ᠰᠢᠨ᠎ᠡ ︽ᠬᠤᠶᠠᠷ ᠬᠥᠲᠥᠯᠪᠦᠷᠢ︾ ᠪᠠᠷ ᠥᠪᠥᠷ ᠮᠣᠩᠭᠤᠯ ᠤᠨ ᠡᠮᠡᠭᠲᠡᠶᠢᠴᠦᠳ ᠬᠡᠤᠬᠡᠳ ᠤᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠢ ᠬᠥᠲᠥᠯᠦᠨ ᠳᠠᠭᠠᠭᠤᠯᠤᠶ᠎ᠠ
ᠨᠡᠶᠢᠲᠡᠯᠡᠭᠰᠡᠨ ᠴᠠᠭ᠄
2022/8/25
     ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠠᠭᠤᠯᠭ᠎ᠠ ᠶᠢᠨ ᠲᠣᠪᠴᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠡᠶᠢᠲᠡᠯᠡᠨ ᠬᠡᠷᠡᠭᠵᠢᠭᠦᠯᠦᠭᠰᠡᠨ ᠪᠦᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠᠬᠢ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠮᠥᠨ᠃ ᠡᠮᠡᠭᠲᠡᠶᠢᠴᠦᠳ ᠬᠡᠤᠬᠡᠳ ᠤᠳ ᠤᠨ ᠬᠥᠭᠵᠢᠯᠲᠡ ᠶᠢᠨ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠬᠦ ᠨᠢ ᠮᠠᠨ ᠤ ᠣᠷᠣᠨ ᠤ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ᠂ ᠬᠡᠤᠬᠡᠳ ᠢ ᠤᠷᠢᠳ ᠢᠶᠠᠷ ᠪᠣᠳᠤᠯᠬᠢᠯᠠᠬᠤ ᠦᠨᠳᠦᠰᠦᠨ ᠵᠠᠷᠴᠢᠮ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠤᠬᠡᠳ ᠤᠳ ᠤᠨ ᠬᠥᠭᠵᠢᠯᠲᠡ ᠶᠢᠨ ᠣᠷᠴᠢᠨ ᠨᠥᠭᠦᠴᠡᠯ ᠢ ᠰᠢᠯᠢᠳᠡᠭᠵᠢᠭᠦᠯᠦᠨ᠂ ᠡᠮᠡᠭᠲᠡᠶᠢᠴᠦᠳ ᠬᠡᠤᠬᠡᠳ ᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠪᠥᠬᠦ ᠣᠷᠣᠨ ᠤ ᠡᠮᠡᠭᠲᠡᠶᠢᠴᠦᠳ ᠬᠡᠤᠬᠡᠳ ᠤᠳ ᠤᠨ ᠦᠢᠯᠡᠰ ᠤᠨ ᠰᠢᠨ᠎ᠡ ᠴᠠᠭ ᠦᠶ᠎ᠡ ᠳᠤ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠲᠡᠮᠳᠡᠭᠯᠡᠯ      ᠬᠥᠲᠥᠯᠥᠭᠴᠢ      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠᠨ ᠪᠦᠬᠦᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠲᠣᠰ ᠬᠤᠭᠤᠴᠠᠭᠠᠨ ᠤ ᠫᠷᠤᠭ᠍ᠷᠠᠮ ᠳᠤ ᠪᠢᠳᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠤᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ ᠶᠢ ᠤᠷᠢᠯ᠎ᠠ᠃ ᠭᠦᠸᠧ ᠲᠡᠷᠢᠭᠦᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠢᠨ᠎ᠠ︕      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠬᠥᠲᠥᠯᠥᠭᠴᠢ ᠰᠠᠶᠢᠨ ᠤᠤ︕ ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠢᠶᠠᠷ ᠳᠠᠮᠵᠢᠭᠤᠯᠤᠨ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠪᠠᠨ ᠥᠨᠥᠳᠦᠷ ᠤᠨ ᠭᠤᠤᠯ ᠰᠡᠳᠦᠪ ᠢᠶᠠᠨ ᠶᠠᠷᠢᠯᠴᠠᠬᠤ ᠪᠣᠯᠤᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠂ ᠮᠥᠨ ᠴᠦ ᠲᠠ ᠪᠦᠬᠦᠨ ᠤ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠤᠬᠡᠳ ᠤᠳ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃      ᠬᠥᠲᠥᠯᠥᠭᠴᠢ      ᠭᠦᠸᠧ ᠲᠡᠷᠢᠭᠦᠯᠡᠭᠴᠢ ᠡ᠂ ᠥᠨᠥᠳᠦᠷ ᠲᠠᠨ ᠲᠠᠢ ᠶᠠᠷᠢᠯᠴᠠᠬᠤ ᠭᠡᠵᠦ ᠪᠠᠶᠢᠭ᠎ᠠ ᠰᠡᠳᠦᠪ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠤᠬᠡᠳ ᠤᠳ ᠤᠨ ᠬᠥᠭᠵᠢᠯᠲᠡ ᠶᠢᠨ ᠬᠥᠲᠥᠯᠪᠦᠷᠢ︾ ᠪᠣᠯᠤᠨ᠎ᠠ᠃ ᠶᠠᠭᠤᠨ ᠤ ᠲᠡᠷᠢᠭᠦᠨ ᠳᠤ ᠪᠢ ᠥᠪᠡᠷᠲᠡᠭᠡᠨ ᠡᠨᠡ ᠰᠡᠳᠦᠪ ᠢ ᠶᠡᠭᠡ ᠰᠣᠨᠢᠷᠬᠠᠳᠠᠭ᠂ ᠡᠮᠡᠭᠲᠡᠶᠢᠴᠦᠳ ᠬᠡᠦᠬᠡᠳ ᠤᠳ ᠤᠨ ᠡᠷᠬᠡ ᠠᠰᠢᠭ ᠤᠨ ᠬᠠᠮᠠᠭᠠᠯᠠᠯᠲᠠ ᠨᠢ ᠭᠡᠷ ᠪᠦᠯᠢ ᠨᠢᠭᠡᠪᠦᠷᠢ ᠲᠠᠢ ᠨᠢᠭᠲᠠ ᠬᠤᠯᠪᠣᠭ᠎ᠠ ᠲᠠᠢ᠂ ᠵᠠᠷᠢᠮ ᠬᠡᠮᠵᠢᠶᠡᠨ ᠳᠤ ᠨᠢᠭᠡ ᠭᠡᠷ ᠪᠦᠯᠢ ᠶᠢᠨ ᠵᠣᠯ ᠵᠢᠷᠭᠠᠯ ᠲᠠᠢ ᠪᠠᠶᠢᠬᠤ ᠡᠰᠡᠬᠦ᠂ ᠵᠣᠯ ᠵᠢᠷᠭᠠᠯ ᠤᠨ ᠬᠡᠮᠵᠢᠶ᠎ᠡ ᠥᠨᠳᠥᠷ ᠡᠰᠡᠬᠦ ᠳᠤ ᠡᠮᠡᠭᠲᠡᠶᠢᠴᠦᠳ ᠬᠡᠦᠬᠡᠳ ᠤᠳ ᠤᠨ ᠬᠠᠨᠤᠮᠵᠢ ᠶᠢᠨ ᠬᠡᠮᠵᠢᠶ᠎ᠡ ᠲᠦᠢᠯ ᠤᠨ ᠴᠢᠬᠤᠯᠠ ᠬᠤᠯᠪᠤᠭ᠎ᠠ ᠲᠠᠢ ᠪᠠᠶᠢᠳᠠᠭ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠦᠨᠡᠨ ᠳᠤ ᠪᠠᠨ ᠨᠠᠮ ᠪᠠ ᠵᠠᠰᠠᠭ ᠤᠨ ᠣᠷᠳᠣᠨ ᠡᠮᠡᠭᠲᠡᠶᠢᠴᠦᠳ ᠬᠡᠦᠬᠡᠳ ᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠢ ᠬᠥᠭᠵᠢᠭᠦᠯᠬᠦ ᠶᠢ ᠨᠠᠮ ᠪᠠ ᠤᠯᠤᠰ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠣᠯᠭᠠᠭᠰᠠᠭᠠᠷ ᠢᠷᠡᠭᠰᠡᠨ ᠶᠤᠮ᠃ ᠡᠮᠡᠭᠲᠡᠶᠢᠴᠦᠳ ᠬᠡᠦᠬᠡᠳ ᠤᠳ ᠪᠣᠯ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠬᠦᠷᠲᠡᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠴᠢᠬᠤᠯᠠ ᠬᠦᠴᠦᠨ᠂ ᠮᠥᠨ ᠴᠤ ᠠᠮᠢᠳᠤ ᠬᠦᠴᠦᠨ ᠨᠢ ᠶᠤᠮ᠂ ᠡᠮᠡᠭᠲᠡᠶᠢᠴᠦᠳ ᠢ ᠬᠦᠨᠳᠦᠳᠬᠡᠵᠦ ᠬᠡᠦᠬᠡᠳ ᠤᠳ ᠢ ᠬᠠᠯᠠᠮᠵᠢᠯᠠᠨ ᠬᠠᠶᠢᠷᠠᠯᠠᠬᠤ ᠪᠣᠯ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ᠂ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠪᠣᠯ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠠᠭᠤᠯᠭ᠎ᠠ ᠮᠥᠨ᠃      ᠬᠥᠲᠥᠯᠥᠭᠴᠢ      ᠪᠢᠳᠡᠨ ᠤ ᠮᠡᠳᠡᠭᠡᠵᠢ ᠪᠠᠷ᠂ 2011 — 2020 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠤᠬᠡᠳ ᠤᠳ ᠤᠨ ᠬᠥᠭᠵᠢᠯᠲᠡ ᠶᠢᠨ ᠬᠥᠲᠥᠯᠪᠦᠷᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠣᠯᠠᠨ ᠰᠠᠶᠢᠨ ᠠᠷᠭ᠎ᠠ ᠬᠡᠮᠵᠢᠶ᠎ᠡ ᠰᠠᠶᠢᠨ ᠲᠥᠷᠥ ᠶᠢᠨ ᠪᠣᠳᠣᠯᠭ᠎ᠠ ᠨᠤᠭᠤᠳ ᠢ ᠨᠡᠶᠢᠲᠡᠯᠡᠨ ᠬᠡᠷᠡᠭᠵᠢᠭᠦᠯᠵᠦ ᠡᠮᠡᠭᠲᠡᠶᠢᠴᠦᠳ ᠬᠡᠤᠬᠡᠳ ᠤᠳ ᠤᠨ ᠡᠷᠬᠡ ᠠᠰᠢᠭ ᠢ ᠬᠠᠮᠠᠭᠠᠯᠠᠭᠰᠠᠭᠠᠷ ᠢᠷᠡᠯ᠎ᠡ᠂ ᠲᠡᠭᠡᠪᠡᠯ ᠡᠨᠡ 10 ᠵᠢᠯ ᠤᠨ ᠲᠤᠷᠰᠢ ᠬᠢᠷᠢ ᠵᠡᠷᠭᠡ ᠦᠷ᠎ᠡ ᠪᠦᠲᠦᠮᠵᠢ ᠣᠯᠣᠭᠰᠠᠨ ᠪᠣᠶ︖      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠶᠡᠷᠡᠭᠡᠳ ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ ᠭᠤᠷᠪᠠᠨ ᠦᠶᠡᠯᠡᠯ ᠤᠨ ᠬᠤᠭᠤᠴᠠᠭᠠᠨ ᠤ ᠡᠮᠡᠭᠲᠡᠶᠢᠴᠦᠳ ᠬᠡᠤᠬᠡᠳ ᠤᠳ ᠤᠨ ᠬᠥᠭᠵᠢᠯᠲᠡ ᠶᠢᠨ ᠬᠥᠲᠥᠯᠪᠦᠷᠢ ᠶᠢ ᠪᠡᠶᠡᠯᠡᠭᠦᠯᠦᠨ ᠬᠡᠷᠡᠭᠵᠢᠭᠦᠯᠵᠦ᠂ 30 ᠵᠢᠯ ᠤᠨ ᠲᠤᠷᠰᠢ ᠡᠮᠡᠭᠲᠡᠶᠢᠴᠦᠳ ᠬᠡᠦᠬᠡᠳ ᠤᠳ ᠤᠨ ᠡᠷᠬᠡ ᠠᠰᠢᠭ ᠢ ᠬᠠᠮᠠᠭᠠᠯᠠᠬᠤ ᠳᠤ ᠴᠢᠬᠤᠯᠠ ᠪᠠᠲᠤᠯᠠᠭ᠎ᠠ ᠬᠠᠩᠭᠠᠵᠠᠢ᠃ ᠢᠯᠠᠩᠭᠤᠶ᠎ᠠ 2011—2020 ᠣᠨ ᠳᠤ ︽ᠬᠤᠶᠠᠷ ᠬᠥᠲᠥᠯᠪᠦᠷᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠪᠠ ᠬᠡᠤᠬᠡᠳ ᠢ ᠤᠷᠢᠳ ᠢᠶᠠᠷ ᠪᠣᠳᠤᠯᠬᠢᠯᠠᠬᠤ ᠵᠠᠷᠴᠢᠮ ᠢ ᠬᠢᠨᠠᠮᠠᠭᠠᠶ ᠲᠤᠭᠤᠰᠢᠯᠠᠭᠤᠯᠤᠨ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢᠨ ᠴᠢᠬᠤᠯᠠ ᠪᠠᠶᠢᠷᠢᠨ ᠳᠤ ᠲᠠᠯᠪᠢᠵᠤ᠂ ︽ᠬᠤᠶᠠᠷ ᠬᠥᠲᠥᠯᠪᠦᠷᠢ︾ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠡᠮᠡᠭᠲᠡᠶᠢᠴᠦᠳ ᠤᠨ ᠬᠥᠭᠵᠢᠯᠲᠡ᠂ ᠬᠡᠤᠬᠡᠳ ᠤᠳ ᠤᠨ ᠪᠤᠶᠢᠵᠢᠯᠲᠠ ᠶᠢᠨ ᠣᠷᠴᠢᠨ ᠨᠥᠭᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠰᠢᠨ᠎ᠡ ᠠᠮᠵᠢᠯᠲᠠ ᠤᠯᠪᠠ᠃      ᠨᠢᠭᠡ᠂ ᠡᠮᠡᠭᠲᠡᠶᠢᠴᠦᠳ ᠤᠨ ᠡᠷᠬᠡ ᠠᠰᠢᠭ ᠢ ᠪᠦᠬᠦ ᠲᠠᠯ᠎ᠠ ᠪᠠᠷ ᠬᠠᠮᠠᠭᠠᠯᠠᠨ ᠬᠦᠭᠵᠢᠭᠦᠯᠵᠡᠢ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠣᠷᠣᠨ ᠤ ᠡᠮᠡᠭᠲᠡᠶᠢᠴᠦᠳ ᠤᠨ ᠬᠥᠮᠦᠨ ᠳᠤᠮᠳᠠᠴᠢ ᠶᠢᠨ ᠵᠢᠱᠢᠯᠲᠡ ᠨᠠᠰᠤᠨ ᠬᠤᠲᠤᠭ 80.45 ᠨᠠᠰᠤᠨ ᠳᠤ ᠬᠦᠷᠴᠦ᠂ 2010 ᠣᠨ ᠤ ᠬᠢ ᠠᠴᠠ 3.18 ᠨᠠᠰᠤ ᠦᠨᠳᠦᠷ ᠪᠣᠯᠪᠠ᠃ ᠡᠮᠡᠭᠲᠡᠶᠢᠴᠦᠳ ᠤᠨ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ ᠲᠠᠰᠤᠷᠠᠯᠳᠠ ᠥᠭᠡᠢ ᠳᠡᠭᠡᠭᠰᠢᠯᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠭ᠎ᠠ ᠡᠮᠡᠭᠲᠡᠶ ᠰᠤᠷᠤᠬᠴᠢ ᠶᠢᠨ ᠬᠠᠷᠢᠴᠠᠯ 51.73% ᠶᠢ ᠡᠵᠡᠯᠡᠵᠦ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠪᠠᠶᠢᠭ᠎ᠠ ᠡᠮᠡᠭᠲᠡᠶ ᠰᠤᠷᠤᠬᠴᠢ ᠶᠢᠨ ᠬᠠᠷᠢᠴᠠᠯ 51.95% ᠶᠢ ᠡᠵᠡᠯᠡᠵᠦ ᠪᠠᠶᠢᠨ᠎ᠠ᠃ ᠡᠮᠡᠭᠲᠡᠶᠢᠴᠦᠳ ᠤᠨ ᠠᠵᠤ ᠠᠬᠤᠶ ᠶᠢᠨ ᠬᠥᠭᠵᠢᠯᠲᠡ ᠳᠤ ᠣᠷᠣᠯᠴᠠᠬᠤ ᠴᠢᠳᠠᠪᠤᠷᠢ ᠪᠠ ᠬᠤᠪᠢ ᠨᠡᠮᠡᠷᠢ ᠶᠢᠨ ᠨᠤᠷᠮ᠎ᠠ ᠮᠡᠳᠡᠭᠳᠡᠬᠦ᠋ᠢᠴᠡ ᠳᠡᠭᠡᠭᠰᠢᠯᠡᠵᠦ᠂ ᠡᠮᠡᠭᠲᠡᠶᠢᠴᠦᠳ ᠤᠨ ᠠᠵᠢᠯ ᠤᠯᠬᠤ ᠠᠷᠭ᠎ᠠ ᠵᠠᠮ ᠨᠢ ᠲᠠᠰᠤᠷᠠᠯᠳᠠ ᠦᠭᠡᠢ ᠦᠷᠭᠡᠳᠴᠦ᠂ ᠬᠥᠳᠡᠯᠮᠦᠷᠢ ᠠᠵᠢᠯ ᠣᠯᠭᠤᠯᠲᠠ ᠶᠢᠨ ᠡᠷᠬᠡ ᠠᠳᠠᠯᠢ ᠲᠡᠭᠰᠢ ᠪᠠᠲᠤᠯᠠᠭ᠎ᠠ ᠲᠠᠢ ᠪᠣᠯᠵᠠᠢ᠃ ᠡᠮᠡᠭᠲᠡᠶᠢᠴᠦᠳ ᠤᠨ ᠠᠷᠠᠳᠴᠢᠯᠠᠭᠰᠠᠨ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢ ᠴᠢᠨᠠᠷ ᠢᠯᠡᠳᠲᠡ ᠴᠢᠩᠭᠠᠷᠠᠵᠤ᠂ ᠡᠮᠡᠭᠲᠡᠶᠢᠴᠦᠳ ᠤᠨ ᠠᠰᠠᠷᠠᠮᠵᠢ ᠶᠢᠨ ᠪᠠᠲᠤᠯᠠᠭ᠎ᠠ ᠦᠷᠭᠦᠯᠵᠢᠯᠡᠨ ᠴᠢᠩᠭᠠᠷᠠᠵᠤ᠂ ᠥᠷᠭᠡᠨ ᠤᠯᠠᠨ ᠡᠮᠡᠭᠲᠡᠶᠢᠴᠦᠳ ᠤᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃      ᠬᠤᠶᠠᠷ᠂ ᠥᠷᠭᠡᠨ ᠤᠯᠠᠨ ᠪᠠᠭᠠᠴᠤᠳ ᠬᠡᠦᠬᠡᠳ ᠤᠳ ᠡᠷᠡᠭᠦᠯ ᠢᠶᠠᠷ ᠦᠰᠦᠨ ᠪᠤᠶᠢᠵᠢᠵᠤ ᠪᠣᠢ᠃ ᠬᠡᠦᠬᠡᠳ ᠤᠳ ᠤᠨ ᠡᠷᠡᠭᠦᠯ ᠮᠡᠨᠳᠤ ᠪᠦᠬᠦ ᠲᠠᠯ᠎ᠠ ᠪᠠᠲᠤᠯᠠᠭ᠎ᠠ ᠲᠠᠢ ᠪᠣᠯᠵᠤ᠂ ᠨᠢᠯᠬ᠎ᠠ ᠬᠡᠦᠬᠡᠳ ᠤᠨ ᠦᠬᠦᠯ ᠤᠨ ᠨᠤᠷᠮ᠎ᠠ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠤᠷᠮ᠎ᠠ ᠨᠢ 2010 ᠣᠨ ᠤ ᠬᠢ ᠠᠴᠠ ᠳᠤᠰ ᠳᠤᠰ 71.1% ᠪᠠ 71.2% ᠢᠶᠠᠷ ᠪᠠᠭᠤᠷᠠᠵᠤ᠂ ᠬᠡᠦᠬᠡᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ ᠡᠪᠡᠳᠴᠢᠨ ᠢ ᠪᠦᠲᠦᠮᠵᠢᠲᠡᠶ ᠪᠠᠷ ᠰᠡᠷᠭᠡᠶᠢᠯᠡᠨ ᠵᠠᠰᠠᠪᠠ᠃ ᠬᠡᠦᠬᠡᠳ ᠤᠳ ᠤᠨ ᠰᠤᠷᠭᠠᠨ ᠬᠥᠮᠦᠵᠢᠯ ᠬᠦᠷᠲᠡᠭᠰᠡᠨ ᠬᠢᠷᠢ ᠲᠥᠪᠰᠢᠨ ᠲᠣᠭᠲᠠᠭᠤᠨ ᠢᠶᠠᠷ ᠳᠡᠭᠡᠭᠰᠢᠯᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠦᠬᠦ ᠨᠤᠷᠮ᠎ᠠ 2010 ᠣᠨ ᠤ ᠬᠢ ᠠᠴᠠ 38.7 ᠵᠠᠭᠤᠨ ᠤ ᠴᠡᠭ ᠳᠡᠭᠡᠭᠰᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠶᠠᠳᠠᠭᠤ ᠬᠦᠴᠢᠷᠳᠡᠯᠲᠡᠶ ᠠᠴᠠ ᠪᠤᠯᠵᠤ ᠰᠤᠷᠤᠯᠭ᠎ᠠ ᠪᠠᠨ ᠲᠤᠷᠭᠤᠨ ᠵᠣᠭᠰᠤᠬᠤ ᠪᠠᠶᠢᠳᠠᠯ ᠢ ᠬᠥᠳᠡᠯᠦᠩᠭᠦᠶ ᠪᠠᠷ ᠦᠭᠡᠢ ᠪᠣᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠦᠬᠦ ᠨᠤᠷᠮ᠎ᠠ       94.63% ᠳᠤ ᠬᠦᠷᠴᠡᠢ᠃ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠨᠡᠩ ᠥᠳᠬᠡᠷᠡᠭᠦᠯᠪᠡ᠃      ᠬᠥᠲᠥᠯᠥᠭᠴᠢ      ᠭᠦᠸᠧ ᠲᠡᠷᠢᠭᠦᠯᠡᠭᠴᠢ ᠡ᠂ ᠲᠠᠨ ᠤ ᠰᠠᠶ᠋ᠢ ᠶᠢᠨ ᠵᠢᠭᠰᠠᠭᠠᠭᠰᠠᠨ ᠲᠡᠷᠡ ᠤᠯᠠᠨ ᠲᠤᠭ᠎ᠠ ᠪᠠᠷᠢᠮᠲᠠ ᠨᠤᠭᠤᠳ ᠵᠢᠴᠢ ᠪᠢᠳᠡᠨ ᠤ ᠳᠡᠷᠭᠡᠳᠡᠬᠢ ᠠᠯᠢ ᠤᠯᠠᠨ ᠬᠤᠪᠢᠷᠠᠯᠲᠠ ᠨᠤᠭᠤᠳ᠂ ᠵᠢᠱᠢᠶᠡᠯᠡᠪᠡᠯ ᠡᠮᠡᠭᠲᠡᠶᠢᠴᠦᠳ ᠤᠨ ᠨᠡᠶᠢᠭᠡᠮ ᠤᠨ ᠡᠯ᠎ᠡ ᠬᠦᠷᠢᠶ᠎ᠡ ᠡᠯ᠎ᠡ ᠠᠵᠢᠯ ᠲᠦᠷᠦᠯ ᠳᠠᠬᠢ ᠣᠷᠣᠯᠴᠠᠯᠭ᠎ᠠ ᠶᠢᠨ ᠬᠡᠮᠵᠢᠶ᠎ᠡ᠂ ᠬᠡᠦᠬᠡᠳ ᠤᠳ ᠤᠨ ᠰᠤᠷᠭᠠᠨ ᠬᠥᠮᠦᠵᠢᠯ ᠬᠦᠷᠲᠡᠬᠦ ᠲᠦᠪᠰᠢᠨ ᠵᠡᠷᠭᠡ ᠠᠴᠠ ᠪᠦᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠣᠯᠵᠤ ᠬᠠᠷᠠᠨ᠎ᠠ᠃ ᠲᠡᠭᠡᠪᠡᠯ 2021 ᠣᠨ ᠠᠴᠠ ᠡᠬᠢᠯᠡᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠡᠬᠢᠯᠡᠯᠲᠡ᠂ ᠰᠢᠨ᠎ᠡ ᠴᠠᠭ ᠦᠶ᠎ᠡ ᠨᠢ ᠮᠠᠨ ᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠲᠤ ᠰᠢᠨ᠎ᠡ ᠠᠭᠤᠯᠤᠭᠳᠠᠬᠤᠨ ᠨᠡᠮᠡᠷᠢᠯᠡᠭᠰᠡᠨ ᠪᠠᠶᠢᠨ᠎ᠠ᠂ ᠡᠨᠡ ᠬᠦ ᠰᠢᠨ᠎ᠡ ︽ᠬᠤᠶᠠᠷ ᠬᠥᠲᠥᠯᠪᠦᠷᠢ︾ ᠳᠤ ᠶᠠᠮᠠᠷ ᠶᠠᠮᠠᠷ ᠰᠢᠨ᠎ᠡ ᠬᠤᠪᠢᠷᠠᠯᠲᠠ ᠪᠠᠶᠢᠬᠤ ᠪᠤᠢ᠂ ᠥᠭᠡᠷ᠎ᠡ ᠪᠠᠷ ᠬᠡᠯᠡᠪᠡᠯ ᠶᠠᠮᠠᠷ ᠶᠠᠮᠠᠷ ᠬᠢᠯᠠᠰ ᠴᠡᠭ ᠪᠠ ᠣᠨᠴᠠᠯᠢᠭ ᠪᠠᠶᠢᠬᠤ ᠪᠣᠶ︖      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠰᠢᠨ᠎ᠡ ᠴᠠᠭ ᠦᠶ᠎ᠡ ᠳᠤ ᠬᠠᠨᠳᠤᠨ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ᠂ ᠬᠡᠦᠬᠡᠳ᠂ ᠭᠡᠷ ᠪᠦᠯᠢ ᠶᠢᠨ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠤᠨ ᠰᠢᠨ᠎ᠡ ︽ᠬᠤᠶᠠᠷ ᠬᠥᠲᠥᠯᠪᠦᠷᠢ︾ ᠶᠢᠨ ᠪᠠᠷᠢᠮᠵᠢᠶ᠎ᠠ ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶ ᠶᠢ ᠨᠠᠶᠢᠷᠠᠭᠤᠯᠤᠨ ᠵᠣᠬᠢᠶᠠᠵᠤ᠂ ᠢᠷᠡᠭᠡᠳᠦᠶ ᠶᠢᠨ ᠠᠷᠪᠠᠨ ᠵᠢᠯ ᠤᠨ ᠪᠥᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠳᠤ ᠪᠥᠬᠦ ᠲᠠᠯ᠎ᠠ ᠶᠢᠨ ᠪᠥᠬᠦ ᠶᠠᠪᠤᠴᠠ ᠶᠢᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠬᠢᠪᠠ᠃      ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ ᠲᠣᠰ ᠪᠦᠷᠢ 4 ᠬᠡᠰᠡᠭ ᠢᠶᠠᠷ ᠪᠦᠷᠢᠯᠳᠦᠪᠡ᠃ ᠨᠢᠭᠡ ᠳᠤ ︽ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠶ ᠬᠠᠷᠠᠯᠲᠠ︾︔ ᠬᠤᠶᠠᠷ ᠲᠤ ︽ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠤᠳᠤᠯᠭ᠎ᠠ ᠶᠢᠨ ᠠᠷᠭ᠎ᠠ ᠬᠡᠮᠵᠢᠶ᠎ᠡ︾︔ ᠭᠤᠷᠪᠠ ᠳᠤ ︽ᠵᠣᠬᠢᠶᠠᠨ ᠪᠠᠶᠢᠭᠤᠯᠤᠯᠲᠠ ᠬᠡᠷᠡᠭᠵᠢᠭᠦᠯᠦᠯᠲᠡ︾︔ ᠲᠦᠷᠪᠡ ᠳᠤ ︽ᠬᠢᠨᠠᠨ ᠬᠡᠮᠵᠢᠯᠲᠡ ᠦᠨᠡᠯᠡᠯᠲᠡ ᠵᠢᠱᠢᠯᠲᠡ︾ ᠪᠣᠯᠤᠨ᠎ᠠ᠃ ᠡᠮᠡᠭᠲᠡᠶᠢᠴᠦᠳ ᠤᠨ ᠬᠥᠭᠵᠢᠯᠲᠡ ᠶᠢᠨ ᠬᠦᠲᠦᠯᠪᠦᠷᠢ ᠳᠤ ᠭᠤᠣᠯᠳᠠᠭᠤ ᠡᠮᠡᠭᠲᠡᠶᠢᠴᠦᠳ ᠬᠢᠭᠡᠳ ᠡᠷᠡᠭᠦᠯ ᠮᠡᠨᠳᠤ᠂ ᠰᠤᠷᠭᠠᠨ ᠬᠥᠮᠦᠵᠢᠯ᠂ ᠠᠵᠤ ᠠᠬᠤᠶ᠂ ᠰᠢᠢᠳᠪᠦᠷᠢᠲᠦ ᠪᠤᠳᠤᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠭᠡᠷ ᠪᠦᠯᠢ ᠶᠢᠨ ᠪᠠᠶᠢᠭᠤᠯᠤᠯᠲᠠ᠂ ᠣᠷᠴᠢᠨ ᠨᠥᠭᠦᠴᠡᠯ᠂ ᠬᠠᠤᠯᠢ ᠴᠠᠭᠠᠵᠠ ᠵᠡᠷᠭᠡ 8 ᠬᠦᠷᠢᠶ᠎ᠡ ᠶᠢᠨ ᠲᠣᠭᠤᠷᠢᠨ ᠳᠤ 81 ᠵᠦᠢᠯ ᠤᠨ ᠭᠤᠣᠯ ᠬᠠᠷᠠᠯᠲᠠ ᠡᠭᠦᠷᠭᠡ ᠪᠠ 97 ᠵᠦᠢᠯ ᠤᠨ ᠠᠷᠭ᠎ᠠ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠠᠶ᠃ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠳᠤ ᠭᠤᠤᠯᠳᠠᠭᠤ ᠬᠡᠤᠬᠡᠳ ᠬᠢᠭᠡᠳ ᠡᠷᠡᠭᠦᠯ ᠮᠡᠨᠳᠦ᠂ ᠠᠮᠤᠷ ᠲᠦᠪᠰᠢᠨ᠂ ᠰᠤᠷᠭᠠᠨ ᠬᠥᠮᠦᠵᠢᠯ᠂ ᠠᠰᠠᠷᠠᠮᠵᠢ᠂ ᠬᠡᠷ ᠪᠦᠯᠢ᠂ ᠣᠷᠴᠢᠨ ᠨᠥᠭᠦᠴᠡᠯ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ 7 ᠬᠦᠷᠢᠶ᠎ᠡ ᠴᠠᠷᠠᠭ᠎ᠠ ᠶᠢᠨ ᠲᠣᠭᠤᠷᠢᠨ ᠳᠤ 72 ᠵᠦᠢᠯ ᠤᠨ ᠭᠤᠤᠯ ᠬᠠᠷᠠᠯᠲᠠ ᠡᠭᠦᠷᠭᠡ ᠪᠠ 91 ᠵᠦᠢᠯ ᠤᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠢᠨ᠎ᠡ ︽ᠬᠤᠶᠠᠷ ᠬᠥᠲᠥᠯᠪᠦᠷᠢ︾ ᠶᠢᠨ ᠲᠣᠭᠲᠠᠯᠴᠠᠭ᠎ᠠ ᠶᠢᠨ ᠪᠦᠷᠢᠨ ᠲᠦᠬᠦᠷ ᠴᠢᠨᠠᠷ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠦᠷᠭᠦᠯᠵᠢᠯᠡᠯ ᠴᠢᠨᠠᠷ ᠢ ᠢᠯᠡᠷᠡᠭᠦᠯᠪᠡ᠃      ᠬᠤᠷᠢᠶᠠᠩᠭᠤᠶᠢᠯᠠᠪᠠᠯ᠂ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ ᠳᠠᠷᠠᠭᠠᠬᠢ ᠮᠡᠲᠦ ᠶᠢᠨ ᠣᠨᠴᠠᠯᠢᠭ ᠪᠠ ᠬᠢᠯᠠᠰ ᠴᠡᠭ ᠤᠳ ᠲᠠᠢ᠃      ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠵᠥᠪ ᠴᠢᠭᠯᠡᠯ ᠢ ᠪᠠᠲᠤᠯᠠᠵᠠᠢ᠃ ᠰᠢᠨ᠎ᠡ ︽ᠬᠤᠶᠠᠷ ᠬᠥᠲᠥᠯᠪᠦᠷᠢ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠶᠢᠨ ᠤᠯᠤᠰ ᠲᠥᠷᠥ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ᠂ ᠬᠡᠤᠬᠡᠳ ᠢ ᠤᠷᠢᠳ ᠢᠶᠠᠷ ᠪᠣᠳᠤᠯᠬᠢᠯᠠᠬᠤ ᠵᠠᠷᠴᠢᠮ ᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠵᠠᠢ᠃      ᠬᠤᠶᠠᠷ ᠲᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠪᠠ᠃ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ︽ᠬᠤᠶᠠᠷ ᠬᠥᠲᠥᠯᠪᠦᠷᠢ︾ ᠳᠤ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠡᠷ ᠪᠦᠯᠢ ᠶᠢᠨ ᠪᠦᠷᠢᠯᠳᠦᠬᠦᠨ ᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢ ᠨᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠳ ᠤᠨ ᠰᠡᠳᠬᠢᠯ ᠳᠤ ᠪᠠᠲᠤ ᠦᠨᠳᠦᠰᠦᠯᠡᠭᠦᠯᠬᠦ ᠶᠢ ᠠᠬᠢᠭᠤᠯᠬᠤ ᠶᠢ ᠳᠣᠪᠤᠶᠢᠮ᠎ᠠ ᠴᠢᠬᠤᠯᠠᠴᠢᠯᠠᠵᠠᠢ᠃ ︽ᠡᠮᠡᠭᠲᠡᠶᠢᠴᠦᠳ ᠤᠨ ᠬᠥᠲᠥᠯᠪᠦᠷᠢ︾ ᠳᠤ᠂ ᠡᠮᠡᠭᠲᠡᠶᠢᠴᠦᠳ ᠢ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠪᠦᠯᠬᠦᠮᠳᠡᠭᠦᠯᠦᠨ ᠨᠠᠮ ᠤᠨ ᠦᠭᠡ ᠶᠢ ᠡᠷᠡᠰ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ︽ᠬᠡᠦᠬᠡᠳ ᠤᠨ ᠬᠥᠲᠥᠯᠪᠦᠷᠢ︾ ᠳᠤ᠂ ᠶᠣᠰᠣ ᠮᠣᠷᠠᠯ ᠢ ᠪᠤᠢ ᠪᠣᠯᠭᠠᠨ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠬᠡᠦᠬᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠦᠨ ᠢ ᠬᠦᠮᠦᠵᠢᠭᠦᠯᠬᠦ ᠬᠡᠷᠡᠭᠲᠡᠶ ᠭᠡᠵᠦ ᠴᠢᠬᠤᠯᠠᠴᠢᠯᠠᠵᠠᠶ᠃      ᠭᠤᠷᠪᠠ ᠳᠤ᠂ ᠠᠷᠠᠳ ᠲᠦᠮᠡᠨ ᠢᠶᠠᠨ ᠳᠡᠭᠡᠳᠦᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠰᠢᠨ᠎ᠡ ︽ᠬᠤᠶᠠᠷ ᠬᠥᠲᠥᠯᠪᠦᠷᠢ︾ ᠳᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠤᠨ᠂ ᠬᠡᠤᠬᠡᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠠᠪᠤᠳᠠᠯ ᠢᠶᠠᠷ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠡᠬᠢᠯᠡᠯ ᠪᠠ ᠵᠣᠭᠰᠤᠴᠠ ᠪᠣᠯᠭᠠᠵᠤ᠂ ᠡᠷᠡᠭᠦᠯ ᠮᠡᠨᠳᠦ᠂ ᠰᠤᠷᠭᠠᠨ ᠬᠥᠮᠦᠵᠢᠯ᠂ ᠠᠵᠤ ᠠᠬᠤᠶ᠂ ᠰᠢᠢᠳᠪᠦᠷᠢᠲᠦ ᠪᠣᠳᠣᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠬᠡᠷ ᠪᠦᠯᠢ ᠶᠢᠨ ᠪᠠᠶᠢᠭᠤᠯᠤᠯᠲᠠ᠂ ᠣᠷᠴᠢᠨ ᠨᠥᠭᠦᠴᠡᠯ᠂ ᠠᠮᠤᠷ ᠲᠦᠪᠰᠢᠨ᠂ ᠬᠠᠤᠯᠢ ᠴᠠᠭᠠᠵᠠ ᠵᠡᠷᠭᠡ ᠡᠯ᠎ᠡ ᠬᠦᠷᠢᠶᠡᠨ ᠳᠤ ᠲᠤᠭᠤᠰᠢᠯᠠᠭᠤᠯᠤᠨ᠂ ᠡᠮᠡᠭᠲᠡᠶᠢᠴᠦᠳ ᠬᠡᠦᠬᠡᠳ ᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠠᠢ᠃ ᠬᠦᠲᠦᠯᠪᠦᠷᠢ ᠳᠤ ᠪᠠᠰᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠬᠢᠭᠡᠳ ᠲᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠤᠨᠳᠤ ᠡᠮᠡᠭᠲᠡᠶᠢᠴᠦᠳ ᠬᠡᠦᠬᠡᠳ ᠤᠳ ᠢ ᠵᠡᠷᠭᠡᠪᠡᠷ ᠲᠡᠩᠴᠡᠭᠦᠷᠢᠲᠡᠢ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠦᠬᠡᠳ ᠢ ᠪᠦᠬᠦ ᠲᠠᠯ᠎ᠠ ᠪᠠᠷ ᠪᠦᠬᠦ ᠶᠠᠪᠤᠴᠠ ᠪᠠᠷ ᠶᠡᠷᠦᠩᠬᠡᠶᠢᠯᠡᠭᠰᠡᠨ ᠬᠠᠮᠠᠭᠠᠯᠠᠬᠤ ᠶᠢ ᠴᠢᠩᠭᠠᠳᠬᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠳ ᠲᠤ ᠨᠡᠩ ᠢᠯᠡᠭᠦᠦ ᠬᠦᠷᠲᠡᠭᠡᠨ᠎ᠡ ᠭᠡᠵᠦ ᠴᠢᠬᠤᠯᠠᠴᠢᠯᠠᠪᠠ᠃      ᠲᠦᠷᠪᠡ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠬᠦᠴᠦᠨ ᠴᠢᠳᠠᠯ ᠢ ᠭᠦᠢᠴᠡᠳ ᠪᠠᠳᠠᠷᠠᠭᠤᠯᠵᠠᠢ᠃ ᠰᠢᠨ᠎ᠡ ︽ᠬᠤᠶᠠᠷ ᠬᠥᠲᠥᠯᠪᠦᠷᠢ︾ ᠨᠢ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠬᠢᠭᠡᠳ ᠠᠵᠢᠯᠯᠠᠭᠠᠨ ᠤ ᠬᠥᠲᠥᠯᠪᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢ ᠪᠦᠳᠦᠬᠡᠨ ᠪᠠᠶᠢᠭᠤᠯᠬᠤ ᠪᠠᠷ ᠭᠤᠣᠯᠳᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠬᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢ ᠡᠷᠭᠦᠬᠦ ᠶᠢ ᠴᠢᠬᠤᠯᠠᠴᠢᠯᠠᠵᠠᠢ᠃ ᠬᠥᠲᠥᠯᠪᠦᠷᠢ ᠳᠤ ᠪᠠᠰᠠ᠂ ᠡᠮᠡᠭᠲᠡᠶᠢᠴᠦᠳ ᠬᠡᠦᠬᠡᠳ ᠤᠳ ᠤᠨ ᠠᠮᠢ ᠠᠬᠤᠢ ᠶᠢᠨ ᠪᠣᠯᠪᠠᠰᠤᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠠᠪᠤ ᠳᠤ᠂ ᠳᠤᠲᠠᠭᠳᠠᠯ ᠲᠠᠯ᠎ᠠ ᠪᠠᠨ ᠨᠥᠬᠦᠪᠥᠷᠢᠯᠡᠬᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃ ᠰᠢᠨ᠎ᠡ ︽ᠬᠤᠶᠠᠷ ᠬᠥᠲᠥᠯᠪᠦᠷᠢ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨ ᠤ ᠠᠩᠬᠠᠷᠤᠯ ᠪᠠ ᠬᠦᠰᠡᠯ ᠡᠷᠡᠮᠡᠯᠵᠡᠯ ᠳᠤ ᠢᠳᠡᠪᠬᠢᠲᠡᠶ ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠣᠨᠴᠠᠯᠢᠭ ᠪᠠ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ᠂ ᠳᠤᠲᠠᠭᠳᠠᠯ ᠲᠠᠯ᠎ᠠ ᠪᠠᠨ ᠨᠥᠬᠦᠪᠦᠷᠢᠯᠡᠵᠦ᠂ ᠬᠦᠴᠦᠷᠬᠡᠭ ᠪᠠᠭᠤᠷᠠᠶ ᠵᠦᠢᠯᠡᠰ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠤᠭᠰᠠᠨ ᠮᠥᠷᠲᠡᠭᠡᠨ ᠪᠠᠰᠠ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠪᠠ ᠭᠤᠤᠯ ᠭᠦᠢᠴᠡᠳᠬᠡᠯ ᠲᠤᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠰᠢᠨ᠎ᠡ ︽ᠬᠤᠶᠠᠷ ᠬᠥᠲᠥᠯᠪᠦᠷᠢ︾ ᠳᠤ ︽ᠠᠵᠢᠯ ᠣᠯᠭᠤᠯᠲᠠ ᠳᠤ ᠭᠦᠢᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠬᠤ︾ ︽ᠡᠮᠡᠭᠲᠡᠶ ᠴᠢᠳᠠᠪᠤᠷᠢᠲᠠᠳ ᠤᠨ ᠬᠥᠭᠵᠢᠯᠲᠡ ᠶᠢ ᠠᠬᠢᠭᠤᠯᠬᠤ︾ ᠵᠡᠷᠭᠡ ᠬᠠᠷᠠᠯᠲᠠ ᠶᠢ ᠳᠤᠷᠠᠳᠴᠤ᠂ ᠡᠮᠡᠭᠲᠡᠶᠢᠴᠦᠳ ᠤᠨ ᠬᠥᠲᠥᠯᠪᠦᠷᠢ ᠳᠤ ︽ᠡᠮᠡᠭᠲᠡᠶᠢᠴᠦᠳ ᠬᠢᠭᠡᠳ ᠬᠡᠷ ᠪᠦᠯᠢ ᠶᠢᠨ ᠪᠠᠶᠢᠭᠤᠯᠤᠯᠲᠠ︾ ᠶᠢ ᠨᠡᠮᠡᠨ ᠣᠷᠣᠭᠤᠯᠵᠤ᠂ ᠬᠡᠤᠬᠡᠳ ᠤᠨ ᠬᠥᠲᠥᠯᠪᠦᠷᠢ ᠳᠤ ︽ᠬᠡᠤᠬᠡᠳ ᠬᠢᠭᠡᠳ ᠬᠡᠷ ᠪᠦᠯᠢ︾ ᠪᠠ ︽ᠬᠡᠤᠬᠡᠳ ᠬᠢᠭᠡᠳ ᠠᠮᠤᠷ ᠲᠦᠪᠰᠢᠨ︾ ᠵᠡᠷᠭᠡ ᠴᠢᠬᠤᠯᠠ ᠠᠭᠤᠯᠭ᠎ᠠ ᠨᠤᠭᠤᠳ ᠢ ᠨᠡᠮᠡᠪᠡ᠃ ᠤᠯᠤᠰ ᠤᠨ ᠰᠢᠨ᠎ᠡ ︽ᠬᠤᠶᠠᠷ ᠬᠥᠲᠥᠯᠪᠦᠷᠢ︾ ᠲᠠᠢ ᠬᠠᠷᠢᠴᠠᠭᠤᠯᠪᠠᠯ᠂ ᠮᠠᠨ ᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠳᠤ ᠮᠡᠰᠡ ᠵᠠᠰᠠᠯ ᠢᠶᠠᠷ ᠬᠥᠩᠭᠡᠵᠢᠭᠦᠯᠬᠦ ᠶᠢ ᠬᠢᠵᠠᠭᠠᠷᠯᠠᠬᠤ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠤᠯᠬᠤ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠲᠤ ᠡᠮᠡᠭᠲᠡᠶ ᠺᠠᠳ᠋ᠷ ᠳᠣᠭᠢᠷᠠᠭᠤᠯᠬᠤ᠂ ᠬᠡᠷ ᠪᠦᠯᠢ ᠶᠢᠨ ᠠᠰᠠᠭᠤᠳᠠᠯ ᠤᠨ ᠰᠤᠳᠤᠯᠭᠠᠨ ᠵᠢᠴᠢ ᠴᠢᠳᠠᠪᠤᠷᠢ ᠶᠢᠨ ᠪᠠᠶᠢᠭᠤᠯᠤᠯᠲᠠ᠂ ᠪᠣᠬᠢᠷᠲᠤᠯ ᠢ ᠭᠠᠳᠠᠭᠰᠢᠯᠠᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠬᠡᠤᠬᠡᠳ ᠤᠨ ᠠᠮᠠᠨ ᠬᠥᠨᠳᠡᠶ ᠶᠢᠨ ᠡᠷᠡᠭᠦᠯᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠥᠩᠭᠡᠷᠡᠬᠦᠯᠬᠦ︾ ᠵᠡᠷᠭᠡ 8 ᠵᠦᠢᠯ ᠤᠨ ᠭᠦᠢᠴᠡᠳᠬᠡᠯ ᠲᠤᠭ᠎ᠠ ᠶᠢ ᠨᠡᠮᠡᠪᠡ᠃ ᠡᠷᠡᠭᠦᠯ ᠮᠡᠨᠳᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠳᠤ ᠬᠤᠯᠪᠤᠭᠳᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠥᠪᠡᠷᠲᠡᠭᠡᠨ ᠵᠠᠰᠠᠬᠤ ᠣᠷᠣᠨ ᠡᠮᠡᠭᠲᠡᠶᠢᠴᠦᠳ ᠬᠡᠤᠬᠡᠳ ᠤᠳ ᠢ ᠴᠢᠬᠤᠯᠠᠴᠢᠯᠠᠨ ᠬᠠᠯᠠᠮᠵᠢᠯᠠᠵᠤ ᠪᠠᠶᠢᠬᠤ ᠶᠢ ᠢᠯᠡᠷᠡᠭᠦᠯᠵᠦ᠂ ᠬᠥᠭᠵᠢᠯᠲᠡ ᠶᠢᠨ ᠲᠠᠯ᠎ᠠ ᠪᠠᠷ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠪᠠᠶᠢᠨ᠎ᠠ᠃        ᠬᠥᠲᠥᠯᠥᠭᠴᠢ      ᠭᠦᠸᠧ ᠲᠡᠷᠢᠭᠦᠯᠡᠭᠴᠢ ᠡ᠂ ᠲᠠᠨ ᠤ ᠢᠩᠭᠢᠵᠦ ᠬᠡᠯᠡᠬᠦ ᠶᠢ ᠰᠣᠨᠣᠰᠤᠭᠠᠳ᠂ ᠡᠨᠡ ᠬᠦ ᠰᠢᠨ᠎ᠡ ︽ᠬᠤᠶᠠᠷ ᠬᠥᠲᠥᠯᠪᠦᠷᠢ︾ ᠨᠢ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽ᠰᠠᠶᠢᠨ ᠵᠣᠷ︾ ᠪᠣᠯᠬᠤ ᠪᠠᠷ ᠪᠠᠷᠠᠬᠤ ᠥᠬᠡᠶ᠂ ᠪᠠᠰᠠ ︽ᠪᠠᠷᠢᠯᠭ᠎ᠠ ᠶᠢᠨ ᠵᠢᠷᠤᠭ︾᠂ ᠨᠠᠩ ᠴᠤ ︽ᠠᠵᠢᠯᠯᠠᠭᠠᠨ ᠤ ᠵᠦᠭᠯᠡᠭᠦᠷ︾ ᠪᠣᠯᠤᠨ᠎ᠠ ᠭᠡᠳᠡᠭ ᠢ ᠮᠡᠳᠡᠯ᠎ᠡ᠂ ᠡᠨᠡ ᠴᠢᠨᠢ ᠬᠥᠮᠦᠰ ᠤᠨ ᠬᠦᠰᠡᠯ ᠡᠷᠡᠮᠡᠯᠵᠡᠯ ᠢ ᠶᠡᠬᠡᠳᠡ ᠲᠠᠲᠠᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠶᠠᠭ ᠲᠡᠶᠢᠮᠦ ᠡ᠂ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠪᠠ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠥᠲᠥᠯᠪᠦᠷᠢ ᠶᠢ ᠡᠮᠡᠭᠲᠡᠶᠢᠴᠦᠳ ᠬᠡᠦᠬᠡᠳ ᠲᠤ ᠠᠰᠢᠭ ᠬᠦᠷᠲᠡᠭᠡᠬᠦ ᠪᠤᠶᠠᠨ ᠵᠢᠷᠭᠠᠯ ᠪᠣᠯᠭᠠᠨ ᠬᠤᠪᠢᠷᠠᠭᠤᠯᠬᠤ ᠳᠤ ᠪᠠᠰᠠ ᠡᠯ᠎ᠡ ᠱᠠᠲᠤᠨ ᠤ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠨᠢ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠵᠣᠬᠢᠴᠠᠭᠤᠯᠬᠤ᠂ ᠡᠯ᠎ᠡ ᠰᠠᠯᠠᠭ᠎ᠠ ᠮᠥᠴᠢᠷ ᠤᠳ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠣᠷᠤᠯᠴᠠᠭᠰᠠᠨ ᠬᠥᠲᠥᠯᠪᠦᠷᠢ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠭᠦᠯᠦᠨ ᠨᠠᠶᠢᠳᠠᠪᠤᠷᠢᠵᠢᠭᠤᠯᠤᠨ᠎ᠠ᠃ ᠣᠨ ᠤ ᠬᠠᠷᠠᠯᠲᠠ ᠡᠭᠦᠷᠭᠡ ᠶᠢ ᠨᠠᠷᠢᠯᠢᠬᠵᠢᠭᠤᠯᠵᠤ᠂ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠵᠤ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠡᠭᠲᠡᠶᠢᠴᠦᠳ ᠬᠡᠦᠬᠡᠳ ᠤᠳ ᠤᠨ ᠠᠵᠢᠯ ᠦᠢᠯᠡᠰ ᠢ ᠠᠵᠤ ᠠᠬᠤᠶ ᠨᠡᠶᠢᠭᠡᠮ ᠯᠦᠭᠡ ᠵᠡᠷᠭᠡᠪᠡᠷ ᠴᠢᠨᠠᠷ ᠰᠠᠶᠢᠲᠠᠶ ᠬᠥᠭᠵᠢᠭᠦᠯᠬᠦ ᠶᠢ ᠠᠬᠢᠭᠤᠯᠤᠨ᠂ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠨᠥᠭᠦᠴᠡᠯ ᠢ ᠪᠣᠶ ᠪᠣᠯᠭᠠᠨ ᠥᠭᠴᠦ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ ᠬᠥᠲᠥᠯᠥᠭᠴᠢ ᠵᠠ᠂ ᠭᠦᠸᠧ ᠲᠡᠷᠢᠭᠦᠯᠡᠭᠴᠢ ᠪᠢᠳᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠶᠢᠨ ᠲᠤᠬᠠᠶ ᠨᠠᠷᠢᠨ ᠲᠠᠶᠢᠯᠤᠮᠵᠢ ᠬᠢᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠃ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠳᠤ ᠠᠩᠬᠠᠷᠤᠯ ᠲᠠᠯᠪᠢᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠠᠳᠡ ᠬᠦᠷᠦᠭᠡᠳ ᠲᠡᠭᠦᠰᠪᠡ᠂ ᠲᠠᠷᠠᠭᠠᠴᠢ ᠶᠢᠨ ᠬᠤᠭᠤᠴᠠᠭᠠᠨ ᠳᠤ ᠳᠠᠬᠢᠭᠠᠳ ᠠᠭᠤᠯᠵᠠᠶ᠎ᠠ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号