| | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠯᠲᠠ᠂ ᠬᠢᠷᠢ ᠬᠡᠮ ᠤᠨ ᠬᠢᠨᠠᠨ ᠪᠠᠶᠢᠴᠠᠭᠠᠯᠲᠠ ᠪᠠ ᠲᠤᠰᠬᠠᠶ | ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠦᠬᠠᠶ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠪ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠨ ᠵᠢᠯᠣᠭᠤᠳᠣᠭᠴᠢ ᠶᠢᠨ ᠨᠡᠶᠢᠭᠡᠮᠯᠢᠭ ᠠᠴᠠ 2021 ᠣᠨ ᠤ | ︽ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠬᠢᠮᠡᠯ ᠣᠶᠤᠨ ᠤ ᠠᠵᠢᠯᠯᠠᠭᠠᠨ ᠤ ᠤᠨᠴᠠᠯᠢᠭᠳᠤ ᠨᠢᠭᠡᠴᠢ︾ ᠪᠠᠷ | ᠰᠢᠯᠭᠠᠷᠠᠭᠤᠯᠤᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠷᠭᠠᠨ ᠬᠥᠮᠦᠵᠢᠯ ᠪᠠ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠠᠴᠠ 2021 ᠣᠨ ᠤ | ︽ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠢᠮᠡᠯ ᠣᠶᠤᠨ ᠤ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ | ᠠᠵᠢᠯᠯᠠᠭᠠᠨ ᠤ ᠤᠨᠴᠠᠯᠢᠭᠳᠤ ᠨᠢᠭᠡᠴᠢ︾ ᠪᠠᠷ ᠰᠢᠯᠭᠠᠷᠠᠭᠤᠯᠪᠠ᠃ | ᠦᠬᠠᠶ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠢᠨ ᠬᠢᠮᠡᠯ ᠣᠶᠤᠨ ᠤ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠪᠣᠯᠤᠨ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠲᠠᠷᠬᠠᠭᠠᠭᠰᠠᠨ ᠬᠢᠮᠡᠯ ᠣᠶᠤᠨ ᠤ ᠡᠬᠢ ᠪᠠᠶᠠᠯᠢᠭ ᠢ | ᠠᠰᠢᠭᠯᠠᠨ ᠬᠢᠮᠡᠯ ᠣᠶᠤᠨ ᠤ ᠪᠥᠯᠬᠦᠮ ᠤᠨ ᠬᠢᠴᠢᠶᠡᠯ ᠢ ᠨᠡᠭᠡᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠥᠯᠬᠦᠮ ᠤᠨ ᠰᠠᠭᠤᠷᠢᠨ ᠳᠡᠭᠡᠷ᠎ᠡ ᠬᠢᠮᠡᠯ ᠣᠶᠤᠨ ᠤ ᠳᠤᠭᠤᠶᠢᠯᠠᠩ ᠢ ᠪᠠᠶᠢᠭᠤᠯᠵᠤ᠂ ᠦᠬᠠᠶ | ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠠᠭᠰᠢ ᠯᠢ ᠵᠢᠶᠤᠤ | ᠰᠢᠶᠠ ᠵᠢᠯᠣᠭᠤᠳᠤᠭᠴᠢ ᠪᠠᠭᠰᠢ ᠶᠢᠨ ᠲᠤᠰᠢᠶᠠᠯ ᠢ ᠡᠭᠦᠷᠭᠡᠯᠡᠪᠡ᠃ ᠨᠡᠶᠢᠭᠡᠮᠯᠢᠭ ᠤᠨ ᠬᠢᠴᠢᠶᠡᠯ ᠢᠶᠠᠷ ᠳᠠᠮᠵᠢᠭᠤᠯᠤᠨ᠂ | ᠰᠤᠷᠤᠭᠴᠢᠳ ᠬᠢᠮᠡᠯ ᠣᠶᠤᠨ ᠪᠠ ᠺᠣᠮᠫᠢᠦ᠋ᠲ᠋ᠧᠷ ᠤᠨ ᠰᠡᠳᠬᠢᠬᠦᠶ ᠶᠢ ᠣᠶᠢᠯᠠᠭᠠᠵᠤ᠂ C ᠬᠡᠯᠡᠨ ᠤ ᠠᠭᠤᠯᠭ᠎ᠠ ᠶᠢ | ᠰᠢᠰᠲ᠋ᠧᠮᠲᠡᠢ ᠰᠤᠷᠤᠯᠴᠠᠵᠤ᠂ ᠮᠠᠰᠢᠨ ᠬᠥᠮᠦᠨ ᠤ ᠲᠤᠭ᠎ᠠ ᠶᠢ ᠢᠯᠭᠠᠨ ᠲᠠᠨᠢᠬᠤ ᠫᠷᠤᠭ᠍ᠷᠠᠮ ᠪᠠ ᠬᠥᠮᠦᠨ ᠤ ᠵᠢᠰᠦ ᠶᠢ | ᠢᠯᠭᠠᠨ ᠲᠠᠨᠢᠬᠤ ᠣᠭ ᠶᠣᠰᠣ ᠵᠡᠷᠭᠡ ᠮᠡᠳᠡᠯᠭᠡ ᠶᠢ ᠡᠵᠡᠮᠰᠢᠭᠰᠡᠨ ᠪᠥᠭᠡᠳ ᠺᠣᠳ᠋ ᠢ ᠥᠭᠡᠷᠡᠴᠢᠯᠡᠬᠦ ᠶᠢ | ᠦᠢᠯᠡᠳᠦᠯᠭᠡᠵᠢᠭᠦᠯᠵᠦ᠂ ᠫᠷᠤᠭ᠍ᠷᠠᠮ ᠨᠠᠶᠢᠷᠠᠭᠤᠯᠬᠤ ᠭᠠᠶᠢᠬᠠᠮᠰᠢᠭ ᠪᠠ ᠬᠠᠪᠤ ᠴᠡᠩᠭᠡᠯ ᠢ ᠪᠡᠶᠡᠴᠢᠯᠡᠨ ᠣᠶᠢᠯᠠᠭᠠᠵᠠᠶ᠃ | ᠬᠢᠮᠡᠯ ᠣᠶᠤᠨ ᠤ ᠨᠡᠶᠢᠭᠡᠮᠯᠢᠭ ᠤᠨ ᠬᠢᠴᠢᠶᠡᠯ ᠳᠡᠭᠡᠷ᠎ᠡ᠂ ᠰᠤᠷᠤᠭᠴᠢᠳ ᠡᠬᠢ ᠪᠠᠶᠠᠯᠢᠭ ᠤᠨ ᠬᠠᠪᠲᠠᠭ᠎ᠠ ᠶᠢ ᠠᠰᠢᠭᠯᠠᠨ᠂ | Micro Bit ᠵᠢᠵᠢᠭ ᠲᠡᠷᠭᠡ ᠶᠢ ᠤᠭᠰᠠᠷᠠᠵᠤ᠂ ᠵᠢᠷᠤᠭᠴᠢᠯᠠᠭᠰᠠᠨ ᠫᠷᠤᠭ᠍ᠷᠠᠮ ᠨᠠᠶᠢᠷᠠᠭᠤᠯᠬᠤ ᠵᠥᠭᠡᠯᠡᠨ ᠲᠣᠨᠤᠭ ᠢ | ᠠᠩᠬ᠎ᠠ ᠠᠯᠬᠤᠮ ᠰᠤᠷᠤᠯᠴᠠᠭᠰᠠᠨ ᠰᠠᠭᠤᠷᠢᠨ ᠳᠡᠭᠡᠷ᠎ᠡ ᠺᠣᠳ᠋ ᠵᠢᠷᠤᠵᠤ ᠲᠥᠰᠦᠪᠯᠡᠨ᠂ ᠵᠢᠵᠢᠭ ᠲᠡᠷᠭᠡ ᠶᠢ ᠥᠪᠡᠷ ᠤᠨ | ᠰᠠᠨᠠᠭ᠎ᠠ ᠪᠠᠷ ᠶᠠᠪᠤᠭᠤᠯᠬᠤ ᠬᠠᠷᠠᠯᠲᠠ ᠶᠢ ᠪᠡᠶᠡᠯᠡᠭᠦᠯᠪᠡ᠃ ᠬᠡᠳᠦ᠋ᠢᠪᠡᠷ ᠬᠢᠴᠢᠶᠡᠯ ᠨᠢ ᠵᠣᠬᠢᠬᠤ ᠬᠦᠴᠢᠷᠳᠡᠯᠭᠡ ᠲᠠᠢ | ᠪᠣᠯᠪᠠᠴᠤ ᠰᠤᠷᠤᠭᠴᠢᠳ ᠲᠦᠢᠯ ᠤᠨ ᠶᠡᠭᠡ ᠳᠤᠷ᠎ᠠ ᠰᠣᠨᠢᠷᠬᠠᠯ ᠪᠠ ᠬᠠᠯᠠᠭᠤᠨ ᠰᠡᠳᠬᠢᠯᠭᠡ ᠪᠠᠷ ᠬᠠᠪᠰᠤᠷᠤᠨ | ᠵᠢᠯᠣᠭᠤᠳᠤᠭᠴᠢ ᠪᠠᠭᠰᠢ ᠶᠢ ᠨᠠᠷᠢᠨ ᠬᠢᠨᠠᠮᠠᠭᠠᠢ ᠲᠠᠭᠠᠵᠤ ᠠᠯᠬᠤᠮ ᠠᠯᠬᠤᠮ ᠢᠶᠠᠷ ᠺᠣᠳ᠋ ᠣᠷᠣᠭᠤᠯᠵᠤ᠂ ᠬᠠᠲᠠᠭᠤ | ᠲᠤᠨᠤᠭ ᠢ ᠤᠭᠰᠠᠷᠠᠪᠠ᠃ | ᠦᠬᠠᠶ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠨᠡᠶᠢᠭᠡᠮᠯᠢᠭ ᠢ ᠬᠦᠴᠦᠯᠡᠨ ᠪᠠᠶᠢᠭᠤᠯᠵᠤ᠂ ᠨᠡᠶᠢᠭᠡᠮᠯᠢᠭ ᠤᠨ ᠬᠢᠴᠢᠶᠡᠯ ᠢ | ᠲᠦᠰᠢᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠠᠶᠢᠷ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠰᠤᠷᠤᠭᠴᠢᠳ ᠢ ᠵᠣᠷᠢᠭᠵᠢᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠴᠢᠳᠠᠪᠤᠷᠢ ᠶᠢ ᠪᠥᠬᠦ | ᠬᠦᠴᠦᠨ ᠢᠶᠠᠷ ᠢᠶᠠᠨ ᠬᠥᠮᠦᠵᠢᠭᠦᠯᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠦᠯᠬᠦᠮ ᠤᠨ ᠬᠢᠴᠢᠶᠡᠯ ᠢ ᠨᠡᠭᠡᠭᠡᠭᠰᠡᠨ ᠨᠢ ᠦᠬᠠᠶ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠰᠤᠷᠤᠭᠴᠢᠳ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ | ᠥᠭᠪᠡ᠃ | ᠡᠨᠡ ᠤᠳᠠᠭ᠎ᠠ ᠪᠥᠬᠦ ᠤᠯᠤᠰ᠂ ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠢᠮᠡᠯ ᠣᠶᠤᠨ ᠤ | ᠠᠵᠢᠯᠯᠠᠭᠠᠨ ᠤ ᠣᠨᠴᠠᠯᠢᠭᠲᠤ ᠨᠢᠭᠡᠴᠢ ᠪᠠᠷ ᠰᠣᠩᠭᠤᠭᠳᠠᠭᠰᠠᠨ ᠨᠢ ᠦᠬᠠᠶ ᠬᠤᠲᠠ ᠶᠢᠨ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠬᠢᠮᠡᠯ ᠣᠶᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠲᠦᠢᠯ ᠤᠨ ᠶᠡᠭᠡ ᠪᠠᠷ | ᠵᠣᠷᠢᠭᠵᠢᠭᠤᠯᠪᠠ᠃ ᠣᠨᠴᠠᠯᠢᠭᠲᠤ ᠨᠢᠭᠡᠴᠢ ᠶᠢᠨ ᠵᠢᠭᠰᠠᠭᠠᠯ ᠤᠨ ᠭᠠᠵᠠᠷ ᠤᠨ ᠬᠥᠲᠥᠯᠥᠨ ᠳᠠᠭᠠᠭᠤᠯᠬᠤ ᠪᠠ | ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠬᠢᠮᠡᠯ | ᠣᠶᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠠᠬᠢᠭᠤᠯᠬᠤ ᠶᠢᠨ | ᠲᠥᠯᠥᠭᠡ᠂ ᠦᠬᠠᠶ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠢᠨ ᠬᠢᠮᠡᠯ ᠣᠶᠤᠨ ᠤ ᠬᠢᠴᠢᠶᠡᠯ ᠤᠨ | ᠳᠣᠭᠲᠠᠯᠴᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠴᠢᠷᠮᠠᠶᠢᠨ ᠠᠬᠢᠭᠤᠯᠵᠤ᠂ ᠬᠢᠮᠡᠯ ᠣᠶᠤᠨ ᠤ ᠬᠥᠮᠦᠵᠢᠯ ᠢ | ᠲᠦᠭᠡᠮᠡᠯᠵᠢᠭᠦᠯᠵᠦ᠂ ᠮᠡᠳᠡᠭᠡ ᠵᠠᠩᠭᠢ ᠶᠢᠨ ᠴᠠᠭ ᠦᠶ᠎ᠡ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠵᠦ᠂ | ᠰᠤᠷᠭᠠᠨ ᠬᠥᠮᠦᠵᠢᠯ ᠤᠨ ᠣᠳᠣᠬᠢᠴᠢᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ | | | | | | | | | | | | | | | | | | | | ︵ᠨᠠᠶᠢᠷᠠᠭᠤᠯᠤᠭᠴᠢ᠄ ᠰᠦ᠋ ᠰᠢ᠂ ᠵᠧᠩ ᠵᠢᠶᠠ ᠴᠢ ᠬᠢᠨᠠᠭᠴᠢ᠄ ᠪᠤᠣ ᠭᠧ ᠮᠢᠩ︶ | | |