ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ﹇2023﹈ 14 ᠳ᠋ᠦ᠋ᠭᠡᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 8 ᠳ᠋ᠤᠭᠠᠷ ᠰᠠᠷ᠎ᠠ ᠶᠢᠨ 10 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠠᠷᠢᠶᠠᠯᠠᠬᠤ ᠮᠠᠯᠵᠢᠬᠤ ᠣᠷᠣᠨ ᠤ ᠭᠠᠯ ᠲᠦᠢᠮᠡᠷ ᠤᠨ ᠠᠶᠤᠯ ᠢ ᠤᠷᠢᠳᠴᠢᠯᠠᠨ | ᠰᠡᠷᠭᠡᠶᠢᠯᠡᠬᠦ ᠪᠠ ᠪᠦᠲᠦᠮᠵᠢᠲᠡᠢ ᠠᠪᠤᠷᠠᠵᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠲᠦᠢᠮᠡᠷ ᠤᠨ ᠠᠶᠤᠯ ᠤᠨ | ᠬᠤᠣᠷ ᠬᠥᠨᠥᠭᠡᠯ ᠢ ᠪᠠᠭᠠᠰᠬᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ︾᠂ | ︽ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠳᠦᠷᠢᠮ︾᠂ ︽ᠭᠠᠯ ᠰᠡᠷᠭᠡᠶᠢᠯᠡᠵᠦ | ᠤᠨᠲᠠᠷᠠᠭᠠᠯᠲᠠ ᠶᠢᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠲᠥᠪ ᠬᠤᠷᠢᠶᠠᠨ ᠤ | ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︵ᠲᠢᠩᠬᠢᠮ ᠦᠰᠦᠭ | ︹2019︺ 34 ᠳ᠋ᠦ᠋ᠭᠡᠷ ᠲᠣᠭᠠᠲᠤ︶᠂ ︽︿ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2017︺ | 87 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠲᠣᠭᠲᠠᠭᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠲᠣᠬᠢᠷᠠᠨ ᠬᠡᠷᠡᠭᠯᠡᠭᠳᠡᠨ᠎ᠡ᠃ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠣᠢ ᠰᠢᠭᠤᠢ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠣᠨᠳᠣᠣ | ᠲᠣᠭᠲᠠᠭᠠᠯ ᠪᠠᠶᠢᠪᠠᠯ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠨᠢ | ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠬᠠᠷᠢᠯᠴᠠᠨ | ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ᠂ ᠪᠦᠭᠦᠳᠡᠭᠡᠷ ᠢᠶᠠᠨ | ᠰᠡᠷᠭᠡᠶᠢᠯᠡᠨ ᠵᠠᠰᠠᠬᠤ᠂ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠵᠠᠷᠴᠢᠮ ᠶᠣᠰᠣᠭᠠᠷ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ᠂ ᠪᠠᠲᠤᠯᠠᠭ᠎ᠠ᠂ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ | ᠬᠠᠮᠲᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠵᠠᠰᠠᠭ ᠤᠨ ᠣᠷᠳᠣᠨ ᠤ | ᠲᠤᠰᠢᠶᠠᠯ ᠤᠨ ᠬᠤᠭᠤᠴᠠᠭᠠᠨ ᠳᠠᠬᠢ ᠬᠠᠷᠠᠯᠲᠠ ᠶᠢᠨ ᠰᠢᠯᠭᠠᠨ ᠲᠣᠭᠲᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ | ᠵᠢᠯ ᠪᠦᠷᠢ ᠬᠠᠷᠢᠶ᠎ᠠ ᠪᠦᠬᠦᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ | ᠪᠠᠶᠢᠴᠠᠭᠠᠯᠲᠠ ᠪᠠ ᠰᠢᠯᠭᠠᠨ ᠬᠢᠨᠠᠯᠲᠠ ᠬᠢᠨ᠎ᠡ᠃ | ᠲᠠᠪᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ | ᠬᠠᠷᠢᠭᠤᠴᠠᠨ᠎ᠠ᠃ | ᠵᠢᠷᠭᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ | ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠣᠳᠠᠲᠠᠢ ᠪᠠᠶᠢᠭᠤᠯᠤᠮᠵᠢ ᠪᠠ ᠬᠠᠷᠢᠭᠤᠴᠠᠯᠭᠠᠲᠠᠨ ᠢ ᠲᠣᠳᠣᠷᠬᠠᠢ | ᠲᠣᠭᠲᠠᠭᠠᠬᠤ ᠬᠡᠷᠡᠭᠲᠡᠢ᠃ | ᠰᠤᠮᠤ ᠰᠢᠶᠠᠩ ᠪᠠᠯᠭᠠᠰᠤ ᠨᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠨᠠᠶᠢᠳᠠᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠵᠠᠰᠠᠭ ᠵᠠᠬᠢᠷᠭᠠᠨ ᠤ ᠰᠢᠢᠳᠬᠡᠨ ᠲᠣᠷᠭᠠᠬᠤ | ᠵᠦᠢᠯᠡᠰ ᠢ ᠬᠠᠷᠢᠭᠤᠴᠠᠵᠤ ᠪᠣᠯᠣᠨ᠎ᠠ᠃ | ᠬᠤᠶᠠᠳᠤᠭᠠᠷ ᠪᠦᠯᠦᠭ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ | ᠳᠣᠯᠣᠳᠤᠭᠠᠷ ᠵᠦᠢᠯ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠳᠣᠣᠷᠠᠬᠢ ᠲᠠᠷᠢᠶᠠᠯᠠᠬᠤ ᠮᠠᠯᠵᠢᠬᠤ | ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠡᠭᠡᠳᠦ | ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠬᠡᠷᠡᠭᠵᠢᠭᠦᠯᠦᠨ᠎ᠡ︔ | ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠲᠣᠭᠲᠠᠭᠰᠠᠨ | ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠤᠨ᠎ᠠ︔ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠵᠤ᠂ ᠲᠣᠰ ᠵᠠᠰᠠᠭ ᠵᠠᠬᠢᠷᠭᠠᠨ ᠤ | ᠣᠷᠣᠨ ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ | ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠲᠣᠰ ᠭᠠᠵᠠᠷ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠠᠭᠤᠯᠭ᠎ᠠ ᠳᠤ ᠣᠷᠣᠭᠤᠯᠵᠤ᠂ | ᠬᠠᠷᠢᠶᠠᠲᠤ ᠣᠷᠣᠨ ᠤ ᠰᠤᠮᠤ ᠰᠢᠶᠠᠩ ᠪᠠᠯᠭᠠᠰᠤ ᠶᠢᠨ ᠭᠠᠯ ᠰᠡᠷᠭᠡᠶᠢᠯᠡᠵᠦ ᠤᠨᠲᠠᠷᠠᠭᠠᠬᠤ ᠲᠥᠯᠦᠪᠵᠢᠭᠦᠯᠭᠡ ᠶᠢ | ᠵᠣᠬᠢᠰᠲᠠᠢ ᠲᠣᠭᠲᠠᠭᠠᠨ᠎ᠠ︔ | ︵ᠲᠠᠪᠤ︶ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ | ᠰᠡᠷᠭᠡᠶᠢᠯᠡᠵᠦ ᠤᠨᠲᠠᠷᠠᠭᠠᠬᠤ ᠠᠩᠭᠢ ᠵᠡᠷᠭᠡ ᠣᠯᠡᠨ ᠬᠡᠯᠪᠡᠷᠢ ᠮᠠᠶ᠋ᠢᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ | ᠪᠠᠶᠢᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠵᠦᠢᠯ ᠤᠨ ᠪᠠᠶᠢᠭᠤᠯᠤᠯᠲᠠ ᠶᠢ | ᠴᠢᠩᠭᠠᠳᠬᠠᠨ᠎ᠠ︔ | ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤᠵᠢᠭᠤᠯᠤᠭᠰᠠᠨ ᠭᠠᠯ ᠲᠦᠢᠮᠡᠷ ᠤᠨ ᠠᠶᠤᠯ ᠤᠨ | ᠭᠡᠮ ᠰᠣᠭᠤᠭ ᠢ ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠲᠤᠰᠬᠠᠢ ᠵᠠᠰᠠᠯᠲᠠ ᠥᠷᠨᠢᠭᠦᠯᠬᠦ ᠶᠢ ᠪᠠᠶᠢᠷᠢᠯᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ | ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ | ︵ᠳᠣᠯᠤᠭ᠎ᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠣᠷᠤᠭᠤᠯᠤᠯᠲᠠ ᠶᠢ | ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠨᠥᠬᠦᠴᠡᠯ ᠢ ᠰᠠᠶᠢᠵᠢᠷᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ | ᠦᠢᠯᠡᠰ ᠤᠨ ᠬᠥᠭᠵᠢᠯᠲᠡ ᠶᠢ ᠪᠠᠲᠤᠯᠠᠨ᠎ᠠ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠭᠠᠯ ᠰᠡᠷᠭᠡᠶᠢᠯᠡᠵᠦ | ᠤᠨᠲᠠᠷᠠᠭᠠᠬᠤ ᠡᠭᠦᠷᠭᠡ ᠬᠠᠷᠢᠭᠤᠴᠠᠯᠭ᠎ᠠ᠃ | ᠨᠠᠢᠮᠠᠳᠤᠭᠠᠷ ᠵᠦᠢᠯ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠮᠢᠶ᠎ᠠ ᠪᠦᠬᠦᠢ | ᠰᠠᠯᠠᠭ᠎ᠠ ᠮᠥᠴᠢᠷ ᠨᠢᠭᠡᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠳᠤ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠴᠠ ᠭᠠᠳᠠᠨ᠎ᠠ ᠪᠠᠰᠠ ᠳᠣᠣᠷᠠᠬᠢ ᠲᠠᠷᠢᠶᠠᠯᠠᠬᠤ ᠮᠠᠯᠵᠢᠬᠤ | ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ ᠶᠢᠨ ᠵᠢᠯᠣᠭᠤᠳᠤᠯᠭ᠎ᠠ ᠳᠣᠣᠷ᠎ᠠ᠂ ᠬᠠᠤᠯᠢ ᠶᠣᠰᠣᠭᠠᠷ ᠲᠠᠷᠢᠶᠠᠯᠠᠬᠤ ᠮᠠᠯᠵᠢᠬᠤ ᠣᠷᠣᠨ ᠤ | ᠭᠠᠯ ᠰᠡᠷᠭᠡᠶᠢᠯᠡᠵᠦ ᠤᠨᠲᠠᠷᠠᠭᠠᠬᠤ ᠬᠢᠨᠠᠯᠲᠠ ᠪᠠᠶᠢᠴᠠᠭᠠᠯᠲᠠ᠂ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ | ᠬᠥᠮᠦᠵᠢᠯ ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠢ ᠰᠢᠪᠠᠳᠠᠨ ᠱᠠᠭᠠᠷᠳᠠᠬᠤ ᠪᠠ | ᠵᠢᠯᠣᠭᠤᠳᠤᠨ᠎ᠠ︔ ᠲᠠᠷᠢᠶᠠᠯᠠᠬᠤ ᠮᠠᠯᠵᠢᠬᠤ ᠣᠷᠣᠨ ᠳᠤ ᠭᠠᠯ ᠲᠦᠢᠮᠡᠷ ᠤᠨ ᠠᠶᠤᠯ ᠭᠠᠷᠪᠠᠯ᠂ ᠭᠠᠯ ᠲᠦᠢᠮᠡᠷ ᠢ | ᠤᠨᠲᠠᠷᠠᠭᠠᠨ ᠠᠪᠤᠷᠠᠬᠤ ᠠᠵᠢᠯ ᠢ ᠵᠣᠬᠢᠶᠠᠨ ᠪᠠᠶᠢᠭᠤᠯᠬᠤ ᠳᠤ ᠣᠷᠣᠯᠴᠠᠵᠤ᠂ ᠲᠠᠷᠢᠶᠠᠴᠢᠨ ᠮᠠᠯᠴᠢᠨ ᠢ ᠠᠮᠤᠷ | ᠲᠦᠪᠰᠢᠨ ᠢᠶᠠᠷ ᠲᠠᠷᠬᠠᠭᠠᠬᠤ ᠶᠢ ᠵᠢᠯᠤᠭᠤᠳᠴᠤ᠂ ᠭᠠᠯ ᠲᠦᠢᠮᠡᠷ ᠤᠨ ᠲᠤᠬᠠᠢ ᠶᠢᠨ ᠲᠠᠯᠠᠪᠤᠷ ᠤᠨ ᠰᠡᠷᠡᠮᠵᠢᠯᠡᠯᠲᠡ᠂ | ᠬᠠᠮᠠᠭᠠᠯᠠᠯᠲᠠ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ︔ | ︵ᠬᠤᠶᠠᠷ︶ ᠬᠠᠤᠯᠢ ᠴᠠᠭᠠᠵᠠ ᠶᠢᠨ ᠰᠠᠯᠠᠭ᠎ᠠ ᠮᠥᠴᠢᠷ ᠨᠢ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ | ᠴᠠᠭᠠᠵᠠ᠂ ᠬᠠᠤᠯᠢ ᠲᠣᠭᠲᠠᠭᠠᠯ ᠢ ᠲᠠᠷᠢᠶᠠᠴᠢᠨ ᠮᠠᠯᠴᠢᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ | ᠬᠥᠮᠦᠵᠢᠯ ᠤᠨ ᠠᠭᠤᠯᠭ᠎ᠠ ᠳᠤ ᠣᠷᠣᠭᠤᠯᠬᠤ ᠶᠢ ᠬᠠᠷᠢᠭᠤᠴᠠᠨ᠎ᠠ︔ | ︵ᠭᠤᠷᠪᠠ︶ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠯᠡᠵᠦ ᠤᠨᠲᠠᠷᠠᠭᠠᠬᠤ ᠵᠠᠷᠤᠳᠠᠯ ᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠤᠨ ᠲᠥᠰᠥᠪ ᠲᠤ | ᠣᠷᠣᠭᠤᠯᠬᠤ ᠶᠢ ᠬᠠᠷᠢᠭᠤᠴᠠᠨ᠎ᠠ︔ | ︵ᠳᠥᠷᠪᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠨᠢ ᠤᠯᠤᠰ ᠤᠨ ᠪᠠᠷᠢᠯᠭ᠎ᠠ ᠶᠢᠨ ᠪᠠᠶᠢᠭᠤᠯᠤᠯᠲᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠬᠢᠬᠦ ᠴᠢᠬᠤᠯᠠᠲᠠᠢ ᠲᠠᠷᠢᠶᠠᠯᠠᠬᠤ | ᠮᠠᠯᠵᠢᠬᠤ ᠣᠷᠣᠨ ᠤ ᠭᠡᠷ ᠪᠠᠶᠢᠰᠢᠩ ᠳᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠥᠷᠨᠢᠭᠦᠯᠬᠦ ᠶᠢ | ᠬᠠᠷᠢᠭᠤᠴᠠᠨ ᠴᠢᠩᠭᠠᠳᠬᠠᠨ᠎ᠠ︔ | ︵ᠲᠠᠪᠤ︶ ᠤᠰᠤ ᠬᠠᠩᠭᠠᠬᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤ | ᠬᠠᠩᠭᠠᠬᠤ ᠨᠢᠭᠡᠴᠢ ᠶᠢᠨ ᠲᠠᠷᠢᠶᠠᠯᠠᠬᠤ ᠮᠠᠯᠵᠢᠬᠤ ᠣᠷᠣᠨ ᠤ ᠭᠠᠯ ᠤᠨᠲᠠᠷᠠᠭᠠᠯᠲᠠ ᠶᠢᠨ ᠤᠰᠤᠨ ᠤ ᠰᠤᠷᠪᠤᠯᠵᠢ ᠪᠠ | ᠭᠠᠯ ᠤᠨᠲᠠᠷᠠᠭᠠᠯᠲᠠ ᠶᠢᠨ ᠤᠰᠤ ᠬᠠᠩᠭᠠᠬᠤ ᠰᠢᠰᠲ᠋ᠧᠮ ᠤᠨ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠠᠵᠢᠯ ᠢ | ᠰᠠᠶᠢᠲᠤᠷ ᠬᠢᠬᠦ ᠶᠢ ᠵᠢᠭᠠᠨ ᠵᠢᠯᠤᠭᠤᠳᠴᠤ ᠰᠢᠪᠠᠳᠠᠨ ᠱᠠᠭᠠᠷᠳᠠᠬᠤ ᠶᠢ ᠬᠠᠷᠢᠭᠤᠴᠠᠨ᠎ᠠ︔ | ︵ᠵᠢᠷᠭᠤᠭ᠎ᠠ︶ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠴᠠᠬᠢᠯᠭᠠᠨ ᠬᠦᠴᠦᠨ ᠤ | ᠠᠵᠤ ᠠᠬᠤᠶᠢᠯᠠᠯ ᠢ ᠰᠢᠪᠠᠳᠠᠨ ᠱᠠᠭᠠᠷᠳᠠᠵᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠬᠠᠩᠭᠠᠬᠤ | ᠪᠡᠯᠡᠳᠬᠡᠮᠵᠢ᠂ ᠴᠠᠬᠢᠯᠭᠠᠨ ᠬᠡᠯᠬᠢᠶᠡᠨ ᠳᠤ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠴᠠᠬᠢᠯᠭᠠᠨ | ᠬᠠᠩᠭᠠᠬᠤ ᠪᠡᠯᠡᠳᠬᠡᠮᠵᠢ ᠪᠠ ᠴᠠᠬᠢᠯᠭᠠᠨ ᠬᠡᠯᠬᠢᠶ᠎ᠡ ᠶᠢ ᠴᠠᠭ ᠲᠤᠬᠠᠢ ᠳᠤ ᠨᠢ ᠰᠣᠯᠢᠵᠤ ᠥᠭᠡᠷᠡᠴᠢᠯᠡᠨ ᠰᠢᠨᠡᠳᠬᠡᠵᠦ᠂ | ᠲᠠᠷᠢᠶᠠᠯᠠᠬᠤ ᠮᠠᠯᠵᠢᠬᠤ ᠣᠷᠣᠨ ᠤ ᠬᠡᠷᠡᠭᠯᠡᠭᠴᠢ ᠶᠢᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠪᠠᠶᠢᠴᠠᠭᠠᠯᠲᠠ | ᠬᠢᠬᠦ ᠶᠢ ᠥᠷᠨᠢᠭᠦᠯᠦᠨ᠂ ᠴᠠᠬᠢᠯᠭᠠᠨ ᠬᠡᠯᠬᠢᠶᠡᠨ ᠤ ᠠᠮᠤᠷ ᠲᠦᠪᠰᠢᠨ ᠤ ᠭᠡᠮ ᠰᠣᠭᠤᠭ ᠢ ᠰᠢᠮᠳᠠᠭᠤᠯᠵᠤ ᠴᠡᠭᠴᠡᠯᠡᠨ | ᠵᠠᠰᠠᠬᠤ ᠶᠢ ᠬᠠᠷᠢᠭᠤᠴᠠᠨ᠎ᠠ︔ | ︵ᠳᠣᠯᠤᠭ᠎ᠠ︶ ᠡᠪᠯᠡᠯ ᠤᠨ ᠬᠤᠷᠢᠶ᠎ᠠ ᠨᠢ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ ᠲᠠᠷᠢᠶᠠᠯᠠᠬᠤ | ᠮᠠᠯᠵᠢᠬᠤ ᠣᠷᠣᠨ ᠳᠤ ᠭᠦᠨᠵᠡᠭᠡᠶᠢᠷᠡᠨ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠵᠦ᠂ ᠲᠠᠷᠢᠶᠠᠴᠢᠨ ᠮᠠᠯᠴᠢᠨ ᠤ ᠠᠶᠢᠯ ᠭᠡᠷ ᠲᠤ ᠭᠦᠨᠵᠡᠭᠡᠶᠢᠷᠡᠨ ᠭᠠᠯ ᠰᠡᠷᠭᠡᠶᠢᠯᠡᠵᠦ ᠤᠨᠲᠠᠷᠠᠭᠠᠬᠤ | ᠤᠬᠠᠭᠤᠯᠭ᠎ᠠ ᠬᠥᠮᠦᠵᠢᠯ ᠥᠷᠨᠢᠭᠦᠯᠬᠦ ᠶᠢ ᠬᠠᠷᠢᠭᠤᠴᠠᠨ᠎ᠠ︔ | ︵ᠨᠠᠢᠮᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠲᠠᠷᠢᠶᠠᠯᠠᠬᠤ ᠮᠠᠯᠵᠢᠬᠤ ᠣᠷᠣᠨ ᠤ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠤᠨ ᠬᠢᠨᠠᠯᠲᠠ ᠪᠠᠶᠢᠴᠠᠭᠠᠯᠲᠠ ᠶᠢ ᠬᠠᠤᠯᠢ ᠶᠣᠰᠣᠭᠠᠷ ᠬᠡᠷᠡᠭᠵᠢᠭᠦᠯᠦᠨ᠎ᠡ︔ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠥᠷᠨᠢᠭᠦᠯᠬᠦ ᠶᠢ ᠵᠢᠭᠠᠨ | ᠵᠢᠯᠤᠭᠤᠳᠴᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠳᠠᠯ ᠢ ᠮᠡᠳᠡᠭᠦᠯᠵᠦ᠂ | ᠠᠵᠢᠯ ᠤᠨ ᠰᠠᠨᠠᠭᠤᠯᠭ᠎ᠠ ᠳᠤᠷᠠᠳᠤᠨ᠎ᠠ︔ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ᠂ ᠰᠠᠶᠢᠨ | ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠵᠡᠷᠭᠡ ᠣᠯᠠᠨ ᠬᠡᠯᠪᠡᠷᠢ ᠮᠠᠶ᠋ᠢᠭ ᠤᠨ ᠭᠠᠯ ᠰᠡᠷᠭᠡᠶᠢᠯᠡᠵᠦ | ᠤᠨᠲᠠᠷᠠᠭᠠᠬᠤ ᠬᠦᠴᠦᠨ ᠵᠦᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃ | ᠶᠢᠰᠦᠳᠦᠭᠡᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠳᠣᠣᠷᠠᠬᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠢ᠄ | ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ︽ᠲᠣᠣᠷᠯᠢᠭᠵᠢᠭᠤᠯᠬᠤ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠤᠳᠤᠯᠤᠨ | ᠪᠠᠶᠢᠷᠢᠯᠠᠭᠤᠯᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠠᠷᠠᠳ ᠲᠦᠮᠡᠨᠴᠢ ᠴᠢᠨᠠᠷᠲᠠᠢ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠥᠷᠨᠢᠭᠦᠯᠬᠦ ᠶᠢ ᠵᠢᠭᠠᠨ ᠵᠢᠯᠤᠭᠤᠳᠴᠤ ᠬᠠᠪᠰᠤᠷᠤᠨ ᠳᠡᠮᠵᠢᠨ᠎ᠡ︔ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠰᠤᠮᠤ ᠰᠢᠶᠠᠩ | ᠪᠠᠯᠭᠠᠰᠤ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠭᠠᠴᠠᠭ᠎ᠠ ᠲᠣᠰᠬᠤᠨ ᠤ | ᠲᠥᠯᠦᠪᠵᠢᠭᠦᠯᠭᠡ ᠳᠤ ᠣᠷᠣᠭᠤᠯᠬᠤ ᠶᠢᠨ ᠬᠠᠮᠲᠤ ᠡᠷᠡᠰ ᠴᠢᠩᠭ᠎ᠠ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ | ︵ᠳᠥᠷᠪᠡ︶ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ | ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠲᠠᠷᠢᠶᠠᠴᠢᠨ | ᠮᠠᠯᠴᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷᠲᠡᠭᠡᠨ ᠰᠡᠷᠭᠡᠶᠢᠯᠡᠵᠦ | ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ | ᠭᠡᠰᠢᠭᠦᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯᠲᠠᠨ᠂ ᠲᠤᠰᠬᠠᠢ ᠲᠤᠰᠢᠶᠠᠯᠲᠤ ᠪᠠ ᠰᠠᠶᠢᠨ ᠳᠤᠷ᠎ᠠ ᠶᠢᠨ ᠭᠠᠯ | ᠰᠡᠷᠭᠡᠶᠢᠯᠡᠵᠦ ᠤᠨᠲᠠᠷᠠᠭᠠᠬᠤ ᠠᠩᠭᠢ ᠶᠢᠨ ᠭᠡᠰᠢᠭᠦᠨ ᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ | ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠣᠷᠣᠯᠴᠠᠭᠤᠯᠵᠤ᠂ ᠭᠠᠯ ᠰᠡᠷᠭᠡᠶᠢᠯᠡᠵᠦ | ᠤᠨᠲᠠᠷᠠᠭᠠᠬᠤ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠢ ᠨᠢ ᠳᠡᠭᠡᠭᠰᠢᠯᠡᠭᠦᠯᠦᠨ᠎ᠡ︔ | ︵ᠲᠠᠪᠤ︶ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠤᠨ ᠬᠡᠷᠡᠭᠴᠡᠭᠡ ᠶᠢ ᠦᠨᠳᠦᠰᠦᠯᠡᠨ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠤᠶᠤ | ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠠᠶᠢᠭᠤᠯᠵᠤ᠂ ᠭᠠᠯ ᠲᠦᠢᠮᠡᠷ ᠢ ᠤᠨᠲᠠᠷᠠᠭᠠᠨ | ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠨ ᠠᠪᠤᠷᠠᠬᠤ ᠵᠡᠷᠭᠡ ᠡᠭᠦᠷᠭᠡ ᠬᠠᠷᠢᠭᠤᠴᠠᠯᠭ᠎ᠠ | ᠡᠭᠦᠷᠭᠡᠯᠡᠨ᠎ᠡ︔ | ︵ᠵᠢᠷᠭᠤᠭ᠎ᠠ︶ ᠴᠢᠬᠤᠯᠠ ᠪᠦᠬᠦᠢ ᠪᠡᠯᠡ ᠮᠥᠩᠭᠦ ᠲᠣᠬᠢᠷᠠᠭᠤᠯᠤᠨ᠂ ᠲᠠᠷᠢᠶᠠᠯᠠᠬᠤ ᠮᠠᠯᠵᠢᠬᠤ ᠣᠷᠣᠨ ᠤ | ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠠᠶᠢᠭᠤᠯᠤᠯᠲᠠ᠂ ᠬᠠᠮᠠᠭᠠᠯᠠᠯᠲᠠ ᠬᠠᠮᠢᠶᠠᠷᠤᠯᠲᠠ | ᠪᠠ ᠡᠯ᠎ᠡ ᠵᠦᠢᠯ ᠤᠨ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠤᠨ ᠵᠠᠷᠤᠯᠭ᠎ᠠ ᠶᠢ ᠪᠠᠲᠤᠯᠠᠨ᠎ᠠ︔ | ︵ᠳᠣᠯᠤᠭ᠎ᠠ︶ ᠭᠠᠯ ᠤᠨᠲᠠᠷᠠᠭᠠᠵᠤ ᠲᠤᠰᠠᠯᠠᠨ ᠠᠪᠤᠷᠠᠬᠤ᠂ ᠭᠠᠯ ᠲᠦᠢᠮᠡᠷ ᠤᠨ ᠠᠳᠡᠭᠳᠡᠯ ᠢ ᠪᠠᠶᠢᠴᠠᠭᠠᠬᠤ ᠪᠠ | ᠰᠡᠭᠦᠯ ᠬᠤᠷᠢᠶᠠᠵᠤ ᠰᠢᠢᠳᠪᠦᠷᠢᠯᠡᠬᠦ ᠠᠵᠢᠯ ᠢ ᠬᠠᠪᠰᠤᠷᠤᠨ ᠭᠦᠢᠴᠡᠳᠬᠡᠨ᠎ᠡ᠃ | ᠠᠷᠪᠠᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠳᠣᠣᠷᠠᠬᠢ ᠠᠵᠢᠯ ᠤᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠳᠦᠷᠢᠮ ᠢ ᠵᠣᠬᠢᠶᠠᠨ ᠪᠠᠶᠢᠭᠤᠯᠵᠤ ᠲᠣᠭᠲᠠᠭᠠᠨ᠎ᠠ︔ | ︵ᠬᠤᠶᠠᠷ︶ ᠬᠠᠮᠢᠶ᠎ᠠ ᠪᠦᠬᠦᠢ ᠨᠢᠭᠡᠴᠢ ᠪᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠰᠢᠪᠠᠳᠠᠨ | ᠱᠠᠭᠠᠷᠳᠠᠵᠤ ᠪᠠᠶᠢᠭᠠᠳ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ︔ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠪᠠ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠭᠠᠯ ᠲᠦᠢᠮᠡᠷ ᠤᠨ ᠠᠶᠤᠯ ᠤᠨ ᠭᠡᠮ ᠰᠣᠭᠤᠭ ᠢ ᠴᠡᠭᠴᠡᠯᠡᠨ ᠵᠠᠰᠠᠬᠤ ᠶᠢ ᠰᠢᠪᠠᠳᠠᠨ ᠱᠠᠭᠠᠷᠳᠠᠨ᠎ᠠ︔ | ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠴᠠᠭᠠᠨ | ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠠᠷᠪᠠᠨ ᠨᠢᠭᠡᠳᠦᠭᠡᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠳᠣᠣᠷᠠᠬᠢ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠭᠲᠠᠭᠠᠵᠤ᠂ | ᠲᠠᠷᠢᠶᠠᠴᠢᠨ ᠮᠠᠯᠴᠢᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ | ᠲᠣᠭᠲᠠᠬᠤ ᠶᠢ ᠵᠣᠬᠢᠶᠠᠨ ᠪᠠᠶᠢᠭᠤᠯᠵᠤ᠂ ᠲᠠᠷᠢᠶᠠᠴᠢᠨ ᠮᠠᠯᠴᠢᠨ ᠤ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠶᠢ | ᠭᠦᠢᠴᠡᠳᠬᠡᠬᠦ ᠪᠠᠶᠢᠳᠠᠯ ᠢ ᠰᠢᠪᠠᠳᠠᠨ ᠱᠠᠭᠠᠷᠳᠠᠵᠤ᠂ ᠪᠠᠶᠢᠴᠠᠭᠠᠯᠲᠠ ᠬᠢᠨ᠎ᠡ︔ | ︵ᠬᠤᠶᠠᠷ︶ ᠬᠠᠭᠠᠰ ᠵᠢᠯ ᠪᠦᠷᠢ ᠳᠤ ᠲᠣᠰ ᠭᠠᠴᠠᠭ᠎ᠠ ᠲᠣᠰᠬᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠪᠠᠶᠢᠳᠠᠯ ᠳᠤ ᠵᠠᠳᠠᠯᠤᠯᠲᠠ ᠮᠠᠭᠠᠳᠯᠠᠯᠲᠠ ᠬᠢᠬᠦ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠳᠤ ᠪᠢᠴᠢᠭ ᠤᠨ ᠬᠡᠯᠪᠡᠷᠢ ᠪᠠᠷ ᠮᠡᠳᠡᠭᠦᠯᠦᠯᠲᠡ ᠬᠢᠨ᠎ᠡ︔ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ | ᠥᠷᠨᠢᠭᠦᠯᠵᠦ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠲᠠᠷᠬᠠᠭᠠᠬᠤ ᠰᠣᠷᠢᠯᠲᠠ ᠬᠢᠬᠦ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠴᠢᠨ ᠮᠠᠯᠴᠢᠨ ᠤ ᠥᠪᠡᠷᠲᠡᠭᠡᠨ ᠰᠡᠷᠭᠡᠶᠢᠯᠡᠵᠦ ᠥᠪᠡᠷ ᠢ ᠪᠠᠨ ᠠᠪᠤᠷᠠᠬᠤ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔ | ︵ᠳᠥᠷᠪᠡ︶ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ ᠲᠠᠷᠢᠶᠠᠴᠢᠨ ᠮᠠᠯᠴᠢᠨ ᠤ ᠭᠠᠯ | ᠰᠡᠷᠭᠡᠶᠢᠯᠡᠵᠦ ᠤᠨᠲᠠᠷᠠᠭᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ | ᠰᠡᠷᠡᠵᠦ ᠮᠡᠳᠡᠬᠦ ᠪᠠ ᠵᠠᠯᠠᠷᠠᠭᠤᠯᠤᠨ᠎ᠠ︔ | ︵ᠲᠠᠪᠤ︶ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ | ᠰᠡᠷᠭᠡᠶᠢᠯᠡᠵᠦ ᠤᠨᠲᠠᠷᠠᠭᠠᠬᠤ ᠥᠷᠳᠡᠭᠡ︶ ᠪᠠᠶᠢᠭᠤᠯᠵᠤ᠂ ᠴᠢᠬᠤᠯᠠ ᠪᠦᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ | ᠲᠣᠨᠣᠭᠯᠠᠯ ᠢ ᠲᠣᠬᠢᠷᠠᠭᠤᠯᠤᠨ᠎ᠠ︔ | ︵ᠵᠢᠷᠭᠤᠭ᠎ᠠ︶ ᠭᠠᠯ ᠲᠦᠢᠮᠡᠷ ᠡᠭᠦᠰᠬᠦ ᠦᠶ᠎ᠡ ᠳᠤ᠂ ᠴᠠᠭ ᠲᠤᠬᠠᠢ ᠳᠤ ᠨᠢ ᠰᠡᠷᠡᠮᠵᠢ ᠶᠢᠨ ᠳᠣᠬᠢᠶ᠎ᠠ ᠥᠭᠴᠦ᠂ | ᠣᠶᠢᠷ᠎ᠠ ᠣᠷᠴᠢᠮ ᠤᠨ ᠣᠯᠡᠨ ᠲᠦᠮᠡᠨ ᠢ ᠵᠣᠬᠢᠶᠠᠨ ᠪᠠᠶᠢᠭᠤᠯᠤᠨ ᠲᠠᠷᠬᠠᠭᠠᠵᠤ᠂ ᠰᠠᠶᠢᠨ ᠳᠤᠷ᠎ᠠ ᠶᠢᠨ ᠭᠠᠯ | ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ︶ ᠶᠢ ᠵᠣᠬᠢᠶᠠᠨ ᠪᠠᠶᠢᠭᠤᠯᠵᠤ ᠪᠠᠶᠢᠭᠠᠳ | ᠭᠠᠯ ᠲᠦᠢᠮᠡᠷ ᠢ ᠤᠨᠲᠠᠷᠠᠭᠠᠬᠤ ᠠᠪᠤᠷᠠᠯᠳᠠ ᠬᠢᠵᠦ᠂ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ | ᠪᠠᠶᠢᠭᠤᠯᠤᠮᠵᠢ ᠲᠤᠬᠠᠢ ᠶᠢᠨ ᠲᠠᠯᠠᠪᠤᠷ ᠲᠤ ᠬᠥᠷᠥᠭᠰᠡᠨ ᠤ ᠳᠠᠷᠠᠭ᠎ᠠ᠂ ᠭᠠᠯ ᠲᠦᠢᠮᠡᠷ ᠢ ᠤᠨᠲᠠᠷᠠᠭᠠᠬᠤ ᠠᠪᠤᠷᠠᠯᠳᠠ | ᠬᠢᠬᠦ ᠳᠤ ᠬᠠᠮᠵᠢᠯᠴᠠᠵᠤ᠂ ᠭᠠᠯ ᠲᠦᠢᠮᠡᠷ ᠢ ᠤᠨᠲᠠᠷᠠᠭᠠᠭᠰᠠᠨ ᠤ ᠳᠠᠷᠠᠭ᠎ᠠ᠂ ᠭᠠᠯ ᠰᠡᠷᠭᠡᠶᠢᠯᠡᠵᠦ ᠤᠨᠲᠠᠷᠠᠭᠠᠬᠤ ᠶᠢᠨ | ᠠᠪᠤᠷᠠᠨ ᠲᠤᠰᠠᠯᠠᠬᠤ ᠪᠠᠶᠢᠭᠤᠯᠤᠮᠵᠢ ᠵᠢᠴᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ ᠬᠠᠮᠵᠢᠨ ᠭᠠᠯ | ᠲᠦᠢᠮᠡᠷ ᠤᠨ ᠲᠤᠬᠠᠢ ᠶᠢᠨ ᠲᠠᠯᠠᠪᠤᠷ ᠢ ᠬᠠᠮᠠᠭᠠᠯᠠᠨ᠂ ᠭᠠᠯ ᠲᠦᠢᠮᠡᠷ ᠡᠭᠦᠰᠦᠭᠰᠡᠨ ᠰᠢᠯᠲᠠᠭᠠᠨ ᠢ ᠰᠤᠳᠤᠯᠤᠨ | ᠪᠠᠶᠢᠴᠠᠭᠠᠵᠤ᠂ ᠭᠠᠯ ᠲᠦᠢᠮᠡᠷ ᠠᠴᠠ ᠪᠣᠯᠤᠭᠰᠠᠨ ᠬᠤᠬᠢᠷᠠᠯ ᠢ ᠪᠦᠷᠢᠳᠬᠡᠨ᠎ᠡ᠃ | ᠠᠷᠪᠠᠨ ᠬᠤᠶᠠᠳᠤᠭᠠᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠵᠤ | ᠲᠣᠭᠲᠠᠭᠠᠭᠰᠠᠨ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄ | ︵ᠨᠢᠭᠡ︶ ᠭᠠᠯ ᠴᠠᠬᠢᠯᠭᠠᠨ ᠲᠣᠰᠣ ᠰᠢᠲᠠᠮᠠᠬᠠᠢ ᠬᠡᠢ ᠬᠡᠷᠡᠭᠯᠡᠬᠦ ᠪᠠ ᠨᠣᠴᠣᠮᠠᠲᠠᠭᠠᠢ ᠰᠢᠲᠠᠮᠠᠬᠠᠢ ᠪᠣᠳᠠᠰ | ᠣᠪᠣᠭᠠᠯᠠᠨ ᠲᠠᠯᠪᠢᠬᠤ ᠵᠡᠷᠭᠡ ᠦᠢᠯᠡ ᠠᠵᠢᠯᠯᠠᠭ᠎ᠠ ᠶᠢᠨ ᠠᠮᠤᠷ ᠲᠦᠪᠰᠢᠨ ᠤ ᠱᠠᠭᠠᠷᠳᠠᠯᠭ᠎ᠠ︔ | ︵ᠬᠤᠶᠠᠷ︶ ᠭᠠᠯ ᠤᠨᠲᠠᠷᠠᠭᠠᠬᠤ ᠲᠡᠷᠭᠡᠨ ᠵᠠᠮ ᠰᠠᠭᠠᠳ ᠦᠭᠡᠢ ᠨᠡᠪᠲᠡᠷᠡᠬᠦ᠂ ᠨᠡᠶᠢᠲᠡ ᠶᠢᠨ ᠭᠠᠯ | ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠤᠨ ᠪᠦᠷᠢᠨ ᠪᠦᠲᠦᠨ ᠬᠦᠴᠦᠨ ᠲᠠᠢ ᠪᠠᠶᠢᠬᠤ ᠶᠢ | ᠪᠠᠲᠤᠯᠠᠬᠤ ᠶᠢᠨ ᠠᠷᠭ᠎ᠠ ᠬᠡᠮᠵᠢᠶ᠎ᠡ︔ | ︵ᠭᠤᠷᠪᠠ︶ ᠨᠠᠰᠤᠨ ᠳᠤ ᠦᠯᠦ ᠬᠦᠷᠦᠭᠰᠡᠳ᠂ ᠮᠡᠳᠡᠷᠡᠯ ᠤᠨ ᠰᠠᠭᠠᠲᠠᠯ ᠲᠠᠢ ᠡᠪᠡᠳᠴᠢᠲᠡᠳ ᠵᠡᠷᠭᠡ | ᠢᠷᠭᠡᠨ ᠤ ᠬᠡᠷᠡᠭ ᠤᠨ ᠠᠵᠢᠯᠯᠠᠭᠠᠨ ᠤ ᠪᠦᠷᠢᠨ ᠪᠤᠰᠤ ᠴᠢᠳᠠᠪᠤᠷᠢᠲᠤ ᠬᠥᠮᠥᠨ ᠪᠠ ᠥᠲᠡᠭᠦᠰ ᠲᠣᠷᠦ᠋ᠢᠴᠤᠳ | ᠵᠡᠮᠳᠡᠭᠴᠦᠳ ᠵᠡᠷᠭᠡ ᠪᠠᠭᠤᠷᠠᠶᠢᠴᠤᠳ ᠤᠨ ᠠᠮᠤᠷ ᠲᠦᠪᠰᠢᠨ ᠤ ᠲᠠᠯ᠎ᠠ ᠪᠠᠷ ᠬᠢᠨᠠᠨ ᠬᠠᠮᠠᠭᠠᠯᠠᠬᠤ ᠪᠠ ᠬᠠᠪᠰᠤᠷᠤᠨ | ᠳᠡᠮᠵᠢᠬᠦ ᠠᠷᠭ᠎ᠠ ᠬᠡᠮᠵᠢᠶ᠎ᠡ︔ | ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠪᠤᠰᠤᠳ ᠠᠭᠤᠯᠭ᠎ᠠ᠃ | ᠠᠷᠪᠠᠨ ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ | ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ | ᠰᠡᠷᠭᠡᠶᠢᠯᠡᠵᠦ ᠤᠨᠲᠠᠷᠠᠭᠠᠬᠤ ᠥᠷᠳᠡᠭᠡ︶ ᠨᠢ ᠳᠣᠣᠷᠠᠬᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠄ | ︵ᠨᠢᠭᠡ︶ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ | ᠲᠣᠭᠲᠠᠭᠠᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠰᠣᠷᠢᠯᠲᠠ ᠬᠢᠨ᠎ᠡ︔ | ︵ᠬᠤᠶᠠᠷ︶ ᠵᠢᠵᠢᠭᠦᠷᠯᠡᠨ ᠠᠵᠢᠯᠯᠠᠵᠤ ᠳᠠᠶᠢᠨ ᠳᠤ ᠪᠡᠯᠡᠳᠬᠡᠬᠦ ᠳᠦᠷᠢᠮ ᠢ ᠪᠠᠶᠢᠭᠤᠯᠵᠤ᠂ ᠭᠠᠯ ᠰᠡᠷᠭᠡᠶᠢᠯᠡᠵᠦ | ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠦᠨ᠎ᠡ︔ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠠᠭᠳᠠᠨ ᠪᠠᠶᠢᠴᠠᠭᠠᠯᠲᠠ ᠪᠠ ᠭᠠᠯ | ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠥᠷᠨᠢᠭᠦᠯᠦᠨ᠎ᠡ︔ | ︵ᠳᠥᠷᠪᠡ︶ ᠭᠠᠯ ᠲᠦᠢᠮᠡᠷ ᠢ ᠤᠨᠲᠠᠷᠠᠭᠠᠬᠤ ᠠᠪᠤᠷᠠᠯᠳᠠ ᠬᠢᠬᠦ ᠪᠠ ᠪᠤᠰᠤᠳ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠬᠡᠷᠡᠭᠵᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠲᠠᠷᠢᠶᠠᠴᠢᠨ ᠮᠠᠯᠴᠢᠨ ᠨᠢ ᠳᠣᠣᠷᠠᠬᠢ ᠭᠠᠯ ᠰᠡᠷᠭᠡᠶᠢᠯᠡᠵᠦ ᠤᠨᠲᠠᠷᠠᠭᠠᠬᠤ | ᠠᠯᠪᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠶᠢ ᠵᠢᠷᠤᠮᠯᠠᠬᠤ ᠬᠡᠷᠡᠭᠲᠡᠢ︔ | ︵ᠬᠤᠶᠠᠷ︶ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠬᠠᠶᠢᠷᠠᠯᠠᠨ ᠬᠠᠮᠠᠭᠠᠯᠠᠬᠤ | ᠬᠡᠷᠡᠭᠲᠡᠢ︔ | ︵ᠭᠤᠷᠪᠠ︶ ᠭᠠᠯ ᠰᠡᠷᠭᠡᠶᠢᠯᠡᠯᠲᠡ ᠶᠢᠨ ᠲᠤᠰᠠᠭᠠᠷᠯᠠᠬᠤ ᠪᠦᠰᠡ ᠶᠢ ᠡᠵᠡᠯᠡᠨ ᠬᠡᠷᠡᠭᠯᠡᠬᠦ ᠦᠭᠡᠢ᠂ ᠭᠠᠯ | ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠢ ᠡᠵᠡᠯᠡᠨ ᠬᠡᠷᠡᠭᠯᠡᠬᠦ ᠪᠠ ᠬᠠᠰᠢᠵᠤ ᠪᠥᠭᠯᠡᠬᠦ ᠦᠭᠡᠢ︔ | ︵ᠳᠥᠷᠪᠡ︶ ᠳᠡᠭᠦᠵᠢᠯᠡᠭᠦᠷ ᠴᠠᠬᠢᠯᠭᠠᠨ ᠬᠦᠷᠭᠡᠬᠦ ᠤᠲᠠᠰᠤᠨ ᠤ ᠳᠣᠣᠷ᠎ᠠ ᠡᠪᠡᠰᠦ ᠲᠦᠯᠡᠭᠡ ᠵᠡᠷᠭᠡ | ᠨᠣᠴᠣᠮᠠᠲᠠᠭᠠᠢ ᠰᠢᠲᠠᠮᠠᠬᠠᠢ ᠪᠣᠳᠠᠰ ᠢ ᠣᠪᠣᠭᠠᠯᠠᠨ ᠲᠠᠯᠪᠢᠬᠤ ᠦᠭᠡᠢ︔ | ︵ᠲᠠᠪᠤ︶ ᠬᠢᠷᠢ ᠲᠡᠩᠴᠡᠭᠰᠡᠨ ᠲᠡᠮᠳᠡᠭ ᠦᠭᠡᠢ ᠴᠠᠬᠢᠯᠭᠠᠨ ᠬᠡᠷᠡᠭᠰᠡᠯ ᠤᠨ ᠦᠢᠯᠡᠳᠬᠦᠨ ᠢ ᠤᠭᠰᠠᠷᠠᠬᠤ ᠪᠠ | ᠬᠡᠷᠡᠭᠯᠡᠬᠦ ᠦᠭᠡᠢ᠂ ᠴᠠᠬᠢᠯᠭᠠᠨ ᠬᠡᠷᠡᠭᠰᠡᠯ ᠢ ᠠᠮᠤᠷ ᠲᠦᠪᠰᠢᠨ ᠢᠶᠠᠷ ᠬᠡᠷᠡᠭᠯᠡᠬᠦ ᠲᠣᠭᠲᠠᠭᠠᠯ ᠢ ᠵᠢᠷᠤᠮᠯᠠᠵᠤ᠂ | ᠳᠠᠭᠠᠭᠠᠴᠠ ᠠᠴᠠ ᠬᠡᠲᠦᠷᠡᠲᠡᠯ᠎ᠡ ᠴᠠᠬᠢᠯᠭᠠᠨ ᠬᠡᠷᠡᠭᠯᠡᠬᠦ ᠦᠭᠡᠢ᠂ ᠳᠤᠷ᠎ᠠ ᠪᠠᠷ ᠴᠠᠬᠢᠯᠭᠠᠨ ᠤᠲᠠᠰᠤ ᠵᠠᠯᠭᠠᠨ ᠲᠠᠲᠠᠬᠤ | ᠦᠭᠡᠢ︔ | ︵ᠵᠢᠷᠭᠤᠭ᠎ᠠ︶ ᠲᠣᠭᠲᠠᠭᠰᠠᠨ ᠬᠤᠭᠤᠴᠠᠭ᠎ᠠ ᠲᠠᠢ ᠪᠠᠷ ᠬᠠᠨᠵᠤ᠂ ᠬᠤᠯᠠᠩ ᠢᠶᠠᠨ ᠴᠡᠪᠡᠷᠯᠡᠵᠦ᠂ ᠭᠠᠯ ᠲᠦᠢᠮᠡᠷ | ᠡᠭᠦᠰᠬᠦ ᠠᠶᠤᠯ ᠲᠦᠭᠰᠢᠭᠦᠷᠢ ᠲᠠᠢ ᠲᠠᠯᠠᠪᠤᠷ ᠭᠠᠵᠠᠷ ᠲᠤ ᠭᠠᠯ ᠬᠡᠷᠡᠭᠯᠡᠬᠦ ᠦᠭᠡᠢ︔ | ︵ᠳᠣᠯᠤᠭ᠎ᠠ︶ ᠭᠡᠷ ᠪᠦᠯᠢ ᠶᠢᠨ ᠭᠠᠯ ᠤᠨᠲᠠᠷᠠᠭᠠᠵᠤ ᠠᠪᠤᠷᠠᠯᠳᠠ ᠬᠢᠬᠦ ᠪᠠ ᠠᠮᠢ ᠵᠢᠭᠤᠲᠠᠵᠤ ᠥᠪᠡᠷ ᠢ ᠪᠠᠨ | ᠠᠪᠤᠷᠠᠬᠤ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠤᠷ᠎ᠠ ᠮᠡᠷᠭᠡᠰᠢᠯ ᠢ ᠰᠣᠷᠣᠯᠴᠠᠬᠤ ᠪᠠ ᠡᠵᠡᠮᠰᠢᠵᠦ᠂ ᠥᠲᠡᠭᠦᠰ᠂ | ᠪᠠᠭᠠᠴᠤᠳ᠂ ᠮᠡᠳᠡᠷᠡᠯ ᠤᠨ ᠰᠠᠭᠠᠲᠠᠯ ᠲᠠᠢ ᠡᠪᠡᠳᠴᠢᠲᠡᠳ᠂ ᠣᠶᠣᠨ ᠴᠢᠳᠠᠪᠤᠷᠢ ᠶᠢᠨ ᠰᠠᠭᠠᠲᠠᠯ ᠲᠠᠢ ᠬᠥᠮᠥᠰ ᠵᠡᠷᠭᠡ | ᠬᠠᠷᠠᠭᠠᠯᠵᠠᠨ ᠬᠠᠮᠠᠭᠠᠯᠠᠭᠳᠠᠭᠴᠢ ᠶᠢᠨ ᠠᠮᠤᠷ ᠲᠦᠪᠰᠢᠨ ᠤ ᠬᠥᠮᠦᠵᠢᠯ ᠪᠠ ᠬᠠᠷᠠᠵᠤ ᠬᠠᠷᠠᠭᠠᠯᠵᠠᠬᠤ ᠠᠵᠢᠯ ᠢ | ᠰᠠᠶᠢᠲᠤᠷ ᠬᠢᠬᠦ ᠬᠡᠷᠡᠭᠲᠡᠢ︔ | ︵ᠨᠠᠢᠮᠠ︶ ᠭᠡᠷ ᠪᠠᠶᠢᠰᠢᠩ ᠲᠦᠷᠢᠶᠡᠰᠦᠯᠡᠬᠦ ᠪᠤᠶᠤ ᠡᠵᠡᠩᠨᠡᠯᠲᠡ ᠶᠢᠨ ᠲᠠᠯᠠᠪᠤᠷ ᠭᠠᠵᠠᠷ ᠳᠠᠭᠠᠭᠠᠴᠢᠯᠠᠨ | ᠡᠵᠡᠩᠨᠡᠬᠦ ᠳᠤ᠂ ᠡᠯ᠎ᠡ ᠲᠠᠯ᠎ᠠ ᠶᠢᠨ ᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ | ᠲᠣᠳᠣᠷᠬᠠᠢ ᠲᠣᠭᠲᠠᠭᠠᠬᠤ ᠬᠡᠷᠡᠭᠲᠡᠢ᠃ | ᠭᠤᠷᠪᠠᠳᠤᠭᠠᠷ ᠪᠦᠯᠦᠭ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ | ᠠᠷᠪᠠᠨ ᠲᠠᠪᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠥᠷᠳᠡᠭᠡ᠂ ᠭᠠᠯ ᠤᠨᠲᠠᠷᠠᠭᠠᠬᠤ | ᠤᠰᠤᠨ ᠤ ᠬᠠᠩᠭᠠᠯᠭ᠎ᠠ᠂ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ᠂ ᠭᠠᠯ ᠤᠨᠲᠠᠷᠠᠭᠠᠬᠤ ᠲᠣᠨᠤᠭ | ᠲᠥᠬᠦᠭᠡᠷᠦᠮᠵᠢ ᠵᠡᠷᠭᠡ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ ᠤ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠬᠠᠮᠠᠭᠠᠯᠠᠨ | ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠭᠠᠯ ᠰᠡᠷᠭᠡᠶᠢᠯᠡᠵᠦ | ᠤᠨᠲᠠᠷᠠᠭᠠᠬᠤ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ᠂ | ᠰᠤᠮᠤ ᠰᠢᠶᠠᠩ ᠪᠠᠯᠭᠠᠰᠤ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠭᠠᠴᠠᠭ᠎ᠠ | ᠲᠣᠰᠬᠤᠨ ᠤ ᠲᠥᠯᠦᠪᠵᠢᠭᠦᠯᠭᠡ ᠶᠢᠨ ᠵᠣᠯᠭᠠᠭᠤᠯᠤᠯᠲᠠ ᠶᠢ ᠴᠢᠩᠭᠠᠳᠬᠠᠨ᠎ᠠ᠃ | ᠠᠷᠪᠠᠨ ᠳᠣᠯᠣᠳᠤᠭᠠᠷ ᠵᠦᠢᠯ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠢ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠠᠬᠢᠯᠭᠠᠨ | ᠬᠠᠩᠭᠠᠬᠤ᠂ ᠤᠰᠤ ᠬᠠᠩᠭᠠᠬᠤ᠂ ᠵᠠᠮ ᠱᠤᠭᠤᠮ᠂ ᠴᠢᠮᠡᠭᠡ ᠬᠤᠯᠪᠣᠭ᠎ᠠ ᠵᠡᠷᠭᠡ ᠨᠡᠶᠢᠲᠡ ᠶᠢᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠬᠢᠬᠦ ᠳᠤ᠂ ᠵᠡᠷᠭᠡ ᠳᠤ ᠨᠢ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠨᠡᠭᠦᠳᠡᠯᠴᠢᠳ ᠢ ᠲᠥᠪᠬᠢᠨᠡᠭᠦᠯᠬᠦ᠂ ᠨᠤᠷᠠᠬᠤ | ᠠᠶᠤᠯᠲᠠᠢ ᠭᠡᠷ ᠪᠠᠶᠢᠰᠢᠩ ᠢ ᠲᠥᠪᠯᠡᠷᠡᠭᠦᠯᠦᠨ ᠳᠠᠬᠢᠨ ᠪᠠᠶᠢᠭᠤᠯᠵᠤ ᠥᠭᠡᠷᠡᠴᠢᠯᠡᠨ ᠵᠠᠰᠠᠬᠤ ᠵᠡᠷᠭᠡ ᠪᠠᠶᠢᠭᠤᠯᠤᠯᠲᠠ | ᠬᠢᠬᠦ ᠳᠤ ᠪᠠᠨ᠂ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠲᠥᠯᠥᠪᠵᠢᠭᠦᠯᠬᠦ᠂ ᠵᠢᠷᠤᠭᠯᠠᠨ | ᠲᠥᠯᠥᠪᠯᠡᠬᠦ ᠪᠠ ᠪᠦᠲᠦᠭᠡᠨ ᠪᠠᠶᠢᠭᠤᠯᠬᠤ ᠶᠢ ᠵᠡᠷᠭᠡ ᠳᠤ ᠨᠢ ᠪᠡᠶᠡᠯᠡᠭᠦᠯᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠤᠰᠤ ᠬᠠᠩᠭᠠᠬᠤ ᠬᠤᠭᠤᠯᠠᠢ ᠭᠤᠤᠷᠰᠤᠨ ᠲᠣᠣᠷ ᠢ ᠪᠦᠷᠢᠳᠦᠭᠦᠯᠬᠦ | ᠨᠥᠬᠦᠴᠡᠯ ᠲᠠᠢ ᠭᠠᠴᠠᠭ᠎ᠠ ᠲᠣᠰᠬᠤᠨ ᠨᠢ ᠥᠷᠥᠭᠡᠨ ᠭᠠᠳᠠᠨᠠᠬᠢ ᠭᠠᠯ ᠤᠨᠲᠠᠷᠠᠭᠠᠬᠤ ᠤᠰᠤᠨ ᠤ ᠬᠠᠩᠭᠠᠯᠲᠠ ᠶᠢᠨ | ᠰᠢᠰᠲ᠋ᠧᠮ ᠲᠣᠬᠢᠷᠠᠭᠤᠯᠬᠤ ᠬᠡᠷᠡᠭᠲᠡᠢ᠃ ᠤᠰᠤ ᠬᠠᠩᠭᠠᠬᠤ ᠬᠤᠭᠤᠯᠠᠢ ᠭᠤᠤᠷᠰᠤᠨ ᠲᠣᠣᠷ ᠪᠦᠷᠢᠯᠳᠦᠭᠦᠯᠬᠦ ᠨᠥᠬᠦᠴᠡᠯ | ᠦᠭᠡᠢ ᠪᠣᠯ᠂ ᠭᠠᠯ ᠤᠨᠲᠠᠷᠠᠭᠠᠬᠤ ᠤᠰᠤᠨ ᠲᠠᠲᠠᠭᠠᠯ ᠵᠠᠰᠠᠨ ᠪᠠᠶᠢᠭᠤᠯᠬᠤ ᠪᠤᠶᠤ ᠪᠠᠶᠢᠭᠠᠯᠢ ᠶᠢᠨ ᠤᠰᠤᠨ | ᠰᠤᠷᠪᠤᠯᠵᠢ ᠶᠢ ᠠᠰᠢᠭᠯᠠᠵᠤ ᠭᠠᠯ ᠤᠨᠲᠠᠷᠠᠭᠠᠬᠤ ᠤᠰᠤᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ ᠭᠠᠯ | ᠤᠨᠲᠠᠷᠠᠭᠠᠬᠤ ᠤᠰᠤᠨ ᠲᠠᠲᠠᠭᠠᠯ ᠤᠨ ᠪᠠᠭᠲᠠᠭᠠᠮᠵᠢ ᠶᠢ 100 ᠺᠦᠪ ᠮᠧᠳ᠋ᠷ ᠠᠴᠠ ᠪᠠᠭ᠎ᠠ ᠪᠠᠶᠢᠯᠭᠠᠪᠠᠯ ᠵᠣᠬᠢᠬᠤ | ᠦᠭᠡᠢ᠃ ᠥᠷᠥᠭᠡᠨ ᠭᠠᠳᠠᠨᠠᠬᠢ ᠭᠠᠯ ᠤᠨᠲᠠᠷᠠᠭᠠᠬᠤ ᠤᠰᠤ ᠬᠠᠩᠭᠠᠬᠤ ᠰᠢᠰᠲ᠋ᠧᠮ᠂ ᠭᠠᠯ ᠤᠨᠲᠠᠷᠠᠭᠠᠬᠤ ᠤᠰᠤᠨ | ᠲᠠᠲᠠᠭᠠᠯ ᠪᠠ ᠪᠠᠶᠢᠭᠠᠯᠢ ᠶᠢᠨ ᠤᠰᠤᠨ ᠤ ᠰᠤᠷᠪᠤᠯᠵᠢ ᠶᠢᠨ ᠤᠰᠤ ᠠᠪᠬᠤ ᠠᠮᠠᠰᠠᠷ ᠤᠨ ᠲᠣᠬᠢᠷᠠᠭᠤᠯᠤᠯᠲᠠ ᠨᠢ ᠭᠠᠯ | ᠤᠨᠲᠠᠷᠠᠭᠠᠬᠤ ᠮᠡᠷᠭᠡᠵᠢᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠃ | ᠬᠤᠷᠢᠳᠤᠭᠠᠷ ᠵᠦᠢᠯ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠥᠷᠭᠡᠨ ᠢ 4 ᠮᠧᠳ᠋ᠷ ᠠᠴᠠ ᠪᠠᠭ᠎ᠠ | ᠪᠠᠶᠢᠯᠭᠠᠵᠤ ᠪᠣᠯᠬᠤ ᠦᠭᠡᠢ ᠮᠥᠷᠲᠡᠭᠡᠨ ᠡᠵᠡᠯᠡᠨ ᠬᠡᠷᠡᠭᠯᠡᠬᠦ᠂ ᠬᠠᠰᠢᠵᠤ ᠪᠥᠭᠯᠡᠬᠦ᠂ ᠬᠤᠷᠢᠭᠯᠠᠨ ᠲᠠᠰᠤᠯᠵᠤ ᠪᠣᠯᠬᠤ | ᠦᠭᠡᠢ᠃ ᠬᠤᠭᠤᠯᠠᠢ ᠶᠢᠨ ᠴᠠᠬᠤ ᠵᠡᠷᠭᠡ ᠬᠠᠷᠰᠢ ᠰᠠᠭᠠᠳ ᠪᠣᠯᠬᠤ ᠪᠣᠳᠠᠰ ᠤᠳ ᠢ ᠵᠠᠪᠠᠯ ᠭᠠᠯ ᠤᠨᠲᠠᠷᠠᠭᠠᠬᠤ | ᠲᠡᠷᠭᠡᠨ ᠤ ᠨᠡᠪᠲᠡᠷᠡᠬᠦ ᠵᠠᠮ ᠪᠠ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠳᠡᠭᠡᠭᠦᠷ ᠥᠩᠭᠡᠷᠡᠭᠦᠯᠬᠦ ᠳᠤ | ᠲᠡᠭᠦᠨ ᠤ ᠴᠡᠪᠡᠷ ᠥᠨᠳᠥᠷ ᠢ 4 ᠮᠧᠳ᠋ᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃ | ᠳᠥᠷᠪᠡᠳᠦᠭᠡᠷ ᠪᠦᠯᠦᠭ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ | ᠬᠤᠷᠢᠨ ᠨᠢᠭᠡᠳᠦᠭᠡᠷ ᠵᠦᠢᠯ ᠳᠣᠣᠷᠠᠬᠢ ᠨᠥᠬᠦᠴᠡᠯ ᠳᠤ ᠨᠡᠶᠢᠴᠡᠭᠰᠡᠨ ᠰᠤᠮᠤ ᠰᠢᠶᠠᠩ ᠪᠠᠯᠭᠠᠰᠤ ᠨᠢ ᠰᠤᠮᠤ | ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ | ᠪᠠᠶᠢᠭᠤᠯᠬᠤ ᠶᠢᠨ ᠬᠠᠮᠲᠤ ᠠᠵᠢᠯᠲᠠᠨ᠂ ᠲᠡᠷᠭᠡ᠂ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠲᠣᠬᠢᠷᠠᠭᠤᠯᠬᠤ | ᠬᠡᠷᠡᠭᠲᠡᠢ᠄ | ︵ᠨᠢᠭᠡ︶ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠲᠠᠯᠠᠪᠠᠢ ᠨᠢ 2 ᠲᠡᠭᠰᠢ ᠳᠥᠷᠪᠡᠯᠵᠢᠨ | ᠺᠢᠯᠣᠮᠧᠳ᠋ᠷ ᠠᠴᠠ ᠬᠡᠲᠦᠷᠡᠭᠰᠡᠨ ᠪᠤᠶᠤ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠰᠠᠭᠤᠭ᠎ᠠ ᠬᠥᠮᠥᠨ ᠠᠮᠠ ᠨᠢ 1 | ᠲᠦᠮᠡ ᠠᠴᠠ ᠳᠡᠭᠡᠭᠰᠢ ᠬᠡᠲᠦᠷᠡᠭᠰᠡᠨ ᠰᠤᠮᠤ ᠰᠢᠶᠠᠩ ᠪᠠᠯᠭᠠᠰᠤ︔ | ︵ᠬᠤᠶᠠᠷ︶ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠡᠳ᠋ ᠪᠣᠳᠠᠰ ᠤᠨ ᠦᠢᠯᠡᠳᠪᠦᠷᠢᠯᠡᠯ᠂ | ᠡᠵᠡᠩᠨᠡᠯᠲᠡ ᠶᠢᠨ ᠨᠢᠭᠡᠴᠢ ᠪᠠ ᠬᠥᠳᠡᠯᠮᠦᠷᠢ ᠨᠢᠭᠲᠠ ᠡᠷᠴᠢᠮᠵᠢᠭᠰᠡᠨ ᠠᠵᠤ ᠠᠬᠤᠶᠢᠯᠠᠯ ᠲᠥᠪᠯᠡᠷᠡᠭᠰᠡᠨ ᠰᠤᠮᠤ ᠰᠢᠶᠠᠩ | ᠪᠠᠯᠭᠠᠰᠤ︔ | ︵ᠭᠤᠷᠪᠠ︶ ᠪᠥᠬᠦ ᠤᠯᠤᠰ ᠤᠨ ᠭᠤᠣᠯᠳᠠᠯᠭᠠᠲᠤ ᠪᠠᠯᠭᠠᠰᠤ᠂ ᠥᠪᠡᠷᠲᠡᠭᠡᠨ ᠵᠠᠰᠠᠬᠤ ᠣᠷᠣᠨ ᠤ | ᠭᠤᠣᠯᠳᠠᠯᠭᠠᠲᠤ ᠪᠠᠯᠭᠠᠰᠤ᠂ ᠲᠥᠪ ᠪᠠᠯᠭᠠᠰᠤ᠂ ᠲᠡᠦᠬᠡ ᠰᠣᠶᠣᠯ ᠤᠨ ᠨᠡᠷᠡᠲᠦ ᠪᠠᠯᠭᠠᠰᠤ︔ | ︵ᠳᠥᠷᠪᠡ︶ ᠪᠤᠰᠤᠳ ᠠᠵᠤ ᠠᠬᠤᠢ ᠨᠡᠯᠢᠶᠡᠳ ᠬᠥᠭᠵᠢᠭᠰᠡᠨ᠂ ᠬᠥᠮᠥᠨ ᠠᠮᠠ ᠨᠡᠯᠢᠶᠡᠳ ᠲᠥᠪᠯᠡᠷᠡᠭᠰᠡᠨ | ᠪᠤᠶᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠳᠡᠭᠡ ᠠᠴᠠ ᠨᠡᠯᠢᠶᠡᠳ | ᠬᠤᠯᠠ ︵100 ᠺᠢᠯᠣᠮᠧᠳ᠋ᠷ ᠠᠴᠠ ᠳᠡᠭᠡᠭᠰᠢ︶ ᠪᠠᠶᠢᠭ᠎ᠠ ᠰᠤᠮᠤ ᠰᠢᠶᠠᠩ ᠪᠠᠯᠭᠠᠰᠤ᠃ | ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ | ᠤᠨᠲᠠᠷᠠᠭᠠᠬᠤ ᠠᠩᠭᠢ ᠶᠢᠨ ᠪᠣᠳᠠᠲᠠᠢ ᠪᠠᠶᠢᠭᠤᠯᠤᠯᠲᠠ ᠶᠢᠨ ᠪᠠᠷᠢᠮᠵᠢᠶ᠎ᠠ ᠨᠢ ︽ᠵᠠᠰᠠᠭ ᠤᠨ ᠣᠷᠳᠣᠨ ᠤ ᠲᠤᠰᠬᠠᠢ | ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠵᠢᠷᠤᠮᠵᠢᠯ︾ ︵DB15/T 1897-2020︶ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠬᠤᠷᠢᠨ ᠬᠤᠶᠠᠳᠤᠭᠠᠷ ᠵᠦᠢᠯ ᠲᠣᠰ ᠲᠣᠭᠲᠠᠭᠠᠯ ᠤᠨ ᠬᠤᠷᠢᠨ ᠨᠢᠭᠡᠳᠦᠭᠡᠷ ᠵᠦᠢᠯ ᠤᠨ | ᠲᠣᠭᠲᠠᠭᠠᠯ ᠳᠠᠬᠢ ᠠᠴᠠ ᠪᠤᠰᠤᠳ ᠰᠤᠮᠤ ᠰᠢᠶᠠᠩ ᠪᠠᠯᠭᠠᠰᠤ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ | ᠬᠥᠭᠵᠢᠯᠲᠡ ᠪᠠ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠵᠢᠯᠲᠠᠨ ᠲᠠᠢ᠂ | ᠲᠡᠷᠭᠡ ᠲᠠᠢ᠂ ᠥᠷᠲᠡᠭᠡᠨ ᠤ ᠭᠡᠷ ᠲᠠᠢ᠂ ᠵᠠᠷᠤᠳᠠᠯ ᠲᠠᠢ ᠪᠠᠶᠢᠬᠤ ᠲᠤᠰᠬᠠᠢ ︵ᠬᠠᠪᠰᠤᠷᠭᠠᠬᠤ︶ ᠲᠤᠰᠢᠶᠠᠯᠲᠤ ᠭᠠᠯ | ᠰᠡᠷᠭᠡᠶᠢᠯᠡᠵᠦ ᠤᠨᠲᠠᠷᠠᠭᠠᠬᠤ ᠠᠩᠭᠢ ᠪᠠᠶᠢᠭᠤᠯᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠲᠤᠰᠬᠠᠢ ︵ᠬᠠᠪᠰᠤᠷᠭᠠᠬᠤ︶ ᠲᠤᠰᠢᠶᠠᠯᠲᠤ ᠭᠠᠯ | ᠰᠡᠷᠭᠡᠶᠢᠯᠡᠵᠦ ᠤᠨᠲᠠᠷᠠᠭᠠᠬᠤ ᠠᠩᠭᠢ ᠶᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ | ᠬᠠᠮᠢᠶᠠᠷᠴᠤ᠂ ᠭᠠᠯ ᠲᠦᠢᠮᠡᠷ ᠤᠨ ᠠᠶᠤᠯ ᠤᠨ ᠮᠡᠳᠡᠭᠦᠯᠦᠯᠲᠡ᠂ ᠠᠪᠤᠷᠠᠨ ᠲᠤᠰᠠᠯᠠᠬᠤ ᠲᠤᠰᠠᠯᠠᠮᠵᠢ ᠬᠦᠯᠢᠶᠡᠭᠰᠡᠨ ᠵᠢᠴᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ | ᠲᠤᠰᠠᠯᠠᠬᠤ ᠪᠠᠶᠢᠭᠤᠯᠤᠮᠵᠢ ᠶᠢᠨ ᠵᠠᠷᠯᠢᠭ ᠵᠢᠭᠠᠪᠤᠷᠢ ᠶᠢ ᠣᠯᠣᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠲᠤ ᠳᠠᠷᠤᠢ | ᠲᠦᠷᠭᠡᠨ ᠵᠠᠪᠳᠤᠨ ᠣᠴᠢᠵᠤ ᠰᠢᠢᠳᠪᠦᠷᠢᠯᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠭᠠᠴᠠᠭ᠎ᠠ ᠲᠣᠰᠬᠤᠨ ᠨᠢ ᠲᠣᠰᠬᠤᠨ ᠤ ᠠᠷᠠᠳ ᠢᠶᠠᠷ ᠪᠦᠷᠢᠯᠳᠦᠭᠰᠡᠨ ᠰᠠᠶᠢᠨ | ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ | ᠥᠷᠳᠡᠭᠡ︶ ᠪᠠᠶᠢᠭᠤᠯᠵᠤ᠂ ᠪᠠᠭᠠᠵᠢ ᠬᠡᠷᠡᠭᠰᠡᠯ ᠤᠨ ᠲᠠᠰᠤᠭ ᠪᠠ ᠵᠢᠵᠢᠭᠦᠷᠯᠡᠬᠦ ᠳᠤ ᠬᠡᠷᠡᠭᠯᠡᠬᠦ ᠭᠡᠷ ᠲᠣᠬᠢᠷᠠᠭᠤᠯᠵᠤ᠂ | ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠴᠢᠬᠤᠯᠠ ᠪᠦᠬᠦᠢ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠲᠠᠷᠬᠠᠭᠠᠬᠤ | ᠪᠡᠯᠡᠳᠬᠡᠯ ᠲᠥᠰᠥᠯ ᠢ ᠲᠣᠭᠲᠠᠭᠠᠬᠤ ᠬᠡᠷᠡᠭᠲᠡᠢ᠃ ᠪᠡᠯᠡᠳᠬᠡᠯ ᠲᠥᠰᠥᠯ ᠳᠤ ᠳᠣᠣᠷᠠᠬᠢ ᠠᠭᠤᠯᠭ᠎ᠠ ᠪᠠᠭᠲᠠᠬᠤ | ᠬᠡᠷᠡᠭᠲᠡᠢ᠄ | ︵ᠨᠢᠭᠡ︶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠤᠯᠪᠣᠭᠳᠠᠯ ᠪᠦᠬᠦᠢ ᠦᠨᠳᠦᠰᠦᠨ | ᠪᠠᠶᠢᠳᠠᠯ︔ | ︵ᠬᠤᠶᠠᠷ︶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ | ᠬᠦᠴᠦᠨ ᠪᠠ ᠭᠠᠯ ᠤᠨᠲᠠᠷᠠᠭᠠᠬᠤ ᠲᠡᠷᠭᠡ᠂ ᠪᠠᠭᠠᠵᠢ ᠬᠡᠷᠡᠭᠰᠡᠯ ᠤᠨ ᠲᠣᠬᠢᠷᠠᠭᠤᠯᠤᠭᠰᠠᠨ ᠪᠠᠶᠢᠳᠠᠯ᠂ ᠨᠡᠶᠢᠲᠡ ᠶᠢᠨ | ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ᠂ ᠲᠠᠷᠬᠠᠯᠲᠠ ᠶᠢᠨ ᠪᠠᠶᠢᠳᠠᠯ︔ | ︵ᠭᠤᠷᠪᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ︔ | ︵ᠳᠥᠷᠪᠡ︶ ᠲᠦᠭᠰᠢᠭᠦᠷᠢ ᠮᠡᠳᠡᠭᠦᠯᠬᠦ ᠪᠠ ᠲᠦᠭᠰᠢᠭᠦᠷᠢ ᠮᠡᠳᠡᠭᠦᠯᠦᠭᠰᠡᠨ ᠢ ᠬᠦᠯᠢᠶᠡᠨ ᠠᠪᠴᠤ | ᠰᠢᠢᠳᠪᠦᠷᠢᠯᠡᠬᠦ ᠳᠡᠰ ᠳᠠᠷᠠᠭᠠᠯᠠᠯ᠂ ᠭᠠᠯ ᠤᠨ ᠠᠶᠤᠯ ᠠᠴᠠ ᠠᠪᠤᠷᠠᠬᠤ᠂ ᠲᠠᠷᠬᠠᠭᠠᠨ ᠵᠢᠯᠤᠭᠤᠳᠬᠤ᠂ ᠴᠢᠮᠡᠭᠡ | ᠬᠤᠯᠪᠣᠭ᠎ᠠ ᠠᠪᠬᠤ᠂ ᠠᠮᠤᠷ ᠲᠦᠪᠰᠢᠨ ᠢᠶᠠᠷ ᠲᠤᠰᠠᠯᠠᠨ ᠠᠪᠤᠷᠠᠬᠤ ᠳᠡᠰ ᠳᠠᠷᠠᠭᠠᠯᠠᠯ︔ | ︵ᠲᠠᠪᠤ︶ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠯᠤᠭ᠎ᠠ | ᠬᠠᠮᠵᠢᠯᠴᠠᠬᠤ ᠳᠡᠰ ᠳᠠᠷᠠᠭᠠᠯᠠᠯ᠃ | ᠬᠤᠷᠢᠨ ᠵᠢᠷᠭᠤᠳᠤᠭᠠᠷ ᠵᠦᠢᠯ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ | ᠭᠠᠯ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠨᠢ | ᠪᠠᠶᠢᠩᠭᠤ ᠶᠢᠨ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ | ᠥᠷᠨᠢᠭᠦᠯᠬᠦ ᠶᠢᠨ ᠳᠠᠭᠠᠤ ᠳᠤ ᠭᠠᠯ ᠰᠡᠷᠭᠡᠶᠢᠯᠡᠵᠦ ᠤᠨᠲᠠᠷᠠᠭᠠᠬᠤ ᠰᠣᠷᠢᠯᠲᠠ ᠵᠣᠬᠢᠶᠠᠨ ᠪᠠᠶᠢᠭᠤᠯᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠨᠢ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢᠨ ᠭᠡᠰᠢᠭᠦᠨ ᠳᠤ | ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠬᠦ᠂ ᠭᠠᠯ ᠤᠨᠲᠠᠷᠠᠭᠠᠬᠤ | ᠬᠠᠮᠠᠭᠠᠯᠠᠯᠲᠠ ᠶᠢᠨ ᠬᠤᠪᠴᠠᠰᠤ ᠲᠣᠬᠢᠷᠠᠭᠤᠯᠤᠨ ᠥᠭᠴᠦ᠂ ᠡᠳᠦᠷ ᠲᠤᠲᠤᠮ ᠤᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤᠮᠳᠠᠬᠢ ᠢᠯᠡᠷᠡᠯ ᠢᠶᠠᠷ ᠲᠣᠪᠤᠶᠢᠮ᠎ᠠ ᠠᠩᠭᠢ ᠶᠢᠨ | ᠭᠡᠰᠢᠭᠦᠨ ᠳᠤ ᠱᠠᠩᠨᠠᠯ ᠱᠠᠩᠨᠠᠨ ᠥᠭᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠳᠤ ᠭᠠᠯ ᠲᠦᠢᠮᠡᠷ ᠭᠠᠷᠪᠠᠯ᠂ ᠭᠠᠯ ᠲᠦᠢᠮᠡᠷ | ᠡᠭᠦᠰᠦᠭᠰᠡᠨ ᠨᠢᠭᠡᠴᠢ ᠪᠤᠶᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠳᠠᠷᠤᠢ ᠲᠦᠷᠭᠡᠨ ᠰᠠᠶᠢᠨ ᠳᠤᠷ᠎ᠠ ᠶᠢᠨ | ᠭᠠᠯ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠶᠢ ᠵᠣᠬᠢᠶᠠᠨ | ᠪᠠᠶᠢᠭᠤᠯᠵᠤ ᠭᠠᠯ ᠲᠦᠢᠮᠡᠷ ᠤᠨᠲᠠᠷᠠᠭᠠᠨ ᠠᠪᠤᠷᠠᠬᠤ ᠪᠠ ᠬᠥᠮᠥᠨ ᠬᠠᠷ᠎ᠠ ᠶᠢ ᠲᠠᠷᠬᠠᠭᠠᠬᠤ ᠠᠵᠢᠯ ᠬᠢᠬᠦ ᠬᠡᠷᠡᠭᠲᠡᠢ᠃ | ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠡᠩᠨᠡᠭᠡ᠂ | ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠨᠢ ᠲᠦᠭᠰᠢᠭᠦᠷᠢ ᠮᠡᠳᠡᠭᠦᠯᠬᠦ ᠶᠢ ᠲᠣᠰᠣᠨ ᠣᠯᠣᠭᠰᠠᠨ ᠤ ᠳᠠᠷᠠᠭ᠎ᠠ᠂ | ᠳᠠᠷᠤᠢ ᠲᠦᠷᠭᠡᠨ ᠭᠠᠯ ᠤᠨ ᠠᠶᠤᠯ ᠡᠭᠦᠰᠦᠭᠰᠡᠨ ᠲᠠᠯᠠᠪᠤᠷ ᠲᠤ ᠵᠠᠪᠳᠤᠨ ᠬᠦᠷᠴᠦ᠂ ᠭᠠᠯ ᠲᠦᠢᠮᠡᠷ ᠢ ᠤᠨᠲᠠᠷᠠᠭᠠᠬᠤ᠂ | ᠠᠶᠤᠯ ᠳᠤ ᠤᠴᠠᠷᠠᠭᠰᠠᠨ ᠬᠥᠮᠥᠰ ᠢ ᠠᠪᠤᠷᠠᠨ ᠲᠤᠰᠠᠯᠠᠬᠤ ᠪᠠ ᠠᠶᠤᠯ ᠲᠦᠭᠰᠢᠭᠦᠷᠢᠲᠦ ᠪᠠᠶᠢᠳᠠᠯ ᠢ ᠠᠷᠢᠯᠭᠠᠬᠤ | ᠬᠡᠷᠡᠭᠲᠡᠢ᠃ | ᠬᠤᠷᠢ ᠶᠢᠰᠦᠳᠦᠭᠡᠷ ᠵᠦᠢᠯ ᠭᠠᠯ ᠲᠦᠢᠮᠡᠷ ᠢ ᠤᠨᠲᠠᠷᠠᠭᠠᠭᠰᠠᠨ ᠤ ᠳᠠᠷᠠᠭ᠎ᠠ᠂ ᠭᠠᠯ ᠲᠦᠢᠮᠡᠷ ᠡᠭᠦᠰᠦᠭᠰᠡᠨ | ᠨᠢᠭᠡᠴᠢ ︵ᠬᠤᠪᠢ ᠬᠥᠮᠥᠨ︶ ᠪᠤᠶᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠲᠤᠬᠠᠢ ᠶᠢᠨ ᠲᠠᠯᠠᠪᠤᠷ ᠢ | ᠬᠠᠮᠠᠭᠠᠯᠠᠵᠤ᠂ ᠦᠨᠡᠨ ᠪᠣᠳᠠᠲᠠᠢ ᠪᠠᠷ ᠭᠠᠯ ᠲᠦᠢᠮᠡᠷ ᠤᠨ ᠠᠳᠡᠯ ᠤᠨ ᠪᠠᠶᠢᠳᠠᠯ ᠢ ᠬᠠᠩᠭᠠᠵᠤ᠂ ᠠᠳᠡᠯ ᠤᠨ | ᠪᠠᠶᠢᠳᠠᠯ ᠤᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ | ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠳᠤᠷ᠎ᠠ ᠪᠠᠷ | ᠭᠠᠯ ᠤᠨ ᠠᠶᠤᠯ ᠤᠨ ᠲᠤᠬᠠᠢ ᠶᠢᠨ ᠲᠠᠯᠠᠪᠤᠷ ᠢ ᠠᠷᠢᠯᠭᠠᠨ ᠴᠡᠪᠡᠷᠯᠡᠵᠦ ᠪᠣᠯᠬᠤ ᠦᠭᠡᠢ᠃ | ᠭᠤᠴᠢᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠳᠤ ᠨᠡᠯᠢᠶᠡᠳ ᠶᠡᠭᠡ ᠭᠠᠯ ᠲᠦᠢᠮᠡᠷ ᠤᠨ ᠠᠶᠤᠯ | ᠭᠠᠷᠬᠤ᠂ ᠵᠢᠴᠢ ᠬᠥᠮᠥᠨ ᠬᠠᠷ᠎ᠠ ᠦᠬᠦᠭᠰᠡᠨ ᠪᠤᠶᠤ ᠨᠡᠶᠢᠭᠡᠮ ᠤᠨ ᠨᠥᠯᠥᠭᠡ ᠲᠠᠢ ᠪᠣᠯᠣᠭᠰᠨ ᠡᠩ ᠤᠨ ᠭᠠᠯ | ᠲᠦᠢᠮᠡᠷ ᠤᠨ ᠠᠳᠡᠯ ᠭᠠᠷᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠤᠨ | ᠬᠠᠷᠢᠭᠤᠴᠠᠯᠭ᠎ᠠ ᠶᠢᠨ ᠪᠠᠶᠢᠴᠠᠭᠠᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ | ᠪᠠᠶᠢᠴᠠᠭᠠᠬᠤ ᠳᠤᠭᠤᠶᠢᠯᠠᠩ ᠪᠠᠶᠢᠭᠤᠯᠵᠤ ᠪᠠᠶᠢᠴᠠᠭᠠᠯᠲᠠ ᠬᠢᠬᠦ ᠬᠡᠷᠡᠭᠲᠡᠢ᠃ | ᠲᠠᠷᠢᠶᠠᠯᠠᠬᠤ ᠮᠠᠯᠵᠢᠬᠤ ᠣᠷᠣᠨ ᠳᠤ ᠨᠡᠯᠢᠶᠡᠳ ᠶᠡᠭᠡ ᠭᠠᠯ ᠤᠨ ᠠᠶᠤᠯ ᠭᠠᠷᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠭᠠᠢ ᠭᠠᠮᠰᠢᠭ ᠤᠨ ᠮᠡᠳᠡᠭᠡ ᠵᠠᠩᠭᠢ ᠶᠢ | ᠨᠢᠭᠡᠳᠦᠯᠲᠡᠢ ᠨᠡᠶᠢᠲᠡᠯᠡᠨ᠎ᠡ᠃ | ᠲᠠᠪᠤᠳᠤᠭᠠᠷ ᠪᠦᠯᠦᠭ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ | ᠭᠤᠴᠢᠨ ᠨᠢᠭᠡᠳᠦᠭᠡᠷ ᠵᠦᠢᠯ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ | ᠭᠠᠯ ᠠᠴᠠ ᠰᠡᠷᠭᠡᠶᠢᠯᠡᠬᠦ ᠵᠢᠷᠤᠭ ᠲᠥᠯᠥᠪᠯᠡᠭᠡ᠂ ᠣᠳᠣ ᠨᠢᠭᠡᠨᠲᠡ ᠪᠠᠶᠢᠭ᠎ᠠ ᠪᠠᠷᠢᠯᠭ᠎ᠠ ᠶᠢᠨ ᠭᠠᠯ ᠠᠴᠠ ᠰᠡᠷᠭᠡᠶᠢᠯᠡᠬᠦ | ᠥᠭᠡᠷᠡᠴᠢᠯᠡᠨ ᠰᠢᠨᠡᠳᠬᠡᠬᠦ ᠵᠢᠴᠢ ᠴᠠᠬᠢᠯᠭᠠᠨ ᠬᠦᠴᠦᠨ ᠤ ᠲᠣᠣᠷ ᠤᠨ ᠪᠠᠶᠢᠭᠤᠯᠤᠯᠲᠠ ᠬᠢᠭᠡᠳ ᠥᠭᠡᠷᠡᠴᠢᠯᠡᠨ | ᠰᠢᠨᠡᠳᠬᠡᠬᠦ ᠠᠵᠢᠯ ᠨᠢ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶᠠᠨ ᠤ | ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠨᠢ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠢ ᠵᠢᠭᠠᠨ ᠰᠤᠷᠭᠠᠬᠤ ᠠᠭᠤᠯᠭ᠎ᠠ ᠳᠤ ᠪᠠᠨ ᠣᠷᠣᠭᠤᠯᠵᠤ᠂ | ᠬᠤᠭᠤᠴᠠᠭ᠎ᠠ ᠪᠦᠷᠢ 4 ᠤᠳᠠᠭ᠎ᠠ ᠠᠴᠠ ᠳᠤᠲᠠᠭᠤ ᠦᠭᠡᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠮᠡᠳᠡᠯᠭᠡ ᠶᠢᠨ ᠬᠢᠴᠢᠶᠡᠯ ᠣᠷᠣᠬᠤ ᠬᠡᠷᠡᠭᠲᠡᠢ᠃ ᠡᠭᠦᠨ ᠳᠤ᠂ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ | ᠪᠠ ᠴᠢᠯᠦᠭᠡ ᠲᠠᠯᠪᠢᠬᠤ ᠠᠴᠠ ᠡᠮᠦᠨ᠎ᠡ ᠲᠣᠰ ᠲᠣᠰ 1 ᠤᠳᠠᠭ᠎ᠠ ᠬᠢᠴᠢᠶᠡᠯ ᠣᠷᠣᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠡᠰᠢ ᠰᠦᠷᠡᠯ᠂ ᠲᠦᠯᠡᠭᠡ ᠡᠪᠡᠰᠦ ᠵᠡᠷᠭᠡ | ᠨᠣᠴᠣᠮᠠᠲᠠᠭᠠᠢ ᠰᠢᠲᠠᠮᠠᠬᠠᠢ ᠮᠠᠲ᠋ᠧᠷᠢᠶᠠᠯ ᠤᠨ ᠣᠪᠣᠭᠠᠯᠠᠬᠤ ᠭᠠᠵᠠᠷ ᠤᠨ ᠲᠣᠬᠢᠷᠠᠭᠤᠯᠤᠯᠲᠠ ᠨᠢ ᠳᠣᠣᠷᠠᠬᠢ | ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠄ | ︵ᠨᠢᠭᠡ︶ ᠬᠠᠷᠢᠴᠠᠩᠭᠤᠢ ᠲᠤᠰᠠᠭᠠᠷᠯᠠᠭᠰᠠᠨ ᠠᠮᠤᠷ ᠲᠦᠪᠰᠢᠨ ᠤ ᠣᠷᠣᠨ ᠪᠦᠰᠡ ᠳᠤ ᠪᠤᠶᠤ ᠠᠶᠢᠯ | ᠲᠣᠰᠬᠤᠨ ᠤ ᠵᠠᠬ᠎ᠠ ᠬᠥᠪᠡᠭᠡ ᠪᠠᠷ ᠲᠣᠬᠢᠷᠠᠭᠤᠯᠪᠠᠯ ᠵᠣᠬᠢᠰᠲᠠᠢ︔ | ︵ᠬᠤᠶᠠᠷ︶ ᠵᠠᠮ᠂ ᠣᠶᠢᠲᠤ ᠭᠠᠵᠠᠷ ᠢ ᠡᠵᠡᠯᠡᠨ ᠬᠡᠷᠡᠭᠯᠡᠬᠦ ᠶᠢ ᠴᠠᠭᠠᠵᠠᠯᠠᠨ᠎ᠠ︔ ᠣᠪᠣᠭᠠᠯᠠᠬᠤ ᠭᠠᠵᠠᠷ ᠲᠤ | ᠮᠠᠰᠢᠨ ᠲᠡᠷᠭᠡ ᠬᠥᠰᠬᠡ ᠵᠣᠭᠰᠤᠭᠠᠬᠤ᠂ ᠰᠡᠯᠪᠢᠨ ᠵᠠᠰᠠᠬᠤ ᠶᠢ ᠴᠠᠭᠠᠵᠠᠯᠠᠨ᠎ᠠ︔ | ︵ᠭᠤᠷᠪᠠ︶ ᠡᠰᠢ ᠰᠦᠷᠡᠯ ᠢ ᠶᠡᠭᠡ ᠬᠡᠮᠵᠢᠶ᠎ᠡ ᠪᠠᠷ ᠠᠶᠢᠯ ᠲᠣᠰᠬᠤᠨ ᠡᠷᠦᠬᠡ ᠳᠤ ᠣᠷᠣᠭᠤᠯᠵᠤ ᠪᠣᠯᠬᠤ | ᠦᠭᠡᠢ᠂ ᠦᠢᠯᠡᠳᠪᠦᠷᠢᠯᠡᠯ᠂ ᠠᠮᠢᠳᠤᠷᠠᠯ ᠤᠨ ᠪᠠᠷᠢᠯᠭ᠎ᠠ ᠶᠢᠨ ᠬᠠᠵᠠᠭᠤ ᠬᠠᠪᠢ ᠪᠠᠷ ᠨᠥᠭᠡᠴᠡᠯᠡᠨ ᠬᠠᠳᠠᠭᠠᠯᠠᠵᠤ ᠪᠣᠯᠬᠤ | ᠦᠭᠡᠢ᠂ ᠴᠠᠬᠢᠯᠭᠠᠨ ᠬᠦᠴᠦᠨ ᠤ ᠳᠡᠭᠦᠵᠢᠯᠡᠭᠦᠷ ᠤᠲᠠᠰᠤ᠂ ᠬᠦᠴᠦᠳᠡᠯ ᠬᠤᠪᠢᠷᠠᠭᠠᠭᠴᠢ ᠶᠢᠨ ᠳᠣᠣᠷ᠎ᠠ ᠣᠪᠣᠭᠠᠯᠠᠨ | ᠲᠠᠯᠪᠢᠵᠤ ᠪᠣᠯᠬᠤ ᠦᠭᠡᠢ︔ | ︵ᠳᠥᠷᠪᠡ︶ ᠰᠢᠲᠠᠮᠠᠬᠠᠢ ᠮᠠᠲ᠋ᠧᠷᠢᠶᠠᠯ ᠣᠪᠣᠭᠠᠯᠠᠬᠤ ᠭᠠᠵᠠᠷ ᠤᠨ ᠡᠷᠭᠢᠨ ᠲᠣᠭᠤᠷᠢᠨ ᠤ ᠪᠠᠷᠢᠯᠭ᠎ᠠ ᠳᠤ | ᠬᠤᠯᠠᠩ ᠤᠨ ᠳᠡᠭᠡᠷ᠎ᠡ ᠨᠢ ᠭᠠᠯ ᠠᠴᠠ ᠰᠡᠷᠭᠡᠶᠢᠯᠡᠬᠦ ᠮᠠᠯᠠᠭᠠᠢ ᠲᠠᠭᠠᠷᠠᠭᠤᠯᠬᠤ ᠵᠡᠷᠭᠡ ᠭᠠᠯ ᠤᠨ ᠣᠴᠢ ᠦᠰᠦᠷᠦᠨ | ᠭᠠᠷᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ︔ | ︵ᠲᠠᠪᠤ︶ ᠲᠠᠷᠢᠶᠠᠴᠢᠨ ᠮᠠᠯᠴᠢᠨ ᠤ ᠬᠦᠷᠢᠶ᠎ᠡ ᠬᠠᠰᠢᠶᠠᠨ ᠳᠤ ᠣᠪᠣᠭᠠᠯᠠᠨ ᠲᠠᠯᠪᠢᠭᠰᠠᠨ ᠪᠠᠭ᠎ᠠ ᠬᠡᠮᠵᠢᠶᠡᠨ ᠤ | ᠲᠦᠯᠡᠭᠡ ᠡᠪᠡᠰᠦ᠂ ᠲᠡᠵᠢᠭᠡᠯ ᠪᠣᠷᠳᠤᠭ᠎ᠠ ᠵᠡᠷᠭᠡ ᠪᠠ ᠪᠠᠷᠢᠯᠭ᠎ᠠ ᠶᠢᠨ ᠬᠤᠭᠤᠷᠣᠨᠳᠤ ᠭᠠᠯ ᠠᠴᠠ ᠰᠡᠷᠭᠡᠶᠢᠯᠡᠵᠦ | ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠲᠠᠷᠢᠶᠠᠯᠠᠬᠤ ᠮᠠᠯᠵᠢᠬᠤ ᠣᠷᠣᠨ ᠤ ᠪᠢᠲᠡᠭᠦᠦ ᠮᠠᠶ᠋ᠢᠭ ᠤᠨ ᠮᠠᠯ ᠤᠨ | ᠰᠠᠷᠠᠪᠴᠢ ᠶᠢ ᠠᠰᠲᠠᠭᠠᠨ ᠪᠠᠶᠢᠭᠤᠯᠤᠨ ᠪᠠᠷᠢᠬᠤ ᠶᠢᠨ ᠬᠠᠮᠲᠤ ᠳᠣᠣᠷᠠᠬᠢ ᠲᠣᠭᠲᠠᠭᠠᠯ ᠳᠤ ᠨᠡᠶᠢᠴᠡᠭᠦᠯᠬᠦ ᠬᠡᠷᠡᠭᠲᠡᠢ᠄ | ︵ᠨᠢᠭᠡ︶ ᠭᠠᠯ ᠳᠠᠭᠠᠭᠠᠮᠠᠭᠠᠢ ᠵᠡᠷᠭᠡ ᠳᠡᠰ ᠨᠢ ᠭᠤᠷᠪᠠᠳᠤᠭᠠᠷ ᠳᠡᠰ ᠠᠴᠠ ᠳᠣᠣᠷ᠎ᠠ ᠪᠠᠶᠢᠵᠤ ᠪᠣᠯᠬᠤ ᠦᠭᠡᠢ᠂ | ᠨᠢᠭᠡᠨᠲᠡ ᠪᠠᠶᠢᠭᠤᠯᠤᠨ ᠪᠠᠷᠢᠭᠰᠠᠨ ᠭᠤᠷᠪᠠᠳᠤᠭᠠᠷ ᠳᠡᠰ ᠠᠴᠠ ᠳᠣᠣᠷ᠎ᠠ ᠪᠠᠶᠢᠬᠤ ᠰᠠᠷᠠᠪᠴᠢ ᠬᠠᠰᠢᠶ᠎ᠠ ᠶᠢ ᠠᠯᠬᠤᠮ | ᠳᠠᠷᠠᠭᠠᠯᠠᠨ ᠥᠭᠡᠷᠡᠴᠢᠯᠡᠨ ᠰᠢᠨᠡᠳᠬᠡᠬᠦ ᠬᠡᠷᠡᠭᠲᠡᠢ︔ | ︵ᠬᠤᠶᠠᠷ︶ ᠴᠠᠬᠢᠯᠭᠠᠨ ᠬᠡᠯᠬᠢᠶᠡᠨ ᠤ ᠤᠲᠠᠰᠤ ᠳᠡᠪᠢᠰᠬᠦ ᠳᠤ ᠦᠯᠦ ᠰᠢᠲᠠᠬᠤ ᠬᠤᠭᠤᠯᠠᠢ ᠭᠤᠤᠷᠰᠤ ᠪᠠᠷ | ᠨᠠᠪᠲᠠᠷᠡᠭᠦᠯᠵᠦ᠂ ᠲᠡᠭᠦᠨ ᠤ ᠭᠡᠷᠡᠯᠲᠦᠭᠦᠯᠬᠦ ᠳ᠋ᠧᠩ ᠤᠨ ᠬᠡᠷᠡᠭᠰᠡᠯ ᠢ ᠪᠠᠲᠤ ᠪᠠᠬᠢ ᠤᠭᠰᠠᠷᠠᠭᠤᠯᠤᠨ ᠲᠠᠭᠠᠷᠠᠭᠤᠯᠬᠤ | ᠬᠡᠷᠡᠭᠲᠡᠢ︔ | ︵ᠭᠤᠷᠪᠠ︶ ᠰᠢᠭᠤᠳ ᠭᠠᠳᠠᠭᠰᠢ ᠬᠠᠨᠳᠤᠭᠤᠯᠤᠭᠰᠠᠨ ᠠᠮᠤᠷ ᠲᠦᠪᠰᠢᠨ ᠭᠠᠷᠬᠤ ᠡᠭᠦᠳᠡ ᠲᠣᠬᠢᠷᠠᠭᠤᠯᠵᠤ᠂ | ᠬᠡᠷᠴᠢᠮᠡᠯ ᠡᠪᠡᠰᠦ᠂ ᠲᠡᠵᠢᠭᠡᠯ ᠪᠣᠷᠳᠣᠭᠠᠨ ᠤ ᠥᠷᠥᠭᠡ ᠵᠢᠴᠢ ᠲᠡᠵᠢᠭᠡᠭᠴᠢ ᠶᠢᠨ ᠪᠠᠶᠢᠷᠢ ᠶᠢ ᠬᠠᠰᠢᠶ᠎ᠠ ᠰᠠᠷᠠᠪᠴᠢ ᠲᠠᠢ | ᠰᠠᠯᠭᠠᠨ ᠲᠣᠬᠢᠷᠠᠭᠤᠯᠬᠤ ᠬᠡᠷᠡᠭᠲᠡᠢ᠂ ᠦᠨᠡᠬᠡᠷ ᠬᠠᠷᠢᠯᠴᠠᠨ ᠵᠠᠯᠭᠠᠯᠳᠤᠭᠤᠯᠬᠤ ᠴᠢᠬᠤᠯᠠ ᠲᠠᠢ ᠦᠶ᠎ᠡ ᠳᠤ ᠭᠠᠯ ᠠᠴᠠ | ᠰᠡᠷᠭᠡᠶᠢᠯᠡᠵᠦ ᠵᠠᠭᠠᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠲᠣᠭᠤᠭᠠᠨ ᠭᠡᠷ ᠤᠨ ᠵᠤᠤᠬ᠎ᠠ ᠶᠢᠨ ᠠᠰ | ᠳᠡᠭᠡᠷ᠎ᠡ 1.5 ᠮᠧᠳ᠋ᠷ ᠤᠨ ᠬᠡᠪᠴᠢᠶᠡᠨ ᠳᠤ ᠰᠢᠲᠠᠮᠠᠬᠠᠢ ᠪᠣᠳᠠᠰ ᠪᠠᠶᠢᠯᠭᠠᠵᠤ ᠪᠣᠯᠬᠤ ᠦᠭᠡᠢ᠃ ᠫᠢᠰᠢᠩ᠂ ᠬᠠᠨᠵᠤ᠂ | ᠬᠤᠯᠠᠩ ᠢ ᠲᠣᠭᠲᠠᠭᠰᠠᠨ ᠬᠤᠭᠤᠴᠠᠭ᠎ᠠ ᠲᠠᠢ ᠪᠠᠷ ᠴᠡᠪᠡᠷᠯᠡᠨ ᠨᠠᠪᠲᠠᠷᠡᠭᠦᠯᠵᠦ᠂ ᠲᠣᠭᠤᠰᠬ᠎ᠠ ᠪᠠᠷ ᠦᠷᠦᠵᠦ ᠪᠠᠷᠢᠭᠰᠠᠨ | ᠬᠤᠯᠠᠩ ᠤᠨ ᠳᠣᠲᠣᠭᠠᠳᠤ ᠬᠠᠨ᠎ᠠ ᠪᠠ ᠰᠢᠲᠠᠮᠠᠬᠠᠢ ᠪᠣᠳᠠᠰ ᠤᠨ ᠬᠤᠭᠤᠷᠣᠨᠳᠤᠬᠢ ᠵᠠᠢ ᠶᠢ 240 ᠮᠢᠯᠢᠮᠧᠳ᠋ᠷ ᠠᠴᠠ | ᠪᠠᠭ᠎ᠠ ᠪᠠᠶᠢᠯᠭᠠᠵᠤ ᠪᠣᠯᠬᠤ ᠦᠭᠡᠢ᠂ ᠲᠡᠮᠦᠷᠯᠢᠭ ᠢᠶᠠᠷ ᠬᠢᠭᠰᠡᠨ ᠬᠤᠯᠠᠩ ᠪᠠ ᠰᠢᠲᠠᠮᠠᠬᠠᠢ ᠪᠣᠳᠠᠰ ᠤᠨ ᠬᠤᠭᠤᠷᠣᠨᠳᠤᠬᠢ | ᠵᠠᠢ ᠶᠢ 700 ᠮᠢᠯᠢᠮᠧᠳ᠋ᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃ | ᠭᠤᠴᠢᠨ ᠵᠢᠷᠭᠤᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠬᠦᠷᠢᠶ᠎ᠡ ᠬᠡᠪᠴᠢᠶᠡᠨ ᠳᠠᠬᠢ ᠨᠢᠭᠡᠴᠢ ᠪᠤᠶᠤ | ᠬᠤᠪᠢ ᠬᠥᠮᠥᠨ ᠳᠣᠣᠷᠠᠬᠢ ᠦᠢᠯᠡ ᠠᠵᠢᠯᠯᠠᠭ᠎ᠠ ᠲᠠᠢ ᠪᠠᠶᠢᠬᠤ ᠶᠢ ᠴᠠᠭᠠᠵᠠᠯᠠᠨ᠎ᠠ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠪᠠ ᠭᠠᠯ ᠠᠴᠠ ᠰᠡᠷᠭᠡᠶᠢᠯᠡᠬᠦ | ᠲᠡᠮᠳᠡᠭ ᠢ ᠳᠤᠷ᠎ᠠ ᠪᠠᠷ ᠪᠤᠯᠠᠵᠤ ᠳᠠᠷᠤᠬᠤ᠂ ᠬᠦᠷᠢᠶᠡᠯᠡᠨ ᠡᠵᠡᠯᠡᠬᠦ᠂ ᠡᠪᠳᠡᠨ ᠰᠦᠢᠳᠬᠡᠬᠦ᠂ ᠨᠤᠷᠠᠭᠠᠵᠤ ᠬᠠᠶᠠᠬᠤ᠂ | ᠬᠡᠷᠡᠭᠯᠡᠬᠦ ᠪᠠᠨ ᠵᠣᠭᠰᠣᠬᠤ ᠶᠢ ᠴᠠᠭᠠᠵᠠᠯᠠᠨ᠎ᠠ︔ | ︵ᠬᠤᠶᠠᠷ︶ ᠲᠦᠷ ᠴᠠᠭ ᠤᠨ ᠭᠡᠷ ᠪᠠᠷᠢᠯᠭ᠎ᠠ ︵ᠪᠠᠷᠢᠯᠭ᠎ᠠ ᠶᠢᠨ ᠵᠦᠢᠯᠡᠰ︶ ᠶᠢ ᠪᠠᠷᠢᠵᠤ ᠪᠣᠰᠬᠠᠬᠤ ᠵᠢᠴᠢ | ᠲᠦᠯᠡᠭᠡ ᠡᠪᠡᠰᠦ ᠵᠡᠷᠭᠡ ᠥᠯᠥᠭ ᠡᠳ᠋ ᠣᠪᠣᠭᠠᠯᠠᠨ ᠲᠠᠯᠪᠢᠬᠤ ᠦᠶ᠎ᠡ ᠳᠤ ᠭᠠᠯ ᠠᠴᠠ ᠰᠡᠷᠭᠡᠶᠢᠯᠡᠬᠦ ᠵᠠᠢ ᠶᠢ ᠡᠵᠡᠯᠡᠨ | ᠬᠡᠷᠡᠭᠯᠡᠬᠦ ᠪᠤᠶᠤ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠢ ᠬᠠᠰᠢᠵᠤ ᠪᠥᠭᠯᠡᠬᠦ ᠶᠢ ᠴᠠᠭᠠᠵᠠᠯᠠᠨ᠎ᠠ︔ | ︵ᠭᠤᠷᠪᠠ︶ ᠲᠠᠪᠤᠳᠤᠭᠠᠷ ᠳᠡᠰ ᠠᠴᠠ ᠳᠡᠭᠡᠭᠰᠢᠬᠢ ᠶᠡᠭᠡ ᠰᠠᠯᠬᠢ ᠲᠠᠢ ᠡᠳᠦᠷ ᠭᠡᠷ ᠤᠨ ᠭᠠᠳᠠᠨ᠎ᠠ ᠲᠠᠮᠠᠬᠢ | ᠲᠠᠲᠠᠬᠤ᠂ ᠬᠤᠭ ᠨᠣᠪᠰᠢ ᠰᠢᠲᠠᠭᠠᠬᠤ ᠶᠢ ᠴᠠᠭᠠᠵᠠᠯᠠᠨ᠎ᠠ︔ ᠴᠤᠷᠮᠠᠳᠠᠬᠤ᠂ ᠳᠡᠭᠳᠡᠭᠦᠷ ᠳ᠋ᠧᠩᠯᠦ ᠲᠠᠯᠪᠢᠬᠤ ᠶᠢ | ᠴᠠᠭᠠᠵᠠᠯᠠᠨ᠎ᠠ︔ ᠦᠯᠡᠳᠡᠪᠦᠷᠢ ᠭᠠᠯ ᠢ ᠤᠷᠢᠳ ᠢᠶᠠᠷ ᠴᠡᠪᠡᠷᠯᠡᠬᠦ ᠦᠭᠡᠢ ᠪᠠᠷ ᠴᠤᠴᠠᠯᠢ ᠪᠣᠯᠣᠨ ᠲᠣᠪᠷᠠᠭ ᠵᠡᠷᠭᠡ ᠶᠢ | ᠴᠢᠣᠬᠤᠬᠤ ᠶᠢ ᠴᠠᠭᠠᠵᠠᠯᠠᠨ᠎ᠠ︔ | ︵ᠳᠥᠷᠪᠡ︶ ᠰᠢᠩᠭᠡᠵᠢᠯ ᠴᠢᠯᠠᠭᠤᠨ ᠲᠣᠰᠣᠨ ᠤ ᠰᠢᠲᠠᠮᠠᠬᠠᠢ ᠬᠡᠢ ᠶᠢᠨ ᠪᠣᠯᠣᠳ ᠯᠣᠩᠬᠤ ᠵᠢᠴᠢ ᠰᠢᠲᠠᠮᠠᠬᠠᠢ | ᠬᠡᠢ ᠶᠢᠨ ᠲᠣᠭᠤᠭ᠎ᠠ ᠲᠤᠯᠭ᠎ᠠ ᠶᠢ ᠳᠤᠷ᠎ᠠ ᠪᠠᠷ ᠢᠶᠠᠨ ᠵᠠᠳᠠᠯᠤᠨ ᠵᠠᠰᠠᠬᠤ ᠶᠢ ᠴᠠᠭᠠᠵᠠᠯᠠᠨ᠎ᠠ᠂ ᠰᠢᠩᠭᠡᠵᠢᠯ ᠤᠨ ᠴᠢᠯᠠᠭᠤᠨ | ᠲᠣᠰᠣᠨ ᠤ ᠰᠢᠲᠠᠮᠠᠬᠠᠢ ᠬᠡᠢ ᠶᠢᠨ ᠪᠣᠯᠣᠳ ᠯᠣᠩᠬᠤ ᠶᠢᠨ ᠦᠯᠡᠳᠡᠪᠦᠷᠢ ᠰᠢᠩᠭᠡᠨ ᠢ ᠴᠢᠳᠬᠤᠬᠤ ᠶᠢ ᠴᠠᠭᠠᠵᠠᠯᠠᠨ᠎ᠠ︔ | ︵ᠲᠠᠪᠤ︶ ᠥᠷᠥᠭᠡ ᠲᠠᠰᠤᠭ᠂ ᠬᠦᠷᠢᠶ᠎ᠡ ᠬᠠᠰᠢᠶ᠎ᠠ ᠳᠤ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠢ | ᠬᠠᠳᠠᠭᠠᠯᠠᠵᠤ ᠲᠠᠯᠪᠢᠬᠤ ᠪᠠ ᠦᠢᠯᠡᠳᠪᠦᠷᠢᠯᠡᠬᠦ ᠶᠢ ᠴᠠᠭᠠᠵᠠᠯᠠᠨ᠎ᠠ︔ | ︵ᠵᠢᠷᠭᠤᠭ᠎ᠠ︶ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠬᠠᠳᠠᠭᠠᠯᠠᠨ ᠲᠠᠯᠪᠢᠬᠤ ᠭᠠᠵᠠᠷ ᠪᠠ | ᠲᠦᠯᠡᠭᠡ ᠡᠪᠡᠰᠦ᠂ ᠲᠡᠵᠢᠭᠡᠯ ᠡᠪᠡᠰᠦ ᠣᠪᠣᠭᠠᠯᠠᠨ ᠲᠠᠯᠪᠢᠬᠤ ᠭᠠᠵᠠᠷ ᠤᠨ ᠣᠶᠢᠷ᠎ᠠ ᠬᠠᠪᠢ ᠪᠠᠷ ᠬᠤᠸᠠᠷ ᠫᠤᠤᠵᠢᠩ | ᠲᠠᠯᠪᠢᠬᠤ᠂ ᠲᠠᠮᠠᠬᠢ ᠲᠠᠲᠠᠬᠤ᠂ ᠭᠠᠯ ᠬᠡᠷᠡᠭᠯᠡᠬᠦ ᠶᠢ ᠴᠠᠭᠠᠵᠠᠯᠠᠨ᠎ᠠ᠃ | ᠭᠤᠴᠢᠨ ᠳᠣᠯᠣᠳᠤᠭᠠᠷ ᠵᠦᠢᠯ ᠲᠠᠷᠢᠶᠠᠯᠠᠩ ᠤᠨ ᠬᠤᠷᠢᠶᠠᠯᠲᠠ ᠶᠢᠨ ᠤᠯᠠᠷᠢᠯ᠂ ᠣᠢ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠡᠷ ᠠᠴᠠ ᠰᠡᠷᠭᠡᠶᠢᠯᠡᠬᠦ ᠤᠯᠠᠷᠢᠯ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠵᠢᠴᠢ | ᠨᠠᠭᠠᠳᠤᠮ ᠤᠨ ᠬᠤᠷᠠᠯ ᠵᠡᠷᠭᠡ ᠴᠢᠬᠤᠯᠠ ᠠᠵᠢᠯᠯᠠᠭᠠᠨ ᠤ ᠬᠤᠭᠤᠴᠠᠭᠠᠨ ᠳᠤ᠂ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠢᠵᠦ᠂ ᠬᠠᠨᠳᠤᠯᠭᠠᠲᠤ ᠴᠢᠨᠠᠷᠲᠠᠢ ᠭᠠᠯ | ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠥᠷᠨᠢᠭᠦᠯᠵᠦ᠂ ᠭᠠᠯ ᠤᠨ ᠠᠶᠤᠯ ᠢ ᠰᠡᠷᠭᠡᠶᠢᠯᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠨ᠎ᠠ᠃ | ᠭᠤᠴᠢᠨ ᠨᠠᠢᠮᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠳᠤ ᠳ᠋ᠧᠩᠯᠦ ᠶᠢᠨ ᠬᠤᠷᠠᠯ᠂ ᠰᠦᠮ᠎ᠡ ᠶᠢᠨ | ᠴᠤᠭᠯᠠᠭᠠᠨ᠂ ᠤᠷᠠᠨ ᠰᠠᠶᠢᠬᠠᠨ ᠤ ᠲᠣᠭᠯᠠᠯᠲᠠ ᠵᠡᠷᠭᠡ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ | ᠠᠵᠢᠯᠯᠠᠭᠠᠨ ᠶᠠᠪᠤᠭᠳᠠᠭᠤᠯᠬᠤ ᠳᠤ᠂ ᠭᠤᠣᠯᠯᠠᠨ ᠡᠷᠬᠢᠯᠡᠭᠰᠡᠨ ᠨᠢᠭᠡᠴᠢ ᠨᠢ ᠬᠠᠤᠯᠢ ᠶᠣᠰᠣᠭᠠᠷ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠠᠮᠤᠷ ᠲᠦᠪᠰᠢᠨ ᠤ ᠵᠥᠪᠰᠢᠶᠡᠷᠡᠯ ᠭᠤᠶᠤᠴᠢᠯᠠᠨ᠂ ᠭᠠᠯ ᠤᠨᠲᠠᠷᠠᠭᠠᠬᠤ ᠪᠠ ᠪᠠᠴᠢᠮ | ᠪᠠᠶᠢᠳᠠᠯ ᠢ ᠠᠷᠭᠠᠴᠠᠭᠠᠵᠤ ᠲᠠᠷᠬᠠᠭᠠᠵᠤ ᠶᠠᠪᠤᠭᠤᠯᠬᠤ ᠶᠢᠨ ᠪᠡᠯᠡᠳᠬᠡᠯ ᠲᠥᠰᠥᠯ ᠢ ᠲᠣᠭᠲᠠᠭᠠᠵᠤ᠂ ᠭᠠᠯ ᠰᠡᠷᠭᠡᠶᠢᠯᠡᠵᠦ | ᠤᠨᠲᠠᠷᠠᠭᠠᠬᠤ ᠶᠢ ᠬᠠᠮᠢᠶᠠᠷᠬᠤ ᠠᠵᠢᠯᠲᠠᠨ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠵᠤ᠂ ᠲᠠᠷᠬᠠᠭᠠᠵᠤ | ᠶᠠᠪᠤᠭᠤᠯᠬᠤ ᠶᠢᠨ ᠵᠠᠮ᠂ ᠠᠮᠤᠷ ᠲᠦᠪᠰᠢᠨ ᠭᠠᠷᠬᠤ ᠡᠭᠦᠳᠡ ᠪᠠ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ | ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠭᠤᠣᠯᠯᠠᠨ ᠡᠷᠬᠢᠯᠡᠭᠰᠡᠨ ᠨᠢᠭᠡᠴᠢ ᠦᠭᠡᠢ ᠪᠣᠯ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠠᠵᠢᠯᠯᠠᠭᠠᠨ ᠶᠠᠪᠤᠭᠤᠯᠤᠭᠰᠠᠨ ᠭᠠᠵᠠᠷ ᠤᠨ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠠᠴᠠ ᠬᠠᠷᠢᠭᠤᠴᠠᠨ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢ ᠶᠢᠰᠦᠳᠦᠭᠡᠷ ᠵᠦᠢᠯ ᠲᠣᠰ ᠲᠣᠭᠲᠠᠭᠠᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ | ᠦᠰᠦᠭ ︹2006︺ 389 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | | |