ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨᠤ ᠪᠢᠴᠢᠭ ᠮᠠᠲ᠋ᠧᠷᠢᠶᠠᠯ | | | ᠥᠪᠥᠷ ᠵᠠᠰᠠᠭ ᠲᠠᠷᠬᠠᠭᠠᠭᠰᠠᠨ ﹇2023﹈ 5 ᠳ᠋ᠤᠭᠠᠷ ᠲᠣᠭᠠᠲᠤ | | | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ 2023 ᠣᠨ ᠳᠤ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ | ᠲᠣᠭᠲᠠᠪᠠ᠃ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ | ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2022﹈ | 22 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠲᠠᠪᠤᠳᠤᠭᠠᠷ ᠤᠳᠠᠭᠠᠨ ᠤ ᠪᠥᠬᠦ | ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠦᠬᠦᠢ ᠤᠴᠢᠷ ᠢ | ᠳᠣᠣᠷᠠᠬᠢ ᠮᠡᠲᠦ ᠮᠡᠳᠡᠭᠳᠡᠪᠡ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ | ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠂ | ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠣᠨᠣᠪᠴᠢᠲᠠᠶ ᠪᠠᠶᠢᠬᠤ ᠶᠢ ᠪᠠᠲᠤᠯᠠᠨ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ | ᠪᠤᠰᠤᠳᠴᠢ ᠪᠠᠷ ᠲᠤᠰᠬᠠᠬᠤ ᠬᠡᠷᠡᠭᠲᠡᠢ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠲᠠᠯ᠎ᠠ ᠪᠠᠷ ᠬᠢ ᠨᠢᠭᠡᠨ | ᠴᠢᠬᠤᠯᠠ ᠶᠡᠭᠡ ᠪᠠᠶᠢᠴᠠᠭᠠᠯᠲᠠ ᠪᠣᠯᠣᠨ᠎ᠠ᠂ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠠᠩᠬ᠎ᠠ ᠤᠳᠠᠭ᠎ᠠ | ᠨᠢᠭᠡᠳᠦᠯᠲᠡᠢ ᠲᠥᠯᠥᠪᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠠᠵᠤ ᠦᠢᠯᠡᠰ ᠪᠣᠯᠣᠨ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠯᠠᠭᠤᠯᠤᠯᠲᠠ ᠪᠠ ᠦᠷ᠎ᠡ ᠠᠰᠢᠭ ᠢ ᠪᠦᠬᠦ | ᠲᠠᠯ᠎ᠠ ᠪᠠᠷ ᠪᠠᠶᠢᠴᠠᠭᠠᠵᠤ᠂ ᠡᠯ᠎ᠡ ᠲᠥᠷᠥᠯ ᠤᠨ ᠨᠢᠭᠡᠴᠢ ᠶᠢᠨ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠨ᠂ | ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠤᠨ ᠬᠤᠭᠤᠷᠣᠨᠳᠣᠬᠢ ᠠᠵᠤ ᠠᠬᠤᠢ ᠶᠢᠨ ᠬᠠᠷᠢᠯᠴᠠᠭ᠎ᠠ | ᠬᠤᠯᠪᠣᠭ᠎ᠠ ᠶᠢ ᠡᠵᠡᠮᠰᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠶᠢᠨ ᠲᠣᠭᠲᠠᠯᠴᠠᠭ᠎ᠠ ᠶᠢ | ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠂ ᠤᠯᠠᠨ | ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠰᠢᠨ᠎ᠡ ᠠᠬᠢᠴᠠ ᠶᠢ | ᠪᠤᠰᠤᠳᠴᠢ ᠪᠠᠷ ᠲᠤᠰᠬᠠᠨ᠎ᠠ᠃ ᠨᠡᠶᠢᠳᠡᠮ ᠪᠠᠶᠢᠴᠠᠭᠠᠯᠲᠠ ᠪᠠᠷ ᠳᠠᠮᠵᠢᠨ᠂ ᠲᠤᠭ᠎ᠠ ᠪᠦᠷᠢᠳᠬᠡᠯ ᠤᠨ ᠰᠠᠭᠤᠷᠢ ᠶᠢ | ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ | ᠠᠬᠢᠭᠤᠯᠤᠨ᠂ ᠬᠤᠷᠸ᠎ᠠ ᠠᠵᠤ ᠠᠬᠤᠢ ᠶᠢᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ᠂ ᠤᠷᠲᠤᠪᠲᠤᠷ ᠪᠠ | ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨᠵᠢᠯᠡᠬᠦ | ᠤᠬᠠᠭᠠᠨᠴᠢ ᠪᠥᠭᠡᠳ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ | ᠬᠤᠶᠠᠷ᠂ ᠨᠡᠶᠢᠳᠡᠮ ᠪᠠᠶᠢᠴᠠᠭᠠᠭᠳᠠᠭᠴᠢ ᠪᠣᠯᠣᠨ ᠬᠡᠪᠴᠢᠶ᠎ᠡ | ᠨᠡᠶᠢᠳᠡᠮ ᠪᠠᠶᠢᠴᠠᠭᠠᠭᠳᠠᠭᠴᠢ ᠪᠣᠯ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠬᠤᠶᠠᠳᠤᠭᠠᠷ ᠠᠵᠤ | ᠦᠢᠯᠡᠰ ᠪᠣᠯᠣᠨ ᠭᠤᠷᠪᠠᠳᠤᠭᠠᠷ ᠠᠵᠤ ᠦᠢᠯᠡᠰ ᠡᠷᠬᠢᠯᠡᠵᠦ ᠪᠠᠶᠢᠭ᠎ᠠ ᠪᠣᠢ ᠪᠦᠬᠦᠢ ᠬᠠᠤᠯᠢ ᠶᠢᠨ ᠡᠲᠡᠭᠡᠳ ᠨᠢᠭᠡᠴᠢ᠂ | ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠢ ᠪᠣᠯᠣᠨ ᠬᠤᠪᠢ ᠶᠢᠨ ᠡᠵᠡᠩᠨᠡᠯᠲᠡ ᠶᠢᠨ ᠡᠷᠦᠬᠡ ᠪᠣᠯᠣᠨ᠎ᠠ᠃ ᠪᠣᠳᠠᠲᠠᠢ | ᠬᠡᠪᠴᠢᠶᠡᠨ ᠳᠤ᠄ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ | ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ | ᠪᠠ ᠰᠢᠤᠳᠠᠨ ᠤ ᠦᠢᠯᠡᠰ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠮᠡᠳᠡᠭᠡ ᠵᠠᠩᠭᠢ ᠶᠢᠨ | ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ | ᠭᠦᠢᠯᠭᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠦᠢᠯᠡᠴᠢᠯᠡᠭᠡᠨ ᠤ | ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ | ᠬᠠᠮᠢᠶᠠᠷᠤᠯᠲᠠ ᠶᠢᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠬᠤ ᠪᠠ ᠪᠤᠰᠤᠳ | ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ | ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠤᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ | ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠪᠠᠭᠲᠠᠨ᠎ᠠ᠃ | ᠭᠤᠷᠪᠠ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠪᠠ ᠴᠠᠭ | ᠨᠡᠶᠢᠳᠡᠮ ᠪᠠᠶᠢᠴᠠᠭᠠᠯᠲᠠ ᠶᠢᠨ ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠭᠳᠠᠭᠴᠢ ᠶᠢᠨ ᠦᠨᠳᠦᠰᠦᠨ ᠪᠠᠶᠢᠳᠠᠯ᠂ | ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ | ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ᠂ | ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠴᠢᠯᠠᠬᠤ ᠪᠠᠶᠢᠭᠤᠯᠤᠯᠲᠠ ᠪᠠ ᠡᠯᠧᠺᠳ᠋ᠷᠣᠨ ᠬᠤᠳᠠᠯᠳᠤᠭᠠᠨ ᠤ | ᠶᠠᠪᠤᠳᠠᠯ ᠤᠨ ᠠᠷᠠᠯᠵᠢᠶᠠᠨ ᠤ ᠪᠠᠶᠢᠳᠠᠯ ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ | ᠬᠠᠨᠳᠤᠰᠢ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠷᠢᠯᠳᠦᠴᠡ ᠶᠢᠨ ᠪᠠᠶᠢᠳᠠᠯ ᠵᠡᠷᠭᠡ | ᠪᠠᠭᠲᠠᠨ᠎ᠠ᠃ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠪᠣᠯᠭᠠᠬᠤ ᠴᠠᠭ ᠪᠣᠯ 2023 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠣᠨ᠎ᠠ᠂ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠳᠠᠬᠢ | ᠣᠨ ᠤ ᠮᠠᠲ᠋ᠧᠷᠢᠶᠠᠯ ᠪᠣᠯᠣᠨ᠎ᠠ᠃ | ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠬᠤ | ᠠᠭᠤᠯᠭ᠎ᠠ ᠣᠯᠠᠰᠢᠷᠠᠵᠤ᠂ ᠮᠡᠷᠭᠡᠵᠢᠯ ᠤᠨ ᠱᠠᠭᠠᠷᠳᠠᠯᠭ᠎ᠠ ᠥᠨᠳᠥᠷᠳᠡᠨ᠂ ᠠᠵᠢᠯ ᠤᠨ ᠬᠦᠴᠢᠷᠳᠡᠯ ᠨᠡᠮᠡᠭᠳᠡᠵᠦ ᠪᠠᠶᠢᠭ᠎ᠠ | ᠪᠣᠯᠬᠤᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠨ᠂ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠭᠤᠣᠯᠳᠠᠯᠭ᠎ᠠ ᠪᠠᠨ ᠲᠣᠪᠤᠶᠢᠯᠭᠠᠨ᠂ ᠠᠷᠭ᠎ᠠ | ᠠᠪᠴᠠᠯ ᠳᠤ ᠪᠠᠨ ᠰᠢᠨ᠎ᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ | ᠪᠠᠶᠢᠭᠤᠯᠤᠨ ᠬᠡᠷᠡᠭᠵᠢᠭᠦᠯᠬᠦ ᠠᠵᠢᠯ ᠢᠶᠠᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ | ᠨᠡᠶᠢᠳᠡᠮ ᠪᠠᠶᠢᠴᠠᠭᠠᠯᠲᠠ ᠶᠢᠨ ᠠᠵᠢᠯ ᠳᠠᠬᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ︵ᠪᠣᠳᠠᠲᠠᠢ ᠪᠠᠶᠢᠳᠠᠯ ᠢ ᠠᠰᠲᠠᠭᠠᠨ ᠮᠡᠳᠡᠭᠳᠡᠨ᠎ᠡ︶ ᠶᠢ | ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠳᠤᠮᠳᠠᠬᠢ ᠴᠢᠬᠤᠯᠠ ᠶᠡᠭᠡ | ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠢ ᠬᠠᠷᠢᠭᠤᠴᠠᠨ᠎ᠠ᠃ ᠥᠪᠡᠷᠲᠡᠭᠡᠨ | ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠨᠢ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠨ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ | ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠥᠷᠨᠢᠬᠦ ᠶᠢ ᠬᠦᠴᠦ ᠪᠠᠨ ᠬᠠᠮᠲᠤᠳᠬᠠᠨ | ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠦᠬᠦ ᠣᠷᠣᠨ ᠤ | ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ | ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ ᠵᠦᠢᠯᠡᠰ ᠤᠳ ᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠲᠤᠭ᠎ᠠ | ᠪᠠᠷᠢᠮᠲᠠ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠥᠪ ᠠᠴᠠ | ᠬᠠᠷᠢᠭᠤᠴᠠᠨ ᠵᠣᠬᠢᠴᠠᠭᠤᠯᠤᠨ᠎ᠠ︔ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ | ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠠᠴᠠ ᠬᠠᠷᠢᠭᠤᠴᠠᠨ ᠵᠣᠬᠢᠴᠠᠭᠤᠯᠤᠨ᠎ᠠ︔ ᠠᠵᠤ ᠠᠬᠤᠶᠢᠯᠠᠯ ᠪᠣᠯᠣᠨ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠰ ᠤᠨ ᠵᠢᠭᠰᠠᠭᠠᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠵᠣᠬᠢᠴᠠᠭᠤᠯᠤᠨ᠎ᠠ︔ ᠪᠠᠶᠢᠭᠤᠯᠭ᠎ᠠ ᠪᠣᠯᠣᠨ | ᠠᠵᠢᠯ ᠦᠢᠯᠡᠰ ᠤᠨ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ | ᠬᠠᠷᠢᠭᠤᠴᠠᠨ ᠵᠣᠬᠢᠴᠠᠭᠤᠯᠤᠨ᠎ᠠ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠢᠴᠢ ᠦᠨᠳᠦᠰᠦᠨ ᠱᠠᠲᠤᠨ ᠤ ᠦᠪᠡᠰᠦᠪᠡᠨ ᠵᠠᠰᠠᠬᠤ ᠵᠣᠬᠢᠶᠠᠨ | ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠨᠡᠶᠢᠭᠡᠮ ᠤᠨ ᠢᠲᠡᠭᠡᠮᠵᠢ | ᠶᠢᠨ ᠨᠢᠭᠡᠳᠦᠯᠲᠡᠢ ᠣᠷᠣᠯᠠᠬᠤ ᠲᠡᠮᠳᠡᠭ ᠤᠨ ᠮᠡᠳᠡᠭᠡ ᠵᠠᠩᠭᠢ ᠶᠢ ᠬᠠᠮᠲᠤ ᠳᠤ ᠪᠠᠨ ᠭᠦᠷᠲᠡᠭᠦ ᠲᠠᠯ᠎ᠠ ᠳᠤ ᠬᠤᠯᠪᠣᠭᠳᠠᠬᠤ | ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠬᠠᠷᠢᠭᠤᠴᠠᠨ ᠵᠣᠬᠢᠴᠠᠭᠤᠯᠤᠨ᠎ᠠ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠲᠣᠣᠷᠯᠢᠭᠵᠢᠭᠤᠯᠤᠭᠰᠠᠨ | ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠵᠣᠬᠢᠴᠠᠭᠤᠯᠤᠨ᠎ᠠ︔ ᠪᠠᠩᠬᠢ᠂ | ᠲᠡᠮᠳᠡᠭᠲᠦ᠂ ᠳᠠᠭᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠵᠢᠴᠢ ᠬᠤᠯᠪᠣᠭᠳᠠᠯ ᠪᠦᠬᠦᠢ | ᠲᠠᠯ᠎ᠠ ᠶᠢᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰ ᠰᠢᠰᠲ᠋ᠧᠮ ᠤᠨ ᠢᠶᠠᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ︔ ᠬᠥᠬᠡᠬᠤᠲᠠ | ᠪᠣᠭᠤᠮᠲᠠ᠂ ᠮᠠᠨᠵᠤᠤᠷ ᠪᠣᠭᠤᠮᠲᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠳᠠᠬᠢ ᠭᠠᠳᠠᠭᠠᠳᠤ ᠠᠴᠠ | ᠣᠷᠣᠭᠤᠯᠤᠭᠰᠠᠨ ᠪᠠᠷᠠᠭ᠎ᠠ ᠶᠢᠨ ᠬᠡᠷᠡᠭᠯᠡᠬᠦ ᠬᠠᠨᠳᠤᠰᠢ ᠶᠢ ᠪᠠᠶᠢᠴᠠᠭᠠᠬᠤ ᠡᠭᠦᠷᠭᠡ ᠶᠢ ᠬᠠᠷᠢᠭᠤᠴᠠᠵᠤ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠨᠢ ᠮᠡᠳᠡᠭᠡ | ᠵᠠᠩᠭᠢ ᠶᠢ ᠬᠠᠮᠲᠤ ᠳᠤ ᠪᠠᠨ ᠬᠦᠷᠲᠡᠬᠦ ᠪᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠯ ᠪᠦᠬᠦᠢ | ᠰᠠᠭᠤᠷᠢ ᠮᠠᠲ᠋ᠧᠷᠢᠶᠠᠯ ᠢ ᠡᠵᠡᠮᠰᠢᠵᠦ ᠪᠠᠶᠢᠭ᠎ᠠ ᠡᠯ᠎ᠡ ᠱᠠᠲᠤᠨ ᠤ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠲᠡᠮᠳᠡᠭᠯᠡᠯ ᠪᠣᠯᠣᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠣᠨᠣᠪᠴᠢᠲᠠᠶ | ᠬᠠᠩᠭᠠᠬᠤ ᠬᠡᠷᠡᠭᠲᠡᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ | ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠴᠤ ᠬᠠᠷᠠᠭᠠᠯᠵᠠᠭᠰᠠᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠪᠠᠨ | ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠵᠤ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤ ᠨᠢ | ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠪᠣᠯᠣᠨ ᠰᠠᠭᠤᠭᠠᠯᠢ ᠠᠷᠠᠳ ᠤᠨ ᠵᠥᠪᠯᠡᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠰᠠᠷ ᠪᠠᠶᠢᠰᠢᠩ ᠤᠨ | ᠠᠳᠠᠯ ᠠᠬᠤᠢ ᠪᠣᠯᠣᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠢ ᠭᠦᠢᠴᠡᠳ ᠠᠰᠢᠭᠯᠠᠵᠤ᠂ | ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠨᠡᠶᠢᠳᠡᠮ ᠪᠠᠶᠢᠴᠠᠭᠠᠯᠲᠠ ᠶᠢᠨ | ᠠᠵᠢᠯ ᠳᠤ ᠢᠳᠡᠪᠬᠢᠲᠡᠢ ᠣᠷᠣᠯᠴᠠᠭᠤᠯᠵᠤ ᠬᠢᠨᠠᠮᠠᠭᠠᠢ ᠬᠠᠮᠵᠢᠯᠴᠠᠭᠤᠯᠵᠤ ᠪᠠᠶᠢᠭᠠᠳ ᠰᠠᠶᠢᠲᠤᠷ ᠬᠢᠬᠦ | ᠬᠡᠷᠡᠭᠲᠡᠢ᠃ ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠨᠥᠬᠦᠴᠡᠯ ᠳᠤ ᠨᠡᠶᠢᠴᠡᠬᠦ ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠭᠴᠢ ᠪᠣᠯᠣᠨ ᠨᠡᠶᠢᠳᠡᠮ | ᠪᠠᠶᠢᠴᠠᠭᠠᠭᠴᠢ ᠶᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠢ ᠠᠴᠠ ᠵᠥᠪᠳᠡᠨ ᠰᠢᠯᠵᠢᠭᠦᠯᠵᠦ᠂ ᠤᠷᠢᠨ | ᠬᠡᠷᠡᠭᠯᠡᠭᠰᠡᠨ ᠠᠵᠢᠯᠲᠠᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤ ᠨᠢ ᠥᠭᠴᠦ᠂ | ᠵᠥᠪᠳᠡᠯᠴᠡᠨ ᠰᠢᠯᠵᠢᠭᠦᠯᠦᠭᠰᠡᠨ ᠠᠵᠢᠯᠲᠠᠨ ᠤ ᠤᠤᠯ ᠤᠨ ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ | ᠣᠯᠭᠤᠮᠵᠢ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ | ᠢᠳᠡᠪᠬᠢᠲᠡᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠬᠡᠪ ᠴᠢᠨᠠᠷ ᠢ | ᠳᠡᠭᠡᠭᠰᠢᠯᠡᠭᠦᠯᠬᠦ ᠶᠢᠨ ᠬᠠᠮᠲᠤ᠂ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ | ᠵᠠᠷᠤᠳᠠᠯ ᠢ᠂ ᠣᠳᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠤᠨ ᠵᠠᠮ ᠮᠥᠷ ᠢᠶᠠᠷ ᠲᠥᠪ ᠤᠨ ᠪᠠ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤ ᠪᠠᠷ ᠳᠠᠭᠠᠭᠠᠨ ᠡᠭᠦᠷᠭᠡᠯᠡᠵᠦ᠂ | ᠵᠣᠬᠢᠬᠤ ᠣᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠤᠨ᠂ ᠴᠠᠭ ᠲᠤᠬᠠᠢ ᠳᠤ ᠨᠢ ᠰᠠᠯᠭᠠᠨ ᠥᠭᠴᠦ᠂ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠥᠷᠨᠢᠬᠦ ᠶᠢ | ᠪᠠᠲᠤᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ | ᠢᠯᠠᠩᠭᠤᠶ᠎ᠠ ᠡᠳ᠋ ᠤᠨ ᠵᠠᠰᠠᠭ ᠤᠨ ᠲᠠᠯ᠎ᠠ ᠪᠠᠷ ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠡᠶᠢᠳᠡᠮ | ᠪᠠᠶᠢᠴᠠᠭᠠᠯᠲᠠ ᠶᠢᠨ ᠵᠠᠷᠤᠳᠠᠯ ᠢ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ | ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠬᠠᠮᠢᠶᠠᠷᠤᠯᠲᠠ ᠪᠠᠨ ᠴᠢᠩᠭᠠᠳᠬᠠᠨ᠂ ᠠᠷᠪᠢᠯᠠᠨ ᠭᠠᠮᠨᠠᠵᠤ᠂ | ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠨ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠬᠡᠷᠡᠭᠯᠡᠯᠲᠡ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠯᠲᠠ ᠬᠢᠬᠦ ᠶᠢ ᠪᠠᠷᠢᠮᠲᠠᠯᠠᠬᠤ ᠬᠡᠷᠡᠭᠲᠡᠢ᠃ ᠨᠡᠶᠢᠳᠡᠮ | ᠪᠠᠶᠢᠴᠠᠭᠠᠯᠲᠠ ᠶᠢᠨ ᠠᠵᠢᠯᠲᠠᠨ ᠪᠣᠯᠣᠨ ᠨᠡᠶᠢᠳᠡᠮ ᠪᠠᠶᠢᠴᠠᠭᠠᠭᠳᠠᠭᠴᠢ ᠪᠦᠬᠦᠨ ᠡᠷᠬᠡᠪᠰᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ ᠬᠡᠷᠡᠭᠵᠢᠭᠦᠯᠬᠦ ᠳᠦᠷᠢᠮ︾ ︽ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠳᠡᠮ | ᠪᠠᠶᠢᠴᠠᠭᠠᠯᠲᠠ ᠶᠢᠨ ᠬᠦᠰᠦᠨᠦᠭᠲᠦ ᠶᠢ ᠴᠠᠭ ᠲᠤ ᠪᠠᠨ᠂ ᠦᠨᠡᠨ ᠪᠣᠳᠠᠲᠠᠢ ᠪᠠᠷ ᠲᠠᠭᠯᠠᠨ ᠮᠡᠳᠡᠭᠦᠯᠬᠦ ᠬᠡᠷᠡᠭᠲᠡᠢ᠃ ᠶᠠᠮᠠᠷᠪᠠ | ᠨᠢᠭᠡᠴᠢ ᠪᠠ ᠬᠤᠪᠢ ᠬᠥᠮᠥᠨ ᠭᠡᠳ ᠬᠤᠳᠠᠯ ᠢᠶᠠᠷ ᠮᠡᠳᠡᠭᠦᠯᠬᠦ᠂ ᠨᠢᠭᠤᠵᠤ ᠥᠯᠥ ᠮᠡᠳᠡᠭᠦᠯᠬᠦ᠂ ᠮᠡᠳᠡᠭᠦᠯᠬᠦ ᠶᠢ | ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠬᠠᠭᠤᠷᠮᠠᠭ ᠢᠶᠠᠷ ᠵᠣᠬᠢᠶᠠᠵᠤ᠂ ᠥᠭᠡᠷᠡᠲᠦᠭᠦᠯᠦᠨ ᠭᠠᠵᠢᠭᠤᠳᠠᠭᠤᠯᠵᠤ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠳᠤ | ᠣᠯᠣᠭᠰᠠᠨ ᠨᠢᠭᠡᠴᠢ ᠪᠠ ᠬᠤᠪᠢ ᠬᠥᠮᠥᠨ ᠤ ᠮᠠᠲ᠋ᠧᠷᠢᠶᠠᠯ ᠢ ᠨᠡᠶᠢᠳᠡᠮ ᠪᠠᠶᠢᠴᠠᠭᠠᠯᠲᠠ ᠳᠤ ᠬᠡᠷᠡᠭᠯᠡᠬᠦ ᠵᠣᠷᠢᠯᠭ᠎ᠠ ᠪᠠᠷ | ᠴᠢᠩᠭ᠎ᠠ ᠬᠢᠵᠠᠭᠠᠷᠯᠠᠨ᠂ ᠶᠠᠮᠠᠷᠪᠠ ᠨᠢᠭᠡᠴᠢ ᠠᠴᠠ ᠨᠡᠶᠢᠳᠡᠮ ᠪᠠᠶᠢᠴᠠᠭᠠᠭᠳᠠᠭᠴᠢ ᠶᠢ ᠱᠠᠩᠨᠠᠵᠤ ᠲᠣᠷᠭᠠᠬᠤ ᠶᠢᠨ | ᠦᠨᠳᠦᠰᠦᠯᠡᠯ ᠪᠣᠯᠭᠠᠵᠤ ᠪᠣᠯᠬᠤ ᠦᠭᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ | ᠠᠵᠢᠯᠲᠠᠳ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠣᠯᠣᠨ ᠨᠡᠶᠢᠳᠡᠮ | ᠪᠠᠶᠢᠴᠠᠭᠠᠭᠳᠠᠭᠴᠢ ᠶᠢᠨ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ | ᠬᠠᠮᠠᠭᠠᠯᠠᠬᠤ ᠡᠭᠦᠷᠭᠡ ᠪᠠᠨ ᠡᠷᠬᠡᠪᠰᠢ ᠴᠢᠩᠭ᠎ᠠ ᠭᠦᠢᠴᠡᠳᠬᠡᠬᠦ ᠬᠡᠷᠡᠭᠲᠡᠢ︔ ᠶᠠᠮᠠᠷᠪᠠ ᠨᠢᠭᠡᠴᠢ ᠪᠠ ᠬᠤᠪᠢ ᠬᠥᠮᠥᠨ | ᠭᠡᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠵᠥᠪᠰᠢᠶᠡᠷᠡᠭᠦᠯᠦᠭᠰᠡᠨ ᠦᠭᠡᠢ ᠪᠠᠷ ᠭᠠᠳᠠᠭᠰᠢ ᠨᠡᠶᠢᠲᠡᠯᠡᠵᠦ | ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ | ᠵᠡᠷᠭᠡ ᠦᠢᠯᠡ ᠠᠵᠢᠯᠯᠠᠭ᠎ᠠ ᠶᠢ ᠰᠠᠬᠢᠯᠭ᠎ᠠ ᠪᠠᠲᠤ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠨᠡᠪᠲᠡᠷᠡᠭᠦᠯᠦᠨ | ᠮᠡᠳᠡᠭᠡᠯᠡᠵᠦ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ︵ᠬᠤᠶᠠᠷ︶ ᠲᠤᠭ᠎ᠠ ᠪᠠᠷᠢᠮᠲᠠ ᠶᠢᠨ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠲᠤᠭ᠎ᠠ ᠪᠠᠷᠢᠮᠲᠠ ᠶᠢᠨ | ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ | ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠠᠵᠢᠯ | ᠶᠠᠪᠤᠳᠠᠯ ᠤᠨ ᠡᠮᠦᠨᠡᠬᠢ᠂ ᠳᠤᠮᠳᠠᠬᠢ ᠪᠠ ᠳᠠᠷᠠᠭᠠᠬᠢ ᠶᠢᠨ ᠲᠤᠭ᠎ᠠ ᠪᠠᠷᠢᠮᠲᠠ ᠶᠢᠨ ᠴᠢᠨᠠᠷ ᠢ ᠪᠠᠶᠢᠴᠠᠭᠠᠵᠤ | ᠬᠠᠷᠭᠤᠭᠤᠯᠬᠤ ᠪᠠᠨ ᠴᠢᠩᠭᠠᠳᠬᠠᠨ᠂ ᠲᠤᠭ᠎ᠠ ᠪᠦᠷᠢᠳᠬᠡᠯ ᠳᠤ ᠬᠠᠭᠤᠷᠮᠠᠭ ᠶᠠᠭᠤᠮ᠎ᠠ ᠵᠣᠬᠢᠶᠠᠬᠤ᠂ ᠬᠤᠳᠠᠯ ᠬᠡᠯᠡᠵᠦ | ᠬᠤᠯᠤ ᠲᠠᠷᠢᠬᠤ ᠶᠢ ᠦᠨᠡᠨ ᠬᠦ ᠰᠡᠷᠭᠡᠶᠢᠯᠡᠬᠦ ᠪᠠ ᠶᠠᠯᠠᠯᠠᠨ ᠰᠢᠢᠳᠬᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠴᠢᠨᠠᠷ ᠢ ᠡᠵᠡᠮᠳᠡᠬᠦ ᠲᠣᠭᠲᠠᠯᠴᠠᠭ᠎ᠠ ᠪᠠ ᠠᠵᠢᠯ ᠤᠨ ᠪᠠᠶᠢᠷᠢ ᠶᠢᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ | ᠶᠠᠰᠤ ᠴᠢᠨᠠᠷ ᠢ ᠮᠦᠷᠳᠡᠨ ᠤᠬᠤᠴᠢᠯᠠᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ | ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ | ᠵᠣᠷᠢᠭᠤᠳᠠ ᠭᠠᠷ ᠳᠦᠷᠦᠵᠦ ᠬᠠᠷᠰᠢᠯᠠᠬᠤ ᠡᠯ᠎ᠡ ᠵᠦᠢᠯ ᠤᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ | ᠬᠡᠷᠡᠭᠲᠡᠢ᠃ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ | ᠴᠠᠭ ᠲᠤ ᠨᠢ ᠲᠣᠬᠢᠷᠠᠭᠤᠯᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠬᠤ ᠬᠡᠷᠡᠭᠲᠡᠢ᠃ | ︵ᠭᠤᠷᠪᠠ︶ ᠠᠷᠭ᠎ᠠ ᠠᠪᠴᠠᠯ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠬᠡᠷᠡᠭᠲᠡᠢ᠃ ᠰᠠᠯᠠᠭ᠎ᠠ ᠮᠥᠴᠢᠷ ᠤᠨ | ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠲᠷᠣᠨ ᠭᠡᠷᠡᠴᠢ ᠦᠨᠡᠮᠯᠡᠯ ᠤᠨ ᠮᠡᠳᠡᠭᠡ ᠵᠠᠩᠭᠢ | ᠵᠡᠷᠭᠡ ᠶᠢᠨ ᠨᠡᠶᠢᠳᠡᠮ ᠪᠠᠶᠢᠴᠠᠭᠠᠯᠲᠠ ᠳᠠᠬᠢ ᠬᠡᠷᠡᠭᠯᠡᠯᠲᠡ ᠶᠢ ᠠᠬᠢᠭᠤᠯᠤᠨ᠂ ᠰᠦᠯᠵᠢᠶ᠎ᠡ ᠪᠠᠷ ᠲᠠᠭᠯᠠᠨ ᠮᠡᠳᠡᠭᠦᠯᠬᠦ ᠪᠠ | ᠡᠯᠧᠺᠲᠷᠣᠨ ᠦᠵᠦᠭᠦᠷ ᠢᠶᠠᠷ ᠲᠤᠬᠠᠢ ᠶᠢᠨ ᠲᠠᠯᠠᠪᠤᠷ ᠲᠤ ᠨᠢ ᠲᠤᠭ᠎ᠠ ᠪᠠᠷᠢᠮᠲᠠ ᠴᠤᠭᠯᠠᠭᠤᠯᠬᠤ ᠶᠢ ᠬᠠᠷᠢᠯᠴᠠᠨ | ᠤᠶᠠᠯᠳᠤᠭᠤᠯᠬᠤ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠥᠷᠨᠢᠭᠦᠯᠵᠦ᠂ ᠮᠡᠳᠡᠭᠡ ᠵᠠᠩᠭᠢᠴᠢᠯᠠᠯᠲᠠ ᠶᠢᠨ ᠠᠷᠭ᠎ᠠ | ᠠᠪᠴᠠᠯ ᠢᠶᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠪᠦᠳᠣᠮᠵᠢ | ᠴᠢᠳᠠᠮᠵᠢ ᠶᠢ ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠬᠡᠷᠡᠭᠴᠡᠭᠡ ᠳᠤ ᠵᠣᠬᠢᠴᠠᠭᠤᠯᠤᠨ᠂ ᠰᠦᠯᠵᠢᠶ᠎ᠡ ᠪᠠᠷ ᠪᠠ ᠰᠦᠯᠵᠢᠶᠡᠨ ᠠᠴᠠ | ᠭᠠᠳᠠᠭᠤᠷᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ | ᠪᠠᠶᠢᠴᠠᠭᠠᠭᠳᠠᠭᠴᠢ ᠰᠦᠯᠵᠢᠶ᠎ᠡ ᠪᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠪᠡᠶ᠎ᠡ ᠪᠠᠨ | ᠳᠠᠭᠠᠭᠠᠵᠤ ᠮᠡᠳᠡᠭᠦᠯᠦᠨ ᠬᠦᠷᠭᠡᠬᠦ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ | ᠵᠢᠷᠤᠮᠵᠢᠯ ᠲᠠᠢ ᠪᠥᠭᠡᠳ ᠥᠨᠳᠥᠷ ᠪᠦᠲᠦᠮᠵᠢᠲᠡᠶ ᠠᠬᠢᠭᠤᠯᠤᠨ᠎ᠠ᠃ | ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ | ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ | ᠪᠠᠶᠢᠴᠠᠭᠠᠯᠲᠠ ᠶᠢᠨ ᠤᠬᠠᠭᠤᠯᠭ᠎ᠠ ᠶᠢ ᠤᠬᠠᠭᠠᠯᠠᠵᠤ ᠰᠡᠳᠦᠬᠦ ᠪᠠ ᠵᠣᠬᠢᠶᠠᠨ ᠪᠠᠶᠢᠭᠤᠯᠬᠤ ᠠᠵᠢᠯ ᠢᠶᠠᠨ ᠬᠢᠨᠠᠮᠠᠭᠠᠢ | ᠰᠠᠶᠢᠲᠤᠷ ᠬᠢᠬᠦ ᠬᠡᠷᠡᠭᠲᠡᠢ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠦᠢᠯᠡᠴᠢᠯᠡᠭᠡᠨ ᠤ ᠲᠠᠪᠴᠠᠩ ᠵᠡᠷᠭᠡ ᠤᠬᠠᠭᠤᠯᠭ᠎ᠠ ᠶᠢᠨ ᠠᠷᠭ᠎ᠠ ᠮᠥᠷ ᠤᠨ ᠦᠢᠯᠡᠳᠦᠯ ᠢ | ᠭᠦᠢᠴᠡᠳ ᠪᠠᠳᠠᠷᠠᠭᠤᠯᠤᠨ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠠ | ᠱᠠᠭᠠᠷᠳᠠᠯᠭ᠎ᠠ ᠶᠢ ᠥᠷᠭᠡᠨ ᠳᠡᠯᠭᠡᠷ ᠭᠦᠨᠵᠡᠭᠡᠢ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠳᠤ ᠴᠣᠯᠭᠤᠷᠠᠨ | ᠭᠠᠷᠤᠭᠰᠠᠨ ᠨᠡᠶᠢᠲᠡᠯᠢᠭ ᠦᠢᠯᠡ ᠶᠠᠪᠤᠳᠠᠯ ᠢ ᠤᠬᠠᠭᠤᠯᠤᠨ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ | ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠥᠷᠭᠡᠨ ᠣᠯᠠᠨ ᠨᠡᠶᠢᠳᠡᠮ | ᠪᠠᠶᠢᠴᠠᠭᠠᠭᠳᠠᠭᠴᠢ ᠶᠢ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠬᠤ ᠪᠠ ᠪᠦᠬᠦ | ᠨᠡᠶᠢᠭᠡᠮ ᠤᠨ ᠬᠢᠨ ᠢ ᠨᠡᠶᠢᠳᠡᠮ ᠪᠠᠶᠢᠴᠠᠭᠠᠯᠲᠠ ᠳᠤ ᠢᠳᠡᠪᠬᠢᠲᠡᠢ ᠣᠷᠤᠯᠴᠠᠭᠤᠯᠬᠤ ᠪᠠᠷ ᠬᠥᠲᠥᠯᠥᠨ ᠵᠢᠯᠤᠭᠤᠳᠴᠤ᠂ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠷᠤᠭᠰᠢᠲᠠᠢ | ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠶ ᠪᠣᠯᠭᠠᠨ᠎ᠠ᠃ | ︵ᠲᠠᠪᠤ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ | ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ | ᠲᠤᠬᠠᠢ ᠳᠤ ᠨᠢ ᠨᠡᠶᠢᠲᠡᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨ᠎ᠡ ᠥᠷᠲᠡᠭ ᠢ ᠭᠦᠨᠵᠡᠭᠡᠢ | ᠠᠭᠤᠳᠠᠯᠤᠨ᠂ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠵᠠᠳᠠᠯᠬᠤ ᠪᠠ ᠰᠤᠳᠤᠯᠤᠨ ᠮᠠᠭᠠᠳᠯᠠᠵᠤ᠂ ᠬᠤᠷᠸ᠎ᠠ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠲᠤᠭ᠎ᠠ | ᠪᠦᠷᠢᠳᠬᠡᠯ ᠤᠨ ᠵᠠᠰᠠᠭ ᠤᠨ ᠶᠠᠪᠤᠳᠠᠯ ᠢ ᠵᠥᠪᠯᠡᠵᠦ ᠯᠠᠪᠯᠠᠬᠤ ᠳᠤ ᠦᠵᠡᠭᠦᠯᠬᠦ ᠦᠢᠯᠡᠳᠦᠯ ᠢ ᠨᠢ ᠦᠨᠡᠨ ᠬᠦ ᠰᠠᠶᠢᠲᠤᠷ | ᠪᠠᠳᠠᠷᠠᠭᠤᠯᠬᠤ ᠬᠡᠷᠡᠭᠲᠡᠢ᠃ | | | | |