| | ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠤᠯᠤᠰ ᠤᠨ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠬᠠᠮᠲᠤᠷᠠᠨ | ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ | ᠢᠨᠵᠧᠨᠧᠷᠢᠩ ᠪᠠ ᠲᠥᠭᠡᠮᠡᠯᠵᠢᠭᠦᠯᠦᠯᠲᠡ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠲᠥᠯᠥᠪᠯᠡᠭᠡ ᠶᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ | ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ᠰᠤᠷᠭᠠᠨ ᠬᠥᠮᠦᠵᠢᠯ ᠤᠨ ᠶᠠᠮᠤᠨ ᠤ ᠦᠭᠡ ᠬᠡᠯᠡ ᠦᠰᠦᠭ | ᠪᠢᠴᠢᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ ︽ᠬᠡᠷᠡᠭᠵᠢᠭᠦᠯᠬᠦ ᠲᠥᠰᠦᠯ︾ ᠤᠨ | ᠬᠤᠯᠪᠤᠭᠳᠠᠬᠤ ᠠᠭᠤᠯᠭ᠎ᠠ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠬᠠᠮᠲᠤ ᠳᠤ ᠪᠠᠨ | ᠦᠵᠡᠵᠡᠭᠡᠶ᠎ᠡ︕ | | 1 . ︽ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠭᠰᠠᠨ ᠠᠬᠤᠶ ᠪᠠᠶᠢᠳᠠᠯ ᠪᠣᠯᠤᠨ ᠶᠠᠪᠤᠴᠠ ᠶᠢ | ᠲᠠᠨᠢᠯᠴᠠᠭᠤᠯᠤᠭᠠᠳ ᠥᠭᠭᠦᠨ᠎ᠡ ᠦᠦ︖ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠣᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠷᠭ᠎ᠠ | ᠵᠠᠮ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ ᠰᠠᠭᠤᠷᠢ ᠲᠤᠯᠭᠠᠭᠤᠷᠢᠯᠠᠯ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠦᠴᠦᠲᠡᠢ ᠠᠷᠭ᠎ᠠ ᠬᠡᠮᠵᠢᠶ᠎ᠡ᠂ | ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠦᠷ ᠴᠤ ᠴᠢᠬᠤᠯᠠ ᠦᠢᠯᠡᠳᠦᠯ ᠲᠠᠢ ᠶᠤᠮ᠃ ᠶᠡᠷᠦᠩᠬᠡᠢ ᠱᠦᠵᠢ | ᠰᠢ ᠶᠢᠨ ᠫᠢᠩ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ | ᠠᠵᠢᠯ ᠤᠨ ᠡᠷᠴᠢᠮ ᠢ ᠴᠢᠩᠭᠠᠷᠠᠭᠤᠯᠬᠤ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠪᠦᠬᠦ ᠤᠯᠤᠰ ᠤᠨ | ᠦᠭᠡ ᠬᠡᠯᠡ ᠦᠰᠦᠭ ᠪᠢᠴᠢᠭ ᠤᠨ ᠬᠤᠷᠠᠯ ᠪᠣᠯᠤᠨ ︽ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ | ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠠᠨᠠᠯ︾ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠪᠠᠷ | ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠢ ᠰᠢᠨ᠎ᠡ ᠱᠠᠭᠠᠷᠳᠠᠯᠭ᠎ᠠ ᠶᠢ ᠳᠤᠷᠠᠳᠴᠤ᠂ ᠰᠢᠨ᠎ᠡ ᠪᠠᠶᠢᠷᠢᠯᠠᠭᠤᠯᠤᠯᠲᠠ | ᠬᠢᠵᠡᠢ᠃ | ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠪᠣᠭᠤᠮᠲᠠ ᠰᠢᠪᠲᠤᠯᠬᠤ ᠢᠨᠵᠧᠨᠧᠷᠢᠩ ᠪᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ | ᠲᠡᠦᠬᠡᠲᠦ ᠠᠬᠢᠴᠠᠲᠠᠢ ᠪᠤᠯᠵᠤ᠂ ᠪᠦᠬᠦ ᠤᠯᠤᠰ ᠤᠨ ᠨᠡᠶᠢᠲᠡᠯᠢᠭ ᠬᠡᠯᠡ ᠶᠢ ᠲᠥᠭᠡᠮᠡᠯᠵᠢᠭᠦᠯᠦᠭᠰᠡᠨ ᠨᠤᠷᠮ᠎ᠠ 80 . 72 | % ᠲᠤ ᠬᠦᠷᠴᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠦᠨᠳᠦᠰᠦᠨ ᠳᠤ ᠪᠠᠨ | ᠲᠦᠭᠡᠮᠡᠯᠵᠢᠭᠦᠯᠬᠦ ᠬᠠᠷᠠᠯᠲᠠ ᠶᠢ ᠪᠡᠶᠡᠯᠡᠭᠦᠯᠪᠡ᠃ ᠭᠡᠪᠡᠴᠦ ᠮᠥᠨ ᠯᠡ ᠲᠦᠭᠡᠮᠡᠯᠵᠢᠭᠦᠯᠦᠯᠲᠡ ᠲᠡᠩᠴᠡᠭᠦᠷᠢ ᠦᠭᠡᠢ᠂ | ᠭᠦᠢᠴᠡᠳ ᠦᠭᠡᠢ ᠪᠠᠶᠢᠬᠤ ᠲᠤᠪᠤᠶᠢᠮ᠎ᠠ ᠠᠰᠠᠭᠤᠳᠠᠯ ᠣᠷᠣᠰᠢᠵᠤ᠂ 16 ᠮᠤᠵᠢ ᠣᠷᠣᠨ ᠤ ᠨᠡᠶᠢᠲᠡᠯᠢᠭ ᠬᠡᠯᠡᠨ ᠤ | ᠲᠦᠭᠡᠮᠡᠯᠵᠢᠭᠦᠯᠦᠯᠲᠡ ᠶᠢᠨ ᠨᠤᠷᠮ᠎ᠠ 85 % ᠶᠢ ᠳᠠᠪᠠᠵᠤ᠂ 9 ᠮᠤᠵᠢ ᠣᠷᠣᠨ 80 % ︵ᠬᠠᠮᠤᠭ ᠤᠨ | ᠳᠣᠣᠷ᠎ᠠ ᠨᠢ 50 % ᠳᠤ ᠬᠦᠷᠬᠦ ᠦᠭᠡᠢ︶ ᠠᠴᠠ ᠳᠣᠣᠷ᠎ᠠ ᠪᠠᠶᠢᠨ᠎ᠠ᠃ ᠦᠨᠳᠦᠰᠦᠲᠡᠨ ᠤ ᠭᠠᠵᠠᠷ ᠣᠷᠣᠨ᠂ | ᠬᠥᠳᠡᠭᠡ ᠲᠣᠰᠬᠤᠨ ᠤ ᠰᠠᠭᠤᠷᠢ ᠨᠢᠮᠭᠡᠨ᠂ ᠡᠭᠦᠨ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ᠂ ᠪᠠᠭᠰᠢ᠂ | ᠵᠠᠯᠠᠭᠤ ᠢᠳᠡᠷ ᠬᠥᠳᠡᠯᠮᠦᠷᠢ ᠬᠦᠴᠦᠨ᠂ ᠦᠨᠳᠦᠰᠦᠨ ᠱᠠᠲᠤᠨ ᠤ ᠺᠠᠳ᠋ᠷ ᠵᠡᠷᠭᠡ ᠬᠥᠮᠦᠰ ᠮᠥᠨ ᠯᠡ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠶᠢᠨ ᠭᠤᠣᠯᠳᠠᠯᠭᠠᠲᠠᠢ ᠬᠦᠴᠢᠷᠳᠡᠯ ᠪᠤᠯᠵᠤ | ᠪᠠᠶᠢᠨ᠎ᠠ᠃ ᠡᠭᠦᠨ ᠠᠴᠠ ᠭᠠᠳᠠᠨ᠎ᠠ᠂ ᠲᠥᠭᠡᠮᠡᠯᠵᠢᠭᠦᠯᠦᠭᠰᠡᠨ ᠨᠤᠷᠮ᠎ᠠ ᠪᠠᠷ ᠨᠡᠯᠢᠶᠡᠳ ᠥᠨᠳᠥᠷ ᠭᠠᠵᠠᠷ ᠣᠷᠣᠨ ᠳᠤ | ᠴᠤ ᠪᠠᠰᠠ ᠲᠥᠭᠡᠮᠡᠯᠵᠢᠭᠦᠯᠦᠭᠰᠡᠨ ᠴᠢᠨᠠᠷ ᠥᠨᠳᠥᠷ ᠪᠢᠰᠢ᠂ ᠬᠥᠭᠵᠢᠯᠲᠡ ᠭᠦᠢᠴᠡᠳ ᠪᠤᠰᠤ ᠠᠰᠠᠭᠤᠳᠠᠯ ᠣᠷᠣᠰᠢᠵᠤ | ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠢ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠲᠦᠭᠡᠮᠡᠯᠵᠢᠭᠦᠯᠬᠦ ᠬᠡᠮᠵᠢᠶ᠎ᠡ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ 2025 ᠣᠨ ᠪᠣᠯᠬᠤ ᠳᠤ ᠪᠦᠬᠦ | ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠨᠤᠷᠮ᠎ᠠ ᠶᠢ 85 % ᠳᠤ ᠬᠦᠷᠭᠡᠬᠦ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ᠂ ︽ᠤᠯᠤᠰ ᠤᠨ ᠦᠭᠡ ᠬᠡᠯᠡ ᠦᠰᠦᠭ ᠪᠢᠴᠢᠭ ᠤᠨ ᠦᠢᠯᠡᠰ ᠤᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ︾ ᠳᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠪᠠ | ᠲᠥᠭᠡᠮᠡᠯᠵᠢᠭᠦᠯᠦᠯᠲᠡ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠲᠥᠯᠥᠪᠯᠡᠭᠡ ᠶᠢ ᠳᠤᠷᠠᠳᠪᠠ᠃ ᠡᠨᠡ ᠵᠢᠯ ᠤᠨ ᠡᠬᠢ ᠪᠠᠷ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠦᠭᠡ | ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠠᠴᠠ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠣᠪᠴᠢᠶ᠎ᠠ ᠲᠠᠢ ᠬᠠᠮᠲᠤᠷᠠᠨ ᠥᠩᠭᠡᠷᠡᠭᠰᠡᠨ ᠤ ᠠᠵᠢᠯ ᠤᠨ ᠲᠤᠷᠰᠢᠯᠭ᠎ᠠ ᠪᠠᠨ ᠡᠮᠬᠢᠯᠡᠨ ᠳ᠋ᠦᠩᠨᠡᠭᠰᠡᠨ | ᠰᠠᠭᠤᠷᠢᠨ ᠳᠡᠭᠡᠷ᠎ᠡ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠤᠯᠠᠨ ᠤᠳᠠᠭ᠎ᠠ ᠲᠤᠰᠬᠠᠢ ᠰᠡᠳᠦᠪᠲᠦ | ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ᠬᠤᠯᠪᠤᠭᠳᠠᠬᠤ ᠮᠤᠵᠢ ᠣᠷᠣᠨ ᠣᠨᠴᠠᠭᠠᠶᠢᠯᠠᠨ ᠦᠨᠳᠦᠰᠦᠲᠡᠨ ᠤ | ᠭᠠᠵᠠᠷ ᠣᠷᠣᠨ ᠳᠤ ᠬᠦᠷᠴᠦ ᠭᠦᠨᠵᠡᠭᠡᠢ ᠪᠠᠶᠢᠴᠠᠭᠠᠨ ᠰᠣᠳᠤᠯᠵᠤ᠂ ᠡᠨᠡ ᠬᠦ ᠰᠠᠭᠤᠷᠢᠨ ᠳᠡᠭᠡᠷ᠎ᠡ ᠠᠩᠬᠠᠨ ᠤ | ᠨᠤᠤᠷᠠᠭ ᠢ ᠲᠤᠭᠤᠷᠪᠢᠪᠠ᠃ ᠳᠠᠷᠠᠭ᠎ᠠ ᠨᠢ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠴᠤ᠂ | ᠴᠤᠭᠯᠠᠭᠤᠯᠤᠭᠰᠠᠨ ᠰᠠᠨᠠᠯ ᠪᠠ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠤᠨ ᠰᠢᠩᠭᠡᠭᠡᠵᠦ᠂ ︽ᠬᠡᠷᠡᠭᠵᠢᠭᠦᠯᠬᠦ | ᠲᠥᠰᠦᠯ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ | | 2 . ︽ᠬᠡᠷᠡᠭᠵᠢᠭᠦᠯᠬᠦ ᠲᠥᠰᠦᠯ︾ ᠤᠨ ᠭᠤᠤᠯ ᠠᠭᠤᠯᠭ᠎ᠠ ᠳᠤ ᠶᠠᠭᠤ ᠶᠠᠭᠤ ᠪᠠᠭᠲᠠᠬᠤ ᠪᠣᠶ︖ | ︽ᠬᠡᠷᠡᠭᠵᠢᠭᠦᠯᠬᠦ ᠲᠥᠰᠦᠯ︾ ᠢ ᠶᠡᠷᠦᠩᠬᠡᠶ ᠱᠠᠭᠠᠷᠳᠠᠯᠭ᠎ᠠ᠂ ᠭᠤᠣᠯᠳᠠᠯᠭᠠᠲᠠᠢ ᠡᠭᠦᠷᠭᠡ᠂ ᠠᠵᠢᠯ ᠤᠨ | ᠪᠠᠲᠤᠯᠠᠭ᠎ᠠ ᠵᠡᠷᠭᠡ 3 ᠪᠦᠯᠦᠭ ᠬᠤᠪᠢᠶᠠᠨ᠎ᠠ᠃ | ᠨᠢᠭᠡᠳᠦᠭᠡᠷ ᠪᠦᠯᠦᠭ᠂ ᠶᠡᠷᠦᠩᠬᠡᠶ ᠱᠠᠭᠠᠷᠳᠠᠯᠭ᠎ᠠ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠢ ᠲᠣᠳᠣᠷᠬᠠᠶᠢᠯᠠᠵᠤ᠂ 2025 ᠣᠨ ᠳᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠥᠭᠡᠮᠡᠯᠵᠢᠭᠦᠯᠦᠯᠲᠡ ᠶᠢᠨ ᠬᠡᠮᠵᠢᠶ᠎ᠡ ᠪᠠ ᠴᠢᠨᠠᠷ | ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ ᠭᠡᠵᠦ ᠳᠤᠷᠠᠳᠪᠠ᠃ | ᠬᠤᠶᠠᠳᠤᠭᠠᠷ ᠪᠦᠯᠦᠭ᠂ ᠭᠤᠣᠯᠳᠠᠯᠭᠠᠲᠠᠢ ᠡᠭᠦᠷᠭᠡ ᠳᠤ᠂ ︽ᠭᠤᠷᠪᠠᠨ ᠶᠡᠭᠡ ᠠᠵᠢᠯᠯᠠᠭ᠎ᠠ︾ ᠪᠠᠷ | ᠳᠠᠮᠵᠢᠭᠤᠯᠤᠨ᠂ ᠬᠠᠷᠠᠯᠲᠠ ᠪᠠ ᠡᠭᠦᠷᠭᠡ᠂ ᠬᠡᠷᠡᠭᠵᠢᠭᠦᠯᠬᠦ ᠠᠷᠭ᠎ᠠ ᠵᠠᠮ ᠪᠠ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠥᠷᠥᠯ ᠬᠤᠪᠢᠶᠠᠨ ᠲᠣᠳᠣᠷᠬᠠᠶᠢᠯᠠᠪᠠ᠃ ᠨᠢᠭᠡ ᠳᠤ᠂ ᠦᠨᠳᠦᠰᠦᠲᠡᠨ ᠤ ᠭᠠᠵᠠᠷ ᠣᠷᠣᠨ ᠳᠤ | ᠠᠩᠬᠠᠷᠤᠯ ᠢᠶᠠᠨ ᠲᠥᠪᠯᠡᠷᠡᠭᠦᠯᠦᠨ ᠲᠦᠭᠡᠮᠡᠯᠵᠢᠭᠦᠯᠦᠯᠲᠡ ᠶᠢ ᠳᠥᠯᠭᠢᠨ ᠠᠬᠢᠭᠤᠯᠬᠤ᠂ ᠬᠦᠴᠢᠷᠳᠡᠯ ᠢ ᠰᠢᠢᠳᠪᠦᠷᠢᠯᠡᠬᠦ | ᠠᠵᠢᠯᠯᠠᠭ᠎ᠠ ᠶᠢ ᠬᠡᠷᠡᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ᠂ ᠪᠠᠭᠰᠢ᠂ ᠵᠠᠯᠠᠭᠤ ᠢᠳᠡᠷ | ᠬᠥᠳᠡᠯᠮᠦᠷᠢ ᠬᠦᠴᠦ᠂ ᠦᠨᠳᠦᠰᠦᠨ ᠱᠠᠲᠤᠨ ᠤ ᠺᠠᠳ᠋ᠷ ᠵᠡᠷᠭᠡ 4 ᠲᠥᠷᠥᠯ ᠤᠨ ᠭᠤᠣᠯᠳᠠᠯᠭᠠᠲᠠᠢ ᠬᠥᠮᠦᠰ ᠤᠨ | ᠬᠦᠷᠦᠯᠴᠡᠬᠦ ᠦᠭᠡᠢ ᠲᠠᠯ᠎ᠠ ᠪᠠ ᠪᠠᠭᠤᠷᠠᠶ ᠲᠠᠯ᠎ᠠ ᠶᠢᠨ ᠠᠰᠠᠭᠤᠳᠠᠯ ᠢ ᠭᠤᠣᠯᠳᠠᠯᠭᠠᠲᠠᠢ ᠰᠢᠢᠳᠪᠦᠷᠢᠯᠡᠨ᠎ᠡ︔ | ᠬᠤᠶᠠᠷ ᠲᠤ᠂ ᠬᠥᠳᠡᠭᠡ ᠲᠣᠰᠬᠤᠨ ᠳᠤ ᠲᠥᠭᠡᠮᠡᠯᠵᠢᠭᠦᠯᠦᠯᠲᠡ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠲᠥᠯᠥᠪᠯᠡᠭᠡ ᠶᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠳᠡᠭᠡ ᠲᠣᠰᠬᠤᠨ ᠤ ᠰᠤᠷᠭᠠᠨ ᠬᠥᠮᠦᠵᠢᠯ᠂ ᠰᠣᠶᠣᠯ᠂ ᠠᠵᠤ ᠦᠢᠯᠡᠰ᠂ ᠴᠢᠳᠠᠪᠤᠷᠢᠲᠠᠨ᠂ ᠵᠣᠬᠢᠶᠠᠨ | ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ 5 ᠲᠠᠯ᠎ᠠ ᠶᠢᠨ ᠡᠭᠦᠷᠭᠡ ᠪᠠ | ᠱᠠᠭᠠᠷᠳᠠᠯᠭ᠎ᠠ ᠶᠢ ᠳᠤᠷᠠᠳᠪᠠ︔ ᠭᠤᠷᠪᠠ ᠳᠤ᠂ ᠨᠡᠶᠢᠲᠡᠯᠢᠭ ᠬᠡᠯᠡᠨ ᠤ ᠲᠥᠭᠡᠮᠡᠯᠵᠢᠭᠦᠯᠦᠯᠲᠡ ᠶᠢᠨ ᠨᠣᠷᠮ᠎ᠠ ᠨᠢᠭᠡᠨᠲᠡ | 85 % ᠳᠤ ᠬᠦᠷᠦᠭᠰᠡᠨ ᠮᠤᠵᠢ ᠪᠠ ᠰᠠᠭᠤᠷᠢ ᠪᠠᠷ ᠨᠡᠯᠢᠶᠡᠳ ᠰᠠᠶᠢᠨ ᠬᠤᠲᠠ ᠪᠠ ᠭᠠᠵᠠᠷ ᠣᠷᠣᠨ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠴᠢᠨᠠᠷᠯᠢᠭ | ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠨᠠᠩ ᠪᠥᠬᠦ ᠲᠠᠯ᠎ᠠ ᠪᠠᠷ ᠨᠠᠩ ᠭᠦᠢᠴᠡᠳ ᠲᠦᠭᠡᠮᠡᠯᠵᠢᠭᠦᠯᠬᠦ ᠪᠠᠷ | ᠬᠠᠷᠠᠯᠲᠠ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ | ᠵᠢᠭᠠᠨ ᠰᠤᠷᠭᠠᠯᠲᠠ᠂ ᠨᠡᠶᠢᠭᠡᠮ ᠤᠨ ᠬᠦᠷᠢᠶᠡᠨ ᠳᠠᠬᠢ ᠦᠭᠡ ᠬᠡᠯᠡ ᠥᠰᠥᠭ ᠪᠢᠴᠢᠭ ᠤᠨ ᠬᠡᠷᠡᠭᠯᠡᠯᠲᠡ ᠶᠢᠨ | ᠳᠦᠷᠢᠮᠵᠢᠭᠦᠯᠦᠯᠲᠡ᠂ ᠦᠭᠡ ᠬᠡᠯᠡ ᠥᠰᠥᠭ ᠪᠢᠴᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ᠂ | ᠦᠭᠡ ᠬᠡᠯᠡ ᠥᠰᠥᠭ ᠪᠢᠴᠢᠭ ᠤᠨ ᠦᠢᠯᠡᠴᠢᠯᠡᠭᠡᠨ ᠤ ᠴᠢᠳᠠᠪᠤᠷᠢ ᠵᠡᠷᠭᠡ 4 ᠲᠠᠯ᠎ᠠ ᠶᠢ ᠳᠡᠭᠡᠭᠰᠢᠯᠡᠭᠦᠯᠬᠦ ᠡᠭᠦᠷᠭᠡ ᠶᠢ | ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠤᠨ᠎ᠠ᠃ | ᠭᠤᠷᠪᠠᠳᠤᠭᠠᠷ ᠪᠦᠯᠦᠭ᠂ ᠠᠵᠢᠯ ᠤᠨ ᠪᠠᠲᠤᠯᠠᠭ᠎ᠠ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠬᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ᠂ ᠬᠠᠤᠯᠢ ᠲᠦᠷᠢᠮ ᠤᠨ ᠪᠠᠶᠢᠭᠤᠯᠤᠯᠲᠠ ᠶᠢ | ᠠᠬᠢᠭᠤᠯᠬᠤ᠂ ᠦᠨᠡᠯᠡᠨ ᠵᠢᠱᠢᠵᠦ ᠬᠢᠨᠠᠨ ᠪᠠᠶᠢᠴᠠᠭᠠᠬᠤ ᠶᠢ ᠴᠢᠩᠭᠠᠳᠬᠠᠬᠤ ᠵᠡᠷᠭᠡ 4 ᠲᠠᠯ᠎ᠠ ᠠᠴᠠ ᠪᠠᠲᠤᠯᠠᠬᠤ | ᠱᠠᠭᠠᠷᠳᠠᠯᠭ᠎ᠠ ᠳᠤᠷᠠᠳᠪᠠ᠃ | | 3 . ︽ᠬᠡᠷᠡᠭᠵᠢᠭᠦᠯᠬᠦ ᠲᠥᠰᠦᠯ︾ ᠳᠤ ᠶᠠᠮᠠᠷ ᠶᠠᠮᠠᠷ ᠣᠨᠴᠠᠯᠢᠭ ᠲᠠᠢ ᠪᠣᠶ︖ | ︽ᠬᠡᠷᠡᠭᠵᠢᠭᠦᠯᠬᠦ ᠲᠥᠰᠦᠯ︾ ᠨᠢ ᠭᠤᠤᠯᠳᠠᠭᠤ ᠲᠠᠪᠤᠨ ᠣᠨᠴᠠᠯᠢᠭ ᠲᠠᠢ᠄ | ᠨᠢᠭᠡ ᠳᠤ᠂ ᠠᠵᠢᠯᠯᠠᠭᠠᠨ ᠤ ᠴᠢᠨᠠᠷ ᠢ ᠢᠯᠡᠷᠡᠭᠦᠯᠪᠡ᠃ ︽ᠬᠡᠷᠡᠭᠵᠢᠭᠦᠯᠬᠦ ᠲᠥᠰᠦᠯ︾ ᠤᠨ ᠪᠠᠶᠢᠷᠢ | ᠲᠣᠭᠲᠠᠭᠠᠯᠲᠠ ᠪᠣᠯ ᠪᠥᠬᠦ ᠤᠯᠤᠰ ᠤᠨ ᠦᠭᠡ ᠬᠡᠯᠡ ᠥᠰᠥᠭ ᠪᠢᠴᠢᠭ ᠤᠨ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ | ᠴᠠᠭ ᠦᠶ᠎ᠡ ᠶᠢᠨ ᠦᠭᠡ ᠬᠡᠯᠡ ᠥᠰᠥᠭ ᠪᠢᠴᠢᠭ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠰᠠᠨᠠᠯ︾ ᠢ | ᠨᠠᠶᠢᠳᠠᠪᠤᠷᠢᠵᠢᠭᠤᠯᠵᠤ᠂ ᠤᠯᠤᠰ ᠤᠨ ᠦᠭᠡ ᠬᠡᠯᠡ ᠥᠰᠥᠭ ᠪᠢᠴᠢᠭ ᠤᠨ ᠦᠢᠯᠡᠰ ᠤᠨ ᠬᠥᠭᠵᠢᠯᠲᠡ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠣᠳᠠᠲᠠᠶ ᠠᠵᠢᠯᠯᠠᠭ᠎ᠠ ᠪᠣᠯᠤᠨ᠎ᠠ᠂ | ᠡᠶᠢᠮᠦ ᠠᠴᠠ ᠪᠢᠴᠢᠭ ᠮᠠᠲ᠋ᠧᠷᠢᠶᠠᠯ ᠳᠤ ︽ᠭᠤᠷᠪᠠᠨ ᠶᠡᠭᠡ ᠠᠵᠢᠯᠯᠠᠭ᠎ᠠ︾ ᠶᠢ ᠳᠤᠷᠠᠳᠤᠭᠰᠠᠨ ᠨᠢ ᠡᠭᠦᠷᠭᠡ ᠮᠥᠷᠲᠡᠭᠡᠨ | ᠪᠠᠰᠠ ᠠᠷᠭ᠎ᠠ ᠵᠠᠮ ᠪᠣᠯᠤᠨ᠎ᠠ᠃ | ᠬᠤᠶᠠᠷ ᠲᠤ᠂ ᠵᠣᠯᠭᠠᠯᠴᠠᠬᠤ ᠴᠢᠨᠠᠷ ᠢ ᠢᠯᠡᠷᠡᠭᠦᠯᠪᠡ᠃ ᠨᠢᠭᠡᠨᠲᠡ ᠪᠠᠶᠢᠭ᠎ᠠ ᠠᠵᠢᠯ ᠤᠨ ᠰᠠᠭᠤᠷᠢ ᠲᠠᠢ | ᠵᠣᠯᠭᠠᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠲᠦᠭᠡᠮᠡᠯᠵᠢᠭᠦᠯᠬᠦ ᠪᠣᠭᠤᠮᠲᠠ ᠰᠢᠪᠲᠤᠯᠬᠤ | ᠢᠨᠵᠧᠨᠧᠷᠢᠩ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯᠯᠠᠭᠠᠨ ᠤ ᠲᠥᠯᠥᠪᠯᠡᠭᠡ ᠶᠢ | ᠦᠷᠭᠦᠯᠵᠢᠯᠡᠭᠦᠯᠬᠦ᠂ ᠨᠡᠶᠢᠲᠡᠯᠢᠭ ᠲᠤᠷᠰᠢᠯᠭ᠎ᠠ ᠪᠠ ᠪᠣᠳᠠᠲᠤ ᠦᠷ᠎ᠡ ᠪᠦᠲᠦᠮᠵᠢ ᠶᠢ ᠰᠢᠩᠭᠡᠭᠡᠨ ᠠᠪᠬᠤ ᠠᠷᠭ᠎ᠠ | ᠪᠠᠷᠢᠯ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠴᠢᠨᠠᠷᠯᠢᠭ ᠲᠦᠭᠡᠮᠡᠯᠵᠢᠭᠦᠯᠬᠦ ᠰᠢᠨ᠎ᠡ | ᠲᠠᠨᠢᠯᠲᠠ ᠶᠢᠨ ᠲᠤᠰᠬᠠᠯ᠂ ᠲᠠᠰ ᠳᠡᠪᠰᠢᠭᠰᠡᠨ ᠬᠡᠪ ᠪᠣᠯᠪᠠ᠃ | ᠭᠤᠷᠪᠠ ᠳᠤ᠂ ᠰᠢᠰᠲ᠋ᠧᠮᠲᠦ ᠴᠢᠨᠠᠷ ᠢ ᠢᠯᠡᠷᠡᠭᠦᠯᠪᠡ᠃ ᠭᠤᠤᠯᠳᠠᠯᠭ᠎ᠠ ᠶᠢ ᠳᠣᠪᠤᠶᠢᠯᠭᠠᠬᠤ ᠮᠥᠷᠲᠡᠭᠡᠨ ᠪᠦᠬᠦ | ᠣᠷᠣᠨ ᠪᠦᠰᠡ ᠶᠢ ᠨᠢᠭᠡᠳᠦᠯᠲᠡᠶ ᠲᠥᠯᠥᠪᠯᠡᠨ᠎ᠡ᠃ ᠰᠠᠭᠤᠷᠢ ᠨᠢᠮᠭᠡᠨ ᠦᠨᠳᠦᠰᠦᠲᠡᠨ ᠤ ᠭᠠᠵᠠᠷ ᠣᠷᠣᠨ᠂ ᠬᠥᠳᠡᠭᠡ | ᠲᠣᠰᠬᠤᠨ ᠳᠤ ᠴᠢᠭᠯᠡᠭᠦᠯᠦᠨ᠂ ᠬᠦᠴᠢᠷᠳᠡᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠲᠡᠩᠴᠡᠭᠦᠷᠢ ᠦᠭᠡᠢ ᠪᠠᠶᠢᠬᠤ ᠠᠰᠠᠭᠤᠳᠠᠯ ᠢ | ᠰᠢᠢᠳᠪᠦᠷᠢᠯᠡᠨ᠎ᠡ︔ ᠰᠠᠭᠤᠷᠢ ᠪᠠᠷ ᠨᠡᠯᠢᠶᠡᠳ ᠰᠠᠶᠢᠨ ᠭᠠᠵᠠᠷ ᠣᠷᠣᠨ ᠳᠤ ᠴᠢᠭᠯᠡᠭᠦᠯᠦᠨ᠂ ᠴᠢᠨᠠᠷᠯᠢᠭ | ᠲᠦᠭᠡᠮᠡᠯᠵᠢᠭᠦᠯᠬᠦ ᠶᠢ ᠢᠳᠡᠪᠬᠢᠲᠡᠶ ᠰᠦᠪᠡᠭᠴᠢᠯᠡᠵᠦ᠂ ᠬᠦᠷᠦᠯᠴᠡᠬᠦ ᠦᠭᠡᠢ ᠲᠠᠯ᠎ᠠ ᠶᠢ ᠠᠯᠬᠤᠮ ᠠᠯᠬᠤᠮ ᠢᠶᠠᠷ | ᠰᠢᠢᠳᠪᠦᠷᠢᠯᠡᠨ᠎ᠡ᠃ | ᠲᠦᠷᠪᠡ ᠳᠤ᠂ ᠴᠠᠭ ᠦᠶᠡᠴᠢ ᠴᠢᠨᠠᠷ ᠢ ᠢᠯᠡᠷᠡᠭᠦᠯᠪᠡ᠃ ᠮᠡᠳᠡᠭᠡ ᠵᠠᠩᠭᠢᠴᠢᠯᠠᠯᠲᠠ ᠶᠢᠨ ᠴᠠᠭ ᠦᠶ᠎ᠡ ᠶᠢᠨ | ᠦᠭᠡ ᠬᠡᠯᠡ ᠦᠰᠦᠭ ᠪᠢᠴᠢᠭ ᠲᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠳᠤ ᠴᠢᠭᠯᠡᠭᠦᠯᠦᠨ᠂ ᠰᠦᠯᠵᠢᠶᠡᠨ ᠤ | ᠬᠡᠯᠡᠨ ᠤ ᠡᠷᠡᠭᠦᠯ ᠣᠷᠴᠢᠨ ᠢ ᠪᠤᠢ ᠪᠣᠯᠭᠠᠬᠤ᠂ ᠦᠭᠡ ᠬᠡᠯᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠴᠠ ᠡᠨᠧᠷᠭᠢ | ᠣᠯᠬᠤ ᠲᠦᠪᠰᠢᠨ ᠢ ᠳᠡᠭᠡᠭᠰᠢᠯᠡᠭᠦᠯᠬᠦ᠂ ᠤᠯᠤᠰ ᠪᠠ ᠨᠡᠶᠢᠭᠡᠮ ᠳᠤ ᠦᠢᠯᠡᠴᠢᠯᠡᠬᠦ ᠦᠭᠡ ᠬᠡᠯᠡᠨ ᠤ ᠴᠢᠳᠠᠪᠤᠷᠢ ᠶᠢ | ᠳᠡᠭᠡᠭᠰᠢᠯᠡᠭᠦᠯᠬᠦ ᠵᠡᠷᠭᠡ ᠴᠠᠭ ᠦᠶ᠎ᠡ ᠶᠢᠨ ᠣᠨᠴᠠᠯᠢᠭᠲᠤ ᠱᠠᠭᠠᠷᠳᠠᠯᠭ᠎ᠠ ᠶᠢ ᠳᠤᠷᠠᠳᠪᠠ᠃ | ᠲᠠᠪᠤ ᠳᠤ᠂ ᠦᠢᠯᠡᠴᠢᠯᠡᠭᠡᠨ ᠤ ᠴᠢᠨᠠᠷ ᠢ ᠢᠯᠡᠷᠡᠭᠦᠯᠪᠡ᠃ ᠴᠢᠨᠠᠷᠯᠢᠭ ᠰᠤᠷᠭᠠᠨ ᠬᠥᠮᠦᠵᠢᠯ ᠤᠨ | ᠳᠣᠭᠲᠠᠯᠴᠠᠭ᠎ᠠ ᠶᠢ ᠪᠠᠶᠢᠭᠤᠯᠬᠤ ᠳᠤ ᠦᠢᠯᠡᠴᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ︽ᠲᠠᠪᠤᠨ ᠬᠥᠮᠥᠵᠢᠯ︾ ᠳᠤ ᠠᠭᠤᠰᠠᠬᠵᠤ᠂ ᠰᠤᠷᠭᠠᠨ | ᠬᠥᠮᠦᠵᠢᠯ ᠤᠨ ᠡᠯ᠎ᠡ ᠱᠠᠲᠤ ᠦᠶ᠎ᠡ ᠣᠨᠴᠠᠭᠠᠶᠢᠯᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠳᠤ ᠰᠢᠭᠢᠳᠬᠡᠨ ᠣᠷᠣᠭᠤᠯᠤᠨ᠎ᠠ︔ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠦᠢᠯᠡᠴᠢᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠦᠵᠡᠭᠦᠯᠬᠦ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠲᠤᠯᠭᠠᠭᠤᠷᠢᠯᠠᠬᠤ ᠦᠢᠯᠡᠳᠦᠯ ᠢ ᠲᠤᠪᠤᠶᠢᠯᠭᠠᠨ ᠴᠢᠩᠭᠠᠳᠬᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | | 4 . ︽ᠬᠡᠷᠡᠭᠵᠢᠭᠦᠯᠬᠦ ᠲᠥᠰᠦᠯ︾ ᠤᠨ ᠭᠤᠣᠯᠳᠠᠯᠭᠠᠲᠠᠢ ᠡᠭᠦᠷᠭᠡ ᠳᠤ ᠶᠠᠮᠠᠷ ᠶᠠᠮᠠᠷ ᠬᠢᠯᠠᠰ ᠴᠡᠭ ᠪᠠ ᠰᠢᠨ᠎ᠡ ᠶᠢ | ᠡᠭᠦᠳᠬᠦ ᠴᠡᠭ ᠪᠠᠶᠢᠬᠤ ᠪᠣᠶ︖ | ᠦᠨᠳᠦᠰᠦᠲᠡᠨ ᠤ ᠭᠠᠵᠠᠷ ᠣᠷᠣᠨ ᠳᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠣᠭᠤᠮᠲᠠ ᠰᠢᠪᠲᠤᠯᠬᠤ | ᠠᠵᠢᠯᠯᠠᠭ᠎ᠠ ᠶᠢ ᠥᠷᠨᠢᠭᠦᠯᠬᠦ ᠲᠠᠯ᠎ᠠ ᠪᠠᠷ᠂ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠳᠤ ᠦᠢᠯᠡᠴᠢᠯᠡᠬᠦ ᠪᠠᠷ ᠭᠤᠣᠯ ᠰᠢᠵᠢᠮ ᠪᠣᠯᠭᠠᠵᠤ᠂ ᠭᠤᠣᠯᠳᠠᠯᠭᠠᠲᠠᠢ ᠬᠦᠴᠢᠷᠳᠡᠯᠲᠡᠢ | ᠬᠥᠮᠦᠰ ᠲᠤ ᠲᠦᠭᠡᠮᠡᠯᠵᠢᠭᠦᠯᠬᠦ ᠳᠤ ᠣᠨᠣᠴᠠᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ | ᠲᠥᠪᠯᠡᠷᠡᠭᠦᠯᠵᠦ᠂ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠭᠠᠵᠠᠷ ᠣᠷᠣᠨ ᠤ ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ ᠨᠤᠷᠮ᠎ᠠ ᠶᠢ ᠶᠡᠭᠡ ᠪᠠᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠨ᠎ᠠ᠃ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡ ᠰᠤᠷᠬᠤ ᠶᠢ ᠠᠬᠢᠭᠤᠯᠬᠤ ᠶᠢᠨ ᠲᠥᠯᠦᠭᠡ᠂ ︽ᠬᠡᠦᠬᠡᠳ ᠤᠨ | ᠬᠡᠯᠡᠨ ᠤ ᠠᠪᠢᠶ᠎ᠠ ᠶᠢ ᠨᠢᠭᠡᠳᠬᠡᠬᠦ ᠲᠥᠯᠥᠪᠯᠡᠭᠡ︾ ᠶᠢ ᠬᠡᠷᠡᠭᠵᠢᠭᠦᠯᠦᠨ᠎ᠡ︔ ᠪᠠᠭᠰᠢ ᠶᠢᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠳᠠᠭᠤᠷᠢᠶᠠᠯ | ᠦᠵᠡᠭᠦᠯᠬᠦ ᠪᠣᠯᠪᠠᠰᠤᠷᠠᠭᠤᠯᠤᠯ ᠤᠨ ᠲᠥᠯᠥᠪᠯᠡᠭᠡ ᠶᠢ ᠬᠡᠷᠡᠭᠵᠢᠭᠦᠯᠦᠨ᠎ᠡ︔ ᠵᠠᠯᠠᠭᠤ ᠢᠳᠡᠷ ᠬᠥᠳᠡᠯᠮᠦᠷᠢ ᠬᠦᠴᠦᠨ ᠤ | ᠨᠡᠶᠢᠲᠡᠯᠢᠭ ᠬᠡᠯᠡᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠬᠤ ᠶᠢᠨ ᠲᠥᠯᠦᠭᠡ᠂ ︽ᠠᠵᠢᠯ ᠮᠡᠷᠭᠡᠵᠢᠯ ᠤᠨ | ᠤᠷ᠎ᠠ ᠴᠢᠳᠠᠪᠤᠷᠢ + ᠨᠡᠶᠢᠲᠡᠯᠢᠭ ᠬᠡᠯᠡᠨ︾ ᠤ ᠬᠥᠮᠦᠵᠢᠯ ᠪᠣᠯᠪᠠᠰᠤᠷᠠᠭᠤᠯᠤᠯ ᠢ ᠦᠷᠭᠦᠯᠵᠢᠯᠡᠨ ᠠᠬᠢᠭᠤᠯᠤᠨ᠎ᠠ︔ | ᠦᠨᠳᠦᠰᠦᠨ ᠱᠠᠲᠤᠨ ᠤ ᠺᠠᠳ᠋ᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠦᠨᠳᠦᠰᠦᠨ ᠱᠠᠲᠤᠨ ᠤ ᠺᠠᠳ᠋ᠷ ᠲᠦᠷᠦᠭᠦᠯᠡᠨ | ᠰᠤᠷᠤᠯᠴᠠᠵᠤ᠂ ᠨᠡᠶᠢᠲᠡᠯᠢᠭ ᠬᠡᠯᠡ ᠪᠠᠷ ᠶᠠᠷᠢᠬᠤ ᠶᠢᠨ ᠬᠠᠮᠲᠤ ᠲᠡᠳᠡᠨ ᠳᠤ ᠴᠢᠬᠤᠯᠠ ᠪᠦᠬᠦᠢ ᠪᠣᠯᠪᠠᠰᠤᠷᠠᠭᠤᠯᠤᠯ ᠪᠠ | ᠰᠤᠷᠤᠯᠴᠠᠯᠭ᠎ᠠ ᠶᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠶᠢᠯᠳᠤᠬᠤ ᠪᠣᠳᠣᠯᠭ᠎ᠠ ᠶᠢᠨ | ᠲᠠᠯ᠎ᠠ ᠪᠠᠷ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠥᠲᠦᠮᠵᠢ ᠶᠢ ᠦᠷᠭᠦᠯᠵᠢᠯᠡᠨ | ᠪᠠᠬᠢᠵᠢᠭᠦᠯᠦᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠶᠢ ᠰᠠᠶᠢᠲᠤᠷ ᠬᠢᠨ᠎ᠠ᠃ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠪᠤᠨ ᠶᠡᠭᠡ ᠬᠠᠷᠠᠯᠲᠠ ᠶᠢ ᠣᠨᠣᠴᠠᠲᠠᠢ ᠡᠵᠡᠮᠳᠡᠵᠦ᠂ ᠤᠤᠯ ᠤᠨ ᠶᠠᠳᠠᠭᠤ ᠠᠴᠠ | ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ ᠰᠠᠶᠢᠨ ᠰᠠᠶᠢᠬᠠᠨ ᠠᠵᠢᠯ ᠢ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ | ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠬᠥᠳᠡᠭᠡ ᠲᠣᠰᠬᠤᠨ ᠢ ᠰᠢᠮᠡᠵᠢᠭᠦᠯᠬᠦ ᠳᠤ ᠦᠵᠡᠭᠦᠯᠬᠦ ᠬᠡᠯᠡ ᠰᠣᠶᠣᠯ ᠤᠨ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠨᠢᠭᠡ ᠳᠤ᠂ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠳᠤ ᠬᠡᠯᠡ ᠰᠣᠶᠣᠯ ᠤᠨ | ᠲᠥᠷᠥᠯ ᠤᠨ ︽ᠬᠤᠶᠠᠳᠤᠭᠠᠷ ᠬᠢᠴᠢᠶᠡᠯ ᠤᠨ ᠲᠠᠩᠬᠢᠮ︾ ᠢ ᠪᠠᠶᠢᠭᠤᠯᠵᠤ᠂ ᠨᠢᠭᠡ ᠪᠦᠯᠦᠭ ᠬᠥᠳᠡᠭᠡ ᠲᠣᠰᠬᠤᠨ ᠤ | ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ ᠶᠢ ᠰᠣᠩᠭᠤᠨ ᠪᠣᠶ ᠪᠣᠯᠭᠠᠵᠤ᠂ ᠬᠥᠳᠡᠭᠡ ᠲᠣᠰᠬᠤᠨ ᠤ | ᠳᠤᠮᠳᠠᠳᠤ ᠪᠠᠭ᠎ᠠ ᠰᠤᠷᠭᠠᠭᠤᠯᠢ ᠶᠢ ᠬᠥᠳᠡᠭᠡ ᠲᠣᠰᠬᠤᠨ ᠤ ᠰᠣᠶᠣᠯ ᠤᠨ ᠲᠥᠪ ᠪᠣᠯᠭᠠᠨ ᠪᠠᠶᠢᠭᠤᠯᠬᠤ ᠳᠤ ᠬᠦᠴᠦᠨ | ᠨᠡᠮᠡᠷᠢᠯᠡᠨ᠎ᠡ᠃ ᠬᠤᠶᠠᠷ ᠲᠤ᠂ ᠬᠥᠳᠡᠭᠡ ᠲᠣᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠰᠣᠩᠭᠤᠳᠠᠭ | ᠰᠣᠶᠤᠯ ᠢᠶᠠᠷ ᠨᠤᠲᠤᠭ ᠤᠰᠤ ᠪᠠᠨ ᠤᠮᠳᠠᠯᠠᠬᠤ ᠲᠥᠯᠥᠪᠯᠡᠭᠡ ᠶᠢ ᠬᠡᠷᠡᠭᠵᠢᠭᠦᠯᠵᠦ᠂ ᠨᠢᠭᠡ ᠪᠦᠯᠦᠭ ᠬᠡᠯᠡ ᠰᠣᠶᠣᠯ ᠤᠨ | ᠤᠨᠴᠠᠯᠢᠬᠳᠤ ᠬᠥᠳᠡᠭᠡ ᠲᠣᠰᠬᠤᠨ ᠤ ᠲᠡᠮᠳᠡᠭᠲᠦ ᠶᠢᠨ ᠲᠥᠰᠦᠯ ᠢ ᠡᠭᠦᠳᠦᠨ᠎ᠡ᠃ ᠭᠤᠷᠪᠠ ᠳᠤ᠂ ᠬᠡᠯᠡ ᠰᠣᠶᠣᠯ ᠤᠨ | ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠠᠵᠤ ᠦᠢᠯᠡᠰ᠂ ᠪᠦᠲᠦᠭᠡᠭᠳᠡᠬᠦᠨ ᠤ ᠨᠡᠮᠡᠯᠲᠡ | ᠦᠷᠳᠡᠭ ᠵᠢᠴᠢ ᠬᠥᠳᠡᠭᠡ ᠲᠣᠰᠬᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠡᠮᠳᠡᠭᠲᠦ ᠡᠭᠦᠳᠬᠦ᠂ | ᠦᠢᠯᠡᠳᠪᠦᠷᠢᠯᠡᠯ ᠪᠠ ᠪᠣᠷᠣᠯᠠᠭᠤᠯᠭ᠎ᠠ ᠶᠢ ᠵᠣᠯᠭᠠᠭᠤᠯᠬᠤ ᠵᠡᠷᠭᠡ ᠳᠤ ᠬᠦᠴᠦᠨ ᠨᠡᠮᠡᠷᠢᠯᠡᠨ᠎ᠡ᠃ ᠲᠦᠷᠪᠡ ᠳᠤ᠂ | ᠬᠥᠳᠡᠭᠡ ᠲᠣᠰᠬᠤᠨ ᠤ ᠬᠡᠯᠡ ᠰᠣᠶᠣᠯ ᠤᠨ ᠤᠬᠠᠭᠤᠯᠭ᠎ᠠ ᠶᠢᠨ ᠭᠤᠣᠯᠯᠠᠭᠴᠢ ᠬᠦᠴᠦᠨ ᠢ ᠪᠤᠶᠢᠵᠢᠭᠤᠯᠬᠤ ᠶᠢ | ᠴᠢᠬᠤᠯᠠᠴᠢᠯᠠᠬᠤ ᠪᠥᠭᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠣᠯᠪᠠᠰᠤᠷᠠᠭᠤᠯᠤᠯ ᠢ | ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠬᠦ ᠠᠵᠢᠯ ᠳᠤ ᠣᠷᠣᠭᠤᠯᠤᠨ᠎ᠠ᠃ ᠲᠠᠪᠤ ᠳᠤ᠂ | ᠨᠥᠬᠦᠴᠡᠯ ᠲᠠᠢ ᠭᠠᠵᠠᠷ ᠣᠷᠣᠨ ᠤ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠢ ᠪᠠᠶᠢᠴᠠᠭᠠᠵᠤ ᠬᠢᠨᠠᠨ | ᠰᠢᠯᠭᠠᠬᠤ ᠳᠤ ᠪᠠᠨ ᠲᠡᠭᠦᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ | ᠴᠢᠳᠠᠪᠤᠷᠢ ᠶᠢ ᠣᠶᠢᠯᠠᠭᠠᠬᠤ ᠶᠢ ᠴᠢᠬᠤᠯᠠᠴᠢᠯᠠᠨ᠎ᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠲᠠᠯ᠎ᠠ ᠪᠠᠷ᠂ᠨᠢᠭᠡ ᠳᠤ᠂ ᠪᠠᠭᠰᠢ ᠶᠢᠨ ᠨᠡᠶᠢᠲᠡᠯᠢᠭ ᠬᠡᠯᠡᠨ ᠤ ᠬᠢᠷᠢ ᠲᠦᠪᠰᠢᠨ ᠪᠣᠯᠤᠨ ᠬᠡᠷᠡᠭᠯᠡᠵᠦ | ᠪᠠᠶᠢᠭ᠎ᠠ ᠪᠠᠶᠢᠳᠠᠯ ᠢ ᠬᠥᠳᠡᠯᠦᠩᠭᠦᠢ ᠪᠠᠷ ᠬᠢᠨᠠᠨ ᠪᠠᠶᠢᠴᠠᠭᠠᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠡᠶᠢᠲᠡᠯᠢᠭ ᠬᠡᠯᠡᠨ ᠤ ᠬᠢᠷᠢ ᠲᠦᠪᠰᠢᠨ ᠢ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠬᠢᠨᠠᠨ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ | ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ | ᠲᠡᠰ ᠤᠨ ᠪᠠᠷᠢᠮᠵᠢᠶ᠎ᠠ︾ ᠶᠢ ᠨᠡᠶᠢᠲᠡᠯᠡᠨ᠎ᠡ᠃ ᠬᠤᠶᠠᠷ ᠲᠤ᠂ ᠳᠡᠭᠡᠳᠦ ᠰᠤᠷᠭᠠᠭᠤᠯᠢ ᠶᠢᠨ ᠦᠭᠡ ᠬᠡᠯᠡ ᠦᠰᠦᠭ | ᠪᠢᠴᠢᠭ ᠤᠨ ᠠᠵᠢᠯ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠰᠤᠷᠭᠠᠭᠤᠯᠢ ᠶᠢᠨ ᠦᠭᠡ ᠬᠡᠯᠡ | ᠦᠰᠦᠭ ᠪᠢᠴᠢᠭ ᠤᠨ ᠬᠤᠯᠪᠤᠭᠳᠠᠬᠤ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠶᠢ ᠴᠢᠩᠭᠠᠳᠬᠠᠬᠤ ᠶᠢ | ᠳᠡᠮᠵᠢᠨ᠎ᠡ᠃ ᠭᠤᠷᠪᠠ ᠳᠤ᠂ ᠰᠦᠯᠵᠢᠶᠡᠨ ᠤ ᠬᠡᠯᠡ ᠶᠢ ᠬᠢᠨᠠᠨ ᠬᠠᠮᠢᠶᠠᠷᠬᠤ ᠪᠠ ᠬᠥᠲᠥᠯᠥᠨ ᠵᠢᠯᠣᠭᠤᠳᠬᠤ ᠶᠢ | ᠴᠢᠩᠭᠠᠳᠬᠠᠵᠤ᠂ ᠡᠷᠡᠭᠦᠯ ᠪᠣᠯᠪᠠᠰᠤᠨ ᠰᠦᠯᠵᠢᠶᠡᠨ ᠤ ᠬᠡᠯᠡᠨ ᠤ ᠣᠷᠴᠢᠨ ᠲᠣᠭᠤᠷᠢᠨ ᠢ ᠪᠠᠶᠢᠭᠤᠯᠤᠨ᠎ᠠ᠃ | ᠲᠦᠷᠪᠡ ᠳᠤ᠂ ᠣᠷᠣᠨ ᠨᠤᠲᠤᠭ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ | ᠠᠵᠤ ᠠᠬᠤᠶᠢᠯᠠᠯ ᠵᠡᠷᠭᠡ ᠶᠢ ᠬᠦᠳᠦᠯᠤᠨ ᠳᠠᠭᠠᠭᠤᠯᠵᠤ ᠬᠡᠯᠡᠨ ᠤ ᠤᠶᠤᠨᠲᠤ ᠮᠡᠷᠭᠡᠵᠢᠯ ᠤᠨ ᠰᠤᠳᠤᠯᠭᠠᠨ᠂ ᠮᠡᠳᠡᠭᠡ | ᠵᠠᠩᠭᠢᠴᠢᠯᠠᠯᠲᠠ ᠶᠢᠨ ᠡᠬᠢ ᠪᠠᠶᠠᠯᠢᠭ ᠵᠢᠴᠢ ᠲᠠᠪᠴᠠᠩ ᠤᠨ ᠪᠠᠶᠢᠭᠤᠯᠤᠯᠲᠠ ᠵᠡᠷᠭᠡ ᠶᠢ ᠴᠢᠩᠭᠠᠳᠬᠠᠬᠤ ᠪᠠᠷ ᠲᠠᠮᠵᠢᠨ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠦᠢᠯᠡᠴᠢᠯᠡᠨ᠎ᠡ᠃ ᠲᠠᠪᠤ ᠳᠤ᠂ ᠤᠯᠤᠰ ᠤᠨ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ | 300 ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠡᠩᠨᠡᠭᠡᠨ ᠤ ᠪᠠᠶᠢᠭᠤᠯᠤᠯᠲᠠ ᠶᠢ ᠪᠠᠶᠢᠷᠢᠯᠠᠭᠤᠯᠤᠨ᠎ᠠ ᠭᠡᠵᠦ | ᠳᠤᠷᠠᠳᠪᠠ᠃ ᠵᠢᠷᠭᠤᠭ᠎ᠠ ᠳᠤ᠂ ᠣᠨᠴᠠᠭᠠᠢ ᠬᠥᠮᠦᠰ᠂ ᠤᠯᠤᠰ ᠤᠨ ᠴᠢᠬᠤᠯᠠ ᠶᠡᠭᠡ ᠠᠵᠢᠯᠯᠠᠭ᠎ᠠ ᠵᠡᠷᠭᠡ ᠳᠤ | ᠬᠠᠨᠳᠤᠭᠤᠯᠤᠭᠰᠠᠨ ᠴᠢᠨᠠᠷᠯᠢᠭ ᠦᠭᠡ ᠬᠡᠯᠡᠨ ᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ | | 5 . ︽ᠬᠡᠷᠡᠭᠵᠢᠭᠦᠯᠬᠦ ᠲᠥᠰᠦᠯ︾ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠠᠮᠠᠷ ᠶᠠᠮᠠᠷ ᠪᠠᠲᠤᠯᠠᠭᠠᠨ ᠤ | ᠠᠷᠭ᠎ᠠ ᠬᠡᠮᠵᠢᠶ᠎ᠡ ᠪᠠᠶᠢᠬᠤ ᠪᠣᠶ︖ | ︽ᠬᠡᠷᠡᠭᠵᠢᠭᠦᠯᠬᠦ ᠲᠥᠰᠦᠯ︾ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠯ᠎ᠡ ᠭᠠᠵᠠᠷ ᠤᠨ ᠬᠢᠨ ᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ | ᠰᠠᠶᠢᠲᠤᠷ ᠬᠢᠬᠦ ᠶᠢ ᠵᠢᠯᠣᠭᠤᠳᠬᠤ ᠶᠢᠨ ᠲᠥᠯᠥᠭᠡ᠂ ᠪᠢᠳᠡ ᠠᠯᠢ ᠤᠯᠠᠨ ᠪᠠᠲᠤᠯᠠᠭᠠᠨ ᠤ ᠠᠷᠭ᠎ᠠ ᠬᠡᠮᠵᠢᠶ᠎ᠡ ᠶᠢ | ᠲᠣᠭᠲᠠᠭᠠᠪᠠ᠃ | ᠨᠢᠭᠡ ᠳᠤ᠂ ᠵᠣᠬᠢᠶᠠᠨ ᠪᠠᠶᠢᠭᠤᠯᠵᠤ ᠤᠳᠤᠷᠢᠳᠬᠤ ᠲᠠᠯ᠎ᠠ ᠪᠠᠷ᠂ ᠣᠷᠣᠨ ᠨᠤᠲᠤᠭ ᠤᠨ ᠡᠯ᠎ᠡ ᠱᠠᠲᠤᠨ ᠤ | ᠵᠠᠰᠠᠭ ᠤᠨ ᠣᠷᠳᠣᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠶᠢ ᠡᠳᠦᠷ ᠲᠤᠳᠤᠮ ᠤᠨ ᠵᠥᠪᠯᠡᠬᠦ ᠵᠦᠢᠯ ᠳᠤ ᠪᠠᠨ ᠣᠷᠣᠭᠤᠯᠵᠤ᠂ ᠵᠠᠰᠠᠭ ᠤᠨ ᠣᠷᠳᠣᠨ ᠤ | ᠬᠤᠯᠪᠤᠭᠳᠠᠬᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠷᠠᠯᠲᠠ ᠪᠠ ᠰᠤᠷᠭᠠᠨ ᠬᠥᠮᠦᠵᠢᠯ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠳᠣᠭᠲᠠᠯᠴᠠᠭᠠᠨ ᠳᠤ ᠣᠷᠣᠭᠤᠯᠬᠤ ᠶᠢ ᠠᠬᠢᠭᠤᠯᠤᠨ᠎ᠠ᠃ | ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ | ᠤᠯᠤᠰ ᠤᠨ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠲᠦᠷᠦᠭᠦᠯᠡᠨ ᠶᠡᠷᠦᠩᠬᠡᠶᠢᠯᠡᠨ ᠠᠳᠬᠤᠵᠤ᠂ | ᠤᠯᠤᠰ ᠤᠨ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠤᠨ ᠡᠯ᠎ᠡ ᠬᠤᠯᠪᠤᠭᠳᠠᠬᠤ ᠭᠡᠰᠢᠭᠦᠨ ᠨᠢᠭᠡᠴᠢ | ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠮᠤᠵᠢ ᠶᠢᠨ ᠱᠠᠲᠤᠨ ᠤ ᠰᠤᠷᠭᠠᠨ ᠬᠥᠮᠦᠵᠢᠯ ︵ᠦᠭᠡ | ᠬᠡᠯᠡ ᠥᠰᠥᠭ ᠪᠢᠴᠢᠭ ᠤᠨ ᠠᠵᠢᠯ︶ ᠤᠨ ᠰᠠᠯᠠᠭ᠎ᠠ ᠮᠥᠴᠢᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ ᠤ ᠪᠠᠨ ᠠᠵᠢᠯ ᠢ ᠬᠢᠨᠠᠨ ᠵᠢᠯᠣᠭᠤᠳᠬᠤ ᠪᠠᠨ ᠴᠢᠩᠭᠠᠳᠬᠠᠪᠠ᠃ | ᠬᠤᠶᠠᠷ ᠲᠤ᠂ ᠤᠬᠠᠭᠤᠯᠵᠤ ᠬᠥᠲᠥᠯᠥᠨ ᠵᠢᠯᠣᠭᠤᠳᠬᠤ ᠲᠠᠯ᠎ᠠ ᠪᠠᠷ᠂ ᠲᠥᠪᠯᠡᠷᠡᠭᠦᠯᠦᠭᠰᠡᠨ ᠪᠠ | ᠪᠠᠶᠢᠩᠭᠤᠵᠢᠭᠰᠠᠨ ᠤᠬᠠᠭᠤᠯᠭ᠎ᠠ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠥᠬᠦ ᠤᠯᠤᠰ ᠤᠨ ᠨᠡᠶᠢᠲᠡᠯᠢᠭ | ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠡᠷᠭᠡ ᠲᠠᠪᠴᠠᠩ ᠢ ᠰᠠᠶᠢᠲᠤᠷ ᠠᠰᠢᠭᠯᠠᠵᠤ᠂ | ᠲᠥᠭᠡᠮᠡᠯᠵᠢᠭᠦᠯᠦᠯᠲᠡ ᠶᠢ ᠠᠬᠢᠭᠤᠯᠬᠤ᠂ ᠬᠡᠯᠡ ᠰᠣᠶᠣᠯ ᠤᠨ ᠲᠡᠮᠳᠡᠭᠲᠦ ᠶᠢᠨ ᠲᠥᠰᠦᠯ᠂ ᠰᠢᠯᠢᠳᠡᠭ ᠬᠡᠷᠡᠭ ᠤᠨ | ᠵᠢᠱᠢᠶ᠎ᠡ᠂ ᠤᠨᠴᠠᠯᠢᠬᠳᠤ ᠬᠥᠳᠡᠭᠡ ᠲᠣᠰᠬᠤᠨ ᠤ ᠤᠬᠠᠭᠤᠯᠭ᠎ᠠ ᠶᠢᠨ ᠦᠵᠡᠭᠦᠯᠭᠡ ᠶᠢ ᠴᠢᠩᠭᠠᠳᠬᠠᠵᠤ᠂ | ᠤᠬᠠᠭᠤᠯᠭ᠎ᠠ ᠶᠢᠨ ᠴᠠᠭ᠂ ᠬᠡᠮᠵᠢᠶ᠎ᠡ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠤᠨ ᠨᠡᠶᠢᠲᠡᠮ ᠬᠡᠷᠡᠭᠯᠡᠬᠦ | ᠬᠡᠯᠡᠨ ᠤ ᠲᠥᠭᠡᠮᠡᠯᠵᠢᠭᠦᠯᠦᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠭᠤᠷᠪᠠ ᠳᠤ᠂ ᠬᠠᠤᠯᠢ ᠲᠦᠷᠢᠮ ᠤᠨ ᠪᠠᠲᠤᠯᠠᠭᠠᠨ ᠤ ᠲᠠᠯ᠎ᠠ ᠪᠠᠷ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠬᠠᠤᠯᠢ ᠳᠤ ᠵᠠᠰᠠᠪᠤᠷᠢ ᠣᠷᠣᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠣᠷᠣᠨ | ᠨᠤᠲᠤᠭ ᠤᠨ ᠬᠢᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ ᠶᠢ ᠦᠨᠳᠦᠰᠦᠯᠡᠨ | ᠬᠤᠯᠪᠤᠭᠳᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠬᠦ ᠶᠢ ᠵᠢᠯᠣᠭᠤᠳᠴᠤ᠂ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ | ᠱᠠᠭᠠᠷᠳᠠᠯᠭ᠎ᠠ ᠶᠢ ᠬᠤᠯᠪᠤᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠳᠤ ᠣᠷᠣᠭᠤᠯᠵᠤ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠨᠡᠶᠢᠲᠡᠯᠢᠭ ᠬᠡᠯᠡᠨ ᠤ ᠬᠢᠷᠢ ᠲᠦᠪᠰᠢᠨ ᠢ ᠰᠢᠯᠭᠠᠬᠤ ᠬᠠᠮᠢᠶᠠᠷᠤᠯᠲᠠ ᠶᠢᠨ ᠲᠣᠭᠲᠠᠭᠠᠯ︾ | ︵ᠰᠤᠷᠭᠠᠨ ᠬᠥᠮᠦᠵᠢᠯ ᠤᠨ ᠶᠠᠮᠤᠨ ᠤ ᠵᠠᠷᠯᠢᠭ 51 ᠳ᠋ᠦ᠋ᠭᠡᠷ ᠲᠣᠭᠠᠲᠤ︶ ᠢ ᠨᠠᠶᠢᠳᠠᠪᠤᠷᠢᠵᠢᠭᠤᠯᠤᠨ᠎ᠠ᠃ | ᠳᠥᠷᠪᠡ ᠳᠤ᠂ ᠦᠨᠡᠯᠡᠨ ᠵᠢᠱᠢᠵᠦ ᠬᠢᠨᠠᠨ ᠪᠠᠶᠢᠴᠠᠭᠠᠬᠤ ᠲᠠᠯ᠎ᠠ ᠪᠠᠷ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠥᠰᠥᠭ ᠪᠢᠴᠢᠭ ᠢ ᠳᠡᠯᠭᠡᠷᠡᠭᠦᠯᠬᠦ ᠶᠢ ᠰᠤᠷᠭᠠᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠶᠢᠨ ᠴᠢᠬᠤᠯᠠ ᠠᠭᠤᠯᠭ᠎ᠠ ᠪᠣᠯᠭᠠᠵᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠯᠲᠡ ᠶᠢᠨ ᠪᠠᠶᠢᠳᠠᠯ ᠤᠨ ᠪᠠᠶᠢᠴᠠᠭᠠᠯᠲᠠ ᠶᠢ | ᠥᠷᠨᠢᠭᠦᠯᠵᠦ᠂ ᠨᠠᠮ ᠵᠠᠰᠠᠭ ᠤᠨ ᠪᠠᠶᠢᠭᠤᠯᠭ᠎ᠠ᠂ ᠢᠨᠲ᠋ᠧᠷ ᠰᠦᠯᠵᠢᠶ᠎ᠡ ᠵᠡᠷᠭᠡ ᠰᠢᠨ᠎ᠡ ᠵᠠᠭᠤᠴᠢᠯᠠᠭᠤᠷ᠂ | ︽ᠴᠤᠩᠬᠤᠪᠴᠢ︾ ᠠᠵᠢᠯ ᠲᠥᠷᠥᠯ ᠵᠡᠷᠭᠡ ᠬᠦᠷᠢᠶᠡᠨ ᠳᠠᠬᠢ ᠦᠭᠡ ᠬᠡᠯᠡ ᠥᠰᠥᠭ ᠪᠢᠴᠢᠭ ᠤᠨ ᠳᠦᠷᠢᠮᠵᠢᠭᠰᠡᠨ | ᠬᠡᠷᠡᠭᠯᠡᠯᠲᠡ ᠶᠢᠨ ᠬᠢᠨᠠᠨ ᠪᠠᠶᠢᠴᠠᠭᠠᠯᠲᠠ ᠶᠢ ᠭᠤᠣᠯᠳᠠᠯᠭᠠᠲᠠᠢ ᠥᠷᠨᠢᠭᠦᠯᠦᠨ᠎ᠡ᠃ | | |