10 ᠰᠠᠷ᠎ᠠ ᠶᠢᠨ 22 ᠤᠨ ᠡᠳᠦᠷ᠂ ᠵᠢᠷᠭᠤᠭᠠᠨ ᠡᠳᠦᠷ ᠤᠨ ᠬᠤᠷᠴᠠ ᠰᠢᠷᠦᠭᠦᠨ ᠮᠥᠷᠦᠶᠢᠴᠡᠯᠳᠦᠭᠡᠨ ᠢᠶᠠᠷ | ᠳᠠᠮᠵᠢᠨ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠥᠬᠡᠬᠤᠲᠠ ᠪᠤᠭᠤᠲᠤ | ᠣᠷᠳᠣᠰ ᠤᠯᠠᠭᠠᠨᠴᠠᠪ︾ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ | ᠬᠤᠯᠪᠣᠭᠠᠲᠤ ᠤᠷᠤᠯᠳᠤᠭᠠᠨ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ | ᠲᠥᠪ ᠲᠤ ᠲᠡᠭᠦᠰ ᠠᠮᠵᠢᠯᠲᠠ ᠲᠠᠢ ᠥᠨᠳᠥᠷᠯᠡᠪᠡ᠃ | ᠲᠤᠰ ᠬᠤᠭᠤᠴᠠᠭᠠᠨ ᠤ ᠤᠷᠤᠯᠳᠤᠭᠠᠨ ᠢ ᠪᠠᠭ᠎ᠠ ᠰᠤᠷᠭᠠᠭᠤᠯᠢ ᠶᠢᠨ ᠡᠷᠡᠭᠲᠡᠢ ᠡᠮᠡᠭᠲᠡᠢ ᠶᠢᠨ ᠬᠥᠬᠡ | ᠳᠤᠭᠤᠶᠢᠯᠠᠩ᠂ ᠬᠥᠬᠡᠭᠴᠢᠨ ᠳᠤᠭᠤᠶᠢᠯᠠᠩ ᠪᠠ ᠤᠯᠠᠭᠠᠨ ᠳᠤᠭᠤᠶᠢᠯᠠᠩ ᠭᠡᠵᠦ ᠬᠤᠪᠢᠶᠠᠨ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠡᠷᠡᠭᠲᠡᠢ ᠡᠮᠡᠭᠲᠡᠢ ᠶᠢᠨ 8 ᠳᠤᠭᠤᠶᠢᠯᠠᠩ ᠬᠤᠪᠢᠶᠠᠵᠤ᠂ ᠬᠥᠬᠡᠬᠤᠲᠠ᠂ ᠪᠤᠭᠤᠲᠤ ᠬᠤᠲᠠ᠂ | ᠣᠷᠳᠣᠰ ᠬᠤᠳᠠ᠂ ᠤᠯᠠᠭᠠᠨᠴᠠᠪ ᠬᠤᠲᠠ ᠵᠡᠷᠭᠡ 4 ᠭᠠᠵᠠᠷ ᠣᠷᠣᠨ ᠠᠴᠠ ᠢᠷᠡᠭᠰᠡᠨ 31 ᠤᠷᠤᠯᠳᠤᠭᠠᠨ ᠳᠤ | ᠣᠷᠣᠯᠴᠠᠬᠤ ᠳᠤᠭᠤᠶᠢᠯᠠᠩ ᠤᠨ 522 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ ᠡᠴᠦᠰ ᠲᠤ᠂ ᠣᠷᠳᠣᠰ | ᠬᠤᠲᠠ ᠶᠢᠨ ᠲᠥᠯᠦᠭᠡᠯᠡᠭᠴᠢ ᠶᠢᠨ ᠠᠩᠭᠢ ᠡᠯ᠎ᠡ ᠳᠤᠭᠤᠶᠢᠯᠠᠩ ᠤᠨ ᠮᠠᠩᠯᠠᠢ ᠳᠤ ᠲᠣᠳᠤᠷᠠᠪᠠ᠃ | | | | | | | | | | | | ᠥᠨᠳᠦᠷᠯᠡᠬᠦ ᠶᠣᠰᠣᠯᠠᠯ ᠳᠡᠭᠡᠷ᠎ᠡ ᠲᠣᠭᠯᠠᠯᠲᠠ ᠭᠠᠷᠭᠠᠵᠤ ᠪᠠᠶᠢᠭ᠎ᠠ ᠨᠢ | | | | | | | | | ᠱᠠᠩᠨᠠᠯ ᠣᠯᠭᠤᠬᠤ ᠶᠣᠰᠣᠯᠠᠯ ᠤᠨ ᠠᠬᠤᠢ ᠲᠠᠯᠠᠪᠠᠢ | | | ᠡᠨᠡ ᠤᠳᠠᠭᠠᠨ ᠤ ᠠᠵᠢᠯᠯᠠᠭ᠎ᠠ ᠤᠷᠤᠯᠳᠤᠬᠤ᠂ ᠲᠥᠪᠯᠡᠷᠡᠭᠦᠯᠦᠨ ᠪᠣᠯᠪᠠᠰᠤᠷᠠᠭᠤᠯᠬᠤ ᠶᠢ ᠨᠢᠭᠡ | ᠴᠣᠭᠴᠠᠵᠢᠭᠤᠯᠵᠤ᠂ ᠬᠥᠯ ᠪᠥᠮᠪᠦᠭᠡᠨ ᠤ ᠬᠥᠭᠵᠢᠶᠡᠨᠲᠦ ᠪᠡᠶ᠎ᠡ ᠶᠢᠨ ᠲᠡᠮᠢᠷ᠂ ᠬᠥᠯ ᠪᠥᠮᠪᠦᠭᠡᠨ ᠤ ᠪᠠᠷᠢᠮᠲᠠᠲᠤ ᠹᠢᠯᠢᠮ᠂ | ᠪᠥᠵᠢᠭ ᠤᠨ ᠵᠢᠭᠠᠨ ᠰᠤᠷᠭᠠᠯᠲᠠ᠂ ᠤᠷᠠᠯᠢᠭ ᠤᠨ ᠨᠠᠶᠢᠷᠠᠯ ᠳᠠᠭᠤᠤ᠂ ᠬᠠᠤᠯᠢ ᠲᠦᠭᠡᠮᠡᠯᠵᠢᠭᠦᠯᠬᠦ ᠬᠥᠮᠦᠵᠢᠯ ᠵᠡᠷᠭᠡ | ᠡᠯᠪᠡᠭ ᠪᠠᠶᠠᠯᠢᠭ ᠣᠨᠴᠠᠯᠢᠭᠲᠤ ᠬᠢᠴᠢᠶᠡᠯ ᠢᠶᠠᠷ ᠬᠠᠪᠰᠤᠷᠤᠮᠵᠢ ᠪᠣᠯᠭᠠᠨ᠂ ᠤᠷᠤᠯᠳᠤᠭᠠᠨ ᠤ ᠬᠤᠭᠤᠴᠠᠭᠠᠨ ᠳᠤ᠂ ᠬᠥᠯ | ᠪᠥᠮᠪᠦᠭᠡᠴᠢᠳ ᠬᠠᠷᠢᠯᠴᠠᠨ ᠪᠥᠮᠪᠥᠭᠡᠨ ᠮᠡᠷᠭᠡᠵᠢᠯ ᠢ ᠶᠠᠷᠢᠯᠴᠠᠵᠤ᠂ ᠮᠡᠳᠡᠯᠭᠡ ᠰᠤᠷᠴᠤ᠂ ᠲᠤᠷᠰᠢᠯᠭ᠎ᠠ ᠰᠣᠯᠢᠯᠴᠠᠨ᠂ ᠬᠥᠯ | ᠪᠥᠮᠪᠦᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠭᠰᠡᠨ ᠤ ᠬᠠᠮᠲᠤ ᠪᠦᠯᠬᠦᠮ ᠨᠡᠶᠢᠲᠡ ᠶᠢᠨ ᠬᠠᠷᠢᠯᠴᠠᠨ | ᠬᠠᠪᠰᠤᠷᠬᠤ ᠤᠬᠠᠮᠰᠠᠷ ᠢ ᠪᠣᠢ ᠪᠣᠯᠭᠠᠵᠤ᠂ ᠰᠤᠷᠤᠯᠴᠠᠬᠤ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ | ᠳᠡᠭᠡᠭᠰᠢᠯᠡᠭᠦᠯᠪᠡ᠃ | | | | | | | | | | | | | | ᠤᠷᠤᠯᠳᠤᠭᠠᠨ ᠤ ᠠᠬᠤᠢ ᠲᠠᠯᠠᠪᠠᠢ | | | ᠲᠤᠰ ᠬᠤᠭᠤᠴᠠᠭᠠᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠵᠠᠯᠠᠭᠤᠴᠤᠳ ᠪᠠᠭᠠᠴᠤᠳ ᠤᠨ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ | ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠢᠭᠡ | ᠴᠣᠭᠴᠠᠵᠢᠭᠤᠯᠤᠭᠰᠠᠨ ᠬᠥᠭᠵᠢᠭᠦᠯᠦᠯᠲᠡ ᠶᠢᠨ ᠲᠥᠯᠥᠪᠵᠢᠭᠦᠯᠭᠡ︾ ᠶᠢ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ | ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠣᠷᠣᠨ ᠪᠦᠰᠡ ᠶᠢᠨ ᠬᠥᠯ ᠪᠥᠮᠪᠦᠭᠡᠨ ᠤ ᠬᠤᠯᠪᠤᠭᠠᠲᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠢᠷᠢ ᠲᠦᠪᠰᠢᠨ ᠢ | ᠬᠠᠮᠲᠤ ᠳᠤ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠨᠢᠭᠡ ᠴᠣᠭᠴᠠᠵᠢᠭᠤᠯᠤᠭᠰᠠᠨ ᠬᠥᠭᠵᠢᠭᠦᠯᠦᠯᠲᠡ ᠶᠢᠨ ᠰᠢᠨ᠎ᠡ | ᠪᠠᠶᠢᠷᠢᠰᠢᠯᠠᠭᠤᠯᠤᠯᠲᠠ ᠪᠣᠢ ᠪᠣᠯᠭᠠᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠤ ᠬᠠᠮᠲᠤ ᠤᠷᠤᠯᠳᠤᠭᠠᠨ ᠳᠤ | ᠣᠷᠣᠯᠴᠠᠭᠰᠠᠨ ᠲᠥᠯᠦᠭᠡᠯᠡᠭᠴᠢ ᠶᠢᠨ ᠠᠩᠭᠢ ᠳᠤ ᠥᠪᠡᠷ ᠢ ᠪᠠᠨ ᠳᠡᠯᠭᠡᠨ ᠦᠵᠡᠭᠦᠯᠬᠦ᠂ ᠬᠠᠷᠢᠯᠴᠠᠨ ᠰᠣᠯᠢᠯᠴᠠᠬᠤ | ᠲᠠᠪᠴᠠᠩ ᠢ ᠬᠠᠩᠭᠠᠪᠠ᠃ ᠲᠡᠭᠦᠰᠬᠦ ᠶᠣᠰᠣᠯᠠᠯ ᠳᠡᠭᠡᠷ᠎ᠡ᠂ ᠬᠥᠬᠡᠬᠤᠲᠠ ᠬᠤᠯᠪᠣᠭᠠᠲᠤ ᠤᠷᠤᠯᠳᠤᠭᠠᠨ ᠤ ᠲᠤᠭ ᠢ | ᠲᠣᠰᠴᠤ᠂ 2024 ᠣᠨ ᠳᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠵᠠᠯᠠᠭᠤᠴᠤᠳ ᠪᠠᠭᠠᠴᠤᠳ ᠤᠨ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠬᠥᠬᠡᠬᠤᠲᠠ ᠳᠤ ᠶᠠᠪᠤᠭᠳᠠᠬᠤ | ᠪᠣᠯᠤᠨ᠎ᠠ᠃ | | | |