢᠳᠠᠪᠤᠷᠢᠲᠠᠨ ᠢ ᠬᠥᠮᠦᠵᠢᠭᠦᠯᠬᠦ ᠪᠥᠬᠦ ᠶᠠᠪᠤᠴᠠ ᠳᠤ ᠠᠭᠤᠰᠬᠠᠬᠤ ᠶᠢ ᠪᠠᠷᠢᠮᠲᠠᠯᠠᠵᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ 100 % ᠪᠠᠷ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠭᠥᠷᠳᠡᠬᠦ ᠶᠢ ᠪᠡᠶᠡᠯᠡᠭᠦᠯᠪᠡ︔ ᠵᠢᠭᠠᠨ ᠰᠤᠷᠭᠠᠯᠲᠠ ᠪᠠᠷ ᠬᠥᠲᠥᠯᠥᠨ ᠳᠠᠭᠠᠭᠤᠯᠬᠤ᠂ ᠦᠢᠯᠡᠳᠦᠯᠭᠡ ᠪᠠᠷ ᠪᠤᠶᠢᠵᠢᠭᠤᠯᠬᠤ᠂ ᠰᠠᠭᠤᠷᠢᠨ ᠭᠠᠵᠠᠷ ᠢᠶᠠᠷ ᠨᠡᠪᠴᠢᠭᠦᠯᠬᠦ ︽ᠭᠤᠷᠪᠠ ᠶᠢ ᠨᠢᠭᠡ ᠴᠣᠭᠴᠠᠵᠢᠭᠤᠯᠬᠤ︾ ᠠᠵᠢᠯ ᠤᠨ ᠳᠣᠭᠲᠠᠯᠴᠠᠭ᠎ᠠ ᠶᠢ ᠪᠠᠶᠢᠭᠤᠯᠵᠤ᠂ ᠲᠤᠰᠬᠠᠶ ᠮᠡᠷᠭᠡᠵᠢᠯ ᠢᠶᠠᠷ ᠬᠥᠳᠡᠯᠭᠡᠭᠦᠷ ᠪᠣᠯᠭᠠᠬᠤ᠂ ᠲᠥᠰᠦᠯ ᠢᠶᠠᠷ ᠬᠥᠳᠡᠯᠭᠡᠭᠦᠷ ᠪᠣᠯᠭᠠᠬᠤ᠂ ᠤᠷᠤᠯᠳᠤᠭᠠᠨ ᠢᠶᠠᠷ ᠬᠥᠳᠡᠯᠭᠡᠭᠦᠷ ᠪᠣᠯᠭᠠᠬᠤ ︽ᠭᠤᠷᠪᠠᠨ ᠬᠥᠳᠡᠯᠭᠡᠭᠦᠷ︾ ᠤᠨ ᠠᠵᠢᠯ ᠤᠨ ᠬᠡᠪ ᠵᠠᠭᠪᠤᠷ ᠢ ᠲᠡᠭᠦᠯᠳᠡᠷᠵᠢᠭᠦᠯᠵᠦ᠂ ᠰᠤᠷᠤᠭᠴᠢᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠪᠡ᠃ 2018 ᠣᠨ ᠳᠤ ᠰᠤᠷᠭᠠᠭᠤᠯᠢ ᠶᠢᠨ ︽ᠲᠠᠯ᠎ᠠ ᠨᠤᠲᠤᠭ ᠲᠤ ᠰᠤᠷᠤᠭᠴᠢᠳ ᠰᠢᠨ᠎ᠡ ᠶᠢ ᠡᠭᠦᠳᠬᠦ ᠣᠷᠣᠨ ᠵᠠᠢ︾ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠷᠤᠭᠴᠢᠳ ᠤᠨ ᠰᠢᠨ᠎ᠡ ᠶᠢ ᠡᠭᠦᠳᠦᠭᠰᠡᠨ ᠣᠷᠣᠨ ᠵᠠᠶ ᠪᠠᠷ ᠦᠨᠡᠯᠡᠭᠳᠡᠵᠦ᠂ 2019 ᠣᠨ ᠳᠤ ᠪᠥᠬᠦ ᠤᠯᠤᠰ ᠤᠨ ᠰᠢᠨ᠎ᠡ ᠶᠢ ᠡᠭᠦᠳᠦᠨ ᠦᠢᠯᠡᠰ ᠪᠣᠰᠬᠠᠭᠰᠠᠨ ᠨᠡᠶᠢᠲᠡᠯᠢᠭ ᠲᠤᠷᠰᠢᠯᠭᠠᠲᠤ ᠳᠡᠭᠡᠳᠦ ᠰᠤᠷᠭᠠᠭᠤᠯᠢ ᠶᠢᠨ 50 ᠬᠦᠴᠦᠷᠬᠡᠭ ᠰᠤᠷᠭᠠᠭᠤᠯᠢ ᠶᠢᠨ ᠡᠩᠨᠡᠭᠡᠨ ᠳᠤ ᠣᠷᠣᠭᠰᠠᠨ ᠢᠷᠠᠭᠤ ᠠᠯᠳᠠᠷ ᠢ ᠭᠥᠷᠳᠡᠵᠦ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠠᠭᠤᠷᠢᠶᠠᠯ ᠦᠵᠡᠭᠦᠯᠬᠦ ᠳᠡᠭᠡᠳᠦ ᠰᠤᠷᠭᠠᠭᠤᠯᠢ ᠪᠠᠷ ᠦᠨᠡᠯᠡᠭᠳᠡᠵᠦ᠂ ︽2017—2018 ᠤᠶᠤᠲᠠᠳ ᠤᠨ ᠠᠵᠢᠯ ᠣᠯᠵᠤ ᠦᠢᠯᠡᠰ ᠪᠣᠰᠬᠠᠬᠤ ᠣᠨ ᠤ ᠰᠢᠨ᠎ᠡ ᠬᠥᠮᠦᠰ︾ ᠭᠡᠬᠦ ᠯᠢᠦ ᡁᠢ ᠴᠢᠶᠠᠩ ᠢᠶᠠᠷ ᠲᠥᠯᠦᠭᠡᠯᠡᠭᠦᠯᠦᠭᠰᠡᠨ ᠨᠤᠲᠤᠭ ᠲᠤ ᠪᠠᠨ ᠪᠤᠴᠠᠵᠤ ᠦᠢᠯᠡᠰ ᠪᠣᠰᠬᠠᠨ ᠮᠠᠯᠴᠢᠳ ᠢ ᠳᠠᠶᠢᠴᠢᠯᠠᠨ ᠪᠠᠶᠠᠵᠢᠭᠤᠯᠤᠭᠰᠠᠨ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠴᠤ᠂ ᠰᠤᠷᠭᠠᠭᠤᠯᠢ ᠲᠡᠭᠦᠰᠦᠭᠰᠡᠳ ᠦᠢᠯᠡᠰ ᠪᠣᠰᠬᠠᠬᠤ ᠵᠠᠮ ᠢᠶᠠᠷ ᠵᠠᠮᠨᠠᠨ᠂ ᠵᠠᠯᠠᠭᠤ ᠨᠢᠭᠡ ᠦᠶ᠎ᠡ ᠶᠢᠨ ᠣᠷᠦ᠋ᠢᠯᠠᠭᠴᠢ ᠪᠣᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号