ᠵᠤᠤ ᠶᠦᠨ ᠫᠢᠩ | | | | | | ᠪᠠᠭ᠎ᠠ ᠰᠤᠷᠭᠠᠭᠤᠯᠢ ᠪᠠ ᠠᠩᠬ᠎ᠠ ᠳᠤᠮᠳᠠᠳᠤ ᠶᠢᠨ ᠰᠤᠷᠤᠭᠴᠢᠳ ᠲᠠᠢ ᠬᠠᠷᠢᠴᠠᠭᠤᠯᠪᠠᠯ᠂ ᠳᠡᠭᠡᠳᠤ | ᠳᠤᠮᠳᠠᠳᠤ ᠶᠢᠨ ᠰᠤᠷᠤᠭᠴᠢᠳ ᠤᠨ ᠰᠤᠷᠭᠠᠭᠤᠯᠢ ᠳᠡᠪᠰᠢᠬᠦ ᠳᠠᠷᠤᠯᠲᠠ ᠨᠢ ᠲᠤᠩ ᠶᠡᠭᠡ ᠮᠥᠷᠲᠡᠭᠡᠨ ᠰᠤᠷᠬᠤ | ᠠᠭᠤᠯᠭ᠎ᠠ ᠨᠢ ᠪᠠᠰᠠ ᠬᠠᠷᠢᠴᠠᠩᠭᠤᠢ ᠪᠠᠷ ᠬᠦᠴᠢᠷ ᠪᠣᠯᠤᠭᠰᠠᠨ ᠶᠤᠮ᠂ ᠡᠶᠢᠮᠦ ᠠᠴᠠ ᠵᠠᠷᠢᠮ ᠳᠣᠲᠤᠭᠠᠳᠤ ᠰᠡᠳᠭᠢᠯ | ᠬᠦᠴᠦᠷᠬᠡᠭ ᠪᠤᠰᠤ ᠰᠤᠷᠤᠭᠴᠢᠳ ᠥᠪᠡᠷ ᠤᠨ ᠰᠤᠷᠤᠯᠭ᠎ᠠ ᠠᠮᠢᠳᠤᠷᠠᠯ ᠳᠤ ᠪᠠᠨ ᠢᠲᠡᠭᠡᠯ ᠦᠭᠡᠢ᠂ ᠪᠠᠴᠢᠮᠳᠠᠯ | ᠵᠣᠪᠠᠨᠢᠯ᠂ ᠨᠡᠩ ᠴᠢᠨᠠᠭᠰᠢᠯᠠᠪᠠᠯ ᠣᠶᠤᠨ ᠮᠡᠳᠡᠷᠡᠯ ᠨᠢ ᠬᠡᠪ ᠤᠨ ᠪᠠᠶᠢᠳᠠᠯ ᠢᠶᠠᠨ ᠠᠯᠳᠠᠬᠤ ᠦᠵᠡᠭᠳᠡᠯ ᠢᠯᠡᠷᠡᠨ᠎ᠡ᠂ | ᠡᠨᠡ ᠨᠢ ᠲᠡᠳᠡᠨ ᠤ ᠡᠷᠡᠭᠦᠯ ᠢᠶᠠᠷ ᠦᠰᠦᠨ ᠪᠤᠶᠢᠵᠢᠬᠤ ᠳᠤ ᠮᠠᠰᠢ ᠠᠰᠢᠭ ᠦᠭᠡᠢ᠃ ᠡᠶᠢᠮᠦ ᠠᠴᠠ ᠠᠩᠭᠢ ᠶᠢᠨ | ᠡᠷᠬᠢᠯᠡᠭᠴᠢ ᠪᠠᠭᠰᠢ ᠳᠡᠭᠡᠳᠤ ᠳᠤᠮᠳᠠᠳᠤ ᠶᠢᠨ ᠰᠤᠷᠤᠭᠴᠢᠳ ᠤᠨ ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ | ᠵᠠᠪᠡᠯ ᠴᠢᠬᠤᠯᠠᠴᠢᠯᠠᠵᠤ ᠦᠵᠡᠬᠦ ᠬᠡᠷᠡᠭᠲᠡᠢ᠃ | ᠨᠢᠭᠡ᠂ ᠰᠤᠷᠤᠭᠴᠢᠳ ᠲᠤ ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠬᠢᠬᠦ ᠨᠢ ᠠᠩᠭᠢ ᠶᠢᠨ | ᠡᠷᠬᠢᠯᠡᠭᠴᠢ ᠪᠠᠭᠰᠢ ᠶᠢᠨ ᠬᠠᠷᠢᠭᠤᠴᠠᠯᠭ᠎ᠠ | ᠠᠩᠭᠢ ᠶᠢᠨ ᠡᠷᠬᠢᠯᠡᠭᠴᠢ ᠪᠠᠭᠰᠢ ᠪᠣᠯ ᠨᠢᠭᠡᠨ ᠴᠢᠬᠤᠯᠠ ᠮᠥᠷᠲᠡᠭᠡᠨ ᠣᠨᠴᠠᠭᠠᠢ ᠪᠠᠶᠢᠷᠢ ᠳᠤ ᠪᠠᠶᠢᠭ᠎ᠠ ᠬᠥᠮᠦᠰ | ᠶᠤᠮ᠂ ᠠᠩᠭᠢ ᠶᠢᠨ ᠪᠠᠭᠰᠢ ᠶᠢᠨ ᠲᠡᠷᠢᠭᠦᠨ ᠴᠢᠬᠤᠯᠠ ᠡᠭᠦᠷᠭᠡ ᠪᠣᠯ ᠳᠠᠷᠤᠢ ᠰᠤᠷᠤᠭᠴᠢᠳ ᠲᠤ ᠶᠣᠰᠤ | ᠰᠤᠷᠲᠠᠬᠤᠨ ᠤ ᠬᠥᠮᠦᠵᠢᠯ ᠬᠢᠨ᠎ᠡ᠂ ᠡᠭᠦᠨ ᠳᠤ ᠬᠠᠮᠤᠭ ᠤᠨ ᠦᠨᠳᠦᠰᠦᠨ ᠡᠭᠦᠷᠭᠡ ᠪᠣᠯ ᠰᠤᠷᠤᠭᠴᠢᠳ ᠤᠨ | ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠶᠠᠪᠤᠳᠠᠯ ᠪᠣᠯᠤᠨ᠎ᠠ᠃ ᠰᠢᠯᠢᠳᠡᠭ ᠠᠩᠭᠢ ᠶᠢᠨ ᠡᠷᠬᠢᠯᠡᠭᠴᠢ ᠪᠠᠭᠰᠢ | ᠪᠦᠷ ᠰᠤᠷᠤᠭᠴᠢᠳ ᠢ ᠠᠵᠢᠭᠯᠠᠬᠤ ᠳᠤ ᠪᠠᠨ ᠴᠢᠳᠠᠮᠠᠭᠠᠢ ᠪᠥᠭᠡᠳ ᠰᠤᠷᠤᠭᠴᠢᠳ ᠤᠨ ᠦᠵᠡᠯ ᠰᠠᠨᠠᠭᠠᠨ ᠤ | ᠬᠠᠨᠳᠤᠰᠢ ᠶᠢ ᠲᠠᠭᠠᠮᠠᠭᠯᠠᠨ ᠮᠡᠳᠡᠵᠦ ᠲᠡᠶᠢᠯᠭᠦ ᠨᠠᠶᠢᠳᠠ ᠶᠢᠨ ᠣᠨᠴᠠᠯᠢᠭ ᠲᠠᠢ᠂ ᠭᠡᠬᠦ ᠳᠤ ᠪᠠᠨ ᠰᠤᠷᠤᠭᠴᠢ ᠶᠢᠨ | ᠪᠤᠰᠤᠳᠴᠢ ᠪᠤᠳᠠᠳᠤ ᠪᠠᠶᠢᠳᠠᠯ ᠢ ᠦᠨᠳᠦᠰᠦᠯᠡᠵᠦ ᠬᠥᠮᠦᠵᠢᠭᠦᠯᠵᠦ ᠵᠢᠯᠤᠭᠤᠳᠤᠨ᠎ᠠ᠃ | ᠠᠩᠭᠢ ᠶᠢᠨ ᠡᠷᠬᠢᠯᠡᠭᠴᠢ ᠪᠠᠭᠰᠢ ᠠᠴᠠ ᠡᠳᠦᠷ ᠳᠤᠲᠤᠮ ᠤᠨ ᠬᠠᠮᠢᠶᠠᠷᠤᠯᠲᠠ ᠶᠢᠨ ᠠᠵᠢᠯ ᠢᠶᠠᠨ | ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠦ᠂ ᠠᠩᠭᠢ ᠶᠢᠨ ᠰᠢᠨ᠎ᠡ | ᠪᠠᠶᠢᠳᠠᠯ ᠪᠠ ᠰᠤᠷᠤᠭᠴᠢᠳ ᠤᠨ ᠪᠣᠳᠤᠯᠭ᠎ᠠ ᠶᠢᠨ ᠬᠠᠨᠳᠤᠰᠢ ᠶᠢ ᠴᠠᠭ ᠲᠤᠬᠠᠢ ᠳᠤ ᠨᠢ ᠡᠵᠡᠮᠰᠢᠪᠡᠯ | ᠵᠣᠬᠢᠨ᠎ᠠ᠃ ᠠᠩᠭᠢ ᠨᠢᠭᠡᠴᠢ ᠪᠠᠨ ᠰᠠᠶᠢᠨ ᠬᠠᠮᠢᠶᠠᠷᠤᠶ᠎ᠠ ᠭᠡᠪᠡᠯ ᠠᠩᠭᠢ ᠶᠢᠨ ᠡᠷᠬᠢᠯᠡᠭᠴᠢ ᠪᠠᠭᠰᠢ ᠵᠠᠪᠡᠯ ᠥᠪᠡᠷ ᠤᠨ | ᠣᠶᠤᠨ ᠲᠠᠷᠢᠬᠢ ᠪᠠᠨ ᠨᠣᠮ ᠪᠢᠴᠢᠭ ᠢᠶᠠᠷ ᠵᠡᠪᠰᠡᠭᠯᠡᠵᠦ᠂ ᠣᠨᠴᠠᠭᠠᠢᠢᠯᠠᠨ ᠰᠤᠷᠭᠠᠨ ᠬᠥᠮᠦᠵᠢᠭᠦᠯᠬᠦ ᠤᠬᠠᠭᠠᠨ ᠪᠠ | ᠰᠡᠳᠭᠢᠴᠡ ᠶᠢᠨ ᠵᠦᠢ ᠶᠢᠨ ᠲᠤᠬᠠᠢ ᠨᠣᠮ ᠤᠳ ᠢ ᠨᠠᠷᠢᠨ ᠬᠢᠨᠠᠮᠠᠭᠠᠢ ᠰᠤᠳᠤᠯᠵᠦ᠂ ᠰᠤᠷᠭᠠᠨ ᠬᠥᠮᠦᠵᠢᠭᠦᠯᠬᠦ | ᠤᠬᠠᠭᠠᠨ ᠤ ᠤᠭ ᠶᠣᠰᠤ ᠪᠠ ᠰᠡᠳᠭᠢᠴᠡ ᠶᠢᠨ ᠵᠦᠢ ᠶᠢᠨ ᠤᠭ ᠶᠣᠰᠤ ᠶᠢ ᠦᠨᠳᠦᠰᠦᠯᠡᠨ ᠪᠦᠲᠦᠭᠡᠯᠴᠢ ᠴᠢᠨᠡᠷ ᠲᠠᠢ | ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠵᠢᠷᠤᠵᠦ ᠲᠥᠯᠦᠪᠯᠡᠨ᠂ ᠣᠳᠣᠬᠢ ᠨᠠᠶᠢᠭᠡᠮ ᠤᠨ ᠱᠠᠭᠠᠷᠳᠠᠯᠭ᠎ᠠ ᠳᠤ | ᠨᠡᠶᠢᠴᠡᠭᠰᠡᠨ ᠰᠢᠨ᠎ᠡ ᠰᠣᠷᠭᠤᠭ ᠪᠥᠭᠡᠳ ᠪᠦᠲᠦᠮᠵᠢᠲᠡᠢ ᠬᠠᠮᠢᠶᠠᠷᠤᠯᠲᠠ ᠶᠢᠨ ᠠᠷᠭ᠎ᠠ ᠶᠢ ᠭᠠᠷᠭᠠᠨ᠂ ᠠᠩᠭᠢ ᠶᠢᠨ | ᠬᠠᠮᠢᠶᠠᠷᠤᠯᠲᠠ ᠪᠠᠨ ᠰᠠᠶᠢᠵᠢᠷᠠᠭᠤᠯᠤᠨ᠂ ᠠᠩᠭᠢ ᠶᠢᠨ ᠬᠠᠮᠢᠶᠠᠷᠤᠯᠲᠠ ᠶᠢᠨ ᠦᠷ᠎ᠡ ᠠᠰᠢᠭᠯᠠᠮᠵᠢ ᠶᠢ | ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠰᠤᠷᠤᠭᠴᠢᠳ ᠤᠨ ᠡᠷᠡᠭᠦᠯ ᠰᠠᠷᠠᠭᠤᠯ ᠰᠡᠳᠭᠢᠴᠡ ᠶᠢᠨ ᠬᠡᠪ ᠴᠢᠨᠡᠷ ᠢ | ᠬᠥᠮᠦᠵᠢᠭᠦᠯᠦᠨ᠎ᠡ᠃ | ᠬᠤᠶᠠᠷ᠂ ᠠᠩᠭᠢ ᠶᠢᠨ ᠡᠷᠬᠢᠯᠡᠭᠴᠢ ᠪᠠᠭᠰᠢ ᠪᠣᠯ ᠰᠤᠷᠭᠠᠭᠤᠯᠢ ᠪᠠ ᠭᠡᠷ ᠪᠦᠯᠢ ᠶᠢᠨ ᠰᠡᠳᠭᠢᠴᠡ ᠶᠢᠨ ᠡᠷᠡᠭᠦᠯ | ᠮᠡᠨᠳᠦ ᠶᠢᠨ ᠬᠥᠮᠦᠵᠢᠯ ᠤᠨ ᠵᠣᠬᠢᠴᠠᠭᠤᠯᠤᠭᠴᠢ ᠮᠥᠨ | ᠰᠤᠷᠤᠭᠴᠢ ᠶᠢᠨ ᠰᠡᠳᠭᠢᠴᠡ ᠶᠢᠨ ᠠᠰᠠᠭᠤᠳᠠᠯ ᠪᠣᠯ ᠶᠡᠷᠤ ᠨᠢ ᠭᠡᠷ ᠪᠦᠯᠢ ᠶᠢᠨ ᠠᠰᠠᠭᠤᠳᠠᠯ ᠤᠨ ᠳᠤᠰᠬᠠᠯ | ᠪᠣᠯᠤᠨ᠎ᠠ᠃ ᠭᠡᠷ ᠪᠦᠯᠢ ᠶᠢᠨ ᠠᠮᠢᠳᠤᠷᠠᠯ ᠤᠨ ᠣᠷᠴᠢᠨ ᠪᠠ ᠭᠡᠷ ᠤᠨ ᠠᠬᠠᠮᠠᠳ ᠤᠨ ᠰᠤᠷᠭᠠᠨ ᠬᠥᠮᠦᠵᠢᠭᠦᠯᠬᠦ ᠠᠷᠭ᠎ᠠ | ᠮᠠᠶ᠋ᠢᠬ ᠨᠢ ᠬᠡᠦᠬᠡᠳ ᠤᠨ ᠰᠡᠳᠭᠢᠴᠡ ᠶᠢᠨ ᠡᠷᠡᠭᠦᠯ ᠴᠢᠭᠢᠷᠠᠭ ᠲᠠᠢ ᠰᠢᠭᠤᠳ ᠬᠠᠷᠢᠴᠠᠭ᠎ᠠ ᠲᠠᠢ᠃ ᠡᠶᠢᠮᠦ ᠠᠴᠠ | ᠰᠤᠷᠤᠭᠴᠢᠳ ᠤᠨ ᠰᠡᠳᠭᠢᠴᠡ ᠶᠢᠨ ᠠᠰᠠᠭᠤᠳᠠᠯ ᠢ ᠰᠢᠢᠳᠪᠦᠷᠢᠯᠡᠬᠦ ᠳᠤ ᠵᠠᠪᠡᠯ ᠭᠡᠷ ᠤᠨ ᠠᠬᠠᠮᠠᠳ ᠤᠨ ᠬᠠᠮᠵᠢᠯᠴᠠᠭ᠎ᠠ | ᠪᠠᠶᠢᠬᠤ ᠬᠡᠷᠡᠭᠲᠡᠢ᠃ ᠭᠡᠷ ᠤᠨ ᠠᠬᠠᠮᠠᠳ ᠦᠷ᠎ᠡ ᠬᠡᠦᠬᠡᠳ ᠢᠶᠠᠨ ᠴᠢᠳᠠᠪᠤᠷᠢᠲᠠᠨ ᠪᠣᠯᠬᠤ ᠶᠢ ᠬᠦᠰᠡᠵᠦ᠂ ᠦᠷᠭᠦᠯᠵᠢ | ᠠᠩᠭᠢ ᠶᠢᠨ ᠡᠷᠬᠢᠯᠡᠭᠴᠢ ᠲᠠᠢ ᠬᠠᠷᠢᠯᠴᠠᠬᠤ ᠪᠣᠯᠬᠤᠷ ᠠᠩᠭᠢ ᠶᠢᠨ ᠡᠷᠬᠢᠯᠡᠭᠴᠢ ᠶᠢ ᠣᠨᠴᠠᠭᠠᠢ ᠢᠲᠡᠭᠡᠵᠦ᠂ ᠴᠠᠭ | ᠲᠤᠬᠠᠢ ᠳᠤ ᠨᠢ ᠬᠠᠷᠢᠯᠴᠠᠬᠤ ᠪᠠᠷ ᠳᠠᠮᠵᠢᠨ ᠠᠩᠭᠢ ᠶᠢᠨ ᠡᠷᠬᠢᠯᠡᠭᠴᠢ ᠳᠤ ᠰᠤᠷᠤᠭᠴᠢᠳ ᠤᠨ ᠦᠵᠡᠯ ᠰᠠᠨᠠᠭ᠎ᠠ ᠦᠢᠯᠡ | ᠠᠵᠢᠯᠯᠠᠭ᠎ᠠ ᠵᠢᠴᠢ ᠲᠡᠭᠦᠨ ᠤ ᠰᠡᠳᠬᠢᠴᠡ ᠶᠢᠨ ᠬᠠᠨᠳᠤᠰᠢ ᠶᠢ ᠣᠢᠢᠯᠠᠭᠠᠭᠤᠯᠳᠠᠭ᠃ ᠡᠭᠦᠨ ᠤ ᠬᠠᠮᠲᠤ ᠭᠡᠷ ᠤᠨ | ᠠᠬᠠᠮᠠᠳ ᠢ ᠬᠠᠪᠰᠤᠷᠤᠨ ᠵᠠᠯᠠᠭᠤ ᠪᠠᠭᠠᠴᠤᠳ ᠤᠨ ᠬᠤᠭᠤᠴᠠᠭᠠᠨ ᠤ ᠰᠤᠷᠤᠭᠴᠢᠳ ᠤᠨ ᠪᠡᠶ᠎ᠡ ᠮᠠᠬᠠᠪᠣᠳ ᠪᠠ | ᠰᠡᠳᠬᠢᠴᠡ ᠶᠢᠨ ᠬᠤᠪᠢᠷᠠᠯᠲᠠ ᠶᠢ ᠤᠢᠢᠯᠡᠭᠠᠭᠤᠯᠵᠦ᠂ ᠡᠨᠡ ᠬᠤᠭᠤᠴᠠᠭᠠᠨ ᠤ ᠰᠤᠷᠭᠠᠨ ᠬᠥᠮᠦᠵᠢᠭᠦᠯᠬᠦ ᠠᠭᠤᠯᠭ᠎ᠠ ᠪᠠ | ᠠᠷᠭ᠎ᠠ ᠶᠢ ᠤᠢᠢᠯᠡᠭᠠᠭᠤᠯᠦᠠ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠭᠦᠯᠬᠦ ᠠᠷᠭ᠎ᠠ ᠶᠢ ᠰᠠᠨᠠᠭᠠᠴᠢᠯᠠᠵᠤ᠂ | ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠡᠶᠢᠠ ᠰᠠᠶᠢᠬᠠᠨ ᠭᠡᠷ ᠪᠦᠯᠢ ᠶᠢᠨ ᠠᠭᠤᠷ ᠠᠮᠢᠰᠬᠤᠯ ᠢ | ᠪᠤᠢ ᠪᠣᠯᠭᠠᠬᠤ ᠪᠠᠷ ᠴᠢᠷᠮᠠᠶᠢᠵᠦ᠂ ᠪᠠᠰᠠ ᠭᠡᠷ ᠪᠦᠯᠢ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠰᠤᠷᠭᠠᠨ | ᠬᠥᠮᠦᠵᠢᠯ ᠯᠦᠭᠡ ᠦᠨᠡᠨ ᠬᠦ ᠢᠵᠢᠯ ᠠᠯᠬᠤᠮ ᠲᠠᠢ ᠪᠠᠶᠢᠯᠭᠠᠵᠤ᠂ ᠨᠡᠶᠢᠯᠡᠯ ᠬᠦᠴᠦᠨ ᠢ ᠪᠦᠷᠢᠯᠳᠦᠭᠦᠯᠬᠦ ᠪᠠᠷ ᠳᠠᠮᠵᠢᠨ | ᠭᠡᠷ ᠪᠦᠯᠢ ᠶᠢᠨ ᠰᠡᠳᠬᠢᠴᠡ ᠶᠢᠨ ᠬᠠᠪᠰᠤᠷᠤᠨ ᠵᠢᠯᠦᠭᠤᠳᠦᠯᠭ᠎ᠠ ᠶᠢ ᠪᠦᠲᠦᠮᠵᠢᠲᠡᠢ ᠬᠡᠷᠡᠭᠵᠢᠭᠦᠯᠦᠨ᠎ᠡ᠃ | ᠭᠤᠷᠪᠠ᠂ ᠲᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠦᠷᠭᠦᠯᠵᠢ | ᠲᠣᠬᠢᠶᠠᠯᠳᠤᠳᠠᠭ ᠰᠡᠳᠬᠢᠴᠡ ᠶᠢᠨ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ | ︵1︶ ᠰᠤᠷᠬᠤ ᠠᠴᠠ ᠬᠠᠰᠢᠷᠠᠬᠤ ᠰᠡᠳᠬᠢᠴᠡ | ᠰᠤᠷᠬᠤ ᠠᠴᠠ ᠬᠠᠰᠢᠷᠠᠬᠤ ᠰᠢᠯᠲᠠᠭᠠᠨ ᠮᠠᠰᠢ ᠪᠤᠳᠤᠯᠢᠶᠠᠨᠲᠠᠶ ᠪᠠᠶᠢᠳᠠᠠᠭ᠃ ᠡᠶᠢᠮᠦ ᠠᠴᠠ ᠠᠩᠭᠢ ᠶᠢᠨ | ᠡᠷᠬᠢᠯᠡᠭᠴᠢ ᠪᠠᠭᠰᠢ ᠪᠣᠯᠤᠭᠰᠠᠨ ᠤ ᠬᠤᠪᠢ ᠳᠤ ᠰᠤᠷᠤᠭᠴᠢᠳ ᠤᠨ ᠰᠤᠷᠤᠯᠭ᠎ᠠ ᠠᠴᠠ ᠬᠠᠰᠢᠷᠠᠬᠤ ᠶᠢᠨ ᠦᠨᠳᠦᠰᠦ | ᠰᠤᠷᠪᠤᠯᠵᠢ ᠶᠢ ᠡᠷᠢᠨ ᠤᠯᠵᠦ᠂ ᠳᠠᠬᠢᠨ ᠰᠤᠷᠤᠭᠴᠢᠳ ᠲᠤ ᠰᠡᠳᠬᠢᠴᠡ ᠶᠢᠨ ᠬᠠᠪᠰᠤᠷᠤᠨ ᠵᠢᠯᠦᠭᠤᠳᠦᠯᠭ᠎ᠠ | ᠬᠢᠨ᠎ᠡ᠃ ᠰᠤᠷᠤᠭᠴᠢᠳ ᠪᠠᠭᠰᠢ ᠶᠢᠨ ᠢᠶᠠᠨ ᠴᠢᠩ ᠦᠨᠡᠨᠴᠢ ᠬᠠᠯᠠᠮᠵᠢᠯᠠᠯ᠂ ᠢᠲᠡᠭᠡᠯ᠂ ᠬᠦᠰᠡᠯ ᠡᠷᠡᠮᠡᠯᠵᠡᠯ ᠢ | ᠣᠶᠢᠯᠠᠭᠠᠮᠠᠭᠴᠠ ᠢᠳᠡᠪᠬᠢᠲᠡᠢ ᠰᠠᠨᠠᠭᠠᠴᠢᠯᠠᠭ᠎ᠠ ᠲᠠᠢ ᠰᠤᠷᠤᠯᠴᠠᠬᠤ ᠦᠢᠯᠡ ᠠᠵᠢᠯᠯᠠᠭ᠎ᠠ ᠶᠢ ᠳᠠᠬᠢᠨᠲᠠ ᠪᠤᠢ | ᠪᠣᠯᠭᠠᠳᠠᠭ᠃ ᠡᠭᠦᠨ ᠠᠴᠠ ᠭᠠᠳᠠᠨ᠎ᠠ ᠠᠩᠭᠢ ᠶᠢᠨ ᠡᠷᠬᠢᠯᠡᠭᠴᠢ ᠪᠠᠰᠠ ᠭᠤᠣᠯ ᠰᠡᠳᠦᠪᠲᠦ ᠠᠩᠭᠢ ᠶᠢᠨ ᠬᠤᠷᠠᠯ ᠢ | ᠵᠣᠬᠢᠶᠠᠨ ᠪᠠᠶᠢᠭᠤᠯᠵᠤ᠂ ᠨᠦᠭᠦᠳ ᠵᠠᠭᠤᠷ᠎ᠠ ᠪᠠᠨ ᠶᠠᠷᠢᠯᠴᠠᠬᠤ ᠪᠤᠶᠤ ᠨᠡᠷᠡᠲᠦ ᠬᠥᠮᠦᠰ ᠢ ᠰᠤᠷᠪᠦᠯᠵᠢᠯᠠᠭᠰᠠᠨ | ᠫᠷᠥᠭᠷᠠᠮ ᠢ ᠦᠵᠡᠭᠦᠯᠬᠦ ᠵᠡᠷᠭᠡ ᠠᠷᠭ᠎ᠠ ᠪᠠᠷ ᠰᠤᠷᠤᠯᠴᠠᠬᠤ ᠶᠢᠨ ᠬᠤᠪᠢ ᠬᠥᠮᠦᠨ ᠤ ᠬᠥᠭᠵᠢᠯᠲᠡ᠂ ᠠᠵᠢᠯ ᠦᠢᠯᠡᠰ ᠤᠨ | ᠠᠮᠵᠢᠯᠲᠠ᠂ ᠨᠡᠶᠢᠭᠡᠮ ᠤᠯᠤᠰ ᠤᠨ ᠬᠥᠭᠵᠢᠯᠲᠡ ᠳᠠᠬᠢ ᠴᠢᠬᠤᠯᠠ ᠦᠢᠯᠡᠳᠦᠯ ᠢ ᠲᠣᠳᠣᠷᠬᠠᠶᠢᠯᠠᠬᠤ ᠬᠡᠷᠡᠭᠲᠡᠢ᠃ ᠲᠡᠳᠡᠭᠡᠷ | ᠰᠤᠷᠤᠯᠴᠠᠬᠤ ᠤᠷᠮ᠎ᠠ ᠪᠠᠬ᠎ᠠ ᠦᠨᠳᠤᠷ᠂ ᠢᠳᠡᠪᠬᠢᠵᠢᠯ ᠰᠠᠶᠢᠨ ᠰᠤᠷᠤᠭᠴᠢ ᠪᠠᠷ ᠲᠥᠷᠥᠭᠳᠡᠯ ᠪᠠ ᠲᠤᠷᠰᠢᠯᠭ᠎ᠠ ᠶᠢ ᠨᠢ | ᠶᠠᠷᠢᠭᠤᠯᠵᠤ᠂ ᠰᠤᠷᠤᠭᠴᠢᠳ ᠤᠨ ᠬᠠᠵᠠᠭᠤ ᠳᠠᠬᠢ ᠰᠡᠷᠡᠵᠦ ᠮᠡᠳᠡᠵᠦ ᠲᠡᠶᠢᠯᠭᠦ ᠬᠥᠮᠦᠨ ᠪᠠ ᠤᠴᠢᠷ ᠶᠠᠪᠤᠳᠠᠯ ᠢᠶᠠᠷ | ᠰᠤᠷᠤᠭᠴᠢ ᠶᠢ ᠤᠬᠠᠭᠠᠷᠠᠭᠤᠯᠤᠨ ᠬᠥᠮᠦᠵᠢᠭᠦᠯᠦᠨ᠎ᠡ᠃ | ︵2︶ ᠢᠨᠠᠭᠯᠠᠬᠤ ᠠᠰᠠᠭᠤᠳᠠᠯ | ᠪᠣᠳᠠᠲᠠᠢ ᠠᠬᠤᠢ ᠪᠠᠶᠢᠳᠠᠯ ᠠᠴᠠ ᠵᠠᠳᠠᠯᠤᠯᠲᠠ ᠬᠢᠪᠡᠯ᠂ ᠳᠡᠭᠡᠳᠦ ᠳᠤᠮᠳᠠᠳᠤ ᠶᠢᠨ ᠰᠤᠷᠤᠭᠴᠢᠳ ᠤᠨ ᠡᠷᠲᠡ | ᠢᠨᠠᠭᠯᠠᠬᠤ ᠦᠵᠡᠭᠳᠡᠯ ᠨᠢ ᠲᠦᠭᠡᠮᠡᠯ ᠴᠢᠨᠠᠷ ᠲᠠᠢ ᠪᠠᠶᠢᠳᠠᠭ᠃ ᠡᠷᠲᠡ ᠢᠨᠠᠭᠯᠠᠬᠤ ᠨᠢ ᠬᠡᠪ ᠤᠨ ᠰᠤᠷᠤᠯᠭ᠎ᠠ ᠶᠢ | ᠨᠥᠯᠥᠭᠡᠯᠡᠬᠦ ᠮᠥᠷᠲᠡᠭᠡᠨ ᠰᠡᠳᠬᠢᠴᠡ ᠶᠢᠨ ᠡᠷᠡᠭᠦᠯ ᠮᠡᠨᠳᠦ ᠶᠢ ᠪᠠᠰᠠ ᠬᠤᠬᠢᠷᠠᠭᠤᠯᠤᠨ᠎ᠠ᠃ ᠡᠶᠢᠮᠦ ᠠᠴᠠ ᠠᠩᠭᠢ ᠶᠢᠨ | ᠡᠷᠬᠢᠯᠡᠭᠴᠢ ᠵᠠᠪᠡᠯ ᠰᠤᠷᠤᠭᠴᠢ ᠢ ᠵᠥᠪ ᠴᠢᠭᠯᠡᠯ ᠥᠭᠡᠳᠡ ᠬᠥᠲᠥᠯᠥᠨ ᠵᠢᠯᠤᠭᠤᠳᠴᠤ᠂ ᠦᠵᠡᠯ ᠰᠠᠨᠠᠭᠠᠨ ᠤ ᠠᠵᠢᠯ ᠢ | ᠰᠠᠶᠢᠲᠤᠷ ᠬᠢᠬᠦ ᠬᠡᠷᠡᠭᠲᠡᠶ᠃ | ᠠᠩᠭᠢ ᠶᠢᠨ ᠡᠷᠬᠢᠯᠡᠭᠴᠢ ᠪᠠᠭᠰᠢ ᠪᠣᠯᠤᠭᠰᠠᠨ ᠤ ᠬᠤᠪᠢ ᠳᠤ᠂ ᠰᠤᠷᠤᠭᠴᠢᠳ ᠤᠨ ᠢᠨᠠᠭᠯᠠᠬᠤ | ᠠᠰᠠᠭᠤᠳᠠᠯ ᠳᠤ ᠵᠠᠪᠡᠯ ᠵᠥᠪ ᠲᠠᠨᠢᠯᠲᠠ ᠲᠠᠢ ᠪᠠᠶᠢᠬᠤ ᠬᠡᠷᠡᠭᠲᠡᠶ᠃ ᠳᠡᠭᠡᠳᠦ ᠳᠤᠮᠳᠠᠳᠤ ᠶᠢᠨ ᠰᠤᠷᠤᠭᠴᠢᠳ ᠤᠨ | ᠢᠨᠠᠭᠯᠠᠯ ᠪᠣᠯ ᠨᠢᠭᠡ ᠬᠡᠪ ᠤᠨ ᠦᠵᠡᠭᠳᠡᠯ ᠮᠥᠷᠲᠡᠭᠡᠨ ᠰᠤᠷᠤᠭᠴᠢᠳ ᠤᠨ ᠪᠡᠶ᠎ᠡ ᠮᠠᠬᠠᠪᠣᠳ ᠪᠠ ᠰᠡᠳᠬᠢᠴᠡ ᠶᠢᠨ | ᠬᠥᠭᠵᠢᠯᠲᠡ ᠶᠢᠨ ᠵᠠᠶᠢᠯᠠᠰᠢ ᠥᠬᠡᠶ ᠦᠷ᠎ᠡ ᠳ᠋ᠦᠩ᠂ ᠡᠶᠢᠮᠦ ᠠᠴᠠ ︽ᠮᠠᠭᠤ ᠰᠣᠷᠣᠭᠴᠢ︾ ᠪᠤᠶᠤ ︽ᠮᠠᠭᠤ ᠦᠢᠯᠡ | ᠠᠵᠢᠯᠯᠠᠭ᠎ᠠ︾ ᠭᠡᠵᠦ ᠦᠵᠡᠵᠦ ᠪᠣᠯᠬᠤ ᠥᠬᠡᠶ᠃ ᠡᠭᠦᠨ ᠳᠤ ᠭᠡᠷ ᠤᠨ ᠠᠬᠠᠮᠠᠳ ᠪᠠ ᠠᠩᠭᠢ ᠶᠢᠨ ᠡᠷᠬᠢᠯᠡᠭᠴᠢ | ︽ᠵᠢᠯᠣᠭᠤᠳᠬᠤ︾ ᠪᠠᠷ ᠠᠵᠢᠯ ᠤᠨ ᠵᠠᠷᠴᠢᠮ ᠪᠠ ᠭᠤᠣᠯ ᠦᠵᠡᠯ ᠰᠠᠨᠠᠭ᠎ᠠ ᠪᠠᠨ ᠪᠤᠯᠭᠠᠵᠦ᠂ ᠰᠢᠬᠠᠮᠳᠠᠭᠤᠯᠬᠤ ᠪᠤᠶᠤ | ᠬᠠᠰᠢᠨ ᠬᠤᠷᠢᠭᠯᠠᠬᠤ ᠶᠢ ᠠᠩᠬᠠᠷᠤᠨ᠎ᠠ᠃ | ︵3︶ ᠭᠤᠲᠤᠷᠠᠩᠭᠤᠢ ᠰᠡᠳᠬᠢᠴᠡ | ᠬᠥᠮᠦᠨ ᠪᠦᠬᠦᠨ ᠳᠤ ᠴᠥᠮ ᠭᠤᠲᠤᠷᠠᠩᠭᠤᠢ ᠰᠡᠳᠬᠢᠴᠡ ᠪᠠᠶᠢᠳᠠᠭ᠂ ᠵᠥᠪᠬᠡᠨ ᠬᠢᠷᠢ ᠬᠡᠮᠵᠢᠶᠡᠨ ᠤ | ᠢᠯᠭᠠᠭ᠎ᠠ ᠲᠠᠢ ᠲᠡᠳᠦᠢ᠃ ᠠᠩᠭᠢ ᠶᠢᠨ ᠡᠷᠬᠢᠯᠡᠭᠴᠢ ᠰᠤᠷᠤᠭᠴᠢᠳ ᠢᠶᠠᠨ ᠬᠠᠪᠰᠤᠷᠤᠨ ᠥᠪᠡᠷ ᠢ ᠪᠠᠨ ᠵᠥᠪ | ᠣᠨᠣᠪᠴᠢᠲᠠᠢ ᠲᠠᠨᠢᠨ ᠮᠡᠳᠡᠵᠦ᠂ ᠰᠤᠷᠤᠭᠴᠢᠳ ᠲᠤ ᠥᠪᠡᠷ ᠤᠨ ᠬᠢ ᠨᠢ ᠳᠠᠪᠠᠭᠤᠯᠢᠭ ᠲᠠᠯ᠎ᠠ ᠶᠢ ᠨᠢ ᠲᠣᠳᠣᠷᠬᠠᠢ | ᠲᠠᠨᠢᠭᠤᠯᠬᠤ ᠬᠡᠷᠡᠭᠲᠡᠢ᠃ ᠪᠤᠰᠤᠳᠴᠢ ᠪᠣᠳᠠᠲᠤ ᠪᠠᠶᠢᠳᠠᠯ ᠳᠤ᠂ ᠪᠠᠶ᠎ᠡ ᠨᠢ ᠵᠢᠭᠠᠬᠠᠨ ᠵᠡᠮᠳᠡᠭ ᠪᠤᠶᠤ ᠠᠯᠳᠠᠭ᠎ᠠ ᠪᠤᠷᠤᠭᠤ | ᠭᠠᠷᠭᠠᠭᠰᠠᠨ ᠳᠤ ᠪᠠᠨ ᠵᠥᠪ ᠢᠶᠠᠷ ᠬᠠᠨᠳᠤᠵᠤ᠂ ᠰᠡᠳᠬᠢᠯ ᠰᠠᠨᠠᠭ᠎ᠠ ᠪᠠᠨ ᠠᠭᠤᠵᠢᠭᠤ ᠲᠠᠯᠪᠢᠭᠤ ᠪᠠᠶᠢᠯᠭᠠᠵᠤ᠂ | ᠳᠠᠷᠠᠭᠠᠴᠢ ᠪᠠᠷ ᠠᠩᠬᠠᠷᠤᠨ ᠬᠢᠴᠢᠶᠡᠬᠦ ᠶᠢ ᠱᠠᠭᠠᠷᠳᠠᠨ᠎ᠠ᠃ ᠡᠭᠦᠨ ᠠᠴᠠ ᠭᠠᠳᠠᠨ᠎ᠠ᠂ ᠠᠩᠭᠢ ᠶᠢᠨ ᠡᠷᠬᠢᠯᠡᠭᠴᠢ | ᠰᠤᠷᠤᠭᠴᠢᠳ ᠲᠤ ᠪᠠᠨ ᠵᠠᠷᠢᠮ ᠪᠣᠯᠪᠠᠰᠤᠷᠠᠭᠤᠯᠬᠤ ᠠᠷᠭ᠎ᠠ ᠶᠢ ᠵᠢᠭᠠᠬᠤ ᠪᠠᠷ ᠳᠠᠮᠵᠢᠨ ᠰᠤᠷᠤᠭᠴᠢᠳ ᠤᠨ ᠢᠲᠡᠭᠡᠯ ᠢ | ᠬᠥᠮᠦᠵᠢᠭᠦᠯᠵᠦ ᠪᠣᠯᠤᠨ᠎ᠠ᠂ ᠵᠢᠱᠢᠶᠡᠯᠡᠪᠡᠯ᠂ ᠵᠣᠷᠢᠭᠲᠠᠢ ᠪᠠᠷ ᠬᠥᠮᠦᠨ ᠤ ᠡᠮᠦᠨ᠎ᠡ ᠵᠣᠭᠰᠤᠬᠤ᠂ ᠬᠥᠮᠦᠨ ᠲᠠᠢ | ᠬᠠᠷᠢᠯᠴᠠᠬᠤ ᠳᠤ ᠪᠠᠨ ᠠᠯᠢ ᠴᠢᠳᠠᠬᠤ ᠪᠠᠷ ᠡᠰᠡᠷᠭᠦ ᠡᠲᠡᠭᠡᠳ ᠤᠨ ᠢᠶᠠᠨ ᠨᠢᠳᠦ ᠶᠢ ᠵᠥᠪ ᠬᠠᠷᠠᠬᠤ᠂ ᠦᠷᠭᠦᠯᠵᠢ | ᠢᠨᠢᠶᠡᠮᠰᠦᠭᠯᠡᠬᠦ᠂ ᠤᠯᠠᠨ ᠤ ᠡᠮᠦᠨ᠎ᠡ ᠦᠭᠡ ᠬᠡᠯᠡᠬᠦ᠂ ᠳᠠᠭᠤᠤ ᠳᠠᠭᠤᠯᠠᠬᠤ᠂ ᠶᠠᠷᠢᠶ᠎ᠠ ᠢᠯᠡᠳᠭᠡᠯ ᠬᠢᠬᠦ ᠵᠡᠷᠭᠡ᠃ ᠪᠠᠰᠠ | ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠦᠭᠦᠳ ᠬᠤᠭᠤᠷᠣᠨᠳᠣᠬᠢ ᠶᠢᠨ ᠶᠠᠪᠤᠯᠴᠠᠭ᠎ᠠ ᠬᠠᠷᠢᠴᠠᠭ᠎ᠠ ᠶᠢ | ᠴᠢᠩᠭᠠᠳᠬᠠᠵᠤ᠂ ᠰᠤᠷᠤᠭᠴᠢᠳ ᠢ ᠤᠯᠠᠨ ᠨᠠᠶᠢᠳᠠ ᠶᠢᠨ ᠳᠤᠮᠳᠠ ᠠᠭᠤᠰᠬᠠᠨ ᠣᠷᠣᠭᠤᠯᠤᠨ᠎ᠠ᠃ ᠪᠡᠶ᠎ᠡ ᠶᠢᠨ | ᠲᠠᠮᠢᠷ ᠤᠨ ᠪᠣᠯᠪᠠᠰᠤᠷᠠᠯ ᠨᠢ ᠬᠥᠮᠦᠰ ᠢ ᠠᠮᠵᠢᠯᠲᠠ ᠪᠠ ᠰᠢᠯᠢᠳᠡᠭ ᠲᠥᠷᠥᠭᠳᠡᠯ ᠲᠠᠢ ᠪᠣᠯᠭᠠᠨ᠎ᠠ᠂ ᠡᠶᠢᠮᠦ ᠠᠴᠠ | ᠰᠤᠷᠤᠭᠴᠢᠳ ᠢ ᠵᠣᠬᠢᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠬᠤ ᠶᠢ ᠵᠤᠷᠢᠬᠵᠢᠭᠤᠯᠤᠨ ᠱᠠᠭᠠᠷᠳᠠᠨ᠎ᠠ᠃ | ︵4︶ ᠰᠢᠯᠭᠠᠯᠲᠠ ᠳᠤ ᠬᠡᠲᠦᠷᠬᠡᠶ ᠰᠠᠨᠠᠭ᠎ᠠ ᠵᠣᠪᠠᠭ᠋ᠤ | ᠰᠠᠨᠠᠭ᠎ᠠ ᠵᠣᠪᠠᠭ᠋ᠤ ᠨᠢ ᠰᠢᠯᠭᠠᠯᠲᠠ ᠳᠤ ᠠᠳᠠᠯᠢ ᠪᠤᠰᠤ ᠨᠥᠯᠥᠭᠡ ᠲᠠᠢ᠃ ᠵᠣᠪᠠᠨᠢᠯ ᠤᠨ ᠬᠡᠮᠵᠢᠶ᠎ᠡ ᠵᠣᠬᠢᠰᠲᠠᠶ | ᠪᠣᠯ ᠳᠠᠪᠲᠠᠯᠭ᠎ᠠ ᠶᠢ ᠠᠬᠢᠭᠤᠯᠵᠦ᠂ ᠰᠢᠯᠭᠠᠯᠳᠠ ᠳᠤ ᠰᠠᠶᠢᠨ ᠪᠦᠳᠤᠮᠵᠢ ᠤᠯᠬᠤ ᠳᠤ ᠠᠰᠢᠭᠲᠠᠶ᠃ ᠵᠣᠪᠠᠨᠢᠯ ᠤᠨ | ᠬᠡᠮᠵᠢᠶ᠎ᠡ ᠬᠡᠲᠦᠷᠬᠡᠶ ᠳᠤᠤᠷ᠎ᠠ ᠪᠣᠯ ᠰᠤᠷᠤᠭᠴᠢᠳ ᠰᠢᠯᠭᠠᠯᠲᠠ ᠶᠢ ᠬᠦᠨᠳᠦᠳᠭᠡᠵᠦ ᠦᠵᠡᠬᠦ ᠦᠭᠡᠢ᠂ ᠣᠮᠣᠷᠬᠠᠭ | ᠪᠠᠷᠳᠠᠮ᠂ ᠬᠠᠰᠢ ᠶᠠᠰᠢ ᠠᠴᠠ ᠪᠤᠯᠵᠦ ᠰᠠᠶᠢᠨ ᠬᠢᠷᠢ ᠪᠦᠲᠦᠮᠵᠢ ᠣᠯᠵᠤ ᠲᠡᠶᠢᠯᠭᠦ ᠦᠭᠡᠢ᠃ ᠵᠣᠪᠠᠨᠢᠯ ᠠᠬᠠᠳᠠᠪᠠᠯ | ᠰᠤᠷᠤᠭᠴᠢᠳ ᠰᠠᠭᠤᠵᠤ ᠲᠣᠭᠲᠠᠬᠤ ᠪᠠᠨ ᠪᠠᠶᠢᠵᠤ᠂ ᠲᠣᠯᠣᠭᠠᠢ ᠡᠪᠡᠳᠴᠦ ᠨᠢᠳᠤ ᠡᠷᠢᠶᠠᠯᠵᠢᠨ᠂ ᠠᠩᠬᠠᠷᠤᠯ ᠢᠶᠠᠨ | ᠲᠥᠪᠯᠡᠷᠡᠭᠦᠯᠬᠦ ᠶᠢᠨ ᠠᠷᠭ᠎ᠠ ᠦᠭᠡᠢ ᠪᠣᠯᠵᠤ᠂ ᠰᠡᠳᠬᠢᠬᠦᠢ ᠨᠢ ᠡᠮᠬᠢ ᠵᠠᠮᠪᠠᠷᠠᠭ᠎ᠠ ᠦᠭᠡᠢ ᠪᠣᠯᠵᠤ᠂ ᠰᠡᠳᠦᠪ ᠢᠶᠠᠨ | ᠲᠣᠳᠣᠷᠬᠠᠢ ᠬᠢᠨᠠᠵᠦ ᠲᠡᠶᠢᠯᠭᠦ ᠦᠭᠡᠢ᠂ ᠰᠡᠳᠦᠪ ᠵᠠᠳᠠᠯᠬᠤ ᠳᠤ ᠠᠮᠠᠷᠬᠠᠨ ᠪᠤᠷᠤᠭᠤ ᠭᠠᠷᠴᠤ᠂ ᠰᠢᠯᠭᠠᠯᠲᠠ ᠳᠤ | ᠬᠡᠪ ᠤᠨ ᠬᠢᠷᠢ ᠬᠡᠮᠵᠢᠶ᠎ᠡ ᠪᠠᠨ ᠪᠠᠳᠠᠷᠠᠭᠤᠯᠵᠤ ᠴᠢᠳᠠᠬᠤ ᠦᠭᠡᠢ ᠪᠣᠯᠳᠠᠭ᠃ ᠡᠶᠢᠮᠦ ᠠᠴᠠ ᠰᠤᠷᠤᠭᠴᠢᠳ ᠤᠨ ᠬᠡᠲᠦᠷᠬᠡᠶ | ᠰᠡᠳᠬᠢᠴᠡ ᠶᠢᠨ ᠵᠣᠪᠠᠨᠢᠯ ᠢ ᠵᠢᠯᠤᠭᠤᠳᠤᠨ ᠠᠷᠢᠯᠭᠠᠬᠤ ᠪᠣᠯ ᠠᠩᠭᠢ ᠶᠢᠨ ᠡᠷᠬᠢᠯᠡᠭᠴᠢ ᠪᠠᠭᠰᠢ ᠶᠢᠨ ᠡᠩ ᠲᠡᠷᠢᠭᠦᠨ ᠳᠤ | ᠬᠢᠬᠦ ᠠᠵᠢᠯ ᠪᠣᠯᠤᠨ᠎ᠠ᠃ ᠰᠤᠷᠤᠭᠴᠢᠳ ᠢ ᠵᠢᠯᠣᠭᠤᠳᠤᠨ ᠰᠢᠯᠭᠠᠯᠲᠠ ᠠᠴᠠ ᠡᠮᠦᠨ᠎ᠡ ᠰᠤᠯᠠᠳᠬᠠᠬᠤ ᠪᠣᠯᠪᠠᠰᠤᠷᠠᠯ | ᠬᠢᠯᠭᠡᠵᠦ᠂ ᠰᠤᠷᠤᠭᠴᠢᠳ ᠢ ᠤᠷᠠᠨ ᠰᠠᠶᠢᠬᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠵᠢᠴᠢ ᠰᠣᠨᠢᠷᠬᠠᠯ ᠲᠠᠢ | ᠬᠢᠴᠢᠶᠡᠯ ᠤᠨ ᠭᠠᠳᠠᠨᠠᠬᠢ ᠬᠥᠳᠡᠯᠭᠡᠭᠡᠨ ᠳᠤ ᠵᠣᠬᠢᠬᠤ ᠬᠡᠮᠵᠢᠶ᠎ᠡ ᠪᠠᠷ ᠣᠷᠣᠯᠴᠠᠬᠤ ᠶᠢ ᠱᠠᠭᠠᠷᠳᠠᠨ᠂ ᠠᠩᠬᠠᠷᠤᠯ ᠢ ᠨᠢ | ᠰᠢᠯᠵᠢᠭᠦᠯᠵᠦ᠂ ᠰᠡᠳᠬᠢᠴᠡ ᠶᠢᠨ ᠳᠠᠷᠤᠯᠲᠠ ᠶᠢ ᠨᠢ ᠬᠥᠩᠭᠡᠷᠡᠭᠦᠯᠦᠨ᠎ᠡ᠃ ᠡᠭᠦᠨ ᠠᠴᠠ ᠭᠠᠳᠠᠨ᠎ᠠ ᠰᠤᠷᠤᠭᠴᠢᠳ ᠤᠨ | ᠬᠡᠲᠦᠷᠬᠡᠢ ᠵᠣᠪᠠᠨᠢᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠯᠠᠪᠳᠠᠭᠤᠨ ᠬᠢᠨᠠᠮᠠᠭᠠᠢ ᠣᠶᠤᠨᠴᠢ ᠵᠠᠳᠠᠯᠤᠯᠲᠠ ᠪᠠ | ᠢᠲᠡᠭᠡᠯ ᠵᠣᠷᠢᠭ ᠤᠨ ᠪᠣᠯᠪᠠᠰᠤᠷᠠᠯ ᠬᠢᠯᠭᠡᠵᠦ᠂ ᠰᠡᠳᠬᠢᠯ ᠰᠠᠨᠠᠭ᠎ᠠ ᠶᠢ ᠨᠢ ᠲᠣᠭᠲᠠᠭᠤᠨ ᠪᠣᠯᠭᠠᠨ᠎ᠠ᠃ ᠪᠠᠰᠠ | ᠰᠤᠷᠤᠭᠴᠢᠳ ᠲᠤ ᠥᠪᠡᠷ ᠢ ᠪᠠᠨ ᠢᠳᠡᠪᠬᠢᠲᠡᠢ ᠲᠤᠬᠢᠷᠠᠭᠤᠯᠬᠤ ᠠᠷᠭ᠎ᠠ᠂ ᠪᠡᠶᠡᠴᠢᠯᠡᠨ ᠣᠶᠢᠯᠠᠭᠠᠬᠤ ᠠᠷᠭ᠎ᠠ ᠵᠡᠷᠭᠡ ᠶᠢ | ᠵᠢᠭᠠᠨ ᠦᠭᠴᠤ᠂ ᠰᠢᠯᠭᠠᠯᠲᠠ ᠠᠴᠠ ᠡᠮᠤᠨ᠎ᠡ ᠳᠠᠬᠢᠨ ᠳᠠᠪᠲᠠᠨ ᠪᠣᠯᠪᠠᠰᠤᠷᠠᠭᠤᠯᠤᠨ᠎ᠠ᠃ | ᠰᠤᠷᠤᠭᠴᠢᠳ ᠤᠨ ᠠᠯᠢ ᠤᠯᠠᠨ ᠨᠡᠯᠢᠶᠡᠳ ᠬᠦᠨᠳᠦ ᠨᠣᠴᠢᠲᠠᠢ ᠰᠡᠳᠬᠢᠴᠡ ᠶᠢᠨ ᠠᠰᠠᠭᠤᠳᠠᠯ ᠳᠤ᠂ | ᠠᠩᠬᠢ ᠶᠢᠨ ᠡᠷᠬᠢᠯᠡᠭᠴᠢ ᠪᠠᠭᠰᠢ ᠵᠠᠪᠡᠯ ᠦᠵᠡᠯᠲᠡ ᠪᠠ ᠠᠷᠭ᠎ᠠ ᠪᠠᠷᠢᠯ ᠤᠨ ᠲᠠᠯ᠎ᠠ ᠪᠠᠷ ᠭᠦᠢᠴᠡᠳ ᠪᠡᠯᠡᠳᠬᠡᠯ ᠬᠢᠵᠦ᠂ | ᠬᠠᠮᠲᠤ ᠶᠢᠨ ᠰᠤᠷᠭᠠᠨ ᠬᠥᠮᠦᠵᠢᠯ ᠪᠠ ᠬᠤᠪᠢ ᠬᠥᠮᠦᠨ ᠤ ᠰᠤᠷᠭᠠᠨ ᠬᠥᠮᠦᠵᠢᠯ ᠢ ᠤᠶᠠᠯᠳᠤᠭᠤᠯᠵᠤ᠂ | ᠭᠤᠣᠯᠳᠠᠯᠭ᠎ᠠ ᠪᠠᠨ ᠰᠤᠷᠤᠭᠴᠢᠳ ᠤᠨ ᠰᠡᠳᠬᠢᠴᠡ ᠶᠢᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠳᠡᠭᠡᠷ᠎ᠡ ᠲᠠᠯᠪᠢᠵᠤ᠂ | ᠨᠡᠩ ᠣᠯᠠᠨ ᠨᠡᠩ ᠳᠠᠪᠰᠢᠩᠭᠤᠶ ᠰᠡᠳᠬᠢᠴᠡ ᠶᠢᠨ ᠬᠥᠮᠦᠵᠢᠯ ᠤᠨ ᠠᠷᠭ᠎ᠠ ᠵᠠᠮ ᠪᠣᠯᠤᠨ ᠬᠡᠯᠪᠡᠷᠢ ᠮᠠᠶ᠋ᠢᠬ ᠢ ᠴᠢᠷᠮᠠᠶᠢᠨ | ᠰᠦᠪᠡᠭᠴᠢᠯᠡᠪᠡᠯ ᠵᠣᠬᠢᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | 2023.2 ᠳ᠋ᠤᠭᠠᠷ ᠬᠤᠭᠤᠴᠠᠭ᠎ᠠ | |