ᠢᠣᠢ ᠷᠦᠩ | | | | | ᠰᠣᠷᠣᠭᠴᠢᠳ ᠤᠨ ᠠᠩᠭ᠍ᠯᠢ ᠬᠡᠯᠡᠨ ᠤ ᠵᠢᠭᠠᠨ ᠰᠣᠷᠭᠠᠯᠲᠠ ᠶᠢ ᠴᠢᠨᠠᠷᠵᠢᠭᠤᠯᠵᠦ᠂ ᠠᠩᠭ᠍ᠯᠢ ᠬᠡᠯᠡᠨ ᠤ ᠬᠢᠷᠢ | ᠬᠡᠮᠵᠢᠶ᠎ᠡ ᠶᠢ ᠶᠡᠭᠡ ᠪᠠᠷ ᠳᠡᠭᠡᠭᠰᠢᠯᠡᠬᠦᠯᠬᠦ ᠪᠣᠯ ᠦᠳᠲᠡᠷ ᠲᠦᠷᠭᠡᠨ ᠬᠦᠭᠵᠢᠵᠦ ᠪᠠᠶᠢᠭ᠎ᠠ ᠨᠡᠶᠢᠭᠡᠮ ᠤᠨ ᠱᠠᠭᠠᠷᠳᠠᠯᠭ᠎ᠠ | ᠮᠦᠷᠳᠡᠭᠡᠨ ᠠᠯᠢ ᠣᠯᠠᠨ ᠴᠢᠳᠠᠪᠣᠷᠢᠲᠠᠨ ᠢ ᠬᠦᠮᠦᠵᠢᠭᠦᠯᠬᠦ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠨᠢᠭᠡᠨ ᠠᠰᠠᠭᠤᠳᠠᠯ | ᠮᠦᠨ᠃ ᠠᠩᠭ᠍ᠯᠢ ᠬᠡᠯᠡ ᠨᠢ ᠨᠢᠭᠡᠨ ᠭᠠᠳᠠᠭᠠᠳᠦ ᠬᠡᠯᠡ ᠪᠣᠯᠣᠭᠰᠠᠨ ᠤ ᠬᠤᠪᠢ ᠳᠤ ᠰᠣᠷᠣᠭᠴᠢᠳ ᠰᠣᠷᠣᠯᠴᠠᠬᠤ | ᠶᠠᠪᠣᠴᠠ ᠳᠤ ᠪᠠᠨ ᠮᠠᠰᠢ ᠣᠯᠠᠨ ᠬᠦᠴᠢᠷᠳᠡᠯ ᠲᠦᠪᠡᠭ ᠳᠤ ᠣᠴᠠᠷᠠᠬᠤ ᠨᠢ ᠳᠠᠮᠵᠢᠭ ᠦᠭᠡᠢ᠃ ᠡᠶᠢᠮᠦ ᠠᠴᠠ ᠠᠩᠭ᠍ᠯᠢ | ᠬᠡᠯᠡᠨ ᠤ ᠪᠠᠭᠰᠢ ᠨᠠᠷ ᠡᠷᠬᠡᠪᠰᠢ ᠦᠪᠡᠷ ᠤᠨ ᠰᠣᠷᠣᠭᠴᠢᠳ ᠤᠨ ᠢᠶᠠᠨ ᠪᠣᠳᠠᠳᠦ ᠪᠠᠶᠢᠳᠠᠯ ᠳᠤ ᠲᠣᠬᠢᠷᠠᠭᠰᠠᠨ | ᠠᠮᠵᠢᠯᠲᠠ ᠲᠠᠢ ᠵᠢᠭᠠᠬᠤ ᠠᠷᠭ᠎ᠠ ᠶᠢ ᠲᠠᠰᠣᠷᠠᠯᠲᠠ ᠦᠭᠡᠢ ᠰᠦᠪᠡᠭᠴᠢᠯᠡᠵᠦ᠂ ᠰᠣᠷᠣᠭᠴᠢᠳ ᠢ ᠠᠩᠭ᠍ᠯᠢ ᠬᠡᠯᠡ ᠰᠣᠷᠬᠤ | ᠣᠷᠮ᠎ᠠ ᠪᠠᠬ᠎ᠠ ᠲᠠᠢ ᠪᠣᠯᠭᠠᠬᠤ ᠶᠢᠨ ᠬᠠᠮᠲᠦ ᠵᠣᠬᠢᠶᠠᠨ ᠪᠢᠴᠢᠬᠦ ᠴᠢᠳᠠᠪᠣᠷᠢ ᠶᠢ ᠨᠢ ᠳᠡᠭᠡᠭᠰᠢᠯᠡᠬᠦᠯᠬᠦ ᠪᠣᠯ ᠴᠢᠬᠤᠯᠠ | ᠱᠠᠭᠠᠷᠳᠠᠯᠭ᠎ᠠ ᠮᠦᠨ᠃ | ᠳᠣᠣᠷ᠎ᠠ ᠪᠢ ᠳᠡᠭᠡᠳᠦ ᠵᠡᠷᠭᠡ ᠶᠢᠨ ᠳᠣᠮᠳᠠᠳᠦ ᠰᠣᠷᠭᠠᠭᠤᠯᠢ ᠶᠢᠨ ᠰᠣᠷᠣᠭᠴᠢᠳ ᠤᠨ ᠠᠩᠭ᠍ᠯᠢ ᠬᠡᠯᠡᠨ ᠤ | ᠵᠣᠬᠢᠶᠠᠨ ᠪᠢᠴᠢᠯᠭᠡ ᠶᠢ ᠬᠡᠷᠬᠢᠨ ᠵᠢᠯᠣᠭᠤᠳᠬᠤ ᠲᠣᠬᠠᠢ ᠦᠪᠡᠷ ᠤᠨ ᠦᠵᠡᠯᠲᠡ ᠪᠠᠨ ᠲᠣᠪᠴᠢ ᠦᠬᠦᠯᠡᠶ᠎ᠡ᠃ | ᠨᠢᠭᠡ᠂ ᠰᠣᠷᠣᠭᠴᠢᠳ ᠢ ᠠᠩᠭ᠍ᠯᠢ ᠬᠡᠯᠡ ᠪᠠᠷ ᠡᠳᠦᠷ ᠤᠨ ᠳᠡᠮᠳᠡᠭᠯᠡᠯ ᠪᠢᠴᠢᠬᠦ ᠳᠠᠳᠬᠠᠯ ᠢ ᠪᠣᠢ ᠪᠣᠯᠭᠠᠬᠤ | ᠡᠳᠦᠷ ᠤᠨ ᠳᠡᠮᠳᠡᠭᠯᠡᠯ ᠪᠢᠴᠢᠬᠦ ᠪᠣᠯ ᠰᠣᠷᠣᠭᠴᠢᠳ ᠤᠨ ᠨᠢᠭᠡ ᠵᠦᠢᠯ ᠤᠨ ᠵᠣᠬᠢᠶᠠᠨ ᠪᠢᠴᠢᠬᠦ ᠦᠨᠳᠦᠰᠦᠨ | ᠪᠣᠯᠪᠠᠰᠣᠷᠠᠯ ᠮᠦᠨ᠃ ᠡᠳᠦᠷ ᠤᠨ ᠳᠡᠮᠳᠡᠭᠯᠡᠯ ᠪᠢᠴᠢᠬᠦ ᠨᠢ ᠰᠣᠷᠣᠭᠴᠢᠳ ᠤᠨ ᠠᠵᠢᠭᠯᠠᠬᠤ ᠴᠢᠳᠠᠪᠣᠷᠢ᠂ ᠠᠰᠠᠭᠤᠳᠠᠯ ᠢ | ᠢᠯᠡᠷᠡᠬᠦᠯᠵᠦ᠂ ᠠᠰᠠᠭᠤᠳᠠᠯ ᠢ ᠰᠢᠢᠳᠪᠦᠷᠢᠯᠡᠬᠦ ᠴᠢᠳᠠᠪᠣᠷᠢ᠂ ᠰᠡᠳᠬᠢᠬᠦ ᠴᠢᠳᠠᠪᠣᠷᠢ᠂ ᠪᠢᠴᠢᠵᠦ ᠨᠠᠶᠢᠷᠠᠭᠤᠯᠵᠦ ᠢᠯᠡᠳᠬᠡᠬᠦ | ᠴᠢᠳᠠᠪᠣᠷᠢ ᠵᠡᠷᠭᠡ ᠶᠢ ᠬᠦᠮᠦᠵᠢᠭᠦᠯᠳᠡᠭ᠃ ᠰᠣᠷᠣᠭᠴᠢᠳ ᠢᠶᠠᠷ ᠠᠩᠭ᠍ᠯᠢ ᠬᠡᠯᠡ ᠪᠠᠷ ᠡᠳᠦᠷ ᠤᠨ ᠳᠡᠮᠳᠡᠭᠯᠡᠯ ᠪᠢᠴᠢᠬᠦᠯᠬᠦ | ᠪᠣᠯ ᠠᠩᠭ᠍ᠯᠢ ᠬᠡᠯᠡᠨ ᠤ ᠵᠣᠬᠢᠶᠠᠨ ᠪᠢᠴᠢᠯᠭᠡ ᠶᠢᠨ ᠴᠢᠳᠠᠪᠣᠷᠢ ᠶᠢ ᠳᠡᠭᠡᠭᠰᠢᠯᠡᠬᠦᠯᠬᠦ ᠶᠢᠨ ᠪᠦᠲᠦᠮᠵᠢᠲᠠᠢ ᠠᠷᠭ᠎ᠠ | ᠪᠣᠯᠣᠨ᠎ᠠ᠃ ᠰᠣᠷᠣᠭᠴᠢ ᠶᠢ ᠵᠢᠯᠣᠭᠤᠳᠣᠨ ᠡᠳᠦᠷ ᠤᠨ ᠳᠡᠮᠳᠡᠭᠯᠡᠯ ᠪᠢᠴᠢᠬᠦ ᠳᠠᠳᠬᠠᠯ ᠢ ᠪᠣᠢ ᠪᠣᠯᠭᠠᠬᠤ ᠨᠢ ᠮᠦᠨ ᠬᠦ | ᠳᠡᠳᠡᠨ ᠤ ᠵᠣᠬᠢᠶᠠᠨ ᠪᠢᠴᠢᠯᠭᠡ ᠳᠤ ᠮᠠᠲ᠋ᠧᠷᠢᠶᠠᠯ ᠬᠤᠷᠠᠮᠳᠣᠭᠤᠯᠵᠦ ᠪᠠᠶᠢᠭ᠎ᠠ ᠶᠠᠪᠣᠳᠠᠯ ᠮᠦᠨ᠃ ᠠᠩᠬ᠎ᠠ ᠡᠬᠢᠯᠡᠭᠡᠳ | ᠪᠢᠴᠢᠬᠦ ᠦᠶᠡᠰ ᠰᠣᠷᠣᠭᠴᠢᠳ ᠪᠢᠴᠢᠬᠦ ᠶᠠᠭᠤᠮ᠎ᠠ ᠣᠯᠳᠠᠬᠤ ᠦᠭᠡᠢ ᠪᠠᠶᠢᠳᠠᠯ ᠭᠠᠷᠬᠤ ᠨᠢ ᠭᠠᠷᠴᠠᠭ᠎ᠠ ᠦᠭᠡᠢ᠂ ᠡ᠊ᠨᠡ | ᠭᠦ ᠪᠠᠶᠢᠳᠠᠯ ᠳᠤ ᠴᠢᠭᠯᠡᠬᠦᠯᠵᠦ ᠪᠠᠭᠰᠢ ᠠᠴᠠ ᠰᠣᠷᠣᠭᠴᠢᠳ ᠲᠤ ᠰᠡᠩᠬᠡᠷᠡᠬᠦᠯᠦᠯ ᠵᠣᠷᠢᠬᠵᠢᠭᠤᠯᠣᠯ ᠦᠭᠴᠦ | ᠪᠣᠯᠣᠨ᠎ᠠ᠃ ᠪᠤᠳᠠᠳᠠᠢ ᠪᠠᠷ ᠭᠡᠯᠡᠪᠡᠯ᠄ | 1 . ᠬᠢᠴᠢᠶᠡᠯᠯᠡᠭᠡ ᠶᠢᠨ ᠶᠠᠪᠣᠴᠠ ᠳᠤ ᠰᠣᠷᠣᠭᠰᠠᠨ ᠠᠩᠭ᠍ᠯᠢ ᠬᠡᠯᠡᠨ ᠤ ᠰᠢᠨ᠎ᠡ ᠦᠭᠡᠰ᠂ ᠬᠤᠯᠪᠣᠭ᠎ᠠ ᠦᠭᠡ᠂ | ᠣᠨᠴᠠᠭᠠᠢ ᠦᠭᠦᠯᠡᠪᠣᠷᠢ ᠵᠡᠷᠭᠡ ᠢ ᠡᠳᠦᠷ ᠤᠨ ᠳᠡᠮᠳᠡᠭᠯᠡᠯ ᠳᠤ ᠣᠷᠣᠭᠤᠯᠣᠨ ᠪᠢᠴᠢᠬᠦᠯᠬᠦ᠃ | 2 . ᠬᠢᠴᠢᠶᠡᠯ ᠤᠨ ᠠᠭᠤᠯᠭ᠎ᠠ ᠳᠤ ᠰᠣᠷᠣᠭᠰᠠᠨ ᠠᠩᠭ᠍ᠯᠢ ᠦᠭᠡᠰ ᠢᠶᠠᠷ ᠢᠶᠠᠨ ᠲᠣᠪᠴᠢ ᠬᠤᠷᠢᠶᠠᠩᠭᠤᠢ | ᠲᠡᠮᠳᠡᠭᠯᠡᠬᠦ᠂ ᠡᠬᠢᠯᠡᠨ ᠪᠢᠴᠢᠬᠦ ᠳᠤ ᠬᠡᠳᠦᠨ ᠦᠭᠡ ᠲᠠᠢ ᠦᠬᠦᠯᠡᠪᠦᠷᠢ ᠴᠦ ᠭᠡᠰᠡᠨ ᠬᠠᠮᠢᠶ᠎ᠠ ᠦᠭᠡᠢ ᠵᠣᠷᠢᠬᠵᠢᠭᠤᠯᠣᠨ | ᠪᠢᠴᠢᠬᠦᠯᠬᠦ᠃ | ᠬᠤᠶᠠᠷ᠂ ᠳᠠᠭᠤᠷᠢᠶᠠᠨ ᠪᠢᠴᠢᠬᠦᠯᠬᠦ ᠪᠠᠷ ᠳᠠᠮᠵᠢᠨ ᠠᠩᠭ᠍ᠯᠢ ᠬᠡᠯᠡᠨ ᠤ ᠪᠢᠴᠢᠵᠦ ᠨᠠᠶᠢᠷᠠᠭᠤᠯᠬᠤ ᠴᠢᠳᠠᠪᠣᠷᠢ ᠶᠢ | ᠳᠡᠭᠡᠭᠰᠢᠯᠡᠬᠦᠯᠬᠦ | ᠰᠣᠷᠣᠭᠴᠢᠳ ᠡᠬᠢᠯᠡᠬᠡᠳ ᠠᠩᠭ᠍ᠯᠢ ᠬᠡᠯᠡ ᠪᠠᠶᠢᠳᠣᠭᠠᠢ ᠡᠬᠡ ᠬᠡᠯᠡ ᠪᠠᠷ ᠢᠶᠠᠨ ᠵᠣᠬᠢᠶᠠᠯ ᠪᠢᠴᠢᠬᠦ ᠳᠤ ᠴᠦ ᠭᠠᠷ | ᠣᠷᠣᠵᠦ ᠴᠢᠳᠠᠬᠤ ᠦᠭᠡᠢ ᠬᠠᠮᠢᠭ᠎ᠠ ᠠᠴᠠ ᠨᠢ ᠡᠬᠢᠯᠡᠵᠦ ᠪᠢᠴᠢᠬᠦ ᠪᠠᠨ ᠣᠯᠬᠤ ᠦᠭᠡᠢ ᠭᠠᠷ ᠨᠣᠬᠤᠯᠠᠨ ᠭᠠᠴᠢᠭᠳᠠᠬᠤ | ᠪᠠᠶᠢᠳᠠᠯ ᠭᠠᠷᠳᠠᠭ ᠨᠢ ᠶᠠᠷᠢᠶᠠᠨ ᠦᠭᠡᠢ᠃ ᠡᠶᠢᠮᠦ ᠠᠴᠠ ᠪᠠᠭᠰᠢ ᠠᠴᠠ ᠵᠢᠭᠠᠨ ᠵᠢᠯᠣᠭᠤᠳᠴᠦ ᠬᠢᠴᠢᠶᠡᠯ ᠳᠠᠬᠢ | ᠦᠬᠦᠯᠡᠪᠦᠷᠢ ᠶᠢ ᠳᠠᠭᠤᠷᠢᠶᠠᠨ ᠪᠢᠴᠢᠬᠦ ᠶᠢ ᠵᠣᠷᠢᠬᠵᠢᠭᠤᠯᠣᠨ᠎ᠠ᠃ ᠳᠠᠭᠤᠷᠢᠶᠠᠬᠤ ᠪᠣᠯ ᠬᠦᠮᠦᠨ ᠤ ᠲᠦᠷᠦᠯᠬᠢ ᠴᠢᠨᠠᠷ | ᠮᠥᠨ᠃ ᠳᠠᠭᠤᠷᠢᠶᠠᠬᠤ ᠶᠢᠨ ᠳᠠᠭᠠᠣ ᠰᠡᠳᠬᠢᠨ ᠪᠣᠳᠣᠯᠬᠢᠯᠠᠪᠠᠯ ᠰᠡᠳᠬᠢᠬᠦᠢ ᠶᠢᠨ ᠴᠢᠳᠠᠪᠣᠷᠢ ᠳᠡᠭᠡᠭᠰᠢᠯᠡᠵᠦ ᠵᠣᠬᠢᠶᠠᠨ | ᠪᠢᠴᠢᠬᠦ ᠣᠷᠮ᠎ᠠ ᠶᠢ ᠨᠢ ᠬᠦᠭᠵᠢᠭᠡᠨ ᠪᠢᠴᠢᠵᠦ ᠵᠣᠬᠢᠶᠠᠬᠤ ᠢᠳᠡᠪᠬᠢᠵᠢᠯ ᠢ ᠨᠢ ᠨᠡᠮᠡᠭᠳᠡᠬᠦᠯᠵᠦ᠂ ᠪᠢᠴᠢᠵᠦ ᠨᠠᠶᠢᠷᠠᠭᠤᠯᠬᠤ | ᠴᠢᠳᠠᠪᠣᠷᠢ ᠶᠢ ᠳᠡᠭᠡᠭᠰᠢᠯᠡᠬᠦᠯᠵᠦ ᠴᠢᠳᠠᠨ᠎ᠠ᠃ | ᠭᠡᠬᠦ ᠳᠤ ᠪᠠᠨ ᠬᠢᠴᠢᠶᠡᠯ ᠤᠨ ᠪᠢᠴᠢᠭ ᠲᠤ ᠰᠣᠷᠣᠭᠰᠠᠨ ᠰᠢᠯᠢᠳᠡᠭ ᠦᠭᠦᠯᠡᠪᠦᠷᠢ᠂ ᠬᠡᠰᠡᠭ ᠪᠦᠯᠦᠭ ᠢ | ᠳᠠᠭᠤᠷᠢᠶᠠᠨ ᠪᠢᠴᠢᠬᠦ ᠠᠴᠠ ᠭᠠᠷᠳᠠᠨ ᠦᠭᠡ ᠦᠬᠦᠯᠡᠪᠦᠷᠢ ᠦᠢᠯᠡ ᠶᠠᠪᠣᠳᠠᠯ ᠢ ᠬᠤᠪᠢᠷᠠᠭᠤᠯᠵᠦ ᠪᠢᠴᠢᠵᠦ | ᠪᠣᠯᠣᠨ᠎ᠠ᠃ ᠡᠳᠦᠷ ᠳᠣᠳᠣᠮ ᠤᠨ ᠰᠣᠷᠣᠯᠴᠠᠯᠭ᠎ᠠ ᠠᠮᠢᠳᠣᠷᠠᠯ ᠳᠣᠮᠳᠠ ᠰᠣᠷᠣᠭᠴᠢᠳ ᠤᠨ ᠨᠢᠳᠦ ᠪᠠᠷ ᠦᠵᠡᠵᠦ᠂ | ᠴᠢᠬᠢ ᠪᠠᠷ ᠰᠣᠨᠣᠰᠴᠦ᠂ ᠪᠡᠶ᠎ᠡ ᠪᠠᠷ ᠢᠶᠠᠨ ᠦᠩᠭᠡᠷᠡᠬᠦᠯᠦᠭᠰᠡᠨ ᠬᠡᠷᠡᠭ ᠶᠠᠪᠣᠳᠠᠯ ᠴᠦᠭᠡᠨ ᠪᠣᠰᠣ ᠪᠠᠶᠢᠳᠠᠭ᠃ | ᠡᠳᠡᠭᠡᠷ ᠤᠨ ᠣᠯᠠᠩᠬᠢ ᠨᠢ ᠳᠡᠳᠡᠨ ᠤ ᠰᠠᠨᠠᠮᠰᠠᠷᠲᠦ ᠪᠣᠰᠦ ᠪᠠᠶᠢᠳᠠᠯ ᠳᠣᠣᠷ᠎ᠠ ᠶᠠᠪᠣᠭᠳᠠᠳᠠᠭ ᠪᠣᠯᠬᠤᠷ ᠨᠦᠯᠦᠭᠡ | ᠰᠠᠭᠤᠭᠳᠠᠯ ᠢᠶᠠᠷ ᠬᠦᠢᠭᠡᠨ ᠪᠠᠶᠢᠳᠠᠭ᠃ ᠡᠶᠢᠮᠦ ᠠᠴᠠ ᠵᠣᠬᠢᠶᠠᠯ ᠪᠢᠴᠢᠬᠦᠯᠵᠦ ᠵᠢᠯᠣᠭᠤᠳᠬᠤ ᠳᠤ ᠪᠠᠨ ᠵᠣᠷᠢᠯᠭ᠎ᠠ ᠲᠠᠢ | ᠲᠦᠯᠦᠪᠯᠡᠭᠡ ᠲᠠᠢ ᠦᠢᠯᠡᠳᠦᠯᠭᠡ ᠳᠤ ᠣᠷᠣᠯᠴᠠᠭᠤᠯᠵᠦ᠂ ᠨᠢᠳᠦᠨ ᠬᠠᠷᠠᠴᠠ ᠶᠢ ᠨᠢ ᠦᠷᠭᠡᠳᠬᠡᠵᠦ᠂ ᠠᠮᠢᠳᠣᠷᠠᠯ ᠤᠨ | ᠮᠡᠳᠡᠯᠭᠡ ᠶᠢ ᠨᠢ ᠪᠠᠶᠠᠯᠢᠬᠵᠢᠭᠤᠯᠦᠨ᠂ ᠵᠣᠬᠢᠶᠠᠨ ᠪᠢᠴᠢᠬᠦ ᠳᠣᠮᠳᠠ ᠪᠠᠨ ᠠᠮᠢᠳᠣᠯᠢᠭ ᠢᠶᠠᠷ ᠳᠠᠭᠤᠷᠢᠶᠠᠬᠤ | ᠴᠢᠳᠠᠪᠣᠷᠢ ᠶᠢ ᠨᠢ ᠳᠡᠭᠡᠭᠰᠢᠯᠡᠬᠦᠯᠵᠦ ᠪᠣᠯᠣᠨ᠎ᠠ᠃ ᠭᠡᠪᠡᠴᠦ ᠪᠣᠰᠣᠳ ᠤᠨ ᠵᠣᠬᠢᠶᠠᠯ ᠢ ᠳᠡᠷᠡ ᠬᠡᠪ ᠢᠶᠠᠷ ᠨᠢ | ᠬᠠᠭᠤᠯᠤᠭᠤᠯᠵᠦ ᠪᠣᠯᠬᠤ ᠦᠭᠡᠢ᠃ ᠬᠠᠷᠢᠨ ᠬᠠᠷᠢᠴᠠᠩᠭᠤᠢ ᠪᠠᠷ ᠵᠣᠬᠢᠶᠠᠯ ᠤᠨ ᠪᠢᠴᠢᠯᠭᠡ ᠶᠢᠨ ᠠᠷᠭ᠎ᠠ ᠶᠢ ᠳᠠᠭᠤᠷᠢᠶᠠᠨ | ᠵᠣᠬᠢᠶᠠᠯ ᠤᠨ ᠲᠢᠭ ᠮᠠᠶ᠋ᠢᠭ᠂ ᠬᠡᠯᠪᠡᠷᠢ ᠳᠤ ᠪᠠᠷᠢᠭᠳᠠᠬᠤ ᠦᠭᠡᠢ ᠣᠣᠯ ᠵᠣᠬᠢᠶᠠᠯ ᠤᠨ ᠬᠦᠷᠢᠶ᠎ᠠ ᠴᠠᠷᠠᠭ᠎ᠠ ᠠᠴᠠ ᠳᠠᠪᠠᠨ | ᠭᠠᠷᠴᠦ ᠴᠢᠳᠠᠭᠤᠯᠬᠤ ᠬᠡᠷᠡᠭᠲᠠᠢ᠃ | ᠭᠤᠷᠪᠠ᠂ ᠰᠣᠷᠣᠭᠴᠢᠳ ᠲᠤ ᠠᠩᠭ᠍ᠯᠢ ᠬᠡᠯᠡᠨ ᠤ ᠦᠭᠡ ᠬᠡᠷᠡᠭᠯᠡᠬᠦ ᠮᠡᠷᠭᠡᠰᠢᠯ ᠢ ᠴᠢᠳᠠᠮᠠᠭᠠᠢ ᠡᠵᠡᠮᠰᠢᠭᠦᠯᠬᠦ | ᠳᠡᠭᠡᠳᠦ ᠵᠡᠷᠭᠡ ᠶᠢᠨ ᠳᠣᠮᠳᠠᠳᠦ ᠰᠣᠷᠭᠠᠭᠤᠯᠢ ᠶᠢᠨ ᠰᠣᠷᠣᠭᠴᠢᠳ ᠲᠤ ᠵᠣᠬᠢᠬᠤ ᠬᠡᠮᠵᠢᠶᠡᠨ ᠤ ᠪᠢᠴᠢᠵᠦ | ᠨᠠᠶᠢᠷᠠᠭᠤᠯᠬᠤ ᠴᠢᠳᠠᠪᠣᠷᠢ ᠲᠠᠢ ᠪᠣᠯᠣᠭᠰᠠᠨ ᠴᠦ ᠲᠡᠬᠦᠨ ᠢᠶᠠᠨ ᠣᠷᠣᠰᠦᠮᠠ ᠨᠡᠶᠢᠴᠡᠪᠦᠷᠢᠲᠠᠢ᠂ ᠲᠠᠲᠠᠬᠤ | ᠬᠦᠴᠦᠨ ᠲᠠᠢ ᠪᠣᠯᠭᠠᠨ ᠨᠠᠶᠢᠷᠠᠭᠤᠯᠵᠦ ᠪᠢᠴᠢᠵᠦ ᠴᠢᠳᠠᠬᠤ ᠦᠭᠡᠢ ᠪᠠᠶᠢᠳᠠᠭ᠃ ᠡᠶᠢᠮᠦ ᠠᠴᠠ ᠲᠡᠳᠡ ᠨᠠᠷ ᠲᠤ ᠠᠩᠭ᠍ᠯᠢ | ᠬᠡᠯᠡᠨ ᠤ ᠨᠣᠮ ᠰᠡᠳᠬᠦᠯ ᠪᠣᠶᠣ ᠺᠢᠨᠣ᠋ ᠲᠦᠷᠰᠦ ᠪᠢᠴᠢᠯᠭᠡ ᠲᠠᠨᠢᠯᠴᠠᠭᠤᠯᠣᠨ ᠦᠭᠴᠦ᠂ ᠦᠭᠡ ᠨᠠᠶᠢᠷᠠᠭᠤᠯᠭ᠎ᠠ ᠶᠢᠨ | ᠠᠷᠭ᠎ᠠ ᠶᠢ ᠠᠶᠠᠨᠳᠠᠭᠠᠨ ᠡᠵᠡᠮᠰᠢᠭᠦᠯᠵᠦ ᠨᠣᠮ ᠰᠡᠳᠬᠦᠯ᠂ ᠳᠦᠷᠰᠦ ᠪᠢᠴᠢᠯᠭᠡ᠂ ᠬᠢᠴᠢᠶᠡᠯ ᠤᠨ ᠪᠢᠴᠢᠭ ᠲᠠᠬᠢ | ᠰᠢᠯᠢᠳᠡᠭ ᠬᠡᠯᠡ ᠬᠡᠯᠡᠯᠭᠡ ᠶᠢ ᠬᠤᠷᠠᠮᠳᠣᠭᠤᠯᠣᠨ᠂ ᠡᠬᠦᠨ ᠤ ᠳᠣᠮᠳᠠ ᠠᠴᠠ ᠦᠭᠡ ᠶᠢ ᠣᠷᠠᠨ ᠬᠡᠷᠡᠭᠯᠡᠬᠦ ᠣᠷ᠎ᠠ ᠳᠡᠮ ᠢ | ᠵᠢᠱᠢᠶ᠎ᠡ ᠲᠠᠲᠠᠨ ᠰᠣᠩᠭᠤᠨ ᠲᠠᠶᠢᠯᠪᠣᠷᠢᠯᠠᠵᠦ᠂ ᠦᠭᠡᠰ ᠤᠨ ᠰᠠᠩ ᠢ ᠨᠢ ᠪᠠᠶᠠᠯᠢᠬᠵᠢᠭᠤᠯᠪᠠᠯ ᠵᠣᠬᠢᠨ᠎ᠠ᠃ | ᠡᠬᠦᠨ ᠠᠴᠠ ᠭᠠᠳᠠᠨ᠎ᠠ ᠨᠣᠮ ᠣᠩᠰᠢᠭᠰᠠᠨ ᠲᠦᠷᠦᠭᠳᠡᠯ ᠵᠡᠷᠭᠡ ᠶᠢ ᠪᠢᠴᠢᠬᠦᠯᠵᠦ ᠬᠤᠭᠤᠴᠠᠭ᠎ᠠ ᠲᠣᠭᠲᠠᠭᠠᠨ | ᠪᠠᠭᠰᠢ ᠠᠴᠠ ᠵᠠᠰᠠᠵᠦ ᠦᠭᠴᠦ ᠪᠠᠶᠢᠪᠠᠯ ᠦᠷ᠎ᠡ ᠳ᠋ᠦᠩ ᠨᠢ ᠨᠡᠩ ᠰᠠᠶᠢᠨ ᠪᠠᠶᠢᠳᠠᠭ᠃ | ᠳᠦᠷᠪᠡ᠂ ᠰᠣᠷᠣᠭᠴᠢ ᠶᠢᠨ ᠪᠡᠶ᠎ᠡ ᠪᠠᠨ ᠬᠦᠨᠳᠦᠳᠬᠡᠬᠦ ᠰᠡᠳᠬᠢᠯᠭᠡ ᠶᠢ ᠬᠦᠨᠳᠦᠳᠬᠡᠵᠦ ᠢᠯᠡᠬᠦᠭᠡᠨ | ᠣᠷᠮᠠᠰᠢᠭᠤᠯᠦᠨ ᠵᠣᠷᠢᠬᠵᠢᠭᠤᠯᠬᠤ | ᠰᠤᠷᠤᠭᠴᠢᠳ ᠲᠤ ᠵᠣᠬᠢᠶᠠᠨ ᠪᠢᠴᠢᠯᠭᠡ ᠨᠢ ᠠᠮᠢᠳᠣᠷᠠᠯ ᠤᠨ ᠦᠨᠡᠨ ᠳᠤ ᠰᠠᠭᠤᠷᠢᠯᠠᠵᠦ᠂ ᠨᠡᠶᠢᠭᠡᠮ ᠪᠠ | ᠬᠦᠮᠦᠨ ᠳᠤ ᠦᠢᠯᠡᠴᠢᠯᠡᠳᠡᠭ ᠭᠡᠳᠡᠭ ᠢ ᠮᠡᠳᠡᠬᠦᠯᠦᠭᠰᠡᠨ ᠤ ᠳᠠᠷᠠᠭ᠎ᠠ ᠵᠣᠬᠢᠶᠠᠨ ᠪᠢᠴᠢᠬᠦᠯᠬᠦ ᠶᠠᠪᠣᠴᠠ ᠳᠤ ᠮᠠᠭᠳᠠᠨ | ᠰᠠᠶᠢᠰᠢᠶᠠᠵᠦ᠂ ᠬᠦᠬᠢᠭᠦᠯᠦᠨ ᠵᠣᠷᠢᠬᠵᠢᠭᠤᠯᠦᠨ᠂ ᠬᠠᠷᠢᠴᠠᠭᠤᠯᠦᠨ ᠦᠷᠢᠰᠦᠯᠳᠦᠭᠦᠯᠬᠦ ᠵᠡᠷᠭᠡ ᠠᠷᠭ᠎ᠠ ᠶᠢ ᠬᠡᠷᠡᠭᠯᠡᠵᠦ | ᠪᠣᠯᠦᠨ᠎ᠠ᠃ ᠬᠠᠷᠢᠨ ᠵᠣᠬᠢᠶᠠᠯ ᠤᠨ ᠡᠮᠵᠡᠭ ᠪᠣᠷᠣᠭᠤ ᠶᠢ ᠨᠢ ᠣᠯᠠᠨ ᠤ ᠳᠣᠮᠳᠠ ᠣᠩᠰᠢᠨ ᠰᠣᠨᠢᠷᠬᠠᠭᠤᠯᠵᠦ ᠵᠠᠰᠠᠬᠤ | ᠪᠣᠶᠣ ᠮᠠᠭᠤ ᠶᠢ ᠨᠢ ᠡᠷᠡᠰ ᠲᠠᠰᠣᠷᠬᠠᠢ ᠶᠠᠷᠢᠵᠦ ᠴᠣᠬᠤᠯᠠᠪᠣᠷᠢᠯᠠᠵᠦ ᠪᠣᠯᠬᠤ ᠦᠭᠡᠢ᠃ ᠠᠯᠢ ᠬᠡᠰᠡᠭ ᠢ ᠶᠠᠭᠠᠬᠢᠵᠦ | ᠵᠠᠰᠠᠪᠣᠷᠢ ᠣᠷᠣᠭᠤᠯᠬᠤ ᠲᠣᠬᠠᠢ ᠨᠠᠷᠢᠯᠢᠬ ᠴᠣᠬᠤᠯᠠᠪᠣᠷᠢᠯᠠᠵᠦ ᠵᠣᠷᠢᠬᠵᠢᠭᠤᠯᠣᠯ ᠤᠨ ᠠᠶᠠᠰ ᠲᠠᠢ ᠲᠠᠪᠰᠢᠭᠤᠯᠬᠤ | ᠬᠠᠨᠳᠣᠰᠢ ᠲᠠᠢ ᠴᠣᠬᠤᠯᠠᠪᠣᠷᠢ ᠬᠠᠳᠠᠵᠦ ᠦᠭᠬᠦ ᠨᠢ ᠰᠤᠷᠤᠭᠴᠢᠳ ᠤᠨ ᠪᠢᠴᠢᠭᠦ ᠴᠢᠳᠠᠪᠤᠷᠢ ᠶᠢᠨ ᠳᠡᠭᠡᠭᠰᠢᠯᠡᠯᠲᠡ ᠳᠤ | ᠲᠦᠢᠯ ᠤᠨ ᠠᠰᠢᠭᠲᠠᠢ᠃ ᠡᠰᠡ ᠳᠡᠭᠡᠪᠡᠯ ᠰᠣᠷᠣᠭᠴᠢᠳ ᠪᠡᠶ᠎ᠡ ᠪᠠᠨ ᠭᠤᠯᠣᠵᠦ ᠵᠣᠷᠢᠭ ᠮᠣᠬᠤᠨ ᠣᠷᠮ᠎ᠠ | ᠬᠠᠷᠢᠳᠠᠭ᠃ ᠡᠶᠢᠮᠦ ᠠᠴᠠ ᠰᠣᠷᠣᠭᠴᠢᠳ ᠤᠨ ᠵᠣᠬᠢᠶᠠᠨ ᠪᠢᠴᠢᠯᠭᠡ ᠶᠢ ᠳᠡᠭᠡᠭᠰᠢᠯᠡᠬᠦᠯᠬᠦ ᠳᠤ ᠲᠡᠳᠡᠨᠣᠰ ᠤᠨ ᠳᠠᠪᠠᠭᠤᠯᠢᠭ | ᠲᠠᠯ᠎ᠠ ᠶᠢ ᠢᠯᠡᠬᠦᠭᠡᠨ ᠶᠠᠷᠢᠵᠦ᠂ ᠡᠮᠵᠡᠭ ᠪᠠᠭᠤᠷᠠᠢ ᠲᠠᠯ᠎ᠠ ᠶᠢ ᠳᠣᠳᠠᠭᠤ ᠲᠣᠷᠠᠳᠴᠦ ᠳᠡᠳᠡᠨ ᠢ ᠦᠪᠡᠷ ᠢ ᠪᠠᠨ ᠢᠳᠡᠭᠡᠬᠦ | ᠢᠳᠡᠭᠡᠯ ᠢ ᠨᠢ ᠨᠡᠮᠡᠭᠳᠡᠬᠦᠯᠬᠦ ᠬᠡᠷᠡᠭᠲᠠᠢ᠃ | ᠲᠠᠪᠤ᠂ ᠰᠣᠷᠣᠭᠴᠢ ᠶᠢᠨ ᠭᠤᠣᠯ ᠴᠣᠭᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠬᠤ | ᠵᠣᠬᠢᠶᠠᠨ ᠪᠢᠴᠢᠯᠭᠡ ᠶᠢᠨ ᠶᠠᠪᠣᠴᠠ ᠳᠤ ᠵᠠᠷᠢᠮ ᠪᠠᠭᠰᠢ ᠰᠣᠷᠣᠭᠴᠢᠳ ᠲᠤ ᠲᠣᠭᠳᠠᠭᠰᠠᠨ ᠴᠠᠭ ᠦᠭᠴᠦ | ᠪᠢᠴᠢᠬᠦᠯᠬᠦ᠂ ᠦᠭᠡ ᠦᠰᠦᠭ ᠤᠨ ᠲᠤᠭ᠎ᠠ ᠶᠢ ᠬᠢᠵᠠᠭᠠᠷᠯᠠᠬᠤ᠂ ᠡᠰᠡᠪᠡᠯ ᠶᠠᠮᠠᠷ ᠶᠠᠮᠠᠷ ᠪᠢᠴᠢᠯᠭᠡ ᠶᠢᠨ ᠠᠷᠭ᠎ᠠ ᠶᠢ | ᠬᠡᠷᠡᠭᠯᠡᠨ ᠪᠢᠴᠢᠬᠦ ᠬᠡᠬᠦ ᠱᠠᠭᠠᠷᠳᠠᠯᠭ᠎ᠠ ᠭᠠᠷᠭᠠᠬᠤ ᠪᠣᠶᠣ ᠨᠡᠩ ᠴᠠᠭᠠᠰᠢᠯᠠᠨ ᠵᠣᠬᠢᠶᠠᠯ ᠤᠨ ᠠᠭᠤᠯᠭ᠎ᠠ ᠶᠢᠨ | ᠬᠦᠳᠦᠯᠪᠦᠷᠢ ᠶᠢ ᠴᠦ ᠲᠣᠭᠲᠠᠭᠠᠵᠦ ᠦᠭᠳᠡᠭ᠃ ᠢᠩᠬᠢᠭᠰᠡᠨ ᠠᠴᠠ ᠰᠣᠷᠣᠭᠴᠢᠳ ᠤᠨ ᠰᠡᠳᠬᠢᠬᠦ ᠣᠷᠣᠨ ᠵᠠᠢ | ᠪᠠᠭᠠᠰᠴᠤ᠂ ᠲᠦᠷᠰᠦᠯᠢᠭ ᠰᠡᠳᠬᠢᠬᠦᠢ ᠨᠢ ᠬᠢᠵᠠᠭᠠᠷᠯᠠᠭᠳᠠᠵᠦ᠂ ᠰᠢᠨ᠎ᠡ ᠰᠡᠪᠡᠬᠦᠨ ᠪᠦᠲᠦᠭᠡᠯᠴᠢ ᠰᠡᠳᠬᠢᠬᠦᠢ ᠪᠠᠷ | ᠲᠣᠲᠠᠮᠠᠭ ᠪᠣᠯᠳᠠᠭ᠃ ᠡᠬᠦᠨ ᠠᠴᠠ ᠪᠣᠯᠵᠦ ᠰᠣᠷᠣᠭᠴᠢᠳ ᠭᠠᠷ ᠨᠣᠬᠤᠯᠠᠨ ᠶᠠᠭᠤ ᠪᠢᠴᠢᠬᠦ ᠪᠠᠨ ᠣᠯᠬᠤ ᠦᠭᠡᠢ ᠪᠣᠶᠣ | ᠴᠠᠭᠠᠰᠢᠯᠠᠭᠠᠳ ᠪᠣᠰᠣᠳ ᠤᠨ ᠬᠢ ᠶᠢ ᠬᠠᠭᠤᠯᠵᠦ᠂ ᠠᠯᠪᠠ ᠬᠠᠰᠢᠵᠦ ᠠᠮᠠ ᠪᠦᠭᠯᠡᠬᠦ ᠦᠵᠡᠭᠳᠡᠯ | ᠭᠠᠷᠳᠠᠭ᠃ ᠡᠶᠢᠮᠦ ᠠᠴᠠ ᠵᠣᠬᠢᠶᠠᠯ ᠪᠢᠴᠢᠬᠦᠯᠬᠦ ᠳᠤ ᠰᠡᠳᠦᠪ ᠰᠣᠩᠭᠤᠬᠤ ᠵᠠᠢ ᠪᠠ ᠰᠡᠳᠬᠢᠨ ᠪᠣᠳᠣᠯᠬᠢᠯᠠᠬᠤ ᠴᠠᠭ ᠢ | ᠢᠯᠡᠬᠦᠭᠡᠨ ᠦᠯᠡᠳᠡᠭᠡᠵᠦ ᠥᠭᠬᠦᠭᠰᠡᠨ ᠪᠠᠶᠢᠬᠤ ᠬᠡᠷᠡᠭᠲᠠᠢ᠃ ᠢᠩᠬᠢᠪᠡᠯ ᠰᠠᠶ᠋ᠢ ᠰᠣᠷᠣᠭᠴᠢ ᠪᠢᠴᠢᠬᠦ ᠶᠠᠭᠤᠮ᠎ᠠ ᠲᠠᠢ | ᠪᠣᠯᠵᠦ᠂ ᠦᠪᠡᠷ ᠤᠨ ᠲᠦᠰᠦᠭᠡᠯᠡᠬᠦ ᠴᠢᠳᠠᠪᠣᠷᠢ ᠪᠠ ᠪᠦᠲᠦᠭᠡᠯᠴᠢ ᠴᠢᠳᠠᠪᠣᠷᠢ ᠪᠠᠨ ᠪᠠᠳᠠᠷᠠᠭᠤᠯᠵᠦ ᠴᠢᠳᠠᠨ᠎ᠠ᠃ | ᠪᠠᠭᠴᠠᠯᠠᠭᠠᠳ ᠬᠡᠯᠡᠪᠡᠯ᠂ ᠰᠣᠷᠣᠭᠴᠢᠳ ᠤᠨ ᠠᠩᠭ᠍ᠯᠢ ᠬᠡᠯᠡᠨ ᠤ ᠵᠣᠬᠢᠶᠠᠨ ᠪᠢᠴᠢᠬᠦ ᠴᠢᠳᠠᠪᠣᠷᠢ ᠶᠢ | ᠬᠦᠮᠦᠵᠢᠬᠦᠯᠬᠦ ᠨᠢ ᠣᠬᠤᠷᠬᠠᠨ ᠬᠤᠭᠤᠴᠠᠭᠠᠨ ᠳᠤ ᠪᠡᠶᠡᠯᠡᠭᠳᠡᠬᠦ ᠵᠦᠢᠯ ᠪᠢᠰᠢ ᠶᠤᠮ᠃ | ᠡᠶᠢᠮᠦ ᠠᠴᠠ ᠪᠠᠭᠰᠢ ᠠᠴᠠ ᠰᠣᠷᠣᠭᠴᠢᠳ ᠤᠨ ᠪᠠᠶᠢᠳᠠᠯ ᠢ ᠦᠨᠳᠦᠰᠦᠯᠡᠵᠦ ᠵᠢᠭᠠᠬᠤ ᠠᠷᠭ᠎ᠠ ᠪᠠᠨ ᠲᠠᠰᠣᠷᠠᠯᠲᠠ | ᠦᠭᠡᠢ ᠰᠢᠨᠡᠴᠢᠯᠡᠨ ᠰᠠᠶᠢᠵᠢᠷᠠᠭᠤᠯᠵᠦ᠂ ᠳᠠᠩ ᠦᠭᠡᠰ ᠤᠨ ᠬᠤᠷᠠᠮᠳᠣᠭᠤᠯᠣᠯ᠂ ᠦᠭᠦᠯᠡᠪᠦᠷᠢ ᠨᠠᠶᠢᠷᠠᠭᠤᠯᠭ᠎ᠠ ᠶᠢᠨ | ᠪᠣᠯᠪᠠᠰᠣᠷᠠᠯ ᠢ ᠰᠠᠶᠢᠳᠣᠷ ᠬᠢᠭᠰᠡᠨ ᠰᠠᠭᠤᠷᠢᠨ ᠳᠡᠭᠡᠷ᠎ᠡ ᠬᠦᠯᠢᠴᠡᠩᠭᠦᠢ ᠬᠦᠳᠡᠯᠦᠩᠭᠦᠢ ᠪᠠᠷ ᠨᠠᠷᠢᠨ ᠬᠢᠨᠠᠮᠠᠭᠠᠢ ᠵᠢᠭᠠᠨ | ᠵᠢᠯᠣᠭᠤᠳᠴᠦ᠂ ᠰᠢᠨᠵᠢᠯᠡᠬᠦ ᠣᠬᠠᠭᠠᠨᠴᠢ ᠮᠦᠷᠳᠡᠭᠡᠨ ᠠᠮᠢᠳᠣᠯᠢᠭ ᠠᠷᠭ᠎ᠠ ᠮᠠᠶ᠋ᠢᠭ ᠢ ᠬᠡᠷᠡᠭᠯᠡᠪᠡᠯ ᠰᠣᠷᠣᠭᠴᠢᠳ ᠤᠨ | ᠠᠩᠭ᠍ᠯᠢ ᠭᠡᠯᠡ ᠪᠠᠷ ᠵᠣᠬᠢᠶᠠᠨ ᠪᠢᠴᠢᠬᠦ ᠴᠢᠳᠠᠪᠣᠷᠢ ᠶᠢ ᠯᠠᠪᠲᠠᠢ ᠳᠡᠭᠡᠭᠰᠢᠯᠡᠬᠦᠯᠵᠦ ᠴᠢᠳᠠᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠤ | ᠨᠢᠭᠡᠳᠦᠭᠡᠷ ᠳᠣᠮᠳᠠᠳᠦ ᠰᠣᠷᠭᠠᠭᠤᠯᠢ | ︵ᠠᠯᠳᠠᠨᠰᠦᠭᠡ ᠨᠠᠶᠢᠷᠠᠭᠤᠯᠪᠠ︶ | 2023.2 ᠳ᠋ᠤᠭᠠᠷ ᠬᠤᠭᠤᠴᠠᠭ᠎ᠠ | | | |