| | | | | 7 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ | ᠬᠥᠭᠵᠢᠯᠲᠡ ᠶᠢ ᠠᠬᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ | ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ | ᠯᠢ ᠶᠢᠩ ᠭᠤᠤᠯᠯᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠨ ᠬᠤᠯᠪᠤᠭᠳᠠᠬᠤ ᠬᠠᠷᠢᠭᠤᠴᠠᠯᠭᠠᠲᠠᠨ ᠰᠣᠨᠢᠨ ᠮᠡᠳᠡᠭᠡ | ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ |
|
| ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ | ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ | ︵2022 ᠣᠨ ᠤ 7 ᠰᠠᠷ᠎ᠠ ᠶᠢᠨ 29 ᠤ ᠡᠳᠦᠷ ᠤᠨ 10᠄ 00︶ | | | ᠰᠤᠷᠪᠤᠯᠵᠢᠯᠠᠭᠴᠢ ᠨᠠᠶᠢᠵᠠ ᠨᠠᠷ ᠡ᠄ | ᠰᠠᠶᠢᠨ ᠪᠠᠶᠢᠵᠠᠭᠠᠨ᠎ᠠ ᠦᠦ︖ ᠣᠲᠣ ᠪᠢ ᠰᠤᠷᠭᠠᠨ ᠬᠥᠮᠦᠵᠢᠯ ᠤᠨ ᠲᠢᠩᠬᠢᠮ ᠢ ᠲᠥᠯᠦᠭᠡᠯᠡᠵᠦ ᠭᠤᠣᠯᠯᠠᠨ | ᠨᠡᠶᠢᠲᠡᠯᠡᠶ᠎ᠡ᠃ ᠪᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠢ ᠲᠥᠯᠥᠭᠡᠯᠡᠨ ᠡᠯ᠎ᠡ | ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠵᠠ ᠨᠠᠷ ᠤᠨ ᠤᠷᠲᠤ ᠬᠤᠭᠤᠴᠠᠭᠠᠨ ᠤ ᠲᠤᠷᠰᠢ ᠥᠪᠡᠷᠲᠡᠭᠡᠨ ᠵᠠᠰᠠᠬᠤ | ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠵᠤ᠂ ᠳᠡᠮᠵᠢᠵᠦ᠂ | ᠬᠠᠪᠰᠤᠷᠤᠭᠰᠠᠭᠠᠷ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠤᠷ᠎ᠠ ᠪᠢ | ︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ | ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ︾ ᠭᠡᠵᠦ | ᠳᠦᠭᠦᠮᠴᠢᠯᠡᠨ᠎ᠡ︶ ᠢ ᠲᠣᠪᠴᠢ ᠲᠠᠨᠢᠯᠴᠠᠭᠤᠯᠤᠶ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠯᠠᠨ | ᠤᠳᠠᠭ᠎ᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠠᠶᠢᠴᠠᠭᠠᠨ ᠰᠣᠳᠤᠯᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠳᠤ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠂ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ | ᠲᠠᠷᠬᠠᠭᠠᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ 5 ᠰᠠᠷ᠎ᠠ ᠶᠢᠨ 1 ᠤ ᠡᠳᠦᠷ ᠠᠴᠠ ᠡᠬᠢᠯᠡᠨ | ᠵᠢᠩᠬᠢᠨᠢ ᠪᠠᠷ ᠬᠡᠷᠡᠭᠵᠢᠭᠦᠯᠵᠦ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠳᠲᠡᠷ ᠲᠦᠷᠭᠡᠨ | ᠬᠥᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠪᠠ ᠬᠠᠤᠯᠢ ᠳᠣᠭᠲᠠᠭᠠᠬᠤ ᠪᠠᠲᠤᠯᠠᠭ᠎ᠠ ᠶᠢ | ᠬᠠᠩᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠪᠠᠨ ᠴᠥᠮ ᠠᠵᠢᠯ ᠮᠡᠷᠭᠡᠵᠢᠯ ᠤᠨ ᠰᠤᠷᠭᠠᠨ ᠬᠥᠮᠦᠵᠢᠯ ᠶᠢ ᠬᠥᠭᠵᠢᠭᠦᠯᠬᠦ ᠪᠣᠳᠠᠲᠠᠶ ᠪᠠᠶᠢᠷᠢᠯᠠᠭᠤᠯᠤᠯᠲᠠ | ᠬᠢᠪᠡ᠃ ᠡᠨᠡ ᠵᠢᠯ ᠤᠨ 7 ᠰᠠᠷ᠎ᠠ ᠶᠢᠨ 5 ᠤ ᠡᠳᠦᠷ᠂ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ | ᠰᠦᠨ ᠱᠤᠤ ᠴᠧᠩ ᠴᠣᠬᠤᠯᠠᠪᠤᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠠᠩ ᠲᠣᠪᠤᠶᠢᠮ᠎ᠠ ᠪᠠᠶᠢᠷᠢᠨ ᠳᠤ | ᠲᠠᠯᠪᠢᠵᠤ᠂ ᠲᠦᠷᠢᠮ ᠤᠨ ᠰᠢᠨ᠎ᠡ ᠡᠭᠦᠳᠦᠯᠲᠡ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠪᠣᠯᠤᠨ ᠪᠡᠯᠡ | ᠣᠷᠣᠭᠤᠯᠤᠯᠲᠠ ᠶᠢᠨ ᠡᠷᠴᠢᠮ ᠢᠶᠠᠨ ᠦᠨᠡᠨ ᠬᠦ ᠴᠢᠩᠭᠠᠷᠠᠭᠤᠯᠬᠤ ᠬᠡᠷᠡᠭᠲᠡᠶ︔ ᠨᠠᠷᠢᠯᠢᠭ ᠣᠨᠣᠴᠠᠲᠠᠢ ᠰᠤᠷᠭᠠᠭᠤᠯᠢ | ᠡᠷᠭᠢᠯᠡᠬᠦ ᠴᠢᠭᠯᠡᠯ ᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ | ᠲᠣᠭᠲᠠᠭᠠᠯᠲᠠ ᠶᠢ ᠰᠢᠯᠢᠳᠡᠭᠵᠢᠭᠦᠯᠵᠦ᠂ ᠬᠥᠮᠦᠨ ᠢ ᠬᠥᠮᠦᠵᠢᠭᠦᠯᠬᠦ ᠠᠷᠭ᠎ᠠ ᠬᠡᠯᠪᠡᠷᠢ᠂ ᠰᠤᠷᠭᠠᠭᠤᠯᠢ ᠡᠷᠭᠢᠯᠡᠬᠦ ᠵᠠᠭᠪᠤᠷ᠂ | ᠬᠠᠮᠢᠶᠠᠷᠤᠯᠲᠠ ᠶᠢᠨ ᠪᠠᠶᠢᠭᠤᠯᠤᠮᠵᠢ᠂ ᠪᠠᠲᠤᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ | ᠬᠡᠷᠡᠭᠲᠡᠶ︔ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠶᠢ ᠬᠦᠨᠳᠦᠳᠬᠡᠵᠦ᠂ ᠭᠠᠵᠠᠷ ᠣᠷᠣᠨ ᠤ | ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠡᠵᠡᠮᠳᠡᠵᠦ᠂ ᠠᠵᠤ ᠦᠢᠯᠡᠳᠪᠦᠷᠢ ᠪᠠ ᠵᠢᠭᠠᠨ ᠰᠤᠷᠭᠠᠯᠲᠠ ᠶᠢᠨ | ᠠᠭᠤᠰᠤᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠰᠤᠷᠭᠠᠨ ᠬᠥᠮᠦᠵᠢᠯ ᠪᠠ | ᠪᠣᠯᠪᠠᠰᠤᠷᠠᠭᠤᠯᠤᠯ ᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠲᠤᠰᠬᠠᠢ ᠮᠡᠷᠭᠡᠵᠢᠯ ᠢ ᠠᠵᠤ ᠦᠢᠯᠡᠰ ᠲᠠᠢ ᠨᠢᠭᠲᠠ | ᠵᠣᠯᠭᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ | ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠸᠠᠩ ᠯᠢ ᠰᠢᠶᠠ ᠪᠠᠰᠠ ᠶᠠᠷᠢᠶᠠᠨ ᠳᠤ ᠪᠠᠨ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠣᠯ ᠤᠯᠠᠨ ᠶᠠᠩᠵᠤ ᠶᠢᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠤᠨ | ᠤᠷ᠎ᠠ ᠴᠢᠳᠠᠪᠤᠷᠢ ᠶᠢ ᠤᠯᠠᠮᠵᠢᠯᠠᠬᠤ᠂ ᠠᠵᠢᠯ ᠣᠯᠭᠤᠵᠤ ᠦᠢᠯᠡᠰ ᠪᠤᠰᠬᠠᠬᠤ ᠶᠢ ᠠᠬᠢᠭᠤᠯᠬᠤ ᠴᠢᠬᠤᠯᠠ ᠠᠷᠭ᠎ᠠ ᠵᠠᠮ | ᠮᠥᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠪᠠ ᠪᠦᠬᠦ ᠲᠠᠯ᠎ᠠ ᠳᠤ ᠰᠠᠭᠤᠷᠢᠯᠠᠵᠤ᠂ | ᠬᠠᠷᠠᠯᠲᠠ ᠪᠠ ᠡᠭᠦᠷᠭᠡ ᠪᠠᠨ ᠲᠣᠭᠲᠠᠭᠠᠵᠤ᠂ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠬᠤ᠂ ᠲᠦᠷᠦᠯ | ᠲᠡᠮᠳᠡᠭᠲᠦ ᠶᠢᠨ ᠴᠣᠭᠴᠠᠯᠠᠯᠲᠠ ᠶᠢ ᠴᠢᠩᠭᠠᠳᠬᠠᠬᠤ᠂ ᠠᠵᠤ ᠦᠢᠯᠡᠳᠪᠦᠷᠢ ᠪᠠ ᠵᠢᠭᠠᠨ ᠰᠤᠷᠭᠠᠯᠲᠠ ᠶᠢᠨ | ᠠᠭᠤᠰᠤᠯᠴᠠᠭ᠎ᠠ ᠶᠢ ᠠᠬᠢᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ | ᠨᠡᠶᠢᠭᠡᠮ ᠤᠨ ᠪᠣᠯᠪᠠᠰᠤᠷᠠᠭᠤᠯᠤᠯ ᠢ ᠥᠷᠭᠡᠳᠬᠡᠬᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ | ᠲᠠᠯ᠎ᠠ ᠪᠠᠷ ᠪᠣᠳᠠᠲᠠᠢ ᠠᠵᠢᠯ ᠬᠢᠵᠦ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠶᠡᠭᠡ | ᠦᠢᠯᠡᠰ ᠢ ᠪᠥᠲᠦᠭᠡᠵᠦ ᠪᠣᠯᠬᠤ︾ ᠠᠴᠠ ︽ᠶᠡᠭᠡ ᠦᠢᠯᠡᠰ ᠢ ᠪᠥᠲᠦᠭᠡᠵᠦ ᠴᠢᠳᠠᠬᠤ︾ ᠲᠡᠶᠢᠰᠢ ᠤᠷᠤᠭᠰᠢᠯᠠᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠰᠤᠷᠭᠠᠨ ᠬᠥᠮᠦᠵᠢᠯ ᠤᠨ ᠲᠢᠩᠬᠢᠮ ᠠᠴᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ | ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠳᠤ | ᠴᠢᠭᠯᠡᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠷᠠᠯᠲᠠ ᠪᠠ ᠭᠤᠣᠯᠳᠠᠯᠭᠠᠲᠠᠢ ᠡᠭᠦᠷᠭᠡ ᠲᠠᠢ ᠨᠢᠭᠲᠠ | ᠤᠶᠠᠯᠳᠤᠭᠤᠯᠵᠤ᠂ ᠣᠷᠣᠨ ᠤ ᠳᠣᠲᠣᠷᠠᠬᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ | ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠰᠣᠨᠣᠰᠤᠭᠰᠠᠨ ᠰᠠᠭᠤᠷᠢᠨ ᠳᠡᠭᠡᠷ᠎ᠡ᠂ ᠲᠣᠰ ︽ᠠᠷᠭ᠎ᠠ ᠬᠡᠮᠵᠢᠶ᠎ᠡ︾ ᠶᠢ | ᠲᠦᠷᠦᠭᠦᠯᠡᠨ ᠲᠤᠭᠤᠷᠪᠢᠪᠠ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠶᠠᠮᠤᠨ ᠤ ᠲᠤᠰᠬᠠᠶ ᠮᠡᠷᠭᠡᠵᠢᠯᠲᠡᠨ ᠢ | ᠤᠷᠢᠵᠤ᠂ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ | ᠬᠠᠷᠠᠯᠲᠠ ᠪᠠ ᠡᠭᠦᠷᠭᠡ ᠲᠠᠢ ᠤᠶᠠᠯᠳᠤᠭᠤᠯᠤᠨ ︽ᠠᠷᠭ᠎ᠠ ᠬᠡᠮᠵᠢᠶ᠎ᠡ︾ ᠳᠤ ᠵᠢᠯᠣᠭᠤᠳᠣᠯᠭ᠎ᠠ ᠬᠢᠯᠭᠡᠪᠡ᠃ ᠲᠣᠰ ︽ᠠᠷᠭ᠎ᠠ | ᠬᠡᠮᠵᠢᠶ᠎ᠡ︾ ᠳᠤ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠬᠤ ᠰᠠᠯᠠᠭ᠎ᠠ ᠮᠥᠴᠢᠷ ᠪᠠ ᠬᠡᠰᠡᠭ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠰᠠᠨᠠᠯ ᠪᠠ ᠰᠠᠨᠠᠭᠤᠯᠭ᠎ᠠ ᠶᠢ ᠤᠷᠢᠳ ᠬᠤᠵᠢᠳ 5 ᠤᠳᠠᠭ᠎ᠠ ᠬᠤᠷᠢᠶᠠᠭᠰᠠᠨ ᠪᠥᠭᠡᠳ | ᠭᠦᠢᠴᠡᠳ ᠨᠡᠪᠲᠡᠷᠡᠯᠴᠡᠵᠦ᠂ ᠪᠦᠬᠦᠨ ᠢᠶᠠᠷ ᠢᠶᠠᠨ ᠰᠠᠨᠠᠯ ᠨᠢᠭᠡᠳᠴᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠠᠳ᠂ 7 ᠳ᠋ᠤᠭᠠᠷ ᠰᠠᠷ᠎ᠠ ᠶᠢᠨ | 4 ᠤ ᠡᠳᠦᠷ ᠳᠠᠷᠤᠮᠠᠯᠯᠠᠨ ᠲᠠᠷᠬᠠᠭᠠᠪᠠ᠃ | ︽ᠠᠷᠭ᠎ᠠ ᠬᠡᠮᠵᠢᠶ᠎ᠡ︾ ᠳᠤ 5 ᠵᠦᠢᠯ ᠤᠨ ᠡᠭᠦᠷᠭᠡ᠂ 15 ᠵᠦᠢᠯ ᠤᠨ ᠠᠷᠭ᠎ᠠ ᠬᠡᠮᠵᠢᠶ᠎ᠡ ᠪᠤᠶ᠂ ᠭᠤᠣᠯ | ᠠᠭᠤᠯᠭ᠎ᠠ ᠳᠤ᠄ | ᠨᠢᠭᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠰ ᠡᠭᠦᠷᠭᠡ ᠨᠢ ᠭᠤᠤᠯᠳᠠᠭᠤ ᠪᠥᠬᠦ ᠣᠷᠣᠨ ᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠪᠦᠲᠦᠴᠡ ᠶᠢᠨ ᠪᠠᠶᠢᠷᠢᠰᠢᠭᠤᠯᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ | ᠣᠷᠣᠨ ᠪᠦᠰᠡ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠠᠩ ᠨᠢᠭᠲᠠ | ᠵᠣᠯᠭᠠᠭᠤᠯᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠲᠥᠬᠦᠮ ᠦᠵᠡᠭᠦᠯᠦᠨ᠎ᠡ᠃ ᠬᠤᠶᠠᠷ | ᠵᠦᠢᠯ ᠤᠨ ᠠᠷᠭ᠎ᠠ ᠬᠡᠮᠵᠢᠶ᠎ᠡ ᠶᠢ ᠠᠪᠤᠨ᠎ᠠ᠂ ᠨᠢᠭᠡ ᠳᠤ᠂ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ | ᠰᠤᠷᠭᠠᠨ ᠬᠥᠮᠦᠵᠢᠯ ᠤᠨ ᠬᠡᠯᠬᠢᠶ᠎ᠡ ᠶᠢ ᠪᠠᠶᠢᠷᠢᠯᠠᠭᠤᠯᠵᠤ᠂ ᠤᠨᠳᠤᠤ ᠭᠠᠵᠠᠷ ᠲᠤ ᠰᠢᠨ᠎ᠡ ᠪᠠᠷ ᠪᠠᠶᠢᠭᠤᠯᠬᠤ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ 80 % ᠠᠴᠠ ᠳᠡᠭᠡᠭᠰᠢᠬᠢ ᠶᠢ ᠠᠵᠤ ᠦᠢᠯᠡᠳᠪᠦᠷᠢ ︵ᠠᠵᠤ ᠦᠢᠯᠡᠰ︶ | ᠶᠢᠨ ᠬᠦᠷᠢᠶᠡᠯᠡᠩ ᠲᠣᠭᠤᠷᠢᠭ ᠲᠤ ᠪᠠᠶᠢᠭᠤᠯᠤᠨ᠎ᠠ︔ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠡᠷᠡᠭᠯᠡᠭᠡᠨ ᠤ | ᠬᠡᠯᠪᠡᠷᠢᠲᠦ ᠦᠨᠳᠦᠰᠦᠨ ᠠᠩᠭᠢᠲᠦ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ | ᠨᠢᠭᠡᠳᠦᠯᠲᠡᠶ ᠲᠥᠯᠥᠪᠯᠡᠨ ᠬᠠᠮᠢᠶᠠᠷᠬᠤ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠨᠢᠭᠡ ᠪᠦᠷᠢ ᠳᠤ 2 ᠠᠴᠠ | ᠳᠡᠭᠡᠭᠰᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢᠲᠦ ᠳᠡᠭᠡᠳᠦ | ᠰᠤᠷᠭᠠᠭᠤᠯᠢ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ 2025 ᠣᠨ ᠪᠣᠯᠬᠤ ᠳᠤ | ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠠᠵᠤ ᠦᠢᠯᠡᠰ ᠲᠤ ᠦᠢᠯᠡᠴᠢᠯᠡᠬᠦ ᠲᠤᠰᠬᠠᠶ ᠮᠡᠷᠭᠡᠵᠢᠯ ᠤᠨ | ᠲᠠᠷᠬᠠᠯᠲᠠ ᠶᠢᠨ ᠬᠠᠷᠢᠴᠠᠯ ᠢ 70 % ᠠᠴᠠ ᠳᠡᠭᠡᠭᠰᠢ ᠳᠤ ᠬᠦᠷᠦᠭᠦᠯᠵᠦ᠂ ᠲᠤᠰᠬᠠᠶ ᠮᠡᠷᠭᠡᠵᠢᠯ ᠪᠣᠯᠤᠨ ᠠᠵᠤ | ᠦᠢᠯᠡᠰ ᠤᠨ ᠬᠥᠭᠵᠢᠯᠲᠡ ᠶᠢᠨ ᠵᠣᠯᠭᠠᠯᠳᠤᠬᠤ ᠴᠢᠨᠠᠷ ᠪᠠ ᠨᠢᠭᠲᠠᠴᠠ ᠶᠢᠨ ᠬᠡᠮᠵᠢᠶ᠎ᠡ ᠶᠢ ᠦᠨᠡᠨ ᠬᠦ | ᠳᠡᠭᠡᠭᠰᠢᠯᠡᠭᠦᠯᠦᠨ᠎ᠡ᠃ ᠬᠤᠶᠠᠷ ᠲᠤ᠂ ︽ᠤᠷ᠎ᠠ ᠴᠢᠳᠠᠪᠤᠷᠢᠲᠤ ᠥᠪᠥᠷ ᠮᠣᠩᠭᠤᠯ︾ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ︽ᠨᠢᠭᠡ ᠣᠷᠣᠨ ᠪᠦᠰᠡ ᠨᠢᠭᠡ ᠴᠤᠭᠯᠠᠷᠠᠯ︾᠂ ︽ᠨᠢᠭᠡ ᠭᠠᠵᠠᠷ ᠨᠢᠭᠡ ᠠᠷᠭ᠎ᠠ ᠪᠣᠳᠣᠯᠭ᠎ᠠ︾᠂ ︽ᠨᠢᠭᠡ | ᠰᠤᠷᠭᠠᠭᠤᠯᠢ ᠨᠢᠭᠡ ᠨᠠᠷᠠᠲᠤ ᠲᠡᠮᠳᠡᠭᠲᠦ︾ ᠶᠢᠨ ᠶᠣᠰᠤ ᠪᠠᠷ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ | ᠠᠭᠤᠰᠬᠠᠭᠰᠠᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠡᠭᠦᠳᠴᠦ᠂ ᠣᠷᠣᠨ ᠪᠦᠰᠡ᠂ ᠠᠶᠢᠮᠠᠭ ᠬᠤᠲᠠ᠂ | ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠨᠴᠠᠯᠢᠭᠲᠤ ᠨᠠᠷᠠᠲᠤ | ᠲᠡᠮᠳᠡᠭᠲᠦ ᠶᠢ ᠡᠭᠦᠳᠦᠨ᠎ᠡ︔ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠭᠠᠳᠠᠭᠠᠳᠤ ᠲᠠᠢ ᠬᠠᠮᠲᠤᠷᠠᠯᠴᠠᠬᠤ ᠰᠢᠨ᠎ᠡ ᠠᠶᠠᠯᠠᠯ ᠤᠨ ᠱᠤᠭᠤᠮ ᠢ | ᠨᠡᠭᠡᠭᠡᠨ᠎ᠡ᠃ | ᠬᠤᠶᠠᠷ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠥᠳᠲᠡᠡᠷ | ᠲᠦᠷᠭᠡᠨ ᠪᠠᠶᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠬᠥᠭᠵᠢᠯᠲᠡ ᠶᠢ | ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ | ᠬᠥᠮᠥᠵᠢᠭᠦᠯᠦᠨ᠎ᠡ᠃ ᠨᠡᠶᠢᠲᠡ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠣᠢ᠂ ᠨᠢᠭᠡ ᠳᠤ᠂ ᠡᠯ᠎ᠡ ᠠᠶᠢᠮᠠᠭ ᠬᠤᠲᠠ ᠶᠢᠨ | ︽ᠬᠡᠷᠡᠭᠯᠡᠭᠡᠨ ᠤ ᠬᠡᠯᠪᠡᠷᠢᠲᠦ ︵ᠠᠵᠢᠯ ᠮᠡᠷᠭᠡᠵᠢᠯ︶ ᠦᠨᠳᠦᠰᠦᠨ ᠠᠩᠭᠢᠲᠦ ᠳᠡᠭᠡᠳᠦ ᠰᠤᠷᠭᠠᠭᠤᠯᠢ + ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ + ᠬᠡᠳᠦᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︾ | ᠶᠢᠨ ᠰᠤᠷᠭᠠᠭᠤᠯᠢ ᠡᠷᠭᠢᠯᠡᠬᠦ ᠬᠤᠯᠪᠣᠭ᠎ᠠ ᠶᠢ ᠪᠠᠶᠢᠭᠤᠯᠬᠤ ᠶᠢ ᠠᠬᠢᠭᠤᠯᠵᠤ᠂ ᠠᠳᠠᠯᠢ ᠪᠤᠰᠤ ᠲᠠᠰ ᠳᠠᠪᠬᠤᠷᠭᠠᠨ ᠤ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠯᠳᠤ ᠪᠠᠷ ᠨᠡᠪᠲᠡᠷᠡᠬᠦ ᠶᠢ ᠪᠡᠶᠡᠯᠡᠭᠦᠯᠪᠡ᠃ ᠬᠤᠶᠠᠷ ᠲᠤ᠂ ᠠᠵᠢᠯ | ᠮᠡᠷᠭᠡᠵᠢᠯ ᠤᠨ ᠦᠨᠳᠦᠰᠦᠨ ᠠᠩᠭᠢᠲᠦ ᠰᠤᠷᠭᠠᠨ ᠬᠥᠮᠦᠵᠢᠯ ᠤᠨ ︽ᠬᠥᠲᠥᠯᠦᠨ ᠳᠠᠭᠠᠭᠤᠯᠬᠤ︾ ᠲᠥᠯᠥᠪᠯᠡᠭᠡ ᠶᠢ | ᠬᠡᠷᠡᠭᠵᠢᠭᠦᠯᠵᠦ᠂ ᠠᠵᠢᠯ ᠮᠡᠷᠭᠡᠵᠢᠯ ᠤᠨ ᠦᠨᠳᠦᠰᠦᠨ ᠠᠩᠭᠢᠲᠦ ᠰᠤᠷᠭᠠᠭᠤᠯᠢ ᠶᠢ ᠪᠠᠶᠢᠭᠤᠯᠵᠤ᠂ ᠠᠵᠢᠯ ᠮᠡᠷᠭᠡᠵᠢᠯ ᠤᠨ | ᠦᠨᠳᠦᠰᠦᠨ ᠠᠩᠭᠢ ᠶᠢᠨ ᠲᠤᠰᠬᠠᠶ ᠮᠡᠷᠭᠡᠵᠢᠯ ᠢ ᠨᠡᠭᠡᠭᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠤᠷᠭᠠᠭᠤᠯᠢ ᠡᠷᠭᠢᠯᠡᠬᠦ ᠲᠠᠰ ᠳᠠᠪᠬᠤᠷᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠤᠷᠪᠠ ᠳᠤ᠂ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠠᠵᠢᠯᠯᠠᠭ᠎ᠠ ᠶᠢ | ᠬᠡᠷᠡᠭᠵᠢᠭᠦᠯᠵᠦ᠂ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ | ᠥᠨᠳᠥᠷ ᠬᠢᠷᠢ ᠲᠦᠪᠰᠢᠨ ᠪᠥᠬᠦᠶ ᠲᠤᠰᠬᠠᠶ ᠮᠡᠷᠭᠡᠵᠢᠯ ᠤᠨ ᠴᠤᠭᠯᠠᠷᠠᠯ ᠤᠨ ᠪᠠᠶᠢᠭᠤᠯᠤᠯᠲᠠ ᠶᠢ ᠠᠬᠢᠭᠤᠯᠵᠤ᠂ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ | ᠠᠬᠢᠭᠤᠯᠤᠨ᠎ᠠ᠃ ᠳᠥᠷᠪᠡ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠰᠠᠭᠤᠷᠢ ᠶᠢ | ᠪᠠᠬᠢᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠰᠤᠷᠭᠠᠭᠤᠯᠢ ᠡᠷᠭᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠦᠨ᠎ᠡ᠃ | ᠭᠤᠷᠪᠠ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠵᠤ ᠬᠠᠮᠵᠢᠯᠴᠠᠨ ᠬᠥᠮᠦᠨ ᠢ ᠬᠥᠮᠦᠵᠢᠭᠦᠯᠬᠦ ᠶᠢ | ᠴᠢᠩᠭᠠᠳᠬᠠᠨ᠎ᠠ᠃ ᠠᠵᠢᠯ ᠲᠥᠷᠥᠯ ᠤᠨ ᠠᠵᠤ ᠠᠬᠤᠶᠢᠯᠠᠯ ᠡᠷᠭᠢᠯᠡᠬᠦ ᠪᠤᠶᠤ ᠭᠦᠨᠵᠡᠭᠡᠶ ᠣᠷᠣᠯᠴᠠᠬᠤ ᠪᠣᠯ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠵᠠᠶᠢᠯᠠᠰᠢ ᠥᠬᠡᠶ ᠵᠠᠮ ᠮᠥᠨ᠃ ᠭᠤᠷᠪᠠᠨ | ᠵᠦᠢᠯ ᠤᠨ ᠠᠷᠭ᠎ᠠ ᠬᠡᠮᠵᠢᠶ᠎ᠡ ᠪᠣᠶ᠂ ᠨᠢᠭᠡ ᠳᠤ᠂ ︽ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠯᠢᠮᠠᠭ | ᠥᠮᠴᠢᠯᠡᠯ ᠤᠨ ᠳᠦᠷᠢᠮᠲᠦ ᠰᠤᠷᠭᠠᠭᠤᠯᠢ ᠡᠷᠭᠢᠯᠡᠬᠦ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ ︵ᠲᠤᠷᠰᠢᠨ | ᠬᠡᠷᠡᠭᠵᠢᠭᠦᠯᠬᠦ︶︾ ᠢ ᠲᠣᠭᠲᠠᠭᠠᠵᠤ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ᠂ ᠰᠠᠭᠤᠷᠢ ᠮᠥᠩᠭᠦ ᠪᠠᠷ | ᠱᠠᠩᠨᠠᠬᠤ᠂ ᠪᠠᠯᠠ ᠮᠥᠩᠭᠦ ᠪᠠᠷ ᠲᠤᠰᠠᠯᠠᠵᠤ ᠤᠷᠮᠠᠰᠢᠭᠤᠯᠬᠤ ᠵᠡᠷᠭᠡ ᠶᠢ ᠠᠪᠴᠤ᠂ ᠠᠵᠤ ᠠᠬᠤᠶᠢᠯᠠᠯ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠬᠠᠤᠯᠢ ᠶᠣᠰᠤ ᠪᠠᠷ ᠡᠷᠭᠢᠯᠡᠬᠦ ᠪᠠ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ | ᠬᠤᠶᠠᠷ ᠲᠤ᠂ ᠨᠠᠵᠠᠭᠠᠶ ᠲᠠᠩᠰᠠ ᠪᠠᠶᠢᠭᠤᠯᠬᠤ᠂ ᠰᠤᠷᠭᠠᠭᠤᠯᠢ ᠡᠷᠭᠢᠯᠡᠬᠦ ᠬᠡᠯᠡᠯᠴᠡᠭᠡᠷ ᠲᠣᠭᠲᠠᠬᠤ᠂ ᠵᠠᠬᠢᠶᠠᠯᠠᠭ᠎ᠠ ᠶᠢᠨ | ᠮᠠᠶ᠋ᠢᠭᠲᠤ ᠬᠥᠮᠥᠵᠢᠯ ᠬᠢᠬᠦ᠂ ᠳᠠᠳᠤᠯᠭ᠎ᠠ ᠪᠣᠯᠪᠠᠰᠤᠷᠠᠯ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠎ᠠ᠃ ᠭᠤᠷᠪᠠ ᠳᠤ᠂ ᠮᠥᠩᠭᠦᠨ ᠭᠦᠢᠯᠭᠡᠭᠡ᠂ ᠡᠳ᠋ ᠤᠨ ᠵᠠᠰᠠᠭ ᠤᠨ ᠭᠠᠶᠢᠯᠢ᠂ ᠭᠠᠵᠠᠷ ᠰᠢᠷᠣᠶ ᠵᠡᠷᠭᠡ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠶᠢ | ᠴᠢᠩᠭᠠᠳᠬᠠᠵᠤ᠂ ᠠᠵᠤ ᠠᠬᠤᠶᠢᠯᠠᠯ ᠤᠨ ᠰᠤᠷᠭᠠᠭᠤᠯᠢ ᠡᠷᠭᠢᠯᠡᠬᠦ ᠳᠤ ᠣᠷᠣᠯᠴᠠᠬᠤ ᠢᠳᠡᠪᠬᠢᠵᠢᠯ ᠢ | ᠳᠡᠭᠡᠭᠰᠢᠯᠡᠭᠦᠯᠦᠨ᠎ᠡ᠃ | ᠳᠥᠷᠪᠡ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ | ᠬᠦᠴᠦᠨ ᠢ ᠨᠡᠮᠡᠭᠳᠡᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠬᠦ ᠪᠣᠯ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠡᠶᠡᠯᠡᠭᠦᠯᠬᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠦᠴᠢᠷᠳᠡᠯᠲᠡᠢ ᠠᠰᠠᠭᠤᠳᠠᠯ ᠢ ᠰᠢᠢᠳᠪᠦᠷᠢᠯᠡᠬᠦ ᠶᠢᠨ | ᠵᠠᠩᠭᠢᠯᠠᠭ᠎ᠠ ᠪᠣᠯᠤᠨ᠎ᠠ᠃ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠬᠤ ᠪᠠᠷ ᠪᠣᠶ᠂ ᠨᠢᠭᠡ ᠳᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠬᠤ᠂ ᠵᠠᠷᠤᠳᠠᠯ ᠢ ᠬᠡᠷᠡᠭᠯᠡᠬᠦ ᠲᠠᠯ᠎ᠠ ᠪᠠᠷ | ᠳᠡᠭᠡᠳᠦ ᠰᠤᠷᠭᠠᠭᠤᠯᠢ ᠳᠤ ᠡᠵᠡᠨ ᠮᠡᠳᠡᠬᠦ ᠡᠷᠬᠡ ᠶᠢ ᠥᠭᠴᠦ᠂ ᠣᠨᠴᠠᠭᠠᠶᠢᠯᠠᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠵᠦ ᠣᠯᠤᠭᠰᠠᠨ ᠣᠷᠣᠯᠭ᠎ᠠ ᠶᠢ ᠡᠳ᠋ ᠤᠨ | ᠵᠠᠰᠠᠭ ᠤᠨ ᠲᠤᠰᠬᠠᠶ ᠲᠠᠩᠰᠠᠨ ᠳᠤ ᠣᠷᠣᠭᠤᠯᠵᠤ᠂ ᠣᠷᠣᠯᠭ᠎ᠠ ᠵᠠᠷᠤᠯᠭ᠎ᠠ ᠶᠢ ᠠᠰ ᠠᠰ ᠲᠤ ᠨᠢ ᠬᠠᠮᠢᠶᠠᠷᠴᠤ | 50 % ᠠᠴᠠ ᠳᠡᠭᠡᠭᠰᠢᠬᠢ ᠶᠢ ᠪᠠᠭᠰᠢ᠂ ᠠᠵᠤ ᠠᠬᠤᠶᠢᠯᠠᠯ ᠤᠨ ᠲᠤᠰᠬᠠᠶ ᠮᠡᠷᠭᠡᠵᠢᠯᠲᠡᠨ᠂ ᠭᠠᠳᠠᠨ᠎ᠠ ᠠᠴᠠ | ᠤᠷᠢᠭᠳᠠᠭᠰᠠᠳ ᠪᠠ ᠰᠤᠷᠭᠠᠨ ᠬᠥᠮᠦᠵᠢᠯ ᠬᠦᠷᠲᠡᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠳᠤ | ᠬᠡᠷᠡᠭᠯᠡᠵᠦ᠂ ᠪᠠᠭᠰᠢ ᠶᠢᠨ ᠬᠥᠯᠥᠰᠥ ᠣᠯᠭᠤᠮᠵᠢ ᠥᠭᠬᠦ ᠳᠤ ᠬᠡᠷᠡᠭᠯᠡᠬᠦ ᠬᠡᠰᠡᠭ ᠢ ᠠᠵᠢᠯ ᠤᠨ ᠬᠢᠷᠢ ᠪᠦᠲᠦᠮᠵᠢ ᠶᠢᠨ | ᠴᠠᠯᠢᠩ ᠤᠨ ᠬᠠᠮᠢᠶᠠᠷᠤᠯᠲᠠ ᠳᠤ ᠣᠷᠣᠭᠤᠯᠵᠤ᠂ ᠤᠯᠤᠰ ᠤᠨ ᠲᠣᠭᠲᠠᠭᠠᠯ ᠳᠤ ᠨᠡᠶᠢᠴᠡᠪᠡᠯ ᠠᠵᠢᠯ ᠤᠨ ᠬᠢᠷᠢ | ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠤ ᠬᠢᠵᠠᠭᠠᠷᠯᠠᠯ ᠢ ᠬᠦᠯᠢᠶᠡᠬᠦ ᠥᠬᠡᠶ ᠪᠠᠶᠢᠵᠤ ᠪᠣᠯᠤᠨ᠎ᠠ᠂ ᠪᠠᠰᠠ | ᠵᠣᠬᠢᠬᠤ ᠬᠠᠷᠢᠴᠠᠯ ᠢᠶᠠᠷ ᠠᠵᠢᠯ ᠤᠨ ᠬᠢᠷᠢ ᠪᠦᠲᠦᠮᠵᠢ ᠶᠢᠨ ᠴᠠᠯᠢᠩ ᠤᠨ ᠢᠷᠡᠯᠲᠡ ᠪᠣᠯᠭᠠᠵᠤ ᠪᠣᠯᠤᠨ᠎ᠠ᠃ ᠬᠤᠶᠠᠷ ᠲᠤ᠂ | ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ | ᠠᠵᠢᠯᠴᠢᠨ ᠤ ᠣᠷᠣᠨ ᠲᠤᠭ᠎ᠠ ᠶᠢ ᠬᠠᠷᠢᠴᠠᠭᠤᠯᠤᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠵᠤ᠂ ᠮᠡᠷᠭᠡᠵᠢᠯ ᠤᠨ ᠴᠣᠯᠠ | ᠳᠡᠪᠰᠢᠭᠦᠯᠬᠦ ᠪᠠ ᠦᠨᠡᠯᠡᠬᠦ ᠲᠣᠭᠲᠠᠴᠠ ᠶᠢ ᠥᠭᠡᠷᠡᠴᠢᠯᠡᠵᠦ᠂ ᠰᠤᠷᠭᠠᠭᠤᠯᠢ ᠪᠠ ᠠᠵᠤ ᠠᠬᠤᠶᠢᠯᠠᠯ ᠤᠨ ︽ᠬᠤᠶᠠᠷ ᠢ | ᠤᠷᠢᠬᠤ︾ ᠲᠦᠷᠢᠮ ᠢ ᠪᠠᠶᠢᠭᠤᠯᠵᠤ᠂ ᠠᠵᠤ ᠦᠢᠯᠡᠰ ᠤᠨ ᠫᠷᠤᠹᠧᠰᠰᠤᠷ ᠢ ᠰᠣᠩᠭᠤᠨ ᠤᠷᠢᠬᠤ ᠲᠥᠯᠥᠪᠯᠡᠭᠡ ᠶᠢ | ᠬᠡᠷᠡᠭᠵᠢᠭᠦᠯᠵᠦ᠂ ︽ᠬᠤᠤᠰ ᠬᠢᠷᠢ ᠬᠡᠮᠲᠦ︾ ᠪᠠᠭᠰᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠡᠶᠢᠲᠡᠯᠡᠵᠦ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ᠂ ᠡᠷᠦᠬᠡ ᠠᠮᠠ ᠣᠷᠣᠬᠤ᠂ ᠤᠷᠢᠬᠤ ᠪᠠ | ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠲᠠᠰ ᠳᠡᠪᠰᠢᠬᠦ ᠵᠡᠷᠭᠡ ᠵᠠᠮ ᠢ ᠨᠡᠪᠲᠡᠷᠡᠭᠦᠯᠵᠦ᠂ ᠮᠡᠷᠭᠡᠵᠢᠯ ᠤᠨ | ᠤᠷ᠎ᠠ ᠴᠢᠳᠠᠪᠤᠷᠢᠲᠦ ᠴᠢᠳᠠᠪᠤᠷᠢᠲᠠᠨ ᠤ ᠭᠠᠳᠠᠭᠠᠳᠤ ᠭᠠᠷᠭᠠᠯᠲᠠ ᠶᠢ ᠰᠢᠯᠤᠭᠤᠳᠬᠠᠵᠤ᠂ ᠨᠡᠶᠢᠭᠡᠮ ᠤᠨ ᠬᠠᠷᠠᠭᠠᠯᠵᠠᠯ ᠢ | ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷᠯᠢᠭ ᠠᠵᠢᠯ ᠤᠯᠬᠤ ᠶᠢ | ᠪᠠᠲᠤᠯᠠᠨ᠎ᠠ᠃ | ᠲᠠᠪᠤ᠂ ᠴᠢᠨᠠᠷᠯᠢᠭ ᠬᠥᠭᠵᠢᠯᠲᠡ ᠶᠢᠨ ᠪᠠᠲᠤᠯᠠᠭᠠᠨ ᠤ ᠲᠣᠭᠲᠠᠴᠠ ᠶᠢ ᠪᠠᠶᠢᠭᠤᠯᠤᠨ᠎ᠠ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠳᠦᠷᠢᠮ ᠪᠣᠯᠤᠨ ᠵᠠᠷᠤᠳᠠᠯ ᠤᠨ ᠪᠠᠲᠤᠯᠠᠭ᠎ᠠ ᠶᠢ | ᠴᠢᠩᠭᠠᠷᠠᠭᠤᠯᠬᠤ᠂ ᠦᠨᠡᠯᠡᠨ ᠵᠢᠱᠢᠵᠦ ᠬᠢᠨᠠᠨ ᠵᠢᠯᠣᠭᠤᠳᠬᠤ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ ᠭᠤᠷᠪᠠᠨ | ᠲᠠᠯ᠎ᠠ ᠶᠢᠨ ᠪᠠᠲᠤᠯᠠᠬᠤ ᠠᠷᠭ᠎ᠠ ᠬᠡᠮᠵᠢᠶ᠎ᠡ ᠶᠢ ᠳᠤᠷᠠᠳᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠬᠢ | ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠰᠤᠷᠭᠠᠭᠤᠯᠢ | ᠡᠷᠬᠢᠯᠡᠵᠦ ᠰᠤᠷᠭᠠᠭᠤᠯᠢ ᠶᠢ ᠵᠠᠰᠠᠬᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠪᠦᠬᠦ | ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ︔ ᠡᠯ᠎ᠡ ᠬᠤᠯᠪᠤᠭᠳᠠᠬᠤ ᠰᠠᠯᠠᠭ᠎ᠠ | ᠮᠥᠴᠢᠷ ᠤᠨ ᠬᠢᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠤ ᠢᠵᠢ ᠪᠦᠷᠢᠳᠦᠬᠦᠯᠬᠦ ᠶᠢ ᠳᠡᠮᠵᠢᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠥᠭᠵᠢᠯᠲᠡ ᠶᠢ ᠳᠡᠮᠵᠢᠬᠦ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠴᠢᠬᠤᠯᠠᠴᠢᠯᠠᠪᠠ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠡᠯ᠎ᠡ | ᠱᠠᠲᠤᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠢᠨᠠᠨ | ᠵᠢᠯᠣᠭᠤᠳᠴᠤ ᠦᠨᠡᠯᠡᠬᠦ ᠳᠤ ᠣᠷᠣᠭᠤᠯᠵᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠵᠢᠯ ᠤᠨ ᠪᠣᠳᠠᠲᠤ ᠬᠢᠷᠢ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠵᠤ᠂ | ᠡᠯ᠎ᠡ ᠲᠠᠯ᠎ᠠ ᠶᠢᠨ ᠬᠦᠴᠦᠨ ᠢ ᠬᠤᠷᠠᠮᠳᠤᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠳᠠᠷᠠᠭ᠎ᠠ ᠠᠯᠬᠤᠮ ᠳᠤ᠂ ᠪᠢᠳᠡ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ︽ᠠᠷᠭ᠎ᠠ | ᠬᠡᠮᠵᠢᠶ᠎ᠡ︾ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ᠎ᠠ᠃ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠥᠪᠡᠷᠲᠡᠭᠡᠨ ᠵᠠᠰᠠᠬᠤ | ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠠᠵᠢᠯ ᠲᠦᠷᠦᠯ ᠠᠵᠤ | ᠠᠬᠤᠶᠢᠯᠠᠯ ᠤᠨ ᠬᠠᠮᠲᠤ ᠶᠢᠨ ᠴᠢᠷᠮᠠᠶᠢᠯᠭ᠎ᠠ ᠪᠠᠷ ᠪᠢᠳᠡ ᠯᠠᠪᠲᠠᠢ ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠩᠭ᠎ᠠ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠪᠠ | ᠤᠷ᠎ᠠ ᠴᠢᠳᠠᠪᠤᠷᠢ ᠶᠢᠨ ᠲᠤᠯᠭᠠᠭᠤᠷᠢᠯᠠᠯ ᠬᠠᠩᠭᠠᠵᠤ ᠴᠢᠳᠠᠨ᠎ᠠ ᠭᠡᠳᠡᠭ ᠢ ᠪᠠᠲᠤ ᠢᠲᠡᠭᠡᠵᠦ ᠪᠠᠶᠢᠨ᠎ᠠ᠃ | ᠣᠯᠠᠨ ᠳᠤ ᠪᠠᠶᠠᠷᠯᠠᠯ᠎ᠠ︕ | | | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠰᠣᠨᠢᠨ | ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠠᠤᠯᠢ︾ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠡᠩ ᠤᠨ ᠰᠤᠷᠭᠠᠨ ᠬᠥᠮᠦᠵᠢᠯ ᠲᠠᠢ | ᠠᠳᠠᠯᠢᠬᠠᠨ ᠴᠢᠬᠤᠯᠠ ᠪᠠᠶᠢᠷᠢ ᠰᠠᠭᠤᠷᠢ ᠲᠠᠢ ᠰᠤᠷᠭᠠᠨ ᠬᠥᠮᠦᠵᠢᠯ ᠤᠨ ᠲᠥᠷᠥᠯ ᠬᠡᠯᠪᠡᠷᠢ ᠮᠥᠨ ᠭᠡᠵᠦ | ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠷᠢᠨ ᠪᠦᠲᠦᠨ | ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠠᠬᠢᠭᠤᠯᠬᠤ ᠲᠠᠯ᠎ᠠ ᠪᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ | ᠪᠣᠶ︖ | ᠯᠢ ᠶᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠂ ᠲᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠵᠠᠩᠭᠢᠯᠠᠭ᠎ᠠ ᠶᠢ ᠳᠤᠷᠠᠳᠤᠭᠰᠠᠨ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ ᠮᠠᠨ ᠤ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ | ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ ᠰᠢᠯᠢᠳᠡᠭ ᠢ ᠬᠥᠮᠦᠵᠢᠭᠦᠯᠬᠦ᠂ ᠥᠷᠲᠡᠭ ᠢ ᠨᠡᠮᠡᠭᠳᠡᠭᠦᠯᠵᠦ ᠡᠨᠧᠷᠭᠢ ᠣᠯᠭᠤᠬᠤ | ᠬᠤᠷᠳᠤᠨ ᠤ ᠵᠠᠮ ᠢᠶᠠᠷ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠴᠦ | ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠭᠤᠷᠢ ᠶᠢ ᠪᠠᠬᠢᠵᠢᠭᠦᠯᠬᠦ᠂ ᠠᠭᠤᠯᠤᠭᠳᠠᠬᠤᠨ ᠢ | ᠳᠡᠭᠡᠭᠰᠢᠯᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠨᠥᠯᠥᠭᠡ ᠶᠢ ᠥᠷᠭᠡᠳᠬᠡᠬᠦ᠂ ᠦᠢᠯᠡᠴᠢᠯᠡᠭᠡ ᠶᠢ | ᠴᠢᠩᠭᠠᠳᠬᠠᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ ᠢᠳᠡᠪᠬᠢᠲᠡᠶ ᠦᠷ᠎ᠡ | ᠪᠦᠲᠦᠮᠵᠢ ᠣᠯᠤᠭᠰᠠᠨ ᠪᠠᠶᠢᠨ᠎ᠠ᠃ ᠡᠭᠦᠨ ᠳᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠠᠩ ᠪᠦᠷᠢᠨ | ᠪᠦᠲᠦᠨ ᠳᠣᠭᠲᠠᠯᠴᠠᠭ᠎ᠠ ᠶᠢ ᠪᠦᠷᠢᠯᠳᠦᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢ | ᠴᠢᠨᠠᠷᠲᠠᠶ ᠦᠢᠯᠡᠳᠦᠯ ᠢ ᠴᠢᠩᠭᠠᠳᠬᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠬᠢᠵᠢᠭᠦᠯᠵᠦ᠂ ᠠᠵᠢᠯ ᠮᠡᠷᠭᠡᠵᠢᠯ ᠤᠨ ᠦᠨᠳᠦᠰᠦᠨ ᠠᠩᠭᠢ ᠶᠢᠨ | ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠳᠤᠮᠳᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠠᠪᠤᠨ | ᠵᠢᠯ ᠤᠨ ᠳᠦᠷᠢᠮᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠦᠷᠭᠦᠯᠵᠢᠯᠡᠨ ᠬᠡᠷᠡᠭᠵᠢᠭᠦᠯᠵᠦ᠂ 5 ᠦᠨᠳᠦᠰᠦᠨ | ᠠᠩᠭᠢᠲᠦ ᠳᠡᠭᠡᠳᠦ ᠰᠤᠷᠭᠠᠭᠤᠯᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ︽ᠰᠣᠶᠣᠯ ᠤᠨ | ᠬᠡᠪ ᠴᠢᠨᠠᠷ + ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠶᠢᠨ ᠰᠢᠯᠭᠠᠯᠲᠠ ᠬᠢᠵᠦ ᠰᠣᠷᠣᠭᠴᠢ ᠡᠯᠰᠡᠬᠦ ᠶᠢ | ᠠᠬᠢᠭᠤᠯᠵᠤ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠳᠣᠭᠲᠠᠯᠴᠠᠭ᠎ᠠ ᠶᠢ ᠨᠢᠭᠡ ᠴᠣᠭᠴᠠᠵᠢᠭᠤᠯᠬᠤ ᠪᠠᠷ ᠲᠥᠯᠦᠪᠯᠡᠪᠡ᠃ ᠣᠳᠣ᠂ ᠪᠦᠬᠦ ᠣᠷᠣᠨ ᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠵᠢᠯ ᠪᠦᠷᠢ ᠳᠤᠮᠳᠠᠴᠢ ᠪᠠᠷ ᠠᠳᠠᠯᠢ ᠪᠤᠰᠤ ᠳᠡᠰ ᠳᠠᠪᠬᠤᠷᠭ᠎ᠠ ᠶᠢᠨ ᠤᠷ᠎ᠠ | ᠴᠢᠳᠠᠪᠤᠷᠢᠲᠦ ᠴᠢᠳᠠᠪᠤᠷᠢᠲᠠᠨ ᠢ 12 ᠲᠦᠮᠡ ᠰᠢᠬᠠᠮ ᠬᠥᠮᠦᠵᠢᠭᠦᠯᠵᠦ᠂ ᠬᠤᠲᠠ ᠬᠥᠳᠡᠭᠡ ᠶᠢᠨ ᠬᠥᠳᠡᠯᠮᠦᠷᠢᠯᠡᠭᠴᠢᠳ | 22 ᠲᠦᠮᠡᠨ ᠬᠥᠮᠦᠨ ᠢ ᠪᠣᠯᠪᠠᠰᠤᠷᠠᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠬᠤᠪᠢ ᠨᠡᠮᠡᠷᠢ ᠦᠵᠡᠭᠦᠯᠪᠡ᠃ | ᠳᠠᠷᠠᠭ᠎ᠠ ᠠᠯᠬᠤᠮ ᠳᠤ᠂ ᠪᠢᠳᠡ ᠪᠠᠰᠠ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠳᠣᠭᠲᠠᠯᠴᠠᠭ᠎ᠠ ᠶᠢ ᠳᠥᠷᠪᠡᠨ ᠲᠠᠯ᠎ᠠ ᠪᠠᠷ ᠭᠤᠣᠯᠳᠠᠯᠭᠠᠲᠠᠢ ᠲᠡᠭᠦᠯᠳᠡᠷᠵᠢᠭᠦᠯᠦᠨ᠎ᠡ᠂ ᠨᠡᠶᠢᠲᠡᠯᠡᠯ ᠤᠨ ᠦᠭᠡ ᠶᠢᠨ | ᠲᠠᠨᠢᠯᠴᠠᠭᠤᠯᠭ᠎ᠠ ᠶᠢ ᠳᠤᠤᠷ᠎ᠠ ᠪᠢ ᠨᠠᠷᠢᠯᠢᠭ ᠬᠠᠷᠢᠭᠤᠯᠤᠶ᠎ᠠ᠄ | ᠨᠢᠭᠡ ᠳᠤ᠂ ᠠᠳᠠᠯᠢ ᠪᠤᠰᠤ ᠲᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠭᠤᠯᠳᠤ ᠪᠠᠷ ᠨᠡᠪᠲᠡᠷᠡᠬᠦ ᠶᠢ ᠠᠬᠢᠭᠤᠯᠬᠤ ᠬᠡᠷᠡᠭᠲᠡᠢ᠃ ᠡᠨᠡ ᠲᠠᠯ᠎ᠠ ᠪᠠᠷ ᠬᠤᠶᠠᠷ ᠵᠦᠢᠯ ᠤᠨ ᠠᠵᠢᠯ ᠢ ᠭᠤᠣᠯᠳᠠᠯᠭᠠᠲᠠᠢ | ᠰᠠᠶᠢᠲᠤᠷ ᠬᠢᠬᠦ ᠬᠡᠷᠡᠭᠲᠡᠶ᠂ ᠨᠢᠭᠡ ᠳᠤ᠂ ᠡᠯ᠎ᠡ ᠠᠶᠢᠮᠠᠭ ᠬᠤᠲᠠ ᠳᠤ ᠬᠡᠷᠡᠭᠯᠡᠭᠡᠨ ᠤ ᠬᠡᠯᠪᠡᠷᠢᠲᠦ ︵ᠠᠵᠢᠯ ᠮᠡᠷᠭᠡᠵᠢᠯ︶ | ᠦᠨᠳᠦᠰᠦᠨ ᠠᠩᠭᠢᠲᠦ ᠳᠡᠭᠡᠳᠦ ᠰᠤᠷᠭᠠᠭᠤᠯᠢ + ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ + | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠤᠨ ᠰᠤᠷᠭᠠᠭᠤᠯᠢ ᠡᠷᠭᠢᠯᠡᠬᠦ ᠬᠤᠯᠪᠣᠭ᠎ᠠ ᠶᠢ | ᠪᠠᠶᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠪᠣᠯᠤᠨ ᠲᠤᠰᠬᠠᠶ ᠮᠡᠷᠭᠡᠵᠢᠯ᠂ ᠲᠤᠰᠬᠠᠶ ᠮᠡᠷᠭᠡᠵᠢᠯ ᠪᠣᠯᠤᠨ | ᠦᠨᠳᠦᠰᠦᠨ ᠠᠩᠭᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠪᠣᠯᠤᠨ ᠦᠨᠳᠦᠰᠦᠨ ᠠᠩᠭᠢ ᠶᠢ ᠨᠢᠭᠡ | ᠴᠣᠭᠴᠠᠵᠢᠭᠤᠯᠤᠭᠰᠠᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠪᠠᠶᠢᠭᠤᠯᠤᠨ᠎ᠠ᠃ ᠬᠤᠶᠠᠷ ᠲᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠲᠦᠷᠢᠮ ᠢ | ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠰᠢᠯᠭᠠᠯᠲᠠ ᠶᠢᠨ ᠰᠣᠷᠣᠭᠴᠢ ᠡᠯᠰᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ᠰᠢᠨ᠎ᠡ ᠪᠠᠷ | ᠨᠡᠮᠡᠭᠳᠡᠭᠦᠯᠬᠦ ᠦᠨᠳᠦᠰᠦᠨ ᠠᠩᠭᠢ ︵ᠲᠤᠰᠬᠠᠶ ᠮᠡᠷᠭᠡᠵᠢᠯ ᠠᠴᠠ ᠦᠨᠳᠦᠰᠦᠨ ᠠᠩᠭᠢ ᠳᠤ ᠳᠡᠪᠰᠢᠬᠦ ᠶᠢ ᠪᠠᠭᠲᠠᠭᠠᠨ᠎ᠠ︶ | ᠶᠢᠨ ᠰᠣᠷᠣᠭᠴᠢ ᠡᠯᠰᠡᠬᠦ ᠲᠥᠯᠥᠪᠯᠡᠭᠡ ᠶᠢ ᠭᠤᠤᠯᠳᠠᠭᠤ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢ ᠪᠠ ᠠᠵᠢᠯ | ᠮᠡᠷᠭᠡᠵᠢᠯ ᠤᠨ ᠦᠨᠳᠦᠰᠦᠨ ᠠᠩᠭᠢ ᠶᠢᠨ ᠰᠤᠷᠭᠠᠨ ᠬᠥᠮᠦᠵᠢᠯ ᠳᠤ ᠬᠡᠷᠡᠭᠯᠡᠵᠦ᠂ ᠠᠵᠢᠯ ᠮᠡᠷᠭᠡᠵᠢᠯ ᠤᠨ ᠦᠨᠳᠦᠰᠦᠨ | ᠠᠩᠭᠢᠲᠦ ᠳᠡᠭᠡᠳᠦ ᠰᠤᠷᠭᠠᠭᠤᠯᠢ᠂ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢᠲᠦ ᠳᠡᠭᠡᠳᠦ ᠰᠤᠷᠭᠠᠭᠤᠯᠢ ᠶᠢᠨ | ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠠᠴᠠ ᠰᠣᠷᠣᠭᠴᠢ ᠡᠯᠰᠡᠬᠦ | ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠮᠠᠨ ᠤ ᠬᠠᠷᠠᠯᠲᠠ ᠪᠣᠯ᠂ 2025 ᠣᠨ ᠪᠣᠯᠬᠤ ᠳᠤ᠂ ᠠᠵᠢᠯ | ᠮᠡᠷᠭᠡᠵᠢᠯ ᠤᠨ ᠦᠨᠳᠦᠰᠦᠨ ᠠᠩᠭᠢ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠬᠡᠪᠴᠢᠶ᠎ᠡ ᠶᠢ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠬᠡᠪᠴᠢᠶ᠎ᠡ ᠶᠢᠨ 10 % ᠠᠴᠠ | ᠳᠤᠤᠷ᠎ᠠ ᠪᠠᠶᠢᠯᠭᠠᠵᠤ ᠪᠣᠯᠬᠤ ᠥᠬᠡᠶ᠃ | ᠬᠤᠶᠠᠷ ᠲᠤ᠂ ᠠᠵᠢᠯ ᠮᠡᠷᠭᠡᠵᠢᠯ ᠤᠨ ᠦᠨᠳᠦᠰᠦᠨ ᠠᠩᠭᠢ ᠶᠢᠨ ᠰᠤᠷᠭᠠᠨ ᠬᠥᠮᠦᠵᠢᠯ ᠢ ︽ᠬᠥᠲᠥᠯᠥᠨ | ᠳᠠᠭᠠᠭᠤᠯᠬᠤ︾ ᠲᠥᠯᠥᠪᠯᠡᠭᠡ ᠶᠢ ᠬᠡᠷᠡᠭᠵᠢᠭᠦᠯᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠬᠤᠣᠰ | ᠥᠨᠳᠥᠷ ᠲᠥᠯᠥᠪᠯᠡᠭᠡ︾ ᠶᠢᠨ ᠰᠤᠷᠭᠠᠭᠤᠯᠢ ᠨᠤᠭᠤᠳ ᠠᠵᠢᠯ ᠮᠡᠷᠭᠡᠵᠢᠯ ᠤᠨ ᠦᠨᠳᠦᠰᠦᠨ ᠠᠩᠭᠢᠲᠦ ᠳᠡᠭᠡᠳᠦ | ᠰᠤᠷᠭᠠᠭᠤᠯᠢ ᠪᠠᠶᠢᠭᠤᠯᠬᠤ ᠶᠢ ᠭᠤᠣᠯᠳᠠᠯᠭᠠᠲᠠᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ | ᠲᠥᠯᠥᠪᠵᠢᠭᠦᠯᠦᠨ ᠪᠥᠲᠥᠭᠡᠨ ᠪᠠᠶᠢᠭᠤᠯᠬᠤ ᠳᠤ ᠣᠷᠣᠭᠤᠯᠤᠭᠰᠠᠨ ᠠᠵᠢᠯ ᠮᠡᠷᠭᠡᠵᠢᠯ ᠤᠨ ᠦᠨᠳᠦᠰᠦᠨ ᠠᠩᠭᠢᠲᠦ | ᠳᠡᠭᠡᠳᠦ ᠰᠤᠷᠭᠠᠭᠤᠯᠢ ᠳᠤ ᠰᠤᠷᠭᠠᠨ ᠬᠥᠮᠦᠵᠢᠯ ᠤᠨ ᠶᠠᠮᠤᠨ ᠤ ᠲᠣᠬᠢᠷᠠᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ | ᠡᠯ᠎ᠡ ᠰᠠᠯᠠᠭ᠎ᠠ ᠮᠥᠴᠢᠷ ᠲᠠᠢ ᠬᠠᠮᠲᠤᠷᠠᠵᠤ᠂ ᠵᠢᠭᠠᠨ ᠰᠤᠷᠭᠠᠯᠲᠠ ᠳᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠵᠤ᠂ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠵᠠᠷᠤᠳᠠᠯ ᠤᠨ ᠪᠡᠯᠡ ᠣᠷᠣᠭᠤᠯᠤᠯᠲᠠ ᠶᠢ ᠪᠠᠲᠤᠯᠠᠵᠤ᠂ | ᠣᠷᠣᠨ ᠲᠤᠭ᠎ᠠ ᠪᠤᠶᠤ ᠠᠵᠢᠯᠲᠠᠨ ᠤ ᠶᠡᠷᠦᠩᠬᠡᠶ ᠬᠡᠮᠵᠢᠶ᠎ᠡ ᠶᠢ ᠪᠠᠷᠢᠮᠵᠢᠶ᠎ᠠ ᠶᠣᠰᠤ ᠪᠠᠷ ᠴᠠᠭ ᠲᠤᠬᠠᠶ ᠳᠤ ᠨᠢ ᠬᠢᠨᠠᠨ | ᠲᠣᠭᠲᠠᠭᠠᠵᠤ᠂ ᠰᠤᠷᠭᠠᠭᠤᠯᠢ ᠶᠢᠨ ᠤᠳᠤᠷᠢᠳᠬᠤ ᠪᠠᠭ ᠪᠠ ᠪᠠᠭᠰᠢ ᠶᠢᠨ ᠡᠩᠨᠡᠭᠡ ᠶᠢ ᠪᠥᠷᠢᠨ ᠭᠦᠢᠴᠡᠳ ᠡᠷᠡᠰ | ᠴᠢᠩᠭ᠎ᠠ ᠳᠣᠭᠢᠷᠠᠭᠤᠯᠵᠤ᠂ 2025 ᠣᠨ ᠪᠣᠯᠬᠤ ᠳᠤ ᠥᠨᠳᠥᠷ ᠪᠠᠷᠢᠮᠵᠢᠶᠠᠲᠤ᠂ ᠢᠯᠡ ᠲᠣᠳᠣ ᠣᠨᠴᠠᠯᠢᠭᠲᠤ ᠠᠵᠢᠯ | ᠮᠡᠷᠭᠡᠵᠢᠯ ᠤᠨ ᠦᠨᠳᠦᠰᠦᠨ ᠠᠩᠭᠢᠲᠤ ᠳᠡᠭᠡᠳᠦ ᠰᠤᠷᠭᠠᠭᠤᠯᠢ ᠶᠢ 3 ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠨ᠎ᠠ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠰᠤᠷᠭᠠᠨ ᠬᠥᠮᠦᠵᠢᠯ ᠤᠨ ᠶᠠᠮᠤᠨ ᠠᠴᠠ ᠰᠤᠷᠭᠠᠭᠤᠯᠢ | ᠡᠷᠭᠢᠯᠡᠬᠦ ᠴᠢᠨᠠᠷ ᠴᠢᠨᠰᠠᠭ᠎ᠠ ᠪᠠᠷ ᠥᠨᠳᠥᠷ᠂ ᠳᠠᠪᠠᠭᠤᠯᠢᠭ ᠣᠨᠴᠠᠯᠢᠭ ᠢᠶᠠᠷ ᠲᠣᠪᠤᠶᠢᠮ᠎ᠠ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠠᠵᠢᠯ ᠮᠡᠷᠭᠡᠵᠢᠯ ᠤᠨ ᠦᠨᠳᠦᠰᠦᠨ ᠠᠩᠭᠢ ᠶᠢᠨ ᠲᠤᠰᠬᠠᠶ ᠮᠡᠷᠭᠡᠵᠢᠯ ᠤᠨ | ᠲᠤᠷᠰᠢᠯᠲᠠ ᠶᠢᠨ ᠴᠡᠭ ᠢ ᠢᠳᠡᠪᠬᠢᠲᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠡᠰᠡᠭ ᠦᠨᠳᠦᠰᠦᠨ | ᠠᠩᠭᠢᠲᠦ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠠᠬᠢᠭᠤᠯᠤᠨ᠎ᠠ︔ ᠡᠭᠦᠨ ᠤ ᠬᠠᠮᠲᠤ᠂ ᠡᠯ᠎ᠡ ᠡᠩ ᠤᠨ ᠳᠡᠭᠡᠳᠦ ᠰᠤᠷᠭᠠᠭᠤᠯᠢ ᠠᠵᠢᠯ ᠮᠡᠷᠭᠡᠵᠢᠯ ᠤᠨ ᠦᠨᠳᠦᠰᠦᠨ | ᠠᠩᠭᠢ ᠶᠢᠨ ᠰᠤᠷᠭᠠᠨ ᠬᠥᠮᠦᠵᠢᠯ ᠢ ᠡᠷᠭᠢᠯᠡᠵᠦ᠂ ᠰᠣᠷᠣᠭᠴᠢ ᠡᠯᠰᠡᠬᠦ ᠲᠥᠯᠥᠪᠯᠡᠭᠡ ᠪᠠᠨ ᠲᠤᠰᠠᠭᠠᠷ ᠵᠢᠭᠰᠠᠭᠠᠨ᠎ᠠ᠃ | ᠭᠤᠷᠪᠠ ᠳᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠪᠥᠬᠦᠶ ᠥᠨᠳᠥᠷ | ᠬᠢᠷᠢ ᠲᠦᠪᠰᠢᠨᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠥᠨᠳᠥᠷ ᠬᠢᠷᠢ ᠳᠦᠪᠰᠢᠨᠲᠦ | ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠲᠥᠯᠥᠪᠯᠡᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠤᠤᠰ ᠥᠨᠳᠦᠷ | ᠲᠥᠯᠥᠪᠯᠡᠭᠡ︾ ᠶᠢ ᠬᠡᠷᠡᠭᠵᠢᠭᠦᠯᠵᠦ᠂ ᠲᠥᠰᠦᠯ ᠤᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠶᠢ ᠳᠡᠰ ᠬᠤᠪᠢᠶᠠᠨ | ᠪᠠᠯᠠ ᠮᠥᠩᠭᠦᠨ ᠤ ᠳᠡᠮᠵᠢᠯᠭᠡ ᠦᠵᠡᠭᠦᠯᠦᠨ᠎ᠡ᠃ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠥᠨᠳᠥᠷ ᠬᠢᠷᠢ ᠳᠦᠪᠰᠢᠨᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 8 ᠪᠠ ᠥᠨᠳᠥᠷ | ᠬᠢᠷᠢ ᠳᠦᠪᠰᠢᠨᠲᠦ ᠲᠤᠰᠬᠠᠶ ᠮᠡᠷᠭᠡᠵᠢᠯ ᠤᠨ ᠬᠠᠮᠲᠤᠯᠢᠭ ᠢ 25 ᠣᠷᠴᠢᠮ ᠪᠠᠶᠢᠭᠤᠯᠤᠨ᠎ᠠ᠃ ᠰᠤᠷᠭᠠᠭᠤᠯᠢ ᠡᠷᠬᠢᠯᠡᠬᠦ | ᠨᠥᠬᠦᠴᠡᠯ ᠨᠢ ᠪᠠᠷᠢᠮᠵᠢᠶ᠎ᠠ ᠳᠤ ᠬᠦᠷᠦᠭᠰᠡᠨ ᠦᠭᠡᠶ ᠳᠡᠭᠡᠳᠦ ᠰᠤᠷᠭᠠᠭᠤᠯᠢ ᠶᠢ ᠬᠥᠳᠡᠯᠦᠩᠭᠦᠶ ᠬᠢᠨᠠᠨ ᠪᠠᠶᠢᠴᠠᠭᠠᠵᠤ᠂ | ᠬᠤᠭᠤᠴᠠᠭ᠎ᠠ ᠬᠢᠵᠠᠭᠠᠷᠯᠠᠨ ᠴᠡᠭᠴᠡᠯᠡᠵᠦ᠂ ᠪᠤᠴᠠᠭᠠᠬᠤ ᠲᠣᠭᠲᠠᠴᠠ ᠶᠢ ᠪᠠᠶᠢᠭᠤᠯᠵᠤ᠂ ᠬᠤᠭᠤᠴᠠᠭ᠎ᠠ ᠥᠩᠭᠡᠷᠡᠲᠡᠯ᠎ᠡ | ᠴᠡᠭᠴᠡᠯᠡᠬᠦ ᠦᠭᠡᠶ ᠪᠤᠶᠤ ᠴᠡᠭᠴᠡᠯᠡᠭᠰᠡᠨ ᠴᠦ ᠱᠠᠭᠠᠷᠳᠠᠯᠭ᠎ᠠ ᠳᠤ ᠬᠦᠷᠬᠦ ᠦᠭᠡᠢ ᠪᠣᠯ ᠰᠤᠷᠭᠠᠭᠤᠯᠢ ᠡᠷᠬᠢᠯᠡᠬᠦ | ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠤ ᠪᠠᠷ ᠬᠤᠷᠢᠶᠠᠨ ᠠᠪᠴᠤ ᠬᠦᠴᠦᠨ ᠦᠭᠡᠶ ᠪᠣᠯᠭᠠᠬᠤ ᠪᠤᠶᠤ | ᠰᠤᠷᠭᠠᠭᠤᠯᠢ ᠡᠷᠬᠢᠯᠡᠬᠦ ᠶᠢ ᠵᠠᠷᠯᠢᠭᠳᠠᠨ ᠵᠣᠭᠰᠣᠭᠠᠨ᠎ᠠ᠃ ᠬᠤᠶᠠᠷ ᠵᠢᠯ ᠳᠠᠷᠠᠭᠠᠯᠠᠨ ᠰᠤᠷᠤᠭᠴᠢ ᠡᠯᠰᠡᠬᠦ | ᠲᠥᠯᠥᠪᠯᠡᠭᠡ ᠶᠢ ᠪᠣᠳᠠᠲᠠᠶ ᠪᠡᠶᠡᠯᠡᠭᠦᠯᠦᠭᠰᠡᠨ ᠨᠣᠷᠮ᠎ᠠ ᠨᠢ 90 % ᠳᠤ ᠬᠦᠷᠬᠦ ᠦᠭᠡᠶ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ 10 % —20 % ᠶᠢᠨ ᠬᠠᠷᠢᠴᠠᠯ ᠢᠶᠠᠷ ᠳᠠᠷᠠᠭ᠎ᠠ ᠨᠢᠭᠡ ᠵᠢᠯ ᠤᠨ ᠰᠤᠷᠤᠭᠴᠢ | ᠡᠯᠰᠡᠬᠦ ᠲᠥᠯᠥᠪᠯᠡᠭᠡ ᠶᠢ ᠲᠣᠬᠢᠷᠠᠭᠤᠯᠤᠨ ᠬᠠᠰᠤᠨ᠎ᠠ᠃ | ᠳᠥᠷᠪᠡ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠰᠠᠭᠤᠷᠢ ᠶᠢ | ᠪᠠᠬᠢᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠶ᠃ ᠡᠯ᠎ᠡ ᠠᠶᠢᠮᠠᠭ ᠬᠤᠲᠠ ᠶᠢᠨ ᠣᠷᠣᠨ ᠪᠦᠰᠡ ᠶᠢᠨ | ᠳᠣᠲᠣᠷᠠᠬᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠬᠦ ᠶᠢ ᠠᠬᠢᠭᠤᠯᠵᠤ᠂ ᠨᠡᠶᠢᠯᠡᠭᠦᠯᠬᠦ᠂ ᠬᠤᠷᠰᠢᠶᠠᠯᠠᠬᠤ᠂ ᠨᠠᠶᠢᠳᠠᠨ ᠬᠠᠮᠢᠶᠠᠷᠤᠭᠤᠯᠬᠤ᠂ ᠪᠦᠯᠦᠭᠵᠢᠭᠦᠯᠦᠨ | ᠰᠤᠷᠭᠠᠭᠤᠯᠢ ᠡᠷᠭᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ︽ᠬᠤᠭᠤᠰᠣᠨ᠂ ᠪᠠᠭ᠎ᠠ᠂ | ᠲᠠᠷᠠᠬᠠᠶ᠂ ᠪᠠᠭᠤᠷᠠᠶ︾ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ | ᠳᠡᠭᠡᠳᠦ ᠰᠤᠷᠭᠠᠭᠤᠯᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠶᠢ ᠡᠮᠬᠢᠯᠡᠨ ᠨᠡᠶᠢᠯᠡᠭᠦᠯᠦᠨ᠎ᠡ᠃ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠵᠤ᠂ | 2025 ᠣᠨ ᠪᠣᠯᠬᠤ ᠳᠤ ᠪᠥᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ | ᠡᠷᠭᠢᠯᠡᠬᠦ ᠨᠥᠬᠦᠴᠡᠯ ᠢ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ︾ ᠳᠤ | ᠬᠦᠷᠦᠭᠦᠯᠬᠦ ᠶᠢ ᠴᠢᠷᠮᠠᠶᠢᠨ ᠪᠡᠶᠡᠯᠡᠭᠦᠯᠵᠦ᠂ ᠪᠠᠷᠢᠮᠵᠢᠶ᠎ᠠ ᠳᠤ ᠬᠥᠷᠬᠦ ᠥᠬᠡᠶ ᠰᠤᠷᠭᠠᠭᠤᠯᠢ ᠶᠢ ᠬᠤᠭᠤᠴᠠᠭ᠎ᠠ | ᠬᠢᠵᠠᠭᠠᠷᠯᠠᠨ ᠴᠡᠭᠴᠡᠯᠡᠨ ᠥᠭᠡᠷᠡᠴᠢᠯᠡᠵᠦ᠂ ᠴᠠᠭᠠᠰᠢᠯᠠᠪᠠᠯ ᠰᠤᠷᠤᠭᠴᠢ ᠡᠯᠰᠡᠬᠦ ᠶᠢ ᠵᠣᠭᠰᠣᠭᠠᠬᠤ ᠪᠤᠶᠤ ᠬᠠᠰᠤᠵᠤ | ᠨᠡᠶᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ︽ᠬᠤᠶᠠᠷ ᠢ ᠰᠢᠯᠢᠳᠡᠭᠵᠢᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠲᠥᠰᠦᠯ ᠤᠨ ᠪᠥᠲᠥᠭᠡᠨ ᠪᠠᠶᠢᠭᠤᠯᠤᠯᠲᠠ ᠶᠢᠨ | ᠰᠤᠷᠭᠠᠭᠤᠯᠢ ᠶᠢ ᠲᠠᠰ ᠬᠤᠪᠢᠶᠠᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ 2025 ᠣᠨ ᠪᠣᠯᠬᠤ ᠳᠤ᠂ | ᠰᠢᠯᠢᠳᠡᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 40 ᠣᠷᠴᠢᠮ ᠪᠠ ᠰᠢᠯᠢᠳᠡᠭ ᠲᠤᠰᠬᠠᠶ | ᠮᠡᠷᠭᠡᠵᠢᠯ ᠢ 100 ᠣᠷᠴᠢᠮ ᠪᠠᠶᠢᠭᠤᠯᠤᠨ᠎ᠠ᠃ ᠵᠠᠰᠠᠭ ᠵᠠᠬᠢᠷᠭᠠᠨ ᠤ ᠣᠷᠣᠨ ᠤ ᠬᠢᠵᠠᠭᠠᠷᠯᠠᠯ ᠢ ᠡᠪᠳᠡᠵᠦ᠂ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠤᠨ ᠠᠵᠤ ᠠᠬᠤᠶ ᠶᠢᠨ ᠲᠣᠭᠤᠷᠢᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠨᠢᠭᠡᠳᠦᠯᠲᠡᠶ ᠰᠣᠷᠣᠭᠴᠢ ᠡᠯᠰᠡᠬᠦ ᠲᠤᠷᠰᠢᠯᠲᠠ ᠶᠢ ᠥᠷᠨᠢᠭᠦᠯᠵᠦ᠂ ᠠᠯᠬᠤᠮ ᠠᠯᠬᠤᠮ ᠢᠶᠠᠷ ᠪᠥᠬᠦ | ᠣᠷᠣᠨ ᠳᠤ ᠳᠡᠯᠭᠡᠷᠡᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠰᠢᠯᠢᠳᠡᠭᠵᠢᠭᠦᠯᠦᠨ | ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠪᠢ ᠬᠠᠷᠢᠭᠤᠯᠵᠤ ᠳᠠᠭᠤᠰᠪᠠ᠃ ᠪᠠᠶᠠᠷᠯᠠᠯ᠎ᠠ᠃ | | | ᠵᠥᠩ ᠾᠥᠩ ᠰᠦᠯᠵᠢᠶᠡᠨ ᠤ ᠰᠤᠷᠪᠤᠯᠵᠢᠯᠠᠭᠴᠢ᠄ ︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ | ᠬᠡᠮᠵᠢᠶ᠎ᠡ ᠨᠦᠭᠦᠳ︾ ᠲᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠪᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ | ᠭᠦᠨᠵᠡᠭᠡᠶᠢᠷᠡᠭᠦᠯᠬᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠯ᠎ᠠ ᠪᠠᠷ ᠶᠠᠮᠠᠷ ᠠᠵᠢᠯ ᠢ | ᠥᠷᠨᠢᠭᠦᠯᠦᠭᠰᠡᠨ ᠪᠣᠶ︖ ᠳᠠᠷᠠᠭ᠎ᠠ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠢ ᠠᠭᠤᠰᠬᠠᠬᠤ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠶᠠᠭᠠᠬᠢᠵᠤ ᠠᠬᠢᠭᠤᠯᠬᠤ | ᠪᠣᠶ︖ | ᠮᠸᠦ ᠭᠥᠸᠧ ᠮᠢᠨ᠄ ᠰᠤᠷᠪᠤᠯᠵᠢᠯᠠᠭᠴᠢ ᠶᠢᠨ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠵᠤ ᠠᠬᠤᠶ ᠶᠢᠨ ᠬᠥᠭᠵᠢᠯᠲᠡ ᠶᠢᠨ | ᠰᠢᠨ᠎ᠡ ᠪᠠᠶᠢᠳᠠᠯ ᠪᠠ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ ᠦᠰᠦᠨ ᠪᠤᠶᠢᠵᠢᠵᠤ ᠴᠢᠳᠠᠪᠤᠷᠢᠲᠠᠨ | ᠪᠣᠯᠬᠤ ᠰᠢᠨ᠎ᠡ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠤ ᠦᠢᠯᠡᠳᠪᠦᠷᠢ ᠪᠠ | ᠰᠤᠷᠭᠠᠨ ᠬᠥᠮᠦᠵᠢᠯ ᠢ ᠠᠭᠤᠰᠬᠠᠬᠤ᠂ ᠬᠠᠮᠵᠢᠯᠴᠠᠨ ᠬᠥᠮᠦᠨ ᠢ ᠬᠥᠮᠦᠵᠢᠭᠦᠯᠬᠦ ᠲᠣᠭᠲᠠᠴᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠬᠦ︾ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠤ ᠪᠠᠷ ᠮᠠᠨ ᠤ | ᠵᠥᠪᠯᠡᠯ ᠨᠢ ᠰᠤᠷᠭᠠᠨ ᠬᠥᠮᠦᠵᠢᠯ ᠤᠨ ᠲᠢᠩᠬᠢᠮ ᠵᠡᠷᠭᠡ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ᠂ | ᠲᠤᠷᠰᠢᠯᠲᠠ ᠶᠢᠨ ᠴᠡᠭ ᠤᠨ ᠬᠥᠮᠦᠵᠢᠯ ᠢ ᠴᠢᠩᠭᠠᠳᠬᠠᠬᠤ᠂ ᠲᠥᠰᠦᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ | ᠪᠠᠲᠤᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ᠂ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠢ ᠠᠭᠤᠰᠬᠠᠨ ᠬᠥᠭᠵᠢᠭᠦᠯᠬᠦ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ᠃ | ᠨᠢᠭᠡ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠢ ᠠᠭᠤᠰᠬᠠᠬᠤ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ | ︵ᠲᠤᠷᠰᠢᠨ ᠬᠡᠷᠡᠭᠵᠢᠭᠦᠯᠬᠦ︶︾ ᠳᠤ ᠲᠣᠳᠣᠷᠬᠠᠶᠢᠯᠠᠭᠰᠠᠨ ᠬᠤᠲᠠ ᠶᠢᠨ ᠳᠠᠭᠠᠭᠠᠴᠠ᠂ ᠠᠵᠢᠯ ᠲᠥᠷᠥᠯ ᠤᠨ ᠪᠥᠭᠡᠮᠨᠡᠷᠡᠯ᠂ | ᠠᠵᠤ ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠥᠭᠵᠢᠯᠲᠡ ᠶᠢᠨ | ᠪᠠᠶᠢᠷᠢᠰᠢᠯᠠᠭᠤᠯᠤᠯᠲᠠ ᠶᠢᠨ ᠱᠠᠭᠠᠷᠳᠠᠯᠭ᠎ᠠ ᠶᠣᠰᠤ ᠪᠠᠷ ᠬᠥᠬᠡᠬᠤᠲᠠ᠂ ᠣᠷᠳᠣᠰ ᠬᠤᠲᠠ᠂ ᠦᠬᠠᠶ ᠬᠤᠲᠠ ᠭᠤᠷᠪᠠᠨ | ᠲᠤᠷᠰᠢᠯᠲᠠ ᠶᠢᠨ ᠴᠡᠭ ᠤᠨ ᠬᠤᠲᠠ ᠶᠢ ᠳᠡᠮᠵᠢᠬᠦ ᠪᠠ ᠵᠣᠷᠢᠭᠵᠢᠭᠤᠯᠵᠤ᠂ ᠤᠷᠢᠳ ᠢᠶᠠᠷ ᠥᠭᠡᠷᠡᠴᠢᠯᠡᠯᠲᠡ ᠶᠢ | ᠰᠦᠪᠡᠭᠴᠢᠯᠡᠵᠦ᠂ ᠠᠵᠢᠯᠯᠠᠭᠠᠨ ᠤ ᠲᠣᠭᠲᠠᠴᠠ ᠶᠢ ᠥᠭᠡᠷᠡᠴᠢᠯᠡᠬᠦ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ | ᠠᠭᠤᠰᠬᠠᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ | ᠵᠠᠭᠪᠤᠷ ᠢ ᠪᠠᠶᠢᠭᠤᠯᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠠᠵᠤ ᠦᠢᠯᠡᠰ ᠤᠨ ᠬᠦᠷᠢᠶᠡᠯᠡᠩ | ᠲᠣᠭᠤᠷᠢᠭ ᠢ ᠪᠥᠲᠥᠭᠡᠨ ᠪᠠᠶᠢᠭᠤᠯᠬᠤ ᠵᠡᠷᠭᠡ ᠲᠠᠯ᠎ᠠ ᠪᠠᠷ ᠦᠢᠯᠡᠳᠦᠯᠭᠡ ᠶᠢᠨ ᠠᠷᠭ᠎ᠠ ᠵᠠᠮ ᠢ ᠰᠦᠪᠡᠭᠴᠢᠯᠡᠵᠦ᠂ | ︽ᠰᠤᠷᠬᠤ ᠵᠢᠭᠠᠬᠤ ᠰᠣᠳᠤᠯᠬᠤ ᠦᠢᠯᠡᠳᠪᠦᠷᠢᠯᠡᠬᠦ ᠬᠤᠲᠠ︾ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ | ᠴᠣᠭᠴᠠᠵᠢᠭᠤᠯᠤᠨ ᠤᠷᠤᠭᠰᠢᠯᠠᠭᠤᠯᠬᠤ ᠶᠢ ᠠᠬᠢᠭᠤᠯᠤᠨ᠎ᠠ︔ ᠮᠠᠨ ᠤ ᠣᠷᠣᠨ ᠤ ᠤᠯᠠᠮᠵᠢᠯᠠᠯᠲᠤ ᠠᠵᠤ ᠦᠢᠯᠡᠰ ᠤᠨ | ᠲᠠᠰ ᠳᠡᠪᠰᠢᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ᠂ ᠣᠲᠣ ᠦᠶ᠎ᠡ | ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠴᠢᠭᠯᠡᠯ ᠤᠨ ᠲᠣᠭᠤᠷᠢᠨ ᠳᠤ᠂ ᠠᠵᠤ ᠦᠢᠯᠡᠳᠪᠦᠷᠢ ᠪᠠ | ᠰᠤᠷᠭᠠᠨ ᠬᠥᠮᠦᠵᠢᠯ ᠢ ᠠᠭᠤᠰᠬᠠᠬᠤ ᠲᠤᠷᠰᠢᠯᠲᠠ ᠶᠢᠨ ᠠᠵᠤ ᠠᠬᠤᠶᠢᠯᠠᠯ 41 ᠶᠢ ᠰᠢᠯᠢᠨ ᠰᠣᠩᠭᠤᠵᠤ | ᠬᠥᠮᠥᠷᠭᠡ ᠳᠤ ᠣᠷᠣᠭᠤᠯᠤᠨ ᠪᠤᠶᠢᠵᠢᠭᠤᠯᠵᠤ᠂ ᠠᠷᠠᠳ ᠠᠴᠠ ᠡᠵᠡᠩᠨᠡᠭᠰᠡᠨ 1 ᠠᠵᠤ ᠠᠬᠤᠶᠢᠯᠠᠯ ᠢ ᠤᠯᠤᠰ ᠤᠨ | ᠲᠠᠰ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠠᠵᠤ ᠠᠬᠤᠶᠢᠯᠠᠯ ᠢᠶᠠᠷ ᠠᠮᠵᠢᠯᠲᠠᠲᠠᠶ | ᠪᠤᠶᠢᠵᠢᠭᠤᠯᠪᠠ᠃ | ᠬᠤᠶᠠᠷ ᠲᠤ᠂ ᠪᠡᠯᠡ ᠣᠷᠣᠭᠤᠯᠬᠤ ᠠᠷᠭ᠎ᠠ ᠵᠠᠮ ᠢ ᠢᠳᠡᠪᠬᠢᠲᠡᠶ ᠥᠷᠭᠡᠳᠭᠡᠵᠦ᠂ ᠲᠥᠪ ᠪᠠ ᠥᠪᠡᠷᠲᠡᠭᠡᠨ | ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ᠂ ᠵᠠᠰᠠᠭ ᠤᠨ ᠣᠷᠳᠣᠨ ᠤ ᠲᠤᠰᠬᠠᠶ ᠵᠦᠢᠯ ᠤᠨ | ᠵᠢᠭᠡᠯᠡᠯᠭᠡ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠪᠠᠭᠠᠵᠢ ᠵᠡᠷᠭᠡ ᠶᠢᠨ ᠪᠡᠯᠡ | ᠣᠷᠣᠭᠤᠯᠤᠯᠲᠠ ᠶᠢ ᠴᠢᠷᠮᠠᠶᠢᠨ ᠲᠣᠬᠢᠷᠠᠭᠤᠯᠵᠤ᠂ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢᠲᠦ ᠳᠡᠭᠡᠳᠦ | ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠤ ᠦᠢᠯᠡᠳᠪᠦᠷᠢ ᠪᠠ ᠵᠢᠭᠠᠨ ᠰᠤᠷᠭᠠᠯᠲᠠ ᠶᠢ | ᠠᠭᠤᠰᠬᠠᠬᠤ ᠬᠡᠯᠪᠡᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠰᠦᠯ ᠤᠨ ᠪᠦᠲᠦᠭᠡᠨ | ᠪᠠᠶᠢᠭᠤᠯᠤᠯᠲᠠ ᠶᠢ ᠬᠦᠴᠦᠨ ᠢᠶᠠᠨ ᠲᠥᠪᠯᠡᠷᠡᠭᠦᠯᠦᠨ ᠳᠡᠮᠵᠢᠵᠦ᠂ ᠠᠵᠤ ᠦᠢᠯᠡᠳᠪᠦᠷᠢ ᠪᠠ ᠵᠢᠭᠠᠨ ᠰᠤᠷᠭᠠᠯᠲᠠ ᠶᠢ | ᠠᠭᠤᠰᠬᠠᠬᠤ ᠥᠭᠡᠷᠡᠴᠢᠯᠡᠯᠲᠡ ᠶᠢᠨ ᠡᠭᠦᠷᠭᠡ ᠶᠢ ᠡᠭᠦᠷᠭᠡᠯᠡᠭᠰᠡᠨ ᠳᠡᠭᠡᠳᠦ ᠰᠤᠷᠭᠠᠭᠤᠯᠢ ᠶᠢ ᠭᠤᠣᠯᠳᠠᠯᠭᠠᠲᠠᠢ ᠳᠡᠮᠵᠢᠵᠦ᠂ | ᠳᠠᠶᠢᠴᠢᠯᠠᠬᠤ ᠴᠢᠨᠠᠷ ᠢᠶᠠᠷ ᠴᠢᠩᠭ᠎ᠠ᠂ ᠣᠷᠣᠨ ᠪᠦᠰᠡ ᠶᠢᠨ ᠣᠨᠴᠠᠯᠢᠭ ᠢᠶᠠᠷ ᠢᠯᠡ ᠲᠣᠳᠣ᠂ ᠨᠥᠯᠥᠭᠡᠯᠡᠬᠦ | ᠬᠦᠴᠦᠨ ᠢᠶᠠᠷ ᠶᠡᠭᠡ ᠴᠢᠬᠤᠯᠠ ᠶᠡᠭᠡ ᠲᠥᠰᠦᠯ ᠢ ᠪᠦᠲᠦᠭᠡᠨ ᠪᠠᠶᠢᠭᠤᠯᠤᠨ᠎ᠠ᠃ 2020 ᠣᠨ ᠠᠴᠠ ᠨᠠᠭᠠᠰᠢ᠂ | ᠤᠷᠢᠳ ᠬᠤᠵᠢᠳ ᠤᠯᠠᠭᠠᠨᠬᠠᠳᠠ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠯᠥᠨ ᠪᠤᠶᠢᠷ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠵᠡᠷᠭᠡ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠶᠢᠨ ᠠᠵᠤ ᠦᠢᠯᠡᠳᠪᠦᠷᠢ ᠪᠠ ᠵᠢᠭᠠᠨ | ᠰᠤᠷᠭᠠᠯᠲᠠ ᠶᠢ ᠠᠭᠤᠰᠬᠠᠬᠤ ᠲᠥᠰᠦᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠪᠡ᠃ | ᠭᠤᠷᠪᠠ ᠳᠤ᠂ ᠥᠪᠥᠷ ᠮᠣᠩᠭᠤᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠮᠡᠳᠡᠭᠡ | ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ | ᠠᠭᠤᠰᠤᠯᠴᠠᠭᠰᠠᠨ ᠬᠤᠯᠪᠣᠭᠳᠠᠬᠤ ᠲᠥᠷᠥ ᠶᠢᠨ ᠪᠣᠳᠣᠯᠭ᠎ᠠ᠂ ᠮᠡᠳᠡᠭᠡ ᠵᠠᠩᠭᠢ ᠵᠡᠷᠭᠡ ᠵᠠᠩᠭᠢ ᠶᠢ ᠴᠠᠭ ᠲᠤᠬᠠᠶ ᠳᠤ ᠨᠢ | ᠨᠡᠶᠢᠲᠡᠯᠡᠵᠦ᠂ ᠠᠵᠤ ᠦᠢᠯᠡᠰ ᠤᠨ ᠪᠦᠲᠦᠴᠡ ᠶᠢ ᠬᠥᠳᠡᠯᠦᠩᠭᠦᠶ ᠲᠣᠬᠢᠷᠠᠭᠤᠯᠤᠭᠰᠠᠨ ᠮᠡᠳᠡᠭᠦᠯᠦᠯᠲᠡ᠂ ᠬᠡᠷᠡᠭᠴᠡᠭᠡ | ᠱᠠᠭᠠᠷᠳᠠᠯᠭ᠎ᠠ ᠶᠢ ᠵᠢᠱᠢᠭᠰᠡᠨ ᠮᠡᠳᠡᠭᠦᠯᠦᠯᠲᠡ ᠵᠡᠷᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠱᠠᠲᠤ ᠬᠤᠪᠢᠶᠠᠨ | ᠲᠥᠷᠥᠯ ᠬᠤᠪᠢᠶᠠᠵᠤ ᠨᠠᠶᠢᠷᠠᠭᠤᠯᠤᠨ ᠵᠣᠬᠢᠶᠠᠵᠤ ᠨᠡᠶᠢᠲᠡᠯᠡᠨ᠎ᠡ᠃ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ | ᠠᠭᠤᠰᠬᠠᠬᠤ ᠬᠡᠯᠪᠡᠷᠢ ᠶᠢᠨ ᠲᠤᠷᠰᠢᠯᠲᠠ ᠶᠢᠨ ᠴᠡᠭ ᠤᠨ ᠠᠵᠤ ᠠᠬᠤᠶᠢᠯᠠᠯ ᠤᠨ ᠰᠦᠯᠵᠢᠶᠡᠨ ᠳᠤ ᠮᠡᠳᠡᠭᠦᠯᠬᠦ᠂ | ᠰᠦᠯᠵᠢᠶᠡᠨ ᠳᠤ ᠵᠢᠯᠣᠭᠤᠳᠬᠤ᠂ ᠠᠷᠤ ᠲᠠᠯ᠎ᠠ ᠶᠢᠨ ᠬᠠᠮᠢᠶᠠᠷᠤᠯᠲᠠ ᠵᠡᠷᠭᠡ ᠴᠢᠳᠠᠮᠵᠢ ᠶᠢ ᠨᠡᠪᠲᠡᠷᠡᠭᠦᠯᠵᠦ᠂ | ᠦᠢᠯᠡᠴᠢᠯᠡᠭᠡᠨ ᠤ ᠬᠠᠮᠢᠶᠠᠷᠤᠯᠲᠠ ᠶᠢᠨ ᠴᠤᠪᠤᠷᠠᠯ ᠢ ᠳᠥᠭᠦᠮᠴᠢᠯᠡᠵᠦ᠂ ᠠᠵᠤ ᠠᠬᠤᠶᠢᠯᠠᠯ ᠤᠨ ᠮᠡᠳᠡᠭᠦᠯᠦᠯᠲᠡ ᠶᠢᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠴᠢᠨᠠᠷᠯᠢᠭ᠂ ᠥᠨᠳᠥᠷ ᠦᠷ᠎ᠡ ᠪᠥᠲᠦᠮᠵᠢᠲᠦ ᠮᠡᠳᠡᠭᠦᠯᠦᠯᠲᠡ᠂ ᠬᠠᠮᠢᠶᠠᠷᠤᠯᠲᠠ᠂ | ᠦᠢᠯᠡᠴᠢᠯᠡᠭᠡ ᠶᠢ ᠬᠠᠩᠭᠠᠨ᠎ᠠ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ | ᠠᠭᠤᠰᠤᠯᠴᠠᠭᠠᠨ ᠤ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠶᠠᠭᠠᠬᠢᠵᠤ ᠪᠡᠶᠡᠯᠡᠭᠦᠯᠬᠦ | ᠲᠠᠯ᠎ᠠ ᠪᠠᠷ᠂ ᠤᠯᠤᠰ ᠤᠨ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ | ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠳᠤ ᠳᠤᠷᠠᠳᠤᠭᠰᠠᠨ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ︾᠂ ︽ᠣᠯᠠᠨ ᠡᠰᠢᠵᠢᠭᠦᠯᠦᠭᠰᠡᠨ ᠰᠤᠷᠭᠠᠭᠤᠯᠢ ᠡᠷᠭᠢᠯᠡᠬᠦ | ᠪᠠᠶᠢᠷᠢᠰᠢᠯᠠᠭᠤᠯᠤᠯᠲᠠ ᠶᠢ ᠲᠡᠭᠦᠯᠳᠡᠷᠵᠢᠭᠦᠯᠬᠦ︾᠂ ︽ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠭᠦᠨᠵᠡᠭᠡᠶ | ᠠᠭᠤᠰᠤᠯᠴᠠᠭ᠎ᠠ ᠶᠢ ᠬᠠᠮᠵᠢᠯᠴᠠᠨ ᠠᠬᠢᠭᠤᠯᠬᠤ︾ ᠭᠤᠷᠪᠠᠨ ᠲᠠᠯ᠎ᠠ ᠪᠠᠷ ᠠᠵᠤ ᠦᠢᠯᠡᠳᠪᠦᠷᠢ ᠪᠠ ᠰᠤᠷᠭᠠᠨ ᠬᠥᠮᠦᠵᠢᠯ | ᠠᠭᠤᠰᠤᠯᠴᠠᠭᠰᠠᠨ ᠰᠤᠷᠭᠠᠭᠤᠯᠢ ᠡᠷᠭᠢᠯᠡᠬᠦ ᠪᠠᠶᠢᠭᠤᠯᠤᠯ ᠢ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠪᠠᠷ ᠪᠠᠷᠢᠮᠵᠢᠶᠠᠯᠠᠵᠤ᠂ | ᠠᠵᠤ ᠦᠢᠯᠡᠳᠪᠦᠷᠢ ᠪᠠ ᠰᠤᠷᠭᠠᠨ ᠬᠥᠮᠦᠵᠢᠯ ᠠᠭᠤᠰᠤᠯᠴᠠᠭᠰᠠᠨ ᠴᠢᠬᠤᠯᠠ ᠶᠡᠭᠡ ᠲᠠᠪᠴᠠᠩ ᠤᠨ ᠠᠴᠢᠶᠠᠯᠠᠪᠤᠷᠢ ᠶᠢᠨ | ᠪᠠᠶᠢᠭᠤᠯᠤᠯᠲᠠ ᠪᠠ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠲᠠᠯ᠎ᠠ ᠪᠠᠷ ᠳᠥᠷᠪᠡᠨ ᠲᠠᠯ᠎ᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠶ᠃ | ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠷᠢᠯᠠᠭᠤᠯᠤᠭᠰᠠᠨ ᠭᠤᠣᠯᠳᠠᠯᠭᠠᠲᠠᠢ ᠠᠵᠤ ᠦᠢᠯᠡᠰ ᠪᠠ ᠠᠵᠤ ᠦᠢᠯᠡᠰ ᠤᠨ ᠪᠦᠯᠦᠭᠵᠢᠯ ᠢ ᠠᠵᠤ ᠦᠢᠯᠡᠳᠪᠦᠷᠢ | ᠪᠠ ᠰᠤᠷᠭᠠᠨ ᠬᠥᠮᠦᠵᠢᠯ ᠢ ᠠᠭᠤᠰᠬᠠᠬᠤ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠬᠡᠪ ᠳᠠᠭᠤᠷᠢᠶᠠᠯᠲᠤ ᠠᠵᠢᠯ | ᠲᠥᠷᠥᠯ ᠪᠣᠯᠭᠠᠵᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠲᠤᠰᠬᠠᠶ ᠮᠡᠷᠭᠡᠵᠢᠯᠲᠡᠨ ᠤ ᠬᠢᠨᠠᠨ | ᠲᠣᠭᠲᠠᠭᠠᠬᠤ ᠵᠥᠪᠯᠡᠯ ᠪᠠ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠶᠢ ᠠᠬᠢᠭᠤᠯᠬᠤ | ᠨᠡᠶᠢᠭᠡᠮᠯᠢᠭ ᠢ ᠰᠤᠳᠤᠯᠤᠨ ᠪᠠᠶᠢᠭᠤᠯᠵᠤ᠂ ︽ᠵᠠᠰᠠᠭ ᠤᠨ ᠣᠷᠳᠣᠨ + ᠳᠡᠭᠡᠳᠦ ᠰᠤᠷᠭᠠᠭᠤᠯᠢ + ᠠᠵᠤ ᠠᠬᠤᠶᠢᠯᠠᠯ︾ | ᠤᠨ ᠭᠦᠨᠵᠡᠭᠡᠶ ᠬᠠᠮᠵᠢᠯᠴᠠᠭᠰᠠᠨ ᠣᠯᠠᠨ ᠲᠠᠯ᠎ᠠ ᠶᠢᠨ ᠬᠠᠮᠲᠤᠷᠠᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ᠎ᠠ᠃ ᠲᠤᠷᠰᠢᠯᠲᠠ ᠶᠢᠨ ᠴᠡᠭ ᠪᠣᠯᠬᠤ ᠬᠤᠲᠠ ᠳᠤ ᠲᠦᠰᠢᠭᠯᠡᠨ᠂ ᠭᠤᠣᠯᠳᠠᠯᠭᠠᠲᠠᠢ ᠠᠵᠤ ᠦᠢᠯᠡᠰ᠂ ᠠᠵᠤ | ᠦᠢᠯᠡᠰ ᠤᠨ ᠪᠥᠯᠦᠭᠵᠢᠯ ᠢᠶᠠᠷ ᠥᠨᠳᠥᠷ ᠬᠡᠪ ᠴᠢᠨᠠᠷ ᠪᠥᠬᠦᠶ ᠳᠡᠭᠡᠳᠦ ᠳᠡᠰ ᠤᠨ ᠴᠢᠳᠠᠪᠤᠷᠢᠲᠠᠨ ᠢ ᠨᠠᠷᠢᠯᠢᠭ | ᠣᠨᠣᠴᠠᠲᠠᠢ ᠪᠠᠷ ᠪᠤᠶᠢᠵᠢᠭᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠦᠢᠯᠡᠴᠢᠯᠡᠭᠡ ᠶᠢ ᠬᠠᠩᠭᠠᠨ᠎ᠠ᠃ | ᠬᠤᠶᠠᠷ ᠲᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠭᠤᠣᠯᠳᠠᠯᠭᠠᠲᠠᠢ ᠲᠥᠰᠦᠯ ᠢ | ᠬᠡᠷᠡᠭᠵᠢᠭᠦᠯᠬᠦ ᠪᠠᠷ ᠳᠠᠮᠵᠢᠭᠤᠯᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠷᠢ ᠲᠣᠭᠲᠠᠭᠠᠯᠲᠠ ᠶᠢ | ᠲᠣᠳᠤᠷᠠᠬᠠᠶᠢᠯᠠᠬᠤ᠂ ᠲᠤᠰᠬᠠᠶ ᠮᠡᠷᠭᠡᠵᠢᠯ ᠤᠨ ᠪᠦᠲᠦᠴᠡ ᠶᠢ ᠬᠥᠳᠡᠯᠦᠩᠭᠦᠶ ᠪᠠᠷ ᠲᠣᠬᠢᠷᠠᠭᠤᠯᠬᠤ᠂ ᠠᠵᠤ ᠦᠢᠯᠡᠳᠪᠦᠷᠢ | ᠪᠠ ᠰᠤᠷᠭᠠᠨ ᠬᠥᠮᠦᠵᠢᠯ ᠢ ᠠᠭᠤᠰᠬᠠᠬᠤ ᠲᠤᠷᠰᠢᠯᠲᠠ ᠶᠢᠨ ᠠᠵᠤ ᠠᠬᠤᠶᠢᠯᠠᠯ ᠤᠨ ᠬᠦᠴᠦᠨ ᠢ ᠨᠢᠭᠲᠠᠷᠠᠭᠤᠯᠬᠤ᠂ | ᠨᠢᠭᠡᠨᠲᠡ ᠪᠠᠶᠢᠭ᠎ᠠ ᠡᠬᠢ ᠪᠠᠶᠠᠯᠢᠭ ᠢ ᠠᠰᠢᠭᠯᠠᠨ ᠰᠤᠷᠪᠤᠯᠵᠢᠯᠠᠬᠤ ᠢᠨᠵᠧᠨᠧᠷ ᠤᠨ ᠠᠵᠢᠯᠯᠠᠬᠤ ᠲᠠᠰᠤᠭ᠂ ᠪᠠᠭᠰᠢ ᠶᠢᠨ | ᠠᠵᠤ ᠠᠬᠤᠶᠢᠯᠠᠯ ᠤᠨ ᠦᠢᠯᠡᠳᠦᠯᠭᠡ ᠶᠢᠨ ᠰᠢᠯᠵᠢᠮᠡᠯ ᠥᠷᠲᠡᠭᠡ᠂ ︽ᠬᠤᠤᠰ ᠬᠢᠷᠢ ᠬᠡᠮᠲᠦ︾ ᠨᠠᠷᠠᠲᠤ ᠪᠠᠭᠰᠢ ᠶᠢᠨ | ᠠᠵᠢᠯᠯᠠᠬᠤ ᠲᠠᠰᠤᠭ ᠵᠡᠷᠭᠡ ᠶᠢ ᠪᠠᠶᠢᠭᠤᠯᠵᠤ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠣᠯᠤᠨ ᠠᠵᠤ ᠦᠢᠯᠡᠰ ᠤᠨ | ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ᠂ ᠬᠢᠴᠢᠶᠡᠯ ᠤᠨ ᠠᠭᠤᠯᠭ᠎ᠠ ᠪᠣᠯᠤᠨ ᠠᠵᠢᠯ ᠮᠡᠷᠭᠡᠵᠢᠯ ᠤᠨ ᠪᠠᠷᠢᠮᠵᠢᠶ᠎ᠠ ᠶᠢ | ᠵᠣᠯᠭᠠᠭᠤᠯᠬᠤ᠂ ᠵᠢᠭᠠᠨ ᠰᠤᠷᠭᠠᠯᠲᠠ ᠶᠢᠨ ᠶᠠᠪᠤᠴᠠ ᠪᠣᠯᠤᠨ ᠦᠢᠯᠡᠳᠪᠦᠷᠢᠯᠡᠯ ᠤᠨ ᠶᠠᠪᠤᠴᠠ ᠶᠢ ᠵᠣᠯᠭᠠᠭᠤᠯᠬᠤ ᠶᠢ | ᠠᠬᠢᠭᠤᠯᠤᠨ᠎ᠠ᠃ | ᠭᠤᠷᠪᠠ ᠳᠤ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ | ᠭᠤᠣᠯᠳᠠᠯᠭᠠᠲᠠᠢ ᠬᠦᠷᠢᠶ᠎ᠡ ᠴᠠᠷᠠᠭ᠎ᠠ ᠳᠤ ᠬᠠᠨᠳᠤᠭᠤᠯᠤᠨ᠂ ᠤᠯᠤᠰ ᠤᠨ ᠳᠣᠲᠣᠭᠠᠳᠤ ᠭᠠᠳᠠᠭᠠᠳᠤ᠂ ᠣᠷᠣᠨ ᠤ | ᠳᠣᠲᠤᠨ᠎ᠠ ᠭᠠᠳᠠᠨᠠᠬᠢ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠲᠤᠬᠠᠶ ᠶᠢᠨ ᠭᠠᠵᠠᠷ ᠲᠤ ᠨᠢ ᠤᠯᠠᠷᠢᠭᠤᠯᠬᠤ ᠶᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠭᠠᠷ ᠤᠷᠠᠯᠠᠯ ᠢ | ᠰᠠᠶᠢᠵᠢᠷᠠᠭᠤᠯᠬᠤ᠂ ᠦᠢᠯᠡᠳᠭᠦᠨ ᠢ ᠰᠤᠳᠤᠯᠤᠨ ᠨᠡᠭᠡᠭᠡᠬᠦ᠂ ᠪᠠᠷᠢᠮᠵᠢᠶ᠎ᠠ ᠲᠣᠭᠲᠠᠭᠠᠬᠤ ᠳᠤ ᠬᠠᠮᠲᠤ ᠪᠠᠷ ᠮᠡᠷᠭᠡᠵᠢᠯ ᠤᠨ | ᠦᠢᠯᠡᠴᠢᠯᠡᠭᠡ ᠬᠠᠩᠭᠠᠨ᠎ᠠ᠃ | ᠳᠥᠷᠪᠡ ᠳᠤ᠂ ᠡᠯ᠎ᠡ ᠱᠠᠲᠤᠨ ᠤ ᠡᠯ᠎ᠡ ᠲᠥᠷᠥᠯ ᠤᠨ ᠦᠢᠯᠡᠰ ᠪᠣᠰᠬᠠᠵᠤ ᠨᠡᠪᠴᠢᠭᠦᠯᠬᠦ ᠰᠠᠭᠤᠷᠢᠨ ᠭᠠᠵᠠᠷ᠂ | ᠦᠢᠯᠡᠰ ᠪᠣᠰᠬᠠᠬᠤ ᠬᠦᠷᠢᠶᠡᠯᠡᠩ ᠲᠣᠭᠤᠷᠢᠭ ᠲᠤ ᠤᠷ᠎ᠠ ᠴᠢᠳᠠᠪᠤᠷᠢᠲᠤ ᠴᠢᠳᠠᠪᠤᠷᠢᠲᠠᠨ ᠤ ᠣᠷᠣᠵᠤ ᠰᠠᠭᠤᠬᠤ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠰᠤᠷᠤᠭᠴᠢᠳ ᠤᠨ ᠠᠵᠢᠯ | ᠣᠯᠵᠤ ᠦᠢᠯᠡᠰ ᠪᠣᠰᠬᠠᠬᠤ ᠶᠢ ᠳᠡᠮᠵᠢᠵᠦ᠂ ᠠᠵᠤ ᠠᠬᠤᠶᠢᠯᠠᠯ ᠠᠴᠠ ᠰᠤᠷᠤᠭᠴᠢᠳ ᠲᠤ ᠣᠷᠴᠢᠨ ᠠᠬᠤᠢ ᠳᠤ | ᠰᠣᠭᠲᠤᠭᠤᠷᠠᠮ᠎ᠠ ᠮᠠᠶ᠋ᠢᠭᠲᠤ ᠳᠠᠳᠤᠯᠭ᠎ᠠ ᠪᠣᠯᠪᠠᠰᠤᠷᠠᠯ ᠤᠨ ᠣᠷᠴᠢᠨ ᠬᠠᠩᠭᠠᠬᠤ ᠶᠢ ᠵᠣᠷᠢᠭᠵᠢᠭᠤᠯᠤᠨ᠎ᠠ᠃ | ᠰᠤᠷᠤᠭᠴᠢᠳ ᠬᠤᠯᠪᠤᠭᠳᠠᠬᠤ ᠠᠵᠤ ᠠᠬᠤᠶᠢᠯᠠᠯ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠯ ᠤᠨ | ᠦᠢᠯᠡᠳᠦᠯᠭᠡ ᠳᠤ ᠣᠷᠣᠯᠴᠠᠵᠤ᠂ ᠠᠵᠤ ᠦᠢᠯᠡᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠲᠤᠰᠬᠠᠶ | ᠮᠡᠷᠭᠡᠵᠢᠯ ᠤᠨ ᠴᠢᠳᠠᠪᠤᠷᠢᠲᠠᠨ ᠤ ᠬᠠᠩᠭᠠᠯᠭ᠎ᠠ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠬᠤ ᠶᠢ ᠪᠡᠶᠡᠯᠡᠭᠦᠯᠵᠦ᠂ | ᠰᠤᠷᠤᠭᠴᠢ ᠡᠯᠰᠡᠬᠦ ᠠᠴᠠ ᠠᠵᠢᠯᠴᠢᠨ ᠡᠯᠰᠡᠬᠦ ᠳᠤ ᠬᠠᠮᠤᠭ ᠤᠨ ᠣᠶᠢᠷ᠎ᠠ ᠰᠤᠷᠭᠠᠭᠤᠯᠢ ᠪᠠ ᠠᠵᠤ ᠠᠬᠤᠶᠢᠯᠠᠯ ᠢ | ᠲᠣᠬᠢᠷᠠᠭᠤᠯᠬᠤ ᠶᠢ ᠪᠡᠶᠡᠯᠡᠭᠦᠯᠦᠨ᠎ᠡ᠃ | ᠣᠯᠠᠨ ᠳᠤ ᠪᠠᠶᠠᠷᠯᠠᠯ᠎ᠠ︕ | | | ᠲᠥᠪ ᠷᠠᠳᠢᠣ᠋ ᠰᠦᠯᠵᠢᠶᠡᠨ ᠤ ᠰᠤᠷᠪᠤᠯᠵᠢᠯᠠᠭᠴᠢ᠄ ︽ᠠᠷᠭ᠎ᠠ ᠬᠡᠮᠵᠢᠶ᠎ᠡ︾ ᠳᠤ ᠣᠲᠣ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠠᠲᠤᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ | ᠭᠡᠵᠦ ᠳᠤᠷᠠᠳᠴᠠᠶ᠂ ᠣᠨᠴᠠᠭᠠᠶᠢᠯᠠᠨ ᠪᠠᠯᠠ ᠮᠥᠩᠭᠦ ᠶᠢ ᠪᠠᠲᠤᠯᠠᠬᠤ ᠲᠠᠯ᠎ᠠ ᠪᠠᠷ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠵᠠᠩ ᠰᠢᠶᠣᠤ ᠳ᠋ᠦᠩ᠄ ᠰᠤᠷᠪᠤᠯᠵᠢᠯᠠᠭᠴᠢ ᠨᠠᠶᠢᠵᠠ ᠶᠢᠨ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠶᠡᠷᠦᠩᠬᠡᠶ | ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠪᠥᠬᠦ ᠤᠯᠤᠰ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠶ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ | ᠡᠳ᠋ ᠤᠨ ᠵᠠᠰᠠᠭ ᠤᠨ ᠡᠭᠦᠷᠭᠡ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠵᠠᠷᠤᠯᠭ᠎ᠠ ᠶᠢᠨ ᠪᠦᠲᠦᠴᠡ ᠪᠠᠨ | ᠰᠢᠯᠢᠳᠡᠭᠵᠢᠭᠦᠯᠵᠦ᠂ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠠᠲᠤᠯᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | 2022 ᠣᠨ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠯᠡ ᠮᠥᠩᠭᠦ ᠶᠢ 29.2 ᠳ᠋ᠦᠩᠰᠢᠭᠤᠷ | ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 2.29 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ | 8.5 % ᠨᠡᠮᠡᠭᠳᠡᠪᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠠᠵᠢᠯᠯᠠᠭ᠎ᠠ ᠪᠠ ᠠᠵᠢᠯᠲᠠᠨ ᠤ ᠴᠠᠯᠢᠩ ᠢ ᠪᠠᠲᠤᠯᠠᠬᠤ ᠳᠤ 7.46 ᠳ᠋ᠦᠩᠰᠢᠭᠤᠷ | ᠲᠥᠭᠦᠷᠢᠭ ᠬᠡᠷᠡᠭᠯᠡᠵᠡᠶ︔ ︽ᠬᠤᠣᠰ ᠥᠨᠳᠥᠷ᠂ ᠬᠤᠣᠰ ᠰᠢᠯᠢᠳᠡᠭ ᠲᠥᠯᠥᠪᠯᠡᠭᠡ︾ ᠶᠢᠨ ᠪᠠᠶᠢᠭᠤᠯᠤᠯᠲᠠ ᠶᠢ ᠳᠡᠮᠵᠢᠬᠦ᠂ | ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠠᠬᠢᠭᠤᠯᠬᠤ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠠᠬᠢᠭᠤᠯᠬᠤ᠂ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠠᠵᠤ ᠦᠢᠯᠡᠳᠪᠦᠷᠢ | ᠪᠠ ᠵᠢᠭᠠᠨ ᠰᠤᠷᠭᠠᠯᠲᠠ ᠶᠢᠨ ᠠᠭᠤᠰᠤᠯᠴᠠᠭ᠎ᠠ ᠶᠢ ᠠᠬᠢᠭᠤᠯᠬᠤ ᠪᠠ ᠤᠷ᠎ᠠ ᠴᠢᠳᠠᠪᠤᠷᠢ ᠶᠢᠨ ᠤᠷᠤᠯᠳᠤᠭᠠᠨ ᠤ | ᠠᠵᠢᠯᠯᠠᠭ᠎ᠠ ᠶᠢ ᠥᠷᠨᠢᠭᠦᠯᠬᠦ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ | ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠳᠦᠰᠦᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠬᠤ ᠳᠤ 12.06 ᠳ᠋ᠦᠩᠰᠢᠭᠤᠷ ᠲᠥᠭᠦᠷᠢᠭ ᠬᠡᠷᠡᠭᠯᠡᠪᠡ︔ ᠳᠤᠮᠳᠠ᠂ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠱᠠᠩᠨᠠᠯ ᠤᠨ ᠲᠡᠳᠬᠦᠮᠵᠢ ᠶᠢᠨ | ᠮᠥᠩᠭᠦ᠂ ᠰᠤᠷᠤᠯᠭ᠎ᠠ ᠶᠢᠨ ᠰᠦᠢᠳᠭᠡᠯ ᠠᠴᠠ ᠬᠡᠯᠲᠦᠷᠢᠭᠦᠯᠬᠦ ᠪᠠ ᠰᠦᠢᠳᠭᠡᠯ ᠬᠤᠷᠢᠶᠠᠬᠤ ᠥᠬᠡᠶ ᠬᠢᠴᠢᠶᠡᠯ ᠤᠨ | ᠪᠢᠴᠢᠭ᠂ ᠪᠠᠶᠢᠷᠢ ᠳᠤ ᠰᠠᠭᠤᠬᠤ ᠰᠣᠷᠣᠭᠴᠢ ᠶᠢᠨ ᠪᠠᠶᠢᠷᠢ ᠳᠤ ᠰᠠᠭᠤᠬᠤ ᠰᠦᠢᠳᠭᠡᠯ ᠤᠨ ᠨᠥᠬᠦᠪᠥᠷᠢ ᠳᠤ 9.68 | ᠳ᠋ᠦᠩᠰᠢᠭᠤᠷ ᠲᠥᠭᠦᠷᠢᠭ ᠬᠡᠷᠡᠭᠯᠡᠵᠦ᠂ 58.15 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ | ᠣᠶᠢᠷ᠎ᠠ ᠳᠤ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ | ᠨᠠᠩ ᠰᠠᠶᠢᠲᠤᠷ ᠳᠡᠮᠵᠢᠬᠦ ᠶᠢᠨ ᠲᠥᠯᠥᠭᠡ᠂ ᠮᠠᠨ ᠤ ᠲᠢᠩᠬᠢᠮ 0.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ | ᠢᠳᠡᠪᠬᠢᠲᠡᠶ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠳᠦᠪᠰᠢᠨᠲᠦ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠪᠠ ᠥᠨᠳᠥᠷ ᠬᠢᠷᠢ ᠳᠦᠪᠰᠢᠨᠲᠦ ᠲᠤᠰᠬᠠᠶ ᠮᠡᠷᠭᠡᠵᠢᠯ ᠤᠨ ᠴᠤᠭᠯᠠᠷᠠᠯ ᠤᠨ | ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠳᠤ ᠲᠤᠰᠬᠠᠶ ᠬᠡᠷᠡᠭᠯᠡᠵᠦ᠂ ᠡᠯ᠎ᠡ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ︽ᠬᠤᠤᠰ ᠥᠨᠳᠥᠷ ᠲᠥᠯᠥᠪᠯᠡᠭᠡ︾ ᠲᠠᠢ ᠬᠤᠯᠪᠤᠭᠳᠠᠬᠤ ᠠᠵᠢᠯ ᠢ ᠯᠠᠪᠳᠠᠭᠤᠨ | ᠪᠠᠲᠤᠲᠠᠶ ᠥᠷᠨᠢᠭᠦᠯᠬᠦ ᠶᠢ ᠪᠠᠲᠤᠯᠠᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠠᠬᠢᠭᠤᠯᠬᠤ | ᠪᠠ ᠪᠡᠶᠡᠯᠡᠭᠦᠯᠬᠦ ᠪᠠᠷ ᠪᠠᠶᠢᠨ᠎ᠠ᠃ | ᠬᠤᠶᠢᠰᠢᠳᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ | ᠭᠤᠤᠯ ᠪᠣᠯᠭᠠᠭᠰᠠᠨ᠂ ᠣᠯᠠᠨ ᠠᠷᠭ᠎ᠠ ᠵᠠᠮ ᠢᠶᠠᠷ ᠵᠠᠷᠤᠳᠠᠯ ᠴᠤᠭᠯᠠᠭᠤᠯᠬᠤ ᠪᠠᠶᠢᠭᠤᠯᠤᠯ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ ᠥᠪᠡᠷᠲᠡᠭᠡᠨ | ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠪᠠᠲᠤᠯᠠᠭ᠎ᠠ | ᠬᠠᠩᠭᠠᠨ᠎ᠠ᠃ | | | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠴᠢᠨᠠᠷᠯᠢᠭ ᠬᠥᠭᠵᠢᠯᠲᠡ ᠶᠢ ᠲᠤᠭᠤᠰᠢᠯᠠᠭᠤᠯᠬᠤ ᠲᠠᠯ᠎ᠠ ᠪᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠣᠶ︖ | ᠸᠠᠩ ᠺᠦᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠳᠤᠤᠷᠠᠬᠢ ᠬᠡᠳᠦᠨ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠠ᠃ | ᠨᠢᠭᠡ ᠳᠤ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ | ᠰᠢᠯᠢᠳᠡᠭ ᠢ ᠬᠥᠮᠦᠵᠢᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠷᠭᠡᠵᠢᠯ ᠤᠨ ᠠᠵᠢᠯᠴᠢᠨ ᠤ | ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠪᠠ ᠰᠤᠷᠭᠠᠭᠤᠯᠢ ᠡᠷᠭᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠮᠠᠰᠲ᠋ᠧᠷ ᠤᠨ ᠳᠡᠭᠡᠳᠦ ᠰᠤᠷᠭᠠᠭᠤᠯᠢ ᠪᠠᠷ ᠲᠦᠷᠦᠭᠦᠯᠡᠭᠦᠯᠦᠭᠰᠡᠨ᠂ ᠳᠡᠭᠡᠳᠦ ᠵᠡᠷᠭᠡ ᠶᠢᠨ | ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠷ ᠭᠤᠣᠯᠯᠠᠭᠤᠯᠤᠭᠰᠠᠨ᠂ ᠡᠩ ᠤᠨ ᠮᠡᠷᠭᠡᠵᠢᠯ ᠤᠨ ᠠᠵᠢᠯᠴᠢᠨ ᠤ | ᠰᠤᠷᠭᠠᠭᠤᠯᠢ ᠪᠠᠷ ᠰᠠᠭᠤᠷᠢ ᠪᠣᠯᠭᠠᠭᠰᠠᠨ ᠬᠤᠲᠠ ᠬᠥᠳᠡᠭᠡ ᠶᠢᠨ ᠬᠥᠳᠡᠯᠮᠦᠷᠢᠴᠢᠨ ᠢ ᠬᠠᠮᠤᠷᠤᠭᠰᠠᠨ ᠮᠡᠷᠭᠡᠵᠢᠯ ᠤᠨ | ᠠᠵᠢᠯᠴᠢᠨ ᠤ ᠰᠤᠷᠭᠠᠨ ᠬᠥᠮᠦᠵᠢᠯ ᠤᠨ ᠵᠠᠭᠪᠤᠷ ᠢ ᠥᠳᠲᠡᠷ ᠲᠦᠷᠭᠡᠨ ᠪᠦᠷᠢᠯᠳᠦᠭᠦᠯᠦᠨ᠎ᠡ᠃ ᠮᠡᠷᠭᠡᠵᠢᠯ ᠤᠨ | ᠠᠵᠢᠯᠴᠢᠨ ᠤ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠤᠨ ︽ᠤᠷ᠎ᠠ ᠴᠢᠳᠠᠪᠤᠷᠢᠲᠤ ᠥᠪᠥᠷ ᠮᠣᠩᠭᠤᠯ ᠤᠨ | ᠠᠵᠢᠯᠯᠠᠭ᠎ᠠ︾ ᠶᠢᠨ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠲᠥᠯᠥᠪᠯᠡᠭᠡ ᠳᠤ ᠪᠦᠬᠦ ᠲᠠᠯ᠎ᠠ ᠪᠠᠷ ᠣᠷᠣᠯᠴᠠᠭᠤᠯᠵᠤ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠣᠯᠤᠨ ᠠᠵᠢᠯ ᠣᠯᠭᠤᠬᠤ ᠭᠤᠣᠯᠳᠠᠯᠭᠠᠲᠠᠢ ᠬᠥᠮᠦᠰ ᠲᠤ | ᠬᠠᠨᠳᠤᠭᠤᠯᠤᠨ ᠨᠥᠬᠦᠪᠦᠷᠢᠯᠡᠬᠦ ᠪᠣᠯᠪᠠᠰᠤᠷᠠᠭᠤᠯᠤᠯ ᠪᠠ ᠵᠠᠬ᠎ᠠ ᠳᠡᠯᠭᠡᠭᠦᠷᠴᠢᠯᠡᠭᠰᠡᠨ ᠨᠡᠶᠢᠭᠡᠮ ᠤᠨ ᠪᠣᠯᠪᠠᠰᠤᠷᠠᠭᠤᠯᠤᠯ ᠢ | ᠥᠷᠨᠢᠭᠦᠯᠦᠨ᠎ᠡ᠃ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠢᠯᠯᠠᠵᠤ ᠰᠤᠷᠤᠯᠴᠠᠬᠤ ᠶᠢ ᠨᠢᠭᠡ ᠴᠣᠭᠴᠠᠵᠢᠭᠤᠯᠤᠨ ᠬᠥᠮᠦᠵᠢᠭᠦᠯᠬᠦ ᠵᠠᠭᠪᠤᠷ ᠢ ᠶᠡᠭᠡ ᠪᠠᠷ | ᠬᠡᠷᠡᠭᠵᠢᠭᠦᠯᠵᠦ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠴᠢᠨᠠᠷᠯᠢᠭ ᠠᠵᠢᠯ | ᠤᠯᠬᠤ ᠶᠢ ᠠᠬᠢᠭᠤᠯᠤᠨ᠎ᠠ᠃ | ᠬᠤᠶᠠᠷ ᠲᠤ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠭᠡᠮᠴᠢᠯᠡᠭᠰᠡᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠬᠦ ᠶᠢ ᠵᠣᠷᠢᠭᠵᠢᠭᠤᠯᠤᠨ᠎ᠠ᠃ | ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ | ᠲᠥᠰᠦᠯ ᠢ ᠪᠦᠬᠦᠨ ᠢ ᠬᠢᠷᠢ ᠬᠡᠮᠲᠡᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠶᠢᠰᠢ ᠨᠡᠭᠡᠭᠡᠵᠦ᠂ | ᠪᠣᠯᠪᠠᠰᠤᠷᠠᠭᠤᠯᠤᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠣᠯᠪᠠᠰᠤᠷᠠᠭᠤᠯᠤᠯ ᠢ ᠳᠦᠷᠢᠮᠵᠢᠭᠦᠯᠬᠦ᠂ | ᠲᠤᠰᠬᠠᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠡᠭᠦᠷᠭᠡ ᠶᠢ ᠡᠭᠦᠷᠭᠡᠯᠡᠭᠰᠡᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠷᠢ | ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ ᠳᠤ ᠪᠠᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠶᠣᠰᠤ ᠪᠠᠷ ᠬᠡᠯᠪᠡᠶᠢᠯᠭᠡᠨ᠎ᠡ᠃ ᠲᠡᠭᠦᠰᠬᠦ ᠣᠨ ᠤ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠰᠤᠷᠤᠭᠴᠢᠳ ᠲᠤ ᠳᠤᠮᠳᠠ ᠣᠬᠤᠷ ᠬᠤᠭᠤᠴᠠᠭᠠᠨ ᠤ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠠᠩᠭᠢ ᠶᠢ ᠨᠡᠭᠡᠭᠡᠵᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠶᠢᠨ | ᠬᠡᠪᠴᠢᠶᠡᠨ ᠳᠤ ᠣᠷᠣᠭᠤᠯᠤᠨ᠎ᠠ᠃ | ᠭᠤᠷᠪᠠ ᠳᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠠᠵᠤ ᠦᠢᠯᠡᠰ ᠤᠨ ᠨᠢᠭᠡᠴᠢ ᠶᠢᠨ | ᠤᠷᠢᠬᠤ ᠳᠤ ᠣᠷᠣᠯᠴᠠᠬᠤ ᠵᠡᠷᠭᠡ ᠲᠠᠯ᠎ᠠ ᠪᠠᠷ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠳ ᠲᠠᠢ ᠠᠳᠠᠯᠢ | ᠬᠠᠷᠠᠭᠠᠯᠵᠠᠯ ᠬᠦᠷᠲᠡᠬᠦ ᠬᠤᠯᠪᠤᠭᠳᠠᠬᠤ ᠲᠣᠭᠲᠠᠭᠠᠯ ᠢ ᠨᠠᠶᠢᠳᠠᠪᠤᠷᠢᠵᠢᠭᠤᠯᠵᠤ᠂ ᠤᠷᠢᠬᠤ ᠨᠥᠬᠦᠴᠡᠯ ᠢ | ᠲᠣᠬᠢᠷᠠᠭᠤᠯᠬᠤ ᠳᠤ ᠪᠠᠨ ᠲᠡᠭᠦᠰᠦᠭᠰᠡᠨ ᠰᠤᠷᠭᠠᠭᠤᠯᠢ᠂ ᠤᠯᠤᠰ ᠤᠨ ︵ᠬᠢᠯᠢ︶ ᠭᠠᠳᠠᠭᠠᠳᠤ ᠳᠤ ᠰᠤᠷᠤᠯᠴᠠᠭᠰᠠᠨ | ᠥᠩᠭᠡᠷᠡᠯᠲᠡ᠂ ᠰᠤᠷᠤᠯᠴᠠᠭᠰᠠᠨ ᠠᠷᠭ᠎ᠠ ᠮᠠᠶ᠋ᠢᠭ ᠢᠶᠠᠷ ᠬᠢᠵᠠᠭᠠᠷᠯᠠᠬᠤ ᠨᠥᠬᠦᠴᠡᠯ ᠪᠣᠯᠭᠠᠵᠤ ᠪᠣᠯᠬᠤ ᠦᠭᠡᠢ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠤ ᠦᠢᠯᠡᠰ ᠤᠨ ᠨᠢᠭᠡᠴᠢ ᠶᠢᠨ ᠢᠯᠡ ᠪᠠᠷ ᠤᠷᠢᠬᠤ ᠳᠤ | ᠣᠷᠣᠯᠴᠠᠬᠤ ᠬᠠᠤᠯᠢ ᠶᠣᠰᠣᠨ ᠤ ᠡᠷᠬᠡ ᠠᠰᠢᠭ ᠪᠣᠯᠤᠨ ᠡᠷᠬᠡ ᠲᠡᠭᠰᠢ ᠪᠠᠷ ᠥᠷᠢᠰᠥᠯᠳᠦᠬᠦ ᠲᠣᠬᠢᠶᠠᠯ ᠢ ᠪᠠᠲᠤᠯᠠᠨ | ᠬᠠᠮᠠᠭᠠᠯᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠱᠠᠭᠠᠷᠳᠠᠯᠭ᠎ᠠ ᠲᠠᠢ ᠠᠵᠢᠯ ᠤᠨ | ᠪᠠᠶᠢᠷᠢ ᠳᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠪᠤᠶᠤ | ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠭᠠᠷᠭᠠᠬᠤ ᠥᠬᠡᠶ ᠪᠠᠶᠢᠵᠤ ᠪᠣᠯᠤᠨ᠎ᠠ᠃ ᠤᠯᠤᠰ ᠪᠠ ᠥᠪᠡᠷᠲᠡᠭᠡᠨ | ᠵᠠᠰᠠᠬᠤ ᠣᠷᠣᠨ ᠤ ᠲᠣᠭᠲᠠᠭᠠᠭᠰᠠᠨ ᠱᠠᠩᠨᠠᠯ ᠤᠨ ᠵᠦᠢᠯ ᠪᠤᠶᠤ ᠢᠷᠠᠭᠤ ᠠᠯᠳᠠᠷ ᠤᠨ ᠴᠣᠯᠠ ᠣᠯᠤᠭᠰᠠᠨ ᠳᠡᠭᠡᠳᠦ | ᠳᠡᠰ ᠤᠨ ᠴᠢᠳᠠᠪᠤᠷᠢᠲᠠᠨ ᠪᠣᠯ ᠰᠢᠭᠤᠳ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠡᠮᠵᠢᠨ ᠣᠯᠤᠭᠰᠠᠨ | ᠮᠡᠷᠭᠡᠵᠢᠯ ᠤᠨ ᠤᠷ᠎ᠠ ᠴᠢᠳᠠᠪᠤᠷᠢ ᠶᠢᠨ ᠱᠠᠩᠨᠠᠯ ᠤᠨ ᠵᠦᠢᠯ ᠳᠤ ᠬᠤᠯᠪᠤᠭᠳᠠᠬᠤ ᠠᠵᠢᠯ ᠤᠨ ᠪᠠᠶᠢᠷᠢ ᠳᠤ ᠣᠴᠢᠵᠤ | ᠪᠣᠯᠤᠨ᠎ᠠ᠃ | ᠳᠥᠷᠪᠡ ᠳᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠤ | ᠨᠢᠭᠡᠳᠦᠭᠡᠷ ᠹᠷᠣᠨᠲ ᠲᠤ ᠣᠴᠢᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠲᠡᠭᠦᠰᠦᠭᠰᠡᠳ ᠠᠵᠤ ᠦᠢᠯᠡᠰ ᠤᠨ ᠨᠢᠭᠡᠴᠢ ᠳᠤ ᠤᠷᠢᠭᠳᠠᠬᠤ ᠦᠶ᠎ᠡ ᠳᠤ ᠡᠩ ᠤᠨ ᠳᠡᠭᠡᠳᠦ | ᠰᠤᠷᠭᠠᠭᠤᠯᠢ ᠲᠡᠭᠦᠰᠦᠭᠰᠡᠳ ᠲᠠᠢ ᠠᠳᠠᠯᠢ ᠪᠠᠷ ᠬᠠᠲᠠᠭᠤ ᠪᠡᠷᠬᠡᠰᠢᠶᠡᠯᠲᠡᠶ ᠪᠤᠶᠢᠳᠠ ᠪᠦᠭᠯᠡᠭᠦᠦ ᠭᠠᠵᠠᠷ ᠣᠷᠣᠨ ᠤ | ᠦᠨᠳᠦᠰᠦᠨ ᠱᠠᠲᠤᠨ ᠤ ᠠᠵᠤ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠲᠡᠶᠢᠰᠢ ᠬᠡᠯᠪᠠᠶᠢᠯᠭᠡᠬᠦ | ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠭᠤᠣᠯᠳᠠᠯᠭᠠᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠦᠨᠳᠦᠰᠦᠨ ᠱᠠᠲᠤᠨ ᠤ ᠠᠵᠤ ᠦᠢᠯᠡᠰ ᠤᠨ | ᠨᠢᠭᠡᠴᠢ ᠶᠢᠨ ᠦᠢᠯᠡᠴᠢᠯᠡᠭᠡᠨ ᠤ ᠠᠵᠢᠯ ᠤᠨ ᠤᠷ᠎ᠠ ᠴᠢᠳᠠᠪᠤᠷᠢ ᠶᠢᠨ ᠠᠵᠢᠯ ᠤᠨ ᠪᠠᠶᠢᠷᠢ ᠳᠤ ᠪᠠᠴᠢᠮ ᠬᠡᠷᠡᠭᠰᠡᠬᠦ | ᠳᠤᠲᠠᠭᠳᠠᠵᠤ ᠪᠠᠶᠢᠭ᠎ᠠ ᠤᠷ᠎ᠠ ᠴᠢᠳᠠᠪᠤᠷᠢᠲᠤ ᠴᠢᠳᠠᠪᠤᠷᠢᠲᠠᠨ ᠢ ᠨᠥᠬᠦᠪᠥᠷᠢᠯᠡᠬᠦ ᠶᠢ ᠵᠥᠪᠰᠢᠶᠡᠷᠡᠵᠦ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠠᠴᠠ ᠲᠤᠰᠬᠠᠶ ᠤᠷᠢᠨ ᠬᠡᠷᠡᠭᠯᠡᠵᠦ ᠪᠣᠯᠤᠨ᠎ᠠ᠃ | ᠲᠠᠪᠤ ᠳᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷᠢᠬᠤ ᠡᠵᠡᠨ ᠮᠡᠳᠡᠬᠦ ᠡᠷᠬᠡ ᠶᠢ | ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠲᠥᠰᠦᠯ ᠢᠶᠠᠨ ᠡᠵᠡᠨ ᠮᠡᠳᠡᠨ ᠲᠣᠭᠲᠠᠭᠠᠵᠤ᠂ | ᠤᠷᠢᠬᠤ ᠪᠦᠯᠦᠭ ᠤᠳᠠᠭ᠎ᠠ᠂ ᠴᠠᠭ ᠬᠤᠭᠤᠴᠠᠭ᠎ᠠ᠂ ᠤᠷᠢᠬᠤ ᠠᠷᠭ᠎ᠠ ᠮᠠᠶ᠋ᠢᠭ ᠢᠶᠠᠨ ᠡᠵᠡᠨ ᠮᠡᠳᠡᠨ ᠲᠣᠭᠲᠠᠭᠠᠬᠤ ᠶᠢᠨ | ᠬᠠᠮᠲᠤ ᠡᠵᠡᠨ ᠮᠡᠳᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠤᠨ᠎ᠠ᠂ ᠣᠨᠴᠠᠭᠠᠢ ᠤᠷ᠎ᠠ ᠴᠢᠳᠠᠪᠤᠷᠢᠲᠤ | ᠴᠢᠳᠠᠪᠤᠷᠢᠲᠠᠨ ︵ᠳᠡᠭᠡᠳᠦ ᠵᠡᠷᠭᠡ ᠶᠢᠨ ᠠᠵᠢᠯᠴᠢᠨ ᠠᠴᠠ ᠳᠡᠭᠡᠭᠰᠢᠬᠢ ᠠᠵᠢᠯ ᠮᠡᠷᠭᠡᠵᠢᠯ ᠤᠨ ᠬᠢᠷᠢ ᠬᠡᠮᠲᠡᠢ ᠠᠵᠢᠯᠲᠠᠨ ᠢ | ᠪᠠᠭᠲᠠᠭᠠᠨ᠎ᠠ︶ ᠳᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠰᠲᠠᠶ ᠠᠭᠤᠵᠢᠭᠤ ᠲᠠᠯᠪᠢᠵᠤ ᠪᠣᠯᠤᠨ᠎ᠠ᠃ | ᠵᠢᠷᠭᠤᠭ᠎ᠠ ᠳᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ︽ᠰᠤᠷᠤᠯᠭ᠎ᠠ ᠶᠢᠨ | ᠨᠠᠮᠲᠠᠷ ᠤᠨ ᠦᠨᠡᠮᠯᠡᠯ + ᠤᠷ᠎ᠠ ᠴᠢᠳᠠᠪᠤᠷᠢ ᠶᠢᠨ ᠳᠡᠰ ᠤᠨ ᠦᠨᠡᠮᠯᠡᠯ︾ ᠤᠨ ᠬᠤᠤᠰ ᠦᠨᠡᠮᠯᠡᠯ ᠤᠨ ᠠᠵᠢᠯᠯᠠᠭ᠎ᠠ ᠶᠢ | ᠥᠷᠨᠢᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠦᠨᠡᠯᠡᠬᠦ ᠪᠠᠶᠢᠭᠤᠯᠤᠮᠵᠢ ᠶᠢ ᠨᠡᠶᠢᠳᠡᠮ ᠪᠠᠶᠢᠭᠤᠯᠬᠤ ᠶᠢ ᠠᠬᠢᠭᠤᠯᠤᠨ᠎ᠠ᠃ | ᠳᠣᠯᠤᠭ᠎ᠠ ᠳᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠳᠤ ᠣᠯᠠᠨ ᠶᠠᠩᠵᠤ ᠬᠡᠯᠪᠡᠷᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠳᠠᠳᠤᠯᠭ᠎ᠠ ᠪᠣᠯᠪᠠᠰᠤᠷᠠᠯ ᠵᠢᠭᠠᠨ | ᠰᠤᠷᠭᠠᠯᠲᠠ ᠶᠢ ᠴᠢᠩᠭᠠᠳᠬᠠᠨ᠎ᠠ᠃ | | |