| | 4 ᠰᠠᠷ᠎ᠠ ᠶᠢᠨ 21 ᠤ ᠡᠳᠦᠷ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠳᠤ ᠵᠠᠰᠠᠪᠤᠷᠢ | ᠣᠷᠣᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠬᠠᠮᠲᠤ ᠳᠤ ᠪᠠᠨ ᠦᠵᠡᠵᠡᠭᠡᠶ᠎ᠡ︕ | | | | | | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠳᠤ ᠵᠠᠰᠠᠪᠤᠷᠢ ᠣᠷᠣᠭᠤᠯᠤᠭᠰᠠᠨ | ᠶᠡᠷᠦᠩᠬᠡᠶ ᠪᠠᠢᠳᠠᠯ ᠨᠢ ᠶᠠᠮᠠᠷ ᠵᠡᠷᠭᠡ ᠪᠤᠢ︖ | — ᠲᠣᠪᠴᠢᠶᠠᠨ ᠳᠠᠷᠤᠭ᠎ᠠ ᠲᠢᠶᠠᠨ ᠾᠦᠢ ᠱᠧᠩ ᠠᠴᠠ ᠲᠠᠨᠢᠯᠴᠠᠭᠤᠯᠪᠠ | | | ᠨᠢᠭᠡ᠂ ᠵᠠᠰᠠᠪᠤᠷᠢ ᠣᠷᠣᠭᠤᠯᠤᠭᠰᠠᠨ ᠭᠤᠣᠯ ᠠᠬᠤᠢ ᠪᠠᠶᠢᠳᠠᠯ | 1 . ᠲᠥᠪ ᠬᠤᠷᠢᠶᠠᠨ ᠠᠴᠠ ᠰᠢᠨ᠎ᠡ ᠪᠠᠷ ᠪᠠᠶᠢᠷᠢᠯᠠᠭᠤᠯᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠠᠴᠠ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ | ᠬᠥᠭᠵᠢᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠵᠤ᠂ ᠶᠣᠰᠣ ᠰᠤᠷᠲᠠᠬᠤᠨ᠂ ᠤᠶᠤᠨ ᠤᠬᠠᠭᠠᠨ᠂ | ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ | ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠶᠡᠷᠦᠩᠬᠡᠶ ᠱᠦᠵᠢ | ᠰᠢ ᠶᠢᠨ ᠫᠢᠩ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠳᠤ ︽ᠶᠢᠰᠦ ᠶᠢ ᠪᠠᠷᠢᠮᠲᠠᠯᠠᠬᠤ︾᠂ | ︽ᠵᠢᠷᠭᠤᠭ᠎ᠠ ᠳᠤ ᠬᠦᠴᠦ ᠣᠷᠣᠭᠤᠯᠬᠤ︾ ᠶᠢ ᠪᠡᠶᠡᠯᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ | ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠲᠥᠪ ᠬᠤᠷᠢᠶᠠᠨ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ︽ᠬᠤᠶᠠᠷ ᠢ ᠬᠥᠩᠭᠡᠷᠡᠭᠦᠯᠬᠦ︾ ᠠᠵᠢᠯ ᠤᠨ ᠲᠤᠬᠠᠶ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠬᠢᠴᠢᠶᠡᠯ ᠤᠨ ᠲᠠᠩᠬᠢᠮ ᠵᠢᠴᠢ ᠰᠤᠷᠭᠠᠭᠤᠯᠢ ᠶᠢᠨ ᠰᠤᠷᠭᠠᠨ ᠬᠥᠮᠦᠵᠢᠯ | ᠤᠨ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ ᠴᠢᠩᠭᠠᠳᠬᠠᠵᠤ᠂ ᠵᠢᠭᠠᠬᠤ ᠪᠠ ᠰᠤᠷᠬᠤ ᠠᠭᠤᠯᠭ᠎ᠠ᠂ ᠠᠷᠭ᠎ᠠ | ᠮᠠᠶ᠋ᠢᠭ ᠢ ᠡᠷᠬᠡᠪᠰᠢ ᠥᠭᠡᠷᠡᠴᠢᠯᠡᠬᠦ ᠬᠡᠷᠡᠭᠲᠡᠶ ᠭᠡᠵᠦ ᠱᠠᠭᠠᠷᠳᠠᠪᠠ᠃ | 2 . ᠰᠤᠷᠭᠠᠨ ᠬᠥᠮᠦᠵᠢᠯ ᠢ ᠬᠥᠭᠵᠢᠭᠦᠯᠬᠦ ᠰᠢᠨ᠎ᠡ ᠱᠠᠭᠠᠷᠳᠠᠯᠭ᠎ᠠ ᠶᠢ ᠳᠤᠷᠠᠳᠪᠠ᠃ ᠣᠳᠣᠬᠠᠨ ᠤ ᠳᠡᠯᠡᠬᠡᠶ | ᠶᠢᠷᠲᠢᠨᠴᠦ ᠶᠠᠭ ᠰᠠᠶᠢᠬᠠᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠳᠤ ᠣᠷᠣᠰᠢᠵᠤ᠂ | ᠰᠦᠯᠵᠢᠶᠡᠨ ᠤ ᠰᠢᠨ᠎ᠡ ᠵᠠᠭᠤᠴᠢᠯᠠᠭᠤᠷ ᠦᠳᠲᠡᠷ ᠲᠦᠷᠭᠡᠨ ᠲᠦᠭᠡᠮᠡᠯᠵᠢᠵᠦ᠂ ᠬᠢᠮᠡᠯ ᠣᠶᠤᠨ ᠥᠷᠨᠢᠨ ᠬᠥᠭᠵᠢᠵᠦ᠂ | ᠬᠥᠮᠦᠰ ᠤᠨ ᠠᠮᠢᠳᠤᠷᠠᠯ᠂ ᠰᠤᠷᠤᠯᠴᠠᠯᠭ᠎ᠠ᠂ ᠠᠵᠢᠯ ᠤᠨ ᠠᠷᠭ᠎ᠠ ᠬᠡᠯᠪᠡᠷᠢ ᠲᠠᠰᠤᠷᠠᠯᠲᠠ ᠥᠬᠡᠶ ᠬᠤᠪᠢᠷᠠᠵᠤ᠂ ᠠᠳᠠᠯᠢ | ᠪᠤᠰᠤ ᠥᠷᠲᠡᠭ ᠤᠨ ᠦᠵᠡᠯᠲᠡ ᠬᠠᠷᠢᠯᠴᠠᠨ ᠮᠥᠷᠭᠦᠯᠳᠦᠵᠦ᠂ ᠬᠡᠦᠬᠡᠳ ᠵᠠᠯᠠᠭᠤᠴᠤᠳ ᠪᠠᠭᠠᠴᠤᠳ ᠤᠨ ᠦᠰᠦᠨ | ᠪᠤᠶᠢᠵᠢᠬᠤ ᠣᠷᠴᠢᠨ ᠲᠣᠭᠤᠷᠢᠨ ᠳᠤ ᠭᠦᠨᠵᠡᠭᠡᠶ ᠬᠤᠪᠢᠷᠠᠯᠲᠠ ᠭᠠᠷᠴᠤ᠂ ᠴᠢᠳᠠᠪᠤᠷᠢᠲᠠᠨ ᠢ ᠬᠥᠮᠦᠵᠢᠭᠦᠯᠬᠦ ᠳᠤ ᠰᠢᠨ᠎ᠡ | ᠥᠷᠢᠰᠥᠯᠳᠦᠭᠡᠨ ᠲᠠᠯᠪᠢᠭᠳᠠᠵᠤ ᠪᠠᠶᠢᠨ᠎ᠠ᠃ 2011 ᠣᠨ ᠳᠤ ᠮᠠᠨ ᠤ ᠤᠯᠤᠰ ᠠᠯᠪᠠᠨ ᠵᠢᠷᠤᠮ ᠤᠨ ᠰᠤᠷᠭᠠᠨ | ᠬᠥᠮᠦᠵᠢᠯ ᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠰᠤᠷᠭᠠᠨ ᠬᠥᠮᠦᠵᠢᠯ ᠤᠨ ᠬᠡᠷᠡᠭᠴᠡᠭᠡ ᠶᠢ ︽ᠰᠤᠷᠤᠯᠴᠠᠬᠤ | ᠰᠤᠷᠭᠠᠭᠤᠯᠢ ᠲᠠᠢ︾ ᠪᠠᠶᠢᠭᠰᠠᠨ ᠠᠴᠠ ︽ᠰᠠᠶᠢᠨ ᠰᠤᠷᠭᠠᠭᠤᠯᠢ ᠳᠤ ᠰᠤᠷᠤᠯᠴᠠᠬᠤ︾ ᠪᠣᠯᠭᠠᠨ ᠬᠤᠪᠢᠷᠠᠭᠤᠯᠵᠤ᠂ | ︽ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠶᠠᠭᠠᠬᠢᠵᠤ ᠬᠥᠮᠦᠵᠢᠭᠦᠯᠬᠦ᠂ ᠬᠡᠨ ᠤ ᠲᠥᠯᠥᠭᠡ ᠬᠥᠮᠦᠨ ᠢ | ᠬᠥᠮᠦᠵᠢᠭᠦᠯᠬᠦ︾ ᠶᠢ ᠤᠯᠠᠮ ᠨᠢᠭᠡ ᠠᠯᠬᠤᠮ ᠲᠣᠳᠤᠷᠠᠭᠤᠯᠵᠤ᠂ ᠰᠤᠷᠭᠠᠭᠤᠯᠢ ᠶᠢᠨ ᠬᠥᠮᠦᠨ ᠢ ᠬᠥᠮᠦᠵᠢᠭᠦᠯᠬᠦ | ᠲᠥᠯᠦᠪᠵᠢᠭᠦᠯᠭᠡ ᠶᠢ ᠰᠢᠯᠢᠳᠡᠭᠵᠢᠭᠦᠯᠬᠦ ᠴᠢᠬᠤᠯᠠᠲᠠᠶ᠃ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ | ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠬᠤ ᠳᠤ ᠰᠦᠯᠵᠢᠶᠡᠨ ᠳᠠᠬᠢ ᠰᠤᠷᠤᠯᠴᠠᠯᠭ᠎ᠠ ᠵᠡᠷᠭᠡ ᠲᠠᠯ᠎ᠠ ᠪᠠᠷ ᠬᠢ | ᠬᠢᠴᠢᠶᠡᠯ ᠤᠨ ᠳᠡᠮᠵᠢᠯᠭᠡ ᠪᠠ ᠵᠢᠯᠣᠭᠤᠳᠣᠯᠭ᠎ᠠ ᠶᠢ ᠴᠢᠩᠭᠠᠳᠬᠠᠬᠤ ᠴᠢᠬᠤᠯᠠᠲᠠᠶ᠃ ᠡᠳᠡᠭᠡᠷ ᠨᠢ ᠬᠢᠴᠢᠶᠡᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ | ᠪᠠᠶᠢᠭᠤᠯᠤᠯᠲᠠ ᠶᠢ ᠴᠢᠩᠭᠠᠳᠬᠠᠬᠤ ᠶᠢ ᠱᠠᠭᠠᠷᠳᠠᠵᠤ ᠪᠠᠶᠢᠨ᠎ᠠ᠃ | 3 . ᠬᠢᠴᠢᠶᠡᠯ ᠢ ᠬᠡᠷᠡᠭᠵᠢᠭᠦᠯᠬᠦ ᠶᠠᠪᠤᠴᠠ ᠳᠤ ᠰᠢᠨ᠎ᠡ ᠠᠰᠠᠭᠤᠳᠠᠯ ᠢ ᠢᠯᠡᠷᠡᠭᠦᠯᠪᠡ᠃ ᠣᠳᠣ ᠶᠢᠨ | ᠬᠡᠷᠡᠭᠵᠢᠭᠦᠯᠵᠦ ᠪᠠᠶᠢᠭ᠎ᠠ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠢ ᠲᠣᠬᠢᠷᠠᠭᠤᠯᠬᠤ | ᠲᠤᠷᠰᠢᠯᠲᠠ ᠶᠢᠨ ᠲᠥᠰᠦᠯ︾ ᠪᠣᠯᠤᠨ ᠡᠯ᠎ᠡ ᠬᠢᠴᠢᠶᠡᠯ ᠤᠨ ᠪᠠᠷᠢᠮᠵᠢᠶ᠎ᠠ ᠨᠢ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠬᠥᠲᠥᠯᠥᠨ ᠵᠢᠯᠣᠭᠤᠳᠬᠤ ᠪᠠ ᠲᠦᠯᠬᠢᠨ ᠠᠬᠢᠭᠤᠯᠬᠤ ᠲᠠᠯ᠎ᠠ ᠪᠠᠷ ᠴᠢᠬᠤᠯᠠ | ᠦᠢᠯᠡᠳᠦᠯ ᠦᠵᠡᠭᠦᠯᠦᠭᠰᠡᠨ ᠪᠣᠯᠪᠠᠴᠤ ᠪᠠᠰᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠲᠠᠢ ᠲᠣᠬᠢᠷᠠᠯᠴᠠᠬᠤ ᠦᠭᠡᠶ | ᠵᠠᠷᠢᠮ ᠵᠦᠢᠯ ᠣᠷᠣᠰᠢᠵᠤ ᠪᠠᠶᠢᠨ᠎ᠠ᠃ ᠵᠢᠱᠢᠶᠡᠯᠡᠪᠡᠯ᠂ ᠰᠤᠷᠤᠯᠭ᠎ᠠ ᠶᠢᠨ ᠱᠠᠲᠤ ᠶᠢ ᠭᠤᠯᠳᠤ ᠪᠠᠷ ᠣᠷᠭᠠᠨᠢᠭ ᠢᠶᠠᠷ | ᠵᠣᠯᠭᠠᠭᠤᠯᠬᠤ ᠲᠠᠯ᠎ᠠ ᠪᠠᠷ ᠬᠦᠷᠦᠯᠴᠡᠬᠦ ᠥᠬᠡᠶ᠂ ᠬᠢᠴᠢᠶᠡᠯ ᠤᠨ ᠪᠠᠷᠢᠮᠵᠢᠶ᠎ᠠ ᠳᠤ ︽ᠶᠠᠮᠠᠷ ᠬᠢᠷᠢ ᠬᠡᠮᠵᠢᠶᠡᠨ ᠳᠤ | ᠬᠦᠷᠲᠡᠯ᠎ᠡ ᠰᠤᠷᠭᠠᠬᠤ︾ ᠲᠤᠬᠠᠶ ᠪᠣᠳᠠᠲᠠᠶ ᠲᠣᠭᠲᠠᠭᠠᠯ ᠳᠤᠲᠠᠭᠳᠠᠵᠤ᠂ ᠪᠠᠭᠰᠢ ᠵᠢᠭᠠᠨ ᠰᠤᠷᠭᠠᠯᠲᠠ ᠶᠢᠨ ᠭᠦᠨᠴᠡ | ᠪᠠ ᠥᠷᠭᠡᠴᠡ ᠶᠢ ᠡᠵᠡᠮᠰᠢᠬᠦ ᠲᠠᠯ᠎ᠠ ᠪᠠᠷ ᠰᠢᠨᠵᠢᠯᠡᠬᠦ ᠤᠬᠠᠭᠠᠨ ᠤ ᠦᠨᠳᠦᠰᠦᠯᠡᠯ ᠳᠤᠲᠠᠭᠳᠠᠵᠤ᠂ ᠬᠢᠴᠢᠶᠡᠯ ᠢ | ᠬᠡᠷᠡᠭᠵᠢᠭᠦᠯᠬᠦ ᠱᠠᠭᠠᠷᠳᠠᠯᠭ᠎ᠠ ᠲᠣᠳᠣᠷᠬᠠᠶ ᠥᠬᠡᠶ ᠪᠠᠶᠢᠬᠤ ᠵᠡᠷᠭᠡ ᠠᠰᠠᠭᠤᠳᠠᠯ ᠢ ᠡᠷᠬᠡᠪᠰᠢ ᠬᠠᠨᠳᠤᠯᠭᠠᠲᠠᠢ | ᠰᠢᠢᠳᠪᠦᠷᠢᠯᠡᠬᠦ ᠬᠡᠷᠡᠭᠲᠡᠶ᠃ ᠡᠭᠦᠨ ᠤ ᠬᠠᠮᠲᠤ ᠣᠲᠣ ᠶᠢᠨ ᠬᠡᠷᠡᠭᠵᠢᠭᠦᠯᠵᠦ ᠪᠠᠶᠢᠭ᠎ᠠ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠶᠢ ᠲᠣᠰ ᠲᠣᠰ 20 ᠵᠢᠯ ᠪᠠ 10 ᠵᠢᠯ ᠠᠴᠠ | ᠳᠡᠭᠡᠭᠰᠢ ᠬᠡᠷᠡᠭᠵᠢᠭᠦᠯᠵᠦ᠂ ᠬᠢᠴᠢᠶᠡᠯ ᠤᠨ ᠥᠭᠡᠷᠡᠴᠢᠯᠡᠯᠲᠡ ᠶᠢᠨ ᠲᠣᠰ ᠪᠡᠶ᠎ᠡ ᠶᠢᠨ ᠵᠢᠮ᠎ᠡ ᠶᠣᠰᠣᠴᠢ ᠴᠢᠨᠠᠷ ᠤᠨ | ᠱᠠᠭᠠᠷᠳᠠᠯᠭ᠎ᠠ ᠶᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ | ᠬᠤᠶᠠᠷ᠂ ᠵᠠᠰᠠᠪᠤᠷᠢ ᠣᠷᠣᠭᠤᠯᠤᠭᠰᠠᠨ ᠭᠤᠣᠯ ᠰᠡᠳᠬᠢᠮᠵᠢ | 1 . ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠶᠡᠷᠦᠩᠬᠡᠶ ᠱᠦᠵᠢ ᠰᠢ ᠶᠢᠨ ᠫᠢᠩ ᠤᠨ | ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢᠨ ᠲᠤᠬᠠᠶ ᠲᠥᠪ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠯᠢᠭ ᠣᠨᠣᠴᠠᠲᠠᠢ | ᠤᠶᠢᠯᠠᠭᠠᠨ ᠡᠵᠡᠮᠰᠢᠵᠦ᠂ ᠬᠢᠴᠢᠶᠡᠯ ᠳᠤ ᠵᠠᠰᠠᠪᠤᠷᠢ ᠣᠷᠣᠭᠤᠯᠬᠤ ᠦᠨᠳᠦᠰᠦᠨ ᠵᠢᠷᠤᠮᠯᠠᠯ ᠢ ᠳᠣᠭᠲᠠᠭᠠᠪᠠ᠃ ᠴᠢᠬᠤᠯᠠ | ᠶᠡᠭᠡ ᠭᠤᠣᠯ ᠰᠡᠳᠦᠪᠲᠦ ᠬᠥᠮᠦᠵᠢᠯ ᠢ ᠪᠦᠬᠦᠯᠢ ᠴᠣᠭᠴᠠ ᠪᠠᠷ ᠲᠥᠯᠦᠪᠵᠢᠭᠦᠯᠵᠦ᠂ ᠰᠢᠰᠲ᠋ᠧᠮᠲᠡᠢ ᠲᠣᠬᠢᠷᠠᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠢᠴᠡᠳ ᠲᠤᠰᠬᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ᠂ ᠬᠤᠪᠢᠰᠬᠠᠯᠲᠤ ᠰᠣᠶᠣᠯ | ᠪᠣᠯᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠣᠷᠭᠠᠨᠢᠭ ᠢᠶᠠᠷ ᠠᠭᠤᠰᠠᠬᠠᠵᠤ᠂ ᠬᠦᠰᠡᠯᠡᠩ ᠲᠠᠢ᠂ | ᠴᠢᠳᠠᠪᠤᠷᠢ ᠲᠠᠢ᠂ ᠡᠭᠦᠷᠭᠡᠯᠡᠯ ᠲᠠᠢ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠴᠢᠶᠡᠯ ᠤᠨ ᠦᠵᠡᠯ ᠰᠠᠨᠠᠭᠠᠴᠢ ᠴᠢᠨᠠᠷ ᠢ ᠴᠢᠩᠭᠠᠳᠬᠠᠪᠠ᠃ | 2 . ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠬᠢᠴᠢᠶᠡᠯ ᠤᠨ ᠥᠭᠡᠷᠡᠴᠢᠯᠡᠯᠲᠡ ᠶᠢᠨ | ᠬᠦᠴᠢᠷᠳᠡᠯ ᠪᠠ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠵᠠᠳᠠᠯᠵᠤ᠂ ᠵᠠᠰᠠᠪᠤᠷᠢ ᠣᠷᠣᠭᠤᠯᠬᠤ ᠭᠤᠤᠯᠳᠠᠯᠭ᠎ᠠ ᠪᠠ | ᠡᠭᠦᠷᠭᠡ ᠶᠢ ᠲᠣᠳᠤᠷᠠᠭᠤᠯᠵᠤ᠂ ᠪᠣᠳᠠᠲᠠᠶ ᠠᠰᠠᠭᠤᠳᠠᠯ ᠳᠤ ᠪᠦᠲᠦᠮᠵᠢᠲᠡᠶ ᠬᠠᠷᠢᠭᠤ ᠥᠭᠬᠦ ᠶᠢ ᠴᠢᠬᠤᠯᠠᠴᠢᠯᠠᠪᠠ᠃ | ᠰᠤᠷᠤᠭᠴᠢᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠨᠢᠭᠡ ᠴᠣᠭᠴᠠᠵᠢᠭᠤᠯᠤᠨ | ᠪᠠᠶᠢᠷᠢᠯᠠᠭᠤᠯᠬᠤ ᠶᠢ ᠴᠢᠩᠭᠠᠷᠠᠭᠤᠯᠵᠤ᠂ ᠰᠤᠷᠤᠯᠭ᠎ᠠ ᠶᠢᠨ ᠱᠠᠲᠤ ᠶᠢ ᠵᠣᠯᠭᠠᠭᠤᠯᠬᠤ ᠶᠢ ᠠᠬᠢᠭᠤᠯᠵᠤ᠂ ᠬᠢᠴᠢᠶᠡᠯ ᠤᠨ | ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠴᠢ ᠴᠢᠨᠠᠷ ᠢ ᠳᠡᠭᠡᠭᠰᠢᠯᠡᠭᠦᠯᠪᠡ︔ ᠬᠢᠴᠢᠶᠡᠯ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠬᠥᠮᠦᠨ ᠢ ᠬᠥᠮᠦᠵᠢᠭᠦᠯᠬᠦ ᠬᠢᠴᠢᠶᠡᠯ ᠲᠥᠷᠥᠯ ᠤᠨ ᠬᠠᠷᠠᠯᠲᠠ ᠶᠢ ᠨᠠᠷᠢᠯᠢᠭᠵᠢᠭᠤᠯᠵᠤ᠂ | ᠬᠡᠷᠡᠭᠵᠢᠭᠦᠯᠬᠦ ᠱᠠᠭᠠᠷᠳᠠᠯᠭ᠎ᠠ ᠶᠢ ᠲᠣᠳᠤᠷᠠᠭᠤᠯᠵᠤ᠂ ᠬᠢᠴᠢᠶᠡᠯ ᠤᠨ ᠵᠢᠯᠣᠭᠤᠳᠬᠤ ᠴᠢᠨᠠᠷ᠂ ᠬᠡᠷᠡᠭᠵᠢᠭᠦᠯᠵᠦ | ᠪᠣᠯᠬᠤᠶᠢᠴᠠ ᠴᠢᠨᠠᠷ ᠢ ᠴᠢᠩᠭᠠᠷᠠᠭᠤᠯᠪᠠ᠃ | 3 . ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠮᠠᠨ ᠤ ᠤᠯᠤᠰ ᠤᠨ ᠬᠢᠴᠢᠶᠡᠯ ᠤᠨ ᠪᠠᠶᠢᠭᠤᠯᠤᠯᠲᠠ ᠶᠢᠨ ᠠᠮᠵᠢᠯᠲᠠᠲᠠᠢ | ᠲᠤᠷᠰᠢᠯᠭ᠎ᠠ ᠶᠢ ᠵᠠᠯᠭᠠᠮᠵᠢᠯᠠᠬᠤ ᠶᠢ ᠴᠢᠬᠤᠯᠠᠴᠢᠯᠠᠭᠰᠠᠨ ᠮᠥᠷᠲᠡᠭᠡᠨ ᠪᠠᠰᠠ ᠣᠯᠠᠨ ᠤᠯᠤᠰ ᠤᠨ ᠬᠢᠴᠢᠶᠡᠯ ᠤᠨ | ᠥᠭᠡᠷᠡᠴᠢᠯᠡᠯᠲᠡ ᠶᠢᠨ ᠰᠢᠨ᠎ᠡ ᠦᠷ᠎ᠡ ᠪᠦᠲᠦᠭᠡᠯ ᠢᠶᠠᠷ ᠭᠦᠢᠴᠡᠳ ᠲᠣᠯᠢᠯᠠᠭᠤᠯᠵᠤ᠂ ᠰᠤᠷᠭᠠᠨ ᠬᠥᠮᠦᠵᠢᠯ ᠤᠨ | ᠣᠨᠣᠯᠵᠢᠬᠤᠨ ᠢ ᠰᠢᠨᠡᠳᠭᠡᠵᠦ᠂ ᠳᠤᠮᠳᠠᠳᠤ ᠤᠯᠤᠰ ᠤᠨ ᠣᠨᠴᠠᠯᠢᠭ ᠢ ᠢᠯᠡᠷᠡᠭᠦᠯᠵᠦ᠂ ᠬᠢᠴᠢᠶᠡᠯ ᠤᠨ | ᠶᠡᠷᠦᠩᠬᠡᠶᠢᠯᠡᠯᠲᠦ ᠴᠢᠨᠠᠷ᠂ ᠦᠢᠯᠡᠳᠦᠯᠭᠡᠲᠦ ᠴᠢᠨᠠᠷ ᠢ ᠴᠢᠩᠭᠠᠷᠠᠭᠤᠯᠵᠤ᠂ ᠬᠥᠮᠦᠨ ᠢ ᠬᠥᠮᠦᠵᠢᠭᠦᠯᠬᠦ ᠠᠷᠭ᠎ᠠ ᠮᠠᠶ᠋ᠢᠭ | ᠤᠨ ᠬᠤᠪᠢᠰᠤᠯᠲᠠ ᠶᠢ ᠬᠥᠲᠥᠯᠦᠨ ᠵᠢᠯᠣᠭᠤᠳᠴᠤ᠂ ᠰᠤᠷᠤᠭᠴᠢᠳ ᠤᠨ ᠭᠤᠤᠯᠯᠠᠬᠤ ᠬᠡᠪ ᠪᠣᠯᠪᠠᠰᠤᠷᠠᠯ ᠢ ᠬᠦᠴᠦᠯᠡᠨ | ᠬᠥᠭᠵᠢᠭᠦᠯᠦᠨ᠎ᠡ᠃ ᠴᠠᠭ ᠦᠶ᠎ᠡ ᠲᠠᠢ ᠵᠡᠷᠭᠡᠴᠡᠨ ᠤᠷᠤᠭᠰᠢᠯᠠᠬᠤ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠰᠢᠨ᠎ᠡ ᠬᠤᠪᠢᠷᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠰᠢᠨ᠎ᠡ | ᠦᠷ᠎ᠡ ᠪᠦᠲᠦᠭᠡᠯ ᠢ ᠲᠤᠰᠬᠠᠵᠤ᠂ ᠬᠢᠴᠢᠶᠡᠯ ᠤᠨ ᠠᠭᠤᠯᠭ᠎ᠠ ᠶᠢ ᠰᠢᠨᠡᠳᠭᠡᠵᠦ᠂ ᠬᠢᠴᠢᠶᠡᠯ ᠤᠨ ᠴᠠᠭ ᠦᠶᠡᠴᠢ ᠴᠢᠨᠠᠷ ᠢ | ᠢᠯᠡᠷᠡᠭᠦᠯᠪᠡ᠃ | ᠭᠤᠷᠪᠠ᠂ ᠵᠠᠰᠠᠪᠤᠷᠢ ᠣᠷᠣᠭᠤᠯᠤᠭᠰᠠᠨ ᠭᠤᠣᠯ ᠶᠠᠪᠤᠴᠠ | ᠡᠩᠨᠡᠭᠡ ᠶᠢ ᠵᠣᠬᠢᠶᠠᠨ ᠪᠠᠶᠢᠭᠤᠯᠬᠤ᠂ ᠶᠡᠷᠦᠩᠬᠡᠢ ᠵᠢᠷᠤᠭ ᠲᠥᠯᠥᠪᠯᠡᠭᠡ ᠬᠢᠬᠦ᠂ ᠪᠠᠶᠢᠴᠠᠭᠠᠨ ᠰᠤᠳᠤᠯᠵᠤ | ᠨᠤᠲᠠᠯᠠᠬᠤ᠂ ᠵᠠᠰᠠᠪᠤᠷᠢ ᠣᠷᠣᠭᠤᠯᠬᠤ ᠶᠢ ᠵᠣᠬᠢᠶᠠᠨ ᠪᠠᠶᠢᠭᠤᠯᠬᠤ᠂ ᠰᠣᠷᠢᠯᠲᠠ ᠬᠢᠬᠦ᠂ ᠰᠠᠨᠠᠯ ᠬᠤᠷᠢᠶᠠᠬᠤ ᠵᠡᠷᠭᠡ | ᠭᠤᠭᠴᠤᠭ᠎ᠠ ᠶᠢ ᠥᠩᠭᠡᠷᠡᠭᠡᠪᠡ᠃ | ᠨᠢᠭᠡ ᠳᠤ᠂ ᠡᠩᠨᠡᠭᠡ ᠶᠢ ᠵᠣᠬᠢᠶᠠᠨ ᠪᠠᠶᠢᠭᠤᠯᠪᠠ᠂ ᠬᠤᠶᠠᠷ ᠬᠦᠷᠢᠶᠡᠯᠡᠩ ᠤᠨ ᠠᠺᠠᠳᠧᠮᠢᠴᠢ᠂ ᠰᠢᠨᠵᠢᠯᠡᠭᠡᠨ ᠤ | ᠰᠠᠯᠠᠭᠠᠨ ᠤ ᠲᠤᠰᠬᠠᠶ ᠮᠡᠷᠭᠡᠵᠢᠯᠲᠡᠨ᠂ ᠰᠢᠨᠵᠢᠯᠡᠭᠡᠨ ᠤ ᠰᠠᠯᠠᠭᠠᠨ ᠤ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ᠂ | ᠭᠤᠤᠯᠯᠠᠭᠴᠢ ᠪᠠᠭᠰᠢ᠂ ᠰᠤᠷᠭᠠᠨ ᠬᠥᠮᠦᠵᠢᠯ ᠤᠨ ᠬᠠᠮᠢᠶᠠᠷᠤᠭᠴᠢ ᠵᠡᠷᠭᠡ 300 ᠰᠢᠬᠠᠮ ᠬᠥᠮᠦᠨ ᠢᠶᠠᠷ | ᠪᠦᠷᠢᠯᠳᠦᠭᠰᠡᠨ ᠵᠠᠰᠠᠪᠤᠷᠢ ᠣᠷᠣᠭᠤᠯᠬᠤ ᠳᠤᠭᠤᠶᠢᠯᠠᠩ ᠢ ᠪᠠᠶᠢᠭᠤᠯᠵᠤ᠂ ᠵᠠᠰᠠᠪᠤᠷᠢ ᠣᠷᠣᠭᠤᠯᠬᠤ ᠡᠭᠦᠷᠭᠡ ᠶᠢ | ᠡᠭᠦᠷᠭᠡᠯᠡᠭᠦᠯᠪᠡ᠃ | ᠬᠤᠶᠠᠷ ᠲᠤ᠂ ᠶᠡᠷᠦᠩᠬᠡᠶ ᠵᠢᠷᠤᠭ ᠲᠥᠯᠥᠪᠯᠡᠭᠡ ᠬᠢᠪᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ᠂ ᠬᠤᠪᠢᠰᠬᠠᠯᠲᠤ ᠤᠯᠠᠮᠵᠢᠯᠠᠯ᠂ ᠬᠠᠤᠯᠢ ᠪᠠᠷ ᠵᠠᠰᠠᠬᠤ᠂ ᠤᠯᠤᠰ ᠤᠨ ᠠᠮᠤᠷ ᠲᠦᠪᠰᠢᠨ᠂ | ᠠᠮᠢ ᠨᠠᠰᠤᠨ ᠤ ᠠᠮᠤᠷ ᠲᠦᠪᠰᠢᠨ ᠬᠢᠭᠡᠳ ᠡᠷᠡᠭᠦᠯ ᠮᠡᠨᠳᠦ ᠵᠡᠷᠭᠡ ᠴᠢᠬᠤᠯᠠ ᠶᠡᠭᠡ ᠭᠤᠤᠯ ᠰᠡᠳᠦᠪᠲᠦ ᠬᠥᠮᠦᠵᠢᠯ ᠢ | ᠬᠢᠴᠢᠶᠡᠯ ᠤᠨ ᠵᠢᠭᠠᠬᠤ ᠮᠠᠲ᠋ᠧᠷᠢᠶᠠᠯ ᠳᠤ ᠣᠷᠣᠭᠤᠯᠬᠤ ᠶᠢ ᠪᠦᠬᠦᠯᠢ ᠴᠣᠭᠴᠠ ᠪᠠᠷ ᠲᠥᠯᠦᠪᠵᠢᠭᠦᠯᠦᠭᠰᠡᠨ ᠤ ᠬᠠᠮᠲᠤ | ᠵᠢᠯᠣᠭᠤᠳᠤᠨ ᠨᠠᠶᠢᠳᠠᠪᠤᠷᠢᠵᠢᠭᠤᠯᠪᠠ᠃ | ᠭᠤᠷᠪᠠ ᠳᠤ᠂ ᠪᠠᠶᠢᠴᠠᠭᠠᠨ ᠰᠣᠳᠤᠯᠵᠤ ᠨᠣᠲᠠᠯᠠᠪᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠬᠢᠴᠢᠶᠡᠯ ᠢ ᠬᠡᠷᠡᠭᠵᠢᠭᠦᠯᠵᠦ ᠪᠠᠶᠢᠭ᠎ᠠ ᠣᠳᠣᠬᠢ ᠪᠠᠶᠢᠳᠠᠯ ᠢ ᠪᠠᠶᠢᠴᠠᠭᠠᠵᠤ᠂ ᠬᠢᠴᠢᠶᠡᠯ ᠤᠨ ᠠᠭᠤᠯᠭ᠎ᠠ ᠶᠢᠨ ᠪᠥᠲᠦᠴᠡ | ᠵᠡᠷᠭᠡ ᠬᠤᠯᠪᠤᠭᠳᠠᠬᠤ ᠰᠠᠭᠤᠷᠢ ᠰᠤᠳᠤᠯᠭᠠᠨ ᠪᠠ ᠣᠯᠠᠨ ᠤᠯᠤᠰ ᠤᠨ ᠬᠠᠷᠢᠴᠠᠭᠤᠯᠤᠭᠰᠠᠨ ᠰᠤᠳᠤᠯᠭᠠᠨ ᠢ | ᠥᠷᠨᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠴᠢᠶᠡᠯ ᠤᠨ ᠥᠭᠡᠷᠡᠴᠢᠯᠡᠯᠲᠡ ᠶᠢᠨ ᠰᠢᠨ᠎ᠡ | ᠬᠠᠨᠳᠤᠰᠢ ᠶᠢ ᠭᠦᠨᠵᠡᠭᠡᠶ ᠰᠤᠳᠤᠯᠤᠨ ᠡᠵᠡᠮᠰᠢᠪᠡ᠃ | ᠳᠥᠷᠪᠡ ᠳᠤ᠂ ᠵᠠᠰᠠᠪᠤᠷᠢ ᠣᠷᠣᠭᠤᠯᠬᠤ ᠶᠢ ᠵᠣᠬᠢᠶᠠᠨ ᠪᠠᠶᠢᠭᠤᠯᠪᠠ᠂ ᠲᠥᠪᠯᠡᠷᠡᠭᠦᠯᠬᠦ ᠪᠠ ᠲᠠᠷᠠᠬᠠᠶ | ᠪᠠᠶᠢᠯᠭᠠᠬᠤ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠠᠷᠭ᠎ᠠ ᠮᠠᠶ᠋ᠢᠭ ᠢ ᠠᠪᠴᠤ᠂ ᠤᠷᠢᠳ ᠢᠶᠠᠷ | ᠬᠢᠴᠢᠶᠡᠯ ᠤᠨ ᠲᠥᠰᠦᠯ ᠳᠤ ᠵᠠᠰᠠᠪᠤᠷᠢ ᠣᠷᠣᠭᠤᠯᠵᠤ᠂ ᠳᠠᠬᠢᠨ ᠬᠢᠴᠢᠶᠡᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ | ᠳᠡᠰ ᠳᠠᠷᠠᠭᠠᠯᠠᠯ ᠢᠶᠠᠷ ᠶᠠᠪᠤᠭᠳᠠᠭᠤᠯᠵᠤ᠂ ᠵᠠᠰᠠᠪᠤᠷᠢ ᠣᠷᠣᠭᠤᠯᠬᠤ ᠠᠵᠢᠯ ᠢ ᠲᠥᠷᠥᠯ ᠵᠦᠢᠯ ᠬᠤᠪᠢᠶᠠᠨ᠂ ᠬᠡᠰᠡᠭ | ᠬᠤᠪᠢᠶᠠᠨ ᠠᠬᠢᠭᠤᠯᠪᠠ᠃ | ᠲᠠᠪᠤ ᠳᠤ᠂ ᠰᠣᠷᠢᠯᠲᠠ ᠬᠢᠪᠡ᠂ ᠵᠧᠵᠢᠶᠠᠩ᠂ ᠾᠧᠨᠠᠨ ᠪᠣᠯᠤᠨ ᠭᠠᠨᠰᠦ ᠵᠡᠷᠭᠡ 15 ᠮᠤᠵᠢ ᠶᠢᠨ 6 ᠲᠦᠮᠡ | ᠰᠢᠬᠠᠮ ᠰᠣᠷᠣᠭᠴᠢ ᠶᠢ ᠵᠣᠬᠢᠶᠠᠨ ᠪᠠᠶᠢᠭᠤᠯᠵᠤ ᠬᠢᠴᠢᠶᠡᠯ ᠤᠨ ᠪᠠᠷᠢᠮᠵᠢᠶᠠᠨ ᠤ ᠰᠢᠯᠭᠠᠯᠲᠠ ᠬᠢᠵᠦ᠂ ᠳ᠋ᠦᠩ ᠢ ᠨᠢ | ᠦᠨᠳᠦᠰᠦᠯᠡᠨ ᠵᠠᠰᠠᠪᠤᠷᠢ ᠣᠷᠣᠭᠤᠯᠪᠠ᠃ | ᠵᠢᠷᠭᠤᠭ᠎ᠠ ᠳᠤ᠂ ᠰᠠᠨᠠᠯ ᠬᠤᠷᠢᠶᠠᠪᠠ᠂ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ᠂ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠨᠢᠭᠡᠳᠦᠭᠡᠷ ᠹᠷᠣᠨᠲ ᠤᠨ ᠰᠤᠷᠭᠠᠭᠤᠯᠢ ᠶᠢᠨ ᠵᠠᠬᠢᠷᠤᠯ᠂ | ᠪᠠᠭᠰᠢ᠂ ᠵᠢᠭᠠᠬᠤ ᠶᠢ ᠰᠤᠳᠤᠯᠤᠭᠴᠢ ᠵᠡᠷᠭᠡ ᠡᠯ᠎ᠡ ᠲᠠᠯ᠎ᠠ ᠶᠢᠨ ᠬᠢᠨ ᠠᠴᠠ ᠰᠠᠨᠠᠯ ᠪᠠ ᠰᠠᠨᠠᠭᠤᠯᠭ᠎ᠠ ᠶᠢ ᠲᠣᠰ ᠲᠣᠰ | ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ | 2021 ᠣᠨ ᠤ 4 - 12 ᠰᠠᠷ᠎ᠠ ᠪᠣᠯᠲᠠᠯ᠎ᠠ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠵᠢᠴᠢ | ᠲᠡᠭᠦᠨ ᠤ ᠲᠤᠰᠬᠠᠶ ᠮᠡᠷᠭᠡᠵᠢᠯᠲᠡᠨ ᠤ ᠵᠥᠪᠯᠡᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ | ᠪᠠ ᠬᠡᠯᠡ ᠪᠢᠴᠢᠭ ᠵᠡᠷᠭᠡ 16 ᠬᠢᠴᠢᠶᠡᠯ ᠤᠨ ᠪᠠᠷᠢᠮᠵᠢᠶ᠎ᠠ ᠶᠢ ᠬᠢᠨᠠᠨ ᠶᠠᠷᠢᠯᠴᠠᠵᠤ ᠪᠠᠲᠤᠯᠠᠪᠠ᠃ | ᠳᠥᠷᠪᠡ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠭᠤᠤᠯ ᠬᠤᠪᠢᠷᠠᠯᠲᠠ | 1 . ᠬᠢᠴᠢᠶᠡᠯ ᠤᠨ ᠲᠥᠰᠦᠯ ᠤᠨ ᠲᠤᠬᠠᠶ | ᠨᠢᠭᠡ ᠳᠤ᠂ ᠬᠥᠮᠦᠵᠢᠭᠦᠯᠬᠦ ᠬᠠᠷᠠᠯᠲᠠ ᠶᠢ ᠲᠡᠭᠦᠯᠳᠡᠷᠵᠢᠭᠦᠯᠪᠡ᠃ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ | ᠬᠥᠮᠦᠵᠢᠭᠦᠯᠬᠦ ᠲᠤᠬᠠᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠢᠨᠵᠢ ᠴᠢᠨᠠᠷ ᠵᠢᠴᠢ ᠬᠢᠴᠢᠶᠡᠯ ᠤᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠵᠤ᠂ ᠬᠦᠰᠡᠯᠡᠩ ᠲᠠᠢ᠂ | ᠴᠢᠳᠠᠪᠤᠷᠢ ᠲᠠᠢ᠂ ᠡᠭᠦᠷᠭᠡᠯᠡᠯ ᠲᠠᠢ ᠪᠠᠶᠢᠬᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠢᠨ᠎ᠡ | ᠬᠥᠮᠦᠨ ᠢ ᠬᠥᠮᠦᠵᠢᠭᠦᠯᠬᠦ ᠪᠣᠳᠠᠲᠠᠶ ᠱᠠᠭᠠᠷᠳᠠᠯᠭ᠎ᠠ ᠶᠢ ᠲᠣᠳᠤᠷᠠᠭᠤᠯᠪᠠ᠃ | ᠬᠤᠶᠠᠷ ᠲᠤ᠂ ᠬᠢᠴᠢᠶᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠪᠡ᠃ ᠪᠠᠭ᠎ᠠ ᠰᠤᠷᠭᠠᠭᠤᠯᠢ ᠶᠢᠨ | ᠤᠤᠯ ᠤᠨ ᠶᠣᠰᠤ ᠮᠣᠷᠠᠯ ᠬᠢᠭᠡᠳ ᠠᠮᠢᠳᠤᠷᠠᠯ᠂ ᠶᠣᠰᠤ ᠮᠣᠷᠠᠯ ᠬᠢᠭᠡᠳ ᠨᠡᠶᠢᠭᠡᠮ ᠪᠠ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠤᠤᠯ ᠤᠨ ᠦᠵᠡᠯ ᠰᠠᠨᠠᠭ᠎ᠠ ᠶᠣᠰᠤ ᠮᠣᠷᠠᠯ ᠢ ︽ᠶᠣᠰᠣ ᠰᠤᠷᠲᠠᠬᠤᠨ ᠬᠢᠭᠡᠳ ᠬᠠᠤᠯᠢ ᠪᠠᠷ | ᠵᠠᠰᠠᠬᠤᠢ︾ ᠪᠣᠯᠭᠠᠵᠤ᠂ ᠶᠢᠰᠦᠨ ᠵᠢᠯ ᠢ ᠨᠢᠭᠡ ᠴᠣᠭᠴᠠᠵᠢᠭᠤᠯᠬᠤ ᠵᠢᠷᠤᠭ ᠲᠥᠯᠥᠪᠯᠡᠭᠡ ᠬᠢᠪᠡ︔ ᠤᠷᠠᠯᠢᠭ ᠤᠨ | ᠬᠢᠴᠢᠶᠡᠯ ᠤᠨ ᠪᠠᠶᠢᠷᠢᠯᠠᠭᠤᠯᠤᠯᠲᠠ ᠶᠢ ᠥᠭᠡᠷᠡᠴᠢᠯᠡᠵᠦ᠂ ᠨᠢᠭᠡ ᠠᠴᠠ ᠳᠣᠯᠣᠳᠤᠭᠠᠷ ᠣᠨ ᠳᠤ ᠳᠠᠭᠤᠤ ᠬᠥᠭᠵᠢᠮ᠂ | ᠤᠷᠠᠨ ᠵᠢᠷᠤᠭ ᠢᠶᠠᠷ ᠭᠤᠣᠯ ᠰᠢᠵᠢᠮ ᠪᠣᠯᠭᠠᠵᠤ᠂ ᠪᠥᠵᠢᠭ᠂ ᠰᠢ ᠵᠦᠴᠦᠭᠡ᠂ ᠺᠢᠨᠣ᠋ ᠲᠧᠯᠸᠢᠰ ᠵᠡᠷᠭᠡ ᠠᠭᠤᠯᠭ᠎ᠠ ᠶᠢ | ᠠᠭᠤᠰᠬᠠᠵᠤ᠂ ᠨᠠᠢᠮᠠ ᠠᠴᠠ ᠶᠢᠰᠦᠳᠦᠭᠡᠷ ᠣᠨ ᠳᠤ ᠲᠦᠷᠦᠯ ᠬᠤᠪᠢᠶᠠᠨ ᠰᠣᠩᠭᠤᠨ ᠨᠡᠭᠡᠭᠡᠪᠡ︔ ᠰᠢᠨᠵᠢᠯᠡᠬᠦ | ᠤᠬᠠᠭᠠᠨ᠂ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭᠠᠨ ᠤ ᠡᠬᠢᠯᠡᠯᠲᠡ ᠶᠢᠨ ᠣᠨ ᠢ ᠨᠢᠭᠡᠳᠦᠭᠡᠷ ᠣᠨ ᠪᠣᠯᠭᠠᠨ | ᠤᠷᠢᠳᠴᠢᠯᠠᠭᠤᠯᠪᠠ︔ ᠲᠥᠪ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢ᠂ ᠮᠡᠳᠡᠭᠡ | ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠴᠢ ᠲᠡᠭᠦᠨ ᠤ ᠡᠵᠡᠯᠡᠵᠦ ᠪᠠᠶᠢᠭ᠎ᠠ ᠬᠢᠴᠢᠶᠡᠯ ᠤᠨ ᠴᠠᠭ ᠢ | ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭᠠᠨ ᠤ ᠬᠢᠴᠢᠶᠡᠯ ᠠᠴᠠ ᠲᠤᠰᠠᠭᠠᠷ ᠭᠠᠷᠭᠠᠪᠠ᠃ | ᠭᠤᠷᠪᠠ ᠳᠤ᠂ ᠬᠡᠷᠡᠭᠵᠢᠭᠦᠯᠬᠦ ᠱᠠᠭᠠᠷᠳᠠᠯᠭ᠎ᠠ ᠶᠢ ᠨᠠᠷᠢᠯᠢᠬᠵᠢᠭᠤᠯᠪᠠ᠃ ᠬᠢᠴᠢᠶᠡᠯ ᠤᠨ ᠪᠠᠷᠢᠮᠵᠢᠶ᠎ᠠ ᠶᠢ | ᠨᠠᠶᠢᠷᠠᠭᠤᠯᠤᠨ ᠵᠣᠬᠢᠶᠠᠬᠤ ᠪᠠ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠦᠨᠳᠦᠰᠦᠨ ᠱᠠᠭᠠᠷᠳᠠᠯᠭ᠎ᠠ ᠶᠢ ᠨᠡᠮᠡᠪᠡ︔ | ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠤᠷᠭᠠᠭᠤᠯᠢ ᠶᠢᠨ | ᠬᠢᠴᠢᠶᠡᠯ ᠢ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ᠂ ᠲᠦᠷᠢᠮ ᠤᠨ ᠵᠢᠷᠤᠮᠵᠢᠯ ᠵᠢᠴᠢ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢᠨ ᠴᠢᠭᠯᠡᠯ ᠪᠠ ᠦᠨᠡᠯᠡᠯᠲᠡ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠶᠢ ᠲᠣᠳᠤᠷᠠᠭᠤᠯᠵᠤ᠂ | ᠪᠣᠯᠪᠠᠰᠤᠷᠠᠭᠤᠯᠤᠯ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠳᠤ ᠪᠣᠳᠠᠲᠠᠢ ᠱᠠᠭᠠᠷᠳᠠᠯᠭ᠎ᠠ ᠶᠢ | ᠳᠤᠷᠠᠳᠪᠠ︔ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠰᠢᠯᠭᠠᠬᠤ ᠪᠠ ᠬᠢᠨᠠᠨ ᠵᠢᠯᠣᠭᠤᠳᠬᠤ | ᠱᠠᠭᠠᠷᠳᠠᠯᠭ᠎ᠠ ᠶᠢ ᠴᠢᠩᠭᠠᠷᠠᠭᠤᠯᠪᠠ᠃ | 2 . ᠬᠢᠴᠢᠶᠡᠯ ᠤᠨ ᠪᠠᠷᠢᠮᠵᠢᠶᠠᠨ ᠤ ᠲᠤᠬᠠᠢ | ᠨᠢᠭᠡ ᠳᠤ᠂ ᠡᠯ᠎ᠡ ᠬᠢᠴᠢᠶᠡᠯ ᠤᠨ ᠪᠠᠷᠢᠮᠵᠢᠶ᠎ᠠ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠮᠦᠵᠢᠭᠦᠯᠬᠦ | ᠬᠠᠷᠠᠯᠲᠠ ᠳᠤ ᠰᠠᠭᠤᠷᠢᠯᠠᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠣᠰ ᠬᠢᠴᠢᠶᠡᠯ ᠤᠨ ᠬᠦᠴᠦᠯᠡᠨ | ᠬᠥᠮᠦᠵᠢᠭᠦᠯᠬᠦ ᠶᠣᠰᠣᠲᠠᠶ ᠰᠤᠷᠤᠭᠴᠢᠳ ᠤᠨ ᠭᠤᠤᠯᠯᠠᠬᠤ ᠬᠡᠪ ᠪᠣᠯᠪᠠᠰᠤᠷᠠᠯ ᠪᠣᠯᠭᠠᠨ ᠪᠣᠳᠠᠲᠠᠶᠢᠵᠢᠭᠤᠯᠵᠤ᠂ ᠵᠥᠪ | ᠥᠷᠲᠡᠭ ᠤᠨ ᠦᠵᠡᠯᠲᠡ᠂ ᠡᠷᠬᠡᠪᠰᠢ ᠪᠦᠷᠢᠯᠳᠦᠭᠦᠯᠬᠦ ᠴᠢᠬᠤᠯᠠᠲᠠᠶ ᠬᠡᠪ ᠰᠤᠷᠲᠠᠯ ᠪᠠ ᠵᠠᠩᠭᠢᠯᠠᠭ᠎ᠠ ᠶᠢᠨ ᠴᠢᠳᠠᠪᠤᠷᠢ ᠶᠢ | ᠬᠥᠮᠦᠵᠢᠭᠦᠯᠬᠦ ᠱᠠᠭᠠᠷᠳᠠᠯᠭ᠎ᠠ ᠶᠢ ᠢᠯᠡᠷᠡᠭᠦᠯᠪᠡ᠃ ᠵᠢᠱᠢᠶᠡᠯᠡᠪᠡᠯ᠂ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ | ᠭᠡᠬᠦ ᠬᠢᠴᠢᠶᠡᠯ ᠳᠤ ᠤᠯᠤᠰ ᠲᠦᠷᠦ ᠶᠢᠨ ᠬᠠᠮᠲᠤ ᠶᠢᠨ ᠲᠠᠨᠢᠯᠲᠠ᠂ ᠶᠣᠰᠣ ᠰᠤᠷᠲᠠᠬᠤᠨ ᠤ ᠪᠣᠯᠪᠠᠰᠤᠷᠠᠯ᠂ ᠬᠠᠤᠯᠢ ᠪᠠᠷ | ᠵᠠᠰᠠᠬᠤ ᠦᠵᠡᠯᠲᠡ᠂ ᠪᠦᠷᠢᠨ ᠲᠡᠭᠦᠯᠳᠡᠷ ᠬᠥᠮᠦᠨ ᠮᠥᠰᠦ᠂ ᠬᠠᠷᠢᠭᠤᠴᠠᠯᠭ᠎ᠠ ᠶᠢᠨ ᠤᠬᠠᠮᠰᠠᠷ ᠵᠡᠷᠭᠡ ᠶᠢ | ᠬᠥᠮᠦᠵᠢᠭᠦᠯᠬᠦ ᠱᠠᠭᠠᠷᠳᠠᠯᠭ᠎ᠠ ᠶᠢ ᠲᠣᠳᠣᠷᠬᠠᠶᠢᠯᠠᠪᠠ᠃ | ᠬᠤᠶᠠᠷ ᠲᠤ᠂ ᠬᠢᠴᠢᠶᠡᠯ ᠤᠨ ᠠᠭᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠪᠡ᠃ ᠭᠤᠤᠯᠯᠠᠬᠤ ᠬᠡᠪ | ᠪᠣᠯᠪᠠᠰᠤᠷᠠᠯ ᠤᠨ ᠱᠠᠭᠠᠷᠳᠠᠯᠭ᠎ᠠ ᠳᠤ ᠰᠠᠭᠤᠷᠢᠯᠠᠨ᠂ ᠴᠢᠬᠤᠯᠠ ᠦᠵᠡᠯᠲᠡ᠂ ᠭᠤᠤᠯ ᠰᠡᠳᠦᠪᠲᠦ ᠠᠭᠤᠯᠭ᠎ᠠ ᠪᠠ | ᠰᠠᠭᠤᠷᠢ ᠮᠡᠳᠡᠯᠭᠡ ᠤᠷ᠎ᠠ ᠴᠢᠳᠠᠪᠤᠷᠢ ᠶᠢ ᠰᠢᠯᠢᠨ ᠰᠣᠩᠭᠤᠵᠤ᠂ ᠬᠢᠴᠢᠶᠡᠯ ᠤᠨ ᠠᠭᠤᠯᠭ᠎ᠠ ᠶᠢ ᠨᠠᠷᠢᠨ ᠰᠣᠩᠭᠤᠬᠤ ᠪᠠ | ᠲᠥᠯᠦᠪᠵᠢᠭᠦᠯᠵᠦ᠂ ᠵᠣᠬᠢᠶᠠᠨ ᠪᠠᠶᠢᠭᠤᠯᠬᠤ ᠬᠡᠯᠪᠡᠷᠢ ᠶᠢ ᠰᠢᠯᠢᠳᠡᠭᠵᠢᠭᠦᠯᠪᠡ᠃ ᠠᠳᠠᠯᠢ ᠨᠢᠭᠡᠨ ᠠᠭᠤᠯᠭ᠎ᠠ ᠳᠤ | ᠬᠤᠯᠪᠣᠭᠳᠠᠬᠤ ᠠᠳᠠᠯᠢ ᠪᠤᠰᠤ ᠬᠢᠴᠢᠶᠡᠯ ᠲᠥᠷᠦᠯ ᠤᠨ ᠬᠤᠭᠤᠷᠣᠨᠳᠣ ᠲᠤᠰ ᠲᠤᠰ ᠤᠨ ᠰᠢᠨᠵᠢ ᠴᠢᠨᠠᠷ ᠪᠣᠯᠤᠨ | ᠬᠥᠮᠦᠨ ᠢ ᠬᠥᠮᠦᠵᠢᠭᠦᠯᠬᠦ ᠥᠷᠳᠡᠭ ᠢ ᠦᠨᠳᠦᠰᠦᠯᠡᠨ᠂ ᠪᠦᠬᠦᠯᠢ ᠴᠣᠭᠴᠠ ᠪᠠᠷ ᠲᠥᠯᠦᠪᠵᠢᠭᠦᠯᠬᠦ ᠪᠠ ᠠᠵᠢᠯ ᠤᠨ | ᠬᠤᠪᠢᠶᠠᠷᠢᠯᠠᠯ ᠢᠶᠠᠷ ᠵᠣᠬᠢᠴᠠᠭᠤᠯᠬᠤ ᠶᠢ ᠰᠠᠶᠢᠲᠤᠷ ᠬᠢᠪᠡ᠃ ᠬᠢᠴᠢᠶᠡᠯ ᠲᠥᠷᠥᠯ ᠠᠯᠤᠰᠯᠠᠭᠰᠠᠨ ᠭᠤᠤᠯ ᠰᠡᠳᠦᠪᠲᠦ | ᠰᠤᠷᠤᠯᠴᠠᠯᠭ᠎ᠠ ᠶᠢᠨ ᠠᠵᠢᠯᠯᠠᠭ᠎ᠠ ᠶᠢ ᠲᠣᠬᠢᠷᠠᠭᠤᠯᠵᠤ᠂ ᠬᠢᠴᠢᠶᠡᠯ ᠲᠥᠷᠥᠯ ᠬᠤᠭᠤᠷᠣᠨᠳᠣ ᠪᠠᠨ ᠬᠤᠯᠪᠣᠯᠳᠤᠬᠤ ᠶᠢ | ᠴᠢᠩᠭᠠᠳᠬᠠᠵᠤ᠂ ᠬᠢᠴᠢᠶᠡᠯ ᠢ ᠶᠡᠷᠦᠩᠬᠡᠶᠢᠯᠡᠨ ᠬᠡᠷᠡᠭᠵᠢᠭᠦᠯᠬᠦ ᠶᠢ ᠳᠠᠶᠢᠴᠢᠯᠠᠵᠤ᠂ ᠦᠢᠯᠡᠳᠦᠯᠭᠡ ᠶᠢᠨ ᠱᠠᠭᠠᠷᠳᠠᠯᠭ᠎ᠠ ᠶᠢ | ᠴᠢᠩᠭᠠᠷᠠᠭᠤᠯᠪᠠ᠃ | ᠭᠤᠷᠪᠠ ᠳᠤ᠂ ᠰᠤᠷᠤᠯᠭ᠎ᠠ ᠶᠢᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠪᠠ᠃ | ᠭᠤᠣᠯᠯᠠᠬᠤ ᠬᠡᠪ ᠪᠣᠯᠪᠠᠰᠤᠷᠠᠯ ᠤᠨ ᠬᠥᠭᠵᠢᠯᠲᠡ ᠶᠢᠨ ᠬᠢᠷᠢ ᠲᠦᠪᠰᠢᠨ ᠢ ᠦᠨᠳᠦᠰᠦᠯᠡᠨ᠂ ᠬᠢᠴᠢᠶᠡᠯ ᠤᠨ | ᠠᠭᠤᠯᠭ᠎ᠠ ᠲᠠᠢ ᠤᠶᠠᠯᠳᠤᠭᠤᠯᠵᠤ᠂ ᠠᠳᠠᠯᠢ ᠪᠤᠰᠤ ᠱᠠᠲᠤᠨ ᠤ ᠰᠤᠷᠤᠭᠴᠢᠳ ᠤᠨ ᠰᠤᠷᠤᠯᠭ᠎ᠠ ᠶᠢᠨ ᠬᠢᠷᠢ | ᠪᠦᠲᠦᠮᠵᠢ ᠶᠢᠨ ᠪᠣᠳᠠᠲᠠᠶ ᠢᠯᠡᠷᠡᠯ ᠢ ᠪᠦᠬᠦᠯᠢ ᠴᠣᠭᠴᠠ ᠪᠠᠷ ᠲᠥᠯᠦᠪᠵᠢᠭᠦᠯᠵᠦ᠂ ᠰᠤᠷᠤᠯᠭ᠎ᠠ ᠶᠢᠨ ᠴᠢᠨᠠᠷ | ᠴᠢᠨᠰᠠᠭ᠎ᠠ ᠶᠢᠨ ᠪᠠᠷᠢᠮᠵᠢᠶ᠎ᠠ ᠶᠢ ᠪᠦᠷᠢᠯᠳᠦᠭᠦᠯᠵᠦ᠂ ᠪᠠᠭᠰᠢ ᠨᠠᠷ ᠢ ᠬᠥᠲᠥᠯᠥᠨ ᠵᠢᠯᠣᠭᠤᠳᠬᠤ ᠪᠠ ᠬᠠᠪᠰᠤᠷᠴᠤ ᠵᠢᠭᠠᠨ | ᠰᠤᠷᠭᠠᠬᠤ ᠭᠦᠨᠴᠡ ᠬᠢᠭᠡᠳ ᠥᠷᠭᠡᠴᠡ ᠶᠢ ᠡᠵᠡᠮᠰᠢᠭᠦᠯᠵᠦ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ᠂ ᠵᠢᠭᠠᠨ | ᠰᠤᠷᠭᠠᠯᠲᠠ ᠶᠢ ᠬᠡᠷᠡᠭᠵᠢᠭᠦᠯᠬᠦ᠂ ᠰᠢᠯᠭᠠᠵᠤ ᠦᠨᠡᠯᠡᠬᠦ ᠵᠡᠷᠭᠡ ᠳᠤ ᠦᠨᠳᠦᠰᠦᠯᠡᠯ ᠬᠠᠩᠭᠠᠪᠠ᠃ | ᠳᠥᠷᠪᠡ ᠳᠤ᠂ ᠵᠢᠯᠣᠭᠤᠳᠬᠤ ᠴᠢᠨᠠᠷ ᠢ ᠴᠢᠩᠭᠠᠳᠬᠠᠪᠠ᠃ ᠡᠯ᠎ᠡ ᠬᠢᠴᠢᠶᠡᠯ ᠤᠨ ᠪᠠᠷᠢᠮᠵᠢᠶ᠎ᠠ ᠨᠢ | ︽ᠠᠭᠤᠯᠭ᠎ᠠ ᠶᠢᠨ ᠱᠠᠭᠠᠷᠳᠠᠯᠭ᠎ᠠ︾ ᠳᠤ ᠴᠢᠭᠯᠡᠭᠦᠯᠦᠨ ︽ᠰᠤᠷᠤᠯᠴᠠᠬᠤ ᠱᠠᠭᠠᠷᠳᠠᠯᠭ᠎ᠠ︾᠂ ︽ᠵᠢᠭᠠᠬᠤ ᠰᠠᠨᠠᠭᠤᠯᠤᠮᠵᠢ︾ ᠶᠢ | ᠳᠤᠷᠠᠳᠴᠤ᠂ ᠦᠨᠡᠯᠡᠬᠦ ᠪᠠ ᠰᠢᠯᠭᠠᠯᠲᠠ ᠶᠢᠨ ᠰᠡᠳᠦᠪ ᠭᠠᠷᠭᠠᠬᠤ ᠰᠠᠨᠠᠭᠤᠯᠭ᠎ᠠ ᠶᠢ ᠨᠠᠷᠢᠯᠢᠭᠵᠢᠭᠤᠯᠵᠤ᠂ ᠵᠢᠭᠠᠬᠤ᠂ | ᠰᠤᠷᠬᠤ᠂ ᠰᠢᠯᠭᠠᠬᠤ ᠶᠢᠨ ᠨᠢᠭᠡᠳᠦᠯᠲᠦ ᠴᠢᠨᠠᠷ ᠢ ᠴᠢᠬᠤᠯᠠᠴᠢᠯᠠᠨ ᠪᠡᠶᠡᠯᠡᠭᠦᠯᠵᠦ᠂ ᠵᠢᠭᠠᠨ ᠰᠤᠷᠭᠠᠯᠲᠠ᠂ | ᠦᠨᠡᠯᠡᠯᠲᠡ ᠶᠢᠨ ᠬᠡᠷᠡᠭ ᠤᠨ ᠵᠢᠱᠢᠶ᠎ᠡ ᠶᠢ ᠨᠡᠮᠡᠭᠳᠡᠭᠦᠯᠵᠦ᠂ ︽ᠶᠠᠭᠤᠨ ᠳᠤ ᠵᠢᠭᠠᠬᠤ︾᠂ ︽ᠶᠠᠭᠤ ᠶᠢ ᠵᠢᠭᠠᠬᠤ︾᠂ ︽ᠶᠠᠮᠠᠷ | ᠬᠡᠮᠵᠢᠶᠡᠨ ᠳᠤ ᠬᠦᠷᠲᠡᠯ᠎ᠡ ᠵᠢᠭᠠᠬᠤ︾ ᠶᠢ ᠲᠣᠳᠣᠷᠬᠠᠶᠢᠯᠠᠭᠰᠠᠨ ᠢᠶᠠᠷ ᠪᠠᠷᠠᠬᠤ ᠥᠬᠡᠶ᠂ ︽ᠶᠠᠭᠠᠬᠢᠵᠤ ᠵᠢᠭᠠᠬᠤ︾ ᠪᠣᠳᠠᠲᠠᠶ | ᠵᠢᠯᠣᠭᠤᠳᠣᠯᠭ᠎ᠠ ᠶᠢ ᠴᠢᠩᠭᠠᠳᠬᠠᠵᠤ᠂ ᠬᠡᠷᠡᠭᠯᠡᠬᠦ ᠳᠤ ᠰᠠᠶᠢᠨ᠂ ᠲᠤᠰᠠᠲᠠᠶ ᠪᠠᠶᠢᠬᠤ ᠶᠢ ᠪᠡᠶᠡᠯᠡᠭᠦᠯᠪᠡ᠃ | ᠲᠠᠪᠤ ᠳᠤ᠂ ᠰᠤᠷᠤᠯᠭ᠎ᠠ ᠶᠢᠨ ᠱᠠᠲᠤ ᠶᠢ ᠵᠣᠯᠭᠠᠭᠤᠯᠬᠤ ᠶᠢ ᠴᠢᠩᠭᠠᠳᠬᠠᠪᠠ᠃ ︽ᠬᠡᠦᠬᠡᠳ ᠤᠨ ᠴᠡᠴᠡᠷᠯᠢᠭ | ᠪᠣᠯᠤᠨ ᠪᠠᠭ᠎ᠠ ᠰᠤᠷᠭᠠᠭᠤᠯᠢ ᠶᠢ ᠵᠣᠯᠭᠠᠭᠤᠯᠬᠤ︾ ᠶᠢ ᠴᠢᠬᠤᠯᠠᠴᠢᠯᠠᠵᠤ᠂ ᠰᠤᠷᠤᠭᠴᠢᠳ ᠤᠨ ᠡᠷᠡᠭᠦᠯ ᠴᠢᠭᠢᠷᠠᠭ᠂ | ᠦᠭᠡ ᠬᠡᠯᠡ᠂ ᠨᠡᠶᠢᠭᠡᠮ᠂ ᠰᠢᠨᠵᠢᠯᠡᠬᠦ ᠤᠬᠠᠭᠠᠨ᠂ ᠤᠷᠠᠯᠢᠭ ᠤᠨ ᠬᠦᠷᠢᠶᠡᠨ ᠳᠠᠬᠢ ᠬᠥᠭᠵᠢᠯᠲᠡ ᠶᠢᠨ ᠬᠢᠷᠢ | ᠬᠡᠮᠵᠢᠶ᠎ᠡ ᠶᠢ ᠦᠨᠡᠯᠡᠨ ᠮᠠᠭᠠᠳᠯᠠᠬᠤ ᠳᠤ ᠦᠨᠳᠦᠰᠦᠯᠡᠵᠦ᠂ ᠪᠠᠭ᠎ᠠ ᠰᠤᠷᠭᠠᠭᠤᠯᠢ ᠶᠢᠨ 1 - 2 ᠳ᠋ᠤᠭᠠᠷ ᠣᠨ ᠤ | ᠬᠢᠴᠢᠶᠡᠯ ᠢ ᠵᠣᠬᠢᠰᠲᠠᠶ ᠵᠢᠷᠤᠭᠯᠠᠨ ᠲᠥᠯᠥᠪᠯᠡᠵᠦ᠂ ᠬᠥᠳᠡᠯᠭᠡᠭᠡᠨᠵᠢᠭᠰᠡᠨ᠂ ᠲᠣᠭᠯᠠᠭᠠᠮᠴᠢᠯᠠᠭᠰᠠᠨ᠂ | ᠠᠮᠢᠳᠤᠷᠠᠯᠴᠢᠯᠠᠭᠰᠠᠨ ᠰᠤᠷᠤᠯᠴᠠᠯᠭ᠎ᠠ ᠶᠢᠨ ᠵᠢᠷᠤᠭ ᠲᠥᠯᠥᠪᠯᠡᠭᠡ ᠶᠢ ᠴᠢᠬᠤᠯᠠᠴᠢᠯᠠᠪᠠ᠃ ᠪᠠᠭ᠎ᠠ ᠰᠤᠷᠭᠠᠭᠤᠯᠢ ᠠᠴᠠ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯᠡᠬᠢ ᠰᠤᠷᠤᠭᠴᠢᠳ ᠤᠨ ᠲᠠᠨᠢᠨ ᠮᠡᠳᠡᠬᠦᠶ᠂ ᠰᠡᠳᠬᠢᠯᠭᠡ᠂ | ᠨᠡᠶᠢᠭᠡᠮᠴᠢ ᠴᠢᠨᠠᠷ ᠵᠡᠷᠭᠡ ᠲᠠᠯ᠎ᠠ ᠶᠢᠨ ᠬᠥᠭᠵᠢᠯᠲᠡ ᠬᠤᠪᠢᠷᠠᠯᠲᠠ ᠶᠢ ᠠᠩᠬᠠᠷᠴᠤ᠂ ᠬᠢᠴᠢᠶᠡᠯ ᠤᠨ ᠭᠦᠨᠴᠡ᠂ | ᠥᠷᠭᠡᠴᠡ ᠶᠢᠨ ᠬᠤᠪᠢᠷᠠᠯᠲᠠ ᠶᠢ ᠡᠵᠡᠮᠳᠡᠵᠦ᠂ ᠰᠤᠷᠤᠯᠴᠠᠬᠤ ᠬᠠᠷᠠᠯᠲᠠ ᠶᠢᠨ ᠦᠷᠭᠦᠯᠵᠢᠯᠡᠯ ᠴᠢᠨᠠᠷ ᠪᠠ ᠱᠠᠲᠤᠯᠢᠭ | ᠴᠢᠨᠠᠷ ᠢ ᠢᠯᠡᠷᠡᠭᠦᠯᠪᠡ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠭᠴᠢᠳ ᠤᠨ | ᠣᠨᠴᠠᠯᠢᠭ ᠪᠣᠯᠤᠨ ᠬᠢᠴᠢᠶᠡᠯ ᠲᠥᠷᠥᠯ ᠤᠨ ᠣᠨᠴᠠᠯᠢᠭ ᠢ ᠣᠶᠢᠯᠠᠭᠠᠵᠤ᠂ ᠰᠤᠷᠤᠭᠴᠢᠳ ᠤᠨ ᠤᠯᠠᠮ ᠨᠢᠭᠡ ᠠᠯᠬᠤᠮ | ᠰᠤᠷᠤᠯᠴᠠᠬᠤ ᠳᠤ ᠰᠠᠶᠢᠲᠤᠷ ᠪᠡᠯᠡᠳᠬᠡᠯ ᠬᠢᠪᠡ᠃ | ᠲᠠᠪᠤ᠂ ᠨᠡᠶᠢᠲᠡᠯᠡᠭᠰᠡᠨ ᠤ ᠳᠠᠷᠠᠭᠠᠬᠢ ᠠᠵᠢᠯ ᠤᠨ ᠭᠤᠣᠯ ᠪᠠᠶᠢᠷᠢᠯᠠᠭᠤᠯᠤᠯᠲᠠ | ᠨᠢᠭᠡ ᠳᠤ᠂ ᠤᠯᠤᠰ ᠤᠨ ᠲᠠᠰ ᠤᠨ ᠳᠠᠭᠤᠷᠢᠶᠠᠯ ᠦᠵᠡᠭᠦᠯᠬᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠣᠯᠪᠠᠰᠤᠷᠠᠭᠤᠯᠤᠯ ᠤᠨ ᠡᠬᠢ ᠪᠠᠶᠠᠯᠢᠭ ᠢ ᠬᠠᠩᠭᠠᠵᠤ᠂ ᠥᠷᠭᠡᠨ ᠣᠯᠠᠨ ᠪᠠᠭᠰᠢ ᠶᠢ ᠬᠠᠪᠰᠤᠷᠤᠨ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠰᠢᠨ᠎ᠡ | ᠣᠨᠣᠯᠵᠢᠬᠤᠨ᠂ ᠰᠢᠨ᠎ᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠣᠶᠢᠯᠠᠭᠠᠭᠤᠯᠤᠨ ᠡᠵᠡᠮᠰᠢᠭᠦᠯᠦᠨ᠎ᠡ᠃ | ᠬᠤᠶᠠᠷ ᠲᠤ᠂ ᠬᠢᠴᠢᠶᠡᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠲᠦᠷᠢᠮ ᠤᠨ ᠪᠠᠶᠢᠭᠤᠯᠤᠯᠲᠠ ᠶᠢ | ᠴᠢᠩᠭᠠᠳᠬᠠᠪᠠ᠃ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ | ᠵᠢᠯᠣᠭᠤᠳᠴᠤ ᠬᠢᠴᠢᠶᠡᠯ ᠢ ᠬᠡᠷᠡᠭᠵᠢᠭᠦᠯᠬᠦ ᠠᠷᠭ᠎ᠠ ᠶᠢ ᠳᠣᠭᠲᠠᠭᠠᠪᠠ᠃ ᠡᠯ᠎ᠡ ᠮᠤᠵᠢ ᠶᠢᠨ ᠬᠢᠨ ᠰᠤᠷᠭᠠᠭᠤᠯᠢ ᠳᠤ | ᠬᠢᠴᠢᠶᠡᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠱᠠᠭᠠᠷᠳᠠᠯᠭ᠎ᠠ ᠳᠤᠷᠠᠳᠪᠠ᠃ | ᠭᠤᠷᠪᠠ ᠳᠤ᠂ ᠬᠤᠯᠪᠤᠭᠳᠠᠬᠤ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠠᠵᠢᠯ ᠢ ᠪᠥᠬᠦ ᠲᠠᠯ᠎ᠠ ᠪᠠᠷ | ᠡᠬᠢᠯᠡᠭᠦᠯᠵᠦ᠂ ᠰᠤᠷᠭᠠᠭᠤᠯᠢ ᠶᠢᠨ ᠵᠢᠭᠠᠨ ᠰᠤᠷᠭᠠᠯᠲᠠ ᠳᠤ ᠪᠦᠲᠦᠮᠵᠢᠲᠡᠶ ᠳᠡᠮᠵᠢᠯᠭᠡ ᠬᠠᠩᠭᠠᠨ᠎ᠠ᠃ | ᠳᠥᠷᠪᠡ ᠳᠤ᠂ ᠬᠢᠴᠢᠶᠡᠯ ᠢ ᠬᠡᠷᠡᠭᠵᠢᠭᠦᠯᠬᠦ ᠭᠤᠣᠯᠳᠠᠯᠭᠠᠲᠠᠢ ᠬᠦᠴᠢᠷ ᠠᠰᠠᠭᠤᠳᠠᠯ ᠤᠨ ᠲᠣᠭᠤᠷᠢᠨ ᠳᠤ ᠨᠢᠭᠡ | ᠪᠦᠯᠦᠭ ᠬᠢᠴᠢᠶᠡᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶᠢᠭᠤᠯᠵᠤ᠂ ᠰᠢᠨ᠎ᠡ ᠶᠢ ᠡᠭᠦᠳᠬᠦ | ᠦᠢᠯᠡᠳᠦᠯᠭᠡ ᠶᠢ ᠠᠬᠢᠭᠤᠯᠤᠨ᠎ᠠ᠃ | | | | | | ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ | ᠲᠥᠰᠦᠯ ᠪᠠ ᠬᠢᠴᠢᠶᠡᠯ ᠤᠨ ᠪᠠᠷᠢᠮᠵᠢᠶ᠎ᠠ ᠶᠢ ᠬᠢᠨᠠᠨ ᠵᠥᠪᠯᠡᠵᠦ ᠬᠢᠨᠠᠨ ᠪᠠᠶᠢᠴᠠᠭᠠᠭᠰᠠᠨ ᠪᠠᠶᠢᠳᠠᠯ ᠶᠠᠮᠠᠷ | ᠵᠡᠷᠭᠡ ᠪᠣᠶ︖ | — ᠭᠠᠵᠠᠷ ᠤᠨ ᠳᠠᠷᠤᠭ᠎ᠠ ᠵᠠᠩ ᠭᠦᠸᠧ ᠬᠤᠸᠠ ᠶᠢᠨ ᠲᠠᠨᠢᠯᠴᠠᠭᠤᠯᠭ᠎ᠠ ᠶᠢ ᠬᠠᠮᠲᠤ ᠳᠤ ᠪᠠᠨ | ᠰᠣᠨᠣᠰᠴᠠᠭᠠᠶ᠎ᠠ | | | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠳᠤ ᠵᠠᠰᠠᠪᠤᠷᠢ ᠣᠷᠣᠭᠤᠯᠬᠤ ᠴᠢᠨᠠᠷ ᠴᠢᠨᠰᠠᠭ᠎ᠠ ᠪᠠ | ᠬᠢᠷᠢ ᠲᠦᠪᠰᠢᠨ ᠢ ᠦᠨᠡᠨ ᠬᠦ ᠪᠠᠲᠤᠯᠠᠵᠤ᠂ ᠬᠢᠴᠢᠶᠡᠯ ᠢᠶᠠᠷ ᠬᠥᠮᠦᠨ ᠢ ᠬᠥᠮᠦᠵᠢᠭᠦᠯᠬᠦ ᠦᠨ᠎ᠡ ᠥᠷᠲᠡᠭ ᠢ | ᠳᠡᠭᠡᠭᠰᠢᠯᠡᠭᠦᠯᠬᠦ ᠶᠢᠨ ᠲᠥᠯᠥᠭᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠳᠤ ᠵᠠᠰᠠᠪᠤᠷᠢ | ᠣᠷᠣᠭᠤᠯᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ | ᠵᠢᠴᠢ ᠲᠡᠭᠦᠨ ᠤ ᠲᠤᠰᠬᠠᠶ ᠮᠡᠷᠭᠡᠵᠢᠯᠲᠡᠨ ᠤ ᠵᠥᠪᠯᠡᠯ ᠠᠴᠠ 2021 ᠣᠨ ᠤ 4 -12 ᠰᠠᠷ᠎ᠠ ᠪᠣᠯᠲᠠᠯ᠎ᠠ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠡᠯᠡ ᠪᠢᠴᠢᠭ ᠵᠡᠷᠭᠡ 16 ᠬᠢᠴᠢᠶᠡᠯ ᠤᠨ | ᠪᠠᠷᠢᠮᠵᠢᠶ᠎ᠠ ᠶᠢ ᠬᠢᠨᠠᠨ ᠵᠦᠪᠯᠡᠵᠦ ᠬᠢᠨᠠᠨ ᠪᠠᠶᠢᠴᠠᠭᠠᠬᠤ ᠰᠢᠷᠢᠰ ᠠᠵᠢᠯ ᠢ ᠥᠷᠨᠢᠭᠦᠯᠵᠦ᠂ ᠪᠣᠭᠤᠮᠲᠠ ᠶᠢ ᠴᠢᠩᠭ᠎ᠠ | ᠠᠳᠬᠤᠪᠠ᠃ ᠣᠲᠣ ᠬᠤᠯᠪᠤᠭᠳᠠᠬᠤ ᠪᠠᠶᠢᠳᠠᠯ ᠢ ᠮᠡᠳᠡᠭᠳᠡᠶ᠎ᠡ᠃ | ᠨᠢᠭᠡ᠂ ᠬᠢᠨᠠᠨ ᠵᠥᠪᠯᠡᠵᠦ ᠬᠢᠨᠠᠨ ᠪᠠᠶᠢᠴᠠᠭᠠᠬᠤ ᠵᠠᠷᠴᠢᠮ | ᠨᠢᠭᠡ ᠳᠤ᠂ ᠦᠵᠡᠯ ᠰᠠᠨᠠᠭ᠎ᠠ ᠤᠯᠤᠰ ᠲᠥᠷᠥ ᠶᠢᠨ ᠪᠣᠭᠤᠮᠲᠠ ᠶᠢ ᠴᠢᠩᠭ᠎ᠠ ᠠᠳᠬᠤᠪᠠ᠃ ᠬᠢᠴᠢᠶᠡᠯ ᠤᠨ | ᠲᠥᠰᠦᠯ ᠪᠠ ᠬᠢᠴᠢᠶᠡᠯ ᠤᠨ ᠪᠠᠷᠢᠮᠵᠢᠶ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠶᠣᠰᠣ ᠰᠤᠷᠲᠠᠬᠤᠨ ᠢ ᠪᠣᠢ | ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ᠂ ᠬᠤᠪᠢᠰᠬᠠᠯᠲᠤ ᠰᠣᠶᠣᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠵᠢᠴᠢ | ᠬᠠᠤᠯᠢ ᠪᠠᠷ ᠵᠠᠰᠠᠬᠤ᠂ ᠤᠯᠤᠰ ᠤᠨ ᠠᠮᠤᠷ ᠲᠦᠪᠰᠢᠨ᠂ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ | ᠵᠡᠷᠭᠡ ᠬᠥᠮᠦᠵᠢᠯ ᠤᠨ ᠱᠠᠭᠠᠷᠳᠠᠯᠭ᠎ᠠ ᠲᠠᠢ ᠣᠷᠭᠠᠨᠢᠭ ᠢᠶᠠᠷ ᠠᠭᠤᠰᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ | ᠠᠮᠤᠷ ᠲᠦᠪᠰᠢᠨ ᠢ ᠪᠠᠲᠤᠯᠠᠬᠤ ᠶᠢ ᠴᠢᠬᠤᠯᠠᠴᠢᠯᠠᠪᠠ᠃ | ᠬᠤᠶᠠᠷ ᠲᠤ᠂ ᠰᠣᠷᠣᠭᠴᠢ ᠪᠠᠷ ᠦᠨᠳᠦᠰᠦ ᠪᠣᠯᠭᠠᠬᠤ ᠣᠨᠣᠯᠵᠢᠬᠤᠨ ᠢ ᠨᠠᠶᠢᠳᠠᠪᠤᠷᠢᠵᠢᠭᠤᠯᠪᠠ᠃ | ᠬᠢᠴᠢᠶᠡᠯ ᠳᠤ ᠵᠠᠰᠠᠪᠤᠷᠢ ᠣᠷᠣᠭᠤᠯᠬᠤ ᠳᠤ ᠢᠯᠡᠷᠡᠭᠦᠯᠦᠭᠰᠡᠨ ᠥᠭᠡᠷᠡᠴᠢᠯᠡᠯᠲᠡ ᠶᠢᠨ ᠴᠢᠭᠯᠡᠯ ᠢ ᠪᠥᠬᠦ ᠲᠠᠯ᠎ᠠ ᠪᠠᠷ | ᠪᠠᠶᠢᠴᠠᠭᠠᠨ ᠦᠵᠡᠵᠦ᠂ ᠪᠥᠬᠦ ᠲᠠᠯ᠎ᠠ ᠪᠠᠷ ᠬᠥᠮᠦᠨ ᠢ ᠬᠥᠮᠦᠵᠢᠭᠦᠯᠬᠦ᠂ ᠪᠥᠬᠦ ᠲᠠᠯ᠎ᠠ ᠳᠤ ᠬᠠᠨᠳᠤᠭᠤᠯᠬᠤ᠂ ᠬᠡᠪ | ᠪᠣᠯᠪᠠᠰᠤᠷᠠᠯ ᠢᠶᠠᠷ ᠤᠳᠤᠷᠢᠳᠤᠮᠵᠢ ᠪᠣᠯᠭᠠᠬᠤ᠂ ᠶᠡᠷᠦᠩᠬᠡᠶᠢᠯᠡᠭᠰᠡᠨ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ | ᠳᠣᠪᠤᠶᠢᠯᠭᠠᠬᠤ᠂ ᠳᠠᠷᠤᠭᠠᠰᠤ ᠶᠢ ᠬᠥᠩᠭᠡᠷᠡᠭᠦᠯᠵᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠦᠨᠳᠦᠰᠦᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠰᠤᠷᠤᠯᠴᠠᠯᠭ᠎ᠠ ᠳᠠᠬᠢ ᠭᠤᠤᠯ ᠴᠣᠭᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠪᠠ᠃ | ᠭᠤᠷᠪᠠ ᠳᠤ᠂ ᠬᠢᠨᠠᠨ ᠵᠦᠪᠯᠡᠬᠦ ᠪᠠᠷ ᠵᠠᠰᠠᠪᠤᠷᠢ ᠣᠷᠣᠭᠤᠯᠬᠤ ᠶᠢ ᠠᠬᠢᠭᠤᠯᠬᠤ ᠶᠢ ᠪᠠᠷᠢᠮᠲᠠᠯᠠᠪᠠ᠃ | ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠶᠠᠪᠤᠴᠠ ᠳᠠᠬᠢ | ᠵᠢᠯᠣᠭᠤᠳᠣᠯᠭ᠎ᠠ ᠶᠢ ᠴᠢᠩᠭᠠᠳᠬᠠᠵᠤ᠂ ᠴᠢᠬᠤᠯᠠ ᠠᠵᠢᠯ ᠤᠨ ᠭᠤᠭᠴᠤᠭ᠎ᠠ ᠪᠠ ᠴᠠᠭ ᠤᠨ ᠵᠠᠩᠭᠢᠶᠠᠰᠤ ᠳᠤ ᠱᠠᠲᠤᠴᠢ | ᠴᠢᠨᠠᠷᠲᠠᠶ ᠦᠷ᠎ᠡ ᠪᠦᠲᠦᠭᠡᠯ ᠢ ᠬᠢᠨᠠᠨ ᠵᠥᠪᠯᠡᠬᠦ᠂ ᠴᠠᠭ ᠲᠤᠬᠠᠶ ᠳᠤ ᠨᠢ ᠬᠠᠷᠢᠭᠤ ᠪᠤᠴᠠᠭᠠᠬᠤ ᠶᠢ ᠥᠷᠨᠢᠭᠦᠯᠵᠦ᠂ | ᠬᠢᠨᠠᠨ ᠵᠥᠪᠯᠡᠬᠦ ᠲᠤᠰᠬᠠᠶ ᠮᠡᠷᠭᠡᠵᠢᠯᠲᠡᠨ ᠪᠠ ᠵᠠᠰᠠᠪᠤᠷᠢ ᠣᠷᠣᠭᠤᠯᠬᠤ ᠲᠤᠰᠬᠠᠶ ᠮᠡᠷᠭᠡᠵᠢᠯᠲᠡᠨ ᠤ ᠰᠣᠯᠢᠯᠴᠠᠵᠤ | ᠰᠤᠳᠤᠯᠤᠨ ᠶᠠᠷᠢᠯᠴᠠᠬᠤ ᠶᠢ ᠴᠢᠩᠭᠠᠷᠠᠭᠤᠯᠵᠤ᠂ ᠵᠠᠰᠠᠪᠤᠷᠢ ᠣᠷᠣᠭᠤᠯᠬᠤ ᠴᠢᠨᠠᠷ ᠴᠢᠨᠰᠠᠭ᠎ᠠ ᠶᠢ ᠬᠠᠮᠲᠤ ᠪᠠᠷ | ᠳᠡᠭᠡᠭᠰᠢᠯᠡᠭᠦᠯᠪᠡ᠃ | ᠬᠤᠶᠠᠷ᠂ ᠬᠢᠨᠠᠨ ᠵᠦᠪᠯᠡᠵᠦ ᠬᠢᠨᠠᠨ ᠪᠠᠶᠢᠴᠠᠭᠠᠭᠰᠠᠨ ᠶᠠᠪᠤᠴᠠ | ᠨᠢᠭᠡ ᠳᠤ᠂ ᠤᠷᠢᠳᠴᠢᠯᠠᠨ ᠬᠢᠨᠠᠬᠤ ᠪᠠ ᠵᠢᠩᠬᠢᠨᠢ ᠪᠠᠷ ᠬᠢᠨᠠᠨ ᠵᠦᠪᠯᠡᠬᠦ ᠠᠵᠢᠯ ᠢ ᠥᠷᠨᠢᠭᠦᠯᠪᠡ᠃ ᠵᠠᠰᠠᠪᠤᠷᠢ | ᠣᠷᠣᠭᠤᠯᠬᠤ ᠴᠢᠨᠠᠷ ᠴᠢᠨᠰᠠᠭ᠎ᠠ ᠶᠢ ᠪᠠᠲᠤᠯᠠᠵᠤ᠂ ᠲᠤᠰᠬᠠᠶ ᠮᠡᠷᠭᠡᠵᠢᠯ ᠤᠨ ᠪᠣᠭᠤᠮᠲᠠ ᠶᠢ ᠴᠢᠩᠭᠠᠳᠬᠠᠬᠤ ᠶᠢᠨ | ᠲᠥᠯᠥᠭᠡ᠂ 2021 ᠣᠨ ᠤ 4 - 8 ᠰᠠᠷ᠎ᠠ ᠪᠣᠯᠲᠠᠯ᠎ᠠ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ | ᠲᠤᠰᠬᠠᠶ ᠮᠡᠷᠭᠡᠵᠢᠯᠲᠡᠨ ᠤ ᠵᠥᠪᠯᠡᠯ ᠢ ᠵᠣᠬᠢᠶᠠᠨ ᠪᠠᠶᠢᠭᠤᠯᠵᠤ᠂ ᠬᠢᠴᠢᠶᠡᠯ ᠤᠨ ᠲᠥᠰᠦᠯ ᠪᠠ ᠬᠡᠯᠡ ᠪᠢᠴᠢᠭ ᠵᠡᠷᠭᠡ | 16 ᠬᠢᠴᠢᠶᠡᠯ ᠤᠨ ᠪᠠᠷᠢᠮᠵᠢᠶ᠎ᠠ ᠶᠢ ᠤᠷᠢᠳ ᠬᠤᠵᠢᠳ ᠤᠷᠢᠳᠴᠢᠯᠠᠨ ᠬᠢᠨᠠᠵᠤ ᠵᠢᠩᠬᠢᠨᠢ ᠪᠠᠷ ᠬᠢᠨᠠᠨ ᠵᠥᠪᠯᠡᠪᠡ᠃ | ᠴᠢᠭᠯᠡᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠶᠢᠨ ᠬᠠᠮᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ᠂ ᠬᠤᠪᠢᠰᠬᠠᠯᠲᠤ ᠤᠯᠠᠮᠵᠢᠯᠠᠯ᠂ ᠬᠠᠤᠯᠢ ᠪᠠᠷ ᠵᠠᠰᠠᠬᠤ᠂ ᠤᠯᠤᠰ ᠤᠨ ᠠᠮᠤᠷ ᠲᠦᠪᠰᠢᠨ᠂ | ᠠᠮᠢ ᠨᠠᠰᠤᠨ ᠤ ᠠᠮᠤᠷ ᠲᠦᠪᠰᠢᠨ ᠬᠢᠭᠡᠳ ᠡᠷᠡᠭᠦᠯ ᠮᠡᠨᠳᠦ ᠵᠡᠷᠭᠡ ᠴᠢᠬᠤᠯᠠ ᠶᠡᠭᠡ ᠭᠤᠤᠯ ᠰᠡᠳᠦᠪᠲᠦ ᠬᠥᠮᠦᠵᠢᠯ ᠢ | ᠬᠢᠴᠢᠶᠡᠯ ᠳᠤ ᠣᠷᠣᠭᠤᠯᠬᠤ ᠱᠠᠭᠠᠷᠳᠠᠯᠭ᠎ᠠ ᠶᠢᠨ ᠲᠣᠭᠤᠷᠢᠨ ᠳᠤ ᠲᠤᠰᠬᠠᠶ ᠬᠢᠨᠠᠨ ᠪᠠᠶᠢᠴᠠᠭᠠᠪᠠ᠃ | ᠬᠤᠶᠠᠷ ᠲᠤ᠂ ᠲᠤᠰᠬᠠᠶ ᠬᠢᠨᠠᠨ ᠪᠠᠶᠢᠴᠠᠭᠠᠯᠲᠠ ᠶᠢ ᠥᠷᠨᠢᠭᠦᠯᠪᠡ᠃ 2021 ᠣᠨ ᠤ 11 ᠰᠠᠷ᠎ᠠ ᠳᠤ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠳᠠᠷᠠᠭ᠎ᠠ | ᠡᠯ᠎ᠡ ᠬᠢᠨᠠᠨ ᠵᠥᠪᠯᠡᠬᠦ ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠢᠷᠭᠤᠳᠤᠭᠠᠷ ᠪᠥᠬᠦᠳᠡ ᠬᠤᠷᠠᠯ ᠤᠨ ᠠᠯᠪᠠᠨ | ᠮᠡᠳᠡᠭᠡ ᠪᠠ ᠰᠢᠢᠳᠪᠦᠷᠢ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠢᠴᠢᠶᠡᠯ ᠤᠨ ᠲᠥᠰᠦᠯ ᠪᠠ ᠬᠢᠴᠢᠶᠡᠯ ᠤᠨ | ᠪᠠᠷᠢᠮᠵᠢᠶ᠎ᠠ ᠳᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠬᠤᠯᠪᠤᠭᠳᠠᠬᠤ ᠵᠠᠰᠠᠪᠤᠷᠢ | ᠣᠷᠣᠭᠤᠯᠤᠭᠰᠠᠨ ᠠᠭᠤᠯᠭ᠎ᠠ ᠶᠢ ᠲᠤᠰᠬᠠᠶ ᠬᠢᠨᠠᠨ ᠪᠠᠶᠢᠴᠠᠭᠠᠪᠠ᠃ | ᠭᠤᠷᠪᠠ ᠳᠤ᠂ ᠬᠢᠨᠠᠨ ᠪᠠᠶᠢᠴᠠᠭᠠᠵᠤ ᠪᠠᠲᠤᠯᠠᠪᠠ᠃ 2021 ᠣᠨ ᠤ 12 ᠰᠠᠷ᠎ᠠ ᠳᠤ᠂ ᠤᠯᠤᠰ ᠤᠨ ᠵᠢᠭᠠᠬᠤ | ᠮᠠᠲ᠋ᠧᠷᠢᠶᠠᠯ ᠤᠨ ᠵᠥᠪᠯᠡᠯ ᠤᠨ ᠬᠡᠰᠢᠭᠦᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠢᠴᠢᠶᠡᠯ ᠤᠨ ᠲᠥᠰᠦᠯ ᠪᠠ ᠬᠡᠯᠡ ᠪᠢᠴᠢᠭ ᠵᠡᠷᠭᠡ 16 ᠬᠢᠴᠢᠶᠡᠯ ᠤᠨ ᠪᠠᠷᠢᠮᠵᠢᠶ᠎ᠠ ᠶᠢ ᠬᠢᠨᠠᠨ | ᠪᠠᠲᠤᠯᠠᠪᠠ᠃ | ᠭᠤᠷᠪᠠ᠂ ᠬᠢᠨᠠᠨ ᠵᠦᠪᠯᠡᠵᠦ ᠬᠢᠨᠠᠨ ᠪᠠᠶᠢᠴᠠᠭᠠᠭᠰᠠᠨ ᠳ᠋ᠦᠩᠨᠡᠯᠲᠡ | ᠬᠢᠨᠠᠨ ᠵᠦᠪᠯᠡᠵᠦ ᠬᠢᠨᠠᠨ ᠪᠠᠶᠢᠴᠠᠭᠠᠭᠠᠳ᠂ ᠡᠨᠡ ᠤᠳᠠᠭ᠎ᠠ ᠵᠠᠰᠠᠪᠤᠷᠢ ᠣᠷᠣᠭᠤᠯᠬᠤ ᠳᠤ ᠪᠠᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ | ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠢ ᠪᠦᠬᠦᠯᠢ | ᠴᠣᠭᠴᠠ ᠪᠠᠷ ᠲᠥᠯᠦᠪᠵᠢᠭᠦᠯᠵᠦ ᠰᠢᠰᠲ᠋ᠧᠮᠲᠡᠢ ᠲᠡᠭᠦᠯᠳᠡᠷᠵᠢᠭᠦᠯᠪᠡ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠨᠢ | ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠴᠢᠶᠡᠯ ᠢᠶᠠᠷ ᠬᠥᠮᠦᠨ ᠢ ᠬᠥᠮᠦᠵᠢᠭᠦᠯᠬᠦ ᠴᠢᠳᠠᠮᠵᠢ ᠶᠢ | ᠴᠢᠩᠭᠠᠷᠠᠭᠤᠯᠵᠤ᠂ ᠰᠡᠳᠬᠢᠮᠵᠢ ᠨᠢ ᠲᠣᠳᠣᠷᠬᠠᠶ᠂ ᠯᠣᠭᠢᠭ ᠨᠢ ᠴᠢᠩᠭ᠎ᠠ ᠨᠢᠮᠪᠠᠶ᠂ ᠪᠦᠲᠦᠴᠡ ᠨᠢ ᠵᠦᠶ ᠵᠣᠬᠢᠰᠲᠠᠶ᠂ | ᠭᠤᠤᠯᠳᠠᠯᠭ᠎ᠠ ᠨᠢ ᠲᠣᠪᠤᠶᠢᠮ᠎ᠠ ᠪᠠᠶᠢᠵᠤ᠂ ᠳᠤᠤᠷᠠᠬᠢ ᠳᠥᠷᠪᠡᠨ ᠲᠠᠯ᠎ᠠ ᠪᠠᠷ ᠪᠣᠳᠠᠲᠠᠶ ᠢᠯᠡᠷᠡᠵᠦ ᠪᠠᠶᠢᠨ᠎ᠠ᠄ | ︵ᠨᠢᠭᠡ︶ ᠬᠥᠮᠦᠨ ᠢ ᠬᠥᠮᠦᠵᠢᠭᠦᠯᠬᠦ ᠬᠠᠷᠠᠯᠲᠠ ᠶᠢ ᠨᠡᠩ ᠰᠢᠰᠲ᠋ᠧᠮᠲᠡᠢ ᠲᠣᠳᠤᠷᠠᠭᠤᠯᠵᠤ᠂ ᠤᠯᠤᠰ ᠤᠨ | ᠵᠣᠷᠢᠭ ᠰᠠᠨᠠᠭ᠎ᠠ ᠶᠢ ᠢᠯᠡᠷᠡᠭᠦᠯᠪᠡ᠃ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠶᠣᠰᠣ ᠰᠤᠷᠲᠠᠬᠤᠨ ᠢ ᠪᠣᠢ ᠪᠣᠯᠭᠠᠵᠤ | ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠬᠢᠴᠢᠶᠡᠯ ᠤᠨ | ᠥᠭᠡᠷᠡᠴᠢᠯᠡᠯᠲᠡ ᠶᠢᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠬᠥᠮᠦᠨ ᠢ ᠬᠥᠮᠦᠵᠢᠭᠦᠯᠬᠦ ᠬᠠᠷᠠᠯᠲᠠ ᠶᠢ ᠵᠢᠷᠤᠵᠤ | ᠲᠥᠯᠥᠪᠯᠡᠬᠦ ᠲᠠᠯ᠎ᠠ ᠪᠠᠷ ᠳᠤᠮᠳᠠᠳᠤ ᠤᠯᠤᠰ ᠤᠨ ᠣᠨᠴᠠᠯᠢᠭ ᠢ ᠭᠦᠢᠴᠡᠳ ᠢᠯᠡᠷᠡᠭᠦᠯᠪᠡ᠃ ᠵᠢᠱᠢᠶᠡᠯᠡᠪᠡᠯ᠂ | ᠬᠢᠴᠢᠶᠡᠯ ᠤᠨ ᠲᠥᠰᠦᠯ ᠨᠢ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠪᠣᠳᠣᠯᠬᠢᠯᠠᠵᠤ᠂ ᠴᠠᠭ ᠦᠶ᠎ᠡ ᠶᠢᠨ ᠰᠢᠨ᠎ᠡ | ᠬᠥᠮᠦᠨ ᠤ ᠳᠥᠷᠢ ᠳᠥᠷᠬᠦ ᠶᠢ ᠵᠢᠷᠤᠭᠯᠠᠵᠤ᠂ ᠬᠦᠰᠡᠯᠡᠩ ᠲᠠᠢ᠂ ᠴᠢᠳᠠᠪᠤᠷᠢ ᠲᠠᠢ᠂ ᠡᠭᠦᠷᠭᠡᠯᠡᠯ ᠲᠠᠢ ᠪᠠᠶᠢᠬᠤ ᠭᠤᠷᠪᠠᠨ | ᠲᠠᠯ᠎ᠠ ᠠᠴᠠ ︽ᠲᠠᠪᠤ ᠶᠢ ᠬᠥᠮᠦᠵᠢᠭᠦᠯᠬᠦ︾ ᠶᠢ ᠵᠡᠷᠭᠡ ᠪᠠᠷ ᠴᠢᠬᠤᠯᠠᠴᠢᠯᠠᠬᠤ ᠬᠠᠷᠠᠯᠲᠠ ᠶᠢᠨ ᠳᠣᠭᠲᠠᠯᠴᠠᠭ᠎ᠠ ᠶᠢ | ᠰᠢᠰᠲ᠋ᠧᠮᠲᠡᠢ ᠪᠠᠶᠢᠭᠤᠯᠪᠠ᠃ ᠬᠡᠯᠡ ᠪᠢᠴᠢᠭ ᠤᠨ ᠬᠢᠴᠢᠶᠡᠯ ᠢ ︽ᠰᠣᠶᠣᠯ ᠤᠨ ᠢᠲᠡᠭᠡᠯ︾ ᠢ ᠭᠤᠣᠯᠳᠠᠯᠭᠠᠲᠠᠢ | ᠬᠥᠮᠦᠵᠢᠭᠦᠯᠬᠦ ᠰᠤᠷᠤᠭᠴᠢᠳ ᠤᠨ ᠭᠤᠣᠯᠯᠠᠬᠤ ᠬᠡᠪ ᠪᠣᠯᠪᠠᠰᠤᠷᠠᠯ ᠤᠨ ᠨᠢᠭᠡ ᠪᠣᠯᠭᠠᠵᠤ᠂ ᠬᠡᠯᠡ ᠪᠢᠴᠢᠭ ᠤᠨ | ᠪᠠᠭᠠᠵᠢᠴᠢ ᠴᠢᠨᠠᠷ ᠪᠠ ᠬᠥᠮᠦᠨ ᠰᠣᠶᠤᠯ ᠤᠨ ᠴᠢᠨᠠᠷ ᠢ ᠨᠢᠭᠡᠳᠬᠡᠭᠰᠡᠨ ᠣᠨᠴᠠᠯᠢᠭ ᠢ ᠢᠯᠡᠷᠡᠭᠦᠯᠪᠡ᠃ ᠲᠡᠦᠬᠡ ᠶᠢᠨ | ᠬᠢᠴᠢᠶᠡᠯ ᠳᠤ ᠰᠤᠷᠤᠭᠴᠢᠳ ᠤᠨ ᠲᠡᠦᠬᠡ ᠶᠢᠨ ᠪᠣᠳᠠᠰᠴᠢ ᠦᠵᠡᠯ ᠢ ᠬᠥᠮᠦᠵᠢᠭᠦᠯᠬᠦ ᠶᠢ ᠴᠢᠬᠤᠯᠠᠴᠢᠯᠠᠵᠤ᠂ | ᠰᠤᠷᠤᠭᠴᠢᠳ ᠢ ᠬᠥᠲᠥᠯᠥᠨ ᠵᠢᠯᠣᠭᠤᠳᠴᠤ ᠠᠩᠬ᠎ᠠ ᠠᠯᠬᠤᠮ ᠵᠥᠪ ᠲᠡᠦᠬᠡ ᠶᠢᠨ ᠦᠵᠡᠯᠲᠡ᠂ ᠦᠨᠳᠦᠰᠦᠲᠡᠨ ᠤ | ᠦᠵᠡᠯᠲᠡ᠂ ᠤᠯᠤᠰ ᠤᠨ ᠦᠵᠡᠯᠲᠡ ᠪᠠ ᠰᠣᠶᠣᠯ ᠤᠨ ᠦᠵᠡᠯᠲᠡ ᠲᠠᠢ ᠪᠣᠯᠭᠠᠨ᠎ᠠ᠃ | ︵ᠬᠤᠶᠠᠷ︶ ᠬᠢᠴᠢᠶᠡᠯ ᠢ ᠨᠢᠭᠡ ᠴᠣᠭᠴᠠᠵᠢᠭᠤᠯᠤᠨ ᠲᠥᠯᠦᠪᠵᠢᠭᠦᠯᠬᠦ ᠣᠨᠣᠯᠵᠢᠬᠤᠨ ᠢ ᠤᠯᠠᠮ ᠨᠢᠭᠡ ᠠᠯᠬᠤᠮ | ᠴᠢᠩᠭᠠᠳᠬᠠᠪᠠ᠃ ᠭᠤᠤᠯᠯᠠᠬᠤ ᠬᠡᠪ ᠪᠣᠯᠪᠠᠰᠤᠷᠠᠯ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠢᠴᠢᠶᠡᠯ ᠤᠨ | ᠠᠭᠤᠯᠭ᠎ᠠ ᠶᠢᠨ ᠪᠥᠲᠦᠴᠡ ᠶᠢ ᠠᠬᠢᠭᠤᠯᠵᠤ᠂ ᠬᠢᠴᠢᠶᠡᠯ ᠤᠨ ᠰᠢᠰᠲ᠋ᠧᠮᠴᠢ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ ᠭᠡᠬᠦ ᠬᠢᠴᠢᠶᠡᠯ ᠨᠢ ︽ᠳᠡᠭᠡᠳᠦ ᠰᠤᠷᠭᠠᠭᠤᠯᠢ᠂ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠤᠬᠴᠠᠵᠢᠭᠤᠯᠬᠤ︾ | ᠣᠨᠣᠯᠵᠢᠬᠤᠨ ᠢ ᠪᠠᠷᠢᠮᠲᠠᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ᠂ ᠬᠢᠵᠢᠭ ᠲᠠᠢ ᠲᠡᠮᠡᠴᠡᠬᠦ ᠠᠭᠤᠤ | ᠶᠡᠭᠡ ᠵᠣᠷᠢᠭ ᠰᠠᠨᠠᠭ᠎ᠠ ᠵᠢᠴᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠴᠢᠬᠤᠯᠠ ᠶᠡᠭᠡ ᠭᠤᠤᠯ | ᠰᠡᠳᠦᠪᠲᠦ ᠬᠥᠮᠦᠵᠢᠯ ᠢ ᠬᠢᠴᠢᠶᠡᠯ ᠳᠤ ᠣᠷᠣᠭᠤᠯᠬᠤ ᠱᠠᠭᠠᠷᠳᠠᠯᠭ᠎ᠠ ᠶᠢ ᠴᠢᠩᠭᠠᠳᠬᠠᠪᠠ᠃ ᠭᠠᠵᠠᠷ ᠵᠦᠶ ᠶᠢᠨ | ᠬᠢᠴᠢᠶᠡᠯ ᠳᠤ ᠬᠥᠮᠦᠨ ᠲᠥᠷᠥᠯᠬᠢᠲᠡᠨ ᠤ ᠳᠡᠯᠡᠬᠡᠶ ᠶᠢᠨ ᠪᠥᠮᠪᠥᠷᠴᠡᠭ ᠭᠡᠷ ᠣᠷᠣᠨ ᠢᠶᠠᠷ ᠭᠤᠤᠯ ᠰᠢᠵᠢᠮ ᠪᠣᠯᠭᠠᠵᠤ᠂ | ᠪᠥᠬᠦ ᠪᠥᠮᠪᠥᠷᠴᠡᠭ ᠪᠠ ᠣᠷᠣᠨ ᠪᠦᠰᠡ ᠶᠢ ᠲᠠᠨᠢᠬᠤ ᠪᠠᠷ ᠮᠡᠳᠡᠯᠭᠡ ᠶᠢᠨ ᠰᠠᠭᠤᠷᠢ ᠪᠣᠯᠭᠠᠵᠤ᠂ ᠭᠠᠵᠠᠷ ᠵᠦᠶ ᠶᠢᠨ | ᠦᠢᠯᠡᠳᠦᠯᠭᠡ ᠪᠠ ᠭᠠᠵᠠᠷ ᠵᠦᠶ ᠶᠢᠨ ᠪᠠᠭᠠᠵᠢ ᠪᠠᠷ ᠲᠡᠭᠦᠨ ᠤ ᠳᠣᠲᠣᠷᠠᠬᠢ ᠠᠭᠤᠯᠭ᠎ᠠ ᠶᠢᠨ ᠲᠥᠰᠦᠪ ᠢ | ᠲᠤᠭᠤᠰᠢᠯᠠᠭᠤᠯᠪᠠ᠃ ᠰᠢᠨᠵᠢᠯᠡᠬᠦ ᠤᠬᠠᠭᠠᠨ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ ᠰᠢᠨᠵᠢᠯᠡᠬᠦ | ᠤᠬᠠᠭᠠᠨ ᠤ ᠬᠦᠷᠢᠶᠡᠨ ᠳᠠᠬᠢ ᠬᠢᠴᠢᠶᠡᠯ ᠨᠢ ᠬᠠᠷᠠᠯᠲᠠ ᠬᠢᠭᠡᠳ ᠠᠭᠤᠯᠭ᠎ᠠ ᠶᠢᠨ ᠪᠦᠲᠦᠴᠡ ᠶᠢᠨ ᠲᠠᠯ᠎ᠠ ᠪᠠᠷ | ᠭᠤᠯᠳᠤ ᠪᠠᠷ ᠵᠣᠯᠭᠠᠯᠳᠤᠬᠤ ᠪᠠ ᠬᠥᠨᠳᠡᠯᠡᠨ ᠢᠶᠠᠷ ᠬᠠᠮᠵᠢᠯᠴᠠᠬᠤ ᠶᠢ ᠴᠢᠬᠤᠯᠠᠴᠢᠯᠠᠵᠤ᠂ ᠨᠡᠶᠢᠲᠡᠯᠢᠭ ᠴᠢᠨᠠᠷ ᠤᠨ ᠬᠡᠪ | ᠪᠣᠯᠪᠠᠰᠤᠷᠠᠯ ᠢ ᠬᠥᠮᠥᠵᠢᠭᠦᠯᠬᠦ ᠶᠢ ᠴᠢᠩᠭᠠᠳᠬᠠᠪᠠ᠃ | ︵ᠭᠤᠷᠪᠠ︶ ᠰᠢᠨ᠎ᠡ ᠶᠢ ᠡᠭᠦᠳᠬᠦ ᠴᠢᠨᠠᠷ ᠪᠠ ᠦᠢᠯᠡᠳᠦᠯᠭᠡ ᠶᠢᠨ ᠴᠢᠨᠠᠷ ᠢ ᠤᠯᠠᠮ ᠨᠢᠭᠡ ᠠᠯᠬᠤᠮ | ᠳᠣᠪᠤᠶᠢᠯᠭᠠᠪᠠ᠃ ᠤᠳᠠᠭ᠎ᠠ ᠪᠦᠷᠢ ᠶᠢᠨ ᠬᠢᠴᠢᠶᠡᠯ ᠳᠤ ᠵᠠᠰᠠᠪᠤᠷᠢ ᠣᠷᠣᠭᠤᠯᠤᠭᠰᠠᠨ ᠲᠤᠷᠰᠢᠯᠭ᠎ᠠ ᠶᠢ ᠰᠢᠩᠭᠡᠭᠡᠨ | ᠠᠪᠴᠤ᠂ ᠡᠯ᠎ᠡ ᠬᠢᠴᠢᠶᠡᠯ ᠤᠨ ᠪᠠᠷᠢᠮᠵᠢᠶ᠎ᠠ ᠨᠢ ᠭᠤᠤᠯ ᠬᠡᠪ ᠪᠣᠯᠪᠠᠰᠤᠷᠠᠯ ᠢᠶᠠᠷ ᠬᠥᠲᠥᠯᠪᠦᠷᠢ ᠪᠣᠯᠭᠠᠨ ᠬᠢᠴᠢᠶᠡᠯ ᠤᠨ | ᠬᠠᠷᠠᠯᠲᠠ ᠶᠢ ᠢᠯᠡᠷᠡᠭᠦᠯᠵᠦ᠂ ᠭᠤᠤᠯ ᠰᠡᠳᠦᠪ᠂ ᠲᠥᠷᠥᠯ ᠵᠦᠢᠯ ᠪᠤᠶᠤ ᠠᠵᠢᠯᠯᠠᠭ᠎ᠠ ᠪᠠᠷ ᠬᠢᠴᠢᠶᠡᠯ ᠤᠨ ᠠᠭᠤᠯᠭ᠎ᠠ ᠶᠢ | ᠵᠣᠬᠢᠶᠠᠨ ᠪᠠᠶᠢᠭᠤᠯᠵᠤ᠂ ᠬᠢᠴᠢᠶᠡᠯ ᠲᠥᠷᠦᠯ ᠤᠨ ᠦᠢᠯᠡᠳᠦᠯᠭᠡ ᠪᠠ ᠬᠢᠴᠢᠶᠡᠯ ᠲᠥᠷᠦᠯ ᠠᠯᠤᠰᠯᠠᠭᠰᠠᠨ | ᠦᠢᠯᠡᠳᠦᠯᠭᠡ ᠶᠢ ᠴᠢᠩᠭᠠᠳᠬᠠᠵᠤ᠂ ᠵᠢᠭᠠᠨ ᠰᠤᠷᠭᠠᠬᠤ ᠠᠭᠤᠯᠭ᠎ᠠ ᠪᠠ ᠠᠷᠭ᠎ᠠ ᠮᠠᠶ᠋ᠢᠭ ᠤᠨ ᠭᠦᠨ ᠳᠠᠪᠬᠤᠷᠭ᠎ᠠ ᠶᠢᠨ | ᠬᠤᠪᠢᠷᠠᠯᠲᠠ ᠶᠢ ᠳᠠᠶᠢᠴᠢᠯᠠᠪᠠ᠃ ᠬᠥᠳᠡᠯᠮᠦᠷᠢ ᠶᠢᠨ ᠬᠢᠴᠢᠶᠡᠯ ᠨᠢ ᠬᠥᠳᠡᠯᠮᠦᠷᠢ ᠶᠢᠨ ᠵᠣᠷᠢᠭ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠵᠥᠪ ᠬᠥᠳᠡᠯᠮᠦᠷᠢ ᠶᠢᠨ ᠥᠷᠲᠡᠭ ᠤᠨ ᠦᠵᠡᠯᠲᠡ ᠪᠠ ᠰᠠᠶᠢᠨ ᠰᠠᠶᠢᠬᠠᠨ | ᠬᠥᠳᠡᠯᠮᠦᠷᠢ ᠶᠢᠨ ᠵᠠᠩ ᠰᠤᠷᠳᠠᠯ ᠤᠨ ᠲᠣᠭᠤᠷᠢᠨ ᠳᠤ ᠰᠤᠷᠤᠭᠴᠢᠳ ᠤᠨ ᠦᠢᠯᠡᠳᠦᠯᠭᠡᠵᠢᠭᠦᠯᠬᠦ᠂ ᠬᠦᠴᠦ ᠬᠥᠳᠡᠯᠮᠦᠷᠢ | ᠭᠠᠷᠭᠠᠬᠤ᠂ ᠳᠠᠪᠲᠠᠨ ᠪᠣᠯᠪᠠᠰᠤᠷᠠᠬᠤ᠂ ᠡᠷᠴᠢ ᠵᠣᠷᠢᠭ ᠢ ᠬᠥᠪᠴᠢᠯᠡᠬᠦ ᠶᠢ ᠤᠯᠠᠮ ᠨᠢᠭᠡ ᠠᠯᠬᠤᠮ ᠴᠢᠬᠤᠯᠠᠴᠢᠯᠠᠪᠠ᠃ | ᠲᠣᠭᠠᠨ ᠤ ᠤᠬᠠᠭᠠᠨ ᠤ ᠬᠢᠴᠢᠶᠡᠯ ᠳᠤ ︽ᠲᠣᠭᠠᠨ ᠤ ᠤᠬᠠᠭᠠᠨ ᠤ ᠬᠠᠷᠠᠴᠠ ᠪᠠᠷ ᠪᠣᠳᠠᠲᠤ ᠶᠢᠷᠲᠢᠨᠴᠦ ᠶᠢ ᠠᠵᠢᠭᠯᠠᠵᠤ | ᠴᠢᠳᠠᠬᠤ᠂ ᠲᠣᠭᠠᠨ ᠤ ᠤᠬᠠᠭᠠᠨ ᠤ ᠰᠡᠳᠬᠢᠮᠵᠢ ᠪᠠᠷ ᠪᠣᠳᠠᠲᠤ ᠶᠢᠷᠲᠢᠨᠴᠦ ᠶᠢ ᠰᠡᠳᠬᠢᠵᠦ ᠴᠢᠳᠠᠬᠤ᠂ ᠲᠣᠭᠠᠨ ᠤ | ᠤᠬᠠᠭᠠᠨ ᠤ ᠬᠡᠯᠡ ᠪᠠᠷ ᠪᠣᠳᠠᠲᠤ ᠶᠢᠷᠲᠢᠨᠴᠦ ᠶᠢ ᠢᠯᠡᠳᠬᠡᠵᠦ ᠴᠢᠳᠠᠬᠤ︾ ᠶᠢ ᠳᠤᠷᠠᠳᠴᠤ᠂ ᠬᠢᠴᠢᠶᠡᠯ ᠲᠥᠷᠦᠯ ᠤᠨ | ᠦᠢᠯᠡᠳᠦᠯᠭᠡ ᠪᠠᠷ ᠳᠠᠮᠵᠢᠭᠤᠯᠤᠨ ᠬᠥᠮᠦᠨ ᠢ ᠬᠥᠮᠦᠵᠢᠭᠦᠯᠬᠦ ᠥᠪᠡᠷᠮᠢᠴᠡ ᠦᠨ᠎ᠡ ᠦᠷᠲᠡᠭ ᠢ ᠪᠡᠶᠡᠯᠡᠭᠦᠯᠪᠡ᠃ | ︵ᠳᠥᠷᠪᠡ︶ ᠬᠢᠴᠢᠶᠡᠯ ᠶᠢ ᠬᠡᠷᠡᠭᠵᠢᠭᠦᠯᠬᠦ ᠵᠢᠯᠣᠭᠤᠳᠣᠯᠭ᠎ᠠ ᠶᠢ ᠤᠯᠠᠮ ᠨᠢᠭᠡ ᠠᠯᠬᠤᠮ ᠴᠢᠩᠭᠠᠳᠬᠠᠪᠠ᠃ | ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠬᠤ ᠶᠢᠨ ᠲᠥᠯᠥᠭᠡ᠂ ᠬᠢᠴᠢᠶᠡᠯ ᠤᠨ ᠲᠥᠰᠦᠯ ᠪᠠ ᠬᠢᠴᠢᠶᠡᠯ ᠤᠨ | ᠪᠠᠷᠢᠮᠵᠢᠶ᠎ᠠ ᠶᠢ ᠬᠢᠴᠢᠶᠡᠯ ᠤᠨ ᠠᠭᠤᠯᠭ᠎ᠠ ᠶᠢ ᠲᠥᠯᠦᠪᠵᠢᠭᠦᠯᠬᠦ᠂ ᠰᠤᠷᠤᠯᠭ᠎ᠠ ᠶᠢᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢ | ᠰᠤᠳᠤᠯᠤᠨ ᠳᠣᠭᠲᠠᠭᠠᠬᠤ᠂ ᠬᠡᠷᠡᠭ ᠤᠨ ᠵᠢᠱᠢᠶ᠎ᠡ ᠶᠢ ᠪᠠᠶᠠᠯᠢᠭᠵᠢᠭᠤᠯᠬᠤ᠂ ᠨᠥᠬᠦᠴᠡᠯ ᠢ ᠪᠠᠲᠤᠯᠠᠬᠤ ᠵᠡᠷᠭᠡ ᠲᠠᠯ᠎ᠠ ᠪᠠᠷ | ᠨᠠᠷᠢᠯᠢᠬᠵᠢᠭᠤᠯᠤᠨ ᠴᠢᠩᠭᠠᠳᠬᠠᠵᠤ᠂ ᠬᠡᠷᠡᠭᠯᠡᠬᠦ ᠳᠤ ᠰᠠᠶᠢᠨ᠂ ᠲᠤᠰᠠᠲᠠᠢ ᠪᠠᠶᠢᠬᠤ ᠶᠢ ᠴᠢᠷᠮᠠᠶᠢᠨ ᠪᠡᠶᠡᠯᠡᠭᠦᠯᠪᠡ᠃ ᠮᠡᠳᠡᠭᠡ | ᠵᠠᠩᠭᠢᠴᠢᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠴᠢᠶᠡᠯ ᠳᠤ ᠰᠤᠷᠭᠠᠭᠤᠯᠢ ᠶᠢᠨ ᠮᠡᠳᠡᠭᠡ | ᠵᠠᠩᠭᠢᠴᠢᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠷᠰᠢᠯᠲᠠ ᠶᠢᠨ ᠲᠠᠰᠤᠭ ᠤᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠰᠤᠷᠤᠭᠴᠢᠳ ᠤᠨ ᠰᠤᠷᠤᠯᠴᠠᠬᠤ ᠳᠤ ᠪᠠᠶᠢᠷᠢ ᠲᠠᠯᠠᠪᠤᠷ᠂ | ᠬᠠᠲᠠᠭᠤ ᠲᠣᠨᠤᠭ᠂ ᠵᠥᠭᠡᠯᠡᠨ ᠲᠣᠨᠤᠭ᠂ ᠮᠠᠲ᠋ᠧᠷᠢᠶᠠᠯ ᠪᠠ ᠪᠠᠭᠠᠵᠢ ᠵᠡᠷᠭᠡ ᠶᠢᠨ ᠳᠡᠮᠵᠢᠯᠭᠡ ᠪᠠ ᠪᠠᠲᠤᠯᠠᠭ᠎ᠠ ᠢ ᠬᠠᠩᠭᠠᠪᠠ᠃ | ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠳᠤ ᠬᠡᠷᠡᠭᠯᠡᠭᠡᠨ ᠤ ᠣᠷᠴᠢᠨ ᠪᠠᠶᠢᠳᠠᠯ ᠳᠤ ᠰᠤᠷᠤᠭᠴᠢᠳ | ᠤᠨ ᠰᠣᠷᠣᠭᠰᠠᠨ ᠮᠡᠳᠡᠯᠭᠡ ᠬᠢᠭᠡᠳ ᠤᠷ᠎ᠠ ᠴᠢᠳᠠᠪᠤᠷᠢ ᠶᠢ ᠦᠨᠡᠯᠡᠵᠦ᠂ ᠪᠠᠶᠠᠯᠢᠭ ᠰᠠᠶᠢᠬᠠᠨ᠂ ᠠᠮᠢᠳᠤᠯᠢᠭ ᠰᠣᠨᠢᠷᠬᠠᠯᠲᠠᠶ | ᠰᠤᠷᠤᠯᠴᠠᠵᠤ ᠪᠣᠯᠪᠠᠰᠤᠷᠠᠬᠤ ᠠᠵᠢᠯᠯᠠᠭᠠᠨ ᠤ ᠶᠠᠪᠤᠴᠠ ᠳᠤ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ | ᠰᠠᠨᠠᠭᠠᠴᠢᠯᠠᠪᠠ᠃ ᠭᠠᠳᠠᠭᠠᠳᠤ ᠬᠡᠯᠡᠨ ᠤ ᠬᠢᠴᠢᠶᠡᠯ ᠳᠤ ᠵᠢᠭᠠᠨ ᠰᠤᠷᠭᠠᠯᠲᠠ ᠶᠢᠨ ᠰᠠᠨᠠᠭᠤᠯᠤᠮᠵᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠨᠢᠭᠡᠴᠢ ᠶᠢᠨ ᠬᠥᠮᠦᠵᠢᠭᠦᠯᠬᠦ ᠦᠨ᠎ᠡ ᠦᠷᠳᠡᠭ ᠢ ᠠᠭᠤᠳᠠᠯᠵᠤ᠂ ᠬᠡᠯᠡ ᠰᠤᠷᠬᠤ | ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠢ ᠬᠠᠪᠰᠤᠷᠤᠨ ᠪᠡᠶᠡᠴᠢᠯᠡᠨ ᠣᠶᠢᠯᠠᠭᠠᠬᠤ ᠶᠠᠪᠤᠴᠠ ᠳᠤ | ᠰᠤᠷᠤᠯᠴᠠᠭᠤᠯᠵᠤ᠂ ᠦᠢᠯᠡᠳᠦᠯᠭᠡ ᠶᠢᠨ ᠶᠠᠪᠤᠴᠠ ᠳᠤ ᠬᠡᠷᠡᠭᠯᠡᠭᠦᠯᠵᠦ᠂ ᠨᠡᠭᠦᠯᠭᠡᠨ ᠰᠢᠯᠵᠢᠭᠦᠯᠬᠦ ᠶᠠᠪᠤᠴᠠ ᠳᠤ ᠰᠢᠨ᠎ᠡ ᠶᠢ | ᠡᠭᠦᠳᠪᠡ᠃ ᠤᠷᠠᠯᠢᠭ ᠤᠨ ᠬᠢᠴᠢᠶᠡᠯ ᠳᠤ ᠭᠤᠤᠯᠯᠠᠬᠤ ᠬᠡᠪ ᠪᠣᠯᠪᠠᠰᠤᠷᠠᠯ ᠳᠤ ᠰᠠᠭᠤᠷᠢᠯᠠᠭᠰᠠᠨ᠂ ᠪᠣᠳᠠᠲᠠᠶ | ᠬᠡᠷᠡᠭᠵᠢᠭᠦᠯᠵᠦ ᠪᠣᠯᠬᠤᠶᠢᠴᠠ ᠶᠠᠪᠤᠴᠠ ᠶᠢᠨ ᠴᠢᠨᠠᠷᠲᠠᠶ ᠦᠨᠡᠯᠡᠬᠦ ᠠᠷᠭ᠎ᠠ ᠮᠠᠶ᠋ᠢᠭ ᠢ ᠨᠡᠮᠡᠵᠦ᠂ ᠦᠨᠡᠯᠡᠬᠦ ᠭᠤᠤᠯ | ᠴᠣᠭᠴᠠ ᠶᠢ ᠣᠯᠠᠨ ᠡᠰᠢᠵᠢᠭᠦᠯᠵᠦ᠂ ᠦᠨᠡᠯᠡᠬᠦ ᠶᠠᠪᠤᠴᠠ ᠶᠢᠨ ᠣᠯᠠᠨ ᠶᠠᠩᠵᠤᠴᠢᠯᠠᠬᠤ ᠶᠢ ᠴᠢᠬᠤᠯᠠᠴᠢᠯᠠᠨ᠂ | ᠰᠤᠷᠭᠠᠭᠤᠯᠢ ᠪᠠ ᠪᠠᠭᠰᠢ ᠶᠢ ᠬᠥᠲᠥᠯᠦᠨ ᠵᠢᠯᠣᠭᠤᠳᠴᠤ ᠰᠣᠷᠣᠭᠴᠢ ᠳᠤ ᠪᠥᠬᠦ ᠲᠠᠯ᠎ᠠ ᠶᠢᠨ ᠦᠨᠡᠯᠡᠯᠲᠡ ᠬᠢᠯᠭᠡᠨ᠎ᠡ᠃ | | | ᠣᠷᠣᠨ ᠨᠤᠲᠤᠭ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠰᠤᠷᠭᠠᠭᠤᠯᠢ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ | ᠤᠨ ᠪᠠᠷᠢᠮᠵᠢᠶ᠎ᠠ ᠶᠢ ᠬᠡᠷᠬᠢᠨ ᠨᠠᠶᠢᠳᠠᠪᠤᠷᠢᠵᠢᠭᠤᠯᠬᠤ ᠪᠣᠶ︖ | — ᠬᠠᠮᠲᠤ ᠳᠤ ᠪᠠᠨ ᠦᠵᠡᠵᠡᠭᠡᠶ᠎ᠡ︕ | | | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠶ᠎ᠠ | ︵ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ︶ | | ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ | ᠲᠥᠰᠦᠯ ᠪᠣᠯᠤᠨ ᠬᠢᠴᠢᠶᠡᠯ ᠤᠨ ᠪᠠᠷᠢᠮᠵᠢᠶ᠎ᠠ ᠳᠤ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢ ᠬᠥᠮᠦᠵᠢᠭᠦᠯᠬᠦ | ᠱᠠᠭᠠᠷᠳᠠᠯᠭ᠎ᠠ ᠶᠢ ᠲᠣᠳᠣᠷᠬᠠᠶᠢᠯᠠᠵᠤ᠂ ᠢᠷᠡᠭᠡᠳᠦᠢ ᠶᠢᠨ ᠰᠤᠷᠭᠠᠭᠤᠯᠢ ᠶᠢᠨ ᠬᠥᠮᠦᠨ ᠢ ᠬᠥᠮᠦᠵᠢᠭᠦᠯᠬᠦ ᠵᠢᠷᠤᠭ | ᠲᠥᠯᠥᠪᠯᠡᠭᠡ ᠶᠢ ᠵᠢᠷᠤᠭᠯᠠᠵᠤ᠂ ᠬᠢᠴᠢᠶᠡᠯ ᠤᠨ ᠲᠤᠬᠢᠷᠠᠭᠤᠯᠤᠯᠳᠠ᠂ ᠬᠢᠴᠢᠶᠡᠯ ᠤᠨ ᠪᠦᠲᠦᠴᠡ᠂ ᠰᠢᠯᠭᠠᠯᠲᠠ ᠦᠨᠡᠯᠡᠯᠲᠡ᠂ | ᠬᠢᠴᠢᠶᠡᠯ ᠤᠨ ᠬᠡᠷᠡᠭᠵᠢᠭᠦᠯᠦᠯᠲᠡ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ | ᠵᠡᠭᠦᠨ ᠳᠤᠮᠳᠠ ᠪᠠᠷᠠᠭᠤᠨ ᠣᠷᠣᠨ ᠤ ᠠᠳᠠᠯᠢ ᠪᠤᠰᠤ ᠭᠠᠵᠠᠷ ᠣᠷᠣᠨ ᠤ ᠵᠦᠷᠢᠶ᠎ᠡ ᠶᠢ ᠭᠦᠢᠴᠡᠳ ᠪᠣᠳᠣᠯᠬᠢᠯᠠᠵᠤ᠂ | ᠡᠯ᠎ᠡ ᠭᠠᠵᠠᠷ ᠣᠷᠣᠨ ᠪᠣᠯᠤᠨ ᠰᠤᠷᠭᠠᠭᠤᠯᠢ ᠶᠢ ᠬᠦᠳᠦᠯᠦᠨ ᠵᠢᠯᠣᠭᠤᠳᠴᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠰᠢᠭᠲᠠᠢ ᠶᠤᠮ᠃ ᠪᠡᠭᠡᠵᠢᠩ ᠬᠤᠲᠠ ᠳᠤᠤᠷᠠᠬᠢ | ᠭᠤᠷᠪᠠᠨ ᠲᠠᠯ᠎ᠠ ᠶᠢᠨ ᠠᠵᠢᠯ ᠢ ᠭᠤᠣᠯᠳᠠᠯᠭᠠᠲᠠᠢ ᠰᠠᠶᠢᠲᠤᠷ ᠠᠳᠬᠤᠨ᠎ᠠ᠃ | ᠨᠢᠭᠡ ᠳᠤ᠂ ᠪᠥᠬᠦ ᠠᠵᠢᠯᠲᠠᠨ ᠤ ᠪᠣᠯᠪᠠᠰᠤᠷᠠᠭᠤᠯᠤᠯ ᠢ ᠪᠣᠳᠠᠲᠠᠶ ᠠᠳᠬᠤᠵᠤ᠂ ᠰᠢᠨ᠎ᠡ ᠬᠢᠴᠢᠶᠡᠯ ᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠬᠤᠲᠠ ᠶᠢᠨ ᠲᠠᠰ ᠤᠨ ᠰᠢᠯᠭᠠᠷᠠᠭᠰᠠᠨ ᠪᠠᠭᠰᠢ ᠶᠢᠨ | ᠪᠣᠯᠪᠠᠰᠤᠷᠠᠭᠤᠯᠤᠯ᠂ ᠣᠷᠣᠨ ᠤ ᠲᠠᠰ ᠤᠨ ᠭᠤᠣᠯᠳᠠᠯᠭᠠᠲᠠᠢ ᠪᠣᠯᠪᠠᠰᠤᠷᠠᠭᠤᠯᠤᠯ᠂ ᠰᠤᠷᠭᠠᠭᠤᠯᠢ ᠶᠢᠨ ᠲᠠᠰ ᠤᠨ ᠪᠥᠬᠦ | ᠠᠵᠢᠯᠲᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠰᠤᠷᠭᠠᠨ ᠬᠥᠮᠦᠵᠢᠯ ᠤᠨ ᠵᠠᠰᠠᠭ ᠵᠠᠬᠢᠷᠭ᠎ᠠ᠂ ᠰᠤᠷᠭᠠᠨ | ᠬᠥᠮᠦᠵᠢᠯ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠰᠠᠯᠠᠭ᠎ᠠ ᠮᠥᠴᠢᠷ᠂ ᠰᠤᠷᠭᠠᠭᠤᠯᠢ ᠶᠢᠨ ᠺᠠᠳ᠋ᠷ᠂ ᠪᠠᠭᠰᠢ ᠶᠢ | ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ᠃ ᠬᠢᠮᠡᠯ ᠣᠶᠤᠨᠴᠢ ᠵᠢᠭᠠᠬᠤ ᠶᠢ ᠰᠤᠳᠤᠯᠬᠤ ᠲᠠᠪᠴᠠᠩ ᠢ ᠪᠠᠶᠢᠭᠤᠯᠵᠤ᠂ | ᠸᠢᠳᠢᠤ᠋ ᠪᠠᠷ ᠰᠢᠭᠤᠳ ᠨᠡᠪᠲᠡᠷᠡᠭᠦᠯᠬᠦ᠂ ᠠᠯᠤᠰ ᠡᠵᠡᠮᠰᠢᠯ ᠢᠶᠠᠷ ᠬᠠᠮᠵᠢᠯᠴᠠᠬᠤ᠂ ᠰᠦᠯᠵᠢᠶᠡᠨ ᠳᠠᠬᠢ ᠪᠠ ᠰᠦᠯᠵᠢᠶᠡᠨ | ᠭᠠᠳᠠᠨᠠᠬᠢ ᠬᠤᠯᠢᠮᠠᠭ ᠮᠠᠶ᠋ᠢᠭᠲᠤ ᠵᠢᠭᠠᠬᠤ ᠶᠢ ᠰᠤᠳᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠨᠠᠷᠯᠢᠭ ᠵᠢᠭᠠᠬᠤ ᠶᠢ | ᠰᠤᠳᠤᠯᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠰᠦᠯᠵᠢᠶᠡᠨ ᠳᠠᠬᠢ ᠬᠢᠴᠢᠶᠡᠯ ᠤᠨ ᠲᠠᠩᠬᠢᠮ ᠢᠶᠠᠷ | ᠬᠤᠯᠪᠣᠭᠠᠰᠤ ᠪᠣᠯᠭᠠᠵᠤ᠂ ᠳᠡᠭᠡᠭᠰᠢ ᠪᠠᠨ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠲᠠᠢ ᠬᠠᠷᠢᠯᠴᠠᠵᠤ᠂ ᠳᠣᠷᠣᠭᠰᠢ ᠪᠠᠨ ᠲᠣᠭᠤᠷᠢᠭ ᠰᠤᠷᠭᠠᠭᠤᠯᠢ ᠶᠢᠨ ᠡᠬᠢ ᠪᠠᠶᠠᠯᠢᠭ ᠤᠨ | ᠲᠠᠪᠴᠠᠩ ᠲᠠᠢ ᠵᠣᠯᠭᠠᠭᠤᠯᠵᠤ᠂ ᠣᠯᠠᠨ ᠠᠷᠭ᠎ᠠ ᠵᠠᠮ ᠢᠶᠠᠷ ᠰᠢᠯᠢᠳᠡᠭ ᠬᠢᠴᠢᠶᠡᠯ ᠢ ᠬᠤᠷᠠᠯᠳᠤᠭᠤᠯᠤᠨ᠎ᠠ᠃ | ᠬᠤᠶᠠᠷ ᠲᠤ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠬᠦ ᠶᠢ ᠴᠢᠩᠭᠠᠳᠬᠠᠵᠤ᠂ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠰᠢᠨ᠎ᠡ ᠰᠢᠪᠲᠤᠯᠤᠯᠲᠠ ᠶᠢ ᠠᠬᠢᠭᠤᠯᠤᠨ᠎ᠠ᠃ ᠭᠤᠯᠳᠤ ᠪᠠᠷ | ᠰᠤᠷᠤᠯᠴᠠᠬᠤ ᠶᠢ ᠣᠷᠭᠠᠨᠢᠭ ᠢᠶᠠᠷ ᠵᠣᠯᠭᠠᠭᠤᠯᠬᠤ ᠶᠢ ᠴᠢᠩᠭᠠᠳᠬᠠᠵᠤ᠂ ᠨᠢᠭᠡᠳᠦᠭᠡᠷ ᠣᠨ ᠤ ︽ᠲᠡᠭ ᠡᠬᠢᠯᠡᠯᠲᠡ︾ ᠶᠢᠨ | ᠵᠢᠭᠠᠨ ᠰᠤᠷᠭᠠᠯᠲᠠ ᠶᠢ ᠪᠠᠷᠢᠮᠲᠠᠯᠠᠵᠤ᠂ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ | ᠪᠠᠷᠢᠮᠲᠠᠯᠠᠨ ᠵᠢᠭᠠᠨ ᠰᠤᠷᠭᠠᠯᠲᠠ ᠶᠢ ᠥᠷᠨᠢᠭᠦᠯᠵᠦ᠂ ᠪᠠᠭ᠎ᠠ ᠰᠤᠷᠭᠠᠭᠤᠯᠢ ᠶᠢᠨ ᠨᠢᠭᠡ ᠠᠴᠠ ᠬᠤᠶᠠᠳᠤᠭᠠᠷ ᠣᠨ ᠤ | ᠬᠢᠴᠢᠶᠡᠯ ᠢ ᠵᠦᠶ ᠵᠣᠬᠢᠰᠲᠠᠶ ᠲᠥᠯᠦᠪᠯᠡᠵᠦ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠢᠴᠢᠶᠡᠯ ᠢ ᠵᠣᠯᠭᠠᠭᠤᠯᠬᠤ ᠶᠢ ᠠᠩᠬᠠᠷᠴᠤ᠂ ᠠᠳᠠᠯᠢ ᠪᠤᠰᠤ ᠱᠠᠲᠤᠨ ᠤ ᠠᠭᠤᠯᠭ᠎ᠠ ᠶᠢ ᠵᠦᠶ | ᠵᠣᠬᠢᠰᠲᠠᠶ ᠲᠣᠬᠢᠷᠠᠭᠤᠯᠵᠤ᠂ ᠦᠷᠭᠦᠯᠵᠢᠯᠡᠯ ᠴᠢᠨᠠᠷ ᠪᠠ ᠱᠠᠲᠤᠯᠢᠭ ᠴᠢᠨᠠᠷ ᠢ ᠢᠯᠡᠷᠡᠭᠦᠯᠦᠨ᠎ᠡ᠃ ᠬᠢᠴᠢᠶᠡᠯ ᠲᠥᠷᠦᠯ ᠤᠨ | ᠬᠥᠨᠳᠡᠯᠡᠨ ᠢᠶᠠᠷ ᠪᠦᠲᠦᠮᠵᠢᠲᠡᠶ ᠬᠠᠮᠵᠢᠯᠴᠠᠬᠤ ᠶᠢ ᠴᠢᠩᠭᠠᠳᠬᠠᠨ᠂ ᠡᠯ᠎ᠡ ᠲᠥᠷᠥᠯ ᠤᠨ ᠬᠢᠴᠢᠶᠡᠯ ᠢ 10 % ᠠᠴᠠ | ᠳᠡᠭᠡᠭᠰᠢ ᠬᠢᠴᠢᠶᠡᠯ ᠤᠨ ᠴᠠᠭ ᠢᠶᠠᠷ ᠶᠡᠷᠦᠩᠬᠡᠶᠢᠯᠡᠭᠰᠡᠨ ᠴᠢᠨᠠᠷᠲᠠᠶ ᠬᠢᠴᠢᠶᠡᠯ ᠠᠯᠤᠰᠯᠠᠭᠰᠠᠨ ᠭᠤᠤᠯ ᠰᠡᠳᠦᠪᠲᠦ | ᠰᠤᠷᠤᠯᠴᠠᠯᠭ᠎ᠠ ᠶᠢ ᠥᠷᠨᠢᠭᠦᠯᠵᠦ᠂ ᠰᠤᠷᠤᠭᠴᠢᠳ ᠤᠨ ᠮᠡᠳᠡᠯᠭᠡ ᠪᠠᠨ ᠬᠡᠷᠡᠭᠯᠡᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ | ᠦᠵᠡᠯ ᠤᠬᠠᠮᠰᠠᠷ ᠪᠠ ᠴᠢᠳᠠᠪᠤᠷᠢ ᠶᠢ ᠬᠥᠮᠥᠵᠢᠭᠦᠯᠦᠨ᠎ᠡ᠃ ᠬᠢᠴᠢᠶᠡᠯ ᠳᠡᠭᠡᠷᠡᠬᠢ ᠪᠠ ᠬᠢᠴᠢᠶᠡᠯ ᠤᠨ ᠭᠠᠳᠠᠨᠠᠬᠢ | ᠰᠤᠷᠤᠯᠴᠠᠯᠭ᠎ᠠ ᠶᠢ ᠣᠷᠭᠠᠨᠢᠭ ᠢᠶᠠᠷ ᠠᠭᠤᠰᠬᠠᠬᠤ ᠶᠢ ᠴᠢᠩᠭᠠᠳᠬᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠠ | ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠪᠦᠬᠦᠯᠢ ᠴᠣᠭᠴᠠ ᠪᠠᠷ | ᠲᠥᠯᠦᠪᠵᠢᠭᠦᠯᠦᠨ᠎ᠡ᠃ | ᠭᠤᠷᠪᠠ ᠳᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ ᠬᠤᠲᠠ ᠶᠢᠨ | ᠱᠠᠲᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠢ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ | ᠵᠢᠭᠠᠨ ᠰᠤᠷᠭᠠᠯᠲᠠ ᠶᠢᠨ ᠦᠨᠳᠦᠰᠦᠨ ᠱᠠᠭᠠᠷᠳᠠᠯᠭ᠎ᠠ᠂ ᠦᠨᠳᠦᠰᠦᠨ ᠵᠢᠷᠤᠮᠵᠢᠯ᠂ ᠦᠨᠳᠦᠰᠦᠨ ᠳᠦᠷᠢᠮ ᠢ | ᠨᠠᠶᠢᠳᠠᠪᠤᠷᠢᠵᠢᠭᠤᠯᠤᠨ᠎ᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠪᠠ | ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠬᠦ ᠶᠢ ᠪᠥᠬᠦ ᠲᠠᠯ᠎ᠠ ᠪᠠᠷ ᠠᠬᠢᠭᠤᠯᠤᠨ᠎ᠠ︔ ᠰᠤᠷᠭᠠᠨ ᠬᠥᠮᠦᠵᠢᠯ ᠢ ᠬᠢᠨᠠᠨ | ᠵᠢᠯᠣᠭᠤᠳᠬᠤ ᠶᠢ ᠴᠢᠩᠭᠠᠳᠬᠠᠵᠤ᠂ ᠬᠢᠴᠢᠶᠡᠯ ᠲᠥᠷᠥᠯ ᠤᠨ ᠦᠢᠯᠡᠳᠦᠯᠭᠡ᠂ ᠬᠢᠴᠢᠶᠡᠯ ᠲᠥᠷᠥᠯ ᠤᠨ ᠳᠠᠷᠤᠭᠠᠰᠤ ᠶᠢ | ᠬᠢᠨᠠᠨ ᠵᠢᠯᠣᠭᠤᠳᠬᠤ ᠳᠤ ᠣᠷᠣᠭᠤᠯᠤᠨ᠎ᠠ︔ ︽ᠬᠤᠶᠠᠷ ᠢ ᠬᠥᠩᠭᠡᠷᠡᠭᠦᠯᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠬᠢᠮᠡᠯ ᠣᠶᠤᠨ ᠵᠡᠷᠭᠡ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠢᠳᠡᠪᠬᠢᠲᠡᠶ ᠠᠰᠢᠭᠯᠠᠨ᠂ ᠪᠠᠭᠰᠢ ᠳᠤ ᠰᠠᠭᠤᠷᠢ | ᠮᠠᠲ᠋ᠧᠷᠢᠶᠠᠯ᠂ ᠰᠢᠯᠢᠳᠡᠭ ᠡᠬᠢ ᠪᠠᠶᠠᠯᠢᠭ ᠪᠠ ᠥᠪᠡᠷᠮᠢᠴᠡ ᠵᠢᠯᠣᠭᠤᠳᠣᠯᠭ᠎ᠠ ᠬᠠᠩᠭᠠᠨ᠎ᠠ︔ ᠳᠠᠰᠬᠠᠯ ᠤᠨ ᠦᠨᠡᠯᠡᠯᠲᠡ | ᠶᠢ ᠦᠨᠡᠨ ᠬᠦ ᠴᠢᠩᠭᠠᠳᠬᠠᠵᠤ᠂ ᠥᠪᠡᠷᠮᠢᠴᠡ ᠦᠨᠡᠯᠡᠯᠲᠡ ᠶᠢᠨ ᠦᠷ᠎ᠡ ᠳ᠋ᠦᠩ ᠢ ᠪᠣᠶ ᠪᠣᠯᠭᠠᠵᠤ᠂ ᠪᠠᠭᠰᠢ ᠶᠢ | ᠬᠠᠪᠰᠤᠷᠤᠨ ᠰᠤᠷᠤᠯᠭ᠎ᠠ ᠶᠢᠨ ᠪᠠᠶᠢᠳᠠᠯ ᠢ ᠨᠠᠷᠢᠯᠢᠭ ᠣᠨᠣᠴᠠᠲᠠᠶ ᠣᠨᠣᠰᠢᠯᠠᠨ᠎ᠠ᠃ | | ᠰᠤᠷᠭᠠᠭᠤᠯᠢ ᠶᠢᠨ ᠦᠢᠯᠡᠳᠦᠯᠭᠡ ᠶᠢ ᠤᠯᠠᠷᠢᠭᠤᠯᠬᠤ ᠬᠦᠴᠦᠨ ᠢ ᠳᠡᠭᠡᠭᠰᠢᠯᠡᠭᠦᠯᠬᠦ ᠪᠠᠷ ᠭᠤᠤᠯᠳᠠᠯᠭ᠎ᠠ | ᠪᠣᠯᠭᠠᠬᠤ ᠬᠡᠷᠡᠭᠲᠡᠢ | — ︵ᠤᠯᠤᠰ ᠤᠨ ᠰᠤᠷᠭᠠᠭᠤᠯᠢ ᠪᠠᠶᠢᠴᠠᠭᠠᠭᠴᠢ᠂ ᠪᠡᠭᠡᠵᠢᠩ ᠬᠤᠳᠠ ᠶᠢᠨ ᠵᠦᠩ ᠭᠤᠸᠠᠨ | ᠼᠦᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠤᠤᠯ ᠤᠨ ᠵᠠᠬᠢᠷᠤᠯ ᠯᠢᠦ ᠺᠧ ᠴᠢᠨ︶ | | | ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ | ᠲᠥᠰᠦᠯ ᠪᠣᠯᠤᠨ ᠬᠢᠴᠢᠶᠡᠯ ᠤᠨ ᠪᠠᠷᠢᠮᠵᠢᠶ᠎ᠠ ᠨᠢ ᠤᠯᠤᠰ ᠤᠨ ᠲᠠᠰ ᠤᠨ ᠬᠥᠮᠦᠨ ᠢ ᠬᠥᠮᠦᠵᠢᠭᠦᠯᠬᠦ ᠬᠠᠷᠠᠯᠲᠠ ᠶᠢ | ᠲᠣᠳᠤᠷᠠᠭᠤᠯᠵᠤ᠂ ᠥᠭᠡᠷᠡᠴᠢᠯᠡᠯᠲᠡ ᠶᠢᠨ ᠴᠢᠭᠯᠡᠯ ᠢ ᠨᠠᠷᠢᠯᠢᠭ ᠣᠨᠣᠴᠠᠲᠠᠢ ᠵᠢᠭᠠᠵᠤ᠂ ᠬᠢᠴᠢᠶᠡᠯ ᠤᠨ ᠠᠭᠤᠯᠭ᠎ᠠ ᠵᠢᠴᠢ | ᠵᠣᠬᠢᠶᠠᠨ ᠪᠠᠶᠢᠭᠤᠯᠤᠯᠲᠠ ᠶᠢᠨ ᠢᠯᠡᠷᠡᠬᠦ ᠬᠡᠯᠪᠡᠷᠢ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠶᠢ ᠳᠠᠬᠢᠨ ᠳᠠᠶᠢᠴᠢᠯᠠᠨ ᠪᠠᠶᠢᠷᠢᠯᠠᠭᠤᠯᠬᠤ ᠬᠥᠲᠥᠯᠪᠦᠷᠢ ᠶᠢᠨ | ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ ᠡᠯ᠎ᠡ ᠰᠤᠷᠭᠠᠭᠤᠯᠢ ᠶᠢᠨ ᠬᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠢ ᠬᠡᠷᠡᠭᠵᠢᠭᠦᠯᠬᠦ ᠳᠤ ᠪᠠᠨ ᠬᠢᠴᠢᠶᠡᠯ ᠤᠨ ᠠᠭᠤᠯᠭ᠎ᠠ᠂ ᠵᠢᠭᠠᠨ | ᠰᠤᠷᠭᠠᠬᠤ ᠪᠠ ᠵᠢᠭᠠᠨ ᠰᠤᠷᠭᠠᠬᠤ ᠠᠷᠭ᠎ᠠ ᠮᠠᠶ᠋ᠢᠭ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠬᠦᠷᠢᠶᠡᠨ ᠳᠤ | ᠭᠤᠣᠯᠳᠠᠯᠭᠠᠲᠠᠢ ᠥᠭᠡᠷᠡᠴᠢᠯᠡᠯᠲᠡ ᠬᠢᠵᠦ᠂ ᠰᠤᠷᠭᠠᠭᠤᠯᠢ ᠶᠢᠨ ᠦᠢᠯᠡᠳᠦᠯᠭᠡ ᠶᠢ ᠬᠤᠪᠢᠷᠠᠭᠤᠯᠬᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ | ᠨᠢᠭᠡ ᠳᠤ᠂ ᠤᠯᠤᠰ ᠤᠨ ᠬᠢᠴᠢᠶᠡᠯ ᠤᠨ ᠰᠤᠷᠭᠠᠭᠤᠯᠢ ᠳᠠᠬᠢ ᠠᠵᠢᠯᠯᠠᠭᠠᠨ ᠤ ᠴᠢᠳᠠᠪᠤᠷᠢ ᠶᠢ ᠴᠢᠩᠭᠠᠷᠠᠭᠤᠯᠪᠠ᠃ | ᠡᠯ᠎ᠡ ᠰᠤᠷᠭᠠᠭᠤᠯᠢ ᠶᠢᠨ ᠬᠢᠨ ᠤᠯᠤᠰ ᠤᠨ ᠬᠢᠴᠢᠶᠡᠯ ᠤᠨ ᠲᠥᠰᠦᠯ ᠪᠣᠯᠤᠨ ᠬᠢᠴᠢᠶᠡᠯ ᠤᠨ ᠪᠠᠷᠢᠮᠵᠢᠶ᠎ᠠ ᠵᠢᠴᠢ | ᠮᠤᠵᠢ ᠶᠢᠨ ᠱᠠᠲᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠬᠡᠷᠡᠭᠵᠢᠭᠦᠯᠬᠦ ᠠᠷᠭ᠎ᠠ ᠶᠢ ᠨᠠᠷᠢᠨ | ᠬᠢᠨᠠᠮᠠᠭᠠᠶ ᠰᠤᠷᠤᠯᠴᠠᠨ ᠣᠶᠢᠯᠠᠭᠠᠵᠤ᠂ ᠬᠢᠴᠢᠶᠡᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠠᠪᠤᠴᠠ ᠳᠤ ᠲᠤᠰ | ᠰᠤᠷᠭᠠᠭᠤᠯᠢ ᠶᠢᠨ ᠢᠶᠠᠨ ᠲᠤᠷᠰᠢᠯᠭ᠎ᠠ ᠪᠣᠯᠤᠨ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠨ ᠵᠠᠳᠠᠯᠵᠤ᠂ | ᠰᠤᠷᠭᠠᠭᠤᠯᠢ ᠶᠢᠨ ᠢᠶᠠᠨ ᠣᠨᠴᠠ ᠪᠠᠶᠢᠭ᠎ᠠ ᠡᠬᠢ ᠪᠠᠶᠠᠯᠢᠭ ᠪᠣᠯᠤᠨ ᠨᠥᠬᠦᠴᠡᠯ ᠢ ᠵᠠᠳᠠᠯᠵᠤ᠂ ᠤᠯᠤᠰ ᠤᠨ ᠬᠢᠴᠢᠶᠡᠯ ᠢ | ᠨᠠᠶᠢᠳᠠᠪᠤᠷᠢᠵᠢᠭᠤᠯᠬᠤ ᠰᠤᠷᠭᠠᠭᠤᠯᠢ ᠶᠢᠨ ᠥᠪᠡᠷ ᠤᠨ ᠦᠢᠯᠡᠳᠦᠯᠭᠡ ᠶᠢᠨ ᠳᠣᠭᠲᠠᠯᠴᠠᠭ᠎ᠠ ᠶᠢ ᠰᠤᠳᠤᠯᠤᠨ | ᠲᠣᠭᠲᠠᠭᠠᠵᠤ᠂ ᠬᠢᠴᠢᠶᠡᠯ ᠲᠥᠷᠦᠯ ᠤᠨ ᠪᠠᠶᠢᠷᠢᠯᠠᠭᠤᠯᠤᠯᠲᠠ ᠪᠣᠯᠤᠨ ᠬᠥᠮᠦᠨ ᠢ ᠬᠥᠮᠦᠵᠢᠭᠦᠯᠬᠦ ᠬᠢᠴᠢᠶᠡᠯ | ᠲᠥᠷᠥᠯ ᠤᠨ ᠬᠠᠷᠠᠯᠲᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠬᠤ ᠬᠡᠷᠡᠭᠲᠡᠢ᠃ | ᠬᠤᠶᠠᠷ ᠲᠤ᠂ ᠬᠥᠮᠦᠨ ᠢ ᠬᠥᠮᠦᠵᠢᠭᠦᠯᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ | ᠠᠬᠢᠭᠤᠯᠪᠠ᠃ ᠵᠢᠱᠢᠶᠡᠯᠡᠪᠡᠯ᠂ ᠬᠢᠴᠢᠶᠡᠯ ᠲᠥᠷᠦᠯ ᠨᠢ ᠲᠤᠰ ᠲᠤᠰ ᠢᠶᠠᠷ ᠢᠶᠠᠨ ᠲᠤᠭ ᠪᠣᠰᠬᠠᠵᠤ᠂ ᠬᠥᠮᠦᠨ ᠢ | ᠬᠥᠮᠦᠵᠢᠭᠦᠯᠬᠦ ᠬᠠᠮ ᠬᠦᠴᠦᠨ ᠢ ᠪᠦᠷᠢᠯᠳᠦᠭᠦᠯᠵᠦ ᠴᠢᠳᠠᠬᠤ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ | ᠰᠤᠷᠭᠠᠭᠤᠯᠢ ᠠᠴᠠ ᠣᠨᠴᠠᠭᠠᠶᠢᠯᠠᠨ ᠡᠨᠡ ᠤᠳᠠᠭᠠᠨ ᠤ ᠨᠡᠮᠡᠭᠰᠡᠨ ᠬᠢᠴᠢᠶᠡᠯ ᠲᠥᠷᠦᠯ ᠠᠯᠤᠰᠯᠠᠭᠰᠠᠨ ᠭᠤᠤᠯ | ᠰᠡᠳᠦᠪᠲᠦ ᠰᠤᠷᠤᠯᠴᠠᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠵᠣᠬᠢᠴᠠᠩᠭᠤᠶ ᠬᠢᠴᠢᠶᠡᠯ ᠢ ᠰᠤᠳᠤᠯᠤᠨ ᠨᠡᠭᠡᠭᠡᠬᠦ | ᠲᠣᠭᠲᠠᠴᠠ ᠶᠢ ᠪᠠᠶᠢᠭᠤᠯᠵᠤ᠂ ᠪᠠᠭᠰᠢ ᠶᠢ ᠬᠥᠲᠥᠯᠥᠨ ᠵᠢᠯᠣᠭᠤᠳᠴᠤ ᠬᠢᠴᠢᠶᠡᠯ ᠲᠥᠷᠦᠯ ᠤᠨ ᠵᠠᠭᠠᠭ ᠢ ᠰᠢᠪᠲᠤᠯᠵᠤ᠂ | ᠪᠠᠭᠰᠢ ᠶᠢᠨ ᠬᠢᠴᠢᠶᠡᠯ ᠲᠥᠷᠦᠯ ᠠᠯᠤᠰᠯᠠᠭᠰᠠᠨ ᠵᠢᠭᠠᠬᠤ ᠶᠢ ᠰᠤᠳᠤᠯᠬᠤ ᠠᠵᠢᠯ ᠢ ᠥᠷᠨᠢᠭᠦᠯᠬᠦ ᠶᠢ ᠵᠣᠷᠢᠭᠵᠢᠭᠤᠯᠵᠤ᠂ | ᠰᠤᠷᠤᠭᠴᠢᠳ ᠤᠨ ᠰᠤᠷᠤᠯᠴᠠᠬᠤ ᠶᠠᠪᠤᠴᠠ ᠳᠠᠬᠢ ᠥᠷᠲᠡᠭ ᠤᠨ ᠤᠳᠬ᠎ᠠ ᠠᠭᠤᠯᠭ᠎ᠠ ᠪᠠ ᠰᠣᠨᠢᠷᠬᠠᠯᠲᠤ ᠴᠢᠨᠠᠷ ᠢ | ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ | ᠭᠤᠷᠪᠠ ᠳᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠪᠡ᠃ | ᠬᠢᠴᠢᠶᠡᠯ ᠤᠨ ᠥᠭᠡᠷᠡᠴᠢᠯᠡᠯᠲᠡ ᠶᠢ ᠬᠠᠮᠢᠭ᠎ᠠ ᠬᠦᠷᠲᠡᠯ᠎ᠡ ᠬᠢᠪᠠᠯ ᠰᠤᠷᠭᠠᠭᠤᠯᠢ ᠶᠢᠨ ᠬᠠᠮᠢᠶᠠᠷᠤᠯᠲᠠ ᠶᠢ ᠲᠡᠨᠳᠡ | ᠬᠦᠷᠲᠡᠯ᠎ᠡ ᠳᠡᠮᠵᠢᠵᠦ᠂ ᠰᠠᠶᠢᠨ ᠰᠠᠶᠢᠬᠠᠨ ᠲᠦᠷᠢᠮ ᠤᠨ ᠣᠷᠴᠢᠨ ᠨᠥᠬᠦᠴᠡᠯ ᠢ ᠪᠣᠶ ᠪᠣᠯᠭᠠᠵᠤ᠂ ᠪᠠᠭᠰᠢ ᠶᠢᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠳᠤ ᠣᠷᠣᠨ ᠵᠠᠶ ᠡᠭᠦᠳᠴᠦ ᠥᠭᠪᠡ᠃ ᠡᠳᠦᠷ ᠲᠤᠲᠤᠮ ᠤᠨ ᠴᠢᠨᠠᠷᠯᠢᠭ ᠵᠢᠭᠠᠨ | ᠰᠤᠷᠭᠠᠯᠲᠠ ᠶᠢᠨ ᠰᠤᠳᠤᠯᠭᠠᠨ ᠢ ᠥᠷᠨᠢᠭᠦᠯᠬᠦ ᠪᠠᠷ ᠳᠠᠮᠵᠢᠭᠤᠯᠤᠨ᠂ ᠪᠠᠭᠰᠢ ᠶᠢᠨ ᠲᠤᠰᠬᠠᠶ ᠮᠡᠷᠭᠡᠵᠢᠯ ᠤᠨ | ᠬᠥᠭᠵᠢᠯᠲᠡ ᠳᠤ ᠬᠦᠴᠦᠨ ᠨᠡᠮᠡᠷᠢᠯᠡᠪᠡ᠃ ᠤᠯᠠᠮᠵᠢᠯᠠᠯᠲᠤ ︽ᠶᠡᠭᠡ ᠲᠣᠯᠬᠢᠶᠠᠨᠲᠤ︾ ᠮᠡᠳᠡᠭᠦᠯᠦᠯᠲᠡ ᠰᠣᠨᠣᠰᠬᠤ | ᠪᠣᠯᠪᠠᠰᠤᠷᠠᠭᠤᠯᠤᠯ ᠪᠠ ︽ᠺᠠᠷᠲ ᠴᠣᠬᠢᠬᠤ ᠮᠠᠶ᠋ᠢᠭ︾ ᠤᠨ ᠵᠢᠭᠠᠬᠤ ᠶᠢ ᠰᠤᠳᠤᠯᠬᠤ ᠠᠷᠭ᠎ᠠ ᠵᠠᠮ ᠳᠤ ᠲᠦᠰᠢᠭᠯᠡᠬᠦ ᠶᠢ | ᠲᠠᠶᠠᠭᠳᠠᠬᠤ ᠬᠡᠷᠡᠭᠲᠡᠢ᠃ ᠪᠠᠭᠰᠢ ᠶᠢᠨ ᠲᠤᠰᠬᠠᠶ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠢᠴᠢᠶᠡᠯ ᠤᠨ ᠪᠠᠷᠢᠮᠵᠢᠶ᠎ᠠ ᠶᠢ ᠱᠠᠲᠤ ᠬᠤᠪᠢᠶᠠᠨ ᠰᠤᠷᠤᠯᠴᠠᠬᠤ ᠪᠠ ᠲᠤᠰᠬᠠᠶ | ᠰᠡᠳᠦᠪ ᠢᠶᠠᠷ ᠦᠢᠯᠡᠳᠦᠯᠭᠡᠵᠢᠭᠦᠯᠬᠦ ᠶᠢ ᠰᠤᠳᠤᠯᠤᠨ ᠳᠣᠭᠲᠠᠭᠠᠬᠤ ᠬᠡᠷᠡᠭᠲᠡᠢ᠃ ᠵᠢᠭᠠᠨ ᠰᠤᠷᠭᠠᠯᠲᠠ ᠶᠢ ᠦᠨᠡᠯᠡᠬᠦ | ᠢᠳᠡᠪᠬᠢᠲᠡᠶ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠪᠠᠭᠰᠢ ᠶᠢ ︽ᠵᠢᠭᠠᠬᠤ ᠮᠠᠲ᠋ᠧᠷᠢᠶᠠᠯ᠂ ᠰᠢᠯᠭᠠᠯᠲᠠ᠂ | ᠬᠤᠪᠢ︾ ᠭᠡᠬᠦ ᠵᠢᠵᠢᠭ ᠶᠢᠷᠲᠢᠨᠴᠦ ᠠᠴᠠ ᠭᠠᠷᠭᠠᠬᠤ ᠪᠠᠷ ᠬᠥᠲᠥᠯᠥᠨ ᠵᠢᠯᠣᠭᠤᠳᠴᠤ᠂ ᠨᠠᠩ ᠥᠷᠭᠡᠨ ᠳᠡᠯᠭᠡᠷ | ᠬᠠᠷᠠᠭᠠᠰᠤ ᠠᠴᠠ ᠰᠢᠨ᠎ᠡ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢ ᠰᠤᠳᠤᠯᠵᠤ᠂ | ᠤᠯᠤᠰ ᠤᠨ ᠬᠢᠴᠢᠶᠡᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠴᠡᠭᠰᠡᠨ ᠬᠢᠴᠢᠶᠡᠯ ᠤᠨ ᠲᠠᠩᠬᠢᠮ ᠤᠨ | ᠦᠢᠯᠡᠳᠦᠯᠭᠡ ᠶᠢ ᠪᠠᠶᠢᠭᠤᠯᠵᠤ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠭᠰᠡᠨ᠂ ᠢᠷᠡᠭᠡᠳᠦᠶ ᠳᠤ | ᠬᠠᠨᠳᠤᠭᠰᠠᠨ ᠰᠤᠷᠭᠠᠭᠤᠯᠢ ᠶᠢᠨ ᠴᠢᠨᠠᠷᠯᠢᠭ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠶ᠃ | | |