| | ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ | ᠵᠥᠪᠯᠡᠯ᠂ ᠨᠢᠭᠡ ᠪᠦᠯᠦᠭ ᠲᠡᠷᠢᠭᠦᠨ ᠤ ᠬᠠᠮᠲᠤ ᠨᠢᠭᠡᠴᠢ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ | ᠰᠠᠶᠢᠰᠢᠶᠠᠪᠠ᠃ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠣᠪᠴᠢᠶᠠᠨ ᠤ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︽ᠪᠥᠬᠦ ᠤᠯᠤᠰ ᠤᠨ ᠰᠤᠷᠭᠠᠨ ᠬᠥᠮᠦᠵᠢᠯ ᠤᠨ | ᠰᠢᠰᠲ᠋ᠧᠮ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠡᠷᠢᠭᠦᠨ ᠤ ᠬᠠᠮᠲᠤ︾ ᠶᠢᠨ ᠢᠷᠠᠭᠤ | ᠠᠯᠳᠠᠷ ᠢ ᠭᠥᠷᠳᠡᠵᠦ᠂ ᠵᠦ ᠾᠦᠢ ᠮᠢᠨ ᠨᠥᠬᠦᠷ ︽ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠲᠡᠷᠢᠭᠦᠨ ᠤ ᠬᠤᠪᠢ ᠬᠥᠮᠦᠨ︾ ᠤ ᠢᠷᠠᠭᠤ ᠠᠯᠳᠠᠷ ᠢ ᠭᠥᠷᠳᠡᠪᠡ᠃ | ᠣᠶᠢᠷ᠎ᠠ ᠶᠢᠨ ᠵᠢᠯ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠣᠪᠴᠢᠶᠠᠨ ᠤ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠶᠡᠷᠦᠩᠬᠡᠶ ᠱᠦᠵᠢ ᠰᠢ ᠶᠢᠨ ᠫᠢᠩ ᠤᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠵᠠᠰᠠᠭ ᠤᠨ ᠰᠠᠨᠠᠭᠠᠰᠢᠷᠠᠵᠤ ᠪᠠᠶᠢᠭ᠎ᠠ ᠶᠠᠪᠤᠳᠠᠯ ᠢ ᠰᠠᠨᠠᠭᠠᠰᠢᠷᠠᠵᠤ᠂ | ᠵᠠᠯᠠᠭᠤᠴᠤᠳ ᠪᠠᠭᠠᠴᠤᠳ ᠤᠨ ᠪᠣᠳᠣᠯᠬᠢᠯᠠᠵᠤ ᠪᠠᠶᠢᠭ᠎ᠠ ᠵᠦᠢᠯ ᠢ ᠪᠣᠳᠣᠯᠬᠢᠯᠠᠵᠤ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠵᠥᠪᠯᠡᠯ ᠤᠨ ᠴᠢᠳᠠᠮᠵᠢ ᠶᠢ ᠭᠦᠢᠴᠡᠳ ᠪᠠᠳᠠᠷᠠᠭᠤᠯᠬᠤ︾ ᠠᠵᠢᠯ ᠤᠨ ᠴᠢᠭᠯᠡᠯᠲᠡ ᠶᠣᠰᠤ ᠪᠠᠷ | ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠠᠬᠠᠮᠠᠳ ᠺᠠᠳ᠋ᠷ᠂ ᠠᠬᠠᠮᠠᠳ ᠪᠠᠶᠢᠯᠳᠤᠭᠴᠢ᠂ | ᠠᠬᠠᠮᠠᠳ ᠲᠤᠰᠬᠠᠶ ᠮᠡᠷᠭᠡᠵᠢᠯᠲᠡᠨ᠂ ᠠᠬᠠᠮᠠᠳ ᠪᠠᠭᠰᠢ᠂ ᠠᠬᠠᠮᠠᠳ ᠵᠢᠱᠢᠶᠡᠴᠢ ᠪᠠᠷ ᠭᠤᠤᠯ ᠴᠣᠭᠴᠠ ᠪᠣᠯᠭᠠᠭᠰᠠᠨ | ︽ᠲᠠᠪᠤᠨ ᠠᠬᠠᠮᠠᠳ︾ ᠤᠨ ᠳᠠᠪᠠᠭᠤᠯᠢᠭ ᠢ ᠪᠠᠳᠠᠷᠠᠭᠤᠯᠬᠤ ᠶᠢ ᠥᠷᠭᠡᠨ ᠢᠶᠠᠷ ᠳᠠᠶᠢᠴᠢᠯᠠᠵᠤ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠤ ᠢᠳᠡᠪᠬᠢᠲᠡᠶ ᠣᠷᠣᠯᠴᠠᠭᠤᠯᠪᠠ᠃ ᠬᠥᠮᠦᠨ ᠢ ᠬᠥᠮᠦᠵᠢᠭᠦᠯᠬᠦ ᠪᠠᠷ | ᠦᠨᠳᠦᠰᠦᠨ ᠡᠭᠦᠷᠭᠡ ᠪᠣᠯᠭᠠᠵᠤ᠂ ᠪᠢᠯᠢᠭ ᠤᠨ ᠤᠯᠠᠷᠢᠯ ᠤᠨ ᠶᠢᠰᠦᠳᠦᠭᠡᠷ ᠰᠠᠷ᠎ᠠ ᠶᠢᠨ ᠶᠢᠰᠦᠨ ᠤ ᠪᠠᠶᠠᠷ᠂ ᠨᠠᠢᠮᠠᠨ | ᠰᠠᠷ᠎ᠠ ᠶᠢᠨ ᠲᠡᠷᠭᠡᠯ ᠪᠠᠶᠠᠷ ᠵᠡᠷᠭᠡ ᠤᠯᠠᠮᠵᠢᠯᠠᠯᠲᠤ ᠪᠠᠶᠠᠷ ᠤᠨ ᠡᠳᠦᠷ ᠵᠢᠴᠢ ︽ᠵᠢᠷᠭᠤᠭᠠᠨ ᠰᠠᠷ᠎ᠠ ᠶᠢᠨ ᠨᠢᠭᠡᠨ︾ ᠤ | ᠬᠡᠦᠬᠡᠳ ᠤᠨ ᠪᠠᠶᠠᠷ᠂ ᠠᠷᠪᠠᠨ ᠰᠠᠷ᠎ᠠ ᠶᠢᠨ ᠨᠢᠭᠡᠨ ᠤ ᠤᠯᠤᠰ ᠤᠨ ᠪᠠᠶᠠᠷ ᠵᠡᠷᠭᠡ ᠴᠢᠬᠤᠯᠠ ᠴᠠᠭ ᠵᠠᠩᠭᠢᠯᠠᠭ᠎ᠠ ᠶᠢᠨ | ᠭᠤᠭᠴᠤᠭ᠎ᠠ ᠶᠢ ᠭᠦᠢᠴᠡᠳ ᠠᠰᠢᠭᠯᠠᠵᠤ᠂ ᠤᠯᠡᠠ ᠠᠷᠭ᠎ᠠ ᠵᠡᠮ᠂ ᠣᠯᠠᠨ ᠬᠠᠷᠠᠭᠠᠰᠤ ᠠᠴᠠ ︽ᠡᠬᠡ ᠤᠯᠤᠰ ᠢᠶᠠᠨ | ᠬᠠᠶᠢᠷᠠᠯᠠᠵᠤ ᠶᠡᠭᠡ ᠡᠭᠦᠷᠭᠡ ᠶᠢ ᠡᠭᠦᠷᠭᠡᠯᠡᠵᠦ ᠰᠢᠨ᠎ᠡ ᠬᠥᠮᠦᠨ ᠪᠣᠯᠬᠤ︾᠂ ︽ᠬᠥᠮᠦᠨ ᠤ ᠠᠮᠢᠳᠤᠷᠠᠯ ᠤᠨ ᠠᠩᠬᠠᠨ ᠤ | ᠠᠯᠬᠤᠮ ᠢ ᠰᠠᠶᠢᠲᠤᠷ ᠠᠯᠬᠤᠬᠤ︾᠂ ︽ᠪᠢᠳᠡᠨ ᠤ ᠪᠠᠶᠠᠷ ᠤᠨ ᠡᠳᠦᠷ︾᠂ ︽ᠬᠡᠷ ᠪᠦᠯᠢ ᠰᠤᠷᠭᠠᠭᠤᠯᠢ ᠬᠠᠮᠵᠢᠯᠴᠠᠨ | ᠬᠥᠮᠦᠨ ᠢ ᠬᠥᠮᠦᠵᠢᠭᠦᠯᠬᠦ︾᠂ ︽ᠭᠠᠷ ᠭᠠᠷ ᠢᠶᠠᠨ ᠬᠤᠯᠪᠤᠬᠤ︾ ᠵᠡᠷᠭᠡ ᠨᠡᠶᠢᠭᠡᠮ ᠵᠢᠷᠤᠮ ᠤᠨ ᠭᠤᠤᠯᠯᠠᠭᠴᠢ | ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠭᠤᠤᠯ ᠰᠡᠳᠦᠪᠲᠦ ᠬᠥᠮᠦᠵᠢᠯ ᠤᠨ ᠬᠡᠷ ᠪᠦᠯᠢ ᠶᠢᠨ ᠠᠵᠢᠯᠯᠠᠭ᠎ᠠ ᠶᠢ | ᠥᠷᠨᠢᠭᠦᠯᠵᠦ᠂ ᠰᠤᠷᠭᠠᠭᠤᠯᠢ ᠶᠢᠨ ᠰᠤᠷᠭᠠᠨ ᠬᠥᠮᠦᠵᠢᠯ᠂ ᠭᠡᠷ ᠤᠨ ᠬᠥᠮᠦᠵᠢᠯ᠂ ᠨᠡᠶᠢᠭᠡᠮ ᠤᠨ ᠬᠥᠮᠦᠵᠢᠯ ᠤᠨ ᠰᠠᠶᠢᠨ | ᠰᠠᠶᠢᠬᠠᠨ ᠦᠢᠯᠡᠳᠦᠯᠴᠡᠯ ᠪᠠ ᠪᠦᠲᠦᠮᠵᠢᠲᠡᠶ ᠤᠶᠠᠯᠳᠤᠯ ᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠴᠢᠬᠢᠨ ᠳᠤ ᠬᠠᠳᠠᠩᠰᠢᠭᠤᠯᠵᠤ᠂ ᠰᠡᠳᠬᠢᠯ ᠳᠤ ᠬᠤᠨᠣᠭᠰᠢᠭᠤᠯᠵᠤ᠂ ᠲᠠᠷᠢᠬᠢᠨ ᠳᠤ | ᠰᠢᠩᠭᠡᠭᠡᠪᠡ᠃ | ︵ᠨᠠᠶᠢᠷᠠᠭᠤᠯᠤᠭᠴᠢ᠄ ᠰᠦ᠋ ᠰᠢ᠂ ᠵᠧᠩ ᠵᠢᠶᠠ ᠴᠢ ᠬᠢᠨᠠᠭᠴᠢ᠄ ᠪᠦᠦ ᠭᠧ ᠮᠢᠩ︶ | | |