| | ︽2022 ᠣᠨ ᠤ ᠡᠩ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ | ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠪᠠᠷ ᠰᠣᠷᠣᠭᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠶ ᠰᠤᠷᠭᠠᠨ | ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠰᠤᠷᠭᠠᠨ ᠡᠷᠳᠡᠮ ᠤᠨ ᠴᠤᠯᠠ ᠠᠯᠪᠠᠨ ᠲᠢᠩᠬᠢᠮ | ﹇2021﹈ 8 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ 2022 ᠣᠨ ᠤ ᠪᠥᠬᠦ ᠣᠷᠣᠨ ᠤ | ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠲᠠᠰ ᠤᠨ ᠡᠬᠢᠯᠡᠯᠲᠡ ᠶᠢᠨ | ᠴᠡᠭ ᠠᠴᠠ ᠦᠨᠳᠦᠰᠦᠨ ᠠᠩᠭᠢ ᠳᠤ ᠳᠡᠪᠰᠢᠬᠦ ᠰᠤᠷᠭᠠᠨ ᠬᠥᠮᠦᠵᠢᠯ ︵ᠳᠣᠷᠣᠭᠰᠢ ︽ᠲᠤᠰᠬᠠᠶ ᠮᠡᠷᠭᠡᠵᠢᠯ ᠤᠨ | ᠠᠩᠭᠢ ᠠᠴᠠ ᠦᠨᠳᠦᠰᠦᠨ ᠠᠩᠭᠢ ᠳᠤ ᠳᠡᠪᠰᠢᠬᠦ︾ ᠭᠡᠵᠦ ᠳᠦᠭᠦᠮᠴᠢᠯᠡᠨ᠎ᠡ︶ ᠤᠨ ᠰᠢᠯᠭᠠᠯᠲᠠ ᠪᠠᠷ ᠰᠣᠷᠣᠭᠴᠢ | ᠡᠯᠰᠡᠬᠦ ᠠᠵᠢᠯ ᠢ ᠰᠠᠶᠢᠲᠤᠷ ᠬᠢᠬᠦ ᠶᠢᠨ ᠲᠥᠯᠦᠭᠡ᠂ ᠮᠠᠨ ᠤ ᠣᠷᠣᠨ ︽2022 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ | ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠪᠠᠷ ᠰᠣᠷᠣᠭᠴᠢ ᠡᠯᠰᠡᠬᠦ ᠠᠵᠢᠯ ᠤᠨ ᠲᠥᠰᠦᠯ︾ | ︵ᠥᠪᠥᠷ ᠰᠤᠷᠭᠠᠨ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ | ᠬᠤᠯᠪᠤᠭᠳᠠᠬᠤ ᠠᠭᠤᠯᠭ᠎ᠠ ᠳᠤ ᠲᠠᠶᠢᠯᠤᠮᠵᠢ ᠬᠢᠶ᠎ᠡ᠃ ᠬᠠᠮᠲᠤ ᠳᠤ ᠪᠠᠨ ᠦᠵᠡᠵᠡᠭᠡᠶ᠎ᠡ︕ | | ᠨᠢᠭᠡ᠂ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠨᠢᠭᠡᠳᠦᠯᠲᠡᠶ | ᠰᠢᠯᠭᠠᠯᠲᠠ ᠪᠠᠷ ᠰᠣᠷᠣᠭᠴᠢ ᠡᠯᠰᠡᠬᠦ ᠠᠵᠢᠯ ᠤᠨ ᠠᠬᠤᠶ ᠪᠠᠶᠢᠳᠠᠯ ᠨᠢ ᠶᠠᠭᠤ ᠪᠣᠶ︖ | | ᠣᠶᠢᠷ᠎ᠠ ᠶᠢᠨ ᠵᠢᠯ᠂ ᠤᠯᠤᠰ ᠠᠴᠠ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ | ᠰᠣᠷᠣᠭᠴᠢ ᠡᠯᠰᠡᠬᠦ ᠬᠡᠪᠴᠢᠶ᠎ᠡ ᠶᠢ ᠵᠠᠯᠭᠠᠭ᠎ᠠ ᠪᠠᠷ ᠥᠷᠭᠡᠳᠬᠡᠪᠡ᠃ ᠡᠨᠡ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ | ᠰᠠᠭᠤᠷᠢᠯᠠᠨ᠂ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ ᠳᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ᠂ ᠪᠥᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ | ᠬᠤᠷᠠᠯ ᠤᠨ ᠵᠣᠷᠢᠭ ᠰᠠᠨᠠᠭ᠎ᠠ ᠪᠠ ︽ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ | ᠬᠡᠮᠵᠢᠶ᠎ᠡ ᠮᠥᠨ᠃ | 2021 ᠣᠨ ᠤ 5 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠶᠢ ᠰᠢᠯᠭᠠᠷᠠᠭᠤᠯᠬᠤ | ᠠᠵᠢᠯ ᠤᠨ ᠲᠥᠰᠦᠯ︾ ︵ᠥᠪᠥᠷ ᠰᠤᠷᠭᠠᠨ ᠳᠡᠭᠡᠳᠦ ᠪᠢᠴᠢᠭ ﹇2021﹈ 20 ᠳ᠋ᠤᠭᠠᠷ ᠲᠣᠭᠠᠲᠤ︶ ᠢ ᠳᠠᠷᠤᠮᠠᠯᠯᠠᠨ | ᠲᠠᠷᠬᠠᠭᠠᠵᠤ᠂ 2022 ᠣᠨ ᠠᠴᠠ ᠡᠬᠢᠯᠡᠨ᠂ ᠪᠥᠬᠦ ᠣᠷᠣᠨ ᠤ ᠨᠢᠭᠡᠳᠦᠯᠲᠡᠶ ᠰᠢᠯᠭᠠᠯᠲᠠ ᠪᠠᠷ ᠰᠣᠷᠣᠭᠴᠢ ᠡᠯᠰᠡᠬᠦ | ᠬᠡᠯᠪᠡᠷᠢ ᠪᠠᠷ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠶᠢ ᠰᠢᠯᠭᠠᠷᠠᠭᠤᠯᠬᠤ ᠠᠵᠢᠯ ᠢ | ᠵᠣᠬᠢᠶᠠᠨ ᠪᠠᠶᠢᠭᠤᠯᠤᠨ᠎ᠠ ᠭᠡᠵᠦ ᠲᠣᠳᠣᠷᠬᠠᠶᠢᠯᠠᠪᠠ᠃ | ᠰᠤᠷᠭᠠᠨ ᠬᠥᠮᠦᠵᠢᠯ ᠤᠨ ᠶᠠᠮᠤᠨ ᠤ ᠬᠤᠯᠪᠤᠭᠳᠠᠬᠤ ᠠᠵᠢᠯ ᠤᠨ ᠱᠠᠭᠠᠷᠳᠠᠯᠭ᠎ᠠ ᠶᠣᠰᠤ ᠪᠠᠷ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽2022 ᠣᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠠᠩᠭᠢ ᠠᠴᠠ | ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠪᠠᠷ ᠰᠣᠷᠣᠭᠴᠢ ᠡᠯᠰᠡᠬᠦ ᠠᠵᠢᠯ ᠤᠨ ᠲᠥᠰᠦᠯ︾ ︵ᠳᠣᠷᠣᠭᠰᠢ | ︽2022 ᠣᠨ ᠤ ᠠᠵᠢᠯ ᠤᠨ ᠲᠥᠰᠦᠯ︾ ᠭᠡᠵᠦ ᠳᠦᠭᠦᠮᠴᠢᠯᠡᠨ᠎ᠡ︶ ᠢ ᠲᠣᠭᠲᠠᠭᠠᠵᠤ᠂ ᠥᠪᠡᠷᠲᠡᠭᠡᠨ ᠵᠠᠰᠠᠬᠤ | ᠣᠷᠣᠨ ᠤ ᠰᠣᠷᠣᠭᠴᠢ ᠡᠯᠰᠡᠬᠦ ᠰᠢᠯᠭᠠᠯᠲᠠ ᠶᠢᠨ ᠵᠥᠪᠯᠡᠯ ᠢᠶᠠᠷ ᠵᠥᠪᠰᠢᠶᠡᠷᠡᠭᠦᠯᠦᠭᠡᠳ 2022 ᠣᠨ ᠤ 1 | ᠰᠠᠷ᠎ᠠ ᠶᠢᠨ 13 ᠤ ᠡᠳᠦᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ | | ᠬᠤᠶᠠᠷ᠂ 2022 ᠣᠨ ᠤ ᠪᠥᠬᠦ ᠣᠷᠣᠨ ᠤ ᠲᠤᠰᠬᠠᠶ ᠮᠡᠷᠭᠡᠵᠢᠯ ᠤᠨ ᠠᠩᠭᠢ ᠠᠴᠠ | ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠪᠠᠷ ᠰᠣᠷᠣᠭᠴᠢ ᠡᠯᠰᠡᠬᠦ | ᠠᠷᠭ᠎ᠠ ᠬᠡᠯᠪᠡᠷᠢ ᠳᠤ ᠶᠠᠮᠠᠷ ᠬᠤᠪᠢᠷᠠᠯᠲᠠ ᠭᠠᠷᠤᠭᠰᠠᠨ ᠪᠣᠶ︖ | | ᠥᠩᠭᠡᠷᠡᠭᠰᠡᠨ ᠵᠢᠯ᠂ ᠮᠠᠨ ᠤ ᠣᠷᠣᠨ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ | ᠳᠡᠪᠰᠢᠬᠦ ᠰᠢᠯᠭᠠᠯᠲᠠ ᠪᠠᠷ ᠰᠣᠷᠣᠭᠴᠢ ᠡᠯᠰᠡᠬᠦ ᠳᠤ ᠦᠨᠳᠦᠰᠦᠨ ᠠᠩᠭᠢᠲᠤ ᠳᠡᠭᠡᠳᠦ ᠰᠤᠷᠭᠠᠭᠤᠯᠢ ᠪᠣᠯᠤᠨ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠤᠭᠤᠷᠤᠨᠲᠤ ᠪᠠᠨ ᠰᠣᠷᠣᠭᠴᠢ ᠡᠯᠰᠡᠬᠦ ᠬᠡᠯᠡᠯᠴᠡᠭᠡᠷ ᠲᠣᠭᠲᠠᠵᠤ᠂ | ᠦᠨᠳᠦᠰᠦᠨ ᠠᠩᠭᠢᠲᠤ ᠳᠡᠭᠡᠳᠦ ᠰᠤᠷᠭᠠᠭᠤᠯᠢ ᠠᠴᠠ ᠰᠢᠯᠭᠠᠷᠠᠭᠤᠯᠬᠤ ᠬᠡᠯᠪᠡᠷᠢ ᠶᠢ ᠳᠣᠭᠲᠠᠭᠠᠬᠤ ᠶᠢᠨ ᠬᠠᠮᠲᠤ | ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠵᠤ ᠪᠠᠶᠢᠪᠠ᠃ 2022 ᠣᠨ ᠳᠤ ᠮᠠᠨ ᠤ ᠣᠷᠣᠨ | ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠪᠠᠷ ᠰᠣᠷᠣᠭᠴᠢ ᠡᠯᠰᠡᠬᠦ ᠳᠤ | ᠨᠢᠭᠡᠳᠦᠯᠲᠡᠶ ᠨᠡᠷ᠎ᠡ ᠮᠡᠳᠡᠭᠦᠯᠬᠦ᠂ ᠨᠢᠭᠡᠳᠦᠯᠲᠡᠶ ᠰᠢᠯᠭᠠᠯᠲᠠ ᠪᠠᠷ ᠰᠣᠷᠣᠭᠴᠢ ᠡᠯᠰᠡᠬᠦ ᠶᠢ ᠬᠡᠷᠡᠭᠵᠢᠭᠦᠯᠦᠨ᠎ᠡ᠃ | | ᠭᠤᠷᠪᠠ᠂ 2022 ᠣᠨ ᠳᠤ ᠪᠥᠬᠦ ᠣᠷᠣᠨ ᠤ ᠲᠤᠰᠬᠠᠶ ᠮᠡᠷᠭᠡᠵᠢᠯ ᠤᠨ ᠠᠩᠭᠢ ᠠᠴᠠ | ᠦᠨᠳᠦᠰᠦᠨ ᠠᠩᠭᠢ ᠳᠤ ᠳᠡᠪᠰᠢᠬᠦ ᠳᠤ ᠶᠠᠮᠠᠷ ᠰᠣᠷᠣᠭᠴᠢ ᠶᠢ ᠡᠯᠰᠡᠬᠦ ᠪᠣᠶ︖ | | ᠡᠯᠰᠡᠬᠦ ᠰᠤᠷᠤᠭᠴᠢ᠄ ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯ | ᠮᠡᠷᠭᠡᠵᠢᠯ ︵ᠲᠤᠰᠬᠠᠶ ᠮᠡᠷᠭᠡᠵᠢᠯ︶ ᠠᠴᠠ ᠲᠤᠰ ᠬᠤᠭᠤᠴᠠᠭ᠎ᠠ ᠲᠡᠭᠦᠰᠦᠭᠰᠡᠳ᠂ ᠨᠥᠬᠦᠴᠡᠯ ᠳᠤ ᠨᠡᠶᠢᠴᠡᠬᠦ ᠲᠤᠰᠬᠠᠶ | ᠲᠥᠯᠥᠪᠯᠡᠭᠡ ᠪᠠᠷ ᠰᠢᠯᠭᠠᠭᠤᠯᠤᠭᠰᠠᠳ ᠪᠠ ᠰᠢᠯᠭᠠᠯᠲᠠ ᠬᠢᠬᠦ ᠦᠭᠡᠢ ᠰᠢᠯᠭᠠᠭᠤᠯᠤᠭᠰᠠᠳ ᠪᠣᠯᠤᠨ᠎ᠠ᠃ | | ᠳᠥᠷᠪᠡ᠂ ᠰᠣᠷᠣᠭᠴᠢ ᠡᠯᠰᠡᠬᠦ ᠪᠣᠳᠠᠲᠠᠶ ᠨᠥᠬᠦᠴᠡᠯ ᠨᠢ ᠶᠠᠭᠤ ᠪᠣᠶ︖ | | ︵ᠨᠢᠭᠡ︶ ᠡᠩ ᠤᠨ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ | ᠮᠡᠷᠭᠡᠵᠢᠯ︶ ᠠᠴᠠ ᠲᠤᠰ ᠬᠤᠭᠤᠴᠠᠭ᠎ᠠ ᠲᠡᠭᠦᠰᠦᠭᠰᠡᠳ᠃ 3 ᠵᠦᠢᠯ ᠤᠨ ᠨᠥᠬᠦᠴᠡᠯ ᠢ ᠵᠡᠷᠭᠡ ᠳᠤ ᠨᠢ ᠬᠠᠩᠭᠠᠬᠤ | ᠬᠡᠷᠡᠭᠲᠡᠢ᠄ ᠨᠢᠭᠡ ᠳᠤ᠂ ᠮᠠᠨ ᠤ ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠬᠠᠷᠢᠶ᠎ᠠ ᠲᠠᠢ 2022 ᠣᠨ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠠᠴᠠ ᠲᠣᠰ | ᠬᠤᠭᠤᠴᠠᠭ᠎ᠠ ᠲᠡᠭᠦᠰᠬᠦ ᠰᠤᠷᠤᠭᠴᠢ᠂ 2022 ᠣᠨ ᠤ 7 ᠰᠠᠷ᠎ᠠ ᠶᠢᠨ 31 ᠤ ᠡᠳᠦᠷ ᠠᠴᠠ ᠡᠮᠦᠨ᠎ᠡ ᠲᠤᠰᠬᠠᠶ | ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠦᠨᠡᠮᠯᠡᠯ ᠢᠶᠠᠨ ᠣᠯᠤᠭᠰᠠᠨ ᠪᠠᠶᠢᠬᠤ ᠬᠡᠷᠡᠭᠲᠡᠢ︔ ᠬᠤᠶᠠᠷ ᠲᠤ᠂ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ | ᠰᠠᠬᠢᠵᠤ᠂ ᠪᠡᠶ᠎ᠡ ᠮᠠᠬᠠᠪᠣᠳ ᠤᠨ ᠪᠠᠶᠢᠳᠠᠯ ᠨᠢ ᠬᠤᠯᠪᠤᠭᠳᠠᠬᠤ ᠱᠠᠭᠠᠷᠳᠠᠯᠭ᠎ᠠ ᠳᠤ ᠨᠡᠶᠢᠴᠡᠵᠦ᠂ ᠶᠣᠰᠣ ᠮᠣᠷᠠᠯ᠂ | ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠥᠬᠦ ᠲᠠᠯ᠎ᠠ ᠪᠠᠷ ᠬᠥᠭᠵᠢᠵᠦ᠂ ᠵᠠᠩ | ᠰᠤᠷᠲᠠᠯ ᠲᠥᠪ ᠴᠢᠭᠴᠢ ᠪᠠᠶᠢᠬᠤ ᠬᠡᠷᠡᠭᠲᠡᠢ︔ ᠭᠤᠷᠪᠠ ᠳᠤ᠂ ᠰᠤᠷᠭᠠᠭᠤᠯᠢ ᠳᠤ ᠪᠠᠶᠢᠬᠤ ᠬᠤᠭᠤᠴᠠᠭᠠᠨ ᠳᠤ | ᠰᠠᠬᠢᠯᠭ᠎ᠠ ᠪᠠᠲᠤ ᠶᠢᠨ ᠰᠢᠢᠳᠭᠡᠯ ᠣᠯᠤᠭᠰᠠᠨ ᠥᠬᠡᠶ ᠪᠤᠶᠤ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ | ᠠᠩᠭᠢ ᠳᠤ ᠨᠡᠷ᠎ᠡ ᠮᠡᠳᠡᠭᠦᠯᠬᠦ ᠠᠴᠠ ᠡᠮᠦᠨ᠎ᠡ ᠰᠠᠬᠢᠯᠭ᠎ᠠ ᠪᠠᠲᠤ ᠶᠢᠨ ᠰᠢᠢᠳᠭᠡᠯ ᠢ ᠨᠢᠭᠡᠨᠲᠡ ᠬᠦᠴᠦᠨ ᠥᠬᠡᠶ | ᠪᠣᠯᠭᠠᠭᠰᠠᠨ ᠪᠠᠶᠢᠬᠤ ᠬᠡᠷᠡᠭᠲᠡᠢ᠃ | ︵ᠬᠤᠶᠠᠷ︶ ᠲᠤᠰᠬᠠᠶ ᠲᠥᠯᠥᠪᠯᠡᠭᠡ ᠪᠠᠷ ᠰᠢᠯᠭᠠᠭᠤᠯᠤᠭᠰᠠᠳ᠃ ᠡᠩ ᠤᠨ ᠰᠢᠯᠭᠠᠭᠤᠯᠤᠭᠴᠢ ᠶᠢᠨ ᠨᠡᠷ᠎ᠡ | ᠮᠡᠳᠡᠭᠦᠯᠬᠦ ᠨᠥᠬᠦᠴᠡᠯ ᠳᠤ ᠨᠡᠶᠢᠴᠡᠵᠦ᠂ ᠨᠢᠭᠡᠨᠲᠡ ᠪᠥᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠰᠠᠨ ᠤᠤᠯ ᠤᠨ ᠳᠡᠩᠰᠡᠯᠡᠵᠦ ᠺᠠᠷᠲ ᠣᠯᠭᠤᠭᠰᠠᠨ ᠶᠠᠳᠠᠭᠤ | ᠬᠦᠴᠢᠷᠳᠡᠯᠲᠡᠶ ᠬᠡᠷ ᠪᠦᠯᠢ ᠶᠢᠨ ᠰᠣᠷᠣᠭᠴᠢ᠃ | ︵ᠭᠤᠷᠪᠠ︶ ᠰᠢᠯᠭᠠᠯᠲᠠ ᠬᠢᠬᠦ ᠦᠭᠡᠢ ᠰᠢᠯᠭᠠᠭᠤᠯᠤᠭᠰᠠᠳ᠃ ᠡᠭᠦᠨ ᠳᠤ ᠱᠠᠩᠨᠠᠯ ᠣᠯᠤᠭᠰᠠᠨ ᠪᠠ ᠴᠡᠷᠢᠭ | ᠤᠨ ᠠᠯᠪᠠᠨ ᠠᠴᠠ ᠬᠠᠯᠠᠭᠳᠠᠭᠰᠠᠨ ᠣᠶᠤᠲᠠᠨ ᠰᠢᠯᠭᠠᠯᠲᠠ ᠬᠢᠬᠦ ᠦᠭᠡᠢ ᠰᠢᠯᠭᠠᠭᠤᠯᠤᠭᠰᠠᠳ ᠢ ᠪᠠᠭᠲᠠᠭᠠᠨ᠎ᠠ᠃ | 1 . ᠱᠠᠩᠨᠠᠯ ᠣᠯᠵᠤ ᠰᠢᠯᠭᠠᠯᠲᠠ ᠬᠢᠬᠦ ᠦᠭᠡᠢ ᠰᠢᠯᠭᠠᠭᠤᠯᠤᠭᠰᠠᠳ᠃ ᠰᠤᠷᠭᠠᠭᠤᠯᠢ ᠳᠤ ᠪᠠᠶᠢᠬᠤ | ᠬᠤᠭᠤᠴᠠᠭᠠᠨ ᠳᠤ ᠪᠠᠨ ᠳᠡᠯᠡᠬᠡᠶ ᠶᠢᠨ ᠤᠷ᠎ᠠ ᠴᠢᠳᠠᠪᠤᠷᠢ ᠶᠢᠨ ᠤᠷᠤᠯᠳᠤᠭᠠᠨ᠂ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠪᠥᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ | ᠱᠠᠩᠨᠠᠯ ᠭᠥᠷᠳᠡᠭᠰᠡᠨ ᠪᠤᠶᠤ ᠳᠤᠮᠳᠠᠳᠤ ᠤᠯᠤᠰ ᠤᠨ ᠣᠯᠠᠨ ᠤᠯᠤᠰ ᠤᠨ ︽ᠢᠨᠲ᠋ᠧᠷ ᠰᠦᠯᠵᠢᠶ᠎ᠡ +︾ ᠤᠶᠤᠲᠠᠳ ᠤᠨ | ᠰᠢᠨ᠎ᠡ ᠶᠢ ᠡᠭᠦᠳᠦᠨ ᠦᠢᠯᠡᠰ ᠪᠣᠰᠬᠠᠬᠤ ᠤᠷᠤᠯᠳᠤᠭᠠᠨ ᠤ ᠤᠯᠤᠰ ᠤᠨ ᠲᠠᠰ ᠤᠨ ᠠᠯᠲᠠᠨ ᠮᠧᠲᠠᠯ᠂ ᠮᠥᠩᠭᠦᠨ | ᠮᠧᠲᠠᠯ᠂ ᠬᠦᠷᠡᠯ ᠮᠧᠲᠠᠯ ᠭᠥᠷᠳᠡᠵᠦ᠂ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ | ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠤᠨ | ᠲᠣᠰ ᠬᠤᠭᠤᠴᠠᠭ᠎ᠠ ᠲᠡᠭᠦᠰᠦᠭᠰᠡᠳ᠃ | 2 . ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠰᠢᠯᠭᠠᠯᠲᠠ ᠬᠢᠬᠦ ᠦᠭᠡᠢ ᠰᠢᠯᠭᠠᠭᠤᠯᠤᠭᠰᠠᠳ᠃ | ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠠᠴᠠ ᠲᠡᠭᠦᠰᠦᠭᠰᠡᠳ ᠵᠢᠴᠢ ᠰᠤᠷᠭᠠᠭᠤᠯᠢ ᠳᠤ | ᠪᠠᠶᠢᠭ᠎ᠠ ᠤᠶᠤᠲᠠᠳ ︵ᠳᠡᠭᠡᠳᠦ ᠰᠤᠷᠭᠠᠭᠤᠯᠢ ᠶᠢᠨ ᠰᠢᠨ᠎ᠡ ᠤᠶᠤᠲᠠᠳ ᠢ ᠪᠠᠭᠲᠠᠭᠠᠨ᠎ᠠ︶ ᠴᠡᠷᠢᠭ ᠲᠤ ᠡᠯᠰᠡᠭᠳᠡᠵᠦ᠂ | ᠴᠡᠷᠢᠭ ᠤᠨ ᠠᠯᠪᠠᠨ ᠠᠴᠠ ᠬᠠᠯᠠᠭᠳᠠᠭᠰᠠᠨ ᠤ ᠳᠠᠷᠠᠭ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ | ᠤᠨ ᠰᠤᠷᠤᠯᠭ᠎ᠠ ᠪᠠᠨ ᠲᠡᠭᠦᠰᠦᠭᠰᠡᠨ ᠤ ᠳᠠᠷᠠᠭ᠎ᠠ ᠬᠤᠯᠪᠤᠭᠳᠠᠬᠤ ᠳᠡᠭᠡᠳᠦ ᠰᠤᠷᠭᠠᠭᠤᠯᠢ ᠶᠢᠨ ᠴᠡᠷᠢᠭ ᠤᠨ | ᠠᠯᠪᠠᠨ ᠠᠴᠠ ᠬᠠᠯᠠᠭᠳᠠᠭᠰᠠᠨ ᠤᠶᠤᠲᠠᠳ ᠰᠢᠯᠭᠠᠬᠤ ᠥᠬᠡᠶ ᠪᠠᠷ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ | ᠠᠩᠭᠢ ᠳᠤ ᠳᠡᠪᠰᠢᠬᠦ ᠰᠣᠷᠣᠭᠴᠢ ᠡᠯᠰᠡᠬᠦ ᠳᠤ ᠣᠷᠣᠯᠴᠠᠬᠤ ᠪᠠᠷ ᠭᠤᠶᠤᠴᠢᠯᠠᠵᠤ ᠪᠣᠯᠤᠨ᠎ᠠ᠃ ᠵᠠᠷᠴᠢᠮ ᠳᠡᠭᠡᠷ᠎ᠡ ᠪᠠᠨ᠂ | ᠰᠣᠷᠣᠭᠴᠢ ᠡᠯᠰᠡᠬᠦ ᠨᠥᠬᠦᠴᠡᠯ ᠳᠤ ᠨᠡᠶᠢᠴᠡᠵᠦ᠂ ᠮᠠᠨ ᠤ ᠣᠷᠣᠨ ᠳᠤ ᠴᠡᠷᠢᠭ ᠲᠤ ᠡᠯᠰᠡᠭᠳᠡᠵᠦ ᠴᠡᠷᠢᠭ ᠤᠨ | ᠠᠯᠪᠠ ᠠᠴᠠ ᠬᠠᠯᠠᠭᠳᠠᠭᠰᠠᠨ ᠤᠶᠤᠲᠠᠳ 2022 ᠣᠨ ᠳᠤ ᠪᠥᠬᠦ ᠣᠷᠣᠨ ᠤ ᠰᠢᠯᠭᠠᠬᠤ ᠥᠬᠡᠶ ᠪᠠᠷ ᠲᠤᠰᠬᠠᠶ | ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠰᠣᠷᠣᠭᠴᠢ ᠡᠯᠰᠡᠬᠦ ᠳᠤ ᠣᠷᠣᠯᠴᠠᠬᠤ ᠪᠠᠷ | ᠭᠤᠶᠤᠴᠢᠯᠠᠵᠤ ᠪᠣᠯᠤᠨ᠎ᠠ᠃ | | ᠲᠠᠪᠤ᠂ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠪᠠ ᠰᠣᠷᠣᠭᠴᠢ ᠡᠯᠰᠡᠬᠦ | ᠲᠤᠰᠬᠠᠶ ᠮᠡᠷᠭᠡᠵᠢᠯ ᠶᠠᠭᠤ ᠶᠠᠭᠤ ᠪᠠᠶᠢᠬᠤ ᠪᠣᠶ︖ | | ᠰᠣᠷᠣᠭᠴᠢ ᠡᠯᠰᠡᠬᠦ ᠳᠡᠭᠡᠳᠦ ᠰᠤᠷᠭᠠᠭᠤᠯᠢ ᠪᠣᠯ ᠪᠥᠬᠦ ᠣᠷᠣᠨ ᠤ ᠡᠩ ᠤᠨ ᠦᠨᠳᠦᠰᠦᠨ ᠠᠩᠭᠢᠲᠤ ᠳᠡᠭᠡᠳᠦ | ᠰᠤᠷᠭᠠᠭᠤᠯᠢ ︵ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ᠦᠢᠯᠡᠰ ᠪᠥᠲᠦᠭᠡᠯ ᠤᠨ ᠳᠡᠭᠡᠳᠦ ᠰᠤᠷᠭᠠᠭᠤᠯᠢ ᠶᠢ ᠪᠠᠭᠲᠠᠭᠠᠬᠤ ᠥᠬᠡᠶ︶ ᠪᠣᠯᠤᠨ᠎ᠠ᠃ ᠡᠭᠦᠨ ᠳᠤ᠂ ᠴᠡᠷᠢᠭ ᠠᠴᠠ | ᠬᠠᠯᠠᠭᠳᠠᠭᠰᠠᠨ ᠤᠶᠤᠲᠠᠳ ᠢ ᠡᠯᠰᠡᠬᠦ ᠳᠡᠭᠡᠳᠦ ᠰᠤᠷᠭᠠᠭᠤᠯᠢ ᠪᠣᠯ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ᠂ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ᠂ | ᠬᠥᠯᠥᠨ ᠪᠤᠶᠢᠷ ᠳᠡᠭᠡᠳᠦ ᠰᠤᠷᠭᠠᠭᠤᠯᠢ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ᠂ ᠵᠢᠨᠢᠩ ᠤᠨ | ᠪᠠᠭᠰᠢ ᠶᠢᠨ ᠳᠡᠭᠡᠳᠦ ᠰᠤᠷᠭᠠᠭᠤᠯᠢ᠂ ᠪᠣᠷᠣᠲᠣᠬᠤᠶ ᠳᠡᠭᠡᠳᠦ ᠰᠤᠷᠭᠠᠭᠤᠯᠢ᠂ ᠣᠷᠳᠣᠰ ᠤᠨ ᠬᠡᠷᠡᠭᠯᠡᠭᠡᠨ ᠤ | ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ᠎ᠠ᠃ ᠰᠣᠷᠣᠭᠴᠢ ᠡᠯᠰᠡᠬᠦ ᠲᠤᠰᠬᠠᠶ ᠮᠡᠷᠭᠡᠵᠢᠯ ᠤᠨ ᠨᠠᠷᠢᠨ ᠪᠠᠶᠢᠳᠠᠯ ᠢ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠶᠢᠨ | ᠰᠣᠷᠣᠭᠴᠢ ᠡᠯᠰᠡᠬᠦ ᠳᠤ ᠬᠠᠷᠠᠭᠠᠯᠵᠠᠭᠰᠠᠨ ᠲᠤᠰᠬᠠᠶ ᠮᠡᠷᠭᠡᠵᠢᠯ ᠤᠨ ᠵᠢᠯᠣᠭᠤᠳᠬᠤ ᠭᠠᠷᠴᠠᠭ︾ ︵︽2022 ᠣᠨ ᠤ | ᠠᠵᠢᠯ ᠤᠨ ᠲᠥᠰᠦᠯ︾ ᠤᠨ ᠳᠠᠭᠠᠯᠳᠤᠭᠤᠯᠤᠯ 4 ᠶᠢ ᠦᠵᠡᠭᠡᠷᠡᠢ︶ ︵ᠰᠦᠯᠵᠢᠶᠡᠨ ᠤ ᠬᠠᠶ᠋ᠢᠭ᠄ http://jyt.nmg. | gov.cn/zfxxgk/fdzdgknr/bmwj/202201/t20220118_1996673.html? | bsh_bid=5669939347︶᠃ | | ᠵᠢᠷᠭᠤᠭ᠎ᠠ᠂ ᠰᠣᠷᠣᠭᠴᠢ ᠡᠯᠰᠡᠬᠦ ᠲᠥᠯᠥᠪᠯᠡᠭᠡ ᠶᠢ ᠬᠡᠷᠬᠢᠨ ᠯᠠᠪᠯᠠᠬᠤ ᠪᠣᠶ︖ | | ᠡᠩ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ | ᠳᠡᠪᠰᠢᠬᠦ ᠰᠣᠷᠣᠭᠴᠢ ᠡᠯᠰᠡᠬᠦ ᠲᠥᠯᠥᠪᠯᠡᠭᠡ ᠶᠢ ︽ᠡᠩ ᠤᠨ ᠰᠢᠯᠭᠠᠭᠤᠯᠤᠭᠴᠢ︾᠂ ︽ᠲᠤᠰᠬᠠᠶ ᠲᠥᠯᠥᠪᠯᠡᠭᠡ ᠶᠢᠨ | ᠰᠢᠯᠭᠠᠭᠤᠯᠤᠭᠴᠢ︾ ᠪᠠ ︽ᠰᠢᠯᠭᠠᠯᠲᠠ ᠬᠢᠬᠦ ᠦᠭᠡᠢ ᠰᠢᠯᠭᠠᠭᠤᠯᠤᠭᠴᠢ︾ ᠭᠡᠵᠦ ᠭᠤᠷᠪᠠᠨ ᠲᠥᠷᠥᠯ ᠳᠤ | ᠬᠤᠪᠢᠶᠠᠨ᠎ᠠ᠃ ᠰᠢᠯᠭᠠᠭᠤᠯᠤᠭᠰᠠᠳ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ | ᠵᠠᠩᠭᠢ ᠶᠢᠨ ᠰᠦᠯᠵᠢᠶ᠎ᠡ︾ ︵ᠰᠦᠯᠵᠢᠶᠡᠨ ᠤ ᠬᠠᠶ᠋ᠢᠭ᠄ https://www.nm.zsks.cn/︶ ᠳᠤ ᠭᠠᠷᠴᠤ | ᠰᠣᠷᠣᠭᠴᠢ ᠡᠯᠰᠡᠬᠦ ᠳᠡᠭᠡᠳᠦ ᠰᠤᠷᠭᠠᠭᠤᠯᠢ ᠶᠢᠨ ᠰᠦᠯᠵᠢᠶ᠎ᠡ ᠠᠴᠠ ᠯᠠᠪᠯᠠᠵᠤ ᠪᠣᠯᠤᠨ᠎ᠠ᠃ | | ᠳᠣᠯᠤᠭ᠎ᠠ᠂ ᠰᠢᠯᠭᠠᠯᠲᠠ ᠳᠤ ᠰᠦᠢᠳᠭᠡᠯ ᠬᠤᠷᠢᠶᠠᠨ᠎ᠠ ᠦᠦ︖ | | ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠶᠢᠨ ᠰᠦᠢᠳᠭᠡᠯ | ᠬᠤᠷᠢᠶᠠᠬᠤ ᠪᠠᠷᠢᠮᠵᠢᠶ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ | ᠬᠥᠭᠵᠢᠭᠦᠯᠦᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠠᠩᠭᠢ ᠠᠴᠠ | ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠶᠢᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠬᠢᠨᠠᠨ ᠲᠣᠭᠲᠠᠭᠠᠬᠤ | ᠲᠤᠬᠠᠶ ᠬᠠᠷᠢᠭᠤ ᠵᠠᠬᠢᠳᠠᠯ︾ ︵ᠥᠪᠥᠷ ᠥᠭᠡᠷᠡᠴᠢᠯᠡᠯᠲᠡ ᠬᠥᠭᠵᠢᠭᠦᠯᠦᠯᠲᠡ ᠦᠨ᠎ᠡ ᠬᠠᠩᠰᠢ ᠪᠢᠴᠢᠭ ﹇2021﹈ | 1033 ᠳ᠋ᠤᠭᠠᠷ ᠲᠣᠭᠠᠲᠤ︶ ᠤᠨ ᠲᠣᠭᠲᠠᠭᠠᠯ ᠶᠣᠰᠤ ᠪᠠᠷ ᠬᠡᠷᠡᠭᠵᠢᠭᠦᠯᠵᠦ᠂ ᠰᠣᠷᠣᠭᠴᠢ ᠨᠢᠭᠡ ᠪᠦᠷᠢ ᠠᠴᠠ 120 | ᠲᠥᠭᠦᠷᠢᠭ ᠬᠤᠷᠢᠶᠠᠨ᠎ᠠ᠃ | | ᠨᠠᠢᠮᠠ᠂ ᠶᠠᠭᠠᠬᠢᠵᠤ ᠨᠡᠷ᠎ᠡ ᠮᠡᠳᠡᠭᠦᠯᠬᠦ ᠪᠣᠶ︖ | | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ | ᠣᠶᠢᠷ᠎ᠠ ᠳᠤ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠶᠢᠨ ᠰᠣᠷᠣᠭᠴᠢ | ᠡᠯᠰᠡᠬᠦ ᠨᠠᠷᠢᠨ ᠲᠦᠷᠢᠮ ᠢ ᠳᠠᠷᠤᠮᠠᠯᠯᠠᠨ ᠲᠠᠷᠬᠠᠭᠠᠵᠤ᠂ ᠨᠡᠷ᠎ᠡ ᠮᠡᠳᠡᠭᠦᠯᠬᠦ ᠪᠣᠳᠠᠲᠠᠶ ᠵᠦᠢᠯ ᠢ ᠲᠣᠳᠣᠷᠬᠠᠶ ᠲᠣᠭᠲᠠᠭᠠᠪᠠ᠃ | ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠪᠥᠭᠡᠳ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ | ᠳᠡᠪᠰᠢᠬᠦ ᠰᠢᠯᠭᠠᠯᠲᠠ ᠳᠤ ᠨᠡᠷ᠎ᠡ ᠮᠡᠳᠡᠭᠦᠯᠬᠦ ᠬᠦᠰᠡᠯ ᠲᠠᠢ ᠰᠤᠷᠤᠭᠴᠢᠳ ᠲᠣᠭᠲᠠᠭᠰᠠᠨ ᠴᠠᠭ ᠲᠤ ︽ᠥᠪᠥᠷ | ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ︵ᠰᠦᠯᠵᠢᠶᠡᠨ ᠬᠠᠶ᠋ᠢᠭ᠄ | https://www.nm.zsks.cn/︶ ᠳᠤ ᠭᠠᠷᠴᠤ᠂ ᠰᠣᠷᠣᠭᠴᠢ ᠶᠢᠨ ᠢᠷᠡᠯᠲᠡ ᠶᠢ ᠨᠡᠶᠢᠲᠡᠯᠡᠭᠰᠡᠨ | ᠳᠡᠭᠡᠳᠦ ᠰᠤᠷᠭᠠᠭᠤᠯᠢ ᠶᠢᠨ ︽ᠰᠢᠯᠭᠠᠭᠤᠯᠤᠭᠴᠢ ᠶᠢᠨ ᠲᠥᠷᠥᠯ︾ ᠶᠣᠰᠤ ᠪᠠᠷ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ 2022 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ | ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠳᠤ ᠰᠣᠷᠣᠭᠴᠢ ᠡᠯᠰᠡᠬᠦ ᠳᠤ | ᠬᠠᠷᠠᠭᠠᠯᠵᠠᠭᠰᠠᠨ ᠲᠤᠰᠬᠠᠶ ᠮᠡᠷᠭᠡᠵᠢᠯ ᠤᠨ ᠵᠢᠯᠣᠭᠤᠳᠬᠤ ᠭᠠᠷᠴᠠᠭ︾ ᠲᠠᠬᠢ ᠦᠨᠳᠦᠰᠦᠨ ᠠᠩᠭᠢ ᠪᠠ ᠲᠤᠰᠬᠠᠶ | ᠮᠡᠷᠭᠡᠵᠢᠯ ᠤᠨ ᠬᠠᠷᠠᠭᠠᠯᠵᠠᠭᠰᠠᠨ ᠬᠠᠷᠢᠴᠠᠭ᠎ᠠ ᠪᠠᠷ ᠨᠡᠷ᠎ᠡ ᠮᠡᠳᠡᠭᠦᠯᠬᠦ ᠲᠤᠰᠬᠠᠶ ᠮᠡᠷᠭᠡᠵᠢᠯ ᠢ ᠰᠣᠩᠭᠤᠵᠤ᠂ ᠨᠡᠷ᠎ᠡ | ᠮᠡᠳᠡᠭᠦᠯᠬᠦ ᠮᠡᠳᠡᠭᠡ ᠵᠠᠩᠭᠢ ᠪᠠᠨ ᠲᠤᠰᠢᠶᠠᠵᠤ᠂ ᠰᠦᠢᠳᠭᠡᠯ ᠢᠶᠠᠨ ᠲᠤᠰᠢᠶᠠᠪᠠᠯ᠂ ᠨᠡᠷ᠎ᠡ ᠮᠡᠳᠡᠭᠦᠯᠵᠦ ᠳᠠᠭᠤᠰᠤᠨ᠎ᠠ᠃ | ᠠᠩᠬ᠎ᠠ ᠤᠳᠠᠭ᠎ᠠ ᠲᠤᠰᠬᠠᠶ ᠮᠡᠷᠭᠡᠵᠢᠯ ᠤᠨ ᠡᠷᠡᠮᠡᠯᠵᠡᠯ ᠲᠠᠭᠯᠠᠬᠤ ᠦᠶ᠎ᠡ ᠳᠤ ᠵᠥᠪᠬᠡᠨ ᠨᠢᠭᠡ ᠳᠡᠭᠡᠳᠦ | ᠰᠤᠷᠭᠠᠭᠤᠯᠢ ᠶᠢᠨ ᠨᠢᠭᠡ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠵᠦ ᠪᠣᠯᠤᠨ᠎ᠠ᠃ | | ᠶᠢᠰᠦ᠂ ᠰᠢᠯᠭᠠᠯᠲᠠ ᠳᠤ ᠶᠠᠮᠠᠷ ᠬᠢᠴᠢᠶᠡᠯ ᠲᠥᠷᠥᠯ ᠢ ᠰᠢᠯᠭᠠᠬᠤ ᠪᠣᠶ︖ | ᠬᠤᠪᠢ ᠨᠢ ᠬᠡᠳᠦᠶ ᠪᠣᠶ︖ | | ᠰᠢᠯᠭᠠᠯᠲᠠ ᠶᠢᠨ ᠬᠢᠴᠢᠶᠡᠯ ᠲᠥᠷᠥᠯ ᠢ ᠨᠡᠶᠢᠲᠡ ᠶᠢᠨ ᠬᠢᠴᠢᠶᠡᠯ ᠪᠠ ᠲᠤᠰᠬᠠᠶ ᠮᠡᠷᠭᠡᠵᠢᠯ ᠤᠨ ᠬᠢᠴᠢᠶᠡᠯ ᠭᠡᠵᠦ | ᠬᠤᠪᠢᠶᠠᠨ᠎ᠠ᠂ ᠶᠡᠷᠦᠩᠬᠡᠶ ᠬᠤᠪᠢ ᠨᠢ 300 ᠬᠤᠪᠢ᠃ ᠨᠡᠶᠢᠲᠡ ᠶᠢᠨ ᠬᠢᠴᠢᠶᠡᠯ ᠤᠨ ᠰᠢᠯᠭᠠᠯᠲᠠ ᠳᠤ ᠬᠡᠯᠡ | ᠪᠢᠴᠢᠭ ᠤᠨ ᠰᠠᠭᠤᠷᠢ ᠮᠡᠳᠡᠯᠭᠡ᠂ ᠦᠵᠡᠯ ᠰᠠᠨᠠᠭ᠎ᠠ ᠤᠯᠤᠰ ᠲᠥᠷᠥ ᠶᠢᠨ ᠣᠨᠣᠯ᠂ ᠭᠠᠳᠠᠭᠠᠳᠤ ᠬᠡᠯᠡ ︵ᠠᠩᠭ᠍ᠯᠢ | ᠬᠡᠯᠡ᠂ ᠶᠠᠫᠣᠨ ᠬᠡᠯᠡ᠂ ᠣᠷᠣᠰ ᠬᠡᠯᠡ︶᠂ ᠺᠣᠮᠫᠢᠦ᠋ᠲ᠋ᠧᠷ ᠤᠨ ᠰᠠᠭᠤᠷᠢ ᠮᠡᠳᠡᠯᠭᠡ ᠵᠡᠷᠭᠡ ᠳᠥᠷᠪᠡᠨ ᠬᠡᠰᠡᠭ | ᠠᠭᠤᠯᠭ᠎ᠠ ᠶᠢ ᠪᠠᠭᠲᠠᠭᠠᠵᠤ᠂ ᠬᠡᠰᠡᠭ ᠪᠦᠷᠢ ᠳᠤ 50 ᠬᠤᠪᠢ᠂ ᠪᠦᠷᠢᠨ ᠬᠤᠪᠢ 200 ᠬᠤᠪᠢ︔ ᠲᠤᠰᠬᠠᠶ | ᠮᠡᠷᠭᠡᠵᠢᠯ ᠤᠨ ᠬᠢᠴᠢᠶᠡᠯ ᠤᠨ ᠰᠢᠯᠭᠠᠯᠲᠠ ᠶᠢᠨ ᠬᠢᠴᠢᠶᠡᠯ ᠬᠢᠭᠡᠳ ᠰᠢᠯᠭᠠᠯᠲᠠ ᠶᠢᠨ ᠬᠡᠯᠪᠡᠷᠢ ︵ᠪᠢᠷ ᠤᠨ ᠰᠢᠯᠭᠠᠯᠲᠠ᠂ | ᠤᠷ᠎ᠠ ᠴᠢᠳᠠᠪᠤᠷᠢ ᠶᠢᠨ ᠰᠢᠯᠭᠠᠯᠲᠠ ᠵᠡᠷᠭᠡ︶ ᠶᠢ ᠡᠯ᠎ᠡ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠠᠴᠠ ᠳᠣᠭᠲᠠᠭᠠᠵᠤ᠂ | ᠪᠦᠷᠢᠨ ᠬᠤᠪᠢ ᠨᠢ 100 ᠬᠤᠪᠢ ᠪᠣᠯᠤᠨ᠎ᠠ᠃ | | ᠠᠷᠪᠠ᠂ ᠰᠢᠯᠭᠠᠯᠲᠠ ᠶᠢᠨ ᠲᠣᠳᠣᠷᠬᠠᠶᠢᠯᠠᠯᠲᠠ ᠶᠢ ᠬᠡᠵᠢᠶ᠎ᠡ ᠨᠡᠶᠢᠲᠡᠯᠡᠬᠦ ᠪᠣᠶ︖ | | ᠨᠡᠶᠢᠲᠡ ᠶᠢᠨ ᠬᠢᠴᠢᠶᠡᠯ ᠤᠨ ᠰᠢᠯᠭᠠᠯᠲᠠ ᠶᠢᠨ ᠲᠣᠳᠣᠷᠬᠠᠶᠢᠯᠠᠯᠲᠠ ᠶᠢ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠲᠣᠭᠲᠠᠭᠠᠨ ᠨᠡᠶᠢᠲᠡᠯᠡᠵᠦ᠂ ᠲᠤᠰᠬᠠᠶ | ᠮᠡᠷᠭᠡᠵᠢᠯ ᠤᠨ ᠬᠢᠴᠢᠶᠡᠯ ᠤᠨ ᠰᠢᠯᠭᠠᠯᠲᠠ ᠶᠢᠨ ᠲᠣᠳᠣᠷᠬᠠᠶᠢᠯᠠᠯᠲᠠ ᠶᠢ ᠰᠣᠷᠣᠭᠴᠢ ᠡᠯᠰᠡᠬᠦ ᠳᠡᠭᠡᠳᠦ | ᠰᠤᠷᠭᠠᠭᠤᠯᠢ ᠠᠴᠠ ᠲᠣᠰ ᠲᠣᠰ ᠲᠣᠭᠲᠠᠭᠠᠬᠤ ᠶᠢᠨ ᠬᠠᠮᠲᠤ ᠲᠣᠰ ᠰᠤᠷᠭᠠᠭᠤᠯᠢ ᠶᠢᠨ ᠰᠦᠯᠵᠢᠶᠡᠨ ᠳᠤ ᠨᠡᠶᠢᠲᠡᠯᠡᠨ᠎ᠡ᠃ | ᠥᠷᠭᠡᠨ ᠣᠯᠠᠨ ᠰᠢᠯᠭᠠᠭᠤᠯᠤᠭᠴᠢ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ | ᠵᠠᠩᠭᠢ ᠶᠢᠨ ᠰᠦᠯᠵᠢᠶ᠎ᠡ︾ ︵ᠰᠦᠯᠵᠢᠶᠡᠨ ᠤ ᠬᠠᠶ᠋ᠢᠭ᠄ https://www.nm.zsks.cn/︶ ᠪᠣᠯᠤᠨ ᠨᠡᠷ᠎ᠡ | ᠮᠡᠳᠡᠭᠦᠯᠦᠭᠰᠡᠨ ᠳᠡᠭᠡᠳᠦ ᠰᠤᠷᠭᠠᠭᠤᠯᠢ ᠶᠢᠨ ᠰᠦᠯᠵᠢᠶᠡᠨ ᠤ ᠮᠡᠳᠡᠭᠡ ᠵᠠᠩᠭᠢ ᠶᠢ ᠴᠠᠭ ᠢᠮᠠᠭᠲᠠ ᠠᠩᠬᠠᠷᠤᠭᠠᠷᠠᠢ᠃ | | ᠠᠷᠪᠠᠨ ᠨᠢᠭᠡ᠂ ᠰᠢᠯᠭᠠᠯᠲᠠ ᠶᠢᠨ ᠲᠠᠯᠠᠪᠠᠢ ᠶᠢ ᠬᠠᠮᠢᠭ᠎ᠠ ᠲᠣᠬᠢᠷᠠᠭᠤᠯᠬᠤ ᠪᠣᠶ︖ | | ᠰᠢᠯᠭᠠᠯᠲᠠ ᠶᠢᠨ ᠲᠠᠯᠠᠪᠠᠢ ᠶᠢ ᠠᠶᠢᠮᠠᠭ ᠬᠤᠲᠠ ᠶᠢᠨ ᠰᠠᠭᠤᠭ᠎ᠠ ᠭᠠᠵᠠᠷ ᠤᠨ ᠦᠨᠳᠦᠰᠦᠨ ᠠᠩᠭᠢᠲᠤ ᠳᠡᠭᠡᠳᠦ | ᠰᠤᠷᠭᠠᠭᠤᠯᠢ ᠳᠤ ᠲᠣᠬᠢᠷᠠᠭᠤᠯᠤᠨ᠎ᠠ᠃ ᠠᠶᠢᠮᠠᠭ ᠬᠤᠲᠠ ᠶᠢᠨ ᠰᠠᠭᠤᠭ᠎ᠠ ᠭᠠᠵᠠᠷ ᠲᠤ ᠦᠨᠳᠦᠰᠦᠨ ᠠᠩᠭᠢᠲᠤ | ᠳᠡᠭᠡᠳᠦ ᠰᠤᠷᠭᠠᠭᠤᠯᠢ ᠥᠬᠡᠶ ᠪᠣᠯ ᠬᠤᠯᠪᠤᠭᠳᠠᠬᠤ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ | ᠡᠯᠰᠡᠬᠦ ᠰᠢᠯᠭᠠᠯᠲᠠ ᠶᠢᠨ ᠪᠠᠶᠢᠭᠤᠯᠤᠮᠵᠢ ᠠᠴᠠ ᠬᠠᠷᠢᠭᠤᠴᠠᠨ ᠰᠢᠯᠭᠠᠯᠲᠠ ᠶᠢᠨ ᠲᠠᠯᠠᠪᠠᠢ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠯᠭᠠᠭᠤᠯᠤᠭᠰᠠᠳ ᠡᠷᠬᠡᠪᠰᠢ ᠰᠤᠷᠤᠯᠴᠠᠵᠤ ᠪᠠᠶᠢᠭ᠎ᠠ ᠳᠡᠭᠡᠳᠦ | ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠤᠨ ᠳᠡᠭᠡᠳᠦ ᠰᠤᠷᠭᠠᠭᠤᠯᠢ ᠶᠢᠨ ᠰᠠᠭᠤᠭ᠎ᠠ ᠠᠶᠢᠮᠠᠭ ᠬᠤᠲᠠ ᠶᠢᠨ | ᠬᠠᠷᠠᠭᠠᠯᠵᠠᠭᠰᠠᠨ ᠰᠢᠯᠭᠠᠯᠲᠠ ᠶᠢᠨ ᠲᠠᠯᠠᠪᠠᠢ ᠳᠤ ᠰᠢᠯᠭᠠᠯᠲᠠ ᠳᠤ ᠣᠷᠣᠯᠴᠠᠬᠤ ᠬᠡᠷᠡᠭᠲᠡᠶ᠃ | | ᠠᠷᠪᠠᠨ ᠬᠤᠶᠠᠷ᠂ ᠬᠢᠷᠢ ᠪᠦᠲᠦᠮᠵᠢ ᠶᠢ ᠬᠡᠷᠬᠢᠨ ᠯᠠᠪᠯᠠᠬᠤ ᠪᠤᠢ︖ | | ᠰᠢᠯᠭᠠᠯᠲᠠ ᠳᠠᠭᠤᠰᠤᠭᠰᠠᠨ ᠤ ᠳᠠᠷᠠᠭ᠎ᠠ᠂ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠨᠤᠭᠤᠳ ᠨᠢ ᠲᠤᠰᠬᠠᠶ | ᠮᠡᠷᠭᠡᠵᠢᠯ ᠤᠨ ᠬᠢᠴᠢᠶᠡᠯ ᠤᠨ ᠬᠢᠷᠢ ᠪᠦᠲᠦᠮᠵᠢ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠨᠡᠶᠢᠲᠡ ᠶᠢᠨ ᠬᠢᠴᠢᠶᠡᠯ᠂ ᠲᠤᠰᠬᠠᠶ ᠮᠡᠷᠭᠡᠵᠢᠯ ᠤᠨ | ᠬᠢᠴᠢᠶᠡᠯ ᠤᠨ ᠬᠢᠷᠢ ᠪᠦᠲᠦᠮᠵᠢ ᠶᠢ ᠬᠤᠷᠢᠶᠠᠩᠭᠤᠶᠢᠯᠠᠵᠤ᠂ ᠰᠢᠯᠭᠠᠯᠲᠠ ᠶᠢᠨ ᠬᠢᠷᠢ ᠪᠦᠲᠦᠮᠵᠢ ᠶᠢ ᠯᠠᠪᠯᠠᠬᠤ ᠠᠷᠭ᠎ᠠ | ᠮᠠᠶ᠋ᠢᠭ ᠢ ᠨᠡᠶᠢᠲᠡᠯᠡᠨ᠎ᠡ᠃ ᠰᠢᠯᠭᠠᠭᠤᠯᠤᠭᠰᠠᠳ ᠡᠭᠦᠨ ᠢ ᠦᠨᠳᠦᠰᠦᠯᠡᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ᠃ | | ᠠᠷᠪᠠᠨ ᠭᠤᠷᠪᠠ᠂ ᠬᠢᠷᠢ ᠪᠦᠲᠦᠮᠵᠢ ᠶᠢ ᠬᠡᠷᠬᠢᠨ ᠳᠠᠬᠢᠨ ᠬᠢᠨᠠᠬᠤ ᠪᠣᠶ︖ | | ᠰᠢᠯᠭᠠᠯᠲᠠ ᠶᠢᠨ ᠬᠢᠷᠢ ᠪᠦᠲᠦᠮᠵᠢ ᠳᠤ ᠰᠠᠨᠠᠯ ᠲᠠᠢ ᠰᠢᠯᠭᠠᠭᠤᠯᠤᠭᠴᠢ ᠰᠢᠯᠭᠠᠯᠲᠠ ᠶᠢᠨ ᠬᠢᠷᠢ ᠪᠦᠲᠦᠮᠵᠢ ᠶᠢ | ᠨᠡᠶᠢᠲᠡᠯᠡᠭᠰᠡᠨ ᠡᠳᠦᠷ ᠠᠴᠠ ᠡᠬᠢᠯᠡᠨ 3 ᠡᠳᠦᠷ ᠤᠨ ᠳᠣᠲᠣᠷ᠎ᠠ᠂ ᠨᠡᠷ᠎ᠡ ᠮᠡᠳᠡᠭᠦᠯᠦᠭᠰᠡᠨ ᠳᠡᠭᠡᠳᠦ ᠰᠤᠷᠭᠠᠭᠤᠯᠢ ᠳᠤ | ᠬᠢᠷᠢ ᠪᠦᠲᠦᠮᠵᠢ ᠶᠢ ᠳᠠᠬᠢᠨ ᠬᠢᠨᠠᠭᠤᠯᠬᠤ ᠭᠤᠶᠤᠴᠢᠯᠠᠯ ᠭᠠᠷᠭᠠᠨ᠎ᠠ᠃ | | ᠠᠷᠪᠠᠨ ᠳᠥᠷᠪᠡ᠂ ᠬᠢᠵᠠᠭᠠᠷ ᠬᠤᠪᠢ ᠢ ᠬᠡᠷᠬᠢᠨ ᠵᠠᠭᠠᠭᠯᠠᠨ ᠲᠣᠭᠲᠠᠭᠠᠬᠤ ᠪᠣᠶ︖ | | ᠰᠣᠷᠣᠭᠴᠢ ᠡᠯᠰᠡᠬᠦ ᠳᠡᠭᠡᠳᠦ ᠰᠤᠷᠭᠠᠭᠤᠯᠢ ᠰᠣᠷᠣᠭᠴᠢ ᠡᠯᠰᠡᠬᠦ ᠲᠥᠯᠥᠪᠯᠡᠭᠡ ᠪᠠᠨ ᠦᠨᠳᠦᠰᠦᠯᠡᠨ᠂ | ᠨᠡᠶᠢᠲᠡ ᠶᠢᠨ ᠬᠢᠴᠢᠶᠡᠯ᠂ ᠲᠤᠰᠬᠠᠶ ᠮᠡᠷᠭᠡᠵᠢᠯ ᠤᠨ ᠬᠢᠴᠢᠶᠡᠯ ᠤᠨ ᠶᠡᠷᠦᠩᠬᠡᠶ ᠬᠢᠷᠢ ᠪᠦᠲᠦᠮᠵᠢ ᠪᠠᠷ ᠲᠤᠰᠬᠠᠶ ᠮᠡᠷᠭᠡᠵᠢᠯ | ᠬᠤᠪᠢᠶᠠᠨ ᠰᠣᠷᠣᠭᠴᠢ ᠡᠯᠰᠡᠬᠦ ᠬᠠᠮᠤᠭ ᠤᠨ ᠳᠣᠣᠷ᠎ᠠ ᠬᠢᠵᠠᠭᠠᠷ ᠬᠤᠪᠢ ᠶᠢ ᠲᠣᠭᠲᠠᠭᠠᠨ᠎ᠠ᠃ | | ᠠᠷᠪᠠᠨ ᠲᠠᠪᠤ᠂ ᠶᠠᠭᠠᠬᠢᠵᠤ ᠡᠯᠰᠡᠬᠦ ᠪᠣᠶ︖ | | ︵ᠨᠢᠭᠡ︶ ᠰᠢᠯᠭᠠᠯᠲᠠ ᠬᠢᠬᠦ ᠦᠭᠡᠢ ᠰᠢᠯᠭᠠᠭᠤᠯᠤᠭᠰᠠᠳ ᠢ ᠡᠯᠰᠡᠬᠦ | 1 . ᠱᠠᠩᠨᠠᠯ ᠣᠯᠵᠤ ᠰᠢᠯᠭᠠᠯᠲᠠ ᠬᠢᠬᠦ ᠦᠭᠡᠢ ᠰᠢᠯᠭᠠᠭᠤᠯᠤᠭᠰᠠᠳ ᠢ ᠡᠯᠰᠡᠬᠦ᠃ ᠰᠣᠷᠣᠭᠴᠢ ᠡᠯᠰᠡᠬᠦ | ᠳᠡᠭᠡᠳᠦ ᠰᠤᠷᠭᠠᠭᠤᠯᠢ ᠶᠢᠨ ᠬᠢᠨ ᠱᠠᠩᠨᠠᠯ ᠣᠯᠵᠤ ᠰᠢᠯᠭᠠᠯᠲᠠ ᠬᠢᠬᠦ ᠦᠭᠡᠢ ᠰᠢᠯᠭᠠᠭᠤᠯᠤᠭᠰᠠᠳ ᠤᠨ ᠲᠤᠰᠬᠠᠶ | ᠮᠡᠷᠭᠡᠵᠢᠯ ᠤᠨ ᠡᠷᠡᠮᠡᠯᠵᠡᠯ ᠢᠶᠠᠷ ᠡᠯᠰᠡᠨ᠎ᠡ᠃ ᠬᠤᠯᠪᠤᠭᠳᠠᠬᠤ ᠤᠷᠤᠯᠳᠤᠭᠠᠨ ᠳᠤ ᠣᠷᠣᠯᠴᠠᠭᠰᠠᠨ ᠪᠥᠭᠡᠳ 2022 | ᠣᠨ ᠤ ᠪᠥᠬᠦ ᠣᠷᠣᠨ ᠤ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠳᠤ | ᠨᠡᠷ᠎ᠡ ᠮᠡᠳᠡᠭᠦᠯᠦᠭᠰᠡᠳ ᠢ ᠡᠯᠰᠡᠬᠦ ᠠᠵᠢᠯ ᠳᠠᠭᠤᠰᠬᠤ ᠠᠴᠠ ᠡᠮᠦᠨ᠎ᠡ ᠳ᠋ᠦᠩ ᠢ ᠨᠡᠶᠢᠲᠡᠯᠡᠬᠦ ᠶᠢᠨ ᠬᠠᠮᠲᠤ ᠰᠢᠯᠭᠠᠬᠤ | ᠥᠬᠡᠶ ᠪᠠᠷ ᠡᠯᠰᠡᠬᠦ ᠨᠥᠬᠦᠴᠡᠯ ᠳᠤ ᠬᠦᠷᠦᠭᠰᠡᠨ ᠪᠣᠯ ᠲᠣᠰ ᠬᠥᠮᠦᠨ ᠤ ᠭᠤᠶᠤᠴᠢᠯᠠᠭᠰᠠᠨ ᠪᠠ ᠨᠡᠷ᠎ᠡ ᠮᠡᠳᠡᠭᠦᠯᠦᠭᠰᠡᠨ᠂ | ᠰᠣᠷᠣᠭᠴᠢ ᠶᠢᠨ ᠢᠷᠡᠯᠲᠡ ᠶᠢᠨ ᠳᠡᠭᠡᠳᠦ ᠰᠤᠷᠭᠠᠭᠤᠯᠢ ᠨᠢ ᠬᠢᠨᠠᠨ ᠪᠠᠶᠢᠴᠠᠭᠠᠭᠠᠳ ᠰᠢᠯᠭᠠᠬᠤ ᠥᠬᠡᠶ ᠪᠠᠷ ᠡᠯᠰᠡᠨ᠎ᠡ︔ | ᠬᠡᠷᠪᠡ ᠬᠤᠯᠪᠤᠭᠳᠠᠬᠤ ᠤᠷᠤᠯᠳᠤᠭᠠᠨ ᠤ ᠵᠦᠢᠯ ᠤᠨ ᠳ᠋ᠦᠩ ᠢ ᠨᠡᠶᠢᠲᠡᠯᠡᠬᠦ ᠠᠴᠠ ᠡᠮᠦᠨ᠎ᠡ ᠡᠩ ᠤᠨ | ᠰᠢᠯᠭᠠᠭᠤᠯᠤᠭᠴᠢ ᠶᠢᠨ ᠬᠤᠪᠢ ᠪᠠᠷ ᠰᠢᠯᠭᠠᠯᠲᠠ ᠳᠤ ᠣᠷᠣᠯᠴᠠᠭᠰᠠᠨ ᠪᠥᠭᠡᠳ ᠨᠢᠭᠡᠨᠲᠡ ᠡᠯᠰᠡᠭᠳᠡᠭᠰᠡᠨ ᠪᠣᠯ ᠰᠢᠯᠭᠠᠬᠤ | ᠥᠬᠡᠶ ᠪᠠᠷ ᠨᠥᠬᠦᠵᠦ ᠡᠯᠰᠡᠬᠦ ᠬᠢᠷᠢ ᠬᠡᠮ ᠦᠭᠡᠢ᠃ | 2 . ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠰᠢᠯᠭᠠᠯᠲᠠ ᠬᠢᠬᠦ ᠦᠭᠡᠢ ᠰᠢᠯᠭᠠᠭᠤᠯᠤᠭᠰᠠᠳ ᠢ | ᠡᠯᠰᠡᠬᠦ᠃ ᠰᠣᠷᠣᠭᠴᠢ ᠡᠯᠰᠡᠬᠦ ᠡᠯ᠎ᠡ ᠬᠤᠯᠪᠤᠭᠳᠠᠬᠤ ᠳᠡᠭᠡᠳᠦ ᠰᠤᠷᠭᠠᠭᠤᠯᠢ ᠨᠢ ᠴᠡᠷᠢᠭ ᠤᠨ ᠠᠯᠪᠠᠨ ᠠᠴᠠ | ᠬᠠᠯᠠᠭᠳᠠᠭᠰᠠᠨ ᠣᠶᠤᠲᠠᠨ ᠢ ᠬᠢᠨᠠᠨ ᠪᠠᠶᠢᠴᠠᠭᠠᠭᠰᠠᠨ ᠳ᠋ᠦᠩ ᠤᠨ ᠶᠣᠰᠤ ᠪᠠᠷ ᠰᠢᠯᠭᠠᠭᠤᠯᠤᠭᠴᠢ ᠶᠢᠨ ᠬᠦᠰᠡᠯ | ᠡᠷᠡᠮᠡᠯᠵᠡᠯ᠂ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠬᠢᠷᠢ ᠪᠦᠲᠦᠮᠵᠢ᠂ ᠠᠯᠪᠠ ᠬᠠᠭᠠᠬᠤ | ᠬᠤᠭᠤᠴᠠᠭᠠᠨ ᠳᠠᠬᠢ ᠢᠯᠡᠷᠡᠯ ᠵᠡᠷᠭᠡ ᠪᠠᠶᠢᠳᠠᠯ ᠲᠠᠢ ᠤᠶᠠᠯᠳᠤᠭᠤᠯᠵᠤ᠂ ᠶᠡᠷᠦᠩᠬᠡᠶᠢᠯᠡᠨ ᠦᠨᠡᠯᠡᠵᠦ᠂ ᠰᠢᠯᠢᠳᠡᠭ ᠢ | ᠰᠣᠩᠭᠤᠵᠤ ᠡᠯᠰᠡᠨ᠎ᠡ᠃ | ︵ᠬᠤᠶᠠᠷ︶ ᠲᠤᠰᠬᠠᠶ ᠲᠥᠯᠥᠪᠯᠡᠭᠡ ᠪᠠᠷ ᠰᠢᠯᠭᠠᠭᠤᠯᠤᠭᠰᠠᠳ ᠢ ᠡᠯᠰᠡᠬᠦ | ᠰᠣᠷᠣᠭᠴᠢ ᠡᠯᠰᠡᠬᠦ ᠡᠯ᠎ᠡ ᠳᠡᠭᠡᠳᠦ ᠰᠤᠷᠭᠠᠭᠤᠯᠢ ᠰᠣᠷᠣᠭᠴᠢ ᠡᠯᠰᠡᠬᠦ ᠲᠦᠷᠢᠮ ᠵᠢᠴᠢ ᠡᠯ᠎ᠡ ᠲᠤᠰᠬᠠᠶ | ᠮᠡᠷᠭᠡᠵᠢᠯ ᠤᠨ ᠨᠡᠷ᠎ᠡ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ ᠬᠢᠵᠠᠭᠠᠷ ᠬᠤᠪᠢ ᠶᠢ ᠲᠤᠰᠠᠭᠠᠷ ᠵᠠᠭᠠᠭᠯᠠᠨ | ᠲᠣᠭᠲᠠᠭᠠᠵᠤ᠂ ᠲᠤᠰᠬᠠᠶ ᠲᠥᠯᠥᠪᠯᠡᠭᠡ ᠶᠢᠨ ᠶᠣᠰᠤ ᠪᠠᠷ ᠰᠢᠯᠭᠠᠭᠤᠯᠤᠭᠴᠢ ᠶᠢᠨ ᠰᠢᠯᠭᠠᠯᠲᠠ ᠶᠢᠨ ᠬᠢᠷᠢ | ᠪᠦᠲᠦᠮᠵᠢ ᠶᠢ ᠥᠨᠳᠥᠷ ᠬᠤᠪᠢ ᠠᠴᠠ ᠳᠤᠤᠷ᠎ᠠ ᠬᠤᠪᠢ ᠲᠡᠶᠢᠰᠢ ᠳᠠᠷᠠᠭᠠᠯᠠᠨ ᠡᠯᠰᠡᠵᠦ᠂ ᠡᠯᠰᠡᠬᠦ ᠬᠠᠷᠢᠴᠠᠯ ᠢ | ᠵᠠᠷᠴᠢᠮ ᠳᠡᠭᠡᠷ᠎ᠡ ᠪᠠᠨ 2021 ᠣᠨ ᠤ ᠬᠢᠷᠢ ᠲᠦᠪᠰᠢᠨ ᠠᠴᠠ ᠳᠤᠤᠷ᠎ᠠ ᠪᠠᠶᠢᠯᠭᠠᠬᠤ ᠥᠬᠡᠶ᠃ | ︵ᠭᠤᠷᠪᠠ︶ ᠡᠩ ᠤᠨ ᠰᠢᠯᠭᠠᠭᠤᠯᠤᠭᠰᠠᠳ ᠢ ᠡᠯᠰᠡᠬᠦ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ | ᠡᠯᠰᠡᠬᠦ ᠴᠠᠭ ᠤᠨ ᠲᠣᠬᠢᠷᠠᠭᠤᠯᠤᠯᠲᠠ ᠶᠣᠰᠤ ᠪᠠᠷ ᠰᠣᠷᠣᠭᠴᠢ ᠡᠯᠰᠡᠬᠦ ᠡᠯ᠎ᠡ ᠳᠡᠭᠡᠳᠦ ᠰᠤᠷᠭᠠᠭᠤᠯᠢ ᠰᠣᠷᠣᠭᠴᠢ | ᠡᠯᠰᠡᠬᠦ ᠲᠦᠷᠢᠮ ᠪᠠ ᠰᠢᠯᠭᠠᠭᠤᠯᠤᠭᠰᠠᠳ ᠤᠨ ᠬᠢᠷᠢ ᠪᠦᠲᠦᠮᠵᠢ ᠶᠢ ᠦᠨᠳᠦᠰᠦᠯᠡᠨ᠂ ᠡᠩ ᠤᠨ ᠰᠣᠷᠣᠭᠴᠢ ᠡᠯᠰᠡᠬᠦ | ᠲᠥᠯᠥᠪᠯᠡᠭᠡ ᠳᠠᠬᠢ ᠥᠨᠳᠥᠷ ᠬᠤᠪᠢ ᠠᠴᠠ ᠳᠤᠤᠷ᠎ᠠ ᠬᠤᠪᠢ ᠲᠡᠶᠢᠰᠢ ᠲᠠᠰ ᠳᠠᠷᠠᠭᠠᠯᠠᠨ ᠡᠯᠰᠡᠨ᠎ᠡ᠃ | | ᠠᠷᠪᠠᠨ ᠵᠢᠷᠭᠤᠭ᠎ᠠ᠂ ᠨᠥᠬᠦᠵᠦ ᠡᠯᠰᠡᠬᠦ ᠵᠠᠪᠰᠢᠶᠠᠨ ᠪᠠᠶᠢᠨ᠎ᠠ ᠤᠤ︖ | | ᠨᠢᠭᠡᠳᠦᠭᠡᠷ ᠡᠷᠡᠮᠡᠯᠵᠡᠯ ᠳᠤ ᠡᠯᠰᠡᠭᠳᠡᠭᠰᠡᠨ ᠥᠬᠡᠶ ᠰᠢᠯᠭᠠᠭᠤᠯᠤᠭᠴᠢ ᠶᠢ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠬᠤᠶᠠᠳᠠᠬᠢ ᠤᠳᠠᠭᠠᠨ ᠤ ᠰᠦᠯᠵᠢᠶᠡᠨ ᠳᠤ | ᠮᠡᠳᠡᠭᠦᠯᠬᠦ ᠠᠯᠪᠠᠨ ᠵᠠᠷᠯᠠᠯ ᠶᠣᠰᠤ ᠪᠠᠷ ᠰᠦᠯᠵᠢᠶᠡᠨ ᠳᠤ ᠮᠡᠳᠡᠭᠦᠯᠵᠦ᠂ ᠲᠣᠬᠢᠷᠠᠭᠤᠯᠤᠨ ᠡᠯᠰᠡᠬᠦ ᠳᠤ | ᠣᠷᠣᠯᠴᠠᠭᠤᠯᠤᠨ᠎ᠠ᠃ ᠨᠢᠭᠡᠳᠦᠭᠡᠷ ᠡᠷᠡᠮᠡᠯᠵᠡᠯ ᠳᠤ ᠨᠢᠭᠡᠨᠲᠡ ᠡᠯᠰᠡᠭᠳᠡᠭᠰᠡᠨ ᠰᠢᠯᠭᠠᠭᠤᠯᠤᠭᠴᠢ ᠲᠠᠩᠰᠠ ᠡᠪᠬᠡᠮᠡᠯ ᠢᠶᠠᠨ | ᠪᠤᠴᠠᠭᠠᠨ ᠳᠣᠭᠢᠷᠠᠭᠤᠯᠤᠨ ᠡᠯᠰᠡᠬᠦ ᠳᠤ ᠣᠷᠣᠯᠴᠠᠬᠤ ᠪᠠᠷ ᠭᠤᠶᠤᠴᠢᠯᠠᠵᠤ ᠪᠣᠯᠬᠤ ᠥᠬᠡᠶ᠃ ᠲᠣᠬᠢᠷᠠᠭᠤᠯᠤᠨ ᠡᠯᠰᠡᠬᠦ | ᠱᠠᠲᠤᠨ ᠳᠤ ᠤᠷᠤᠭᠰᠠᠨ ᠤ ᠳᠠᠷᠠᠭ᠎ᠠ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠨᠢ ᠰᠦᠯᠵᠢᠶᠡᠨ ᠳᠠᠬᠢ | ᠰᠢᠯᠭᠠᠭᠤᠯᠤᠭᠴᠢ ᠶᠢᠨ ᠶᠡᠷᠦᠩᠬᠡᠶ ᠬᠢᠷᠢ ᠪᠦᠲᠦᠮᠵᠢ ᠶᠢ ᠦᠨᠳᠦᠰᠦᠯᠡᠨ ᠥᠨᠳᠥᠷ ᠬᠤᠪᠢ ᠠᠴᠠ ᠳᠤᠤᠷ᠎ᠠ ᠬᠤᠪᠢ | ᠲᠡᠶᠢᠰᠢ ᠲᠤᠰᠬᠠᠶ ᠮᠡᠷᠭᠡᠵᠢᠯ ᠤᠨ ᠡᠷᠡᠮᠡᠯᠵᠡᠯ ᠢᠶᠠᠷ ᠰᠢᠯᠢᠳᠡᠭ ᠢ ᠰᠣᠩᠭᠤᠵᠤ ᠡᠯᠰᠡᠨ᠎ᠡ᠃ | | ᠠᠷᠪᠠᠨ ᠲᠤᠯᠤᠭ᠎ᠠ᠂ ᠡᠯᠰᠡᠭᠰᠡᠨ ᠮᠡᠳᠡᠭᠳᠡᠯ ᠢ ᠬᠡᠵᠢᠶ᠎ᠡ ᠲᠠᠷᠬᠠᠭᠠᠬᠤ ᠪᠤᠢ︖ | | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠯᠰᠡᠭᠰᠡᠨ ᠦᠷ᠎ᠡ ᠳ᠋ᠦᠩ ᠢᠶᠠᠨ | ᠨᠡᠶᠢᠲᠡᠯᠡᠭᠰᠡᠨ ᠤ ᠳᠠᠷᠠᠭ᠎ᠠ᠂ ᠰᠣᠷᠣᠭᠴᠢ ᠡᠯᠰᠡᠬᠦ ᠡᠯ᠎ᠡ ᠳᠡᠭᠡᠳᠦ ᠰᠤᠷᠭᠠᠭᠤᠯᠢ ᠠᠴᠠ ᠰᠣᠷᠣᠭᠴᠢ ᠡᠯᠰᠡᠬᠦ | ᠮᠡᠳᠡᠭᠳᠡᠯ ᠤᠨ ᠪᠢᠴᠢᠭ ᠢ ᠲᠠᠷᠬᠠᠭᠠᠵᠤ᠂ ᠰᠣᠷᠣᠭᠴᠢ ᠡᠯᠰᠡᠬᠦ ᠮᠡᠳᠡᠭᠳᠡᠯ ᠤᠨ ᠪᠢᠴᠢᠭ ᠢ ᠬᠦᠷᠭᠡᠬᠦ ᠠᠵᠢᠯ ᠢ ᠰᠤᠷᠭᠠᠨ | ᠬᠥᠮᠦᠵᠢᠯ ᠤᠨ ᠶᠠᠮᠤᠨ᠂ ᠤᠯᠤᠰ ᠤᠨ ᠰᠢᠤᠳᠠᠨ ᠤ ᠶᠡᠷᠦᠩᠬᠡᠶ ᠳᠣᠪᠴᠢᠶᠠᠨ ᠤ ᠬᠤᠯᠪᠤᠭᠳᠠᠬᠤ ᠲᠣᠭᠲᠠᠭᠠᠯ | ᠶᠣᠰᠤ ᠪᠠᠷ ᠬᠡᠷᠡᠭᠵᠢᠭᠦᠯᠦᠨ᠎ᠡ᠃ | | ᠠᠷᠪᠠᠨ ᠨᠠᠢᠮᠠ᠂ ᠶᠠᠮᠠᠷ ᠪᠠᠶᠢᠳᠠᠯ ᠳᠤ ᠡᠯᠰᠡᠭᠳᠡᠬᠦ ᠬᠢᠷᠢ ᠬᠡᠮ ᠢᠶᠠᠨ ᠬᠠᠰᠤᠭᠤᠯᠬᠤ ᠪᠤᠶ︖ | | 2022 ᠣᠨ ᠤ 7 ᠰᠠᠷ᠎ᠠ ᠶᠢᠨ 31 ᠤ ᠡᠳᠦᠷ ᠠᠴᠠ ᠡᠮᠦᠨ᠎ᠡ ᠲᠤᠰᠬᠠᠶ ᠮᠡᠷᠭᠡᠵᠢᠯ ᠤᠨ ᠰᠤᠷᠭᠠᠭᠤᠯᠢ | ᠲᠡᠭᠦᠰᠦᠭᠰᠡᠨ ᠦᠨᠡᠮᠯᠡᠯ ᠣᠯᠤᠭᠠᠳᠤᠶ ᠪᠤᠶᠤ ᠳᠠᠬᠢᠨ ᠪᠠᠶᠢᠴᠠᠭᠠᠭᠠᠳ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ | ᠥᠬᠡᠶ ᠰᠣᠷᠣᠭᠴᠢ ᠶᠢ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠨᠢ ᠲᠤᠰᠬᠠᠶ ᠮᠡᠷᠭᠡᠵᠢᠯ ᠤᠨ ᠠᠩᠭᠢ ᠠᠴᠠ | ᠦᠨᠳᠦᠰᠦᠨ ᠠᠩᠭᠢ ᠳᠤ ᠳᠡᠪᠰᠢᠬᠦ ᠳᠤ ᠡᠯᠰᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ ᠡᠯᠰᠡᠭᠳᠡᠭᠰᠡᠨ ᠤ | ᠳᠠᠷᠠᠭ᠎ᠠ ᠨᠡᠷ᠎ᠡ ᠮᠡᠳᠡᠭᠦᠯᠦᠭᠰᠡᠨ ᠥᠬᠡᠶ ᠪᠤᠶᠤ ᠰᠤᠷᠭᠠᠭᠤᠯᠢ ᠳᠤ ᠣᠷᠣᠬᠤ ᠬᠢᠷᠢ ᠬᠡᠮ ᠢᠶᠠᠨ ᠥᠪᠡᠰᠦᠪᠡᠨ ᠬᠠᠶᠠᠭᠰᠠᠨ | ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠳᠤ ᠰᠢᠯᠭᠠᠬᠤ ᠥᠬᠡᠶ ᠪᠠᠷ ᠲᠤᠰᠬᠠᠶ ᠮᠡᠷᠭᠡᠵᠢᠯ ᠤᠨ | ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠲᠥᠷᠥ ᠶᠢᠨ ᠪᠣᠳᠣᠯᠭ᠎ᠠ ᠶᠢ ᠬᠦᠷᠲᠡᠭᠡᠬᠦ ᠥᠬᠡᠶ᠃ | | ᠠᠷᠪᠠ ᠶᠢᠰᠦ᠂ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠭᠰᠡᠨ | ᠰᠣᠷᠣᠭᠴᠢ ᠶᠢᠨ ᠲᠡᠭᠦᠰᠬᠦ ᠦᠨᠡᠮᠯᠡᠯ ᠨᠢ ᠶᠠᠮᠠᠷ ᠢᠯᠭᠠᠭ᠎ᠠ ᠲᠠᠢ ᠪᠣᠶ︖ | | ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠶᠢᠨ ᠬᠠᠮᠢᠶᠠᠷᠤᠯᠲᠠ ᠶᠢᠨ ᠲᠣᠭᠲᠠᠭᠠᠯ︾ | ︵ᠰᠤᠷᠭᠠᠨ ᠬᠥᠮᠦᠵᠢᠯ ᠤᠨ ᠶᠠᠮᠤᠨ ᠤ ᠵᠠᠷᠯᠢᠭ 41 ᠳ᠋ᠦ᠋ᠭᠡᠷ ᠲᠣᠭᠠᠲᠤ︶ ᠤᠨ ︽ᠰᠤᠷᠭᠠᠭᠤᠯᠢ ᠠᠴᠠ ᠰᠣᠷᠣᠭᠴᠢ | ᠡᠯᠰᠡᠬᠦ ᠦᠶ᠎ᠡ ᠳᠤ ᠲᠣᠭᠲᠠᠭᠠᠭᠰᠠᠨ ᠰᠤᠷᠭᠠᠭᠤᠯᠢ ᠡᠷᠭᠢᠯᠡᠬᠦ ᠲᠥᠷᠥᠯ ᠬᠡᠯᠪᠡᠷᠢ ᠪᠠ ᠰᠤᠷᠤᠯᠴᠠᠬᠤ ᠬᠡᠯᠪᠡᠷᠢ ᠶᠢ | ᠴᠢᠩᠭ᠎ᠠ ᠵᠢᠷᠤᠮᠯᠠᠵᠤ᠂ ᠰᠤᠷᠤᠭᠴᠢ ᠡᠯᠰᠡᠬᠦ ᠦᠶᠡᠰ ᠮᠡᠳᠡᠭᠦᠯᠦᠭᠰᠡᠨ ᠬᠤᠪᠢ ᠬᠥᠮᠦᠨ ᠤ ᠮᠡᠳᠡᠭᠡ ᠵᠠᠩᠭᠢ ᠪᠠᠷ | ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠵᠢᠴᠢ ᠪᠤᠰᠤᠳ ᠰᠤᠷᠤᠯᠭ᠎ᠠ ᠶᠢᠨ | ᠦᠨᠡᠮᠯᠡᠯ ᠢ ᠲᠠᠭᠯᠠᠵᠤ᠂ ᠣᠯᠭᠤᠬᠤ︾ ᠪᠠ ︽ᠣᠳᠣᠬᠠᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠯᠭ᠎ᠠ ᠶᠢᠨ | ᠨᠠᠮᠲᠠᠷ ᠤᠨ ᠦᠨᠡᠮᠯᠡᠯ ᠤᠨ ᠳᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠰᠤᠷᠭᠠᠨ ᠬᠥᠮᠦᠵᠢᠯ ᠤᠨ | ᠶᠠᠮᠤᠨ ᠤ ᠮᠡᠳᠡᠭᠳᠡᠯ︾ ︵ᠰᠤᠷᠭᠠᠨ ᠡᠷᠳᠡᠮ ᠤᠨ ᠴᠤᠯᠠ ﹇2002﹈ 15 ᠳ᠋ᠤᠭᠠᠷ ᠲᠣᠭᠠᠲᠤ︶ ᠳᠠᠬᠢ | ᠬᠤᠯᠪᠤᠭᠳᠠᠬᠤ ᠲᠣᠭᠲᠠᠭᠠᠯ ᠢ ᠦᠨᠳᠦᠰᠦᠯᠡᠵᠦ᠂ ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ | ᠳᠡᠪᠰᠢᠭᠰᠡᠨ ᠰᠤᠷᠤᠭᠴᠢ ᠶᠢᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠳᠡᠭᠡᠷ᠎ᠡ ︽ᠲᠤᠰ ᠰᠤᠷᠭᠠᠭᠤᠯᠢ ᠶᠢᠨ × × | ᠮᠡᠷᠭᠡᠵᠢᠯ ᠤᠨ ᠲᠤᠰᠬᠠᠢ ᠮᠡᠷᠭᠡᠵᠢᠯ ᠠᠴᠠ ᠡᠬᠢᠯᠡᠵᠦ ᠦᠨᠳᠦᠰᠦᠨ ᠠᠩᠭᠢ ᠳᠤ ᠰᠤᠷᠤᠯᠴᠠᠪᠠ︾ ᠭᠡᠵᠦ | ᠲᠣᠳᠣᠷᠬᠠᠶᠢᠯᠠᠬᠤ ᠬᠡᠷᠡᠭᠲᠡᠶ᠂ ︽ᠰᠤᠷᠤᠯᠴᠠᠬᠤ ᠡᠬᠢᠯᠡᠯᠲᠡ ᠶᠢᠨ ᠴᠠᠭ ᠢ ᠦᠨᠳᠦᠰᠦᠨ ᠠᠩᠭᠢ ᠳᠤ ᠣᠷᠣᠭᠰᠠᠨ | ᠪᠣᠳᠠᠲᠠᠶ ᠴᠠᠭ ᠢᠶᠠᠷ ᠲᠠᠭᠯᠠᠨ᠎ᠠ︾᠃ | | ᠬᠤᠷᠢ᠂ ᠰᠢᠯᠭᠠᠭᠤᠯᠤᠭᠰᠠᠳ ᠰᠢᠯᠭᠠᠯᠲᠠ ᠳᠤ ᠪᠡᠯᠡᠳᠬᠡᠬᠦ ᠳᠤ ᠪᠠᠨ ᠶᠠᠭᠤ ᠶᠢ | ᠠᠩᠬᠠᠷᠬᠤ ᠬᠡᠷᠡᠭᠲᠡᠶ ᠪᠣᠶ︖ | | ᠰᠢᠯᠭᠠᠯᠲᠠ ᠳᠤ ᠰᠢᠯᠭᠠᠭᠤᠯᠤᠭᠰᠠᠳ ᠤᠨ ᠰᠣᠶᠣᠯ ᠤᠨ ᠬᠡᠪ ᠪᠣᠯᠪᠠᠰᠤᠷᠠᠯ ᠪᠠ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢ ᠭᠤᠣᠯᠳᠠᠯᠭᠠᠲᠠᠢ ᠰᠢᠯᠭᠠᠨ ᠪᠠᠶᠢᠴᠠᠭᠠᠵᠤ᠂ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠡᠳᠦᠷ | ᠲᠤᠲᠤᠮ ᠤᠨ ᠬᠤᠷᠠᠮᠳᠤᠭᠤᠯᠤᠯ ᠢ ᠴᠢᠬᠤᠯᠠᠴᠢᠯᠠᠨ᠎ᠠ᠃ ᠰᠢᠯᠭᠠᠭᠤᠯᠤᠭᠰᠠᠳ ᠡᠪᠦᠯ ᠤᠨ ᠠᠮᠠᠷᠠᠯᠲᠠ ᠶᠢᠨ | ᠬᠤᠭᠤᠴᠠᠭᠠᠨ ᠳᠤ ᠰᠣᠷᠣᠭᠰᠠᠨ ᠮᠡᠳᠡᠯᠭᠡ ᠪᠠᠨ ᠰᠢᠰᠲ᠋ᠧᠮᠲᠡᠢ ᠡᠮᠬᠢᠯᠡᠨ᠂ ᠡᠩ ᠤᠨ ᠴᠠᠭ ᠲᠤ ᠨᠠᠷᠢᠨ ᠬᠢᠨᠠᠮᠠᠭᠠᠶ ᠪᠠᠷ | ᠰᠢᠯᠭᠠᠯᠲᠠ ᠳᠤ ᠪᠡᠯᠡᠳᠬᠡᠵᠦ᠂ ︽ᠬᠢᠷᠢ ᠲᠡᠩᠴᠡᠬᠦ ᠶᠢ ᠪᠠᠲᠤᠯᠬᠠᠤ ᠠᠩᠭᠢ︾᠂ ︽ᠬᠡᠯᠡᠯᠴᠡᠭᠡᠷᠲᠦ ᠠᠩᠭᠢ︾ ᠵᠡᠷᠭᠡ | ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠭᠤᠯᠤᠯ ᠳᠤ ᠣᠷᠣᠯᠴᠠᠬᠤ ᠥᠬᠡᠶ ᠪᠠᠶᠢᠬᠤ ᠶᠢ ᠰᠠᠨᠠᠭᠤᠯᠤᠶ᠎ᠠ᠃ ᠡᠭᠦᠨ ᠤ | ᠬᠠᠮᠲᠤ ᠰᠢᠯᠭᠠᠭᠤᠯᠤᠭᠰᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠣᠨᠴᠠᠭᠠᠶ ᠬᠦᠴᠦᠨ ᠵᠦᠢᠯ ᠢ | ᠭᠦᠢᠴᠡᠳ ᠪᠣᠳᠣᠯᠬᠢᠯᠠᠵᠤ᠂ ᠠᠶᠠᠨ ᠵᠠᠮ ᠢᠶᠠᠨ ᠤᠷᠢᠳᠴᠢᠯᠠᠨ ᠲᠣᠬᠢᠷᠠᠭᠤᠯᠵᠤ᠂ ᠰᠢᠯᠭᠠᠯᠲᠠ ᠳᠤ ᠤᠷᠤᠭᠰᠢᠲᠠᠶ | ᠣᠷᠣᠯᠴᠠᠬᠤ ᠪᠠᠨ ᠦᠨᠡᠨ ᠬᠦ ᠪᠠᠲᠤᠯᠠᠬᠤ ᠬᠡᠷᠡᠭᠲᠡᠶ᠃ | | ᠬᠤᠷᠢᠨ ᠨᠢᠭᠡ᠂ ᠰᠢᠯᠭᠠᠭᠤᠯᠤᠭᠰᠠᠳ ᠰᠢᠯᠭᠠᠯᠲᠠ ᠬᠢᠵᠦ ᠰᠣᠷᠣᠭᠴᠢ ᠡᠯᠰᠡᠬᠦ ᠲᠠᠢ ᠬᠤᠯᠪᠤᠭᠳᠠᠬᠤ | ᠵᠦᠢᠯ ᠢ ᠶᠠᠭᠠᠬᠢᠵᠤ ᠠᠰᠠᠭᠤᠨ ᠯᠠᠪᠯᠠᠬᠤ ᠪᠣᠶ︖ | | ᠰᠢᠯᠭᠠᠭᠤᠯᠤᠭᠰᠠᠳ ᠯᠠᠪᠯᠠᠨ ᠠᠰᠠᠭᠤᠬᠤ ᠵᠦᠢᠯ ᠢᠶᠠᠨ ᠢᠮᠧᠯ᠄ https://www.nm.zsks.cn/ | ᠳᠤ ᠢᠯᠡᠭᠡᠬᠦ ᠪᠤᠶᠤ ᠤᠲᠠᠰᠤ ᠪᠠᠷ ᠯᠠᠪᠯᠠᠵᠤ ᠪᠣᠯᠤᠨ᠎ᠠ᠄ ᠰᠤᠷᠭᠠᠨ ᠬᠥᠮᠦᠵᠢᠯ ᠤᠨ ᠲᠢᠩᠬᠢᠮ ᠤᠨ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠭᠠᠵᠠᠷ᠄ 0471 - 2856628᠂ 2856606᠂ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠲᠥᠪ᠄ 0471 - 3261806᠂ ᠠᠵᠢᠯᠲᠠᠨ ᠳᠠᠷᠤᠢ ᠳᠤ ᠨᠢ | ᠬᠠᠷᠢᠭᠤᠯᠲᠠ ᠥᠭᠭᠦᠨ᠎ᠡ᠃ | | |