| | ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ | ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠬᠠᠮᠲᠤᠷᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ ᠶᠢᠨ ᠳᠠᠳᠤᠯᠭ᠎ᠠ ᠶᠢ ᠬᠠᠮᠢᠶᠠᠷᠬᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ | ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠶᠠᠮᠤᠨ ᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠬᠢᠭᠡᠳ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠤᠨ ᠵᠤᠷᠭᠠᠨ ᠤ ᠬᠠᠷᠢᠭᠤᠴᠠᠯᠭᠠᠲᠠᠨ ᠠᠴᠠ | ︽ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠬᠤᠯᠪᠤᠭᠳᠠᠬᠤ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ ᠬᠠᠮᠲᠤ ᠳᠤ ᠪᠠᠨ ᠦᠵᠡᠵᠡᠭᠡᠶ᠎ᠡ︕ | 1 . ︽ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠭᠤᠣᠯ ᠠᠬᠤᠶ ᠪᠠᠶᠢᠳᠠᠯ ᠶᠠᠭᠤ ᠪᠤᠶ︖ | 2016 ᠣᠨ ᠳᠤ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠶᠠᠮᠤᠨ᠂ ᠤᠤᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠤᠯ ᠤᠨ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ ︽ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ ᠶᠢᠨ ᠳᠠᠳᠤᠯᠭ᠎ᠠ ᠶᠢ ᠬᠠᠮᠢᠶᠠᠷᠬᠤ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠠᠳᠤᠯᠭ᠎ᠠ ᠶᠢ ᠳᠦᠷᠢᠮᠵᠢᠭᠦᠯᠬᠦ ᠳᠤ ᠴᠢᠬᠤᠯᠠ ᠦᠢᠯᠡᠳᠦᠯ | ᠦᠵᠡᠭᠦᠯᠵᠦ᠂ ᠳᠠᠳᠤᠯᠭ᠎ᠠ ᠶᠢᠨ ᠬᠠᠮᠢᠶᠠᠷᠤᠯᠲᠠ ᠶᠡᠷᠦᠩᠬᠡᠶ ᠳᠤ ᠪᠠᠨ ᠳᠦᠷᠢᠮᠵᠢᠵᠦ᠂ ᠬᠤᠯᠪᠤᠭᠳᠠᠬᠤ ᠮᠡᠳᠡᠭᠦᠯᠦᠯᠲᠡ ᠳᠤ | ᠢᠯᠡᠷᠡᠭᠦᠯᠦᠭᠰᠡᠨ ᠢᠶᠠᠷ 2020 ᠣᠨ ᠳᠤ ᠳᠠᠳᠤᠯᠭ᠎ᠠ ᠬᠢᠭᠰᠡᠨ ᠠᠷᠪᠠᠨ ᠲᠦᠮᠡᠨ ᠰᠣᠷᠣᠭᠴᠢ ᠶᠢᠨ ᠥᠭᠦᠵᠦ | ᠰᠢᠷᠬᠠᠲᠤᠭᠰᠠᠨ ᠲᠤᠭ᠎ᠠ 2015 ᠣᠨ ᠤ ᠬᠢ ᠠᠴᠠ 22 . 31 % ᠪᠠᠷ ᠪᠠᠭᠤᠷᠠᠭᠰᠠᠨ ᠪᠣᠯᠪᠠᠴᠤ ᠪᠠᠰᠠ ᠵᠠᠷᠢᠮ | ᠰᠢᠨ᠎ᠡ ᠬᠠᠨᠳᠤᠰᠢ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ ᠲᠤᠯᠭᠠᠷᠠᠭᠰᠠᠨ ᠪᠠᠶᠢᠨ᠎ᠠ᠃ | ᠨᠢᠭᠡ ᠳᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠤᠷᠤᠭᠴᠢᠳ ᠤᠨ | ᠳᠠᠳᠤᠯᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠬᠦ ᠲᠤᠬᠠᠶ ᠲᠣᠳᠣᠷᠬᠠᠶ ᠪᠠᠶᠢᠷᠢᠯᠠᠭᠤᠯᠵᠤ᠂ ᠪᠥᠬᠦ ᠤᠯᠤᠰ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠠᠴᠠ ᠳᠠᠳᠤᠯᠭ᠎ᠠ ᠪᠠ ᠪᠣᠯᠪᠠᠰᠤᠷᠠᠯ ᠵᠡᠷᠭᠡ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠪᠠᠷᠢᠮᠵᠢᠶᠠᠨ ᠤ ᠳᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠰᠤᠷᠤᠭᠴᠢᠳ ᠤᠨ ᠳᠠᠳᠤᠯᠭ᠎ᠠ ᠪᠠ ᠪᠣᠯᠪᠠᠰᠤᠷᠠᠯ ᠤᠨ ᠭᠤᠭᠴᠤᠭ᠎ᠠ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠤᠷ᠎ᠠ ᠴᠢᠳᠠᠪᠤᠷᠢ ᠶᠢ ᠬᠠᠩᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ ᠭᠡᠵᠦ | ᠳᠤᠷᠠᠳᠪᠠ︔ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠳᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠬᠢᠨ ᠤ ᠳᠠᠳᠤᠯᠭ᠎ᠠ ᠳᠤ ᠣᠷᠣᠯᠴᠠᠬᠤ ᠶᠢ ᠵᠣᠷᠢᠭᠵᠢᠭᠤᠯᠬᠤ᠂ ᠳᠠᠳᠤᠯᠭ᠎ᠠ ᠶᠢᠨ ᠬᠠᠮᠢᠶᠠᠷᠤᠯᠲᠠ ᠶᠢ ᠳᠦᠷᠢᠮᠵᠢᠭᠦᠯᠬᠦ | ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃ | ᠬᠤᠶᠠᠷ ᠲᠤ᠂ ᠳᠠᠳᠤᠯᠭ᠎ᠠ ᠶᠢᠨ ᠬᠠᠮᠢᠶᠠᠷᠤᠯᠲᠠ ᠳᠤ ᠬᠤᠯᠪᠣᠭᠳᠠᠬᠤ ᠭᠤᠤᠯ ᠴᠣᠭᠴᠠ ᠣᠯᠠᠨ᠂ ᠠᠵᠢᠯ ᠤᠨ | ᠬᠡᠯᠬᠢᠶ᠎ᠡ ᠣᠷᠳᠣ ᠪᠥᠭᠡᠳ ᠬᠢᠵᠢᠭ ᠤᠨ ᠪᠠᠶᠢᠳᠠᠯ ᠵᠡᠷᠭᠡ ᠶᠢᠨ ᠨᠥᠯᠥᠭᠡ ᠠᠴᠠ ᠪᠣᠯᠵᠣ᠂ ᠬᠡᠰᠡᠭ ᠬᠤᠭᠤᠴᠠᠭᠠᠨ ᠤ | ᠲᠤᠷᠰᠢ ᠵᠠᠷᠢᠮ ᠨᠢᠭᠡᠴᠢ ᠪᠠ ᠬᠤᠪᠢ ᠬᠥᠮᠦᠨ ᠠᠰᠢᠭ ᠲᠤᠰᠠ ᠠᠴᠠ ᠡᠭᠦᠰᠴᠦ᠂ ᠳᠠᠳᠤᠯᠭ᠎ᠠ ᠶᠢᠨ ᠨᠡᠷ᠎ᠡ ᠪᠠᠷ | ᠰᠤᠷᠤᠭᠴᠢᠳ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ︽ᠴᠤᠪᠤᠷᠠᠯ ᠱᠤᠭᠤᠮ︾ ᠳᠤ | ᠣᠴᠢᠭᠤᠯᠤᠨ ᠠᠵᠢᠯ ᠬᠢᠯᠭᠡᠬᠦ᠂ ᠴᠠᠭ ᠨᠡᠮᠡᠵᠦ ᠠᠵᠢᠯᠯᠠᠭᠤᠯᠬᠤ ᠪᠠ ᠰᠥᠨᠢ ᠶᠢᠨ ᠡᠭᠡᠯᠵᠢ ᠲᠣᠬᠢᠷᠠᠭᠤᠯᠬᠤ᠂ | ᠠᠯᠪᠠᠳᠠᠯᠭ᠎ᠠ ᠪᠠᠷ ᠳᠠᠳᠤᠯᠭ᠎ᠠ ᠬᠢᠯᠭᠡᠬᠦ᠂ ᠲᠥᠯᠦᠪᠦᠷᠢᠲᠡᠢ ᠳᠠᠳᠤᠯᠭ᠎ᠠ ᠬᠢᠯᠭᠡᠬᠦ᠂ ᠳᠠᠳᠤᠯᠭ᠎ᠠ ᠶᠢᠨ ᠲᠤᠰᠬᠠᠶ ᠮᠡᠷᠭᠡᠵᠢᠯ | ᠲᠣᠬᠢᠷᠠᠮᠵᠢ ᠥᠬᠡᠶ ᠪᠠᠶᠢᠬᠤ ᠵᠡᠷᠭᠡ ᠠᠰᠠᠭᠤᠳᠠᠯ ᠪᠠᠶᠢᠨ ᠳᠠᠬᠢᠨ ᠡᠭᠦᠰᠴᠦ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ | ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠳᠠᠳᠤᠯᠭ᠎ᠠ ᠲᠠᠢ ᠬᠤᠯᠪᠤᠭᠳᠠᠭᠰᠠᠨ ᠠᠰᠠᠭᠤᠳᠠᠯ ᠢ ᠲᠤᠰᠬᠠᠶ | ᠵᠠᠰᠠᠬᠤ ᠪᠠᠷ ᠵᠣᠬᠢᠶᠠᠨ ᠪᠠᠶᠢᠭᠤᠯᠵᠤ᠂ ᠰᠤᠷᠭᠠᠨ ᠬᠥᠮᠦᠵᠢᠯ ᠤᠨ ᠶᠠᠮᠤᠨ ᠪᠠ ᠡᠯ᠎ᠡ ᠮᠤᠵᠢ ᠶᠢᠨ ᠬᠢᠨ ᠳᠠᠳᠤᠯᠭ᠎ᠠ ᠳᠤ | ᠬᠢᠨᠠᠯᠲᠠ ᠲᠠᠯᠪᠢᠵᠤ ᠵᠦᠪᠯᠡᠯᠭᠡ ᠥᠭᠬᠦ ᠤᠲᠠᠰᠤ ᠶᠢ ᠨᠡᠪᠲᠡᠷᠡᠭᠦᠯᠵᠦ᠂ ᠬᠤᠯᠪᠤᠭᠳᠠᠬᠤ ᠠᠰᠠᠭᠤᠳᠠᠯ ᠤᠨ ᠰᠦᠪᠡᠭᠴᠢ ᠶᠢ | ᠦᠨᠳᠦᠰᠦᠯᠡᠨ ᠠᠵᠢᠯ ᠤᠨ ᠡᠬᠡ ᠲᠠᠩᠰᠠ ᠪᠠᠶᠢᠭᠤᠯᠵᠤ᠂ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ ᠴᠡᠭᠴᠡᠯᠡᠨ | ᠥᠭᠡᠷᠡᠴᠢᠯᠡᠭᠰᠡᠨ ᠤ ᠬᠠᠮᠲᠤ ᠨᠢᠭᠡ ᠪᠦᠯᠦᠭ ᠳᠠᠳᠤᠯᠭ᠎ᠠ ᠶᠢᠨ ᠲᠣᠭᠲᠠᠭᠠᠯ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠵᠦ᠂ ᠬᠤᠯᠪᠤᠭᠳᠠᠬᠤ ᠬᠡᠷᠡᠭ ᠤᠨ ᠵᠢᠱᠢᠶ᠎ᠡ ᠨᠢ ᠳᠠᠳᠤᠯᠭ᠎ᠠ ᠶᠢᠨ ᠬᠠᠮᠢᠶᠠᠷᠤᠯᠲᠠ ᠳᠤ ᠪᠠᠰᠠ | ᠬᠠᠷᠢᠭᠤᠴᠠᠯᠭ᠎ᠠ ᠶᠢᠨ ᠬᠡᠯᠬᠢᠶ᠎ᠡ ᠳᠤᠲᠠᠭᠳᠠᠵᠤ᠂ ᠬᠢᠨᠠᠯᠲᠠ ᠬᠠᠮᠢᠶᠠᠷᠤᠯᠲᠠ ᠬᠦᠷᠦᠯᠴᠡᠬᠦ ᠦᠭᠡᠢ᠂ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠶᠢ ᠪᠣᠳᠠᠲᠠᠶᠢᠵᠢᠭᠤᠯᠤᠭᠰᠠᠨ ᠥᠬᠡᠶ ᠵᠡᠷᠭᠡ ᠪᠠᠶᠢᠳᠠᠯ ᠣᠷᠣᠰᠢᠵᠤ ᠪᠠᠶᠢᠬᠤ ᠶᠢ | ᠲᠤᠰᠬᠠᠵᠤ᠂ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ | ᠭᠤᠷᠪᠠ ᠳᠤ᠂ ᠣᠶᠢᠷ᠎ᠠ ᠶᠢᠨ ᠵᠢᠯ᠂ ᠲᠣᠭᠠᠵᠢᠭᠰᠠᠨ ᠠᠵᠤ ᠠᠬᠤᠶ ᠨᠢ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ᠂ ᠰᠢᠨ᠎ᠡ ᠬᠡᠪ ᠵᠠᠭᠪᠤᠷ ᠢ ᠪᠣᠶ ᠪᠣᠯᠭᠠᠵᠤ᠂ ᠠᠵᠢᠯ ᠤᠨ ᠪᠠᠶᠢᠷᠢ ᠶᠢᠨ ᠲᠠᠰ ᠳᠡᠪᠰᠢᠬᠦ᠂ ᠠᠵᠢᠯ ᠮᠡᠷᠭᠡᠵᠢᠯ ᠤᠨ | ᠠᠬᠤᠶ ᠲᠠᠯᠠᠪᠠᠶ ᠶᠢᠨ ᠬᠤᠪᠢᠷᠠᠯᠲᠠ ᠶᠢ ᠠᠬᠢᠭᠤᠯᠤᠭᠰᠠᠨ ᠤ ᠬᠠᠮᠲᠤ ᠦᠢᠯᠡᠳᠪᠦᠷᠢᠯᠡᠯ ᠤᠨ ᠴᠢᠨᠠᠷᠲᠠᠶ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ᠂ ᠳᠠᠭᠤᠷᠢᠶᠠᠮᠠᠯ ᠦᠨᠡᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠠᠭᠢᠬᠤ ᠶᠢ ᠳᠠᠭᠠᠯᠳᠤᠨ᠂ ᠬᠡᠰᠡᠭ ᠲᠤᠰᠬᠠᠶ ᠮᠡᠷᠭᠡᠵᠢᠯ ᠨᠢ ᠰᠤᠷᠭᠠᠭᠤᠯᠢ ᠳᠤ ᠪᠤᠶᠤ | ᠬᠦᠷᠢᠶᠡᠯᠡᠩ ᠳᠤ ᠠᠳᠠᠯᠢ ᠪᠤᠰᠤ ᠬᠡᠯᠪᠡᠷᠢ ᠪᠠᠷ ᠠᠵᠤ ᠠᠬᠤᠶᠢᠯᠠᠯ ᠤᠨ ᠦᠨᠡᠨ ᠪᠣᠳᠠᠲᠠᠶ ᠠᠵᠢᠯ ᠮᠡᠷᠭᠡᠵᠢᠯ ᠤᠨ ᠠᠬᠤᠶ | ᠪᠠᠶᠢᠳᠠᠯ ᠢ ᠦᠨᠳᠦᠰᠦᠨ ᠳᠤ ᠪᠠᠨ ᠳᠠᠬᠢᠨ ᠢᠯᠡᠷᠡᠭᠦᠯᠬᠦ ᠶᠢ ᠪᠡᠶᠡᠯᠡᠭᠦᠯᠵᠦ᠂ ᠡᠭᠦᠨ ᠤ ᠳᠡᠭᠡᠷ᠎ᠡ ᠳᠤᠮᠳᠠ ᠳᠡᠭᠡᠳᠦ | ᠵᠡᠷᠭᠡ ᠶᠢᠨ ᠠᠵᠢᠯ ᠮᠡᠷᠭᠡᠵᠢᠯ ᠢ ᠨᠡᠪᠲᠡᠷᠡᠭᠦᠯᠦᠨ ᠬᠥᠮᠦᠵᠢᠭᠦᠯᠬᠦ ᠵᠡᠷᠭᠡ ᠬᠥᠮᠦᠨ ᠢ ᠬᠥᠮᠦᠵᠢᠭᠦᠯᠬᠦ ᠬᠡᠪ ᠵᠠᠭᠪᠤᠷ ᠤᠨ | ᠲᠠᠰᠤᠷᠠᠯᠲᠠ ᠥᠬᠡᠶ ᠰᠢᠨ᠎ᠡ ᠶᠢ ᠡᠭᠦᠳᠬᠦ ᠶᠢ ᠪᠡᠶᠡᠯᠡᠭᠦᠯᠵᠦ᠂ ᠳᠠᠳᠤᠯᠭ᠎ᠠ ᠶᠢᠨ ᠬᠠᠮᠢᠶᠠᠷᠤᠯᠲᠠ ᠶᠢ ᠴᠠᠭ ᠦᠶ᠎ᠡ ᠲᠠᠢ | ᠵᠡᠷᠭᠡ ᠪᠠᠷ ᠤᠷᠤᠭᠰᠢᠯᠠᠭᠤᠯᠵᠤ᠂ ᠲᠤᠭᠠᠵᠢᠭᠤᠯᠵᠤ᠂ ᠲᠠᠰ ᠳᠡᠪᠰᠢᠭᠦᠯᠬᠦ ᠶᠢ ᠪᠡᠶᠡᠯᠡᠭᠦᠯᠬᠦ ᠴᠢᠬᠤᠯᠠᠲᠠᠶ ᠪᠠᠶᠢᠨ᠎ᠠ᠃ | 2 . 2016 ᠣᠨ ᠤ ᠬᠡᠪᠯᠡᠯ ᠲᠠᠢ ᠬᠠᠷᠢᠴᠠᠭᠤᠯᠪᠠᠯ᠂ ︽ᠲᠣᠭᠲᠠᠭᠠᠯ︾ ᠨᠢ ᠶᠠᠮᠠᠷ ᠬᠤᠪᠢᠷᠠᠯᠲᠠ ᠲᠠᠢ ᠪᠣᠶ︖ | ︽ᠲᠣᠭᠲᠠᠭᠠᠯ︾ ᠨᠢ ᠤᠤᠯ ᠤᠨ ᠶᠡᠷᠦᠩᠬᠡᠶ ᠲᠦᠷᠢᠮ᠂ ᠳᠠᠳᠤᠯᠭ᠎ᠠ ᠶᠢᠨ ᠵᠣᠬᠢᠶᠠᠨ ᠪᠠᠶᠢᠭᠤᠯᠤᠯᠲᠠ᠂ | ᠳᠠᠳᠤᠯᠭ᠎ᠠ ᠶᠢᠨ ᠬᠠᠮᠢᠶᠠᠷᠤᠯᠲᠠ᠂ ᠳᠠᠳᠤᠯᠭ᠎ᠠ ᠶᠢᠨ ᠬᠢᠨᠠᠨ ᠪᠠᠶᠢᠴᠠᠭᠠᠯᠲᠠ᠂ ᠠᠮᠤᠷ ᠲᠦᠪᠰᠢᠨ ᠤ ᠲᠤᠰᠢᠶᠠᠯ | ᠬᠠᠷᠢᠭᠤᠴᠠᠯᠭ᠎ᠠ᠂ ᠳᠠᠭᠠᠯᠳᠤᠭᠤᠯᠤᠭᠰᠠᠨ ᠲᠦᠷᠢᠮ ᠵᠡᠷᠭᠡ ᠵᠢᠷᠭᠤᠭᠠᠨ ᠪᠦᠯᠦᠭ ᠤᠨ ᠠᠭᠤᠯᠭ᠎ᠠ ᠶᠢᠨ ᠰᠠᠭᠤᠷᠢᠨ | ᠳᠡᠭᠡᠷ᠎ᠡ 2 ᠪᠦᠯᠦᠭ᠂ 11 ᠵᠦᠢᠯ ᠤᠨ ᠠᠭᠤᠯᠭ᠎ᠠ ᠶᠢ ᠨᠡᠮᠡᠵᠦ᠂ ᠨᠠᠢᠮᠠᠨ ᠪᠦᠯᠦᠭ 50 ᠵᠦᠢᠯ ᠪᠣᠯᠭᠠᠪᠠ᠃ | ᠨᠢᠭᠡ ᠳᠤ᠂ ᠮᠣᠷᠠᠯ ᠪᠠ ᠮᠡᠷᠭᠡᠵᠢᠯ ᠢ ᠵᠡᠷᠭᠡ ᠪᠠᠷ ᠰᠤᠷᠬᠤ ᠱᠠᠭᠠᠷᠳᠠᠯᠭ᠎ᠠ ᠶᠢ ᠴᠢᠩᠭᠠᠳᠬᠠᠵᠤ᠂ ᠳᠠᠳᠤᠯᠭ᠎ᠠ ᠶᠢ | ᠬᠥᠮᠦᠨ ᠢ ᠬᠥᠮᠦᠵᠢᠭᠦᠯᠬᠦ ᠮᠥᠨ ᠴᠢᠨᠠᠷ ᠲᠤ ᠪᠤᠴᠠᠬᠤ ᠶᠢ ᠠᠬᠢᠭᠤᠯᠪᠠ᠃ ︽ᠲᠣᠭᠲᠠᠭᠠᠯ︾ ᠳᠤ ᠰᠤᠷᠤᠭᠴᠢᠳ ᠤᠨ | ᠳᠠᠳᠤᠯᠭ᠎ᠠ ᠶᠢᠨ ᠮᠥᠨ ᠴᠢᠨᠠᠷ ᠪᠣᠯ ᠵᠢᠭᠠᠨ ᠰᠤᠷᠭᠠᠯᠲᠠ ᠶᠢᠨ ᠠᠵᠢᠯᠯᠠᠭ᠎ᠠ᠂ ᠦᠢᠯᠡᠳᠦᠯᠭᠡ ᠶᠢᠨ ᠵᠢᠭᠠᠨ | ᠰᠤᠷᠭᠠᠯᠲᠠ ᠶᠢᠨ ᠴᠢᠬᠤᠯᠠ ᠭᠤᠭᠴᠤᠭ᠎ᠠ᠂ ᠲᠤᠰᠬᠠᠶ ᠮᠡᠷᠭᠡᠵᠢᠯ ᠤᠨ ᠰᠤᠷᠤᠯᠴᠠᠯᠭ᠎ᠠ ᠪᠠ ᠮᠡᠷᠭᠡᠰᠢᠯ ᠤᠷ᠎ᠠ | ᠴᠢᠳᠠᠪᠤᠷᠢ ᠶᠢᠨ ᠪᠣᠯᠪᠠᠰᠤᠷᠠᠯ ᠤᠨ ᠵᠠᠪᠠᠯ ᠪᠦᠷᠢᠯᠳᠦᠭᠦᠯᠬᠦ ᠠᠷᠭ᠎ᠠ ᠵᠠᠮ ᠪᠣᠯᠬᠤ ᠪᠠᠷ ᠪᠠᠷᠠᠬᠤ ᠥᠬᠡᠶ᠂ ᠪᠠᠰᠠ ᠴᠤ | ᠰᠥᠰᠥ ᠵᠣᠷᠢᠭ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠠᠵᠢᠯ ᠤᠨ ᠪᠠᠶᠢᠷᠢ ᠶᠢ ᠤᠷᠢᠳᠴᠢᠯᠠᠨ ᠣᠶᠢᠯᠠᠭᠠᠵᠤ᠂ | ᠨᠡᠶᠢᠭᠡᠮ ᠳᠤ ᠠᠭᠤᠰᠬᠤ ᠶᠢ ᠬᠥᠲᠥᠯᠥᠨ ᠵᠢᠯᠣᠭᠤᠳᠬᠤ ᠴᠢᠬᠤᠯᠠ ᠠᠷᠭ᠎ᠠ ᠬᠡᠯᠪᠡᠷᠢ ᠮᠥᠨ ᠭᠡᠵᠦ ᠤᠯᠠᠮ ᠨᠢᠭᠡ | ᠠᠯᠬᠤᠮ ᠴᠢᠬᠤᠯᠠᠴᠢᠯᠠᠵᠤ᠂ ᠳᠠᠳᠤᠯᠭ᠎ᠠ ᠶᠢᠨ ᠲᠥᠷᠥᠯ ᠠᠩᠭᠢᠯᠠᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ | ᠰᠢᠯᠢᠳᠡᠭᠵᠢᠭᠦᠯᠵᠦ᠂ ᠳᠠᠳᠤᠯᠭ᠎ᠠ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠪᠠ᠃ | ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ | ᠭᠤᠭᠴᠤᠭ᠎ᠠ ᠳᠤ ᠴᠢᠭᠯᠡᠭᠦᠯᠵᠦ ᠳᠦᠷᠢᠮ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ︽ᠲᠣᠭᠲᠠᠭᠠᠯ︾ ᠨᠢ | ᠳᠠᠳᠤᠯᠭ᠎ᠠ ᠬᠢᠬᠦ ᠪᠥᠬᠦ ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠭᠴᠤᠭᠠᠨ ᠳᠤ | ᠠᠩᠬᠠᠷᠤᠯ ᠢᠶᠠᠨ ᠲᠥᠪᠯᠡᠷᠡᠭᠦᠯᠵᠦ᠂ ᠳᠠᠳᠤᠯᠭ᠎ᠠ ᠬᠢᠬᠦ ᠨᠡᠷ᠎ᠡ ᠪᠠᠷ ᠰᠤᠷᠤᠭᠴᠢᠳ ᠢ ᠵᠣᠬᠢᠶᠠᠨ ᠪᠠᠶᠢᠭᠤᠯᠵᠤ ᠠᠵᠤ | ᠠᠬᠤᠶᠢᠯᠠᠯ ᠳᠤ ᠣᠴᠢᠭᠤᠯᠤᠨ ᠠᠵᠢᠯ ᠬᠢᠯᠭᠡᠬᠦ᠂ ︽ᠬᠥᠮᠦᠨ ᠤ ᠲᠣᠭᠠᠨ ᠤ ᠵᠠᠷᠤᠳᠠᠯ︾ ᠤᠯᠬᠤ᠂ ᠠᠯᠪᠠᠲᠠᠨ | ᠳᠠᠳᠤᠯᠭ᠎ᠠ ᠬᠢᠯᠭᠡᠬᠦ ᠵᠡᠷᠭᠡ ᠳᠤ ᠴᠢᠭᠯᠡᠭᠦᠯᠦᠨ ᠤᠯᠠᠮ ᠨᠢᠭᠡ ᠠᠯᠬᠤᠮ ᠬᠢᠵᠠᠭᠠᠷ ᠱᠤᠭᠤᠮ ᠳᠣᠭᠲᠠᠭᠠᠵᠤ᠂ ᠦᠢᠯᠡ | ᠠᠵᠢᠯᠯᠠᠭᠠᠨ ᠤ ᠪᠠᠷᠢᠮᠵᠢᠶ᠎ᠠ ᠶᠢ ᠲᠣᠳᠤᠷᠬᠠᠶᠢᠯᠠᠵᠤ᠂ ᠮᠤᠵᠢ ᠠᠯᠤᠰᠯᠠᠨ ᠳᠠᠳᠤᠯᠭ᠎ᠠ ᠬᠢᠬᠦ᠂ ᠳᠠᠳᠤᠯᠭ᠎ᠠ ᠶᠢᠨ | ᠳᠠᠭᠠᠳᠬᠠᠯ ᠵᠡᠷᠭᠡ ᠳᠤ ᠤᠯᠠᠮ ᠨᠢᠭᠡ ᠠᠯᠬᠤᠮ ᠨᠠᠷᠢᠯᠢᠭ ᠲᠣᠭᠲᠠᠭᠠᠯ ᠭᠠᠷᠭᠠᠵᠤ᠂ ᠳᠠᠳᠤᠯᠭ᠎ᠠ ᠶᠢᠨ ᠠᠮᠤᠷ | ᠲᠦᠪᠰᠢᠨ ᠢ ᠪᠠᠲᠤᠯᠠᠨ᠂ ᠳᠠᠳᠤᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃ | ᠭᠤᠷᠪᠠ ᠳᠤ᠂ ᠰᠠᠯᠠᠭ᠎ᠠ ᠮᠥᠴᠢᠷ ᠤᠨ ᠬᠢᠨ ᠤ ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ | ᠨᠠᠷᠢᠯᠢᠭᠵᠢᠭᠤᠯᠪᠠ᠃ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠭᠰᠠᠨ ᠨᠢᠭᠡᠴᠢ ᠳᠤ ᠠᠵᠤ ᠦᠢᠯᠡᠳᠪᠦᠷᠢ ᠪᠣᠯᠤᠨ | ᠮᠡᠳᠡᠭᠡ ᠵᠠᠩᠭᠢᠴᠢᠯᠠᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ | ᠶᠢᠨ ᠵᠥᠪᠯᠡᠯ ᠵᠡᠷᠭᠡ ᠭᠤᠷᠪᠠᠨ ᠰᠠᠯᠠᠭ᠎ᠠ ᠮᠥᠴᠢᠷ ᠢ ᠨᠡᠮᠡᠭᠰᠡᠨ ᠤ ᠬᠠᠮᠲᠤ ︽ᠪᠠᠲᠤᠯᠠᠬᠤ ᠠᠷᠭ᠎ᠠ ᠬᠡᠮᠵᠢᠶ᠎ᠡ︾ ᠪᠣᠯᠤᠨ | ︽ᠬᠢᠨᠠᠯᠲᠠ ᠲᠠᠯᠪᠢᠬᠤ ᠬᠢᠭᠡᠳ ᠰᠢᠢᠳᠪᠦᠷᠢᠯᠡᠬᠦ︾ ᠬᠤᠶᠠᠷ ᠪᠦᠯᠦᠭ ᠢ ᠰᠢᠨ᠎ᠡ ᠪᠠᠷ ᠨᠡᠮᠡᠵᠦ᠂ ᠬᠤᠯᠪᠤᠭᠳᠠᠬᠤ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ ᠬᠤᠯᠪᠤᠭᠳᠠᠬᠤ ᠲᠣᠭᠲᠠᠭᠠᠯ ᠢ ᠨᠠᠷᠢᠯᠢᠭᠵᠢᠭᠤᠯᠵᠤ᠂ | ᠰᠤᠷᠭᠠᠭᠤᠯᠢ᠂ ᠳᠠᠳᠤᠯᠭ᠎ᠠ ᠬᠢᠬᠦ ᠨᠢᠭᠡᠴᠢ᠂ ᠬᠤᠯᠪᠤᠭᠳᠠᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠡᠷᠭᠡ ᠡᠯ᠎ᠡ | ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠪᠠ᠃ | 3 . ︽ᠲᠣᠭᠲᠠᠭᠠᠯ︾ ᠳᠤ ᠳᠠᠳᠤᠯᠭ᠎ᠠ ᠶᠢ ᠬᠠᠮᠢᠶᠠᠷᠬᠤ ᠳᠣᠭᠲᠠᠯᠴᠠᠭ᠎ᠠ᠂ ᠬᠠᠮᠢᠶᠠᠷᠬᠤ ᠶᠠᠪᠤᠴᠠ ᠳᠤ ᠶᠠᠮᠠᠷ | ᠰᠢᠯᠢᠳᠡᠭᠵᠢᠭᠦᠯᠦᠭᠰᠡᠨ ᠲᠣᠬᠢᠷᠠᠭᠤᠯᠤᠯᠲᠠ ᠬᠢᠭᠰᠡᠨ ᠪᠣᠶ︖ | ︽ᠲᠣᠭᠲᠠᠭᠠᠯ︾ ᠳᠤ ᠰᠤᠷᠤᠭᠴᠢᠳ ᠤᠨ ᠳᠠᠳᠤᠯᠭ᠎ᠠ ᠶᠢ ᠬᠥᠮᠦᠨ ᠢ ᠬᠥᠮᠦᠵᠢᠭᠦᠯᠬᠦ ᠮᠥᠨ ᠴᠢᠨᠠᠷ ᠲᠤ | ᠪᠤᠴᠠᠬᠤ᠂ ᠰᠤᠷᠤᠭᠴᠢᠳ ᠵᠡᠷᠭᠡ ᠡᠯ᠎ᠡ ᠲᠠᠯ᠎ᠠ ᠶᠢᠨ ᠬᠢᠨ ᠤ ᠡᠷᠬᠡ ᠠᠰᠢᠭ ᠢ ᠪᠠᠲᠤᠯᠠᠬᠤ ᠪᠠᠷ ᠭᠤᠤᠯ ᠰᠢᠵᠢᠮ | ᠪᠣᠯᠭᠠᠵᠤ᠂ ᠡᠯ᠎ᠡ ᠬᠤᠯᠪᠤᠭᠳᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠰᠢᠰᠲ᠋ᠧᠮᠲᠡᠢ ᠡᠮᠬᠢᠯᠡᠨ ᠳᠢᠭᠯᠡᠬᠦ ᠶᠢᠨ | ᠬᠠᠮᠲᠤ ᠤᠯᠠᠮ ᠨᠢᠭᠡ ᠠᠯᠬᠤᠮ ᠲᠣᠳᠣᠷᠬᠠᠶᠢᠯᠠᠪᠠ᠃ | ᠨᠢᠭᠡ ᠳᠤ᠂ ᠪᠣᠳᠠᠲᠠᠶ ᠲᠠᠢ ᠪᠠᠨ ᠤᠶᠠᠯᠳᠤᠭᠤᠯᠤᠨ ᠳᠠᠳᠤᠯᠭ᠎ᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ᠂ | ᠠᠭᠤᠯᠤᠭᠳᠠᠬᠤᠨ ᠪᠠ ᠵᠠᠭᠠᠭ ᠬᠢᠵᠠᠭᠠᠷ ᠢ ᠳᠠᠬᠢᠨ ᠰᠢᠨ᠎ᠡ ᠪᠠᠷ ᠡᠮᠬᠢᠯᠡᠨ ᠨᠡᠶᠢᠯᠡᠭᠦᠯᠪᠡ᠃ ᠬᠡᠪᠴᠢᠶᠡᠨ ᠤ ᠲᠠᠯ᠎ᠠ ᠪᠠᠷ᠂ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠦᠨᠳᠦᠰᠦᠨ ᠠᠩᠭᠢᠲᠤ ᠰᠤᠷᠭᠠᠭᠤᠯᠢ ᠶᠢᠨ ᠳᠠᠳᠤᠯᠭ᠎ᠠ ᠶᠢ ᠲᠣᠰ | ︽ᠲᠣᠭᠲᠠᠭᠠᠯ︾ ᠢ ᠬᠡᠷᠡᠭᠯᠡᠬᠦ ᠡᠲᠡᠭᠡᠳ ᠲᠤ ᠣᠷᠣᠭᠤᠯᠵᠤ᠂ ᠪᠠᠷᠢᠮᠵᠢᠶ᠎ᠠ ᠶᠢ ᠨᠢᠭᠡᠳᠭᠡᠵᠦ᠂ ᠬᠠᠮᠢᠶᠠᠷᠤᠯᠲᠠ ᠶᠢ | ᠳᠦᠷᠢᠮᠵᠢᠭᠦᠯᠪᠡ᠃ ᠠᠭᠤᠯᠤᠭᠳᠠᠬᠤᠨ ᠤ ᠲᠠᠯ᠎ᠠ ᠪᠠᠷ᠂ ᠲᠣᠭᠠᠵᠢᠭᠰᠠᠨ ᠴᠠᠭ ᠦᠶ᠎ᠡ ᠶᠢᠨ ᠠᠵᠢᠯ ᠮᠡᠷᠭᠡᠵᠢᠯ ᠤᠨ ᠠᠬᠤᠶ | ᠪᠠᠶᠢᠳᠠᠯ᠂ ᠠᠵᠢᠯ ᠤᠨ ᠪᠠᠶᠢᠷᠢ ᠶᠢᠨ ᠬᠡᠯᠪᠡᠷᠢ ᠶᠢᠨ ᠬᠤᠪᠢᠷᠠᠯᠲᠠ ᠳᠤ ᠵᠣᠬᠢᠴᠠᠭᠤᠯᠤᠨ᠂ ᠳᠠᠳᠤᠯᠭ᠎ᠠ ᠶᠢᠨ ᠲᠥᠷᠥᠯ | ᠠᠩᠭᠢᠯᠠᠯ ᠢ ᠳᠠᠬᠢᠨ ᠰᠢᠨ᠎ᠡ ᠪᠠᠷ ᠵᠠᠭᠠᠭᠯᠠᠨ ᠲᠣᠭᠲᠠᠭᠠᠵᠤ᠂ ︽ᠠᠵᠢᠯ ᠤᠨ ᠪᠠᠶᠢᠷᠢ ᠳᠠᠭᠠᠭᠰᠠᠨ ᠳᠠᠳᠤᠯᠭ᠎ᠠ︾᠂ | ︽ᠠᠵᠢᠯ ᠤᠨ ᠪᠠᠶᠢᠷᠢ ᠣᠷᠣᠯᠠᠭᠰᠠᠨ ᠳᠠᠳᠤᠯᠭ᠎ᠠ︾ ᠶᠢ ᠨᠢᠭᠡᠳᠦᠯᠲᠡᠶ ︽ᠠᠵᠢᠯ ᠤᠨ ᠪᠠᠶᠢᠷᠢ ᠶᠢᠨ ᠳᠠᠳᠤᠯᠭ᠎ᠠ︾ ᠪᠣᠯᠭᠠᠵᠤ᠂ | ᠳᠠᠳᠤᠯᠭ᠎ᠠ ᠶᠢᠨ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠤᠯᠠᠮ ᠨᠢᠭᠡ ᠠᠯᠬᠤᠮ ᠥᠷᠭᠡᠳᠬᠡᠨ ᠰᠢᠯᠢᠳᠡᠭᠵᠢᠭᠦᠯᠪᠡ᠃ | ᠵᠠᠭᠠᠭ ᠬᠢᠵᠠᠭᠠᠷ ᠤᠨ ᠲᠠᠯ᠎ᠠ ᠪᠠᠷ᠂ ᠰᠤᠷᠭᠠᠭᠤᠯᠢ ᠳᠤ ᠪᠤᠶᠤ ᠬᠦᠷᠢᠶᠡᠯᠡᠩ ᠳᠤ ᠪᠠᠶᠢᠭᠤᠯᠤᠭᠰᠠᠨ ᠦᠢᠯᠡᠳᠪᠦᠷᠢᠯᠡᠯ ᠤᠨ | ᠴᠢᠨᠠᠷᠲᠠᠶ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠦᠢᠯᠡᠳᠪᠦᠷᠢ ᠳᠠᠬᠢ ᠰᠤᠷᠭᠠᠭᠤᠯᠢ᠂ | ᠰᠤᠷᠭᠠᠭᠤᠯᠢ ᠳᠠᠬᠢ ᠦᠢᠯᠡᠳᠪᠦᠷᠢ᠂ ᠳᠠᠭᠤᠷᠢᠶᠠᠮᠠᠯ ᠦᠨᠡᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠨᠢ | ᠨᠢᠭᠡᠨᠲᠡ ᠦᠨᠡᠨ ᠪᠣᠳᠠᠲᠠᠶ ᠠᠵᠢᠯ ᠮᠡᠷᠭᠡᠵᠢᠯ ᠤᠨ ᠠᠬᠤᠶ ᠪᠠᠶᠢᠳᠠᠯ ᠢ ᠦᠨᠳᠦᠰᠦᠨ ᠳᠤ ᠪᠠᠨ ᠳᠠᠬᠢᠨ ᠢᠯᠡᠷᠡᠭᠦᠯᠦᠭᠰᠡᠨ | ᠪᠣᠯ᠂ ᠲᠣᠰ ︽ᠲᠣᠭᠲᠠᠭᠠᠯ︾ ᠢ ᠦᠨᠳᠦᠰᠦᠯᠡᠨ ᠳᠠᠳᠤᠯᠭ᠎ᠠ ᠨᠢᠭᠡᠴᠢ ᠪᠣᠯᠭᠠᠬᠤ ᠶᠢᠨ ᠬᠠᠮᠲᠤ ᠵᠣᠬᠢᠰᠲᠠᠢ | ᠱᠠᠭᠠᠷᠳᠠᠯᠭ᠎ᠠ ᠶᠢ ᠲᠣᠳᠣᠷᠬᠠᠶᠢᠯᠠᠪᠠ᠃ | ᠬᠤᠶᠠᠷ ᠲᠤ᠂ ᠳᠠᠳᠤᠯᠭ᠎ᠠ ᠶᠢ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠬᠥᠮᠦᠨ ᠢ ᠬᠥᠮᠦᠵᠢᠭᠦᠯᠬᠦ | ᠬᠡᠪᠴᠢᠶᠡᠨ ᠳᠤ ᠤᠯᠠᠮ ᠨᠢᠭᠡ ᠠᠯᠬᠤᠮ ᠠᠭᠤᠰᠬᠠᠪᠠ᠃ ᠠᠵᠢᠯ ᠮᠡᠷᠭᠡᠵᠢᠯ ᠤᠨ ᠰᠤᠷᠭᠠᠭᠤᠯᠢ ᠨᠢ | ︽ᠰᠤᠷᠭᠠᠭᠤᠯᠢ ᠯᠤᠭ᠎ᠠ ᠲᠣᠭᠲᠠᠪᠤᠷᠢᠲᠠᠶ ᠬᠠᠮᠲᠤᠷᠠᠯᠴᠠᠬᠤ ᠬᠠᠷᠢᠴᠠᠭ᠎ᠠ ᠲᠠᠢ ᠠᠵᠤ ᠠᠬᠤᠶᠢᠯᠠᠯ ︵ᠠᠵᠢᠯ ᠦᠢᠯᠡᠰ︶ ᠤᠨ | ᠨᠢᠭᠡᠴᠢ︾ ᠶᠢ ᠤᠷᠢᠳ ᠢᠶᠠᠷ ᠰᠣᠩᠭᠤᠬᠤ ᠶᠢᠨ ᠬᠠᠮᠲᠤ ︽ᠠᠵᠤ ᠠᠬᠤᠶᠢᠯᠠᠯ ︵ᠠᠵᠢᠯ ᠦᠢᠯᠡᠰ︶ ᠤᠨ ᠨᠢᠭᠡᠴᠢ | ᠵᠡᠷᠭᠡ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶᠡᠨ ᠤ ᠵᠣᠬᠢᠬᠤ | ᠬᠠᠷᠢᠴᠠᠯ ᠢᠶᠠᠷ ᠳᠠᠳᠤᠯᠭ᠎ᠠ ᠶᠢᠨ ᠠᠵᠢᠯ ᠤᠨ ᠪᠠᠶᠢᠷᠢ ᠭᠠᠷᠭᠠᠬᠤ ᠶᠢᠨ ᠬᠠᠮᠲᠤ ᠠᠵᠢᠯ ᠤᠨ ᠪᠠᠶᠢᠷᠢ ᠶᠢᠨ ᠮᠡᠳᠡᠭᠡ | ᠵᠠᠩᠭᠢ ᠶᠢ ᠭᠠᠳᠠᠭᠰᠢ ᠨᠡᠶᠢᠲᠡᠯᠡᠨ᠎ᠡ︾᠂ ︽ᠳᠠᠳᠤᠯᠭ᠎ᠠ ᠠᠴᠠ ᠡᠮᠦᠨᠡᠬᠢ ᠪᠣᠯᠪᠠᠰᠤᠷᠠᠭᠤᠯᠤᠯ ᠢ ᠴᠢᠩᠭᠠᠳᠬᠠᠵᠤ᠂ | ᠰᠣᠷᠣᠭᠴᠢ᠂ ᠳᠠᠳᠤᠯᠭ᠎ᠠ ᠶᠢ ᠵᠢᠯᠣᠭᠤᠳᠬᠤ ᠪᠠᠭᠰᠢ ᠪᠣᠯᠤᠨ ᠲᠤᠰᠬᠠᠶ ᠠᠵᠢᠯᠲᠠᠨ ᠳᠤ ᠳᠠᠳᠤᠯᠭ᠎ᠠ ᠶᠢᠨ ᠡᠯ᠎ᠡ | ᠱᠠᠲᠤᠨ ᠤ ᠡᠭᠦᠷᠭᠡ ᠪᠠ ᠱᠠᠭᠠᠷᠳᠠᠯᠭ᠎ᠠ ᠶᠢ ᠡᠵᠡᠮᠰᠢᠭᠦᠯᠦᠨ᠎ᠡ︾᠂ ᠳᠠᠳᠤᠯᠭ᠎ᠠ ᠶᠢᠨ ᠨᠢᠭᠡᠴᠢ ᠶᠢᠨ ᠭᠤᠤᠯ | ᠬᠠᠷᠢᠭᠤᠴᠠᠯᠭᠠᠲᠠᠨ ᠤ ᠠᠶᠤᠯ ᠥᠬᠡᠶ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠢ ᠭᠡᠵᠦ ᠳᠣᠭᠲᠠᠭᠠᠪᠠ᠃ | ᠭᠤᠷᠪᠠ ᠳᠤ᠂ ᠰᠤᠷᠭᠠᠭᠤᠯᠢ ᠵᠡᠷᠭᠡ ᠡᠯ᠎ᠡ ᠲᠠᠯ᠎ᠠ ᠶᠢᠨ ᠬᠢᠨ ᠳᠠᠳᠤᠯᠭ᠎ᠠ ᠶᠢᠨ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠱᠠᠭᠠᠷᠳᠠᠪᠠ᠃ ᠳᠠᠳᠤᠯᠭ᠎ᠠ ᠶᠢᠨ ᠨᠢᠭᠡᠴᠢ ᠶᠢᠨ | ᠰᠣᠩᠭᠤᠭᠰᠠᠨ ᠪᠣᠳᠠᠲᠠᠶ ᠨᠥᠬᠦᠴᠡᠯ ᠢ ᠰᠢᠰᠲ᠋ᠧᠮᠲᠡᠢ ᠡᠮᠬᠢᠯᠡᠨ ᠳᠢᠭᠯᠡᠵᠦ᠂ ︽ᠳᠠᠳᠤᠯᠭ᠎ᠠ ᠶᠢᠨ ᠨᠢᠭᠡᠴᠢ ᠶᠢᠨ ᠨᠡᠷᠡᠰ ᠢ | ᠡᠷᠬᠡᠪᠰᠢ ᠰᠤᠷᠭᠠᠭᠤᠯᠢ ᠶᠢᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠷᠠᠯ ᠢᠶᠠᠷ ᠰᠤᠳᠤᠯᠤᠨ | ᠲᠣᠭᠲᠠᠭᠠᠭᠰᠠᠨ ᠤ ᠳᠠᠷᠠᠭ᠎ᠠ ᠭᠠᠳᠠᠭᠰᠢ ᠢᠯᠡ ᠪᠣᠯᠭᠠᠬᠤ ᠬᠡᠷᠡᠭᠲᠡᠶ︾ ᠭᠡᠵᠦ ᠲᠣᠳᠣᠷᠬᠠᠶ ᠱᠠᠭᠠᠷᠳᠠᠵᠤ᠂ | ᠰᠤᠷᠤᠭᠴᠢᠳ ᠤᠨ ᠳᠠᠳᠤᠯᠭ᠎ᠠ ᠶᠢᠨ ᠠᠵᠢᠯ ᠤᠨ ᠲᠤᠬᠠᠢ ᠰᠤᠷᠭᠠᠭᠤᠯᠢ ᠶᠢᠨ ᠳᠣᠲᠣᠭᠠᠳᠤ ᠳᠠᠬᠢ ᠬᠠᠮᠢᠶᠠᠷᠤᠯᠲᠠ ᠶᠢᠨ | ᠪᠠᠶᠢᠭᠤᠯᠤᠯ ᠬᠢᠭᠡᠳ ᠠᠵᠢᠯᠯᠠᠭᠠᠨ ᠤ ᠲᠣᠭᠲᠠᠴᠠ ᠶᠢ ᠲᠣᠳᠣᠷᠬᠠᠶᠢᠯᠠᠪᠠ︔ ᠱᠠᠪᠢᠯᠠᠬᠤ ᠲᠦᠷᠢᠮ ᠤᠨ ᠬᠥᠮᠥᠵᠢᠯ᠂ | ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠨᠡᠪᠲᠡᠷᠡᠭᠦᠯᠬᠦ ᠬᠥᠮᠥᠵᠢᠯ ᠵᠡᠷᠭᠡ ᠲᠠᠢ | ᠤᠶᠠᠯᠳᠤᠭᠤᠯᠤᠨ ᠣᠯᠠᠨ ᠬᠡᠯᠪᠡᠷᠢᠲᠦ ᠦᠢᠯᠡᠳᠦᠯᠭᠡ ᠶᠢᠨ ᠴᠢᠨᠠᠷᠲᠠᠶ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠬᠠᠮᠲᠤᠷᠠᠨ ᠰᠦᠪᠡᠭᠴᠢᠯᠡᠬᠦ ᠶᠢ ᠳᠡᠮᠵᠢᠨ᠎ᠡ︔ ᠭᠡᠨᠡᠳᠲᠡ ᠶᠢᠨ ᠬᠡᠷᠡᠭ ᠪᠤᠶᠤ ᠬᠦᠨᠳᠦ ᠶᠡᠭᠡ ᠲᠦᠭᠰᠢᠭᠦᠷᠢ ᠲᠤᠯᠭᠠᠷᠠᠬᠤ | ᠦᠶ᠎ᠡ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠤ ᠪᠠᠷ ᠲᠥᠷᠥᠯ ᠬᠤᠪᠢᠶᠠᠨ ᠬᠠᠮᠢᠶᠠᠷᠤᠨ | ᠡᠵᠡᠮᠳᠡᠬᠦ ᠠᠵᠢᠯ ᠢ ᠰᠠᠶᠢᠲᠤᠷ ᠬᠢᠵᠦ᠂ ᠴᠢᠬᠤᠯᠠ ᠪᠠᠶᠢᠳᠠᠯ ᠲᠣᠬᠢᠶᠠᠯᠳᠤᠪᠠᠯ ᠤᠳᠠᠭᠠᠰᠢᠷᠠᠭᠤᠯᠤᠨ ᠮᠡᠳᠡᠭᠦᠯᠬᠦ᠂ | ᠳᠠᠷᠤᠭᠠᠳ ᠮᠡᠳᠡᠭᠦᠯᠬᠦ ᠥᠬᠡᠶ᠂ ᠣᠷᠬᠢᠭᠳᠠᠭᠤᠯᠤᠨ ᠮᠡᠳᠡᠭᠦᠯᠵᠦ ᠪᠣᠯᠬᠤ ᠥᠬᠡᠶ᠃ | ᠳᠥᠷᠪᠡ ᠳᠤ᠂ ᠮᠤᠵᠢ ᠠᠯᠤᠰᠯᠠᠭᠰᠠᠨ ᠳᠠᠳᠤᠯᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ᠢ ᠤᠯᠠᠮ ᠨᠢᠭᠡ | ᠠᠯᠬᠤᠮ ᠲᠣᠳᠣᠷᠬᠠᠶᠢᠯᠠᠪᠠ᠃ ᠠᠵᠢᠯ ᠮᠡᠷᠭᠡᠵᠢᠯ ᠤᠨ ᠰᠤᠷᠭᠠᠭᠤᠯᠢ ᠠᠴᠠ ᠰᠤᠷᠤᠭᠴᠢᠳ ᠢ ᠵᠣᠬᠢᠶᠠᠨ ᠪᠠᠶᠢᠭᠤᠯᠵᠤ | ᠮᠤᠵᠢ ᠠᠯᠤᠰᠯᠠᠨ ᠳᠠᠳᠤᠯᠭ᠎ᠠ ᠬᠢᠯᠭᠡᠬᠦ ᠳᠤ ᠭᠦᠷᠪᠡᠯ᠂ ᠡᠷᠬᠡᠪᠰᠢ ᠤᠷᠢᠳ ᠢᠶᠠᠷ ᠰᠤᠷᠭᠠᠭᠤᠯᠢ ᠶᠢᠨ ᠡᠷᠭᠢᠯᠡᠨ ᠬᠠᠮᠢᠶᠠᠷᠬᠤ | ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠳᠦᠷᠢᠮ ᠶᠣᠰᠤ ᠪᠠᠷ ᠮᠤᠵᠢ ᠶᠢᠨ ᠱᠠᠲᠤᠨ ᠤ ᠡᠷᠭᠢᠯᠡᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠮᠤᠵᠢ ᠠᠯᠤᠰᠯᠠᠨ ᠳᠠᠳᠤᠯᠭ᠎ᠠ ᠬᠢᠬᠦ ᠲᠤᠭ᠎ᠠ ᠨᠡᠯᠢᠶᠡᠳ | ᠶᠡᠭᠡ ᠮᠤᠵᠢ ᠣᠷᠣᠨ ᠤ ᠬᠤᠭᠤᠷᠣᠨᠳᠣ ᠮᠤᠵᠢ ᠠᠯᠤᠰᠯᠠᠨ ᠳᠠᠳᠤᠯᠭ᠎ᠠ ᠬᠢᠬᠦ ᠶᠢᠨ ᠪᠠᠶᠢᠩᠭᠤ ᠶᠢᠨ ᠬᠠᠮᠵᠢᠯᠴᠠᠭᠠᠨ ᠤ | ᠲᠣᠭᠲᠠᠴᠠ ᠶᠢ ᠪᠠᠶᠢᠭᠤᠯᠵᠤ᠂ ᠳᠠᠳᠤᠯᠭ᠎ᠠ ᠬᠢᠯᠭᠡᠬᠦ ᠪᠠᠷ ᠲᠣᠮᠢᠯᠠᠭᠰᠠᠨ ᠭᠠᠵᠠᠷ ᠤᠨ ᠬᠢᠨ ᠬᠤᠯᠪᠤᠭᠳᠠᠬᠤ ᠮᠡᠳᠡᠭᠡ | ᠵᠠᠩᠭᠢ ᠶᠢ ᠳᠠᠳᠤᠯᠭ᠎ᠠ ᠬᠢᠬᠦ ᠨᠢᠭᠡᠴᠢ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠰᠤᠷᠭᠠᠨ ᠬᠥᠮᠦᠵᠢᠯ ᠢ | ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠩᠭᠠᠵᠤ᠂ ᠳᠠᠳᠤᠯᠭ᠎ᠠ ᠬᠢᠬᠦ ᠨᠢᠭᠡᠴᠢ ᠶᠢᠨ ᠪᠠᠶᠢᠭ᠎ᠠ ᠭᠠᠵᠠᠷ ᠠᠴᠠ | ᠲᠣᠰ ᠭᠠᠵᠠᠷ ᠤᠨ ᠳᠠᠳᠤᠯᠭ᠎ᠠ ᠬᠢᠬᠦ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠣᠭᠲᠠᠯᠴᠠᠭᠠᠨ ᠳᠤ | ᠨᠡᠶᠢᠯᠡᠭᠦᠯᠦᠨ ᠣᠷᠣᠭᠤᠯᠵᠤ᠂ ᠬᠢᠨᠠᠨ ᠬᠠᠮᠢᠶᠠᠷᠴᠤ ᠢᠯᠡᠷᠡᠭᠦᠯᠦᠭᠰᠡᠨ ᠠᠰᠠᠭᠤᠳᠠᠯ ᠢ ᠳᠠᠷᠤᠢ ᠳᠤ ᠨᠢ ᠮᠡᠳᠡᠭᠳᠡᠬᠦ ᠶᠢᠨ | ᠬᠠᠮᠲᠤ ᠬᠤᠯᠪᠤᠭᠳᠠᠬᠤ ᠰᠠᠯᠠᠭ᠎ᠠ ᠮᠥᠴᠢᠷ ᠲᠠᠢ ᠢᠳᠡᠪᠬᠢᠲᠡᠶ ᠵᠣᠬᠢᠴᠠᠭᠤᠯᠵᠤ ᠬᠡᠷᠡᠭ ᠶᠠᠪᠤᠳᠠᠯ ᠢ ᠰᠠᠶᠢᠲᠤᠷ | ᠰᠢᠢᠳᠪᠦᠷᠢᠯᠡᠬᠦ ᠬᠡᠷᠡᠭᠲᠡᠶ᠃ | ᠲᠠᠪᠤ ᠳᠤ᠂ ᠳᠠᠳᠤᠯᠭ᠎ᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠳᠠᠳᠤᠯᠭ᠎ᠠ ᠶᠢ ᠬᠠᠷᠢᠭᠤᠴᠠᠬᠤ | ᠳᠠᠭᠠᠳᠬᠠᠯ ᠪᠠ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠳᠠᠳᠤᠯᠭ᠎ᠠ ᠬᠢᠬᠦ ᠬᠡᠷᠡᠭᠴᠡᠭᠡ ᠪᠠ | ᠱᠠᠭᠠᠷᠳᠠᠯᠭ᠎ᠠ ᠳᠤ ᠵᠣᠬᠢᠴᠠᠭᠰᠠᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ ᠦᠢᠯᠡᠳᠭᠦᠨ ᠢ ᠥᠳᠲᠡᠷ | ᠲᠦᠷᠭᠡᠨ ᠬᠥᠭᠵᠢᠭᠦᠯᠬᠦ ᠬᠡᠷᠡᠭᠲᠡᠶ ᠭᠡᠵᠦ ᠳᠤᠷᠠᠳᠪᠠ᠃ ᠳᠠᠭᠠᠳᠬᠠᠯ ᠤᠨ ᠺᠣᠮᠫᠠᠨᠢ ᠶᠢ ᠵᠣᠷᠢᠭᠵᠢᠭᠤᠯᠵᠤ ᠱᠠᠪᠢᠯᠠᠬᠤ | ᠳᠦᠷᠢᠮᠲᠦ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠲᠤᠰᠬᠠᠶᠢᠯᠠᠨ ᠲᠣᠭᠲᠠᠭᠠᠵᠤ᠂ ᠰᠤᠷᠤᠭᠴᠢᠳ ᠤᠨ | ᠳᠠᠳᠤᠯᠭ᠎ᠠ ᠶᠢᠨ ᠳᠠᠭᠠᠳᠬᠠᠯ ᠢ ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠭᠤᠯᠢ ᠶᠢᠨ | ᠳᠠᠳᠤᠯᠭ᠎ᠠ ᠬᠢᠬᠦ ᠰᠤᠷᠤᠭᠴᠢᠳ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠠᠷᠭ᠎ᠠ ᠶᠢ | ᠢᠳᠡᠪᠬᠢᠲᠡᠶ ᠰᠦᠪᠡᠭᠴᠢᠯᠡᠨ᠎ᠡ᠃ | ᠵᠢᠷᠭᠤᠭ᠎ᠠ ᠳᠤ᠂ ᠲᠣᠭᠲᠠᠭᠠᠯ ᠠᠴᠠ ᠵᠥᠷᠢᠴᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠪᠠ ᠳᠠᠳᠤᠯᠭ᠎ᠠ ᠶᠢᠨ | ᠨᠢᠭᠡᠴᠢ ᠶᠢ ᠰᠢᠢᠳᠪᠦᠷᠢᠯᠡᠬᠦ ᠲᠣᠭᠲᠠᠭᠠᠯ ᠢ ᠲᠣᠳᠣᠷᠬᠠᠶ ᠲᠣᠭᠲᠠᠭᠠᠪᠠ᠃ ᠲᠤᠰ ᠲᠣᠭᠲᠠᠭᠠᠯ ᠠᠴᠠ ᠵᠥᠷᠢᠴᠡᠨ | ᠰᠤᠷᠤᠭᠴᠢᠳ ᠢ ᠵᠣᠬᠢᠶᠠᠨ ᠪᠠᠶᠢᠭᠤᠯᠤᠨ ᠳᠠᠳᠤᠯᠭ᠎ᠠ ᠬᠢᠯᠭᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠶᠢ ᠠᠵᠢᠯ | ᠮᠡᠷᠭᠡᠵᠢᠯ ᠤᠨ ᠰᠤᠷᠭᠠᠭᠤᠯᠢ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠤ ᠪᠠᠷ ᠵᠠᠷᠯᠢᠭᠳᠠᠨ | ᠵᠠᠯᠠᠷᠠᠭᠤᠯᠤᠭᠤᠯᠵᠤ᠂ ᠵᠠᠯᠠᠷᠠᠭᠤᠯᠬᠤ ᠶᠢ ᠲᠡᠪᠴᠢᠭᠰᠡᠨ ᠪᠤᠶᠤ ᠬᠠᠮᠢᠶᠠᠷᠤᠯᠲᠠ ᠨᠢ ᠡᠷᠦᠶ ᠬᠤᠷᠤᠶ ᠦᠭᠡᠶ ᠪᠠᠶᠢᠵᠤ᠂ | ᠬᠦᠨᠳᠦ ᠨᠣᠴᠢᠲᠠᠶ ᠦᠷ᠎ᠡ ᠤᠷᠰᠢᠭ᠂ ᠮᠠᠭᠤ ᠨᠥᠯᠥᠭᠡ ᠭᠠᠷᠭᠠᠭᠰᠠᠨ ᠪᠣᠯ ᠰᠤᠷᠭᠠᠭᠤᠯᠢ ᠶᠢ ᠬᠠᠤᠯᠢ ᠶᠣᠰᠤ ᠪᠠᠷ | ᠰᠢᠢᠳᠪᠦᠷᠢᠯᠡᠨ᠎ᠡ᠃ ᠳᠠᠳᠤᠯᠭ᠎ᠠ ᠬᠢᠬᠦ ᠨᠢᠭᠡᠴᠢ ᠲᠣᠰ ᠲᠣᠭᠲᠠᠭᠠᠯ ᠢ ᠵᠥᠷᠢᠴᠡᠵᠦ᠂ ᠬᠠᠤᠯᠢ ᠴᠠᠭᠠᠵᠠ ᠬᠠᠤᠯᠢ | ᠳᠦᠷᠢᠮ ᠳᠤ ᠬᠠᠤᠯᠢ ᠶᠢᠨ ᠬᠠᠷᠢᠭᠤᠴᠠᠯᠭ᠎ᠠ ᠲᠣᠭᠲᠠᠭᠠᠭᠰᠠᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠣᠷᠣᠨ ᠨᠤᠲᠤᠭ ᠤᠨ ᠬᠤᠯᠪᠤᠭᠳᠠᠬᠤ ᠡᠭᠦᠷᠭᠡ ᠴᠢᠳᠠᠮᠵᠢᠲᠤ | ᠰᠠᠯᠠᠭ᠎ᠠ ᠮᠥᠴᠢᠷ ᠨᠢ ᠬᠠᠤᠯᠢ ᠲᠣᠭᠲᠠᠭᠠᠯ ᠶᠣᠰᠤ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ | 4 . ︽ᠲᠣᠭᠲᠠᠭᠠᠯ︾ ᠳᠤ ᠰᠤᠷᠤᠭᠴᠢᠳ ᠤᠨ ᠳᠠᠳᠤᠯᠭ᠎ᠠ ᠳᠤ ᠴᠢᠭᠯᠡᠭᠦᠯᠦᠨ ᠶᠠᠮᠠᠷ ᠲᠣᠭᠲᠠᠭᠠᠯ ᠭᠠᠷᠭᠠᠭᠰᠠᠨ | ᠪᠣᠶ︖ | ︽ᠲᠣᠭᠲᠠᠭᠠᠯ︾ ᠳᠤ ᠳᠠᠳᠤᠯᠭ᠎ᠠ ᠬᠢᠬᠦ ᠪᠥᠬᠦ ᠶᠠᠪᠤᠴᠠ ᠶᠢ ᠪᠣᠳᠣᠯᠬᠢᠯᠠᠵᠤ᠂ ᠵᠠᠩᠭᠢᠯᠠᠭ᠎ᠠ ᠶᠢᠨ | ᠭᠤᠭᠴᠤᠭ᠎ᠠ ᠳᠤ ᠴᠢᠭᠯᠡᠭᠦᠯᠦᠨ᠂ 1 ︽ᠴᠢᠩᠭ᠎ᠠ ᠬᠤᠷᠢᠭᠯᠠᠬᠤ︾᠂ 27 ︽ᠥᠯᠥ ᠪᠣᠯᠬᠤ︾ ᠪᠠᠷ ᠳᠠᠮᠵᠢᠭᠤᠯᠤᠨ | ᠳᠠᠳᠤᠯᠭ᠎ᠠ ᠳᠤ ᠬᠢᠵᠠᠭᠠᠷ ᠱᠤᠭᠤᠮ ᠳᠣᠭᠲᠠᠭᠠᠵᠤ᠂ ᠦᠢᠯᠡ ᠠᠵᠢᠯᠯᠠᠭᠠᠨ ᠤ ᠪᠠᠷᠢᠮᠵᠢᠶ᠎ᠠ ᠶᠢ ᠲᠣᠳᠤᠷᠬᠠᠶᠢᠯᠠᠪᠠ᠃ | ᠨᠢᠭᠡ ᠳᠤ᠂ ᠳᠠᠳᠤᠯᠭ᠎ᠠ ᠶᠢᠨ ᠠᠭᠤᠯᠭ᠎ᠠ ᠨᠢ ᠲᠣᠬᠢᠷᠠᠬᠤ ᠦᠭᠡᠢ ᠠᠰᠠᠭᠤᠳᠠᠯ ᠳᠤ ᠴᠢᠭᠯᠡᠭᠦᠯᠦᠨ᠂ ᠲᠤᠰᠬᠠᠶ | ᠮᠡᠷᠭᠡᠵᠢᠯ ᠲᠠᠢ ᠬᠤᠯᠪᠤᠭᠳᠠᠬᠤ ᠳᠥᠭᠦᠮᠬᠡᠨ ᠳᠠᠪᠬᠤᠷᠳᠠᠭᠰᠠᠨ ᠬᠥᠳᠡᠯᠮᠦᠷᠢ᠂ ᠥᠨᠳᠥᠷ ᠡᠷᠴᠢᠮᠲᠦ ᠬᠥᠳᠡᠯᠮᠦᠷᠢ ᠶᠢ | ᠲᠣᠬᠢᠷᠠᠭᠤᠯᠵᠤ ᠪᠣᠯᠬᠤ ᠥᠬᠡᠶ ᠭᠡᠵᠦ ᠲᠣᠭᠲᠠᠭᠠᠵᠤ᠂ ᠳᠠᠳᠤᠯᠭ᠎ᠠ ᠶᠢᠨ ᠠᠭᠤᠯᠭ᠎ᠠ ᠨᠢ ︽ᠲᠤᠰᠬᠠᠶ ᠮᠡᠷᠭᠡᠵᠢᠯ ᠲᠠᠢ | ᠬᠠᠷᠠᠭᠠᠯᠵᠠᠭᠰᠠᠨ ᠠᠵᠢᠯ ᠤᠨ ᠪᠠᠶᠢᠷᠢ ︵ᠴᠤᠭᠯᠠᠷᠠᠯ︶ ᠶᠢ ᠦᠨᠳᠦᠰᠦᠨ ᠳᠤ ᠪᠠᠨ ᠬᠠᠮᠤᠷᠤᠭᠰᠠᠨ ᠨᠡᠶᠢᠲᠡᠯᠢᠭ | ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠵᠠᠷᠴᠢᠮ ᠳᠡᠭᠡᠷ᠎ᠡ ᠪᠠᠨ ᠲᠤᠰᠬᠠᠶ ᠮᠡᠷᠭᠡᠵᠢᠯ ᠤᠨ ᠶᠡᠭᠡ ᠲᠥᠷᠥᠯ | ᠠᠯᠤᠰᠯᠠᠨ ᠳᠠᠳᠤᠯᠭ᠎ᠠ ᠬᠢᠵᠦ ᠪᠣᠯᠬᠤ ᠥᠬᠡᠶ︾᠂ ︽ᠰᠤᠷᠤᠭᠴᠢᠳ ᠢ ᠳᠥᠭᠦᠮᠬᠡᠨ ᠲᠠᠪᠬᠤᠷᠳᠠᠭᠰᠠᠨ ᠬᠥᠳᠡᠯᠮᠦᠷᠢ | ᠬᠢᠯᠭᠡᠬᠦ ᠪᠠᠷ ᠲᠣᠬᠢᠷᠠᠭᠤᠯᠵᠤ ᠪᠣᠯᠬᠤ ᠥᠬᠡᠶ︾᠂ ︽ᠰᠤᠷᠤᠭᠴᠢᠳ ᠢ Ⅲ ᠲᠠᠰ ᠤᠨ ᠡᠷᠴᠢᠮ ᠵᠢᠴᠢ ᠲᠡᠭᠦᠨ ᠠᠴᠠ | ᠳᠡᠭᠡᠭᠰᠢᠬᠢ ᠪᠡᠶ᠎ᠡ ᠶᠢᠨ ᠬᠥᠳᠡᠯᠮᠦᠷᠢ ᠪᠤᠶᠤ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠤᠷᠲᠠᠢ ᠪᠤᠰᠤᠳ ᠳᠠᠳᠤᠯᠭ᠎ᠠ | ᠬᠢᠯᠭᠡᠬᠦ ᠪᠠᠷ ᠲᠣᠬᠢᠷᠠᠭᠤᠯᠵᠤ ᠪᠣᠯᠬᠤ ᠥᠬᠡᠶ︾᠂ ︽ᠠᠰᠢᠭ ᠤᠯᠬᠤ ᠪᠠᠷ ᠵᠣᠷᠢᠯᠭ᠎ᠠ ᠪᠣᠯᠭᠠᠵᠤ ᠲᠣᠭᠲᠠᠭᠠᠯ ᠠᠴᠠ | ᠵᠥᠷᠢᠴᠡᠨ ᠳᠠᠳᠤᠯᠭ᠎ᠠ ᠬᠢᠯᠭᠡᠬᠦ ᠶᠢ ᠴᠢᠩᠭ᠎ᠠ ᠬᠤᠷᠢᠭᠯᠠᠨ᠎ᠠ︾ ᠭᠡᠵᠦ ᠲᠣᠳᠣᠷᠬᠠᠶᠢᠯᠠᠪᠠ᠃ | ᠬᠤᠶᠠᠷ ᠲᠤ᠂ ᠠᠯᠪᠠᠳᠠᠯᠭ᠎ᠠ ᠪᠠᠷ ᠳᠠᠳᠤᠯᠭ᠎ᠠ ᠬᠢᠯᠭᠡᠬᠦ ᠠᠰᠠᠭᠤᠳᠠᠯ ᠳᠤ ᠴᠢᠭᠯᠡᠭᠦᠯᠦᠨ᠂ ᠰᠣᠷᠣᠭᠴᠢ ᠪᠠ | ᠬᠡᠷ ᠤᠨ ᠠᠬᠠᠮᠠᠳ ᠤᠨ ᠪᠠᠶᠢᠳᠠᠯ ᠢ ᠮᠡᠳᠡᠬᠦ ᠡᠷᠬᠡ ᠶᠢ ᠤᠯᠠᠮ ᠨᠢᠭᠡ ᠠᠯᠬᠤᠮ ᠪᠠᠲᠤᠯᠠᠵᠤ᠂ ᠪᠣᠶ ᠪᠥᠬᠦᠶ | ᠰᠣᠷᠣᠭᠴᠢ ᠶᠢ ᠨᠢᠭᠡᠳᠦᠯᠲᠡᠶ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠶᠢᠨ ᠳᠠᠳᠤᠯᠭ᠎ᠠ ᠳᠤ ᠣᠷᠣᠯᠴᠠᠬᠤ ᠳᠤ ᠴᠥᠮ | ᠰᠣᠷᠣᠭᠴᠢ᠂ ᠰᠣᠷᠣᠭᠴᠢ ᠶᠢᠨ ᠬᠢᠨᠠᠨ ᠬᠠᠮᠠᠭᠠᠯᠠᠭᠴᠢ ᠪᠤᠶᠤ ᠬᠡᠷ ᠤᠨ ᠠᠬᠠᠮᠠᠳ ᠤᠨ ᠭᠠᠷ ᠤᠨ ᠥᠰᠥᠭ ᠵᠢᠷᠤᠭᠰᠠᠨ | ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠢ ᠤᠯᠬᠤ ᠬᠡᠷᠡᠭᠲᠡᠶ᠃ ᠰᠣᠷᠣᠭᠴᠢ ᠵᠢᠴᠢ ᠲᠡᠭᠦᠨ ᠤ ᠬᠠᠤᠯᠢ ᠪᠠᠷ | ᠲᠣᠭᠲᠠᠭᠠᠭᠰᠠᠨ ᠬᠢᠨᠠᠨ ᠬᠠᠮᠠᠭᠠᠯᠠᠭᠴᠢ ᠪᠤᠶᠤ ᠬᠡᠷ ᠤᠨ ᠠᠬᠠᠮᠠᠳ ᠰᠤᠷᠭᠠᠭᠤᠯᠢ ᠶᠢᠨ ᠳᠠᠳᠤᠯᠭ᠎ᠠ ᠶᠢᠨ | ᠲᠣᠬᠢᠷᠠᠭᠤᠯᠤᠯᠲᠠ ᠶᠢ ᠲᠣᠳᠣᠷᠬᠠᠶ ᠵᠥᠪᠰᠢᠶᠡᠷᠡᠬᠦ ᠥᠬᠡᠶ ᠪᠣᠯ ᠨᠥᠬᠦᠴᠡᠯ ᠳᠤ ᠨᠡᠶᠢᠴᠡᠬᠦ ᠠᠵᠢᠯ ᠤᠨ ᠪᠠᠶᠢᠷᠢ ᠶᠢᠨ | ᠳᠠᠳᠤᠯᠭ᠎ᠠ ᠬᠢᠬᠦ ᠨᠢᠭᠡᠴᠢ ᠶᠢ ᠥᠪᠡᠰᠦᠪᠡᠨ ᠰᠣᠩᠭᠤᠵᠤ ᠪᠣᠯᠤᠨ᠎ᠠ ᠭᠡᠵᠦ ᠲᠣᠳᠣᠷᠬᠠᠶᠢᠯᠠᠪᠠ᠃ ᠠᠵᠢᠯ ᠮᠡᠷᠭᠡᠵᠢᠯ ᠤᠨ | ᠰᠤᠷᠭᠠᠭᠤᠯᠢ ᠶᠢ ᠠᠯᠪᠠᠳᠠᠵᠤ ᠰᠤᠷᠤᠭᠴᠢᠳ ᠢ ᠲᠣᠭᠲᠠᠭᠠᠭᠰᠠᠨ ᠨᠢᠭᠡᠴᠢ ᠳᠤ ᠣᠴᠢᠭᠤᠯᠤᠨ ᠳᠠᠳᠤᠯᠭ᠎ᠠ ᠬᠢᠯᠭᠡᠵᠦ | ᠪᠣᠯᠬᠤ ᠦᠭᠡᠶ᠂ ᠰᠤᠷᠤᠭᠴᠢ ᠶᠢᠨ ᠦᠨᠡᠮᠯᠡᠯ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠪᠤᠰᠤᠳ | ᠦᠨᠡᠮᠯᠡᠯ ᠢ ᠠᠪᠤᠭᠠᠳ ᠪᠠᠷᠢᠴᠠᠭᠠᠯᠠᠨ ᠳᠠᠷᠤᠵᠤ ᠪᠣᠯᠬᠤ ᠦᠭᠡᠶ᠃ | ᠭᠤᠷᠪᠠ ᠳᠤ᠂ ᠵᠠᠭᠤᠴᠢ ᠪᠠᠶᠢᠭᠤᠯᠤᠮᠵᠢ ᠰᠤᠷᠤᠭᠴᠢᠳ ᠤᠨ ᠳᠠᠳᠤᠯᠭ᠎ᠠ ᠳᠤ ᠣᠷᠣᠯᠴᠠᠬᠤ ᠠᠰᠠᠭᠤᠳᠠᠯ ᠳᠤ | ᠴᠢᠭᠯᠡᠭᠦᠯᠦᠨ᠂ ᠵᠠᠭᠤᠴᠢ ᠪᠠᠶᠢᠭᠤᠯᠤᠮᠵᠢ ᠳᠠᠳᠤᠯᠭ᠎ᠠ ᠳᠤ ᠣᠷᠣᠯᠴᠠᠵᠤ ︽ᠬᠥᠮᠦᠨ ᠤ ᠲᠣᠭᠠᠨ ᠤ ᠵᠠᠷᠤᠳᠠᠯ︾ ᠤᠯᠬᠤ | ᠪᠣᠯ ᠠᠯᠪᠠᠳᠠᠯᠭ᠎ᠠ ᠪᠠᠷ ᠳᠠᠳᠤᠯᠭ᠎ᠠ ᠬᠢᠯᠭᠡᠬᠦ᠂ ᠵᠠᠷᠤᠳᠠᠯ ᠲᠤᠰᠢᠶᠠᠵᠤ ᠳᠠᠳᠤᠯᠭ᠎ᠠ ᠬᠢᠯᠭᠡᠬᠦ ᠴᠢᠬᠤᠯᠠ ᠡᠬᠢ ᠰᠤᠷᠪᠤᠯᠵᠢ | ᠪᠠᠶᠢᠵᠤ᠂ ᠨᠡᠶᠢᠭᠡᠮ ᠤᠨ ᠲᠤᠰᠬᠠᠯ ᠨᠡᠯᠢᠶᠡᠳ ᠴᠢᠩᠭ᠎ᠠ ᠪᠠᠶᠢᠨ᠎ᠠ᠃ ︽ᠲᠣᠭᠲᠠᠭᠠᠯ︾ ᠳᠤ ᠳᠠᠳᠤᠯᠭ᠎ᠠ ᠶᠢᠨ ᠭᠤᠷᠪᠠᠨ | ᠲᠠᠯ᠎ᠠ ᠶᠢᠨ ᠬᠡᠯᠡᠯᠴᠡᠭᠡᠷ ᠲᠤ ᠡᠷᠬᠡᠪᠰᠢ ᠠᠵᠢᠯ ᠮᠡᠷᠭᠡᠵᠢᠯ ᠤᠨ ᠰᠤᠷᠭᠠᠭᠤᠯᠢ᠂ ᠳᠠᠳᠤᠯᠭ᠎ᠠ ᠶᠢᠨ ᠨᠢᠭᠡᠴᠢ᠂ ᠰᠣᠷᠣᠭᠴᠢ | ᠭᠤᠷᠪᠠᠨ ᠲᠠᠯ᠎ᠠ ᠪᠠᠷ ᠢᠶᠠᠨ ᠭᠠᠷ ᠤᠨ ᠥᠰᠥᠭ ᠵᠢᠷᠤᠵᠤ᠂ ᠵᠠᠭᠤᠴᠢ ᠪᠠᠶᠢᠭᠤᠯᠤᠮᠵᠢ ᠪᠤᠶᠤ ᠲᠥᠯᠦᠪᠦᠷᠢᠲᠡᠢ ᠣᠷᠣᠯᠠᠨ | ᠭᠦᠢᠴᠡᠳᠭᠡᠬᠦ ᠵᠣᠬᠢᠶᠠᠨ ᠪᠠᠶᠢᠭᠤᠯᠤᠯᠲᠠ ᠪᠠᠷ ᠳᠠᠮᠵᠢᠭᠤᠯᠤᠨ ᠰᠤᠷᠤᠭᠴᠢᠳ ᠤᠨ ᠳᠠᠳᠤᠯᠭ᠎ᠠ ᠶᠢᠨ ᠠᠵᠢᠯ ᠢ | ᠲᠣᠬᠢᠷᠠᠭᠤᠯᠤᠨ ᠬᠠᠮᠢᠶᠠᠷᠴᠤ ᠪᠣᠯᠬᠤ ᠥᠬᠡᠶ ᠭᠡᠵᠦ ᠳᠠᠬᠢᠨᠲᠠ ᠲᠣᠳᠣᠷᠬᠠᠶᠢᠯᠠᠪᠠ᠃ ᠲᠣᠰ ᠲᠣᠭᠲᠠᠭᠠᠯ ᠠᠴᠠ | ᠵᠥᠷᠢᠴᠡᠨ ᠰᠤᠷᠤᠭᠴᠢᠳ ᠤᠨ ᠳᠠᠳᠤᠯᠭ᠎ᠠ ᠳᠤ ᠵᠠᠭᠤᠴᠢᠯᠠᠬᠤ ᠠᠵᠢᠯᠯᠠᠭ᠎ᠠ ᠪᠤᠶᠤ ᠲᠥᠯᠦᠪᠦᠷᠢᠲᠡᠢ ᠣᠷᠣᠯᠠᠨ | ᠭᠦᠢᠴᠡᠳᠭᠡᠬᠦ ᠶᠢ ᠡᠷᠬᠢᠯᠡᠭᠰᠡᠳ ᠢ ᠬᠠᠤᠯᠢ ᠴᠠᠭᠠᠵᠠ ᠬᠠᠤᠯᠢ ᠳᠦᠷᠢᠮ ᠳᠤ ᠬᠠᠤᠯᠢ ᠴᠠᠭᠠᠵᠠ ᠶᠢᠨ ᠬᠠᠷᠢᠭᠤᠴᠠᠯᠭ᠎ᠠ | ᠨᠡᠬᠡᠮᠵᠢᠯᠡᠬᠦ ᠪᠠᠷ ᠲᠣᠭᠲᠠᠭᠠᠭᠰᠠᠨ ᠪᠣᠯ ᠬᠤᠯᠪᠤᠭᠳᠠᠬᠤ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠤ ᠪᠠᠷ | ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠪᠣᠯ ᠬᠠᠤᠯᠢ ᠶᠣᠰᠤ ᠪᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠳᠥᠷᠪᠡ ᠳᠤ᠂ ᠰᠤᠷᠤᠭᠴᠢᠳ ᠤᠨ ᠳᠠᠳᠤᠯᠭ᠎ᠠ ᠶᠢᠨ ᠴᠠᠭ ᠨᠡᠮᠡᠵᠦ ᠠᠵᠢᠯᠯᠠᠬᠤ ᠪᠠ ᠠᠵᠢᠯ ᠳᠤ ᠭᠠᠷᠬᠤ ᠶᠢ | ᠲᠡᠮᠳᠡᠭᠯᠡᠬᠦ ᠠᠰᠠᠭᠤᠳᠠᠯ ᠳᠤ ᠴᠢᠭᠯᠡᠭᠦᠯᠦᠨ᠂ ᠤᠤᠯ ᠤᠨ ᠲᠣᠭᠲᠠᠭᠠᠯ ᠳᠤ ᠵᠠᠷᠴᠢᠮ ᠳᠡᠭᠡᠷ᠎ᠡ ᠪᠠᠨ ︽ᠰᠤᠷᠤᠭᠴᠢᠳ ᠢ | ᠴᠠᠭ ᠨᠡᠮᠡᠵᠦ ᠠᠵᠢᠯᠯᠠᠭᠤᠯᠬᠤ ᠪᠠ ᠰᠥᠨᠢ ᠶᠢᠨ ᠡᠭᠡᠯᠵᠢ ᠳᠤ ᠲᠣᠬᠢᠷᠠᠭᠤᠯᠵᠤ ᠪᠣᠯᠬᠤ ᠥᠬᠡᠶ︾ ᠭᠡᠵᠦ ᠳᠣᠭᠲᠠᠭᠠᠭᠰᠠᠨ | ᠰᠠᠭᠤᠷᠢᠨ ᠳᠡᠭᠡᠷ᠎ᠡ ᠳᠠᠳᠤᠯᠭ᠎ᠠ ᠶᠢᠨ ᠨᠢᠭᠡᠴᠢ ᠨᠢ ᠤᠯᠤᠰ ᠤᠨ ᠠᠵᠢᠯᠯᠠᠵᠤ ᠠᠮᠠᠷᠠᠬᠤ ᠴᠠᠭ ᠪᠠ ᠠᠮᠠᠷᠠᠯᠲᠠ ᠶᠢᠨ | ᠴᠢᠯᠦᠭᠡᠨ ᠤ ᠲᠤᠬᠠᠶ ᠲᠣᠭᠲᠠᠭᠠᠯ ᠢ ᠵᠢᠷᠤᠮᠯᠠᠬᠤ ᠶᠢ ᠨᠡᠮᠡᠵᠦ᠂ ᠰᠤᠷᠤᠭᠴᠢᠳ ᠤᠨ ᠠᠵᠢᠯ ᠤᠨ ᠪᠠᠶᠢᠷᠢ ᠶᠢᠨ ᠳᠠᠳᠤᠯᠭ᠎ᠠ | ᠶᠢᠨ ᠬᠤᠭᠤᠴᠠᠭᠠᠨ ᠳᠤ ᠲᠣᠭᠲᠠᠭᠠᠯ ᠶᠣᠰᠤ ᠪᠠᠷ ᠠᠮᠠᠷᠠᠬᠤ ᠪᠠ ᠠᠮᠠᠷᠠᠯᠲᠠ ᠶᠢᠨ ᠴᠢᠯᠥᠭᠡ ᠡᠳ᠋ᠯᠡᠬᠦ᠂ ᠬᠥᠳᠡᠯᠮᠦᠷᠢ ᠶᠢᠨ | ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠠᠮᠠᠭᠠᠯᠠᠯᠲᠠ ᠭᠥᠷᠳᠡᠬᠦ᠂ ᠮᠡᠷᠭᠡᠵᠢᠯ ᠤᠨ ᠤᠷ᠎ᠠ ᠴᠢᠳᠠᠪᠤᠷᠢ ᠶᠢᠨ | ᠵᠢᠯᠣᠭᠤᠳᠣᠯᠭ᠎ᠠ ᠬᠦᠯᠢᠶᠡᠬᠦ ᠵᠡᠷᠭᠡ ᠡᠷᠬᠡ ᠶᠢᠨ ᠱᠠᠭᠠᠷᠳᠠᠯᠭ᠎ᠠ ᠶᠢ ᠪᠠᠲᠤᠯᠠᠵᠤ᠂ ︽ᠳᠠᠳᠤᠯᠭ᠎ᠠ ᠶᠢᠨ ᠨᠢᠭᠡᠴᠢ ᠶᠢᠨ | ᠠᠵᠢᠯ ᠳᠤ ᠭᠠᠷᠬᠤ ᠶᠢ ᠲᠡᠮᠳᠡᠭᠯᠡᠬᠦ ᠲᠦᠷᠢᠮ ᠢ ᠳᠥᠭᠦᠮ ᠢᠶᠠᠷ ᠲᠤᠬᠤᠨ ᠬᠡᠷᠡᠭᠯᠡᠵᠦ ᠪᠣᠯᠬᠤ ᠥᠬᠡᠶ᠂ | ᠰᠤᠷᠤᠭᠴᠢᠳ ᠲᠤ ᠲᠥᠬᠦᠮ ᠢᠶᠠᠷ ᠠᠵᠢᠯᠲᠠᠨ ᠠᠵᠢᠯᠴᠢᠨ ᠤ ᠪᠠᠷᠢᠮᠵᠢᠶ᠎ᠠ ᠶᠢ ᠲᠤᠬᠤᠨ ᠬᠡᠷᠡᠭᠯᠡᠵᠦ ᠬᠢᠨᠠᠨ ᠪᠠᠶᠢᠴᠠᠭᠠᠵᠤ | ᠪᠣᠯᠬᠤ ᠥᠬᠡᠶ︾ ᠭᠡᠵᠦ ᠲᠣᠳᠣᠷᠬᠠᠶᠢᠯᠠᠪᠠ᠃ | ᠲᠠᠪᠤ ᠳᠤ᠂ ᠰᠤᠷᠤᠭᠴᠢᠳ ᠤᠨ ᠳᠠᠳᠤᠯᠭ᠎ᠠ ᠶᠢᠨ ᠬᠥᠯᠥᠰᠥ ᠣᠯᠭᠤᠮᠵᠢ ᠪᠠ ᠵᠠᠷᠤᠳᠠᠯ ᠤᠨ ᠠᠰᠠᠭᠤᠳᠠᠯ ᠳᠤ | ᠴᠢᠭᠯᠡᠭᠦᠯᠦᠨ᠂ ᠳᠠᠳᠤᠯᠭ᠎ᠠ ᠶᠢᠨ ᠨᠢᠭᠡᠴᠢ ᠠᠴᠠ ᠰᠤᠷᠤᠭᠴᠢᠳ ᠲᠤ ᠵᠣᠬᠢᠬᠤ ᠳᠠᠳᠤᠯᠭ᠎ᠠ ᠶᠢᠨ ᠬᠥᠯᠥᠰᠥ ᠣᠯᠭᠤᠮᠵᠢ | ᠥᠭᠬᠦ ᠬᠡᠷᠡᠭᠲᠡᠶ ᠭᠡᠵᠦ ᠳᠣᠭᠲᠠᠭᠠᠵᠤ᠂ ᠵᠠᠷᠴᠢᠮ ᠳᠡᠭᠡᠷ᠎ᠡ ᠪᠠᠨ ᠲᠤᠰ ᠨᠢᠭᠡᠴᠢ ᠶᠢᠨ ᠠᠳᠠᠯᠢ ᠠᠵᠢᠯ ᠤᠨ ᠪᠠᠶᠢᠷᠢ ᠶᠢᠨ | ᠴᠠᠯᠢᠩ ᠤᠨ ᠪᠠᠷᠢᠮᠵᠢᠶᠠᠨ ᠤ 80 % ᠪᠤᠶᠤ ᠬᠠᠮᠤᠭ ᠤᠨ ᠳᠣᠣᠷ᠎ᠠ ᠲᠠᠰ ᠤᠨ ᠴᠠᠯᠢᠩ ᠤᠨ ᠪᠠᠷᠢᠮᠵᠢᠶᠠᠨ ᠠᠴᠠ | ᠳᠣᠣᠷ᠎ᠠ ᠪᠠᠶᠢᠯᠭᠠᠵᠤ ᠪᠣᠯᠬᠤ ᠦᠭᠡᠶ᠂ ᠦᠶᠡᠯᠡᠯ ᠤᠨ ᠬᠤᠭᠤᠴᠠᠭ᠎ᠠ ᠶᠢ 1 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠂ | ᠡᠳ᠋ ᠪᠣᠳᠠᠰ ᠪᠤᠶᠤ ᠵᠣᠭᠤᠰ ᠣᠷᠣᠯᠠᠬᠤ ᠲᠡᠮᠳᠡᠭᠲᠦ ᠵᠡᠷᠭᠡ ᠪᠠᠷ ᠵᠣᠭᠤᠰ ᠢ ᠣᠷᠣᠯᠠᠭᠤᠯᠤᠨ ᠲᠦᠯᠦᠬᠦ ᠪᠤᠶᠤ | ᠭᠤᠷᠪᠠᠳᠠᠬᠢ ᠡᠲᠡᠭᠡᠳ ᠢᠶᠠᠷ ᠳᠠᠮᠵᠢᠭᠤᠯᠵᠤ ᠪᠣᠯᠬᠤ ᠦᠭᠡᠢ᠂ ᠰᠤᠷᠤᠭᠴᠢᠳ ᠠᠴᠠ ᠳᠠᠳᠤᠯᠭ᠎ᠠ ᠶᠢᠨ ᠳᠡᠨᠵᠢ ᠮᠥᠩᠭᠦ᠂ | ᠪᠣᠯᠪᠠᠰᠤᠷᠠᠭᠤᠯᠤᠯ ᠤᠨ ᠵᠠᠷᠤᠳᠠᠯ᠂ ᠳᠠᠳᠤᠯᠭ᠎ᠠ ᠶᠢᠨ ᠬᠥᠯᠥᠰᠥ ᠣᠯᠭᠤᠮᠵᠢ ᠶᠢᠨ ᠬᠤᠪᠢᠳᠠᠯ᠂ ᠬᠠᠮᠢᠶᠠᠷᠤᠯᠲᠠ ᠶᠢᠨ | ᠵᠠᠷᠤᠳᠠᠯ᠂ ᠳᠠᠳᠤᠯᠭ᠎ᠠ ᠶᠢᠨ ᠮᠠᠲ᠋ᠧᠷᠢᠶᠠᠯ ᠤᠨ ᠵᠠᠷᠤᠳᠠᠯ᠂ ᠠᠵᠢᠯ ᠣᠯᠭᠤᠬᠤ ᠦᠢᠯᠡᠴᠢᠯᠡᠭᠡᠨ ᠤ ᠵᠠᠷᠤᠳᠠᠯ ᠪᠤᠶᠤ | ᠪᠤᠰᠤᠳ ᠬᠡᠯᠪᠡᠷᠢ ᠶᠢᠨ ᠳᠠᠳᠤᠯᠭ᠎ᠠ ᠶᠢᠨ ᠵᠠᠷᠤᠳᠠᠯ ᠬᠤᠷᠢᠶᠠᠵᠤ ᠪᠣᠯᠬᠤ ᠦᠭᠡᠶ᠂ ᠰᠤᠷᠤᠭᠴᠢᠳ ᠲᠤ ᠪᠠᠲᠤᠯᠠᠭ᠎ᠠ | ᠬᠠᠩᠭᠠᠬᠤ ᠪᠤᠶᠤ ᠪᠤᠰᠤᠳ ᠨᠡᠷ᠎ᠡ ᠪᠠᠷ ᠰᠤᠷᠤᠭᠴᠢᠳ ᠤᠨ ᠡᠳ᠋ ᠪᠣᠳᠠᠰ ᠢ ᠬᠤᠷᠢᠶᠠᠨ ᠠᠪᠬᠤ ᠪᠠᠷ ᠱᠠᠭᠠᠷᠳᠠᠵᠤ ᠪᠣᠯᠬᠤ | ᠦᠭᠡᠶ᠃ | 5 . ︽ᠲᠣᠭᠲᠠᠭᠠᠯ︾ ᠳᠤ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠲᠤᠬᠠᠢ ᠶᠠᠮᠠᠷ ᠱᠠᠭᠠᠷᠳᠠᠯᠭ᠎ᠠ | ᠳᠤᠷᠠᠳᠤᠭᠰᠠᠨ ᠪᠣᠶ︖ | ︽ᠲᠣᠭᠲᠠᠭᠠᠯ︾ ᠳᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠳᠠᠳᠤᠯᠭ᠎ᠠ ᠶᠢᠨ | ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠰᠠᠯᠠᠭ᠎ᠠ ᠮᠥᠴᠢᠷ ᠤᠨ ᠬᠢᠨ ᠲᠡᠷᠢᠭᠦᠨ ᠤ ᠦᠢᠯᠡᠳᠬᠦ ᠦᠢᠯᠡᠰ ᠤᠨ ᠠᠵᠤ ᠠᠬᠤᠶᠢᠯᠠᠯ᠂ | ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ | ᠠᠭᠤᠰᠬᠠᠭᠰᠠᠨ ᠬᠡᠯᠪᠡᠷᠢᠲᠦ ᠠᠵᠤ ᠠᠬᠤᠶᠢᠯᠠᠯ ᠵᠢᠴᠢ ᠨᠥᠬᠦᠴᠡᠯ ᠲᠠᠢ ᠳᠤᠮᠳᠠ ᠵᠢᠵᠢᠭ ᠠᠵᠤ ᠠᠬᠤᠶᠢᠯᠠᠯ ᠵᠡᠷᠭᠡ ᠶᠢᠨ | ᠳᠠᠳᠤᠯᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠬᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠳᠤ ᠳᠤᠮᠳᠠᠴᠢ ᠪᠠᠷ ᠵᠣᠭᠤᠰ ᠰᠠᠯᠭᠠᠨ ᠥᠭᠬᠦ | ᠳᠦᠷᠢᠮ ᠢ ᠨᠠᠶᠢᠳᠠᠪᠤᠷᠢᠵᠢᠭᠤᠯᠵᠤ᠂ ᠰᠤᠷᠤᠭᠴᠢ ᠶᠢᠨ ᠳᠠᠳᠤᠯᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠲᠠᠢ | ᠬᠤᠯᠪᠤᠭᠳᠠᠬᠤ ᠵᠠᠷᠤᠳᠠᠯ ᠪᠣᠯᠤᠨ ᠰᠤᠷᠤᠯᠭ᠎ᠠ ᠶᠢᠨ ᠰᠦᠢᠳᠬᠡᠯ ᠤᠨ ᠬᠢᠷᠢ ᠲᠦᠪᠰᠢᠨ ᠢ ᠨᠢᠭᠡᠳᠦᠯᠲᠡᠶ ᠲᠥᠯᠥᠪᠯᠡᠨ | ᠪᠣᠳᠣᠯᠬᠢᠯᠠᠵᠤ᠂ ᠰᠤᠷᠤᠭᠴᠢ ᠨᠢᠭᠡ ᠪᠦᠷᠢ ᠳᠤ ᠳᠤᠮᠳᠠᠴᠢ ᠪᠠᠷ ᠵᠣᠭᠤᠰ ᠰᠠᠯᠭᠠᠨ ᠥᠭᠬᠦ ᠪᠠᠷᠢᠮᠵᠢᠶ᠎ᠠ ᠶᠢ ᠰᠢᠨᠵᠢᠯᠡᠬᠦ | ᠤᠬᠠᠭᠠᠨᠴᠢ ᠪᠥᠭᠡᠳ ᠵᠦᠢ ᠵᠣᠬᠢᠰᠲᠠᠶ ᠳᠣᠭᠲᠠᠭᠠᠪᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭᠠᠨ ᠤ ᠰᠠᠯᠠᠭ᠎ᠠ ᠮᠥᠴᠢᠷ ᠤᠨ ᠬᠢᠨ ᠬᠠᠷᠢᠶ᠎ᠠ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠳᠠᠳᠤᠯᠭ᠎ᠠ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠬᠥᠳᠡᠯᠮᠦᠷᠢ ᠶᠢᠨ ᠪᠠᠲᠤᠯᠠᠭᠠᠨ ᠤ ᠬᠢᠨᠠᠨ ᠪᠠᠶᠢᠴᠠᠭᠠᠯᠲᠠ ᠲᠠᠢ ᠤᠶᠠᠯᠳᠤᠭᠤᠯᠤᠨ | ᠬᠠᠤᠯᠢ ᠬᠡᠷᠡᠭᠵᠢᠭᠦᠯᠬᠦ ᠪᠠᠨ ᠴᠢᠩᠭᠠᠳᠬᠠᠬᠤ ᠶᠢᠨ ᠬᠠᠮᠲᠤ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠶᠢᠨ | ᠰᠤᠷᠤᠭᠴᠢᠳ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠠᠷᠭ᠎ᠠ ᠶᠢ ᠢᠳᠡᠪᠬᠢᠲᠡᠶ | ᠰᠦᠪᠡᠭᠴᠢᠯᠡᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠳᠠᠳᠤᠯᠭ᠎ᠠ ᠶᠢᠨ | ᠠᠶᠤᠯ ᠦᠭᠡᠶ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠠᠶᠤᠯ ᠦᠭᠡᠶ ᠦᠢᠯᠡᠳᠪᠦᠷᠢᠯᠡᠯ ᠤᠨ | ᠪᠠᠶᠢᠴᠠᠭᠠᠯᠲᠠ ᠶᠢᠨ ᠴᠢᠬᠤᠯᠠ ᠠᠭᠤᠯᠭ᠎ᠠ ᠪᠣᠯᠭᠠᠪᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠯᠠᠭ᠎ᠠ | ᠮᠥᠴᠢᠷ ᠤᠨ ᠬᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠣᠨᠴᠠᠭᠠᠶᠢᠯᠠᠨ ᠲᠣᠮᠣ ᠬᠡᠯᠪᠡᠷᠢᠲᠦ ᠠᠵᠤ | ᠠᠬᠤᠶᠢᠯᠠᠯ ᠢ ᠵᠢᠯᠣᠭᠤᠳᠤᠨ ᠳᠡᠮᠵᠢᠵᠦ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠶᠢᠨ ᠠᠵᠢᠯ ᠳᠤ | ᠢᠳᠡᠪᠬᠢᠲᠡᠶ ᠣᠷᠣᠯᠴᠠᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ | ᠳᠠᠳᠤᠯᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠠᠵᠤ ᠠᠬᠤᠶᠢᠯᠠᠯ ᠤᠨ ᠮᠡᠳᠡᠭᠡ | ᠵᠠᠩᠭᠢ ᠶᠢ ᠨᠡᠶᠢᠭᠡᠮ ᠤᠨ ᠢᠲᠡᠭᠡᠮᠵᠢ ᠶᠢᠨ ᠳᠣᠭᠲᠠᠯᠴᠠᠭᠠᠨ ᠳᠤ ᠣᠷᠣᠭᠤᠯᠬᠤ ᠶᠢᠨ ᠬᠠᠮᠲᠤ ᠲᠣᠭᠲᠠᠭᠠᠯ ᠶᠣᠰᠤ ᠪᠠᠷ | ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠦᠨ᠎ᠡ᠃ ᠪᠠᠩᠬᠢ ᠪᠠ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠳᠠᠳᠤᠯᠭ᠎ᠠ ᠶᠢᠨ | ᠬᠠᠷᠢᠭᠤᠴᠠᠯᠭ᠎ᠠ ᠶᠢᠨ ᠳᠠᠭᠠᠳᠬᠠᠯ ᠪᠠ ᠬᠥᠮᠦᠨ ᠤ ᠪᠡᠶ᠎ᠡ ᠶᠢᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠢ | ᠬᠠᠤᠯᠢ ᠶᠣᠰᠤ ᠪᠠᠷ ᠬᠢᠨᠠᠨ ᠬᠠᠮᠢᠶᠠᠷᠤᠨ᠎ᠠ᠃ | 6 . ᠢᠵᠢ ᠪᠥᠷᠢᠳᠦᠭᠦᠯᠦᠨ ᠨᠡᠶᠢᠲᠡᠯᠡᠭᠰᠡᠨ ︽ᠳᠠᠳᠤᠯᠭ᠎ᠠ ᠶᠢᠨ ᠬᠡᠯᠡᠯᠴᠡᠭᠡᠷ ᠤᠨ ᠵᠢᠱᠢᠶ᠎ᠡ ᠦᠵᠡᠭᠦᠯᠬᠦ ᠲᠣᠪᠬᠢᠮᠠᠯ | ︵ᠲᠤᠷᠰᠢᠨ ᠬᠡᠷᠡᠭᠵᠢᠭᠦᠯᠬᠦ︶︾ ᠳᠤ ᠶᠠᠮᠠᠷ ᠪᠣᠳᠣᠯᠬᠢᠯᠠᠯ ᠪᠠᠶᠢᠬᠤ ᠪᠣᠶ︖ | ︽ᠲᠣᠭᠲᠠᠭᠠᠯ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ ᠪᠢᠳᠡ | ᠬᠦᠴᠦᠨ ᠢᠶᠠᠨ ᠵᠣᠬᠢᠶᠠᠨ ᠪᠠᠶᠢᠭᠤᠯᠵᠤ ︽ᠵᠢᠱᠢᠶ᠎ᠡ ᠦᠵᠡᠭᠦᠯᠬᠦ ᠪᠢᠴᠢᠭ︾ ᠢ ᠢᠵᠢ ᠪᠥᠷᠢᠳᠦᠭᠦᠯᠦᠨ ᠲᠣᠭᠲᠠᠭᠠᠪᠠ᠃ | ᠡᠭᠦᠨ ᠳᠤ ᠭᠤᠤᠯᠳᠠᠭᠤ ᠦᠨᠳᠦᠰᠦᠨ ᠮᠡᠳᠡᠭᠡ ᠵᠠᠩᠭᠢ᠂ ᠬᠥᠬᠡ ᠬᠥᠬᠡᠭᠴᠢᠨ ᠤᠯᠠᠭᠠᠨ ᠲᠠᠯ᠎ᠠ ᠶᠢᠨ ᠡᠷᠬᠡ ᠪᠠ ᠡᠭᠦᠷᠭᠡ᠂ | ᠬᠡᠯᠡᠯᠴᠡᠭᠡᠷ ᠢ ᠬᠦᠴᠦᠨ ᠥᠬᠡᠶ ᠪᠣᠯᠭᠠᠬᠤ ᠪᠠ ᠳᠠᠭᠠᠯᠳᠤᠭᠤᠯᠤᠭᠰᠠᠨ ᠲᠦᠷᠢᠮ ᠵᠡᠷᠭᠡ 54 ᠵᠦᠢᠯ ᠵᠤᠷᠪᠤᠰ | ᠪᠠᠭᠲᠠᠵᠤ᠂ ᠦᠨᠳᠦᠰᠦᠨ ᠱᠠᠭᠠᠷᠳᠠᠯᠭ᠎ᠠ᠂ ᠨᠥᠬᠦᠴᠡᠯ ᠤᠨ ᠪᠠᠲᠤᠯᠠᠭ᠎ᠠ᠂ ᠠᠮᠤᠷ ᠲᠦᠪᠰᠢᠨ ᠤ ᠬᠠᠮᠠᠭᠠᠯᠠᠯᠲᠠ᠂ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠰᠠᠨᠠᠭᠠᠨ ᠳᠤ ᠥᠬᠡᠶ ᠠᠳᠡᠯ ᠢ ᠰᠢᠢᠳᠪᠦᠷᠢᠯᠡᠬᠦ᠂ ᠬᠢᠨᠠᠨ ᠪᠠᠶᠢᠴᠠᠭᠠᠵᠤ | ᠦᠨᠡᠯᠡᠬᠦ᠂ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠳᠠᠳᠤᠯᠭ᠎ᠠ ᠶᠢᠨ ᠪᠥᠬᠦ ᠶᠠᠪᠤᠴᠠ ᠶᠢ ᠬᠠᠮᠤᠷᠴᠤ᠂ | ᠭᠤᠷᠪᠠᠨ ᠲᠠᠯ᠎ᠠ ᠶᠢᠨ ᠬᠢᠨ ᠤ ᠳᠠᠳᠤᠯᠭ᠎ᠠ ᠶᠢᠨ ᠡᠯ᠎ᠡ ᠭᠤᠭᠴᠤᠭᠠᠨ ᠳᠠᠬᠢ ᠡᠷᠬᠡ ᠪᠠ ᠡᠭᠦᠷᠭᠡ ᠶᠢ ᠲᠣᠳᠤᠷᠬᠠᠶᠢᠯᠠᠪᠠ᠃ | ︽ᠵᠢᠱᠢᠶ᠎ᠡ ᠦᠵᠡᠭᠦᠯᠬᠦ ᠪᠢᠴᠢᠭ︾ ᠨᠢ ᠲᠠᠨᠢᠯᠴᠠᠭᠤᠯᠤᠨ ᠬᠡᠷᠡᠭᠯᠡᠬᠦ ᠬᠡᠯᠡᠯᠴᠡᠭᠡᠷ ᠤᠨ ᠪᠢᠴᠢᠭ ᠪᠣᠯᠤᠭᠰᠠᠨ ᠤ | ᠬᠤᠪᠢ ᠳᠤ ᠳᠠᠳᠤᠯᠭ᠎ᠠ ᠶᠢᠨ ᠡᠯ᠎ᠡ ᠡᠲᠡᠭᠡᠳ ᠤᠨ ᠬᠢᠨ ᠤ ᠳᠠᠳᠤᠯᠭ᠎ᠠ ᠶᠢᠨ ᠬᠡᠯᠡᠯᠴᠡᠭᠡᠷ ᠲᠣᠭᠲᠠᠬᠤ ᠳᠤ ᠵᠢᠱᠢᠶ᠎ᠡ | ᠦᠵᠡᠭᠦᠯᠬᠦ ᠵᠢᠯᠣᠭᠤᠳᠣᠯᠭ᠎ᠠ ᠬᠠᠩᠭᠠᠵᠤ᠂ ᠳᠠᠳᠤᠯᠭ᠎ᠠ ᠶᠢᠨ ᠬᠡᠯᠡᠯᠴᠡᠭᠡᠷ ᠤᠨ ᠳᠦᠷᠢᠮᠵᠢᠯᠲᠦ ᠴᠢᠨᠠᠷ᠂ ᠰᠢᠨᠵᠢᠯᠡᠬᠦ | ᠤᠬᠠᠭᠠᠨᠴᠢ ᠴᠢᠨᠠᠷ ᠪᠠ ᠭᠠᠷ ᠤᠨ ᠥᠰᠥᠭ ᠵᠢᠷᠤᠬᠤ ᠨᠣᠷᠮ᠎ᠠ ᠶᠢ ᠳᠡᠭᠡᠭᠰᠢᠯᠡᠭᠦᠯᠪᠡ᠃ ᠳᠠᠳᠤᠯᠭ᠎ᠠ ᠶᠢᠨ ᠭᠤᠷᠪᠠᠨ | ᠡᠲᠡᠭᠡᠳ ᠤᠨ ᠬᠢᠨ ᠨᠢ ᠬᠠᠤᠯᠢ ᠴᠠᠭᠠᠵᠠ ᠬᠠᠤᠯᠢ ᠳᠦᠷᠢᠮ ᠳᠤ ᠨᠡᠶᠢᠴᠡᠭᠰᠡᠨ ᠤᠷᠢᠲᠠᠯ ᠳᠤᠤᠷ᠎ᠠ ᠪᠣᠳᠠᠲᠠᠶ | ᠲᠠᠢ ᠤᠶᠠᠯᠳᠤᠭᠤᠯᠤᠨ᠂ ︽ᠵᠢᠱᠢᠶ᠎ᠡ ᠦᠵᠡᠭᠦᠯᠬᠦ ᠪᠢᠴᠢᠭ︾ ᠶᠢᠨ ᠶᠣᠰᠤ ᠪᠠᠷ ᠨᠥᠬᠦᠪᠥᠷᠢ ᠬᠡᠯᠡᠯᠴᠡᠭᠡᠷ | ᠲᠣᠭᠲᠠᠭᠠᠬᠤ ᠶᠢᠨ ᠬᠠᠮᠲᠤ ᠬᠠᠤᠯᠢ ᠴᠠᠭᠠᠵᠠ ᠬᠠᠤᠯᠢ ᠳᠦᠷᠢᠮ ᠤᠨ ᠲᠣᠭᠲᠠᠭᠠᠯ ᠪᠠ ᠬᠡᠯᠡᠯᠴᠡᠭᠡᠷ ᠲᠤ ᠪᠣᠯᠵᠣᠭᠰᠠᠨ | ᠶᠣᠰᠤ ᠪᠠᠷ ᠵᠣᠬᠢᠬᠤ ᠡᠷᠬᠡ ᠪᠠ ᠡᠭᠦᠷᠭᠡ ᠶᠢ ᠡᠭᠦᠷᠭᠡᠯᠡᠨ᠎ᠡ᠃ | 7 . ︽ᠲᠣᠭᠲᠠᠭᠠᠯ︾ ᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠠᠷᠠᠭ᠎ᠠ ᠠᠯᠬᠤᠮ ᠳᠤ ᠶᠠᠮᠠᠷ | ᠲᠣᠬᠢᠷᠠᠭᠤᠯᠤᠯᠲᠠ ᠬᠢᠭᠰᠡᠨ ᠪᠣᠶ︖ | ᠨᠢᠭᠡ ᠳᠤ᠂ ᠲᠠᠶᠢᠯᠪᠤᠷᠢ ᠪᠠ ᠲᠠᠶᠢᠯᠤᠮᠵᠢ ᠶᠢ ᠬᠠᠪᠰᠤᠷᠭᠠᠵᠤ᠂ ᠤᠬᠠᠭᠤᠯᠤᠨ ᠲᠤᠭᠤᠰᠢᠯᠠᠭᠤᠯᠬᠤ ᠡᠷᠴᠢᠮ ᠢ | ᠴᠢᠩᠭᠠᠷᠠᠭᠤᠯᠤᠨ᠎ᠠ᠃ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠵᠠᠰᠠᠪᠤᠷᠢ ᠣᠷᠣᠭᠤᠯᠬᠤ ᠠᠭᠤᠯᠭ᠎ᠠ ᠳᠤ | ᠴᠢᠭᠯᠡᠭᠦᠯᠦᠨ ︽ᠲᠣᠭᠲᠠᠭᠠᠯ︾ ᠤᠨ ᠲᠠᠶᠢᠯᠪᠤᠷᠢ ᠶᠢ ᠵᠠᠰᠠᠵᠤ᠂ ᠣᠬᠤᠷ ᠸᠢᠳᠢᠣ᠋ ᠴᠤᠭᠯᠠᠭᠤᠯᠬᠤ᠂ ᠨᠡᠶᠢᠲᠡ ᠶᠢᠨ | ᠠᠰᠠᠷᠠᠮᠵᠢ ᠶᠢᠨ ᠵᠠᠷ ᠴᠤᠭᠯᠠᠭᠤᠯᠬᠤ᠂ ᠤᠬᠠᠭᠤᠯᠭ᠎ᠠ ᠶᠢᠨ ᠡᠯᠭᠦᠭᠡ ᠵᠢᠷᠤᠭ ᠵᠣᠬᠢᠶᠠᠬᠤ ᠵᠡᠷᠭᠡ ᠬᠡᠯᠪᠡᠷᠢ ᠪᠠᠷ | ᠳᠠᠮᠵᠢᠭᠤᠯᠤᠨ ᠤᠬᠠᠭᠤᠯᠭ᠎ᠠ ᠶᠢ ᠥᠷᠭᠡᠳᠬᠡᠵᠦ᠂ ᠰᠣᠷᠣᠭᠴᠢ᠂ ᠬᠡᠷ ᠤᠨ ᠠᠬᠠᠮᠠᠳ᠂ ᠳᠠᠳᠤᠯᠭ᠎ᠠ ᠶᠢᠨ ᠨᠢᠭᠡᠴᠢ ᠶᠢᠨ | ᠬᠢᠨ ︽ᠲᠣᠭᠲᠠᠭᠠᠯ︾ ᠤᠨ ᠲᠤᠬᠠᠶ ᠮᠡᠳᠡᠪᠡᠰᠦ ᠵᠣᠬᠢᠬᠤ ᠪᠦᠬᠦᠨ ᠢ ᠮᠡᠳᠡᠬᠦ ᠶᠢ ᠠᠬᠢᠭᠤᠯᠪᠠ᠃ | ᠬᠤᠶᠠᠷ ᠲᠤ᠂ ᠳᠠᠳᠤᠯᠭ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠦᠪᠯᠡᠵᠦ᠂ ᠮᠡᠳᠡᠭᠡ ᠵᠠᠩᠭᠢᠴᠢᠯᠠᠯᠲᠠ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠡᠯ᠎ᠡ ᠠᠵᠢᠯ ᠮᠡᠷᠭᠡᠵᠢᠯ ᠤᠨ ᠰᠤᠷᠭᠠᠭᠤᠯᠢ ᠶᠢ ᠵᠢᠯᠣᠭᠤᠳᠴᠤ | ᠰᠤᠷᠭᠠᠭᠤᠯᠢ ᠶᠢᠨ ᠳᠣᠲᠣᠨ᠎ᠠ ᠭᠠᠳᠠᠨᠠᠬᠢ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠨ ᠰᠠᠶᠢᠲᠤᠷ ᠬᠡᠷᠡᠭᠯᠡᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ ᠳᠠᠳᠤᠯᠭ᠎ᠠ ᠶᠢ | ᠤᠯᠠᠮ ᠨᠢᠭᠡ ᠠᠯᠬᠤᠮ ᠭᠦᠨᠵᠡᠭᠡᠶ ᠠᠭᠤᠰᠬᠠᠬᠤ ᠶᠢ ᠠᠬᠢᠭᠤᠯᠤᠨ᠎ᠠ︔ ᠳᠠᠳᠤᠯᠭ᠎ᠠ ᠶᠢᠨ ᠬᠠᠮᠢᠶᠠᠷᠤᠯᠲᠠ ᠶᠢᠨ ᠮᠡᠳᠡᠭᠡ | ᠵᠠᠩᠭᠢᠴᠢᠯᠠᠯᠲᠠ ᠶᠢᠨ ᠬᠢᠷᠢ ᠲᠦᠪᠰᠢᠨ ᠢ ᠴᠢᠩᠭᠠᠳᠬᠠᠬᠤ ᠶᠢ ᠵᠢᠯᠣᠭᠤᠳᠴᠤ᠂ ᠠᠵᠢᠯ ᠮᠡᠷᠭᠡᠵᠢᠯ ᠤᠨ ᠰᠤᠷᠭᠠᠭᠤᠯᠢ ᠶᠢ | ᠵᠢᠯᠣᠭᠤᠳᠤᠨ ᠳᠠᠳᠤᠯᠭ᠎ᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠯᠲᠠ ᠶᠢ ᠰᠤᠷᠭᠠᠨ ᠬᠥᠮᠦᠵᠢᠯ ᠤᠨ ᠮᠡᠳᠡᠭᠡ | ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠳᠠᠳᠤᠯᠭ᠎ᠠ ᠶᠢ ᠳᠡᠩᠰᠡᠯᠡᠨ | ᠲᠡᠮᠳᠡᠭᠯᠡᠬᠦ ᠶᠢ ᠪᠦᠷᠢᠨ ᠪᠥᠷᠬᠦᠭᠦᠯᠬᠦ᠂ ᠳᠠᠳᠤᠯᠭ᠎ᠠ ᠶᠢᠨ ᠪᠥᠬᠦ ᠶᠠᠪᠤᠴᠠ ᠶᠢᠨ ᠬᠥᠳᠡᠯᠦᠩᠭᠦᠶ ᠬᠢᠨᠠᠯᠲᠠ | ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ | ᠭᠤᠷᠪᠠ ᠳᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠳᠠᠳᠤᠯᠭ᠎ᠠ ᠶᠢᠨ ᠰᠠᠶᠢᠨ ᠰᠠᠶᠢᠬᠠᠨ ᠠᠮᠢ ᠠᠬᠤᠶ ᠶᠢ ᠪᠤᠢ ᠪᠣᠯᠭᠠᠨ᠎ᠠ᠃ ᠰᠤᠷᠭᠠᠨ ᠬᠥᠮᠦᠵᠢᠯ ᠤᠨ | ᠶᠠᠮᠤᠨ ᠪᠣᠯᠤᠨ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠨᠡᠶᠢᠲᠡᠯᠡᠭᠰᠡᠨ ᠳᠠᠳᠤᠯᠭ᠎ᠠ ᠳᠤ ᠬᠢᠨᠠᠯᠲᠠ ᠲᠠᠯᠪᠢᠵᠤ ᠵᠦᠪᠯᠡᠯᠭᠡ ᠥᠭᠬᠦ ᠤᠲᠠᠰᠤ ᠪᠠᠷ ᠢᠯᠡᠴᠢᠯᠡᠨ ᠮᠡᠳᠡᠭᠦᠯᠬᠦ᠂ | ᠠᠰᠠᠭᠤᠨ ᠯᠠᠪᠯᠠᠬᠤ ᠶᠢ ᠦᠷᠭᠦᠯᠵᠢᠯᠡᠨ ᠭᠥᠯᠢᠶᠡᠨ ᠠᠪᠴᠤ ᠰᠢᠢᠳᠪᠦᠷᠢᠯᠡᠬᠦ ᠪᠠᠷ ᠳᠠᠮᠵᠢᠭᠤᠯᠤᠨ ᠰᠦᠪᠡᠭᠴᠢ ᠶᠣᠰᠤ ᠪᠠᠷ | ᠡᠬᠡ ᠲᠠᠩᠰᠠ ᠪᠠᠶᠢᠭᠤᠯᠵᠤ᠂ ᠬᠤᠯᠪᠤᠭᠳᠠᠬᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ ᠡᠯ᠎ᠡ ᠭᠠᠵᠠᠷ ᠤᠨ ᠬᠢᠨ ᠤ ᠥᠪᠡᠰᠦᠪᠡᠨ ᠪᠠᠶᠢᠴᠠᠭᠠᠭᠰᠠᠨ ᠰᠠᠭᠤᠷᠢᠨ ᠳᠡᠭᠡᠷ᠎ᠡ | ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠭᠤᠣᠯᠳᠠᠯᠭᠠᠲᠠᠢ ᠰᠤᠭᠤᠴᠢᠨ ᠪᠠᠶᠢᠴᠠᠭᠠᠵᠤ ᠰᠣᠳᠤᠯᠵᠤ᠂ ᠵᠦᠢᠯ | ᠳᠠᠷᠠᠭᠠᠯᠠᠨ ᠨᠠᠶᠢᠳᠠᠪᠤᠷᠢᠵᠢᠭᠤᠯᠬᠤ ᠪᠠᠷ ᠰᠢᠮᠳᠠᠭᠤᠯᠤᠨ᠎ᠠ᠃ ᠣᠷᠣᠨ ᠨᠤᠲᠤᠭ ᠤᠨ ᠲᠤᠷᠰᠢᠯᠭ᠎ᠠ ᠶᠢ ᠦᠷᠭᠦᠯᠵᠢᠯᠡᠨ | ᠳᠡᠯᠭᠡᠷᠡᠭᠦᠯᠵᠦ᠂ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠵᠤ᠂ ᠣᠲᠣ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠪᠠ ᠤᠷ᠎ᠠ ᠴᠢᠳᠠᠪᠤᠷᠢ ᠶᠢᠨ ᠬᠡᠯᠪᠡᠷᠢᠲᠦ ᠨᠡᠶᠢᠭᠡᠮ ᠤᠨ | ᠪᠠᠶᠢᠭᠤᠯᠤᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | |