ᠰᠤᠷᠭᠠᠨ ᠬᠥᠮᠦᠵᠢᠯ ᠤᠨ ᠦᠨᠡᠯᠡᠯᠲᠡ ᠪᠣᠯ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠭᠯᠡᠯ ᠳᠤ | ᠬᠤᠯᠪᠣᠭᠳᠠᠨ᠎ᠠ᠃ 2020 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠪᠠ᠃ 3 ᠵᠢᠯ ᠤᠨ ᠲᠤᠷᠰᠢ᠂ | ᠳᠦᠪ ᠤᠨ ᠰᠤᠷᠭᠠᠨ ᠬᠥᠮᠥᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭᠡᠴᠢ ᠶᠢᠨ | ᠳᠤᠭᠤᠶᠢᠯᠠᠩ᠂ ᠰᠤᠷᠭᠠᠨ ᠬᠥᠮᠥᠵᠢᠯ ᠤᠨ ᠶᠠᠮᠤᠨ ᠬᠤᠯᠪᠣᠭᠳᠠᠯ ᠪᠦᠭᠦᠢ ᠡᠲᠡᠭᠡᠳ ᠤᠨ ᠬᠢᠨ ᠲᠠᠢ ᠬᠠᠮᠲᠤᠷᠠᠨ | ᠢᠲᠠᠪᠭᠢᠲᠠᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠣᠢᠭᠡᠷᠠᠴᠢᠯᠠᠯᠲᠠ ᠪᠠ ᠰᠢᠨ᠎ᠡ ᠶᠢ | ᠡᠭᠦᠳᠬᠦ ᠶᠢ ᠭᠦᠨᠵᠡᠭᠡᠢ ᠠᠬᠢᠭᠤᠯᠵᠤ᠂ ᠰᠤᠷᠭᠠᠨ ᠬᠦᠢᠮᠣᠵᠢᠯ ᠤᠨ ᠣᠢᠨᠠᠯᠠᠯᠲᠠ ᠶᠢᠨ ᠣᠢᠭᠡᠷᠠᠴᠢᠯᠠᠯᠲᠠ ᠶᠢᠨ ᠠᠵᠢᠯ | ᠱᠠᠲᠤᠴᠢ ᠴᠢᠨᠠᠷᠲᠠᠢ ᠣᠢᠷ᠎ᠠ ᠪᠥᠲᠦᠮᠵᠢ ᠣᠯᠪᠠ᠃ ᠬᠠᠮᠲᠤ ᠳᠤ ᠪᠠᠨ ᠣᠶᠢᠯᠠᠭᠠᠵᠠᠭᠠᠶ᠎ᠠ - | ᠰᠤᠷᠭᠠᠨ ᠬᠥᠮᠦᠵᠢᠯ ᠤᠨ ᠦᠨᠡᠯᠡᠯᠲᠡ ᠨᠢ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠭᠯᠡᠯ ᠳᠤ | ᠬᠤᠯᠪᠣᠭᠳᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠲᠠᠢ | ᠬᠤᠯᠪᠣᠭᠳᠠᠨ᠎ᠠ᠃ ᠶᠠᠮᠠᠷ ᠦᠨᠡᠯᠡᠯᠲᠡ ᠶᠢᠨ ᠵᠢᠯᠣᠭᠤᠳᠤᠯᠭ᠎ᠠ ᠲᠠᠢ ᠪᠣᠯ ᠶᠠᠮᠠᠷ ᠰᠤᠷᠭᠠᠭᠤᠯᠢ ᠡᠷᠬᠢᠯᠡᠬᠦ ᠤᠳᠤᠷᠢᠳᠤᠮᠵᠢ | ᠪᠤᠢ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠪᠣᠯ ᠪᠠᠰᠠ ᠴᠤ ᠨᠢᠭᠡ | ᠵᠦᠢᠯ ᠤᠨ ᠳᠡᠯᠡᠬᠡᠢ ᠶᠢᠨ ᠴᠢᠨᠠᠷᠲᠠᠢ᠂ ᠲᠡᠦᠬᠡᠲᠦ ᠴᠢᠨᠠᠷᠲᠠᠢ᠂ ᠦᠢᠯᠡᠳᠦᠯᠭᠡ ᠶᠢᠨ ᠴᠢᠨᠠᠷᠲᠠᠢ ᠪᠡᠷᠬᠡ ᠠᠰᠠᠭᠤᠳᠠᠯ ᠮᠥᠨ᠃ | ᠬᠦᠴᠢᠷ ᠪᠡᠷᠬᠡᠰᠢᠶᠡᠯ ᠤᠨ ᠡᠮᠦᠨ᠎ᠡ ᠬᠠᠳᠠᠨ ᠵᠣᠷᠢᠭ ᠢᠶᠠᠨ ᠢᠯᠡᠷᠡᠭᠦᠯᠪᠡ | ᠶᠡᠷᠦᠩᠬᠡᠢ ᠱᠦᠵᠢ ᠰᠢ ᠶᠢᠨ ᠫᠢᠩ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠠᠢ᠃ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷ᠎ᠡ᠂ ᠲᠡᠷᠡ᠂ | ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠣᠰᠣ ᠰᠤᠷᠲᠠᠬᠤᠨ ᠢ ᠪᠣᠢ | ᠪᠣᠯᠭᠠᠵᠤ ᠬᠥᠮᠦᠨ ᠬᠥᠮᠦᠵᠢᠭᠦᠯᠬᠦ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠰᠢᠨᠵᠢᠯᠡᠬᠦ | ᠤᠬᠠᠭᠠᠨᠴᠢ ᠪᠤᠰᠤ ᠰᠤᠷᠭᠠᠨ ᠬᠥᠮᠦᠵᠢᠯ ᠤᠨ ᠦᠨᠡᠯᠡᠯᠲᠡ ᠶᠢᠨ ᠤᠳᠤᠷᠢᠳᠤᠮᠵᠢ ᠶᠢ ᠬᠤᠪᠢᠷᠠᠭᠤᠯᠵᠤ᠂ ᠬᠤᠪᠢ ᠶᠢ ᠯᠡ | ᠬᠥᠭᠡᠭᠡᠴᠡᠯᠳᠦᠬᠦ᠂ ᠰᠤᠷᠭᠠᠭᠤᠯᠢ ᠳᠡᠪᠰᠢᠬᠦ ᠶᠢ ᠯᠠ ᠬᠥᠭᠡᠭᠡᠴᠡᠯᠳᠦᠬᠦ᠂ ᠦᠨᠡᠮᠯᠡᠯ ᠢ ᠯᠠ ᠬᠥᠭᠡᠭᠡᠴᠡᠯᠳᠦᠬᠦ᠂ ᠥᠭᠦᠯᠡᠯ ᠢ | ᠯᠠ ᠬᠥᠭᠡᠭᠡᠴᠡᠯᠳᠦᠬᠦ᠂ ᠢᠷᠠᠭᠤ ᠠᠯᠳᠠᠷ ᠢ ᠯᠠ ᠬᠥᠭᠡᠭᠡᠴᠡᠯᠳᠦᠬᠦ ᠠᠷᠬᠠᠭ ᠭᠡᠮ ᠢ ᠡᠷᠡᠰ ᠲᠡᠪᠴᠢᠵᠦ᠂ ᠰᠤᠷᠭᠠᠨ | ᠬᠥᠮᠦᠵᠢᠯ ᠤᠨ ᠦᠨᠡᠯᠡᠯᠲᠡ ᠶᠢᠨ ᠳᠣᠬᠢᠭᠤᠷ ᠤᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ | ᠬᠡᠷᠡᠭᠲᠡᠢ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠠᠪᠤᠳᠤᠭᠠᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠰᠤᠷᠭᠠᠨ | ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠡᠰᠢᠵᠢᠭᠦᠯᠦᠭᠰᠡᠨ ᠪᠡᠶᠡᠴᠢ | ᠴᠣᠭᠴᠠ ᠣᠷᠣᠯᠴᠠᠭᠰᠠᠨ᠂ ᠮᠠᠨ ᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ ᠳᠡᠯᠡᠬᠡᠢ ᠶᠢᠨ ᠬᠢᠷᠢ | ᠲᠦᠪᠰᠢᠨ ᠪᠥᠬᠦᠢ ᠰᠤᠷᠭᠠᠨ ᠬᠥᠮᠦᠵᠢᠯ ᠤᠨ ᠦᠨᠡᠯᠡᠯᠲᠡ ᠶᠢᠨ ᠳᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠭᠡᠵᠦ | ᠭᠦᠨᠵᠡᠭᠡᠢ ᠵᠢᠭᠠᠵᠤ ᠭᠠᠷᠭᠠᠪᠠ᠃ | 2020 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ ᠲᠥᠰᠦᠯ︾ ︵ᠳᠣᠷᠣᠭᠰᠢ ︽ᠶᠡᠷᠦᠩᠬᠡᠢ ᠲᠥᠰᠦᠯ︾ ᠭᠡᠵᠦ | ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ︽ᠲᠠᠪᠤ ᠶᠢ ᠬᠥᠭᠡᠭᠡᠴᠡᠯᠳᠦᠬᠦ︾ ᠠᠷᠬᠠᠭ ᠭᠡᠮ ᠢ ᠢᠯᠠᠨ ᠳᠠᠪᠠᠭ᠋ᠤ ᠶᠢ | ᠰᠢᠰᠲ᠋ᠧᠮ ᠲᠠᠢ ᠪᠠᠶᠢᠷᠢᠯᠠᠭᠤᠯᠪᠠ᠃ ᠡᠨᠡ ᠪᠣᠯ ᠰᠢᠨ᠎ᠡ ᠳᠤᠮᠳᠠᠳᠤ ᠤᠯᠤᠰ ᠤᠨ ᠠᠩᠬᠠᠳᠠᠭᠴᠢ ᠰᠤᠷᠭᠠᠨ ᠬᠥᠮᠦᠵᠢᠯ ᠤᠨ | ᠦᠨᠡᠯᠡᠯᠲᠡ ᠶᠢ ᠰᠢᠰᠲ᠋ᠧᠮᠲᠡᠢ ᠥᠭᠡᠷᠡᠴᠢᠯᠡᠬᠦ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠃ | 3 ᠵᠢᠯ ᠤᠨ ᠲᠤᠷᠰᠢ᠂ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠨᠠᠷᠢᠨ ᠪᠢᠴᠢᠭ ᠤᠨ ᠳᠤᠭᠤᠶᠢᠯᠠᠩ᠂ ᠰᠤᠷᠭᠠᠨ ᠬᠥᠮᠦᠵᠢᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ᠂ ᠰᠢᠷᠢᠰ ︽ᠬᠠᠮ ᠨᠢᠳᠤᠷᠭ᠎ᠠ︾ ᠭᠠᠷᠭᠠᠵᠤ᠂ ︽ᠶᠡᠷᠦᠩᠬᠡᠢ ᠲᠥᠰᠦᠯ︾ ᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠪᠠ᠃ ᠲᠥᠪ ᠠᠴᠠ ᠣᠷᠣᠨ ᠨᠤᠲᠤᠭ᠂ ᠰᠤᠷᠤᠭᠴᠢ ᠠᠴᠠ ᠪᠠᠭᠰᠢ᠂ | ᠰᠤᠷᠭᠠᠭᠤᠯᠢ ᠠᠴᠠ ᠨᠡᠶᠢᠭᠡᠮ ᠬᠦᠷᠲᠡᠯ᠎ᠡ ︽ᠲᠠᠪᠤ ᠶᠢ ᠬᠥᠭᠡᠭᠡᠴᠡᠯᠳᠦᠬᠦ︾ ᠶᠢ ᠡᠪᠳᠡᠬᠦ ᠰᠤᠷᠭᠠᠨ ᠬᠥᠮᠦᠵᠢᠯ ᠤᠨ | ᠦᠨᠡᠯᠡᠯᠲᠡ ᠶᠢᠨ ᠥᠭᠡᠷᠡᠴᠢᠯᠡᠯᠲᠡ ᠶᠢᠨ ︽ᠬᠠᠲᠠᠭᠤ ᠳᠠᠶᠢᠯᠠᠯᠳᠤᠭᠠᠨ︾ ᠢ ᠪᠦᠬᠦ ᠲᠠᠯ᠎ᠠ ᠪᠠᠷ ᠡᠬᠢᠯᠡᠭᠦᠯᠪᠡ᠃ | ︽ᠲᠠᠪᠤ ᠶᠢ ᠬᠥᠭᠡᠭᠡᠴᠡᠯᠳᠦᠬᠦ︾ ᠶᠢ ᠠᠷᠢᠯᠭᠠᠵᠤ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠭᠠᠪᠠ | ︽ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠳᠤ ᠲᠠᠯᠠᠷᠬᠠᠵᠤ ᠪᠠᠶᠢᠨ᠎ᠠ᠂ ᠪᠢ ᠰᠢᠶᠠᠨ ᠤ | ᠱᠠᠩᠨᠠᠯ ᠠᠪᠬᠤ ᠲᠠᠪᠴᠠᠩ ᠳᠡᠭᠡᠷ᠎ᠡ ᠵᠣᠭᠰᠣᠬᠤ ᠲᠣᠬᠢᠶᠠᠯ ᠲᠠᠢ ᠪᠣᠯᠵᠠᠢ︕︾ ᠬᠤᠨᠠᠨ ᠮᠤᠵᠢ ᠶᠢᠨ ᠶᠤᠸᠡᠢ ᠶᠠᠩ | ᠬᠤᠲᠠ ᠶᠢᠨ ᠫᠢᠩ ᠵᠢᠶᠠᠩ ᠰᠢᠶᠠᠨ ᠤ 2022 ᠣᠨ ᠤ ᠰᠠᠭᠤᠷᠢ ᠰᠤᠷᠭᠠᠨ ᠬᠥᠮᠦᠵᠢᠯ ᠤᠨ ᠠᠵᠢᠯ ᠤᠨ ᠬᠤᠷᠠᠯ | ᠳᠡᠭᠡᠷ᠎ᠡ᠂ ᠲᠤᠰ ᠰᠢᠶᠠᠨ ᠤ ᠶᠢᠨ ᠫᠢᠩ ᠳᠤᠮᠳᠠᠳᠤ ᠰᠤᠷᠭᠠᠭᠤᠯᠢ ᠶᠢᠨ ᠵᠠᠬᠢᠷᠤᠯ ᠹᠠᠩ ᠱᠧᠩ ᠪᠢᠨ ᠰᠢᠯᠢᠳᠡᠭ | ᠨᠡᠶᠢᠲᠡᠯᠢᠭ ᠵᠢᠱᠢᠶᠡᠴᠢ ᠶᠢᠨ ᠬᠤᠪᠢ ᠪᠠᠷ ᠦᠭᠡ ᠬᠡᠯᠡᠪᠡ᠃ ᠡᠨᠡ ᠬᠦ ᠰᠤᠷᠭᠠᠭᠤᠯᠢ ᠡᠷᠬᠢᠯᠡᠬᠦ ᠨᠥᠬᠦᠴᠡᠯ᠂ ᠪᠠᠭᠰᠢ᠂ | ᠰᠤᠷᠤᠭᠴᠢ ᠶᠢᠨ ᠢᠷᠡᠯᠲᠡ ᠨᠢ ᠴᠥᠮ ᠬᠢᠵᠠᠭᠠᠷᠯᠠᠭᠳᠠᠭᠰᠠᠨ ᠬᠥᠳᠡᠭᠡ ᠲᠣᠰᠬᠤᠨ ᠤ ᠪᠤᠶᠢᠳᠠ ᠪᠥᠭᠯᠡᠭᠦᠦ ᠰᠤᠷᠭᠠᠭᠤᠯᠢ | ᠶᠠᠭᠠᠬᠢᠭᠠᠳ ︽ᠰᠢᠯᠢᠳᠡᠭ︾ ᠢᠶᠠᠷ ᠦᠨᠡᠯᠡᠭᠳᠡᠭᠰᠡᠨ ᠪᠥᠭᠡᠳ ᠱᠠᠩᠨᠠᠯ ᠣᠯᠭᠤᠬᠤ ᠲᠠᠪᠴᠠᠩ ᠳᠤ ᠭᠠᠷᠴᠤ ᠴᠢᠳᠠᠭᠰᠠᠨ | ᠪᠤᠢ︖ | ︽ᠥᠨᠥᠳᠦᠷ ᠤᠨ ᠫᠢᠩ ᠵᠢᠶᠠᠩ ᠳᠤ ᠬᠤᠪᠢ ᠶᠢ ᠯᠡ ᠬᠥᠭᠡᠭᠡᠴᠡᠯᠳᠦᠬᠦ ᠦᠵᠡᠭᠳᠡᠯ ᠦᠭᠡᠢ ᠪᠣᠯᠵᠠᠢ︾᠃ ᠫᠢᠩ | ᠵᠢᠶᠠᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠵᠠᠩ ᡁᠢ ᠰᠢᠨ᠂ 2021 ᠣᠨ ᠠᠴᠠ ᠡᠬᠢᠯᠡᠨ᠂ ᠫᠢᠩ ᠵᠢᠶᠠᠩ ᠰᠢᠶᠠᠨ ᠤ ᠨᠡᠶᠢᠭᠡᠮ ᠤᠨ | ᠡᠯ᠎ᠡ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠤᠯᠠᠮᠵᠢᠯᠠᠯᠲᠤ ᠵᠥᠪᠬᠡᠨ ︽ᠴᠢᠨᠠᠷ ᠴᠢᠨᠰᠠᠭ᠎ᠠ ᠪᠠᠷ | ᠬᠠᠮᠤᠭ ᠤᠨ ᠰᠠᠶᠢᠨ ᠰᠤᠷᠭᠠᠭᠤᠯᠢ ᠳᠤ ᠣᠷᠣᠬᠤ︾ ᠳᠤ ᠠᠩᠬᠠᠷᠤᠯ ᠬᠠᠨᠳᠤᠭᠤᠯᠵᠤ ᠪᠠᠶᠢᠭᠰᠠᠨ ᠠᠴᠠ ︽ᠬᠠᠮᠤᠭ ᠤᠨ | ᠶᠡᠭᠡ ᠳᠠᠪᠰᠢᠯᠲᠠ ᠲᠠᠢ ᠰᠤᠷᠭᠠᠭᠤᠯᠢ ᠳᠤ ᠣᠷᠣᠬᠤ︾ ᠲᠡᠶᠢᠰᠢ ᠠᠩᠬᠠᠷᠤᠯ ᠢᠶᠠᠨ ᠬᠠᠨᠳᠤᠭᠤᠯᠬᠤ ᠪᠣᠯᠪᠠ᠃ ᠶᠢᠨ | ᠫᠢᠩ ᠳᠤᠮᠳᠠᠳᠤ ᠰᠤᠷᠭᠠᠭᠤᠯᠢ ᠦᠢᠯᠡᠳᠦᠯᠭᠡ ᠶᠢᠨ ᠠᠵᠢᠯᠯᠠᠭᠠᠨ ᠤ ᠶᠠᠪᠤᠴᠠ ᠳᠤ ᠰᠤᠷᠤᠭᠴᠢᠳ ᠤᠨ ᠶᠡᠷᠦᠩᠬᠡᠶᠢᠯᠡᠭᠰᠡᠨ | ᠬᠡᠪ ᠴᠢᠨᠠᠷ ᠢ ᠬᠥᠭᠵᠢᠭᠦᠯᠵᠦ᠂ ᠰᠤᠷᠤᠭᠴᠢᠳ ︽ᠨᠢᠳᠦᠨ ᠳᠤ ᠦᠵᠡᠭᠳᠡᠬᠦ︾ ᠪᠣᠶᠢᠵᠢᠯᠲᠠ ᠪᠠᠷ ᠣᠯᠠᠨ᠋ ᠤ | ᠮᠠᠭᠲᠠᠭᠠᠯ ᠢ ᠣᠯᠪᠠ᠃ | ᠲᠥᠪ ᠬᠤᠷᠢᠶ᠎ᠠ ᠠᠴᠠ ︽ᠶᠡᠷᠦᠩᠬᠡᠢ ᠳᠦᠰᠣᠯ︾ ᠢ ᠨᠡᠶᠢᠲᠡᠯᠡᠨ᠂ ᠳᠦᠷᠤ ᠶᠢᠨ ᠪᠣᠳᠣᠯᠭ᠎ᠠ ᠶᠢᠨ ᠦᠷ᠎ᠡ | ᠪᠥᠲᠦᠮᠵᠢ ᠶᠢ ᠬᠠᠮᠤᠭ ᠤᠨ ᠡᠴᠦᠰ ᠲᠤ ᠶᠢᠨ ᠫᠢᠩ ᠮᠡᠲᠦ ᠶᠢᠨ ᠡᠶᠢᠮᠦᠷᠬᠦᠦ ᠦᠨᠳᠦᠰᠦᠨ ᠱᠠᠲᠤᠨ ᠤ ᠳᠤᠮᠳᠠᠳᠤ | ᠰᠤᠷᠭᠠᠭᠤᠯᠢ ᠳᠤ ᠪᠡᠶᠡᠯᠡᠭᠦᠯᠦᠭᠰᠡᠨ ᠨᠢ ︽ᠶᠡᠷᠦᠩᠬᠡᠢ ᠳᠦᠰᠣᠯ︾ ᠪᠣᠯ ᠨᠢᠭᠡᠨ ᠤᠳᠠᠭᠠᠨ ᠤ ᠪᠣᠭᠤᠮᠲᠠ ᠰᠢᠪᠲᠤᠯᠬᠤ | ᠲᠠᠶᠢᠯᠠᠯᠳᠤᠭᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠨᠢᠭᠡ ᠤᠳᠠᠭᠠᠨ ᠤ ᠨᠠᠩ ᠬᠦᠴᠢᠷ ᠪᠡᠷᠬᠡᠰᠢᠶᠡᠯᠲᠦ | ᠬᠠᠲᠠᠭᠤ ᠳᠠᠶᠢᠯᠠᠯᠳᠤᠭᠠᠨ ᠭᠡᠳᠡᠭ ᠢ ᠮᠡᠳᠡᠷᠡᠭᠦᠯᠪᠡ᠃ | ᠡᠨᠡ ᠪᠣᠯ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ | ᠠᠬᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ︽ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠨᠢ ᠡᠷᠴᠢᠮ ᠦᠭᠡᠢ᠂ ᠬᠡᠷᠡᠭᠵᠢᠭᠦᠯᠬᠦ ᠡᠷᠴᠢᠮ ᠳᠡᠰ ᠳᠡᠰ ᠪᠠᠷ ᠪᠠᠭᠤᠷᠠᠬᠤ ᠦᠵᠡᠭᠳᠡᠯ︾ ᠢ | ᠪᠦᠲᠦᠮᠵᠢᠲᠡᠢ ᠢᠯᠠᠨ ᠳᠠᠪᠠᠭ᠋ᠤ ︽ᠳᠠᠭᠠᠭᠤᠯᠤᠭᠴᠢ ᠳᠠᠶᠢᠯᠠᠯᠳᠤᠭᠠᠨ︾ ᠪᠣᠯᠪᠠ - | ᠠᠬᠢᠭᠤᠯᠬᠤ ᠬᠤᠷᠠᠯ ᠬᠢᠪᠡ᠃ ︽ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ | ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ᠂ | ᠰᠤᠷᠭᠠᠨ ᠬᠥᠮᠦᠵᠢᠯ ᠤᠨ ᠶᠠᠮᠤᠨ ᠬᠠᠮᠲᠤᠷᠠᠨ ᠪᠦᠬᠦ ᠤᠯᠤᠰ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ | ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠠᠯᠬᠤᠮ ᠳᠠᠷᠠᠭ᠎ᠠ ᠲᠠᠢ ᠠᠬᠢᠭᠤᠯᠬᠤ᠂ ᠨᠢᠭᠡᠳᠦᠯᠲᠡᠢ | ᠲᠥᠯᠥᠪᠯᠡᠨ ᠵᠣᠬᠢᠴᠠᠭᠤᠯᠬᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠰᠢᠪᠠᠳᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ | ᠪᠣᠯᠪᠠᠰᠤᠷᠠᠭᠤᠯᠵᠤ ᠰᠤᠳᠤᠯᠤᠨ ᠶᠠᠷᠢᠯᠴᠠᠬᠤ ᠠᠩᠭᠢ ᠡᠷᠬᠢᠯᠡᠪᠡ᠃ ᠲᠥᠪ ᠤᠨ ᠰᠤᠷᠭᠠᠨ ᠬᠥᠮᠦᠵᠢᠯ ᠤᠨ | ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ᠂ ᠰᠤᠷᠭᠠᠨ ᠬᠥᠮᠦᠵᠢᠯ ᠤᠨ ᠶᠠᠮᠤᠨ | ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠪᠦᠬᠦ ᠤᠯᠤᠰ ᠤᠨ ᠪᠣᠯᠪᠠᠰᠤᠷᠠᠭᠤᠯᠵᠤ ᠰᠤᠳᠤᠯᠤᠨ | ᠶᠠᠷᠢᠯᠴᠠᠬᠤ ᠠᠩᠭᠢ ᠶᠢ 3 ᠤᠳᠠᠭ᠎ᠠ ᠡᠷᠬᠢᠯᠡᠵᠦ᠂ ᠲᠥᠷᠥ ᠶᠢᠨ ᠪᠣᠳᠣᠯᠭ᠎ᠠ ᠶᠢ 160 ᠭᠠᠷᠤᠢ ᠲᠠᠯᠠᠪᠤᠷ ᠤᠬᠠᠭᠤᠯᠤᠨ | ᠲᠠᠶᠢᠯᠪᠤᠷᠢᠯᠠᠵᠠᠢ᠃ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠪᠡ᠃ ᠰᠤᠷᠭᠠᠨ ᠬᠥᠮᠦᠵᠢᠯ ᠤᠨ | ᠶᠠᠮᠤᠨ 6 ᠮᠤᠵᠢ ᠣᠷᠣᠨ ᠪᠠ 10 ᠶᠡᠭᠡ ᠳᠡᠭᠡᠳᠦ ᠰᠤᠷᠭᠠᠭᠤᠯᠢ ᠳᠤ ᠰᠤᠷᠭᠠᠨ ᠬᠥᠮᠦᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠨᠡᠭᠡᠭᠡᠵᠦ᠂ ᠤᠷᠢᠳ ᠬᠤᠵᠢᠳ 4 ᠤᠳᠠᠭ᠎ᠠ ᠲᠤᠷᠰᠢᠯᠲᠠ ᠶᠢᠨ | ᠴᠡᠭ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ 2023 ᠣᠨ ᠳᠤ ᠭᠤᠣᠯ ᠰᠡᠳᠦᠪᠲᠦ | ᠬᠥᠮᠦᠵᠢᠯ ᠲᠠᠢ ᠤᠶᠠᠯᠳᠤᠭᠤᠯᠤᠨ 16 ᠲᠤᠷᠰᠢᠯᠲᠠ ᠶᠢᠨ ᠴᠡᠭ ᠤᠨ ᠨᠢᠭᠡᠴᠢ ᠶᠢ ᠲᠤᠬᠠᠢ ᠶᠢᠨ ᠭᠠᠵᠠᠷ ᠲᠤ ᠨᠢ | ᠪᠠᠶᠢᠴᠠᠭᠠᠨ ᠰᠣᠳᠤᠯᠵᠤ᠂ ᠶᠠᠪᠤᠴᠠ ᠶᠢ ᠮᠥᠷᠳᠡᠬᠦ ᠪᠠ ᠵᠢᠯᠣᠭᠤᠳᠤᠨ ᠰᠢᠪᠠᠳᠠᠭᠤᠯᠬᠤ ᠶᠢ ᠴᠢᠩᠭᠠᠳᠬᠠᠨ᠂ | ᠦᠨᠳᠦᠰᠦᠨ ᠱᠠᠲᠤᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ︽ᠡᠬᠢ ᠡᠭᠦᠰᠦᠯ ᠠᠴᠠ ᠨᠢ ᠠᠮᠢᠳᠤᠯᠢᠭ | ᠪᠣᠯᠭᠠᠬᠤ︾ ᠦᠢᠯᠡᠳᠦᠯ ᠢ ᠬᠦᠴᠦᠯᠡᠨ ᠪᠠᠳᠠᠷᠠᠭᠤᠯᠪᠠ᠃ | ᠳᠡᠭᠡᠳᠦ ᠱᠠᠲᠤᠨ ᠤ ᠠᠬᠢᠭᠤᠯᠤᠯ ᠳᠣᠣᠷ᠎ᠠ᠂ ᠡᠯ᠎ᠡ ᠭᠠᠵᠠᠷ ᠤᠨ ᠬᠢᠨ ᠬᠤᠶᠢᠨ᠎ᠠ ᠬᠤᠶᠢᠨ᠎ᠠ ᠠᠴᠠ ᠪᠠᠨ | ᠬᠥᠳᠡᠯᠦᠯᠴᠡᠵᠦ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠡᠳᠦᠷ ᠲᠤᠲᠤᠮ ᠤᠨ ᠴᠢᠬᠤᠯᠠ | ᠵᠥᠪᠯᠡᠬᠦ ᠵᠦᠢᠯ ᠪᠠ ᠪᠣᠯᠪᠠᠰᠤᠷᠠᠯ ᠤᠨ ᠠᠭᠤᠯᠭ᠎ᠠ ᠳᠤ ᠣᠷᠣᠭᠤᠯᠪᠠ᠃ | ᠭᠤᠸᠠᠩᠳᠦ᠋ᠩ᠂ ᠱᠠᠨᠰᠢ ᠵᠡᠷᠭᠡ ᠭᠠᠵᠠᠷ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ | ᠮᠤᠵᠢ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠭᠤᠣᠯᠳᠠᠯᠭ᠎ᠠ ᠲᠠᠢ ᠡᠭᠦᠷᠭᠡ ᠪᠣᠯᠭᠠᠵᠤ᠂ ᠡᠯ᠎ᠡ ᠬᠤᠲᠠ ᠰᠢᠶᠠᠨ ᠤ ᠬᠠᠷᠠᠯᠲᠠ ᠪᠠ ᠬᠠᠷᠢᠭᠤᠴᠠᠯᠭ᠎ᠠ ᠶᠢ ᠬᠢᠨᠠᠨ | ᠰᠢᠯᠭᠠᠵᠤ᠂ ᠰᠤᠷᠭᠠᠨ ᠬᠥᠮᠦᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠦᠨᠡᠯᠡᠯᠲᠡ ᠳᠤ | ᠣᠷᠣᠭᠤᠯᠤᠨ᠂ ᠥᠭᠡᠷᠡᠴᠢᠯᠡᠯᠲᠡ ᠶᠢ ᠪᠣᠳᠠᠲᠠᠶᠢᠵᠢᠭᠤᠯᠬᠤ ᠶᠢ ᠠᠬᠢᠭᠤᠯᠪᠠ᠃ | ᠬᠤᠨᠠᠨ᠂ ᠶᠦᠨᠨᠠᠨ ᠵᠡᠷᠭᠡ ᠭᠠᠵᠠᠷ ᠣᠷᠣᠨ ᠶᠡᠷᠦᠩᠬᠡᠢ ᠲᠥᠰᠦᠯ ᠢ ᠰᠤᠷᠤᠯᠴᠠᠨ ᠲᠤᠭᠤᠰᠢᠯᠠᠭᠤᠯᠬᠤ | ᠶᠠᠪᠤᠳᠠᠯ ᠢ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ ᠺᠠᠳ᠋ᠷᠴᠤᠳ ᠢ ᠪᠣᠯᠪᠠᠰᠤᠷᠠᠭᠤᠯᠬᠤ ᠠᠭᠤᠯᠭ᠎ᠠ ᠳᠤ | ᠣᠷᠣᠭᠤᠯᠵᠤ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ 4 ᠲᠦᠮᠡ ᠰᠢᠬᠠᠮ | ᠬᠥᠮᠦᠨ ᠣᠷᠣᠯᠴᠠᠭᠰᠠᠨ ᠰᠦᠯᠵᠢᠶᠡᠨ ᠤ ᠪᠣᠯᠪᠠᠰᠤᠷᠠᠯ ᠢ ᠡᠷᠬᠢᠯᠡᠪᠡ᠃ | ᠯᠢᠶᠣᠤᠨᠢᠩ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠯ ᠢᠶᠠᠷ ᠳᠠᠮᠵᠢᠭᠤᠯᠤᠨ᠂ ᠮᠤᠵᠢ ᠶᠢᠨ | ᠳᠣᠲᠣᠭᠠᠳᠤ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠬᠦ ᠪᠦᠷᠢᠯᠳᠦᠬᠦᠨ ᠨᠢᠭᠡᠴᠢ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠦᠬᠦ ᠺᠠᠳ᠋ᠷ᠂ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠦᠬᠦ ᠺᠠᠳ᠋ᠷ ᠪᠠᠭᠰᠢ ᠶᠢᠨ ︽ᠭᠤᠷᠪᠠ ᠶᠢ ᠪᠦᠬᠦᠨ ᠢ | ᠬᠠᠮᠤᠷᠬᠤ︾ ᠶᠢ ᠪᠡᠶᠡᠯᠡᠭᠦᠯᠵᠦ᠂ 59 ᠲᠦᠮᠡᠨ ᠬᠥᠮᠦᠨ ᠢ ᠪᠣᠯᠪᠠᠰᠤᠷᠠᠭᠤᠯᠪᠠ᠃ | ᠡᠨᠡ ᠪᠣᠯ ᠠᠵᠢᠯ ᠤᠨ ᠨᠠᠷᠢᠨ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠵᠢᠷᠤᠭ | ᠲᠥᠯᠥᠪᠯᠡᠭᠡ ᠶᠢ ᠪᠠᠷᠢᠯᠭ᠎ᠠ ᠶᠢᠨ ᠵᠢᠷᠤᠭ ᠪᠣᠯᠭᠠᠨ ᠬᠤᠪᠢᠷᠠᠭᠤᠯᠬᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ | ᠮᠥᠨ᠃ | ︽ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠲᠥᠪ ᠤᠨ ᠰᠤᠷᠭᠠᠨ ᠬᠥᠮᠦᠵᠢᠯ ᠤᠨ | ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ᠂ ᠰᠤᠷᠭᠠᠨ ᠬᠥᠮᠦᠵᠢᠯ ᠤᠨ ᠶᠠᠮᠤᠨ | ᠭᠤᠣᠯᠳᠠᠯᠭ᠎ᠠ ᠳᠤ ᠠᠩᠬᠠᠷᠤᠯ ᠢᠶᠠᠨ ᠬᠠᠨᠳᠤᠭᠤᠯᠵᠤ᠂ ᠵᠠᠩᠭᠢᠯᠠᠭ᠎ᠠ ᠳᠤ ᠬᠦᠴᠦ ᠪᠠᠨ ᠲᠥᠪᠯᠡᠷᠡᠭᠦᠯᠦᠨ᠂ | ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠠᠮᠢᠶ᠎ᠠ ᠪᠦᠬᠦᠢ ᠶᠠᠮᠤᠨ ᠵᠥᠪᠯᠡᠯ᠂ ᠰᠤᠷᠭᠠᠨ | ᠬᠥᠮᠦᠵᠢᠯ ᠤᠨ ᠶᠠᠮᠤᠨ ᠤ ᠡᠯ᠎ᠡ ᠵᠤᠷᠭᠠᠨ ᠲᠣᠪᠴᠢᠶ᠎ᠠ᠂ ᠣᠷᠣᠨ ᠨᠤᠲᠤᠭ ᠪᠠ ᠶᠡᠭᠡ ᠳᠡᠭᠡᠳᠦ ᠰᠤᠷᠭᠠᠭᠤᠯᠢ ᠵᠡᠷᠭᠡ 4 | ᠢᠵᠢ ᠠᠵᠢᠯ ᠤᠨ ᠨᠠᠷᠢᠨ ᠳᠠᠩᠰᠠ ᠶᠢ ᠲᠣᠭᠲᠠᠭᠠᠨ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠤᠨ᠂ | ᠲᠥᠯᠦᠪᠯᠡᠭᠡ᠂ ᠬᠠᠷᠠᠯᠲᠠ᠂ ᠠᠬᠢᠴᠠ ᠪᠣᠯᠤᠨ ᠱᠠᠭᠠᠷᠳᠠᠯᠭ᠎ᠠ ᠶᠣᠰᠤ ᠪᠠᠷ ᠬᠡᠷᠡᠭᠵᠢᠭᠦᠯᠪᠡ᠃ | ᠡᠭᠦᠨ ᠤ ᠬᠠᠮᠲᠤ᠂ 31 ᠮᠤᠵᠢ ᠣᠷᠣᠨ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠪᠦᠬᠦᠨ ᠢᠶᠠᠷ ᠢᠶᠠᠨ ᠠᠵᠢᠯ ᠤᠨ ᠨᠠᠷᠢᠨ ᠳᠠᠩᠰᠠ ᠶᠢ ᠳᠠᠷᠤᠮᠠᠯᠯᠠᠨ ᠲᠠᠷᠬᠠᠭᠠᠵᠤ᠂ | ᠲᠥᠪ ᠤᠨ ᠥᠭᠡᠷᠡᠴᠢᠯᠡᠯᠲᠡ ᠶᠢᠨ ︽ᠵᠢᠷᠤᠭ ᠲᠥᠯᠥᠪᠯᠡᠭᠡ︾ ᠶᠢ ᠲᠤᠰ ᠭᠠᠵᠠᠷ ᠤᠨ ︽ᠪᠠᠷᠢᠯᠭ᠎ᠠ ᠶᠢᠨ ᠵᠢᠷᠤᠭ︾ ᠪᠣᠯᠭᠠᠨ | ᠬᠤᠪᠢᠷᠠᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠤᠷᠭᠠᠨ ᠬᠥᠮᠦᠵᠢᠯ ᠤᠨ ᠦᠨᠡᠯᠡᠯᠲᠡ ᠶᠢᠨ | ᠳᠣᠭᠲᠠᠯᠴᠠᠭ᠎ᠠ ᠶᠢ ᠲᠡᠭᠦᠯᠳᠡᠷᠵᠢᠭᠦᠯᠬᠦ ᠲᠤᠬᠠᠢ ᠰᠢᠨ᠎ᠡ ᠱᠠᠭᠠᠷᠳᠠᠯᠭ᠎ᠠ ᠳᠤᠷᠠᠳᠴᠤ᠂ ᠰᠤᠷᠭᠠᠨ ᠬᠥᠮᠦᠵᠢᠯ ᠤᠨ ᠶᠠᠮᠤᠨ | ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠬᠢᠭᠤᠯᠬᠤ ᠵᠦᠢᠯ ᠢ ᠴᠠᠭ | ᠲᠤᠬᠠᠢ ᠳᠤ ᠨᠢ ᠰᠤᠳᠤᠯᠤᠨ ᠲᠣᠭᠲᠠᠭᠠᠪᠠ᠃ | ︽︿ᠲᠠᠪᠤ ᠶᠢ ᠬᠥᠭᠡᠭᠡᠴᠡᠯᠳᠦᠬᠦ﹀ ᠶᠢ ᠠᠷᠢᠯᠭᠠᠭᠰᠠᠨ ᠤ ᠳᠠᠷᠠᠭ᠎ᠠ᠂ ᠬᠥᠮᠦᠨ ᠨᠡᠶᠢᠭᠡᠮ ᠤᠨ ᠰᠢᠨᠵᠢᠯᠡᠭᠡᠨ ᠤ | ᠰᠠᠯᠠᠭ᠎ᠠ ᠶᠠᠭᠠᠬᠢᠵᠤ ᠨᠡᠩ ᠰᠢᠨᠵᠢᠯᠡᠬᠦ ᠤᠬᠠᠭᠠᠨᠴᠢ᠂ ᠨᠡᠩ ᠰᠠᠶᠢᠨ ᠰᠠᠶᠢᠬᠠᠨ ᠰᠢᠨ᠎ᠡ ᠬᠡᠯᠪᠡᠷᠢ ᠶᠢᠨ ᠦᠨᠡᠯᠡᠯᠲᠡ ᠶᠢᠨ | ᠵᠠᠭᠪᠤᠷ ᠢ ᠲᠦᠷᠭᠡᠨ ᠪᠠᠶᠢᠭᠤᠯᠤᠭᠰᠠᠨ ᠪᠤᠢ︖︾᠂ ︽ᠲᠣᠭᠠᠵᠢᠭᠤᠯᠤᠭᠰᠠᠨ ᠴᠠᠭ ᠦᠶ᠎ᠡ ᠶᠢᠨ ᠣᠨᠴᠠᠯᠢᠭ ᠲᠤ | ᠨᠡᠶᠢᠴᠡᠭᠰᠡᠨ᠂ ᠣᠶᠤᠨᠴᠢ ᠰᠤᠷᠭᠠᠨ ᠬᠥᠮᠦᠵᠢᠯ ᠤᠨ ᠬᠥᠭᠵᠢᠯᠲᠡ ᠳᠤ ᠵᠣᠬᠢᠴᠠᠭᠰᠠᠨ ᠰᠢᠨ᠎ᠡ ᠬᠡᠯᠪᠡᠷᠢ ᠶᠢᠨ | ᠦᠨᠡᠯᠡᠯᠲᠡ ᠶᠢᠨ ᠵᠠᠭᠪᠤᠷ ᠪᠠ ᠦᠨᠡᠯᠡᠯᠲᠡ ᠶᠢᠨ ᠳᠣᠭᠲᠠᠯᠴᠠᠭ᠎ᠠ ᠶᠢ ᠶᠠᠭᠠᠬᠢᠵᠤ ᠪᠠᠶᠢᠭᠤᠯᠤᠭᠰᠠᠨ ᠪᠤᠢ︖︾᠂ | ︽ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠰᠤᠷᠭᠠᠨ ᠬᠥᠮᠦᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢᠨ ᠲᠣᠭᠤᠷᠢᠨ ᠳᠤ ᠰᠤᠳᠤᠯᠭᠠᠨ ᠤ ᠪᠠᠶᠢᠭᠤᠯᠤᠮᠵᠢ᠂ ᠰᠤᠳᠤᠯᠭᠠᠨ ᠤ ᠦᠷ᠎ᠡ ᠪᠦᠲᠦᠭᠡᠯ᠂ ᠡᠷᠳᠡᠮ | ᠰᠢᠨᠵᠢᠯᠡᠭᠡᠨ ᠤ ᠶᠠᠷᠢᠶᠠᠨ ᠤ ᠲᠠᠪᠴᠠᠩ ᠲᠠᠰᠤᠷᠠᠯᠲᠠ ᠥᠬᠡᠶ ᠴᠣᠯᠭᠤᠷᠠᠨ ᠭᠠᠷᠴᠤ᠂ ᠣᠨᠣᠯ ᠤᠨ ᠰᠤᠳᠤᠯᠭᠠᠨ ᠤ | ᠳᠠᠪᠬᠤᠷᠭ᠎ᠠ ᠳᠤ ︽ᠲᠠᠪᠤ ᠶᠢ ᠬᠥᠭᠡᠭᠡᠴᠡᠯᠳᠦᠬᠦ︾ ᠶᠢ ᠠᠷᠢᠯᠭᠠᠬᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢ | ᠠᠬᠢᠭᠤᠯᠪᠠ᠃ | ︽ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ | ᠠᠬᠢᠭᠤᠯᠬᠤ ᠳᠤ ᠨᠡᠶᠢᠳᠡᠮ ᠤᠨ ᠬᠠᠮᠲᠤ ᠶᠢᠨ ᠲᠠᠨᠢᠯᠲᠠ ᠲᠠᠢ ᠪᠣᠯᠵᠤ᠂ ᠡᠯ᠎ᠡ ᠲᠠᠯ᠎ᠠ ᠶᠢᠨ ᠬᠢᠨ ᠶᠡᠭᠡ ᠪᠠᠷ | ᠴᠢᠬᠤᠯᠠᠴᠢᠯᠠᠨ᠂ ᠡᠷᠴᠢᠮᠲᠡᠢ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ︿ᠲᠠᠪᠤ ᠶᠢ | ᠬᠥᠭᠡᠭᠡᠴᠡᠯᠳᠦᠬᠦ﹀ ᠶᠢ ᠠᠷᠢᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ︾ ᠭᠡᠵᠦ ᠰᠤᠷᠭᠠᠨ | ᠬᠥᠮᠥᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠤ ᠬᠠᠷᠢᠭᠤᠴᠠᠯᠭᠠᠲᠠᠨ ᠬᠡᠯᠡᠪᠡ᠃ | ᠤᠯᠤᠰ ᠤᠨ ᠳᠡᠰ ᠤᠨ ᠢᠵᠢ ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠪᠡ | ︽ᠥᠭᠦᠯᠡᠯ ᠦᠭᠡᠢ ᠴᠦ ᠫᠷᠣᠹᠧᠰᠰᠣᠷ ᠪᠣᠯᠵᠤ ᠪᠣᠯᠤᠨ᠎ᠠ︾᠂ ᠨᠠᠨᠵᠢᠩ ᠣᠢ ᠰᠢᠭᠤᠢ ᠶᠢᠨ ᠶᠡᠭᠡ | ᠰᠤᠷᠭᠠᠭᠤᠯᠢ ᠶᠢᠨ ᠪᠠᠭᠰᠢ ᠵᠢᠶᠠᠩ ᠬᠤᠸᠠ ᠰᠥᠩ ︽ᠵᠢᠭᠠᠬᠤ ᠨᠢ ᠰᠠᠶᠢᠨ ᠪᠠᠭᠰᠢ︾ ᠪᠠᠷ ᠲᠤᠰ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠳᠤᠰᠬᠠᠢ ᠮᠡᠷᠭᠡᠵᠢᠯ ᠤᠨ ᠬᠡᠯᠪᠡᠷᠢ ᠶᠢᠨ ᠫᠷᠣᠹᠧᠰᠰᠣᠷ ᠪᠣᠯᠤᠭᠰᠠᠨ ᠤ ᠳᠠᠷᠠᠭ᠎ᠠ ᠬᠠᠮᠤᠭ ᠤᠨ | ᠠᠩᠬᠠᠨ ᠤ ᠫᠷᠣᠹᠧᠰᠰᠣᠷ ᠪᠣᠯᠵᠤ ᠳᠡᠪᠰᠢᠭᠰᠡᠨ ᠬᠥᠮᠦᠨ ᠶᠤᠮ᠃ ᠡᠭᠦᠨ ᠠᠴᠠ ᠡᠮᠦᠨ᠎ᠡ ︽ᠥᠭᠦᠯᠡᠯ ᠢ ᠯᠡ | ᠬᠥᠭᠡᠭᠡᠴᠡᠯᠳᠦᠬᠦ︾ ᠳᠣᠬᠢᠭᠤᠷ ᠤᠨ ᠨᠥᠯᠦᠭᠡ ᠪᠠᠷ ᠵᠢᠶᠠᠩ ᠬᠤᠸᠠ ᠰᠦᠩ ᠳᠡᠳ᠋ ᠫᠷᠣᠹᠧᠰᠰᠣᠷ ᠤᠨ ᠪᠠᠶᠢᠷᠢᠨ ᠳᠤ | 12 ᠵᠢᠯ ᠡᠷᠭᠢᠴᠡᠭᠰᠡᠨ ᠪᠣᠯᠪᠠᠴᠤ ᠲᠡᠭᠦᠨ ᠤ ᠵᠢᠭᠠᠨ ᠰᠤᠷᠭᠠᠯᠲᠠ ᠶᠢᠨ ᠦᠷ᠎ᠡ ᠪᠥᠲᠦᠮᠵᠢ ᠶᠢ ᠣᠯᠠᠨ ᠲᠥᠮᠡᠨ ᠣᠯᠵᠤ | ᠬᠠᠷᠠᠭᠰᠠᠨ ᠪᠠᠶᠢᠵᠠᠢ᠃ | ᠳᠡᠳ᠋ ᠫᠷᠣᠹᠧᠰᠰᠣᠷ ᠠᠴᠠ ᠫᠷᠣᠹᠧᠰᠰᠣᠷ ᠪᠣᠯᠲᠠᠯᠠᠬᠢ᠂ ᠵᠢᠶᠠᠩ ᠬᠤᠸᠠ ᠰᠦᠩ ᠤᠨ ᠬᠢᠷᠢ ᠭᠡᠮ ᠤᠨ | ᠬᠤᠪᠢᠷᠠᠯᠲᠠ ᠶᠢᠨ ᠠᠷᠤ ᠳᠤ ᠨᠠᠨᠵᠢᠩ ᠣᠢ ᠰᠢᠭᠤᠢ ᠶᠢᠨ ᠶᠡᠭᠡ ᠰᠤᠷᠭᠠᠭᠤᠯᠢ ᠶᠢᠨ ᠳᠤᠰᠢᠶᠠᠯ ᠤᠨ ᠴᠣᠯᠠ ᠶᠢ | ᠳᠣᠭᠲᠠᠭᠠᠵᠤ ᠤᠷᠢᠬᠤ ᠳᠦᠷᠢᠮ ᠤᠨ ᠥᠭᠡᠷᠡᠴᠢᠯᠡᠯᠲᠡ ᠪᠣᠢ᠃ ᠲᠤᠰ ᠰᠤᠷᠭᠠᠭᠤᠯᠢ ᠵᠢᠭᠠᠨ ᠰᠤᠷᠭᠠᠯᠲᠠ ᠶᠢᠨ | ᠲᠤᠰᠬᠠᠢ ᠮᠡᠷᠭᠡᠵᠢᠯ ᠤᠨ ᠬᠡᠯᠪᠡᠷᠢ ᠶᠢᠨ ᠫᠷᠤᠹᠧᠰᠰᠤᠷ ᠢ ᠨᠡᠮᠡᠨ ᠪᠠᠶᠢᠭᠤᠯᠵᠤ᠂ ᠥᠩᠭᠡᠷᠡᠭᠰᠡᠨ ᠤ ᠳᠤᠰᠢᠶᠠᠯ ᠤᠨ ᠴᠣᠯᠠ | ᠲᠣᠭᠲᠠᠭᠠᠵᠤ ᠤᠷᠢᠬᠤ ᠳᠤ ᠵᠥᠪᠬᠡᠨ ᠥᠭᠦᠯᠡᠯ᠂ ᠰᠣᠳᠤᠯᠭᠠᠨ ᠤ ᠵᠣᠬᠢᠶᠠᠯ ᠢ ᠴᠢᠬᠤᠯᠠᠴᠢᠯᠠᠬᠤ ᠤᠯᠠᠮᠵᠢᠯᠠᠯᠲᠤ ᠠᠷᠭ᠎ᠠ | ᠪᠠᠷᠢᠯ ᠢ ᠠᠷᠢᠯᠭᠠᠵᠤ᠂ ᠪᠢᠴᠢᠭ ᠵᠢᠭᠠᠵᠤ ᠬᠥᠮᠦᠨ ᠬᠥᠮᠦᠵᠢᠭᠦᠯᠦᠭᠰᠡᠨ ᠪᠣᠳᠠᠲᠤ ᠠᠮᠵᠢᠯᠲᠠ ᠪᠦᠲᠦᠮᠵᠢ ᠪᠠ ᠬᠤᠪᠢ | ᠨᠡᠮᠡᠷᠢ ᠪᠠᠷ ᠪᠠᠭᠰᠢ ᠶᠢ ᠦᠨᠡᠯᠡᠬᠦ ᠶᠢ ᠨᠠᠩ ᠴᠢᠬᠤᠯᠠᠴᠢᠯᠠᠵᠠᠢ᠃ | 2020 ᠣᠨ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ | ᠰᠤᠷᠭᠠᠨ ᠬᠥᠮᠦᠵᠢᠯ ᠤᠨ ᠶᠠᠮᠤᠨ ︽ᠳᠡᠭᠡᠳᠦ ᠰᠤᠷᠭᠠᠭᠤᠯᠢ ᠶᠢᠨ ᠪᠠᠭᠰᠢ ᠶᠢᠨ ᠳᠤᠰᠢᠶᠠᠯ ᠤᠨ ᠴᠣᠯᠠ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠵᠢᠯᠣᠭᠤᠳᠬᠤ ᠰᠠᠨᠠᠯ︾ ᠢ ᠨᠡᠶᠢᠲᠡᠯᠡᠵᠦ᠂ ︽ᠶᠡᠷᠦᠩᠬᠡᠢ | ᠲᠥᠰᠦᠯ︾ ᠤᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠳᠤ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠶᠢᠨ | ᠪᠠᠭᠰᠢ ᠶᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠳᠣᠣᠷ᠎ᠠ᠂ ᠨᠠᠨᠵᠢᠩ ᠣᠢ ᠰᠢᠭᠤᠢ ᠶᠢᠨ ᠶᠡᠭᠡ ᠰᠤᠷᠭᠠᠭᠤᠯᠢ ᠲᠠᠢ | ᠠᠳᠠᠯᠢ ᠵᠥᠪᠬᠡᠨ ᠥᠭᠦᠯᠡᠯ ᠢᠶᠠᠷ ᠳᠤᠰᠢᠶᠠᠯ ᠤᠨ ᠴᠣᠯᠠ ᠶᠢ ᠦᠨᠡᠯᠡᠬᠦ ᠦᠭᠡᠢ ᠶᠡᠭᠡ ᠳᠡᠭᠡᠳᠦ ᠰᠤᠷᠭᠠᠭᠤᠯᠢ ᠶᠠᠪᠤᠬᠤ | ᠲᠤᠲᠤᠮ ᠣᠯᠠᠰᠢᠷᠠᠨ᠂ ᠤᠷᠲᠤ ᠬᠤᠭᠤᠴᠠᠭᠠᠨ ᠤ ᠲᠤᠷᠰᠢᠬᠢ ︽ᠦᠨᠡᠮᠯᠡᠯ ᠢ ᠯᠡ ᠬᠥᠭᠡᠭᠡᠴᠡᠯᠳᠦᠬᠦ︾᠂ ︽ᠥᠭᠦᠯᠡᠯ ᠢ ᠯᠡ | ᠬᠥᠭᠡᠭᠡᠴᠡᠯᠳᠦᠬᠦ︾ ᠵᠡᠷᠭᠡ ᠦᠨᠡᠯᠡᠬᠦ ᠤᠳᠤᠷᠢᠳᠤᠮᠵᠢ ᠶᠢ ᠠᠯᠬᠤᠮ ᠠᠯᠬᠤᠮ ᠢᠶᠠᠷ ᠠᠷᠢᠯᠭᠠᠪᠠ᠃ | ︽ᠶᠡᠷᠦᠩᠬᠡᠢ ᠲᠥᠰᠦᠯ︾ ᠳᠤ 22 ᠵᠤᠷᠪᠤᠰ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ | ᠳᠤᠷᠠᠳᠴᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ︽ᠳᠥᠷᠪᠡᠨ | ᠨᠢᠷᠤᠭᠤ ᠨᠠᠢᠮᠠᠨ ᠲᠤᠯᠭᠠᠭᠤᠷᠢ︾ ᠶᠢ ᠪᠠᠶᠢᠭᠤᠯᠪᠠ᠃ 3 ᠵᠢᠯ ᠤᠨ ᠲᠤᠷᠰᠢ᠂ ᠢᠵᠢ ᠪᠦᠷᠢᠳᠦᠭᠦᠯᠬᠦ ᠪᠢᠴᠢᠭ | ᠮᠠᠲ᠋ᠧᠷᠢᠶᠠᠯ ᠢ ᠨᠠᠷᠢᠨ ᠨᠢᠭᠲᠠ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢᠨ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠬᠦ ᠶᠢ ᠠᠬᠢᠭᠤᠯᠪᠠ᠃ | ︽ᠢᠷᠠᠭᠤ ᠠᠯᠳᠠᠷ ᠢ ᠯᠠ ᠬᠥᠭᠡᠭᠡᠴᠡᠯᠳᠦᠬᠦ︾ ᠬᠡᠯᠪᠡᠷᠢᠯ ᠢ ᠬᠤᠪᠢᠷᠠᠭᠤᠯᠵᠤ᠂ ᠴᠢᠳᠠᠪᠤᠷᠢᠲᠠᠨ ᠤ ᠴᠣᠯᠠ ᠶᠢ | ᠡᠷᠳᠡᠮ ᠰᠢᠨᠵᠢᠯᠡᠭᠡᠨ ᠤ ᠴᠢᠨᠠᠷ᠂ ᠢᠷᠠᠭᠤ ᠠᠯᠳᠠᠷᠲᠤ ᠴᠢᠨᠠᠷ ᠲᠤ ᠪᠤᠴᠠᠭᠠᠬᠤ ᠶᠢ ᠠᠬᠢᠭᠤᠯᠪᠠ | ᠰᠤᠷᠭᠠᠨ ᠬᠥᠮᠦᠵᠢᠯ ᠤᠨ ᠶᠠᠮᠤᠨ ᠠᠴᠠ ︽ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠴᠣᠯᠠ ᠶᠢ | ᠵᠥᠪ ᠲᠠᠨᠢᠵᠤ ᠵᠢᠷᠤᠮᠵᠢᠭᠤᠯᠤᠨ ᠬᠡᠷᠡᠭᠯᠡᠬᠦ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ᠠᠳᠠᠯᠢ ᠪᠤᠰᠤ | ᠬᠠᠷᠠᠭᠠᠰᠤ ᠠᠴᠠ ᠴᠢᠳᠠᠪᠤᠷᠢᠲᠠᠨ ᠤ ᠴᠣᠯᠠ ᠶᠢ ︽ᠶᠠᠭᠠᠬᠢᠵᠤ ᠦᠵᠡᠬᠦ︾ ᠳᠤ ᠬᠠᠷᠢᠭᠤᠯᠲᠠ ᠥᠭᠴᠦ᠂ ᠦᠢᠯᠡᠳᠦᠯᠭᠡ | ᠶᠢᠨ ᠲᠠᠯ᠎ᠠ ᠠᠴᠠ ᠴᠢᠳᠠᠪᠤᠷᠢᠲᠠᠨ ᠤ ᠲᠥᠯᠥᠪᠯᠡᠭᠡ ᠶᠢᠨ ᠥᠭᠡᠷᠡᠴᠢᠯᠡᠯᠲᠡ᠂ ᠶᠡᠭᠡ ᠳᠡᠭᠡᠳᠦ ᠰᠤᠷᠭᠠᠭᠤᠯᠢ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠠᠮᠢᠶᠠᠷᠬᠤ᠂ ᠡᠯ᠎ᠡ ᠲᠥᠷᠥᠯ ᠤᠨ ᠦᠨᠡᠯᠡᠨ ᠵᠢᠱᠢᠵᠦ ᠬᠢᠨᠠᠨ | ᠲᠣᠭᠲᠠᠭᠠᠬᠤ ︽ᠶᠠᠭᠠᠬᠢᠬᠤ ᠪᠣᠢ︾ ᠳᠤ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠠᠢ᠃ | ︽SCI ᠦᠭᠦᠯᠡᠯ ᠢ ᠳᠡᠭᠡᠳᠦᠯᠡᠬᠦ︾ ᠶᠢ ᠠᠷᠢᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠡᠷᠳᠡᠮ | ᠰᠢᠨᠵᠢᠯᠡᠭᠡᠨ ᠤᠭ ᠤᠨ ᠪᠠᠶᠢᠳᠠᠯ ᠳᠤ ᠪᠠᠨ ᠪᠤᠴᠠᠬᠤ ᠶᠢ ᠠᠬᠢᠭᠤᠯᠵᠤ᠂ ᠡᠷᠳᠡᠮ ᠰᠢᠨᠵᠢᠯᠡᠭᠡᠨ ᠤ ᠬᠡᠪ ᠰᠤᠷᠲᠠᠯ ᠢ | ᠴᠡᠪᠡᠷᠰᠢᠭᠦᠯᠪᠡ | ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠠᠴᠠ ︽ᠳᠡᠭᠡᠳᠦ | ᠰᠤᠷᠭᠠᠭᠤᠯᠢ ᠶᠢᠨ SCI ᠥᠭᠦᠯᠡᠯ ᠤᠨ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢᠨ ᠬᠡᠷᠡᠭᠯᠡᠯᠲᠡ ᠶᠢ ᠵᠢᠷᠤᠮᠵᠢᠭᠤᠯᠵᠤ | ᠵᠥᠪ ᠢᠶᠠᠷ ᠦᠨᠡᠯᠡᠬᠦ ᠤᠳᠤᠷᠢᠳᠤᠮᠵᠢ ᠶᠢ ᠪᠣᠢ ᠪᠣᠯᠭᠠᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ | ᠡᠷᠳᠡᠮ ᠰᠢᠨᠵᠢᠯᠡᠭᠡᠨ ᠤ ᠬᠢᠷᠢ ᠲᠦᠪᠰᠢᠨ ᠢ ᠰᠢᠨᠵᠢᠯᠡᠬᠦ ᠤᠬᠠᠭᠠᠨᠴᠢ ᠪᠠᠷ ᠦᠨᠡᠯᠡᠬᠦ ᠲᠠᠢ ᠤᠶᠠᠯᠳᠤᠭᠤᠯᠤᠨ ᠲᠥᠷᠥᠯ | ᠬᠤᠪᠢᠶᠠᠨ ᠦᠨᠡᠯᠡᠬᠦ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ᠂ ᠡᠷᠳᠡᠮ ᠰᠢᠨᠵᠢᠯᠡᠭᠡᠨ ᠤ ᠠᠵᠢᠯ | ᠨᠢᠭᠡᠲᠡᠨ ᠤ ᠦᠨᠡᠯᠡᠯᠲᠡ ᠶᠢ ᠲᠡᠭᠦᠯᠳᠡᠷᠵᠢᠭᠦᠯᠬᠦ᠂ ᠦᠨᠡᠯᠡᠵᠦ ᠬᠢᠨᠠᠨ ᠲᠣᠭᠲᠠᠭᠠᠬᠤ ᠠᠵᠢᠯ ᠢ ᠳᠦᠷᠢᠮᠵᠢᠭᠦᠯᠬᠦ ᠭᠤᠷᠪᠠᠨ | ᠲᠠᠯ᠎ᠠ ᠶᠢᠨ ᠰᠠᠨᠠᠯ ᠢ ᠳᠤᠷᠠᠳᠤᠭᠰᠠᠨ ᠤ ᠬᠠᠮᠲᠤ ᠳᠡᠭᠡᠳᠦ ᠰᠤᠷᠭᠠᠭᠤᠯᠢ ᠶᠢᠨ 5 ᠵᠦᠢᠯ ᠤᠨ ᠨᠠᠵᠠᠭᠠᠢ ᠲᠠᠯ᠎ᠠ ᠶᠢᠨ | ᠨᠠᠷᠢᠨ ᠳᠠᠩᠰᠠ ᠶᠢ ᠵᠢᠷᠤᠮᠵᠢᠭᠤᠯᠵᠤ᠂ ᠳᠡᠭᠡᠳᠦ ᠰᠤᠷᠭᠠᠭᠤᠯᠢ ᠶᠢᠨ SCI ᠥᠭᠦᠯᠡᠯ ᠳᠤ ᠬᠤᠯᠪᠤᠭᠳᠠᠬᠤ | ᠭᠦᠢᠴᠡᠳᠬᠡᠯ ᠲᠤᠭ᠎ᠠ ᠶᠢᠨ ᠬᠡᠷᠡᠭᠯᠡᠯᠲᠡ ᠶᠢ ᠳᠤᠷᠠᠳᠪᠠ᠃ | ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠦᠨᠡᠯᠡᠯᠲᠡ ᠳᠠᠬᠢ ︽ᠥᠭᠦᠯᠡᠯ ᠢ ᠯᠡ | ᠬᠥᠭᠡᠭᠡᠴᠡᠯᠳᠦᠬᠦ︾ ᠮᠠᠭᠤ ᠤᠳᠤᠷᠢᠳᠤᠮᠵᠢ ᠶᠢ ᠠᠷᠢᠯᠭᠠᠵᠤ᠂ ᠶᠡᠭᠡ ᠳᠡᠭᠡᠳᠦ ᠰᠤᠷᠭᠠᠭᠤᠯᠢ ᠳᠤ ᠳᠤᠮᠳᠠᠳᠤ ᠤᠯᠤᠰ ᠤᠨ | ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠥᠳᠲᠡᠷ ᠲᠦᠷᠭᠡᠨ ᠪᠠᠶᠢᠭᠤᠯᠬᠤ ᠶᠢ | ᠠᠬᠢᠭᠤᠯᠪᠠ | ᠰᠤᠷᠭᠠᠨ ᠬᠥᠮᠦᠵᠢᠯ ᠤᠨ ᠶᠠᠮᠤᠨ ︽ᠳᠡᠭᠡᠳᠦ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠰᠣᠳᠤᠯᠭᠠᠨ ᠤ ᠦᠨᠡᠯᠡᠯᠲᠡ ᠳᠠᠬᠢ ︽ᠥᠭᠦᠯᠡᠯ ᠢ ᠯᠡ ᠬᠥᠭᠡᠭᠡᠴᠡᠯᠳᠦᠬᠦ︾ ᠮᠠᠭᠤ ᠤᠳᠤᠷᠢᠳᠤᠮᠵᠢ ᠶᠢ | ᠠᠷᠢᠯᠭᠠᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ︽ᠰᠡᠳᠬᠦᠯ᠂ ᠵᠡᠷᠭᠡ ᠳᠡᠰ᠂ ᠢᠷᠠᠭᠤ ᠠᠯᠳᠠᠷ᠂ | ᠬᠢᠷᠢ ᠭᠡᠮ ᠵᠡᠷᠭᠡ ᠢᠶᠠᠷ ᠥᠭᠦᠯᠡᠯ ᠤᠨ ᠴᠢᠨᠠᠷ ᠴᠢᠨᠰᠠᠭ᠎ᠠ ᠶᠢ ᠳᠥᠭᠦᠮᠬᠡᠨ ᠮᠠᠭᠠᠳᠯᠠᠵᠤ ᠪᠣᠯᠬᠤ ᠦᠭᠡᠢ︾ ᠵᠡᠷᠭᠡ 10 | ︽ᠪᠣᠯᠬᠤ ᠦᠭᠡᠢ︾ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠰᠢᠯᠢᠳᠡᠭ ᠰᠦᠯᠵᠢᠶᠡᠨ ᠤ | ᠰᠣᠶᠣᠯ ᠤᠨ ᠦᠷ᠎ᠡ ᠪᠦᠲᠦᠭᠡᠯ᠂ ᠲᠥᠪ ᠪᠠ ᠣᠷᠣᠨ ᠨᠤᠲᠤᠭ ᠤᠨ ᠭᠤᠣᠯ ᠵᠠᠭᠤᠴᠢᠯᠠᠭᠤᠷ ᠲᠤ ᠨᠡᠶᠢᠲᠡᠯᠡᠭᠰᠡᠨ | ᠣᠨᠣᠯ ᠤᠨ ᠵᠣᠬᠢᠶᠠᠯ ᠵᠢᠴᠢ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠮᠡᠳᠡᠭᠦᠯᠦᠯᠲᠡ ᠶᠢ ᠦᠨᠡᠯᠡᠬᠦ | ᠲᠣᠭᠲᠠᠴᠠ ᠶᠢ ᠪᠠᠶᠢᠭᠤᠯᠬᠤ ᠪᠠᠷ ᠳᠤᠷᠠᠳᠪᠠ᠃ | ︽ᠬᠤᠪᠢ ᠶᠢ ᠯᠡ ᠬᠥᠭᠡᠭᠡᠴᠡᠯᠳᠦᠬᠦ ᠬᠡᠯᠪᠡᠷᠢᠯ ᠢ ᠢᠯᠠᠨ ᠳᠠᠪᠠᠵᠤ᠂ ᠶᠣᠰᠣ ᠰᠤᠷᠲᠠᠬᠤᠨ᠂ ᠣᠶᠤᠨ ᠤᠬᠠᠭᠠᠨ᠂ | ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠪᠡ | ︽ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ | ᠦᠨᠡᠯᠡᠬᠦ ᠵᠦᠭᠯᠡᠭᠦᠷ︾᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ | ᠵᠦᠭᠯᠡᠭᠦᠷ︾᠂ ︽ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ | ᠴᠢᠨᠰᠠᠭ᠎ᠠ ᠶᠢ ᠦᠨᠡᠯᠡᠬᠦ ᠵᠦᠭᠯᠡᠭᠦᠷ︾᠂ ︽ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠴᠢᠨᠠᠷ | ᠴᠢᠨᠰᠠᠭ᠎ᠠ ᠶᠢ ᠦᠨᠡᠯᠡᠬᠦ ᠵᠦᠭᠯᠡᠭᠦᠷ︾ ᠢ ᠨᠡᠶᠢᠲᠡᠯᠡᠬᠦ ᠶᠢ ᠳᠠᠭᠠᠯᠳᠤᠨ᠂ ᠰᠠᠭᠤᠷᠢ ᠰᠤᠷᠭᠠᠨ ᠬᠥᠮᠦᠵᠢᠯ ᠤᠨ ᠴᠢᠨᠠᠷ | ᠴᠢᠨᠰᠠᠭ᠎ᠠ ᠶᠢ ᠦᠨᠡᠯᠡᠬᠦ ᠪᠠᠷᠢᠮᠵᠢᠶ᠎ᠠ ᠶᠢ ᠶᠡᠷᠦᠩᠬᠡᠢ ᠳᠤ ᠪᠠᠨ ᠲᠡᠭᠦᠯᠳᠡᠷᠵᠢᠭᠦᠯᠪᠡ᠃ | ︽ᠰᠤᠷᠭᠠᠨ ᠬᠥᠮᠦᠵᠢᠯ ᠤᠨ ᠶᠠᠮᠤᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠵᠡᠭᠦᠨ ᠪᠠᠷᠠᠭᠤᠨ ᠣᠷᠣᠨ ᠢ ᠵᠣᠯᠭᠠᠭᠤᠯᠤᠨ᠂ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ | ᠰᠤᠷᠭᠠᠨ ᠬᠥᠮᠦᠵᠢᠯ ᠤᠨ ᠦᠨᠡᠯᠡᠯᠲᠡ ᠶᠢᠨ ᠳᠦᠷᠢᠮ ᠤᠨ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠥᠭᠡᠷᠡᠴᠢᠯᠡᠯᠲᠡ ᠶᠢᠨ ︿ᠡᠴᠦᠰ ᠤᠨ ᠨᠢᠭᠡ ᠺᠢᠯᠤᠮᠧᠲᠷ﹀ ᠢ ᠦᠨᠡᠨ ᠬᠦ ᠨᠡᠪᠲᠡᠷᠡᠭᠦᠯᠪᠡ︾ ᠭᠡᠵᠦ ᠰᠤᠷᠭᠠᠨ | ᠬᠥᠮᠥᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠤ ᠬᠠᠷᠢᠭᠤᠴᠠᠯᠭᠠᠲᠠᠨ ᠬᠡᠯᠡᠪᠡ᠃ | ᠬᠡᠰᠡᠭ ᠬᠦᠷᠢᠶᠡᠨ ᠤ ᠰᠤᠷᠭᠠᠨ ᠬᠥᠮᠦᠵᠢᠯ ᠤᠨ ᠨᠡᠷ᠎ᠡ ᠠᠰᠢᠭ ᠢ ᠪᠣᠳᠣᠬᠤ ᠬᠡᠯᠪᠡᠷᠢᠯ ᠢ ᠪᠦᠲᠦᠮᠵᠢᠲᠡᠢ | ᠬᠤᠷᠢᠭᠯᠠᠪᠠ | ᠥᠩᠭᠡᠷᠡᠭᠰᠡᠨ ᠳᠤ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ ᠦᠶ᠎ᠡ ᠳᠤ᠂ ︽ᠡᠩ ᠤᠨ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ︿ᠵᠤᠸᠠᠩ ᠶᠤᠸᠠᠨ﹀︾᠂ ︽ᠡᠩ ᠤᠨ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠠᠶᠠᠷ ᠤᠨ ᠮᠡᠳᠡᠭᠡ︾ ᠶᠢ | ᠤᠬᠠᠭᠤᠯᠬᠤ ᠠᠵᠢᠯᠯᠠᠭ᠎ᠠ ᠬᠥᠮᠦᠰ ᠤᠨ ᠠᠩᠬᠠᠷᠤᠯ ᠢ ᠲᠠᠲᠠᠵᠤ᠂ ᠨᠡᠶᠢᠭᠡᠮ ᠤᠨ ᠰᠤᠷᠭᠠᠨ ᠬᠥᠮᠦᠵᠢᠯ ᠤᠨ ᠵᠣᠪᠠᠨᠢᠯ ᠪᠠ | ᠰᠤᠷᠭᠠᠨ ᠬᠥᠮᠦᠵᠢᠯ ᠤᠨ ᠨᠡᠷ᠎ᠡ ᠠᠰᠢᠭ ᠢ ᠪᠣᠳᠣᠬᠤ ᠬᠡᠯᠪᠡᠷᠢᠯ ᠢ ᠨᠡᠮᠡᠭᠳᠡᠭᠦᠯᠦᠭᠰᠡᠨ ᠪᠠᠶᠢᠨ᠎ᠠ᠃ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ | ᠳᠡᠪᠰᠢᠬᠦ ᠰᠢᠯᠭᠠᠯᠲᠠ ᠪᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ︽ᠵᠤᠸᠠᠩ ᠶᠤᠸᠠᠨ︾ ᠪᠠ ᠰᠤᠷᠭᠠᠭᠤᠯᠢ ᠳᠡᠪᠰᠢᠬᠦ ᠨᠣᠷᠮ᠎ᠠ ᠶᠢ ᠨᠡᠶᠢᠲᠡᠯᠡᠬᠦ᠂ ᠤᠬᠠᠭᠤᠯᠬᠤ ᠶᠢ | ᠴᠢᠩᠭ᠎ᠠ ᠬᠤᠷᠢᠭᠯᠠᠪᠠ ᠁ ︽ᠶᠡᠷᠦᠩᠬᠡᠢ ᠲᠥᠰᠦᠯ︾ ᠤᠨ ᠲᠣᠭᠤᠷᠢᠨ ᠳᠤ ᠳᠤᠷᠠᠳᠤᠭᠰᠠᠨ ︽ᠠᠷᠪᠠᠨ ᠪᠣᠯᠬᠤ | ᠦᠭᠡᠢ᠂ ᠨᠢᠭᠡ ᠶᠢ ᠴᠢᠩᠭ᠎ᠠ ᠬᠤᠷᠢᠭᠯᠠᠬᠤ︾ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠲᠣᠭᠤᠷᠢᠨ ᠳᠤ᠂ ᠰᠤᠷᠭᠠᠨ | ᠬᠥᠮᠦᠵᠢᠯ ᠤᠨ ᠶᠠᠮᠤᠨ ᠪᠣᠯᠤᠨ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ | ᠲᠣᠭᠲᠠᠭᠠᠯ ᠠᠴᠠ ᠵᠥᠷᠢᠴᠡᠭᠰᠡᠨ ᠵᠦᠢᠯ ᠳᠤ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ | ᠲᠤᠰᠬᠠᠢ ᠨᠡᠶᠢᠲᠡᠯᠡᠨ ᠳᠠᠷᠤᠮᠠᠯᠯᠠᠨ ᠲᠠᠷᠬᠠᠭᠠᠵᠤ᠂ ᠬᠦᠴᠦᠲᠡᠢ ᠰᠦᠷᠳᠡᠭᠦᠯᠦᠯ ᠦᠵᠡᠭᠦᠯᠪᠡ᠃ | ᠪᠡᠭᠡᠵᠢᠩ᠂ ᠾᠧᠪᠧᠢ᠂ ᠥᠪᠥᠷ ᠮᠣᠩᠭᠤᠯ ᠵᠡᠷᠭᠡ ᠭᠠᠵᠠᠷ ᠤᠨ ᠬᠢᠨ ︽ᠬᠤᠪᠢ ᠶᠢ ᠯᠡ ᠬᠥᠭᠡᠭᠡᠴᠡᠯᠳᠦᠬᠦ︾᠂ | ︽ᠰᠤᠷᠭᠠᠭᠤᠯᠢ ᠳᠡᠪᠰᠢᠬᠦ ᠶᠢ ᠯᠡ ᠬᠥᠭᠡᠭᠡᠴᠡᠯᠳᠦᠬᠦ︾ ᠠᠰᠠᠭᠤᠳᠠᠯ ᠢ ᠴᠢᠩᠭ᠎ᠠ ᠠᠩᠬᠠᠷᠴᠤ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠲᠡᠭᠦᠰᠬᠦ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠪᠠ | ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠴᠢᠬᠤᠯᠠ | ᠵᠠᠩᠭᠢᠯᠠᠭ᠎ᠠ ᠶᠢᠨ ᠴᠡᠭ ᠲᠤ ᠦᠨᠳᠦᠰᠦᠨ ᠱᠠᠲᠤᠨ ᠤ ᠰᠤᠷᠭᠠᠭᠤᠯᠢ ᠳᠡᠪᠰᠢᠬᠦ ᠨᠣᠷᠮ᠎ᠠ ᠶᠢ ᠥᠷᠥᠭᠡᠰᠦᠭᠡᠯ ᠢᠶᠠᠷ | ᠬᠥᠭᠡᠭᠡᠴᠡᠯᠳᠦᠬᠦ ᠬᠡᠯᠪᠡᠷᠢᠯ ᠢ ᠵᠠᠯᠠᠷᠠᠭᠤᠯᠬᠤ ᠪᠠᠷ ᠬᠥᠲᠥᠯᠥᠨ ᠵᠢᠯᠣᠭᠤᠳᠪᠠ᠃ | ᠱᠠᠨᠳᠦ᠋ᠩ᠂ ᠨᠢᠩᠰᠢᠶᠠ ᠵᠡᠷᠭᠡ ᠭᠠᠵᠠᠷ ᠣᠷᠣᠨ ᠳᠤ ᠢᠯᠡᠴᠢᠯᠡᠨ ᠵᠠᠭᠠᠯᠳᠤᠬᠤ ᠤᠲᠠᠰᠤ᠂ ᠰᠢᠤᠳᠠᠨ | ᠬᠠᠶᠢᠷᠴᠠᠭ᠂ ᠰᠦᠯᠵᠢᠶᠡᠨ ᠤ ᠲᠠᠪᠴᠠᠩ ᠵᠡᠷᠭᠡ ᠶᠢ ᠭᠠᠷᠭᠠᠵᠤ᠂ ᠣᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ | ᠮᠡᠳᠡᠭᠦᠯᠬᠦ ᠶᠢ ᠬᠦᠯᠢᠶᠡᠨ ᠠᠪᠤᠪᠠ᠃ | ᠰᠤᠷᠭᠠᠨ ᠬᠥᠮᠦᠵᠢᠯ ᠤᠨ ᠶᠠᠮᠤᠨ ᠠᠴᠠ ᠨᠠᠶᠢᠳᠠᠭᠰᠠᠨ ᠭᠤᠷᠪᠠᠳᠠᠬᠢ ᠡᠲᠡᠭᠡᠳ ᠤᠨ ᠬᠢᠨᠠᠨ ᠪᠠᠶᠢᠴᠠᠭᠠᠭᠰᠠᠨ | ᠪᠠᠶᠢᠳᠠᠯ ᠠᠴᠠ ᠦᠵᠡᠪᠡᠯ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ︽ᠵᠤᠸᠠᠩ ᠶᠤᠸᠠᠨ︾ ᠢ ᠶᠡᠭᠡ ᠪᠠᠷ | ᠤᠬᠠᠭᠤᠯᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠵᠦᠢᠯ ᠢᠯᠡᠳᠲᠡ ᠪᠠᠭᠠᠰᠪᠠ᠃ | ︽ᠶᠡᠷᠦᠩᠬᠡᠢ ᠲᠥᠰᠦᠯ︾ ᠤᠨ ᠥᠭᠡᠷᠡᠴᠢᠯᠡᠯᠲᠡ ᠶᠢ ᠬᠥᠲᠥᠯᠥᠨ ᠳᠠᠭᠠᠭᠤᠯᠬᠤ ᠡᠷᠴᠢᠮ ᠤᠷᠢᠳ ᠡᠮᠦᠨ᠎ᠡ | ᠪᠠᠶᠢᠭ᠎ᠠ ᠦᠭᠡᠢ ᠶᠤᠮ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠦᠢᠯᠡᠳᠦᠯᠭᠡ ᠶᠢᠨ ᠶᠠᠪᠤᠴᠠ ᠳᠤ ᠠᠯᠢ ᠣᠯᠠᠨ | ᠰᠠᠶᠢᠨ ᠲᠤᠷᠰᠢᠯᠭ᠎ᠠ ᠰᠠᠶᠢᠨ ᠠᠷᠭ᠎ᠠ ᠪᠠᠷᠢᠯ ᠴᠣᠯᠭᠤᠷᠠᠨ ᠭᠠᠷᠪᠠ᠃ ᠣᠯᠠᠨ ᠤ ᠠᠩᠬᠠᠷᠤᠯ ᠢ ᠲᠠᠲᠠᠭᠰᠠᠨ ᠶᠡᠭᠡ | ᠳᠡᠭᠡᠳᠦ ᠰᠤᠷᠭᠠᠭᠤᠯᠢ ᠶᠢᠨ ᠪᠠᠭᠰᠢ ᠶᠢ ᠦᠨᠡᠯᠡᠬᠦ ᠪᠠᠷ ᠵᠢᠱᠢᠶᠡᠯᠡᠶ᠎ᠡ — | ᠱᠧᠨᠵᠧᠨ ᠶᠡᠭᠡ ᠰᠤᠷᠭᠠᠭᠤᠯᠢ᠂ ᠡᠮᠦᠨᠡᠲᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ | ᠰᠤᠷᠭᠠᠭᠤᠯᠢ ᠵᠡᠷᠭᠡ ᠣᠯᠠᠨ ᠶᠡᠭᠡ ᠳᠡᠭᠡᠳᠦ ᠰᠤᠷᠭᠠᠭᠤᠯᠢ ᠳᠣᠲᠣᠭᠠᠳᠤ ᠶᠢᠨ ︽ᠳᠣᠬᠢᠭᠤᠷ︾ ᠢᠶᠠᠨ ᠬᠤᠪᠢᠷᠠᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠴᠥᠮ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠴᠢᠨᠰᠠᠭ᠎ᠠ᠂ ᠬᠤᠪᠢ ᠨᠡᠮᠡᠷᠢ᠂ ᠠᠮᠵᠢᠯᠲᠠ ᠪᠦᠲᠦᠮᠵᠢ ᠶᠢ ᠨᠡᠩ | ᠴᠢᠬᠤᠯᠠᠴᠢᠯᠠᠵᠤ᠂ ᠬᠠᠷᠢᠨ ᠲᠥᠷᠥᠯ ᠵᠦᠢᠯ ᠤᠨ ᠵᠠᠷᠤᠳᠠᠯ ᠬᠡᠳᠦᠢ ᠣᠯᠣᠭᠰᠠᠨ ᠪᠤᠶᠤ ᠥᠭᠦᠯᠡᠯ ᠬᠡᠳᠦᠢ | ᠨᠡᠶᠢᠲᠡᠯᠡᠭᠰᠡᠨ ᠢ ᠦᠵᠡᠬᠦ ᠪᠢᠰᠢ ᠪᠣᠯᠵᠠᠢ᠂ ᠶᠡᠭᠡ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠠᠵᠢᠯᠲᠠᠳ ᠢ | ᠵᠣᠷᠢᠭᠵᠢᠭᠤᠯᠤᠨ ᠵᠢᠯᠣᠭᠤᠳᠴᠤ ᠵᠠᠩᠭᠢᠯᠠᠭ᠎ᠠ ᠶᠢᠨ ᠬᠦᠷᠢᠶ᠎ᠡ᠂ ︽ᠪᠣᠭᠤᠮᠢ︾ ᠶᠢᠨ ᠠᠰᠠᠭᠤᠳᠠᠯ ᠳᠤ ᠶᠡᠭᠡ ᠬᠦᠴᠦ | ᠣᠷᠣᠭᠤᠯᠵᠠᠢ᠃ | ︽ᠱᠧᠨᠵᠧᠨ ᠶᠡᠭᠡ ᠰᠤᠷᠭᠠᠭᠤᠯᠢ ᠳᠤ᠂ ᠪᠢ ᠥᠭᠦᠯᠡᠯ ᠢᠶᠠᠷ ᠬᠢᠨᠠᠨ ᠳᠣᠭᠲᠠᠭᠠᠬᠤ ᠶᠡᠭᠡ ᠳᠠᠷᠤᠯᠲᠠ ᠶᠢ | ᠥᠩᠭᠡᠷᠡᠭᠦᠯᠦᠭᠰᠡᠨ ᠦᠭᠡᠢ᠃ ᠰᠠᠶᠢᠨ ᠡᠷᠳᠡᠮ ᠰᠢᠨᠵᠢᠯᠡᠭᠡᠨ ᠤ ᠲᠥᠷᠥᠯ ᠵᠦᠢᠯ᠂ ᠠᠵᠤ ᠦᠢᠯᠡᠰ ᠤᠨ | ᠤᠯᠠᠷᠢᠭᠤᠯᠤᠯᠲᠠ ᠶᠢᠨ ᠦᠷ᠎ᠡ ᠪᠦᠲᠦᠭᠡᠯ ᠵᠡᠷᠭᠡ ᠶᠢ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ ᠪᠣᠯᠭᠠᠵᠤ ᠪᠣᠯᠤᠨ᠎ᠠ᠂ | ᠡᠶᠢᠮᠦ ᠠᠴᠠ ᠪᠢᠳᠡ ᠰᠡᠳᠬᠢᠯ ᠲᠠᠶᠢᠪᠤᠭᠤᠨ ᠢᠶᠠᠷ ᠡᠷᠳᠡᠮ ᠰᠢᠨᠵᠢᠯᠡᠭᠡᠨ ᠢ ᠶᠠᠪᠤᠭᠳᠠᠭᠤᠯᠪᠠ︾ ᠱᠧᠨᠵᠧᠨ ᠶᠡᠭᠡ | ᠰᠤᠷᠭᠠᠭᠤᠯᠢ ᠶᠢᠨ ᠫᠷᠣᠹᠧᠰᠰᠣᠷ ᠰᠦ᠋ ᠴᠧᠨ ᠯᠢᠶᠠᠩ ᠤᠷᠲᠤ ᠬᠤᠭᠤᠴᠠᠭ᠎ᠠ ᠪᠠᠷ ᠪᠠᠶᠢᠯᠳᠤᠬᠤ ᠪᠣᠳᠤᠯᠭ᠎ᠠ ᠶᠢᠨ ᠬᠦᠨᠲᠦ | ᠤᠰᠤᠲᠥ᠋ᠷᠥᠭᠴᠢ ᠶᠢᠨ ᠡᠬᠢ ᠪᠠᠶᠠᠯᠢᠭ ᠤᠨ ᠮᠣᠯᠧᠺᠦ᠋ᠯ ᠢ ᠲᠦᠷᠭᠡᠳᠭᠡᠵᠦ ᠬᠤᠪᠢᠷᠠᠭᠤᠯᠬᠤ ᠰᠤᠳᠤᠯᠭᠠᠨ ᠬᠢᠬᠦ ᠳᠤ | ᠬᠦᠴᠦ ᠲᠠᠯᠪᠢᠵᠤ᠂ ᠲᠡᠭᠦᠨ ᠤ ᠪᠥᠯᠬᠦᠮ ᠳᠠᠭᠠᠭᠤᠯᠤᠨ ᠠᠩᠬ᠎ᠠ ᠳᠤᠷᠠᠳᠤᠭᠰᠠᠨ ᠡᠨᠧᠷᠭᠢ ᠪᠠᠷ ᠬᠥᠳᠡᠯᠭᠡᠭᠦᠷ ᠪᠣᠯᠭᠠᠨ | ᠬᠦᠨᠳᠦ ᠤᠰᠤᠲᠥ᠋ᠷᠥᠭᠴᠢ ᠪᠠᠷ ᠣᠷᠣᠯᠠᠭᠤᠯᠬᠤ ᠰᠢᠨ᠎ᠡ ᠮᠡᠷᠭᠡᠵᠢᠯ ᠨᠢ ᠬᠦᠨᠳᠦ ᠤᠰᠤᠲᠥ᠋ᠷᠥᠭᠴᠢ ᠪᠠᠷ | ᠣᠷᠣᠯᠠᠭᠤᠯᠤᠭᠰᠠᠨ ᠡᠮ ᠢ ᠦᠢᠯᠡᠳᠬᠦ ᠬᠠᠮᠤᠭ ᠤᠨ ᠢᠷᠡᠭᠡᠳᠦᠢ ᠲᠠᠢ ᠠᠷᠭ᠎ᠠ ᠭᠡᠵᠦ ᠮᠡᠳᠡᠷᠡᠭᠳᠡᠨ ᠡᠭᠦᠨ ᠢᠶᠠᠷ | ᠬᠤᠣᠷᠲᠤ ᠬᠠᠪᠤᠳᠠᠷ ᠢ ᠡᠰᠡᠷᠭᠦᠴᠡᠬᠦ ᠵᠡᠷᠭᠡ ᠣᠯᠠᠨ ᠵᠦᠢᠯ ᠤᠨ ᠬᠦᠨᠳᠦ ᠤᠰᠤᠲᠥ᠋ᠷᠥᠭᠴᠢ ᠪᠠᠷ ᠣᠷᠣᠯᠠᠭᠤᠯᠤᠭᠰᠠᠠᠨ | ᠡᠮ ᠢ ᠰᠤᠳᠤᠯᠤᠨ ᠦᠢᠯᠡᠳᠦᠭᠰᠡᠨ ᠪᠠᠶᠢᠨ᠎ᠠ᠃ | ᠲᠥᠷᠥᠯ ᠬᠤᠪᠢᠶᠠᠨ ᠦᠨᠡᠯᠡᠬᠦ᠂ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ ᠢ ᠦᠨᠡᠯᠡᠬᠦ᠂ ᠠᠵᠢᠯ ᠨᠢᠭᠡᠲᠡᠢ | ᠲᠤᠰᠬᠠᠢ ᠮᠡᠷᠭᠡᠵᠢᠯᠲᠡᠨ ᠦᠨᠡᠯᠡᠬᠦ ᠨᠢ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠳᠤᠰᠢᠶᠠᠯ ᠤᠨ ᠴᠣᠯᠠ ᠶᠢ ᠬᠢᠨᠠᠨ | ᠲᠣᠭᠲᠠᠭᠠᠬᠤ ᠪᠠ ᠡᠷᠳᠡᠮ ᠰᠢᠨᠵᠢᠯᠡᠭᠡᠨ ᠤ ᠦᠨᠡᠯᠡᠯᠲᠡ ᠬᠢᠬᠦ ᠠᠷᠭ᠎ᠠ ᠪᠣᠯᠪᠠ᠃ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠨᠢ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠪᠠᠭᠰᠢ᠂ ᠢᠨᠵᠧᠨᠧᠷᠢᠩ᠂ ᠮᠡᠷᠭᠡᠵᠢᠯ ᠢ ᠰᠢᠯᠵᠢᠭᠦᠯᠬᠦ ᠵᠡᠷᠭᠡ 19 ᠲᠥᠷᠥᠯ ᠤᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠰᠢᠷᠢᠰ ᠢ ᠪᠠᠶᠢᠭᠤᠯᠵᠤ᠂ ᠪᠠᠭᠰᠢ ᠨᠠᠷ ᠢ ᠲᠥᠷᠥᠯ ᠬᠤᠪᠢᠶᠠᠨ ᠦᠨᠡᠯᠡᠬᠦ ᠪᠠᠷ ᠴᠢᠳᠠᠪᠤᠷᠢ ᠶᠢ ᠪᠥᠷᠢᠨ | ᠪᠠᠳᠠᠷᠠᠭᠤᠯᠬᠤ ᠥᠩ ᠰᠢᠮᠡᠯᠢᠭ ᠬᠥᠷᠥᠰᠥ ᠶᠢ ᠪᠣᠢ ᠪᠣᠯᠭᠠᠪᠠ᠃ | ᠰᠧᠴᠤᠸᠠᠨ ᠶᠡᠭᠡ ᠰᠤᠷᠭᠠᠭᠤᠯᠢ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ ᠢ ᠵᠡᠷᠭᠡ ᠪᠠᠷ ᠦᠨᠡᠯᠡᠬᠦ ᠳᠤᠰᠬᠠᠢ | ᠮᠡᠷᠭᠡᠵᠢᠯᠲᠡᠨ ᠤ ᠬᠥᠮᠥᠷᠭᠡ ᠪᠠᠶᠢᠭᠤᠯᠵᠤ᠂ ᠡᠷᠬᠡ ᠰᠦᠷᠲᠦ᠂ ᠡᠷᠬᠡ ᠲᠡᠭᠰᠢ᠂ ᠲᠥᠪ ᠭᠤᠣᠯᠴᠢ ᠠᠵᠢᠯ | ᠨᠢᠭᠡᠲᠡᠳ ᠤᠨ ᠦᠨᠡᠯᠡᠨ ᠶᠠᠷᠢᠯᠴᠠᠬᠤ ᠳᠦᠷᠢᠮ ᠢ ᠪᠠᠶᠢᠭᠤᠯᠵᠠᠢ᠃ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠦᠷ᠎ᠡ ᠪᠦᠲᠦᠭᠡᠯ ᠤᠨ ᠴᠢᠨᠠᠷ ᠴᠢᠨᠰᠠᠭ᠎ᠠ ᠪᠠ | ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠰᠤᠷᠭᠠᠭᠤᠯᠢ ᠪᠠ ᠳᠡᠭᠡᠳᠦ ᠰᠤᠷᠭᠠᠭᠤᠯᠢ ᠬᠤᠶᠠᠷ ᠱᠠᠲᠤᠨ ᠤ ᠳᠡᠰ | ᠲᠥᠷᠥᠯ ᠬᠤᠪᠢᠶᠠᠨ ᠤᠷᠮᠠᠰᠢᠭᠤᠯᠬᠤ ᠳᠣᠭᠲᠠᠯᠴᠠᠭ᠎ᠠ ᠶᠢ ᠪᠠᠶᠢᠭᠤᠯᠵᠤ᠂ ᠳᠠᠩ ᠭᠠᠭᠴᠠ ᠦᠷ᠎ᠡ ᠪᠦᠲᠦᠭᠡᠯ ᠤᠨ | ᠲᠤᠭ᠎ᠠ ᠪᠠ SCI ᠥᠭᠦᠯᠡᠯ ᠤᠨ ᠬᠠᠮᠢᠶ᠎ᠠ ᠪᠦᠬᠦᠢ ᠭᠦᠢᠴᠡᠳᠬᠡᠯ ᠲᠤᠭ᠎ᠠ ᠪᠠᠷ ᠦᠨᠡᠯᠡᠬᠦ ᠱᠠᠩᠨᠠᠬᠤ ᠠᠷᠭ᠎ᠠ ᠶᠢ | ᠲᠠᠶᠠᠭᠳᠠᠪᠠ᠃ | ᠲᠢᠶᠠᠨᠵᠢᠨ ᠠᠵᠢᠯ ᠮᠡᠷᠭᠡᠵᠢᠯ ᠤᠨ ᠶᠡᠭᠡ ᠰᠤᠷᠭᠠᠭᠤᠯᠢ ︽ᠳᠠᠳᠤᠯᠭ᠎ᠠ ᠪᠣᠯᠪᠠᠰᠤᠷᠠᠯ ᠤᠨ ᠵᠢᠯᠣᠭᠤᠳᠤᠭᠴᠢ | ᠪᠠᠭᠰᠢ︾ ᠶᠢᠨ ᠠᠵᠢᠯ ᠤᠨ ᠪᠠᠶᠢᠷᠢ ᠶᠢᠨ ᠣᠨᠴᠠᠯᠢᠭ ᠲᠤ ᠨᠡᠶᠢᠴᠡᠭᠰᠡᠨ ᠦᠨᠡᠯᠡᠨ ᠤᠷᠢᠬᠤ ᠠᠷᠭ᠎ᠠ ᠶᠢ ᠬᠠᠶᠢᠨ | ᠰᠦᠪᠡᠭᠴᠢᠯᠡᠵᠦ᠂ ᠭᠤᠯᠳᠤ ᠡᠷᠳᠡᠮ ᠰᠢᠨᠵᠢᠯᠡᠭᠡᠨ᠂ ᠥᠭᠦᠯᠡᠯ ᠵᠡᠷᠭᠡ ᠶᠢ ᠳᠠᠳᠤᠯᠭ᠎ᠠ ᠪᠣᠯᠪᠠᠰᠤᠷᠠᠯ ᠢ ᠦᠨᠡᠯᠡᠬᠦ | ᠵᠢᠯᠣᠭᠤᠳᠤᠭᠴᠢ ᠪᠠᠭᠰᠢ ᠶᠢᠨ ᠰᠠᠭᠤᠷᠢ ᠴᠢᠨᠠᠷᠲᠠᠢ ᠨᠥᠬᠦᠴᠡᠯ ᠪᠣᠯᠭᠠᠬᠤ ᠦᠭᠡᠢ᠃ | ᠰᠤᠳᠤᠯᠭᠠᠨ ᠠᠴᠠ᠂ ᠳᠤᠮᠳᠠᠳᠤ ᠤᠯᠤᠰ ᠤᠨ ᠡᠷᠳᠡᠮᠲᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠨᠡᠶᠢᠲᠡᠯᠡᠭᠰᠡᠨ ᠣᠯᠠᠨ ᠤᠯᠤᠰ ᠤᠨ ᠤᠷᠢᠳᠴᠢᠯᠠᠨ ᠰᠡᠷᠡᠮᠵᠢᠯᠡᠭᠦᠯᠬᠦ ᠬᠤᠭᠤᠴᠠᠭᠠᠲᠤ ᠰᠡᠳᠬᠦᠯ | ᠳᠡᠭᠡᠷ᠎ᠡ ᠦᠭᠦᠯᠡᠯ ᠨᠡᠶᠢᠲᠡᠯᠡᠬᠦ ᠬᠠᠷᠢᠴᠠᠯ 2019 - 2022 ᠣᠨ ᠤ ᠬᠤᠭᠤᠴᠠᠭᠠᠨ ᠳᠤ ᠢᠯᠡᠳᠲᠡ ᠪᠠᠭᠤᠷᠠᠬᠤ | ᠬᠠᠨᠳᠤᠰᠢ ᠲᠠᠢ ᠪᠣᠯᠪᠠ ᠭᠡᠵᠦ ᠵᠢᠭᠠᠵᠤ ᠭᠠᠷᠠᠭᠪᠠ᠃ ︽ᠮᠠᠨ ᠤ ᠤᠯᠤᠰ ᠤᠨ ᠡᠷᠳᠡᠮᠲᠡᠳ ᠤᠨ SCI ᠥᠭᠦᠯᠡᠯ ᠪᠠ | ᠨᠥᠯᠥᠭᠡᠯᠡᠬᠦ ᠭᠦᠢᠴᠡᠳᠭᠡᠯ ᠲᠤᠭ᠎ᠠ ᠶᠢ ᠰᠣᠬᠤᠷ ᠪᠠᠯᠠᠢ ᠪᠠᠷ ᠳᠠᠭᠠᠬᠤ ᠠᠵᠢᠯᠯᠠᠭ᠎ᠠ ᠢᠯᠡᠳᠲᠡ ᠰᠠᠶᠢᠵᠢᠷᠠᠵᠤ᠂ | ᠬᠤᠭᠤᠴᠠᠭᠠᠲᠤ ᠰᠡᠳᠬᠦᠯ ᠪᠠ ᠥᠭᠦᠯᠡᠯ ᠤᠨ ᠴᠢᠨᠠᠷ ᠴᠢᠨᠰᠠᠭ᠎ᠠ ᠶᠢ ᠨᠡᠩ ᠢᠯᠡᠭᠦᠦ ᠠᠩᠬᠠᠷᠬᠤ ᠪᠣᠯᠵᠠᠢ ︾ ᠭᠡᠵᠦ | ᠰᠤᠷᠭᠠᠨ ᠬᠥᠮᠥᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠤ ᠬᠠᠷᠢᠭᠤᠴᠠᠯᠭᠠᠲᠠᠨ ᠢᠯᠡᠷᠬᠡᠶᠢᠯᠡᠪᠡ᠃ | ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠠᠯᠢ ᠣᠯᠠᠨ ᠦᠢᠯᠡᠳᠦᠯᠭᠡ | ᠭᠡᠷᠡᠴᠢᠯᠡᠭᠰᠡᠨ ᠨᠢ᠂ ᠰᠤᠷᠭᠠᠨ ᠬᠥᠮᠦᠵᠢᠯ ᠤᠨ ᠦᠨᠡᠯᠡᠯᠲᠡ ᠶᠢᠨ ︽ᠳᠣᠬᠢᠭᠤᠷ︾ ᠤᠨ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠪᠣᠯ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠶᠢᠨ ᠵᠠᠩᠭᠢᠯᠠᠭ᠎ᠠ ᠶᠢᠨ ᠠᠯᠬᠤᠮ᠂ ᠮᠥᠨ ᠴᠤ ︽ᠨᠢᠭᠡ ᠶᠢ | ᠨᠠᠶᠢᠳᠠᠪᠤᠷᠢᠵᠢᠭᠤᠯᠤᠨ ᠪᠦᠬᠦᠨ ᠢ ᠠᠮᠢᠳᠤᠯᠢᠭᠵᠢᠭᠤᠯᠬᠤ︾ ᠶᠠᠪᠤᠳᠠᠯ ᠪᠣᠯᠤᠨ᠎ᠠ᠃ | ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠪᠣᠯ ᠨᠢᠭᠡ ᠵᠦᠢᠯ ᠤᠨ ᠪᠤᠳᠤᠯᠢᠶᠠᠨᠲᠠᠢ᠂ ᠬᠠᠲᠠᠭᠤ | ᠪᠡᠷᠬᠡ᠂ ᠤᠷᠲᠤ ᠬᠤᠭᠤᠴᠠᠭᠠᠨ ᠤ ᠡᠭᠦᠷᠭᠡ᠂ ᠡᠨᠡ ᠬᠦ ᠥᠭᠡᠷᠡᠴᠢᠯᠡᠯᠲᠡ ᠳᠤ ᠲᠡᠭᠦᠰᠬᠡᠯ ᠦᠭᠡᠢ ᠶᠤᠮ᠃ ᠡᠨᠡ ᠵᠢᠯ ᠤᠨ | 7 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ | ︽ᠡᠷᠬᠡ ᠰᠦᠷᠲᠦ ᠰᠠᠯᠠᠭ᠎ᠠ ᠮᠥᠴᠢᠷ ᠤᠨ ᠶᠠᠷᠢᠬᠤ ᠨᠢ︾ ᠭᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠤᠷᠭᠠᠨ | ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ | ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠡᠩ ᠪᠣᠳᠠᠲᠠᠶᠢᠵᠢᠭᠤᠯᠤᠨ ᠠᠬᠢᠭᠤᠯᠬᠤ | ᠵᠠᠩᠭᠢᠯᠠᠭ᠎ᠠ ᠶᠢᠨ ᠴᠠᠭ ᠦᠶ᠎ᠡ ᠳᠤ ᠣᠷᠣᠵᠠᠢ᠃ ᠳᠠᠷᠠᠭ᠎ᠠ ᠠᠯᠬᠤᠮ ᠳᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠡᠪᠳᠡᠬᠦ ᠪᠠ ᠪᠠᠶᠢᠭᠤᠯᠬᠤ ᠶᠢ | ᠵᠡᠷᠭᠡ ᠪᠠᠷ ᠴᠢᠬᠤᠯᠠᠴᠢᠯᠠᠨ᠂ ᠪᠠᠶᠢᠭᠤᠯᠬᠤ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ | ᠦᠨᠡᠯᠡᠯᠲᠡ ᠶᠢᠨ ᠥᠭᠡᠷᠡᠴᠢᠯᠡᠯᠲᠡ ᠪᠠᠷ ᠬᠥᠲᠥᠯᠦᠮᠵᠢ ᠪᠣᠯᠭᠠᠨ᠂ ᠬᠥᠮᠦᠨ ᠬᠥᠮᠦᠵᠢᠭᠦᠯᠬᠦ ᠠᠷᠭ᠎ᠠ ᠬᠡᠯᠪᠡᠷᠢ᠂ | ᠰᠤᠷᠭᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ ᠪᠠᠲᠤᠯᠠᠭᠠᠨ ᠤ ᠲᠣᠭᠲᠠᠴᠠ ᠶᠢᠨ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠳᠡᠯᠭᠡᠬᠦ | ᠬᠦᠴᠦᠨ ᠢ ᠨᠡᠮᠡᠭᠳᠡᠭᠦᠯᠦᠨ᠎ᠡ ᠭᠡᠪᠡ᠃ | | |