︵2023 ᠣᠨ ᠤ 11 ᠰᠠᠷ᠎ᠠ ᠶᠢᠨ 15 ᠤ ᠡᠳᠦᠷ᠂ ᠰᠠᠨ ᠹᠷᠠᠨᠰᠢᠰᠺᠦ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄ | ᠰᠠᠨ ᠹᠷᠠᠨᠰᠢᠰᠺᠤ ᠳᠤ ᠠᠮᠧᠷᠢᠺᠠ ᠶᠢᠨ ᠡᠯ᠎ᠡ ᠡᠲᠡᠭᠡᠳ ᠤᠨ ᠨᠠᠶᠢᠵᠠ ᠨᠠᠷ ᠲᠠᠢ ᠠᠭᠤᠯᠵᠠᠵᠤ᠂ ᠨᠥᠬᠦᠷᠯᠡᠯ ᠢᠶᠠᠨ | ᠵᠤᠵᠠᠭᠠᠳᠬᠠᠵᠤ᠂ ᠨᠥᠭᠦᠷᠰᠡᠭ ᠬᠠᠷᠢᠯᠴᠠᠭ᠎ᠠ ᠪᠠᠨ ᠬᠠᠮᠲᠤ ᠪᠠᠷ ᠶᠠᠷᠢᠯᠴᠠᠬᠤ ᠪᠣᠯᠤᠭᠰᠠᠨ ᠳᠠᠭᠠᠨ ᠲᠣᠩ ᠪᠠᠶᠠᠷ ᠲᠠᠢ | ᠪᠠᠶᠢᠨ᠎ᠠ᠃ 1985 ᠣᠨ ᠳᠤ ᠪᠢ ᠠᠩᠬ᠎ᠠ ᠤᠳᠠᠭ᠎ᠠ ᠠᠮᠧᠷᠢᠺᠠ ᠳᠤ ᠠᠶᠢᠯᠴᠢᠯᠠᠬᠤ ᠦᠶ᠎ᠡ ᠳᠤ ᠳᠠᠷᠤᠢ ᠰᠠᠨ | ᠹᠷᠠᠨᠰᠢᠰᠺᠤ ᠠᠴᠠ ᠠᠮᠧᠷᠢᠺᠠ ᠶᠢᠨ ᠬᠢᠯᠢ ᠳᠤ ᠣᠷᠣᠵᠤ ᠢᠷᠡᠭᠰᠡᠨ ᠪᠠᠶᠢᠨ᠎ᠠ᠂ ᠠᠮᠧᠷᠢᠺᠠ ᠶᠢᠨ ᠲᠤᠬᠠᠢ ᠮᠢᠨᠤ ᠠᠩᠬᠠᠨ ᠤ | ᠰᠠᠭᠤᠭᠳᠠᠯ ᠪᠣᠯ ᠰᠠᠨ ᠹᠷᠠᠨᠰᠢᠰᠺᠤ ᠠᠴᠠ ᠢᠷᠡᠯᠲᠡᠢ ᠶᠤᠮ᠂ ᠵᠢᠨᠮᠤᠨ ᠶᠡᠭᠡ ᠬᠥᠭᠦᠷᠭᠡ ᠳᠤ ᠦᠯᠡᠳᠡᠭᠡᠭᠰᠡᠨ | ᠰᠡᠭᠦᠳᠡᠷ ᠢᠶᠠᠨ ᠤᠳᠤ ᠪᠤᠯᠲᠠᠯ᠎ᠠ ᠬᠠᠳᠠᠭᠠᠯᠠᠭᠰᠠᠭᠠᠷ ᠪᠠᠶᠢᠨ᠎ᠠ᠃ | ᠡᠩ ᠲᠡᠷᠢᠭᠦᠨ ᠳᠤ᠂ ᠪᠢ ᠡᠨᠡ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠠᠮᠧᠷᠢᠺᠠ | ᠳᠤᠮᠳᠠᠳᠤ ᠶᠢᠨ ᠬᠠᠷᠢᠯᠴᠠᠭᠠᠨ ᠤ ᠪᠦᠭᠦ ᠤᠯᠤᠰ ᠤᠨ ᠵᠥᠪᠯᠡᠯ᠂ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ | ᠤᠯᠤᠰ ᠤᠨ ᠵᠥᠪᠯᠡᠯ᠂ ᠠᠽᠢᠶ᠎ᠠ ᠲᠢᠪ ᠤᠨ ᠨᠡᠶᠢᠭᠡᠮᠯᠢᠭ᠂ ᠠᠮᠧᠷᠢᠺᠠ ᠶᠢᠨ ᠭᠠᠳᠠᠭᠠᠳᠤ ᠬᠠᠷᠢᠯᠴᠠᠭᠠᠨ ᠤ ᠵᠥᠪᠯᠡᠯ᠂ | ᠠᠮᠧᠷᠢᠺᠠ ᠶᠢᠨ ᠬᠤᠳᠠᠯᠳᠤᠭᠠᠴᠢᠳ ᠤᠨ ᠨᠡᠶᠢᠭᠡᠮᠯᠢᠭ ᠵᠡᠷᠭᠡ ᠨᠥᠭᠦᠷᠰᠡᠭ ᠪᠦᠯᠭᠦᠮ ᠳᠤ ᠴᠢᠩ ᠰᠡᠳᠬᠢᠯ ᠤᠨ | ᠲᠠᠯᠠᠷᠬᠠᠯ ᠢᠶᠠᠨ ᠢᠯᠡᠳᠬᠡᠶ᠎ᠡ︕ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠳᠤ ᠤᠷᠲᠤ | ᠬᠤᠭᠤᠴᠠᠭ᠎ᠠ ᠪᠠᠷ ᠵᠢᠳᠬᠦᠭᠰᠡᠨ ᠠᠮᠧᠷᠢᠺᠠ ᠶᠢᠨ ᠨᠠᠶᠢᠵᠠ ᠨᠠᠷ ᠲᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠦᠶ᠎ᠡ︕ ᠨᠥᠭᠦᠷᠰᠡᠭ ᠠᠮᠧᠷᠢᠺᠠ ᠶᠢᠨ ᠠᠷᠠᠳ ᠲᠦᠮᠡᠨ ᠳᠤ ᠰᠠᠶᠢᠨ ᠰᠠᠶᠢᠬᠠᠨ ᠵᠥᠩᠨᠡᠯ ᠢᠶᠠᠨ | ᠳᠡᠪᠰᠢᠭᠦᠯᠦᠶ᠎ᠡ︕ | ᠰᠠᠨ ᠹᠷᠠᠨᠰᠢᠰᠺᠤ ᠳᠤᠮᠳᠠᠳᠤ ᠠᠮᠧᠷᠢᠺᠠ ᠬᠤᠶᠠᠷ ᠤᠯᠤᠰ ᠤᠨ ᠠᠷᠠᠳ ᠲᠦᠮᠡᠨ ᠤ ᠵᠠᠭᠤᠨ ᠵᠢᠯ ᠤᠨ | ᠶᠠᠪᠤᠯᠴᠠᠭ᠎ᠠ ᠶᠢᠨ ᠲᠡᠦᠬᠡ ᠶᠢ ᠭᠡᠷᠡᠴᠢᠯᠡᠪᠡ᠃ 158 ᠵᠢᠯ ᠤᠨ ᠡᠮᠦᠨ᠎ᠡ᠂ ᠮᠠᠰᠢ ᠣᠯᠠᠨ ᠳᠤᠮᠳᠠᠳᠤ ᠤᠯᠤᠰ ᠤᠨ | ᠠᠵᠢᠯᠴᠢᠳ ᠠᠮᠧᠷᠢᠺᠠ ᠳᠤ ᠢᠷᠡᠵᠦ᠂ ᠵᠡᠭᠦᠨ ᠪᠠᠷᠠᠭᠤᠨ ᠳᠠᠯᠠᠶ ᠶᠢᠨ ᠡᠷᠭᠢ ᠶᠢ ᠬᠤᠯᠪᠣᠭᠰᠠᠨ ᠨᠣᠮᠣᠬᠠᠨ ᠳᠠᠯᠠᠶ ᠶᠢᠨ | ᠲᠡᠮᠦᠷ ᠵᠠᠮ ᠢ ᠵᠠᠰᠠᠨ ᠪᠠᠶᠢᠭᠤᠯᠵᠤ᠂ ᠬᠦᠴᠢᠷ ᠵᠤᠪᠠᠯᠠᠩ ᠢ ᠢᠯᠠᠨ ᠳᠠᠪᠠᠵᠤ᠂ ᠰᠠᠨ ᠹᠷᠠᠨᠰᠢᠰᠺᠤ ᠳᠤ ᠪᠠᠷᠠᠭᠤᠨ ᠬᠠᠭᠠᠰ | ᠪᠥᠮᠪᠥᠷᠴᠡᠭ ᠤᠨ ᠬᠠᠮᠤᠭ ᠤᠨ ᠥᠨᠢ ᠤᠳᠠᠭᠠᠨ ᠲᠡᠦᠬᠡ ᠲᠠᠢ ᠬᠢᠲᠠᠳᠴᠤᠳ ᠤᠨ ᠵᠡᠭᠡᠯᠢ ᠶᠢ ᠪᠠᠶᠢᠭᠤᠯᠵᠠᠢ᠃ | ᠠᠳᠡ ᠠᠴᠠ ᠡᠭᠦᠰᠴᠦ᠂ ᠳᠤᠮᠳᠠᠳᠤ ᠠᠮᠧᠷᠢᠺᠠ ᠬᠤᠶᠠᠷ ᠤᠯᠤᠰ ᠬᠤᠭᠤᠷᠣᠨᠳᠤ ᠪᠠᠨ 7600 ᠳ᠋ᠦᠩᠰᠢᠭᠤᠷ | ᠳ᠋ᠣᠯᠯᠠᠷ ᠤᠨ ᠬᠤᠶᠠᠷ ᠲᠠᠯ᠎ᠠ ᠶᠢᠨ ᠠᠷᠠᠯᠵᠢᠶ᠎ᠠ ᠪᠠ ᠨᠡᠶᠢᠳᠡ 2600 ᠭᠠᠷᠤᠢ ᠳ᠋ᠦᠩᠰᠢᠭᠤᠷ ᠳ᠋ᠣᠯᠯᠠᠷ ᠤᠨ ᠬᠤᠣᠰ | ᠴᠢᠭᠯᠡᠯ ᠤᠨ ᠪᠡᠯᠡ ᠣᠷᠣᠭᠤᠯᠤᠯᠲᠠ ᠶᠢ ᠬᠥᠭᠵᠢᠭᠦᠯᠵᠦ᠂ 284 ᠬᠤᠣᠰ ᠨᠥᠭᠦᠷᠰᠡᠭ ᠮᠤᠵᠢ ᠵᠧᠦ ᠪᠠ ᠨᠥᠭᠦᠷᠰᠡᠭ | ᠬᠤᠳᠠ ᠶᠢᠨ ᠬᠠᠷᠢᠯᠴᠠᠭ᠎ᠠ᠂ ᠬᠠᠮᠤᠭ ᠤᠨ ᠤᠯᠠᠨ ᠳᠠᠭᠠᠨ ᠭᠠᠷᠠᠭ ᠪᠦᠷᠢ 300 ᠭᠠᠷᠤᠢ ᠡᠭᠡᠯᠵᠢ ᠶᠢᠨ ᠨᠢᠰᠬᠡᠯ ᠪᠠ | ᠵᠢᠯ ᠪᠦᠷᠢ 500 ᠭᠠᠷᠤᠢ ᠲᠦᠮᠡᠨ ᠬᠥᠮᠥᠨ ᠤᠳᠠᠭ᠎ᠠ ᠶᠢᠨ ᠬᠤᠭᠤᠷᠤᠨᠳᠤᠭᠢ ᠶᠠᠪᠤᠯᠴᠠᠭ᠎ᠠ ᠶᠢ ᠪᠠᠶᠢᠭᠤᠯᠪᠠ᠃ ᠡᠨᠡ | ᠪᠣᠯ ᠪᠦᠭᠦ ᠳᠡᠯᠡᠬᠡᠢ ᠶᠢᠨ ᠲᠦᠷᠪᠡᠨ ᠤ ᠨᠢᠭᠡ ᠰᠢᠬᠠᠮ ᠤᠨ ᠬᠥᠮᠥᠨ ᠠᠮᠠ ᠶᠢᠨ ᠬᠠᠮᠲᠤ ᠪᠠᠷ ᠵᠢᠷᠤᠭᠯᠠᠭᠰᠠᠨ ᠠᠤᠭ᠎ᠠ | ᠵᠢᠷᠤᠭ ᠪᠣᠯᠣᠨ᠎ᠠ᠃ | ᠰᠠᠨ ᠹᠷᠠᠨᠰᠢᠰᠺᠦ ᠳᠤᠮᠳᠠᠳᠤ ᠠᠮᠧᠷᠢᠺᠠ ᠶᠢᠨ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ | ᠪᠠᠶᠢᠭᠤᠯᠬᠤ ᠴᠢᠷᠮᠠᠶᠢᠯᠭ᠎ᠠ ᠶᠢ ᠭᠡᠷᠡᠴᠢᠯᠡᠪᠡ᠃ 78 ᠵᠢᠯ ᠤᠨ ᠡᠮᠦᠨ᠎ᠡ᠂ ᠹᠠᠱᠢᠰ ᠦᠵᠡᠯ ᠪᠣᠯᠣᠨ ᠴᠡᠷᠢᠭᠯᠡᠬᠦ ᠦᠵᠡᠯ ᠢ | ᠭᠠᠷ ᠬᠤᠯᠪᠣᠨ ᠢᠯᠠᠭᠰᠠᠨ ᠤ ᠲᠠᠷᠠᠭ᠎ᠠ᠂ ᠳᠤᠮᠳᠠᠳᠤ ᠠᠮᠧᠷᠢᠺᠠ ᠬᠠᠮᠲᠤ ᠪᠠᠷ ᠤᠷᠤᠯᠴᠠᠵᠤ ᠪᠠᠶᠢᠭᠠᠳ ᠰᠠᠨ | ᠹᠷᠠᠨᠰᠢᠰᠺᠤ ᠶᠢᠨ ᠦᠨᠳᠦᠰᠦᠨ ᠬᠠᠤᠯᠢ ᠲᠣᠭᠲᠠᠭᠠᠬᠤ ᠬᠤᠷᠠᠯ ᠢ ᠡᠭᠦᠰᠬᠡᠨ ᠪᠠᠶᠢᠭᠤᠯᠵᠤ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢ ᠠᠬᠢᠭᠤᠯᠤᠨ ᠪᠠᠶᠢᠭᠤᠯᠵᠤ᠂ ᠳᠤᠮᠳᠠᠳᠤ ᠤᠯᠤᠰ ᠬᠠᠮᠤᠭ ᠤᠨ ᠲᠡᠷᠢᠭᠦᠨ ᠳᠤ ︽ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠳᠡᠭᠡᠷ᠎ᠡ ᠭᠠᠷ ᠤᠨ ᠦᠰᠦᠭ | ᠵᠢᠷᠤᠪᠠ᠃ ᠠᠳᠡ ᠠᠴᠠ ᠡᠬᠢᠯᠡᠵᠦ᠂ ᠳᠡᠯᠡᠬᠡᠢ ᠶᠢᠨ ᠬᠤᠶᠠᠳᠤᠭᠠᠷ ᠲᠠᠶᠢᠨ ᠤ ᠳᠠᠷᠠᠭᠠᠬᠢ ᠤᠯᠠᠨ ᠤᠯᠤᠰ ᠤᠨ ᠡᠮᠬᠢ | ᠳᠢᠭᠯᠢᠮ ᠪᠤᠢ ᠪᠣᠯᠵᠤ᠂ 100 ᠭᠠᠷᠤᠢ ᠤᠯᠤᠰ ᠤᠷᠢᠳ ᠬᠤᠵᠢᠳ ᠦᠨᠳᠦᠰᠦᠲᠡᠨ ᠤ ᠲᠤᠰᠠᠭᠠᠷ ᠲᠣᠭᠲᠠᠨᠢᠯ ᠢᠶᠠᠨ | ᠣᠯᠵᠤ᠂ ᠬᠡᠳᠦᠨ ᠠᠷᠪᠠᠨ ᠳ᠋ᠦᠩᠰᠢᠭᠤᠷ ᠬᠥᠮᠥᠨ ᠠᠮᠠ ᠡᠴᠦᠰ ᠲᠡᠭᠡᠨ ᠶᠠᠳᠠᠭᠤ ᠠᠴᠠ ᠠᠩᠭᠢᠵᠢᠷᠠᠵᠤ᠂ ᠳᠡᠯᠡᠬᠡᠢ ᠶᠢᠨ | ᠡᠩᠬᠡ ᠲᠠᠶᠢᠪᠤᠩ ᠬᠥᠭᠵᠢᠯᠲᠡ ᠲᠠᠪᠰᠢᠯᠳᠠ ᠶᠢᠨ ᠬᠦᠴᠦᠨ ᠴᠢᠳᠠᠯ ᠲᠠᠰᠤᠷᠠᠯᠳᠠ ᠦᠭᠡᠢ ᠪᠤᠵᠠᠭᠠᠶᠢᠷᠠᠪᠠ᠃ ᠡᠨᠡ ᠪᠣᠯ | ᠡᠯ᠎ᠡ ᠤᠯᠤᠰ ᠤᠨ ᠠᠷᠠᠳ ᠲᠦᠮᠡᠨ ᠪᠣᠯᠣᠨ ᠳᠡᠯᠡᠬᠡᠢ ᠨᠡᠶᠢᠭᠡᠮ ᠢᠶᠠᠷ ᠢᠶᠠᠨ ᠭᠠᠷ ᠬᠤᠯᠪᠣᠨ ᠣᠯᠣᠭᠰᠠᠨ ᠦᠷ᠎ᠡ | ᠪᠦᠲᠦᠭᠡᠯ ᠮᠥᠨ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠰᠠᠭᠤᠷᠢ ᠶᠢ ᠠᠷᠠᠳ ᠲᠦᠮᠡᠨ ᠴᠣᠭᠴᠠᠯᠠᠨ ᠪᠣᠰᠬᠠᠭᠰᠠᠨ | ᠶᠤᠮ᠃ ᠳᠡᠯᠡᠬᠡᠢ ᠶᠢᠨ ᠬᠤᠶᠠᠳᠤᠭᠠᠷ ᠲᠠᠶᠢᠨ ᠤ ᠦᠶ᠎ᠡ ᠳᠤ᠂ ᠮᠠᠨ ᠤ ᠬᠤᠶᠠᠷ ᠤᠯᠤᠰ ᠬᠠᠮᠲᠤ ᠪᠠᠷ ᠡᠩᠬᠡ ᠲᠠᠶᠢᠪᠤᠩ | ᠪᠠ ᠰᠢᠳᠤᠷᠭᠤ ᠶᠣᠰᠣᠨ ᠤ ᠲᠥᠯᠥᠭᠡ ᠪᠠᠶᠢᠯᠳᠤᠪᠠ᠃ ᠴᠧᠨᠨᠠᠯᠲ ᠵᠠᠩᠵᠤᠨ ᠠᠮᠧᠷᠢᠺᠠ ᠶᠢᠨ ᠰᠠᠶᠢᠨ ᠲᠤᠷᠠᠴᠤᠳ ᠢ | ᠳᠠᠭᠠᠭᠤᠯᠤᠨ ᠳᠤᠮᠳᠠᠳᠤ ᠤᠯᠤᠰ ᠤᠨ ᠲᠡᠶᠢᠠ ᠤ ᠲᠠᠯᠠᠪᠤᠷ ᠲᠤ ᠬᠦᠷᠴᠦ ᠠᠯᠳᠠᠷᠲᠤ ᠨᠢᠰᠬᠦ ᠪᠠᠷᠰ ᠤᠨ ᠠᠩᠭᠢ ᠶᠢ | ᠵᠣᠬᠢᠶᠠᠨ ᠪᠠᠶᠢᠭᠤᠯᠪᠠ᠃ ᠲᠡᠳᠡ ᠶᠠᠫᠤᠨ ᠤ ᠲᠦᠷᠢᠮᠡᠬᠡᠶᠢᠯᠡᠭᠴᠢᠳ ᠲᠠᠢ ᠰᠢᠭᠤᠳ ᠪᠠᠶᠢᠯᠳᠤᠭᠰᠠᠨ ᠢᠶᠠᠷ ᠪᠠᠷᠠᠬᠤ ᠦᠭᠡᠢ | ᠪᠠᠰᠠ ᠳᠤᠮᠳᠠᠳᠤ ᠤᠯᠤᠰ ᠲᠤ ᠪᠠᠴᠢᠮ ᠬᠡᠷᠡᠭᠰᠡᠬᠦ ᠡᠳ᠋ ᠪᠣᠳᠠᠰ ᠬᠦᠷᠭᠡᠬᠦ ᠲᠡᠮᠡᠭᠡᠨ ᠪᠦᠭᠦ ᠠᠶᠠᠯᠠᠯ ᠤᠨ ᠱᠤᠭᠤᠮ ᠢ | ᠪᠠᠶᠢᠭᠤᠯᠵᠤ᠂ 1000 ᠭᠠᠷᠤᠢ ᠳᠤᠮᠳᠠᠳᠤ ᠠᠮᠧᠷᠢᠺᠠ ᠶᠢᠨ ᠨᠢᠰᠬᠡᠯ ᠤᠨ ᠳᠤᠭᠤᠶᠢᠯᠠᠩ ᠤᠨ ᠬᠥᠮᠥᠰ ᠡᠨᠡ ᠬᠦ | ᠠᠶᠠᠯᠠᠯ ᠤᠨ ᠱᠤᠭᠤᠮ ᠳᠡᠭᠡᠷ᠎ᠡ ᠪᠡᠶ᠎ᠡ ᠦᠷᠡᠭᠳᠡᠪᠡ᠃ ᠶᠠᠫᠤᠨ ᠰᠤᠪᠤᠳ ᠭᠠᠷᠠᠮ ᠢ ᠭᠡᠨᠡᠳᠡᠭᠦᠯᠦᠨ ᠳᠠᠭᠠᠷᠢᠬᠰᠠᠨ ᠤ | ᠳᠠᠷᠠᠭ᠎ᠠ᠂ 1942 ᠣᠨ ᠳᠤ ᠠᠮᠧᠷᠢᠺᠠ ᠶᠢᠨ ᠠᠭᠠᠷ ᠤᠨ ᠴᠡᠷᠢᠭ ᠤᠨ 16 ᠰᠠᠤᠷᠢ | B — 25 ᠳᠡᠯᠪᠡᠴᠢᠬᠦ ᠨᠢᠰᠬᠡᠯ ᠶᠠᠫᠤᠨ ᠳᠤ ᠳᠠᠭᠠᠷᠢᠨ ᠣᠷᠣᠵᠤ᠂ ᠲᠣᠰᠣᠨ ᠮᠠᠲ᠋ᠧᠷᠢᠶᠠᠯ ᠨᠢ ᠬᠦᠷᠦᠯᠴᠡᠬᠦ | ᠦᠭᠡᠢ ᠠᠴᠠ ᠪᠣᠯᠵᠤ᠂ ᠳ᠋ᠦᠯᠢᠲ᠋ᠧ ᠳᠡᠳ᠋ ᠬᠤᠷᠠᠩᠳᠠ ᠵᠡᠷᠭᠡ ᠨᠢᠰᠬᠡᠭᠴᠢ ᠳᠤᠮᠳᠠᠳᠤ ᠤᠯᠤᠰ ᠲᠤ ᠨᠢᠰᠬᠡᠯ ᠢᠶᠠᠨ | ᠬᠠᠶᠠᠵᠤ ᠰᠢᠬᠦᠷ ᠢᠶᠠᠷ ᠪᠠᠭᠤᠪᠠ᠂ ᠳᠤᠮᠳᠠᠳᠤ ᠤᠯᠤᠰ ᠤᠨ ᠴᠡᠷᠢᠭ ᠠᠷᠠᠳ ᠡᠷᠡᠯᠬᠡᠭ ᠢᠶᠠᠷ ᠠᠪᠤᠷᠠᠨ ᠲᠤᠰᠠᠯᠠᠭᠰᠠᠨ ᠳᠤ | ᠶᠠᠫᠤᠨ ᠴᠡᠷᠢᠭ ᠡᠭᠦᠨ ᠠᠴᠠ ᠪᠣᠯᠵᠤ ᠳᠤᠮᠳᠠᠳᠤ ᠤᠯᠤᠰ ᠤᠨ 25 ᠲᠦᠮᠡᠨ ᠡᠭᠡᠯ ᠠᠷᠠᠳ ᠢ ᠬᠢᠳᠤᠨ | ᠠᠯᠠᠪᠠ᠃ ᠳᠤᠮᠳᠠᠳᠤ ᠤᠯᠤᠰ ᠤᠨ ᠠᠷᠠᠳ ᠲᠦᠮᠡᠨ ᠨᠢᠰᠬᠦ ᠪᠠᠷᠰ ᠤᠨ ᠠᠩᠭᠢ ᠶᠢ ᠮᠠᠷᠲᠠᠭ᠎ᠠ ᠦᠭᠡᠢ᠃ ᠪᠢᠳᠡ | ᠴᠦᠩᠴᠢᠩ ᠳᠤ ᠲᠤᠰᠬᠠᠶᠢᠯᠠᠨ ᠳᠤᠷᠠᠰᠬᠠᠯ ᠤᠨ ᠣᠷᠳᠣᠨ ᠪᠠᠶᠢᠭᠤᠯᠵᠤ᠂ 1000 ᠭᠠᠷᠤᠢ ᠨᠢᠰᠬᠦ ᠪᠠᠷᠰ ᠤᠨ | ᠠᠩᠭᠢ ᠶᠢᠨ ᠠᠬᠠᠮᠠᠳ ᠴᠡᠷᠢᠭ ᠵᠢᠴᠢ ᠲᠡᠳᠡᠨ ᠤ ᠭᠡᠷ ᠪᠦᠯᠢ ᠶᠢᠨ ᠬᠢᠨ ᠢ ᠳᠤᠮᠳᠠᠳᠤ ᠤᠯᠤᠰ ᠲᠤ ᠤᠷᠢᠵᠤ | ᠠᠪᠴᠢᠷᠠᠵᠠᠢ᠂ ᠪᠢ ᠲᠡᠳᠡᠨ ᠤ ᠳᠣᠲᠣᠷᠠᠬᠢ ᠵᠠᠷᠢᠮ ᠬᠥᠮᠥᠰ ᠲᠠᠢ ᠪᠠᠰᠠ ᠵᠠᠬᠢᠳᠠᠯ ᠢᠶᠠᠷ ᠬᠠᠷᠢᠯᠴᠠᠭᠰᠠᠭᠠᠷ | ᠢᠷᠡᠵᠠᠢ᠃ ᠣᠶᠢᠷ᠎ᠠ ᠳᠤ᠂ ᠨᠢᠰᠬᠦ ᠪᠠᠷᠰ ᠤᠨ ᠠᠩᠭᠢ ᠶᠢᠨ ᠠᠬᠠᠮᠠᠳ ᠴᠡᠷᠢᠭ᠂ 103 ᠥᠨᠳᠥᠷ ᠨᠠᠰᠤᠲᠠᠢ ᠮᠦᠤᠤᠶᠧ | ᠪᠣᠯᠣᠨ 98 ᠥᠨᠳᠥᠷ ᠨᠠᠰᠤᠲᠠᠢ ᠮᠠᠶᠢᠺᠧᠮᠠᠷᠧᠨ ᠳᠤᠮᠳᠠᠳᠤ ᠤᠯᠤᠰ ᠲᠤ ᠢᠷᠡᠵᠦ᠂ ᠤᠷᠳᠤ ᠴᠠᠭᠠᠨ ᠬᠡᠷᠡᠮ ᠳᠤ | ᠭᠠᠷᠴᠤ᠂ ᠳᠤᠮᠳᠠᠳᠤ ᠤᠯᠤᠰ ᠤᠨ ᠠᠷᠠᠳ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ᠃ ᠠᠮᠧᠷᠢᠺᠠ ᠶᠢᠨ ᠠᠷᠠᠳ | ᠲᠦᠮᠡᠨ ᠴᠤ ᠠᠮᠧᠷᠢᠺᠠ ᠶᠢᠨ ᠴᠡᠷᠢᠭ ᠢ ᠠᠮᠢ ᠴᠦᠯᠡᠨ ᠠᠪᠤᠷᠠᠭᠰᠠᠨ ᠳᠤᠮᠳᠠᠳᠤ ᠤᠯᠤᠰ ᠤᠨ ᠠᠷᠠᠳ ᠲᠦᠮᠡᠨ ᠢ | ᠮᠠᠷᠲᠠᠭ᠎ᠠ ᠦᠭᠡᠢ᠃ ᠵᠧᠵᠢᠶᠠᠩ ᠤᠨ ᠴᠢᠦᠢ ᠵᠧᠦ ᠳᠤ ᠨᠢᠭᠡᠨ ᠳ᠋ᠦᠯᠢᠲ᠋ᠧ ᠠᠵᠢᠯᠯᠠᠭᠠᠨ ᠤ ᠳᠤᠷᠠᠰᠬᠠᠯ ᠤᠨ ᠣᠷᠳᠣᠨ | ᠪᠠᠶᠢᠳᠠᠭ᠂ ᠲᠤᠬᠠᠢ ᠶᠢᠨ ᠵᠢᠯ ᠳᠤ ᠠᠪᠤᠷᠠᠭᠳᠠᠭᠰᠠᠨ ᠠᠮᠧᠷᠢᠺᠠ ᠶᠢᠨ ᠴᠡᠷᠢᠭ ᠤᠨ ᠬᠤᠶᠢᠴᠢᠰ ᠦᠷᠭᠦᠯᠵᠢ ᠠᠳᠡ | ᠢᠷᠡᠵᠦ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠳᠤ | ᠬᠦᠨᠳᠦᠳᠬᠡᠯ ᠢᠶᠠᠨ ᠢᠯᠡᠳᠬᠡᠳᠡᠭ᠃ ᠴᠢᠰᠤ ᠪᠠ ᠭᠠᠯ ᠹᠷᠤᠨᠲ ᠲᠤ ᠳᠠᠪᠲᠠᠭᠳᠠᠭᠰᠠᠨ ᠳᠤᠮᠳᠠᠳᠤ ᠠᠮᠧᠷᠢᠺᠠ ᠬᠤᠶᠠᠷ | ᠤᠯᠤᠰ ᠤᠨ ᠠᠷᠠᠳ ᠲᠦᠮᠡᠨ ᠤ ᠨᠥᠬᠦᠷᠯᠡᠯ ᠯᠠᠪᠲᠠᠢ ᠦᠶ᠎ᠡ ᠶᠢᠨ ᠦᠶ᠎ᠡ ᠳᠡᠭᠡᠨ ᠤᠯᠠᠮᠵᠢᠯᠠᠭᠳᠠᠨ᠎ᠠ ᠭᠡᠳᠡᠭ ᠢ ᠪᠢ | ᠢᠲᠡᠭᠡᠵᠦ ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠭᠡ ᠡᠭᠦᠳᠡ ᠶᠢ ᠠᠷᠠᠳ ᠲᠦᠮᠡᠨ ᠨᠡᠭᠡᠭᠡᠭᠰᠡᠨ ᠶᠤᠮ᠃ ᠬᠤᠶᠠᠷ | ᠤᠯᠤᠰ ᠤᠤᠯ ᠳᠠᠭᠠᠨ 22 ᠵᠢᠯ ᠬᠥᠨᠳᠡᠶᠢᠷᠡᠨ ᠡᠰᠡᠷᠭᠦᠴᠡᠯᠳᠦᠭᠰᠡᠨ ᠶᠤᠮ᠃ ᠴᠠᠭ ᠦᠶ᠎ᠡ ᠶᠢᠨ ᠤᠷᠤᠰᠬᠠᠯ ᠨᠢ | ᠪᠢᠳᠡᠨ ᠢ ᠬᠠᠷᠢᠯᠴᠠᠨ ᠶᠠᠪᠤᠯᠴᠠᠭᠤᠯᠤᠭᠰᠠᠨ ᠶᠤᠮ᠂ ᠬᠠᠮᠲᠤ ᠶᠢᠨ ᠠᠰᠢᠭ ᠲᠤᠰᠠ ᠨᠢ ᠳᠤᠮᠳᠠᠳᠤ ᠠᠮᠧᠷᠢᠺᠠ ᠶᠢ | ᠵᠥᠷᠢᠯᠳᠦᠭᠡᠨ ᠠᠴᠠ ᠳᠠᠪᠠᠭᠤᠯᠤᠭᠰᠠᠨ ᠶᠤᠮ᠂ ᠠᠷᠠᠳ ᠲᠦᠮᠡᠨ ᠤ ᠬᠦᠰᠡᠯ ᠡᠷᠡᠮᠡᠯᠵᠡᠯ ᠨᠢ ᠬᠤᠶᠠᠷ ᠤᠯᠤᠰ ᠤᠨ | ᠬᠦᠴᠢᠷ ᠪᠡᠷᠬᠡᠰᠢᠶᠡᠯ ᠢ ᠢᠯᠠᠨ ᠳᠠᠪᠠᠭᠤᠯᠤᠭᠰᠠᠨ ᠶᠤᠮ᠃ 1971 ᠣᠨ ᠳᠤ᠂ ᠠᠮᠧᠷᠢᠺᠠ ᠶᠢᠨ ᠫᠢᠩᠫᠠᠩ | ᠪᠥᠮᠪᠦᠭᠡ ᠶᠢᠨ ᠲᠥᠯᠥᠭᠡᠯᠡᠭᠴᠢᠳ ᠤᠨ ᠪᠦᠯᠭᠦᠮ ᠪᠡᠭᠡᠵᠢᠩ ᠳᠤ ᠢᠷᠡᠵᠦ᠂ ᠵᠢᠵᠢᠭ ᠪᠥᠮᠪᠦᠭᠡ ᠨᠢ ᠲᠣᠮᠣ ᠪᠥᠮᠪᠦᠭᠡ ᠶᠢ | ᠡᠷᠭᠢᠯᠳᠦᠭᠦᠯᠦᠭᠰᠡᠨ ᠪᠠᠶᠢᠨ᠎ᠠ᠃ ᠡᠭᠦᠨ ᠤ ᠳᠠᠷᠠᠭᠠᠬᠠᠨ᠂ ᠮᠠᠨᠰᠹᠢᠯᠳ᠋ ᠠᠪᠤᠭᠠᠢ ᠶᠢᠨ ᠳᠠᠭᠠᠭᠤᠯᠤᠭᠰᠠᠨ ᠠᠮᠧᠷᠢᠺᠠ ᠶᠢᠨ | ᠤᠯᠤᠰ ᠤᠨ ᠬᠤᠷᠠᠯ ᠤᠨ ᠭᠡᠰᠢᠭᠦᠨ ᠤ ᠠᠩᠬᠠᠳᠤᠭᠠᠷ ᠲᠥᠯᠥᠭᠡᠯᠡᠭᠴᠢᠳ ᠤᠨ ᠪᠦᠯᠭᠦᠮ ᠬᠦᠷᠴᠦ ᠢᠷᠡᠪᠡ᠂ ᠠᠶᠢᠶᠤᠸᠠ | ᠵᠧᠦ ᠶᠢᠨ ᠳᠠᠷᠤᠭ᠎ᠠ ᠷᠤᠪᠧᠷᠲ · ᠯᠧᠢ ᠶᠢ ᠪᠠᠭᠲᠠᠭᠠᠭᠰᠠᠨ ᠠᠮᠧᠷᠢᠺᠠ ᠶᠢᠨ ᠵᠧᠦ ᠶᠢᠨ ᠳᠠᠷᠤᠭ᠎ᠠ ᠶᠢᠨ ᠠᠩᠬᠠᠳᠤᠭᠠᠷ | ᠲᠥᠯᠥᠭᠡᠯᠡᠭᠴᠢᠳ ᠤᠨ ᠪᠦᠯᠭᠦᠮ ᠬᠦᠷᠴᠦ ᠢᠷᠡᠪᠡ᠂ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠮᠠᠰᠢ ᠤᠯᠠᠨ | ᠬᠥᠮᠥᠰ ᠴᠦ ᠬᠦᠷᠴᠦ ᠢᠷᠡᠭᠡᠳ ᠳᠤᠮᠳᠠᠳᠤ ᠠᠮᠧᠷᠢᠺᠠ ᠶᠢᠨ ᠨᠥᠭᠦᠷᠰᠡᠭ ᠶᠠᠪᠤᠯᠴᠠᠭᠠᠨ ᠤ ᠥᠷᠨᠢᠯᠲᠡ ᠶᠢ ᠪᠤᠢ | ᠪᠣᠯᠭᠠᠪᠠ᠃ ᠳᠡᠯᠡᠬᠡᠢ ᠳ᠋ᠠᠬᠢᠨ ᠢᠶᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠶᠡᠭᠡ ᠪᠠᠷ ᠳᠡᠯᠭᠡᠷᠡᠭᠰᠡᠨ ᠶᠠᠪᠤᠴᠠ ᠶᠢ ᠥᠩᠭᠡᠷᠡᠭᠡᠭᠰᠡᠨ ᠤ ᠲᠠᠷᠠᠭ᠎ᠠ᠂ ᠪᠢ ᠪᠡᠭᠡᠵᠢᠩ ᠳᠤ ᠵᠢᠰᠢᠩᠭᠧ ᠳ᠋ᠣᠺᠲ᠋ᠣᠷ᠂ ᠪᠢᠯ · | ᠭᠠᠶᠢᠼ ᠠᠪᠤᠭᠠᠢ ᠲᠠᠢ ᠠᠭᠤᠯᠵᠠᠭᠰᠠᠨ ᠪᠥᠭᠡᠳ ᠱᠦᠮᠦ᠋ᠸᠧ ᠠᠪᠤᠭᠠᠢ ᠪᠣᠯᠣᠨ ᠪᠤᠰᠤᠳ ᠬᠡᠳᠦᠨ ᠳᠡᠭᠡᠳᠦ | ᠵᠥᠪᠯᠡᠯ ᠤᠨ ᠭᠡᠰᠢᠭᠦᠨ᠂ ᠨᠢᠦ᠋ᠰᠧᠨ ᠵᠧᠦ ᠶᠢᠨ ᠳᠠᠷᠤᠭ᠎ᠠ ᠲᠠᠢ ᠴᠤ ᠠᠭᠤᠯᠵᠠᠵᠠᠢ᠃ ᠪᠢ ᠲᠡᠳᠡᠨ ᠳᠤ᠂ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠶᠢᠨ ᠬᠦᠰᠡᠯ ᠡᠷᠡᠮᠡᠯᠵᠡᠯ ᠨᠢ ᠠᠷᠠᠳ ᠲᠦᠮᠡᠨ ᠳᠤ ᠪᠤᠢ᠂ ᠰᠠᠭᠤᠷᠢ ᠨᠢ ᠠᠷᠠᠳ ᠤᠨ | ᠳᠤᠮᠳᠠ ᠪᠤᠢ᠂ ᠢᠷᠡᠭᠡᠳᠦᠢ ᠨᠢ ᠵᠠᠯᠠᠭᠤᠴᠤᠳ ᠲᠤ ᠪᠤᠢ᠂ ᠠᠮᠢᠵᠢᠷᠠᠯ ᠤᠨ ᠬᠦᠴᠦᠨ ᠨᠢ ᠣᠷᠣᠨ ᠨᠤᠲᠤᠭ ᠲᠤ ᠪᠤᠢ | ᠭᠡᠵᠦ ᠬᠡᠯᠡᠪᠡ᠃ ᠪᠢ ᠠᠮᠧᠷᠢᠺᠠ ᠶᠢᠨ ᠨᠡᠩ ᠤᠯᠠᠨ ᠵᠧᠦ ᠶᠢᠨ ᠳᠠᠷᠤᠭ᠎ᠠ᠂ ᠵᠥᠪᠯᠡᠯᠭᠡᠨ ᠤ ᠭᠡᠰᠢᠭᠦᠳ ᠤᠨ ᠳᠤᠮᠳᠠᠳᠤ | ᠤᠯᠤᠰ ᠲᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠠᠮᠧᠷᠢᠺᠠ ᠶᠢᠨ ᠡᠯ᠎ᠡ ᠡᠲᠡᠭᠡᠳ ᠤᠨ ᠬᠥᠮᠥᠰ ᠤᠨ | ᠳᠤᠮᠳᠠᠳᠤ ᠤᠯᠤᠰ ᠲᠤ ᠣᠴᠢᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠦᠯᠢᠭᠡᠷ ᠢ ᠠᠷᠠᠳ ᠲᠦᠮᠡᠨ ᠪᠢᠴᠢᠭᠯᠡᠭᠰᠡᠨ ᠶᠤᠮ᠃ ᠪᠢ | ᠠᠮᠧᠷᠢᠺᠠ ᠳᠤ ᠠᠩᠬ᠎ᠠ ᠤᠳᠠᠭ᠎ᠠ ᠠᠶᠢᠯᠴᠢᠯᠠᠬᠤ ᠦᠶ᠎ᠡ ᠳᠤ᠂ ᠠᠶᠢᠶᠤᠸᠠ ᠵᠧᠦ ᠶᠢᠨ ᠳ᠋ᠸᠧᠴᠧᠺ ᠤᠨ ᠬᠢᠨ ᠳᠤ ᠰᠠᠭᠤᠵᠤ | ᠪᠠᠶᠢᠪᠠ᠂ ᠡᠭᠦᠳᠡᠨ ᠨᠣᠮᠧᠷ ᠨᠢ ᠪᠠᠩᠨᠢ ᠵᠡᠭᠡᠯᠢ ᠶᠢᠨ 2911 ᠪᠤᠯᠬᠤ ᠶᠢ ᠪᠢ ᠴᠡᠭᠡᠵᠢᠯᠡᠵᠦ ᠪᠠᠶᠢᠨ᠎ᠠ᠃ ᠡᠨᠡ ᠪᠣᠯ ᠪᠢ | ᠠᠮᠧᠷᠢᠺᠠ ᠶᠢᠨ ᠠᠷᠠᠳ ᠲᠠᠢ ᠠᠩᠬ᠎ᠠ ᠤᠳᠠᠭ᠎ᠠ ᠨᠢᠭᠤᠷᠳᠠᠨ ᠠᠭᠤᠯᠵᠠᠭᠰᠠᠨ ᠶᠠᠪᠤᠳᠠᠯ ᠪᠤᠯᠬᠤ ᠶᠤᠮ᠂ ᠪᠠᠰᠠ ᠴᠤ ᠪᠢ | ᠠᠮᠧᠷᠢᠺᠠ ᠶᠢᠨ ᠠᠷᠠᠳ ᠲᠠᠢ ᠬᠠᠮᠲᠤ ᠠᠮᠢᠳᠤᠷᠠᠭᠰᠠᠨ ᠮᠠᠷᠲᠠᠭᠳᠠᠰᠢ ᠦᠭᠡᠢ ᠥᠩᠭᠡᠷᠡᠯᠲᠡ ᠮᠥᠨ᠃ ᠨᠠᠳᠠ ᠳᠤ ᠠᠪᠴᠤ | ᠬᠡᠯᠡᠪᠡᠯ᠂ ᠲᠡᠳᠡ ᠪᠣᠯ ᠳᠠᠷᠤᠢ ᠠᠮᠧᠷᠢᠺᠠ ᠮᠥᠨ᠃ ᠬᠤᠶᠠᠷ ᠤᠯᠤᠰ ᠬᠡᠳᠦ᠋ᠢᠪᠡᠷ ᠲᠡᠦᠬᠡ ᠰᠣᠶᠣᠯ᠂ ᠨᠡᠶᠢᠭᠡᠮ ᠤᠨ | ᠪᠠᠶᠢᠭᠤᠯᠤᠯ᠂ ᠬᠥᠭᠵᠢᠯᠲᠡ ᠶᠢᠨ ᠵᠠᠮ ᠠᠳᠠᠯᠢ ᠦᠭᠡᠢ ᠪᠤᠯᠪᠠᠴᠤ ᠠᠷᠠᠳ ᠲᠦᠮᠡᠨ ᠴᠥᠮ ᠡᠯᠢᠭᠡᠰᠡᠭ ᠨᠥᠭᠦᠷᠰᠡᠭ᠂ | ᠠᠵᠢᠯᠴᠢ ᠭᠦᠳᠡᠯᠮᠦᠷᠢᠴᠢ᠂ ᠴᠥᠮ ᠡᠬᠡ ᠤᠯᠤᠰ ᠲᠠᠭᠠᠨ ᠬᠠᠶᠢᠷᠠᠲᠠᠢ᠂ ᠭᠡᠷ ᠪᠦᠯᠢ ᠳᠡᠭᠡᠨ ᠬᠠᠶᠢᠷᠠᠲᠠᠢ᠂ | ᠠᠮᠢᠳᠤᠷᠠᠯ ᠳᠠᠭᠠᠨ ᠬᠠᠶᠢᠷᠠᠲᠠᠢ᠂ ᠴᠥᠮ ᠬᠠᠷᠢᠯᠴᠠᠨ ᠪᠠᠭ᠋ᠠᠷᠬᠠᠳᠠᠭ ᠪᠥᠭᠡᠳ ᠬᠠᠷᠢᠯᠴᠠᠨ ᠰᠣᠨᠢᠷᠬᠠᠯᠲᠠᠢ ᠪᠠᠶᠢᠳᠠᠭ ᠢ ᠪᠢ | ᠣᠯᠵᠤ ᠮᠡᠳᠡᠵᠡᠢ᠃ ᠶᠠᠭ ᠡᠶᠢᠨ ᠬᠦ ᠡᠯᠢᠭᠡᠰᠡᠭ ᠨᠥᠭᠦᠷᠰᠡᠭ ᠨᠢ ᠨᠡᠶᠢᠯᠡᠭᠡᠳ ᠤᠷᠤᠰᠬᠠᠯ ᠪᠣᠯᠵᠤ ᠥᠷᠭᠡᠨ ᠠᠭᠤᠳᠠᠮ | ᠨᠣᠮᠣᠬᠠᠨ ᠳᠠᠯᠠᠢ ᠶᠢ ᠪᠠᠷᠲᠠᠭ᠎ᠠ ᠪᠢᠰᠢ ᠪᠤᠯᠭᠠᠪᠠ︔ ᠠᠷᠠᠳ ᠲᠦᠮᠡᠨ ᠥᠭᠡᠳᠡ ᠥᠭᠡᠳᠡ ᠠᠴᠠ ᠪᠠᠨ | ᠲᠡᠮᠡᠦᠯᠦᠭᠰᠡᠨ ᠠᠴᠠ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠤᠳᠠᠭ᠎ᠠ ᠪᠦᠷᠢ ᠭᠤᠤ ᠭᠠᠩᠭ᠎ᠠ ᠠᠴᠠ ᠵᠥᠪ | ᠵᠠᠮ ᠳᠤ ᠣᠷᠣᠭᠤᠯᠤᠭᠰᠠᠨ ᠶᠤᠮ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠭᠦᠳᠡ ᠨᠡᠭᠡᠭᠡᠭᠳᠡᠪᠡᠯ ᠳᠠᠭᠢᠭᠠᠳ | ᠬᠠᠭᠠᠭᠳᠠᠬᠤ ᠦᠭᠡᠢ ᠭᠡᠳᠡᠭ ᠢ ᠪᠢ ᠢᠲᠡᠭᠡᠵᠦ ᠪᠠᠶᠢᠨ᠎ᠠ᠃ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ | ᠦᠢᠯᠡᠰ ᠡᠬᠢᠯᠡᠪᠡᠯ ᠳᠤᠲᠠᠭᠤ ᠲᠤᠷᠭᠤᠨ ᠵᠣᠬᠰᠣᠬᠤ ᠦᠭᠡᠢ ᠶᠤᠮ᠃ ᠠᠷᠠᠳ ᠲᠦᠮᠡᠨ ᠤ ᠨᠥᠬᠦᠷᠯᠡᠯ ᠤᠨ ᠮᠣᠳᠣ | ᠨᠢᠭᠡᠨᠲᠡ ᠤᠷᠭᠤᠵᠤ ᠲᠣᠮᠣᠷᠠᠪᠠ᠂ ᠯᠠᠪᠲᠠᠢ ᠰᠠᠯᠬᠢ ᠪᠣᠷᠣᠭᠠᠨ ᠢ ᠲᠤᠭᠤᠯᠵᠤ ᠴᠢᠳᠠᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠢᠷᠡᠭᠡᠳᠦᠢ ᠶᠢ ᠠᠷᠠᠳ ᠲᠦᠮᠡᠨ ᠡᠭᠦᠳᠦᠨ ᠪᠦᠲᠦᠭᠡᠭᠰᠡᠨ | ᠶᠤᠮ᠃ ᠬᠦᠴᠢᠷ ᠪᠡᠷᠬᠡᠰᠢᠶᠡᠯ ᠲᠠᠢ ᠦᠶ᠎ᠡ ᠪᠤᠯᠬᠤ ᠳᠤᠳᠤᠮ ᠠᠷᠠᠳ ᠲᠦᠮᠡᠨ ᠤ ᠬᠤᠯᠪᠣᠭᠠᠰᠤ ᠶᠢ ᠤᠯᠠᠮ ᠴᠢᠩᠭᠠᠯᠠᠵᠤ᠂ | ᠬᠥᠮᠥᠰ ᠤᠨ ᠰᠡᠳᠬᠢᠯ ᠤᠨ ᠣᠯᠣᠯᠴᠠᠭ᠎ᠠ ᠶᠢ ᠤᠯᠠᠮ ᠨᠡᠮᠡᠭᠳᠡᠭᠦᠯᠬᠦ ᠴᠢᠬᠤᠯᠠᠲᠠᠢ᠂ ᠨᠡᠩ ᠤᠯᠠᠨ ᠬᠥᠮᠥᠨ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠶᠢ ᠵᠣᠷᠢᠭᠵᠢᠭᠤᠯᠤᠨ ᠤᠷᠢᠶᠠᠯᠠᠬᠤ ᠴᠢᠬᠤᠯᠠᠲᠠᠢ ᠶᠤᠮ᠃ ᠪᠢᠳᠡ ᠠᠷᠠᠳ ᠲᠦᠮᠡᠨ ᠤ | ᠬᠤᠭᠤᠷᠣᠨᠳᠣᠭᠢ ᠶᠠᠪᠤᠯᠴᠠᠭ᠎ᠠ ᠳᠤ ᠨᠡᠩ ᠤᠯᠠᠨ ᠬᠥᠭᠦᠷᠭᠡ ᠲᠠᠯᠪᠢᠵᠤ᠂ ᠨᠡᠩ ᠤᠯᠠᠨ ᠵᠠᠮ ᠳᠡᠪᠢᠰᠴᠦ ᠥᠭᠭᠦᠶ᠎ᠠ᠂ | ᠬᠠᠷᠢᠨ ᠡᠯ᠎ᠡ ᠵᠦᠢᠯ ᠤᠨ ᠬᠠᠷᠰᠢ ᠰᠠᠭᠠᠳ ᠢ ᠪᠤᠢ ᠪᠤᠯᠭᠠᠵᠥ᠂ ︽ᠨᠠᠵᠠᠭᠠᠢ ᠨᠥᠯᠥᠭᠡ︾ ᠭᠠᠷᠭᠠᠵᠤ ᠪᠤᠯᠬᠤ | ᠦᠭᠡᠢ᠃ ᠡᠨᠡ ᠡᠳᠦᠷ ᠪᠢ ᠶᠡᠷᠦᠩᠬᠡᠶᠢᠯᠡᠭᠴᠢ ᠪᠠᠶᠢᠳᠧᠨ ᠲᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ | ᠤᠯᠤᠰ ᠬᠥᠮᠥᠰ ᠤᠨ ᠶᠠᠪᠤᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠳᠤ ᠳᠦᠭᠦᠮ ᠦᠵᠡᠭᠦᠯᠭᠦ ᠠᠷᠭ᠎ᠠ ᠬᠡᠮᠵᠢᠶ᠎ᠡ | ᠭᠠᠷᠭᠠᠨ᠎ᠠ᠂ ᠡᠭᠦᠨ ᠳᠤ ᠳᠤᠮᠳᠠᠳᠤ ᠠᠮᠧᠷᠢᠺᠠ ᠶᠢᠨ ᠠᠶᠠᠨᠴᠢᠳ ᠤᠨ ᠰᠢᠭᠤᠳ ᠨᠡᠪᠲᠡᠷᠡᠬᠦ ᠵᠢᠰᠢᠶᠠᠨ ᠤ ᠨᠢᠰᠬᠡᠯ ᠢ | ᠨᠡᠮᠡᠭᠳᠡᠭᠦᠯᠬᠦ᠂ ᠳᠤᠮᠳᠠᠳᠤ ᠠᠮᠧᠷᠢᠺᠠ ᠶᠢᠨ ᠵᠢᠭᠤᠯᠴᠢᠯᠠᠯ ᠤᠨ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢ ᠡᠷᠭᠢᠯᠡᠭᠦ᠂ | ᠸᠢᠰᠠ ᠭᠤᠶᠤᠴᠢᠯᠠᠬᠤ ᠳᠡᠰ ᠳᠠᠷᠠᠭᠠᠯᠠᠯ ᠢ ᠰᠢᠯᠢᠳᠡᠭᠵᠢᠭᠦᠯᠬᠦ ᠵᠡᠷᠭᠡ ᠶᠢ ᠪᠠᠭᠲᠠᠭᠠᠨ᠎ᠠ᠃ ᠪᠢᠳᠡ ᠬᠤᠶᠠᠷ ᠤᠯᠤᠰ ᠤᠨ | ᠠᠷᠠᠳ ᠲᠦᠮᠡᠨ ᠤ ᠢᠯᠡᠭᠦᠬᠡᠨ ᠬᠠᠷᠢᠯᠴᠠᠵᠤ᠂ ᠢᠯᠡᠭᠦᠬᠡᠨ ᠶᠠᠪᠤᠯᠴᠠᠵᠤ᠂ ᠢᠯᠡᠭᠦᠬᠡᠨ ᠰᠣᠯᠢᠯᠴᠠᠵᠤ᠂ ᠰᠢᠨ᠎ᠡ ᠴᠠᠭ | ᠦᠶ᠎ᠡ ᠶᠢᠨ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠯᠢᠭᠡᠷ ᠢ ᠬᠠᠮᠲᠤ ᠪᠠᠷ ᠦᠷᠭᠦᠯᠵᠢᠯᠡᠨ | ᠪᠢᠴᠢᠭᠯᠡᠬᠦ ᠶᠢ ᠬᠦᠰᠡᠵᠦ ᠪᠠᠶᠢᠨ᠎ᠠ︕ ᠪᠢ ᠪᠠᠰᠠ ᠺᠠᠯᠢᠹᠣᠷᠨᠢᠶ᠎ᠠ ᠵᠧᠦ ᠪᠣᠯᠣᠨ ᠰᠠᠨ ᠹᠷᠠᠨᠰᠢᠰᠺᠦ ᠳᠤᠮᠳᠠᠳᠤ | ᠠᠮᠧᠷᠢᠺᠠ ᠶᠢᠨ ᠨᠥᠬᠦᠷᠯᠡᠯ ᠤᠨ ᠠᠶᠠᠨ ᠢ ᠦᠷᠭᠦᠯᠵᠢᠯᠡᠨ ᠳᠠᠶᠢᠴᠢᠯᠠᠨ ᠳᠠᠭᠠᠭᠤᠯᠬᠤ ᠶᠢ ᠬᠦᠰᠡᠵᠦ ᠪᠠᠶᠢᠨ᠎ᠠ︕ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠪᠢᠳᠡ ᠥᠷᠢᠰᠦᠯᠳᠦᠭᠡᠨ ᠬᠤᠪᠢᠷᠠᠯᠲᠠ ᠪᠠᠷ ᠳᠦᠭᠦᠷᠦᠭᠰᠡᠨ ᠴᠠᠭ ᠦᠶ᠎ᠡ ᠳᠤ ᠣᠷᠣᠰᠢᠵᠤ ᠪᠠᠶᠢᠨ᠎ᠠ᠂ ᠪᠠᠰᠠ | ᠬᠦᠰᠡᠯ ᠡᠷᠡᠮᠡᠯᠵᠡᠯ ᠢᠶᠠᠷ ᠪᠢᠯᠬᠠᠭᠰᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠳᠡᠯᠡᠬᠡᠢ ᠶᠢᠨ ᠢᠷᠡᠭᠡᠳᠦᠢ ᠳᠤᠮᠳᠠᠳᠤ | ᠠᠮᠧᠷᠢᠺᠠ ᠶᠢᠨ ᠬᠠᠮᠲᠤᠷᠠᠯᠴᠠᠭ᠎ᠠ ᠶᠢ ᠬᠡᠷᠡᠭᠰᠡᠨ᠎ᠡ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠬᠥᠭᠵᠢᠵᠦ ᠪᠠᠶᠢᠭ᠎ᠠ | ᠤᠯᠤᠰ ᠪᠠ ᠬᠥᠭᠵᠢᠭᠰᠡᠨ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠠᠮᠧᠷᠢᠺᠠ ᠰᠠᠶᠢᠲᠤᠷ ᠬᠠᠷᠢᠯᠴᠠᠬᠤ | ᠬᠡᠷᠡᠭᠲᠡᠢ᠃ ᠬᠤᠪᠢᠷᠠᠯᠲᠠ ᠪᠠ ᠳᠡᠪᠵᠢᠶᠡᠨ ᠶᠡᠬᠡᠲᠡᠢ ᠳᠡᠯᠡᠬᠡᠢ ᠶᠢᠷᠲᠢᠨᠴᠦ ᠳᠤ᠂ ᠳᠤᠮᠳᠠᠳᠤ ᠠᠮᠧᠷᠢᠺᠠ ᠨᠡᠩ | ᠠᠭᠤᠳᠠᠮᠴᠢ ᠪᠠᠭᠲᠠᠭᠠᠮᠵᠢᠲᠠᠢ ᠪᠠᠶᠢᠵᠤ᠂ ᠲᠣᠮᠣ ᠤᠯᠤᠰ ᠤᠨ ᠬᠡᠪ ᠨᠠᠮᠪᠠ ᠶᠢ ᠢᠯᠡᠷᠡᠭᠦᠯᠵᠦ᠂ ᠲᠣᠮᠣ ᠤᠯᠤᠰ ᠤᠨ | ᠡᠭᠦᠷᠭᠡᠯᠡᠯ ᠬᠠᠷᠢᠭᠤᠴᠠᠯᠭ᠎ᠠ ᠶᠢ ᠬᠠᠷᠠᠭᠤᠯᠵᠤ᠂ ᠲᠣᠮᠣ ᠤᠯᠤᠰ ᠤᠨ ᠦᠢᠯᠡᠳᠦᠯ ᠢ ᠪᠠᠳᠠᠷᠠᠭᠤᠯᠬᠤ ᠶᠢ ᠱᠠᠭᠠᠷᠳᠠᠵᠤ | ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠨᠡ ᠬᠦ ᠲᠣᠮᠣ ᠣᠩᠭᠤᠴᠠ ᠶᠢ ᠬᠡᠷᠬᠢᠨ ᠲᠠᠯᠳᠠ ᠪᠣᠱᠤᠭ᠎ᠠ ᠠᠴᠠ | ᠵᠠᠶᠢᠯᠠᠭᠤᠯᠵᠤ᠂ ᠲᠤᠬᠰᠢᠨ ᠰᠠᠯᠬᠢ ᠰᠢᠷᠦᠭᠦᠨ ᠳᠠᠪᠠᠯᠭᠠᠨ ᠢ ᠲᠤᠭᠤᠯᠤᠭᠤᠯᠵᠤ᠂ ᠬᠡᠯᠪᠠᠶᠢᠬᠦ ᠦᠭᠡᠢ᠂ | ᠬᠤᠷᠳᠤᠴᠠ ᠪᠠᠨ ᠠᠯᠳᠠᠬᠤ ᠦᠭᠡᠢ᠂ ᠮᠥᠷᠭᠦᠯᠳᠦᠬᠦ ᠦᠭᠡᠢ ᠪᠠᠶᠢᠯᠭᠠᠬᠤ ᠪᠤᠢ︖ ᠭᠡᠳᠡᠭ ᠢ ᠪᠢ ᠪᠣᠳᠣᠯᠬᠢᠯᠠᠭᠰᠠᠭᠠᠷ | ᠢᠷᠡᠵᠠᠢ᠃ ᠡᠩ ᠲᠡᠷᠢᠭᠦᠨ ᠳᠤ ᠬᠠᠷᠢᠭᠤᠯᠬᠤ ᠨᠢ᠂ ᠳᠤᠮᠳᠠᠳᠤ ᠠᠮᠧᠷᠢᠺᠠ ᠴᠣᠬᠤᠮ ᠡᠰᠡᠷᠭᠦᠴᠡᠯᠳᠦᠬᠦ ᠡᠲᠡᠭᠡᠳ ᠶᠤᠮ | ᠦᠦ᠂ ᠡᠰᠡᠬᠦᠯ᠎ᠡ ᠬᠠᠨᠢᠲᠠᠨ ᠶᠤᠮ ᠦᠦ᠃ ᠡᠨᠡ ᠪᠣᠯ ᠨᠢᠭᠡᠨ ᠦᠨᠳᠦᠰᠦᠨ ᠮᠥᠷᠲᠡᠭᠡᠨ ᠡᠯ᠎ᠡ ᠵᠦᠢᠯ ᠤᠨ ᠶᠠᠪᠤᠳᠠᠯ ᠢ | ᠨᠢᠭᠡᠳᠦᠯᠲᠡᠢ ᠬᠠᠮᠢᠶᠠᠷᠬᠤ ᠠᠰᠠᠭᠤᠳᠠᠯ ᠮᠥᠨ᠃ ᠡᠭᠦᠨ ᠤ ᠶᠣᠰᠣ ᠤᠴᠢᠷ ᠨᠢ ᠮᠠᠰᠢ ᠳᠥᠭᠦᠮᠬᠡᠨ᠂ ᠬᠡᠷᠪᠡ ᠨᠥᠭᠦᠭᠡ | ᠡᠲᠡᠭᠡᠳ ᠢᠶᠠᠨ ᠬᠠᠮᠤᠭ ᠤᠨ ᠭᠤᠣᠯ ᠥᠷᠢᠰᠦᠯᠳᠦᠭᠴᠢ᠂ ᠬᠠᠮᠤᠭ ᠤᠨ ᠴᠢᠬᠤᠯᠠ ᠶᠡᠭᠡ ᠭᠠᠵᠠᠷ ᠣᠷᠣᠨ ᠤ ᠤᠯᠤᠰ | ᠲᠥᠷᠥ ᠶᠢᠨ ᠥᠷᠢᠰᠦᠯᠳᠦᠭᠡᠨ ᠪᠠ ᠠᠯᠬᠤᠮ ᠠᠯᠬᠤᠮ ᠢᠶᠠᠷ ᠰᠢᠬᠠᠮᠳᠠᠭᠤᠯᠬᠤ ᠰᠦᠷᠳᠡᠭᠦᠯᠦᠯ ᠢᠶᠠᠷ ᠦᠵᠡᠪᠡᠯ᠂ | ᠵᠠᠶᠢᠯᠠᠰᠢ ᠦᠭᠡᠢ ᠪᠤᠷᠤᠭᠤ ᠲᠥᠷᠥ ᠶᠢᠨ ᠪᠣᠳᠣᠯᠭ᠎ᠠ ᠶᠢ ᠪᠤᠢ ᠪᠤᠯᠭᠠᠵᠤ᠂ ᠪᠤᠷᠤᠭᠤ ᠠᠵᠢᠯᠯᠠᠭ᠎ᠠ ᠠᠪᠴᠤ᠂ ᠪᠤᠷᠤᠭᠤ | ᠦᠷ᠎ᠡ ᠳ᠋ᠦᠩ ᠭᠠᠷᠭᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠠᠮᠧᠷᠢᠺᠠ ᠯᠤᠭ᠎ᠠ ᠬᠠᠨᠢᠲᠠᠨ ᠪᠣᠯᠵᠤ᠂ ᠨᠠᠶᠢᠵᠠ | ᠪᠣᠯᠣᠨ᠎ᠠ᠃ ᠪᠢᠳᠡᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠢᠢᠳᠪᠦᠷᠢᠯᠡᠬᠦ ᠦᠨᠳᠦᠰᠦᠨ ᠵᠢᠷᠤᠮᠯᠠᠯ ᠪᠣᠯ | ᠳᠠᠷᠤᠢ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ | ᠭᠦᠷᠳᠡᠭᠦ ᠶᠠᠪᠤᠳᠠᠯ ᠪᠣᠯᠣᠨ᠎ᠠ᠃ | ᠬᠠᠷᠢᠯᠴᠠᠨ ᠬᠦᠨᠳᠦᠳᠬᠡᠬᠦ ᠪᠣᠯ ᠬᠥᠮᠥᠨ ᠬᠥᠮᠥᠨ ᠤ ᠬᠤᠭᠤᠷᠣᠨᠳᠣᠭᠢ ᠬᠠᠷᠢᠯᠴᠠᠭᠠᠨ ᠤ ᠦᠨᠳᠦᠰᠦᠨ ᠶᠣᠰᠣ | ᠮᠥᠨ᠂ ᠪᠠᠰᠠ ᠴᠤ ᠳᠤᠮᠳᠠᠳᠤ ᠠᠮᠧᠷᠢᠺᠠ ᠬᠤᠶᠠᠷ ᠤᠯᠤᠰ ᠤᠨ ᠬᠠᠷᠢᠯᠴᠠᠬᠤ ᠨᠠᠭᠠᠲᠤ ᠵᠠᠬ᠎ᠠ ᠶᠢᠨ ᠪᠠᠷᠢᠮᠵᠢᠶ᠎ᠠ | ᠮᠥᠨ᠃ ᠠᠮᠧᠷᠢᠺᠠ ᠥᠪᠡᠷᠮᠢᠴᠡ ᠲᠡᠦᠬᠡ ᠰᠣᠶᠣᠯ ᠪᠠ ᠭᠠᠵᠠᠷ ᠵᠦᠢ ᠶᠢᠨ ᠪᠠᠶᠢᠷᠢ ᠰᠠᠭᠤᠷᠢ ᠲᠠᠢ ᠪᠠᠶᠢᠵᠤ᠂ ᠲᠤᠰ | ᠪᠡᠶ᠎ᠡ ᠶᠢᠨ ᠢᠶᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠪᠤᠢ ᠪᠣᠯᠭᠠᠪᠠ᠂ ᠪᠢᠳᠡ ᠭᠦᠢᠴᠡᠳ | ᠭᠦᠨᠳᠦᠳᠭᠡᠵᠦ ᠪᠠᠶᠢᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠪᠣᠯ ᠰᠢᠨᠵᠢᠯᠡᠬᠦ | ᠤᠬᠠᠭᠠᠨᠴᠢ ᠨᠡᠶᠢᠭᠡᠮ ᠵᠢᠷᠤᠮ ᠤᠨ ᠤᠨᠤᠯ ᠤᠨ ᠵᠢᠯᠣᠭᠤᠳᠤᠯᠭ᠎ᠠ ᠳᠣᠣᠷ᠎ᠠ ᠶᠠᠪᠤᠵᠤ ᠢᠷᠡᠭᠰᠡᠨ ᠶᠤᠮ᠂ 5000 ᠭᠠᠷᠤᠢ | ᠵᠢᠯ ᠦᠷᠭᠦᠯᠵᠢᠯᠡᠭᠰᠡᠨ ᠳᠤᠮᠳᠠᠳᠤ ᠶᠢᠨ ᠪᠣᠯᠪᠠᠰᠤᠨ ᠳᠤ ᠦᠨᠳᠦᠰᠦᠯᠡᠭᠰᠡᠨ ᠶᠤᠮ᠂ ᠪᠢᠳᠡ ᠮᠥᠨ ᠠᠳᠠᠯᠢᠬᠠᠨ ᠢᠶᠠᠷ | ᠣᠮᠣᠭᠰᠢᠵᠤ ᠪᠠᠶᠢᠨ᠎ᠠ᠃ ᠡᠨᠡ ᠬᠤᠶᠠᠷ ᠵᠠᠮ ᠠᠳᠠᠯᠢ ᠦᠭᠡᠢ ᠪᠤᠯᠪᠠᠴᠤ ᠴᠥᠮ ᠠᠷᠠᠳ ᠲᠦᠮᠡᠨ ᠤ ᠰᠣᠩᠭᠤᠯᠲᠠ | ᠮᠥᠨ᠂ ᠴᠥᠮ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠲᠡᠭ ᠲᠤ ᠬᠦᠷᠬᠦ ᠲᠤᠯᠠ ᠪᠦᠷ ᠬᠦᠨᠳᠦᠳᠬᠡᠭᠳᠡᠬᠦ | ᠶᠣᠰᠣᠲᠠᠢ ᠶᠤᠮ᠃ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠪᠣᠯ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠵᠠᠷᠴᠢᠮ | ᠮᠥᠨ᠂ ᠨᠡᠩ ᠴᠤ ᠳᠤᠮᠳᠠᠳᠤ ᠠᠮᠧᠷᠢᠺᠠ ᠬᠤᠶᠠᠷ ᠲᠣᠮᠣ ᠤᠯᠤᠰ ᠤᠨ ᠡᠷᠬᠡᠪᠰᠢ ᠪᠠᠲᠤ ᠰᠠᠬᠢᠬᠤ ᠬᠤᠷᠢᠭ᠎ᠠ ᠱᠤᠭᠤᠮ | ᠮᠥᠨ᠃ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ ᠪᠠᠶᠢᠭ᠎ᠠ ᠳᠤᠮᠳᠠᠳᠤ ᠤᠯᠤᠰ ᠢ ᠰᠦᠷᠳᠡᠭᠦᠯᠦᠯ ᠤᠨ | ᠡᠲᠡᠭᠡᠳ ᠢᠶᠠᠷ ᠦᠵᠡᠵᠦ᠂ ᠢᠯᠠᠵᠤ ᠢᠯᠠᠭᠳᠠᠬᠤ ᠪᠠᠨ ᠦᠵᠡᠯᠴᠡᠬᠦ᠂ ᠮᠠᠨᠳᠤᠵᠤ ᠪᠠᠭᠤᠷᠠᠬᠤ ᠪᠠᠨ ᠠᠳᠠᠯᠢᠳᠬᠠᠨ ᠦᠯᠦ | ᠡᠪᠰᠡᠬᠦ ᠦᠵᠡᠯᠴᠡᠭᠡᠨ ᠬᠢᠬᠦ ᠨᠢ ᠴᠢᠭᠯᠡᠯ ᠬᠡᠯᠪᠠᠶᠢᠭ᠍ᠰᠡᠨ ᠶᠠᠪᠤᠳᠠᠯ ᠪᠣᠯᠣᠨ᠎ᠠ᠃ ᠳᠤᠮᠳᠠᠳᠤ ᠤᠯᠤᠰ ᠶᠡᠷᠦ ᠠᠴᠠ | ᠠᠮᠧᠷᠢᠺᠠ ᠢᠯᠠᠭᠳᠠᠬᠤ ᠶᠢ ᠪᠤᠳᠤᠬᠤ ᠦᠭᠡᠢ᠂ ᠶᠡᠷᠦ ᠠᠴᠠ ᠠᠮᠧᠷᠢᠺᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ | ᠦᠭᠡᠢ᠂ ᠠᠮᠧᠷᠢᠺᠠ ᠲᠠᠢ ᠥᠷᠢᠰᠦᠯᠳᠦᠬᠦ ᠪᠠ ᠠᠮᠧᠷᠢᠺᠠ ᠶᠢ ᠣᠷᠣᠯᠠᠬᠤ ᠰᠠᠨᠠᠭ᠎ᠠ ᠴᠤ ᠦᠭᠡᠢ᠂ ᠢᠲᠡᠭᠡᠯ ᠲᠠᠢ | ᠪᠥᠭᠡᠳ ᠨᠡᠭᠡᠭᠡᠯᠲᠡᠲᠡᠢ᠂ ᠬᠥᠭᠵᠢᠨ ᠴᠡᠴᠡᠭᠯᠡᠭᠰᠡᠨ ᠠᠮᠧᠷᠢᠺᠠ ᠶᠢ ᠣᠯᠵᠤ ᠬᠠᠷᠠᠬᠤ ᠳᠤᠷᠠᠲᠠᠢ ᠶᠤᠮ᠃ ᠡᠭᠦᠨ ᠲᠠᠢ | ᠠᠳᠠᠯᠢ ᠪᠠᠷ᠂ ᠠᠮᠧᠷᠢᠺᠠ ᠴᠤ ᠳᠤᠮᠳᠠᠳᠤ ᠤᠯᠤᠰ ᠢᠯᠠᠭᠳᠠᠬᠤ ᠶᠢ ᠪᠤᠳᠤᠬᠤ ᠦᠭᠡᠢ᠂ ᠳᠤᠮᠳᠠᠳᠤ ᠤᠯᠤᠰ ᠤᠨ | ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ ᠪᠠᠶᠢᠵᠤ᠂ ᠡᠩᠬᠡ ᠲᠠᠶᠢᠪᠤᠩ᠂ ᠲᠣᠭᠲᠠᠭᠤᠨ᠂ ᠴᠡᠴᠡᠭᠯᠡᠨ | ᠬᠥᠭᠵᠢᠭᠰᠡᠨ ᠳᠤᠮᠳᠠᠳᠤ ᠤᠯᠤᠰ ᠢ ᠤᠭᠲᠤᠪᠠᠯ ᠵᠣᠬᠢᠨ᠎ᠠ᠃ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠣᠯ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠮᠥᠨ᠂ | ᠮᠥᠨ ᠴᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠪᠠᠶᠢᠪᠠᠰᠤ ᠵᠣᠬᠢᠬᠤ ᠳᠡᠪᠢᠰᠬᠡᠷ ᠥᠩᠭᠡ ᠮᠥᠨ᠃ ᠳᠤᠮᠳᠠᠳᠤ | ᠤᠯᠤᠰ ᠶᠠᠭ ᠴᠢᠨᠠᠷ ᠰᠠᠶᠢᠲᠠᠢ ᠬᠥᠭᠵᠢᠯᠲᠡ ᠶᠢᠨ ᠲᠥᠯᠥᠭᠡ ᠴᠢᠷᠮᠠᠶᠢᠵᠤ ᠪᠠᠶᠢᠨ᠎ᠠ᠂ ᠠᠮᠧᠷᠢᠺᠠ ᠪᠠᠰᠠ ᠠᠵᠤ | ᠠᠬᠤᠢ ᠪᠠᠨ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠵᠦ ᠪᠠᠶᠢᠨ᠎ᠠ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ | ᠣᠷᠣᠨ ᠵᠠᠢ ᠬᠢᠵᠠᠭᠠᠷ ᠦᠭᠡᠢ ᠥᠷᠭᠡᠨ ᠠᠭᠤᠳᠠᠮ ᠪᠠᠶᠢᠵᠤ᠂ ᠬᠠᠷᠢᠯᠴᠠᠨ ᠠᠮᠵᠢᠯᠲᠠ ᠣᠯᠵᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠲᠡᠵᠦ ᠪᠣᠯᠣᠨ᠎ᠠ᠃ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠵᠢᠴᠢ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠨᠢ ᠢᠮᠠᠭᠲᠠ ᠠᠮᠧᠷᠢᠺᠠ ᠶᠢ ᠪᠠᠭᠲᠠᠭᠠᠭᠰᠠᠨ ᠡᠯ᠎ᠡ ᠤᠯᠤᠰ ᠲᠤ ᠬᠠᠨᠳᠤᠭᠤᠯᠤᠨ ᠨᠡᠭᠡᠭᠡᠯᠲᠡ ᠬᠢᠵᠦ | ᠪᠤᠢ᠃ ᠳᠤᠮᠳᠠᠳᠤ ᠤᠯᠤᠰ ᠪᠠᠰᠠ ᠳᠤᠷᠠᠲᠠᠶ᠎ᠠ ᠠᠮᠧᠷᠢᠺᠠ ᠶᠢᠨ ᠳᠤᠷᠠᠳᠤᠭᠰᠠᠨ ᠤᠯᠠᠨ ᠲᠠᠯᠠᠲᠤ ᠬᠠᠮᠲᠤᠷᠠᠯᠴᠠᠭᠠᠨ ᠤ | ᠰᠠᠨᠠᠭᠠᠴᠢᠯᠠᠭ᠎ᠠ ᠳᠤ ᠣᠷᠣᠯᠴᠠᠨ᠎ᠠ᠃ ᠡᠨᠡ ᠦᠳᠡ ᠶᠢᠨ ᠡᠮᠦᠨ᠎ᠡ᠂ ᠪᠢ ᠶᠡᠷᠦᠩᠬᠡᠶᠢᠯᠡᠭᠴᠢ ᠪᠠᠶᠢᠳᠧᠨ ᠲᠠᠢ ᠬᠠᠷᠢᠯᠴᠠᠨ | ᠬᠦᠨᠳᠦᠳᠬᠡᠬᠦ ᠵᠣᠷᠢᠭ ᠰᠠᠨᠠᠭ᠎ᠠ ᠪᠠᠷ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ | ᠰᠣᠶᠣᠯ ᠢᠷᠭᠡᠨᠰᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠳᠡᠭᠡ ᠠᠵᠤ ᠠᠬᠤᠢ᠂ | ᠴᠡᠷᠢᠭ ᠠᠩᠭᠢ᠂ ᠬᠠᠤᠯᠢ ᠬᠡᠷᠡᠭᠵᠢᠭᠦᠯᠬᠦ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠬᠦᠷᠢᠶᠡᠨ ᠳᠤ ᠶᠠᠷᠢᠯᠴᠠᠭ᠎ᠠ | ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠬᠠᠮᠲᠤᠷᠠᠯᠴᠠᠭᠠᠨ ᠤ ᠨᠠᠷᠢᠨ ᠲᠠᠩᠰᠠ ᠶᠢ ᠨᠡᠩ ᠤᠷᠳᠤ ᠪᠤᠯᠭᠠᠵᠤ᠂ | ᠬᠠᠮᠲᠤᠷᠠᠯᠴᠠᠭᠠᠨ ᠤ ᠪᠤᠭᠤᠷᠰᠤᠭ ᠢ ᠨᠡᠩ ᠶᠡᠭᠡ ᠪᠤᠯᠭᠠᠬᠤ ᠪᠠᠷ ᠵᠥᠪᠰᠢᠶᠡᠷᠡᠪᠡ᠃ ᠳᠤᠮᠳᠠᠳᠤ ᠤᠯᠤᠰ ᠹᠢᠨᠲ᠋ᠠᠶᠢᠨᠢ ᠶᠢᠨ | ᠠᠮᠧᠷᠢᠺᠠ ᠶᠢᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠢ ᠬᠤᠣᠷᠳᠠᠭᠤᠯᠵᠤ ᠪᠠᠶᠢᠬᠤ ᠶᠠᠪᠤᠳᠠᠯ ᠢ ᠶᠡᠬᠡᠳᠡ ᠥᠷᠥ | ᠡᠪᠡᠳᠴᠦ ᠪᠠᠶᠢᠨ᠎ᠠ᠂ ᠪᠢ ᠶᠡᠷᠦᠩᠬᠡᠶᠢᠯᠡᠭᠴᠢ ᠪᠠᠶᠢᠳᠧᠨ ᠲᠠᠢ ᠬᠤᠣᠷ ᠴᠠᠭᠠᠵᠠᠯᠠᠬᠤ ᠠᠵᠢᠯ ᠤᠨ ᠳᠤᠭᠤᠶᠢᠯᠠᠩ | ᠪᠠᠶᠢᠭᠤᠯᠵᠤ᠂ ᠤᠯᠠᠮ ᠴᠢᠨᠠᠭᠰᠢᠳᠠ ᠬᠠᠮᠲᠤᠷᠠᠯᠴᠠᠭ᠎ᠠ ᠥᠷᠨᠢᠭᠦᠯᠵᠦ᠂ ᠠᠮᠧᠷᠢᠺᠠ ᠶᠢ ᠬᠠᠪᠰᠤᠷᠤᠨ ᠬᠤᠣᠷᠲᠤ ᠡᠳ᠋ ᠢ | ᠳᠤᠷ᠎ᠠ ᠪᠠᠷ ᠢᠶᠠᠨ ᠬᠡᠷᠡᠭᠯᠡᠬᠦ ᠶᠢ ᠠᠷᠭᠠᠴᠠᠭᠠᠨ᠎ᠠ ᠭᠡᠵᠦ ᠣᠯᠠᠨ ᠳᠤ ᠬᠡᠯᠡᠵᠦ ᠥᠭᠭᠦᠶ᠎ᠡ᠃ ᠳᠤᠮᠳᠠᠳᠤ ᠠᠮᠧᠷᠢᠺᠠ ᠬᠤᠶᠠᠷ | ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠨᠢᠭᠡ ᠦᠶ᠎ᠡ ᠶᠢᠨ ᠬᠢᠨ ᠤ ᠰᠣᠯᠢᠯᠴᠠᠭ᠎ᠠ ᠶᠢ | ᠥᠷᠭᠡᠳᠬᠡᠬᠦ ᠶᠢᠨ ᠲᠥᠯᠥᠭᠡ᠂ ᠳᠤᠮᠳᠠᠳᠤ ᠤᠯᠤᠰ ᠢᠷᠡᠬᠦ 5 ᠵᠢᠯ ᠳᠤ ᠳᠤᠷᠠᠲᠠᠶ᠎ᠠ 5 ᠲᠦᠮᠡᠨ ᠠᠮᠧᠷᠢᠺᠠ ᠶᠢᠨ | ᠵᠠᠯᠠᠭᠤᠴᠤᠳ ᠪᠠᠭᠠᠴᠤᠳ ᠢ ᠳᠤᠮᠳᠠᠳᠤ ᠤᠯᠤᠰ ᠲᠤ ᠤᠷᠢᠵᠤ ᠰᠣᠯᠢᠯᠴᠠᠨ ᠰᠤᠷᠤᠯᠴᠠᠭᠤᠯᠤᠨ᠎ᠠ ᠭᠡᠵᠦ ᠪᠢ ᠠᠳᠡ | ᠨᠡᠶᠢᠲᠡᠯᠡᠬᠦ ᠳᠤ ᠤᠷᠮᠠᠲᠠᠢ ᠪᠠᠶᠢᠨ᠎ᠠ᠃ | ᠲᠦᠷᠦᠭᠦᠬᠡᠨ ᠸᠠᠰᠢᠩᠲ᠋ᠣᠨ ᠤ ᠤᠯᠤᠰ ᠤᠨ ᠠᠮᠢᠲᠠᠨ ᠤ ᠬᠦᠷᠢᠶᠡᠯᠡᠩ ᠤᠨ 3 ᠲᠣᠮᠣ ᠮᠠᠯᠤᠷ ᠥᠲᠡᠭᠡ | ᠳᠤᠮᠳᠠᠳᠤ ᠤᠯᠤᠰ ᠲᠤ ᠪᠤᠴᠠᠵᠤ ᠢᠷᠡᠪᠡ᠃ ᠠᠮᠧᠷᠢᠺᠠ ᠶᠢᠨ ᠣᠯᠠᠨ ᠲᠦᠮᠡᠨ ᠣᠨᠴᠠᠭᠠᠶᠢᠯᠠᠨ ᠬᠡᠦᠬᠡᠳ ᠰᠠᠯᠵᠤ ᠶᠠᠳᠠᠨ᠂ | ᠲᠤᠰᠬᠠᠶᠢᠯᠠᠨ ᠠᠮᠢᠲᠠᠨ ᠤ ᠬᠦᠷᠢᠶᠡᠯᠡᠩ ᠳᠤ ᠣᠴᠢᠵᠤ ᠬᠦᠷᠭᠡᠭᠰᠡᠨ ᠭᠡᠵᠦ ᠪᠢ ᠰᠣᠨᠣᠰᠴᠠᠢ᠃ ᠪᠢ ᠪᠠᠰᠠ | ᠣᠶᠢᠯᠠᠭᠠᠭᠰᠠᠨ ᠢᠶᠠᠷ᠂ ᠰᠠᠨ ᠸᠢᠶᠧᠭᠤ᠋ ᠠᠮᠢᠲᠠᠨ ᠤ ᠬᠦᠷᠢᠶᠡᠯᠡᠩ ᠪᠣᠯᠣᠨ ᠺᠠᠯᠢᠹᠣᠷᠨᠢᠶ᠎ᠠ ᠵᠧᠦ ᠶᠢᠨ ᠠᠷᠠᠳ ᠲᠦᠮᠡᠨ | ᠲᠣᠮᠣ ᠮᠠᠯᠤᠷ ᠥᠲᠡᠭᠡ ᠶᠢᠨ ᠺᠠᠯᠢᠹᠣᠷᠨᠢᠶ᠎ᠠ ᠵᠧᠦ ᠳᠤ ᠪᠤᠴᠠᠵᠤ ᠢᠷᠡᠬᠦ ᠶᠢ ᠬᠠᠯᠠᠭᠤᠨ ᠢᠶᠠᠷ ᠬᠦᠰᠡᠵᠦ ᠪᠠᠶᠢᠨ᠎ᠠ᠃ ᠮᠠᠯᠤᠷ | ᠦᠲᠡᠭᠡ ᠪᠣᠯ ᠳᠤᠮᠳᠠᠳᠤ ᠠᠮᠧᠷᠢᠺᠠ ᠶᠢᠨ ᠠᠷᠠᠳ ᠲᠦᠮᠡᠨ ᠤ ᠨᠥᠬᠦᠷᠯᠡᠯ ᠤᠨ ᠡᠯᠴᠢ ᠮᠥᠨ᠃ ᠪᠢᠳᠡ ᠳᠤᠷᠠᠲᠠᠶ᠎ᠠ | ᠦᠷᠭᠦᠯᠵᠢᠯᠡᠨ ᠠᠮᠧᠷᠢᠺᠠ ᠯᠤᠭ᠎ᠠ ᠮᠠᠯᠤᠷ ᠦᠳᠡᠭᠡ ᠶᠢ ᠬᠠᠮᠠᠭᠠᠯᠠᠬᠤ ᠬᠠᠮᠲᠤᠷᠠᠯᠴᠠᠭ᠎ᠠ ᠥᠷᠨᠢᠭᠦᠯᠵᠦ᠂ ᠺᠠᠯᠢᠹᠣᠷᠨᠢᠶ᠎ᠠ | ᠵᠧᠦ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠢ ᠴᠢᠷᠮᠠᠶᠢᠨ ᠬᠠᠩᠭᠠᠵᠤ᠂ ᠬᠤᠶᠠᠷ ᠤᠯᠤᠰ ᠤᠨ ᠠᠷᠠᠳ ᠲᠦᠮᠡᠨ ᠤ | ᠨᠥᠭᠦᠷᠰᠡᠭ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠨ᠎ᠡ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠲᠣᠮᠣ ᠬᠥᠭᠵᠢᠵᠦ ᠪᠠᠶᠢᠭ᠎ᠠ ᠤᠯᠤᠰ ᠮᠥᠨ᠃ ᠨᠡᠩ | ᠰᠠᠶᠢᠨ ᠠᠵᠢᠯᠯᠠᠵᠤ᠂ ᠨᠡᠩ ᠰᠠᠶᠢᠨ ᠠᠮᠢᠳᠤᠷᠠᠵᠤ᠂ ᠬᠡᠦᠬᠡᠳ ᠨᠡᠩ ᠰᠠᠶᠢᠨ ᠦᠰᠦᠨ ᠪᠤᠶᠢᠵᠢᠬᠤ ᠪᠣᠯ 14 ᠳ᠋ᠦᠩᠰᠢᠭᠤᠷ | ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠮᠥᠨ᠃ ᠳᠤᠮᠳᠠᠳᠤ | ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠤᠴᠢᠷ ᠶᠠᠪᠤᠳᠠᠯ ᠪᠦᠲᠦᠭᠡᠵᠦ ᠦᠭᠳᠡᠭ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠂ ᠡᠷᠬᠡᠪᠰᠢ | ᠪᠠᠲᠤ ᠰᠠᠬᠢᠬᠤ ᠬᠡᠷᠡᠭᠲᠡᠢ ᠠᠷᠠᠳ ᠲᠦᠮᠡᠨ ᠤ ᠰᠡᠳᠬᠢᠯ ᠮᠥᠨ᠃ ᠵᠠᠭᠤᠨ ᠵᠢᠯ ᠤᠨ ᠰᠦᠪᠡᠭᠴᠢᠯᠡᠯᠲᠡ ᠪᠠ | ᠦᠷᠭᠦᠯᠵᠢᠯᠡᠭᠰᠡᠨ ᠲᠡᠮᠡᠴᠡᠯ ᠢᠶᠠᠷ ᠳᠠᠮᠵᠢᠭᠠᠳ᠂ ᠪᠢᠳᠡ ᠨᠢᠭᠡᠨᠲᠡ ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠭᠵᠢᠯᠲᠡ | ᠶᠢᠨ ᠵᠠᠮ ᠢ ᠣᠯᠵᠤ᠂ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ | ᠪᠢᠳᠡ ᠪᠦᠯᠬᠦᠮᠳᠡᠨ ᠲᠡᠮᠡᠴᠡᠬᠦ ᠪᠠᠷ ᠬᠦᠴᠦᠯᠡᠨ ᠴᠢᠷᠮᠠᠶᠢᠵᠤ᠂ ᠪᠦᠭᠦ ᠳᠤᠮᠳᠠᠳᠤ ᠤᠯᠤᠰ ᠤᠨ ᠠᠷᠠᠳ | ᠲᠦᠮᠡᠨ ᠢ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠤᠯᠤᠨ᠎ᠠ᠃ ᠬᠥᠮᠥᠨ ᠠᠮᠠ ᠣᠯᠠᠨ ᠪᠣᠯ ᠳᠤᠮᠳᠠᠳᠤ | ᠤᠯᠤᠰ ᠤᠨ ᠦᠨᠳᠦᠰᠦᠨ ᠤᠯᠤᠰ ᠤᠨ ᠪᠠᠶᠢᠳᠠᠯ ᠪᠣᠯᠣᠨ᠎ᠠ᠃ ᠬᠡᠳᠦᠢ ᠶᠡᠭᠡ ᠠᠮᠵᠢᠯᠲᠠ ᠪᠦᠲᠦᠮᠵᠢ ᠶᠢ 14 | ᠳ᠋ᠦᠩᠰᠢᠭᠤᠷ ᠢᠶᠠᠷ ᠬᠤᠪᠢᠶᠠᠵᠤ ᠪᠤᠳᠣᠪᠠᠯ ᠴᠥᠮ ᠮᠠᠰᠢ ᠪᠠᠭ᠎ᠠ ᠪᠣᠯᠵᠤ ᠬᠤᠪᠢᠷᠠᠨ᠎ᠠ᠂ ᠬᠡᠳᠦᠢ ᠪᠠᠭ᠎ᠠ ᠠᠰᠠᠭᠤᠳᠠᠯ ᠢ | 14 ᠳ᠋ᠦᠩᠰᠢᠭᠤᠷ ᠢᠶᠠᠷ ᠦᠷᠡᠵᠢᠭᠦᠯᠵᠦ ᠪᠤᠳᠣᠪᠠᠯ ᠴᠥᠮ ᠮᠠᠰᠢ ᠶᠡᠭᠡ ᠪᠣᠯᠵᠤ ᠬᠤᠪᠢᠷᠠᠨ᠎ᠠ᠂ ᠡᠨᠡ ᠪᠣᠯ ᠳᠠᠷᠤᠢ ᠶᠡᠭᠡ | ᠬᠦᠴᠢᠷᠳᠡᠯ ᠪᠣᠯᠣᠨ᠎ᠠ᠃ ᠡᠭᠦᠨ ᠤ ᠬᠠᠮᠲᠤ ᠪᠠᠰᠠ ᠶᠡᠭᠡ ᠳᠠᠪᠠᠭᠤᠯᠢᠭ ᠲᠠᠯ᠎ᠠ ᠲᠠᠢ ᠶᠤᠮ᠃ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ᠂ | ᠥᠷᠭᠡᠨ ᠤᠯᠠᠨ ᠠᠷᠠᠳ ᠲᠦᠮᠡᠨ ᠤ ᠬᠦᠷᠢᠶᠡᠯᠡᠯ ᠪᠣᠯᠣᠨ ᠳᠡᠮᠵᠢᠯᠭᠡ ᠪᠣᠯ ᠪᠢᠳᠡᠨ ᠤ ᠬᠠᠮᠤᠭ ᠤᠨ ᠶᠡᠭᠡ ᠳᠠᠪᠠᠭᠤᠯᠢᠭ | ᠮᠥᠨ᠃ ᠳᠤᠮᠳᠠᠳᠤ ᠤᠯᠤᠰ ᠪᠣᠯ ᠭᠡᠲᠦ ᠶᠡᠭᠡ ᠬᠡᠪᠴᠢᠶᠡᠨ ᠤ ᠠᠵᠤ ᠠᠬᠤᠢ ᠶᠢᠨ ᠴᠣᠭᠴᠠ ᠪᠠᠶᠢᠵᠤ᠂ ᠭᠡᠲᠦ ᠶᠡᠭᠡ | ᠬᠡᠪᠴᠢᠶᠡᠨ ᠤ ᠵᠠᠬ᠎ᠠ ᠳᠡᠯᠭᠡᠭᠦᠷ ᠢ ᠪᠦᠷᠢᠯᠳᠦᠭᠦᠯᠪᠡ᠃ ᠲᠦᠷᠦᠭᠦᠬᠡᠨ ᠪᠢᠳᠡ ᠵᠢᠷᠭᠤᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠢ | ᠠᠮᠵᠢᠯᠲᠠ ᠲᠠᠢ ᠡᠷᠭᠢᠯᠡᠵᠦ᠂ ᠠᠮᠧᠷᠢᠺᠠ ᠶᠢ ᠪᠠᠭᠲᠠᠭᠠᠭᠰᠠᠨ 128 ᠤᠯᠤᠰ ᠤᠨ 3400 ᠭᠠᠷᠤᠢ ᠠᠵᠤ ᠠᠬᠤᠶᠢᠯᠠᠯ | ᠦᠵᠡᠰᠭᠦᠯᠡᠩ ᠳᠤ ᠣᠷᠣᠯᠴᠠᠵᠤ᠂ ᠠᠮᠧᠷᠢᠺᠠ ᠵᠠᠯᠭᠠᠭ᠎ᠠ ᠪᠠᠷ 6 ᠬᠤᠭᠤᠴᠠᠭ᠎ᠠ ᠦᠵᠡᠰᠭᠦᠯᠡᠩ ᠤᠨ ᠲᠠᠯᠠᠪᠠᠶ ᠪᠠᠷ | ᠬᠠᠮᠤᠭ ᠤᠨ ᠶᠡᠭᠡ ᠤᠯᠤᠰ ᠪᠣᠯᠵᠠᠢ᠃ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ | ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠨᠢ ᠳᠤᠮᠳᠠᠳᠤ ᠤᠯᠤᠰ ᠤᠨ ᠳᠡᠯᠡᠬᠡᠢ ᠳ᠋ᠠᠬᠢᠨ ᠳᠤ ᠣᠯᠭᠤᠭᠰᠠᠨ ᠯᠤᠲᠤ | ᠶᠡᠭᠡ ᠠᠵᠠ ᠲᠣᠭᠢᠶᠠᠯ ᠪᠣᠯᠣᠨ᠎ᠠ᠃ | ᠪᠢᠳᠡ ᠬᠠᠮᠲᠤ ᠪᠠᠷ ᠪᠠᠶᠠᠵᠢᠬᠤ ᠪᠠᠷ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠬᠥᠮᠥᠨ ᠨᠢᠭᠡ | ᠪᠦᠷᠢ ᠶᠢ ᠴᠥᠮ ᠰᠠᠶᠢᠨ ᠰᠠᠶᠢᠬᠠᠨ ᠠᠮᠢᠳᠤᠷᠠᠭᠤᠯᠤᠨ᠎ᠠ᠃ ᠶᠠᠳᠠᠭᠤ ᠠᠴᠠ ᠠᠩᠭᠢᠵᠢᠷᠠᠬᠤ ᠪᠣᠯ ᠳᠤᠮᠳᠠᠳᠤ ᠶᠢᠨ | ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠮᠥᠨ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ | ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠪᠢ 16 ᠨᠠᠰᠤ ᠭᠦᠷᠦᠭᠡᠳᠦᠢ ᠪᠠᠷ ᠱᠠᠨᠰᠢ ᠶᠢᠨ | ᠬᠤᠶᠢᠲᠤ ᠬᠡᠰᠡᠭ ᠤᠨ ᠨᠢᠭᠡᠨ ᠵᠢᠵᠢᠭ ᠲᠣᠰᠬᠤᠨ ᠳᠤ ᠲᠠᠷᠢᠶᠠᠴᠢᠨ ᠲᠠᠢ ᠬᠠᠮᠲᠤ ᠰᠠᠭᠤᠵᠤ᠂ ᠬᠠᠮᠲᠤ ᠠᠵᠢᠯᠯᠠᠭᠰᠠᠨ | ᠪᠣᠯᠬᠤᠷ ᠠᠷᠠᠳ ᠲᠦᠮᠡᠨ ᠶᠠᠭᠤᠨ ᠳᠤ ᠵᠣᠪᠠᠵᠤ᠂ ᠶᠠᠭᠤ ᠬᠦᠰᠡᠵᠦ ᠪᠠᠶᠢᠬᠤ ᠶᠢ ᠮᠡᠳᠡᠨ᠎ᠡ᠃ ᠲᠡᠷᠡ ᠦᠶ᠎ᠡ ᠠᠴᠠ ᠤᠳᠤ | ᠪᠤᠯᠲᠠᠯ᠎ᠠ᠂ ᠬᠠᠭᠠᠰ ᠵᠠᠭᠤᠨ ᠥᠩᠭᠡᠷᠡᠯ᠎ᠡ᠂ ᠠᠷᠠᠳ ᠲᠦᠮᠡᠨ ᠤ ᠳᠤᠮᠳᠠ ᠪᠠᠶᠢᠪᠠᠯ ᠪᠢ ᠰᠠᠨᠠᠭ᠎ᠠ ᠠᠮᠤᠷ ᠪᠣᠯᠵᠤ᠂ ᠠᠷᠠᠳ | ᠲᠦᠮᠡᠨ ᠲᠠᠢ ᠬᠠᠮᠲᠤ ᠪᠠᠶᠢᠪᠠᠯ ᠪᠢ ᠬᠦᠴᠦᠨ ᠴᠢᠳᠠᠯ ᠲᠠᠢ ᠪᠣᠯᠣᠨ᠎ᠠ᠃ ᠠᠮᠢ ᠪᠡᠶ᠎ᠡ ᠪᠠᠨ ᠦᠯᠦ ᠪᠤᠳᠤᠵᠤ᠂ ᠠᠷᠠᠳ | ᠲᠦᠮᠡᠨ ᠳᠤ ᠣᠰᠣᠯᠳᠠᠬᠤ ᠦᠭᠡᠢ᠂ ᠡᠨᠡ ᠪᠣᠯ ᠮᠢᠨᠤ ᠨᠠᠰᠤᠨ ᠲᠤᠷᠰᠢᠲᠠ ᠶᠢᠨ ᠢᠲᠡᠭᠡᠯ ᠪᠢᠰᠢᠷᠡᠯ ᠮᠥᠨ᠃ ᠪᠢ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠪᠠ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠢᠭᠦᠯᠡᠭᠴᠢ ᠶᠢᠨ ᠲᠤᠰᠢᠶᠠᠯ ᠢ ᠠᠩᠬ᠎ᠠ ᠬᠠᠷᠢᠭᠤᠴᠠᠬᠤ ᠦᠶ᠎ᠡ ᠳᠤ᠂ ᠳᠤᠮᠳᠠᠳᠤ ᠤᠯᠤᠰ ᠲᠤ ᠪᠠᠰᠠ 1 ᠳ᠋ᠦᠩᠰᠢᠭᠤᠷ | ᠬᠥᠮᠥᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠠᠷᠢᠮᠵᠢᠶ᠎ᠠ ᠶᠢᠨ ᠶᠠᠳᠠᠭᠤ ᠬᠦᠴᠢᠷᠳᠡᠯ ᠤᠨ | ᠱᠤᠭᠤᠮ ᠠᠴᠠ ᠳᠣᠣᠷ᠎ᠠ ᠲᠦᠪᠰᠢᠨ ᠳᠤ ᠠᠮᠢᠳᠤᠷᠠᠵᠤ ᠪᠠᠶᠢᠪᠠ᠃ 8 ᠵᠢᠯ ᠤᠨ ᠰᠢᠷᠭᠠᠭᠤ ᠬᠠᠲᠠᠭᠤᠵᠢᠯᠲᠠᠢ | ᠲᠡᠮᠡᠴᠡᠯ ᠢᠶᠠᠷ ᠳᠠᠮᠵᠢᠨ᠂ ᠡᠳᠡᠭᠡᠷ ᠶᠠᠳᠠᠭᠤ ᠬᠦᠴᠢᠷᠳᠡᠯᠲᠡᠢ ᠬᠥᠮᠥᠨ ᠠᠮᠠ ᠨᠢᠭᠡᠨᠲᠡ ᠪᠦᠭᠦᠨ ᠢᠶᠠᠷ ᠢᠶᠠᠨ ᠶᠠᠳᠠᠭᠤ ᠠᠴᠠ | ᠠᠩᠭᠢᠵᠢᠷᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ 10 | ᠵᠢᠯ ᠤᠷᠢᠳᠴᠢᠯᠠᠨ ᠪᠡᠶᠡᠯᠡᠭᠦᠯᠵᠦ᠂ 1800 ᠭᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ | ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠠᠵᠢᠯ ᠤᠨ ᠪᠠᠶᠢᠷᠢ ᠳᠡᠭᠡᠷ᠎ᠡ ᠠᠮᠢ ᠪᠡᠶ᠎ᠡ ᠪᠠᠨ ᠵᠣᠷᠢᠭᠤᠯᠪᠠ᠃ | ᠪᠢᠳᠡᠨ ᠤ ᠬᠠᠷᠠᠯᠲᠠ ᠪᠣᠯ ᠴᠥᠭᠡᠨ ᠲᠣᠭᠠᠨ ᠤ ᠬᠥᠮᠥᠰ ᠤᠨ ᠪᠠᠶᠠᠵᠢᠯ ᠪᠢᠰᠢ᠂ ᠬᠠᠷᠢᠨ ᠪᠦᠭᠦ ᠠᠷᠠᠳ | ᠲᠦᠮᠡᠨ ᠤ ᠬᠠᠮᠲᠤ ᠶᠢᠨ ᠪᠠᠶᠠᠵᠢᠯ ᠪᠣᠯᠣᠨ᠎ᠠ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠬᠡᠦᠬᠡᠳ | ᠰᠠᠭᠠᠲᠠᠭᠤᠯᠬᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ᠂ ᠣᠷᠴᠢᠨ ᠲᠣᠭᠤᠷᠢᠨ ᠵᠡᠷᠭᠡ ᠤᠯᠠᠨ ᠲᠦᠮᠡᠨ ᠤ | ᠳᠡᠷᠭᠡᠳᠡᠬᠢ ᠶᠠᠪᠤᠳᠠᠯ᠂ ᠳᠣᠲᠣᠨᠣ ᠶᠠᠪᠤᠳᠠᠯ᠂ ᠪᠣᠳᠠᠲᠠᠢ ᠶᠠᠪᠤᠳᠠᠯ ᠨᠢ ᠶᠠᠭ ᠳᠤᠮᠳᠠᠳᠤ ᠤᠯᠤᠰ ᠤᠨ ᠤᠯᠤᠰ ᠤᠨ | ᠬᠥᠭᠵᠢᠯᠲᠡ ᠶᠢᠨ ᠦᠵᠦ ᠲᠥᠯᠥᠪᠯᠡᠭᠡ ᠳᠤ ᠲᠠᠰᠤᠷᠠᠯᠳᠡ ᠦᠭᠡᠢ ᠠᠭᠤᠰᠤᠯᠴᠠᠵᠤ᠂ ᠲᠠᠰᠤᠷᠠᠯᠳᠡ ᠦᠭᠡᠢ ᠤᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠣᠯᠵᠤ | ᠬᠤᠪᠢᠷᠠᠵᠤ ᠪᠠᠶᠢᠨ᠎ᠠ᠃ ᠪᠢᠳᠡ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠣᠳᠣᠬᠢᠴᠢᠯᠠᠯᠲᠠ ᠶᠢᠨ | ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠬᠦᠷᠲᠡᠭᠡᠨ᠎ᠡ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠂ ᠪᠢᠳᠡᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ | ᠮᠥᠨ᠂ ᠮᠥᠨ ᠴᠤ ᠠᠷᠠᠳ ᠲᠦᠮᠡᠨ ᠤ ᠳᠡᠮᠵᠢᠯᠭᠡ ᠳᠣᠣᠷ᠎ᠠ ᠪᠡᠶᠡᠯᠡᠭᠳᠡᠬᠦ ᠨᠢ ᠯᠠᠪᠲᠠᠢ ᠶᠤᠮ᠃ | ᠪᠢᠳᠡ ᠪᠦᠭᠦ ᠲᠠᠯ᠎ᠠ ᠶᠢᠨ ᠬᠥᠭᠵᠢᠯᠲᠡ ᠶᠢᠨ ᠲᠥᠯᠥᠭᠡ ᠴᠢᠷᠮᠠᠶᠢᠨ ᠵᠢᠳᠬᠦᠵᠦ᠂ ᠬᠥᠮᠥᠰ ᠤᠨ ᠡᠳ᠋ ᠪᠣᠳᠠᠰ ᠪᠠ | ᠤᠶᠤᠨ ᠰᠠᠨᠠᠭᠠᠨ ᠤ ᠶᠢᠷᠲᠢᠨᠴᠦ ᠶᠢ ᠠᠳᠠᠯᠢᠬᠠᠨ ᠪᠠᠶᠠᠨ ᠴᠢᠨᠡᠭᠡᠯᠢᠭ ᠪᠣᠯᠭᠠᠨ᠎ᠠ᠃ ᠳᠤᠮᠳᠠᠳᠤᠴᠤᠳ ᠠᠯᠢ ᠡᠷᠲᠡ ᠠᠴᠠ | ︽ᠢᠳᠡᠵᠦ ᠡᠮᠦᠰᠬᠦ ᠡᠯᠪᠡᠭ ᠪᠣᠯᠪᠠᠰᠤ ᠢᠷᠠᠭᠤ ᠠᠯᠳᠠᠷ ᠢᠴᠢᠭᠦᠷᠢ ᠭᠤᠲᠤᠮᠰᠢᠭ ᠢ ᠨᠡᠩ ᠮᠡᠳᠡᠮᠦᠢ︾ ᠭᠡᠳᠡᠭ ᠢ | ᠮᠡᠳᠡᠳᠡᠭ᠃ ᠡᠳ᠋ ᠪᠣᠳᠠᠰ ᠤᠨ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠨᠡᠶᠢᠭᠡᠮ ᠵᠢᠷᠤᠮ ᠪᠢᠰᠢ᠂ ᠤᠶᠦᠠ | ᠰᠠᠨᠠᠭᠠᠨ ᠤ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠴᠦ ᠨᠡᠶᠢᠭᠡᠮ ᠵᠢᠷᠤᠮ ᠪᠢᠰᠢ ᠶᠤᠮ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠠᠷᠠᠳ ᠲᠦᠮᠡᠨ ᠢᠶᠠᠷ ᠭᠤᠣᠯ ᠪᠤᠯᠭᠠᠬᠰᠠᠨ ᠣᠳᠣᠬᠢᠴᠢᠯᠠᠯᠲᠠ ᠮᠥᠨ᠂ | ᠲᠡᠭᠦᠨ ᠤ ᠳᠣᠲᠣᠷᠠᠬᠢ ᠨᠢᠭᠡᠨ ᠴᠢᠬᠤᠯᠠ ᠬᠠᠷᠠᠯᠲᠠ ᠪᠣᠯ ᠳᠠᠷᠤᠢ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ | ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢᠨ ᠬᠠᠮᠲᠤ ᠠᠷᠠᠳ | ᠲᠦᠮᠡᠨ ᠤ ᠤᠶᠤᠨ ᠰᠠᠨᠠᠭᠠᠨ ᠤ ᠶᠢᠷᠲᠢᠨᠴᠦ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠦᠭᠦ ᠨᠡᠶᠢᠭᠡᠮ ᠤᠨ | ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠠᠪᠤᠳᠠᠯ | ᠪᠣᠯᠣᠨ᠎ᠠ᠃ ᠪᠢ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ ᠳᠡᠯᠡᠬᠡᠢ | ᠨᠡᠶᠢᠭᠡᠮ ᠤᠨ ᠬᠢᠨ ᠤ ᠪᠣᠳᠠᠰ ᠤᠨ ᠪᠠ ᠤᠶᠤᠨ ᠰᠠᠨᠠᠭᠠᠨ ᠤ ᠲᠡᠩᠴᠡᠭᠦᠷᠢ ᠪᠠᠨ ᠠᠯᠳᠠᠭᠰᠠᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠰᠤᠷᠠᠯᠳᠠ ᠦᠭᠡᠢ ᠲᠠᠪᠰᠢᠬᠤ ᠶᠢ | ᠬᠠᠮᠲᠤ ᠪᠠᠷ ᠠᠬᠢᠭᠤᠯᠬᠤ ᠶᠢᠨ ᠲᠥᠯᠥᠭᠡ ᠶᠤᠮ᠃ | ᠪᠢᠳᠡ ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢᠨ ᠲᠥᠯᠥᠭᠡ ᠴᠢᠷᠮᠠᠶᠢᠨ ᠵᠢᠳᠬᠦᠵᠦ᠂ ᠬᠥᠮᠥᠨ | ᠪᠠᠶᠢᠭᠠᠯᠢ ᠶᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠤᠯᠤᠨ᠎ᠠ᠃ ︽ᠬᠥᠮᠥᠨ ᠪᠠᠶᠢᠭᠠᠯᠢ ᠨᠢᠭᠡᠳᠬᠦ︾᠂ ︽ᠶᠣᠰᠣᠨ ᠠᠨᠤ | ᠪᠠᠶᠢᠭᠠᠯᠢ ᠶᠢ ᠮᠥᠷᠳᠡᠬᠦ︾ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠣᠶᠢᠯᠠᠭᠠᠭᠳᠠᠬᠤᠨ | ᠮᠥᠨ᠃ ᠪᠢᠳᠠ ᠬᠠᠮᠲᠤ ᠪᠠᠷ ᠨᠢᠭᠡ ᠪᠥᠮᠪᠥᠷᠴᠡᠭ ᠲᠣᠰᠬᠤᠨ ᠳᠤ ᠪᠠᠶᠢᠨ᠎ᠠ᠂ ᠪᠢᠳᠡ ᠠᠮᠢᠳᠤ ᠰᠡᠷᠡᠭᠦᠨ ᠪᠠᠶᠢᠬᠤ ᠳᠠᠭᠠᠨ | ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠳᠤ ᠲᠣᠬᠢᠷᠠᠬᠤ ᠥᠭᠡᠷ᠎ᠡ ᠨᠢᠭᠡ ᠣᠳᠣᠨ ᠪᠥᠮᠪᠥᠷᠴᠡᠭ ᠢ ᠡᠷᠢᠵᠦ | ᠣᠯᠬᠤ ᠦᠭᠡᠢ ᠮᠠᠭᠠᠳ᠃ ᠠᠩᠭ᠍ᠯᠢ ᠬᠡᠯᠡᠨ ᠳᠤ ᠪᠠᠰᠠ᠄ ︽ᠳᠡᠯᠡᠬᠡᠢ ᠶᠢᠨ ᠪᠥᠮᠪᠥᠷᠴᠡᠭ ᠢ ᠪᠢᠳᠡ ᠡᠪᠦᠭᠡ | ᠳᠡᠭᠡᠳᠦᠰ ᠠᠴᠠ ᠪᠠᠨ ᠵᠠᠯᠭᠠᠮᠵᠢᠯᠠᠭᠰᠠᠨ ᠪᠢᠰᠢ᠂ ᠬᠠᠷᠢᠨ ᠦᠷ᠎ᠡ ᠬᠤᠶᠢᠴᠢᠰ ᠠᠴᠠ ᠪᠠᠨ ᠵᠢᠭᠡᠯᠡᠵᠦ ᠠᠪᠴᠢᠷᠠᠭᠰᠠᠨ | ᠶᠤᠮ︾ ᠭᠡᠳᠡᠭ᠃ 2002 ᠣᠨ ᠳᠤ ᠪᠢ ᠹᠦᠵᠢᠶᠠᠨ ᠳᠤ ᠮᠤᠵᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ | ᠪᠠᠶᠢᠬᠤ ᠳᠠᠭᠠᠨ ᠹᠦᠵᠢᠶᠠᠨ ᠢ ᠳᠤᠮᠳᠠᠳᠤ ᠤᠯᠤᠰ ᠤᠨ ᠠᠩᠬᠠᠳᠠᠭᠴᠢ ᠠᠮᠢ ᠠᠬᠤᠢ ᠶᠢᠨ ᠮᠤᠵᠢ ᠪᠣᠯᠭᠠᠨ ᠪᠦᠲᠦᠭᠡᠨ | ᠪᠠᠶᠢᠭᠤᠯᠤᠨ᠎ᠠ ᠭᠡᠵᠦ ᠳᠤᠷᠠᠳᠤᠭᠰᠠᠨ ᠶᠤᠮ᠃ ᠵᠧᠵᠢᠶᠠᠩ ᠳᠤ ᠬᠦᠷᠴᠦ ᠠᠵᠢᠯᠯᠠᠭᠰᠠᠨ ᠤ ᠲᠠᠷᠠᠭ᠎ᠠ᠂ 2005 ᠣᠨ ᠳᠤ | ᠪᠢ ᠪᠠᠰᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠵᠦ | ᠳᠤᠷᠠᠳᠤᠭᠰᠠᠨ ᠶᠤᠮ᠂ ᠤᠳᠤ ᠡᠨᠡ ᠨᠢ ᠨᠢᠭᠡᠨᠲᠡ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠲᠠᠨᠢᠯᠲᠠ | ᠪᠣᠯᠵᠠᠢ᠃ ᠣᠳᠣᠬᠠᠨ ᠳᠤ᠂ ᠪᠦᠭᠦ ᠪᠥᠮᠪᠥᠷᠴᠡᠭ ᠤᠨ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠶᠢᠨ ᠬᠠᠭᠠᠰ ᠰᠢᠬᠠᠮ ᠨᠢ ᠳᠤᠮᠳᠠᠳᠤ ᠤᠯᠤᠰ ᠲᠤ ᠪᠠᠶᠢᠵᠤ᠂ ᠪᠦᠭᠦ ᠪᠥᠮᠪᠥᠷᠴᠡᠭ ᠤᠨ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠭᠠᠰ ᠠᠴᠠ ᠳᠡᠭᠡᠭᠰᠢᠬᠢ ᠨᠢ ᠳᠤᠮᠳᠠᠳᠤ ᠤᠯᠤᠰ ᠲᠤ ᠠᠶᠠᠯᠠᠵᠤ᠂ ᠪᠦᠭᠦ | ᠪᠥᠮᠪᠥᠷᠴᠡᠭ ᠤᠨ ᠳᠥᠷᠪᠡᠨ ᠤ ᠨᠢᠭᠡ ᠬᠤᠪᠢ ᠶᠢᠨ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠶ ᠨᠢ | ᠳᠤᠮᠳᠠᠳᠤ ᠤᠯᠤᠰ ᠠᠴᠠ ᠢᠷᠡᠭᠰᠡᠨ ᠶᠤᠮ᠃ ᠪᠢᠳᠡ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠬᠦᠴᠦᠯᠡᠨ᠎ᠡ᠃ ᠪᠢᠳᠡ ᠬᠡᠯᠡᠭᠰᠡᠨ ᠳᠡᠭᠡᠨ ᠭᠦᠷᠦᠨ᠎ᠠ᠃ | ᠪᠢᠳᠡ ᠡᠩᠬᠡ ᠲᠠᠶᠢᠪᠤᠩ ᠬᠥᠭᠵᠢᠯᠲᠡ ᠶᠢᠨ ᠲᠥᠯᠥᠭᠡ ᠴᠢᠷᠮᠠᠶᠢᠨ ᠵᠢᠳᠬᠦᠵᠦ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠶᠢᠨ ᠪᠣᠯᠪᠠᠰᠤᠨ ᠪᠣᠯ | ᠡᠩᠬᠡ ᠲᠠᠶᠢᠪᠤᠩ ᠡᠪ ᠨᠠᠶᠢᠷᠲᠠᠢ ᠡᠶ᠎ᠡ ᠵᠣᠬᠢᠴᠠᠩᠭᠤᠢ ᠣᠶᠢᠯᠠᠭᠠᠭᠳᠠᠬᠤᠨ ᠢ ᠤᠯᠠᠮᠵᠢᠯᠠᠵᠤ ᠪᠠᠶᠢᠳᠠᠭ᠂ ᠳᠤᠮᠳᠠᠳᠤ | ᠤᠯᠤᠰ ᠲᠤ ᠭᠠᠳᠠᠭᠰᠢ ᠲᠦᠷᠢᠮᠡᠬᠡᠶᠢᠯᠡᠨ ᠲᠦᠷᠢᠬᠦ ᠭᠧᠨ ᠪᠠᠶᠢᠬᠤ ᠦᠭᠡᠢ ᠶᠤᠮ᠃ ᠳᠤᠮᠳᠠᠳᠤ ᠤᠯᠤᠰ ᠤᠨ ᠠᠷᠠᠳ | ᠲᠦᠮᠡᠨ ᠣᠶᠢᠷ᠎ᠠ ᠦᠶ᠎ᠡ ᠠᠴᠠ ᠨᠠᠭᠠᠰᠢᠬᠢ ᠥᠪᠡᠷ ᠤᠨ ᠪᠡᠶ᠎ᠡ ᠳᠤᠨᠢ ᠲᠤᠯᠭᠠᠷᠠᠭᠰᠠᠨ ᠦᠢᠮᠡᠭᠡᠨ ᠳᠡᠪᠵᠢᠶᠡᠨ ᠪᠠ | ᠭᠠᠰᠠᠯᠠᠩ ᠵᠣᠪᠠᠯᠠᠩ ᠢ ᠡᠭᠦᠷᠢᠳᠡ ᠮᠠᠷᠲᠠᠰᠢ ᠦᠭᠡᠢ ᠶᠤᠮ᠃ ᠪᠢ ᠦᠷᠭᠦᠯᠵᠢ᠂ ᠳᠤᠮᠳᠠᠳᠤ ᠤᠯᠤᠰ ᠤᠨ ᠠᠷᠠᠳ | ᠲᠦᠮᠡᠨ ᠤ ᠡᠰᠡᠷᠭᠦᠴᠡᠵᠦ ᠪᠠᠶᠢᠭ᠎ᠠ ᠨᠢ ᠳᠠᠷᠤᠢ ᠳᠠᠶᠢᠨ ᠪᠠᠶᠢᠯᠳᠤᠭᠠᠨ ᠶᠤᠮ᠂ ᠱᠠᠭᠠᠷᠳᠠᠵᠤ ᠪᠠᠶᠢᠭ᠎ᠠ ᠨᠢ ᠲᠣᠭᠲᠠᠭᠤᠨ | ᠪᠠᠶᠢᠳᠠᠯ ᠶᠤᠮ᠂ ᠬᠦᠰᠡᠵᠦ ᠪᠠᠶᠢᠭ᠎ᠠ ᠨᠢ ᠳᠡᠯᠡᠬᠡᠢ ᠳ᠋ᠠᠬᠢᠨ ᠠᠮᠤᠷ ᠲᠠᠶᠢᠪᠤᠩ ᠶᠤᠮ ᠭᠡᠵᠦ ᠬᠡᠯᠡᠳᠡᠭ | ᠪᠢᠯᠡ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠡᠶᠡᠯᠡᠭᠳᠡᠯ ᠨᠢ ᠡᠩᠬᠡ ᠲᠠᠶᠢᠪᠤᠩ | ᠲᠣᠭᠲᠠᠭᠤᠨ ᠳᠡᠯᠡᠬᠡᠢ ᠶᠢᠨ ᠣᠷᠴᠢᠨ ᠲᠣᠭᠤᠷᠢᠨ ᠠᠴᠠ ᠰᠠᠯᠵᠤ ᠴᠢᠳᠠᠬᠤ ᠦᠭᠡᠢ ᠶᠤᠮ᠃ ᠪᠢᠳᠡ ᠲᠠᠶᠢᠨ ᠪᠠᠶᠢᠯᠳᠤᠭᠠᠨ᠂ | ᠺᠣᠯᠣᠨᠢᠴᠢᠯᠠᠯ᠂ ᠳᠡᠭᠡᠷᠡᠮᠳᠡᠯ᠂ ᠰᠦᠷᠳᠡᠭᠦᠯᠦᠯ ᠵᠡᠷᠭᠡ ᠠᠷᠭ᠎ᠠ ᠮᠠᠶ᠋ᠢᠭ ᠢᠶᠠᠷ ᠣᠳᠣᠬᠢᠴᠢᠯᠠᠯᠲᠠ ᠶᠢ ᠪᠡᠶᠡᠯᠡᠭᠦᠯᠬᠦ | ᠬᠠᠭᠤᠴᠢᠨ ᠵᠠᠮ ᠢᠶᠠᠷ ᠶᠠᠭᠠᠬᠢᠭᠰᠠᠨ ᠴᠤ ᠵᠠᠮᠨᠠᠬᠤ ᠦᠭᠡᠢ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ᠂ ᠳᠤᠮᠳᠠᠳᠤ ᠤᠯᠤᠰ ᠶᠠᠮᠠᠷ | ᠴᠤ ᠲᠠᠶᠢᠨ ᠪᠠ ᠮᠥᠷᠭᠦᠯᠳᠦᠭᠡᠨ ᠢ ᠰᠠᠨᠠᠭᠠᠴᠢᠯᠠᠭ᠎ᠠ ᠠᠴᠠ ᠪᠠᠨ ᠥᠳᠥᠭᠡᠭᠰᠡᠨ ᠦᠭᠡᠢ᠂ ᠪᠤᠰᠤᠳ ᠤᠯᠤᠰ ᠤᠨ | ᠢᠮᠠᠬᠤ ᠶᠢᠨ ᠲᠡᠳᠦᠢ ᠭᠠᠵᠠᠷ ᠰᠢᠷᠣᠢ ᠶᠢ ᠴᠤ ᠲᠦᠷᠢᠮᠡᠬᠡᠶᠢᠯᠡᠨ ᠡᠵᠡᠯᠡᠭᠰᠡᠨ ᠦᠭᠡᠢ᠂ ᠡᠩᠬᠡ ᠲᠠᠶᠢᠪᠤᠩ | ᠬᠥᠭᠵᠢᠯᠲᠡ ᠶᠢ ᠦᠨᠳᠦᠰᠦᠨ ᠬᠠᠤᠯᠢ ᠪᠠ ᠲᠦᠷᠦ ᠪᠠᠷᠢᠭᠴᠢ ᠨᠠᠮ ᠤᠨ ᠨᠠᠮ ᠤᠨ ᠳᠦᠷᠢᠮ ᠳᠤ ᠪᠢᠴᠢᠨ ᠣᠷᠣᠭᠤᠯᠵᠤ᠂ | ᠤᠯᠤᠰ ᠤᠨ ᠵᠣᠷᠢᠭ ᠰᠠᠨᠠᠭ᠎ᠠ ᠳᠤ ᠭᠦᠷᠳᠡᠯ᠎ᠡ ᠳᠡᠭᠡᠭᠰᠢᠯᠡᠭᠦᠯᠦᠭᠰᠡᠨ ᠴᠤᠷ ᠤᠨ ᠭᠠᠭᠴᠠ ᠲᠣᠮᠣ ᠤᠯᠤᠰ ᠪᠤᠯᠬᠤ | ᠶᠤᠮ᠃ ᠳᠤᠮᠳᠠᠳᠤ ᠤᠯᠤᠰ ᠪᠣᠯ ᠤᠳᠤ ᠶᠢᠨ ᠬᠡᠷᠡᠭᠵᠢᠭᠦᠯᠵᠦ ᠪᠠᠶᠢᠭ᠎ᠠ ᠤᠯᠠᠨ ᠤᠯᠤᠰ ᠤᠨ ᠡᠮᠬᠢ ᠵᠢᠷᠤᠮ ᠤᠨ ᠠᠰᠢᠭ | ᠭᠦᠷᠳᠡᠭᠴᠢ ᠪᠠ ᠬᠠᠮᠠᠭᠠᠯᠠᠭᠴᠢ ᠮᠥᠨ᠃ ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ | ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠵᠢᠷᠤᠮ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ | ᠦᠨᠳᠦᠰᠦᠨ ᠪᠠᠷᠢᠮᠵᠢᠶ᠎ᠠ ᠶᠢ ᠬᠠᠮᠠᠭᠠᠯᠠᠨ᠎ᠠ᠃ ᠬᠤᠶᠢᠰᠢᠳᠠ ᠶᠠᠮᠠᠷ ᠬᠡᠮᠵᠢᠶᠡᠨ ᠳᠤ ᠭᠦᠷᠲᠡᠯ᠎ᠡ ᠬᠥᠭᠵᠢᠭᠰᠡᠨ ᠴᠦ ᠪᠢᠳᠡ | ᠬᠡᠵᠢᠶᠡᠳᠡ ᠡᠵᠡᠷᠬᠡᠭᠴᠢ ᠪᠤᠯᠬᠤ ᠦᠭᠡᠢ᠂ ᠭᠠᠳᠠᠭᠰᠢ ᠲᠦᠷᠢᠮᠡᠬᠡᠶᠢᠯᠡᠬᠦ ᠦᠭᠡᠢ᠂ ᠪᠤᠰᠤᠳ ᠲᠤ ᠠᠯᠪᠠ ᠪᠠᠷ ᠲᠤᠯᠭᠠᠬᠤ | ᠦᠭᠡᠢ᠂ ᠡᠷᠬᠡᠰᠢᠶᠡᠯ ᠤᠨ ᠬᠦᠷᠢᠶ᠎ᠡ ᠶᠢ ᠬᠥᠭᠡᠭᠡᠴᠡᠯᠳᠦᠬᠦ ᠦᠭᠡᠢ᠂ ᠶᠠᠮᠠᠷᠪᠠ ᠤᠯᠤᠰ ᠲᠠᠢ ᠬᠦᠢᠲᠡᠨ ᠳᠠᠶᠢᠨ ᠬᠠᠯᠠᠭᠤᠨ | ᠳᠠᠶᠢᠨ ᠬᠢᠬᠦ ᠦᠭᠡᠢ᠃ ᠳᠤᠮᠳᠠᠳᠤ ᠤᠯᠤᠰ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ | ᠠᠴᠠ ᠪᠢᠰᠢ ᠬᠤᠯᠪᠤᠭ᠎ᠠ ᠪᠠᠶᠢᠭᠤᠯᠬᠤ ᠦᠭᠡᠢ ᠶᠢ ᠪᠠᠷᠢᠮᠲᠠᠯᠠᠵᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ | ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ | ᠬᠥᠭᠡᠭᠡᠴᠡᠯᠳᠦᠵᠦ ᠪᠠᠶᠢᠭ᠎ᠠ ᠨᠢ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠪᠢᠰᠢ᠂ | ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ | ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠵᠦ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ︕ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠲᠡᠦᠬᠡ ᠶᠢᠨ ᠤᠷᠳᠤ ᠮᠥᠷᠡᠨ ᠤ ᠳᠠᠪᠠᠯᠭᠠᠨ ᠠᠴᠠ ᠡᠯᠡᠰᠦ ᠶᠢ ᠲᠤᠩᠭᠠᠬᠤ ᠳᠤ ᠡᠴᠦᠰ ᠲᠡᠭᠡᠨ ᠲᠤᠨᠤᠵᠤ | ᠦᠯᠡᠳᠡᠭᠰᠡᠨ ᠨᠢ ᠶᠡᠷᠦ ᠨᠢ ᠬᠠᠮᠤᠭ ᠤᠨ ᠦᠨ᠎ᠡ ᠦᠷᠳᠡᠭ ᠲᠠᠢ ᠵᠦᠢᠯ ᠪᠣᠯᠣᠨ᠎ᠠ᠃ ᠪᠠᠶᠢᠳᠠᠯ ᠶᠠᠭᠠᠬᠢᠵᠤ ᠬᠤᠪᠢᠷᠠᠭᠰᠠᠨ | ᠴᠤ ᠳᠤᠮᠳᠠᠳᠤ ᠠᠮᠧᠷᠢᠺᠠ ᠶᠢᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠡᠦᠬᠡ ᠶᠢᠨ ᠯᠣᠭᠢᠭ ᠬᠤᠪᠢᠷᠠᠬᠤ ᠦᠭᠡᠢ᠂ | ᠬᠤᠶᠠᠷ ᠤᠯᠤᠰ ᠤᠨ ᠠᠷᠠᠳ ᠲᠦᠮᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠦᠨᠳᠦᠰᠦᠨ ᠬᠦᠰᠡᠯ ᠡᠷᠡᠮᠡᠯᠵᠡᠯ | ᠬᠤᠪᠢᠷᠠᠬᠤ ᠦᠭᠡᠢ᠂ ᠳᠡᠯᠡᠬᠡᠢ ᠶᠢᠨ ᠠᠷᠠᠳ ᠲᠦᠮᠡᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ | ᠬᠥᠭᠵᠢᠯᠲᠡ ᠳᠤ ᠲᠠᠯᠪᠢᠵᠤ ᠪᠠᠶᠢᠭ᠎ᠠ ᠨᠡᠶᠢᠳᠡᠮ ᠤᠨ ᠬᠦᠰᠡᠯ ᠡᠷᠡᠮᠡᠯᠵᠡᠯ ᠬᠤᠪᠢᠷᠠᠬᠤ ᠦᠭᠡᠢ ᠶᠤᠮ᠃ ᠶᠠᠮᠠᠷᠪᠠ ᠨᠢᠭᠡᠨ | ᠠᠭᠤᠤ ᠶᠡᠭᠡ ᠦᠢᠯᠡᠰ ᠢ ᠪᠦᠲᠦᠭᠡᠬᠦ ᠳᠤ ᠴᠥᠮ ᠡᠷᠬᠡᠪᠰᠢ ᠠᠷᠠᠳ ᠲᠦᠮᠡᠨ ᠤ ᠳᠤᠮᠳᠠ ᠠᠴᠠ ᠦᠨᠳᠦᠰᠦ | ᠰᠠᠭᠤᠷᠢ ᠶᠢ ᠣᠯᠵᠤ᠂ ᠠᠷᠠᠳ ᠲᠦᠮᠡᠨ ᠤ ᠳᠤᠮᠳᠠ ᠠᠴᠠ ᠬᠦᠴᠦᠨ ᠬᠤᠷᠠᠮᠳᠤᠭᠤᠯᠵᠤ᠂ ᠠᠷᠠᠳ ᠲᠦᠮᠡᠨ ᠬᠠᠮᠲᠤ ᠪᠠᠷ | ᠪᠡᠶᠡᠯᠡᠭᠦᠯᠳᠡᠭ᠃ ᠳᠤᠮᠳᠠᠳᠤ ᠠᠮᠧᠷᠢᠺᠠ ᠶᠢᠨ ᠨᠥᠬᠦᠷᠯᠡᠯ ᠪᠣᠯ ᠳᠠᠷᠤᠢ ᠡᠶᠢᠮᠦ ᠨᠢᠭᠡᠨ ᠠᠭᠤᠤ ᠶᠡᠭᠡ ᠦᠢᠯᠡᠰ | ᠮᠥᠨ᠃ ᠪᠢᠳᠠ ᠬᠤᠶᠠᠷ ᠤᠯᠤᠰ ᠤᠨ ᠠᠷᠠᠳ ᠲᠦᠮᠡᠨ ᠤ ᠬᠦᠴᠦᠨ ᠢ ᠨᠢᠭᠲᠠᠷᠠᠭᠤᠯᠵᠤ᠂ ᠳᠤᠮᠳᠠᠳᠤ ᠠᠮᠧᠷᠢᠺᠠ ᠶᠢᠨ | ᠨᠥᠬᠦᠷᠯᠡᠯ ᠢ ᠦᠷᠭᠦᠯᠵᠢᠯᠡᠭᠦᠯᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠠᠬᠢᠭᠤᠯᠵᠤ᠂ ᠳᠡᠯᠡᠬᠡᠢ ᠶᠢᠨ ᠡᠩᠬᠡ | ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠵᠠᠭᠠᠶ᠎ᠠ︕ | ︵ᠰᠢᠨᠬᠤᠸᠠ ᠬᠤᠷᠢᠶ᠎ᠠ ᠶᠢᠨ ᠰᠠᠨ ᠹᠷᠠᠨᠰᠢᠰᠺᠤ ᠶᠢᠨ 11 ᠰᠠᠷ᠎ᠠ ᠶᠢᠨ 15 ᠤ ᠴᠠᠭᠢᠯᠭᠠᠨ ᠮᠡᠳᠡᠭᠡ︶ | | |