| | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠢ | ᠳᠠᠷᠤᠮᠠᠯᠯᠠᠨ ᠲᠠᠷᠬᠠᠭᠠᠪᠠ᠂ ᠡᠨᠡ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠵᠢᠯ ᠢ | ᠪᠠᠶᠢᠷᠢᠯᠠᠭᠤᠯᠤᠭᠰᠠᠨ ᠠᠩᠬᠠᠳᠠᠭᠴᠢ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ 12 ᠰᠠᠷ᠎ᠠ ᠶᠢᠨ | 27 ᠤ ᠡᠳᠦᠷ ᠤᠨ ᠦᠳᠡ ᠶᠢᠨ ᠡᠮᠦᠨ᠎ᠡ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠤᠨ ᠲᠤᠬᠠᠢ ᠬᠤᠯᠪᠤᠭᠳᠠᠬᠤ | ᠪᠠᠶᠢᠳᠠᠯ ᠢ ᠲᠠᠨᠢᠯᠴᠠᠭᠤᠯᠪᠠ᠃ ᠬᠠᠮᠲᠤ ᠳᠤ ᠪᠠᠨ ᠪᠣᠳᠠᠲᠠᠶ ᠠᠭᠤᠯᠭ᠎ᠠ ᠶᠢ ᠦᠵᠡᠵᠡᠭᠡᠶ᠎ᠡ︕ | | | | | | | ᠵᠤᠷᠭᠠᠨ ᠤ ᠳᠠᠷᠤᠭ᠎ᠠ ᠴᠧᠨ ᠽᠢ ᠵᠢᠶ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠤᠨ ᠶᠡᠷᠦᠩᠬᠡᠶ | ᠪᠠᠶᠢᠳᠠᠯ ᠢ ᠲᠠᠨᠢᠯᠴᠠᠭᠤᠯᠪᠠ — ᠬᠠᠮᠲᠤ ᠳᠤ ᠪᠠᠨ ᠦᠵᠡᠵᠡᠭᠡᠶ᠎ᠡ — | ︽ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠠᠵᠢᠯ ᠢ ᠪᠠᠶᠢᠷᠢᠯᠠᠭᠤᠯᠤᠭᠰᠠᠨ ᠠᠩᠬᠠᠳᠠᠭᠴᠢ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ | ᠪᠣᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠤᠷᠢᠳ | ᠡᠮᠦᠨ᠎ᠡ ᠪᠠᠶᠢᠭ᠎ᠠ ᠦᠭᠡᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠪᠦᠬᠦ᠋ᠢᠯᠡ ᠰᠤᠷᠭᠠᠨ ᠬᠥᠮᠦᠵᠢᠯ ᠤᠨ ᠳᠣᠭᠲᠠᠯᠴᠠᠭᠠᠨ ᠳᠠᠬᠢ ᠬᠦᠨᠳᠦᠴᠡ ᠶᠢ ᠤᠷᠢᠳ ᠡᠮᠦᠨ᠎ᠡ ᠪᠠᠶᠢᠭ᠎ᠠ ᠦᠭᠡᠢ | ᠴᠢᠬᠤᠯᠠᠴᠢᠯᠠᠨ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠴᠢᠳᠠᠪᠤᠷᠢᠲᠠᠨ ᠵᠡᠷᠭᠡ ᠭᠤᠷᠪᠠᠨ | ᠶᠡᠭᠡ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢᠨ ᠠᠤᠭ᠎ᠠ ᠬᠠᠷᠠᠭᠠᠰᠤ ᠶᠢ ᠨᠢᠭᠡ | ᠴᠤᠬᠴᠠᠵᠢᠭᠤᠯᠤᠨ ᠠᠬᠢᠭᠤᠯᠵᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠳᠣᠭᠲᠠᠯᠴᠠᠭᠠᠨ ᠤ ᠪᠦᠳᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠤᠷᠢᠳ ᠡᠮᠦᠨ᠎ᠡ | ᠪᠠᠶᠢᠭ᠎ᠠ ᠦᠭᠡᠢ ᠬᠠᠲᠠᠭᠤ ᠪᠡᠷᠬᠡ ᠪᠠᠶᠢᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠯᠳᠤᠬᠤ | ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠪᠤᠶᠢᠯᠭᠠᠵᠤ᠂ ᠦᠢᠯᠡᠳᠦᠯᠭᠡ ᠶᠢᠨ | ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠤᠷᠬᠠᠶᠢᠯᠠᠵᠤ᠂ ᠵᠢᠮ᠎ᠡ ᠶᠣᠰᠣᠨ ᠤ ᠲᠠᠨᠢᠯᠲᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠂ ᠭᠤᠣᠯᠳᠠᠭᠤ ︽1+3+3︾ ᠶᠢᠨ ᠰᠢᠷᠢᠰ ᠴᠢᠬᠤᠯᠠ ᠥᠭᠦᠯᠡᠯᠲᠡ ᠳᠤ ᠲᠥᠪᠯᠡᠷᠡᠭᠦᠯᠦᠨ | ᠢᠯᠡᠷᠡᠭᠦᠯᠪᠡ᠃ ᠡᠭᠦᠨ ᠳᠤ ︽1︾ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ | ᠤᠨ ᠭᠤᠸᠠᠩᠰᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ ᠳᠤ ᠪᠠᠨ | ᠴᠢᠬᠤᠯᠠᠴᠢᠯᠠᠭᠰᠠᠨ᠄ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠬᠤᠯᠠᠴᠢᠯᠠᠨ ᠬᠥᠭᠵᠢᠭᠦᠯᠬᠦ ᠬᠡᠷᠡᠭᠲᠡᠢ︾ | ᠪᠣᠯᠤᠨ᠎ᠠ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠢᠷᠡᠭᠡᠳᠦᠢ ᠭᠡᠭᠡᠨ ᠰᠠᠷᠠᠭᠤᠯ᠂ ᠶᠡᠭᠡ ᠦᠢᠯᠡᠰ ᠪᠦᠲᠦᠭᠡᠵᠦ ᠪᠣᠯᠤᠨ᠎ᠠ︾ ᠭᠡᠰᠡᠨ ᠤ ᠳᠠᠷᠠᠭᠠᠬᠢ ᠪᠠᠰᠠ ᠨᠢᠭᠡᠨ | ᠶᠡᠷᠦᠩᠬᠡᠶᠢᠯᠡᠭᠰᠡᠨ ᠴᠢᠨᠠᠷᠲᠠᠢ᠂ ᠵᠢᠯᠣᠭᠤᠳᠬᠤ ᠴᠢᠨᠠᠷᠲᠠᠢ ᠴᠢᠬᠤᠯᠠ ᠶᠡᠭᠡ ᠨᠤᠲᠠᠯᠠᠯᠲᠠ ᠪᠣᠯᠤᠨ᠎ᠠ︔ ᠨᠢᠭᠡᠳᠦᠭᠡᠷ ︽3︾ | ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ | ᠴᠢᠬᠤᠯᠠᠴᠢᠯᠠᠭᠰᠠᠨ᠄ ︽ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ | ᠦᠷᠭᠦᠯᠵᠢᠯᠡᠯ ᠰᠤᠷᠭᠠᠨ ᠬᠥᠮᠦᠵᠢᠯ ᠬᠠᠮᠵᠢᠯᠴᠠᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠥᠵᠢᠯ ᠢ ᠠᠭᠤᠰᠬᠠᠬᠤ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ | ᠠᠭᠤᠰᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠤᠷᠭᠠᠨ ᠬᠥᠮᠦᠵᠢᠯ ᠢ ᠠᠭᠤᠰᠬᠠᠬᠤ ᠶᠢ ᠠᠬᠢᠭᠤᠯᠵᠤ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠦᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠬᠦ | ᠬᠡᠷᠡᠭᠲᠡᠢ︾ ᠪᠣᠯᠤᠨ᠎ᠠ᠂ ᠡᠨᠡ ᠪᠣᠯ ᠰᠢᠨ᠎ᠡ ᠴᠠᠭ ᠦᠶ᠎ᠡ ᠰᠢᠨ᠎ᠡ ᠠᠶᠠᠯᠠᠯ ᠳᠠᠬᠢ ᠤᠳᠤ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ 3 ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠣᠯᠤᠨ᠎ᠠ︔ ᠬᠤᠶᠠᠳᠤᠭᠠᠷ ︽3︾ | ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ | ᠴᠢᠬᠤᠯᠠᠴᠢᠯᠠᠭᠰᠠᠨ᠄ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠨᠠᠰᠤᠨ ᠲᠤᠷᠰᠢᠳᠠ ᠶᠢᠨ ᠪᠣᠯᠪᠠᠰᠤᠷᠠᠭᠤᠯᠤᠯ ᠤᠨ | ᠲᠦᠷᠢᠮ ᠢ ᠲᠡᠭᠦᠯᠳᠡᠷᠵᠢᠭᠦᠯᠬᠦ︾᠂ ᠤᠯᠤᠰ ᠤᠨ ᠲᠤᠮᠤ ᠤᠷᠠᠨ ᠳᠠᠷᠬᠠᠨ ᠪᠠ ᠳᠡᠭᠡᠳᠦ ᠤᠷ᠎ᠠ ᠴᠢᠳᠠᠪᠤᠷᠢᠲᠤ | ᠴᠢᠳᠠᠪᠤᠷᠢᠲᠠᠨ ᠢ ᠪᠠᠭᠲᠠᠭᠠᠭᠰᠠᠨ ︽ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠳᠠᠪᠤᠷᠢᠲᠠᠨ ᠤ ᠬᠦᠴᠦᠨ︾ ᠢ | ᠲᠦᠷᠭᠡᠳᠭᠡᠨ ᠪᠠᠶᠢᠭᠤᠯᠬᠤ᠂ ︽ᠪᠦᠬᠦ ᠠᠷᠠᠳ ᠢᠶᠠᠷ ᠢᠶᠠᠨ ᠨᠠᠰᠤᠨ ᠲᠤᠷᠰᠢᠳᠠ ᠰᠤᠷᠤᠯᠴᠠᠬᠤ ᠰᠤᠷᠤᠯᠴᠠᠬᠤ | ᠬᠡᠯᠪᠡᠷᠢ ᠶᠢᠨ ᠨᠡᠶᠢᠭᠡᠮ᠂ ᠰᠤᠷᠤᠯᠴᠠᠬᠤ ᠬᠡᠯᠪᠡᠷᠢ ᠶᠢᠨ ᠲᠤᠮᠤ ᠤᠯᠤᠰ ᠢ ᠪᠦᠳᠦᠭᠡᠨ ᠪᠠᠶᠢᠭᠤᠯᠬᠤ︾ ᠶᠠᠪᠤᠳᠠᠯ ᠪᠣᠯᠤᠨ᠎ᠠ᠂ | ᠡᠨᠡ ᠪᠣᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠵᠢᠴᠢ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠬᠦ ᠬᠦᠴᠦᠨ | ᠪᠣᠯᠭᠠᠬᠤ ᠪᠠᠶᠢᠯᠳᠤᠬᠤ ᠪᠤᠳᠤᠯᠭ᠎ᠠ ᠳᠤ ᠨᠡᠩ ᠰᠠᠶᠢᠨ ᠠᠭᠤᠰᠬᠠᠬᠤ 3 ᠴᠢᠬᠤᠯᠠ ᠴᠢᠷᠮᠠᠶᠢᠬᠤ ᠴᠢᠭᠯᠡᠯ ᠮᠥᠨ᠃ | ᠳᠡᠭᠡᠷ᠎ᠡ ᠳᠤᠷᠠᠳᠤᠭᠰᠠᠨ 3 ᠲᠠᠯ᠎ᠠ ᠶᠢᠨ ᠦᠵᠡᠯᠲᠡ ᠶᠢ ᠬᠤᠷᠢᠶᠠᠩᠭᠤᠶᠢᠯᠠᠪᠠᠯ᠄ ᠤᠳᠤ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠣᠲᠣᠭᠠᠳᠤ ᠯᠣᠭᠢᠭ ᠪᠠ ᠦᠢᠯᠡᠳᠦᠯᠭᠡ ᠶᠢᠨ ᠱᠠᠭᠠᠷᠳᠠᠯᠭ᠎ᠠ ᠪᠣᠯ ︽ᠭᠤᠷᠪᠠ ᠳᠤ ᠦᠢᠯᠡᠴᠢᠯᠡᠬᠦ︾ | ᠳᠤ ᠰᠠᠭᠤᠷᠢᠯᠠᠵᠤ᠂ ︽ᠭᠤᠷᠪᠠ ᠶᠢ ᠬᠠᠮᠵᠢᠭᠤᠯᠬᠤ︾ ᠶᠢ ᠨᠢᠭᠡᠳᠦᠯᠲᠡᠢ ᠲᠥᠯᠥᠪᠯᠡᠨ᠂ ︽ᠭᠤᠷᠪᠠ ᠶᠢ ᠠᠭᠤᠰᠬᠠᠬᠤ︾ ᠶᠢ | ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ | ︽ᠰᠠᠨᠠᠯ︾ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠮᠵᠢᠯᠲᠠ ᠪᠦᠲᠦᠮᠵᠢ ᠶᠢ ᠰᠢᠰᠲ᠋ᠧᠮᠲᠡᠢ ᠳ᠋ᠦᠩᠨᠡᠭᠰᠡᠨ | ᠰᠠᠭᠤᠷᠢᠨ ᠳᠡᠭᠡᠷ᠎ᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠤᠨ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠭᠦᠯᠦᠯᠲᠡ ᠶᠢᠨ ᠲᠣᠪᠤᠶᠢᠮ᠎ᠠ ᠵᠥᠷᠢᠴᠡᠯ ᠪᠣᠯᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ | ᠴᠢᠬᠤᠯᠠ ᠶᠡᠭᠡ ᠥᠭᠡᠷᠡᠴᠢᠯᠡᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠢ ᠨᠢᠭᠡᠳᠦᠯᠲᠡᠢ ᠲᠥᠯᠦᠪᠵᠢᠭᠦᠯᠵᠦ ᠬᠠᠮᠵᠢᠯᠴᠠᠨ ᠰᠢᠨ᠎ᠡ ᠶᠢ ᠡᠭᠦᠳᠬᠦ | ᠴᠢᠬᠤᠯᠠ ᠭᠠᠷᠳᠠᠴᠠ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠢ ᠠᠭᠤᠰᠬᠠᠬᠤ᠂ ᠠᠵᠤ ᠦᠢᠯᠡᠳᠪᠦᠷᠢ ᠪᠠ ᠰᠤᠷᠭᠠᠨ | ᠬᠥᠮᠥᠵᠢᠯ ᠶᠢ ᠠᠭᠤᠰᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠤᠷᠭᠠᠨ ᠬᠥᠮᠦᠵᠢᠯ ᠢ ᠠᠭᠤᠰᠬᠠᠬᠤ ᠶᠢ | ᠠᠬᠢᠭᠤᠯᠬᠤ ᠵᠠᠩᠭᠢᠯᠠᠭ᠎ᠠ ᠶᠢᠨ ᠠᠯᠬᠤᠮ ᠳᠠᠷᠠᠭ᠎ᠠ ᠪᠠᠶᠢᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠬᠠᠶ ᠪᠠᠶᠢᠷᠢᠯᠠᠭᠤᠯᠤᠯᠲᠠ ᠶᠢᠨ | ᠰᠢᠨ᠎ᠡ ᠵᠣᠷᠢᠯᠲᠠ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠲᠣᠭᠲᠠᠴᠠ ᠶᠢ ᠲᠥᠪᠯᠡᠷᠡᠭᠭᠦᠢ ᠢᠯᠡᠷᠡᠭᠦᠯᠪᠡ᠃ | ᠨᠢᠭᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠵᠣᠷᠢᠯᠲᠠ | ︽ᠰᠠᠨᠠᠯ︾ ᠨᠢ ︽ᠣᠳᠣᠶᠢᠵᠢᠭᠤᠯᠤᠭᠰᠠᠨ︾᠂ ︽ᠢᠪᠴᠤᠤᠵᠢᠭᠤᠯᠤᠭᠰᠠᠨ︾ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠤᠯᠠᠮᠵᠢᠯᠠᠯᠲᠤ ᠲᠠᠨᠢᠯᠲᠠ ᠶᠢ ᠡᠪᠳᠡᠵᠦ᠂ ᠥᠭᠡᠷᠡᠴᠢᠯᠡᠯᠲᠡ ᠶᠢᠨ ᠦᠢᠯᠡᠳᠦᠯᠭᠡ ᠳᠠᠬᠢ | ᠬᠦᠴᠢᠷᠳᠡᠯᠲᠡᠢ᠂ ᠲᠦᠪᠡᠭᠲᠡᠶ ᠠᠰᠠᠭᠤᠳᠠᠯ ᠢ ᠰᠢᠭᠤᠳ ᠰᠢᠢᠳᠪᠦᠷᠢᠯᠡᠵᠦ᠂ ᠠᠯᠢ ᠣᠯᠠᠨ ᠰᠢᠨ᠎ᠡ ᠣᠨᠣᠯᠵᠢᠬᠤᠨ᠂ | ᠰᠢᠨ᠎ᠡ ᠦᠵᠡᠯᠲᠡ᠂ ᠰᠢᠨ᠎ᠡ ᠮᠠᠭᠠᠳᠯᠠᠯᠲᠠ ᠶᠢ ᠳᠤᠷᠠᠳᠤᠨ ᠭᠠᠷᠭᠠᠵᠤ᠂ ᠣᠨᠣᠯ ᠪᠣᠯᠤᠨ ᠦᠢᠯᠡᠳᠦᠯᠭᠡ ᠶᠢᠨ ᠦᠨ᠎ᠡ | ᠥᠷᠲᠡᠭ ᠲᠠᠢ ᠪᠣᠯᠭᠠᠵᠠᠶ᠃ | — ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ︽ᠠᠵᠢᠯ | ᠡᠷᠢᠬᠦ︾ ᠠᠴᠠ ︽ᠬᠥᠮᠦᠨᠴᠢ︾ ᠲᠡᠶᠢᠰᠢ ᠬᠤᠪᠢᠷᠠᠭᠤᠯᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠳᠤ | ᠦᠢᠯᠡᠴᠢᠯᠡᠬᠦ ᠶᠢ ᠨᠡᠩ ᠴᠢᠬᠤᠯᠠᠴᠢᠯᠠᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠠᠵᠢᠯ ᠣᠯᠭᠤᠯᠲᠠ ᠶᠢ | ᠠᠬᠢᠭᠤᠯᠬᠤ ᠴᠢᠬᠤᠯᠠ ᠠᠷᠭ᠎ᠠ ᠵᠠᠮ ᠮᠥᠨ᠂ ᠭᠡᠪᠡᠴᠦ ᠲᠠᠩ ᠭᠠᠭᠴᠠ ᠠᠵᠢᠯ ᠣᠯᠭᠤᠯᠲᠠ ᠶᠢᠨ ᠰᠤᠷᠭᠠᠨ ᠬᠥᠮᠦᠵᠢᠯ | ᠤᠬᠳᠤ ᠪᠢᠰᠢ᠃ ︽ᠰᠠᠨᠠᠯ︾ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠲᠣᠭᠲᠠᠭᠠᠯᠲᠠ᠂ | ᠬᠥᠮᠦᠨ ᠤ ᠪᠥᠬᠦ ᠲᠠᠯ᠎ᠠ ᠶᠢᠨ ᠬᠥᠭᠵᠢᠯᠲᠡ ᠳᠤ ᠦᠢᠯᠡᠴᠢᠯᠡᠵᠦ᠂ ᠣᠯᠠᠨ ᠬᠡᠯᠪᠡᠷᠢ ᠶᠢ ᠵᠣᠯᠭᠠᠭᠤᠯᠤᠭᠰᠠᠨ᠂ ᠣᠯᠠᠨ | ᠠᠷᠭ᠎ᠠ ᠵᠠᠮ ᠢᠶᠠᠷ ᠪᠤᠶᠢᠵᠢᠭᠰᠠᠨ᠂ ᠦᠷᠭᠦᠯᠵᠢᠯᠡᠨ ᠬᠥᠭᠵᠢᠵᠦ ᠪᠣᠯᠬᠤᠶᠢᠴᠠ ᠱᠠᠲᠤᠯᠢᠭ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠪᠠ ᠪᠣᠯᠪᠠᠰᠤᠷᠠᠭᠤᠯᠤᠯ ᠤᠨ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠥᠵᠢᠯ ᠤᠨ ᠵᠣᠬᠢᠴᠠᠯᠳᠤᠨ ᠬᠥᠭᠵᠢᠵᠦ᠂ ᠬᠠᠷᠢᠯᠴᠠᠨ ᠠᠭᠤᠰᠤᠨ ᠨᠡᠪᠲᠡᠷᠡᠬᠦ ᠶᠢ ᠠᠬᠢᠭᠤᠯᠵᠤ᠂ ᠠᠳᠠᠯᠢ ᠪᠤᠰᠤ | ᠲᠥᠷᠥᠯᠬᠢ ᠠᠪᠢᠶᠠᠰ ᠪᠠ ᠬᠡᠷᠡᠭᠴᠡᠭᠡ ᠲᠠᠢ ᠰᠤᠷᠤᠭᠴᠢᠳ ᠢ ᠣᠯᠠᠨ ᠤᠳᠠᠭ᠎ᠠ ᠰᠣᠩᠭᠤᠯᠲᠠ ᠬᠢᠯᠭᠡᠵᠦ᠂ ᠣᠯᠠᠨ | ᠶᠠᠩᠵᠤᠴᠢᠯᠠᠭᠰᠠᠨ ᠴᠢᠳᠠᠪᠤᠷᠢᠲᠠᠨ ᠪᠣᠯᠭᠠᠬᠤ ᠶᠠᠪᠤᠳᠠᠯ ᠪᠣᠯᠤᠨ᠎ᠠ ᠭᠡᠵᠦ ᠳᠠᠬᠢᠨ ᠳᠤᠷᠠᠳᠴᠤ᠂ ᠡᠨᠡ ᠪᠣᠯ ᠨᠡᠶᠢᠭᠡᠮ ᠤᠨ | ᠬᠢᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠠᠰᠤᠮᠵᠢᠯᠠᠵᠤ ᠪᠠᠶᠢᠭ᠎ᠠ ᠪᠠᠶᠢᠳᠠᠯ ᠢ ᠬᠤᠪᠢᠷᠠᠭᠤᠯᠵᠤ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠥᠵᠢᠯ ᠢ ᠰᠠᠯᠭᠠᠭᠰᠠᠨ ᠠᠴᠠ ᠪᠣᠯᠤᠭᠰᠠᠨ ᠰᠤᠷᠭᠠᠨ ᠬᠥᠮᠦᠵᠢᠯ ᠤᠨ ᠵᠣᠪᠠᠨᠢᠯ ᠢ | ᠠᠷᠢᠯᠭᠠᠬᠤ ᠳᠤ ᠴᠢᠬᠤᠯᠠ ᠶᠡᠭᠡ ᠦᠢᠯᠡᠳᠦᠯ ᠲᠠᠢ ᠶᠤᠮ᠃ | — ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠭᠤᠣᠯᠳᠠᠯᠭ᠎ᠠ ᠶᠢ ︽ᠰᠤᠷᠭᠠᠨ | ᠬᠥᠮᠦᠵᠢᠯ︾ ᠠᠴᠠ ︽ᠠᠵᠤ ᠦᠢᠯᠡᠳᠪᠦᠷᠢ ᠪᠠ ᠰᠤᠷᠭᠠᠨ ᠬᠥᠮᠦᠵᠢᠯ︾ ᠲᠡᠶᠢᠰᠢ ᠬᠤᠪᠢᠷᠠᠭᠤᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠨᠡᠩ ᠴᠢᠬᠤᠯᠠᠴᠢᠯᠠᠪᠠ᠃ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠢ ᠠᠭᠤᠰᠬᠠᠬᠤ ᠪᠣᠯ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠨᠳᠦᠰᠦᠨ | ᠣᠨᠴᠠᠯᠢᠭ᠂ ᠪᠠᠰᠠ ᠴᠤ ᠬᠠᠮᠤᠭ ᠤᠨ ᠶᠡᠭᠡ ᠳᠠᠪᠠᠭᠤᠯᠢᠭ᠂ ᠨᠠᠩ ᠴᠤ ᠥᠭᠡᠷᠡᠴᠢᠯᠡᠯᠲᠡ ᠶᠢᠨ ᠬᠦᠴᠢᠷᠳᠡᠯ ᠪᠠ | ᠭᠤᠤᠯᠳᠠᠯᠭ᠎ᠠ ᠮᠥᠨ᠃ ︽ᠰᠠᠨᠠᠯ︾ ᠳᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭᠠᠨ ᠳᠠᠬᠢ | ᠲᠦᠭᠵᠢᠷᠡᠯ ᠤᠨ ᠠᠰᠠᠭᠤᠳᠠᠯ ᠳᠤ ᠰᠢᠭᠤᠳ ᠬᠠᠨᠳᠤᠨ᠂ ᠰᠢᠰᠲ᠋ᠧᠮᠲᠡᠢ ᠰᠡᠳᠬᠢᠬᠦ ᠶᠢ ᠪᠠᠷᠢᠮᠲᠠᠯᠠᠵᠤ᠂ ᠬᠤᠲᠠ ᠶᠢᠨ | ᠬᠡᠪᠴᠢᠶᠡᠨ ᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠣᠯᠤᠨ ᠠᠵᠢᠯ | ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠭᠰᠠᠨ ᠬᠠᠮᠲᠤ ᠶᠢᠨ ᠴᠣᠭᠴᠠ ᠶᠢ | ᠪᠠᠶᠢᠭᠤᠯᠬᠤ ᠲᠦᠷᠢᠮ ᠤᠨ ᠲᠥᠯᠥᠪᠯᠡᠭᠡ ᠶᠢ ᠳᠤᠷᠠᠳᠴᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠠᠵᠢᠯ | ᠲᠥᠷᠥᠯ ᠤᠨ ᠳᠠᠪᠰᠢᠯᠲᠠ᠂ ᠠᠵᠤ ᠦᠢᠯᠡᠳᠪᠦᠷᠢ ᠶᠢᠨ ᠬᠡᠯᠪᠡᠷᠢ ᠶᠢᠨ ᠬᠤᠪᠢᠷᠠᠯᠲᠠ᠂ ᠣᠷᠣᠨ ᠪᠦᠰᠡ ᠶᠢᠨ | ᠬᠥᠭᠵᠢᠯᠲᠡ ᠶᠢ ᠬᠤᠯᠪᠣᠵᠤ᠂ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠰᠠᠶᠢᠨ ᠰᠠᠶᠢᠬᠠᠨ | ᠦᠢᠯᠡᠳᠦᠯᠴᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠴᠢᠳᠠᠪᠤᠷᠢᠲᠠᠨ ᠢ ᠬᠥᠮᠦᠵᠢᠭᠦᠯᠬᠦ ᠬᠠᠩᠭᠠᠯᠭ᠎ᠠ ᠪᠠ ᠠᠵᠤ | ᠦᠢᠯᠡᠳᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠵᠣᠬᠢᠴᠠᠯ ᠥᠨᠳᠥᠷ ᠪᠤᠰᠤ ᠪᠠᠶᠢᠬᠤ ᠵᠡᠷᠭᠡ ᠠᠰᠠᠭᠤᠳᠠᠯ ᠢ | ᠰᠢᠢᠳᠪᠦᠷᠢᠯᠡᠨ᠎ᠡ᠃ | — ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠣᠷᠣᠨ ᠵᠠᠢ ᠶᠢ ︽ᠣᠷᠣᠨ ᠪᠦᠰᠡ︾ | ᠠᠴᠠ ︽ᠪᠥᠬᠦ ᠲᠠᠯ᠎ᠠ︾ ᠲᠡᠶᠢᠰᠢ ᠬᠤᠪᠢᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯᠠᠭᠤᠯᠤᠯᠲᠠ ᠶᠢ | ᠲᠤᠯᠭᠠᠭᠤᠷᠢᠯᠠᠬᠤ ᠶᠢ ᠨᠠᠩ ᠴᠢᠬᠤᠯᠠᠴᠢᠯᠠᠪᠠ᠃ ︽ᠰᠠᠨᠠᠯ︾ ᠨᠢ ᠰᠢᠨ᠎ᠡ ᠬᠥᠭᠵᠢᠯᠲᠡ ᠶᠢᠨ ᠪᠠᠶᠢᠷᠢᠰᠢᠯᠠᠭᠤᠯᠤᠯᠲᠠ ᠳᠤ | ᠰᠠᠭᠤᠷᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠭᠡᠬᠦ ᠬᠤᠶᠠᠷ ᠣᠷᠣᠨ ᠵᠠᠢ ᠳᠠᠬᠢ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠥᠭᠵᠢᠭᠦᠯᠦᠯᠲᠡ ᠶᠢ ᠲᠥᠯᠥᠪᠵᠢᠭᠦᠯᠦᠨ ᠪᠠᠶᠢᠷᠢᠯᠠᠭᠤᠯᠪᠠ᠃ ᠨᠢᠭᠡ ᠲᠠᠯ᠎ᠠ ᠪᠠᠷ᠂ ᠣᠷᠣᠨ | ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ᠂ ᠰᠤᠷᠭᠠᠨ ᠬᠥᠮᠦᠵᠢᠯ ᠢᠶᠠᠷ ᠠᠵᠤ | ᠦᠢᠯᠡᠳᠪᠦᠷᠢ ᠶᠢ ᠠᠬᠢᠭᠤᠯᠵᠤ᠂ ᠠᠵᠤ ᠦᠢᠯᠡᠳᠪᠦᠷᠢ ᠪᠠᠷ ᠰᠤᠷᠭᠠᠨ ᠬᠥᠮᠦᠵᠢᠯ ᠢ ᠲᠤᠰᠠᠯᠠᠵᠤ᠂ ᠠᠵᠤ ᠦᠢᠯᠡᠳᠪᠦᠷᠢ | ᠪᠠ ᠰᠤᠷᠭᠠᠨ ᠬᠥᠮᠥᠵᠢᠯ ᠢ ᠠᠭᠤᠰᠬᠠᠵᠤ᠂ ᠠᠵᠤ ᠦᠢᠯᠡᠳᠪᠦᠷᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ | ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠭᠰᠠᠨ᠂ ᠠᠵᠤ ᠦᠢᠯᠡᠳᠪᠦᠷᠢ ᠶᠢᠨ | ᠪᠦᠲᠦᠴᠡ ᠯᠦᠭᠡ ᠵᠣᠬᠢᠴᠠᠭᠰᠠᠨ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠲᠦᠴᠡ ᠪᠠ | ᠣᠷᠣᠨ ᠪᠦᠰᠡ ᠶᠢᠨ ᠪᠠᠶᠢᠷᠢᠰᠢᠯᠠᠭᠤᠯᠤᠯᠲᠠ ᠶᠢ ᠪᠦᠷᠢᠯᠳᠦᠭᠦᠯᠬᠦ ᠶᠢ ᠠᠬᠢᠭᠤᠯᠤᠨ᠎ᠠ︔ ᠨᠥᠭᠦᠭᠡ ᠲᠠᠯ᠎ᠠ ᠪᠠᠷ᠂ ᠣᠷᠣᠨ | ᠪᠦᠰᠡ ᠶᠢᠨ ᠳᠠᠪᠠᠭᠤᠯᠢᠭ ᠲᠤ ᠰᠠᠭᠤᠷᠢᠯᠠᠨ᠂ ᠬᠥᠭᠵᠢᠭᠦᠯᠦᠯᠲᠡ ᠶᠢᠨ ᠪᠠᠶᠢᠯᠳᠤᠬᠤ ᠪᠣᠳᠣᠯᠭ᠎ᠠ᠂ ᠲᠤᠯᠭᠠᠭᠤᠷᠢ ᠠᠵᠤ | ᠦᠢᠯᠡᠰ ᠪᠠ ᠴᠢᠳᠠᠪᠤᠷᠢᠲᠠᠨ ᠤ ᠬᠡᠷᠡᠭᠴᠡᠭᠡ ᠳᠤ ᠰᠠᠭᠤᠷᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠣᠯᠠᠨ ᠤᠯᠤᠰ ᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠨ ᠤ ᠤᠯᠤᠰ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ︽ᠲᠠᠩ ᠴᠢᠭᠯᠡᠯ ᠢᠶᠠᠷ ᠣᠷᠣᠭᠤᠯᠤᠨ ᠠᠪᠴᠢᠷᠠᠵᠤ ᠲᠣᠯᠢᠯᠠᠭᠤᠯᠬᠤ︾ | ᠪᠠᠶᠢᠭᠰᠠᠨ ᠠᠴᠠ ︽ᠬᠤᠤᠰ ᠴᠢᠭᠯᠡᠯ ᠢᠶᠠᠷ ᠬᠠᠮᠲᠤ ᠪᠠᠷ ᠪᠠᠶᠢᠭᠤᠯᠵᠤ ᠬᠠᠮᠲᠤ ᠪᠠᠷ ᠬᠤᠪᠢᠶᠠᠯᠴᠠᠨ ᠡᠳ᠋ᠯᠡᠬᠦ︾ ᠪᠣᠯᠭᠠᠵᠤ᠂ | ᠳᠤᠮᠳᠠᠳᠤ ᠤᠯᠤᠰ ᠤᠨ ᠣᠨᠴᠠᠯᠢᠭ ᠪᠥᠬᠦᠶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠯᠡᠬᠡᠶᠢᠵᠢᠭᠰᠡᠨ | ᠬᠥᠭᠵᠢᠯᠲᠡ ᠶᠢᠨ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃ | — ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠷᠭ᠎ᠠ ᠵᠠᠮ ᠢ ︽ᠲᠥᠷᠥᠯ ᠬᠤᠪᠢᠶᠠᠵᠤ︾ | ᠪᠠᠶᠢᠭᠰᠠᠨ ᠠᠴᠠ ︽ᠬᠠᠮᠵᠢᠯᠴᠠᠬᠤ︾ ᠲᠡᠶᠢᠰᠢ ᠬᠤᠪᠢᠷᠠᠭᠤᠯᠵᠤ᠂ ᠪᠠᠭᠰᠢ᠂ ᠵᠢᠭᠠᠬᠤ ᠮᠠᠲ᠋ᠧᠷᠢᠶᠠᠯ᠂ ᠵᠢᠭᠠᠬᠤ | ᠠᠷᠭ᠎ᠠ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠦᠪᠵᠢᠭᠦᠯᠬᠦ ᠶᠢ ᠨᠠᠩ ᠴᠢᠬᠤᠯᠠᠴᠢᠯᠠᠪᠠ᠃ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠪᠣᠯ ᠬᠤᠶᠠᠷ ᠵᠦᠢᠯ ᠤᠨ ᠠᠳᠠᠯᠢ ᠪᠤᠰᠤ | ᠰᠤᠷᠭᠠᠨ ᠬᠥᠮᠦᠵᠢᠯ ᠤᠨ ᠲᠦᠷᠦᠯ ᠬᠡᠯᠪᠡᠷᠢ ᠪᠠᠶᠢᠵᠤ᠂ ᠠᠳᠠᠯᠢᠬᠠᠨ ᠴᠢᠬᠤᠯᠠ ᠪᠠᠶᠢᠷᠢ ᠰᠠᠭᠤᠷᠢ ᠲᠠᠢ ᠪᠠᠶᠢᠳᠠᠭ᠂ | ᠭᠡᠪᠡᠴᠦ ᠡᠨᠡ ᠬᠤᠶᠠᠷ ᠪᠣᠯ ᠵᠡᠷᠭᠡᠴᠡᠭᠡ ᠪᠢᠰᠢ᠂ ᠨᠡᠩ ᠴᠤ ᠡᠰᠡᠷᠭᠦᠴᠡᠯᠳᠦᠬᠦ ᠪᠢᠰᠢ ᠶᠤᠮ᠃ ︽ᠰᠠᠨᠠᠯ︾ ᠳᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠣᠨᠴᠠᠯᠢᠭ ᠢ ᠪᠠᠬᠢᠵᠢᠭᠦᠯᠵᠦ᠂ ᠠᠵᠢᠯ ᠮᠡᠷᠭᠡᠵᠢᠯ ᠤᠨ | ᠰᠤᠷᠭᠠᠭᠤᠯᠢ ᠶᠢᠨ ᠵᠠᠩᠭᠢᠯᠠᠭ᠎ᠠ ᠶᠢᠨ ᠰᠤᠷᠭᠠᠭᠤᠯᠢ ᠡᠷᠭᠢᠯᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ | ᠠᠯᠬᠤᠮ ᠲᠣᠳᠣᠷᠬᠠᠶᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ | ᠦᠷᠭᠦᠯᠵᠢᠯᠡᠯ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠵᠢᠭᠦᠯᠵᠦ᠂ | ︽ᠠᠳᠠᠯᠢ ᠪᠤᠰᠤ︾ ᠠᠴᠠ ︽ᠬᠠᠮᠵᠢᠯᠴᠠᠬᠤ︾ ᠲᠡᠶᠢᠰᠢ ᠴᠢᠭᠯᠡᠵᠦ᠂ ᠡᠯ᠎ᠡ ᠵᠦᠢᠯ ᠤᠨ ᠰᠤᠷᠭᠠᠨ ᠬᠥᠮᠦᠵᠢᠯ ᠤᠨ ᠲᠥᠷᠥᠯ | ᠬᠡᠯᠪᠡᠷᠢ ᠶᠢᠨ ᠳᠠᠪᠠᠭᠤᠯᠢᠭ ᠢ ᠬᠠᠷᠢᠯᠴᠠᠨ ᠨᠥᠬᠦᠪᠥᠷᠢᠯᠡᠵᠦ᠂ ᠰᠣᠯᠪᠢᠴᠠᠭᠤᠯᠤᠨ ᠠᠭᠤᠰᠬᠠᠵᠤ᠂ ᠴᠥᠮ ︽ᠠᠷᠠᠳ | ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ︾ ᠡᠨᠡ ᠬᠦ ᠬᠠᠮᠲᠤ ᠶᠢᠨ ᠬᠠᠷᠠᠯᠲᠠ ᠢ | ᠳᠠᠭᠠᠵᠤ᠂ ᠦᠢᠯᠡᠴᠢᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠭᠡᠬᠦ ᠡᠨᠡ ᠬᠦ ᠬᠠᠮᠲᠤ ᠶᠢᠨ | ᠠᠭᠤᠤ ᠶᠡᠭᠡ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠶᠢ ᠳᠠᠭᠠᠵᠤ᠂ ᠦᠢᠯᠡᠴᠢᠯᠡᠨ᠎ᠡ᠃ | — ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠭᠤᠤᠯ ᠴᠣᠭᠴᠠ ᠶᠢ ︽ᠲᠠᠩ | ᠴᠢᠭᠯᠡᠯ︾ ᠪᠠᠶᠢᠭᠰᠠᠨ ᠠᠴᠠ ︽ᠣᠯᠠᠨ ᠡᠰᠢᠲᠦ︾ ᠪᠣᠯᠭᠠᠨ ᠬᠤᠪᠢᠷᠠᠭᠤᠯᠵᠤ᠂ ᠨᠡᠶᠢᠭᠡᠮ ᠤᠨ ᠬᠦᠴᠦᠨ ᠤ | ᠣᠷᠣᠯᠴᠠᠬᠤ ᠶᠢ ᠨᠠᠩ ᠴᠢᠬᠤᠯᠠᠴᠢᠯᠠᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠢᠭᠡ ᠵᠦᠢᠯ ᠤᠨ ᠬᠤᠷᠠᠮᠠᠯ ᠢᠨᠵᠧᠨᠧᠷᠢᠩ ᠪᠣᠯᠤᠨ᠎ᠠ᠂ | ᠭᠤᠤᠯᠯᠠᠬᠤ ᠬᠦᠴᠦᠨ ᠪᠣᠯ ᠵᠠᠰᠠᠭ ᠤᠨ ᠣᠷᠳᠣᠨ᠂ ᠠᠵᠢᠯ ᠲᠥᠷᠥᠯ᠂ ᠠᠵᠤ ᠠᠬᠤᠶᠢᠯᠠᠯ᠂ ᠰᠤᠷᠭᠠᠭᠤᠯᠢ ᠬᠠᠮᠵᠢᠯᠴᠠᠨ | ᠬᠠᠮᠲᠤᠷᠠᠯᠴᠠᠬᠤ ᠬᠥᠭᠵᠢᠯᠲᠡ ᠶᠢᠨ ᠲᠣᠭᠲᠠᠴᠠ ᠶᠢ ᠪᠠᠶᠢᠭᠤᠯᠵᠤ᠂ ᠭᠤᠤᠯ ᠬᠠᠷᠠᠯᠲᠠ ᠪᠣᠯ ᠵᠠᠰᠠᠭ ᠤᠨ ᠣᠷᠳᠣᠨ ᠠᠴᠠ | ᠡᠷᠭᠢᠯᠡᠨ ᠬᠢᠬᠦ ᠪᠠᠷ ᠭᠤᠤᠯ ᠪᠣᠯᠭᠠᠵᠤ ᠪᠠᠶᠢᠭᠰᠠᠨ ᠢ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ | ᠬᠠᠮᠢᠶᠠᠷᠴᠤ᠂ ᠰᠤᠷᠭᠠᠭᠤᠯᠢ ᠡᠷᠭᠢᠯᠡᠬᠦ ᠪᠠᠶᠢᠷᠢᠰᠢᠯᠠᠭᠤᠯᠤᠯᠲᠠ ᠳᠤ ᠨᠡᠶᠢᠭᠡᠮ ᠤᠨ ᠬᠢᠨ ᠣᠯᠠᠨ ᠲᠠᠯ᠎ᠠ ᠠᠴᠠ | ᠣᠷᠣᠯᠴᠠᠬᠤ ᠲᠡᠶᠢᠰᠢ ᠬᠤᠪᠢᠷᠠᠭᠤᠯᠬᠤ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ︽ᠰᠠᠨᠠᠯ︾ ᠳᠤ ᠰᠤᠷᠭᠠᠭᠤᠯᠢ ᠡᠷᠭᠢᠯᠡᠬᠦ | ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠰᠢᠨ᠎ᠡ ᠪᠠᠶᠢᠷᠢᠯᠠᠭᠤᠯᠤᠯᠲᠠ ᠬᠢᠵᠦ᠂ ᠣᠷᠣᠨ ᠨᠤᠲᠤᠭ ᠪᠠ | ᠭᠤᠤᠯᠳᠠᠯᠭ᠎ᠠ ᠲᠠᠢ ᠠᠵᠢᠯ ᠲᠥᠷᠥᠯ ᠤᠨ ᠥᠪᠡᠷ ᠪᠡᠶ᠎ᠡ ᠶᠢᠨ ᠣᠨᠴᠠᠯᠢᠭ ᠪᠠ ᠳᠠᠪᠠᠭᠤᠯᠢᠭ ᠲᠠᠢ ᠪᠠᠨ ᠤᠶᠠᠯᠳᠤᠭᠤᠯᠤᠨ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ | ᠲᠠᠯ᠎ᠠ ᠪᠠᠷ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠤᠷᠢᠳ ᠢᠶᠠᠷ ᠰᠢᠪᠲᠤᠯᠵᠤ᠂ ᠳᠠᠭᠤᠷᠢᠶᠠᠯ | ᠦᠵᠡᠭᠦᠯᠦᠨ ᠬᠥᠲᠥᠯᠦᠨ ᠳᠠᠭᠠᠭᠤᠯᠬᠤ ᠶᠢ ᠵᠣᠷᠢᠭᠵᠢᠭᠤᠯᠤᠨ ᠳᠡᠮᠵᠢᠨ᠎ᠡ᠃ | ᠬᠤᠶᠠᠷ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠠᠷᠭ᠎ᠠ ᠬᠡᠮᠵᠢᠶ᠎ᠡ | ︽ᠰᠠᠨᠠᠯ︾ ᠳᠤ ᠰᠢᠨ᠎ᠡ ᠱᠠᠲᠤᠨ ᠳᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠠᠯᠢ ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠂ ᠡᠭᠦᠨ ᠢ ︽ᠨᠢᠭᠡ | ᠴᠣᠭᠴᠠ᠂ ᠬᠤᠶᠠᠷ ᠵᠢᠭᠦᠷ᠂ ᠲᠠᠪᠤᠨ ᠭᠤᠤᠯᠳᠠᠯᠭ᠎ᠠ︾ ᠭᠡᠵᠦ ᠬᠤᠷᠢᠶᠠᠩᠭᠤᠶᠢᠯᠠᠪᠠ᠃ | ︽ᠨᠢᠭᠡ ᠴᠣᠭᠴᠠ︾ ᠪᠣᠯ ᠮᠤᠵᠢ ᠶᠢᠨ ᠬᠡᠪᠴᠢᠶᠡᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠰᠢᠨ᠎ᠡ ᠵᠠᠭᠪᠤᠷ ᠢ ᠰᠦᠪᠡᠭᠴᠢᠯᠡᠬᠦ ᠪᠣᠯ ᠥᠭᠡᠷᠡᠴᠢᠯᠡᠯᠲᠡ ᠶᠢᠨ | ᠰᠠᠭᠤᠷᠢ ᠮᠥᠨ᠃ ᠪᠣᠳᠠᠲᠠᠶ ᠪᠠᠷ ᠬᠡᠯᠡᠪᠡᠯ᠂ ᠤᠯᠤᠰ ᠤᠨ ᠣᠷᠣᠨ ᠪᠦᠰᠡ ᠶᠢᠨ ᠬᠥᠭᠵᠢᠭᠦᠯᠦᠯᠲᠡ ᠶᠢᠨ | ᠲᠥᠯᠥᠪᠵᠢᠭᠦᠯᠭᠡ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠲᠤᠯᠭᠠᠮ ᠬᠡᠷᠡᠭᠴᠡᠭᠡ᠂ | ᠨᠥᠬᠦᠴᠡᠯ ᠤᠨ ᠰᠠᠭᠤᠷᠢ ᠵᠢᠴᠢ ᠥᠭᠡᠷᠡᠴᠢᠯᠡᠯᠲᠡ ᠶᠢ ᠰᠦᠪᠡᠭᠴᠢᠯᠡᠬᠦ ᠰᠠᠨᠠᠭ᠎ᠠ ᠲᠠᠢ ᠮᠤᠵᠢ ︵ᠣᠷᠣᠨ᠂ ᠬᠤᠲᠠ︶ ᠶᠢ | ᠰᠣᠩᠭᠤᠵᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠥᠵᠢᠯ ᠢ ᠠᠭᠤᠰᠬᠠᠬᠤ ᠵᠡᠷᠭᠡ ᠲᠠᠯ᠎ᠠ ᠶᠢᠨ ᠥᠭᠡᠷᠡᠴᠢᠯᠡᠯᠲᠡ ᠶᠢᠨ ᠰᠢᠪᠲᠤᠯᠤᠯᠲᠠ᠂ ᠴᠡᠭ ᠤᠨ ᠥᠭᠡᠷᠡᠴᠢᠯᠡᠯᠲᠡ ᠶᠢᠨ | ᠰᠢᠪᠲᠤᠯᠤᠯᠲᠠ ᠪᠠᠷ ᠪᠥᠬᠦ ᠲᠠᠯ᠎ᠠ ᠶᠢᠨ ᠴᠢᠨᠠᠷᠯᠢᠭ ᠬᠥᠭᠵᠢᠯᠲᠡ ᠶᠢ ᠳᠠᠶᠢᠴᠢᠯᠠᠵᠤ᠂ ᠬᠠᠭᠤᠯᠪᠤᠷᠢᠯᠠᠵᠤ ᠪᠣᠯᠬᠤ᠂ | ᠳᠡᠯᠭᠡᠷᠡᠭᠦᠯᠵᠦ ᠪᠣᠯᠬᠤ ᠨᠢᠭᠡ ᠪᠦᠯᠦᠭ ᠰᠢᠨ᠎ᠡ ᠲᠤᠷᠰᠢᠯᠭ᠎ᠠ ᠰᠢᠨ᠎ᠡ ᠬᠡᠪ ᠵᠠᠭᠪᠤᠷ ᠢ ᠪᠣᠶ ᠪᠣᠯᠭᠠᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠠᠰᠢᠭᠲᠠᠶ ᠲᠦᠷᠢᠮ ᠤᠨ ᠣᠷᠴᠢᠨ ᠨᠥᠬᠦᠴᠡᠯ ᠪᠠ ᠠᠮᠢ | ᠠᠬᠤᠶ ᠶᠢ ᠰᠢᠯᠢᠳᠡᠭᠵᠢᠭᠦᠯᠦᠨ᠎ᠡ᠃ | ︽ᠬᠤᠶᠠᠷ ᠵᠢᠭᠦᠷ︾᠂ ᠲᠤᠬᠠᠶᠢᠯᠠᠪᠠᠯ᠂ ᠬᠤᠲᠠ ᠶᠢᠨ ᠬᠡᠪᠴᠢᠶᠡᠨ ᠳᠠᠬᠢ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠤᠨ ᠬᠤᠯᠪᠣᠭᠠᠲᠤ ᠴᠣᠭᠴᠠ ᠪᠣᠯᠤᠨ ᠠᠵᠢᠯ ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ | ᠠᠭᠤᠰᠤᠭᠰᠠᠨ ᠬᠠᠮᠲᠤ ᠶᠢᠨ ᠴᠣᠭᠴᠠ ᠪᠣᠯ ᠥᠭᠡᠷᠡᠴᠢᠯᠡᠯᠲᠡ ᠶᠢᠨ ᠠᠴᠢᠶᠠᠯᠠᠭᠴᠢ ᠮᠥᠨ᠃ ᠨᠢᠭᠡ ᠲᠠᠯ᠎ᠠ ᠪᠠᠷ᠂ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠤ ᠦᠢᠯᠡᠰ ᠤᠨ ᠬᠦᠷᠢᠶᠡᠯᠡᠩ ᠢᠶᠠᠷ ᠰᠠᠭᠤᠷᠢ | ᠪᠣᠯᠭᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠰᠢᠨ᠎ᠡ ᠶᠢ ᠡᠭᠦᠳᠴᠦ ᠦᠢᠯᠡᠰ ᠪᠣᠰᠬᠠᠬᠤ᠂ ᠠᠵᠤ ᠦᠢᠯᠡᠳᠪᠦᠷᠢ | ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠴᠢᠳᠠᠮᠵᠢ ᠲᠠᠢ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠤᠨ ᠬᠤᠯᠪᠣᠭᠠᠲᠤ ᠴᠣᠭᠴᠠ ᠶᠢ ᠪᠠᠶᠢᠭᠤᠯᠬᠤ ᠶᠢ ᠳᠡᠮᠵᠢᠵᠦ᠂ ᠵᠠᠰᠠᠭ ᠤᠨ ᠣᠷᠳᠣᠨ᠂ ᠠᠵᠤ ᠠᠬᠤᠶᠢᠯᠠᠯ᠂ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠣᠯᠠᠨ ᠲᠠᠯ᠎ᠠ ᠶᠢᠨ ᠣᠷᠣᠯᠴᠠᠭᠰᠠᠨ | ᠬᠡᠷᠡᠭ ᠡᠷᠬᠢᠯᠡᠭᠴᠢᠳ ᠤᠨ ᠬᠤᠷᠠᠯ ᠢ ᠪᠠᠶᠢᠭᠤᠯᠤᠨ᠂ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠬᠡᠷᠡᠭᠵᠢᠭᠦᠯᠵᠦ᠂ | ᠪᠠᠯᠠ ᠮᠥᠩᠭᠦ᠂ ᠮᠡᠷᠭᠡᠵᠢᠯ᠂ ᠴᠢᠳᠠᠪᠤᠷᠢᠲᠠᠨ᠂ ᠲᠥᠷᠥ ᠶᠢᠨ ᠪᠣᠳᠣᠯᠭ᠎ᠠ ᠵᠡᠷᠭᠡ ᠬᠦᠴᠦᠨ ᠵᠦᠢᠯ ᠢ ᠲᠥᠪᠯᠡᠷᠡᠭᠦᠯᠦᠨ᠂ | ᠡᠯ᠎ᠡ ᠲᠥᠷᠥᠯ ᠤᠨ ᠭᠤᠤᠯ ᠴᠣᠭᠴᠠᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠭᠦᠨᠵᠡᠭᠡᠶ ᠣᠷᠣᠯᠴᠠᠬᠤ ᠶᠢ | ᠪᠦᠲᠦᠮᠵᠢᠲᠡᠶ ᠠᠬᠢᠭᠤᠯᠤᠨ᠎ᠠ᠃ ᠨᠥᠭᠦᠭᠡ ᠲᠠᠯ᠎ᠠ ᠪᠠᠷ᠂ ᠭᠤᠣᠯᠳᠠᠯᠭᠠᠲᠠᠢ ᠠᠵᠢᠯ ᠲᠥᠷᠥᠯ ᠪᠠ ᠭᠤᠣᠯᠳᠠᠯᠭᠠᠲᠠᠢ | ᠬᠦᠷᠢᠶ᠎ᠡ ᠴᠠᠷᠠᠭ᠎ᠠ ᠶᠢ ᠤᠷᠢᠳ ᠢᠶᠠᠷ ᠰᠣᠩᠭᠤᠵᠤ᠂ ᠬᠥᠲᠥᠴᠢ ᠠᠵᠤ ᠠᠬᠤᠶᠢᠯᠠᠯ ᠪᠠ ᠥᠨᠳᠥᠷ ᠬᠢᠷᠢ ᠲᠦᠪᠰᠢᠨᠲᠦ | ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠲᠦᠷᠦᠭᠦᠯᠡᠨ᠂ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠵᠡᠷᠭᠡ ᠶᠢ | ᠵᠣᠬᠢᠶᠠᠨ ᠪᠠᠶᠢᠭᠤᠯᠵᠤ ᠬᠠᠮᠲᠤ ᠪᠠᠷ ᠣᠷᠣᠯᠴᠠᠭᠰᠠᠨ ᠣᠷᠣᠨ ᠪᠦᠰᠡ ᠠᠯᠤᠰᠯᠠᠭᠰᠠᠨ ᠠᠵᠤ ᠦᠢᠯᠡᠳᠪᠦᠷᠢ ᠪᠠ | ᠰᠤᠷᠭᠠᠨ ᠬᠥᠮᠦᠵᠢᠯ ᠠᠭᠤᠰᠤᠭᠰᠠᠨ ᠬᠠᠮᠲᠤ ᠶᠢᠨ ᠴᠣᠭᠴᠠ ᠶᠢ ᠪᠠᠶᠢᠭᠤᠯᠵᠤ᠂ ᠠᠵᠤ ᠦᠢᠯᠡᠳᠪᠦᠷᠢ ᠪᠠ ᠰᠤᠷᠭᠠᠨ | ᠬᠥᠮᠥᠵᠢᠯ ᠤᠨ ᠡᠬᠢ ᠪᠠᠶᠠᠯᠢᠭ ᠢ ᠬᠤᠷᠠᠮᠳᠤᠭᠤᠯᠤᠨ᠂ ᠨᠠᠶᠢᠳᠠᠨ ᠬᠥᠮᠦᠵᠢᠭᠦᠯᠬᠦ᠂ ᠵᠠᠬᠢᠶᠠᠯᠠᠭ᠎ᠠ ᠪᠠᠷ ᠬᠥᠮᠦᠵᠢᠭᠦᠯᠬᠦ ᠪᠠ | ᠱᠠᠪᠢᠯᠠᠬᠤ ᠲᠦᠷᠢᠮ ᠢᠶᠠᠷ ᠬᠥᠮᠦᠵᠢᠭᠦᠯᠬᠦ ᠶᠢ ᠥᠷᠨᠢᠭᠦᠯᠵᠦ᠂ ᠠᠵᠢᠯ ᠲᠥᠷᠥᠯ ᠤᠨ ᠠᠵᠤ ᠠᠬᠤᠶᠢᠯᠠᠯ ᠤᠨ | ᠠᠵᠢᠯᠲᠠᠨ ᠳᠤ ᠬᠠᠨᠳᠤᠭᠤᠯᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ᠂ ᠠᠵᠢᠯ ᠤᠨ | ᠪᠠᠶᠢᠷᠢ ᠶᠢᠨ ᠪᠣᠯᠪᠠᠰᠤᠷᠠᠭᠤᠯᠤᠯ ᠪᠠ ᠦᠷᠭᠦᠯᠵᠢᠯᠡᠯ ᠰᠤᠷᠭᠠᠨ ᠬᠥᠮᠦᠵᠢᠯ ᠢ ᠥᠷᠨᠢᠭᠦᠯᠦᠨ᠂ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠪᠠᠶᠢᠭᠤᠯᠵᠤ᠂ ᠠᠵᠢᠯ ᠲᠥᠷᠥᠯ ᠳᠤ ᠲᠣᠭᠲᠠᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ︽ᠲᠠᠪᠤᠨ ᠭᠤᠣᠯᠳᠠᠯᠭ᠎ᠠ︾ ᠪᠣᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢᠨ ᠲᠣᠭᠤᠷᠢᠨ ᠳᠤ ᠲᠥᠯᠦᠪᠵᠢᠭᠦᠯᠦᠭᠰᠡᠨ ᠲᠠᠪᠤᠨ ᠵᠦᠢᠯ ᠤᠨ ᠭᠤᠣᠯᠳᠠᠯᠭᠠᠲᠠᠢ ᠠᠵᠢᠯ ᠪᠣᠯᠤᠨ᠎ᠠ | ᠨᠢᠭᠡ ᠳᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠩᠭᠢᠯᠠᠭ᠎ᠠ ᠪᠣᠯᠬᠤ ᠰᠤᠷᠭᠠᠭᠤᠯᠢ ᠡᠷᠭᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠦᠢᠯᠡᠳᠬᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ | ᠦᠢᠯᠡᠰ᠂ ᠤᠳᠤ ᠦᠶ᠎ᠡ ᠶᠢᠨ ᠲᠠᠷᠢᠶᠠᠯᠠᠩ ᠤᠨ ᠪᠠᠴᠢᠮ ᠬᠡᠷᠡᠭᠰᠡᠬᠦ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ | ᠲᠣᠭᠤᠷᠢᠨ ᠳᠤ ᠨᠢᠭᠡ ᠪᠦᠯᠦᠭ ᠤᠯᠤᠰ ᠤᠨ ᠲᠡᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠤᠯᠯᠠᠬᠤ | ᠴᠢᠳᠠᠪᠤᠷᠢ ᠶᠢᠨ ᠪᠠᠶᠢᠭᠤᠯᠤᠯᠲᠠ ᠶᠢᠨ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠨᠢᠭᠡ ᠪᠦᠯᠦᠭ | ᠭᠤᠤᠯᠯᠠᠬᠤ ᠬᠢᠴᠢᠶᠡᠯ᠂ ᠴᠢᠨᠠᠷᠯᠢᠭ ᠵᠢᠭᠠᠬᠤ ᠮᠠᠲ᠋ᠧᠷᠢᠶᠠᠯ᠂ ᠪᠠᠭᠰᠢ ᠶᠢᠨ ᠡᠩᠨᠡᠭᠡ᠂ ᠦᠢᠯᠡᠳᠦᠯᠭᠡ ᠶᠢᠨ ᠲᠥᠷᠥᠯ | ᠵᠦᠢᠯ ᠢ ᠪᠤᠢ ᠪᠣᠯᠭᠠᠵᠤ᠂ ᠨᠢᠭᠡ ᠪᠦᠯᠦᠭ ᠤᠯᠤᠰ ᠤᠨ ᠲᠡᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ᠂ ᠰᠦᠯᠵᠢᠶᠡᠨ ᠳᠠᠬᠢ ᠰᠢᠯᠢᠳᠡᠭ | ᠬᠢᠴᠢᠶᠡᠯ ᠪᠠ ᠳᠠᠭᠤᠷᠢᠶᠠᠮᠠᠯ ᠦᠨᠡᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠰᠣᠩᠭᠤᠵᠤ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠴᠢᠨᠠᠷᠯᠢᠭ ᠡᠬᠢ ᠪᠠᠶᠠᠯᠢᠭ ᠢ ᠬᠠᠮᠲᠤ ᠪᠠᠷ ᠬᠦᠷᠲᠡᠬᠦ ᠶᠢ ᠥᠷᠭᠡᠳᠬᠡᠨ᠂ ᠪᠥᠬᠦ ᠠᠷᠠᠳ ᠤᠨ ᠨᠠᠰᠤᠨ ᠲᠤᠷᠰᠢᠳᠠ | ᠰᠤᠷᠤᠯᠴᠠᠬᠤ ᠪᠠ ᠤᠷ᠎ᠠ ᠴᠢᠳᠠᠪᠤᠷᠢᠲᠤ ᠨᠡᠶᠢᠭᠡᠮ ᠤᠨ ᠪᠠᠶᠢᠭᠤᠯᠤᠯᠲᠠ ᠳᠤ ᠦᠢᠯᠡᠴᠢᠯᠡᠭᠦᠯᠦᠨ᠎ᠡ᠃ ᠰᠢᠨ᠎ᠡ | ᠡᠭᠡᠯᠵᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ︽ᠬᠤᠤᠰ ᠥᠨᠳᠥᠷ ᠲᠥᠯᠥᠪᠯᠡᠭᠡ︾ ᠶᠢ ᠰᠣᠩᠭᠤᠬᠤ | ᠲᠥᠰᠦᠯ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ︽ᠬᠤᠤᠰ ᠰᠢᠯᠢᠳᠡᠭ ᠲᠥᠯᠥᠪᠯᠡᠭᠡ︾ ᠶᠢᠨ ᠬᠡᠷᠡᠭᠵᠢᠭᠦᠯᠬᠦ | ᠰᠠᠨᠠᠯ ᠢ ᠲᠣᠭᠲᠠᠭᠠᠵᠤ᠂ ᠨᠢᠭᠡ ᠪᠦᠯᠦᠭ ᠥᠨᠳᠥᠷ ᠬᠢᠷᠢ ᠲᠦᠪᠰᠢᠨᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠠ ᠲᠤᠰᠬᠠᠶ ᠮᠡᠷᠭᠡᠵᠢᠯ ᠢ ᠰᠣᠩᠭᠤᠵᠤ ᠪᠦᠲᠦᠭᠡᠨ ᠪᠠᠶᠢᠭᠤᠯᠤᠨ᠎ᠠ᠃ | ᠬᠤᠶᠠᠷ ᠲᠤ᠂ ︽ᠬᠤᠤᠰ ᠬᠢᠷᠢ ᠬᠡᠮᠲᠦ︾ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠲᠡᠷᠢᠭᠦᠨ ᠤ ᠠᠵᠤ | ᠠᠬᠤᠶᠢᠯᠠᠯ ᠪᠠ ᠥᠨᠳᠥᠷ ᠬᠢᠷᠢ ᠲᠦᠪᠰᠢᠨᠲᠦ ᠶᠡᠭᠡ ᠰᠤᠷᠭᠠᠭᠤᠯᠢ ᠳᠤ ᠲᠦᠰᠢᠭᠯᠡᠨ ᠨᠢᠭᠡ ᠪᠦᠯᠦᠭ ᠤᠯᠤᠰ ᠤᠨ | ᠲᠠᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠤᠰ ᠬᠢᠷᠢ ᠬᠡᠮᠲᠦ︾ ᠪᠠᠭᠰᠢ ᠶᠢ ᠬᠥᠮᠦᠵᠢᠭᠦᠯᠦᠨ | ᠪᠣᠯᠪᠠᠰᠤᠷᠠᠭᠤᠯᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ︽ᠬᠤᠤᠰ ᠬᠢᠷᠢ ᠬᠡᠮᠲᠦ︾ ᠪᠠᠭᠰᠢ ᠶᠢ ᠮᠠᠭᠠᠳᠯᠠᠨ ᠲᠣᠭᠲᠠᠭᠠᠬᠤ ᠠᠵᠢᠯ ᠢ ᠠᠬᠢᠭᠤᠯᠵᠤ᠂ ᠡᠯ᠎ᠡ ᠭᠠᠵᠠᠷ ᠤᠨ ᠮᠤᠵᠢ ᠶᠢᠨ | ᠱᠠᠲᠤᠨ ᠤ ︽ᠬᠤᠤᠰ ᠬᠢᠷᠢ ᠬᠡᠮᠲᠦ︾ ᠪᠠᠭᠰᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠬᠡᠷᠡᠭᠵᠢᠭᠦᠯᠬᠦ ᠠᠷᠭ᠎ᠠ | ᠲᠣᠭᠲᠠᠭᠠᠬᠤ ᠶᠢ ᠵᠢᠯᠣᠭᠤᠳᠤᠨ᠎ᠠ᠃ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠨᠢᠭᠡ ᠪᠦᠯᠦᠭ ᠳᠡᠭᠡᠳᠦ | ᠰᠤᠷᠭᠠᠭᠤᠯᠢ ᠶᠢ ᠰᠣᠩᠭᠤᠵᠤ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠲᠤᠰᠬᠠᠢ ᠮᠡᠷᠭᠡᠵᠢᠯ ᠤᠨ | ᠡᠷᠳᠡᠮ ᠤᠨ ᠴᠣᠯᠠ ᠶᠢᠨ ᠰᠣᠳᠤᠯᠬᠤ ᠰᠤᠷᠤᠭᠴᠢ ᠶᠢ ᠬᠠᠨᠳᠤᠯᠭᠠᠲᠠᠢ ᠬᠥᠮᠦᠵᠢᠭᠦᠯᠬᠦ ᠠᠵᠢᠯ ᠢ ᠥᠷᠨᠢᠭᠦᠯᠦᠨ᠎ᠡ᠃ ᠠᠵᠢᠯ | ᠮᠡᠷᠭᠡᠵᠢᠯ ᠤᠨ ᠰᠤᠷᠭᠠᠭᠤᠯᠢ ᠶᠢᠨ ᠨᠠᠷᠠᠲᠤ ᠵᠠᠬᠢᠷᠤᠯ ᠨᠠᠷᠠᠲᠤ ᠪᠠᠭᠰᠢ ︵ᠨᠠᠷᠠᠲᠤ ᠤᠷᠠᠨ ᠳᠠᠷᠬᠠᠨ︶ ᠶᠢ ᠬᠥᠮᠦᠵᠢᠭᠦᠯᠬᠦ | ᠲᠥᠯᠥᠪᠯᠡᠭᠡ ᠶᠢ ᠬᠡᠷᠡᠭᠵᠢᠭᠦᠯᠵᠦ᠂ ᠲᠣᠭᠲᠠᠮᠠᠯ ᠠᠵᠢᠯ ᠤᠨ ᠪᠠᠶᠢᠷᠢ ᠪᠠ ᠰᠢᠯᠵᠢᠮᠡᠯ ᠠᠵᠢᠯ ᠤᠨ ᠪᠠᠶᠢᠷᠢ ᠶᠢ | ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠠᠵᠢᠯ ᠲᠥᠷᠥᠯ ᠤᠨ ᠬᠢᠨ ᠤ ᠭᠠᠷᠮᠠᠭᠠᠢ ᠭᠠᠷ ᠢ ᠲᠠᠲᠠᠵᠤ ᠠᠵᠢᠯ | ᠮᠡᠷᠭᠡᠵᠢᠯ ᠤᠨ ᠰᠤᠷᠭᠠᠭᠤᠯᠢ ᠳᠤ ᠪᠠᠭᠰᠢᠯᠠᠭᠤᠯᠤᠨ᠎ᠠ᠃ | ᠭᠤᠷᠪᠠ ᠳᠤ᠂ ᠨᠡᠭᠡᠭᠡᠯᠲᠡᠲᠦ ᠮᠠᠶ᠋ᠢᠭ ᠤᠨ ᠣᠷᠣᠨ ᠪᠦᠰᠡ ᠶᠢᠨ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠢ ᠠᠭᠤᠰᠬᠠᠬᠤ ᠦᠢᠯᠡᠳᠦᠯᠭᠡ ᠶᠢᠨ ᠲᠥᠪ ᠢ ᠪᠠᠶᠢᠭᠤᠯᠤᠨ᠎ᠠ᠃ ᠥᠨᠳᠥᠷ ᠬᠢᠷᠢ ᠲᠦᠪᠰᠢᠨᠲᠦ | ᠦᠢᠯᠡᠳᠦᠯᠭᠡ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ ᠵᠠᠰᠠᠭ ᠤᠨ | ᠣᠷᠳᠣᠨ ᠠᠴᠠ ᠲᠠᠪᠴᠠᠩ ᠭᠠᠷᠭᠠᠬᠤ᠂ ᠣᠯᠠᠨ ᠲᠠᠯ᠎ᠠ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠬᠥᠳᠡᠯᠭᠡᠬᠦ | ᠬᠦᠴᠦᠨ ᠪᠣᠯᠭᠠᠬᠤ ᠪᠠᠷ ᠳᠠᠮᠵᠢᠭᠤᠯᠤᠨ᠂ ᠣᠷᠣᠨ ᠨᠤᠲᠤᠭ ᠤᠨ ᠵᠠᠰᠠᠭ ᠤᠨ ᠣᠷᠳᠣᠨ᠂ ᠠᠵᠤ ᠠᠬᠤᠶᠢᠯᠠᠯ᠂ | ᠰᠤᠷᠭᠠᠭᠤᠯᠢ ᠳᠤ ᠵᠦᠷᠢᠶᠡᠴᠢᠯᠡᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠦᠢᠯᠡᠳᠦᠯᠭᠡ ᠶᠢᠨ | ᠵᠢᠭᠠᠨ ᠰᠤᠷᠭᠠᠯᠲᠠ᠂ ᠨᠡᠶᠢᠭᠡᠮ ᠤᠨ ᠪᠣᠯᠪᠠᠰᠤᠷᠠᠭᠤᠯᠤᠯ᠂ ᠦᠨᠡᠨ ᠪᠣᠳᠠᠲᠤ ᠦᠢᠯᠡᠳᠪᠦᠷᠢᠯᠡᠯ ᠪᠠ ᠮᠡᠷᠭᠡᠵᠢᠯ ᠤᠨ | ᠦᠢᠯᠡᠴᠢᠯᠡᠭᠡᠨ ᠤ ᠴᠢᠳᠠᠮᠵᠢ ᠶᠢ ᠲᠥᠪᠯᠡᠷᠡᠭᠦᠯᠦᠨ ᠨᠢᠭᠡ ᠴᠣᠭᠴᠠᠵᠢᠭᠤᠯᠤᠭᠰᠠᠨ ᠨᠢᠭᠡ ᠪᠦᠯᠦᠭ ᠣᠯᠠᠨ ᠨᠡᠶᠢᠲᠡ ᠶᠢᠨ | ᠦᠢᠯᠡᠳᠦᠯᠭᠡ ᠶᠢᠨ ᠲᠥᠪ᠂ ᠠᠵᠤ ᠠᠬᠤᠶᠢᠯᠠᠯ ᠤᠨ ᠦᠢᠯᠡᠳᠦᠯᠭᠡ ᠶᠢᠨ ᠲᠥᠪ᠂ ᠰᠤᠷᠭᠠᠭᠤᠯᠢ ᠶᠢᠨ ᠦᠢᠯᠡᠳᠦᠯᠭᠡ ᠶᠢᠨ | ᠲᠥᠪ ᠢ ᠲᠥᠷᠥᠯ ᠬᠤᠪᠢᠶᠠᠨ ᠪᠥᠲᠥᠭᠡᠨ ᠪᠠᠶᠢᠭᠤᠯᠤᠨ᠎ᠠ᠃ | ᠳᠥᠷᠪᠡ ᠳᠤ᠂ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠵᠠᠮ ᠢ ᠥᠷᠭᠡᠳᠬᠡᠨ᠎ᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠵᠢᠮ᠎ᠡ ᠶᠣᠰᠣ ᠪᠠ ᠤᠷ᠎ᠠ ᠴᠢᠳᠠᠪᠤᠷᠢᠲᠤ | ᠴᠢᠳᠠᠪᠤᠷᠢᠲᠠᠨ ᠤ ᠪᠤᠶᠢᠵᠢᠬᠤ ᠵᠢᠮ᠎ᠡ ᠶᠣᠰᠣᠨ ᠳᠤ ᠨᠡᠶᠢᠴᠡᠭᠰᠡᠨ ᠰᠢᠯᠭᠠᠯᠲᠠ ᠬᠢᠵᠦ ᠰᠣᠷᠣᠭᠴᠢ ᠡᠯᠰᠡᠬᠦ ᠲᠦᠷᠢᠮ ᠢ | ᠪᠠᠶᠢᠭᠤᠯᠵᠤ᠂ ᠡᠯ᠎ᠡ ᠮᠤᠵᠢ ᠶᠢᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠶ ᠰᠢᠯᠭᠠᠯᠲᠠ ᠶᠢᠨ ᠲᠥᠰᠦᠯ ᠢ ᠲᠣᠭᠲᠠᠭᠠᠬᠤ ᠶᠢ ᠳᠡᠮᠵᠢᠵᠦ᠂ ᠬᠡᠷᠡᠭᠯᠡᠭᠡᠨ ᠤ ᠬᠡᠯᠪᠡᠷᠢᠲᠦ ᠦᠨᠳᠦᠰᠦᠨ | ᠠᠩᠭᠢᠲᠤ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠬᠢ ᠡᠩ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠷᠣᠭᠴᠢ ᠡᠯᠰᠡᠬᠦ ᠬᠡᠪᠴᠢᠶ᠎ᠡ ᠶᠢ | ᠥᠷᠭᠡᠳᠬᠡᠨ᠎ᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠡᠪᠲᠡᠷᠡᠭᠦᠯᠬᠦ ᠬᠥᠮᠦᠵᠢᠭᠦᠯᠬᠦ ᠵᠢᠯᠣᠭᠤᠳᠬᠤ ᠰᠠᠨᠠᠯ ᠢ | ᠲᠣᠭᠲᠠᠭᠠᠵᠤ᠂ ᠡᠯ᠎ᠡ ᠮᠤᠵᠢ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠪᠣᠯᠤᠨ ᠳᠡᠭᠡᠳᠦ ᠵᠡᠷᠭᠡ ᠶᠢᠨ ᠠᠵᠢᠯ | ᠮᠡᠷᠭᠡᠵᠢᠯ ︵3 + 2︶ ᠢ ᠨᠡᠪᠲᠡᠷᠡᠭᠦᠯᠦᠨ ᠲᠠᠪᠤᠨ ᠵᠢᠯ ᠪᠣᠯᠭᠠᠬᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠪᠣᠯᠤᠨ | ᠠᠵᠢᠯ ᠮᠡᠷᠭᠡᠵᠢᠯ ᠤᠨ ᠦᠨᠳᠦᠰᠦᠨ ᠠᠩᠭᠢ ᠪᠤᠶᠤ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢ ︵3 + 4︶ ᠶᠢ | ᠨᠡᠪᠲᠡᠷᠡᠭᠦᠯᠦᠨ ᠲᠤᠯᠤᠭᠠᠨ ᠵᠢᠯ ᠪᠣᠯᠭᠠᠬᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠪᠣᠯᠤᠨ | ᠠᠵᠢᠯ ᠮᠡᠷᠭᠡᠵᠢᠯ ᠤᠨ ᠦᠨᠳᠦᠰᠦᠨ ᠠᠩᠭᠢ ᠪᠤᠶᠤ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢ ︵3 + 2︶ ᠶᠢ | ᠨᠡᠪᠲᠡᠷᠡᠭᠦᠯᠦᠨ ᠲᠠᠪᠤᠨ ᠵᠢᠯ ᠪᠣᠯᠭᠠᠨ ᠬᠥᠮᠦᠵᠢᠭᠦᠯᠬᠦ ᠶᠢ ᠳᠡᠮᠵᠢᠨ᠎ᠡ︔ ᠦᠨᠳᠦᠰᠦᠨ ᠠᠩᠭᠢᠲᠦ ᠰᠤᠷᠭᠠᠭᠤᠯᠢ ᠶᠢᠨ | ᠠᠵᠢᠯᠯᠠᠭᠰᠠᠨ ᠥᠩᠭᠡᠷᠡᠯᠲᠡ ᠲᠠᠢ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠡᠯᠰᠡᠬᠦ ᠠᠷᠭ᠎ᠠ ᠶᠢ | ᠲᠡᠭᠦᠯᠳᠡᠷᠵᠢᠭᠦᠯᠦᠨ᠎ᠡ︔ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠶᠢᠨ ᠣᠨᠴᠠᠯᠢᠭ ᠢ ᠦᠨᠳᠦᠰᠦᠯᠡᠨ᠂ | ᠲᠤᠰᠬᠠᠶ ᠮᠡᠷᠭᠡᠵᠢᠯ ᠤᠨ ᠠᠩᠭᠢ ᠠᠴᠠ ᠦᠨᠳᠦᠰᠦᠨ ᠠᠩᠭᠢ ᠳᠤ ᠳᠡᠪᠰᠢᠬᠦ ᠰᠢᠯᠭᠠᠯᠲᠠ ᠶᠢᠨ ᠠᠷᠭ᠎ᠠ ᠪᠠ | ᠬᠥᠮᠦᠵᠢᠭᠦᠯᠬᠦ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨᠲᠦ ᠦᠨᠳᠦᠰᠦᠨ ᠠᠩᠭᠢᠲᠦ | ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠳᠤ ᠣᠷᠣᠯᠴᠠᠬᠤ ᠶᠢ ᠳᠡᠮᠵᠢᠵᠦ᠂ | ᠠᠵᠢᠯ ᠮᠡᠷᠭᠡᠵᠢᠯ ᠤᠨ ᠪᠠ ᠡᠩ ᠤᠨ ᠠᠩᠭᠢ ᠶᠢᠨ ᠠᠭᠤᠰᠤᠯᠴᠠᠭ᠎ᠠ᠂ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | ᠲᠠᠪᠤ ᠳᠤ᠂ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠲᠣᠭᠲᠠᠴᠠ ᠶᠢᠨ ᠲᠠᠯ᠎ᠠ ᠪᠠᠷ | ᠰᠢᠨ᠎ᠡ ᠶᠢ ᠡᠭᠦᠳᠦᠨ᠎ᠡ᠃ ᠳᠡᠯᠡᠬᠡᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠡᠭᠡ | ᠬᠤᠷᠠᠯ ᠪᠠ ᠳᠡᠯᠡᠬᠡᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ | ᠦᠷᠭᠦᠯᠵᠢᠯᠡᠨ ᠰᠠᠶᠢᠲᠤᠷ ᠡᠷᠬᠢᠯᠡᠵᠤ᠂ ᠵᠢᠭᠠᠬᠤ ᠶᠢᠨ ᠳᠠᠭᠠᠤ ᠦᠢᠯᠡᠳᠪᠦᠷᠢᠯᠡᠬᠦ᠂ ᠦᠢᠯᠡᠳᠪᠦᠷᠢᠯᠡᠬᠦ ᠵᠢᠭᠠᠬᠤ ᠶᠢ | ᠵᠡᠷᠭᠡ ᠪᠠᠷ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠠᠨ ᠤᠯᠤᠰ ᠤᠨ | ᠬᠠᠮᠲᠤᠷᠠᠯᠴᠠᠭᠠᠨ ᠤ ᠲᠠᠪᠴᠠᠩ ᠢ ᠪᠤᠢ ᠪᠣᠯᠭᠠᠵᠤ᠂ ᠡᠴᠦᠰ ᠲᠤ ᠪᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ | ᠤᠯᠠᠨ ᠤᠯᠤᠰ ᠤᠨ ᠬᠠᠮᠲᠤᠷᠠᠯᠴᠠᠭᠠᠨ ᠤ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠪᠣᠯᠭᠠᠨ ᠪᠠᠶᠢᠭᠤᠯᠤᠨ᠎ᠠ᠃ | ᠥᠨᠳᠥᠷ ᠬᠢᠷᠢ ᠲᠦᠪᠰᠢᠨᠲᠦ ᠳᠡᠯᠡᠬᠡᠶᠢᠵᠢᠭᠰᠡᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ ᠨᠢᠭᠡ ᠪᠦᠯᠦᠭ ᠳᠡᠯᠡᠬᠡᠶᠢᠵᠢᠭᠰᠡᠨ ᠬᠡᠪ ᠳᠠᠭᠤᠷᠢᠶᠠᠯ ᠦᠵᠡᠭᠦᠯᠬᠦ | ᠰᠤᠷᠭᠠᠭᠤᠯᠢ ᠶᠢ ᠰᠣᠩᠭᠤᠵᠤ᠂ ᠨᠢᠭᠡ ᠪᠦᠯᠦᠭ ᠳᠡᠯᠡᠬᠡᠶ ᠳ᠋ᠠᠬᠢᠨ ᠢ ᠨᠥᠯᠥᠭᠡᠯᠡᠬᠦ ᠬᠦᠴᠦᠨ ᠲᠠᠢ ᠲᠤᠰᠬᠠᠶ | ᠮᠡᠷᠭᠡᠵᠢᠯ ᠤᠨ ᠪᠠᠷᠢᠮᠵᠢᠶ᠎ᠠ᠂ ᠬᠢᠴᠢᠶᠡᠯ ᠤᠨ ᠪᠠᠷᠢᠮᠵᠢᠶ᠎ᠠ ᠪᠠ ᠴᠢᠨᠠᠷᠯᠢᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ | ᠭᠠᠷᠭᠠᠨ᠎ᠠ᠃ | ᠭᠤᠷᠪᠠ᠂ ᠠᠵᠢᠯ ᠶᠢ ᠠᠬᠢᠭᠤᠯᠬᠤ ᠰᠢᠨ᠎ᠡ ᠲᠣᠭᠲᠠᠴᠠ | ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠳᠡᠭᠡᠳᠦ ᠳᠡᠰ ᠤᠨ ᠲᠥᠯᠥᠪᠯᠡᠭᠡ ᠶᠢ | ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠶᠢ ᠳᠣᠪᠤᠶᠢᠯᠭᠠᠬᠤ ᠬᠡᠷᠡᠭᠲᠡᠶ ᠮᠥᠷᠲᠡᠭᠡᠨ ᠪᠠᠰᠠ | ᠣᠷᠣᠨ ᠨᠤᠲᠤᠭ ᠤᠨ ᠭᠤᠤᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠪ ᠪᠠ ᠣᠷᠣᠨ ᠨᠤᠲᠤᠭ ᠤᠨ | ᠬᠤᠯᠪᠣᠭᠠᠯᠠᠨ ᠬᠥᠳᠡᠯᠦᠯᠴᠡᠬᠦ ᠳᠤ ᠰᠢᠨ᠎ᠡ ᠶᠢ ᠡᠭᠦᠳᠴᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠭᠰᠠᠨ | ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ᠂ ᠪᠣᠭᠤᠮᠲᠠ ᠰᠢᠪᠲᠤᠯᠬᠤ ᠬᠠᠮ ᠬᠦᠴᠦᠨ ᠢ ᠴᠢᠩᠭᠠᠳᠬᠠᠬᠤ ᠬᠡᠷᠡᠭᠲᠡᠶ᠃ | ᠡᠶᠢᠮᠦ ᠠᠴᠠ᠂ ︽ᠰᠠᠨᠠᠯ︾ ᠨᠢ ᠶᠠᠮᠤᠨ ᠮᠤᠵᠢ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠬᠤ ᠪᠠᠷ ᠭᠤᠤᠯ | ᠪᠣᠯᠭᠠᠵᠤ᠂ ᠲᠥᠪ ᠪᠠ ᠣᠷᠣᠨ ᠨᠤᠲᠤᠭ ᠬᠥᠳᠡᠯᠦᠯᠴᠡᠬᠦ᠂ ᠣᠷᠣᠨ ᠪᠦᠰᠡ ᠬᠤᠯᠪᠣᠭᠠᠯᠠᠨ ᠬᠥᠳᠡᠯᠦᠯᠴᠡᠬᠦ᠂ ᠵᠠᠰᠠᠭ | ᠵᠠᠬᠢᠷᠭ᠎ᠠ ᠠᠵᠤ ᠠᠬᠤᠶᠢᠯᠠᠯ ᠰᠤᠷᠭᠠᠭᠤᠯᠢ ᠬᠠᠮᠵᠢᠯᠴᠠᠨ ᠠᠵᠢᠯᠯᠠᠬᠤ ᠥᠭᠡᠷᠡᠴᠢᠯᠡᠯᠲᠡ ᠶᠢᠨ ᠰᠢᠨ᠎ᠡ ᠲᠣᠭᠲᠠᠴᠠ ᠶᠢ | ᠲᠥᠯᠥᠪᠯᠡᠵᠦ᠂ ᠲᠦᠷᠢᠮ ᠤᠨ ᠬᠠᠩᠭᠠᠯᠭ᠎ᠠ ᠭᠦᠢᠴᠡᠳ᠂ ᠨᠥᠬᠦᠴᠡᠯ ᠤᠨ ᠪᠠᠲᠤᠯᠠᠭ᠎ᠠ ᠬᠦᠴᠦᠲᠡᠶ᠂ ᠠᠵᠤ ᠦᠢᠯᠡᠳᠪᠦᠷᠢ | ᠪᠠ ᠰᠤᠷᠭᠠᠨ ᠬᠥᠮᠥᠵᠢᠯ ᠭᠦᠨᠵᠡᠭᠡᠶ ᠠᠭᠤᠰᠤᠭᠰᠠᠨ ᠰᠢᠨ᠎ᠡ ᠠᠮᠢ ᠠᠬᠤᠶ ᠶᠢ ᠬᠦᠴᠦᠯᠡᠨ ᠪᠣᠶ ᠪᠣᠯᠭᠠᠪᠠ᠃ ᠳᠠᠷᠠᠭ᠎ᠠ | ᠠᠯᠬᠤᠮ ᠳᠤ᠂ ᠴᠡᠭ᠂ ᠱᠤᠭᠤᠮ᠂ ᠲᠠᠯ᠎ᠠ ᠭᠤᠷᠪᠠᠨ ᠲᠠᠯ᠎ᠠ ᠠᠴᠠ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ | ᠨᠢᠭᠡ ᠳᠤ᠂ ᠴᠡᠭ ᠢ ᠰᠢᠪᠲᠤᠯᠵᠤ᠂ ᠰᠠᠭᠤᠷᠢ ᠲᠠᠢ᠂ ᠬᠦᠰᠡᠯ ᠲᠠᠢ ᠭᠠᠵᠠᠷ ᠣᠷᠣᠨ ᠤ ᠬᠢᠨ ᠤᠷᠢᠳ ᠢᠶᠠᠷ | ᠳᠠᠭᠤᠷᠢᠶᠠᠯ ᠦᠵᠡᠭᠦᠯᠵᠦ᠂ ᠥᠯᠢᠭᠡᠷ ᠳᠠᠭᠤᠷᠢᠶᠠᠯ ᠪᠣᠯᠬᠤ ᠶᠢ ᠳᠡᠮᠵᠢᠨ᠎ᠡ᠃ 2023 ᠣᠨ ᠤ ᠡᠬᠢ ᠪᠠᠷ | ᠤᠷᠢᠳ ᠢᠶᠠᠷ 10 ᠰᠢᠬᠠᠮ ᠮᠤᠵᠢ ᠶᠢ ᠰᠣᠩᠭᠤᠵᠤ᠂ ᠶᠠᠮᠤᠨ ᠮᠤᠵᠢ ᠬᠠᠮᠵᠢᠯᠴᠠᠨ ᠠᠬᠢᠭᠤᠯᠬᠤ ᠲᠣᠭᠲᠠᠴᠠ ᠶᠢ | ᠪᠠᠶᠢᠭᠤᠯᠵᠤ᠂ ︽ᠨᠢᠭᠡ ᠮᠤᠵᠢ ᠨᠢᠭᠡ ᠲᠥᠰᠦᠯ︾ ᠭᠡᠬᠦ ᠨᠠᠶᠢᠳᠠᠪᠤᠷᠢᠵᠢᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ | ︽ᠨᠢᠭᠡ ᠮᠤᠵᠢ ᠨᠢᠭᠡ ᠠᠷᠭ᠎ᠠ ᠪᠣᠳᠣᠯᠭ᠎ᠠ︾ ᠭᠡᠬᠦ ᠵᠦᠷᠢᠶᠡᠴᠢᠯᠡᠭᠰᠡᠨ ᠳᠡᠮᠵᠢᠯᠭᠡ ᠦᠵᠡᠭᠦᠯᠵᠦ᠂ ︽ᠨᠢᠭᠡ ᠮᠤᠵᠢ | ᠨᠢᠭᠡ ᠡᠬᠡ ᠲᠠᠩᠰᠠ︾ ᠶᠢ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠲᠤ ᠲᠤᠷᠰᠢᠯᠭ᠎ᠠ ᠪᠠᠨ | ᠡᠮᠬᠢᠯᠡᠵᠦ᠂ ᠵᠢᠮ᠎ᠡ ᠶᠣᠰᠣ ᠶᠢ ᠳ᠋ᠦᠩᠨᠡᠨ᠂ ᠣᠷᠣᠨ ᠪᠦᠰᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠬᠤ ᠲᠥᠷᠥ ᠶᠢᠨ ᠪᠣᠳᠣᠯᠭ᠎ᠠ ᠶᠢᠨ ︽ᠪᠠᠭᠠᠵᠢ ᠶᠢᠨ | ᠬᠠᠶᠢᠷᠴᠠᠭ︾ ᠢ ᠪᠣᠶ ᠪᠣᠯᠭᠠᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃ | ᠬᠤᠶᠠᠷ ᠲᠤ᠂ ᠱᠤᠭᠤᠮ ᠢ ᠳᠡᠭᠡᠭᠰᠢᠯᠡᠭᠦᠯᠵᠦ᠂ ᠰᠤᠷᠭᠠᠭᠤᠯᠢ ᠡᠷᠭᠢᠯᠡᠬᠦ ᠴᠢᠳᠠᠪᠤᠷᠢ ᠶᠢᠨ ᠵᠠᠩᠭᠢᠯᠠᠭ᠎ᠠ ᠶᠢᠨ | ᠱᠤᠭᠤᠮ ᠲᠠᠢ ᠤᠶᠠᠯᠳᠤᠭᠤᠯᠤᠨ᠂ ᠨᠢᠭᠡ ᠪᠦᠯᠦᠭ ᠵᠠᠩᠭᠢᠯᠠᠭ᠎ᠠ ᠶᠢᠨ ᠲᠥᠷᠥ ᠶᠢᠨ ᠪᠣᠳᠣᠯᠭ᠎ᠠ ᠪᠠ ᠭᠤᠤᠯᠳᠠᠯᠭ᠎ᠠ ᠲᠠᠢ | ᠵᠦᠢᠯ ᠢ ᠳᠣᠭᠲᠠᠭᠠᠪᠠ᠃ ᠨᠢᠭᠡ ᠲᠠᠯ᠎ᠠ ᠪᠠᠷ᠂ ᠡᠮᠦᠨ᠎ᠡ ᠳᠤᠷᠠᠳᠤᠭᠰᠠᠨ ︽ᠲᠠᠪᠤᠨ ᠵᠦᠢᠯ ᠤᠨ ᠭᠤᠣᠯᠳᠠᠯᠭᠠᠲᠠᠢ ᠠᠵᠢᠯ︾ | ᠤᠨ ᠲᠣᠭᠤᠷᠢᠨ ᠳᠤ ᠲᠤᠰᠬᠠᠶ ᠢᠨᠵᠧᠨᠧᠷᠢᠩ ᠤᠨ ᠲᠥᠯᠥᠪᠯᠡᠭᠡ ᠶᠢ ᠲᠣᠰ ᠲᠣᠰ ᠳᠣᠭᠲᠠᠭᠠᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠬᠥᠲᠥᠯᠥᠨ ᠳᠠᠭᠠᠭᠤᠯᠬᠤ ᠨᠢᠭᠡ | ᠪᠦᠯᠦᠭ ᠤᠯᠤᠰ ᠤᠨ ᠲᠠᠰ ᠤᠨ ᠲᠥᠰᠦᠯ ᠢ ᠳᠣᠭᠲᠠᠭᠠᠵᠤ᠂ ᠬᠡᠪ ᠳᠠᠭᠤᠷᠢᠶᠠᠯ ᠢ ᠪᠣᠶ ᠪᠣᠯᠭᠠᠵᠤ᠂ ᠨᠠᠷᠠᠲᠤ | ᠲᠡᠮᠳᠡᠭᠲᠦ ᠶᠢ ᠡᠭᠦᠳᠦᠨ᠎ᠡ᠃ ᠨᠥᠭᠦᠭᠡ ᠲᠠᠯ᠎ᠠ ᠪᠠᠷ᠂ ᠬᠤᠪᠢ ᠣᠷᠣᠭᠤᠯᠬᠤ ᠲᠦᠷᠢᠮ᠂ ᠬᠤᠯᠢᠮᠠᠭ ᠥᠮᠴᠢᠯᠡᠯ ᠤᠨ | ᠲᠦᠷᠢᠮ ᠤᠨ ᠥᠭᠡᠷᠡᠴᠢᠯᠡᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠯᠭᠠᠯᠲᠠ ᠬᠢᠵᠦ ᠰᠣᠷᠣᠭᠴᠢ | ᠡᠯᠰᠡᠬᠦ ᠲᠦᠷᠢᠮ ᠤᠨ ᠥᠭᠡᠷᠡᠴᠢᠯᠡᠯᠲᠡ ᠵᠡᠷᠭᠡ ᠣᠷᠣᠨ ᠨᠤᠲᠤᠭ ᠤᠨ ︽ᠶᠠᠷᠢᠬᠤ ᠠᠴᠠ ᠵᠢᠷᠦᠬᠡᠰᠢᠶᠡᠬᠦ︾ ︽ᠬᠡᠯᠡᠬᠦ ᠶᠢᠨ | ᠠᠷᠭ᠎ᠠ ᠥᠬᠡᠶ︾ ᠬᠦᠴᠢᠷ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠲᠠᠰ ᠤᠨ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠨᠡᠶᠢᠭᠡᠮ ᠨᠡᠶᠢᠲᠡ ᠳᠤ ᠳᠣᠬᠢᠶ᠎ᠠ ᠳᠠᠮᠵᠢᠭᠤᠯᠵᠤ᠂ ᠣᠷᠣᠨ ᠨᠤᠲᠤᠭ ᠲᠤ ᠳᠡᠮᠵᠢᠯᠭᠡ ᠬᠠᠩᠭᠠᠵᠤ᠂ | ᠦᠨᠳᠦᠰᠦᠨ ᠱᠠᠲᠤᠨ ᠤ ᠬᠢᠨ ᠢ ᠬᠥᠲᠥᠯᠥᠨ ᠵᠢᠯᠣᠭᠤᠳᠴᠤ ᠵᠣᠷᠢᠭᠲᠠᠶ ᠲᠤᠷᠰᠢᠵᠤ ᠵᠣᠷᠢᠭᠲᠠᠶ ᠬᠢᠬᠦ ᠪᠣᠯᠭᠠᠨ᠎ᠠ᠃ | ᠭᠤᠷᠪᠠ ᠳᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠤᠯᠤᠰ ᠲᠥᠷᠥ ᠶᠢᠨ | ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠤᠨ ᠳᠦᠷᠢᠮ ᠤᠨ ᠳᠠᠪᠠᠭᠤᠯᠢᠭ ᠢᠶᠠᠨ ᠪᠠᠳᠠᠷᠠᠭᠤᠯᠵᠤ᠂ | ︽ᠰᠠᠨᠠᠯ︾ ᠳᠠᠬᠢ ᠲᠥᠷᠥ ᠶᠢᠨ ᠪᠣᠳᠣᠯᠭ᠎ᠠ ᠶᠢᠨ ᠠᠰᠢᠭ ᠢ ᠰᠠᠶᠢᠲᠤᠷ ᠬᠡᠷᠡᠭᠯᠡᠨ᠎ᠡ᠃ᠲᠣᠭᠲᠠᠴᠠ ᠶᠢᠨ ᠲᠠᠯ᠎ᠠ ᠪᠠᠷ | ᠬᠢᠨᠠᠨ ᠰᠢᠯᠭᠠᠬᠤ ᠶᠢ ᠴᠢᠬᠤᠯᠠᠴᠢᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ᠂ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠳᠤ ᠪᠠᠨ ᠣᠷᠣᠭᠤᠯᠵᠤ᠂ | ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠶᠢᠨ ᠬᠠᠮᠲᠤ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠢ ᠬᠢᠨᠠᠨ ᠰᠢᠯᠭᠠᠬᠤ ᠴᠢᠬᠤᠯᠠ | ᠠᠭᠤᠯᠭ᠎ᠠ ᠪᠣᠯᠭᠠᠨ᠎ᠠ᠃ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠬᠤᠯᠠᠴᠢᠯᠠᠨ᠂ ᠣᠷᠣᠨ | ᠨᠤᠲᠤᠭ ᠤᠨ ᠬᠢᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠪᠣᠯᠪᠠᠰᠤᠷᠠᠭᠤᠯᠤᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢ ᠪᠠᠶᠢᠭᠤᠯᠬᠤ ᠶᠢ ᠳᠡᠮᠵᠢᠵᠦ᠂ ᠬᠤᠯᠪᠤᠭᠳᠠᠬᠤ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ᠎ᠡ︔ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠠᠵᠤ ᠠᠬᠤᠶ ᠪᠣᠯᠤᠨ | ᠨᠡᠶᠢᠭᠡᠮ ᠤᠨ ᠬᠦᠷᠢᠶᠡᠨ ᠤ ᠨᠡᠷᠡᠲᠦ ᠲᠤᠰᠬᠠᠶ ᠮᠡᠷᠭᠡᠵᠢᠯᠲᠡᠨ᠂ ᠡᠷᠳᠡᠮᠲᠡᠨ ᠪᠣᠯᠤᠨ ᠡᠵᠡᠩᠨᠡᠨ ᠬᠠᠮᠢᠶᠠᠷᠤᠭᠴᠢ ᠵᠡᠷᠭᠡ ᠶᠢ | ᠲᠥᠪᠯᠡᠷᠡᠭᠦᠯᠵᠦ᠂ ᠲᠤᠰᠬᠠᠶ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠂ ᠲᠥᠷᠥ ᠶᠢᠨ ᠪᠣᠳᠣᠯᠭ᠎ᠠ ᠶᠢᠨ ᠵᠦᠪᠯᠡᠯᠭᠡ | ᠥᠭᠬᠦ᠂ ᠪᠠᠷᠢᠮᠵᠢᠶᠠᠵᠢᠭᠤᠯᠤᠨ ᠰᠤᠳᠤᠯᠤᠨ ᠦᠢᠯᠡᠳᠬᠦ᠂ ᠲᠥᠰᠦᠯ ᠤᠨ ᠨᠤᠲᠠᠯᠠᠯᠲᠠ ᠬᠢᠬᠦ ᠵᠡᠷᠭᠡ ᠠᠵᠢᠯ ᠢ | ᠡᠭᠦᠷᠭᠡᠯᠡᠭᠦᠯᠦᠨ᠎ᠡ᠃ ᠲᠦᠷᠢᠮ ᠤᠨ ᠲᠠᠯ᠎ᠠ ᠪᠠᠷ ᠤᠷᠮᠠᠰᠢᠭᠤᠯᠬᠤ ᠶᠢ ᠴᠢᠬᠤᠯᠠᠴᠢᠯᠠᠨ᠎ᠠ᠂ ᠵᠢᠱᠢᠶᠡᠯᠡᠪᠡᠯ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ | ᠲᠡᠮᠳᠡᠭᠲᠦ᠂ ᠲᠥᠰᠦᠪ ᠤᠨ ᠪᠠᠯᠠ ᠣᠷᠣᠭᠤᠯᠤᠯᠲᠠ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ | ᠴᠢᠨᠠᠷᠲᠠᠶ ᠮᠥᠩᠭᠦᠨ ᠭᠦᠢᠯᠭᠡᠭᠡᠨ ᠤ ᠪᠠᠭᠠᠵᠢ ᠵᠡᠷᠭᠡ ᠶᠢᠨ ᠳᠡᠮᠵᠢᠬᠦ ᠬᠡᠪᠴᠢᠶ᠎ᠡ ᠳᠤ ᠣᠷᠣᠭᠤᠯᠵᠤ᠂ ᠠᠵᠢᠯ ᠮᠡᠷᠭᠡᠵᠢᠯ | ᠤᠨ ᠰᠤᠷᠭᠠᠭᠤᠯᠢ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠨ᠎ᠡ︔ ᠠᠵᠤ ᠠᠬᠤᠶᠢᠯᠠᠯ ᠠᠴᠠ ᠡᠷᠭᠢᠯᠡᠭᠰᠡᠨ | ᠠᠰᠢᠭ ᠣᠯᠵᠠᠪᠤᠷᠢ ᠶᠢᠨ ᠪᠤᠰᠤ ᠴᠢᠨᠠᠷᠲᠠᠶ ᠠᠵᠢᠯ ᠮᠡᠷᠭᠡᠵᠢᠯ ᠤᠨ ᠰᠤᠷᠭᠠᠭᠤᠯᠢ ᠠᠳᠠᠯᠢ ᠱᠠᠲᠤᠨ ᠤ ᠠᠳᠠᠯᠢ | ᠲᠥᠷᠥᠯ ᠤᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠶᠢᠨ ᠳᠤᠮᠳᠠᠴᠢ ᠵᠠᠷᠤᠳᠠᠯ ᠵᠡᠷᠭᠡ | ᠬᠤᠯᠪᠤᠭᠳᠠᠬᠤ ᠵᠠᠷᠤᠳᠠᠯ ᠤᠨ ᠪᠠᠷᠢᠮᠵᠢᠶ᠎ᠠ ᠪᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ | ᠵᠣᠬᠢᠬᠤ ᠨᠥᠬᠦᠪᠥᠷᠢ ᠣᠯᠭᠤᠵᠤ ᠪᠣᠯᠤᠨ᠎ᠠ︔ ᠬᠤᠯᠪᠣᠭᠠᠲᠤ ᠴᠣᠭᠴᠠ᠂ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠳᠤ ᠣᠷᠣᠯᠴᠠᠭᠰᠠᠨ ᠡᠩ ᠤᠨ ᠳᠡᠭᠡᠳᠦ ᠰᠤᠷᠭᠠᠭᠤᠯᠢ ᠳᠤ ᠲᠠᠪᠴᠠᠩ ᠤᠨ ᠪᠠᠶᠢᠭᠤᠯᠤᠯᠲᠠ᠂ | ᠰᠤᠷᠤᠭᠴᠢ ᠡᠯᠰᠡᠬᠦ ᠲᠥᠯᠥᠪᠯᠡᠭᠡ ᠵᠡᠷᠭᠡ ᠲᠠᠯ᠎ᠠ ᠪᠠᠷ ᠲᠤᠰᠬᠠᠶ ᠳᠡᠮᠵᠢᠯᠭᠡ ᠦᠵᠡᠭᠦᠯᠦᠨ᠎ᠡ᠃ | ᠵᠤᠷᠭᠠᠨ ᠤ ᠳᠠᠷᠤᠭ᠎ᠠ ᠡᠸᠦ ᠰᠢᠶᠤᠤ ᠯᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠳᠪᠦᠷᠢ | ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠬᠦ ᠬᠤᠯᠪᠤᠭᠳᠠᠬᠤ ᠪᠠᠶᠢᠳᠠᠯ ᠢ ᠲᠠᠨᠢᠯᠴᠠᠭᠤᠯᠪᠠ — | ᠬᠠᠮᠲᠤ ᠳᠤ ᠪᠠᠨ ᠦᠵᠡᠵᠡᠭᠡᠶ᠎ᠡ — | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠤᠯᠤᠰ ᠠᠷᠠᠳ ᠤᠨ ᠰᠤᠷᠭᠠᠨ ᠬᠥᠮᠦᠵᠢᠯ ᠤᠨ | ᠳᠣᠭᠲᠠᠯᠴᠠᠭ᠎ᠠ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ ᠴᠢᠬᠤᠯᠠ ᠪᠦᠷᠢᠯᠳᠦᠬᠦᠨ ᠬᠡᠰᠡᠭ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ | ᠴᠢᠳᠠᠪᠤᠷᠢᠲᠠᠨ ᠤ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ᠂ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ | ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ ᠶᠡᠷᠦᠩᠬᠡᠶ ᠱᠦᠵᠢ ᠰᠢ ᠶᠢᠨ ᠫᠢᠩ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠢᠷᠡᠭᠡᠳᠦᠶ ᠭᠡᠭᠡᠨ ᠰᠠᠷᠠᠭᠤᠯ᠂ ᠶᠡᠭᠡ ᠦᠢᠯᠡᠰ ᠢ ᠪᠦᠲᠦᠭᠡᠵᠦ ᠪᠣᠯᠤᠨ᠎ᠠ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠨ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠵᠤ᠂ ᠨᠠᠩ ᠣᠯᠠᠨ ᠥᠨᠳᠥᠷ ᠬᠡᠪ ᠪᠣᠯᠪᠠᠰᠤᠷᠠᠯ ᠲᠠᠢ | ᠤᠷ᠎ᠠ ᠴᠢᠳᠠᠪᠤᠷᠢᠲᠤ ᠴᠢᠳᠠᠪᠤᠷᠢᠲᠠᠨ᠂ ᠤᠷᠠᠨ ᠳᠠᠷᠬᠠᠨ᠂ ᠤᠯᠤᠰ ᠤᠨ ᠲᠣᠮᠣ ᠤᠷᠠᠨ ᠳᠠᠷᠬᠠᠨ ᠢ ᠬᠥᠮᠦᠵᠢᠭᠦᠯᠬᠦ | ᠬᠡᠷᠡᠭᠲᠡᠶ ᠭᠡᠵᠦ ᠵᠢᠭᠠᠵᠤ ᠭᠠᠷᠭᠠᠪᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ | ᠠᠵᠤ ᠠᠬᠤᠶ ᠨᠡᠶᠢᠭᠡᠮ ᠤᠨ ᠵᠣᠬᠢᠴᠠᠩᠭᠤᠶ ᠪᠠᠷ ᠬᠥᠭᠵᠢᠬᠦ ᠶᠢ ᠴᠢᠷᠮᠠᠶᠢᠨ ᠠᠬᠢᠭᠤᠯᠪᠠ᠃ ᠳᠣᠣᠷ᠎ᠠ ᠭᠤᠣᠯᠳᠠᠭᠤ | ᠭᠤᠷᠪᠠᠨ ᠲᠠᠯ᠎ᠠ ᠠᠴᠠ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠶᠠᠷᠢᠶ᠎ᠠ᠃ | ᠨᠢᠭᠡ᠂ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠰᠠᠭᠤᠷᠢ ᠶᠢ ᠪᠠᠲᠤᠳᠬᠠᠪᠠ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠪᠣᠯ ᠠᠳᠠᠯᠢ ᠪᠤᠰᠤ | ᠬᠤᠶᠠᠷ ᠲᠥᠷᠥᠯ ᠤᠨ ᠰᠤᠷᠭᠠᠨ ᠬᠥᠮᠦᠵᠢᠯ ᠪᠠᠶᠢᠵᠤ᠂ ᠠᠳᠠᠯᠢᠬᠠᠨ ᠴᠢᠬᠤᠯᠠ ᠪᠠᠶᠢᠷᠢ ᠰᠠᠭᠤᠷᠢ ᠲᠠᠢ ᠶᠤᠮ᠃ ᠣᠲᠣ | ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠡᠷᠬᠡᠪᠰᠢ ᠵᠠᠬ᠎ᠠ ᠳᠡᠯᠭᠡᠭᠦᠷ ᠲᠤ ᠬᠠᠨᠳᠤᠭᠤᠯᠬᠤ᠂ ᠬᠥᠭᠵᠢᠯᠲᠡ ᠳᠤ | ᠦᠢᠯᠡᠴᠢᠯᠡᠬᠦ᠂ ᠠᠵᠢᠯ ᠣᠯᠭᠤᠯᠲᠠ ᠶᠢ ᠠᠬᠢᠭᠤᠯᠬᠤ ᠰᠤᠷᠭᠠᠭᠤᠯᠢ ᠡᠷᠭᠢᠯᠡᠬᠦ ᠴᠢᠭᠯᠡᠯ ᠢ ᠪᠠᠷᠢᠮᠲᠠᠯᠠᠮᠠᠨᠵᠢᠨ ᠰᠠᠶ᠋ᠢ | ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠨᠠᠩ ᠲᠣᠳᠤᠷᠬᠠᠶᠢᠯᠠᠵᠤ᠂ ᠬᠥᠭᠵᠢᠯᠲᠡ ᠶᠢᠨ ᠬᠠᠨᠳᠤᠰᠢ ᠶᠢ | ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠦᠨᠡᠯᠡᠯᠲᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ ᠴᠢᠳᠠᠨ᠎ᠠ᠃ | ᠣᠶᠢᠷ᠎ᠠ ᠶᠢᠨ ᠵᠢᠯ᠂ ᠡᠯ᠎ᠡ ᠲᠠᠯ᠎ᠠ ᠶᠢᠨ ᠬᠢᠨ ᠤ ᠴᠢᠷᠮᠠᠶᠢᠯᠭ᠎ᠠ ᠪᠠᠷ ᠳᠡᠮᠵᠢᠨ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠬᠡᠪᠴᠢᠶ᠎ᠡ ᠶᠡᠭᠡ ᠪᠠᠷ ᠨᠡᠮᠡᠭᠳᠡᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠢᠯ ᠪᠦᠷᠢ ᠤᠯᠤᠰ ᠲᠤ ᠥᠨᠳᠥᠷ ᠬᠡᠪ ᠴᠢᠨᠠᠷ | ᠪᠥᠬᠦᠶ ᠤᠷ᠎ᠠ ᠴᠢᠳᠠᠪᠤᠷᠢᠲᠤ ᠴᠢᠳᠠᠪᠤᠷᠢᠲᠠᠨ ᠢ ᠪᠠᠷᠤᠭ 1000 ᠲᠦᠮᠡ ᠬᠥᠮᠦᠵᠢᠭᠦᠯᠵᠦ ᠥᠭᠪᠡ᠃ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠴᠢᠳᠠᠪᠤᠷᠢᠲᠠᠨ ᠢ ᠬᠥᠮᠦᠵᠢᠭᠦᠯᠬᠦ ᠬᠡᠪᠴᠢᠶᠡᠨ ᠤ ᠲᠠᠯ᠎ᠠ ᠪᠠᠷ ᠲᠣᠰ ᠲᠣᠰ ᠮᠠᠨ ᠤ ᠤᠯᠤᠰ ᠤᠨ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠪᠠ ᠡᠩ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠬᠠᠭᠠᠰ ᠢ ᠡᠵᠡᠯᠡᠪᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠨᠢ ᠵᠠᠬ᠎ᠠ | ᠳᠡᠯᠭᠡᠭᠦᠷ ᠤᠨ ᠬᠡᠷᠡᠭᠴᠡᠭᠡ ᠶᠢ ᠴᠢᠩᠭ᠎ᠠ ᠳᠠᠭᠠᠵᠤ᠂ ᠪᠦᠲᠦᠴᠡ ᠪᠠᠨ ᠲᠠᠰᠤᠷᠠᠯᠲᠠ ᠥᠬᠡᠶ ᠲᠣᠬᠢᠷᠠᠭᠤᠯᠤᠨ᠂ | ᠪᠠᠶᠢᠷᠢᠯᠠᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠤᠯᠤᠰ ᠲᠤ 1300 ᠭᠠᠷᠤᠶ ᠲᠤᠰᠬᠠᠶ | ᠮᠡᠷᠭᠡᠵᠢᠯ ᠢ ᠨᠡᠭᠡᠭᠡᠵᠦ᠂ ᠤᠯᠤᠰ ᠠᠷᠠᠳ ᠤᠨ ᠠᠵᠤ ᠠᠬᠤᠶ ᠶᠢᠨ ᠡᠯ᠎ᠡ ᠬᠦᠷᠢᠶ᠎ᠡ ᠶᠢ ᠦᠨᠳᠦᠰᠦᠨ ᠳᠤ ᠪᠠᠨ | ᠬᠠᠮᠤᠷᠤᠭᠰᠠᠨ ᠪᠠᠶᠢᠨ᠎ᠠ︔ ᠪᠠᠭᠰᠢ ᠶᠢᠨ ᠡᠩᠨᠡᠭᠡᠨ ᠤ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ 3 | ᠵᠢᠯ ᠠᠴᠠ ᠳᠡᠭᠡᠭᠰᠢ ᠠᠵᠤ ᠠᠬᠤᠶᠢᠯᠠᠯ ᠳᠤ ᠠᠵᠢᠯᠯᠠᠭᠰᠠᠨ ᠥᠩᠭᠡᠷᠡᠯᠲᠡ ᠲᠠᠢ ᠬᠥᠮᠦᠰ ᠤᠨ ᠳᠣᠲᠣᠷ᠎ᠠ ᠠᠴᠠ | ᠢᠯᠡ ᠪᠠᠷ ᠪᠠᠭᠰᠢ ᠡᠯᠰᠡᠬᠦ ᠶᠢ ᠲᠦᠷᠭᠡᠳᠬᠡᠵᠦ᠂ ︽ᠬᠤᠤᠰ ᠬᠢᠷᠢ ᠬᠡᠮᠲᠦ︾ ᠪᠠᠭᠰᠢ ᠶᠢᠨ ᠬᠠᠷᠢᠴᠠᠯ ᠶᠠᠪᠤᠬᠤ | ᠲᠤᠲᠤᠮ ᠥᠨᠳᠥᠷ ᠪᠣᠯᠵᠣ ᠪᠠᠶᠢᠨ᠎ᠠ᠃ ᠮᠠᠨ ᠤ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠠᠰᠠᠭ ᠤᠨ | ᠣᠷᠳᠣᠨ ᠭᠤᠣᠯ ᠴᠣᠭᠴᠠ ᠪᠠᠶᠢᠭᠰᠠᠨ ᠠᠴᠠ ᠤᠯᠠᠨ ᠡᠰᠢᠵᠢᠭᠦᠯᠦᠨ ᠣᠷᠣᠯᠴᠠᠬᠤ᠂ ᠬᠡᠪᠴᠢᠶ᠎ᠡ ᠪᠠᠨ | ᠥᠷᠭᠡᠳᠬᠡᠬᠦ ᠠᠴᠠ ᠠᠭᠤᠯᠤᠭᠳᠠᠬᠤᠨ ᠢᠶᠠᠨ ᠬᠥᠭᠵᠢᠭᠦᠯᠬᠦ ᠲᠡᠶᠢᠰᠢ ᠬᠥᠭᠵᠢᠵᠦ᠂ ᠡᠩ ᠤᠨ ᠰᠤᠷᠭᠠᠨ ᠬᠥᠮᠦᠵᠢᠯ ᠤᠨ | ᠰᠤᠷᠭᠠᠭᠤᠯᠢ ᠡᠷᠬᠢᠯᠡᠬᠦ ᠵᠠᠭᠪᠤᠷ ᠢᠶᠠᠷ ᠯᠠᠪᠯᠠᠯᠲᠠ ᠪᠣᠯᠭᠠᠵᠤ ᠪᠠᠶᠢᠭᠰᠠᠨ ᠠᠴᠠ ᠠᠵᠤ ᠠᠬᠤᠶᠢᠯᠠᠯ ᠪᠠ ᠨᠡᠶᠢᠭᠡᠮ ᠤᠨ ᠬᠢᠨ | ᠣᠷᠣᠯᠴᠠᠬᠤ᠂ ᠲᠤᠰᠬᠠᠢ ᠮᠡᠷᠭᠡᠵᠢᠯ ᠤᠨ ᠣᠨᠴᠠᠯᠢᠭ ᠢᠯᠡ ᠲᠣᠳᠣ ᠲᠦᠷᠦᠯ ᠬᠡᠯᠪᠡᠷᠢ ᠶᠢᠨ ᠰᠤᠷᠭᠠᠨ ᠬᠥᠮᠦᠵᠢᠯ | ᠲᠡᠶᠢᠰᠢ ᠬᠤᠪᠢᠷᠠᠵᠤ᠂ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃ | ᠬᠤᠶᠠᠷ᠂ ᠠᠵᠤ ᠠᠬᠤᠶ ᠶᠢᠨ ᠬᠥᠭᠵᠢᠯᠲᠡ ᠳᠤ ᠵᠣᠬᠢᠴᠠᠭᠤᠯᠤᠨ᠂ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠢ ᠠᠭᠤᠰᠬᠠᠭᠰᠠᠨ ᠰᠤᠷᠭᠠᠭᠤᠯᠢ ᠪᠣᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠮᠢᠵᠢᠷᠠᠯ ᠤᠨ ᠬᠦᠴᠦᠨ ᠦᠢᠯᠡᠳᠦᠯᠭᠡ ᠪᠠ ᠬᠡᠷᠡᠭᠯᠡᠯᠲᠡ ᠳᠤ | ᠪᠠᠶᠢᠳᠠᠭ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠣᠯ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠭᠤᠣᠯ ᠬᠥᠳᠡᠯᠭᠡᠬᠦ ᠬᠦᠴᠦᠨ ᠪᠣᠯᠤᠨ᠎ᠠ᠃ ᠤᠳᠤ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠭᠤᠣᠯᠳᠠᠯᠭ᠎ᠠ ᠨᠢ ᠰᠤᠷᠭᠠᠨ ᠬᠥᠮᠦᠵᠢᠯ ᠢᠶᠠᠷ ᠠᠵᠤ ᠦᠢᠯᠡᠳᠪᠦᠷᠢ ᠶᠢ ᠠᠬᠢᠭᠤᠯᠤᠨ᠂ ᠠᠵᠤ | ᠦᠢᠯᠡᠳᠪᠦᠷᠢ ᠪᠠᠷ ᠰᠤᠷᠭᠠᠨ ᠬᠥᠮᠦᠵᠢᠯ ᠢ ᠳᠡᠮᠵᠢᠵᠦ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠨ᠂ | ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠬᠠᠮᠲᠤᠷᠠᠯᠴᠠᠭ᠎ᠠ ᠶᠢ ᠪᠠᠷᠢᠮᠲᠠᠯᠠᠬᠤ ᠳᠤ ᠪᠠᠶᠢᠨ᠎ᠠ᠃ ᠠᠵᠤ | ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠲᠤᠬᠠᠶ ᠲᠥᠪ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠤ ᠪᠠᠷ ᠰᠤᠷᠭᠠᠨ ᠬᠥᠮᠦᠵᠢᠯ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠪᠠ ᠠᠵᠤ | ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶᠡᠨ ᠤ ᠭᠦᠨᠵᠡᠭᠡᠶ ᠠᠭᠤᠰᠤᠯᠴᠠᠭ᠎ᠠ᠂ ᠣᠷᠭᠠᠨᠢᠭ ᠵᠣᠯᠭᠠᠯᠲᠠ ᠶᠢ | ᠠᠬᠢᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ | ᠶᠠᠮᠤᠨ ᠠᠴᠠ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠲᠤᠷᠰᠢᠯᠲᠠ ᠶᠢᠨ ᠴᠡᠭ ᠤᠨ ᠬᠤᠲᠠ | ᠪᠣᠯᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠬᠡᠯᠪᠡᠷᠢ ᠶᠢᠨ ᠠᠵᠤ ᠠᠬᠤᠶᠢᠯᠠᠯ ᠤᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠶ ᠠᠬᠢᠭᠤᠯᠵᠤ᠂ ᠣᠳᠣ ᠨᠢᠭᠡᠨᠲᠡ ᠤᠯᠤᠰ ᠤᠨ ᠠᠵᠤ | ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ 21 ᠲᠤᠷᠰᠢᠯᠲᠠ ᠶᠢᠨ ᠴᠡᠭ ᠤᠨ ᠬᠤᠲᠠ ᠶᠢ ᠮᠠᠭᠠᠳᠯᠠᠨ | ᠳᠣᠭᠲᠠᠭᠠᠵᠤ᠂ ᠡᠯ᠎ᠡ ᠭᠠᠵᠠᠷ ᠤᠨ ᠬᠢᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠬᠡᠯᠪᠡᠷᠢ ᠶᠢᠨ | 4600 ᠭᠠᠷᠤᠶ ᠠᠵᠤ ᠠᠬᠤᠶᠢᠯᠠᠯ ᠢ ᠪᠣᠶᠢᠵᠢᠭᠤᠯᠤᠨ᠂ ᠨᠢᠭᠡ ᠪᠦᠯᠦᠭ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ | ᠪᠠ ᠠᠵᠢᠯ ᠲᠥᠷᠥᠯ ᠤᠨ ᠨᠡᠶᠢᠭᠡᠮᠯᠢᠭ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠠᠵᠢᠯ ᠳᠤ | ᠢᠳᠡᠪᠬᠢᠲᠡᠶ ᠣᠷᠣᠯᠴᠠᠵᠤ᠂ ᠨᠢᠭᠡᠨᠲᠡ ᠠᠩᠬ᠎ᠠ ᠠᠯᠬᠤᠮ ᠬᠤᠲᠠ ᠪᠠᠷ ᠵᠠᠩᠭᠢᠶᠠᠰᠤ᠂ ᠠᠵᠢᠯ ᠲᠥᠷᠥᠯ ᠢᠶᠠᠷ | ᠲᠤᠯᠭᠠᠭᠤᠷᠢᠯᠠᠯ᠂ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠭᠰᠠᠨ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠤᠨ ᠠᠭᠤᠰᠤᠯᠴᠠᠭ᠎ᠠ ᠶᠢ ᠠᠬᠢᠭᠤᠯᠬᠤ ᠲᠣᠭᠲᠠᠴᠠ ᠶᠢ ᠪᠦᠷᠢᠯᠳᠦᠭᠦᠯᠪᠡ᠃ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠣᠶ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠠᠵᠤ ᠠᠬᠤᠶ ᠶᠢᠨ | ᠬᠥᠭᠵᠢᠯᠲᠡ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ | ᠠᠬᠢᠭᠤᠯᠬᠤ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠪᠠᠷ ᠤᠳᠤᠷᠢᠳᠤᠮᠵᠢ | ᠪᠣᠯᠭᠠᠵᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠰᠢᠰᠲ᠋ᠧᠮ ᠤᠨ ᠴᠢᠨᠠᠷᠲᠠᠶ ᠠᠭᠤᠰᠤᠯᠴᠠᠭᠠᠨ ᠤ | ᠴᠢᠨᠠᠷᠯᠢᠭ ᠬᠥᠭᠵᠢᠯᠲᠡ ᠶᠢ ᠲᠤᠯᠭᠠᠭᠤᠷᠢᠯᠠᠬᠤ ᠰᠢᠨ᠎ᠡ ᠬᠥᠳᠡᠯᠭᠡᠬᠦ ᠬᠦᠴᠦᠨ ᠢ ᠬᠦᠴᠦᠯᠡᠨ ᠪᠠᠶᠢᠭᠤᠯᠤᠨ᠎ᠠ᠃ | ᠭᠤᠷᠪᠠ᠂ ᠪᠠᠯᠠ ᠣᠷᠣᠭᠤᠯᠤᠯᠲᠠ ᠶᠢᠨ ᠳᠡᠮᠵᠢᠯᠭᠡ ᠶᠢ ᠥᠷᠭᠡᠳᠭᠡᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠪᠠ | ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠲᠠᠭᠤ ᠨᠥᠬᠦᠴᠡᠯ ᠪᠣᠯ ᠰᠠᠭᠤᠷᠢ᠂ ᠪᠡᠯᠡ ᠣᠷᠣᠭᠤᠯᠤᠯᠲᠠ ᠪᠣᠯ ᠪᠠᠲᠤᠯᠠᠭ᠎ᠠ | ᠮᠥᠨ᠃ ᠲᠥᠪ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠤ ᠪᠠᠷ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠪᠠᠯᠠ ᠣᠷᠣᠭᠤᠯᠵᠤ᠂ ᠪᠠᠯᠠ ᠳᠣᠭᠢᠷᠠᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠪᠠᠯᠠ | ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠭᠤᠤᠯᠳᠠᠭᠤ ᠭᠤᠷᠪᠠᠨ ᠲᠠᠯ᠎ᠠ ᠪᠠᠷ ᠳᠠᠮᠵᠢᠭᠤᠯᠤᠨ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠦᠨᠡᠨ ᠬᠦ ᠳᠡᠮᠵᠢᠨ᠎ᠡ᠃ ᠲᠥᠪ ᠤᠨ | ᠲᠥᠰᠦᠪ ᠲᠠᠬᠢ ᠪᠡᠯᠡ ᠣᠷᠣᠭᠤᠯᠤᠯᠲᠠ ᠶᠢᠨ ᠲᠠᠯ᠎ᠠ ᠪᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠬᠤ ᠢᠨᠵᠧᠨᠧᠷᠢᠩ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠠᠬᠢᠭᠤᠯᠬᠤ ᠢᠨᠵᠧᠨᠧᠷᠢᠩ | ᠵᠡᠷᠭᠡ ᠴᠢᠬᠤᠯᠠ ᠶᠡᠭᠡ ᠢᠨᠵᠧᠨᠧᠷᠢᠩ ᠢᠶᠠᠷ ᠳᠠᠮᠵᠢᠭᠤᠯᠤᠨ᠂ ᠲᠥᠪ ᠤᠨ ᠲᠥᠰᠦᠪ ᠲᠠᠬᠢ ᠪᠡᠯᠡ ᠣᠷᠣᠭᠤᠯᠤᠯᠲᠠ ᠶᠢ | ᠲᠣᠬᠢᠷᠠᠭᠤᠯᠵᠤ᠂ ᠴᠢᠨᠠᠷᠯᠢᠭ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠡᠷᠡᠭᠯᠡᠭᠡᠨ ᠤ ᠬᠡᠯᠪᠡᠷᠢᠲᠦ ᠦᠨᠳᠦᠰᠦᠨ | ᠠᠩᠭᠢᠲᠤ ᠳᠡᠭᠡᠳᠦ ᠰᠤᠷᠭᠠᠭᠤᠯᠢ ᠶᠢᠨ ᠨᠢᠭᠡ ᠪᠦᠯᠦᠭ ᠥᠨᠳᠥᠷ ᠬᠢᠷᠢ ᠲᠦᠪᠰᠢᠨᠲᠦ᠂ ᠲᠤᠰᠬᠠᠶᠢᠵᠢᠭᠰᠠᠨ ᠠᠵᠤ | ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠵᠡᠷᠭᠡ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠭᠤᠤᠯᠳᠠᠯᠭ᠎ᠠ ᠲᠠᠢ ᠲᠥᠰᠦᠯ ᠢ ᠲᠥᠪᠯᠡᠷᠡᠭᠦᠯᠦᠨ ᠳᠡᠮᠵᠢᠪᠡ᠃ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠲᠠᠯ᠎ᠠ ᠪᠠᠷ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠴᠢᠨᠠᠷᠯᠢᠭ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠥᠰᠦᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢ | ᠨᠥᠭᠡᠴᠡᠯᠡᠬᠦ ᠬᠡᠪᠴᠢᠶᠡᠨ ᠳᠤ ᠢᠳᠡᠪᠬᠢᠲᠡᠶ ᠣᠷᠣᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ | ᠵᠢᠭᠡᠯᠡᠯᠭᠡ ᠶᠢᠨ ᠲᠡᠮᠳᠡᠭᠲᠦ ᠶᠢ ᠳᠣᠭᠢᠷᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢ ᠬᠥᠲᠥᠯᠥᠨ ᠵᠢᠯᠣᠭᠤᠳᠬᠤ ᠶᠢ ᠵᠣᠷᠢᠭᠵᠢᠭᠤᠯᠪᠠ᠃ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠯ᠎ᠠ ᠪᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠡᠭᠡᠭᠡᠯᠲᠡᠲᠦ ᠴᠢᠨᠠᠷᠲᠠᠶ ᠮᠥᠩᠭᠦᠨ ᠭᠦᠢᠯᠭᠡᠭᠡᠨ ᠤ ᠪᠠᠭᠠᠵᠢ᠂ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠲᠤᠰᠬᠠᠶ ᠵᠢᠭᠡᠯᠡᠯᠭᠡ᠂ ᠦᠢᠯᠡᠳᠬᠦ ᠦᠢᠯᠡᠰ ᠤᠨ ᠳᠤᠮᠳᠠ ᠪᠠ ᠤᠷᠲᠤ | ᠬᠤᠭᠤᠴᠠᠭᠠᠨ ᠤ ᠵᠢᠭᠡᠯᠡᠯᠭᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ | ᠴᠢᠨᠠᠷᠯᠢᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠰᠦᠯ ᠢ ᠴᠠᠭ ᠲᠤᠬᠠᠶ ᠳᠤ ᠨᠢ ᠪᠠᠲᠤᠯᠠᠨ | ᠲᠠᠨᠢᠯᠴᠠᠭᠤᠯᠵᠤ᠂ ᠡᠯ᠎ᠡ ᠭᠠᠵᠠᠷ ᠢ ᠵᠣᠬᠢᠴᠠᠭᠤᠯᠤᠨ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠪᠣᠯᠤᠨ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠵᠢᠭᠡᠯᠡᠯᠭᠡ ᠶᠢ ᠭᠦᠢᠴᠡᠳ ᠬᠡᠷᠡᠭᠯᠡᠵᠦ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠰᠦᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠨ ᠳᠡᠮᠵᠢᠨ᠎ᠡ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠠᠬᠢᠭᠤᠯᠤᠯ ᠢᠶᠠᠷ ᠡᠯ᠎ᠡ ᠱᠠᠲᠤᠨ ᠤ | ᠡᠯ᠎ᠡ ᠲᠥᠷᠥᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ᠂ ᠬᠡᠮᠵᠢᠭᠦᠷᠯᠢᠭ | ᠲᠥᠬᠦᠭᠡᠷᠦᠮᠵᠢ ᠵᠡᠷᠭᠡ ᠰᠤᠷᠭᠠᠭᠤᠯᠢ ᠡᠷᠭᠢᠯᠡᠬᠦ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠴᠢᠳᠠᠪᠤᠷᠢᠲᠠᠨ ᠢ | ᠬᠥᠮᠦᠵᠢᠭᠦᠯᠬᠦ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠠᠲᠠᠬᠤ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠳᠠᠷᠠᠭ᠎ᠠ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠲᠣ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠢᠳᠡᠪᠬᠢᠲᠡᠶ | ᠭᠦᠨᠵᠡᠭᠡᠶᠢᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠳᠤ | ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃ | ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠵᠢᠴᠢ ᠠᠵᠤ | ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭᠠᠨ ᠳᠤ ᠶᠠᠮᠠᠷ ᠣᠨᠴᠠᠯᠢᠭᠲᠤ ᠲᠤᠷᠰᠢᠯᠭ᠎ᠠ ᠪᠠ ᠠᠷᠭ᠎ᠠ | ᠪᠠᠷᠢᠯ ᠪᠠᠶᠢᠬᠤ ᠪᠤᠢ︖ — ᠬᠠᠮᠲᠤ ᠳᠤ ᠪᠠᠨ ᠦᠵᠡᠵᠡᠭᠡᠶ᠎ᠡ — | ᠮᠤᠵᠢ ᠶᠢᠨ ᠬᠡᠪᠴᠢᠶᠡᠨ ᠤ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠤᠨ ᠳᠣᠭᠲᠠᠯᠴᠠᠭ᠎ᠠ ᠶᠢ ᠰᠦᠪᠡᠭᠴᠢᠯᠡᠵᠦ᠂ ᠰᠢᠨ᠎ᠡ ᠵᠠᠭᠪᠤᠷ ᠢ ᠪᠥᠲᠦᠭᠡᠨ ᠪᠠᠶᠢᠭᠤᠯᠤᠶ᠎ᠠ | ᠲᠢᠶᠠᠨᠵᠢᠨ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠢᠶᠠᠨᠵᠢᠨ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ ᠬᠥᠮᠦᠵᠢᠭᠦᠯᠵᠦ᠂ ᠥᠷᠲᠡᠭ ᠢ | ᠨᠡᠮᠡᠭᠳᠡᠭᠦᠯᠦᠨ ᠴᠢᠳᠠᠪᠤᠷᠢ ᠣᠯᠭᠤᠵᠤ᠂ ᠴᠢᠨᠠᠷ ᠴᠢᠨᠰᠠᠭᠠᠨ ᠤ ᠬᠦᠴᠦᠷᠬᠡᠭ ᠢ ᠵᠣᠷᠢᠪᠠ᠃ | ᠨᠢᠭᠡ ᠳᠤ᠂ ᠲᠦᠷᠢᠮ ᠤᠨ ᠲᠥᠯᠦᠪᠵᠢᠭᠦᠯᠭᠡ ᠶᠢ ᠦᠷᠭᠦᠯᠵᠢᠯᠡᠨ ᠰᠢᠨᠡᠴᠢᠯᠡᠪᠡ᠃ ᠤᠷᠢᠳ ᠬᠤᠵᠢᠳ ᠶᠠᠮᠤᠨ ᠪᠠ | ᠬᠤᠲᠠ ᠬᠠᠮᠲᠤᠷᠠᠨ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠣᠷᠣᠨ᠂ ᠳᠠᠭᠤᠷᠢᠶᠠᠯ ᠦᠵᠡᠭᠦᠯᠬᠦ ᠣᠷᠣᠨ ᠪᠠ ︽ᠳᠠᠭᠤᠷᠢᠶᠠᠯ ᠦᠵᠡᠭᠦᠯᠬᠦ ᠣᠷᠣᠨ ᠤ ᠲᠠᠰ | ᠳᠡᠪᠰᠢᠭᠰᠡᠨ ᠬᠡᠪ︾ ᠢ ᠪᠠᠶᠢᠭᠤᠯᠵᠤ᠂ ᠬᠠᠶ ᠾᠧ ᠰᠤᠷᠭᠠᠨ ᠬᠥᠮᠦᠵᠢᠯ ᠤᠨ ᠬᠦᠷᠢᠶᠡᠯᠡᠩ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠳᠠᠭᠤᠷᠢᠶᠠᠯ ᠦᠵᠡᠭᠦᠯᠬᠦ ᠴᠣᠩᠬᠤᠪᠴᠢ ᠶᠢ ᠠᠮᠵᠢᠯᠲᠠᠲᠠᠶ ᠪᠠᠶᠢᠭᠤᠯᠵᠤ᠂ ᠠᠵᠢᠯ ᠲᠥᠷᠥᠯ ᠢᠶᠠᠷ | ᠰᠤᠷᠭᠠᠭᠤᠯᠢ ᠡᠷᠭᠢᠯᠡᠬᠦ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ᠂ ᠠᠵᠤ ᠦᠢᠯᠡᠳᠪᠦᠷᠢ ᠪᠠ | ᠰᠤᠷᠭᠠᠭᠤᠯᠢ ᠶᠢ ᠤᠶᠠᠯᠳᠤᠭᠤᠯᠬᠤ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠪᠠ ᠦᠷᠭᠦᠯᠵᠢᠯᠡᠯ ᠰᠤᠷᠭᠠᠨ | ᠬᠥᠮᠥᠵᠢᠯ ᠢ ᠬᠠᠮᠵᠢᠯᠴᠠᠭᠤᠯᠬᠤ ᠵᠡᠷᠭᠡ ᠲᠤᠷᠰᠢᠯᠭ᠎ᠠ ᠪᠠ ᠠᠷᠭ᠎ᠠ ᠪᠠᠷᠢᠯ ᠢ ᠪᠦᠷᠢᠯᠳᠦᠭᠦᠯᠪᠡ᠃ ᠬᠤᠶᠠᠷ ᠲᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠪᠡ᠃ ᠳᠤᠮᠳᠠᠳᠤ | ᠭᠧᠷᠮᠠᠨ ᠤ ᠬᠡᠷᠡᠭᠯᠡᠭᠡᠨ ᠤ ᠮᠡᠷᠭᠡᠵᠢᠯ ᠤᠨ ᠶᠡᠭᠡ ᠰᠤᠷᠭᠠᠭᠤᠯᠢ ᠶᠢ ᠪᠠᠶᠢᠭᠤᠯᠵᠤ᠂ ᠪᠦᠷᠢᠨ ᠪᠦᠲᠦᠨ ᠳᠤᠮᠳᠠ ᠵᠡᠷᠭᠡ ᠶᠢᠨ᠂ | ᠳᠡᠭᠡᠳᠦ ᠵᠡᠷᠭᠡ ᠶᠢᠨ᠂ ᠦᠨᠳᠦᠰᠦᠨ ᠠᠩᠭᠢ ᠶᠢᠨ᠂ ᠮᠠᠰᠲ᠋ᠧᠷ ᠤᠨ᠂ ᠳ᠋ᠣᠺᠲ᠋ᠣᠷ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠳᠣᠭᠲᠠᠯᠴᠠᠭ᠎ᠠ ᠶᠢ ᠤᠷᠢᠳ ᠢᠶᠠᠷ ᠪᠠᠶᠢᠭᠤᠯᠵᠤ᠂ ᠳᠤᠮᠳᠠ ᠵᠡᠷᠭᠡ ᠶᠢᠨ | ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠰᠲ᠋ᠧᠮᠲᠡᠢ ᠬᠥᠮᠥᠵᠢᠭᠦᠯᠬᠦ ᠪᠠ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠠ ᠦᠨᠳᠦᠰᠦᠨ ᠠᠩᠭᠢ ᠶᠢᠨ ᠬᠤᠯᠪᠤᠭᠠᠯᠠᠨ ᠬᠥᠮᠥᠵᠢᠭᠦᠯᠬᠦ ᠶᠢ ᠭᠦᠨᠵᠡᠭᠡᠶ ᠥᠷᠨᠢᠭᠦᠯᠵᠦ᠂ | ︽ᠬᠠᠢ ᠡᠧᠦ ᠣᠳᠣ ᠦᠶ᠎ᠡ ᠶᠢᠨ ᠱᠠᠪᠢᠯᠠᠬᠤ ᠲᠦᠷᠢᠮ︾ ᠤᠨ ᠥᠭᠡᠷᠡᠴᠢᠯᠡᠯᠲᠡ ᠶᠢᠨ ᠵᠠᠭᠪᠤᠷ ᠢ ᠪᠥᠬᠦ ᠤᠯᠤᠰ ᠲᠤ | ᠠᠯᠳᠠᠷᠰᠢᠭᠤᠯᠪᠠ᠃ ᠭᠤᠷᠪᠠ ᠳᠤ᠂ ᠠᠭᠤᠯᠤᠭᠳᠠᠬᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ︽ᠪᠠᠭᠰᠢ᠂ | ᠵᠢᠭᠠᠬᠤ ᠮᠠᠲ᠋ᠧᠷᠢᠶᠠᠯ᠂ ᠵᠢᠭᠠᠬᠤ ᠠᠷᠭ᠎ᠠ ᠶᠢᠨ ᠥᠭᠡᠷᠡᠴᠢᠯᠡᠯᠲᠡ︾ ᠶᠢ ᠭᠦᠨᠵᠡᠭᠡᠶᠢᠷᠡᠭᠦᠯᠵᠦ᠂ ︽1+X︾ ᠦᠨᠡᠮᠯᠡᠯ ᠤᠨ | ᠳᠦᠷᠢᠮ ᠤᠨ ᠲᠤᠷᠰᠢᠯᠲᠠ ᠶᠢᠨ ᠴᠡᠭ ᠢ ᠥᠷᠨᠢᠭᠦᠯᠵᠦ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠤᠨ᠂ | ᠰᠤᠷᠭᠠᠨ ᠬᠥᠮᠦᠵᠢᠯ ᠢ ᠠᠬᠢᠭᠤᠯᠬᠤ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠠᠷᠪᠠᠨ ᠬᠤᠶᠠᠷ ᠵᠢᠯ ᠳᠠᠷᠠᠭᠠᠯᠠᠨ ᠡᠷᠬᠢᠯᠡᠵᠦ᠂ 7 ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 10 ᠲᠤᠰᠬᠠᠢ ᠮᠡᠷᠭᠡᠵᠢᠯ ᠤᠨ ᠪᠥᠯᠦᠭᠵᠢᠯ ᠪᠦᠬᠦ ᠤᠯᠤᠰ ᠤᠨ | ︽ᠬᠤᠣᠰ ᠥᠨᠳᠥᠷ ᠲᠥᠯᠥᠪᠯᠡᠭᠡ︾ ᠳᠤ ᠰᠣᠩᠭᠤᠭᠳᠠᠨ ᠣᠷᠣᠵᠤ᠂ ᠤᠯᠤᠰ ᠤᠨ ᠠᠩᠬᠠᠳᠠᠭᠴᠢ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠤᠯᠤᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠣᠨᠴᠠ ᠲᠡᠰ ᠤᠨ ᠱᠠᠩᠨᠠᠯ ᠢ | ᠬᠦᠷᠲᠡᠪᠡ᠃ ᠳᠥᠷᠪᠡ ᠳᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠪᠡ᠃ ᠠᠵᠤ ᠦᠢᠯᠡᠳᠪᠦᠷᠢ ᠶᠢᠨ ᠬᠥᠲᠥᠯᠥᠨ ᠪᠤᠶᠢᠵᠢᠭᠤᠯᠬᠤ ᠶᠢ ᠲᠤᠯᠭᠠᠭᠤᠷᠢᠯᠠᠵᠤ᠂ ︽ᠠᠵᠤ | ᠦᠢᠯᠡᠳᠪᠦᠷᠢ ᠰᠤᠷᠭᠠᠭᠤᠯᠢ ᠰᠤᠳᠤᠯᠭᠠᠨ ᠤ ᠪᠠᠶᠢᠭᠤᠯᠤᠮᠵᠢ ᠮᠥᠩᠭᠦᠨ ᠭᠦᠢᠯᠭᠡᠭᠡᠨ ᠦᠢᠯᠡᠴᠢᠯᠡᠭᠡ ᠬᠡᠷᠡᠭᠯᠡᠭᠡ︾ ᠶᠢᠨ | ᠴᠢᠬᠤᠯᠠ ᠡᠯᠧᠮᠧᠨ᠋ᠲ ᠢ ᠲᠥᠪᠯᠡᠷᠡᠭᠦᠯᠬᠦ ᠶᠢ ᠠᠬᠢᠭᠤᠯᠵᠤ᠂ ᠤᠯᠤᠰ ᠤᠨ ᠠᠵᠤ ᠦᠢᠯᠡᠳᠪᠦᠷᠢ ᠪᠠ ᠰᠤᠷᠭᠠᠨ | ᠬᠥᠮᠥᠵᠢᠯ ᠢ ᠠᠭᠤᠰᠬᠠᠬᠤ ᠬᠡᠯᠪᠡᠷᠢ ᠶᠢᠨ ᠲᠤᠷᠰᠢᠯᠲᠠ ᠶᠢᠨ ᠴᠡᠭ ᠪᠣᠯᠬᠤ ᠬᠤᠲᠠ ᠪᠠᠷ ᠠᠮᠵᠢᠯᠲᠠᠲᠠᠢ ᠰᠣᠩᠭᠤᠭᠳᠠᠪᠠ᠃ | ᠬᠡᠷᠡᠭᠯᠡᠭᠡ ᠪᠠᠷ ᠦᠢᠯᠡᠰ ᠪᠣᠰᠬᠠᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ | 28 ᠶᠢ ᠪᠠᠶᠢᠭᠤᠯᠵᠤ᠂ ᠠᠵᠤ ᠦᠢᠯᠡᠳᠪᠦᠷᠢ᠂ ᠠᠵᠢᠯ ᠲᠥᠷᠥᠯ᠂ ᠠᠵᠤ ᠠᠬᠤᠶᠢᠯᠠᠯ᠂ ᠠᠵᠢᠯ ᠮᠡᠷᠭᠡᠵᠢᠯ᠂ ᠲᠤᠰᠬᠠᠶ | ᠮᠡᠷᠭᠡᠵᠢᠯ ᠵᠡᠷᠭᠡ ︽ᠲᠠᠪᠤᠨ ᠦᠢᠯᠡᠰ ᠬᠤᠯᠪᠣᠭᠠᠯᠠᠨ ᠬᠥᠳᠡᠯᠦᠯᠴᠡᠬᠦ︾ ᠶᠢ ᠲᠦᠷᠦᠭᠦᠯᠡᠨ ᠬᠡᠷᠡᠭᠵᠢᠭᠦᠯᠵᠦ᠂ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠤᠨ ᠪᠥᠬᠦ ᠬᠤᠲᠠ ᠶᠢᠨ ᠭᠤᠤᠯᠯᠠᠬᠤ ᠠᠵᠤ ᠦᠢᠯᠡᠳᠪᠦᠷᠢ ᠳᠤ | ᠡᠵᠡᠯᠡᠬᠦ ᠬᠠᠷᠢᠴᠠᠯ ᠢ 98.87 % ᠳᠤ ᠬᠦᠷᠭᠡᠵᠦ᠂ ᠵᠢᠯ ᠳᠤ 30 ᠲᠦᠮᠡᠨ ᠬᠥᠮᠦᠨ ᠤᠳᠠᠭ᠎ᠠ ᠶᠢ ᠨᠡᠶᠢᠭᠡᠮ ᠤᠨ | ᠪᠣᠯᠪᠠᠰᠤᠷᠠᠭᠤᠯᠤᠯ ᠳᠤ ᠣᠷᠣᠯᠴᠠᠭᠤᠯᠪᠠ᠃ ᠲᠠᠪᠤ ᠳᠤ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠷᠭᠦᠯᠵᠢᠯᠡᠨ | ᠦᠢᠯᠡᠴᠢᠯᠡᠪᠡ᠃ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠴᠤ᠂ 21 | ᠯᠦ ᠪᠠᠨ ᠤ ᠦᠢᠯᠡᠳᠬᠡᠯ ᠤᠨ ᠭᠠᠵᠠᠷ ᠢ ᠡᠭᠦᠳᠦᠨ ᠪᠠᠶᠢᠭᠤᠯᠤᠭᠰᠠᠨ ᠪᠥᠭᠡᠳ ᠲᠦᠷᠦᠭᠦᠯᠡᠨ ᠪᠠᠶᠢᠭᠤᠯᠪᠠ᠃ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠵᠦ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ | ᠰᠢᠪᠲᠤᠯᠬᠤ ᠳᠤ ᠬᠦᠴᠦᠨ ᠨᠡᠮᠡᠷᠢᠯᠡᠵᠦ᠂ ᠵᠡᠭᠦᠨ ᠪᠠᠷᠠᠭᠤᠨ ᠣᠷᠣᠨ ᠬᠠᠮᠵᠢᠯᠴᠠᠵᠤ ︽ᠲᠢᠶᠠᠨᠵᠢᠨ ᠤ ᠲᠤᠷᠰᠢᠯᠭ᠎ᠠ︾ ᠪᠠᠷ | ᠨᠠᠷᠢᠯᠢᠭ ᠣᠨᠣᠴᠠᠲᠠᠢ ᠬᠠᠪᠰᠤᠷᠤᠨ ᠲᠡᠳᠬᠦᠵᠦ᠂ ᠳᠤᠮᠳᠠ ᠪᠠᠷᠠᠭᠤᠨ ᠣᠷᠣᠨ ᠤ 19 ᠮᠤᠵᠢ ᠬᠤᠳᠠ ᠳᠤ ᠲᠦᠮᠡ | ᠭᠠᠷᠤᠢ ᠪᠠᠭᠰᠢ ᠶᠢ ᠪᠣᠯᠪᠠᠰᠤᠷᠠᠭᠤᠯᠵᠤ ᠥᠭᠪᠡ᠃ | ᠳᠠᠷᠠᠭ᠎ᠠ ᠠᠯᠬᠤᠮ ᠳᠤ᠂ ᠲᠢᠶᠠᠨᠵᠢᠨ ᠬᠤᠲᠠ ᠵᠠᠩᠭᠢᠯᠠᠭ᠎ᠠ ᠶᠢᠨ ᠴᠢᠳᠠᠪᠤᠷᠢᠲᠠᠨ ᠤ ᠪᠠᠶᠢᠭᠤᠯᠤᠯᠲᠠ ᠶᠢ | ᠴᠢᠩᠭᠠᠳᠬᠠᠵᠤ᠂ ᠴᠢᠳᠠᠪᠤᠷᠢᠲᠠᠨ ᠤ ᠦᠰᠦᠨ ᠪᠤᠶᠢᠵᠢᠬᠤ ᠵᠠᠮ ᠢ ᠪᠥᠬᠦ ᠲᠠᠯ᠎ᠠ ᠪᠠᠷ ᠨᠡᠪᠲᠡᠷᠡᠭᠦᠯᠵᠦ᠂ ᠠᠵᠤ | ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠦᠢᠯᠡᠴᠢᠯᠡᠵᠦ᠂ ᠣᠯᠠᠨ ᠤᠯᠤᠰ ᠤᠨ | ᠬᠠᠷᠢᠯᠴᠠᠭᠠᠨ ᠤ ᠲᠥᠪ ᠢ ᠪᠠᠶᠢᠭᠤᠯᠵᠤ᠂ ᠯᠦ ᠪᠠᠨ ᠤ ᠦᠢᠯᠡᠳᠭᠡᠯ ᠤᠨ ᠭᠠᠵᠠᠷ ᠵᠡᠷᠭᠡ ᠲᠠᠪᠤᠨ ᠲᠠᠯ᠎ᠠ ᠶᠢᠨ | ᠳᠣᠭᠲᠠᠯᠴᠠᠭᠠᠨ ᠤ ᠪᠠᠶᠢᠭᠤᠯᠤᠯᠲᠠ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠠᠵᠢᠯ ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠭᠰᠠᠨ ᠬᠠᠮᠲᠤ ᠶᠢᠨ ᠴᠣᠭᠴᠠ | ᠶᠢ ᠪᠠᠶᠢᠭᠤᠯᠪᠠ | ᠳᠤᠮᠳᠠᠳᠤ ᠤᠯᠤᠰ ᠤᠨ ᠵᠥᠩ ᠴᠧ ᠪᠦᠯᠦᠭᠯᠡᠯ ᠤᠨ ᠬᠢᠵᠠᠭᠠᠷᠲᠤ ᠺᠣᠮᠫᠠᠨᠢ | ᠳᠤᠮᠳᠠᠳᠤ ᠤᠯᠤᠰ ᠤᠨ ᠵᠥᠩ ᠴᠧ ᠺᠣᠮᠫᠠᠨᠢ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ | ᠲᠦᠷᠦᠭᠦᠯᠡᠨ ᠳᠠᠭᠤᠷᠢᠶᠠᠯ ᠦᠵᠡᠭᠦᠯᠬᠦ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠠᠵᠤ ᠦᠢᠯᠡᠳᠪᠦᠷᠢ ᠪᠠ | ᠰᠤᠷᠭᠠᠨ ᠬᠥᠮᠦᠵᠢᠯ ᠢ ᠠᠭᠤᠰᠬᠠᠬᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠯ᠎ᠠ ᠪᠠᠷ ᠲᠥᠪ ᠤᠨ ᠠᠵᠤ | ᠠᠬᠤᠶᠢᠯᠠᠯ ᠤᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠳᠡᠪᠬᠢᠲᠡᠶ ᠢᠯᠡᠷᠡᠭᠦᠯᠪᠡ᠃ | ᠨᠢᠭᠡ ᠳᠤ᠂ ᠲᠦᠷᠦᠭᠦᠯᠡᠨ ᠳᠠᠭᠤᠷᠢᠶᠠᠯ ᠦᠵᠡᠭᠦᠯᠬᠦ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠥᠨᠳᠥᠷ | ᠲᠦᠪᠰᠢᠨᠲᠦ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠲᠠᠢ ᠬᠤᠯᠪᠣᠭᠠᠯᠠᠨ ᠬᠠᠮᠲᠤ ᠪᠠᠷ | ᠲᠦᠷᠦᠭᠦᠯᠡᠵᠦ᠂ ᠵᠢᠮᠳᠤ ᠵᠠᠮ ᠬᠠᠷᠢᠯᠴᠠᠭᠠᠨ ᠤ ᠲᠣᠨᠣᠭᠯᠠᠯ ᠤᠨ ᠠᠵᠢᠯ ᠲᠥᠷᠥᠯ ᠳᠤ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠵᠡᠷᠭᠡ ᠶᠢ | ᠤᠷᠢᠳ ᠢᠶᠠᠷ ᠵᠣᠬᠢᠶᠠᠨ ᠪᠠᠶᠢᠭᠤᠯᠵᠤ ᠬᠠᠮᠲᠤ ᠪᠠᠷ ᠣᠷᠣᠯᠴᠠᠭᠰᠠᠨ ᠣᠷᠣᠨ ᠪᠦᠰᠡ ᠠᠯᠤᠰᠯᠠᠭᠰᠠᠨ ᠠᠵᠤ | ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠰᠢᠨ᠎ᠡ | ᠪᠠᠶᠢᠭᠤᠯᠤᠮᠵᠢ ᠶᠢ ᠢᠳᠡᠪᠬᠢᠲᠡᠶ ᠪᠠᠶᠢᠭᠤᠯᠵᠤ᠂ ᠰᠢᠨ᠎ᠡ ᠵᠠᠭᠪᠤᠷ ᠢ ᠪᠦᠷᠢᠯᠳᠦᠭᠦᠯᠵᠦ᠂ ᠰᠢᠨ᠎ᠡ ᠲᠣᠭᠲᠠᠴᠠ ᠶᠢ | ᠰᠦᠪᠡᠭᠴᠢᠯᠡᠪᠡ᠃ ᠬᠤᠶᠠᠷ ᠲᠤ᠂ ᠠᠵᠤ ᠦᠢᠯᠡᠰ ᠤᠨ ᠳᠠᠪᠠᠭᠤᠯᠢᠭ ᠢ ᠢᠳᠡᠪᠬᠢᠲᠡᠶ ᠪᠠᠳᠠᠷᠠᠭᠤᠯᠵᠤ᠂ ᠬᠠᠮᠲᠤ ᠶᠢᠨ | ᠳᠣᠲᠣᠭᠠᠳᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠠᠪᠴᠠᠩ ᠪᠠ ᠡᠬᠢ ᠪᠠᠶᠠᠯᠢᠭ ᠢ ᠬᠠᠩᠭᠠᠪᠠ᠃ | ᠵᠢᠱᠢᠶᠡᠯᠡᠪᠡᠯ᠂ ᠠᠵᠤ ᠠᠬᠤᠶᠢᠯᠠᠯ ᠤᠨ ᠤᠯᠤᠰ ᠤᠨ ᠲᠣᠮᠣ ᠤᠷᠠᠨ ᠳᠠᠷᠬᠠᠨ᠂ ᠤᠷ᠎ᠠ ᠴᠢᠳᠠᠪᠤᠷᠢ ᠶᠢᠨ ᠨᠡᠷᠡᠲᠦ ᠪᠠᠭᠰᠢ᠂ | ᠮᠡᠷᠭᠡᠵᠢᠯ ᠤᠷ᠎ᠠ ᠴᠢᠳᠠᠪᠤᠷᠢᠲᠤ ᠴᠢᠳᠠᠪᠤᠷᠢᠲᠠᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠮᠡᠷᠭᠡᠵᠢᠯ ᠤᠨ | ᠪᠣᠯᠪᠠᠰᠤᠷᠠᠭᠤᠯᠤᠯ᠂ ᠮᠡᠷᠭᠡᠵᠢᠯ ᠤᠨ ᠬᠢᠴᠢᠶᠡᠯ ᠢ ᠬᠢᠴᠢᠶᠡᠯᠯᠡᠭᠡ ᠳᠤ ᠣᠷᠣᠭᠤᠯᠬᠤ ᠶᠢ ᠠᠬᠢᠭᠤᠯᠵᠤ᠂ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠢᠯᠢᠳᠡᠭ ᠪᠠᠭᠰᠢ ᠶᠢᠨ ᠬᠦᠴᠦᠨ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢᠲᠤ | ᠴᠢᠳᠠᠪᠤᠷᠢᠲᠠᠨ ᠢ ᠠᠵᠤ ᠠᠬᠤᠶᠢᠯᠠᠯ ᠳᠤ ᠣᠷᠣᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠠᠮᠢᠶᠠᠷᠤᠯᠲᠠ᠂ | ᠦᠢᠯᠡᠳᠬᠦᠨ ᠢ ᠰᠤᠳᠤᠯᠤᠨ ᠨᠡᠭᠡᠭᠡᠬᠦ ᠵᠡᠷᠭᠡ ᠲᠠᠯ᠎ᠠ ᠶᠢᠨ ᠦᠢᠯᠡᠳᠦᠯᠭᠡ ᠶᠢᠨ ᠲᠤᠷᠰᠢᠯᠭ᠎ᠠ ᠶᠢ ᠦᠷᠭᠦᠯᠵᠢᠯᠡᠨ | ᠴᠤᠭᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠰᠢᠭᠤᠷᠠᠯ᠂ ᠠᠵᠢᠯ | ᠲᠦᠷᠦᠯ ᠤᠨ ᠬᠥᠭᠵᠢᠯᠲᠡ ᠶᠢᠨ ᠬᠤᠰᠢᠭᠤᠷᠠᠯ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢ ᠬᠤᠯᠪᠤᠭᠳᠠᠭᠤᠯᠪᠠ᠃ ᠭᠤᠷᠪᠠ ᠳᠤ᠂ ᠠᠵᠤ ᠠᠬᠤᠶᠢᠯᠠᠯ ᠤᠨ ᠰᠤᠷᠭᠠᠭᠤᠯᠢ ᠡᠷᠭᠢᠯᠡᠬᠦ ᠴᠢᠬᠤᠯᠠ | ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠵᠦᠩ ᠴᠧ ᠰᠢᠭᠤᠳ ᠬᠠᠷᠢᠶ᠎ᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ — ᠴᠠᠩᠵᠸᠦ ᠶᠢᠨ ᠲᠡᠮᠦᠷ ᠵᠠᠮ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ | ᠰᠠᠶᠢᠲᠤᠷ ᠡᠷᠭᠢᠯᠡᠵᠦ᠂ ︽ᠰᠤᠷᠭᠠᠭᠤᠯᠢ ᠪᠠ ᠠᠵᠤ ᠠᠬᠤᠶᠢᠯᠠᠯ ᠠᠭᠤᠰᠬᠠᠨ ᠨᠢᠭᠡ ᠴᠣᠭᠴᠠᠵᠢᠭᠤᠯᠵᠤ᠂ ᠠᠵᠤ | ᠦᠢᠯᠡᠳᠪᠦᠷᠢ ᠪᠠ ᠰᠤᠷᠭᠠᠨ ᠬᠥᠮᠥᠵᠢᠯ ᠭᠦᠢᠴᠡᠳ ᠠᠭᠤᠰᠤᠭᠰᠠᠨ᠂ ᠠᠵᠢᠯ ᠮᠡᠷᠭᠡᠵᠢᠯ ᠪᠠ ᠪᠣᠯᠪᠠᠰᠤᠷᠠᠭᠤᠯᠤᠯ | ᠬᠠᠷᠢᠯᠴᠠᠨ ᠠᠭᠤᠰᠤᠭᠰᠠᠨ᠂ ᠬᠥᠮᠦᠵᠢᠯ ᠪᠠ ᠪᠣᠯᠪᠠᠰᠤᠷᠠᠭᠤᠯᠤᠯ ᠣᠷᠭᠠᠨᠢᠭ ᠢᠶᠠᠷ ᠤᠶᠠᠯᠳᠤᠭᠰᠠᠨ᠂ ᠰᠤᠷᠭᠠᠭᠤᠯᠢ | ᠠᠵᠤ ᠠᠬᠤᠶᠢᠯᠠᠯ ᠬᠠᠮᠵᠢᠯᠴᠠᠨ ᠬᠥᠮᠦᠨ ᠢ ᠬᠥᠮᠦᠵᠢᠭᠦᠯᠬᠦ︾ ᠲᠡᠮᠦᠷ ᠵᠠᠮ ᠤᠨ ᠵᠠᠮ ᠬᠠᠷᠢᠯᠴᠠᠭᠠᠨ ᠤ ᠣᠨᠴᠠᠯᠢᠭ ᠢᠶᠠᠷ | ᠢᠯᠡ ᠲᠣᠳᠣ ᠥᠨᠳᠥᠷ ᠬᠢᠷᠢ ᠲᠦᠪᠰᠢᠨᠲᠦ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠴᠢᠷᠮᠠᠶᠢᠨ ᠪᠠᠶᠢᠭᠤᠯᠪᠠ᠃ | ᠬᠠᠮᠲᠤ ᠶᠢᠨ ᠴᠣᠭᠴᠠ ᠶᠢᠨ ᠳᠣᠲᠣᠭᠠᠳᠤ ᠳᠤ ᠪᠠᠨ ᠪᠤᠰᠤᠳ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ | ᠰᠤᠷᠭᠠᠭᠤᠯᠢ ᠪᠠ ᠠᠵᠤ ᠠᠬᠤᠶᠢᠯᠠᠯ ᠬᠤᠯᠪᠣᠭᠠᠯᠠᠨ ᠰᠤᠷᠤᠭᠴᠢ ᠡᠯᠰᠡᠬᠦ ᠶᠢ ᠬᠡᠷᠡᠭᠵᠢᠭᠦᠯᠵᠦ᠂ ᠨᠠᠶᠢᠳᠠᠵᠤ | ᠬᠥᠮᠦᠵᠢᠭᠦᠯᠬᠦ᠂ ᠵᠠᠬᠢᠶᠠᠯᠠᠭ᠎ᠠ ᠪᠠᠷ ᠬᠥᠮᠦᠵᠢᠭᠦᠯᠬᠦ ᠪᠠ ᠱᠠᠪᠢᠯᠠᠬᠤ ᠳᠦᠷᠢᠮ ᠢᠶᠠᠷ ᠬᠥᠮᠦᠵᠢᠭᠦᠯᠬᠦ ᠶᠢ ᠥᠷᠨᠢᠭᠦᠯᠵᠦ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠪᠣᠯᠤᠨ ᠠᠵᠤ ᠦᠢᠯᠡᠰ ᠤᠨ ᠢᠵᠢᠯᠢᠰᠢᠬᠦ | ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠪᠡ᠃ | ᠡᠭᠦᠨ ᠤ ᠬᠠᠮᠲᠤ᠂ ᠳᠤᠮᠳᠠᠳᠤ ᠤᠯᠤᠰ ᠤᠨ ᠮᠠᠰᠢᠨ ᠲᠡᠷᠭᠡᠨ ᠤ ᠪᠦᠯᠦᠭᠯᠡᠯ ᠤᠨ ᠴᠠᠩᠵᠸᠦ ᠶᠢᠨ ︽ᠭᠤᠷᠪᠠ ᠶᠢ | ᠨᠢᠭᠡ ᠴᠤᠬᠴᠠᠵᠢᠭᠤᠯᠤᠬᠰᠠᠨ︾ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠬᠤ ᠰᠠᠭᠤᠷᠢᠨ᠂ | ᠳᠡᠯᠡᠬᠡᠶ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠵᠢᠮᠳᠤ ᠲᠡᠷᠭᠡᠨ ᠤ ᠮᠡᠷᠭᠡᠵᠢᠯ ᠤᠨ ᠳᠤᠮᠳᠠᠳᠤ ᠤᠯᠤᠰ ᠲᠠᠬᠢ | ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠭᠰᠠᠨ ᠤ | ᠬᠠᠮᠲᠤ ᠡᠭᠦᠨ ᠤ ᠰᠠᠭᠤᠷᠢᠨ ᠳᠡᠭᠡᠷ᠎ᠡ ᠤᠯᠤᠰ ᠤᠨ ᠲᠠᠰ ᠤᠨ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ | ᠠᠭᠤᠰᠬᠠᠬᠤ ᠪᠣᠳᠠᠲᠠᠶ ᠪᠣᠯᠪᠠᠰᠤᠷᠠᠭᠤᠯᠬᠤ ᠰᠠᠭᠤᠷᠢᠨ᠂ ︽ᠬᠤᠷᠳᠤᠨ ᠤ ᠲᠡᠮᠦᠷ ᠵᠠᠮ ᠤᠨ ᠤᠷᠠᠨ ᠳᠠᠷᠬᠠᠨ ᠤ ᠳᠡᠭᠡᠳᠦ | ᠰᠤᠷᠭᠠᠭᠤᠯᠢ︾ ᠶᠢ ᠪᠠᠶᠢᠭᠤᠯᠵᠤ᠂ ᠵᠢᠮᠳᠤ ᠵᠠᠮ ᠬᠠᠷᠢᠯᠴᠠᠭᠠᠨ ᠤ ᠠᠵᠢᠯ ᠲᠥᠷᠥᠯ ᠤᠨ ᠤᠯᠤᠰ ᠤᠨ ᠲᠣᠮᠣ ᠤᠷᠠᠨ | ᠳᠠᠷᠬᠠᠨ ᠤ ᠥᠯᠥᠭᠡᠶ ᠶᠢ ᠪᠠᠶᠢᠭᠤᠯᠵᠤ᠂ ᠦᠢᠯᠡᠴᠢᠯᠡᠭᠡᠨ ᠤ ᠠᠵᠢᠯ ᠲᠥᠷᠥᠯ ᠤᠨ ᠠᠵᠤ ᠠᠬᠤᠶᠢᠯᠠᠯ ᠤᠨ ᠮᠡᠷᠭᠡᠵᠢᠯ ᠤᠨ | ᠥᠭᠡᠷᠡᠴᠢᠯᠡᠯᠲᠡ᠂ ᠤᠷ᠎ᠠ ᠮᠡᠷᠭᠡᠰᠢᠯ ᠤᠨ ᠰᠠᠶᠢᠵᠢᠷᠠᠭᠤᠯᠤᠯᠲᠠ᠂ ᠦᠢᠯᠡᠳᠭᠦᠨ ᠤ ᠲᠠᠰ ᠳᠡᠪᠰᠢᠭᠦᠯᠦᠯᠲᠡ ᠳᠤ | ᠦᠢᠯᠡᠴᠢᠯᠡᠪᠡ᠃ | ᠣᠨᠴᠠᠭᠠᠢ ᠣᠷᠣᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠠᠩᠭᠢᠯᠠᠭ᠎ᠠ ᠶᠢᠨ ᠰᠤᠷᠭᠠᠭᠤᠯᠢ ᠡᠷᠬᠢᠯᠡᠬᠦ | ᠴᠢᠳᠠᠪᠤᠷᠢ ᠶᠢ ᠳᠡᠭᠡᠭᠰᠢᠯᠡᠭᠦᠯᠪᠡ | ᠱᠧᠨᠵᠧᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | ᠱᠧᠨᠵᠧᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠢᠨ᠎ᠡ ᠶᠢ ᠡᠭᠦᠳᠬᠦ ᠰᠡᠳᠬᠢᠮᠵᠢ᠂ ᠪᠣᠳᠠᠲᠤ | ᠠᠵᠢᠯᠯᠠᠭ᠎ᠠ ᠪᠠᠷ ᠢᠶᠠᠨ ︽ᠰᠠᠨᠠᠯ︾ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠬᠤᠰᠢᠭᠤᠴᠢ ᠪᠣᠯᠬᠤ ᠪᠠᠷ | ᠴᠢᠷᠮᠠᠶᠢᠪᠠ᠃ | ᠨᠢᠭᠡ ᠳᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠴᠢᠭᠯᠡᠯ ᠢ ᠪᠠᠲᠤ | ᠡᠵᠡᠮᠳᠡᠵᠦ᠂ ᠱᠧᠨᠵᠧᠨ ᠣᠨᠴᠠᠭᠠᠢ ᠣᠷᠣᠨ ᠤ ᠲᠣᠭᠤᠷᠢᠨ ᠳᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ | ᠰᠢᠨ᠎ᠡ ᠶᠢ ᠡᠭᠦᠳᠴᠦ᠂ ︽ᠱᠧᠨᠵᠧᠨ ᠤ ᠦᠯᠢᠭᠡᠷ︾ ᠢᠶᠠᠷ ᠳᠤᠮᠳᠠᠳᠤ ᠤᠯᠤᠰ ᠤᠨ ᠵᠠᠮ ᠢ ᠲᠠᠶᠢᠯᠪᠤᠷᠢᠯᠠᠵᠤ᠂ | ︽ᠱᠧᠨᠵᠧᠨ ᠤ ᠦᠢᠯᠡᠴᠢᠯᠡᠭᠡ︾ ᠶᠢ ᠰᠤᠷᠤᠭᠴᠢᠳ ᠤᠨ ᠡᠳᠦᠷ ᠲᠤᠳᠤᠮ ᠤᠨ ᠠᠮᠢᠳᠤᠷᠠᠯ ᠳᠤ ᠠᠭᠤᠰᠬᠠᠵᠤ᠂ | ︽ᠱᠧᠨᠵᠧᠨ ᠤ ᠭᠠᠶᠢᠬᠠᠮᠰᠢᠭ︾ ᠢᠶᠠᠷ ︽ᠲᠦᠷᠪᠡᠨ ᠢᠲᠡᠭᠡᠯ︾ ᠢᠶᠠᠨ ᠨᠡᠮᠡᠭᠳᠡᠭᠦᠯᠵᠦ᠂ ︽ᠱᠧᠨᠵᠧᠨ ᠤ ᠰᠦᠪᠡᠭᠴᠢᠯᠡᠯ︾ | ᠢᠶᠠᠷ ᠬᠢᠴᠢᠶᠡᠯ ᠤᠨ ᠥᠭᠡᠷᠡᠴᠢᠯᠡᠯᠲᠡ ᠶᠢ ᠠᠬᠢᠭᠤᠯᠪᠠ᠃ ᠬᠤᠶᠠᠷ ᠲᠤ᠂ ᠣᠷᠣᠨ ᠪᠦᠰᠡ ᠶᠢᠨ ᠠᠵᠤ ᠠᠬᠤᠶ ᠶᠢ | ᠪᠠᠷᠢᠮᠵᠢᠶᠠᠵᠢᠭᠤᠯᠤᠨ ᠬᠠᠷᠢᠴᠠᠭᠤᠯᠵᠤ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠨᠣᠭᠤᠭᠠᠨ ᠰᠢᠷ᠎ᠠ ᠤᠯᠠᠭᠠᠨ ᠲᠡᠮᠳᠡᠭᠲᠦ ᠲᠤᠰᠬᠠᠶ ᠮᠡᠷᠭᠡᠵᠢᠯ ᠤᠨ ᠪᠠᠶᠢᠳᠠᠯ ᠢ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠪᠡ︔ ᠲᠣᠭᠠᠵᠢᠭᠰᠠᠨ ᠠᠵᠤ ᠠᠬᠤᠶ ᠶᠢᠨ ᠠᠬᠤᠶ ᠪᠠᠶᠢᠳᠠᠯ ᠳᠠᠬᠢ ᠣᠯᠠᠨ ᠲᠤᠰᠬᠠᠶ ᠮᠡᠷᠭᠡᠵᠢᠯ ᠤᠨ | ᠠᠭᠤᠰᠤᠯᠴᠠᠭ᠎ᠠ ᠪᠠ ᠣᠯᠠᠨ ᠮᠡᠷᠭᠡᠵᠢᠯ ᠤᠨ ᠨᠡᠶᠢᠯᠡᠯ ᠢ ᠴᠢᠩᠭᠠᠳᠬᠠᠪᠠ︔ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠤᠨ ᠠᠭᠤᠰᠤᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ︽ᠮᠡᠷᠭᠡᠵᠢᠯ ᠢᠶᠠᠷ ᠬᠥᠲᠥᠯᠥᠨ ᠲᠠᠭᠠᠭᠤᠯᠵᠤ᠂ ᠦᠢᠯᠡᠳᠭᠦᠨ ᠢᠶᠠᠷ ᠠᠴᠢᠶᠠᠯᠠᠪᠤᠷᠢ ᠪᠣᠯᠭᠠᠵᠤ᠂ ᠣᠨᠣᠯ ᠪᠠ | ᠦᠢᠯᠡᠳᠦᠯᠭᠡ ᠶᠢ ᠠᠭᠤᠰᠬᠠᠨ ᠨᠡᠪᠲᠡᠷᠡᠭᠦᠯᠵᠦ᠂ ᠴᠢᠳᠠᠪᠤᠷᠢ ᠪᠠᠷ ᠦᠨᠳᠦᠰᠦ ᠪᠣᠯᠭᠠᠬᠤ︾ ᠪᠠᠷ ᠣᠨᠴᠠᠯᠢᠭ ᠪᠣᠯᠭᠠᠭᠰᠠᠨ | ᠠᠬᠤᠢ ᠲᠠᠯᠠᠪᠠᠢ ᠶᠢᠨ ᠢᠨᠵᠧᠨᠧᠷ ᠤᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠰᠦᠪᠡᠭᠴᠢᠯᠡᠨ ᠪᠠᠶᠢᠭᠤᠯᠪᠠ᠃ | ᠭᠤᠷᠪᠠ ᠳᠤ᠂ ︽ᠳᠥᠷᠪᠡᠨ ᠰᠢᠨ᠎ᠡ︾ ᠠᠵᠤ ᠠᠬᠤᠶ ᠶᠢᠨ ᠨᠡᠭᠡᠭᠡᠯᠲᠡᠲᠦ ᠰᠢᠨ᠎ᠡ ᠬᠢᠴᠢᠶᠡᠯ ᠲᠠᠢ ᠵᠣᠯᠭᠠᠭᠤᠯᠵᠤ᠂ | ᠲᠡᠷᠢᠭᠦᠨ ᠤ ᠠᠵᠤ ᠠᠬᠤᠶᠢᠯᠠᠯ ᠲᠠᠢ ᠬᠠᠮᠲᠤᠷᠠᠨ ︽ᠰᠢᠨ᠎ᠡ ᠬᠢᠴᠢᠶᠡᠯ ᠢ ᠡᠭᠦᠳᠬᠦ ᠲᠥᠪ︾ ᠢ ᠬᠠᠮᠲᠤ ᠪᠠᠷ ᠪᠠᠶᠢᠭᠤᠯᠵᠤ᠂ | ᠴᠠᠭ ᠲᠤᠬᠠᠶ ᠳᠤ ᠨᠢ ᠰᠢᠨ᠎ᠡ ᠠᠷᠭ᠎ᠠ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠪᠠᠷᠢᠮᠵᠢᠶ᠎ᠠ ᠶᠢ ᠰᠤᠷᠭᠠᠨ | ᠬᠥᠮᠦᠵᠢᠯ ᠵᠢᠭᠠᠨ ᠰᠤᠷᠭᠠᠯᠲᠠ ᠳᠤ ᠣᠷᠣᠭᠤᠯᠵᠤ᠂ ᠰᠢᠨ᠎ᠡ ᠠᠵᠢᠯ ᠲᠥᠷᠥᠯ᠂ ᠰᠢᠨ᠎ᠡ ᠠᠵᠢᠯ ᠮᠡᠷᠭᠡᠵᠢᠯ᠂ ᠰᠢᠨ᠎ᠡ | ᠲᠤᠰᠬᠠᠶ ᠮᠡᠷᠭᠡᠵᠢᠯ᠂ ᠰᠢᠨ᠎ᠡ ᠬᠢᠴᠢᠶᠡᠯ ᠳᠥᠷᠪᠡ ᠶᠢ ᠨᠢᠭᠡ ᠴᠣᠭᠴᠠᠵᠢᠭᠤᠯᠤᠭᠰᠠᠨ ᠪᠠᠷᠢᠮᠵᠢᠶᠠᠲᠤ ᠳᠣᠭᠲᠠᠯᠴᠠᠭ᠎ᠠ ᠶᠢ | ᠬᠠᠮᠲᠤ ᠪᠠᠷ ᠪᠠᠶᠢᠭᠤᠯᠪᠠ᠃ ᠲᠦᠷᠪᠡ ᠳᠤ᠂ ᠴᠢᠳᠠᠪᠤᠷᠢᠲᠠᠨ ᠢᠶᠠᠷ ᠰᠤᠷᠭᠠᠭᠤᠯᠢ ᠪᠠᠨ ᠬᠦᠴᠦᠷᠬᠡᠭᠵᠢᠭᠦᠯᠬᠦ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠠᠬᠢᠭᠤᠯᠵᠤ᠂ ︽ᠮᠡᠷᠭᠡᠵᠢᠯ ᠤᠨ ᠨᠡᠷᠡᠲᠦ ᠪᠠᠭᠰᠢ︾᠂ ︽ᠤᠷ᠎ᠠ ᠴᠢᠳᠠᠪᠤᠷᠢᠲᠤ ᠤᠷᠠᠨ ᠳᠠᠷᠬᠠᠨ︾᠂ | ︽ᠰᠢᠯᠢᠳᠡᠭ ᠬᠠᠮᠢᠶᠠᠷᠤᠯᠲᠠ ᠶᠢᠨ ᠴᠢᠳᠠᠪᠤᠷᠢᠲᠠᠨ︾ ᠢ ᠣᠷᠣᠭᠤᠯᠤᠨ ᠠᠪᠴᠢᠷᠠᠬᠤ ᠲᠥᠯᠥᠪᠯᠡᠭᠡ ᠶᠢ ᠬᠡᠷᠡᠭᠵᠢᠭᠦᠯᠵᠦ᠂ | ︽ᠲᠠᠶᠢᠯᠤᠮᠵᠢ ᠬᠢᠬᠦ ᠫᠷᠤᠹᠧᠰᠰᠤᠷ︾ ᠤᠨ ᠠᠵᠢᠯ ᠤᠨ ᠪᠠᠶᠢᠷᠢ ᠶᠢ ᠲᠤᠬᠢᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ | ᠴᠢᠳᠠᠪᠤᠷᠢᠲᠠᠨ ᠢ ᠴᠤᠭᠯᠠᠭᠤᠯᠪᠠ︔ ᠤᠯᠤᠰ ᠤᠨ ᠲᠠᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠤᠰ | ᠬᠢᠷᠢ ᠬᠡᠮᠲᠦ︾ ᠪᠠᠭᠰᠢ ᠶᠢ ᠬᠥᠮᠦᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠰᠠᠶᠢᠲᠤᠷ ᠪᠠᠶᠢᠭᠤᠯᠵᠤ᠂ ᠠᠵᠢᠯ ᠳᠤ | ᠪᠠᠶᠢᠭ᠎ᠠ ᠪᠠᠭᠰᠢ ᠶᠢᠨ ︽ᠰᠤᠷᠤᠯᠭ᠎ᠠ ᠶᠢᠨ ᠨᠠᠮᠲᠠᠷ ᠪᠠ ᠴᠢᠳᠠᠪᠤᠷᠢ ᠶᠢᠨ ᠬᠤᠤᠰ ᠳᠡᠭᠡᠭᠰᠢᠯᠡᠯᠲᠡ︾ ᠶᠢ ᠠᠬᠢᠭᠤᠯᠪᠠ᠃ | ᠲᠠᠪᠤ ᠳᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠮᠳᠠ᠂ ᠳᠡᠭᠡᠳᠦ᠂ ᠦᠨᠳᠦᠰᠦᠨ ᠠᠩᠭᠢ ᠶᠢᠨ ᠡᠯ᠎ᠡ | ᠲᠠᠰ ᠲᠤ ᠬᠠᠨᠳᠤᠭᠤᠯᠤᠭᠰᠠᠨ ︽ᠱᠧᠨᠵᠧᠨ ᠤ ᠬᠡᠯᠡᠯᠴᠡᠭᠡᠷ︾ ᠤᠨ ᠲᠤᠰᠬᠠᠶ ᠮᠡᠷᠭᠡᠵᠢᠯ ᠤᠨ ᠭᠡᠷᠡᠴᠢᠯᠡᠭᠡ ᠶᠢᠨ | ᠳᠣᠭᠲᠠᠯᠴᠠᠭ᠎ᠠ ᠶᠢ ᠰᠤᠳᠤᠯᠤᠨ ᠲᠣᠭᠲᠠᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠠᠵᠢᠭᠰᠠᠨ ᠡᠬᠢ | ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠬᠤᠪᠢᠶᠠᠯᠴᠠᠨ ᠡᠳ᠋ᠯᠡᠬᠦ ᠳᠤ ᠰᠠᠭᠤᠷᠢᠯᠠᠭᠰᠠᠨ ᠴᠢᠨᠠᠷᠯᠢᠭ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ᠂ ᠤᠷ᠎ᠠ ᠴᠢᠳᠠᠪᠤᠷᠢ ᠶᠢᠨ ᠪᠢᠴᠢᠯ ᠦᠨᠡᠮᠯᠡᠯ᠂ ᠣᠯᠠᠨ | ᠤᠯᠤᠰ ᠤᠨ ᠬᠢᠴᠢᠶᠡᠯ ᠤᠨ ᠰᠤᠷᠤᠯᠭ᠎ᠠ ᠶᠢᠨ ᠬᠤᠪᠢ ᠶᠢ ᠲᠡᠯᠭᠡᠷᠡᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠣᠯᠠᠨ ᠤᠯᠤᠰ ᠤᠨ ᠭᠡᠷᠡᠴᠢᠯᠡᠭᠡ ᠶᠢᠨ ᠳᠣᠭᠲᠠᠯᠴᠠᠭᠠᠨ ᠤ ︽ᠳᠤᠮᠳᠠᠳᠤ ᠤᠯᠤᠰ ᠤᠨ ᠲᠥᠰᠦᠯ︾ ᠢ | ᠪᠠᠶᠢᠭᠤᠯᠪᠠ᠃ ᠵᠢᠷᠭᠤᠭ᠎ᠠ ᠳᠤ᠂ ᠥᠨᠳᠥᠷ ᠬᠢᠷᠢ ᠲᠦᠪᠰᠢᠨᠲᠦ ᠨᠡᠶᠢᠭᠡᠮ ᠤᠨ ᠦᠢᠯᠡᠴᠢᠯᠡᠭᠡᠨ ᠤ ᠳᠣᠭᠲᠠᠯᠴᠠᠭ᠎ᠠ ᠶᠢ | ᠪᠠᠶᠢᠭᠤᠯᠵᠤ᠂ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠴᠢᠳᠠᠪᠤᠷᠢ ᠶᠢᠨ ᠪᠣᠯᠪᠠᠰᠤᠷᠠᠭᠤᠯᠤᠯ ᠤᠨ | ᠲᠥᠪ︾᠂ ︽ᠰᠢᠨ᠎ᠡ ᠮᠡᠷᠭᠡᠵᠢᠯ ᠰᠢᠨ᠎ᠡ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠪ︾᠂ ︽ᠨᠡᠶᠢᠭᠡᠮ | ᠲᠣᠭᠤᠷᠢᠭ ᠤᠨ ᠰᠤᠷᠤᠯᠴᠠᠯᠭ᠎ᠠ ᠶᠢᠨ ᠲᠥᠪ︾ ᠵᠡᠷᠭᠡ ᠶᠢ ᠪᠠᠶᠢᠭᠤᠯᠵᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ | ᠥᠨᠳᠥᠷ ᠬᠢᠷᠢ ᠲᠦᠪᠰᠢᠨᠲᠦ ᠮᠡᠷᠭᠡᠵᠢᠯ ᠢ ᠰᠤᠳᠤᠯᠤᠨ ᠨᠡᠭᠡᠭᠡᠵᠦ ᠤᠯᠠᠷᠢᠭᠤᠯᠬᠤ ᠪᠠ ᠪᠣᠯᠪᠠᠰᠤᠷᠠᠭᠤᠯᠬᠤ | ᠦᠢᠯᠡᠴᠢᠯᠡᠭᠡ ᠶᠢ ᠥᠷᠨᠢᠭᠦᠯᠪᠡ᠃ ᠳᠣᠯᠤᠭ᠎ᠠ ᠳᠤ᠂ ᠰᠤᠷᠭᠠᠭᠤᠯᠢ ᠶᠢᠨ ᠲᠣᠭᠠᠵᠢᠭᠰᠠᠨ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠦᠨᠡᠯᠡᠯᠲᠡ ᠶᠢᠨ ᠠᠷᠭ᠎ᠠ | ᠬᠡᠯᠪᠡᠷᠢ ᠶᠢᠨ ᠥᠭᠡᠷᠡᠴᠢᠯᠡᠯᠲᠡ ᠶᠢ ᠠᠬᠢᠭᠤᠯᠵᠤ᠂ ᠨᠡᠪᠴᠢᠭᠦᠯᠬᠦ ᠮᠠᠶ᠋ᠢᠭ ᠤᠨ᠂ ᠣᠶᠤᠨᠴᠢᠯᠠᠭᠰᠠᠨ ᠳᠠᠳᠤᠯᠭ᠎ᠠ | ᠪᠣᠯᠪᠠᠰᠤᠷᠠᠯ ᠤᠨ ᠳᠣᠭᠲᠠᠯᠴᠠᠭ᠎ᠠ ᠶᠢ ᠪᠠᠶᠢᠭᠤᠯᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ︽ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠣᠭᠠᠵᠢᠭᠤᠯᠤᠯᠲᠠ︾ ᠭᠡᠬᠦ ᠪᠠᠭᠰᠢ ᠶᠢᠨ ᠲᠤᠰᠢᠶᠠᠯ ᠤᠨ ᠲᠥᠰᠦᠯ ᠢ ᠰᠠᠶᠢᠲᠤᠷ ᠪᠠᠶᠢᠭᠤᠯᠵᠤ᠂ ᠪᠥᠬᠦ | ᠪᠥᠮᠪᠥᠷᠴᠡᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠲᠣᠭᠠᠵᠢᠭᠤᠯᠤᠯᠲᠠ ᠲᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠬᠥᠲᠥᠯᠥᠨ ᠳᠠᠭᠠᠭᠤᠯᠪᠠ᠃ | | |