ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢᠨ ᠱᠠᠩᠨᠠᠯ ᠭᠦᠷᠲᠡᠭᠰᠡᠳ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/11/23
ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶᠎ ᠤᠨ ᠲᠣᠪᠴᠢᠶ᠎ᠠ᠂ ᠡᠯ᠎ᠡ ᠡᠩ ᠤᠨ ᠳᠡᠭᠡᠳᠦ ᠰᠤᠷᠭᠠᠭᠤᠯᠢ ᠳᠤ᠄      ᠰᠤᠷᠭᠠᠨ ᠬᠥᠮᠦᠵᠢᠯ ᠤᠨ ᠶᠠᠮᠤᠨ ᠤ ︽ᠪᠦᠬᠦ ᠤᠯᠤᠰ ᠤᠨ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢ ᠡᠷᠬᠢᠯᠡᠬᠦ ᠲᠤᠬᠠᠢ ᠮᠡᠳᠡᠭᠳᠡᠯ︾ ︵ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2020﹈ 3 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠪᠦᠬᠦ ᠣᠷᠣᠨ ᠤ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠨᠠᠶᠢᠷ ᠤᠨ ᠲᠤᠰᠬᠠᠢ ᠦᠵᠡᠭᠦᠯᠭᠡ ᠶᠢᠨ ᠲᠣᠭᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2020﹈ 1 ᠳ᠋ᠦ᠋ᠭᠡᠷ ᠲᠣᠭᠠᠲᠤ︶᠂ ︽ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠡᠷᠬᠢᠯᠡᠬᠦ ᠲᠤᠬᠠᠢ ᠮᠡᠳᠡᠭᠳᠡᠯ︾ ︵ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2020﹈ 36 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠤ ᠪᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2023 ᠣᠨ ᠤ 1-10 ᠳ᠋ᠤᠭᠠᠷ ᠰᠠᠷ᠎ᠠ ᠪᠣᠯᠲᠠᠯ᠎ᠠ ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ  ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ︵ᠳᠣᠷᠣᠭᠰᠢ ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠭᠡᠵᠦ ᠳᠦᠭᠦᠮᠴᠢᠯᠡᠨ᠎ᠡ︶᠎ ᠶᠢ ᠡᠷᠬᠢᠯᠡᠪᠡ᠃      ᠲᠤᠰ ᠬᠤᠭᠤᠴᠠᠭᠠᠨ ᠤ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢᠨ ᠲᠥᠰᠦᠯ ᠶᠣᠰᠤ ᠪᠠᠷ᠂ ᠶᠡᠭᠡ ᠳᠡᠭᠡᠳᠦ ᠰᠤᠷᠭᠠᠭᠤᠯᠢ ᠪᠠ ᠠᠶᠢᠮᠠᠭ ᠬᠤᠲᠠ ᠲᠠᠨᠢᠯᠴᠠᠭᠤᠯᠤᠨ ᠮᠡᠳᠡᠭᠦᠯᠬᠦ᠂ ᠰᠤᠷᠭᠠᠨ ᠬᠥᠮᠦᠵᠢᠯ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠳᠣᠭᠲᠠᠭᠠᠬᠤ ᠵᠡᠷᠭᠡ ᠠᠵᠢᠯ ᠤᠨ ᠳᠡᠰ ᠳᠠᠷᠠᠭᠠᠯᠠᠯ ᠢᠶᠠᠷ ᠳᠠᠮᠵᠢᠨ᠂ ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ 5᠂ ᠠᠶᠢᠮᠠᠭ ᠬᠤᠲᠠ ᠶᠢᠨ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ 6︔ ᠤᠷᠠᠯᠢᠭ ᠤᠨ ᠲᠣᠭᠯᠠᠯᠲᠠ ᠶᠢᠨ ᠲᠥᠷᠥᠯ ᠤᠨ ᠫᠷᠤᠭ᠍ᠷᠠᠮ ᠤᠨ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠭᠡᠷ ᠳᠡᠰ ᠤᠨ ᠱᠠᠩᠨᠠᠯ 32᠂ ᠬᠤᠶᠠᠳᠤᠭᠠᠷ ᠳᠡᠰ ᠤᠨ ᠱᠠᠩᠨᠠᠯ 51᠂ ᠭᠤᠷᠪᠠᠳᠤᠭᠠᠷ ᠳᠡᠰ ᠤᠨ ᠱᠠᠩᠨᠠᠯ 79᠂ ᠳᠤᠮᠳᠠᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠳᠡᠰ ᠤᠨ ᠱᠠᠩᠨᠠᠯ 71᠂ ᠬᠤᠶᠠᠳᠤᠭᠠᠷ ᠳᠡᠰ ᠤᠨ ᠱᠠᠩᠨᠠᠯ 89᠂ ᠭᠤᠷᠪᠠᠳᠤᠭᠠᠷ ᠳᠡᠰ ᠤᠨ ᠱᠠᠩᠨᠠᠯ 72︔ ᠫᠷᠤᠭ᠍ᠷᠠᠮ ᠢ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠶᠡᠭᠡ ᠳᠡᠭᠡᠳᠦ ᠰᠤᠷᠭᠠᠭᠤᠯᠢ 15᠂ ᠳᠤᠮᠳᠠᠳᠤ ᠪᠠᠭ᠎ᠠ ᠰᠤᠷᠭᠠᠭᠤᠯᠢ 19︔ ᠰᠤᠷᠤᠭᠴᠢᠳ ᠎ ᠤᠨ ᠤᠷᠠᠯᠢᠭ ᠤᠨ ᠪᠦᠲᠦᠭᠡᠯ ᠤᠨ ᠲᠥᠷᠥᠯ ᠤᠨ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠭᠡᠷ ᠳᠡᠰ ᠤᠨ ᠱᠠᠩᠨᠠᠯ 73᠂ ᠬᠤᠶᠠᠳᠤᠭᠠᠷ ᠳᠡᠰ ᠤᠨ ᠱᠠᠩᠨᠠᠯ 144᠂ ᠭᠤᠷᠪᠠᠳᠤᠭᠠᠷ ᠳᠡᠰ ᠤᠨ ᠱᠠᠩᠨᠠᠯ 206᠂ ᠰᠤᠷᠭᠠᠭᠤᠯᠢ ᠶᠢᠨ ᠵᠠᠬᠢᠷᠤᠯ ᠤᠨ ᠤᠷᠠᠨ ᠪᠢᠴᠢᠯᠭᠡ ᠤᠷᠠᠨ ᠵᠢᠷᠤᠭ ᠪᠠ ᠭᠡᠷᠡᠯ ᠵᠢᠷᠤᠭ ᠤᠨ ᠪᠥᠲᠦᠭᠡᠯ ᠤᠨ ᠨᠢᠭᠡᠳᠦᠭᠡᠷ ᠳᠡᠰ ᠤᠨ ᠱᠠᠩᠨᠠᠯ 3᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 5᠂ ᠳᠤᠮᠳᠠᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠳᠡᠰ ᠤᠨ ᠱᠠᠩᠨᠠᠯ 39᠂ ᠬᠤᠶᠠᠳᠤᠭᠠᠷ ᠳᠡᠰ ᠤᠨ ᠱᠠᠩᠨᠠᠯ 53᠂ ᠭᠤᠷᠪᠠᠳᠤᠭᠠᠷ ᠳᠡᠰ ᠤᠨ ᠱᠠᠩᠨᠠᠯ 46︔ ᠤᠶᠤᠲᠠᠳ ᠤᠨ ᠤᠷᠠᠯᠢᠭ ᠤᠨ ᠦᠢᠯᠡᠳᠦᠯᠭᠡ ᠶᠢᠨ ᠠᠵᠢᠯᠯᠠᠬᠤ ᠭᠠᠵᠠᠷ ᠤᠨ ᠨᠢᠭᠡᠳᠦᠭᠡᠷ ᠳᠡᠰ ᠤᠨ ᠱᠠᠩᠨᠠᠯ 2᠂ ᠬᠤᠶᠠᠳᠤᠭᠠᠷ ᠳᠡᠰ ᠤᠨ ᠱᠠᠩᠨᠠᠯ 4᠂ ᠭᠤᠷᠪᠠᠳᠤᠭᠠᠷ ᠳᠡᠰ ᠤᠨ ᠱᠠᠩᠨᠠᠯ 5︔ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠶᠢᠨ ᠨᠢᠭᠡᠳᠦᠭᠡᠷ ᠳᠡᠰ ᠤᠨ ᠱᠠᠩᠨᠠᠯ 6᠂ ᠬᠤᠶᠠᠳᠤᠭᠠᠷ ᠳᠡᠰ ᠤᠨ ᠱᠠᠩᠨᠠᠯ 12᠂ ᠭᠤᠷᠪᠠᠳᠤᠭᠠᠷ ᠳᠡᠰ ᠤᠨ ᠱᠠᠩᠨᠠᠯ 18 ᠪᠤᠢ︔ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠤᠨ ᠫᠷᠤᠭ᠍ᠷᠠᠮ᠂ ᠪᠦᠲᠦᠭᠡᠯ ᠪᠠ ᠠᠵᠢᠯᠯᠠᠬᠤ ᠭᠠᠵᠠᠷ ᠢ ᠵᠢᠭᠠᠨ ᠵᠢᠯᠣᠭᠤᠳᠤᠭᠰᠠᠨ ᠪᠠᠭᠰᠢ ᠵᠢᠭᠠᠨ ᠵᠢᠯᠣᠭᠤᠳᠤᠭᠰᠠᠨ ᠪᠠᠭᠰᠢ ᠶᠢᠨ ᠱᠠᠩᠨᠠᠯ ᠢ ᠬᠦᠷᠲᠡᠪᠡ᠃ ᠡᠳᠦᠭᠡ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠪᠡ ︵ᠳᠠᠭᠠᠯᠳᠤᠭᠤᠯᠤᠯ ᠳᠤ ᠨᠠᠷᠢᠯᠢᠭ ᠦᠵᠡᠭᠡᠷᠡᠢ︶᠃      ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾᠎ ᠢᠶᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯᠠᠭᠤᠯᠤᠯᠲᠠ ᠶᠢ ᠪᠠᠶᠢᠭᠤᠯᠤᠨ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠥᠷᠲᠡᠭ ᠤᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠪᠦᠬᠦᠨ ᠳᠤ ᠬᠠᠨᠳᠤᠭᠤᠯᠤᠭᠰᠠᠨ ᠤᠷᠠᠯᠢᠭ ᠤᠨ ᠪᠠᠶᠢᠩᠭᠤ ᠶᠢᠨ ᠦᠵᠡᠭᠦᠯᠭᠡ ᠶᠢᠨ ᠲᠣᠭᠲᠠᠴᠠ ᠶᠢ ᠪᠠᠶᠢᠭᠤᠯᠤᠨ᠂ ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠥᠭᠡᠷᠡᠴᠢᠯᠡᠯᠲᠡ ᠪᠣᠯᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃          ᠳᠠᠭᠠᠯᠳᠤᠭᠤᠯᠤᠯ᠄       1. ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠤᠨ ᠨᠡᠷᠡᠰ      2 . ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠤᠷᠠᠯᠢᠭ ᠤᠨ ᠲᠣᠭᠯᠠᠯᠲᠠ ᠶᠢᠨ ᠲᠥᠷᠥᠯ ᠤᠨ ᠲᠣᠭᠯᠠᠯᠲᠠ ᠶᠢᠨ ᠱᠠᠩᠨᠠᠯ ᠭᠦᠷᠲᠡᠭᠰᠡᠳ ᠤᠨ ᠨᠡᠷᠡᠰ      3 . ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠰᠢᠯᠢᠳᠡᠭ ᠡᠭᠦᠳᠦᠯᠲᠡ ᠶᠢᠨ ᠱᠠᠩᠨᠠᠯ ᠭᠦᠷᠲᠡᠭᠰᠡᠳ ᠤᠨ ᠨᠡᠷᠡᠰ      4 . ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠤᠷᠠᠯᠢᠭ ᠤᠨ ᠦᠢᠯᠡᠳᠦᠯᠭᠡ ᠶᠢᠨ  ᠠᠵᠢᠯᠯᠠᠬᠤ ᠭᠠᠵᠠᠷ ᠤᠨ ᠱᠠᠩᠨᠠᠯ ᠭᠦᠷᠲᠡᠭᠰᠡᠳ ᠤᠨ ᠨᠡᠷᠡᠰ      5 . ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠤᠷᠠᠯᠢᠭ ᠤᠨ ᠪᠦᠲᠦᠭᠡᠯ ᠤᠨ ᠱᠠᠩᠨᠠᠯ ᠭᠦᠷᠲᠡᠭᠰᠡᠳ ᠤᠨ ᠨᠡᠷᠡᠰ      6 . ᠪᠦᠭᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠰᠤᠷᠭᠠᠭᠤᠯᠢ ᠶᠢᠨ ᠵᠠᠬᠢᠷᠤᠯ ᠤᠨ  ᠢᠷᠠᠭᠤ ᠠᠯᠳᠠᠷ ᠤᠨ ᠱᠠᠩᠨᠠᠯ ᠭᠦᠷᠲᠡᠭᠰᠡᠳ ᠤᠨ ᠨᠡᠷᠡᠰ      7 . ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠶᠢᠨ ᠱᠠᠩᠨᠠᠯ ᠭᠦᠷᠲᠡᠭᠰᠡᠳ ᠤᠨ ᠨᠡᠷᠡᠰ      8 . ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠤᠷᠠᠯᠢᠭ ᠤᠨ ᠲᠣᠭᠯᠠᠯᠲᠠ ᠶᠢᠨ ᠲᠥᠷᠥᠯ ᠤᠨ  ᠫᠷᠤᠭ᠍ᠷᠠᠮ ᠤᠨ ᠱᠠᠩᠨᠠᠯ ᠭᠦᠷᠲᠡᠭᠰᠡᠳ ᠤᠨ ᠨᠡᠷᠡᠰ      9 . ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠲᠣᠭᠯᠠᠯᠲᠠ ᠶᠢᠨ ᠰᠢᠯᠢᠳᠡᠭ ᠡᠭᠦᠳᠦᠯᠲᠡ ᠶᠢᠨ ᠱᠠᠩᠨᠠᠯ ᠭᠦᠷᠲᠡᠭᠰᠡᠳ ᠤᠨ ᠨᠡᠷᠡᠰ      10 . ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢᠨ ᠤᠷᠠᠯᠢᠭ ᠤᠨ ᠪᠦᠲᠦᠭᠡᠯ ᠤᠨ ᠱᠠᠩᠨᠠᠯ ᠭᠦᠷᠲᠡᠭᠰᠡᠳ ᠤᠨ ᠨᠡᠷᠡᠰ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                      2023 ᠣᠨ ᠤ 11 ᠰᠠᠷ᠎ᠠ ᠶᠢᠨ 21᠎ ᠤ ᠡᠳᠦᠷ   ᠳᠠᠭᠠᠯᠳᠤᠭᠤᠯᠤᠯ 1᠄ ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠤᠨ ᠨᠡᠷᠡᠰ .docxᠳᠠᠭᠠᠯᠳᠤᠭᠤᠯᠤᠯ 2᠄ ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠤᠷᠠᠯᠢᠭ ᠤᠨ ᠲᠣᠭᠯᠠᠯᠲᠠ ᠶᠢᠨ ᠲᠥᠷᠥᠯ ᠤᠨ ᠲᠣᠭᠯᠠᠯᠲᠠ ᠶᠢᠨ ᠱᠠᠩᠨᠠᠯ ᠭᠦᠷᠲᠡᠭᠰᠡᠳ ᠤᠨ ᠨᠡᠷᠡᠰ .docxᠳᠠᠭᠠᠯᠳᠤᠭᠤᠯᠤᠯ 3᠄ ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠰᠢᠯᠢᠳᠡᠭ ᠡᠭᠦᠳᠦᠯᠲᠡ ᠶᠢᠨ ᠱᠠᠩᠨᠠᠯ ᠭᠦᠷᠲᠡᠭᠰᠡᠳ ᠤᠨ ᠨᠡᠷᠡᠰ .docxᠳᠠᠭᠠᠯᠳᠤᠭᠤᠯᠤᠯ 4᠄ ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠤᠷᠠᠯᠢᠭ ᠤᠨ ᠦᠢᠯᠡᠳᠦᠯᠭᠡ ᠶᠢᠨ ᠠᠵᠢᠯᠯᠠᠬᠤ ᠭᠠᠵᠠᠷ ᠤᠨ ᠱᠠᠩᠨᠠᠯ  ᠭᠦᠷᠲᠡᠭᠰᠡᠳ ᠤᠨ ᠨᠡᠷᠡᠰ .docxᠳᠠᠭᠠᠯᠳᠤᠭᠤᠯᠤᠯ 5᠄ ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠤᠷᠠᠯᠢᠭ ᠤᠨ ᠪᠦᠲᠦᠭᠡᠯ ᠤᠨ ᠱᠠᠩᠨᠠᠯ ᠭᠦᠷᠲᠡᠭᠰᠡᠳ ᠤᠨ ᠨᠡᠷᠡᠰ.docxᠳᠠᠭᠠᠯᠳᠤᠭᠤᠯᠤᠯ 6᠄ ᠪᠦᠭᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠰᠤᠷᠭᠠᠭᠤᠯᠢ ᠶᠢᠨ ᠵᠠᠬᠢᠷᠤᠯ ᠤᠨ ᠢᠷᠠᠭᠤ ᠠᠯᠳᠠᠷ ᠤᠨ ᠱᠠᠩᠨᠠᠯ ᠭᠦᠷᠲᠡᠭᠰᠡᠳ ᠤᠨ ᠨᠡᠷᠡᠰ.docxᠳᠠᠭᠠᠯᠳᠤᠭᠤᠯᠤᠯ 7᠄ ᠪᠦᠬᠦ ᠣᠷᠣᠨ ᠤ ᠳᠣᠯᠣᠳᠤᠭᠠᠷ ᠬᠤᠭᠤᠴᠠᠭᠠᠨ ᠤ ᠤᠶᠤᠲᠠᠳ ᠤᠨ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠎ ᠤ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠶᠢᠨ ᠱᠠᠩᠨᠠᠯ ᠭᠦᠷᠲᠡᠭᠰᠡᠳ ᠤᠨ ᠨᠡᠷᠡᠰ.docxᠳᠠᠭᠠᠯᠳᠤᠭᠤᠯᠤᠯ 8᠄ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠤᠷᠠᠯᠢᠭ ᠤᠨ ᠲᠣᠭᠯᠠᠯᠲᠠ ᠶᠢᠨ ᠲᠥᠷᠥᠯ ᠤᠨ ᠫᠷᠤᠭ᠍ᠷᠠᠮ ᠤᠨ ᠱᠠᠩᠨᠠᠯ ᠭᠦᠷᠲᠡᠭᠰᠡᠳ ᠤᠨ ᠨᠡᠷᠡᠰ.docxᠳᠠᠭᠠᠯᠳᠤᠭᠤᠯᠤᠯ 9᠄ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠲᠣᠭᠯᠠᠯᠲᠠ ᠶᠢᠨ ᠰᠢᠯᠢᠳᠡᠭ ᠡᠭᠦᠳᠦᠯᠲᠡ ᠶᠢᠨ ᠱᠠᠩᠨᠠᠯ ᠭᠦᠷᠲᠡᠭᠰᠡᠳ ᠤᠨ ᠨᠡᠷᠡᠰ.docxᠳᠠᠭᠠᠯᠳᠤᠭᠤᠯᠤᠯ 10᠄ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢᠨ ᠤᠷᠠᠯᠢᠭ ᠤᠨ ᠪᠦᠲᠦᠭᠡᠯ ᠤᠨ ᠱᠠᠩᠨᠠᠯ ᠭᠦᠷᠲᠡᠭᠰᠡᠳ ᠤᠨ ᠨᠡᠷᠡᠰ.docx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号