ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠵᠠᠭᠤᠨ ᠵᠢᠯ ᠤᠨ ᠣᠭ ᠰᠠᠨᠠᠭ᠎ᠠ ᠪᠠᠨ ᠦᠷᠭᠦᠯᠵᠢᠯᠡᠭᠦᠯᠵᠦ ᠬᠥᠮᠦᠨ ᠢ ᠬᠥᠮᠦᠵᠢᠭᠦᠯᠬᠦ ᠳᠠᠷᠬᠠᠨ ᠬᠠᠷᠢᠭᠤᠴᠠᠯᠭ᠎ᠠ ᠪᠠᠨ ᠡᠭᠦᠷᠭᠡᠯᠡᠬᠦ︾ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ ᠵᠢᠴᠢ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2022/1/12
     2021 ᠣᠨ ᠤ 12 ᠰᠠᠷ᠎ᠠ ᠶᠢᠨ 31᠎ ᠤ ᠡᠳᠦᠷ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠵᠠᠭᠤᠨ ᠵᠢᠯ ᠤᠨ ᠣᠭ ᠰᠠᠨᠠᠭ᠎ᠠ ᠪᠠᠨ ᠦᠷᠭᠦᠯᠵᠢᠯᠡᠭᠦᠯᠵᠦ ᠬᠥᠮᠦᠨ ᠢ ᠬᠥᠮᠦᠵᠢᠭᠦᠯᠬᠦ ᠳᠠᠷᠬᠠᠨ ᠬᠠᠷᠢᠭᠤᠴᠠᠯᠭ᠎ᠠ ᠪᠠᠨ ᠡᠭᠦᠷᠭᠡᠯᠡᠬᠦ︾ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ ᠵᠢᠴᠢ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠡᠷᠭᠢᠯᠡᠪᠡ᠃ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠶᠢᠨ 3 ᠲᠥᠯᠦᠭᠡᠯᠡᠭᠴᠢ ᠶᠢᠨ ᠠᠩᠭᠢ ᠤᠷᠤᠯᠳᠤᠭᠠᠨ ᠳᠤ ᠣᠷᠣᠯᠴᠠᠵᠤ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ ᠺᠠᠩ ᠹᠦ᠋᠂ ᠰᠢᠤᠢ ᠵᠢᠶᠦ᠋ᠨ ᠴᠢᠩ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠵᠧᠩ ᠵᠢᠶᠦ᠋ᠨ ᠡᠩ ᠤᠨ ᠨᠠᠮ ᠤᠨ ᠭᠡᠰᠢᠭᠦᠨ ᠤ ᠬᠤᠪᠢ ᠪᠠᠷ ᠤᠷᠤᠯᠳᠤᠭᠠᠨ ᠳᠤ    ᠣᠷᠣᠯᠴᠠᠪᠠ᠃      ᠲᠤᠰ ᠤᠳᠠᠭᠠᠨ ᠤ ᠤᠷᠤᠯᠳᠤᠭᠠᠨ ᠨᠢ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠵᠢᠴᠢ ᠨᠠᠮ ᠤᠨ ᠳᠦᠷᠢᠮ᠂ ᠨᠠᠮ ᠤᠨ ᠲᠣᠭᠲᠠᠭᠠᠯ᠂ ᠨᠠᠮ ᠤᠨ ᠰᠠᠬᠢᠯᠭ᠎ᠠ ᠪᠠᠲᠤ ᠪᠠᠷ ᠭᠤᠣᠯ ᠠᠭᠤᠯᠭ᠎ᠠ ᠪᠣᠯᠭᠠᠵᠤ᠂ ᠭᠠᠭᠴᠠ ᠰᠣᠩᠭᠤᠯᠲᠠᠲᠤ ᠰᠡᠳᠦᠪ᠂ ᠣᠯᠠᠨ ᠰᠣᠩᠭᠤᠯᠲᠠᠲᠤ ᠰᠡᠳᠦᠪ ᠭᠡᠬᠦ ᠬᠤᠶᠠᠷ ᠵᠦᠢᠯ ᠤᠨ ᠰᠡᠳᠦᠪ ᠤᠨ ᠬᠡᠯᠪᠡᠷᠢ ᠶᠢ ᠪᠠᠭᠲᠠᠭᠠᠵᠠᠶ᠃  ᠣᠷᠣᠯᠴᠠᠭᠰᠠᠳ ᠤᠷᠤᠯᠳᠤᠭᠠᠨ ᠠᠴᠠ ᠡᠮᠦᠨᠡᠬᠢ ᠭᠦᠢᠴᠡᠳ ᠪᠡᠯᠡᠳᠬᠡᠯ ᠢᠶᠠᠷ ᠳᠠᠮᠵᠢᠨ ᠤᠷᠤᠯᠳᠤᠭᠠᠨ ᠤ ᠲᠠᠯᠠᠪᠤᠷ ᠲᠤ ᠯᠠᠪᠳᠠᠭᠤᠨ ᠲᠣᠭᠲᠠᠭᠤᠨ ᠢᠶᠠᠷ ᠰᠡᠳᠦᠪ ᠬᠠᠷᠢᠭᠤᠯᠪᠠ᠃ ᠡᠯ᠎ᠡ ᠲᠥᠯᠦᠭᠡᠯᠡᠭᠴᠢ ᠶᠢᠨ ᠠᠩᠭᠢ ᠮᠥᠷᠥᠶᠢᠴᠡᠯᠳᠦᠵᠦ᠂ ᠬᠠᠷᠢᠯᠴᠠᠨ ᠨᠠᠶᠢᠷ ᠲᠠᠯᠪᠢᠬᠤ ᠦᠭᠡᠢ᠂ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠵᠠᠭᠠᠪᠠ᠃ ᠬᠤᠷᠴᠠ ᠰᠢᠷᠦᠭᠦᠨ ᠮᠥᠷᠦᠶᠢᠴᠡᠯᠳᠦᠭᠡᠨ ᠢᠶᠠᠷ ᠳᠠᠮᠵᠢᠭᠠᠳ᠂ 2 ᠳ᠋ᠤᠭᠠᠷ ᠲᠥᠯᠦᠭᠡᠯᠡᠭᠴᠢ ᠶᠢᠨ ᠠᠩᠭᠢ ᠨᠢᠭᠡᠳᠦᠭᠡᠷ ᠲᠤ ᠲᠣᠳᠤᠷᠠᠪᠠ᠃      ᠲᠣᠰ ᠤᠳᠠᠭᠠᠨ ᠤ ᠤᠷᠤᠯᠳᠤᠭᠠᠨ ᠨᠢ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠺᠠᠳ᠋ᠷ ᠠᠵᠢᠯᠲᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠪᠠ ᠠᠷᠭ᠎ᠠ ᠵᠠᠮ ᠤᠨ ᠰᠢᠨ᠎ᠡ ᠶᠢ ᠡᠭᠦᠳᠴᠦ᠂ ᠨᠠᠮ ᠤᠨ ᠭᠡᠰᠢᠭᠦᠨ ᠺᠠᠳ᠋ᠷ ᠤᠨ ᠨᠠᠮ ᠤᠨ ᠲᠡᠦᠬᠡ ᠶᠢ ᠰᠤᠷᠤᠯᠴᠠᠬᠤ ᠳᠤᠷ᠎ᠠ ᠰᠣᠨᠢᠷᠬᠠᠯ ᠢ ᠨᠡᠮᠡᠭᠳᠡᠭᠦᠯᠵᠦ᠂ ᠨᠠᠮ ᠤᠨ ᠭᠡᠰᠢᠭᠦᠨ ᠺᠠᠳ᠋ᠷ ᠤᠨ ᠤᠯᠤᠰ ᠲᠥᠷᠥ ᠶᠢᠨ ᠣᠨᠣᠯ ᠤᠨ ᠬᠢᠷᠢ ᠲᠦᠪᠰᠢᠨ ᠪᠠ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠬᠥᠮᠦᠰ ᠤᠨ ᠲᠠᠷᠢᠬᠢᠨ ᠳᠤ ᠬᠠᠳᠠᠩᠰᠢᠭᠤᠯᠬᠤ ᠶᠢ ᠠᠬᠢᠭᠤᠯᠪᠠ᠃      ᠬᠤᠶᠢᠰᠢᠳᠠ ᠶᠢᠨ ᠠᠵᠢᠯ ᠳᠤ ᠪᠠᠨ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠣᠪᠴᠢᠶ᠎ᠠ ᠥᠷᠭᠡᠨ ᠣᠯᠠᠨ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠦᠷᠭᠦᠯᠵᠢᠯᠡᠨ ᠰᠤᠷᠤᠯᠴᠠᠯᠭ᠎ᠠ ᠪᠠᠨ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠰᠣᠷᠣᠭᠰᠠᠨ ᠢᠶᠠᠨ ᠬᠡᠷᠡᠭᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠡᠯ᠎ᠡ  ᠵᠦᠢᠯ ᠤᠨ ᠠᠵᠢᠯ ᠤᠨ ᠡᠭᠦᠷᠭᠡ ᠪᠠᠨ ᠴᠢᠨᠠᠷᠯᠢᠭ ᠪᠡᠶᠡᠯᠡᠭᠦᠯᠬᠦ ᠪᠠᠷ ᠴᠢᠷᠮᠠᠶᠢᠨ᠎ᠠ᠃

       ︵ᠨᠠᠶᠢᠷᠠᠭᠤᠯᠤᠭᠴᠢ᠄ ᠰᠦ᠋ ᠰᠢ᠂ ᠵᠧᠩ ᠵᠢᠶᠠ ᠴᠢ  ᠬᠢᠨᠠᠭᠴᠢ᠄ ᠪᠦᠦ  ᠭᠧ ᠮᠢᠩ︶

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号