ᠲᠦᠩᠯᠢᠶᠣᠤ ᠬᠤᠲᠠ ᠶᠢᠨ ᠨᠡᠭᠡᠭᠡᠯᠲᠡᠲᠦ ᠲᠣᠭᠤᠷᠢᠭ ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶᠎ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/11/16
      ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠎ ᠶᠢ ᠤᠯᠠᠮ ᠨᠢᠭᠡ ᠠᠯᠬᠤᠮ ᠴᠢᠩᠭᠠᠳᠬᠠᠨ᠂ ᠰᠤᠷᠭᠠᠭᠤᠯᠢ ᠳᠤ ᠬᠠᠮᠲᠤᠯᠢᠭ ᠤᠨ ᠴᠢᠨᠠᠷᠲᠠᠢ ᠢᠳᠡᠭᠡᠨ ᠤ ᠬᠤᠣᠷᠲᠠᠯᠭ᠎ᠠ ᠶᠢᠨ ᠠᠳᠠᠯ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 13᠎ ᠤ ᠡᠳᠦᠷ᠂ ᠲᠦᠩᠯᠢᠶᠣᠤ ᠬᠤᠲᠠ ᠶᠢᠨ ᠨᠡᠭᠡᠭᠡᠯᠲᠡᠲᠦ ᠲᠣᠭᠤᠷᠢᠭ ᠤᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠲᠠᠰᠤᠭ ᠬᠠᠷᠢᠭᠤᠴᠠᠯᠭᠠᠲᠤ ᠰᠤᠷᠭᠠᠭᠤᠯᠢ ᠪᠠᠶᠢᠴᠠᠭᠠᠭᠴᠢ ᠶᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶᠎ ᠳᠤ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠠᠵᠢᠯ ᠤᠨ ᠲᠤᠬᠠᠢ ᠲᠤᠰᠬᠠᠢ ᠰᠢᠪᠠᠳᠠᠭᠤᠯᠤᠨ ᠪᠠᠶᠢᠴᠠᠭᠠᠪᠠ᠃

1.jpg

2.jpg

3.jpg

      ᠬᠢᠨᠠᠨ ᠵᠢᠯᠣᠭᠤᠳᠬᠤ ᠳᠤᠭᠤᠶᠢᠯᠠᠩ ᠤᠷᠢᠳ ᠬᠤᠵᠢᠳ ᠯᠢᠶᠣᠤ ᠾᠧ ᠭᠤᠷᠪᠠᠳᠤᠭᠠᠷ ᠪᠠᠭ᠎ᠠ ᠰᠤᠷᠭᠠᠭᠤᠯᠢ᠂

ᠹᠦ᠋ ᠠᠨ ᠳᠦᠨ ᠪᠠᠭ᠎ᠠ ᠰᠤᠷᠭᠠᠭᠤᠯᠢ ᠵᠡᠷᠭᠡ 7 ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠪᠠᠭ᠎ᠠ ᠰᠤᠷᠭᠠᠭᠤᠯᠢ

ᠪᠣᠯᠤᠨ 54 ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ᠂ ᠤᠷᠢᠳᠴᠢᠯᠠᠨ ᠬᠢᠭᠰᠡᠨ ᠨᠣᠭᠤᠭ᠎ᠠ ᠶᠢ ᠰᠤᠷᠭᠠᠭᠤᠯᠢ ᠶᠢᠨ

ᠬᠦᠷᠢᠶᠡᠨ ᠳᠤ ᠣᠷᠣᠭᠤᠯᠬᠤ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠵᠢᠴᠢ

ᠪᠣᠯᠪᠠᠰᠤᠷᠠᠯ᠂ ᠢᠳᠡᠭᠡᠨ ᠤᠮᠳᠠᠭᠠᠨ ᠤ ᠬᠡᠷᠡᠭᠰᠡᠯ ᠢ ᠠᠷᠢᠭᠤᠳᠬᠠᠨ ᠴᠡᠪᠡᠷᠯᠡᠬᠦ᠂ ᠢᠳᠡᠭᠡᠨ ᠤ ᠲᠦᠭᠦᠬᠡᠢ ᠮᠠᠲ᠋ᠧᠷᠢᠶᠠᠯ ᠎ ᠤᠨ

ᠭᠡᠷᠡᠴᠢ ᠪᠠᠷᠢᠮᠲᠠ ᠠᠪᠬᠤ ᠪᠠ ᠡᠬᠡ ᠳᠠᠩᠰᠠ ᠪᠠᠶᠢᠭᠤᠯᠬᠤ᠂ ᠢᠳᠡᠭᠡᠨ ᠤ ᠦᠯᠢᠭᠡᠷ ᠶᠠᠩᠵᠤ ᠦᠯᠡᠳᠡᠭᠡᠬᠦ ᠳᠦᠷᠢᠮ ᠢ

ᠬᠡᠷᠡᠭᠵᠢᠭᠦᠯᠦᠭᠰᠡᠨ ᠪᠠᠶᠢᠳᠠᠯ ᠵᠡᠷᠭᠡ ᠠᠭᠤᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠶᠢᠴᠠᠭᠠᠵᠤ᠂ ᠰᠢᠪᠠᠳᠠᠭᠤᠯᠤᠨ

ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂

ᠬᠠᠮᠢᠶ᠎ᠠ ᠪᠦᠬᠦᠢ ᠰᠤᠷᠭᠠᠭᠤᠯᠢ ︵ᠬᠡᠦᠬᠡᠳ ᠤᠨ ᠴᠡᠴᠡᠷᠯᠢᠭ︶᠎ ᠶᠢ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠬᠤ

ᠬᠡᠷᠡᠭᠲᠡᠢ ᠭᠡᠵᠦ ᠱᠠᠭᠠᠷᠳᠠᠪᠠ᠃

4.jpg

5.jpg

6.jpg

7.jpg

      ᠬᠢᠨᠠᠨ ᠵᠢᠯᠣᠭᠤᠳᠬᠤ ᠳᠤᠭᠤᠶᠢᠯᠠᠩ ᠠᠴᠠ ᠡᠯ᠎ᠡ ᠰᠤᠷᠭᠠᠭᠤᠯᠢ ︵ᠬᠡᠦᠬᠡᠳ ᠤᠨ ᠴᠡᠴᠡᠷᠯᠢᠭ︶ ᠬᠤᠭᠤᠯᠠᠨ

ᠭᠡᠷ ᠤᠨ ᠢᠳᠡᠭᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠭᠡᠨ ᠤ ᠠᠮᠤᠷ

ᠲᠦᠪᠰᠢᠨ ᠤ ᠠᠵᠢᠯ ᠢ ᠭᠤᠣᠯᠯᠠᠨ ᠬᠠᠮᠢᠶᠠᠷᠬᠤ ᠤᠳᠤᠷᠢᠳᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ

ᠠᠯᠬᠤᠮ ᠲᠣᠳᠣᠷᠬᠠᠶᠢᠯᠠᠵᠤ᠂ ᠢᠳᠡᠭᠡᠨ ᠤ ᠠᠮᠤᠷ ᠲᠦᠪᠰᠢᠨ᠂ ᠬᠤᠭᠤᠯᠠᠨ ᠭᠡᠷ ᠤᠨ ᠬᠠᠮᠢᠶᠠᠷᠤᠯᠲᠠ ᠵᠡᠷᠭᠡ ᠠᠵᠢᠯ ᠢ

ᠬᠠᠮᠢᠶᠠᠷᠬᠤ ᠬᠥᠮᠦᠨ ᠲᠠᠢ᠂ ᠠᠳᠬᠤᠬᠤ ᠬᠥᠮᠦᠨ ᠲᠠᠢ ᠪᠠᠶᠢᠬᠤ ᠬᠡᠷᠡᠭᠲᠡᠢ︔ ᠬᠤᠭᠤᠯᠠᠨ ᠭᠡᠷ ᠤᠨ ᠬᠠᠮᠢᠶᠠᠷᠤᠯᠲᠠ ᠶᠢᠨ

ᠬᠠᠮᠢᠶ᠎ᠠ ᠪᠦᠬᠦᠢ ᠳᠦᠷᠢᠮ ᠪᠠ ᠢᠳᠡᠭᠡᠨ ᠵᠢᠴᠢ ᠲᠦᠭᠦᠬᠡᠢ ᠮᠠᠲ᠋ᠧᠷᠢᠶᠠᠯ ᠣᠷᠣᠭᠤᠯᠬᠤ ᠡᠬᠡ ᠳᠠᠩᠰᠠ ᠶᠢ ᠪᠠᠶᠢᠭᠤᠯᠤᠨ

ᠪᠦᠷᠢᠨᠰᠢᠭᠦᠯᠵᠦ᠂ ᠬᠤᠭᠤᠯᠠᠨ ᠭᠡᠷ ᠤᠨ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠭᠡᠷᠡᠴᠢ ᠪᠠᠷᠢᠮᠲᠠ ᠪᠠ ᠡᠬᠡ

ᠳᠠᠩᠰᠠ ᠶᠢ ᠪᠦᠷᠢᠨ ᠭᠦᠢᠴᠡᠳ ᠳᠠᠩᠰᠠᠯᠠᠭᠰᠠᠨ ᠪᠠᠶᠢᠬᠤ ᠬᠡᠷᠡᠭᠲᠡᠢ︔ ᠢᠳᠡᠭᠡᠨ ᠤ ᠲᠦᠭᠦᠬᠡᠢ ᠮᠠᠲ᠋ᠧᠷᠢᠶᠠᠯ ᠤᠨ ᠴᠢᠨᠠᠷ

ᠴᠢᠨᠰᠠᠭᠠᠨ ᠤ ᠪᠣᠭᠤᠮᠲᠠ ᠶᠢ ᠴᠢᠩᠭ᠎ᠠ ᠠᠳᠬᠤᠵᠤ᠂ ᠬᠤᠳᠠᠯᠳᠤᠨ ᠠᠪᠤᠭᠰᠠᠨ ᠢᠳᠡᠭᠡᠨ ᠤ ᠲᠦᠭᠦᠬᠡᠢ ᠮᠠᠲ᠋ᠧᠷᠢᠶᠠᠯ

ᠱᠠᠭᠠᠷᠳᠠᠯᠭ᠎ᠠ ᠳᠤ ᠨᠡᠶᠢᠴᠡᠵᠦ᠂ ᠢᠳᠡᠭᠡᠨ ᠬᠤᠳᠠᠯᠳᠤᠨ ᠠᠪᠬᠤ᠂ ᠪᠣᠯᠪᠠᠰᠤᠷᠠᠭᠤᠯᠬᠤ᠂ ᠥᠯᠢᠭᠡᠷ ᠦᠯᠡᠳᠡᠭᠡᠬᠦ᠂

ᠬᠤᠭᠤᠯᠠ ᠬᠠᠩᠭᠠᠬᠤ ᠵᠡᠷᠭᠡ ᠭᠤᠭᠴᠤᠭ᠎ᠠ ᠶᠢ ᠵᠢᠷᠤᠮᠵᠢᠯ ᠲᠠᠢ ᠠᠵᠢᠯᠯᠠᠭᠤᠯᠵᠤ᠂ ᠬᠤᠭᠤᠯᠠᠨ ᠭᠡᠷ ᠤᠨ ᠠᠵᠢᠯ

ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠬᠤᠭᠤᠯᠠᠨ

ᠭᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ

ᠬᠡᠷᠡᠭᠲᠡᠢ ᠭᠡᠵᠦ ᠱᠠᠭᠠᠷᠳᠠᠪᠠ᠃

8.jpg

9.jpg

10.jpg

11.jpg

      ᠳᠠᠷᠠᠭ᠎ᠠ ᠠᠯᠬᠤᠮ ᠳᠤ᠂ ᠲᠦᠩᠯᠢᠶᠣᠤ ᠬᠤᠲᠠ ᠶᠢᠨ ᠨᠡᠭᠡᠭᠡᠯᠲᠡᠲᠦ ᠲᠣᠭᠤᠷᠢᠭ ᠤᠨ ᠰᠤᠷᠭᠠᠨ ᠬᠥᠮᠦᠵᠢᠯ ᠢ

ᠬᠢᠨᠠᠨ ᠵᠢᠯᠣᠭᠤᠳᠬᠤ ᠲᠠᠰᠤᠭ ᠤᠨ ᠬᠢᠨ ᠬᠢᠨᠠᠯᠲᠠ ᠲᠠᠯᠪᠢᠵᠤ ᠵᠢᠯᠣᠭᠤᠳᠬᠤ ᠪᠠᠨ ᠤᠯᠠᠮ ᠨᠢᠭᠡ ᠠᠯᠬᠤᠮ

ᠴᠢᠩᠭᠠᠳᠬᠠᠵᠤ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠢ  ᠪᠠᠶᠢᠩᠭᠤ ᠬᠢᠨᠠᠨ

ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠨ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ

ᠲᠦᠪᠰᠢᠨ ᠢ ᠦᠷᠭᠦᠯᠵᠢᠯᠡᠨ ᠭᠤᠣᠯᠳᠠᠯᠭ᠎ᠠ ᠲᠠᠢ ᠠᠩᠬᠠᠷᠴᠤ᠂ ᠰᠤᠷᠭᠠᠭᠤᠯᠢ ᠶᠢᠨ ᠭᠤᠣᠯ ᠴᠣᠭᠴᠠ ᠶᠢᠨ

ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ

ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠨ ᠬᠠᠮᠠᠭᠠᠯᠠᠵᠤ᠂ ᠪᠠᠭᠰᠢ ᠰᠤᠷᠤᠭᠴᠢᠳ ᠤᠨ ︽ᠢᠳᠡᠭᠡᠨ

ᠤᠮᠳᠠᠭᠠᠨ ᠤ ᠠᠮᠤᠷ ᠲᠦᠪᠰᠢᠨ︾᠎ ᠢ ᠪᠠᠲᠤᠯᠠᠨ᠎ᠠ᠃

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号