| ᠥᠪᠥᠷ ᠰᠤᠷᠭᠠᠨ ᠲᠠᠷᠬᠠᠭᠠᠭᠰᠠᠨ ﹇2020﹈ 17 ᠳ᠋ᠤᠭᠠᠷ ᠲᠣᠭᠠᠲᠤ | | | ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠳᠤ᠄ | ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠬᠦ ᠶᠢᠨ ᠲᠥᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠢ ᠠᠬᠢᠭᠤᠯᠬᠤ ᠬᠠᠤᠯᠢ︾᠂ ︽ᠰᠤᠷᠭᠠᠨ ᠬᠥᠮᠦᠵᠢᠯ ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠢ ᠲᠣᠪᠴᠢᠶ᠎ᠠ ᠶᠢᠨ ︿ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ | ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠂ ︽ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ | ᠡᠷᠬᠢᠯᠡᠬᠦ ᠶᠢ ᠵᠣᠷᠢᠭᠵᠢᠭᠤᠯᠵᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ 2018 ᠣᠨ ᠳᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ ︵ᠳᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠵᠤ᠂ ᠡᠳᠦᠭᠡ ᠳᠠᠷᠤᠮᠠᠯᠯᠠᠨ | ᠲᠠᠷᠬᠠᠭᠠᠪᠠ᠂ ᠵᠢᠷᠤᠮᠯᠠᠨ ᠬᠡᠷᠡᠭᠵᠢᠭᠦᠯᠬᠦ ᠪᠣᠯᠪᠠᠤ᠃ ᠡᠯ᠎ᠡ ᠭᠠᠵᠠᠷ ᠤᠨ ᠬᠢᠨ ᠠᠵᠢᠯ ᠤᠨ ᠶᠠᠪᠤᠴᠠ ᠳᠤ ᠠᠰᠠᠭᠤᠳᠠᠯ ᠢ | ᠣᠯᠵᠤ ᠮᠡᠳᠡᠪᠡᠯ ᠴᠠᠭ ᠲᠤᠬᠠᠢ ᠳᠤ ᠨᠢ ᠭᠤᠣᠯᠴᠢᠯᠠᠨ ᠬᠠᠮᠢᠶᠠᠷᠬᠤ ᠲᠢᠩᠬᠢᠮ ᠪᠤᠶᠤ ᠲᠣᠪᠴᠢᠶ᠎ᠠ ᠳᠤ ᠮᠡᠳᠡᠭᠦᠯᠬᠦ ᠶᠢᠨ | ᠬᠠᠮᠲᠤ ᠲᠣᠬᠢᠲᠠᠢ ᠰᠢᠢᠳᠪᠦᠷᠢᠯᠡᠭᠦᠯᠬᠦ ᠬᠡᠷᠡᠭᠲᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ | 2023 ᠣᠨ ᠤ 10 ᠰᠠᠷ᠎ᠠ ᠶᠢᠨ 16 ᠤ ᠡᠳᠦᠷ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ | ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ | ︵2023 ᠣᠨ ᠳᠤ ᠵᠠᠰᠠᠪᠤᠷᠢ ᠣᠷᠣᠭᠤᠯᠤᠭᠰᠠᠨ︶ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠭᠡᠮ ᠤᠨ ᠬᠦᠴᠦᠨ ᠤ ᠰᠤᠷᠭᠠᠨ | ᠬᠥᠮᠦᠵᠢᠯ ᠡᠷᠬᠢᠯᠡᠬᠦ ᠶᠢ ᠵᠣᠷᠢᠭᠵᠢᠭᠤᠯᠵᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠲᠤᠬᠠᠢ ᠰᠠᠨᠠᠯ ᠤᠳ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠢ ᠠᠬᠢᠭᠤᠯᠬᠤ ᠬᠠᠤᠯᠢ︾᠂ ︽ᠰᠤᠷᠭᠠᠨ ᠬᠥᠮᠦᠵᠢᠯ ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠢ ᠲᠣᠪᠴᠢᠶ᠎ᠠ ᠶᠢᠨ | ︿ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ | ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠵᠢᠴᠢ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠳᠦᠷᠢᠮ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ | ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠥᠷᠥ ᠶᠢᠨ ᠪᠠᠶᠢᠭᠤᠯᠤᠮᠵᠢ ᠠᠴᠠ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ | ᠪᠤᠶᠤ ᠬᠤᠪᠢ ᠬᠥᠮᠦᠨ ᠡᠳ᠋ ᠤᠨ ᠵᠠᠰᠠᠭ ᠤᠨ ᠪᠤᠰᠤ ᠴᠢᠨᠠᠷᠲᠠᠢ ᠵᠠᠷᠤᠳᠠᠯ᠂ ᠪᠡᠯᠡᠭᠯᠡᠨ ᠬᠦᠷᠭᠡᠭᠰᠡᠨ ᠪᠤᠰᠤ ᠡᠳ᠋ | ᠬᠥᠷᠥᠩᠭᠡ ᠶᠢ ᠠᠰᠢᠭᠯᠠᠨ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ | ᠪᠠ ᠪᠤᠰᠤᠳ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠡᠷᠬᠢᠯᠡᠵᠦ | ᠪᠣᠯᠤᠨ᠎ᠠ᠃ ᠭᠡᠪᠡᠴᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠡᠷᠡᠭᠵᠢᠭᠦᠯᠵᠦ ᠪᠠᠶᠢᠭ᠎ᠠ ᠠᠰᠢᠭ ᠬᠤᠨᠵᠢᠪᠣᠷᠢ ᠶᠢᠨ | ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠶᠢᠭᠤᠯᠵᠤ ᠪᠣᠯᠬᠤ ᠦᠭᠡᠢ᠃ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠡᠳ᠋ ᠤᠨ ᠵᠠᠰᠠᠭ ᠤᠨ ᠴᠢᠨᠠᠷᠲᠠᠢ ᠵᠠᠷᠤᠳᠠᠯ᠂ | ᠲᠤᠰᠠᠯᠠᠨ ᠬᠦᠷᠭᠡᠭᠰᠡᠨ ᠡᠳ᠋ ᠬᠥᠷᠥᠩᠭᠡ ᠪᠠᠷ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ ᠪᠣᠯᠬᠤ ᠦᠭᠡᠢ᠃ | ᠭᠤᠷᠪᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ | ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ | ᠪᠠᠷᠢᠮᠲᠠᠯᠠᠨ᠂ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠢ ᠵᠢᠷᠤᠮᠯᠠᠵᠤ᠂ ᠰᠤᠷᠭᠠᠨ ᠬᠥᠮᠦᠵᠢᠯ | ᠬᠦᠷᠲᠡᠭᠰᠡᠳ ᠤᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠵᠤ᠂ | ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠪᠦᠬᠦ ᠲᠠᠯ᠎ᠠ ᠪᠠᠷ | ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠦᠨ᠎ᠡ᠃ | ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠰᠤᠷᠭᠠᠨ ᠬᠥᠮᠦᠵᠢᠯ ᠤᠨ | ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠳᠡᠭᠡᠳᠦ ᠬᠡᠪ ᠴᠢᠨᠠᠷ ᠲᠠᠢ ᠴᠢᠳᠠᠪᠤᠷᠢᠲᠠᠨ ᠢ ᠬᠥᠮᠦᠵᠢᠭᠦᠯᠬᠦ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠦᠷ᠎ᠡ | ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠠᠷᠢᠯᠴᠠᠨ ᠨᠢᠭᠡᠳᠬᠦ ᠶᠢ ᠪᠡᠶᠡᠯᠡᠭᠦᠯᠦᠨ᠎ᠡ᠃ | ᠳᠥᠷᠪᠡᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ | ᠰᠤᠷᠤᠯᠴᠠᠭᠰᠠᠨ ᠰᠤᠷᠤᠭᠴᠢ ᠳᠤ ᠠᠳᠠᠯᠢ ᠱᠠᠲᠤᠨ ᠤ ᠠᠳᠠᠯᠢ ᠲᠥᠷᠥᠯ ᠤᠨ ᠠᠯᠪᠠᠨ ᠠᠴᠠ ᠡᠷᠬᠢᠯᠡᠭᠰᠡᠨ | ᠰᠤᠷᠭᠠᠭᠤᠯᠢ ᠶᠢᠨ ᠰᠤᠷᠤᠭᠴᠢ ᠯᠤᠭ᠎ᠠ ᠠᠳᠠᠯᠢ ᠣᠯᠭᠤᠮᠵᠢ ᠭᠦᠷᠲᠡᠭᠡᠨ᠎ᠡ᠃ | ᠲᠠᠪᠤᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ | ᠰᠤᠷᠭᠠᠭᠤᠯᠢ ᠶᠢᠨ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠠ ᠪᠠᠴᠢᠮ | ᠪᠠᠶᠢᠳᠠᠯ ᠢ ᠠᠷᠭᠠᠴᠠᠵᠤ ᠰᠡᠷᠡᠮᠵᠢᠯᠡᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠰᠤᠷᠭᠠᠭᠤᠯᠢ ᠶᠢᠨ ᠪᠠᠭᠰᠢ ᠰᠤᠷᠤᠭᠴᠢ ᠶᠢᠨ ᠡᠷᠬᠡ ᠠᠰᠢᠭ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠵᠤ᠂ ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠨ᠎ᠠ᠃ ᠰᠤᠷᠭᠠᠭᠤᠯᠢ ᠶᠢᠨ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠪᠣᠯ ᠰᠤᠷᠭᠠᠭᠤᠯᠢ ᠶᠢᠨ ᠠᠮᠤᠷ ᠲᠣᠭᠲᠠᠭᠤᠨ ᠤ ᠠᠵᠢᠯ ᠤᠨ ᠨᠢᠭᠡᠳᠦᠭᠡᠷ | ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃ | ᠵᠢᠷᠭᠤᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ | ᠨᠡᠷᠡᠶᠢᠳᠦᠯ ︽ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠢ ᠲᠣᠪᠴᠢᠶ᠎ᠠ᠂ ᠰᠤᠷᠭᠠᠨ ᠬᠥᠮᠦᠵᠢᠯ ᠤᠨ | ᠶᠠᠮᠤᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠡᠷᠡᠶᠢᠳᠦᠯ ᠢ | ᠳᠠᠩᠰᠠᠯᠠᠭᠤᠯᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠤᠨ ᠲᠤᠬᠠᠢ ᠮᠡᠳᠡᠭᠳᠡᠯ︾ ᠤᠨ ᠱᠠᠭᠠᠷᠳᠠᠯᠭ᠎ᠠ ᠳᠤ | ᠨᠠᠶᠢᠴᠡᠬᠦ ᠬᠡᠷᠡᠭᠲᠡᠢ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠰᠤᠷᠤᠯᠭ᠎ᠠ ᠶᠢᠨ ᠨᠠᠮᠲᠠᠷ ᠤᠨ | ᠰᠤᠷᠭᠠᠨ ᠬᠥᠮᠦᠵᠢᠯ ᠢ ᠬᠡᠷᠡᠭᠵᠢᠭᠦᠯᠬᠦ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠨᠢ ᠰᠤᠷᠭᠠᠭᠤᠯᠢ ᠶᠢᠨ ᠫᠠᠶᠢᠰᠠ ᠢᠯᠡᠷᠬᠡᠶᠢᠯᠡᠯ᠂ ᠬᠢᠷᠢ ᠪᠦᠲᠦᠮᠵᠢ ᠶᠢᠨ ᠬᠠᠭᠤᠳᠠᠰᠤ᠂ ᠰᠤᠷᠤᠯᠭ᠎ᠠ ᠶᠢᠨ | ᠨᠠᠮᠲᠠᠷ ᠤᠨ ᠡᠷᠳᠡᠮ ᠤᠨ ᠴᠣᠯᠠ ᠶᠢᠨ ᠦᠨᠡᠮᠯᠡᠯ ᠵᠢᠴᠢ ᠬᠠᠮᠢᠶ᠎ᠠ ᠪᠦᠬᠦᠢ ᠭᠡᠷᠡᠴᠢ᠂ ᠰᠤᠷᠤᠭᠴᠢ ᠡᠯᠰᠡᠬᠦ ᠵᠠᠷ ᠪᠠ | ᠲᠣᠪᠴᠢ ᠳᠦᠷᠢᠮ ᠳᠤ ᠬᠢᠨᠠᠨ ᠵᠥᠪᠰᠢᠶᠡᠷᠡᠬᠦ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠬᠠᠤᠯᠢ ᠶᠢᠨ ᠡᠷᠬᠡᠲᠦ | ᠬᠥᠮᠦᠨ ᠤ ᠳᠥᠭᠦᠮ ᠨᠡᠷᠡᠶᠢᠳᠦᠯ ᠢ ᠬᠡᠷᠡᠭᠯᠡᠨ᠎ᠡ᠃ | ᠬᠤᠶᠠᠳᠤᠭᠠᠷ ᠪᠦᠯᠦᠭ ᠰᠤᠷᠭᠠᠭᠤᠯᠢ ᠪᠠᠶᠢᠭᠤᠯᠬᠤ | ᠳᠣᠯᠣᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ | ᠪᠠᠶᠢᠭᠤᠯᠬᠤ ᠶᠢ ᠵᠥᠪᠰᠢᠶᠡᠷᠡᠬᠦ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠳᠠᠯᠢ ᠳᠡᠰ ᠤᠨ ᠠᠳᠠᠯᠢ | ᠲᠥᠷᠥᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠨ᠎ᠠ᠃ | ᠨᠠᠢᠮᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ | ᠪᠠᠶᠢᠭᠤᠯᠬᠤ ᠳᠤ ᠥᠨᠳᠥᠷ ᠬᠢᠷᠢ ᠲᠦᠪᠰᠢᠨ᠂ ᠥᠪᠡᠷᠮᠢᠴᠷ ᠣᠨᠴᠠᠯᠢᠭ ᠲᠠᠢ ᠪᠠᠶᠢᠵᠤ ᠲᠤᠬᠠᠢ ᠶᠢᠨ ᠭᠠᠵᠠᠷ ᠤᠨ | ᠠᠵᠤ ᠠᠬᠤᠢ ᠨᠡᠶᠢᠭᠡᠮ ᠤᠨ ᠬᠥᠭᠵᠢᠯᠲᠡ ᠪᠠ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠳᠤ | ᠨᠡᠶᠢᠴᠡᠭᠦᠯᠬᠦ ᠵᠠᠷᠴᠢᠮ ᠢ ᠪᠠᠷᠢᠮᠲᠠᠯᠠᠨ᠎ᠠ᠃ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠳᠡᠭᠡᠳᠦ | ᠰᠤᠷᠭᠠᠭᠤᠯᠢ ᠶᠢ ᠪᠠᠶᠢᠭᠤᠯᠬᠤ ᠳᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢ ᠪᠠᠶᠢᠭᠤᠯᠬᠤ | ᠲᠥᠯᠥᠪᠵᠢᠭᠦᠯᠭᠡ ᠳᠤ ᠣᠷᠣᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠶᠣᠰᠣᠭᠠᠷ | ᠮᠡᠳᠡᠭᠦᠯᠬᠦ ᠪᠠ ᠬᠢᠨᠠᠨ ᠵᠦᠪᠰᠢᠶᠡᠷᠡᠭᠦᠯᠦᠨ᠎ᠡ᠃ ᠳᠤᠮᠳᠠ ᠵᠡᠷᠭᠡ ᠠᠴᠠ ᠳᠣᠷᠣᠭᠰᠢ ᠳᠡᠰ ᠳᠠᠪᠬᠤᠷᠭ᠎ᠠ ᠶᠢᠨ ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠪᠴᠢᠶ᠎ᠠ ᠶᠢ | ᠡᠯ᠎ᠡ ᠱᠠᠲᠤᠨ ᠤ ᠬᠢᠨᠠᠨ ᠵᠥᠪᠰᠢᠶᠡᠷᠡᠬᠦ ᠪᠠᠶᠢᠭᠤᠯᠭ᠎ᠠ ᠲᠤᠬᠠᠢ ᠶᠢᠨ ᠭᠠᠵᠠᠷ ᠤᠨ ᠪᠣᠳᠠᠲᠠᠢ ᠪᠠᠨ ᠦᠨᠳᠦᠰᠦᠯᠡᠨ | ᠲᠣᠭᠲᠠᠭᠠᠨ᠎ᠠ᠃ | ᠶᠢᠰᠦᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ | ᠳᠠᠩᠰᠠᠯᠠᠭᠤᠯᠬᠤ ᠬᠥᠷᠥᠩᠭᠡ ᠶᠢᠨ ᠲᠤᠭ᠎ᠠ ᠶᠢ ᠰᠤᠷᠭᠠᠭᠤᠯᠢ ᠶᠢᠨ ᠲᠥᠷᠥᠯ ᠢᠯᠭᠠᠯ᠂ ᠳᠡᠰ ᠳᠠᠪᠬᠤᠷᠭ᠎ᠠ᠂ ᠰᠤᠷᠭᠠᠭᠤᠯᠢ | ᠡᠷᠬᠢᠯᠡᠬᠦ ᠬᠡᠪᠴᠢᠶ᠎ᠡ ᠯᠦᠭᠡ ᠬᠠᠷᠢᠯᠴᠠᠨ ᠵᠣᠬᠢᠴᠠᠭᠤᠯᠤᠨ᠎ᠠ᠃ | ᠠᠷᠪᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠰᠤᠷᠭᠠᠭᠤᠯᠢ ᠶᠢᠨ ᠳᠡᠰ ᠳᠠᠪᠬᠤᠷᠭ᠎ᠠ᠂ ᠲᠥᠷᠥᠯ | ᠬᠡᠯᠪᠡᠷᠢ᠂ ᠬᠡᠪᠴᠢᠶ᠎ᠡ ᠲᠠᠢ ᠵᠣᠬᠢᠴᠠᠭᠰᠠᠨ ᠠᠵᠤ ᠠᠬᠤᠢ ᠶᠢᠨ ᠪᠣᠳᠠᠲᠤ ᠬᠦᠴᠦᠨ ᠢ ᠪᠦᠷᠢᠯᠳᠦᠭᠦᠯᠵᠦ᠂ ᠲᠡᠭᠦᠨ ᠤ | ᠴᠡᠪᠡᠷ ᠡᠳ᠋ ᠬᠥᠷᠥᠩᠭᠡ ᠪᠤᠶᠤ ᠵᠣᠭᠤᠰ ᠪᠡᠯᠡ ᠮᠥᠩᠭᠦ ᠨᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ | ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ | ᠡᠷᠬᠢᠯᠡᠬᠦ ᠳᠤ ᠪᠡᠯᠡᠨ ᠵᠣᠭᠤᠰ ᠢᠶᠠᠷ ᠪᠡᠯᠡ ᠣᠷᠣᠭᠤᠯᠬᠤ᠂ ᠡᠰᠡᠬᠦᠯ᠎ᠡ ᠪᠣᠳᠠᠲᠤ ᠶᠠᠭᠤᠮ᠎ᠠ᠂ ᠮᠡᠳᠡᠯᠭᠡ ᠶᠢᠨ ᠥᠮᠴᠢᠯᠡᠯ ᠤᠨ | ᠡᠷᠬᠡ᠂ ᠭᠠᠵᠠᠷ ᠰᠢᠷᠣᠢ ᠬᠡᠷᠡᠭᠯᠡᠬᠦ ᠡᠷᠬᠡ ᠵᠡᠷᠭᠡ ᠶᠢ ᠵᠣᠭᠤᠰ ᠢᠶᠠᠷ ᠦᠨᠡᠯᠡᠨ ᠵᠢᠱᠢᠵᠦ ᠪᠣᠯᠬᠤ ᠶᠢᠨ ᠬᠠᠮᠲᠤ ᠬᠠᠤᠯᠢ | ᠶᠣᠰᠣᠭᠠᠷ ᠰᠢᠯᠵᠢᠭᠦᠯᠦᠨ ᠥᠭᠴᠦ ᠪᠣᠯᠬᠤ ᠵᠣᠭᠤᠰ ᠤᠨ ᠪᠤᠰᠤ ᠡᠳ᠋ ᠬᠥᠷᠥᠩᠭᠡ ᠶᠢ ᠦᠨᠡᠯᠡᠨ ᠵᠢᠱᠢᠵᠦ ᠪᠡᠯᠡ | ᠣᠷᠣᠭᠤᠯᠤᠨ᠎ᠠ᠃ ᠪᠡᠯᠡ ᠣᠷᠣᠭᠤᠯᠬᠤ ᠳᠤ ᠡᠷᠬᠡᠪᠰᠢ ᠬᠠᠤᠯᠢ ᠶᠣᠰᠣᠭᠠᠷ ᠪᠠᠶᠢᠭᠤᠯᠤᠭᠰᠠᠨ ᠪᠡᠯᠡ ᠮᠥᠩᠭᠦ ᠶᠢ ᠰᠢᠯᠭᠠᠨ | ᠪᠠᠶᠢᠴᠠᠭᠠᠬᠤ ᠶᠢᠨ ᠬᠠᠮᠲᠤ ᠪᠡᠯᠡ ᠮᠥᠩᠭᠦ ᠶᠢ ᠰᠢᠯᠭᠠᠭᠰᠠᠨ ᠮᠡᠳᠡᠭᠦᠯᠦᠯᠲᠡ ᠭᠠᠷᠭᠠᠬᠤ ᠬᠡᠷᠡᠭᠲᠡᠢ᠃ ᠬᠡᠷᠪᠡ ᠪᠤᠰᠤᠳ | ᠪᠡᠯᠡ ᠣᠷᠣᠭᠤᠯᠤᠭᠴᠢ ᠪᠠᠶᠢᠪᠠᠯ ᠪᠤᠰᠤᠳ ᠪᠡᠯᠡ ᠣᠷᠣᠭᠤᠯᠤᠭᠴᠢ ᠶᠢᠨ ᠬᠡᠯᠡᠯᠴᠡᠭᠡᠷ ᠢ ᠨᠤᠲᠠᠯᠠᠬᠤ ᠬᠡᠷᠡᠭᠲᠡᠢ᠃ | ᠡᠷᠬᠢᠯᠡᠭᠰᠡᠳ ᠬᠥᠳᠡᠯᠮᠦᠷᠢ ᠦᠢᠯᠡᠴᠢᠯᠡᠭᠡ᠂ ᠦᠨᠡᠨᠴᠢ ᠢᠲᠡᠭᠡᠮᠵᠢ᠂ ᠪᠠᠶᠢᠭᠠᠯᠢ ᠬᠥᠮᠦᠨ ᠤ ᠣᠪᠣᠭ ᠨᠡᠷ᠎ᠡ᠂ | ᠬᠤᠳᠠᠯᠳᠤᠭ᠎ᠠ ᠶᠢᠨ ᠨᠡᠷ᠎ᠡ ᠬᠦᠨᠳᠦ᠂ ᠣᠨᠴᠠ ᠵᠦᠪᠰᠢᠶᠡᠷᠡᠭᠰᠡᠨ ᠡᠵᠡᠩᠨᠡᠯᠲᠡ ᠶᠢᠨ ᠡᠷᠬᠡ ᠪᠤᠶᠤ ᠪᠠᠲᠤᠯᠠᠭᠰᠠᠨ ᠡᠳ᠋ | ᠬᠥᠷᠥᠩᠭᠡ ᠵᠡᠷᠭᠡ ᠪᠠᠷ ᠬᠠᠩᠰᠢᠯᠠᠨ ᠪᠡᠯᠡ ᠭᠠᠷᠭᠠᠵᠤ ᠪᠣᠯᠬᠤ ᠦᠭᠡᠢ︔ ᠠᠰᠢᠭ ᠬᠤᠨᠵᠢᠪᠣᠷᠢ ᠶᠢᠨ ᠴᠢᠨᠠᠷᠲᠠᠢ | ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠦᠯᠢᠶᠡᠨ ᠠᠪᠤᠭᠰᠠᠨ ᠤᠯᠤᠰ ᠤᠨ ᠳᠡᠳᠬᠦᠨ ᠳᠤᠰᠠᠯᠠᠭᠰᠠᠨ ᠡᠳ᠋ | ᠮᠥᠩᠭᠦ᠂ ᠰᠤᠷᠤᠭᠴᠢᠳ ᠠᠴᠠ ᠬᠤᠷᠢᠶᠠᠭᠰᠠᠨ ᠰᠦᠢᠳᠬᠡᠯ᠂ ᠬᠦᠯᠢᠶᠡᠨ ᠠᠪᠤᠭᠰᠠᠨ ᠬᠠᠨᠳᠢᠪ ᠤᠨ ᠡᠳ᠋ | ᠬᠥᠷᠥᠩᠭᠡ ᠪᠠᠷ ᠪᠡᠯᠡ ᠮᠥᠩᠭᠦ ᠪᠣᠯᠭᠠᠵᠤ ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠡᠷᠬᠢᠯᠡᠬᠦ ᠳᠤ ᠳᠣᠣᠷᠠᠬᠢ ᠨᠥᠬᠦᠴᠡᠯ ᠢ ᠪᠦᠷᠢᠯᠳᠦᠭᠦᠯᠬᠦ | ᠬᠡᠷᠡᠭᠲᠡᠢ᠄ | ︵ᠨᠢᠭᠡ︶ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠠᠤᠯᠢ ᠶᠢᠨ ᠡᠷᠬᠡᠲᠦ ᠬᠥᠮᠦᠨ ᠤ ᠬᠢᠷᠢ | ᠬᠡᠮ ᠲᠠᠢ᠃ | ︵ᠬᠤᠶᠠᠷ︶ ᠦᠨᠡᠨᠴᠢ ᠢᠲᠡᠭᠡᠮᠵᠢ ᠶᠢᠨ ᠪᠠᠶᠢᠳᠠᠯ ᠰᠠᠶᠢᠨ ᠪᠠᠶᠢᠵᠤ᠂ ᠠᠵᠤ ᠠᠬᠤᠶᠢᠯᠠᠯ ᠤᠨ | ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠤᠷᠤᠭᠰᠠᠨ ᠦᠭᠡᠢ ᠪᠤᠶᠤ ᠬᠠᠤᠯᠢ ᠶᠢ ᠬᠦᠨᠳᠦ | ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠤᠨ ᠵᠢᠭᠰᠠᠭᠠᠯᠲᠠ ᠳᠤ ᠤᠷᠤᠭᠰᠠᠨ ᠦᠭᠡᠢ᠂ ᠡᠷᠡᠭᠦᠯ ᠪᠤᠰᠤ | ᠲᠡᠮᠳᠡᠭᠯᠡᠯ ᠪᠠᠶᠢᠬᠤ ᠦᠭᠡᠢ᠃ | ︵ᠭᠤᠷᠪᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠬᠠᠷᠢᠶ᠎ᠠ ᠲᠠᠢ᠂ ᠳᠤᠮᠳᠠᠳᠤ ᠤᠯᠤᠰ ᠤᠨ ᠬᠢᠯᠢ ᠳᠣᠲᠣᠷ᠎ᠠ ᠰᠠᠭᠤᠷᠢᠰᠢᠵᠤ᠂ ᠦᠨᠡᠨᠴᠢ | ᠢᠲᠡᠭᠡᠮᠵᠢ ᠶᠢᠨ ᠪᠠᠶᠢᠳᠠᠯ ᠰᠠᠶᠢᠨ᠂ ᠶᠠᠯ᠎ᠠ ᠬᠢᠭᠰᠡᠨ ᠲᠡᠮᠳᠡᠭᠯᠡᠯ ᠦᠭᠡᠢ᠂ ᠤᠯᠤᠰ ᠲᠥᠷᠥ ᠶᠢᠨ ᠡᠷᠬᠡ ᠪᠠ ᠢᠷᠭᠡᠨ ᠤ | ᠬᠡᠷᠡᠭ ᠤᠨ ᠪᠦᠷᠢᠨ ᠦᠢᠯᠡ ᠠᠵᠢᠯᠯᠠᠭ᠎ᠠ ᠶᠢᠨ ᠴᠢᠳᠠᠪᠤᠷᠢ ᠲᠠᠢ᠃ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠤᠷᠢᠭᠯᠠᠭᠰᠠᠨ ᠪᠤᠰᠤᠳ ᠪᠠᠶᠢᠳᠠᠯ ᠤᠳ᠃ | ᠠᠷᠪᠠᠨ ᠭᠤᠷᠪᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ | ᠡᠷᠬᠢᠯᠡᠬᠦ ᠬᠤᠪᠢ ᠬᠥᠮᠦᠨ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠢ᠄ | ︵ᠨᠢᠭᠡ︶ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠢᠶᠠᠯᠠᠯ ᠲᠠᠢ᠂ ᠳᠤᠮᠳᠠᠳᠤ | ᠤᠯᠤᠰ ᠲᠤ ᠠᠮᠢᠳᠤᠷᠠᠵᠤ ᠪᠠᠶᠢᠭ᠎ᠠ᠃ | ︵ᠬᠤᠶᠠᠷ︶ ᠦᠨᠡᠨᠴᠢ ᠢᠲᠡᠭᠡᠮᠵᠢ ᠶᠢᠨ ᠪᠠᠶᠢᠳᠠᠯ ᠰᠠᠶᠢᠨ᠂ ᠶᠠᠯ᠎ᠠ ᠬᠢᠭᠰᠡᠨ ᠲᠡᠮᠳᠡᠭᠯᠡᠯ ᠦᠭᠡᠢ᠃ | ︵ᠭᠤᠷᠪᠠ︶ ᠤᠯᠤᠰ ᠲᠥᠷᠥ ᠶᠢᠨ ᠡᠷᠬᠡ ᠪᠠ ᠪᠦᠷᠢᠮᠦᠰᠦᠨ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ | ᠴᠢᠳᠠᠪᠤᠷᠢ ᠲᠠᠢ᠃ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠤᠷᠢᠭᠯᠠᠭᠰᠠᠨ ᠪᠤᠰᠤᠳ ᠪᠠᠶᠢᠳᠠᠯ ᠤᠳ᠃ | ᠠᠷᠪᠠᠨ ᠳᠥᠷᠪᠡᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢ ᠪᠠᠶᠢᠭᠤᠯᠬᠤ ᠳᠤ ᠨᠠᠮ ᠤᠨ ᠪᠠᠶᠢᠭᠤᠯᠤᠯᠲᠠ ᠶᠢ ᠵᠡᠷᠭᠡ ᠪᠠᠷ ᠰᠦᠪᠡᠭᠴᠢᠯᠡᠬᠦ᠂ ᠨᠠᠮ ᠤᠨ ᠵᠣᠬᠢᠶᠠᠨ | ᠪᠠᠶᠢᠭᠤᠯᠤᠯᠲᠠ ᠶᠢ ᠵᠡᠷᠭᠡ ᠪᠠᠷ ᠪᠠᠶᠢᠷᠢᠯᠠᠭᠤᠯᠬᠤ᠂ ᠨᠠᠮ ᠤᠨ ᠠᠵᠢᠯ ᠢ ᠵᠡᠷᠭᠡ ᠪᠠᠷ ᠥᠷᠨᠢᠭᠦᠯᠬᠦ ᠶᠢ ᠪᠠᠷᠢᠮᠲᠠᠯᠠᠬᠤ | ᠬᠡᠷᠡᠭᠲᠡᠢ᠃ | ᠠᠷᠪᠠᠨ ᠲᠠᠪᠤᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢ ᠪᠠᠶᠢᠭᠤᠯᠬᠤ ᠳᠤ ᠶᠡᠷᠦ ᠳᠤ ᠪᠠᠨ ᠪᠡᠯᠡᠳᠭᠡᠨ ᠪᠠᠶᠢᠭᠤᠯᠬᠤ᠂ ᠵᠢᠩᠬᠢᠨᠢ ᠪᠠᠷ ᠪᠠᠶᠢᠭᠤᠯᠬᠤ ᠭᠡᠵᠦ ᠬᠤᠶᠠᠷ | ᠱᠠᠲᠤ ᠬᠤᠪᠢᠶᠠᠨ᠎ᠠ᠃ ᠡᠷᠬᠢᠯᠡᠨ ᠪᠠᠶᠢᠭᠤᠯᠤᠭᠴᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠨ ᠬᠠᠮᠢᠶᠠᠷᠬᠤ ᠠᠷᠭ᠎ᠠ ︵ᠵᠠᠰᠠᠪᠤᠷᠢ | ᠣᠷᠣᠭᠤᠯᠤᠭᠰᠠᠨ︶︾ ᠶᠢᠨ ᠲᠣᠭᠲᠠᠭᠠᠯ ᠢ ᠦᠨᠳᠦᠰᠦᠯᠡᠨ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠬᠠᠮᠢᠶ᠎ᠠ ᠪᠦᠬᠦᠢ | ᠮᠠᠲ᠋ᠧᠷᠢᠶᠠᠯ ᠢᠶᠠᠨ ᠮᠡᠳᠡᠭᠦᠯᠦᠨ ᠬᠦᠷᠭᠡᠨ᠎ᠡ᠃ | ᠪᠡᠯᠡᠳᠭᠡᠨ ᠪᠠᠶᠢᠭᠤᠯᠬᠤ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠦᠭᠡᠢ᠂ ᠬᠤᠭᠤᠴᠠᠭᠠᠨ ᠳᠤ | ᠰᠤᠷᠤᠭᠴᠢ ᠡᠯᠰᠡᠵᠦ ᠪᠣᠯᠬᠤ ᠦᠭᠡᠢ᠃ | ᠭᠤᠷᠪᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠠᠷᠪᠠᠨ ᠵᠢᠷᠭᠤᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠡᠯ᠎ᠡ | ᠰᠤᠷᠭᠠᠭᠤᠯᠢ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢ ︵ᠨᠡᠶᠢᠭᠡᠮᠯᠢᠭ︶᠂ ᠵᠠᠰᠠᠭ ᠵᠠᠬᠢᠷᠭᠠᠨ ᠤ ᠪᠠᠶᠢᠭᠤᠯᠤᠮᠵᠢ ᠶᠢ | ᠪᠠᠶᠢᠭᠤᠯᠬᠤ ᠶᠢᠨ ᠬᠠᠮᠲᠤ᠂ ᠨᠠᠮ ᠤᠨ ᠵᠣᠬᠢᠶᠠᠨ ᠪᠠᠶᠢᠭᠤᠯᠤᠯᠲᠠ᠂ ᠪᠠᠭᠰᠢ ᠠᠵᠢᠯᠲᠠᠨ ᠠᠵᠢᠯᠴᠢᠨ ︵ᠲᠥᠯᠦᠭᠡᠯᠡᠭᠴᠢ︶ ᠤ | ᠶᠡᠭᠡ ᠬᠤᠷᠠᠯ ᠪᠠ ᠠᠵᠢᠯᠴᠢᠨ ᠤ ᠡᠪᠯᠡᠯ ᠢ ᠪᠠᠶᠢᠭᠤᠯᠤᠨ᠎ᠠ᠃ | ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠶᠢ ᠬᠡᠷᠡᠭ ᠮᠡᠳᠡᠭᠴᠢᠳ ᠤᠨ ᠳᠠᠷᠤᠭ᠎ᠠ ᠪᠤᠶᠤ ᠰᠤᠷᠭᠠᠭᠤᠯᠢ ᠶᠢᠨ ᠵᠠᠬᠢᠷᠤᠯ ᠠᠴᠠ | ᠡᠭᠦᠷᠭᠡᠯᠡᠨ᠎ᠡ᠃ | ᠠᠷᠪᠠᠨ ᠳᠣᠯᠣᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠬᠡᠷᠡᠭ ᠮᠡᠳᠡᠭᠴᠢᠳ ᠤᠨ ᠵᠥᠪᠯᠡᠯ᠂ ᠵᠠᠰᠠᠭ ᠵᠠᠬᠢᠷᠭᠠᠨ ᠤ ᠪᠠᠶᠢᠭᠤᠯᠤᠮᠵᠢ᠂ ᠰᠤᠷᠭᠠᠭᠤᠯᠢ ᠶᠢᠨ | ᠵᠠᠬᠢᠷᠤᠯ ᠨᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠪᠣᠯᠤᠨ ᠰᠤᠷᠭᠠᠭᠤᠯᠢ ᠶᠢᠨ | ᠳᠦᠷᠢᠮ ᠢ ᠦᠨᠳᠦᠰᠦᠯᠡᠨ ᠪᠠᠶᠢᠭᠤᠯᠬᠤ ᠪᠠ ᠡᠷᠬᠡ ᠲᠤᠰᠢᠶᠠᠯ ᠢᠶᠠᠨ ᠬᠡᠷᠡᠭᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠬᠢᠨᠠᠭᠴᠢᠳ ᠤᠨ ᠵᠥᠪᠯᠡᠯ ᠳᠤ ᠰᠤᠷᠭᠠᠨ ᠬᠥᠮᠦᠵᠢᠯ ᠤᠨ ᠠᠵᠢᠯᠲᠠᠨ ᠠᠵᠢᠯᠴᠢᠨ ᠤ ᠲᠥᠯᠦᠭᠡᠯᠡᠭᠴᠢ | 1/3 ᠠᠴᠠ ᠪᠠᠭ᠎ᠠ ᠪᠠᠶᠢᠵᠤ ᠪᠣᠯᠬᠤ ᠦᠭᠡᠢ᠂ ᠭᠤᠣᠯ ᠨᠢ ᠳᠣᠣᠷᠠᠬᠢ ᠡᠷᠬᠡ ᠲᠤᠰᠢᠶᠠᠯ ᠢ ᠭᠦᠢᠴᠡᠳᠬᠡᠨ᠎ᠡ᠄ | ︵ᠨᠢᠭᠡ︶ ᠰᠤᠷᠭᠠᠭᠤᠯᠢ ᠶᠢᠨ ᠡᠳ᠋ ᠤᠨ ᠶᠠᠪᠤᠳᠠᠯ ᠢ ᠪᠠᠶᠢᠴᠠᠭᠠᠨ᠎ᠠ᠃ | ︵ᠬᠤᠶᠠᠷ︶ ᠬᠡᠷᠡᠭ ᠮᠡᠳᠡᠭᠴᠢᠳ ᠤᠨ ᠬᠤᠷᠠᠯ ᠪᠣᠯᠤᠨ ᠵᠠᠰᠠᠭ ᠵᠠᠬᠢᠷᠭᠠᠨ ᠤ ᠪᠠᠶᠢᠭᠤᠯᠤᠮᠵᠢ ᠶᠢᠨ | ᠪᠦᠷᠢᠯᠳᠦᠬᠦᠨ ᠤ ᠲᠤᠰᠢᠶᠠᠯ ᠢᠶᠠᠨ ᠭᠦᠢᠴᠡᠳᠭᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ | ︵ᠭᠤᠷᠪᠠ᠂ ᠪᠠᠭᠰᠢ ᠠᠵᠢᠯᠲᠠᠨ ᠠᠵᠢᠯᠴᠢᠨ ︵ᠲᠥᠯᠥᠭᠡᠯᠡᠭᠴᠢ︶ ᠤ ᠶᠡᠭᠡ ᠬᠤᠷᠠᠯ ᠤᠨ ᠮᠡᠳᠡᠭᠦᠯᠦᠯᠲᠡ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠃ | ︵ᠳᠥᠷᠪᠡ︶ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠪᠠ ᠰᠤᠷᠭᠠᠭᠤᠯᠢ ᠶᠢᠨ ᠳᠦᠷᠢᠮ ᠳᠤ | ᠲᠣᠭᠲᠠᠭᠠᠭᠰᠠᠨ ᠪᠤᠰᠤᠳ ᠡᠷᠬᠡ ᠲᠤᠰᠢᠶᠠᠯ᠃ | ᠠᠷᠪᠠ ᠶᠢᠰᠦᠳᠦᠭᠡᠷ ᠵᠦᠢᠯ ᠶᠠᠯ᠎ᠠ ᠬᠢᠭᠰᠡᠨ ᠲᠡᠮᠳᠡᠭᠯᠡᠯ ᠲᠠᠢ᠂ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ | ᠴᠢᠳᠠᠪᠤᠷᠢ ᠦᠭᠡᠢ ᠪᠤᠶᠤ ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠬᠢᠵᠠᠭᠠᠷᠯᠠᠭᠳᠠᠭᠰᠠᠳ ᠰᠤᠷᠭᠠᠭᠤᠯᠢ ᠶᠢᠨ ᠬᠡᠷᠡᠭ | ᠬᠠᠮᠢᠶᠠᠷᠤᠭᠴᠢᠳ ᠤᠨ ᠡᠪᠯᠡᠯ᠂ ᠬᠢᠨᠠᠯᠲᠠ ᠲᠠᠯᠪᠢᠭᠴᠢ᠂ ᠵᠠᠰᠠᠭ ᠵᠠᠬᠢᠷᠭᠠᠨ ᠤ ᠪᠠᠶᠢᠭᠤᠯᠤᠮᠵᠢ ᠳᠤ ᠲᠤᠰᠢᠶᠠᠯ | ᠡᠭᠦᠷᠭᠡᠯᠡᠵᠦ ᠪᠣᠯᠬᠤ ᠦᠭᠡᠢ᠃ ᠨᠢᠭᠡ ᠪᠠᠶᠢᠭᠠᠯᠢ ᠬᠥᠮᠦᠨ ᠠᠳᠠᠯᠢ ᠨᠢᠭᠡ ᠰᠤᠷᠭᠠᠭᠤᠯᠢ ᠶᠢᠨ ᠬᠡᠷᠡᠭ ᠮᠡᠳᠡᠭᠴᠢᠳ ᠤᠨ | ᠵᠥᠪᠯᠡᠯ᠂ ᠬᠢᠨᠠᠯᠲᠠ ᠲᠠᠯᠪᠢᠭᠴᠢ ᠶᠢᠨ ᠺᠣᠮᠢᠰ ᠲᠤ ᠲᠤᠰᠢᠶᠠᠯ ᠡᠭᠦᠷᠭᠡᠯᠡᠵᠦ ᠪᠣᠯᠬᠤ ᠦᠭᠡᠢ᠃ | ᠬᠤᠷᠢᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠨᠡᠨ ᠬᠦ ᠴᠢᠩᠭᠠᠳᠬᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥ ᠶᠢᠨ ᠭᠤᠣᠯᠯᠠᠭᠴᠢ ᠪᠠ ᠤᠯᠤᠰ ᠲᠥᠷᠥ ᠶᠢᠨ ᠬᠥᠲᠥᠯᠥᠨ ᠳᠠᠭᠠᠭᠤᠯᠤᠭᠴᠢ ᠶᠢᠨ | ᠦᠢᠯᠡᠳᠦᠯ ᠢ ᠴᠢᠩᠭᠠᠷᠠᠭᠤᠯᠤᠨ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠭᠯᠡᠯ᠂ ᠪᠠᠭᠰᠢ ᠰᠤᠷᠤᠭᠴᠢᠳ ᠤᠨ | ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠬᠤ ᠴᠢᠬᠤᠯᠠ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠳᠤ | ᠵᠢᠯᠣᠭᠤᠳᠬᠤ᠂ ᠪᠠᠲᠤᠯᠠᠬᠤ ᠪᠠ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠤᠨ᠎ᠠ᠃ ︽ᠬᠤᠣᠰ ᠴᠢᠭᠯᠡᠯ ᠢᠶᠠᠷ | ᠣᠷᠣᠭᠤᠯᠬᠤ᠂ ᠰᠣᠯᠪᠢᠴᠠᠨ ᠲᠤᠰᠢᠶᠠᠯ ᠡᠭᠦᠷᠭᠡᠯᠡᠬᠦ︾ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠰᠤᠷᠭᠠᠭᠤᠯᠢ ᠶᠢᠨ ᠬᠡᠷᠡᠭ ᠮᠡᠳᠡᠭᠴᠢᠳ ᠤᠨ ᠵᠥᠪᠯᠡᠯ ᠪᠠ ᠵᠠᠰᠠᠭ | ᠵᠠᠬᠢᠷᠭᠠᠨ ᠤ ᠪᠠᠶᠢᠭᠤᠯᠤᠮᠵᠢ ᠳᠤ ᠣᠷᠣᠵᠤ᠂ ᠨᠠᠮ ᠤᠨ ᠭᠡᠰᠢᠭᠦᠨ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠵᠡᠷᠭᠡ | ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠬᠡᠰᠢᠭᠦᠨ ᠨᠠᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠲᠤ ᠣᠷᠣᠵᠤ ᠪᠣᠯᠤᠨ᠎ᠠ᠃ ᠬᠢᠨᠠᠯᠲᠠ ᠲᠠᠯᠪᠢᠭᠴᠢᠳ ᠤᠨ | ᠬᠤᠷᠠᠯ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠬᠡᠰᠢᠭᠦᠨ ᠪᠠᠶᠢᠬᠤ ᠬᠡᠷᠡᠭᠲᠡᠢ᠃ ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠡᠪ ᠬᠠᠮᠲᠤ ᠵᠠᠯᠠᠭᠤᠴᠤᠳ ᠤᠨ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠪᠠᠭᠰᠢ ᠠᠵᠢᠯᠲᠠᠨ ᠠᠵᠢᠯᠴᠢᠨ ︵ᠲᠥᠯᠥᠭᠡᠯᠡᠭᠴᠢ︶ | ᠤ ᠶᠡᠭᠡ ᠬᠤᠷᠠᠯ ᠪᠣᠯᠤᠨ ᠠᠵᠢᠯᠴᠢᠨ ᠤ ᠡᠪᠯᠡᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠎ᠠ᠃ | ᠳᠥᠷᠪᠡᠳᠦᠭᠡᠷ ᠪᠦᠯᠦᠭ ᠰᠤᠷᠭᠠᠨ ᠬᠥᠮᠦᠵᠢᠯ ᠵᠢᠭᠠᠨ ᠰᠤᠷᠭᠠᠯᠲᠠ | ᠬᠤᠷᠢᠨ ᠨᠢᠭᠡᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ | ᠴᠢᠳᠠᠪᠤᠷᠢᠲᠠᠨ ᠬᠥᠮᠦᠵᠢᠭᠦᠯᠬᠦ ᠪᠠᠷ ᠭᠤᠣᠯ ᠪᠣᠯᠭᠠᠵᠤ᠂ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠨ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ | ᠰᠤᠷᠭᠠᠨ ᠬᠥᠮᠦᠵᠢᠯ ᠬᠦᠷᠲᠡᠭᠰᠡᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ | ᠰᠠᠨᠠᠭ᠎ᠠ᠂ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠷᠢᠨ ᠬᠤᠶᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠨᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠪᠠ ᠶᠣᠰᠣ ᠮᠣᠷᠠᠯ ᠤᠨ ᠬᠥᠮᠦᠵᠢᠯ ᠤᠨ ᠠᠵᠢᠯ ᠢ | ᠰᠠᠶᠢᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠪᠣᠯᠤᠨ ᠦᠵᠡᠯ | ᠰᠠᠨᠠᠭ᠎ᠠ ᠶᠣᠰᠤ ᠮᠣᠷᠠᠯ ᠤᠨ ᠬᠢᠴᠢᠶᠡᠯ ᠤᠨ ᠵᠢᠭᠠᠨ ᠰᠤᠷᠭᠠᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠣᠨᠣᠯ ᠤᠨ ᠰᠢᠰᠲ᠋ᠧᠮ ᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ | ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠢ ᠳᠤ ᠨᠢ ᠬᠠᠳᠠᠩᠰᠢᠭᠤᠯᠬᠤ ᠶᠢ | ᠠᠬᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠬᠥᠮᠦᠵᠢᠯ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ | ᠬᠤᠪᠢᠰᠬᠠᠯᠲᠤ ᠤᠯᠠᠮᠵᠢᠯᠠᠯᠲᠤ ᠰᠣᠶᠣᠯ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ | ᠪᠠᠭᠰᠢ ᠰᠤᠷᠤᠭᠴᠢ ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠴᠤ ᠵᠥᠪ ᠶᠢᠷᠲᠢᠨᠴᠦ ᠶᠢᠨ ᠦᠵᠡᠯᠲᠡ᠂ | ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠲᠠᠢ ᠪᠣᠯᠭᠠᠨ᠎ᠠ᠃ | ᠬᠤᠷᠢᠨ ᠭᠤᠷᠪᠠᠳᠤᠭᠠᠷ ᠵᠦᠢᠯ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠦᠭᠰᠡᠨ | ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠤᠯᠤᠰ ᠤᠨ ᠲᠣᠭᠲᠠᠭᠠᠯ ᠶᠣᠰᠣᠭᠠᠷ | ᠲᠤᠰᠬᠠᠢ ᠮᠡᠷᠭᠡᠵᠢᠯ ᠪᠠᠶᠢᠷᠢᠯᠠᠭᠤᠯᠬᠤ᠂ ᠬᠢᠴᠢᠶᠡᠯ ᠨᠡᠭᠡᠭᠡᠬᠦ᠂ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠨ᠎ᠡ᠃ ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠨᠢ ᠤᠯᠤᠰ ᠪᠣᠯᠤᠨ ᠮᠠᠨ ᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠰᠠᠷᠠᠨ ᠬᠥᠮᠦᠵᠢᠭᠦᠯᠬᠦ ᠪᠠ ᠰᠤᠷᠭᠠᠨ ᠬᠥᠮᠦᠵᠢᠭᠦᠯᠬᠦ | ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ | ᠬᠤᠷᠢᠨ ᠳᠥᠷᠪᠡᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠨᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠤᠭᠴᠢ᠂ ᠬᠢᠯᠢ ᠶᠢᠨ ᠭᠠᠳᠠᠨᠠᠬᠢ | ᠰᠤᠷᠤᠭᠴᠢ ᠶᠢ ᠡᠯᠰᠡᠬᠦ ᠳᠤ ᠪᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ ᠰᠠᠬᠢᠵᠤ᠂ ᠰᠤᠷᠤᠭᠴᠢ | ᠡᠯᠰᠡᠬᠦ ᠲᠣᠪᠴᠢ ᠳᠦᠷᠢᠮ ᠪᠠ ᠵᠠᠷ ᠮᠡᠳᠡᠭᠡ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠮᠡᠳᠡᠭᠦᠯᠦᠨ | ᠳᠠᠩᠰᠠᠯᠠᠭᠤᠯᠤᠨ᠎ᠠ᠃ ᠡᠭᠦᠨ ᠳᠤ᠂ ᠰᠤᠷᠤᠯᠭ᠎ᠠ ᠶᠢᠨ ᠨᠠᠮᠲᠠᠷ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠰᠤᠷᠤᠭᠴᠢ ᠡᠯᠰᠡᠬᠦ ᠲᠣᠪᠴᠢ ᠳᠦᠷᠢᠮ ᠪᠣᠯᠤᠨ ᠵᠠᠷ ᠮᠡᠳᠡᠭᠡ ᠶᠢ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠤᠷᠢᠭᠰᠠᠨ ᠪᠠᠭᠰᠢ ᠤᠯᠤᠰ ᠤᠨ | ᠲᠣᠭᠲᠠᠭᠠᠭᠰᠠᠨ ᠪᠠᠭᠰᠢ ᠶᠢᠨ ᠬᠢᠷᠢ ᠭᠡᠮ ᠪᠤᠶᠤ ᠵᠣᠬᠢᠬᠤ ᠲᠤᠰᠬᠠᠢ ᠮᠡᠷᠭᠡᠵᠢᠯ ᠤᠨ ᠬᠢᠷᠢ ᠬᠡᠮ᠂ ᠬᠢᠷᠢ ᠴᠢᠳᠠᠮᠵᠢ ᠶᠢ | ᠪᠦᠷᠢᠯᠳᠦᠭᠦᠯᠬᠦ ᠬᠡᠷᠡᠭᠲᠡᠢ᠂ ᠡᠯ᠎ᠡ ᠰᠤᠷᠭᠠᠭᠤᠯᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠭᠰᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ | ᠬᠠᠤᠯᠢ︾ ᠵᠡᠷᠭᠡ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠪᠠᠭᠰᠢ ᠠᠵᠢᠯᠲᠠᠳ ᠲᠠᠢ ᠬᠥᠳᠡᠯᠮᠦᠷᠢ ᠶᠢᠨ ᠭᠡᠷ᠎ᠡ ᠲᠣᠭᠲᠠᠭᠠᠬᠤ ᠬᠡᠷᠡᠭᠲᠡᠢ᠃ ᠡᠯ᠎ᠡ ᠰᠤᠷᠭᠠᠭᠤᠯᠢ ᠪᠠᠭᠰᠢ ᠶᠢᠨ | ᠮᠣᠷᠠᠯ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠪᠠᠭᠰᠢ | ᠠᠵᠢᠯᠲᠠᠨ ᠠᠵᠢᠯᠴᠢᠨ ᠤ ᠴᠠᠯᠢᠩ᠂ ᠠᠰᠠᠷᠠᠮᠵᠢ ᠶᠢᠨ ᠣᠯᠭᠤᠮᠵᠢ ᠪᠣᠯᠤᠨ ᠪᠤᠰᠤᠳ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠰᠤᠷᠭᠠᠭᠤᠯᠢ ᠨᠢ ᠭᠠᠳᠠᠭᠠᠳᠤ ᠶᠢᠨ ᠪᠠᠭᠰᠢ ᠶᠢ ᠤᠷᠢᠬᠤ ᠳᠤ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠲᠠᠪᠤᠳᠤᠭᠠᠷ ᠪᠦᠯᠦᠭ ᠡᠳ᠋ ᠤᠨ ᠶᠠᠪᠤᠳᠠᠯ ᠡᠳ᠋ ᠬᠥᠷᠥᠩᠭᠡ | ᠬᠤᠷᠢᠨ ᠵᠢᠷᠭᠤᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠵᠢᠴᠢ | ᠬᠤᠯᠪᠣᠭᠳᠠᠯ ᠪᠦᠬᠦᠢ ᠬᠠᠤᠯᠢ ᠴᠠᠭᠠᠵᠠ ᠳᠤ ᠲᠣᠭᠲᠠᠭᠠᠭᠰᠠᠨ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠳᠦᠷᠢᠮ ᠢ | ᠬᠡᠷᠡᠭᠵᠢᠭᠦᠯᠦᠨ᠎ᠡ᠃ ᠡᠯ᠎ᠡ ᠰᠤᠷᠭᠠᠭᠤᠯᠢ ᠪᠡᠶ᠎ᠡ ᠪᠠᠨ ᠳᠠᠭᠠᠭᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢ ᠪᠠᠶᠢᠭᠤᠯᠵᠤ᠂ ᠰᠤᠷᠭᠠᠭᠤᠯᠢ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠶᠢ ᠨᠢᠭᠡᠳᠦᠯᠲᠡᠢ | ᠪᠠᠶᠢᠯᠭᠠᠵᠤ᠂ ᠳᠠᠩᠰᠠᠨ ᠠᠴᠠ ᠭᠠᠳᠠᠭᠤᠷ ᠲᠣᠭᠠᠴᠠᠭ᠎ᠠ ᠬᠢᠵᠦ ᠪᠣᠯᠬᠤ ᠦᠭᠡᠢ᠃ | ᠬᠤᠷᠢᠨ ᠳᠣᠯᠣᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠨᠢ ᠡᠳ᠋ ᠤᠨ ᠶᠠᠪᠤᠳᠠᠯ ᠤᠨ ᠳᠣᠲᠣᠭᠠᠳᠤ ᠶᠢᠨ ᠡᠵᠡᠮᠳᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠪᠣᠳᠠᠲᠠᠢ ᠡᠭᠦᠰᠦᠭᠰᠡᠨ ᠲᠤᠭ᠎ᠠ ᠪᠠᠷ ᠵᠠᠷᠤᠳᠠᠯ ᠢ ᠵᠢᠭᠰᠠᠭᠠᠨ ᠭᠠᠷᠭᠠᠵᠤ᠂ ᠬᠤᠳᠠᠯ ᠬᠠᠭᠤᠷᠮᠠᠭ ᠢᠶᠠᠷ ᠵᠢᠭᠰᠠᠭᠠᠨ | ᠮᠡᠳᠡᠭᠦᠯᠵᠦ ᠪᠣᠯᠬᠤ ᠦᠭᠡᠢ᠂ ᠲᠥᠯᠥᠪᠯᠡᠭᠡ ᠶᠢᠨ ᠲᠤᠭ᠎ᠠ ᠪᠤᠶᠤ ᠲᠥᠰᠦᠪ ᠤᠨ ᠲᠤᠭ᠎ᠠ ᠪᠠᠷ ᠪᠣᠳᠠᠲᠠᠢ ᠵᠠᠷᠤᠯᠭ᠎ᠠ ᠶᠢᠨ | ᠲᠤᠭ᠎ᠠ ᠶᠢ ᠣᠷᠣᠯᠠᠭᠤᠯᠵᠤ ᠪᠣᠯᠬᠤ ᠦᠭᠡᠢ᠃ | ᠬᠤᠷᠢᠨ ᠨᠠᠢᠮᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠨᠢ ᠰᠤᠷᠤᠯᠭ᠎ᠠ ᠶᠢᠨ ᠬᠤᠭᠤᠴᠠᠭ᠎ᠠ ᠪᠤᠶᠤ ᠰᠤᠷᠤᠯᠭ᠎ᠠ ᠶᠢᠨ ᠵᠢᠯ ᠢᠶᠠᠷ ᠰᠦᠢᠳᠬᠡᠯ ᠬᠤᠷᠢᠶᠠᠵᠤ᠂ | ᠰᠦᠢᠳᠬᠡᠯ ᠬᠤᠷᠢᠶᠠᠬᠤ ᠲᠥᠷᠥᠯ ᠵᠦᠢᠯ ᠪᠣᠯᠤᠨ ᠪᠠᠷᠢᠮᠵᠢᠶ᠎ᠠ ᠶᠢ ᠨᠡᠶᠢᠭᠡᠮ ᠳᠤ 30 ᠡᠳᠦᠷ ᠢᠯᠡ ᠨᠡᠶᠢᠲᠡᠯᠡᠭᠰᠡᠨ ᠤ | ᠳᠠᠷᠠᠭ᠎ᠠ ᠬᠡᠷᠡᠭᠵᠢᠭᠦᠯᠦᠨ᠎ᠡ᠃ ᠢᠯᠡ ᠨᠡᠶᠢᠲᠡᠯᠡᠭᠰᠡᠨ ᠲᠥᠷᠥᠯ ᠵᠦᠢᠯ ᠪᠣᠯᠤᠨ ᠪᠠᠷᠢᠮᠵᠢᠶ᠎ᠠ ᠠᠴᠠ ᠭᠠᠳᠠᠭᠤᠷ ᠪᠤᠰᠤᠳ | ᠰᠦᠢᠳᠬᠡᠯ ᠬᠤᠷᠢᠶᠠᠵᠤ ᠪᠣᠯᠬᠤ ᠦᠭᠡᠢ᠂ ᠶᠠᠮᠠᠷᠪᠠ ᠨᠡᠷ᠎ᠡ ᠪᠠᠷ ᠰᠤᠷᠤᠭᠴᠢᠳ ᠲᠤ ᠰᠦᠢᠳᠬᠡᠯ ᠲᠡᠰᠬᠡᠨ ᠨᠣᠭᠳᠠᠭᠤᠯᠬᠤ | ᠪᠤᠶᠤ ᠠᠯᠪᠠᠳᠠᠵᠤ ᠪᠠᠶᠢᠭᠠᠳ ᠪᠡᠯᠡ ᠴᠤᠭᠯᠠᠭᠤᠯᠵᠤ ᠪᠣᠯᠬᠤ ᠦᠭᠡᠢ᠃ | ᠬᠤᠷᠢ ᠶᠢᠰᠦᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠣᠷᠣᠯᠭ᠎ᠠ ᠶᠢ ᠪᠦᠬᠦᠨ ᠢ ᠰᠤᠷᠭᠠᠭᠤᠯᠢ ᠶᠢᠨ ᠡᠳ᠋ ᠤᠨ ᠶᠠᠪᠤᠳᠠᠯ ᠤᠨ ᠲᠤᠰᠬᠠᠢ ᠳᠠᠩᠰᠠᠨ ᠳᠤ | ᠣᠷᠣᠭᠤᠯᠵᠤ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠬᠠᠤᠯᠢ | ᠶᠣᠰᠣᠨ ᠤ ᠫᠢᠶᠣᠣ ᠪᠠᠷᠢᠮᠲᠠ ᠭᠠᠷᠭᠠᠵᠤ᠂ ᠰᠤᠷᠭᠠᠭᠤᠯᠢ ᠶᠢᠨ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠠᠴᠠ | ᠨᠢᠭᠡᠳᠦᠯᠲᠡᠢ ᠲᠣᠭᠠᠴᠠᠭ᠎ᠠ ᠬᠢᠵᠦ᠂ ᠨᠢᠭᠡᠳᠦᠯᠲᠡᠢ ᠬᠠᠮᠢᠶᠠᠷᠴᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ᠂ ᠰᠤᠷᠤᠭᠴᠢ ᠶᠢᠨ ᠲᠤᠰᠠᠯᠠᠮᠵᠢ᠂ ᠪᠠᠭᠰᠢ ᠠᠵᠢᠯᠲᠠᠨ ᠤ ᠣᠯᠭᠤᠮᠵᠢ ᠵᠢᠴᠢ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠶᠢ ᠪᠠᠲᠤᠯᠠᠨ᠎ᠠ᠃ ᠡᠯ᠎ᠡ ᠰᠤᠷᠭᠠᠭᠤᠯᠢ ᠨᠠᠮ ᠤᠨ ᠪᠠᠶᠢᠭᠤᠯᠤᠯᠲᠠ ᠶᠢᠨ ᠠᠵᠢᠯ᠂ | ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠣᠯᠤᠨ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠤᠨ ᠵᠠᠷᠤᠳᠠᠯ ᠢ ᠰᠤᠷᠭᠠᠭᠤᠯᠢ ᠶᠢᠨ ᠵᠠᠷᠤᠳᠠᠯ ᠤᠨ ᠲᠥᠰᠦᠪ ᠲᠤ ᠣᠷᠣᠭᠤᠯᠤᠨ᠎ᠠ᠃ | ᠭᠤᠴᠢᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ | ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠡᠷᠬᠡ ᠲᠠᠢ ᠪᠠᠶᠢᠵᠤ᠂ ᠣᠷᠣᠰᠢᠵᠤ ᠪᠠᠶᠢᠭ᠎ᠠ ᠬᠤᠭᠤᠴᠠᠭᠠᠨ ᠳᠤ | ᠰᠤᠷᠭᠠᠭᠤᠯᠢ ᠶᠢᠨ ᠪᠤᠢ ᠪᠦᠬᠦᠢ ᠡᠳ᠋ ᠬᠥᠷᠥᠩᠭᠡ ᠶᠢ ᠰᠤᠷᠭᠠᠭᠤᠯᠢ ᠠᠴᠠ ᠬᠠᠤᠯᠢ ᠶᠣᠰᠣᠭᠠᠷ ᠬᠠᠮᠢᠶᠠᠷᠬᠤ ᠪᠠ | ᠬᠡᠷᠡᠭᠯᠡᠵᠦ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠡᠵᠡᠯᠡᠨ ᠠᠪᠬᠤ᠂ ᠨᠡᠭᠦᠯᠭᠡᠨ ᠬᠡᠷᠡᠭᠯᠡᠬᠦ᠂ ᠲᠡᠳᠡᠨ | ᠠᠪᠴᠤ ᠪᠣᠯᠬᠤ ᠦᠭᠡᠢ᠃ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠭᠰᠡᠳ | ᠳᠠᠩᠰᠠᠯᠠᠭᠤᠯᠤᠭᠰᠠᠨ ᠬᠥᠷᠥᠩᠭᠡ ᠪᠠᠨ ᠳᠠᠯᠳᠠᠭᠤᠷ ᠠᠪᠴᠤ ᠶᠠᠪᠤᠵᠤ ᠪᠣᠯᠬᠤ ᠦᠭᠡᠢ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠪᠡᠯᠡᠳᠬᠡᠮᠵᠢ ᠪᠠᠷ ᠵᠢᠭᠡᠯᠡᠯᠭᠡ ᠶᠢ ᠪᠠᠷᠢᠴᠠᠭᠠᠯᠠᠨ᠂ ᠪᠠᠲᠤᠯᠠᠵᠤ ᠪᠣᠯᠬᠤ ᠦᠭᠡᠢ᠂ ᠰᠤᠷᠭᠠᠭᠤᠯᠢ | ᠡᠷᠬᠢᠯᠡᠭᠰᠡᠨ ᠦᠯᠡᠳᠡᠪᠦᠷᠢ ᠶᠢ ᠵᠢᠯ ᠤᠨ ᠡᠳ᠋ ᠤᠨ ᠶᠠᠪᠤᠳᠠᠯ ᠢ ᠳ᠋ᠦᠩᠨᠡᠨ ᠪᠣᠳᠣᠭᠰᠠᠨ ᠤ ᠳᠡᠷᠠᠭ᠎ᠠ ᠬᠤᠪᠢᠶᠠᠷᠢᠯᠠᠨ᠎ᠠ᠃ | ᠵᠢᠷᠭᠤᠳᠤᠭᠠᠷ ᠪᠦᠯᠦᠭ ᠮᠡᠳᠡᠭᠡ ᠵᠠᠩᠭᠢ ᠶᠢ ᠢᠯᠡ ᠪᠣᠯᠭᠠᠬᠤ | ᠭᠤᠴᠢᠨ ᠨᠢᠭᠡᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠡᠯ᠎ᠡ | ᠰᠤᠷᠭᠠᠭᠤᠯᠢ ᠬᠠᠤᠯᠢ ᠴᠠᠭᠠᠵᠠ ᠬᠠᠤᠯᠢ ᠳᠦᠷᠢᠮ ᠢ ᠦᠨᠳᠦᠰᠦᠯᠡᠨ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ | ᠵᠢᠴᠢ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠲᠣᠭᠲᠠᠴᠠ ᠶᠢ | ᠪᠠᠶᠢᠭᠤᠯᠵᠤ᠂ ᠢᠯᠡ ᠪᠣᠯᠭᠠᠭᠰᠠᠨ ᠮᠡᠳᠡᠭᠡ ᠵᠠᠩᠭᠢ ᠨᠢ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ | ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠ ᠰᠤᠷᠭᠠᠭᠤᠯᠢ ᠶᠢᠨ ᠠᠮᠤᠷ | ᠲᠦᠪᠰᠢᠨ ᠢ ᠬᠤᠬᠢᠷᠠᠭᠤᠯᠵᠤ ᠪᠣᠯᠬᠤ ᠦᠭᠡᠢ᠃ | ᠭᠤᠴᠢᠨ ᠬᠤᠶᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠳᠡᠭᠡᠳᠦ | ᠰᠤᠷᠭᠠᠭᠤᠯᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠠᠭᠤᠯᠭ᠎ᠠ ᠳᠤ ︽ᠳᠡᠭᠡᠳᠦ ᠰᠤᠷᠭᠠᠭᠤᠯᠢ ᠶᠢᠨ ᠮᠡᠳᠡᠭᠡ | ᠵᠠᠩᠭᠢ ᠶᠢ ᠢᠯᠡ ᠪᠣᠯᠭᠠᠬᠤ ᠠᠷᠭ᠎ᠠ︾ ᠵᠡᠷᠭᠡ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠵᠦ᠂ | ᠪᠤᠰᠤᠳ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠮᠡᠳᠡᠭᠡ ᠵᠠᠩᠭᠢ ᠶᠢ | ᠢᠯᠡ ᠪᠣᠯᠭᠠᠬᠤ ᠠᠷᠭ᠎ᠠ ᠶᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠭᠤᠯᠢ ᠶᠢ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠭᠤᠴᠢᠨ ᠭᠤᠷᠪᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠡᠯ᠎ᠡ | ᠰᠤᠷᠭᠠᠭᠤᠯᠢ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠳᠦᠷ ᠬᠡᠷᠡᠭᠵᠢᠭᠦᠯᠬᠦ ᠳᠦᠷᠢᠮ︾ ᠤᠨ | ᠲᠣᠭᠲᠠᠭᠠᠯ ᠶᠣᠰᠣᠭᠠᠷ᠂ ᠤᠯᠤᠰ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠢᠯᠡ | ᠪᠣᠯᠭᠠᠬᠤ ᠰᠢᠰᠲ᠋ᠧᠮ ᠢᠶᠠᠷ ᠳᠠᠮᠵᠢᠭᠤᠯᠤᠨ᠂ ᠵᠢᠯ ᠤᠨ ᠮᠡᠳᠡᠭᠦᠯᠦᠯᠲᠡ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠮᠡᠳᠡᠭᠡ ᠵᠠᠩᠭᠢ ᠵᠢᠴᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠵᠡᠷᠭᠡ | ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ | ᠭᠤᠴᠢᠨ ᠳᠥᠷᠪᠡᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠮᠡᠳᠡᠭᠡ ᠵᠠᠩᠭᠢ ᠶᠢ ᠰᠤᠷᠭᠠᠭᠤᠯᠢ ᠶᠢᠨ ᠰᠦᠯᠵᠢᠶ᠎ᠡ᠂ ᠮᠡᠳᠡᠭᠡ ᠵᠠᠩᠭᠢ ᠶᠢᠨ ᠠᠯᠪᠠᠨ ᠨᠡᠶᠢᠲᠡᠯᠡᠯ ᠤᠨ | ᠪᠤᠯᠤᠩ᠂ ᠡᠯᠧᠺᠲᠷᠣᠨ ᠳᠡᠯᠭᠡᠴᠡ ᠵᠡᠷᠭᠡ ᠲᠠᠯᠠᠪᠤᠷ ᠪᠠ ᠪᠡᠯᠡᠳᠬᠡᠮᠵᠢ ᠪᠠᠷ ᠳᠠᠮᠵᠢᠭᠤᠯᠤᠨ ᠢᠯᠡ ᠪᠣᠯᠭᠠᠬᠤ ᠶᠢᠨ | ᠬᠠᠮᠲᠤ ᠬᠡᠷᠡᠭᠴᠡᠭᠡ ᠪᠠᠨ ᠦᠨᠳᠦᠰᠦᠯᠡᠨ ᠣᠯᠠᠨ ᠨᠡᠶᠢᠲᠡ ᠶᠢᠨ ᠤᠩᠰᠢᠯᠭ᠎ᠠ ᠶᠢᠨ ᠲᠠᠰᠤᠭ᠂ ᠮᠠᠲ᠋ᠧᠷᠢᠶᠠᠯ ᠡᠷᠢᠬᠦ ᠴᠡᠭ | ᠭᠠᠷᠭᠠᠵᠤ ᠴᠤᠭᠯᠠᠭᠤᠯᠬᠤ ᠪᠠ ᠪᠠᠶᠢᠴᠠᠭᠠᠨ ᠦᠵᠡᠬᠦ ᠳᠤ ᠳᠥᠭᠦᠮ ᠪᠠᠶᠢᠯᠭᠠᠵᠤ ᠪᠣᠯᠤᠨ᠎ᠠ᠃ ᠰᠤᠷᠭᠠᠭᠤᠯᠢ ᠶᠢᠨ | ᠨᠢᠭᠡᠨᠲᠡ ᠢᠯᠡ ᠪᠣᠯᠭᠠᠭᠰᠠᠨ ᠮᠡᠳᠡᠭᠡ ᠵᠠᠩᠭᠢ ᠠᠴᠠ ᠭᠠᠳᠠᠨ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ | ᠬᠤᠪᠢ ᠬᠥᠮᠦᠨ ᠪᠢᠴᠢᠭ ᠤᠨ ᠬᠡᠯᠪᠡᠷᠢ ᠪᠠᠷ ᠰᠤᠷᠭᠠᠭᠤᠯᠢ ᠠᠴᠠ ᠪᠤᠰᠤᠳ ᠮᠡᠳᠡᠭᠡ ᠵᠠᠩᠭᠢ ᠶᠢ ᠠᠪᠬᠤ ᠪᠠᠷ | ᠭᠤᠶᠤᠴᠢᠯᠠᠵᠤ ᠪᠣᠯᠤᠨ᠎ᠠ᠃ | ᠳᠣᠯᠣᠳᠤᠭᠠᠷ ᠪᠦᠯᠦᠭ ᠬᠤᠪᠢᠷᠠᠭᠤᠯᠬᠤ ᠪᠠ ᠵᠣᠭᠰᠤᠭᠠᠬᠤ | ᠭᠤᠴᠢᠨ ᠲᠠᠪᠤᠳᠣᠭᠠᠷ ᠵᠦᠢᠯ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ | ᠰᠣᠷᠭᠠᠭᠤᠯᠢ ᠶᠢ ᠰᠠᠯᠭᠠᠬᠤ᠂ ᠨᠡᠶᠢᠯᠡᠬᠦᠯᠬᠦ᠂ ᠵᠣᠠᠠᠰᠣᠭᠠᠬᠤ ᠵᠢᠴᠢ ᠪᠤᠰᠣᠳ ᠴᠢᠬᠤᠯᠡ ᠵᠦᠢᠯ ᠢ ᠬᠤᠪᠢᠷᠡᠭᠤᠯᠬᠤ ᠳᠤ | ᠰᠣᠷᠭᠠᠭᠤᠯᠢ ᠶᠢᠨ ᠭᠡᠷᠩ ᠮᠡᠳᠡᠭᠴᠢᠳ ᠤᠨ ᠵᠦᠪᠯᠡᠯ ᠠᠴᠠ ᠵᠦᠪᠰᠢᠶᠡᠷᠡᠭᠰᠡᠨ ᠤ ᠳᠡᠷᠠᠭ᠎ᠠ ᠬᠢᠨᠡᠨ ᠵᠦᠪᠰᠢᠶᠡᠷᠡᠬᠦ | ᠪᠠᠶᠢᠭᠤᠯᠭ᠎ᠠ ᠳᠤ ᠮᠡᠳᠡᠬᠦᠯᠥᠨ ᠬᠢᠨᠡᠨ ᠵᠦᠪᠰᠢᠶᠡᠷᠡᠬᠦᠯᠬᠦ ᠶᠢᠨ ᠬᠠᠮᠳᠣ ᠬᠠᠦᠯᠢ ᠶᠣᠰᠣᠭᠠᠷ ᠳᠡᠩᠰᠡᠯᠡᠭᠤᠯᠬᠤ | ᠪᠠᠶᠢᠭᠤᠯᠭ᠎ᠠ ᠳᠤ ᠣᠴᠢᠵᠦ ᠬᠤᠪᠢᠷᠡᠭᠤᠯᠬᠤ᠂ ᠳᠠᠩᠰᠠᠨ ᠠᠴᠠ ᠬᠠᠰᠤᠬᠤ ᠭᠠᠷᠳᠡᠮ ᠢ ᠬᠦᠢᠴᠡᠳᠭᠡᠨ᠎ᠠ᠃ ᠡᠬᠦᠨ ᠳᠤ᠂ | ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠵᠢᠩᠬᠢᠨᠢ ᠠᠩᠭᠢᠲᠤ ᠳᠡᠭᠡᠳᠦ ᠰᠣᠷᠭᠠᠭᠤᠯᠢ ᠶᠢ | ᠰᠠᠯᠭᠠᠵᠦ᠂ ᠨᠡᠶᠢᠯᠡᠬᠦᠯᠵᠦ᠂ ᠵᠣᠠᠠᠰᠣᠭᠠᠬᠤ ᠪᠠ ᠨᠡᠷᠡᠶᠢᠳᠦᠯ ᠢ ᠬᠤᠪᠢᠷᠠᠭᠤᠯᠬᠤ ᠶᠢ ᠰᠣᠷᠭᠠᠨ ᠬᠦᠮᠦᠵᠢᠯ ᠤᠨ ᠶᠠᠮᠣᠨ ᠠᠴᠠ | ᠬᠢᠨᠡᠨ ᠵᠦᠪᠰᠢᠶᠡᠷᠡᠨ᠎ᠠ᠂ ᠪᠤᠰᠣᠳ ᠵᠦᠢᠯ ᠢ ᠬᠤᠪᠢᠷᠡᠭᠤᠯᠬᠤ ᠶᠢ ᠦᠪᠡᠷᠳᠡᠭᠡᠨ ᠵᠠᠰᠬᠠᠥ ᠣᠷᠣᠨ ᠤ ᠠᠷᠡᠳ ᠤᠨ | ᠵᠠᠰᠠᠭ ᠤᠨ ᠣᠷᠳᠣᠨ ᠠᠴᠠ ᠬᠢᠨᠡᠨ ᠵᠦᠪᠰᠢᠶᠡᠷᠡᠨ᠎ᠠ᠃ | ᠭᠤᠴᠢᠨ ᠵᠢᠷᠭᠤᠳᠣᠭᠠᠷ ᠵᠦᠢᠯ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ | ᠰᠣᠷᠭᠠᠭᠤᠯᠢ ᠶᠢ ᠰᠠᠯᠭᠠᠬᠤ ᠪᠠ ᠨᠡᠶᠢᠯᠡᠬᠦᠯᠬᠦ᠂ ᠵᠣᠠᠠᠰᠣᠭᠠᠬᠤ ᠵᠢᠴᠢ ᠪᠤᠰᠣᠳ ᠴᠢᠬᠤᠯᠡ ᠵᠦᠢᠯ ᠢ ᠬᠤᠪᠢᠷᠠᠭᠤᠯᠬᠤ ᠳᠤ | ᠭᠡᠷᠡᠭᠵᠢᠬᠦᠯᠬᠦ ᠳᠥᠰᠥᠯ ᠪᠠ ᠪᠠᠴᠢᠮ ᠪᠠᠶᠢᠳᠡᠯ ᠢ ᠠᠷᠭᠠᠴᠠᠬᠤ ᠠᠵᠢᠯ ᠤᠨ ᠪᠡᠯᠡᠳᠭᠡᠯ ᠳᠥᠰᠥᠯ ᠲᠣᠠᠠᠳᠠᠭᠠᠬᠤ ᠶᠢᠨ | ᠬᠠᠮᠳᠣ ᠰᠣᠷᠭᠠᠭᠤᠯᠢ ᠶᠢ ᠭᠤᠣᠯᠯᠠᠨ ᠬᠠᠮᠢᠶᠡᠷᠬᠤ ᠰᠠᠯᠠᠭ᠎ᠠ ᠮᠦᠴᠢᠷ ᠲᠤ ᠮᠡᠳᠡᠬᠦᠯᠥᠨ ᠳᠡᠩᠰᠡᠯᠡᠭᠤᠯᠵᠦ᠂ | ᠰᠣᠷᠭᠠᠭᠤᠯᠢ ᠶᠢᠨ ᠰᠣᠷᠭᠠᠨ ᠬᠦᠮᠦᠵᠢᠯ ᠵᠢᠭᠠᠨ ᠰᠣᠷᠭᠠᠯᠳᠡ ᠶᠢᠨ ᠡᠮᠬᠢ ᠵᠢᠷᠦᠮ ᠪᠠ ᠪᠠᠭᠰᠢ ᠰᠣᠷᠣᠠᠠᠴᠢ ᠶᠢᠨ ᠡᠷᠬᠡ | ᠠᠰᠢᠭ ᠢ ᠨᠦᠯᠥᠭᠡᠯᠡᠬᠦ ᠦᠭᠡᠢ ᠪᠠᠶᠢᠬᠤ ᠶᠢ ᠪᠠᠳᠣᠯᠠᠨ᠎ᠠ᠃ | ᠭᠤᠴᠢᠨ ᠲᠣᠯᠥᠳᠣᠭᠠᠷ ᠵᠦᠢᠯ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ | ᠰᠣᠷᠭᠠᠭᠤᠯᠢ ᠳᠤ ᠲᠣᠣᠷᠡᠬᠢ ᠪᠠᠶᠢᠳᠡᠯ ᠤᠨ ᠨᠢᠭᠡ ᠨᠢ ᠪᠠᠶᠢᠪᠠᠯ᠂ ᠵᠣᠠᠠᠰᠣᠭᠠᠬᠤ ᠭᠡᠷᠡᠭᠳᠡᠢ᠄ | ︵ᠨᠢᠭᠡ︶ ᠰᠤᠷᠭᠠᠭᠤᠯᠢ ᠶᠢᠨ ᠳᠦᠷᠢᠮ ᠤᠨ ᠱᠠᠭᠠᠷᠳᠠᠯᠭ᠎ᠠ ᠶᠢ ᠦᠨᠳᠦᠰᠦᠯᠡᠨ ᠵᠣᠭᠰᠣᠭᠠᠬᠤ ᠵᠢᠴᠢ ᠬᠢᠨᠠᠨ | ᠵᠦᠪᠰᠢᠶᠡᠷᠡᠬᠦ ᠪᠠᠶᠢᠭᠤᠯᠭ᠎ᠠ ᠪᠠᠷ ᠳᠠᠮᠵᠢᠨ ᠵᠥᠪᠰᠢᠶᠡᠷᠡᠭᠦᠯᠦᠭᠰᠡᠨ᠃ | ︵ᠬᠤᠶᠠᠷ︶ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠪᠢᠴᠢᠭ ᠢ ᠨᠢ ᠬᠦᠴᠦᠨ ᠦᠭᠡᠢ ᠪᠣᠯᠭᠠᠭᠰᠠᠨ᠃ | ︵ᠭᠤᠷᠪᠠ︶ ᠬᠥᠷᠥᠩᠭᠡ ᠨᠢ ᠥᠷᠢ ᠪᠠᠨ ᠲᠥᠯᠥᠬᠦ ᠳᠤ ᠬᠦᠷᠬᠦ ᠦᠭᠡᠢ ᠪᠣᠯᠬᠤᠷ ᠦᠷᠭᠦᠯᠵᠢᠯᠡᠨ ᠰᠤᠷᠭᠠᠭᠤᠯᠢ | ᠡᠷᠬᠢᠯᠡᠬᠦ ᠶᠢᠨ ᠠᠷᠭ᠎ᠠ ᠦᠭᠡᠢ ᠪᠣᠯᠤᠭᠰᠠᠨ᠃ | ︵ᠲᠦᠷᠪᠡ︶ ᠬᠠᠤᠯᠢ ᠳᠤ ᠲᠣᠭᠲᠠᠭᠠᠭᠰᠠᠨ ᠪᠤᠰᠤᠳ ᠪᠠᠶᠢᠳᠠᠯ᠃ | ᠭᠤᠴᠢᠨ ᠨᠠᠢᠮᠠᠳᠤᠭᠠᠷ ᠵᠦᠢᠯ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ | ᠰᠣᠷᠭᠠᠭᠤᠯᠢ ᠶᠢ ᠵᠣᠠᠠᠰᠣᠭᠠᠬᠤ ᠦᠶᠡᠰ᠂ ᠬᠠᠦᠯᠢ ᠶᠣᠰᠣᠭᠠᠷ ᠡᠳ᠋ ᠤᠨ ᠶᠠᠪᠤᠳᠡᠯ ᠢ ᠴᠠᠶᠢᠷᠠᠭᠤᠯᠵᠤ᠂ ᠡᠳ᠋ | ᠬᠦᠷᠥᠩᠬᠡ ᠪᠠᠨ ᠳᠥᠯᠥᠵᠦ ᠲᠠᠭᠤᠰᠬᠠᠬᠤ ᠳᠤ ᠪᠠᠨ ︽ᠪᠦᠬᠦᠲᠡ ᠨᠡᠶᠢᠷᠡᠮᠳᠠᠬᠤ ᠲᠣᠮᠳᠠᠳᠣ ᠠᠷᠡᠳ ᠣᠯᠥᠰ ᠤᠨ | ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠢ ᠠᠬᠢᠭᠤᠯᠬᠤ ᠬᠠᠦᠯᠢ︾ ᠵᠡᠷᠭᠡ ᠬᠠᠦᠯᠢ ᠴᠠᠭᠠᠵᠠ ᠬᠠᠦᠯᠢ ᠳᠦᠷᠢᠮ | ᠪᠠ ᠰᠣᠷᠭᠠᠭᠤᠯᠢ ᠶᠢᠨ ᠳᠥᠷᠢᠮ ᠲᠣᠠᠠᠳᠠᠭᠠᠯ ᠢ ᠦᠨᠳᠣᠰᠣᠯᠡᠨ ᠰᠢᠢᠳᠪᠦᠷᠢᠯᠡᠵᠦ᠂ ᠰᠣᠷᠭᠠᠭᠤᠯᠢ ᠶᠢᠨ ᠪᠠᠭᠰᠢ | ᠰᠣᠷᠣᠠᠠᠴᠢᠳ ᠪᠤᠯᠥᠨ ᠬᠠᠮᠢᠶ᠎ᠠ ᠪᠦᠬᠦᠢ ᠳᠡᠯ᠎ᠠ ᠶᠢᠨ ᠡᠷᠬᠡ ᠠᠰᠢᠭ ᠢ ᠦᠨᠡᠨ ᠬᠦ ᠪᠠᠳᠣᠯᠠᠨ᠎ᠠ᠃ | ᠭᠤᠴᠢ ᠶᠢᠰᠦᠳᠣᠭᠡᠷ ᠵᠦᠢᠯ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ | ᠵᠣᠠᠠᠰᠣᠭᠠᠬᠤ ᠦᠶᠡᠰ᠂ ᠴᠠᠭ ᠲᠣᠬᠠᠢ ᠳᠤ ᠨᠢ ᠪᠠᠶᠢᠭᠤᠯᠥᠮᠵᠢ ᠶᠢ ᠬᠦᠴᠦᠨ ᠦᠭᠡᠢ ᠪᠤᠯᠭᠠᠬᠤ᠂ ᠳᠠᠩᠰᠠᠯᠠᠯᠲᠠ ᠶᠢ | ᠬᠦᠴᠣᠨ ᠦᠭᠡᠢ ᠪᠤᠯᠭᠠᠬᠤ ᠭᠠᠷᠳᠡᠮ ᠢ ᠬᠦᠢᠴᠡᠳᠭᠡᠵᠦ᠂ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ | ᠵᠦᠪᠰᠢᠶᠡᠷᠡᠯ ᠤᠨ ᠦᠨᠡᠮᠯᠡᠯ ᠤᠨ ᠵᠢᠩᠬᠢᠨᠢ ᠪᠠ ᠬᠠᠭᠤᠯᠪᠤᠷᠢ ᠳᠡᠪᠳᠡᠷ᠂ ᠳᠡᠮᠠᠭᠠ ᠶᠢ ᠣᠣᠯ ᠤᠨ ᠬᠢᠨᠡᠨ | ᠵᠦᠪᠰᠢᠶᠡᠷᠡᠭᠰᠡᠨ ᠪᠠᠶᠢᠭᠤᠯᠭ᠎ᠠ ᠳᠤ ᠲᠣᠰᠢᠶᠡᠵᠦ᠂ ᠡᠵᠡᠩᠨᠡᠯᠳᠡ ᠶᠢᠨ ᠦᠨᠡᠮᠯᠡᠯ ᠤᠨ ᠵᠢᠩᠬᠢᠨᠢ ᠪᠠ ᠬᠠᠭᠤᠯᠪᠤᠷᠢ | ᠳᠡᠪᠳᠡᠷ ᠢ ᠣᠣᠯ ᠤᠨ ᠳᠠᠩᠰᠠᠯᠠᠨ ᠬᠠᠮᠢᠶᠡᠷᠬᠤ ᠪᠠᠶᠢᠭᠤᠯᠭ᠎ᠠ ᠳᠤ ᠲᠣᠰᠢᠶᠡᠬᠤ ᠭᠡᠷᠡᠭᠳᠡᠢ᠃ | ᠳᠥᠴᠢᠳᠦᠬᠡᠷ ᠵᠦᠢᠯ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ | ᠰᠠᠯᠭᠠᠬᠤ᠂ ᠨᠡᠶᠢᠯᠡᠬᠦᠯᠬᠦ᠂ ᠵᠣᠠᠠᠰᠣᠭᠠᠬᠤ ᠵᠡᠷᠭᠡ ᠴᠢᠬᠤᠯᠡ ᠵᠦᠢᠯ ᠢ ᠬᠤᠪᠢᠷᠠᠭᠤᠯᠬᠤ ᠳᠤ᠂ ᠰᠣᠷᠭᠠᠭᠤᠯᠢ ᠶᠢᠨ | ᠨᠠᠮ ᠤᠨ ᠵᠤᠬᠢᠶᠡᠨ ᠪᠠᠶᠢᠭᠤᠯᠥᠯᠳᠡ ᠴᠠᠭ ᠲᠤᠬᠠᠢ ᠳᠤ ᠨᠢ ᠳᠡᠭᠡᠳᠦ ᠱᠠᠳᠣᠨ ᠤ ᠨᠠᠮ ᠤᠨ ᠵᠤᠬᠢᠶᠡᠨ | ᠪᠠᠶᠢᠭᠤᠯᠥᠯᠳᠡ ᠳᠤ ᠪᠠᠨ ᠮᠡᠳᠡᠬᠦᠯᠵᠦ᠂ ᠳᠡᠭᠡᠳᠦ ᠱᠠᠳᠣᠨ ᠤ ᠨᠠᠮ ᠤᠨ ᠵᠤᠬᠢᠶᠡᠨ ᠪᠠᠶᠢᠭᠤᠯᠥᠯᠳᠡ ᠨᠢ | ᠰᠣᠷᠭᠠᠭᠤᠯᠢ ᠶᠢᠨ ᠨᠠᠮ ᠤᠨ ᠵᠤᠬᠢᠶᠡᠨ ᠪᠠᠶᠢᠭᠤᠯᠥᠯᠳᠡ ᠶᠢ ᠬᠤᠪᠢᠷᠡᠭᠤᠯᠬᠤ ᠪᠤᠶᠤ ᠬᠦᠴᠣᠨ ᠦᠭᠡᠢ ᠪᠤᠯᠭᠠᠬᠤ | ᠲᠣᠠᠠᠳᠠᠭᠠᠯ ᠭᠠᠷᠭᠠᠨ᠎ᠠ᠃ | ᠨᠠᠢᠮᠠᠳᠤᠭᠠᠷ ᠪᠦᠯᠦᠭ ᠬᠢᠨᠠᠯᠲᠠ ᠲᠠᠯᠪᠢᠬᠤ ᠪᠠ ᠰᠢᠢᠳᠭᠡᠬᠦ | ᠳᠥᠴᠢᠨ ᠨᠢᠭᠡᠳᠦᠭᠡᠷ ᠵᠦᠢᠯ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠳᠤ ᠲᠣᠭᠲᠠᠭᠠᠭᠰᠠᠨ | ᠬᠠᠮᠢᠶᠠᠷᠤᠯᠲᠠ ᠶᠢᠨ ᠡᠷᠬᠡ ᠮᠡᠳᠡᠯ ᠢ ᠦᠨᠳᠦᠰᠦᠯᠡᠨ᠂ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠬᠢᠯᠡᠭᠰᠡᠨ | ᠰᠤᠷᠭᠠᠭᠤᠯᠢ ᠳᠤ ᠵᠢᠯ ᠤᠨ ᠪᠠᠶᠢᠴᠠᠭᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠵᠠᠬ᠎ᠠ ᠳᠡᠯᠭᠡᠬᠦᠷ ᠤᠨ ᠬᠢᠨᠡᠯᠳᠡ | ᠬᠠᠮᠢᠶᠡᠷᠦᠯᠳᠡ ᠶᠢᠨ ᠰᠠᠯᠠᠭ᠎ᠠ ᠮᠦᠴᠢᠷ ᠨᠢ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ | ᠰᠣᠷᠭᠠᠭᠤᠯᠢ ᠳᠤ ᠵᠢᠯ ᠤᠨ ᠮᠡᠳᠡᠬᠦᠯᠥᠯᠳᠡ ᠶᠢ ᠢᠯᠡ ᠨᠡᠶᠢᠳᠡᠯᠡᠬᠦ ᠳᠥᠷᠢᠮ ᠢ ᠭᠡᠷᠡᠭᠵᠢᠬᠦᠯᠥᠨ᠎ᠠ᠃ | ᠳᠥᠴᠢᠨ ᠬᠤᠶᠠᠳᠤᠭᠠᠷ ᠵᠦᠢᠯ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ︽ᠪᠦᠭᠦᠳᠡ ᠨᠠᠢᠷᠠᠮᠳᠠᠬᠤ ᠳᠤᠮᠳᠠᠳᠤ | ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠳᠤ ᠲᠣᠭᠲᠠᠭᠠᠭᠰᠠᠨ | ᠬᠠᠮᠢᠶᠠᠷᠤᠯᠲᠠ ᠶᠢᠨ ᠡᠷᠬᠡ ᠮᠡᠳᠡᠯ ᠢ ᠦᠨᠳᠦᠰᠦᠯᠡᠨ᠂ ᠠᠰᠢᠭ ᠬᠤᠨᠵᠢᠪᠤᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠰᠤᠷᠤᠭᠴᠢ ᠡᠯᠰᠡᠬᠦ ᠲᠣᠪᠴᠢ ᠳᠦᠷᠢᠮ ᠢ ᠬᠢᠨᠠᠨ ᠬᠠᠮᠢᠶᠠᠷᠬᠤ ᠡᠷᠴᠢᠮ ᠴᠢᠩᠭᠠᠷᠠᠭᠤᠯᠵᠤ᠂ | ᠳᠠᠩᠰᠠᠯᠠᠭᠤᠯᠤᠭᠰᠠᠨ ᠦᠭᠡᠢ ᠰᠤᠷᠤᠭᠴᠢ ᠡᠯᠰᠡᠬᠦ ᠲᠣᠪᠴᠢ ᠳᠦᠷᠢᠮ᠂ ᠬᠤᠳᠠᠯ ᠬᠠᠭᠤᠷᠮᠠᠭ ᠢᠶᠠᠷ ᠰᠤᠷᠤᠭᠴᠢ ᠡᠯᠰᠡᠬᠦ | ᠲᠣᠪᠴᠢ ᠳᠦᠷᠢᠮ ᠢ ᠨᠡᠶᠢᠲᠡᠯᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠬᠠᠤᠯᠢ ᠲᠣᠭᠲᠠᠭᠠᠯ ᠶᠣᠰᠣᠭᠠᠷ | ᠰᠢᠢᠳᠪᠦᠷᠢᠯᠡᠨ᠎ᠡ᠃ | ᠳᠥᠴᠢᠨ ᠭᠤᠷᠪᠠᠳᠤᠭᠠᠷ ᠵᠦᠢᠯ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠳᠤ ᠲᠣᠭᠲᠠᠭᠠᠭᠰᠠᠨ | ᠬᠠᠮᠢᠶᠠᠷᠤᠯᠲᠠ ᠶᠢᠨ ᠡᠷᠬᠡ ᠮᠡᠳᠡᠯ ᠢ ᠦᠨᠳᠦᠰᠦᠯᠡᠨ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠬᠢᠨᠠᠨ ᠵᠢᠯᠣᠭᠤᠳᠬᠤ | ᠪᠠ ᠪᠠᠶᠢᠴᠠᠭᠠᠬᠤ ᠶᠢ ᠥᠷᠨᠢᠭᠦᠯᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠪᠤᠶᠤ | ᠨᠠᠶᠢᠳᠠᠵᠤ ᠲᠣᠭᠲᠠᠮᠠᠯ ᠬᠤᠭᠤᠴᠠᠭ᠎ᠠ ᠲᠠᠢ ᠪᠠᠷ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠠ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠶᠢᠨ ᠬᠠᠮᠲᠤ᠂ ᠦᠨᠡᠯᠡᠨ ᠵᠢᠱᠢᠭᠰᠡᠨ ᠦᠷ᠎ᠡ ᠳ᠋ᠦᠩ ᠢ | ᠨᠡᠶᠢᠭᠡᠮ ᠳᠤ ᠨᠡᠶᠢᠲᠡᠯᠡᠨ᠎ᠡ᠃ | ᠳᠥᠴᠢᠨ ᠳᠥᠷᠪᠡᠳᠦᠭᠡᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠦᠭᠰᠡᠨ ᠠᠰᠢᠭ ᠬᠤᠨᠵᠢᠪᠣᠷᠢ ᠶᠢᠨ ᠴᠢᠨᠠᠷᠲᠠᠢ | ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠯᠧᠺᠲᠷᠣᠨ ᠰᠤᠷᠭᠠᠭᠤᠯᠢ ᠶᠢᠨ ᠬᠠᠷᠢᠶᠠᠯᠠᠯ ᠪᠠ ᠰᠤᠷᠤᠯᠭ᠎ᠠ ᠶᠢᠨ | ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠢ ᠬᠠᠤᠯᠢ ᠪᠣᠰᠤ ᠪᠠᠷ | ᠣᠯᠭᠤᠭᠰᠠᠨ ᠪᠤᠶᠤ ᠬᠠᠭᠤᠷᠮᠠᠭ ᠵᠣᠬᠢᠶᠠᠭᠰᠠᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ | ᠳᠥᠴᠢᠨ ᠲᠠᠪᠤᠳᠤᠭᠠᠷ ᠵᠦᠢᠯ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠵᠢᠴᠢ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠢᠨᠠᠨ ᠪᠣᠳᠣᠬᠤ ᠶᠢ | ᠬᠡᠷᠡᠭᠵᠢᠭᠦᠯᠵᠦ᠂ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠳ᠋ ᠤᠨ ᠶᠠᠪᠤᠳᠠᠯ ᠡᠳ᠋ ᠬᠥᠷᠥᠩᠭᠡ ᠶᠢᠨ | ᠪᠠᠶᠢᠳᠠᠯ ᠳᠤ ᠬᠢᠨᠠᠯᠲᠠ ᠲᠠᠯᠪᠢᠨ᠎ᠠ᠃ | ᠳᠥᠴᠢᠨ ᠵᠢᠷᠭᠤᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠢ ᠠᠬᠢᠭᠤᠯᠬᠤ ᠬᠠᠤᠯᠢ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠵᠦ᠂ | ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠪᠤᠶᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠵᠠᠷᠯᠢᠭᠳᠠᠵᠤ ᠬᠤᠭᠤᠴᠠᠭ᠎ᠠ ᠳᠣᠭᠲᠠᠭᠠᠨ | ᠵᠠᠯᠠᠷᠠᠭᠤᠯᠤᠭᠤᠯᠬᠤ ᠶᠢᠨ ᠬᠠᠮᠲᠤ ᠰᠡᠷᠡᠮᠵᠢᠯᠡᠭᠦᠯᠦᠨ᠎ᠡ︔ ᠬᠠᠤᠯᠢ ᠪᠤᠰᠤ ᠣᠯᠵᠠᠪᠤᠷᠢ ᠲᠠᠢ ᠪᠣᠯ ᠬᠤᠷᠢᠶᠠᠭᠰᠠᠨ | ᠰᠦᠢᠳᠬᠡᠯ ᠢ ᠪᠤᠴᠠᠭᠠᠭᠰᠠᠨ ᠤ ᠳᠠᠷᠠᠭ᠎ᠠ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠮᠵᠢᠯᠠᠨ | ᠠᠪᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ ᠰᠤᠷᠤᠭᠴᠢ ᠡᠯᠰᠡᠬᠦ ᠶᠢ ᠵᠠᠷᠯᠢᠭᠳᠠᠨ ᠵᠣᠭᠰᠣᠭᠠᠵᠤ᠂ | ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠨ᠎ᠠ︔ ᠶᠠᠯ᠎ᠠ ᠳᠤ ᠬᠦᠷᠦᠭᠰᠡᠨ ᠪᠣᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠰᠤᠷᠭᠠᠭᠤᠯᠢ ᠡᠷᠬᠢᠯᠡᠬᠦ ᠴᠢᠭᠯᠡᠯᠲᠡ᠂ ᠵᠢᠭᠠᠨ ᠰᠤᠷᠭᠠᠯᠲᠠ ᠶᠢᠨ ᠠᠭᠤᠯᠭ᠎ᠠ᠂ ᠰᠤᠷᠭᠠᠭᠤᠯᠢ | ᠡᠷᠬᠢᠯᠡᠬᠦ ᠦᠢᠯᠡ ᠠᠵᠢᠯᠯᠠᠭ᠎ᠠ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠠᠴᠠ ᠵᠥᠷᠢᠴᠡᠵᠦ᠂ ᠤᠯᠤᠰ ᠤᠨ | ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠠᠴᠠ ᠵᠦᠷᠢᠴᠡᠭᠰᠡᠨ᠃ | ︵ᠬᠤᠶᠠᠷ︶ ᠰᠤᠷᠭᠠᠭᠤᠯᠢ ᠡᠷᠬᠢᠯᠡᠬᠦ ᠨᠥᠬᠦᠴᠡᠯ ᠨᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠬᠦᠷᠴᠦ | ᠳᠡᠶᠢᠯᠬᠦ ᠦᠭᠡᠢ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ᠃ | ︵ᠭᠤᠷᠪᠠ︶ ᠬᠤᠳᠠᠯ ᠬᠠᠭᠤᠷᠮᠠᠭ ᠬᠢᠷᠢ ᠬᠡᠮ ᠬᠠᠩᠭᠠᠬᠤ ᠪᠤᠶᠤ ᠬᠤᠳᠠᠯ ᠬᠠᠭᠤᠷᠮᠠᠭ ᠵᠠᠷ᠂ ᠤᠬᠠᠭᠤᠯᠭ᠎ᠠ | ᠵᠡᠷᠭᠡ ᠠᠵᠢᠯᠯᠠᠭ᠎ᠠ ᠲᠠᠢ᠃ | ︵ᠳᠥᠷᠪᠡ︶ ᠡᠨᠡ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠰᠤᠷᠤᠭᠴᠢ ᠡᠯᠰᠡᠵᠦ᠂ ᠰᠤᠷᠭᠠᠭᠤᠯᠢ | ᠡᠷᠬᠢᠯᠡᠬᠦ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ᠃ | ︵ᠲᠠᠪᠤ︶ ᠰᠤᠷᠭᠠᠭᠤᠯᠢ ᠶᠢᠨ ᠬᠠᠷᠢᠭᠤᠴᠠᠯᠭ᠎ᠠ ᠠᠴᠠ ᠪᠣᠯᠵᠤ ᠰᠤᠷᠭᠠᠨ ᠬᠥᠮᠦᠵᠢᠯ ᠵᠢᠭᠠᠨ ᠰᠤᠷᠭᠠᠯᠲᠠ ᠪᠣᠯᠤᠨ | ᠠᠮᠤᠷ ᠲᠦᠪᠰᠢᠨ ᠤ ᠠᠳᠠᠯ ᠭᠠᠷᠤᠭᠰᠠᠨ᠃ | ︵ᠵᠢᠷᠭᠤᠭ᠎ᠠ︶ ᠰᠤᠷᠭᠠᠭᠤᠯᠢ ᠡᠷᠬᠢᠯᠡᠬᠦ ᠪᠡᠯᠡ ᠮᠥᠩᠭᠦ ᠠᠴᠠ ᠳᠤᠲᠠᠭᠠᠵᠤ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠤᠭᠰᠠᠨ᠃ | ︵ᠳᠣᠯᠤᠭ᠎ᠠ︶ ᠪᠤᠰᠤᠳ ᠬᠠᠤᠯᠢ ᠴᠠᠭᠠᠵᠠ ᠬᠠᠤᠯᠢ ᠳᠦᠷᠢᠮ ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ | ᠪᠠᠶᠢᠭ᠎ᠠ᠃ | ᠳᠥᠴᠢᠨ ᠳᠣᠯᠣᠳᠤᠭᠠᠷ ᠵᠦᠢᠯ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠳᠣᠣᠷᠠᠬᠢ ᠪᠠᠶᠢᠳᠠᠯ ᠤᠨ | ᠨᠢᠭᠡ ᠨᠢ ᠪᠠᠶᠢᠪᠠᠯ᠂ ᠡᠷᠬᠢᠯᠡᠨ ᠪᠠᠶᠢᠭᠤᠯᠤᠭᠴᠢ ᠨᠢ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠶᠢ ᠳᠠᠬᠢᠵᠤ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ ᠪᠣᠯᠬᠤ ᠦᠭᠡᠢ᠄ | ︵ᠨᠢᠭᠡ︶ ᠬᠠᠤᠯᠢ ᠶᠢᠨ ᠡᠷᠭᠡᠲᠦ ᠬᠥᠮᠦᠨ ᠤ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢ ᠪᠦᠷᠢᠨ | ᠨᠠᠶᠢᠳᠠᠪᠤᠷᠢᠵᠢᠭᠤᠯᠤᠭ᠎ᠠ ᠦᠭᠡᠢ᠃ | ︵ᠬᠤᠶᠠᠷ︶ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠠᠰᠢᠭ ᠬᠤᠨᠵᠢᠪᠣᠷᠢ ᠶᠢᠨ ᠴᠢᠨᠠᠷᠲᠠᠢ ᠪᠣᠯ᠂ | ᠲᠡᠭᠦᠨ ᠢ ᠠᠵᠤ ᠠᠬᠤᠶᠢᠯᠠᠯ ᠤᠨ ᠡᠵᠡᠩᠨᠡᠯᠲᠡ ᠨᠢ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠤᠶᠤ ᠬᠠᠤᠯᠢ ᠠᠴᠠ | ᠵᠥᠷᠢᠴᠡᠨ ᠦᠨᠡᠨᠴᠢ ᠢᠲᠡᠭᠡᠮᠵᠢ ᠪᠠᠨ ᠠᠯᠳᠠᠭᠰᠠᠳ ᠳᠤ ᠣᠷᠣᠭᠤᠯᠤᠨ᠎ᠠ᠃ | ︵ᠭᠤᠷᠪᠠ︶ ᠰᠤᠷᠭᠠᠭᠤᠯᠢ ᠡᠷᠬᠢᠯᠡᠬᠦ ᠨᠥᠬᠦᠴᠡᠯ ᠪᠠᠷᠢᠮᠵᠢᠶ᠎ᠠ ᠳᠤ ᠬᠦᠷᠬᠦ ᠦᠭᠡᠢ᠃ | ︵ᠳᠥᠷᠪᠡ︶ ᠣᠶᠢᠷ᠎ᠠ ᠶᠢᠨ 2 ᠵᠢᠯ ᠤᠨ ᠵᠢᠯ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ | ᠪᠠᠶᠢᠳᠠᠯ ᠲᠠᠢ᠃ | ︵ᠲᠠᠪᠤ︶ ᠬᠠᠤᠯᠢ ᠴᠠᠭᠠᠵᠠᠬᠠᠤᠯᠢ ᠳᠦᠷᠢᠮ ᠳᠤ ᠳᠣᠭᠲᠠᠭᠠᠭᠰᠠᠨ ᠪᠤᠰᠤᠳ ᠪᠠᠶᠢᠳᠠᠯ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢᠨ ᠨᠠᠢᠮᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠪᠣᠯᠪᠠᠰᠤᠷᠠᠯ ᠤᠨ ᠪᠠᠶᠢᠭᠤᠯᠤᠮᠵᠢ ᠶᠢ ᠬᠢᠨᠠᠨ ᠬᠠᠮᠢᠶᠠᠷᠬᠤ ᠳᠤ ᠲᠤᠰ ᠠᠷᠭ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠯ ᠤᠨ ᠰᠤᠷᠭᠠᠭᠤᠯᠢ ᠶᠢ ᠬᠢᠨᠠᠨ ᠬᠠᠮᠢᠶᠠᠷᠬᠤ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠬᠠᠮᠢᠶᠠᠷᠤᠯᠲᠠ ᠶᠢᠨ | ᠠᠷᠭ᠎ᠠ︾ ᠶᠢ ᠬᠡᠷᠡᠭᠯᠡᠵᠦ᠂ ᠲᠤᠰ ᠠᠷᠭ᠎ᠠ ᠳᠤ ᠲᠣᠭᠲᠠᠭᠠᠭᠰᠠᠨ ᠦᠭᠡᠢ ᠪᠠᠶᠢᠪᠠᠯ᠂ ᠲᠤᠰ ᠠᠷᠭ᠎ᠠ ᠶᠢ ᠬᠡᠷᠡᠭᠯᠡᠨ᠎ᠡ᠃ | ᠳᠥᠴᠢ ᠶᠢᠰᠦᠳᠦᠭᠡᠷ ᠵᠦᠢᠯ ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠲᠠᠪᠢᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |