ᠥᠪᠥᠷ ᠮᠣᠩᠭᠤᠯ ᠤᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤᠷᠢᠬᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/11/10
     2024 ᠣᠨ ᠤ ᠪᠦᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤᠷᠢᠬᠤ ᠤᠷᠢᠳᠴᠢᠯᠠᠨ ᠡᠬᠢᠯᠡᠪᠡ᠂ ᠰᠤᠷᠤᠭᠴᠢᠳ ᠢ ᠠᠯᠢ ᠲᠦᠷᠭᠡᠨ ᠢᠶᠠᠷ ᠡᠵᠡᠮᠰᠢᠭᠦᠯᠬᠦ ᠶᠢᠨ ᠲᠥᠯᠥᠭᠡ᠂ ᠶᠠᠭᠤ ᠶᠢ ᠪᠦᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠰᠢᠯᠭᠠᠯᠲᠠ ᠭᠡᠬᠦ ᠪᠤᠢ︖ ᠤᠷᠢᠬᠤ ᠶᠠᠪᠤᠴᠠ ᠪᠠ ᠱᠠᠭᠠᠷᠳᠠᠯᠭ᠎ᠠ ᠶᠠᠭᠤ ᠪᠤᠢ︖ ᠰᠢᠯᠭᠠᠯᠲᠠ ᠶᠢᠨ ᠠᠭᠤᠯᠭ᠎ᠠ ᠶᠠᠭᠤ ᠪᠤᠢ︖ ᠠᠵᠢᠯ ᠦᠢᠯᠡᠰ ᠤᠨ ᠨᠢᠭᠡᠴᠢ ᠶᠢᠨ ᠰᠢᠯᠭᠠᠯᠲᠠ ᠶᠢᠨ ᠰᠡᠳᠦᠪ ᠢ ᠲᠠᠶᠢᠯᠬᠤ ᠤᠷ᠎ᠠ ᠮᠡᠷᠭᠡᠵᠢᠯ ᠢ ᠶᠠᠭᠠᠬᠢᠵᠤ ᠲᠦᠷᠭᠡᠨ ᠡᠵᠡᠮᠰᠢᠬᠦ ᠪᠤᠢ︖ ᠵᠡᠷᠭᠡ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠤᠰᠬᠠᠢ ᠬᠥᠮᠦᠨ ᠵᠣᠬᠢᠶᠠᠨ ᠪᠠᠶᠢᠭᠤᠯᠤᠨ ︽2024 ᠣᠨ ᠤ ᠥᠪᠥᠷ ᠮᠣᠩᠭᠤᠯ ᠤᠨ ᠠᠵᠢᠯ ᠦᠢᠯᠡᠰ ᠤᠨ ᠨᠢᠭᠡᠴᠢ ᠶᠢᠨ ᠨᠡᠶᠢᠲᠡ ᠶᠢᠨ ᠠᠰᠠᠷᠠᠮᠵᠢ ᠶᠢᠨ ᠬᠢᠴᠢᠶᠡᠯ︾᠎ ᠢ ᠨᠡᠭᠡᠭᠡᠪᠡ᠃ ᠠᠯᠪᠠᠨ ᠵᠠᠷᠯᠠᠯ ᠲᠣᠪᠴᠢ ᠳᠦᠷᠢᠮ᠂ ᠨᠡᠷ᠎ᠡ ᠮᠡᠳᠡᠭᠦᠯᠬᠦ ᠨᠥᠬᠦᠴᠡᠯ᠂ ᠠᠵᠢᠯ ᠤᠨ ᠪᠠᠶᠢᠷᠢ ᠰᠣᠩᠭᠤᠬᠤ ᠵᠡᠷᠭᠡ ᠣᠯᠠᠨ ᠲᠠᠯ᠎ᠠ ᠠᠴᠠ ᠵᠠᠳᠠᠯᠤᠨ᠂ ᠠᠵᠢᠯ ᠮᠡᠷᠭᠡᠵᠢᠯ ᠤᠨ ᠴᠢᠳᠠᠪᠤᠷᠢ ᠶᠢᠨ ᠰᠢᠯᠭᠠᠨ ᠪᠠᠶᠢᠴᠠᠭᠠᠯᠲᠠ᠂ ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢᠨ ᠶᠡᠷᠦᠩᠬᠡᠢ ᠰᠠᠯᠠᠭᠠᠨ ᠤ ᠲᠤᠰᠬᠠᠢ ᠲᠠᠶᠢᠯᠤᠮᠵᠢ ᠨᠢ ᠲᠠ ᠨᠠᠷ ᠲᠤ ᠲᠤᠰᠬᠠᠢ ᠮᠡᠷᠭᠡᠵᠢᠯ ᠤᠨ ᠵᠢᠯᠣᠭᠤᠳᠣᠯᠭ᠎ᠠ ᠪᠠ ᠳᠡᠮᠵᠢᠯᠭᠡ ᠬᠠᠩᠭᠠᠨ ᠪᠦᠬᠦ ᠮᠠᠳᠠᠭ ᠢ ᠲᠠᠶᠢᠯᠤᠨ᠎ᠠ᠃ ︽ᠥᠪᠡᠷ ᠪᠤᠰᠤᠳ ᠢ ᠪᠦᠷ ᠮᠡᠳᠡᠪᠡᠯ᠂ ᠵᠠᠭᠤᠨᠲᠠ ᠪᠠᠶᠢᠯᠳᠤᠪᠠᠴᠤ ᠠᠶᠤᠯ ᠦᠭᠡᠢ︾᠂ ᠮᠡᠳᠡᠭᠳᠡᠯ ᠤᠨ ᠬᠤᠶᠠᠷ ᠬᠡᠮᠵᠢᠯᠳᠦ ᠺᠣᠳ᠋ ᠢ ᠬᠤᠷᠳᠤᠬᠠᠨ ᠢᠷᠡᠵᠦ ᠰᠢᠷᠪᠢᠨ᠂ ᠰᠤᠷᠤᠯᠴᠠᠯᠭ᠎ᠠ ᠳᠤ ᠣᠷᠣᠯᠴᠠᠭᠠᠷᠠᠢ᠃ ᠬᠠᠮᠲᠤ ᠳᠤ ᠪᠠᠨ ᠰᠢᠯᠭᠠᠯᠲᠠ ᠶᠢᠨ ᠪᠡᠯᠡᠳᠬᠡᠯ ᠢ ᠰᠠᠶᠢᠲᠤᠷ ᠬᠢᠵᠡᠭᠡᠶ᠎ᠡ︕   

c5a093e68e81002fb7ccdbf1c899f1c9_640_wx_fmt=jpeg&wxfrom=5&wx_lazy=1&wx_co=1.jpg

 

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号