ᠰᠤᠷᠭᠠᠨ ᠬᠥᠮᠦᠵᠢᠯ ᠤᠨ ᠥᠭᠡᠷᠡᠴᠢᠯᠡᠯᠲᠡ ᠳᠤ ᠠᠩᠬᠠᠷᠤᠯ ᠢᠶᠠᠨ ᠬᠠᠨᠳᠤᠭᠤᠯᠬᠤ ᠨᠢ — ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠣᠷᠳᠣᠰ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠤᠷᠳᠤᠴᠠ ᠲᠠᠢ ᠪᠥᠭᠡᠳ ᠡᠷᠴᠢᠮ ᠲᠠᠢ ᠬᠠᠯᠠᠭᠤᠨ ᠳᠤᠯᠠᠭᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/11/21
      ᠡᠨᠡ ᠵᠢᠯ᠂ ᠨᠠᠮ ᠤᠨ ᠬᠤᠷᠢᠳᠤᠭᠠᠷ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠵᠤ᠂ ᠥᠭᠡᠷᠡᠴᠢᠯᠡᠯᠲᠡ ᠶᠢᠨ ᠴᠠᠭ ᠪᠢᠳᠡᠨ ᠢ ᠬᠦᠯᠢᠶᠡᠬᠦ ᠦᠭᠡᠢ᠂ ᠬᠥᠭᠵᠢᠯᠲᠡ ᠶᠢᠨ ᠡᠭᠦᠷᠭᠡ ᠬᠦᠨᠳᠦ ᠵᠠᠮ ᠬᠤᠯᠠ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠭᠤᠨ ᠵᠢᠯ ᠤᠨ ᠢᠷᠠᠭᠤ ᠠᠯᠳᠠᠷ ᠢ ᠵᠠᠯᠭᠠᠮᠵᠢᠯᠠᠵᠤ᠂ ᠴᠠᠭ ᠦᠶ᠎ᠡ ᠶᠢᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ︾ ︽ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠲᠤᠰᠬᠠᠢ ᠪᠤᠯᠤᠩ ᠭᠠᠷᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠰᠤᠷᠤᠭᠴᠢᠳ ᠢᠶᠠᠷ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠤᠮᠠᠷᠠᠲᠤ ᠬᠢᠯᠢ ᠪᠠᠨ ᠴᠣᠭᠴᠠᠯᠠᠬᠤ︾ ᠠᠮᠢᠳᠤᠯᠢᠭ ᠦᠯᠢᠭᠡᠷ ᠢ ᠶᠠᠷᠢᠭᠤᠯᠵᠤ᠂ ᠥᠷᠭᠡᠨ ᠣᠯᠠᠨ ᠪᠠᠭᠰᠢ ᠰᠤᠷᠤᠭᠴᠢ ᠶᠢᠨ ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠠᠬᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠴᠥᠬᠦᠷᠡᠰᠢ ᠦᠭᠡᠢ ᠦᠢᠯᠡᠳᠦᠯᠭᠡᠵᠢᠭᠦᠯᠵᠦ᠂ ᠰᠢᠯᠢᠳᠡᠭ ᠬᠠᠷᠢᠭᠤᠯᠲᠠ ᠶᠢᠨ ᠬᠠᠭᠤᠳᠠᠰᠤ ᠳᠤᠰᠢᠶᠠᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠲᠠᠰᠤᠷᠠᠯᠲᠠ ᠦᠭᠡᠢ ᠵᠣᠷᠢᠭᠵᠢᠭᠤᠯᠪᠠ︕      2022 ᠣᠨ ᠤ 5 ᠰᠠᠷ᠎ᠠ ᠳᠤ᠂ ᠣᠷᠳᠣᠰ ᠬᠤᠲᠠ ᠶᠢᠨ ᠵᠢᠯ ᠳᠤ ᠨᠢᠭᠡ ᠤᠳᠠᠭ᠎ᠠ ᠶᠠᠪᠤᠭᠳᠠᠭᠤᠯᠳᠠᠭ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠠᠵᠢᠯ ᠡᠬᠢᠯᠡᠪᠡ᠃ ᠥᠩᠭᠡᠷᠡᠭᠰᠡᠨ ᠵᠢᠯ ᠤᠳ ᠲᠠᠢ ᠠᠳᠠᠯᠢ ᠦᠭᠡᠢ ᠨᠢ᠂ ᠭᠡᠷ ᠤᠨ ᠠᠬᠠᠮᠠᠳ ᠡᠷᠦᠬᠡ ᠠᠮᠠ᠂ ᠭᠡᠷ ᠬᠥᠷᠥᠩᠭᠡ ᠵᠡᠷᠭᠡ ᠶᠢᠨ ᠭᠡᠷᠡᠴᠢ ᠮᠠᠲ᠋ᠧᠷᠢᠶᠠᠯ ᠢᠶᠠᠨ ᠠᠪᠴᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ ᠬᠢᠨᠠᠨ  ᠰᠢᠯᠭᠠᠭᠤᠯᠬᠤ ᠬᠡᠷᠡᠭ ᠲᠠᠢ ᠪᠣᠯᠵᠤ᠂ ᠵᠥᠪᠬᠡᠨ ᠰᠤᠯᠠ ᠰᠡᠯᠡᠭᠦᠦ ᠴᠠᠭ ᠢᠶᠠᠨ ᠠᠰᠢᠭᠯᠠᠨ ︽ᠮᠥᠩᠬᠡ ᠰᠤᠪᠠᠭ︾ APP᠎ ᠳᠤ ᠬᠠᠮᠢᠶ᠎ᠠ ᠪᠦᠬᠦᠢ ᠮᠠᠲ᠋ᠧᠷᠢᠶᠠᠯ ᠤᠨ ᠭᠡᠷᠡᠯ ᠵᠢᠷᠤᠭ ᠢ ᠳᠠᠮᠵᠢᠭᠤᠯᠪᠠᠯ ᠳᠠᠷᠤᠢ ᠳᠠᠩᠰᠠᠯᠠᠭᠤᠯᠵᠤ ᠪᠣᠯᠤᠨ᠎ᠠ᠃ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠳᠠᠩᠰᠠᠯᠠᠭᠤᠯᠵᠤ ᠳᠠᠭᠤᠰᠤᠭᠰᠠᠨ ᠤ ᠳᠠᠷᠠᠭᠠᠬᠢ 1 - 2 ᠰᠠᠷ᠎ᠠ ᠶᠢᠨ ᠳᠣᠲᠣᠷ᠎ᠠ᠂ ᠡᠯ᠎ᠡ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠦᠯᠦ ᠬᠥᠳᠡᠯᠬᠦ ᠬᠥᠷᠥᠩᠭᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠰᠦᠯᠵᠢᠶᠡᠨ ᠳᠤ ᠨᠡᠷ᠎ᠡ ᠮᠡᠳᠡᠭᠦᠯᠦᠭᠰᠡᠨ ᠰᠤᠷᠤᠭᠴᠢᠳ ᠤᠨ ᠡᠷᠦᠬᠡ ᠠᠮᠠ᠂ ᠭᠡᠷ ᠬᠥᠷᠥᠩᠭᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠰᠢᠯᠭᠠᠵᠤ᠂ ︽ᠮᠠᠲ᠋ᠧᠷᠢᠶᠠᠯ ᠳᠤᠰᠢᠶᠠᠬᠤ ᠦᠭᠡᠢ︾᠂ ︽ᠭᠦᠶᠦᠬᠦ ᠦᠭᠡᠢ︾᠎ ᠶᠢ ᠪᠡᠶᠡᠯᠡᠭᠦᠯᠵᠦ᠂ ᠥᠩᠭᠡᠷᠡᠭᠰᠡᠨ ᠤ ᠠᠬᠤᠢ ᠲᠠᠯᠠᠪᠠᠢ ᠳᠤ ᠬᠦᠯᠢᠶᠡᠬᠦ᠂ ᠠᠬᠤᠢ ᠲᠠᠯᠠᠪᠠᠢ ᠳᠤ ᠬᠢᠨᠠᠨ ᠰᠢᠯᠭᠠᠬᠤ ᠵᠡᠷᠭᠡ ᠶᠠᠪᠤᠴᠠ ᠶᠢ  ᠳᠥᠭᠦᠮᠴᠢᠯᠡᠵᠦ᠂ ᠭᠡᠷ ᠤᠨ ᠠᠬᠠᠮᠠᠳ ᠤᠨ ᠴᠠᠭ ᠪᠠ ᠣᠶᠤᠨ ᠴᠢᠳᠠᠯ ᠢ ᠠᠷᠪᠢᠯᠠᠵᠤ᠂ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ 5 ᠰᠠᠷ᠎ᠠ ᠶᠢᠨ 23᠎ ᠤ ᠡᠳᠦᠷ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠶᠢ ᠳᠠᠩᠰᠠᠯᠠᠬᠤ ᠠᠵᠢᠯ ᠳᠠᠭᠤᠰᠴᠤ᠂ ᠪᠦᠬᠦ ᠬᠤᠲᠠ ᠳᠤ 49870 ᠬᠥᠮᠦᠨ ᠳᠠᠩᠰᠠᠯᠠᠭᠤᠯᠤᠨ ᠨᠡᠷ᠎ᠡ ᠮᠡᠳᠡᠭᠦᠯᠪᠡ᠃ 8 ᠰᠠᠷ᠎ᠠ ᠶᠢᠨ ᠰᠡᠭᠦᠯᠴᠢ ᠪᠠᠷ᠂ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠂ ᠬᠡᠰᠡᠭ ᠬᠤᠪᠢᠶᠠᠨ ᠬᠤᠪᠢᠶᠠᠷᠢᠯᠠᠭᠰᠠᠨ ᠦᠷ᠎ᠡ ᠳ᠋ᠦᠩ ᠢ ︽ᠣᠷᠳᠣᠰ ᠬᠤᠲᠠ ᠶᠢᠨ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠬᠠᠮᠢᠶᠠᠷᠤᠯᠲᠠ︾᠎ ᠶᠢᠨ ᠰᠢᠰᠲ᠋ᠧᠮ ᠢᠶᠠᠷ ᠳᠠᠮᠵᠢᠭᠤᠯᠤᠨ ᠨᠡᠶᠢᠲᠡᠯᠡᠵᠦ᠂ ᠭᠡᠷ ᠤᠨ ᠠᠬᠠᠮᠠᠳ ᠭᠠᠷ ᠤᠲᠠᠰᠤᠨ ᠳᠤ ᠪᠠᠨ ᠳᠠᠷᠤᠢ ᠪᠠᠶᠢᠴᠠᠭᠠᠨ ᠯᠠᠪᠯᠠᠵᠤ ᠪᠣᠯᠤᠨ᠎ᠠ᠃ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ︽ᠠᠯᠠᠭᠠᠨ ᠳᠡᠭᠡᠷ᠎ᠡ ᠭᠦᠢᠴᠡᠳᠬᠡᠬᠦ︾ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠨ᠎ᠡ ᠵᠠᠭᠪᠤᠷ ᠢ ᠡᠬᠢᠯᠡᠭᠦᠯᠵᠦ᠂ ︽ᠠᠭᠤᠯᠵᠠᠬᠤ ᠦᠭᠡᠢ︾᠎ ᠪᠠᠷ ᠨᠡᠷ᠎ᠡ ᠮᠡᠳᠡᠭᠦᠯᠵᠦ ᠳᠠᠩᠰᠠᠯᠠᠭᠤᠯᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠬᠡᠰᠡᠭ ᠬᠤᠪᠢᠶᠠᠨ ᠰᠤᠷᠭᠠᠭᠤᠯᠢ ᠎ ᠳᠤ ᠣᠷᠣᠬᠤ᠂ ᠰᠤᠷᠭᠠᠭᠤᠯᠢ ᠳᠤ ᠣᠷᠣᠵᠤ ᠠᠩᠭᠢ ᠬᠤᠪᠢᠶᠠᠬᠤ ᠵᠡᠷᠭᠡ ᠳᠡᠰ ᠳᠠᠷᠠᠭᠠᠯᠠᠯ ᠤᠨ ᠰᠢᠨ᠎ᠡ ᠡᠷᠡᠨ ᠢ ᠡᠬᠢᠯᠡᠭᠦᠯᠵᠦ᠂ ︽ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ︾ ᠴᠦ ᠡᠭᠦᠨ ᠠᠴᠠ ᠪᠣᠯᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠥᠩᠬᠡ ᠰᠤᠪᠠᠭ︾᠎ ᠤᠨ ᠰᠢᠯᠵᠢᠮᠡᠯ ᠦᠵᠦᠭᠦᠷ ᠤᠨ ᠠᠷᠪᠠᠨ ᠰᠠᠶᠢᠨ ᠬᠡᠷᠡᠭᠯᠡᠭᠡ ᠪᠠᠷ ᠦᠨᠡᠯᠡᠭᠳᠡᠪᠡ᠃     ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢᠨ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠷᠠᠳ ᠢᠷᠭᠡᠳ ᠢ ᠳᠤᠲᠠᠭᠤ ᠭᠦᠶᠦᠯᠭᠡᠬᠦ︾ ᠪᠣᠯ ᠰᠤᠷᠭᠠᠨ ᠬᠥᠮᠦᠵᠢᠯ ᠤᠨ ᠠᠷᠠᠳ ᠲᠤ ᠠᠰᠢᠭ ᠬᠦᠷᠲᠡᠭᠡᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ᠂ ᠨᠡᠩ ᠴᠤ ᠦᠨᠡᠨᠴᠢ ᠢᠲᠡᠭᠡᠮᠵᠢ ᠪᠠᠷ ᠠᠷᠠᠳ ᠤᠨ ᠲᠥᠯᠥᠭᠡ ᠵᠢᠳᠬᠦᠬᠦ ᠠᠮᠢᠳᠤᠯᠢᠭ ᠢᠯᠡᠷᠡᠯ ᠮᠥᠨ᠃ ᠡᠨᠡ ᠨᠢ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠺᠠᠳ᠋ᠷᠴᠤᠳ ᠤᠨ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠵᠣᠪᠠᠨᠢᠯ ᠢ ᠠᠷᠢᠯᠭᠠᠭᠰᠠᠨ ᠤ ᠬᠤᠷᠢᠶᠠᠩᠭᠤᠢ ᠳᠦᠷᠰᠦ ᠪᠣᠯᠤᠨ᠎ᠠ᠃ 2021 ᠣᠨ ᠠᠴᠠ ᠨᠠᠭᠠᠰᠢ᠂ ᠪᠦᠬᠦ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ︽ᠪᠢ ᠣᠯᠠᠨ ᠲᠦᠮᠡᠨ ᠳᠤ ᠪᠣᠳᠠᠲᠤ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠥᠭᠴᠦ᠂ ᠠᠷᠠᠳ ᠲᠦᠮᠡᠨ ᠳᠤ ᠬᠡᠷᠡᠭᠴᠡᠭᠡ ᠲᠠᠢ ᠪᠣᠯ ᠪᠢᠳᠡ ᠪᠡᠶᠡᠯᠡᠭᠦᠯᠵᠦ ᠥᠭᠭᠦᠨ᠎ᠡ︾ ᠭᠡᠳᠡᠭ ᠢ ᠴᠢᠷᠮᠠᠶᠢᠨ ᠪᠡᠶᠡᠯᠡᠭᠦᠯᠪᠡ᠃      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂       ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂       ᠠᠷᠠᠳ ᠲᠤ ᠨᠡᠩ ᠰᠠᠶᠢᠨ ᠠᠰᠢᠭ ᠭᠦᠷᠲᠡᠭᠡᠪᠡ      ᠡᠨᠡ ᠵᠢᠯ ᠠᠴᠠ ᠨᠠᠭᠠᠰᠢ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠪᠠ ᠠᠩᠬ᠎ᠠ ᠠᠰᠠᠭᠤᠬᠤ ᠶᠢ ᠬᠠᠷᠢᠭᠤᠴᠠᠬᠤ ᠳᠦᠷᠢᠮ᠂ ᠨᠢᠭᠡ ᠯᠡ ᠤᠳᠠᠭ᠎ᠠ ᠳᠤ ᠮᠡᠳᠡᠭᠳᠡᠬᠦ ᠳᠦᠷᠢᠮ᠂ ᠴᠠᠭ ᠬᠢᠵᠠᠭᠠᠷᠯᠠᠨ ᠭᠦᠢᠴᠡᠳᠬᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠷᠡᠴᠢᠯᠡᠬᠦ ᠵᠦᠢᠯ ᠢ ᠮᠡᠳᠡᠭᠳᠡᠬᠦ ᠠᠮᠠᠯᠠᠯᠲᠠ ᠶᠢᠨ ᠳᠦᠷᠢᠮ ᠪᠠ ᠳᠤᠲᠠᠭᠤ ᠮᠠᠲ᠋ᠧᠷᠢᠶᠠᠯ ᠎ ᠢ ᠬᠤᠶᠢᠨ᠎ᠠ ᠠᠴᠠ ᠨᠢ ᠨᠥᠬᠦᠪᠦᠷᠢᠯᠡᠭᠦᠯᠬᠦ ᠪᠠᠷ ᠬᠦᠯᠢᠶᠡᠨ ᠠᠪᠴᠤ ᠰᠢᠢᠳᠪᠦᠷᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠂ 3 ᠵᠦᠢᠯ ᠳᠤ 3 ᠵᠦᠢᠯ ᠤᠨ ᠮᠠᠲ᠋ᠧᠷᠢᠶᠠᠯ ᠤᠨ ᠳᠤᠲᠠᠭᠤ ᠶᠢ ᠬᠤᠶᠢᠨ᠎ᠠ ᠠᠴᠠ ᠨᠢ ᠨᠥᠬᠦᠪᠦᠷᠢᠯᠡᠭᠦᠯᠬᠦ ᠪᠠᠷ ᠬᠦᠯᠢᠶᠡᠨ ᠠᠪᠴᠤ ᠰᠢᠢᠳᠪᠦᠷᠢᠯᠡᠬᠦ᠂ 2 ᠵᠦᠢᠯ ᠎ ᠳᠤ 4 ᠵᠦᠢᠯ ᠤᠨ ᠮᠠᠲ᠋ᠧᠷᠢᠶᠠᠯ ᠤᠨ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠪᠡ᠃ 4 ᠵᠦᠢᠯ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠪᠡᠶᠡᠯᠡᠭᠦᠯᠵᠦ᠂ ︽ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ︾᠎ ᠢ ᠪᠠᠭᠲᠠᠭᠠᠭᠰᠠᠨ 29 ᠥᠨᠳᠥᠷ ᠳᠠᠪᠲᠠᠮᠵᠢᠲᠤ ᠣᠨᠴᠠᠯᠢᠭᠲᠤ ᠬᠡᠷᠡᠭᠯᠡᠯᠲᠡ ᠶᠢ ︽ᠮᠥᠩᠬᠡ ᠰᠤᠪᠠᠭ︾᠎ ᠲᠤ ᠵᠠᠯᠭᠠᠨ ᠣᠷᠣᠭᠤᠯᠵᠤ᠂ ᠡᠭᠦᠨ ᠳᠤ ᠭᠦᠢᠴᠡᠳᠭᠡᠬᠦ ᠳᠤ ᠬᠡᠷᠡᠭᠯᠡᠵᠦ ᠪᠣᠯᠬᠤ ᠵᠦᠢᠯ 17 ᠪᠠ ᠪᠠᠶᠢᠴᠠᠭᠠᠨ ᠯᠠᠪᠠᠯᠬᠤ ᠳᠤ ᠬᠡᠷᠡᠭᠯᠡᠵᠦ ᠪᠣᠯᠬᠤ ᠵᠦᠢᠯ 12 ᠪᠠᠶᠢᠵᠤ᠂ ︽ᠠᠯᠠᠭᠠᠨ ᠳᠡᠭᠡᠷ᠎ᠡ ᠭᠦᠢᠴᠡᠳᠬᠡᠬᠦ︾᠎ ᠶᠢ ᠪᠡᠶᠡᠯᠡᠭᠦᠯᠪᠡ᠃ ᠡᠭᠦᠨ ᠤ ᠬᠠᠮᠲᠤ᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠣᠨᠳᠣᠣ ᠭᠠᠵᠠᠷ ᠲᠤ ᠨᠡᠶᠢᠳᠡᠮ ᠭᠦᠢᠴᠡᠳᠭᠡᠬᠦ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠢ ᠪᠦᠬᠦᠨ ᠢ ︽ᠨᠢᠭᠡ ᠴᠣᠩᠬᠤᠪᠴᠢ︾᠎ ᠪᠠᠷ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠨ᠂ ᠰᠦᠯᠵᠢᠶᠡᠨ ᠳᠤ ᠭᠦᠢᠴᠡᠳᠬᠡᠵᠦ ᠪᠣᠯᠤᠨ᠎ᠠ᠂ ᠳᠥᠷᠪᠡᠨ ᠲᠥᠷᠥᠯ ᠤᠨ ᠡᠯᠧᠺᠲᠷᠣᠨ ᠦᠨᠡᠮᠯᠡᠯ ᠢ ᠲᠠᠨᠢᠵᠤ ᠠᠪᠬᠤ ᠶᠢ ᠪᠡᠶᠡᠯᠡᠭᠦᠯᠵᠦ᠂ 7900 ᠭᠠᠷᠤᠢ ᠲᠤᠭ᠎ᠠ ᠪᠠᠷᠢᠮᠲᠠ ᠶᠢ ᠬᠤᠷᠠᠮᠳᠤᠭᠤᠯᠤᠭᠰᠠᠨ ᠪᠥᠭᠡᠳ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠨᠣᠷᠮ᠎ᠠ 100%᠎ ᠳᠤ ᠬᠦᠷᠴᠦ᠂ 9 ᠵᠦᠢᠯ ᠳᠤ 22 ᠵᠦᠢᠯ ᠤᠨ ᠮᠠᠲ᠋ᠧᠷᠢᠶᠠᠯ ᠤᠨ ᠬᠤᠯᠪᠣᠭᠳᠠᠯ ᠪᠦᠬᠦᠢ ᠡᠯᠧᠺᠲᠷᠣᠨ ᠭᠡᠷᠡᠴᠢ ᠦᠨᠡᠮᠯᠡᠯ ᠢ ᠪᠦᠬᠦᠨ ᠎ ᠢ ᠪᠡᠶᠡᠯᠡᠭᠦᠯᠪᠡ᠃ 3 ᠵᠦᠢᠯ ᠳᠤ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠶᠢ ᠪᠡᠶᠡᠯᠡᠭᠦᠯᠵᠦ᠂ 6 ᠵᠦᠢᠯ ᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠠᠷᠢᠯᠴᠠᠨ ᠮᠡᠳᠡᠷᠡᠵᠦ ᠬᠠᠷᠢᠯᠴᠠᠨ ᠭᠦᠢᠴᠡᠳᠬᠡᠬᠦ ᠶᠢ  ᠪᠡᠶᠡᠯᠡᠭᠦᠯᠦᠨ᠂ 6 ᠵᠦᠢᠯ ᠢ ᠪᠦᠬᠦ ᠬᠤᠲᠠ ᠳᠤ ᠨᠡᠶᠢᠳᠡᠮ ᠭᠦᠢᠴᠡᠳᠬᠡᠬᠦ ᠶᠢ ᠪᠡᠶᠡᠯᠡᠭᠦᠯᠪᠡ᠃   

c273798854c4d87c70c76f6b3d937fad_640_wx_fmt=jpeg&wxfrom=5&wx_lazy=1&wx_co=1.jpg

      ᠶᠠᠪᠤᠳᠠᠯ ᠪᠦᠬᠦᠨ ᠢ ᠬᠠᠷᠢᠭᠤᠯᠠᠨ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠤᠭᠰᠠᠨ

      ᠪᠥᠭᠡᠳ ᠪᠦᠬᠦ ᠲᠠᠯ᠎ᠠ ᠪᠠᠷ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ

      ᠰᠢᠰᠲ᠋ᠧᠮ ᠢ ᠰᠠᠭᠠᠳ ᠦᠭᠡᠢ ᠨᠡᠪᠲᠡᠷᠡᠭᠦᠯᠪᠡ

      ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠭᠤᠣᠯ ᠬᠠᠷᠢᠭᠤᠴᠠᠯᠭᠠᠲᠠᠨ

ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠣᠳᠠᠲᠠᠢ ᠠᠳᠬᠤᠬᠤ᠂ ᠲᠤᠰᠬᠠᠢ

ᠬᠥᠮᠦᠨ ᠴᠢᠩᠭ᠎ᠠ ᠠᠩᠬᠠᠷᠴᠤ ᠲᠤᠰᠬᠠᠢ ᠭᠦᠢᠴᠡᠳᠬᠡᠬᠦ ︽12345︾᠎ ᠶᠢᠨ ᠠᠷᠠᠳ ᠲᠤ ᠳᠥᠭᠦᠮ ᠦᠵᠡᠭᠦᠯᠬᠦ

ᠦᠢᠯᠡᠴᠢᠯᠡᠭᠡᠨ ᠤ ᠤᠳᠠᠰᠤᠨ ᠤ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠠᠵᠢᠯ ᠤᠨ

ᠳᠦᠷᠢᠮ ᠢ ᠪᠠᠶᠢᠭᠤᠯᠪᠠ᠃ 2022 ᠣᠨ ᠤ 8 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢ 277 ᠬᠤᠪᠢ ᠭᠦᠢᠴᠡᠳᠬᠡᠵᠦ᠂ ᠴᠤᠤᠷᠢᠶᠠᠳᠤᠨ

ᠳᠠᠭᠠᠭᠰᠠᠨ ᠨᠣᠷᠮ᠎ᠠ 98.56% ᠬᠦᠷᠴᠦ᠂ ᠰᠢᠢᠳᠪᠦᠷᠢᠯᠡᠭᠰᠡᠨ ᠨᠣᠷᠮ᠎ᠠ 94.76%᠎ ᠳᠤ ᠬᠦᠷᠦᠨ᠂ ᠬᠠᠨᠤᠮᠵᠢ ᠶᠢᠨ

ᠬᠡᠮᠵᠢᠶ᠎ᠡ 98.25%᠎ ᠳᠤ ᠬᠦᠷᠴᠦ᠂ 96.82 ᠬᠤᠪᠢ ᠣᠯᠤᠭᠰᠠᠨ ᠪᠠᠶᠢᠨ᠎ᠠ᠃

      ᠬᠢᠶ᠎ᠡ ᠪᠠᠭᠰᠢ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠸᠢᠴᠠᠲ ᠤᠨ ᠣᠯᠠᠨ

ᠨᠡᠶᠢᠲᠡ ᠶᠢᠨ ᠳ᠋ᠤᠭᠠᠷ᠂ ᠸᠢᠳᠢᠣ᠋ ᠲᠠᠪᠴᠠᠩ ᠢᠶᠠᠷ ᠳᠠᠮᠵᠢᠭᠤᠯᠤᠨ ᠨᠡᠶᠢᠭᠡᠮ ᠵᠢᠴᠢ ᠭᠡᠷ ᠤᠨ ᠠᠬᠠᠮᠠᠳ ᠲᠤ ᠠᠰᠠᠭᠤᠨ

ᠯᠠᠪᠯᠠᠬᠤ᠂ ᠵᠠᠭᠠᠯᠳᠤᠬᠤ ᠤᠲᠠᠰᠤ ᠵᠢᠴᠢ ᠢᠮᠧᠯ ᠬᠠᠶ᠋ᠢᠭ ᠢ ᠨᠡᠶᠢᠲᠡᠯᠡᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ

ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠶᠡᠷᠦᠩᠬᠡᠶᠢᠯᠡᠭᠰᠡᠨ

ᠬᠡᠪ ᠴᠢᠨᠠᠷ ᠢᠶᠠᠷ ᠴᠢᠩᠭ᠎ᠠ ᠺᠠᠳ᠋ᠷ ᠢ ᠰᠣᠩᠭᠤᠨ ᠲᠣᠮᠢᠯᠠᠵᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠶᠡᠨ

ᠠᠪᠴᠤ ᠰᠢᠢᠳᠪᠦᠷᠢᠯᠡᠪᠡ᠃ ︽ᠤᠴᠢᠷ ᠲᠠᠢ ᠪᠣᠯ ᠪᠢ ᠲᠠᠨ ᠢ ᠬᠠᠪᠰᠤᠷᠤᠶ᠎ᠠ︾ ᠭᠡᠬᠦ ᠠᠷᠠᠳ ᠲᠤ ᠳᠥᠭᠦᠮ ᠦᠵᠡᠭᠦᠯᠬᠦ

ᠦᠢᠯᠡᠴᠢᠯᠡᠭᠡᠨ ᠤ ᠰᠦᠯᠵᠢᠶᠡᠨ ᠎ ᠤ ᠲᠠᠪᠴᠠᠩ ᠢ ᠪᠠᠶᠢᠭᠤᠯᠵᠤ᠂ ᠭᠡᠷ ᠤᠨ ᠠᠬᠠᠮᠠᠳ ᠤᠨ ᠵᠥᠪᠯᠡᠯᠭᠡ ᠥᠭᠬᠦ ᠪᠠ

ᠠᠰᠠᠭᠤᠳᠠᠯ ᠢ ᠲᠤᠰᠬᠠᠬᠤ ᠳᠤ ᠳᠥᠭᠦᠮ ᠦᠵᠡᠭᠦᠯᠵᠦ᠂ ᠰᠢᠰᠲ᠋ᠧᠮ ᠲᠤ ᠵᠠᠭᠠᠯᠳᠤᠯᠭ᠎ᠠ ᠶᠢ ᠬᠦᠯᠢᠶᠡᠨ ᠠᠪᠬᠤ᠂

ᠰᠢᠢᠳᠪᠦᠷᠢᠯᠡᠬᠦ᠂  ᠬᠠᠷᠢᠭᠤᠯᠬᠤ᠂ ᠨᠡᠬᠡᠮᠵᠢᠯᠡᠨ ᠵᠠᠭᠠᠯᠳᠤᠬᠤ᠂ ᠰᠡᠳᠬᠢᠯ ᠬᠠᠨᠤᠮᠵᠢᠲᠠᠢ ᠰᠤᠷᠪᠤᠯᠵᠢᠯᠠᠬᠤ ᠴᠠᠭᠠᠷᠢᠭᠲᠤ

ᠬᠠᠮᠢᠶᠠᠷᠤᠯᠲᠠ ᠶᠢᠨ ᠲᠣᠭᠲᠠᠴᠠ ᠶᠢ ᠪᠣᠢ ᠪᠣᠯᠭᠠᠪᠠ᠃ ᠡᠭᠦᠨ ᠎ ᠤ ᠬᠠᠮᠲᠤ ︽ᠵᠠᠭᠠᠯᠳᠤᠯᠭ᠎ᠠ ᠶᠢ ᠬᠦᠯᠢᠶᠡᠨ ᠠᠪᠤᠪᠠᠯ

ᠳᠠᠷᠤᠢ ᠳᠤ ᠨᠢ ᠰᠢᠢᠳᠪᠦᠷᠢᠯᠡᠬᠦ︾ ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ

ᠵᠠᠰᠠᠯᠲᠠ ᠶᠢᠨ ᠵᠠᠭᠪᠤᠷ ᠎ ᠤᠨ ᠰᠢᠨ᠎ᠡ ᠶᠢ ᠡᠭᠦᠳᠴᠦ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ

ᠰᠢᠢᠳᠪᠦᠷᠢᠯᠡᠬᠦ︾ ᠠᠵᠢᠯ ᠤᠨ ᠶᠠᠪᠤᠴᠠ ᠳᠤ ︽ᠤᠴᠢᠷ ᠢ ᠡᠮᠬᠢᠯᠡᠵᠦ᠂ ᠡᠪ ᠢ ᠲᠠᠭᠠᠨ᠂ ᠠᠷᠠᠳ ᠤᠨ ᠰᠡᠳᠬᠢᠯ ᠢ

ᠨᠢᠭᠲᠠᠷᠠᠭᠤᠯᠬᠤ︾ ︽ᠶᠢᠰᠦᠨ ᠦᠰᠦᠭ ᠤᠨ ᠴᠢᠭᠯᠡᠯᠲᠡ︾᠎ ᠶᠢ ᠪᠠᠷᠢᠮᠲᠠᠯᠠᠵᠤ᠂ ᠠᠵᠢᠯᠲᠠᠳ ᠠᠵᠢᠯ ᠬᠢᠬᠦ᠂ ᠨᠠᠶᠢᠵᠠᠯᠠᠬᠤ

ᠣᠶᠢᠯᠠᠭᠠᠭᠳᠠᠬᠤᠨ ᠢ ᠪᠠᠷᠢᠮᠲᠠᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠠᠶᠢᠲᠤᠷ

ᠰᠢᠢᠳᠪᠦᠷᠢᠯᠡᠵᠦ᠂ ᠭᠡᠷ ᠤᠨ ᠠᠬᠠᠮᠠᠳ ᠤᠨ ᠰᠠᠶᠢᠨ ︽ᠳᠣᠲᠣᠨᠣ ᠬᠥᠮᠦᠨ︾ ᠪᠣᠯᠬᠤ ᠬᠡᠷᠡᠭᠲᠡᠢ᠃ ︽ᠵᠠᠭᠠᠯᠳᠤᠯᠭ᠎ᠠ ᠶᠢ

ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠨᠢᠭᠡᠳᠦᠭᠡᠷ ᠹᠷᠣᠨᠲ ᠤᠨ ᠵᠠᠭᠠᠯᠳᠤᠯᠭ᠎ᠠ ᠶᠢ ᠰᠢᠢᠳᠪᠦᠷᠢᠯᠡᠬᠦ

ᠶᠠᠪᠤᠴᠠ ᠪᠠ ᠪᠠᠷᠢᠮᠵᠢᠶ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠳᠠᠷᠤᠢ 1 ᠡᠳᠦᠷ ᠲᠤ

ᠨᠡᠪᠲᠡᠷᠡᠵᠦ᠂ 3 ᠡᠳᠦᠷ ᠲᠤ ᠰᠢᠢᠳᠪᠦᠷᠢᠯᠡᠵᠦ ᠳᠠᠭᠤᠰᠬᠠᠨ᠂ ︽ᠰᠢᠢᠳᠪᠦᠷᠢᠯᠡᠭᠰᠡᠨ ᠮᠥᠷᠲᠡᠭᠡᠨ ᠬᠠᠨᠤᠮᠵᠢᠲᠠᠢ︾ ᠦᠷ᠎ᠡ

ᠪᠦᠲᠦᠮᠵᠢ ᠳᠤ ᠬᠦᠷᠴᠦ᠂ 5 ᠡᠳᠦᠷ ᠲᠤ ᠦᠷᠭᠦᠯᠵᠢᠯᠡᠨ ᠮᠥᠷᠳᠡᠨ ᠪᠠᠶᠢᠴᠠᠭᠠᠵᠤ᠂ ᠠᠰᠠᠭᠤᠳᠠᠯ ᠢ ᠤᠷᠲᠤ

ᠬᠤᠭᠤᠴᠠᠭ᠎ᠠ ᠪᠠᠷ ᠪᠦᠲᠦᠮᠵᠢᠲᠡᠢ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ ᠣᠳᠣᠬᠠᠨ ᠳᠤ᠂ ᠬᠢᠶ᠎ᠠ ᠪᠠᠭᠰᠢ

ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠵᠠᠭᠠᠯᠳᠤᠯᠭ᠎ᠠ ᠶᠢ ᠬᠦᠯᠢᠶᠡᠨ ᠠᠪᠤᠪᠠᠯ

ᠳᠠᠷᠤᠢ ᠳᠤ ᠨᠢ ᠰᠢᠢᠳᠪᠦᠷᠢᠯᠡᠬᠦ︾ ᠠᠵᠢᠯ ᠢ ︽ᠨᠢᠭᠡ ᠪᠠᠶᠢᠪᠠᠯ ᠨᠢᠭᠡ ᠶᠢ ᠰᠢᠢᠳᠪᠦᠷᠢᠯᠡᠵᠦ᠂ ᠨᠢᠭᠡ ᠠᠴᠠ ᠨᠥᠭᠦᠭᠡ ᠶᠢ

ᠵᠦᠢᠴᠢᠯᠡᠬᠦ︾᠎ ᠶᠢ ︽ᠰᠠᠨᠠᠭᠠᠴᠢᠯᠠᠭ᠎ᠠ ᠠᠴᠠ ᠪᠠᠨ ᠵᠠᠰᠠᠵᠤ᠂ ᠵᠠᠭᠠᠯᠳᠤᠭ᠎ᠠ ᠦᠭᠡᠢ ᠪᠣᠯ ᠤᠷᠢᠳ ᠢᠶᠠᠷ ᠰᠢᠢᠳᠪᠦᠷᠢᠯᠡᠬᠦ︾

ᠪᠣᠯᠭᠠᠨ ᠬᠤᠪᠢᠷᠠᠭᠤᠯᠵᠤ᠂ ᠬᠤᠲᠠ ᠶᠢᠨ ᠠᠷᠠᠳ ᠣᠯᠠᠨ ᠤ ᠭᠦᠷᠲᠡᠭᠡᠮᠵᠢ ᠶᠢᠨ ᠲᠥᠷᠥᠭᠳᠡᠯ ᠪᠠ ᠬᠠᠨᠤᠮᠵᠢ ᠶᠢᠨ

ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠪᠡ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号