ᠪᠤᠶᠠᠨᠳᠦᠭᠦᠷᠡᠩ ᠨᠤᠭᠤᠭᠠᠨᠳᠠᠨᠠ | | | | | ᠠᠩᠬᠢ ᠶᠢᠨ ᠡᠷᠬᠢᠯᠡᠭᠴᠢ ᠶᠢᠨ ᠠᠵᠢᠯ ᠪᠤᠯ ᠰᠤᠷᠭᠠᠭᠤᠯᠢ ᠶᠢᠨ ᠪᠦᠬᠦ ᠠᠵᠢᠯ ᠤᠨ ᠲᠤᠮᠳᠠ ᠮᠠᠰᠢ ᠴᠢᠬᠤᠯᠠ | ᠮᠦᠷᠳᠡᠭᠡᠨ ᠲᠤᠯᠭᠠᠭᠤᠷᠢᠯᠠᠬᠤ ᠦᠢᠯᠡᠳᠦᠯ ᠦᠵᠡᠬᠦᠯᠵᠦ ᠪᠠᠶᠢᠳᠠᠭ᠃ ᠮᠥᠨ ᠴᠦ ᠨᠢᠬᠡ ᠠᠩᠬᠢ ᠶᠢᠨ ᠵᠤᠬᠢᠶᠠᠨ | ᠪᠠᠶᠢᠭᠤᠯᠤᠭᠴᠢ ᠪᠡ ᠬᠡᠷ ᠤᠨ ᠠᠬᠠᠮᠠᠳ ᠬᠢᠬᠡᠳ ᠰᠤᠷᠤᠭᠴᠢ᠂ ᠰᠤᠷᠤᠭᠴᠢ ᠬᠢᠬᠡᠳ ᠰᠤᠷᠭᠠᠭᠤᠯᠢ ᠶᠢ ᠬᠤᠯᠪᠤᠭᠰᠠᠨ | ᠬᠦᠬᠦᠷᠭᠡ ᠪᠤᠯᠬᠤ ᠶᠤᠮ᠃ ᠡᠶᠢᠮᠦ ᠠᠴᠠ ᠠᠩᠬᠢ ᠶᠢᠨ ᠡᠷᠬᠢᠯᠡᠭᠴᠢ ᠪᠤᠯᠤᠭᠰᠠᠳ ᠡᠷᠬᠡᠪᠰᠢ ᠦᠪᠡᠷ ᠤᠨ ᠪᠠᠶᠢᠷᠢ | ᠰᠠᠭᠤᠷᠢ᠂ ᠦᠢᠯᠡᠳᠦᠯ ᠬᠢᠭᠡᠳ ᠡᠬᠦᠷᠭᠡ ᠬᠠᠷᠢᠭᠤᠴᠠᠯᠭ᠎ᠠ ᠪᠠᠨ ᠵᠦᠪ ᠤᠨᠤᠪᠴᠢᠳᠠᠢ᠂ ᠬᠦᠨᠵᠡᠬᠡᠢ ᠮᠦᠷᠳᠡᠭᠡᠨ ᠪᠦᠬᠦ | ᠲᠠᠯ᠎ᠠ ᠪᠠᠷ ᠤᠶᠢᠯᠠᠭᠠᠨ ᠲᠠᠨᠢᠵᠦ᠂ ᠲᠤᠰ ᠪᠠᠶ᠎ᠡ ᠶᠢᠨ ᠢᠶᠠᠨ ᠬᠡᠪ ᠪᠤᠯᠪᠠᠰᠤᠷᠠᠯ ᠪᠤᠯᠤᠨ ᠴᠢᠳᠠᠪᠤᠷᠢ ᠪᠠᠨ ᠲᠠᠰᠤᠷᠠᠯᠳᠠ | ᠦᠬᠡᠢ ᠴᠢᠷᠮᠠᠶᠢᠨ ᠲᠡᠭᠡᠭᠰᠢᠯᠡᠬᠦᠯᠬᠦ ᠴᠢᠬᠤᠯᠠᠳᠠᠢ ᠶᠤᠮ᠃ ᠲᠤᠤᠷ᠎ᠠ ᠪᠢ ᠦᠪᠡᠷ ᠤᠨ ᠬᠤᠷᠢᠨ ᠵᠢᠯ ᠤᠨ ᠲᠤᠷᠰᠢᠬᠢ | ᠠᠩᠬᠢ ᠶᠢᠨ ᠡᠷᠬᠢᠯᠡᠭᠴᠢ ᠶᠢᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠣᠭᠤᠯᠤᠨ᠂ ᠬᠡᠷᠬᠢᠪᠡᠯ ᠰᠠᠶ᠋ᠢ ᠨᠢᠬᠡᠨ | ᠰᠢᠯᠢᠳᠡᠭ ᠠᠩᠬᠢ ᠶᠢᠨ ᠡᠷᠬᠢᠯᠡᠭᠴᠢ ᠪᠤᠯᠬᠤ ᠲᠤᠬᠠᠢ ᠦᠪᠡᠷ ᠤᠨ ᠣᠶᠢᠯᠠᠭᠠᠯᠳᠠ ᠪᠠᠨ ᠮᠦᠴᠢᠳ ᠦᠬᠦᠯᠡᠶ᠎ᠡ᠃ | ᠨᠢᠭᠡ᠂ ᠰᠤᠷᠤᠭᠴᠢᠳ ᠢᠶᠠᠨ ᠪᠦᠬᠦ ᠲᠠᠯ᠎ᠠ ᠪᠠᠷ ᠤᠶᠢᠯᠠᠭᠠᠬᠤ | ᠠᠩᠬᠢ ᠶᠢᠨ ᠡᠷᠬᠢᠯᠡᠭᠴᠢ ᠪᠤᠯᠤᠭᠰᠠᠳ ᠵᠡᠪᠡᠯ ᠰᠤᠷᠤᠭᠴᠢ ᠪᠦᠬᠦᠨ ᠤ ᠦᠪᠡᠷᠮᠢᠴᠠ ᠤᠨᠴᠠᠯᠢᠭ᠂ ᠤᠨᠴᠠᠭᠠᠢ | ᠵᠦᠷᠢᠶ᠎ᠠ ᠶᠢ ᠠᠵᠢᠭᠯᠠᠨ ᠤᠶᠢᠯᠠᠭᠠᠵᠤ᠂ ᠲᠠᠲᠠᠨ ᠤ ᠦᠪᠡᠷᠮᠢᠴᠠ ᠤᠨᠴᠠᠯᠢᠭ ᠲᠤ ᠨᠢ ᠲᠤᠬᠢᠷᠠᠭᠤᠯᠤᠨ ᠵᠢᠭᠠᠨ | ᠵᠢᠯᠤᠭᠤᠳᠴᠤ᠂ ᠲᠠᠲᠠᠨ ᠳᠤ ᠬᠦᠮᠦᠨ ᠪᠤᠯᠬᠤ ᠶᠤᠰᠤ ᠤᠴᠢᠷ ᠢ ᠲᠠᠨᠢᠭᠤᠯᠵᠤ᠂ ᠲᠡᠳᠡᠨ ᠢ ᠶᠤᠰᠤ ᠰᠤᠷᠲᠠᠬᠤᠨ᠂ | ᠤᠶᠤᠨ ᠤᠬᠠᠭᠠᠨ᠂ ᠮᠡᠲᠡᠯᠬᠡ ᠪᠤᠯᠪᠠᠰᠤᠷᠠᠯ ᠵᠡᠷᠭᠡ ᠤᠯᠠᠨ ᠲᠠᠯ᠎ᠠ ᠪᠠᠷ ᠬᠦᠮᠦᠵᠢᠬᠦᠯᠬᠦ ᠬᠡᠷᠡᠭᠳᠡᠢ᠃ ᠵᠢᠱᠢᠶᠡᠯᠠᠪᠡᠯ᠂ | ᠡᠴᠢᠭᠡ ᠡᠬᠡ ᠨᠢ ᠤᠷᠤᠭ ᠰᠠᠯᠵᠦ ᠰᠠᠷᠨᠢᠭᠰᠠᠨ ᠠᠴᠠ ᠪᠤᠯᠵᠦ ᠦᠨᠦᠴᠢᠷᠡᠭᠰᠡᠨ᠂ ᠬᠤᠳᠠᠯ ᠬᠡᠯᠡᠵᠦ ᠬᠤᠯᠠᠭᠠᠢ ᠬᠢᠬᠦ | ᠮᠠᠭᠤ ᠲᠠᠳᠬᠠᠯ ᠲᠠᠢ᠂ ᠬᠡᠷᠡᠬᠦᠯ ᠵᠤᠳᠤᠭᠠᠨ ᠳᠤ ᠲᠤᠷᠠᠳᠠᠢ ᠪᠦᠳᠦᠬᠦᠯᠢᠭ ᠰᠣᠷᠳᠠᠯ ᠲᠠᠢ᠂ ᠰᠤᠷᠤᠯᠭ᠎ᠠ ᠠᠴᠠ ᠪᠠᠨ | ᠤᠶᠢᠳᠤᠭᠰᠠᠨ ᠨᠠᠵᠠᠭᠠᠢ ᠬᠤᠶᠢᠷᠭᠤ ᠵᠠᠩ ᠲᠠᠢ᠂ ᠨᠠᠭᠠᠳᠤᠮ ᠰᠢᠨᠤᠯ ᠳᠤ ᠪᠠᠨ ᠡᠷᠭᠡᠰᠢᠶᠡᠭᠳᠡᠭᠰᠡᠨ ᠵᠠᠳᠠᠭᠠᠢ | ᠰᠤᠷᠳᠠᠯ ᠲᠠᠢ᠂ ᠰᠦᠷᠬᠡᠦ ᠰᠡᠳᠬᠢᠴᠡ ᠲᠠᠢ ᠵᠡᠷᠭᠡ ᠤᠨᠴᠠᠭᠠᠢ ᠬᠡᠦᠬᠡᠳ ᠢ ᠪᠦᠬᠦᠨ ᠢ ᠨᠠᠷᠢᠯᠢᠬ ᠲᠠᠨᠢᠨ ᠤᠶᠢᠯᠠᠭᠠᠵᠦ᠂ | ᠵᠢᠭᠠᠨ ᠵᠢᠯᠤᠭᠤᠳᠪᠠᠯ ᠵᠤᠬᠢᠰᠳᠠᠢ᠃ ᠡᠶᠢᠮᠦ ᠠᠴᠠ ᠰᠣᠷᠣᠭᠴᠢᠳ ᠲᠤ ᠪᠠᠨ ᠦᠷᠬᠦᠯᠵᠢ ᠶᠢᠨ ᠴᠢᠨᠠᠷᠳᠠᠢ ᠶᠠᠮᠠᠷ | ᠠᠵᠢᠯᠯᠠᠭ᠎ᠠ ᠨᠢ ᠵᠤᠬᠢᠰᠳᠠᠢ᠂ ᠶᠠᠮᠠᠷ ᠠᠵᠢᠯᠯᠠᠭ᠎ᠠ ᠨᠢ ᠵᠤᠬᠢᠰ ᠦᠭᠡᠢ᠂ ᠦᠨᠳᠦᠷ ᠬᠡᠪ ᠰᠤᠷᠳᠠᠯ ᠲᠠᠢ ᠬᠦᠮᠦᠨ ᠨᠡᠶᠢᠭᠡᠮ | ᠨᠡᠶᠢᠳᠡ ᠳᠤ ᠬᠡᠷᠬᠢᠨ ᠬᠦᠷᠢᠶᠡᠯᠡᠭᠳᠡᠵᠦ ᠪᠠᠶᠢᠬᠤ᠂ ᠶᠤᠰᠤ ᠮᠤᠷᠠᠯ ᠦᠭᠡᠢ ᠬᠦᠮᠦᠨ ᠨᠡᠶᠢᠭᠡᠮ ᠨᠡᠶᠢᠳᠡ ᠳᠤ ᠶᠠᠭᠠᠬᠢᠨ | ᠵᠢᠭᠰᠢᠭᠳᠡᠵᠦ ᠪᠠᠶᠢᠬᠤ ᠶᠢ ᠰᠦᠯᠵᠢᠶ᠎ᠡ᠂ ᠺᠢᠨᠤ᠋ ᠵᠦᠴᠦᠭᠡ᠂ ᠲᠧᠯᠸᠢᠰ ᠵᠡᠷᠭᠡ ᠪᠠᠷ ᠦᠵᠡᠬᠦᠯᠬᠦ ᠨᠢ ᠬᠤᠭᠤᠰᠤᠨ | ᠶᠠᠷᠢᠭᠰᠠᠨ ᠠᠴᠠ ᠬᠤᠯᠠ ᠢᠯᠡᠬᠦᠦ ᠦᠷ᠎ᠡ ᠠᠰᠢᠭ ᠲᠠᠢ ᠪᠠᠶᠢᠳᠠᠭ᠃ ᠪᠠᠰᠠ ᠰᠣᠷᠤᠭᠴᠢ ᠪᠤᠯᠭᠠᠨ ᠤ ᠠᠮᠵᠢᠯᠳᠠ ᠲᠠᠢ | ᠲᠠᠯ᠎ᠠ ᠶᠢ ᠤᠯᠵᠤ ᠬᠠᠷᠠᠨ᠂ ᠲᠡᠳᠡᠨ ᠤ ᠤᠨᠴᠠᠭᠠᠢ ᠠᠪᠢᠶᠠᠰ ᠴᠢᠲᠠᠪᠤᠷᠢ ᠶᠢ ᠨᠢ ᠪᠠᠳᠠᠷᠠᠭᠤᠯᠬᠤ ᠬᠡᠷᠡᠭᠳᠡᠢ᠃ | ᠤᠨᠴᠠᠭᠠᠶᠢᠯᠠᠨ ᠬᠤᠴᠤᠷᠤᠩᠭᠤᠢ ᠰᠤᠷᠤᠭᠴᠢ ᠳᠤ ᠬᠦᠯᠢᠴᠡᠩᠬᠦᠢ ᠤᠪᠤᠷ ᠢᠶᠠᠷ ᠬᠠᠨᠳᠤᠵᠦ᠂ ᠲᠡᠳᠡᠨ ᠤ ᠲᠠᠪᠠᠭᠤᠯᠢᠭ | ᠲᠠᠯ᠎ᠠ ᠶᠢ ᠨᠢ ᠢᠯᠡᠬᠦᠬᠡᠨ ᠦᠪᠡᠷ ᠲᠤ ᠨᠢ ᠲᠠᠨᠢᠭᠤᠯᠵᠤ᠂ ᠦᠴᠦᠬᠡᠨ ᠠᠮᠵᠢᠯᠳᠠ ᠶᠢ ᠨᠢ ᠤᠯᠵᠦ ᠦᠵᠡᠪᠡᠴᠤ ᠮᠠᠭᠳᠠᠨ | ᠵᠤᠷᠢᠬᠵᠢᠭᠤᠯᠪᠠᠯ ᠪᠡᠶ᠎ᠡ ᠳᠤ ᠪᠠᠨ ᠢᠳᠡᠭᠡᠯ ᠲᠠᠢ ᠪᠤᠯᠵᠦ ᠴᠢᠷᠮᠠᠶᠢᠨ ᠰᠤᠷᠤᠯᠴᠠᠬᠤ ᠤᠷᠮ᠎ᠠ ᠵᠤᠷᠢᠭ ᠨᠢ ᠬᠦᠪᠴᠢᠯᠡᠭᠳᠡᠬᠦ | ᠶᠤᠮ᠃ | ᠬᠤᠶᠠᠷ᠂ ᠰᠤᠷᠤᠭᠴᠢᠳ ᠤᠨ ᠰᠡᠳᠬᠢᠯ ᠤᠨ ᠬᠠᠨᠢ ᠪᠤᠯᠬᠤ | ᠠᠩᠬᠢ ᠶᠢᠨ ᠡᠷᠬᠢᠯᠡᠭᠴᠢ ᠪᠤᠯᠤᠭᠰᠠᠳ ᠰᠤᠷᠤᠭᠴᠢᠳ ᠲᠤ ᠪᠠᠨ ᠬᠠᠨᠳᠤᠬᠤ ᠳᠤ ᠪᠠᠨ ᠡᠶᠡᠯᠳᠡᠭ ᠨᠠᠶᠢᠷᠠᠮᠳᠠᠭᠤ᠂ | ᠲᠤᠳᠤᠨᠤ ᠪᠠᠶᠢᠬᠤ ᠬᠡᠷᠡᠭᠳᠡᠢ᠃ ᠡᠶᠡᠯᠳᠡᠭ ᠠᠭᠤᠳᠠᠮᠴᠢ᠂ ᠴᠢᠩ ᠦᠨᠡᠨᠴᠢ ᠵᠠᠩ ᠠᠭᠠᠯᠢ ᠲᠠᠢ ᠪᠤᠯᠪᠠᠯ | ᠰᠣᠷᠣᠭᠴᠢᠳ ᠤᠨ ᠢᠳᠡᠭᠡᠯ ᠢ ᠤᠯᠵᠦ ᠪᠠᠭᠰᠢ ᠰᠤᠷᠤᠭᠴᠢᠳ ᠤᠨ ᠬᠤᠭᠤᠷᠤᠨᠳᠦ ᠪᠠᠨ ᠡᠶ᠎ᠡ ᠨᠠᠶᠢᠷ ᠲᠠᠢ᠂ ᠡᠯᠢᠭᠡᠰᠡᠭ | ᠲᠤᠳᠤᠨᠤ ᠪᠠᠶᠢᠵᠦ ᠲᠡᠶᠢᠯᠦᠨ᠎ᠡ᠃ ᠠᠩᠬᠢ ᠶᠢᠨ ᠡᠷᠬᠢᠯᠡᠭᠴᠢ ᠪᠤᠯᠤᠭᠰᠠᠳ ᠬᠠᠯᠳᠤᠰᠬᠢᠪᠠᠯ ᠠᠭᠤᠷᠯᠠᠬᠤ ᠦᠬᠡᠢ᠂ | ᠬᠠᠷᠢᠨ ᠬᠦᠯᠢᠴᠡᠩᠬᠦᠢ ᠪᠠᠷ ᠰᠤᠷᠭᠠᠨ ᠬᠦᠮᠦᠵᠢᠬᠦᠯᠬᠦ ᠪᠤᠶᠤ ᠵᠢᠭᠠᠨ ᠵᠢᠯᠤᠭᠤᠳᠬᠤ ᠬᠡᠷᠡᠭᠳᠡᠢ᠃ ᠬᠦᠯᠢᠴᠡᠩᠬᠦᠢ ᠨᠢᠮᠪᠠᠢ᠂ | ᠯᠠᠪᠳᠠᠭᠤᠨ ᠬᠢᠨᠠᠮᠠᠭᠠᠢ ᠪᠠᠶᠢᠬᠤ ᠪᠤᠯ ᠪᠠᠭᠰᠢ ᠶᠢᠨ ᠪᠦᠷᠢᠯᠳᠦᠭᠦᠯᠪᠡᠰᠦ ᠵᠤᠬᠢᠬᠤ ᠵᠠᠩ ᠠᠭᠠᠯᠢ ᠶᠢᠨ ᠭᠤᠤᠯ | ᠤᠨᠴᠠᠯᠢᠭ ᠤᠨ ᠨᠢᠭᠡ ᠨᠢ ᠪᠠᠶᠢᠵᠦ ᠲᠠᠭᠠᠷᠠᠨ᠎ᠠ᠃ ᠬᠡᠳᠡᠷ ᠲᠤᠭᠰᠢᠨ ᠪᠤᠯ ᠰᠤᠷᠭᠠᠨ ᠬᠦᠮᠦᠵᠢᠯ ᠤᠨ ᠲᠠᠶᠢᠰᠤᠨ᠂ | ᠬᠦᠯᠢᠴᠡᠩᠬᠦᠢ ᠯᠠᠪᠳᠠᠭᠤᠨ ᠪᠤᠯ ᠴᠢᠳᠠᠪᠤᠷᠢᠳᠠᠨ ᠬᠦᠮᠦᠵᠢᠬᠦᠯᠬᠦ ᠶᠢᠨ ᠤᠷᠢᠳᠠᠯ ᠮᠥᠨ᠃ ᠶᠠᠮᠠᠷ ᠪᠠᠶᠢᠳᠠᠯ | ᠲᠤᠬᠢᠶᠠᠯᠳᠣᠭᠰᠠᠨ ᠴᠦ ᠠᠩᠬᠢ ᠶᠢᠨ ᠡᠷᠬᠢᠯᠡᠭᠴᠢ ᠪᠤᠯᠤᠭᠰᠠᠨ ᠤ ᠬᠤᠪᠢ ᠳᠤ᠂ ᠯᠠᠪᠳᠠᠭᠤᠨ ᠲᠤᠭᠳᠠᠭᠤᠨ᠂ ᠠᠭᠤᠵᠢᠭᠤ | ᠲᠠᠯᠪᠢᠭᠤ᠂ ᠬᠦᠯᠢᠴᠡᠩᠬᠦᠢ ᠤᠪᠤᠷ ᠢᠶᠠᠷ ᠠᠵᠢᠯ ᠢᠶᠠᠨ ᠰᠠᠶᠢᠨ ᠬᠢᠬᠦ ᠬᠡᠷᠡᠭᠳᠡᠢ᠃ ᠲᠤᠬᠠᠶᠢᠯᠠᠪᠠᠯ ᠠᠩᠬᠢ ᠨᠡᠶᠢᠳᠡ ᠶᠢᠨ | ᠲᠤᠮᠳᠠ ᠤᠨᠴᠠᠭᠠᠢ ᠶᠠᠮᠠᠷ ᠨᠢᠭᠡᠨ ᠵᠦᠢᠯ ᠤᠨ ᠢᠯᠡᠷᠡᠯ ᠪᠤᠶᠤ ᠬᠦᠳᠡᠯᠬᠡᠬᠡᠨ ᠭᠠᠷᠬᠤ ᠦᠶᠡᠰ᠂ ᠬᠦᠨ ᠬᠦᠨᠵᠡᠬᠡᠢ | ᠪᠠᠶᠢᠴᠠᠭᠠᠯᠳᠠ ᠬᠢᠵᠦ᠂ ᠴᠠᠭ ᠲᠤᠬᠠᠢ ᠳᠤ ᠨᠢ ᠰᠤᠷᠤᠭᠴᠢᠳ ᠤᠨ ᠲᠤᠮᠳᠠ ᠬᠦᠨᠵᠡᠭᠡᠶᠢᠷᠡᠨ᠂ ᠲᠡᠳᠡᠨ ᠲᠠᠢ | ᠰᠡᠳᠬᠢᠯ ᠤᠨ ᠦᠬᠡ ᠪᠠᠨ ᠬᠡᠯᠡᠯᠴᠡᠵᠦ᠂ ᠬᠦᠯᠢᠴᠡᠩᠬᠦᠢ ᠪᠠᠷ ᠲᠡᠳᠡᠨ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠬᠦ | ᠬᠡᠷᠡᠭᠳᠡᠢ᠃ | ᠠᠩᠬᠢ ᠶᠢᠨ ᠡᠷᠬᠢᠯᠡᠭᠴᠢ ᠪᠤᠯᠤᠭᠰᠠᠳ ᠰᠣᠷᠣᠭᠴᠢᠳ ᠢᠶᠠᠨ ᠬᠠᠶᠢᠷᠠᠯᠠᠨ ᠬᠠᠯᠠᠮᠵᠢᠯᠠᠵᠦ᠂ ᠤᠶᠢᠯᠠᠭᠠᠵᠦ᠂ | ᠰᠡᠳᠬᠢᠯ ᠤᠨ ᠬᠠᠨᠢ ᠪᠤᠯᠵᠤ ᠴᠢᠳᠠᠬᠤ ᠪᠤᠯ ᠡᠨᠡ ᠬᠦ ᠠᠩᠬᠢ ᠶᠢᠨ ᠪᠦᠬᠦ ᠲᠠᠯ᠎ᠠ ᠶᠢᠨ ᠠᠵᠢᠯ ᠢ ᠰᠠᠶᠢᠳᠤᠷ ᠬᠢᠬᠦ | ᠤᠷᠢᠳᠠᠯ ᠪᠦᠬᠡᠳ ᠰᠠᠭᠤᠷᠢ ᠪᠤᠯᠬᠤ ᠶᠤᠮ᠃ ᠠᠩᠬᠢ ᠶᠢᠨ ᠡᠷᠬᠢᠯᠡᠭᠴᠢ ᠪᠤᠯᠤᠭᠰᠠᠳ ᠰᠤᠷᠤᠭᠴᠢᠳ ᠲᠤ ᠪᠠᠨ | ᠦᠨᠡᠨᠴᠢ ᠰᠡᠳᠬᠢᠯ ᠢᠶᠠᠷ ᠬᠠᠨᠳᠤᠵᠦ᠂ ᠰᠤᠷᠤᠭᠴᠢᠳ ᠲᠤ ᠪᠠᠨ ᠡᠷᠭᠡ ᠲᠡᠭᠰᠢ ᠪᠠᠶᠢᠬᠤ ᠭᠡᠷᠡᠭᠳᠡᠢ᠃ ᠰᠤᠷᠤᠭᠴᠢᠳ | ᠪᠤᠯ ᠦᠨᠳᠦᠰᠦᠳᠡᠨ ᠤ ᠢᠷᠡᠭᠡᠳᠦᠢ᠂ ᠡᠬᠡ ᠤᠯᠤᠰ ᠤᠨ ᠢᠷᠡᠭᠡᠳᠦᠢ ᠪᠤᠯᠬᠤᠷ ᠤᠯᠤᠰ ᠦᠨᠳᠦᠰᠦᠳᠡᠨ ᠤ ᠠᠯᠦᠰ | ᠢᠷᠡᠭᠡᠳᠦᠢ ᠳᠤ ᠬᠠᠨᠳᠤᠬᠤ ᠤᠷᠬᠢᠯᠤᠮ᠎ᠠ ᠬᠠᠯᠠᠭᠤᠨ ᠰᠡᠳᠬᠢᠯᠭᠡ ᠪᠤᠯᠤᠨ ᠬᠠᠷᠢᠭᠤᠴᠠᠯᠭᠠᠳᠦ ᠤᠪᠤᠷ ᠢᠶᠠᠷ | ᠰᠣᠷᠤᠭᠴᠢᠳ ᠲᠤ ᠪᠠᠨ ᠬᠠᠨᠳᠤᠵᠦ᠂ ᠣᠴᠢᠷ ᠶᠠᠪᠤᠳᠠᠯ ᠪᠤᠯᠭᠠᠨ ᠳᠤ ᠤᠷᠢᠳ ᠢᠶᠠᠷ ᠰᠤᠷᠤᠭᠴᠢᠳ ᠤᠨ ᠢᠶᠠᠨ | ᠲᠦᠯᠦᠭᠡ ᠪᠤᠳᠤᠯᠬᠢᠯᠠᠨ᠂ ᠦᠷᠬᠦᠯᠵᠢ ᠰᠤᠷᠤᠭᠴᠢᠳ ᠤᠨ ᠲᠤᠮᠳᠠ ᠬᠦᠨᠵᠡᠭᠡᠶᠢᠷᠡᠵᠦ᠂ ᠰᠤᠷᠤᠭᠴᠢ ᠲᠠᠢ ᠪᠠᠨ ᠦᠶ᠎ᠡ | ᠬᠤᠷᠠᠭ ᠤᠨ ᠨᠠᠶᠢᠵᠠ ᠰᠢᠬ ᠦᠨᠡᠨᠴᠢ ᠰᠡᠳᠬᠢᠯ ᠢᠶᠠᠷ ᠶᠠᠷᠢᠯᠴᠠᠵᠦ᠂ ᠰᠡᠳᠬᠢᠯ ᠢ ᠨᠢ ᠤᠶᠢᠯᠠᠭᠠᠭᠰᠠᠨ ᠪᠠᠶᠢᠬᠤ | ᠭᠡᠷᠡᠭᠳᠡᠢ᠃ ᠠᠩᠬᠢ ᠶᠢᠨ ᠡᠷᠬᠢᠯᠡᠭᠴᠢ ᠠᠴᠠ ᠬᠠᠷᠢᠨ ︽ᠦᠨᠳᠦᠷ ᠲᠡᠭᠡᠷ᠎ᠡ ᠠᠴᠠ ᠦᠩᠬᠡᠶᠢᠨ ᠦᠵᠡᠬᠦ︾᠂ ︽ᠰᠤᠷᠭᠠᠨ | ᠬᠦᠮᠦᠵᠢᠬᠦᠯᠦᠭᠴᠢ︾ ᠶᠢᠨ ︽ᠯᠠᠷᠵᠢᠶ᠎ᠠ ᠶᠠᠩᠪᠠ︾ ᠭᠠᠷᠭᠠᠵᠤ᠂ ᠦᠬᠡ ᠬᠡᠯᠡᠬᠦ ᠳᠤ ᠪᠠᠨ ᠦᠷᠬᠦᠯᠵᠢ ︽ᠵᠢᠭᠠᠪᠦᠷᠢ | ᠪᠠᠭᠤᠯᠭᠠᠨ ᠵᠠᠷᠯᠢᠭᠳᠠᠬᠤ︾᠂ ︽ᠢᠩᠬᠢᠵᠦ ᠬᠢᠬᠦ ᠬᠡᠷᠡᠭᠳᠡᠢ᠂ ᠲᠡᠭᠡᠵᠦ ᠪᠡᠶᠡᠯᠡᠬᠦᠯᠬᠦ ᠬᠡᠷᠡᠭᠳᠡᠢ︾ ᠬᠡᠬᠦ ᠵᠡᠷᠭᠡ ᠪᠠᠷ | ᠬᠠᠨᠳᠤᠵᠦ ᠶᠠᠭᠠᠬᠢᠭᠰᠠᠨ ᠴᠦ ᠪᠤᠯᠬᠤ ᠦᠬᠡᠢ ᠶᠤᠮ᠃ | ᠠᠩᠬᠢ ᠶᠢᠨ ᠡᠷᠬᠢᠯᠡᠭᠴᠢ ᠪᠤᠯᠤᠨ ᠰᠤᠷᠤᠭᠴᠢᠳ ᠡᠷᠬᠡ ᠲᠡᠭᠰᠢ ᠪᠠᠶᠢᠬᠤ ᠶᠢ ᠡᠷᠬᠢᠮᠯᠡᠵᠦ᠂ ᠦᠬᠡ ᠵᠤᠭᠤᠭ | ᠲᠡᠯᠭᠡᠭᠦ ᠳᠤ ᠪᠠᠨ ᠡᠶᠡᠯᠳᠡᠭ ᠵᠤᠭᠤᠭᠳᠠᠬᠤ ᠠᠴᠠ ᠪᠢᠰᠢ᠂ ᠰᠤᠷᠤᠭᠴᠢᠳ ᠢ ᠰᠡᠳᠬᠢᠯ ᠤᠨ ᠦᠭᠡ ᠪᠠᠨ ᠬᠡᠯᠡᠵᠦ | ᠪᠠᠷᠠᠬᠤ ᠠᠴᠠ ᠨᠢ ᠡᠮᠦᠨ᠎ᠡ ᠲᠠᠰᠤᠯᠳᠠᠭᠤᠯᠬᠤ ᠪᠤᠶᠤ ᠰᠤᠷᠭᠠᠨ ᠰᠢᠬᠦᠮᠵᠢᠯᠡᠵᠦ ᠪᠤᠯᠬᠤ ᠦᠭᠡᠢ ᠶᠤᠮ᠃ | ᠰᠤᠷᠤᠭᠴᠢᠳ ᠤᠨ ᠰᠡᠳᠬᠢᠯ ᠢ ᠤᠶᠢᠯᠠᠭᠠᠬᠤ ᠳᠤ ᠡᠷᠬᠡᠪᠰᠢ ᠠᠩᠬᠢ ᠶᠢᠨ ᠡᠷᠬᠢᠯᠡᠭᠴᠢ ᠠᠴᠠ ᠤᠷᠢᠳ ᠢᠶᠠᠷ | ᠰᠡᠳᠬᠢᠯ ᠢᠶᠠᠨ ᠦᠭᠴᠦ᠂ ᠠᠭᠤᠵᠢᠭᠤ ᠲᠠᠶᠢᠪᠤᠭᠤ ᠠᠭᠤᠴᠢᠯᠠᠯ ᠪᠠᠭᠳᠠᠭᠠᠮᠵᠢᠳᠠᠢ ᠪᠠᠷ ᠰᠤᠷᠤᠭᠴᠢ ᠶᠢᠨ ᠪᠤᠷᠤᠭᠤ | ᠦᠬᠡ ᠬᠡᠯᠡᠬᠦ ᠶᠢ ᠵᠦᠪᠰᠢᠶᠡᠷᠡᠵᠦ᠂ ᠬᠡᠷᠪᠡ ᠪᠤᠷᠤᠭᠤ ᠶᠠᠪᠤᠳᠠᠯ ᠬᠢᠪᠡᠯ ᠰᠤᠷᠤᠭᠴᠢᠳ ᠲᠤ ᠠᠯᠳᠠᠭ᠎ᠠ ᠲᠤᠳᠠᠭᠳᠠᠯ ᠢ ᠨᠢ | ᠲᠠᠨᠢᠭᠤᠯᠤᠨ᠂ ᠬᠤᠶᠢᠰᠢᠳᠠ ᠶᠢᠨ ᠬᠡᠯᠡᠵᠦ ᠵᠠᠯᠠᠷᠠᠭᠤᠯᠬᠤ ᠢᠳᠡᠭᠡᠯ ᠵᠤᠷᠢᠭ ᠢ ᠨᠢ ᠨᠡᠮᠡᠭᠳᠡᠬᠦᠯᠬᠦ ᠬᠡᠷᠡᠭᠳᠡᠢ᠃ ᠢᠩᠬᠢᠪᠡᠯ | ᠰᠠᠶ᠋ᠢ ᠰᠤᠷᠤᠭᠴᠢᠳ ᠤᠨ ᠰᠡᠳᠬᠢᠯ ᠢ ᠨᠢ ᠤᠯᠵᠤ᠂ ᠦᠪ ᠦᠨᠡᠨ ᠬᠦ ᠰᠡᠳᠬᠢᠯ ᠤᠨ ᠬᠠᠨᠢ ᠨᠢ ᠪᠤᠯᠵᠦ ᠲᠠᠶᠢᠯᠦᠨ᠎ᠡ᠃ | ᠭᠤᠷᠪᠠ᠂ ᠰᠤᠷᠤᠭᠴᠢᠳ ᠤᠨ ᠰᠤᠷᠤᠯᠭ᠎ᠠ ᠶᠢᠨ ᠵᠢᠯᠣᠭᠤᠳᠣᠭᠴᠢ ᠪᠤᠯᠬᠤ | ᠰᠣᠷᠣᠭᠴᠢᠳ ᠮᠡᠳᠡᠯᠭᠡ ᠴᠢᠳᠠᠪᠤᠷᠢ ᠲᠠᠢ᠂ ᠲᠤᠰᠬᠠᠢ ᠮᠡᠷᠭᠡᠵᠢᠯ ᠳᠤ ᠪᠠᠨ ᠨᠡᠪᠳᠡᠷᠡᠭᠰᠡᠨ ᠪᠠᠭᠰᠢ ᠶᠢ ᠲᠤᠩ | ᠬᠦᠨᠳᠦᠳᠬᠡᠨ ᠪᠢᠰᠢᠷᠡᠳᠡᠭ᠃ ᠡᠶᠢᠮᠦ ᠠᠴᠠ ᠠᠩᠬᠢ ᠶᠢᠨ ᠡᠷᠬᠢᠯᠡᠭᠴᠢ ᠪᠤᠯᠤᠭᠰᠠᠳ ᠦᠷᠭᠡᠨ ᠲᠡᠯᠭᠡᠷ ᠮᠡᠳᠡᠯᠭᠡ᠂ ᠤᠯᠠᠨ | ᠲᠠᠯ᠎ᠠ ᠶᠢᠨ ᠴᠢᠳᠠᠪᠤᠷᠢ ᠲᠠᠢ ᠪᠠᠶᠢᠵᠦ᠂ ᠰᠤᠷᠤᠭᠴᠢᠳ ᠤᠨ ᠢᠶᠠᠨ ᠬᠦᠨᠳᠦᠳᠬᠡᠯ ᠪᠢᠰᠢᠷᠡᠯ ᠢ ᠣᠯᠬᠤ | ᠬᠡᠷᠡᠭᠳᠡᠢ᠃ ᠡᠬᠦᠨ ᠳᠤ ᠭᠤᠤᠯᠳᠠᠭᠤ ᠰᠤᠷᠤᠭᠴᠢᠳ ᠤᠨ ᠰᠤᠷᠤᠯᠴᠬᠤ ᠠᠷᠭ᠎ᠠ ᠬᠢᠭᠡᠳ ᠰᠢᠯᠢᠳᠡᠭ ᠰᠣᠷᠤᠯᠭᠠᠳᠠᠨ | ᠪᠤᠯᠬᠤ ᠳᠤ ᠨᠢ ᠵᠢᠯᠤᠭᠤᠳᠣᠭᠴᠢ ᠪᠠ ᠵᠦᠪᠯᠡᠭᠴᠢ ᠪᠤᠯᠬᠤ ᠨᠢ ᠴᠢᠬᠤᠯᠠ ᠪᠠᠶᠢᠵᠦ᠂ ᠪᠡᠶ᠎ᠡ ᠪᠠᠨ ᠲᠠᠭᠠᠭᠠᠨ ᠴᠢᠷᠮᠠᠶᠢᠨ | ᠰᠤᠷᠤᠯᠴᠠᠬᠤ ᠲᠠᠳᠬᠠᠯ ᠲᠠᠢ ᠪᠤᠯᠭᠠᠨ ᠬᠦᠮᠦᠵᠢᠬᠦᠯᠦᠨ᠂ ᠰᠣᠷᠣᠭᠴᠢ ᠳᠤ ᠠᠰᠠᠭᠤᠳᠠᠯ ᠢ ᠢᠯᠡᠷᠡᠬᠦᠯᠦᠨ ᠠᠰᠠᠭᠤᠳᠠᠯ ᠢ | ᠵᠠᠳᠠᠯᠬᠤ ᠶᠢ ᠰᠣᠷᠭᠠᠵᠤ᠂ ᠦᠪᠡᠷ ᠤᠨ ᠰᠣᠷᠣᠯᠭ᠎ᠠ ᠶᠢᠨ ᠶᠠᠪᠤᠴᠠ ᠪᠠᠨ ᠵᠦᠪ ᠢᠶᠠᠷ ᠦᠨᠡᠯᠡᠨ᠂ ᠰᠢᠯᠢᠳᠡᠭ ᠬᠢᠷᠢ | ᠪᠦᠳᠦᠮᠵᠢ ᠤᠯᠬᠤ ᠪᠠᠷ ᠴᠢᠷᠮᠠᠶᠢᠬᠤ ᠬᠠᠷᠠᠯᠳᠠ ᠵᠤᠷᠢᠯᠭ᠎ᠠ ᠲᠠᠢ ᠪᠤᠯᠭᠠᠨ ᠬᠦᠮᠦᠵᠢᠬᠦᠯᠬᠦ ᠬᠡᠷᠡᠭᠳᠡᠢ᠃ ᠠᠩᠬᠢ | ᠨᠡᠶᠢᠳᠡ ᠶᠢᠨ ᠲᠤᠮᠳᠠᠬᠢ ︽ᠰᠤᠷᠤᠯᠭ᠎ᠠ ᠬᠤᠴᠣᠷᠤᠩᠭᠤᠢ ᠰᠤᠷᠤᠭᠴᠢ︾ ᠪᠡᠶ᠎ᠡ ᠳᠤ ᠪᠠᠨ ᠢᠳᠡᠭᠡᠯ ᠢᠶᠠᠷ ᠲᠤᠳᠠᠮᠠᠭ | ᠪᠠᠶᠢᠵᠦ᠂ ᠬᠢᠯᠪᠠᠷᠬᠠᠨ ᠵᠤᠷᠢᠭ ᠮᠤᠬᠤᠬᠤ᠂ ᠴᠢᠨᠠᠭᠰᠢᠯᠠᠪᠠᠯ ᠪᠠᠶ᠎ᠡ ᠪᠠᠨ ᠭᠤᠯᠤᠬᠤ᠂ ᠭᠤᠳᠤᠷᠠᠬᠤ ᠪᠠᠶᠢᠳᠠᠯ ᠭᠠᠷᠳᠠᠭ᠃ ᠡᠨᠡ | ᠦᠶᠡᠰ ᠠᠩᠬᠢ ᠶᠢᠨ ᠡᠷᠬᠢᠯᠡᠭᠴᠢ ᠪᠤᠯᠤᠭᠰᠠᠳ ᠲᠠᠳᠡᠨ ᠢ ᠬᠠᠪᠰᠤᠷᠤᠨ ᠬᠠᠯᠠᠮᠵᠢᠯᠡᠵᠦ᠂ ᠰᠤᠷᠤᠯᠭ᠎ᠠ ᠶᠢᠨ ᠲᠠᠯ᠎ᠠ ᠪᠠᠷ | ᠬᠠᠪᠰᠣᠷᠣᠨ ᠵᠢᠯᠣᠭᠤᠳᠴᠦ᠂ ᠰᠡᠳᠬᠢᠴᠡ ᠶᠢᠨ ᠲᠠᠯ᠎ᠠ ᠪᠠᠷ ᠪᠡᠶ᠎ᠡ ᠳᠤ ᠪᠠᠨ ᠢᠳᠡᠭᠡᠯ ᠲᠠᠢ ᠪᠠᠶᠢᠬᠤ ᠲᠤᠬᠠᠢ ᠬᠦᠮᠦᠵᠢᠯ | ᠬᠢᠵᠦ᠂ ᠲᠡᠳᠡᠨ ᠤ ᠦᠴᠦᠬᠡᠨ ᠲᠠᠪᠰᠢᠯᠳᠠ ᠶᠢ ᠤᠯᠵᠦ ᠦᠵᠡᠪᠡᠯ ᠮᠠᠭᠳᠠᠨ ᠵᠤᠷᠢᠬᠵᠢᠭᠤᠯᠵᠦ ︽ᠪᠢ ᠪᠤᠯᠵᠦ | ᠪᠠᠶᠢᠨ᠎ᠠ︾ ᠬᠡᠰᠡᠨ ᠲᠦᠷᠦᠭᠳᠡᠯ ᠣᠯᠣᠭᠤᠯᠵᠦ᠂ ᠲᠡᠳᠡᠨ ᠢ ᠬᠤᠪᠢᠷᠠᠨ ᠲᠠᠪᠰᠢᠬᠤ ᠳᠤ ᠢᠳᠡᠭᠡᠯ ᠵᠣᠷᠢᠭ ᠢ ᠨᠢ | ᠬᠦᠪᠴᠢᠯᠡᠬᠦ ᠬᠡᠷᠡᠭᠳᠡᠢ ᠶᠤᠮ᠃ | ᠲᠦᠷᠪᠡ᠂ ᠠᠩᠬᠢ ᠨᠢᠭᠡᠴᠢ ᠶᠢᠨ ᠪᠦᠬᠦᠯᠢ ᠴᠤᠭᠴᠠ ᠶᠢᠨ ᠶᠤᠰᠤ ᠮᠣᠷᠠᠯ ᠤᠨ ᠬᠦᠮᠦᠵᠢᠯ ᠢ ᠴᠢᠩᠭᠠᠳᠬᠠᠬᠤ | ᠠᠩᠬᠢ ᠶᠢᠨ ᠡᠷᠬᠢᠯᠡᠭᠴᠢ ᠨᠢ ᠰᠤᠷᠤᠭᠴᠢᠳ ᠤᠨ ᠰᠠᠬᠢᠯᠭ᠎ᠠ ᠲᠦᠷᠢᠮ ᠢ ᠵᠢᠷᠤᠮᠯᠠᠬᠤ ᠪᠤᠯᠤᠨ ᠡᠳᠦᠷ | ᠲᠤᠳᠤᠮ ᠤᠨ ᠠᠵᠢᠯᠯᠠᠭᠠᠨ ᠢ ᠲᠦᠷᠢᠮᠵᠢᠬᠦᠯᠬᠦ᠂ ᠶᠤᠰᠤ ᠰᠤᠷᠳᠠᠬᠤᠨ ᠢ ᠵᠢᠷᠤᠮᠵᠢᠭᠤᠯᠬᠤ ᠳᠤ ᠬᠢᠨᠠᠯᠳᠠ ᠲᠠᠯᠪᠢᠬᠤ᠂ | ᠪᠠᠶᠢᠴᠠᠭᠠᠬᠤ᠂ ᠰᠤᠷᠭᠠᠨ ᠬᠦᠮᠦᠵᠢᠬᠦᠯᠬᠦ ᠬᠠᠷᠢᠭᠤᠴᠠᠯᠭ᠎ᠠ ᠶᠢ ᠡᠬᠦᠷᠭᠡᠯᠡᠵᠦ ᠪᠠᠶᠢᠭ᠎ᠠ ᠪᠤᠯᠬᠤᠷ ᠰᠤᠷᠤᠭᠴᠢᠳ ᠲᠤ ᠪᠠᠨ | ᠬᠦᠮᠦᠨ ᠪᠤᠯᠬᠤ ᠶᠤᠰᠤ ᠣᠴᠢᠷ ᠪᠤᠯᠤᠨ ᠰᠠᠬᠢᠯᠭ᠎ᠠ ᠪᠠᠳᠦ᠂ ᠶᠤᠰᠤ ᠮᠤᠷᠠᠯ ᠤᠨ ᠬᠦᠮᠦᠵᠢᠯ ᠢ ᠬᠦᠨ ᠬᠦᠨᠵᠡᠭᠡᠢ᠂ | ᠨᠠᠷᠢᠯᠢᠬ ᠮᠦᠷᠳᠡᠭᠡᠨ ᠪᠦᠬᠦ ᠲᠠᠯ᠎ᠠ ᠪᠠᠷ ᠦᠷᠬᠦᠯᠵᠢ ᠶᠢᠨ ᠴᠢᠨᠠᠷᠳᠠᠢ ᠬᠦᠷᠳᠡᠬᠡᠵᠦ᠂ ᠰᠤᠷᠤᠭᠴᠢᠳ ᠤᠨ ᠰᠠᠬᠢᠯᠭ᠎ᠠ | ᠪᠠᠳᠦ ᠶᠢ ᠰᠠᠬᠢᠬᠤ᠂ ᠶᠤᠰᠤ ᠮᠤᠷᠠᠯ ᠢ ᠡᠷᠬᠢᠮᠯᠡᠬᠦ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠬᠦ ᠬᠡᠷᠡᠭᠳᠡᠢ | ᠶᠤᠮ᠃ ᠶᠤᠰᠤ ᠰᠤᠷᠳᠠᠬᠤᠨ ᠤ ᠰᠤᠷᠭᠠᠨ ᠬᠦᠮᠦᠵᠢᠬᠦᠯᠬᠦ ᠠᠷᠭ᠎ᠠ ᠪᠠᠷᠢᠯ᠂ ᠠᠷᠠᠳᠴᠢᠯᠠᠯ ᠤᠨ ᠠᠷᠭ᠎ᠠ ᠠᠪᠴᠠᠯ ᠢᠶᠠᠷ | ᠰᠠᠬᠢᠯᠭ᠎ᠠ ᠪᠠᠳᠦ᠂ ᠶᠤᠰᠤ ᠮᠤᠷᠠᠯ ᠤᠨ ᠲᠦᠷᠢᠮᠵᠢᠯ ᠢ ᠰᠠᠶᠢᠳᠦᠷ ᠨᠠᠶᠢᠳᠠᠪᠤᠷᠢᠵᠢᠭᠤᠯᠵᠦ᠂ ᠵᠢᠷᠦᠮᠵᠢᠭᠤᠯᠬᠤ | ᠭᠡᠷᠡᠭᠳᠡᠢ᠃ ᠰᠤᠷᠤᠭᠴᠢᠳ ᠢ ᠠᠭᠰᠤᠷᠴᠤ ᠵᠠᠩᠳᠤᠷᠬᠤ᠂ ᠠᠶᠤᠯᠭᠠᠨ ᠰᠦᠷᠳᠡᠬᠦᠯᠬᠦ ᠵᠡᠷᠭᠡ ᠠᠷᠭ᠎ᠠ ᠮᠠᠶ᠋ᠢᠭ ᠢ ᠡᠷᠡᠰ | ᠲᠡᠪᠴᠢᠬᠦ ᠬᠡᠷᠡᠭᠳᠡᠢ᠃ | 1. ᠬᠠᠮᠳᠦ ᠨᠦᠬᠦᠳ ᠤᠨ ᠬᠠᠶᠢᠷ᠎ᠠ ᠬᠠᠯᠠᠮᠵᠢ᠂ ᠰᠠᠶᠢᠨ ᠰᠠᠶᠢᠬᠠᠨ ᠮᠣᠷᠠᠯ ᠰᠣᠷᠳᠠᠯ᠂ ᠣᠷᠴᠢᠨ | ᠲᠤᠭᠤᠷᠢᠨ ᠢᠶᠠᠷ ᠲᠡᠬᠦᠨ ᠢ ᠨᠦᠯᠦᠭᠡᠯᠡᠭᠦ | ᠮᠣᠷᠠᠯ ᠰᠠᠬᠢᠯᠭ᠎ᠠ ᠠᠨᠠᠢ ᠰᠤᠷᠤᠭᠴᠢ ᠳᠤ ᠠᠯᠢ ᠴᠦ ᠪᠠᠭᠰᠢ ᠮᠡᠳᠡᠯᠭᠡ ᠵᠢᠭᠠᠬᠤ ᠶᠢ ᠶᠠᠷᠢᠬᠤ ᠶᠢᠨ ᠠᠷᠭ᠎ᠠ | ᠦᠬᠡᠢ ᠪᠠᠶᠢᠳᠠᠭ᠃ ᠡᠨᠡ ᠨᠢ ᠶᠠᠭ ᠠᠶᠢᠨᠰᠲ᠋ᠧᠨ ᠤ ᠬᠡᠯᠡᠭᠰᠡᠨ ᠰᠢᠭ ᠢᠶᠠᠷ ︽ᠰᠢᠯᠢᠳᠡᠭ ᠰᠠᠶᠢᠨ ᠵᠠᠩ ᠠᠭᠠᠰᠢ ᠪᠤᠯᠤᠨ | ᠬᠠᠳᠠᠭᠤ ᠵᠤᠷᠢᠭ ᠪᠤᠯ ᠤᠶᠤᠨ ᠤᠬᠠᠭᠠᠨ ᠪᠠ ᠦᠯᠡᠮᠵᠢ ᠡᠷᠳᠡᠮ ᠠᠴᠠ ᠨᠡᠩ ᠴᠢᠬᠤᠯᠠ ᠶᠤᠮ᠂ ᠴᠢᠳᠠᠪᠤᠷᠢ ᠶᠢᠨ | ᠲᠠᠯ᠎ᠠ ᠶᠢᠨ ᠠᠮᠵᠢᠯᠳᠠ ᠨᠢ ᠵᠠᠩ ᠠᠭᠠᠰᠢ ᠶᠢᠨ ᠠᠭᠤᠤ ᠶᠡᠭᠡ ᠶᠢ ᠲᠦᠰᠢᠭᠯᠡᠳᠡᠭ︾ ᠭᠡᠰᠡᠨ ᠲᠠᠢ ᠠᠳᠠᠯᠢ | ᠶᠤᠮ᠃ ᠠᠩᠬᠢ ᠶᠢᠨ ᠡᠷᠬᠢᠯᠡᠭᠴᠢ ᠪᠠᠭᠰᠢ ᠠᠴᠠ ᠶᠤᠰᠤ ᠮᠣᠷᠠᠯ ᠤᠨ ᠬᠦᠮᠦᠵᠢᠯ ᠢ ᠴᠢᠩᠭᠠᠳᠬᠠᠬᠤ ᠳᠤ ᠪᠠᠨ | ᠬᠢᠴᠢᠶᠡᠯ ᠤᠨ ᠵᠠᠪᠰᠠᠷᠯᠠᠭ᠎ᠠ ᠶᠢᠨ ᠴᠠᠭ ᠢᠶᠠᠨ ᠬᠦᠷ ᠬᠦᠭᠵᠢᠶᠡᠨ ᠲᠠᠢ᠂ ᠤᠳᠬ᠎ᠠ ᠠᠭᠤᠯᠭ᠎ᠠ ᠲᠠᠢ ᠪᠠᠶᠢᠯᠭᠠᠵᠦ᠂ | ᠠᠩᠬᠢ ᠶᠢᠨ ᠬᠡᠷ ᠤᠨ ᠴᠢᠮᠡᠭᠯᠡᠯ ᠢ ᠲᠠᠳᠠᠬᠤ ᠬᠦᠴᠦᠨ ᠲᠠᠢ ᠪᠤᠯᠭᠠᠨ᠂ ᠦᠪᠡᠷ ᠤᠨ ᠭᠠᠷ ᠢᠶᠠᠷ ᠢᠶᠠᠨ ᠬᠢᠵᠦ | ᠪᠦᠳᠦᠭᠡᠭᠰᠡᠨ ᠵᠦᠢᠯᠠᠰ ᠢ ᠨᠢ ᠲᠠᠯᠭᠡᠵᠦ ᠲᠠᠯᠪᠢᠬᠤ᠂ ᠡᠯᠬᠦᠬᠦ᠂ ᠴᠡᠴᠡᠭ ᠬᠤᠸᠠᠷ ᠲᠡᠵᠢᠬᠡᠬᠦ᠂ ᠲᠠᠭᠤᠤ ᠬᠦᠭᠵᠢᠮ | ᠰᠤᠨᠤᠰᠬᠠᠬᠤ᠂ ᠦᠵᠡᠭᠰᠡᠨ ᠲᠧᠯᠸᠢᠰ ᠢᠶᠠᠨ ᠶᠠᠷᠢᠯᠴᠠᠬᠤ᠂ ᠡᠰᠡᠬᠦᠯ᠎ᠡ ᠲᠡᠪᠡᠭ ᠢᠰᠬᠦᠯᠬᠦ᠂ ᠲᠡᠭᠡᠰᠦ ᠦᠰᠦᠷᠬᠦ᠂ ᠠᠯᠴᠢᠭᠤᠷ | ᠬᠠᠶᠠᠬᠤ ᠵᠡᠷᠭᠡ ᠲᠤᠭᠯᠠᠭᠠᠮ ᠢ ᠨᠠᠭᠠᠳᠤᠭᠤᠯᠵᠦ᠂ ᠤᠤᠭᠤᠬᠤ ᠠᠴᠠ ᠣᠰᠣ ᠲᠠᠢ᠂ ᠦᠵᠡᠬᠦ ᠠᠴᠠ ᠨᠤᠮ ᠲᠠᠢ᠂ | ᠰᠤᠷᠤᠭᠴᠢᠳ ᠢ ᠰᠤᠨᠢᠷᠬᠠᠬᠤ ᠵᠦᠢᠯᠡᠰ ᠲᠠᠢ ᠪᠠᠶᠢᠯᠭᠠᠬᠤ ᠨᠢ ᠰᠣᠯᠠ ᠴᠠᠭ ᠲᠤ ᠪᠠᠨ ᠣᠷᠣᠯᠳᠤᠬᠤ ᠵᠦᠢᠯ ᠲᠠᠢ | ᠪᠤᠯᠭᠠᠵᠦ᠂ ᠰᠣᠷᠣᠭᠴᠢᠳ ᠤᠨ ᠵᠤᠷᠢᠭᠤᠳᠠ ᠲᠡᠪᠵᠢᠶᠡᠷᠡᠬᠦ᠂ ᠡᠪᠳᠡᠯᠡᠭᠡ ᠬᠢᠬᠦ ᠠᠴᠠ ᠵᠠᠶᠢᠯᠠᠰᠬᠢᠵᠦ᠂ ᠠᠶᠠᠨᠳᠠᠭᠠᠨ ᠤ | ᠪᠦᠳᠦᠬᠡᠯᠴᠢ ᠤᠷᠤᠯᠳᠤᠭᠠ ᠲᠡᠶᠢᠰᠢ ᠬᠦᠮᠦᠵᠢᠬᠦᠯᠬᠦ ᠶᠢ ᠵᠤᠷᠢᠨ᠎ᠠ᠃ ︽ᠣᠷᠣᠯᠳᠣᠯᠭ᠎ᠠ ᠰᠠᠶᠢᠳᠦ ᠣᠷᠦᠢ ᠳᠤ ᠨᠢ | ᠭᠠᠷᠤᠨ᠎ᠠ︾ ᠭᠡᠳᠡᠭᠴᠢᠯᠡᠨ ᠰᠣᠷᠣᠭᠴᠢᠳ ᠢ ᠰᠠᠶᠢᠨ ᠢ ᠰᠡᠳᠦᠬᠦ ᠣᠷᠣᠯᠳᠤᠯᠭ᠎ᠠ ᠲᠠᠢ ᠪᠤᠯᠭᠠᠨ ᠬᠦᠮᠦᠵᠢᠬᠦᠯᠵᠦ | ᠴᠢᠳᠠᠬᠤ ᠨᠢ ᠠᠩᠬᠢ ᠶᠢᠨ ᠡᠷᠬᠢᠯᠡᠭᠴᠢ ᠪᠠᠭᠰᠢ ᠶᠢᠨ ᠨᠢᠭᠡ ᠲᠠᠯ᠎ᠠ ᠶᠢᠨ ᠤᠷ᠎ᠠ ᠠᠪᠢᠶᠠᠰ ᠪᠤᠯᠤᠨ᠎ᠠ᠃ | 2. ᠠᠩᠬᠢ ᠶᠢᠨ ᠡᠷᠬᠢᠯᠡᠭᠴᠢ ᠪᠠᠭᠰᠢ ᠠᠴᠠ ᠰᠣᠷᠤᠭᠴᠢᠳ ᠲᠤ ᠠᠵᠢᠯᠴᠢ ᠬᠦᠳᠡᠯᠮᠦᠷᠢᠴᠢ ᠰᠢᠯᠢᠳᠡᠭ ᠰᠠᠶᠢᠬᠠᠨ | ᠵᠠᠩ ᠰᠤᠷᠳᠠᠯ ᠲᠠᠢ ᠪᠤᠯᠬᠤ ᠬᠦᠮᠦᠵᠢᠯ ᠢ ᠪᠠᠶᠢᠩᠭᠤ ᠬᠢᠭᠦ | ᠪᠤᠰᠤᠳ ᠢ ᠬᠠᠪᠰᠣᠷᠬᠤ ᠲᠤᠷᠠᠳᠠᠢ ᠰᠤᠷᠤᠭᠴᠢ ᠳᠤ ᠬᠡᠵᠢᠶᠡᠳᠡ ᠴᠢᠯᠦᠭᠡ ᠵᠠᠪ ᠪᠠᠶᠢᠳᠠᠭ ᠦᠬᠡᠢ᠃ ᠨᠢᠭᠡ | ᠠᠩᠬᠢ ᠶᠢᠨ ᠭᠤᠴᠢ ᠲᠦᠴᠢᠨ ᠰᠤᠷᠤᠭᠴᠢ ᠳᠤ ᠦᠷᠬᠦᠯᠵᠢ ᠠᠷᠰᠠᠷ ᠤᠴᠢᠷ ᠲᠤᠬᠢᠶᠠᠯᠳᠣᠨᠠ᠃ ᠤᠨᠴᠠᠭᠠᠶᠢᠯᠠᠨ | ᠲᠤᠤᠷ᠎ᠠ ᠤᠨ ᠤ ᠰᠤᠷᠤᠭᠴᠢ ᠪᠡᠶ᠎ᠡ ᠪᠠᠨ ᠲᠠᠭᠠᠭᠠᠬᠤ ᠲᠠᠯ᠎ᠠ ᠪᠠᠷ ᠬᠦᠷᠦᠯᠴᠡᠬᠦ ᠦᠬᠡᠢ ᠲᠤᠯᠠ ᠲᠡᠳᠡᠨ ᠢ ᠬᠠᠪᠰᠤᠷᠤᠨ | ᠶᠠᠭᠤ ᠬᠢᠵᠦ ᠪᠤᠯᠬᠤ ᠦᠬᠡᠢ ᠪᠤᠢ︖ ᠠᠩᠬᠢ ᠶᠢᠨ ᠭᠡᠷ ᠢᠶᠠᠨ ᠴᠡᠪᠡᠷᠯᠡᠬᠦ ᠪᠤᠯ ᠰᠤᠷᠤᠭᠴᠢ ᠶᠢᠨ ᠰᠤᠷᠭᠠᠭᠤᠯᠢ ᠳᠤ | ᠤᠷᠤᠭᠰᠠᠨ ᠤ ᠲᠠᠷᠠᠭᠠᠬᠢ ᠬᠠᠮᠤᠭ ᠤᠨ ᠠᠩᠬᠠᠨ ᠤ ᠠᠵᠢᠯ᠂ ᠰᠤᠷᠤᠭᠴᠢ ᠶᠡᠷᠦ ᠨᠢ ᠠᠵᠢᠯ ᠬᠢᠬᠦ ᠶᠢ ᠵᠢᠵᠢᠬᠦᠷ | ᠬᠢᠬᠦ ᠠᠴᠠ ᠡᠬᠢᠯᠡᠵᠦ ᠰᠣᠷᠳᠠᠭ᠃ ᠡᠶᠢᠮᠦ ᠠᠴᠠ ᠶᠤᠰᠤ ᠮᠤᠷᠠᠯ ᠠᠨᠠᠢ ᠰᠤᠷᠤᠭᠴᠢᠳ ᠢ ᠵᠣᠷᠢᠭᠤᠳᠡ ᠵᠢᠯᠤᠭᠤᠳᠤᠨ | ᠪᠤᠰᠤᠳ ᠲᠤ ᠦᠢᠯᠡᠴᠢᠯᠡᠬᠦᠯᠵᠦ᠂ ᠵᠢᠵᠢᠬᠦᠷᠯᠡᠭᠰᠡᠳ ᠲᠤ ᠲᠤᠰᠠᠯᠠᠬᠤ᠂ ᠪᠠᠭᠰᠢ ᠳᠤ ᠬᠠᠪᠰᠤᠷᠴᠦ ᠲᠠᠰᠬᠠᠯ | ᠬᠤᠷᠢᠶᠠᠬᠤ᠂ ᠭᠤᠳᠤᠮᠵᠢ ᠴᠡᠪᠡᠷᠯᠡᠬᠦ ᠵᠡᠷᠭᠡ ᠠᠵᠢᠯ ᠢ ᠬᠢᠯᠬᠡᠵᠦ᠂ ᠠᠵᠢᠯ ᠬᠦᠳᠡᠯᠮᠦᠷᠢ ᠶᠢᠨ ᠲᠤᠮᠳᠠ ᠠᠴᠠ ᠶᠤᠰᠤ | ᠵᠠᠩᠰᠢᠯ ᠢ ᠰᠣᠷᠭᠠᠵᠦ᠂ ᠪᠠᠶᠠᠷ ᠪᠠᠶᠠᠰᠬᠤᠯᠠᠩ ᠢ ᠤᠯᠭᠤᠨ᠎ᠠ᠃ | ᠬᠢᠴᠢᠶᠡᠯ ᠤᠨ ᠴᠠᠭ ᠤᠨ ᠵᠢᠭᠠᠨ ᠰᠤᠷᠭᠠᠯᠳᠠ ᠪᠤᠯ ᠨᠡᠯᠢᠶᠡᠳ ᠬᠡᠶᠢᠰᠪᠦᠷᠢ ᠮᠡᠳᠡᠯᠬᠡ ᠶᠢ ᠤᠯᠠᠮᠵᠢᠯᠠᠵᠦ | ᠪᠠᠶᠢᠳᠠᠭ᠃ ᠡᠨᠡ ᠬᠦ ᠰᠤᠷᠤᠭᠰᠠᠨ ᠬᠡᠶᠢᠰᠪᠦᠷᠢ ᠮᠡᠳᠡᠯᠬᠡ ᠪᠠᠨ ᠪᠤᠳᠠᠳᠦ ᠠᠮᠢᠳᠤᠷᠠᠯ ᠳᠤ ᠦᠢᠯᠡᠳᠦᠯᠭᠡᠵᠢᠬᠦᠯᠵᠦ | ᠰᠤᠷᠭᠠᠪᠠᠯ ᠵᠤᠬᠢᠮᠵᠢᠳᠠᠢ᠃ ᠠᠩᠬᠢ ᠶᠢᠨ ᠡᠷᠬᠢᠯᠡᠭᠴᠢ ᠪᠠᠭᠰᠢ ᠠᠴᠠ ᠵᠤᠷᠢᠯᠭ᠎ᠠ ᠲᠠᠢ ᠪᠠᠷ ᠰᠤᠷᠤᠭᠴᠢᠳ ᠲᠤ | ᠦᠢᠯᠡᠳᠦᠯᠭᠡ ᠶᠢᠨ ᠴᠢᠨᠠᠷᠳᠠᠢ ᠠᠵᠢᠯᠯᠠᠭ᠎ᠠ ᠶᠢ ᠲᠤᠬᠢᠷᠠᠭᠤᠯᠬᠤ᠂ ᠲᠠᠷᠤᠢ ᠣᠷᠣ ᠲᠡᠪᠢᠰᠭᠡᠷ ᠢᠶᠠᠨ ᠬᠤᠷᠢᠶᠠᠬᠤ᠂ ᠨᠤᠮ | ᠲᠡᠪᠳᠡᠷ ᠢᠶᠠᠨ ᠲᠢᠭᠯᠡᠬᠦ᠂ ᠬᠤᠪᠴᠠᠰᠦ ᠪᠠᠨ ᠤᠬᠢᠶᠠᠬᠤ᠂ ᠭᠡᠷ ᠱᠦᠬᠦᠷᠳᠡᠬᠦ᠂ ᠠᠶᠠᠭ᠎ᠠ ᠰᠢᠨᠠᠭ᠎ᠠ ᠤᠬᠢᠶᠠᠬᠤ᠂ | ᠡᠵᠢ ᠶᠢᠨ ᠢᠶᠠᠨ ᠬᠤᠭᠤᠯᠠ ᠬᠢᠬᠦ ᠪᠦᠭᠦᠢ ᠯᠡ ᠶᠠᠪᠤᠴᠠ ᠶᠢ ᠠᠩᠬᠠᠷᠴᠤ᠂ ᠡᠬᠦᠨ ᠤ ᠲᠣᠮᠳᠠ ᠠᠴᠠ ᠬᠢᠵᠦ ᠴᠢᠳᠠᠬᠤ | ᠵᠦᠢᠯᠡᠰ ᠢᠶᠠᠨ ᠬᠠᠮᠵᠢᠨ ᠬᠢᠬᠦ ᠵᠡᠷᠭᠡ ᠶᠢ ᠦᠷᠬᠦᠯᠵᠢ ᠶᠢᠨ ᠴᠢᠨᠠᠷᠳᠠᠢ ᠰᠠᠨᠠᠭᠤᠯᠤᠨ᠎ᠠ᠃ ᠶᠡᠷᠦ ᠨᠢ ᠡᠷᠳᠡᠮ | ᠪᠤᠯᠪᠠᠰᠣᠷᠠᠯ ᠢ ᠵᠦᠪᠬᠡᠨ ᠪᠠᠭᠰᠢ ᠪᠠᠷ ᠵᠢᠭᠠᠯᠭᠠᠵᠦ᠂ ᠬᠢᠴᠢᠶᠡᠯ ᠤᠨ ᠲᠠᠩᠬᠢᠮ ᠳᠤ ᠡᠵᠡᠮᠰᠢᠨ᠎ᠡ ᠬᠡᠪᠡᠯ ᠲᠦᠢᠯ ᠤᠨ | ᠦᠷᠦᠭᠡᠰᠦᠭᠡᠯ᠂ ᠲᠤᠳᠠᠭᠤ ᠤᠶᠢᠯᠠᠭᠠᠯᠳᠠ ᠪᠠᠶᠢᠵᠦ ᠲᠠᠭᠠᠷᠠᠨ᠎ᠠ᠂ ᠬᠠᠮᠤᠭ ᠤᠨ ᠲᠡᠭᠡᠳᠦ ᠪᠤᠯᠪᠠᠰᠣᠷᠠᠯ ᠡᠳᠦᠷ | ᠲᠤᠳᠤᠮ ᠤᠨ ᠠᠮᠢᠳᠤᠷᠠᠯ ᠬᠢᠬᠡᠳ ᠠᠵᠢᠯ ᠬᠦᠳᠡᠯᠮᠦᠷᠢ ᠶᠢᠨ ᠲᠤᠳᠤᠷ᠎ᠠ ᠯᠠ ᠪᠠᠶᠢᠳᠠᠭ᠃ | 3. ᠠᠪᠤ ᠡᠵᠢ᠂ ᠪᠠᠭᠰᠢ ᠠᠬᠠᠮᠠᠳ ᠢᠶᠠᠨ ᠬᠦᠨᠳᠦᠳᠬᠡᠬᠦ ᠶᠢ ᠬᠢᠴᠢᠶᠡᠩᠬᠦ᠋ᠢᠯᠡᠨ ᠰᠤᠷᠭᠠᠬᠤ | ᠰᠤᠷᠤᠭᠴᠢᠳ ᠢ ᠠᠪᠤ ᠡᠵᠢ ᠪᠠᠨ ᠬᠦᠨᠳᠦᠳᠬᠡᠬᠦ᠂ ᠪᠠᠭᠰᠢ ᠠᠬᠠᠮᠠᠳ ᠢᠶᠠᠨ ᠬᠦᠨᠳᠦᠳᠬᠡᠬᠦ᠂ ᠪᠤᠰᠤᠳ ᠢ ᠦᠷᠦ | ᠡᠪᠡᠳᠬᠦ ᠰᠡᠳᠬᠢᠯᠭᠡ ᠲᠠᠢ ᠪᠤᠯᠭᠠᠨ ᠬᠦᠮᠦᠵᠢᠬᠦᠯᠬᠦ ᠨᠢ ᠠᠩᠬᠢ ᠶᠢᠨ ᠡᠷᠬᠢᠯᠡᠭᠴᠢ ᠪᠠᠭᠰᠢ ᠪᠤᠯᠤᠨ ᠬᠡᠷ ᠤᠨ | ᠠᠬᠠᠮᠠᠳ ᠲᠤ ᠲᠦᠢᠯ ᠤᠨ ᠪᠠᠴᠢᠮ ᠱᠠᠭᠠᠷᠳᠠᠭᠳᠠᠵᠦ ᠪᠠᠶᠢᠨ᠎ᠠ᠃ ᠪᠤᠰᠤᠳ ᠢ ᠬᠦᠨᠳᠦᠳᠬᠡᠬᠦ ᠶᠢ ᠰᠤᠷᠬᠤ ᠳᠤ | ᠶᠠᠭᠤᠨ ᠤ ᠡᠮᠦᠨ᠎ᠡ ᠠᠪᠤ ᠡᠵᠢ ᠪᠠᠨ ᠬᠦᠨᠳᠦᠳᠬᠡᠬᠦ ᠠᠴᠠ ᠡᠬᠢᠯᠡᠬᠦ ᠬᠡᠷᠡᠭᠳᠡᠢ᠃ ᠠᠪᠤ ᠡᠵᠢ ᠪᠠᠨ ᠴᠦ ᠬᠦᠨᠳᠦᠳᠬᠡᠬᠦ ᠶᠢ | ᠮᠡᠳᠡᠬᠦ ᠦᠬᠡᠢ ᠬᠦᠮᠦᠨ ᠪᠤᠰᠤᠳ ᠢ ᠬᠡᠷᠬᠢᠨ ᠬᠦᠨᠳᠦᠳᠬᠡᠬᠦ ᠪᠢᠯᠡ︖ ᠡᠶᠢᠮᠦ ᠠᠴᠠ ᠠᠬᠠᠮᠠᠳ ᠲᠠᠢ ᠠᠭᠤᠯᠵᠠᠪᠠᠯ | ᠲᠤᠬᠢᠷᠠᠮᠵᠢᠳᠠᠢ ᠲᠠᠭᠤᠳᠠᠯᠭ᠎ᠠ ᠪᠠᠶᠢᠬᠤ᠂ ᠬᠡᠷ ᠤᠨ ᠠᠬᠠᠮᠠᠳ ᠲᠠᠢ ᠪᠠᠨ ᠶᠤᠰᠤᠷᠬᠠᠭ ᠪᠠᠶᠢᠵᠦ ᠬᠠᠮᠤᠭ ᠤᠨ ᠨᠠᠭᠠᠳᠦ | ᠵᠠᠬ᠎ᠠ ᠶᠢᠨ ᠪᠤᠰᠤᠳ ᠢ ᠬᠦᠨᠳᠦᠳᠬᠡᠬᠦ ᠦᠬᠡ ᠶᠠᠷᠢᠶ᠎ᠠ᠂ ᠦᠢᠯᠡ ᠠᠵᠢᠯᠯᠠᠭ᠎ᠠ ᠲᠠᠢ ᠪᠠᠶᠢᠬᠤ ᠶᠢ ᠴᠠᠭ ᠢᠮᠠᠭᠳᠠ | ᠱᠠᠭᠠᠷᠳᠠᠵᠦ᠂ ᠲᠠᠳᠬᠠᠯ ᠪᠤᠯᠭᠠᠬᠤ ᠪᠠᠷ ᠴᠢᠷᠮᠠᠶᠢᠬᠤ ᠬᠡᠷᠡᠭᠳᠡᠢ᠃ | ᠲᠠᠪᠤ᠂ ᠬᠡᠷ ᠤᠨ ᠠᠬᠠᠮᠠᠳ ᠬᠢᠬᠡᠳ ᠰᠤᠷᠤᠭᠴᠢ᠂ ᠰᠤᠷᠤᠭᠴᠢ ᠬᠢᠬᠡᠳ ᠰᠤᠷᠭᠠᠭᠤᠯᠢ ᠶᠢ ᠬᠤᠯᠪᠤᠭᠰᠠᠨ | ᠬᠦᠬᠦᠷᠭᠡ ᠪᠤᠯᠬᠤ | ᠰᠡᠳᠬᠢᠴᠡ ᠶᠢᠨ ᠵᠦᠢ᠂ ᠰᠤᠷᠭᠠᠨ ᠬᠦᠮᠦᠵᠢᠬᠦᠯᠬᠦ ᠤᠬᠠᠭᠠᠨ ᠤ ᠰᠣᠳᠣᠯᠣᠯ ᠭᠡᠷᠡᠴᠢᠯᠡᠭᠰᠡᠨ ᠨᠢ᠂ ᠬᠦᠮᠦᠨ ᠤ | ᠪᠡᠶ᠎ᠡ ᠰᠡᠳᠬᠢᠴᠡ ᠶᠢᠨ ᠬᠦᠭᠵᠢᠯᠳᠡ ᠨᠢ ᠭᠤᠤᠯᠳᠠᠭᠤ ᠣᠳᠣᠮᠰᠢᠯ᠂ ᠣᠷᠴᠢᠨ ᠲᠤᠭᠤᠷᠢᠨ᠂ ᠰᠣᠷᠭᠠᠨ ᠬᠦᠮᠦᠵᠢᠯ | ᠵᠡᠷᠭᠡ ᠭᠤᠷᠪᠠᠨ ᠶᠡᠭᠡ ᠬᠦᠴᠦᠨ ᠳᠤ ᠰᠢᠢᠳᠪᠦᠷᠢᠯᠡᠭᠳᠡᠳᠡᠭ᠃ ᠨᠢᠭᠡᠨ ᠰᠤᠷᠤᠭᠴᠢ ᠶᠢᠨ ᠰᠠᠶᠢᠨ ᠰᠠᠶᠢᠬᠠᠨ | ᠬᠦᠮᠦᠵᠢᠭᠳᠡᠬᠦ ᠳᠤ ᠡᠳᠡᠭᠡᠷ ᠭᠤᠷᠪᠠᠨ ᠭᠤᠭᠴᠤᠭ᠎ᠠ ᠶᠢᠨ ᠠᠯᠢ ᠨᠢ ᠴᠦ ᠲᠤᠳᠠᠭᠳᠠᠵᠦ ᠪᠤᠯᠬᠤ ᠦᠬᠡᠢ᠃ ᠬᠡᠦᠬᠡᠳ ᠬᠡᠷ | ᠪᠦᠯᠢ ᠶᠢᠨ ᠵᠤᠬᠢᠬᠤ ᠰᠤᠷᠭᠠᠯ ᠢ ᠬᠦᠷᠳᠡᠭᠰᠡᠨ ᠰᠠᠭᠤᠷᠢ ᠲᠡᠭᠡᠷ᠎ᠡ ᠰᠤᠷᠭᠠᠭᠤᠯᠢ ᠳᠤ ᠤᠷᠤᠵᠦ᠂ ᠪᠠᠭᠰᠢ ᠨᠠᠷ ᠤᠨ ᠢᠶᠠᠨ | ᠬᠦᠮᠦᠵᠢᠯ ᠢᠶᠠᠷ ᠶᠤᠰᠣ ᠮᠤᠷᠠᠯ᠂ ᠮᠡᠳᠡᠯᠭᠡ ᠴᠢᠳᠠᠪᠤᠷᠢ ᠬᠤᠤᠰᠯᠠᠭᠰᠠᠨ ᠰᠤᠷᠤᠭᠴᠢ ᠪᠤᠯᠤᠮᠠᠨᠵᠢᠨ ᠰᠠᠶ᠋ᠢ ᠨᠡᠶᠢᠬᠡᠮ | ᠲᠡᠭᠡᠷ᠎ᠡ ᠭᠠᠷᠴᠦ ᠠᠵᠢᠯ ᠦᠢᠯᠡᠰ ᠪᠤᠰᠬᠠᠨ ᠬᠦᠯ ᠲᠤᠭᠳᠠᠵᠦ ᠠᠮᠢᠳᠤᠷᠠᠨ ᠤᠷᠤᠰᠢᠬᠤ ᠪᠤᠯᠤᠨ᠎ᠠ᠃ ᠡᠶᠢᠨ ᠬᠦ ᠪᠠᠭᠰᠢ | ᠪᠤᠯ ᠬᠡᠷ ᠪᠦᠯᠢ᠂ ᠰᠣᠷᠭᠠᠭᠤᠯᠢ᠂ ᠨᠡᠶᠢᠭᠡᠮ ᠤᠨ ᠴᠢᠬᠤᠯᠠ ᠬᠡᠯᠬᠢᠶᠡᠰᠦ ᠪᠤᠯᠵᠦ᠂ ᠤᠨᠴᠠᠭᠠᠶᠢᠯᠠᠨ ᠠᠩᠬᠢ ᠶᠢᠨ | ᠡᠷᠬᠢᠯᠡᠭᠴᠢ ᠪᠠᠭᠰᠢ ᠨᠢ ᠰᠤᠷᠭᠠᠭᠤᠯᠢ ᠶᠢᠨ ᠰᠣᠷᠭᠠᠨ ᠬᠦᠮᠦᠵᠢᠬᠦᠯᠬᠦ ᠠᠵᠢᠯ ᠤᠨ ᠭᠤᠤᠯᠯᠠᠬᠤ ᠬᠦᠴᠦᠨ᠂ ᠠᠩᠬᠢ | ᠨᠢᠭᠡᠴᠢ ᠶᠢ ᠲᠠᠭᠠᠭᠤᠯᠤᠨ ᠬᠠᠮᠢᠶᠠᠷᠤᠭᠴᠢ ᠮᠦᠷᠳᠡᠬᠡᠨ ᠰᠤᠷᠤᠭᠴᠢ ᠶᠢ ᠪᠡᠶᠡᠴᠢᠯᠡᠨ ᠲᠤᠳᠤᠮᠳᠠᠵᠦ᠂ ᠰᠤᠷᠭᠠᠭᠤᠯᠢ ᠶᠢᠨ | ᠵᠤᠷᠢᠭ ᠰᠠᠨᠠᠭ᠎ᠠ ᠶᠢ ᠰᠤᠷᠤᠭᠴᠢ ᠶᠢᠨ ᠪᠡᠶ᠎ᠡ ᠲᠡᠭᠡᠷ᠎ᠡ ᠲᠤᠭᠤᠰᠢᠯᠠᠭᠤᠯᠤᠨ ᠪᠡᠶᠡᠯᠡᠬᠦᠯᠦᠭᠴᠢ ᠪᠤᠯᠤᠭᠰᠠᠭᠠᠷ ᠢᠷᠡᠵᠡᠢ᠃ | ᠠᠩᠬᠢ ᠶᠢᠨ ᠡᠷᠬᠢᠯᠡᠭᠴᠢ ᠠᠴᠠ ᠰᠤᠷᠤᠭᠴᠢᠳ ᠤᠨ ᠬᠡᠷ ᠤᠨ ᠠᠬᠠᠮᠠᠳ ᠲᠠᠢ ᠦᠷᠭᠦᠯᠵᠢ ᠶᠢᠨ ᠴᠢᠨᠠᠷᠲᠠᠢ | ᠬᠠᠷᠢᠯᠴᠠᠵᠤ᠂ ᠰᠤᠷᠤᠭᠴᠢᠳ ᠤᠨ ᠡᠳᠦᠷ ᠲᠤᠳᠤᠮ ᠤᠨ ᠰᠤᠷᠤᠯᠭ᠎ᠠ ᠠᠮᠢᠳᠤᠷᠠᠯ᠂ ᠦᠰᠦᠨ ᠪᠤᠶᠢᠵᠢᠯᠳᠠ᠂ ᠰᠢᠮ᠎ᠡ | ᠲᠡᠵᠢᠭᠡᠯ᠂ ᠡᠷᠡᠬᠦᠯ ᠬᠠᠮᠠᠭᠠᠯᠠᠯ ᠡᠷᠡᠬᠦᠯ ᠴᠢᠬᠢᠷᠠᠭ ᠢ ᠰᠡᠳᠬᠢᠯ ᠲᠠᠯᠪᠢᠨ ᠬᠠᠯᠠᠮᠵᠢᠯᠠᠬᠤ ᠭᠡᠷᠡᠭᠳᠡᠢ᠃ ᠡᠬᠦᠨ ᠳᠤ | ᠳᠤᠭᠲᠠᠭᠰᠠᠨ ᠬᠤᠭᠤᠴᠠᠭ᠎ᠠ ᠲᠠᠢ ᠪᠠᠷ ᠭᠡᠷ ᠤᠨ ᠠᠬᠠᠮᠡᠳ ᠤᠨ ᠬᠤᠷᠠᠯ ᠬᠢᠬᠦ᠂ ᠡᠰᠡᠭᠦᠯ᠎ᠡ ᠰᠤᠷᠪᠤᠯᠵᠢᠯᠠᠬᠤ ᠪᠤᠶᠤ | ᠤᠳᠠᠰᠤ ᠪᠠᠷ ᠶᠠᠷᠢᠯᠴᠠᠬᠤ ᠵᠡᠷᠭᠡ ᠬᠡᠯᠪᠡᠷᠢ ᠪᠠᠷ ᠰᠤᠷᠤᠭᠴᠢᠳ ᠤᠨ ᠭᠡᠷ ᠲᠠᠬᠢ ᠪᠠᠶᠢᠳᠠᠯ ᠢ ᠭᠡᠷ ᠤᠨ ᠠᠬᠠᠮᠠᠳ ᠠᠴᠠ | ᠤᠶᠢᠯᠠᠭᠠᠬᠤ ᠶᠢᠨ ᠬᠠᠮᠳᠤ ᠰᠤᠷᠭᠠᠭᠤᠯᠢ ᠳᠤ ᠪᠠᠨ ᠪᠠᠶᠢᠬᠤ ᠦᠶᠡᠰ ᠤᠨ ᠪᠠᠶᠢᠳᠠᠯ ᠢ ᠭᠡᠷ ᠤᠨ ᠠᠬᠠᠮᠡᠳ ᠲᠤ | ᠮᠡᠳᠡᠭᠳᠡᠵᠤ᠂ ᠰᠤᠷᠤᠭᠴᠢ ᠶᠢᠨ ᠳᠠᠪᠰᠢᠯᠳᠠ ᠲᠠᠢ ᠳᠠᠯ᠎ᠠ ᠶᠢ ᠴᠠᠭ ᠳᠤᠬᠠᠢ ᠳᠤ ᠨᠢ ᠳᠤᠰᠬᠠᠨ᠂ ᠬᠦᠷᠦᠯᠴᠡᠬᠦ ᠦᠭᠡᠢ | ᠳᠠᠯ᠎ᠠ ᠶᠢ ᠨᠢ ᠭᠡᠷ ᠤᠨ ᠠᠬᠠᠮᠠᠳ ᠲᠠᠢ ᠵᠦᠪᠳᠡᠨ ᠴᠠᠭ ᠲᠤᠬᠠᠢ ᠳᠤ ᠨᠢ ᠵᠦᠢ ᠵᠤᠬᠢᠰᠲᠠᠢ ᠠᠷᠭ᠎ᠠ ᠬᠡᠮᠵᠢᠶ᠎ᠡ ᠠᠪᠴᠦ | ᠰᠢᠢᠳᠪᠤᠷᠢᠯᠡᠬᠦ ᠭᠡᠷᠡᠭᠳᠡᠢ᠃ | ᠵᠢᠷᠭᠤᠭ᠎ᠠ᠂ ᠰᠤᠷᠤᠭᠴᠢᠳ ᠤᠨ ᠰᠢᠯᠢᠳᠡᠭ ᠬᠡᠪ ᠲᠠᠭᠤᠷᠢᠶᠠᠯ ᠪᠤᠯᠬᠤ | ᠪᠠᠭᠰᠢ ᠪᠤᠯ ᠬᠦᠮᠦᠨ ᠲᠦᠷᠦᠯᠬᠢᠳᠡᠨ ᠤ ᠤᠶᠤᠨ ᠤ ᠢᠨᠵᠧᠨᠧᠷ ᠪᠠᠶᠢᠵᠦ᠂ ᠨᠡᠶᠢᠭᠡᠮ ᠨᠡᠶᠢᠳᠡ ᠶᠢᠨ ᠲᠤᠮᠳᠠ | ᠡᠷᠬᠢᠮ ᠲᠡᠭᠡᠳᠦ ᠨᠦᠯᠦᠭᠡ ᠲᠤᠰᠬᠠᠯ᠂ ᠪᠠᠶᠢᠷᠢ ᠰᠠᠭᠤᠷᠢ ᠲᠠᠢ ᠶᠤᠮ᠃ ᠰᠤᠷᠤᠭᠴᠢᠳ ᠡᠳᠦᠷ ᠲᠤᠳᠤᠮ ᠤᠨ | ᠰᠤᠷᠤᠯᠴᠠᠯᠭ᠎ᠠ ᠠᠮᠢᠳᠤᠷᠠᠯ ᠤᠨ ᠲᠤᠮᠳᠠ ᠪᠠᠭᠰᠢ ᠪᠠᠷ ᠢᠶᠠᠨ ᠦᠯᠢᠭᠡᠷ ᠲᠠᠭᠤᠷᠢᠶᠠᠯ ᠪᠤᠯᠭᠠᠳᠠᠭ᠃ ᠨᠡᠩ ᠤᠨᠴᠠᠭᠠᠶᠢᠯᠠᠨ | ᠪᠠᠭ᠎ᠠ ᠰᠤᠷᠭᠠᠭᠤᠯᠢ ᠶᠢᠨ ᠠᠩᠬᠢ ᠶᠢᠨ ᠡᠷᠬᠢᠯᠡᠭᠴᠢ ᠨᠢ ᠰᠤᠷᠤᠭᠴᠢᠳ ᠲᠠᠢ ᠪᠠᠨ ᠦᠷᠬᠦᠯᠵᠢ ᠬᠠᠮᠳᠦ ᠪᠠᠶᠢᠳᠠᠭ | ᠪᠤᠯᠬᠤᠷ ᠵᠠᠩ ᠴᠢᠨᠠᠷ᠂ ᠦᠭᠡ ᠶᠠᠷᠢᠶ᠎ᠠ ᠦᠢᠯᠡ ᠠᠵᠢᠯᠯᠠᠭ᠎ᠠ᠂ ᠡᠮᠦᠰᠴᠦ ᠵᠡᠬᠦᠬᠦ᠂ ᠶᠠᠪᠤᠵᠦ ᠰᠠᠭᠤᠬᠤ ᠨᠢ | ᠰᠤᠷᠤᠭᠴᠢᠳ ᠤᠨ ᠪᠠᠶ᠎ᠠ ᠰᠠᠳᠬᠢᠴᠠ ᠶᠢᠨ ᠡᠷᠡᠬᠦᠯ ᠢᠶᠠᠷ ᠦᠰᠦᠨ ᠪᠤᠶᠢᠵᠢᠬᠤ ᠳᠤ ᠴᠢᠬᠤᠯᠠ ᠶᠡᠭᠡ ᠨᠦᠯᠦᠬᠡ | ᠦᠵᠡᠬᠦᠯᠲᠡᠭ᠃ ᠰᠤᠷᠤᠭᠴᠢ ᠰᠠᠶᠢᠨ ᠰᠠᠶᠢᠬᠠᠨ ᠶᠢᠷᠳᠢᠨᠴᠦ ᠶᠢᠨ ᠦᠵᠡᠯᠳᠡ᠂ ᠦᠵᠡᠯ ᠰᠠᠨᠠᠭ᠎ᠠ ᠵᠠᠩ ᠴᠢᠨᠠᠷ ᠨᠢ | ᠪᠦᠷᠢᠯᠳᠦᠬᠦ ᠱᠠᠳᠣᠨ ᠳᠤ ᠪᠠᠨ ᠪᠠᠶᠢᠵᠦ᠂ ᠬᠤᠪᠢᠷᠠᠬᠤ ᠴᠢᠨᠠᠷ ᠢᠶᠠᠷ ᠶᠡᠭᠡ᠂ ᠲᠠᠭᠤᠷᠢᠶᠠᠬᠤ ᠴᠢᠨᠠᠷ ᠢᠶᠠᠷ ᠴᠢᠩᠭ᠎ᠠ | ᠪᠠᠶᠢᠳᠠᠭ ᠪᠤᠯᠬᠤᠷ ᠪᠠᠭᠰᠢ ᠶᠢᠨ ᠦᠭᠡ ᠶᠠᠷᠢᠶ᠎ᠠ ᠦᠢᠯᠡ ᠠᠵᠢᠯᠯᠠᠭ᠎ᠠ᠂ ᠬᠦᠮᠦᠨ ᠳᠤ ᠬᠠᠨᠳᠤᠬᠤ ᠤᠪᠤᠷ ᠨᠢ | ᠲᠦᠢᠯ ᠤᠨ ᠶᠡᠭᠡ ᠨᠦᠯᠦᠭᠡ ᠦᠵᠡᠬᠦᠯᠳᠡᠭ᠂ ᠲᠡᠬᠦᠨ ᠢ ᠶᠠᠮᠠᠷ ᠴᠦ ᠪᠢᠴᠢᠭ ᠰᠤᠷᠬᠤ ᠪᠠ ᠶᠤᠰᠤ ᠰᠤᠷᠳᠠᠬᠤᠨ ᠤ | ᠵᠢᠭᠠᠨ ᠰᠤᠷᠭᠠᠯᠳᠠ ᠤᠷᠤᠯᠠᠵᠦ ᠴᠢᠳᠠᠬᠤ ᠦᠬᠡᠢ ᠶᠤᠮ᠃ ᠡᠶᠢᠮᠦ ᠠᠴᠠ ᠰᠤᠷᠤᠭᠴᠢ ᠶᠢ ᠪᠡᠶᠡᠯᠡᠬᠦᠯᠬᠦ ᠶᠢ | ᠱᠠᠭᠠᠷᠳᠠᠭᠰᠠᠨ ᠵᠦᠢᠯ ᠢ ᠪᠠᠭᠰᠢ ᠡᠷᠬᠡᠪᠰᠢ ᠤᠷᠢᠳ ᠢᠶᠠᠷ ᠪᠡᠶᠡᠯᠡᠬᠦᠯᠦᠭᠰᠡᠨ ᠪᠠᠶᠢᠬᠤ ᠬᠡᠷᠡᠭᠳᠡᠢ᠃ ᠵᠢᠱᠢᠶᠡᠯᠡᠪᠡᠯ᠂ | ᠰᠤᠷᠤᠭᠴᠢ ᠶᠢ ᠰᠢᠷᠭᠠᠭᠤ ᠬᠠᠳᠠᠭᠤᠵᠢᠯᠳᠠᠢ ᠰᠤᠷᠤᠯᠴᠠᠬᠤ ᠶᠢ ᠱᠠᠭᠠᠷᠳᠠᠪᠠᠯ᠂ ᠪᠠᠭᠰᠢ ᠶᠠᠭᠤᠨ ᠤ ᠡᠮᠦᠨ᠎ᠡ ᠦᠪᠡᠷ ᠢᠶᠠᠨ | ᠰᠢᠷᠭᠠᠭᠤ ᠬᠠᠳᠠᠭᠤᠵᠢᠯᠳᠠᠢ ᠰᠤᠷᠤᠯᠴᠠᠬᠤ ᠵᠤᠷᠢᠭ ᠰᠠᠨᠠᠭ᠎ᠠ ᠲᠠᠢ ᠪᠠᠶᠢᠵᠦ᠂ ᠨᠠᠷᠢᠨ ᠬᠢᠨᠠᠮᠠᠭᠠᠢ᠂ ᠦᠢᠯᠠᠰ ᠲᠤ ᠪᠠᠨ | ᠦᠨᠠᠨᠴᠢ ᠪᠠᠷ ᠬᠠᠷᠢᠭᠤᠴᠠᠬᠤ ᠤᠪᠤᠷ ᠲᠠᠢ ᠪᠠᠶᠢᠬᠤ ᠬᠡᠷᠡᠭᠳᠡᠢ᠃ ᠡᠶᠢᠮᠦ ᠠᠴᠠ ᠠᠩᠬᠢ ᠶᠢᠨ ᠡᠷᠬᠢᠯᠡᠭᠴᠢ ᠡᠷᠬᠡᠪᠰᠢ | ᠪᠠᠭᠰᠢ ᠬᠦᠮᠦᠨ ᠤ ᠤᠯᠠᠨ ᠲᠠᠯ᠎ᠠ ᠶᠢᠨ ᠰᠢᠯᠢᠳᠡᠭ ᠬᠡᠪ ᠪᠤᠯᠪᠠᠰᠣᠷᠠᠯ ᠢ ᠪᠦᠷᠢᠯᠳᠦᠬᠦᠯᠵᠦ᠂ ᠰᠣᠷᠣᠭᠴᠢᠳ ᠲᠤ | ᠰᠤᠷᠤᠯᠴᠠᠬᠤ ᠶᠢᠨ ᠳᠠᠭᠤᠷᠢᠶᠠᠯ᠂ ᠰᠠᠬᠢᠯᠭ᠎ᠠ ᠪᠠᠳᠤ ᠶᠢ ᠵᠢᠷᠦᠮᠯᠠᠨ ᠬᠠᠦᠯᠢ ᠶᠢ ᠰᠠᠬᠢᠬᠤ ᠲᠠᠭᠤᠷᠢᠶᠠᠯ᠂ ᠶᠤᠰᠤ | ᠮᠤᠷᠠᠯ ᠤᠨ ᠪᠤᠯᠪᠠᠰᠤᠨ ᠤ ᠲᠠᠭᠤᠷᠢᠶᠠᠯ᠂ ᠤᠷᠤᠭᠰᠢᠯᠠᠨ ᠲᠠᠪᠰᠢᠬᠤ ᠶᠢᠨ ᠵᠢᠱᠢᠶᠡᠴᠢ ᠪᠤᠯᠬᠤ ᠬᠡᠷᠡᠭᠳᠡᠢ ᠶᠤᠮ᠃ | ᠮᠠᠨ ᠤ ᠣᠯᠣᠰ ᠤᠨ ᠠᠯᠳᠠᠷᠳᠦ ᠰᠣᠷᠭᠠᠨ ᠬᠦᠮᠦᠵᠢᠯᠳᠡᠨ ᠰᠢᠦᠢ ᠲᠧ ᠯᠢ ᠪᠤᠯ ᠨᠢᠭᠡ ᠨᠠᠰᠦ ᠪᠠᠷ ᠢᠶᠠᠨ | ᠰᠤᠷᠭᠠᠨ ᠬᠦᠮᠦᠵᠢᠯ ᠤᠨ ᠦᠢᠯᠡᠰ ᠬᠢᠭᠰᠡᠨ ᠬᠦᠮᠦᠨ ᠶᠤᠮ᠃ ᠲᠡᠷᠡ ᠪᠠᠭᠰᠢ ᠶᠢᠨ ᠡᠬᠦᠷᠭᠡ ᠶᠢ ︽ᠬᠦᠮᠦᠨ ᠤ | ᠪᠠᠭᠰᠢ︾ ᠪᠠ ︽ᠪᠢᠴᠢᠭ ᠤᠨ ᠪᠠᠭᠰᠢ︾ ᠶᠢᠨ ᠨᠢᠭᠡᠳᠦᠯ ᠬᠡᠵᠦ ᠦᠵᠡᠭᠰᠡᠨ ᠪᠠᠶᠢᠨ᠎ᠠ᠃ ᠲᠡᠷᠡ ᠬᠡᠯᠡᠬᠦ ᠳᠤ ᠪᠠᠨ | ︽ᠪᠠᠭᠰᠢ ᠶᠢ ᠬᠤᠶᠠᠷ ᠵᠦᠢᠯ ᠳᠤ ᠬᠤᠪᠢᠶᠠᠵᠦ ᠪᠤᠯᠤᠨ᠎ᠠ᠃ ᠨᠢᠬᠡ ᠵᠦᠢᠯ ᠨᠢ ᠬᠦᠮᠦᠨ ᠤ ᠪᠠᠭᠰᠢ | ᠪᠤᠯᠤᠨ᠎ᠠ᠃ ᠬᠦᠮᠦᠨ ᠤ ᠪᠠᠭᠰᠢ ᠭᠡᠳᠡᠭ ᠨᠢ ᠦᠢᠯᠡ ᠠᠵᠢᠯᠯᠠᠭ᠎ᠠ ᠶᠢ ᠵᠢᠭᠠᠬᠤ ᠪᠠᠭᠰᠢ ᠪᠤᠯᠤᠨ᠎ᠠ᠃ ᠦᠬᠡᠷ᠎ᠡ ᠪᠠᠷ ᠬᠡᠯᠡᠪᠡᠯ | ᠶᠠᠭᠠᠬᠢᠵᠦ ᠬᠦᠮᠦᠨ ᠪᠤᠯᠬᠤ ᠠᠰᠠᠭᠤᠳᠠᠯ ᠢ ᠵᠢᠭᠠᠨ᠎ᠠ᠃ ᠪᠢᠴᠢᠭ ᠤᠨ ᠪᠠᠭᠰᠢ ᠨᠢ ᠪᠢᠴᠢᠭ ᠵᠢᠭᠠᠬᠤ ᠠᠴᠠ ᠭᠠᠳᠠᠨ᠎ᠠ | ᠪᠤᠰᠤᠳ ᠵᠦᠢᠯ ᠢ ᠬᠠᠮᠢᠶᠠᠷᠬᠤ ᠦᠬᠡᠢ ᠪᠠᠶᠢᠳᠠᠭ᠃ ᠬᠡᠷᠪᠡ ᠪᠠᠭᠰᠢ ᠬᠦᠮᠦᠨ ᠵᠦᠪᠬᠡᠨ ᠰᠤᠶᠤᠯ ᠮᠡᠳᠡᠯᠭᠡ ᠶᠢ | ᠵᠢᠭᠠᠭᠠᠳ ᠬᠦᠮᠦᠨ ᠢ ᠬᠦᠮᠦᠵᠢᠬᠦᠯᠬᠦ ᠴᠢᠭᠯᠡᠯ ᠢ ᠤᠮᠳᠣᠭᠠᠶᠢᠯᠠᠬᠤ ᠳᠤ ᠬᠦᠷᠪᠡᠯ ᠡᠨᠡ ᠬᠦ ᠰᠤᠷᠭᠠᠨ ᠬᠦᠮᠦᠵᠢᠯ ᠨᠢ | ᠲᠠᠷᠦᠢ ᠢᠯᠠᠭᠳᠠᠭᠰᠠᠨ ᠰᠤᠷᠭᠠᠨ ᠬᠦᠮᠦᠵᠢᠯ ᠪᠤᠯᠤᠨ᠎ᠠ︾ ᠬᠡᠵᠡᠢ᠃ | ᠶᠡᠷᠦᠩᠬᠡᠶᠢᠯᠡᠪᠡᠯ᠂ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠪᠤᠯ ᠲᠦᠢᠯ ᠤᠨ ᠪᠤᠳᠤᠯᠢᠶᠠᠨᠳᠠᠢ᠂ | ᠲᠦᠢᠯ ᠤᠨ ᠦᠷᠭᠡᠨ ᠬᠡᠪᠴᠢᠶᠡᠳᠡᠢ ᠪᠠᠶᠢᠳᠠᠭ᠃ ᠠᠩᠬᠢ ᠶᠢᠨ ᠡᠷᠬᠢᠯᠡᠭᠴᠢ ᠪᠠᠭᠰᠢ ᠨᠢᠭᠡ ᠬᠢᠴᠢᠶᠡᠯ ᠲᠦᠷᠦᠯ ᠢ | ᠡᠬᠦᠷᠭᠡᠯᠠᠨ ᠬᠠᠷᠢᠭᠤᠴᠠᠵᠦ ᠪᠠᠶᠢᠬᠤ ᠪᠠᠷ ᠪᠠᠷᠠᠬᠤ ᠦᠬᠡᠢ ᠠᠩᠬᠢ ᠶᠢᠨ ᠠᠵᠢᠯ ᠢᠶᠠᠨ ᠵᠤᠬᠢᠶᠠᠨ ᠪᠠᠶᠢᠭᠤᠯᠵᠦ᠂ | ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠬᠦᠯ ᠮᠡᠨᠳᠦ ᠶᠢ ᠬᠠᠮᠠᠭᠠᠯᠠᠵᠦ᠂ ᠰᠤᠷᠤᠭᠴᠢ ᠨᠢᠭᠡ ᠪᠦᠷᠢ ᠶᠢᠨ ᠪᠦᠬᠦ | ᠲᠠᠯ᠎ᠠ ᠶᠢᠨ ᠬᠦᠭᠵᠢᠯᠳᠡ ᠶᠢ ᠠᠩᠬᠠᠷᠤᠨ ᠬᠠᠯᠠᠮᠵᠢᠯᠠᠬᠤ ᠠᠵᠢᠯ ᠢ ᠬᠦᠢᠴᠡᠳᠬᠡᠵᠦ ᠪᠤᠢ᠃ ᠡᠶᠢᠮᠦ ᠠᠴᠠ ᠠᠩᠬᠢ ᠶᠢᠨ | ᠡᠷᠬᠢᠯᠡᠭᠴᠢ ᠪᠠᠭᠰᠢ ᠪᠤᠯᠤᠭᠰᠠᠳ ᠤᠷᠬᠢᠯᠤᠮ᠎ᠠ ᠬᠠᠯᠠᠭᠤᠨ ᠦᠢᠯᠡᠰᠴᠢ ᠰᠡᠳᠬᠢᠯᠭᠡ᠂ ᠲᠡᠭᠡᠳᠦ ᠬᠡᠮᠵᠢᠶᠡᠨ ᠤ | ᠬᠠᠷᠢᠭᠤᠴᠠᠯᠭᠠᠳᠦ ᠤᠪᠤᠷ᠂ ᠣᠷᠤᠭᠰᠢᠯᠠᠨ ᠲᠠᠪᠰᠢᠬᠤ ᠵᠤᠷᠢᠭ ᠰᠠᠨᠠᠭ᠎ᠠ᠂ ᠪᠡᠶᠡᠴᠢ ᠣᠷᠣᠯᠳᠣᠯᠭ᠎ᠠ ᠪᠦᠳᠦᠭᠡᠯᠴᠢ | ᠠᠵᠢᠯᠯᠠᠭ᠎ᠠ ᠲᠠᠢ ᠪᠠᠶᠢᠪᠠᠯ ᠮᠠᠨ ᠤ ᠠᠵᠢᠯ ᠣᠷᠣᠭᠰᠢᠳᠠᠢ᠂ ᠪᠢᠳᠡᠨ ᠤ ᠰᠤᠷᠤᠭᠴᠢ ᠦᠭᠡᠳᠡᠷᠬᠡᠭ ᠪᠤᠯᠵᠦ᠂ ᠶᠤᠰᠤ | ᠰᠣᠷᠳᠠᠬᠤᠨ᠂ ᠤᠶᠤᠨ ᠤᠬᠠᠭᠠᠨ᠂ ᠪᠠᠶ᠎ᠡ ᠮᠠᠬᠠᠪᠤᠳ ᠪᠦᠬᠦ ᠲᠠᠯ᠎ᠠ ᠪᠠᠷ ᠬᠦᠭᠵᠢᠭᠰᠡᠨ ᠴᠢᠳᠠᠪᠤᠷᠢᠳᠠᠨ ᠢ ᠬᠦᠮᠦᠵᠢᠬᠦᠯᠬᠦ | ᠵᠤᠷᠢᠯᠭ᠎ᠠ ᠳᠤ ᠪᠠᠨ ᠬᠦᠷᠴᠦ ᠴᠢᠳᠠᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠦ ᠬᠤᠷᠴᠢᠨ ᠬᠤᠰᠢᠭᠤᠨ ᠤ ᠵᠢᠭᠠᠰᠣᠳᠠᠢ | ᠨᠢᠭᠡᠳᠦᠭᠡᠷ ᠪᠠᠭ᠎ᠠ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | 2023.3 ᠳ᠋ᠤᠭᠠᠷ ᠬᠤᠭᠤᠴᠠᠭ᠎ᠠ | | | |