︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ | ᠠᠬᠢᠭᠤᠯᠬᠤ ᠬᠠᠤᠯᠢ︾ ᠵᠢᠴᠢ ᠲᠡᠭᠦᠨ ᠤ ᠬᠡᠷᠡᠭᠵᠢᠭᠦᠯᠬᠦ ᠳᠦᠷᠢᠮ ᠢ ᠦᠨᠳᠦᠰᠦᠯᠡᠨ᠂ ︽ᠲᠥᠷᠥ ᠶᠢᠨ ᠶᠠᠪᠤᠳᠠᠯ ᠤᠨ | ᠬᠤᠷᠢᠶᠠᠨ ᠤ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ ᠵᠣᠷᠢᠭᠵᠢᠭᠤᠯᠵᠤ ᠠᠷᠠᠳ ᠠᠴᠠ | ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ ᠤᠳ︾ ᠪᠣᠯᠤᠨ | ︽ᠰᠤᠷᠭᠠᠨ ᠬᠥᠮᠦᠵᠢᠯ ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ | ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ ᠶᠢᠨ ︿ᠠᠰᠢᠭ ᠬᠤᠨᠵᠢᠪᠣᠷᠢ ᠶᠢᠨ ᠴᠢᠨᠠᠷᠲᠠᠢ | ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ﹀ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠷᠠᠳ ᠠᠴᠠ | ᠡᠷᠬᠢᠯᠡᠭᠰᠡᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ | ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠣᠭᠤᠳᠴᠤ | ᠵᠢᠷᠤᠮᠵᠢᠭᠤᠯᠬᠤ ᠶᠢᠨ ᠲᠥᠯᠦᠭᠡ᠂ 2023 ᠣᠨ ᠤ 10 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵2023 ᠣᠨ ᠳᠤ ᠵᠠᠰᠠᠪᠤᠷᠢ | ᠣᠷᠣᠭᠤᠯᠤᠭᠰᠠᠨ︶︾ ︵ᠳᠣᠷᠣᠭᠰᠢ ︽ᠠᠷᠭ᠎ᠠ︾ ᠭᠡᠵᠦ ᠳᠦᠭᠦᠮᠴᠢᠯᠡᠨ᠎ᠡ︶ ᠶᠢ ᠳᠠᠷᠤᠮᠠᠯᠯᠠᠨ ᠲᠠᠷᠬᠠᠭᠠᠪᠠ᠃ ᠡᠳᠦᠭᠡ | ᠲᠠᠶᠢᠯᠤᠮᠵᠢ ᠬᠢᠶ᠎ᠠ᠄ | ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ | ᠠᠬᠢᠭᠤᠯᠬᠤ ᠬᠠᠤᠯᠢ︾ ᠶᠢᠨ 2016 ᠣᠨ ᠤ ᠵᠠᠰᠠᠪᠤᠷᠢ ᠣᠷᠣᠭᠤᠯᠤᠭᠰᠠᠨ ᠬᠠᠤᠯᠢ ᠶᠢᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠦᠭᠡ᠂ 2018 ᠣᠨ ᠳᠤ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠲᠠᠢ | ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ | ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠳᠠᠷᠤᠮᠠᠯᠯᠠᠨ ᠲᠠᠷᠬᠠᠭᠠᠪᠠ᠂ ᠭᠡᠪᠡᠴᠦ ᠲᠤᠰ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ | ᠬᠦᠴᠦᠨ ᠲᠠᠢ ᠬᠤᠭᠤᠴᠠᠭ᠎ᠠ ᠬᠤᠶᠠᠷ ᠵᠢᠯ ᠪᠠᠶᠢᠵᠤ᠂ ᠣᠳᠣ ᠨᠢᠭᠡᠨᠲᠡ ᠬᠦᠴᠦᠨ ᠦᠭᠡᠢ ᠪᠣᠯᠵᠤ ᠦᠷᠭᠦᠯᠵᠢᠯᠡᠨ | ᠬᠡᠷᠡᠭᠯᠡᠬᠦ ᠶᠢᠨ ᠠᠷᠭ᠎ᠠ ᠦᠭᠡᠢ ᠪᠣᠯᠤᠭᠰᠠᠨ ᠪᠣᠯᠬᠤᠷ ᠲᠤᠰ ᠪᠢᠴᠢᠭ ᠮᠠᠲ᠋ᠧᠷᠢᠶᠠᠯ ᠳᠤ ᠳᠠᠬᠢᠨᠲᠠ ᠵᠠᠰᠠᠪᠤᠷᠢ | ᠣᠷᠣᠭᠤᠯᠪᠠ᠃ | ᠬᠤᠶᠠᠷ᠂ ︽ᠠᠷᠭ᠎ᠠ︾ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠭᠰᠠᠨ ᠵᠣᠷᠢᠯᠭ᠎ᠠ | ︽ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ | ᠲᠡᠮᠳᠡᠭᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠥᠷᠥᠯ ᠤᠨ ᠠᠷᠠᠳ ᠠᠴᠠ ᠡᠷᠬᠢᠯᠡᠭᠰᠡᠨ | ᠰᠤᠷᠭᠠᠭᠤᠯᠢ ᠶᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ | ᠭᠤᠣᠯᠴᠢᠯᠠᠨ ᠬᠠᠮᠢᠶᠠᠷᠤᠨ᠎ᠠ᠂ ᠡᠶᠢᠮᠦ ᠠᠴᠠ ᠬᠠᠮᠲᠤᠷᠠᠨ ᠪᠢᠴᠢᠭ ᠮᠠᠲ᠋ᠧᠷᠢᠶᠠᠯ ᠲᠣᠭᠲᠠᠭᠠᠬᠤ ᠬᠡᠯᠪᠡᠷᠢ ᠶᠢ ᠦᠷᠭᠦᠯᠵᠢᠯᠡᠨ | ᠬᠡᠷᠡᠭᠯᠡᠵᠦ᠂ ᠨᠢᠭᠡᠳᠦᠯᠲᠡᠢ ᠲᠥᠯᠥᠪᠯᠡᠨ ᠬᠠᠮᠢᠶᠠᠷᠬᠤ ᠪᠠ ᠦᠢᠯᠡᠴᠢᠯᠡᠬᠦ ᠳᠤ ᠳᠥᠭᠦᠮ ᠦᠵᠡᠭᠦᠯᠵᠦ᠂ ᠬᠢᠨᠠᠯᠲᠠ | ᠬᠠᠮᠢᠶᠠᠷᠤᠯᠲᠠ ᠶᠢᠨ ᠪᠠᠯᠠᠢ ᠣᠷᠣᠨ ᠭᠠᠷᠬᠤ ᠠᠴᠠ ᠵᠠᠶᠢᠯᠠᠰᠬᠢᠪᠠ᠃ | ᠭᠤᠷᠪᠠ᠂ ︽ᠠᠷᠭ᠎ᠠ︾ ᠶᠢᠨ ᠲᠣᠬᠢᠷᠠᠬᠤ ᠬᠡᠪᠴᠢᠶ᠎ᠡ | ︽ᠠᠷᠭ᠎ᠠ︾ ᠳᠤ᠄ ᠤᠯᠤᠰ ᠤᠨ ᠪᠠᠶᠢᠭᠤᠯᠤᠮᠵᠢ ᠠᠴᠠ ᠭᠠᠳᠠᠨᠠᠬᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ | ᠬᠤᠪᠢ ᠬᠥᠮᠦᠨ ᠡᠳ᠋ ᠤᠨ ᠵᠠᠰᠠᠭ ᠤᠨ ᠪᠤᠰᠤ ᠴᠢᠨᠠᠷᠲᠠᠢ ᠵᠠᠷᠤᠳᠠᠯ᠂ ᠪᠡᠯᠡᠭᠯᠡᠨ ᠬᠦᠷᠭᠡᠭᠰᠡᠨ ᠪᠤᠰᠤ ᠡᠳ᠋ ᠬᠥᠷᠥᠩᠭᠡ ᠶᠢ | ᠠᠰᠢᠭᠯᠠᠨ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠪᠠ ᠪᠤᠰᠤᠳ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠡᠷᠬᠢᠯᠡᠵᠦ ᠪᠣᠯᠤᠨ᠎ᠠ᠂ ᠭᠡᠪᠡᠴᠦ | ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ | ᠡᠷᠬᠢᠯᠡᠭᠰᠡᠨ ᠰᠤᠷᠭᠠᠭᠤᠯᠢ ᠶᠢ ᠡᠷᠬᠢᠯᠡᠵᠦ ᠪᠣᠯᠬᠤ ᠦᠭᠡᠢ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ | ᠬᠥᠮᠦᠨ ᠡᠳ᠋ ᠤᠨ ᠵᠠᠰᠠᠭ ᠤᠨ ᠴᠢᠨᠠᠷᠲᠠᠢ ᠵᠠᠷᠤᠳᠠᠯ᠂ ᠪᠡᠯᠡᠭᠯᠡᠨ ᠬᠦᠷᠭᠡᠭᠰᠡᠨ ᠡᠳ᠋ ᠬᠥᠷᠥᠩᠭᠡ ᠪᠠᠷ ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠬᠦ ᠪᠤᠶᠤ ᠲᠡᠭᠦᠨ ᠳᠤ ᠣᠷᠣᠯᠴᠠᠵᠤ | ᠪᠣᠯᠬᠤ ᠦᠭᠡᠢ᠃ | ᠳᠥᠷᠪᠡ᠂ ︽ᠠᠷᠭ᠎ᠠ︾ ᠶᠢᠨ ᠭᠤᠣᠯ ᠠᠭᠤᠯᠭ᠎ᠠ | ︽ᠠᠷᠭ᠎ᠠ︾ ᠶᠢᠨ ᠪᠦᠬᠦ ᠠᠭᠤᠯᠭ᠎ᠠ ᠶᠢ ᠶᠢᠰᠦᠨ ᠪᠦᠯᠦᠭ᠂ ᠲᠠᠪᠢᠨ ᠵᠦᠢᠯ ᠬᠤᠪᠢᠶᠠᠪᠠ᠃ ᠰᠤᠷᠭᠠᠭᠤᠯᠢ | ᠪᠠᠶᠢᠭᠤᠯᠬᠤ᠂ ᠬᠤᠪᠢᠷᠠᠭᠤᠯᠬᠤ ᠪᠠ ᠵᠣᠭᠰᠣᠭᠠᠬᠤ ᠶᠠᠪᠤᠴᠠ ᠵᠢᠴᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ | ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠳ᠋ ᠤᠨ ᠶᠠᠪᠤᠳᠠᠯ ᠡᠳ᠋ ᠬᠥᠷᠥᠩᠭᠡ᠂ ᠮᠡᠳᠡᠭᠡ ᠵᠠᠩᠭᠢ ᠶᠢ ᠢᠯᠡ ᠪᠣᠯᠭᠠᠬᠤ | ᠵᠡᠷᠭᠡ ᠡᠳᠦᠷ ᠲᠤᠲᠤᠮ ᠤᠨ ᠬᠠᠮᠢᠶᠠᠷᠤᠯᠲᠠ ᠶᠢᠨ ᠲᠠᠯ᠎ᠠ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ ᠬᠢᠨᠠᠯᠲᠠ | ᠲᠠᠯᠪᠢᠵᠤ ᠰᠢᠢᠳᠬᠡᠬᠦ ᠭᠤᠣᠯ ᠴᠣᠭᠴᠠ ᠪᠠ ᠪᠠᠶᠢᠳᠠᠯ ᠢ ᠲᠣᠭᠲᠠᠭᠠᠪᠠ᠃ | ︽ᠠᠷᠭ᠎ᠠ︾ ᠨᠢ ︽ᠰᠤᠷᠭᠠᠨ ᠬᠥᠮᠦᠵᠢᠯ ᠤᠨ ᠶᠠᠮᠤᠨ ᠤ ᠦᠢᠯᠡᠳᠪᠦᠷᠢ ᠬᠤᠳᠠᠯᠳᠤᠭᠠᠨ ᠤ ᠶᠡᠷᠦᠩᠬᠡᠢ | ᠲᠣᠪᠴᠢᠶ᠎ᠠ ᠶᠢᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ | ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠡᠷᠭᠡ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2018 ᠣᠨ ᠳᠤ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠲᠣᠪᠴᠢᠶ᠎ᠠ ᠯᠤᠭ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ | ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠦᠨᠳᠦᠰᠦᠨ ᠳᠤ ᠪᠠᠨ ᠨᠢᠭᠡᠳᠦᠯᠲᠡᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ | ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠵᠤ᠂ ᠨᠡᠩ ᠲᠡᠭᠦᠯᠳᠡᠷᠵᠢᠭᠰᠡᠨ ᠠᠰᠢᠭ ᠬᠤᠨᠵᠢᠪᠣᠷᠢ ᠶᠢᠨ ᠴᠢᠨᠠᠷᠲᠠᠢ | ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠵᠤ᠂ | ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ︽ᠬᠠᠮᠢᠭ᠎ᠠ ᠣᠴᠢᠵᠤ | ᠳᠠᠩᠰᠠᠯᠠᠭᠤᠯᠬᠤ︾᠂ ︽ᠶᠠᠭᠠᠬᠢᠵᠤ ᠳᠠᠩᠰᠠᠯᠠᠭᠤᠯᠬᠤ︾᠂ ︽ᠶᠠᠭᠠᠬᠢᠵᠤ ᠵᠢᠷᠤᠮᠵᠢᠭᠤᠯᠬᠤ︾ ᠵᠡᠷᠭᠡ ᠠᠰᠠᠭᠤᠳᠠᠯ ᠢ | ᠭᠤᠣᠯᠳᠠᠯᠭ᠎ᠠ ᠲᠠᠢ ᠰᠢᠢᠳᠪᠦᠷᠢᠯᠡᠪᠡ᠃ | ᠲᠠᠪᠤ᠂ ︽ᠠᠷᠭ᠎ᠠ︾ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ | ᠪᠠᠶᠢᠭᠤᠯᠬᠤ ᠪᠠ ᠳᠠᠩᠰᠠᠯᠠᠨ ᠲᠡᠮᠳᠡᠭᠯᠡᠬᠦ ᠲᠤᠬᠠᠢ ᠲᠣᠭᠲᠠᠭᠠᠯ ᠭᠠᠷᠭᠠᠪᠠ | ︽ᠠᠷᠭ᠎ᠠ︾ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠶᠢᠭᠤᠯᠬᠤ | ᠨᠥᠬᠦᠴᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠪᠡᠯᠡ ᠮᠥᠩᠭᠦ᠂ ᠰᠤᠷᠭᠠᠭᠤᠯᠢ ᠡᠷᠬᠢᠯᠡᠬᠦ ᠠᠭᠤᠯᠭ᠎ᠠ | ᠵᠡᠷᠭᠡ ᠶᠢ ᠲᠣᠳᠣᠷᠬᠠᠶᠢᠯᠠᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ ᠶᠢ ᠴᠢᠬᠤᠯᠠᠴᠢᠯᠠᠨ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠡᠯᠡ ᠮᠥᠩᠭᠦ ᠶᠢ ᠬᠠᠮᠢᠶᠠᠷᠣᠨ | ᠡᠵᠡᠮᠳᠡᠬᠦ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠭᠤᠯᠭ᠎ᠠ ᠨᠢ ᠰᠤᠷᠭᠠᠨ | ᠬᠥᠮᠦᠵᠢᠯ ᠤᠨ ᠵᠢᠮ᠎ᠡ ᠶᠣᠰᠣ ᠪᠠ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ | ᠣᠨᠴᠠᠯᠢᠭ ᠵᠡᠷᠭᠡ ᠵᠦᠢᠯ ᠳᠤ ᠨᠡᠶᠢᠴᠡᠪᠡᠯ ᠵᠣᠬᠢᠨ᠎ᠠ ᠭᠡᠵᠦ ᠲᠣᠭᠲᠠᠭᠠᠵᠠᠢ᠃ ᠡᠭᠦᠨ ᠤ ᠬᠠᠮᠲᠤ᠂ ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠡᠯᠡᠳᠭᠡᠨ ᠪᠠᠶᠢᠭᠤᠯᠬᠤ ᠪᠠ ᠪᠠᠶᠢᠭᠤᠯᠬᠤ | ᠭᠡᠵᠦ ᠬᠤᠶᠠᠷ ᠱᠠᠲᠤ ᠬᠤᠪᠢᠶᠠᠨ᠂ ᠬᠤᠯᠪᠣᠭᠳᠠᠯ ᠪᠦᠬᠦᠢ ᠱᠠᠭᠠᠷᠳᠠᠯᠭ᠎ᠠ ᠨᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠨ ᠬᠠᠮᠢᠶᠠᠷᠬᠤ ᠠᠷᠭ᠎ᠠ | ︵ᠵᠠᠰᠠᠪᠤᠷᠢ ᠣᠷᠣᠭᠤᠯᠤᠭᠰᠠᠨ︶︾ ᠲᠠᠢ ᠨᠢᠭᠡᠳᠦᠯᠲᠡᠢ ᠪᠠᠶᠢᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠵᠢᠷᠭᠤᠭ᠎ᠠ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ | ᠵᠠᠰᠠᠪᠤᠷᠢ ᠣᠷᠣᠭᠤᠯᠬᠤ ᠠᠴᠠ ᠡᠮᠦᠨᠡᠬᠢ ᠲᠠᠢ ᠬᠠᠷᠢᠴᠠᠭᠤᠯᠪᠠᠯ᠂ ︽ᠠᠷᠭ᠎ᠠ︾ ᠨᠢ ᠮᠥᠨ ᠯᠡ 9 ᠪᠦᠯᠦᠭ | ᠪᠠᠶᠢᠭᠰᠠᠨ ᠪᠣᠯᠪᠠᠴᠤ 53 ᠵᠦᠢᠯ ᠠᠴᠠ 50 ᠵᠦᠢᠯ ᠪᠣᠯᠤᠨ ᠬᠤᠪᠢᠷᠠᠵᠤ᠂ 4 ᠵᠦᠢᠯ ᠢ ᠬᠠᠰᠤᠵᠤ᠂ 1 ᠵᠦᠢᠯ ᠢ | ᠰᠢᠨ᠎ᠡ ᠪᠠᠷ ᠨᠡᠮᠡᠪᠡ᠃ | ᠨᠢᠭᠡ ᠳᠤ᠂ ︽ᠠᠷᠭ᠎ᠠ︾ ᠶᠢᠨ ᠬᠠᠤᠯᠢ ᠴᠠᠭᠠᠵᠠ ᠶᠢᠨ ᠦᠨᠳᠦᠰᠦᠯᠡᠯ ᠪᠠ ᠵᠢᠷᠤᠮᠵᠢᠭᠤᠯᠤᠭᠰᠠᠨ ᠬᠠᠷᠢᠴᠠᠩᠭᠤᠢ | ᠲᠣᠭᠲᠠᠭᠤᠨ ᠴᠢᠨᠠᠷ ᠢ ᠪᠠᠲᠤᠯᠠᠬᠤ ᠶᠢᠨ ᠲᠥᠯᠥᠭᠡ᠂ ︽ᠠᠷᠭ᠎ᠠ︾ ᠳᠠᠬᠢ ᠵᠠᠷᠢᠮ ᠵᠦᠢᠯ ᠳᠤ ᠬᠠᠤᠯᠢ ᠴᠠᠭᠠᠵᠠ ᠶᠢᠨ | ᠦᠨᠳᠦᠰᠦᠯᠡᠯ ᠪᠠ ᠦᠨᠳᠦᠰᠦᠨ ᠵᠦᠢᠯ ᠢ ᠪᠠᠲᠤᠯᠠᠬᠤ ᠲᠣᠭᠲᠠᠭᠠᠯ ᠢ ᠨᠡᠮᠡᠪᠡ᠃ ᠨᠢᠭᠡᠳᠦᠭᠡᠷ ᠵᠦᠢᠯ ᠤᠨ ᠬᠠᠤᠯᠢ | ᠴᠠᠭᠠᠵᠠ ᠶᠢᠨ ᠦᠨᠳᠦᠰᠦᠯᠡᠯ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠢ ᠠᠬᠢᠭᠤᠯᠬᠤ ᠬᠠᠤᠯᠢ︾ ᠶᠢ ᠨᠡᠮᠡᠭᠰᠡᠨ ᠤ ᠬᠠᠮᠲᠤ ︽ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠳᠦᠷᠢᠮ︾ ᠤᠨ ᠦᠨᠳᠦᠰᠦᠨ ᠵᠦᠢᠯ ᠢ ᠪᠠᠲᠤᠯᠠᠬᠤ ᠲᠣᠭᠲᠠᠭᠠᠯ ᠢ ᠨᠡᠮᠡᠪᠡ᠃ ᠡᠭᠦᠨ ᠤ ᠬᠠᠮᠲᠤ᠂ ᠠᠷᠪᠠᠨ | ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ᠂ ᠭᠤᠴᠢᠨ ᠳᠣᠯᠣᠳᠤᠭᠠᠷ ᠵᠦᠢᠯ ᠳᠤ ︽ᠬᠠᠤᠯᠢ ᠴᠠᠭᠠᠵᠠ᠂ | ᠬᠠᠤᠯᠢ ᠳᠦᠷᠢᠮ᠂ ᠳᠦᠷᠢᠮ ᠲᠣᠭᠲᠠᠭᠠᠯ ᠳᠤ ᠬᠤᠷᠢᠭᠯᠠᠭᠰᠠᠨ ᠪᠤᠰᠤᠳ ᠪᠠᠶᠢᠳᠠᠯ︾ ᠪᠤᠶᠤ ︽ᠬᠠᠤᠯᠢ ᠴᠠᠭᠠᠵᠠ ᠳᠤ | ᠲᠣᠭᠲᠠᠭᠠᠭᠰᠠᠨ ᠪᠤᠰᠤᠳ ᠪᠠᠶᠢᠳᠠᠯ︾ ᠤᠨ ᠦᠨᠳᠦᠰᠦᠨ ᠵᠦᠢᠯ ᠢ ᠪᠠᠲᠤᠯᠠᠬᠤ ᠲᠣᠭᠲᠠᠭᠠᠯ ᠢ ᠨᠡᠮᠡᠪᠡ᠃ | ᠬᠤᠶᠠᠷ ᠲᠤ᠂ ︽ᠠᠷᠭ᠎ᠠ︾ ᠶᠢᠨ ᠠᠭᠤᠯᠭ᠎ᠠ ᠶᠢ ᠲᠡᠭᠦᠯᠳᠡᠷᠵᠢᠭᠦᠯᠪᠡ᠃ ︽ᠠᠷᠭ᠎ᠠ︾ ᠶᠢᠨ ᠬᠤᠶᠠᠳᠤᠭᠠᠷ | ᠵᠦᠢᠯ ᠳᠤ ᠬᠤᠶᠠᠳᠤᠭᠠᠷ ᠵᠤᠷᠪᠤᠰ ᠢ ᠨᠡᠮᠡᠵᠦ᠂ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ | ᠡᠳ᠋ ᠤᠨ ᠵᠠᠰᠠᠭ ᠤᠨ ᠴᠢᠨᠠᠷᠲᠠᠢ ᠵᠠᠷᠤᠳᠠᠯ᠂ ᠡᠳ᠋ ᠬᠥᠷᠥᠩᠭᠡ ᠪᠠᠷ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ | ᠡᠷᠬᠢᠯᠡᠭᠰᠡᠨ ᠰᠤᠷᠭᠠᠭᠤᠯᠢ ᠶᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ ᠪᠣᠯᠬᠤ ᠦᠭᠡᠢ︾︔ ᠡᠭᠦᠨ ᠤ ᠬᠠᠮᠲᠤ᠂ | ᠰᠤᠷᠭᠠᠨ ᠬᠥᠮᠦᠵᠢᠯ ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ | ᠬᠡᠷᠡᠭᠵᠢᠭᠦᠯᠬᠦ ᠨᠠᠷᠢᠨ ᠳᠦᠷᠢᠮ︾ ᠲᠠᠢ ᠨᠢᠭᠡᠳᠦᠯᠲᠡᠢ ᠪᠠᠷ ︽ᠠᠷᠭ᠎ᠠ︾ ᠶᠢᠨ ᠭᠤᠴᠢᠨ ᠲᠠᠪᠤᠳᠤᠭᠠᠷ ᠵᠦᠢᠯ ᠳᠤ ᠠᠰᠢᠭ | ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢ ᠬᠢᠨᠠᠨ | ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠨᠡᠮᠡᠵᠦ᠂ ︽ᠡᠭᠦᠨ ᠳᠤ ᠠᠰᠢᠭ ᠬᠤᠨᠵᠢᠪᠣᠷᠢ ᠶᠢᠨ ᠴᠢᠨᠠᠷᠲᠠᠢ | ᠠᠷᠠᠳ ᠠᠴᠠ ᠡᠷᠬᠢᠯᠡᠭᠰᠡᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢ ᠰᠠᠯᠭᠠᠵᠤ᠂ ᠨᠡᠶᠢᠯᠡᠭᠦᠯᠵᠦ᠂ ᠵᠣᠭᠰᠣᠭᠠᠵᠤ᠂ | ᠨᠡᠷᠡᠶᠢᠳᠦᠯ ᠢ ᠨᠢ ᠬᠤᠪᠢᠷᠠᠭᠤᠯᠬᠤ ᠶᠢ ᠰᠤᠷᠭᠠᠨ ᠬᠥᠮᠦᠵᠢᠯ ᠤᠨ ᠶᠠᠮᠤᠨ ᠠᠴᠠ ᠬᠢᠨᠠᠨ ᠵᠥᠪᠰᠢᠶᠡᠷᠡᠨ᠎ᠡ᠂ ᠪᠤᠰᠤᠳ | ᠵᠦᠢᠯ ᠢ ᠬᠤᠪᠢᠷᠠᠭᠤᠯᠬᠤ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ | ᠵᠦᠪᠰᠢᠶᠡᠷᠡᠨ᠎ᠡ︾᠃ | ᠭᠤᠷᠪᠠ ᠳᠤ᠂ ᠬᠠᠰᠤᠬᠤ ᠳᠤ ᠳᠥᠭᠦᠮ᠂ ᠠᠵᠢᠯᠯᠠᠬᠤ ᠳᠤ ᠳᠥᠭᠦᠮ ᠪᠠᠶᠢᠬᠤ ᠵᠠᠷᠴᠢᠮ ᠶᠣᠰᠣᠭᠠᠷ᠂ ᠠᠳᠠᠯᠢ | ᠨᠢᠭᠡᠨ ᠠᠭᠤᠯᠭ᠎ᠠ ᠶᠢᠨ ᠲᠣᠭᠲᠠᠭᠠᠯ ᠢ ᠨᠡᠶᠢᠯᠡᠭᠦᠯᠵᠦ᠂ ᠳᠠᠪᠬᠤᠷᠳᠠᠭᠤᠯᠬᠤ ᠠᠴᠠ ᠵᠠᠶᠢᠯᠠᠰᠬᠢᠪᠠ᠃ ᠵᠢᠱᠢᠶᠡᠯᠡᠪᠡᠯ᠂ | ᠤᠤᠯ ᠠᠷᠭ᠎ᠠ ᠶᠢᠨ ᠬᠤᠶᠠᠳᠤᠭᠠᠷ ᠵᠦᠢᠯ᠂ ᠵᠢᠷᠭᠤᠳᠤᠭᠠᠷ ᠵᠦᠢᠯ᠂ ᠲᠠᠪᠢᠨ ᠨᠢᠭᠡᠳᠦᠭᠡᠷ ᠵᠦᠢᠯ ᠳᠤ ᠴᠥᠮ | ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠳᠤ ᠲᠣᠭᠲᠠᠭᠠᠯ ᠭᠠᠷᠭᠠᠵᠤ᠂ ᠣᠨᠴᠠᠭᠠᠶᠢᠯᠠᠨ ᠲᠠᠪᠢᠨ | ᠨᠢᠭᠡᠳᠦᠭᠡᠷ ᠵᠦᠢᠯ ᠳᠤ ︽ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ | ᠪᠠᠶᠢᠭᠤᠯᠤᠮᠵᠢ ᠲᠤᠰ ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ︾ ᠭᠡᠵᠦ ᠲᠣᠭᠲᠠᠭᠠᠭᠠᠳ᠂ | ᠳᠠᠪᠬᠤᠷᠳᠠᠭᠤᠯᠬᠤ ᠠᠴᠠ ᠵᠠᠶᠢᠯᠠᠰᠬᠢᠬᠤ ᠶᠢᠨ ᠲᠥᠯᠦᠭᠡ᠂ ︽ᠠᠷᠭ᠎ᠠ︾ ᠶᠢᠨ ᠬᠤᠶᠠᠳᠤᠭᠠᠷ ᠵᠦᠢᠯ᠂ ᠵᠢᠷᠭᠤᠳᠤᠭᠠᠷ | ᠵᠦᠢᠯ ᠢ ᠬᠠᠰᠤᠵᠤ᠂ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠶᠢᠨ ᠲᠤᠬᠠᠢ ᠳᠥᠴᠢᠨ | ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ︽ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠲᠤᠰ ᠠᠷᠭ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ︾ ᠭᠡᠵᠦ ᠲᠣᠳᠣᠷᠬᠠᠢ ᠲᠣᠭᠲᠠᠭᠠᠵᠠᠢ᠃ | ᠳᠥᠷᠪᠡ ᠳᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠠᠮᠤᠷ | ᠲᠦᠪᠰᠢᠨ᠂ ᠲᠦᠭᠰᠢᠭᠦᠷᠢ ᠶᠢ ᠡᠵᠡᠮᠳᠡᠬᠦ ᠲᠤᠬᠠᠢ ᠲᠠᠨᠢᠯᠲᠠ᠂ ᠬᠠᠮᠢᠶᠠᠷᠤᠯᠲᠠ ᠪᠠ ᠴᠢᠬᠤᠯᠠᠴᠢᠯᠠᠬᠤ ᠬᠡᠮᠵᠢᠶ᠎ᠡ ᠶᠢ | ᠳᠡᠭᠡᠭᠰᠢᠯᠡᠭᠦᠯᠵᠦ᠂ ᠤᠤᠯ ᠤᠨ ᠠᠷᠭ᠎ᠠ ᠶᠢᠨ ᠲᠠᠪᠤᠳᠤᠭᠠᠷ ᠪᠦᠯᠦᠭ ᠤᠨ ᠡᠳ᠋ ᠤᠨ ᠶᠠᠪᠤᠳᠠᠯ ᠡᠳ᠋ ᠬᠥᠷᠥᠩᠭᠡ ᠳᠠᠬᠢ | ᠭᠤᠴᠢᠨ ᠭᠤᠷᠪᠠᠳᠤᠭᠠᠷ ᠵᠦᠢᠯ᠂ ᠲᠤᠬᠠᠶᠢᠯᠠᠪᠠᠯ ᠰᠤᠷᠭᠠᠭᠤᠯᠢ ᠶᠢᠨ ᠠᠮᠤᠷ ᠲᠦᠪᠰᠢᠨ᠂ ᠲᠦᠭᠰᠢᠭᠦᠷᠢ ᠶᠢᠨ | ᠬᠠᠮᠢᠶᠠᠷᠤᠯᠲᠠ ᠵᠢᠴᠢ ᠰᠤᠷᠭᠠᠭᠤᠯᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠬᠠᠷᠢᠭᠤᠴᠠᠯᠭ᠎ᠠ ᠶᠢ | ᠳᠣᠭᠲᠠᠭᠠᠭᠰᠠᠨ ᠵᠦᠢᠯ ᠢ ︽ᠠᠷᠭ᠎ᠠ︾ ᠶᠢᠨ ᠨᠢᠭᠡᠳᠦᠭᠡᠷ ᠪᠦᠯᠦᠭ ᠤᠨ ᠶᠡᠷᠦᠩᠬᠡᠢ ᠳᠦᠷᠢᠮ ᠤᠨ ᠲᠠᠪᠤᠳᠤᠭᠠᠷ | ᠵᠦᠢᠯ ᠳᠤ ᠲᠣᠬᠢᠷᠠᠭᠤᠯᠪᠠ᠃ | ᠲᠠᠪᠤ ᠳᠤ᠂ ︽ᠠᠷᠭ᠎ᠠ︾ ᠳᠤ ᠪᠡᠯᠡ ᠣᠷᠣᠭᠤᠯᠬᠤ ᠬᠡᠯᠪᠡᠷᠢ ᠶᠢᠨ ᠲᠤᠬᠠᠢ ᠵᠢᠷᠤᠮᠵᠢᠯ ᠤᠨ ᠴᠢᠨᠠᠷᠲᠠᠢ | ᠲᠣᠭᠲᠠᠭᠠᠯ ᠢ ᠰᠢᠨ᠎ᠡ ᠪᠠᠷ ᠨᠡᠮᠡᠪᠡ᠃ ︽ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢᠨ | ᠬᠡᠷᠡᠭᠵᠢᠭᠦᠯᠬᠦ ᠳᠦᠷᠢᠮ︾ ᠤᠨ ᠬᠤᠷᠢᠨ ᠨᠢᠭᠡᠳᠦᠭᠡᠷ ᠵᠦᠢᠯ ᠤᠨ ︽ᠠᠷᠠᠳ ᠠᠴᠠ ᠡᠷᠬᠢᠯᠡᠭᠰᠡᠨ ᠰᠤᠷᠭᠠᠭᠤᠯᠢ ᠶᠢ | ᠡᠷᠬᠢᠯᠡᠬᠦ ᠪᠡᠯᠡ ᠮᠥᠩᠭᠦ᠂ ᠳᠠᠩᠰᠠᠯᠠᠭᠤᠯᠤᠭᠰᠠᠨ ᠬᠥᠷᠥᠩᠭᠡ ᠨᠢ ᠰᠤᠷᠭᠠᠭᠤᠯᠢ ᠶᠢᠨ ᠲᠥᠷᠥᠯ ᠬᠡᠯᠪᠡᠷᠢ᠂ ᠳᠡᠰ | ᠳᠠᠪᠬᠤᠷᠭ᠎ᠠ᠂ ᠰᠤᠷᠭᠠᠭᠤᠯᠢ ᠡᠷᠬᠢᠯᠡᠬᠦ ᠬᠡᠪᠴᠢᠶ᠎ᠡ ᠯᠦᠭᠡ ᠬᠠᠷᠢᠯᠴᠠᠨ ᠲᠣᠬᠢᠷᠠᠬᠤ ᠬᠡᠷᠡᠭᠲᠡᠢ᠃ ᠠᠷᠠᠳ ᠠᠴᠠ | ᠡᠷᠬᠢᠯᠡᠭᠰᠡᠨ ᠰᠤᠷᠭᠠᠭᠤᠯᠢ ᠶᠢ ᠵᠢᠩᠬᠢᠨᠢ ᠪᠠᠷ ᠪᠠᠶᠢᠭᠤᠯᠬᠤ ᠦᠶᠡᠰ᠂ ᠡᠷᠬᠢᠯᠡᠬᠦ ᠪᠡᠯᠡ ᠮᠥᠩᠭᠦ᠂ ᠳᠠᠩᠰᠠᠯᠠᠭᠤᠯᠤᠭᠰᠠᠨ | ᠬᠥᠷᠥᠩᠭᠡ ᠪᠠᠨ ᠭᠦᠢᠴᠡᠳ ᠲᠤᠰᠢᠶᠠᠬᠤ ᠬᠡᠷᠡᠭᠲᠡᠢ︾ ᠭᠡᠬᠦ ᠲᠣᠭᠲᠠᠭᠠᠯ ᠢ ᠦᠨᠳᠦᠰᠦᠯᠡᠨ᠂ ᠠᠰᠢᠭ ᠬᠤᠨᠵᠢᠪᠣᠷᠢ ᠶᠢᠨ | ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ᠠᠷᠭ᠎ᠠ︾ ᠳᠤ | ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠡᠯᠡ ᠣᠷᠣᠭᠤᠯᠬᠤ ᠬᠡᠯᠪᠡᠷᠢ ᠪᠠ | ᠪᠡᠯᠡ ᠣᠷᠣᠭᠤᠯᠬᠤ ᠶᠢ ᠬᠤᠷᠢᠭᠯᠠᠬᠤ ᠬᠡᠯᠪᠡᠷᠢ ᠳᠤ ᠵᠢᠷᠤᠮᠵᠢᠭᠤᠯᠤᠭᠰᠠᠨ ᠲᠣᠭᠲᠠᠭᠠᠯ ︵ᠳᠠᠷᠤᠢ ᠠᠷᠪᠠᠨ ᠨᠢᠭᠡᠳᠦᠭᠡᠷ | ᠵᠤᠷᠪᠤᠰ︶ ᠢ ᠰᠢᠨ᠎ᠡ ᠪᠠᠷ ᠨᠡᠮᠡᠵᠦ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ | ᠪᠡᠯᠡ ᠣᠷᠣᠭᠤᠯᠬᠤ ᠶᠢ ᠵᠢᠷᠤᠮᠵᠢᠯ ᠲᠠᠢ ᠪᠠᠶᠢᠯᠭᠠᠬᠤ ᠶᠢ ᠦᠨᠡᠨ ᠬᠦ ᠪᠠᠲᠤᠯᠠᠪᠠ᠃ | ᠵᠢᠷᠭᠤᠭ᠎ᠠ ᠳᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ | ᠬᠠᠷᠢᠯᠴᠠᠨ ᠵᠥᠷᠢᠴᠡᠯᠳᠦᠬᠦ ᠠᠴᠠ ᠵᠠᠶᠢᠯᠠᠰᠬᠢᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠣᠯᠤᠭᠰᠠᠨ ᠤ ᠬᠤᠪᠢ ᠪᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ | ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠠᠷᠭ᠎ᠠ︾ ᠶᠢ | ᠨᠢᠭᠡᠨᠲᠡ ᠨᠡᠶᠢᠲᠡᠯᠡᠨ ᠬᠡᠷᠡᠭᠵᠢᠭᠦᠯᠵᠦ᠂ ︽ᠠᠷᠭ᠎ᠠ︾ ᠶᠢᠨ ᠳᠥᠴᠢᠨ ᠨᠠᠢᠮᠠᠳᠤᠭᠠᠷ ᠵᠦᠢᠯ ᠤᠨ ᠬᠤᠶᠠᠳᠤᠭᠠᠷ | ᠵᠤᠷᠪᠤᠰ ᠲᠤ ︽ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ | ᠰᠤᠷᠭᠠᠭᠤᠯᠢ ᠶᠢᠨ ᠬᠠᠮᠢᠶᠠᠷᠤᠯᠲᠠ ᠶᠢᠨ ᠠᠷᠭ᠎ᠠ︾ ᠶᠢ ᠬᠡᠷᠡᠭᠯᠡᠵᠦ᠂ ᠲᠤᠰ ᠠᠷᠭ᠎ᠠ ᠳᠤ ᠳᠣᠭᠲᠠᠭᠠᠭᠰᠠᠨ ᠦᠭᠡᠢ ᠪᠣᠯ᠂ | ᠲᠤᠰ ᠠᠷᠭ᠎ᠠ ᠶᠢ ᠬᠡᠷᠡᠭᠯᠡᠨ᠎ᠡ᠃ | ᠳᠣᠯᠤᠭ᠎ᠠ᠂ ︽ᠠᠷᠭ᠎ᠠ︾ ᠨᠢ ᠬᠢᠨᠠᠯᠲᠠ ᠬᠠᠮᠢᠶᠠᠷᠤᠯᠲᠠ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ | ᠲᠤᠬᠠᠢ ᠲᠣᠭᠲᠠᠭᠠᠯ ᠭᠠᠷᠭᠠᠪᠠ | ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠤᠲᠠ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠠ ᠬᠢᠨᠠᠯᠲᠠ ᠶᠢ ᠰᠠᠶᠢᠲᠤᠷ | ᠬᠢᠵᠦ᠂ ᠬᠤᠲᠠ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠬᠠᠤᠯᠢ ᠪᠠᠷ | ᠲᠣᠭᠲᠠᠭᠠᠭᠰᠠᠨ ᠡᠷᠬᠡ ᠲᠤᠰᠢᠶᠠᠯ ᠢᠶᠠᠨ ᠦᠨᠳᠦᠰᠦᠯᠡᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠲᠤᠰᠬᠠᠢ ᠪᠠᠶᠢᠴᠠᠭᠠᠯᠲᠠ᠂ ᠡᠳᠦᠷ | ᠲᠤᠲᠤᠮ ᠤᠨ ᠪᠠᠶᠢᠴᠠᠭᠠᠯᠲᠠ᠂ ᠰᠤᠷᠭᠠᠭᠤᠯᠢ ᠡᠷᠬᠢᠯᠡᠬᠦ ᠦᠨᠡᠯᠡᠨ ᠵᠢᠱᠢᠯᠲᠡ᠂ ᠵᠢᠯ ᠤᠨ ᠪᠠᠶᠢᠴᠠᠭᠠᠯᠲᠠ᠂ ᠵᠢᠯ ᠤᠨ | ᠮᠡᠳᠡᠭᠦᠯᠦᠯᠲᠡ ᠵᠡᠷᠭᠡ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠭᠡᠵᠦ ᠲᠣᠳᠣᠷᠬᠠᠢ | ᠲᠣᠭᠲᠠᠭᠠᠵᠠᠢ᠃ ᠡᠨᠡ ᠬᠦ ᠰᠠᠭᠤᠷᠢᠨ ᠳᠡᠭᠡᠷ᠎ᠡ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠰᠤᠷᠭᠠᠭᠤᠯᠢ ᠵᠢᠴᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠠᠷᠭ᠎ᠠ︾ ᠶᠢᠨ ᠤᠷᠤᠭᠰᠢᠲᠠᠢ ᠬᠡᠷᠡᠭᠵᠢᠭᠦᠯᠦᠯᠲᠡ ᠶᠢ ᠪᠠᠲᠤᠯᠠᠪᠠ᠃ | | |