ᠬᠡᠷ ᠤᠨ ᠬᠥᠮᠦᠵᠢᠯ ᠢ ᠠᠬᠢᠭᠤᠯᠬᠤ ᠬᠠᠤᠯᠢ ᠶᠢᠨ ᠭᠤᠤᠯᠳᠠᠯᠭ᠎ᠠ ᠶᠢᠨ ᠲᠠᠶᠢᠯᠤᠨ
ᠨᠡᠶᠢᠲᠡᠯᠡᠭᠰᠡᠨ ᠴᠠᠭ᠄
2022/1/19
     ᠬᠡᠷ ᠤᠨ ᠬᠥᠮᠦᠵᠢᠯ ᠢ ᠠᠬᠢᠭᠤᠯᠬᠤ ᠬᠠᠤᠯᠢ ᠶᠢ ᠤᠬᠠᠭᠤᠯᠬᠤ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠪᠣᠯᠤᠨ ᠡᠮᠡᠭᠲᠡᠶᠢᠴᠦᠳ ᠪᠠ ᠬᠡᠦᠬᠡᠳ ᠤᠨ ᠠᠵᠢᠯ ᠤᠨ ᠵᠥᠪᠯᠡᠯ ᠬᠠᠮᠲᠤᠷᠠᠨ ︽ᠬᠡᠷ ᠤᠨ ᠬᠥᠮᠦᠵᠢᠯ ᠢ ᠠᠬᠢᠭᠤᠯᠬᠤ ᠬᠠᠤᠯᠢ ᠶᠢᠨ ᠠᠷᠪᠠᠨ ᠠᠰᠠᠭᠤᠯᠲᠠ ᠠᠷᠪᠠᠨ ᠬᠠᠷᠢᠭᠤᠯᠲᠠ︾ ᠶᠢᠨ ᠤᠬᠠᠭᠤᠯᠭ᠎ᠠ ᠶᠢᠨ ᠨᠤᠭᠤᠯᠠᠪᠤᠷᠢ ᠬᠠᠭᠤᠳᠠᠰᠤ ᠪᠠ ᠣᠷᠳᠣ ᠵᠢᠷᠤᠭ ᠢ ᠵᠣᠬᠢᠶᠠᠪᠠ᠃ ᠬᠠᠮᠲᠤ ᠳᠤ ᠪᠠᠨ ᠦᠵᠡᠵᠡᠭᠡᠶ᠎ᠡ︕      ᠬᠡᠷ ᠤᠨ ᠬᠥᠮᠦᠵᠢᠯ ᠢ ᠠᠬᠢᠭᠤᠯᠬᠤ ᠬᠠᠤᠯᠢ᠂ ᠠᠷᠪᠠᠨ ᠠᠰᠠᠭᠤᠯᠲᠠ ᠠᠷᠪᠠᠨ ᠬᠠᠷᠢᠭᠤᠯᠲᠠ᠂ ᠬᠠᠤᠯᠢ ᠶᠢ ᠬᠡᠷ ᠲᠤ ᠨᠢ ᠬᠦᠷᠭᠡᠵᠦ᠂ ᠬᠡᠦᠬᠡᠳ ᠢ ᠡᠷᠡᠭᠦᠯ ᠢᠶᠠᠷ ᠥᠰᠬᠡᠨ ᠪᠣᠶᠢᠵᠢᠭᠤᠯᠤᠶ᠎ᠠ᠃      1 . ᠶᠠᠭᠤ ᠶᠢ ᠬᠡᠷ ᠤᠨ ᠬᠥᠮᠦᠵᠢᠯ ᠭᠡᠬᠦ ᠪᠣᠶ︖      ᠬᠡᠷ ᠤᠨ ᠬᠥᠮᠦᠵᠢᠯ ᠪᠣᠯ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠠᠰᠤᠨ ᠳᠤ ᠥᠯᠥ ᠭᠦᠷᠦᠭᠰᠡᠳ ᠤᠨ ᠪᠥᠬᠦ ᠲᠠᠯ᠎ᠠ ᠪᠠᠷ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠶᠢᠨ ᠲᠥᠯᠥᠭᠡ᠂ ᠲᠡᠭᠦᠨ ᠳᠤ ᠬᠡᠷᠡᠭᠵᠢᠭᠦᠯᠵᠦ ᠪᠠᠶᠢᠭ᠎ᠠ ᠶᠣᠰᠣ ᠮᠣᠷᠠᠯ ᠵᠠᠩ ᠴᠢᠨᠠᠷ᠂ ᠪᠡᠶ᠎ᠡ ᠮᠠᠬᠠᠪᠣᠳ ᠤᠨ ᠬᠡᠪ ᠪᠣᠯᠪᠠᠰᠤᠷᠠᠯ᠂ ᠠᠮᠢᠳᠤᠷᠠᠯ ᠤᠨ ᠤᠷ᠎ᠠ ᠴᠢᠳᠠᠪᠤᠷᠢ᠂ ᠰᠣᠶᠣᠯ ᠤᠨ ᠪᠣᠯᠪᠠᠰᠤᠷᠠᠯ᠂ ᠦᠢᠯᠡ ᠠᠵᠢᠯᠯᠠᠭᠠᠨ ᠤ ᠳᠠᠳᠬᠠᠯ ᠵᠡᠷᠭᠡ ᠲᠠᠯ᠎ᠠ ᠶᠢᠨ ᠬᠥᠮᠦᠵᠢᠯ᠂ ᠵᠢᠯᠣᠭᠤᠳᠣᠯᠭ᠎ᠠ ᠪᠠ ᠨᠥᠯᠥᠭᠡ ᠶᠢ ᠵᠢᠭᠠᠵᠤ ᠪᠠᠶᠢᠨ᠎ᠠ᠃ ᠬᠠᠤᠯᠢ ᠴᠠᠭᠠᠵᠠ ᠳᠤ ᠬᠡᠷ ᠤᠨ ᠬᠥᠮᠦᠵᠢᠯ ᠨᠢ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠣᠯᠭᠠᠨ᠎ᠠ ᠭᠡᠵᠦ ᠲᠣᠳᠣᠷᠬᠠᠶᠢᠯᠠᠪᠠ᠃      2 . ᠬᠡᠷ ᠤᠨ ᠬᠥᠮᠦᠵᠢᠯ ᠢ ᠠᠬᠢᠭᠤᠯᠬᠤ ᠬᠠᠤᠯᠢ ᠨᠢ ᠬᠡᠷ ᠤᠨ ᠬᠥᠮᠦᠵᠢᠯ ᠳᠤ ᠶᠠᠮᠠᠷ ᠨᠥᠯᠥᠭᠡ ᠦᠵᠡᠭᠦᠯᠬᠦ ᠪᠣᠶ︖      ᠬᠡᠷ ᠤᠨ ᠬᠥᠮᠦᠵᠢᠯ ᠢ ᠠᠬᠢᠭᠤᠯᠬᠤ ᠬᠠᠤᠯᠢ ᠶᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠠᠤᠯᠢ ᠠᠴᠠ ᠬᠡᠷ ᠤᠨ ᠠᠬᠠᠮᠠᠳ ᠲᠤ ᠬᠡᠷ ᠤᠨ ᠬᠥᠮᠦᠵᠢᠯ  ︽ᠶᠠᠭᠤ︾᠂ ︽ᠶᠠᠭᠤ ᠬᠢᠬᠦ︾᠂ ︽ᠶᠠᠭᠠᠬᠢᠵᠤ ᠬᠢᠬᠦ︾ ᠶᠢ ᠬᠡᠯᠡᠵᠦ ᠥᠭᠭᠦᠭᠰᠡᠨ ᠢᠶᠠᠷ ᠪᠠᠷᠠᠬᠤ ᠥᠬᠡᠶ ᠬᠡᠷ ᠤᠨ ᠠᠬᠠᠮᠠᠳ ᠠᠴᠠ ᠬᠡᠷ ᠤᠨ ᠬᠥᠮᠦᠵᠢᠯ ᠢ ᠵᠥᠪ ᠬᠡᠷᠡᠭᠵᠢᠭᠦᠯᠬᠦ ᠳᠤ ᠦᠢᠯᠡ ᠠᠵᠢᠯᠯᠠᠭᠠᠨ ᠤ ᠵᠢᠯᠣᠭᠤᠳᠤᠮᠵᠢ ᠬᠠᠩᠭᠠᠪᠠ︔ ᠡᠭᠦᠨ ᠤ ᠬᠠᠮᠲᠤ ᠤᠯᠤᠰ᠂ ᠨᠡᠶᠢᠭᠡᠮ  ᠠᠴᠠ ᠬᠡᠷ ᠤᠨ ᠬᠥᠮᠦᠵᠢᠯ ᠳᠤ ᠵᠢᠯᠣᠭᠤᠳᠣᠯᠭ᠎ᠠ᠂ ᠳᠡᠮᠵᠢᠯᠭᠡ ᠪᠠ ᠦᠢᠯᠡᠴᠢᠯᠡᠭᠡ ᠬᠠᠩᠭᠠᠵᠤ᠂ ᠬᠡᠷ ᠤᠨ ᠠᠬᠠᠮᠠᠳ ᠤᠨ ᠬᠡᠷ ᠤᠨ ᠬᠥᠮᠦᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠬᠠᠪᠰᠤᠷᠤᠯᠭ᠎ᠠ ᠬᠠᠩᠭᠠᠨ᠎ᠠ ᠭᠡᠵᠦ ᠲᠣᠳᠣᠷᠬᠠᠶᠢᠯᠠᠪᠠ᠃      3 . ᠬᠡᠷ ᠤᠨ ᠠᠬᠠᠮᠠᠳ ᠬᠡᠷ ᠤᠨ ᠬᠥᠮᠦᠵᠢᠯ ᠤᠨ ᠲᠠᠯ᠎ᠠ ᠪᠠᠷ ᠶᠠᠮᠠᠷ ᠬᠠᠷᠢᠭᠤᠴᠠᠯᠭ᠎ᠠ ᠡᠭᠦᠷᠭᠡᠯᠡᠪᠡᠯ ᠵᠣᠬᠢᠬᠤ ᠪᠣᠶ︖      ᠡᠴᠢᠭᠡ ᠡᠭᠡ ᠪᠤᠶᠤ ᠪᠤᠰᠤᠳ ᠬᠢᠨᠠᠨ ᠬᠠᠮᠠᠭᠠᠯᠠᠭᠴᠢ ᠭᠡᠷ ᠪᠦᠯᠢ ᠭᠡᠬᠦ ᠠᠩᠬᠠᠳᠠᠭᠴᠢ ᠬᠢᠴᠢᠶᠡᠯ ᠤᠨ ᠲᠠᠩᠬᠢᠮ ᠢ ᠪᠠᠶᠢᠭᠤᠯᠵᠤ᠂ ᠭᠡᠷ ᠤᠨ ᠠᠬᠠᠮᠠᠳ ᠪᠣᠯ ᠠᠩᠬᠠᠳᠠᠭᠴᠢ ᠪᠠᠭᠰᠢ ᠪᠣᠯᠬᠤ ᠬᠠᠷᠢᠭᠤᠴᠠᠯᠭᠠᠲᠤ ᠤᠬᠠᠮᠰᠠᠷ ᠢ ᠪᠤᠢ ᠪᠣᠯᠭᠠᠵᠤ᠂ ᠨᠠᠰᠤᠨ ᠳᠤ ᠦᠯᠤ ᠬᠥᠷᠦᠭᠰᠡᠳ ᠲᠤ ᠭᠡᠷ  ᠤᠨ ᠬᠥᠮᠦᠵᠢᠯ ᠬᠢᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠥᠪ ᠦᠵᠡᠯ ᠰᠠᠨᠠᠭ᠎ᠠ᠂ ᠠᠷᠭ᠎ᠠ ᠪᠠ ᠦᠢᠯᠡ ᠠᠵᠢᠯᠯᠠᠭ᠎ᠠ ᠪᠠᠷ ᠨᠠᠰᠤᠨ ᠳᠤ ᠦᠯᠤ ᠬᠥᠷᠦᠭᠰᠡᠳ ᠢ ᠰᠤᠷᠭᠠᠨ ᠬᠥᠮᠦᠵᠢᠭᠦᠯᠵᠦ ᠰᠠᠶᠢᠨ ᠰᠠᠶᠢᠬᠠᠨ ᠦᠵᠡᠯ ᠰᠠᠨᠠᠭ᠎ᠠ᠂ ᠵᠠᠩ ᠰᠤᠷᠲᠠᠯ ᠪᠠ ᠵᠠᠩ ᠳᠠᠳᠬᠠᠯ ᠲᠠᠢ ᠪᠣᠯᠭᠠᠬᠤ ᠬᠡᠷᠡᠭᠲᠡᠢ᠃ ᠬᠠᠮᠲᠤ ᠠᠮᠢᠳᠤᠷᠠᠵᠤ ᠪᠠᠶᠢᠭ᠎ᠠ ᠢᠷᠭᠡᠨ ᠤ ᠬᠡᠷᠡᠭ ᠤᠨ ᠠᠵᠢᠯᠯᠠᠭᠠᠨ ᠤ ᠪᠦᠷᠢᠨ ᠴᠢᠳᠠᠪᠤᠷᠢ ᠲᠠᠢ ᠭᠡᠷ ᠪᠦᠯᠢ ᠶᠢᠨ ᠪᠤᠰᠤᠳ ᠪᠦᠷᠢᠯᠳᠦᠬᠦᠨ ᠨᠢ ᠨᠠᠰᠤᠨ ᠳᠤ ᠦᠯᠤ ᠬᠥᠷᠦᠭᠰᠡᠳ ᠤᠨ ᠡᠴᠢᠭᠡ ᠡᠭᠡ ᠪᠤᠶᠤ ᠪᠤᠰᠤᠳ ᠬᠢᠨᠠᠨ ᠬᠠᠮᠠᠭᠠᠯᠠᠭᠴᠢ ᠲᠠᠢ ᠬᠠᠮᠵᠢᠯᠴᠠᠨ ᠭᠡᠷ ᠤᠨ ᠬᠥᠮᠦᠵᠢᠯ ᠬᠢᠬᠦ ᠬᠡᠷᠡᠭᠲᠡᠢ᠃      ᠡᠴᠢᠭᠡ ᠡᠬᠡ ᠨᠢ ᠰᠠᠯᠵᠤ ᠰᠠᠭᠤᠭᠰᠠᠨ ᠪᠤᠶᠤ ᠣᠷᠤᠭ ᠰᠠᠯᠤᠭᠰᠠᠨ ᠴᠤ ᠬᠠᠷᠢᠯᠴᠠᠨ ᠬᠠᠮᠵᠢᠵᠤ ᠬᠡᠷ ᠤᠨ ᠬᠥᠮᠦᠵᠢᠯ ᠤᠨ ᠬᠠᠷᠢᠭᠤᠴᠠᠯᠭ᠎ᠠ ᠶᠢ  ᠭᠦᠢᠴᠡᠳᠭᠡᠬᠦ ᠬᠡᠷᠡᠭᠲᠡᠶ᠂ ᠠᠯᠢ ᠨᠢᠭᠡ ᠲᠠᠯ᠎ᠠ ᠨᠢ ᠴᠦ ᠭᠡᠳ ᠭᠦᠢᠴᠡᠳᠭᠡᠬᠦ ᠶᠢ ᠲᠡᠪᠴᠢᠬᠦ ᠪᠤᠶᠤ ᠬᠤᠶᠢᠷᠭᠤᠰᠢᠵᠤ ᠪᠣᠯᠬᠤ ᠥᠬᠡᠶ︔ ᠬᠠᠤᠯᠢ ᠳᠤ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠨᠦᠬᠦᠭᠡ ᠡᠲᠡᠭᠡᠳ ᠤᠨ ᠢᠶᠠᠨ ᠭᠡᠷ ᠤᠨ ᠬᠥᠮᠦᠵᠢᠯ ᠬᠢᠬᠦ ᠶᠢ ᠬᠠᠷᠰᠢᠯᠠᠵᠤ ᠪᠣᠯᠬᠤ ᠤᠢᠭᠡᠢ᠃ ᠨᠠᠰᠤᠨ ᠳᠤ ᠦᠯᠤ ᠬᠥᠷᠦᠭᠰᠡᠳ ᠢ ᠬᠠᠤᠯᠢ ᠶᠣᠰᠤ ᠪᠠᠷ ᠪᠤᠰᠤᠳ ᠲᠤ ᠨᠠᠶᠢᠳᠠᠵᠤ ᠠᠰᠠᠷᠠᠨ ᠬᠠᠷᠠᠭᠠᠯᠵᠠᠭᠤᠯᠤᠭᠰᠠᠨ ᠪᠣᠯ ᠨᠠᠰᠤᠨ ᠳᠤ ᠦᠯᠤ ᠬᠥᠷᠦᠭᠰᠡᠳ ᠤᠨ ᠰᠤᠷᠤᠯᠭ᠎ᠠ᠂ ᠠᠮᠢᠳᠤᠷᠠᠯ ᠤᠨ ᠪᠠᠶᠢᠳᠠᠯ ᠪᠠ ᠰᠡᠳᠬᠢᠴᠡ ᠶᠢᠨ ᠪᠠᠶᠢᠳᠠᠯ ᠢ ᠲᠣᠭᠲᠠᠮᠠᠯ ᠬᠤᠭᠤᠴᠠᠭᠠᠲᠠᠢ ᠣᠶᠢᠯᠠᠭᠠᠵᠤ᠂ ᠨᠠᠶᠢᠳᠠᠭᠳᠠᠭᠴᠢ ᠲᠠᠢ ᠬᠠᠮᠲᠤ ᠪᠠᠷ ᠭᠡᠷ ᠤᠨ ᠬᠥᠮᠦᠵᠢᠯ ᠤᠨ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃      4 . ᠬᠡᠷ ᠤᠨ ᠬᠥᠮᠦᠵᠢᠯ ᠳᠤ ᠶᠠᠮᠠᠷ ᠠᠭᠤᠯᠭ᠎ᠠ ᠶᠢ ᠵᠢᠭᠠᠬᠤ ᠬᠡᠷᠡᠭᠲᠡᠶ ᠪᠣᠶ      ᠬᠡᠷ ᠤᠨ ᠬᠥᠮᠦᠵᠢᠯ ᠤᠨ ᠠᠭᠤᠯᠭ᠎ᠠ ᠨᠢ ᠣᠯᠠᠨ ᠲᠠᠯ᠎ᠠ ᠳᠤ ᠬᠤᠯᠪᠣᠭᠳᠠᠵᠤ᠂ ᠬᠠᠤᠯᠢ ᠳᠤ ᠬᠡᠳᠦᠨ ᠵᠦᠢᠯ ᠤᠨ ᠬᠥᠲᠥᠯᠥᠨ ᠵᠢᠯᠣᠭᠤᠳᠬᠤ ᠲᠣᠭᠲᠠᠭᠠᠯ ᠭᠠᠷᠭᠠᠵᠠᠶ᠂ ᠡᠭᠦᠨ ᠳᠤ ᠭᠤᠤᠯᠳᠠᠭᠤ᠄ ᠨᠢᠭᠡ ᠳᠤ᠂ ᠨᠠᠰᠤᠨ ᠳᠤ ᠥᠯᠥ ᠭᠦᠷᠦᠭᠰᠡᠳ ᠢ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠬᠠᠮᠲᠤ ᠨᠡᠶᠢᠲᠡ ᠪᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ ᠪᠣᠯᠭᠠᠨ ᠬᠥᠮᠦᠵᠢᠭᠦᠯᠵᠦ᠂ ᠤᠯᠤᠰ ᠣᠷᠣᠨ ᠤ ᠨᠢᠭᠡᠳᠦᠯ ᠢ ᠬᠠᠮᠠᠭᠠᠯᠠᠬᠤ ᠦᠵᠡᠯᠲᠡ ᠶᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠯᠤᠰ ᠣᠷᠣᠨ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠦᠨ᠎ᠡ︔ ᠬᠤᠶᠠᠷ ᠲᠤ᠂ ᠨᠠᠰᠤᠨ ᠳᠤ ᠥᠯᠥ ᠭᠦᠷᠦᠭᠰᠡᠳ ᠢ ᠶᠣᠰᠣ ᠮᠣᠷᠠᠯ ᠢ ᠡᠷᠬᠢᠮᠯᠡᠨ ᠰᠡᠳᠬᠢᠯ ᠴᠠᠶᠢᠯᠭᠠᠨ ᠪᠠᠶᠢᠬᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠬᠡᠷ ᠪᠦᠯᠢ ᠪᠠᠨ ᠬᠠᠶᠢᠷᠠᠯᠠᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠪᠦᠯᠬᠦᠮᠳᠡᠨ ᠬᠠᠪᠰᠤᠷᠤᠯᠴᠠᠬᠤ᠂ ᠦᠨᠡᠨᠴᠢ ᠢᠲᠡᠭᠡᠮᠵᠢᠲᠡᠶ ᠨᠥᠬᠦᠷᠰᠡᠭ ᠪᠠᠶᠢᠬᠤ᠂ ᠬᠠᠤᠯᠢ ᠰᠠᠬᠢᠯᠭ᠎ᠠ ᠶᠢ ᠵᠢᠷᠤᠮᠯᠠᠬᠤ ᠪᠣᠯᠭᠠᠨ ᠬᠥᠮᠦᠵᠢᠭᠦᠯᠵᠦ᠂ ᠲᠡᠳᠡᠨ ᠤ ᠨᠡᠶᠢᠭᠡᠮ ᠨᠡᠶᠢᠲᠡ ᠶᠢᠨ ᠰᠠᠶᠢᠨ ᠰᠠᠶᠢᠬᠠᠨ ᠶᠣᠰᠣ ᠮᠣᠷᠠᠯ᠂ ᠬᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ᠂ ᠬᠤᠪᠢ ᠬᠥᠮᠦᠨ ᠤ ᠵᠠᠩ ᠮᠣᠷᠠᠯ ᠤᠨ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠬᠥᠮᠦᠵᠢᠭᠦᠯᠦᠨ᠎ᠡ︔ ᠭᠤᠷᠪᠠ ᠳᠤ᠂ ᠨᠠᠰᠤᠨ ᠳᠤ ᠥᠯᠥ ᠭᠦᠷᠦᠭᠰᠡᠳ ᠢ ᠬᠠᠪᠰᠤᠷᠤᠨ ᠴᠢᠳᠠᠪᠤᠷᠢᠲᠠᠨ ᠪᠣᠯᠬᠤ ᠵᠥᠪ ᠦᠵᠡᠯᠲᠡ ᠶᠢ ᠪᠣᠶ ᠪᠣᠯᠭᠠᠵᠤ᠂ ᠲᠡᠳᠡᠨ ᠤ ᠥᠷᠭᠡᠨ ᠳᠡᠯᠭᠡᠷ ᠳᠤᠷ᠎ᠠ ᠰᠣᠨᠢᠷᠬᠠᠯ᠂ ᠡᠷᠡᠭᠦᠯ ᠴᠢᠭᠢᠷᠠᠭ ᠭᠤᠸ᠎ᠠ ᠲᠠᠭᠠᠰᠢᠶᠠᠯ ᠤᠨ ᠬᠥᠭᠡᠭᠡᠴᠡᠯᠳᠦᠯ ᠪᠠ ᠰᠠᠶᠢᠨ ᠰᠠᠶᠢᠬᠠᠨ ᠰᠤᠷᠤᠯᠴᠠᠬᠤ ᠳᠠᠳᠬᠠᠯ ᠢ ᠬᠥᠮᠦᠵᠢᠭᠦᠯᠬᠦ ᠶᠢ ᠬᠥᠲᠥᠯᠦᠨ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠬᠠᠶᠢᠨ ᠰᠦᠪᠡᠭᠴᠢᠯᠡᠬᠦ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠤᠬᠠᠮᠰᠠᠷ ᠪᠠ ᠴᠢᠳᠠᠪᠤᠷᠢ ᠶᠢ ᠨᠢ ᠴᠢᠩᠭᠠᠷᠠᠭᠤᠯᠤᠨ᠎ᠠ︔ ᠳᠥᠷᠪᠡ ᠳᠤ᠂ ᠨᠠᠰᠤᠨ ᠳᠤ ᠥᠯᠥ ᠭᠦᠷᠦᠭᠰᠡᠳ ᠤᠨ ᠰᠢᠮ᠎ᠡ ᠲᠡᠵᠢᠭᠡᠯ ᠲᠡᠩᠴᠡᠭᠦᠷᠢᠲᠡᠶ᠂ ᠰᠢᠨᠵᠢᠯᠡᠬᠦ ᠤᠬᠠᠭᠠᠨᠴᠢ ᠪᠠᠷ ᠬᠥᠳᠡᠯᠭᠡᠭᠡᠨ ᠬᠢᠬᠦ᠂ ᠭᠦᠢᠴᠡᠳ ᠤᠨᠲᠠᠬᠤ᠂ ᠪᠡᠶ᠎ᠡ ᠰᠡᠳᠬᠢᠯ ᠪᠠᠶᠠᠷ ᠬᠥᠷᠲᠡᠢ ᠪᠠᠶᠢᠬᠤ ᠶᠢ ᠪᠠᠲᠤᠯᠠᠵᠤ᠂ ᠲᠡᠳᠡᠨ ᠢ ᠬᠥᠲᠥᠯᠦᠨ ᠵᠢᠯᠣᠭᠤᠳᠴᠤ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠪᠠ ᠦᠢᠯᠡ  ᠠᠵᠢᠯᠯᠠᠭᠠᠨ ᠤ ᠳᠠᠳᠬᠠᠯ ᠲᠠᠢ ᠪᠣᠯᠭᠠᠵᠤ᠂ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠨᠢ ᠠᠬᠢᠭᠤᠯᠤᠨ᠎ᠠ︔ ᠲᠠᠪᠤ ᠳᠤ᠂ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠠᠮᠢ ᠨᠠᠰᠤ ᠪᠠᠨ ᠨᠠᠨᠳᠢᠩᠨᠠᠨ ᠬᠠᠶᠢᠷᠠᠯᠠᠬᠤ ᠬᠥᠮᠥᠵᠢᠯ ᠬᠢᠵᠦ᠂ ᠵᠠᠮ ᠬᠠᠷᠢᠯᠴᠠᠭ᠎ᠠ᠂ ᠰᠦᠯᠵᠢᠶ᠎ᠡ ᠶᠢ ᠵᠥᠪ ᠬᠡᠷᠡᠭᠯᠡᠬᠦ ᠪᠠ ᠳᠣᠷᠣᠮᠵᠢᠯᠠᠯ ᠢ ᠰᠡᠷᠭᠡᠶᠢᠯᠡᠬᠦ᠂ ᠤᠰᠤᠨ ᠤ ᠠᠳᠡᠯ ᠢ ᠰᠡᠷᠭᠡᠶᠢᠯᠡᠬᠦ᠂ ᠮᠡᠬᠡᠯᠡᠯ ᠢ ᠰᠡᠷᠭᠡᠶᠢᠯᠡᠬᠦ᠂ ᠮᠡᠬᠡᠯᠡᠨ ᠬᠤᠳᠠᠯᠳᠤᠬᠤ ᠶᠢ ᠰᠡᠷᠭᠡᠶᠢᠯᠡᠬᠦ᠂ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠵᠡᠷᠭᠡ ᠲᠠᠯ᠎ᠠ ᠶᠢᠨ ᠠᠮᠤᠷ ᠲᠦᠪᠰᠢᠨ ᠤ ᠮᠡᠳᠡᠯᠭᠡ ᠪᠠ ᠤᠷ᠎ᠠ ᠴᠢᠳᠠᠪᠤᠷᠢ ᠶᠢ ᠨᠡᠮᠡᠭᠳᠡᠭᠦᠯᠵᠦ᠂ ᠪᠡᠶ᠎ᠡ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ ᠴᠢᠩᠭᠠᠷᠠᠭᠤᠯᠤᠨ᠎ᠠ︔ ᠵᠢᠷᠭᠤᠭ᠎ᠠ ᠳᠤ᠂ ᠨᠠᠰᠤᠨ ᠳᠤ ᠥᠯᠥ ᠭᠦᠷᠦᠭᠰᠡᠳ ᠢ ᠬᠠᠪᠰᠤᠷᠴᠤ ᠵᠥᠪ ᠬᠥᠳᠡᠯᠮᠦᠷᠢ ᠶᠢᠨ ᠦᠵᠡᠯᠲᠡ ᠶᠢ ᠪᠣᠶ ᠪᠣᠯᠭᠠᠵᠤ᠂ ᠬᠢᠵᠦ ᠳᠡᠶᠢᠯᠬᠦ ᠬᠥᠳᠡᠯᠮᠦᠷᠢ ᠳᠤ ᠣᠷᠣᠯᠴᠠᠭᠤᠯᠵᠤ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠ ᠪᠡᠶ᠎ᠡ ᠪᠠᠨ ᠳᠠᠭᠠᠭᠠᠵᠤ ᠠᠮᠢᠳᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠰᠢᠯᠢᠳᠡᠭ ᠵᠠᠩ ᠰᠤᠷᠲᠠᠯ ᠪᠠ ᠬᠥᠳᠡᠯᠮᠦᠷᠢ ᠳᠤ ᠳᠤᠷᠠᠲᠠᠶ ᠰᠠᠶᠢᠨ ᠳᠠᠳᠬᠠᠯ ᠲᠠᠢ ᠪᠣᠯᠭᠠᠨ᠎ᠠ᠃      5 . ᠬᠡᠷ ᠤᠨ ᠬᠥᠮᠦᠵᠢᠯ ᠬᠢᠬᠦ ᠳᠤ ᠶᠠᠮᠠᠷ ᠠᠷᠭ᠎ᠠ ᠠᠪᠤᠪᠠᠯ ᠵᠣᠬᠢᠬᠤ ᠪᠣᠶ︖      ᠬᠠᠤᠯᠢ ᠳᠤ᠂ ᠨᠠᠰᠤᠨ ᠳᠤ ᠦᠯᠤ ᠬᠥᠷᠦᠭᠰᠡᠳ ᠤᠨ ᠡᠴᠢᠭᠡ ᠡᠭᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠭᠡᠷ ᠤᠨ ᠬᠥᠮᠦᠵᠢᠯ ᠬᠢᠬᠦ ᠳᠤ ᠪᠠᠨ ᠨᠠᠰᠤᠨ ᠳᠤ ᠦᠯᠤ ᠬᠥᠷᠦᠭᠰᠡᠳ ᠤᠨ ᠪᠡᠶ᠎ᠡ ᠮᠠᠬᠠᠪᠣᠳ᠂ ᠰᠡᠳᠬᠢᠴᠡ᠂ ᠤᠶᠤᠨ ᠤ ᠬᠥᠭᠵᠢᠯᠲᠡ ᠶᠢᠨ ᠪᠠᠶᠢᠳᠠᠯ ᠢ ᠠᠩᠬᠠᠷᠴᠤ᠂ ᠭᠡᠷ ᠪᠦᠯᠢ ᠶᠢᠨ ᠬᠤᠯᠪᠤᠭᠳᠠᠬᠤ ᠬᠡᠷᠡᠭ ᠶᠠᠪᠤᠳᠠᠯ ᠳᠤ ᠲᠡᠳᠡᠨ ᠤ ᠣᠷᠣᠯᠴᠠᠬᠤ ᠪᠠ ᠰᠠᠨᠠᠯ ᠳᠤᠷᠠᠳᠬᠤ ᠡᠷᠬᠡ ᠶᠢ ᠬᠦᠨᠳᠦᠳᠬᠡᠬᠦ ᠬᠡᠷᠡᠭᠲᠡᠢ ᠭᠡᠵᠦ ᠲᠣᠭᠲᠠᠭᠠᠵᠠᠢ᠃ ᠭᠡᠷ ᠤᠨ ᠬᠥᠮᠦᠵᠢᠯ ᠬᠢᠬᠦ ᠠᠷᠭ᠎ᠠ ᠶᠢᠨ ᠲᠤᠬᠠᠢ ᠬᠠᠤᠯᠢ ᠳᠤ ᠬᠡᠳᠦᠨ ᠵᠦᠢᠯ ᠤᠨ ᠬᠥᠳᠤᠯᠤᠨ ᠵᠢᠯᠣᠭᠤᠳᠬᠤ ᠲᠣᠭᠲᠠᠭᠠᠯ ᠭᠠᠷᠭᠠᠵᠠᠢ᠃ ᠲᠤᠬᠠᠶᠢᠯᠠᠪᠠᠯ᠂ ︵ᠨᠢᠭᠡ︶ ᠪᠡᠶ᠎ᠡ ᠪᠠᠷ ᠢᠶᠠᠨ ᠥᠰᠬᠡᠨ ᠬᠥᠮᠦᠵᠢᠭᠦᠯᠵᠦ᠂ ᠡᠴᠢᠭᠡ ᠡᠭᠡ ᠨᠢ ᠦᠷ᠎ᠡ ᠬᠡᠦᠬᠡᠳ ᠲᠤ ᠪᠠᠨ ᠬᠠᠨᠢ ᠪᠣᠯᠬᠤ ᠶᠢ ᠴᠢᠩᠭᠠᠳᠬᠠᠨ᠎ᠠ︔ ︵ᠬᠤᠶᠠᠷ︶ ᠬᠠᠮᠲᠤ ᠪᠠᠷ ᠣᠷᠣᠯᠴᠠᠵᠤ᠂ ᠡᠴᠢᠭᠡ ᠡᠭᠡ ᠶᠢᠨ ᠦᠢᠯᠡᠳᠦᠯ ᠢ ᠪᠠᠳᠠᠷᠠᠭᠤᠯᠤᠨ᠎ᠠ︔ ︵ᠭᠤᠷᠪᠠ︶ ᠲᠣᠬᠢᠶᠠᠯ ᠢ ᠦᠵᠡᠨ ᠬᠥᠮᠥᠵᠢᠭᠦᠯᠵᠦ᠂ ᠡᠳᠦᠷ ᠲᠤᠳᠤᠮ ᠤᠨ ᠠᠮᠢᠳᠤᠷᠠᠯ ᠳᠤ ᠬᠥᠮᠦᠵᠢᠯ ᠭᠦᠷᠲᠡᠭᠡᠨ᠎ᠡ︔ ︵ᠲᠦᠷᠪᠡ︶ ᠦᠯᠦ ᠮᠡᠳᠡᠭᠳᠡᠮ᠎ᠡ ᠨᠥᠯᠥᠭᠡᠯᠡᠬᠦ᠂ ᠬᠡᠯᠡᠵᠦ ᠤᠯᠠᠮᠵᠢᠯᠠᠬᠤ ᠪᠠ ᠪᠡᠶ᠎ᠡ ᠪᠠᠷ ᠢᠶᠠᠨ ᠬᠥᠮᠥᠵᠢᠭᠦᠯᠬᠦ ᠶᠢ ᠤᠶᠠᠯᠳᠤᠭᠤᠯᠤᠨ᠎ᠠ︔ ︵ᠲᠠᠪᠤ︶ ᠴᠢᠩᠭ᠎ᠠ ᠪᠠ ᠡᠨᠡᠷᠢᠩᠭᠦᠶ ᠶᠢ ᠤᠶᠠᠯᠳᠤᠭᠤᠯᠵᠤ᠂ ᠬᠠᠯᠠᠮᠵᠢᠯᠠᠵᠤ ᠬᠠᠮᠠᠭᠠᠯᠠᠬᠤ ᠪᠠ ᠴᠢᠩᠭ᠎ᠠ ᠱᠠᠭᠠᠷᠳᠠᠬᠤ ᠶᠢ ᠵᠡᠷᠭᠡ ᠪᠠᠷ ᠴᠢᠬᠤᠯᠠᠴᠢᠯᠠᠨ᠎ᠠ︔ ︵ᠵᠢᠷᠭᠤᠭ᠎ᠠ︶ ᠵᠥᠷᠢᠶ᠎ᠡ ᠶᠢ ᠬᠦᠨᠳᠦᠳᠬᠡᠵᠦ᠂ ᠨᠠᠰᠤ ᠵᠢᠯ ᠪᠠ ᠥᠪᠡᠷᠮᠢᠴᠡ ᠣᠨᠴᠠᠯᠢᠭ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠣᠭᠤᠳᠤᠨ᠎ᠠ︔ ︵ᠲᠤᠯᠤᠭ᠎ᠠ︶ ᠡᠷᠬᠡ ᠲᠡᠭᠰᠢ ᠪᠠᠷ ᠰᠣᠯᠢᠯᠴᠠᠵᠤ᠂ ᠬᠦᠨᠳᠦᠳᠭᠡᠵᠦ ᠣᠶᠢᠯᠠᠭᠠᠵᠤ ᠵᠣᠷᠢᠭᠵᠢᠭᠤᠯᠤᠨ᠎ᠠ︔ ︵ᠨᠠᠢᠮᠠ︶ ᠬᠠᠷᠢᠯᠴᠠᠨ ᠠᠬᠢᠭᠤᠯᠵᠤ᠂ ᠡᠴᠢᠭᠡ ᠡᠭᠡ ᠪᠣᠯᠤᠨ ᠦᠷ᠎ᠡ ᠬᠡᠦᠬᠡᠳ ᠬᠠᠮᠲᠤ ᠪᠠᠷ ᠤᠢᠰᠦᠠ ᠪᠣᠶᠢᠵᠢᠨ᠎ᠠ︔ ︵ᠶᠢᠰᠦ︶ ᠨᠠᠰᠤᠨ ᠳᠤ ᠥᠯᠥ ᠭᠦᠷᠦᠭᠰᠡᠳ ᠤᠨ ᠪᠥᠬᠦ ᠲᠠᠯ᠎ᠠ ᠪᠠᠷ ᠬᠥᠭᠵᠢᠬᠦ᠂ ᠡᠷᠡᠭᠦᠯ ᠢᠶᠠᠷ ᠦᠰᠦᠨ ᠪᠤᠶᠢᠵᠢᠬᠤ ᠳᠤ ᠠᠰᠢᠭᠲᠠᠶ ᠪᠤᠰᠤᠳ ᠠᠷᠭ᠎ᠠ ᠬᠡᠯᠪᠡᠷᠢ ᠪᠠ ᠠᠷᠭ᠎ᠠ ᠮᠠᠶ᠋ᠢᠭ ᠪᠣᠯᠤᠨ᠎ᠠ᠃          6 . ᠬᠡᠷ ᠤᠨ ᠠᠬᠠᠮᠠᠳ ᠬᠡᠦᠬᠡᠳ ᠢᠶᠠᠨ ᠰᠤᠷᠭᠠᠨ ᠬᠥᠮᠦᠵᠢᠭᠦᠯᠬᠦ ᠳᠤ ᠶᠠᠮᠠᠷ ᠠᠵᠢᠯ ᠢ ᠬᠢᠵᠦ ᠪᠣᠯᠬᠤ ᠥᠬᠡᠶ ᠪᠣᠶ︖      ᠨᠠᠰᠤᠨ ᠳᠤ ᠤᠢᠯᠦ ᠬᠦᠷᠦᠭᠰᠡᠦᠠ ᠤᠨ ᠡᠴᠢᠭᠡ ᠡᠭᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠬᠦᠢᠰᠦ᠂ ᠪᠡᠶ᠎ᠡ ᠶᠢᠨ ᠪᠠᠶᠢᠳᠠᠯ᠂ ᠤᠶᠦᠠ ᠤᠬᠠᠭᠠᠨ ᠵᠡᠷᠭᠡ ᠰᠢᠯᠲᠠᠭᠠᠨ ᠠᠴᠠ ᠪᠤᠯᠵᠦ ᠨᠠᠰᠤᠨ ᠳᠤ ᠤᠢᠯᠦ ᠬᠦᠷᠦᠭᠰᠡᠦᠠ ᠢ ᠭᠠᠳᠠᠭᠤᠷᠴᠢᠯᠠᠵᠤ ᠪᠣᠯᠬᠤ ᠤᠢᠭᠡᠢ᠂ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠵᠤ ᠪᠣᠯᠬᠤ ᠤᠢᠭᠡᠢ᠂ ᠨᠠᠰᠤᠨ ᠳᠤ ᠤᠢᠯᠦ ᠬᠦᠷᠦᠭᠰᠡᠦᠠ ᠢ ᠠᠶᠤᠯᠭᠠᠨ ᠰᠦᠷᠳᠡᠭᠦᠯᠵᠦ᠂ ᠥᠳᠥᠭᠡᠨ ᠲᠠᠲᠠᠵᠤ᠂ ᠵᠢᠭᠠᠨ ᠲᠤᠬᠢᠵᠦ᠂ ᠳᠤᠷ᠎ᠠ ᠪᠠᠷ ᠨᠢ ᠲᠠᠯᠪᠢᠵᠤ᠂ ᠠᠰᠢᠭᠯᠠᠵᠤ ᠬᠠᠤᠯᠢ ᠴᠠᠭᠠᠵᠠ ᠪᠠ ᠨᠡᠶᠢᠭᠡᠮ ᠤᠨ ᠶᠣᠰᠤ ᠳᠦᠷᠢᠮ ᠢ ᠵᠥᠷᠢᠴᠡᠬᠦ ᠠᠵᠢᠯᠯᠠᠭ᠎ᠠ ᠶᠢ ᠬᠢᠯᠭᠡᠵᠦ ᠪᠣᠯᠬᠤ ᠤᠢᠭᠡᠢ᠃      7 . ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠠᠬᠤᠶ ᠪᠠᠶᠢᠳᠠᠯ ᠳᠤ ᠬᠡᠷ ᠤᠨ ᠠᠬᠠᠮᠠᠳ ᠶᠠᠭᠠᠬᠢᠵᠤ ᠬᠡᠷ ᠤᠨ ᠬᠥᠮᠦᠵᠢᠯ ᠬᠢᠵᠦ᠂ ᠬᠡᠷ ᠪᠦᠯᠢ ᠪᠠ ᠰᠤᠷᠭᠠᠭᠤᠯᠢ ᠬᠠᠮᠲᠤ ᠪᠠᠷ ᠬᠥᠮᠦᠵᠢᠭᠦᠯᠬᠦ ᠶᠢ ᠠᠬᠢᠭᠤᠯᠬᠤ ᠪᠣᠶ︖      ᠨᠠᠰᠤᠨ ᠳᠤ ᠦᠯᠤ ᠬᠥᠷᠦᠭᠰᠡᠳ ᠤᠨ ᠡᠴᠢᠭᠡ ᠡᠭᠡ ᠪᠤᠶᠤ ᠪᠤᠰᠤᠳ ᠬᠢᠨᠠᠨ ᠬᠠᠮᠠᠭᠠᠯᠠᠭᠴᠢ ᠨᠠᠰᠤᠨ ᠳᠤ ᠦᠯᠤ ᠬᠥᠷᠦᠭᠰᠡᠳ ᠤᠨ ᠰᠤᠷᠤᠯᠴᠠᠬᠤ᠂ ᠠᠮᠠᠷᠠᠬᠤ᠂ ᠵᠤᠭ᠎ᠠ ᠴᠡᠩᠭᠡᠯ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠴᠠᠭ ᠢ ᠵᠦᠢ ᠵᠣᠬᠢᠰᠲᠠᠢ ᠲᠤᠬᠢᠷᠠᠭᠤᠯᠵᠤ᠂ ᠨᠠᠰᠤᠨ ᠳᠤ ᠦᠯᠤ ᠬᠥᠷᠦᠭᠰᠡᠳ ᠤᠨ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠬᠦ ᠠᠴᠠ ᠵᠠᠶᠢᠯᠠᠰᠬᠢᠵᠦ᠂ ᠨᠠᠰᠤᠨ ᠳᠤ ᠦᠯᠤ ᠬᠥᠷᠦᠭᠰᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠬᠡᠷᠡᠭᠲᠡᠢ᠃      8 . ᠭᠡᠷ ᠤᠨ ᠬᠥᠮᠦᠵᠢᠯ ᠬᠢᠬᠦ ᠴᠢᠳᠠᠪᠤᠷᠢ ᠶᠢ ᠬᠡᠷᠬᠢᠨ ᠳᠡᠭᠡᠭᠰᠢᠯᠡᠭᠦᠯᠬᠦ ᠪᠤᠢ︖ ᠬᠡᠦᠬᠡᠳ ᠢᠶᠠᠨ ᠶᠠᠭᠠᠬᠢᠵᠤ ᠬᠥᠮᠥᠵᠢᠭᠦᠯᠬᠦ ᠶᠢ ᠮᠡᠳᠡᠬᠦ ᠦᠭᠡᠢ ᠭᠡᠷ ᠤᠨ ᠠᠬᠠᠮᠠᠳ ᠶᠠᠮᠠᠷ ᠳᠡᠮᠵᠢᠯᠭᠡ ᠭᠤᠶᠤᠴᠢᠯᠠᠵᠤ ᠪᠣᠯᠬᠤ ᠪᠣᠢ︖      ᠨᠠᠰᠤᠨ ᠳᠤ ᠦᠯᠤ ᠬᠥᠷᠦᠭᠰᠡᠳ ᠤᠨ ᠡᠴᠢᠭᠡ ᠡᠭᠡ ᠪᠤᠶᠤ ᠪᠤᠰᠤᠳ ᠬᠢᠨᠠᠨ ᠬᠠᠮᠠᠭᠠᠯᠠᠭᠴᠢ ᠵᠥᠪ ᠭᠡᠷ ᠤᠨ ᠬᠥᠮᠦᠵᠢᠯ ᠤᠨ ᠣᠨᠣᠯᠵᠢᠬᠤᠨ ᠢ ᠪᠤᠢ ᠪᠣᠯᠭᠠᠵᠤ᠂ ᠭᠡᠷ ᠤᠨ ᠬᠥᠮᠦᠵᠢᠯ ᠤᠨ ᠮᠡᠳᠡᠯᠭᠡ ᠶᠢ ᠤᠬᠠᠮᠰᠠᠷ ᠠᠴᠠ ᠪᠠᠨ ᠰᠤᠷᠤᠯᠴᠠᠵᠤ᠂ ᠵᠢᠷᠮᠦᠰᠦᠨ ᠬᠤᠭᠤᠴᠠᠭ᠎ᠠ ᠪᠠ ᠨᠠᠰᠤᠨ ᠳᠤ ᠦᠯᠤ ᠬᠥᠷᠦᠭᠰᠡᠳ ᠨᠢᠯᠬᠠᠰ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠳᠤ ᠣᠷᠣᠬᠤ ᠵᠡᠷᠭᠡ ᠵᠠᠩᠭᠢᠯᠠᠭ᠎ᠠ ᠶᠢᠨ ᠴᠠᠭ ᠦᠶ᠎ᠡ ᠳᠤ ᠬᠠᠨᠳᠤᠯᠭᠠᠲᠠᠢ ᠰᠤᠷᠤᠯᠴᠠᠵᠤ᠂ ᠭᠡᠷ ᠤᠨ ᠬᠥᠮᠦᠵᠢᠯ ᠬᠢᠬᠦ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠵᠦ᠂ ᠭᠡᠷ ᠤᠨ ᠬᠥᠮᠦᠵᠢᠯ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠢᠯᠬᠠᠰ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠲᠠᠢ ᠨᠢᠭᠲᠠ ᠬᠠᠮᠵᠢᠯᠴᠠᠨ᠂ ᠲᠡᠳᠡᠨ ᠤ ᠬᠠᠩᠭᠠᠭᠰᠠᠨ ᠨᠡᠶᠢᠲᠡ ᠶᠢᠨ ᠠᠰᠠᠷᠠᠮᠵᠢᠲᠤ ᠭᠡᠷ ᠤᠨ ᠬᠥᠮᠦᠵᠢᠯ ᠤᠨ ᠵᠢᠯᠤᠭᠤᠳᠤᠯᠭ᠎ᠠ ᠪᠠ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃      ᠤᠯᠤᠰ ᠪᠠ ᠨᠡᠶᠢᠭᠡᠮ ᠠᠴᠠ ᠭᠡᠷ ᠤᠨ ᠬᠥᠮᠦᠵᠢᠯ ᠳᠤ ᠵᠢᠯᠤᠭᠤᠳᠤᠯᠭ᠎ᠠ᠂ ᠳᠡᠮᠵᠢᠯᠭᠡ ᠪᠠ ᠦᠢᠯᠡᠴᠢᠯᠡᠭᠡ ᠬᠠᠩᠭᠠᠨ᠎ᠠ᠃ ᠬᠡᠷ ᠤᠨ ᠠᠬᠠᠮᠠᠳ  ᠬᠡᠷ ᠤᠨ ᠬᠥᠮᠦᠵᠢᠯ ᠬᠢᠬᠦ ᠳᠤ ᠬᠦᠴᠢᠷᠳᠡᠯ ᠲᠤᠯᠭᠠᠷᠠᠪᠠᠯ᠂ ᠬᠡᠷ ᠤᠨ ᠬᠥᠮᠦᠵᠢᠯ ᠢ ᠵᠢᠭᠠᠨ ᠵᠢᠯᠣᠭᠤᠳᠬᠤ ᠪᠠᠶᠢᠭᠤᠯᠤᠮᠵᠢ᠂ ᠬᠡᠷ ᠤᠨ ᠠᠬᠠᠮᠠᠳ ᠤᠨ ᠰᠤᠷᠭᠠᠭᠤᠯᠢ᠂ ᠦᠢᠯᠡᠴᠢᠯᠡᠬᠦ ᠤᠲᠠᠰᠤ ᠵᠡᠷᠭᠡ ᠠᠴᠠ ᠲᠤᠰᠠᠯᠠᠮᠵᠢ ᠭᠤᠶᠤᠵᠤ ᠪᠣᠯᠤᠨ᠎ᠠ᠃ ᠡᠲᠡᠭᠡᠷ ᠦᠢᠯᠡᠴᠢᠯᠡᠭᠡ ᠨᠢ ᠴᠥᠮ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠳᠭᠦᠨ ᠳᠤ ᠲᠣᠭᠠᠴᠠᠭᠳᠠᠨ᠎ᠠ᠃      ᠬᠡᠷ ᠤᠨ ᠠᠬᠠᠮᠠᠳ ᠪᠠᠰᠠ ᠣᠷᠤᠭ ᠳᠠᠩᠰᠠᠯᠠᠬᠤ ᠪᠠᠶᠢᠭᠤᠯᠤᠮᠵᠢ᠂ ᠡᠮ ᠡᠮᠨᠡᠯᠭᠡ ᠡᠷᠡᠭᠦᠯᠵᠢᠯ ᠤᠨ ᠪᠠᠶᠢᠭᠤᠯᠤᠮᠵᠢ᠂ ᠨᠣᠮ ᠤᠨ ᠰᠠᠩ᠂ ᠮᠦᠽᠧᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠵᠠᠯᠠᠭᠤᠴᠤᠳ ᠪᠠᠭᠠᠴᠤᠳ ᠤᠨ ᠣᠷᠳᠣᠨ᠂ ᠬᠡᠦᠬᠡᠳ ᠤᠨ ᠠᠵᠢᠯᠯᠠᠭᠠᠨ ᠤ ᠲᠥᠪ ᠵᠡᠷᠭᠡ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠠᠴᠠ ᠬᠠᠩᠭᠠᠭᠰᠠᠨ ᠨᠡᠶᠢᠲᠡ ᠶᠢᠨ ᠠᠰᠠᠷᠠᠮᠵᠢᠲᠤ ᠬᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠶᠢ ᠠᠩᠬᠠᠷᠬᠤ ᠬᠡᠷᠡᠭᠲᠡᠢ᠃      9. ᠭᠡᠷ ᠲᠤ ᠪᠠᠨ ᠦᠯᠡᠳᠡᠭᠰᠡᠨ ᠨᠠᠰᠤᠨ ᠳᠤ ᠥᠯᠦ ᠬᠦᠷᠦᠭᠰᠡᠳ᠂ ᠬᠦᠴᠢᠷᠳᠡᠯᠲᠡᠢ ᠨᠠᠰᠤᠨ ᠳᠤ ᠥᠯᠦ ᠬᠦᠷᠦᠭᠰᠡᠳ ᠤᠨ ᠭᠡᠷ ᠤᠨ ᠠᠬᠠᠮᠠᠳ ᠭᠡᠷ ᠤᠨ ᠬᠥᠮᠥᠵᠢᠯ ᠢ ᠬᠡᠷᠡᠭᠵᠢᠭᠦᠯᠬᠦ ᠳᠤ ᠶᠠᠮᠠᠷ ᠬᠠᠪᠰᠤᠷᠤᠯᠭ᠎ᠠ ᠭᠦᠷᠲᠡᠬᠦ    ᠪᠣᠢ︖      ᠬᠡᠷ ᠤᠨ ᠬᠥᠮᠦᠵᠢᠯ ᠢ ᠠᠬᠢᠭᠤᠯᠬᠤ ᠬᠠᠤᠯᠢ ᠳᠤ ᠬᠡᠷ ᠲᠤ ᠪᠠᠨ ᠦᠯᠡᠳᠡᠭᠰᠡᠨ ᠨᠠᠰᠤᠨ ᠳᠤ ᠥᠯᠥ ᠭᠦᠷᠦᠭᠰᠡᠳ ᠤᠨ ᠬᠦᠴᠢᠷᠳᠡᠯ ᠢ ᠣᠨᠴᠠᠭᠠᠶᠢᠯᠠᠨ ᠠᠩᠬᠠᠷᠴᠤ᠂ ᠬᠠᠨᠳᠤᠯᠭᠠᠲᠠᠢ ᠲᠣᠭᠲᠠᠭᠠᠯ ᠭᠠᠷᠭᠠᠪᠠ᠃ ᠨᠢᠭᠡ ᠲᠠᠯ᠎ᠠ ᠪᠠᠷ᠂ ᠲᠣᠭᠤᠷᠢᠭ ᠪᠠᠶᠢᠭᠤᠯᠤᠭᠰᠠᠨ ᠬᠤᠲᠠ᠂ ᠰᠢᠶᠠᠨ᠂ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨ ᠲᠤᠬᠠᠶ ᠶᠢᠨ ᠭᠠᠵᠠᠷ ᠤᠨ ᠪᠣᠳᠠᠲᠠᠶ ᠲᠠᠢ ᠤᠶᠠᠯᠳᠤᠭᠤᠯᠤᠨ ᠠᠷᠭ᠎ᠠ ᠬᠡᠮᠵᠢᠶ᠎ᠡ ᠠᠪᠴᠤ᠂ ᠬᠡᠷ ᠲᠤ ᠪᠠᠨ ᠦᠯᠡᠳᠡᠭᠰᠡᠨ ᠨᠠᠰᠤᠨ ᠳᠤ ᠥᠯᠥ ᠭᠦᠷᠦᠭᠰᠡᠳ ᠪᠠ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠤᠨ ᠬᠡᠷ ᠪᠦᠯᠢ ᠳᠤ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠵᠤ᠂ ᠠᠮᠢᠳᠤᠷᠠᠯ ᠤᠨ ᠲᠠᠯ᠎ᠠ  ᠪᠠᠷ ᠬᠠᠪᠰᠤᠷᠤᠨ ᠲᠡᠳᠬᠦᠬᠦ᠂ ᠦᠢᠯᠡᠰ ᠪᠣᠰᠠᠬᠵᠤ ᠠᠵᠢᠯ ᠣᠯᠭᠤᠬᠤ ᠶᠢ ᠳᠡᠮᠵᠢᠬᠦ ᠵᠡᠷᠭᠡ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠬᠠᠩᠭᠠᠵᠤ᠂ ᠬᠡᠷ ᠲᠤ ᠪᠠᠨ ᠦᠯᠡᠳᠡᠭᠰᠡᠨ ᠨᠠᠰᠤᠨ ᠳᠤ ᠥᠯᠥ ᠭᠦᠷᠦᠭᠰᠡᠳ ᠪᠠ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠬᠡᠷ ᠤᠨ ᠬᠥᠮᠦᠵᠢᠯ ᠢ ᠬᠡᠷᠡᠭᠵᠢᠭᠦᠯᠬᠦ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ᠨᠥᠭᠦᠭᠡ ᠲᠠᠯ᠎ᠠ ᠪᠠᠷ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠬᠠᠨᠳᠤᠯᠭᠠᠲᠤ ᠠᠷᠭ᠎ᠠ ᠬᠡᠮᠵᠢᠶ᠎ᠡ ᠠᠪᠴᠤ ᠬᠡᠷ ᠲᠤ ᠪᠠᠨ ᠦᠯᠡᠳᠡᠭᠰᠡᠨ ᠨᠠᠰᠤᠨ ᠳᠤ ᠥᠯᠥ ᠭᠦᠷᠦᠭᠰᠡᠳ ᠪᠠ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠳᠤ ᠬᠡᠷ ᠤᠨ ᠬᠥᠮᠦᠵᠢᠯ ᠢ ᠭᠦᠷᠳᠡᠭᠡᠬᠦ ᠦᠢᠯᠡᠴᠢᠯᠡᠭᠡ ᠬᠠᠩᠭᠠᠵᠤ᠂ ᠲᠡᠳᠡᠨ ᠢ ᠬᠥᠲᠥᠯᠦᠨ ᠵᠢᠯᠣᠭᠤᠳᠴᠤ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠠᠶᠢᠳᠠᠯ ᠢ ᠢᠳᠡᠪᠬᠢᠲᠡᠶ ᠠᠩᠬᠠᠷᠤᠭᠤᠯᠵᠤ᠂ ᠲᠥᠷᠥᠯ ᠰᠠᠳᠤᠨ ᠤ ᠬᠠᠶᠢᠷ᠎ᠠ ᠬᠠᠯᠠᠮᠵᠢ ᠶᠢ ᠨᠢ ᠴᠢᠩᠭᠠᠳᠬᠠᠨ᠎ᠠ᠃      10 . ᠬᠡᠷ ᠤᠨ ᠠᠬᠠᠮᠠᠳ ᠬᠡᠷ ᠤᠨ ᠬᠥᠮᠦᠵᠢᠯ ᠤᠨ ᠬᠠᠷᠢᠭᠤᠴᠠᠯᠭ᠎ᠠ ᠪᠠᠨ ᠬᠠᠤᠯᠢ ᠶᠣᠰᠤ ᠪᠠᠷ ᠭᠦᠢᠴᠡᠳᠭᠡᠬᠦ ᠥᠬᠡᠶ ᠪᠣᠯ ᠶᠠᠮᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠣᠶ︖      ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠬᠡᠷ ᠤᠨ ᠬᠥᠮᠦᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠲᠡᠪᠴᠢᠭᠰᠡᠨ᠂ ᠬᠤᠶᠢᠷᠭᠤᠰᠢᠭᠰᠠᠨ᠂ ᠡᠰᠡᠬᠦᠯ᠎ᠡ ᠪᠤᠰᠤᠳ ᠬᠢᠨᠠᠨ ᠬᠠᠮᠠᠭᠠᠯᠠᠭᠴᠢ ᠶᠢᠨ ᠬᠡᠷ ᠤᠨ ᠬᠥᠮᠦᠵᠢᠯ ᠬᠢᠬᠦ ᠶᠢ ᠬᠠᠤᠯᠢ ᠪᠤᠰᠤ ᠪᠠᠷ ᠬᠠᠷᠰᠢᠯᠠᠭᠰᠠᠨ ᠪᠣᠯ ᠠᠰᠢᠭ ᠥᠬᠡᠶ ᠦᠷ᠎ᠡ ᠤᠷᠰᠢᠭ ᠢ ᠡᠭᠦᠷᠭᠡᠯᠡᠭᠦᠯᠵᠦ᠂ ᠰᠢᠭᠦᠮᠵᠢᠯᠡᠨ ᠰᠤᠷᠭᠠᠵᠤ᠂ ᠢᠳᠬᠠᠨ  ᠬᠤᠷᠢᠭᠯᠠᠵᠤ᠂ ᠴᠢᠬᠤᠯᠠᠲᠠᠶ ᠦᠶ᠎ᠡ ᠳᠤ ᠬᠡᠷ ᠤᠨ ᠬᠥᠮᠦᠵᠢᠯ ᠤᠨ ᠵᠢᠯᠣᠭᠤᠳᠣᠯᠭ᠎ᠠ ᠭᠥᠷᠳᠡᠬᠦ ᠶᠢ ᠱᠠᠭᠠᠷᠳᠠᠨ᠎ᠠ︔ ᠭᠡᠷ ᠤᠨ ᠬᠥᠮᠦᠵᠢᠯ ᠤᠨ ᠶᠠᠪᠤᠴᠠ ᠳᠤ ᠨᠠᠰᠤᠨ ᠳᠤ ᠦᠯᠦ ᠬᠦᠷᠦᠭᠰᠡᠳ ᠲᠤ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠤᠭᠰᠠᠨ ᠪᠣᠯ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠵᠡᠷᠭᠡ ᠬᠠᠤᠯᠢ ᠴᠠᠭᠠᠵᠠ ᠶᠢᠨ ᠲᠣᠭᠲᠠᠭᠠᠯ ᠶᠣᠰᠤ ᠪᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠳᠣᠲᠣᠭᠠᠳᠤ ᠶᠢ ᠬᠠᠮᠠᠭᠠᠯᠠᠬᠤ ᠳᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠨᠠᠰᠤᠨ ᠳᠤ ᠥᠯᠥ ᠭᠦᠷᠦᠭᠰᠡᠳ ᠲᠤ ᠬᠦᠨᠳᠦ ᠨᠣᠴᠢᠲᠠᠶ ᠮᠠᠭᠤ ᠦᠢᠯᠡ ᠠᠵᠢᠯᠯᠠᠭ᠎ᠠ ᠣᠷᠣᠰᠢᠵᠤ ᠪᠠᠶᠢᠬᠤ ᠪᠤᠶᠤ ᠶᠠᠯᠠᠲᠤ ᠠᠵᠢᠯᠯᠠᠭ᠎ᠠ ᠬᠢᠵᠦ ᠪᠠᠶᠢᠬᠤ ᠶᠢ ᠣᠯᠵᠤ ᠮᠡᠳᠡᠭᠰᠡᠨ᠂ ᠡᠰᠡᠬᠦᠯ᠎ᠡ ᠨᠠᠰᠤᠨ ᠳᠤ ᠥᠯᠥ ᠭᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠬᠡᠷ ᠤᠨ ᠬᠥᠮᠦᠵᠢᠯ ᠢ ᠵᠥᠪ ᠢᠶᠠᠷ ᠬᠡᠷᠡᠭᠵᠢᠭᠦᠯᠦᠭᠰᠡᠨ ᠥᠬᠡᠶ ᠠᠴᠠ ᠪᠣᠯᠵᠣ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠣᠯ ᠬᠡᠷ ᠤᠨ ᠠᠬᠠᠮᠠᠳ ᠢ ᠵᠠᠷᠯᠢᠭᠳᠠᠵᠤ ᠬᠡᠷ ᠤᠨ ᠬᠥᠮᠦᠵᠢᠯ ᠤᠨ ᠵᠢᠯᠣᠭᠤᠳᠣᠯᠭ᠎ᠠ ᠭᠦᠷᠲᠡᠭᠡᠨ᠎ᠡ᠃          ᠪᠥᠬᠦ ᠤᠯᠤᠰ ᠤᠨ ᠡᠮᠡᠭᠲᠠᠶᠢᠴᠤᠳ ᠤᠨ ᠬᠤᠯᠪᠤᠭᠠᠲᠤ ᠬᠤᠷᠠᠯ ᠤᠨ          ᠭᠡᠷ ᠪᠥᠯᠢ ᠪᠠ ᠬᠡᠦᠬᠡᠳ ᠤᠨ ᠠᠵᠢᠯ ᠤᠨ ᠬᠡᠯᠲᠡᠰ          ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号