ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2020﹈ 109 ᠳ᠋ᠦ᠋ᠭᠡᠷ ᠲᠣᠭᠠᠲᠤ | | | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ | ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠳᠤ᠄ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ︽2023 ᠣᠨ ᠤ ᠪᠦᠬᠦ ᠤᠯᠤᠰ ᠤᠨ ᠡᠩ ᠤᠨ | ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠬᠥᠮᠦᠵᠢᠯ ᠤᠨ ᠲᠤᠰᠬᠠᠢ ᠮᠡᠷᠭᠡᠵᠢᠯ᠂ ᠤᠷᠠᠨ ᠵᠢᠷᠤᠭ ᠤᠨ | ᠬᠥᠮᠦᠵᠢᠯ ᠤᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠰᠤᠷᠤᠭᠴᠢ ᠪᠠ ᠪᠠᠭᠰᠢ ᠶᠢᠨ ᠦᠨᠳᠦᠰᠦᠨ | ᠴᠢᠳᠠᠪᠤᠷᠢ ᠶᠢ ᠳᠡᠯᠭᠡᠨ ᠦᠵᠡᠭᠦᠯᠬᠦ ᠲᠤᠬᠠᠢ ᠮᠡᠳᠡᠭᠳᠡᠯ︾ ︵ᠰᠤᠷᠭᠠᠨ ᠪᠡᠶ᠎ᠡ ᠶᠢᠨ ᠲᠠᠮᠢᠷ ᠤᠷᠠᠯᠢᠭ ᠲᠢᠩᠬᠢᠮ ᠪᠢᠴᠢᠭ | ﹇2020﹈ 26 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2023 ᠣᠨ ᠤ 11 ᠳ᠋ᠦ᠋ᠭᠡᠷ ᠰᠠᠷ᠎ᠠ | ᠠᠴᠠ 12 ᠳ᠋ᠤᠭᠠᠷ ᠰᠠᠷ᠎ᠠ ᠪᠣᠯᠲᠠᠯ᠎ᠠ᠂ ᠬᠤᠨᠠᠨ ᠤ ᠪᠠᠭᠰᠢ ᠶᠢᠨ ᠶᠡᠭᠡ ᠰᠤᠷᠭᠠᠭᠤᠯᠢ ᠳᠤ ᠳᠠᠭᠤᠤ ᠬᠥᠭᠵᠢᠮ ᠤᠨ | ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠵᠦ᠂ ᠰᠧᠴᠤᠸᠠᠨ ᠤ ᠪᠠᠭᠰᠢ ᠶᠢᠨ ᠶᠡᠭᠡ ᠰᠤᠷᠭᠠᠭᠤᠯᠢ ᠳᠤ ᠤᠷᠠᠨ | ᠵᠢᠷᠤᠭ ᠤᠨ ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠬᠦ ᠪᠣᠯᠤᠨ᠎ᠠ᠃ ᠡᠮᠦᠨᠡᠬᠢ ᠬᠤᠭᠤᠴᠠᠭᠠᠨ ᠤ | ᠰᠢᠯᠭᠠᠷᠠᠭᠤᠯᠤᠯᠲᠠ ᠪᠠᠷ ᠳᠠᠮᠵᠢᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠪᠠ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ 2023 ᠣᠨ ᠤ ᠪᠦᠬᠦ | ᠣᠷᠣᠨ ᠤ ᠬᠤᠶᠠᠳᠤᠭᠠᠷ ᠬᠤᠭᠤᠴᠠᠭᠠᠨ ᠤ ᠡᠩ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ᠂ ᠤᠷᠠᠨ | ᠵᠢᠷᠤᠭ ᠤᠨ ᠬᠥᠮᠦᠵᠢᠯ ᠤᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠰᠤᠷᠤᠭᠴᠢ ᠪᠠ ᠪᠠᠭᠰᠢ ᠶᠢᠨ ᠦᠨᠳᠦᠰᠦᠨ | ᠴᠢᠳᠠᠪᠤᠷᠢ ᠶᠢᠨ ᠦᠵᠡᠭᠦᠯᠭᠡ ᠳᠤ ᠳᠠᠭᠤᠤ ᠬᠥᠭᠵᠢᠮ ᠤᠨ ᠰᠢᠨᠵᠢᠯᠡᠭᠡᠨ ᠤ ᠰᠠᠯᠠᠭ᠎ᠠ ᠪᠠ ᠤᠷᠠᠨ ᠵᠢᠷᠤᠭ ᠤᠨ | ᠰᠢᠨᠵᠢᠯᠡᠭᠡᠨ ᠤ ᠰᠠᠯᠠᠭᠠᠨ ᠤ ᠰᠤᠷᠭᠠᠭᠤᠯᠢ ᠶᠢᠨ ᠪᠦᠯᠬᠦᠮ ᠤᠨ ᠱᠠᠩᠨᠠᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ | ᠳᠡᠰ ᠤᠨ ᠱᠠᠩᠨᠠᠯ ᠵᠢᠴᠢ ᠬᠤᠪᠢ ᠬᠥᠮᠦᠨ ᠤ ᠪᠦᠷᠢᠨ ᠴᠢᠳᠠᠪᠤᠷᠢ ᠶᠢᠨ ᠣᠯᠠᠨ ᠵᠦᠢᠯ ᠤᠨ ᠱᠠᠩᠨᠠᠯ ᠪᠠ ᠳᠠᠩ | ᠵᠦᠢᠯ ᠤᠨ ᠱᠠᠩᠨᠠᠯ ᠢ ᠬᠦᠷᠲᠡᠪᠡ᠃ ᠰᠤᠳᠤᠯᠤᠨ ᠲᠣᠭᠲᠠᠭᠠᠬᠤ ᠪᠠᠷ ᠳᠠᠮᠵᠢᠨ᠂ ᠮᠠᠨ ᠤ ᠲᠢᠩᠬᠢᠮ ᠠᠴᠠ ᠳᠡᠭᠡᠷᠡᠬᠢ 3 | ᠶᠡᠭᠡ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠰᠢᠨᠵᠢᠯᠡᠭᠡᠨ ᠤ ᠰᠠᠯᠠᠭ᠎ᠠ᠂ ᠤᠷᠠᠨ ᠵᠢᠷᠤᠭ ᠤᠨ | ᠰᠢᠨᠵᠢᠯᠡᠭᠡᠨ ᠤ ᠰᠠᠯᠠᠭᠠᠨ ᠤ 1 ᠪᠠᠭᠰᠢ ᠪᠠ 3 ᠰᠤᠷᠤᠭᠴᠢ ᠶᠢ ᠲᠤᠰ ᠲᠤᠰ ᠵᠣᠬᠢᠶᠠᠨ ᠪᠠᠶᠢᠭᠤᠯᠵᠤ᠂ ᠪᠦᠬᠦ | ᠤᠯᠤᠰ ᠤᠨ ᠳᠡᠯᠭᠡᠨ ᠦᠵᠡᠭᠦᠯᠬᠦ ᠠᠵᠢᠯᠯᠠᠭ᠎ᠠ ᠳᠤ ᠣᠷᠣᠯᠴᠠᠭᠤᠯᠬᠤ ᠪᠠᠷ ︵ᠰᠢᠨᠵᠢᠯᠡᠭᠡᠨ ᠤ ᠰᠠᠯᠠᠭ᠎ᠠ ᠨᠢᠭᠡ | ᠪᠦᠷᠢ ᠠᠴᠠ 3 ᠰᠤᠷᠤᠭᠴᠢ 1 ᠪᠠᠭᠰᠢ᠂ ᠰᠤᠷᠭᠠᠭᠤᠯᠢ ᠪᠦᠷᠢ ᠠᠴᠠ 8 ᠬᠥᠮᠦᠨ ᠢ ᠰᠣᠩᠭᠤᠨ ᠲᠣᠮᠢᠯᠠᠪᠠ︶ ᠪᠣᠢ᠃ | ᠡᠯ᠎ᠡ ᠰᠤᠷᠭᠠᠭᠤᠯᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠢᠯᠢᠳᠡᠭ ᠰᠤᠷᠤᠭᠴᠢ ᠪᠠ | ᠪᠠᠭᠰᠢ ᠶᠢᠨ ᠲᠥᠯᠥᠭᠡᠯᠡᠭᠴᠢ ᠶᠢ ᠰᠣᠩᠭᠤᠨ ᠲᠣᠮᠢᠯᠠᠵᠤ ᠦᠵᠡᠭᠦᠯᠭᠡ ᠳᠤ ᠣᠷᠣᠯᠴᠠᠭᠤᠯᠬᠤ ᠲᠥᠷᠥᠯ ᠵᠦᠢᠯ ᠪᠠ | ᠠᠭᠤᠯᠭ᠎ᠠ ᠶᠢ ᠦᠨᠳᠦᠰᠦᠯᠡᠨ᠂ ᠦᠵᠡᠭᠦᠯᠭᠡ ᠳᠤ ᠣᠷᠣᠯᠴᠠᠬᠤ ᠡᠯ᠎ᠡ ᠵᠦᠢᠯ ᠤᠨ ᠪᠡᠯᠡᠳᠬᠡᠯ ᠪᠠ ᠵᠣᠬᠢᠶᠠᠨ ᠪᠠᠶᠢᠭᠤᠯᠬᠤ | ᠠᠵᠢᠯ ᠢ ᠰᠠᠶᠢᠲᠤᠷ ᠬᠢᠵᠦ᠂ ᠮᠠᠨ ᠤ ᠣᠷᠣᠨ ᠤ ᠰᠤᠷᠭᠠᠭᠤᠯᠢ ᠶᠢᠨ ᠤᠷᠠᠯᠢᠭ ᠤᠨ ᠬᠥᠮᠦᠵᠢᠯ ᠤᠨ ᠦᠷ᠎ᠡ ᠪᠦᠲᠦᠭᠡᠯ | ᠪᠠ ᠪᠠᠭᠰᠢ ᠰᠤᠷᠤᠭᠴᠢᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ | ᠬᠡᠷᠡᠭᠲᠡᠢ᠃ ᠡᠯ᠎ᠡ ᠰᠤᠷᠭᠠᠭᠤᠯᠢ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠲᠤᠰ | ᠰᠤᠷᠭᠠᠭᠤᠯᠢ ᠶᠢᠨ ᠢᠶᠠᠨ ᠪᠠᠭᠰᠢ ᠰᠤᠷᠤᠭᠴᠢ ᠶᠢ ᠰᠣᠩᠭᠤᠨ ᠲᠣᠮᠢᠯᠠᠭᠰᠠᠨ ᠮᠡᠳᠡᠭᠡ ᠵᠠᠩᠭᠢ᠂ ᠵᠢᠭᠠᠨ ᠰᠤᠷᠭᠠᠯᠲᠠ ᠶᠢᠨ | ᠦᠵᠡᠭᠦᠯᠭᠡ ︵ᠪᠢᠴᠢᠯ ᠬᠢᠴᠢᠶᠡᠯ︶ ᠶᠢᠨ ᠪᠢᠴᠢᠭ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠣᠯᠤᠨ ᠵᠢᠭᠠᠨ | ᠰᠤᠷᠭᠠᠯᠲᠠ ᠶᠢᠨ ᠸᠢᠳᠢᠣ᠋ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠠ ᠬᠥᠳᠡᠯᠮᠦᠷᠢ ᠶᠢᠨ ᠬᠥᠮᠥᠵᠢᠯ ᠤᠨ | ᠭᠠᠵᠠᠷ ᠲᠤ ᠨᠢᠭᠡᠳᠦᠯᠲᠡᠢ ᠮᠡᠳᠡᠭᠦᠯᠦᠨ ᠬᠦᠷᠭᠡᠬᠦ ᠬᠡᠷᠡᠭᠲᠡᠢ᠃ | ᠦᠵᠡᠭᠦᠯᠭᠡ ᠳᠤ ᠣᠷᠣᠯᠴᠠᠬᠤ ᠬᠤᠭᠤᠴᠠᠭᠠᠨ ᠳᠤ ᠵᠠᠮ ᠬᠠᠷᠢᠯᠴᠠᠭᠠᠨ ᠤ ᠵᠠᠷᠤᠳᠠᠯ ᠢ ᠪᠠᠶᠢᠭ᠎ᠠ ᠨᠢᠭᠡᠴᠢ ᠠᠴᠠ | ᠡᠭᠦᠷᠭᠡᠯᠡᠵᠦ᠂ ᠬᠤᠭᠤᠯᠠ ᠪᠠ ᠬᠤᠨᠤᠭ ᠤᠨ ᠵᠠᠷᠤᠳᠠᠯ ᠢ ᠠᠵᠢᠯᠯᠠᠭ᠎ᠠ ᠶᠢ ᠡᠷᠬᠢᠯᠡᠨ ᠭᠦᠢᠴᠡᠳᠭᠡᠵᠦ ᠪᠠᠶᠢᠭ᠎ᠠ ᠲᠠᠯ᠎ᠠ ᠠᠴᠠ | ᠡᠭᠦᠷᠭᠡᠯᠡᠨ᠎ᠡ᠃ | ᠳᠡᠮᠵᠢᠯᠭᠡ ᠦᠵᠡᠭᠦᠯᠬᠦ ᠪᠣᠯᠪᠠᠤ᠃ | ᠬᠠᠷᠢᠯᠴᠠᠬᠤ ᠬᠥᠮᠦᠨ᠄ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠠ ᠬᠥᠳᠡᠯᠮᠦᠷᠢ ᠶᠢᠨ ᠬᠥᠮᠥᠵᠢᠯ ᠤᠨ | ᠭᠠᠵᠠᠷ᠂ ᠵᠠᠩ ᠰᠢᠶᠣᠤ ᠶᠢᠩ | ᠬᠠᠷᠢᠯᠴᠠᠬᠤ ᠠᠷᠭ᠎ᠠ᠄ 0471 - 2857025 | ᠢᠮᠧᠯ᠄ nmgmy1002@163.com | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2023 ᠣᠨ ᠤ 10 ᠰᠠᠷ᠎ᠠ ᠶᠢᠨ 10 ᠤ ᠡᠳᠦᠷ | | | ᠳᠠᠭᠠᠯᠳᠤᠭᠤᠯᠤᠯ 1᠄ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ 2023 ᠣᠨ ᠤ ᠪᠦᠬᠦ ᠤᠯᠤᠰ ᠤᠨ | ᠡᠩ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠬᠥᠮᠦᠵᠢᠯ ᠤᠨ ᠲᠤᠰᠬᠠᠢ ᠮᠡᠷᠭᠡᠵᠢᠯ᠂ ᠤᠷᠠᠨ | ᠵᠢᠷᠤᠭ ᠤᠨ ᠬᠥᠮᠦᠵᠢᠯ ᠤᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠰᠤᠷᠤᠭᠴᠢ ᠪᠠ ᠪᠠᠭᠰᠢ ᠶᠢᠨ ᠦᠨᠳᠦᠰᠦᠨ | ᠴᠢᠳᠠᠪᠤᠷᠢ ᠶᠢ ᠳᠡᠯᠭᠡᠨ ᠦᠵᠡᠭᠦᠯᠬᠦ ᠲᠤᠬᠠᠢ ᠮᠡᠳᠡᠭᠳᠡᠯ .pdf | | | |