ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠬᠤᠯᠪᠤᠭᠠᠯᠠᠨ ᠱᠠᠯᠠᠪᠳᠠᠨ ᠪᠠᠶᠢᠴᠠᠭᠠᠵᠤ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2022/1/12
     ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠦᠨᠡᠨ ᠬᠦ ᠠᠬᠢᠭᠤᠯᠬᠤ ᠶᠢᠨ ᠲᠥᠯᠥᠭᠡ᠂ 1 ᠰᠠᠷ᠎ᠠ ᠶᠢᠨ 3᠎ ᠤ ᠡᠳᠦᠷ᠂ ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠯᠪᠤᠭᠠᠲᠤ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠡᠮᠦᠨᠡᠬᠢ ᠬᠤᠭᠤᠴᠠᠭᠠᠨ ᠤ ᠪᠠᠶᠢᠴᠠᠭᠠᠨ ᠵᠢᠭᠰᠠᠭᠠᠭᠰᠠᠨ ᠰᠦᠪᠡᠭᠴᠢ ᠪᠠ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠦᠨᠳᠦᠰᠦᠯᠡᠨ᠂ ᠡᠵᠡᠩᠨᠡᠯᠲᠡ ᠶᠢᠨ ᠦᠨᠡᠮᠯᠡᠯ ᠡᠵᠡᠩᠨᠡᠯᠲᠡ ᠶᠢ ᠵᠦᠪᠰᠢᠶᠡᠷᠡᠭᠰᠡᠨ ᠦᠨᠡᠮᠯᠡᠯ ᠥᠬᠡᠶ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠬᠤᠪᠢ ᠬᠥᠮᠦᠨ ᠤ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠱᠠᠯᠠᠪᠳᠠᠨ ᠪᠠᠶᠢᠴᠠᠭᠠᠪᠠ᠃      ᠬᠤᠯᠪᠤᠭᠠᠲᠤ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠤᠸᠠᠨ ᠢᠦᠶ ᠪᠣᠳᠠᠰ ᠤᠨ ᠬᠦᠢᠯᠭᠡᠭᠡᠨ ᠤ ᠬᠦᠷᠢᠶᠡᠯᠡᠩ᠂ ᠬᠢᠯᠢ ᠶᠢᠨ ᠪᠠᠶᠢᠴᠠᠭᠠᠯᠲᠠ ᠶᠢᠨ ᠲᠣᠭᠤᠷᠢᠭ᠂ ᠮᠢᠩ ᠳ᠋ᠡ ᠪᠠᠷᠠᠭᠤᠨ ᠲᠣᠭᠤᠷᠢᠭ ᠵᠡᠷᠭᠡ ᠭᠠᠵᠠᠷ ᠲᠤ ᠭᠦᠨᠵᠡᠭᠡᠶᠢᠷᠡᠵᠦ᠂ ᠰᠤᠷᠭᠠᠭᠤᠯᠢ ᠡᠷᠬᠢᠯᠡᠵᠦ ᠪᠠᠶᠢᠭ᠎ᠠ ᠭᠠᠵᠠᠷ ᠨᠢ ᠱᠠᠭᠠᠷᠳᠠᠯᠭ᠎ᠠ ᠳᠤ ᠨᠡᠶᠢᠴᠡᠬᠦ ᠥᠬᠡᠶ᠂ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠥᠬᠡᠶ᠂ ᠡᠵᠡᠩᠨᠡᠯᠲᠡ ᠶᠢᠨ ᠦᠨᠡᠮᠯᠡᠯ ᠡᠵᠡᠩᠨᠡᠯᠲᠡ ᠶᠢ ᠵᠦᠪᠰᠢᠶᠡᠷᠡᠭᠰᠡᠨ ᠦᠨᠡᠮᠯᠡᠯ ᠥᠬᠡᠶ ᠪᠠᠷ ᠡᠵᠡᠩᠨᠡᠵᠦ ᠪᠠᠶᠢᠭ᠎ᠠ ᠵᠡᠷᠭᠡ ᠤᠯᠤᠰ ᠤᠨ ᠬᠤᠯᠪᠤᠭᠳᠠᠬᠤ ᠲᠣᠭᠲᠠᠭᠠᠯ ᠢ ᠵᠥᠷᠢᠴᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠬᠤᠪᠢ ᠬᠥᠮᠦᠨ ᠤ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠪᠠᠶᠢᠴᠠᠭᠠᠭᠰᠠᠨ ᠤ ᠬᠠᠮᠲᠤ ᠵᠠᠷᠯᠢᠭᠳᠠᠵᠤ ᠡᠵᠡᠩᠨᠡᠬᠦ ᠶᠢ ᠵᠣᠭᠰᠤᠭᠠᠪᠠ᠃

     ᠡᠲᠡᠭᠡᠷ ︽ᠬᠡᠯᠪᠡᠷᠢ ᠪᠠᠨ ᠥᠭᠡᠷᠡᠲᠦᠭᠦᠯᠵᠦ︾ ᠰᠤᠷᠭᠠᠭᠤᠯᠢ ᠡᠷᠬᠢᠯᠡᠵᠦ ᠪᠠᠶᠢᠭ᠎ᠠ ᠪᠠᠶᠢᠭᠤᠯᠤᠮᠵᠢ ᠨᠢ

ᠰᠤᠷᠭᠠᠭᠤᠯᠢ ᠡᠷᠭᠢᠯᠡᠬᠦ ᠬᠢᠷᠢ ᠬᠡᠮ ᠥᠬᠡᠶ ᠠᠴᠠ ᠭᠠᠳᠠᠨ᠎ᠠ ᠰᠤᠷᠭᠠᠭᠤᠯᠢ ᠡᠷᠬᠢᠯᠡᠵᠦ ᠪᠠᠶᠢᠭ᠎ᠠ ᠭᠠᠵᠠᠷ ᠨᠢ ᠲᠣᠭᠲᠠᠮᠠᠯ

ᠪᠤᠰᠤ᠂ ᠨᠥᠬᠦᠴᠡᠯ ᠳᠦᠭᠦᠮ ᠪᠦᠲᠦᠭᠦᠯᠢᠭ᠂ ᠣᠯᠠᠩᠬᠢ ᠭᠠᠵᠠᠷ ᠲᠤ ᠪᠠᠰᠠ ᠣᠮᠲᠣᠭᠠᠶᠢᠯᠠᠵᠤ ᠪᠣᠯᠤᠰᠢ ᠥᠬᠡᠶ ᠭᠠᠯ ᠢ

ᠰᠡᠷᠭᠡᠶᠢᠯᠡᠬᠦ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠠᠴᠠ ᠰᠤᠷᠤᠭᠴᠢᠳ ᠤᠨ ᠪᠡᠶ᠎ᠡ ᠶᠢᠨ ᠠᠮᠤᠷ

ᠲᠦᠪᠰᠢᠨ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠵᠤ ᠮᠡᠳᠡᠨ᠎ᠡ᠃ ᠬᠤᠯᠪᠤᠭᠠᠯᠠᠨ ᠪᠠᠶᠢᠴᠠᠭᠠᠵᠤ

ᠴᠡᠭᠴᠡᠯᠡᠨ ᠵᠠᠰᠠᠬᠤ ᠶᠢ ᠥᠷᠨᠢᠭᠦᠯᠬᠦ ᠨᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ

ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠳᠦᠷᠢᠮᠵᠢᠭᠦᠯᠬᠦ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠬᠤ ᠳᠤ ᠠᠰᠢᠭᠲᠠᠶ ᠮᠥᠷᠲᠡᠭᠡᠨ ᠨᠠᠩ ᠴᠤ ᠰᠣᠷᠣᠭᠴᠢ ᠵᠢᠴᠢ ᠬᠡᠷ ᠤᠨ ᠠᠬᠠᠮᠠᠳ ᠤᠨ ᠬᠠᠤᠯᠢ

ᠶᠣᠰᠣᠨ ᠤ ᠡᠷᠬᠡ ᠠᠰᠢᠭ ᠢ ᠬᠠᠤᠯᠢ ᠶᠣᠰᠤ ᠪᠠᠷ ᠬᠠᠮᠠᠭᠠᠯᠠᠬᠤ᠂ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ

ᠪᠥᠭᠡᠳ ᠡᠮᠬᠢ ᠵᠢᠷᠤᠮᠲᠠᠢ ᠬᠥᠭᠵᠢᠬᠦ ᠶᠢ ᠠᠬᠢᠭᠤᠯᠬᠤ ᠳᠤ ᠠᠰᠢᠭᠲᠠᠶ ᠶᠤᠮ᠃

     ᠬᠤᠶᠢᠰᠢᠳᠠ᠂ ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠤᠨ

ᠲᠣᠪᠴᠢᠶ᠎ᠠ ᠪᠠᠰᠠ ᠬᠤᠯᠪᠤᠭᠳᠠᠬᠤ ᠰᠠᠯᠠᠭ᠎ᠠ ᠮᠥᠴᠢᠷ ᠲᠠᠢ ᠬᠤᠯᠪᠤᠭᠠᠯᠠᠨ ᠲᠤᠰᠬᠠᠶ ᠪᠠᠶᠢᠴᠠᠭᠠᠯᠲᠠ ᠶᠢ ᠦᠷᠭᠦᠯᠵᠢᠯᠡᠨ

ᠥᠷᠨᠢᠭᠦᠯᠵᠦ᠂ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ

ᠪᠠᠶᠢᠭᠤᠯᠤᠮᠵᠢ ᠶᠢᠨ ᠵᠠᠮ ᠳᠤ ᠪᠠᠨ ᠣᠷᠣᠬᠤ ᠶᠢ ᠴᠢᠩᠭ᠎ᠠ ᠠᠳᠬᠤᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ

ᠡᠳᠦᠷ ᠲᠤᠲᠤᠮ ᠤᠨ ᠪᠠᠶᠢᠴᠠᠭᠠᠯᠲᠠ ᠵᠠᠰᠠᠯᠲᠠ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂

ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠤᠯᠢ ᠶᠢ

ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠤ ᠪᠠᠷ ᠪᠠᠶᠢᠴᠠᠭᠠᠨ ᠰᠢᠢᠳᠪᠦᠷᠢᠯᠡᠵᠦ᠂ ︽ᠬᠤᠶᠠᠷ ᠢ

ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠦᠨᠡᠨ

ᠬᠦ ᠪᠠᠲᠤᠯᠠᠨ᠎ᠠ᠃

         ︵ᠨᠠᠶᠢᠷᠠᠭᠤᠯᠤᠭᠴᠢ᠄ ᠰᠦ᠋ ᠰᠢ᠂ ᠵᠧᠩ ᠵᠢᠶᠠ ᠴᠢ  ᠬᠢᠨᠠᠭᠴᠢ᠄ ᠪᠦᠦ ᠭᠧ ᠮᠢᠩ︶

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号