10 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ | ᠬᠤᠷᠠᠯᠳᠤᠭᠠᠨ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠣᠷᠣᠨᠴᠢ ᠦᠵᠡᠯ ᠤᠨ | ᠬᠥᠮᠦᠵᠢᠯ ᠤᠨ ᠬᠠᠤᠯᠢ︾ ᠶᠢ ᠪᠠᠲᠤᠯᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ | ᠵᠠᠷᠯᠢᠭ ᠲᠤ ᠭᠠᠷ ᠤᠨ ᠦᠰᠦᠭ ᠵᠢᠷᠤᠨ ᠨᠡᠶᠢᠲᠡᠯᠡᠵᠦ᠂ 2024 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ᠡᠭᠦᠨ ᠤ ᠲᠤᠬᠠᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ | ᠰᠤᠷᠪᠤᠯᠵᠢᠯᠠᠭᠴᠢ ᠶᠢᠨ ᠬᠤᠯᠪᠣᠭᠳᠠᠯ ᠪᠦᠭᠦᠢ ᠠᠰᠠᠭᠤᠯᠲᠠ ᠶᠢ ᠬᠠᠷᠢᠭᠤᠯᠵᠠᠢ᠃ | ᠰᠤᠷᠪᠤᠯᠵᠢᠯᠠᠭᠴᠢ᠄ ᠶᠠᠭᠤᠨ ᠳᠤ ᠡᠬᠡ ᠣᠷᠣᠨᠴᠢ ᠦᠵᠡᠯ ᠪᠣᠯ ᠮᠠᠨ ᠤ ᠦᠨᠳᠦᠰᠦᠲᠡᠨ ᠤ ᠵᠣᠷᠢᠭ ᠰᠠᠨᠠᠭᠠᠨ ᠤ | ᠭᠤᠣᠯᠳᠠᠯᠭ᠎ᠠ ᠭᠡᠬᠦ ᠪᠣᠢ᠂ ᠰᠢᠨ᠎ᠡ ᠴᠠᠭ ᠦᠶ᠎ᠡ ᠳᠤ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ | ᠲᠣᠭᠲᠠᠭᠠᠬᠤ ᠨᠢ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠳᠤ ᠶᠠᠮᠠᠷ ᠴᠢᠬᠤᠯᠠ ᠠᠴᠢ | ᠬᠤᠯᠪᠣᠭᠳᠠᠯ ᠲᠠᠢ ᠪᠤᠢ︖ | ᠬᠠᠷᠢᠭᠤᠯᠲᠠ᠄ ᠡᠬᠡ ᠣᠷᠣᠨᠴᠢ ᠦᠵᠡᠯ ᠪᠣᠯ ᠡᠷᠲᠡᠨ ᠠᠴᠠ ᠠᠪᠤᠭᠠᠳ ᠳᠤᠮᠳᠠᠳᠤ ᠶᠢᠨ ᠦᠨᠳᠦᠰᠦᠲᠡᠨ ᠤ | ᠰᠡᠳᠬᠢᠯ ᠵᠢᠷᠦᠬᠡᠨ ᠳᠤ ᠰᠢᠩᠭᠡᠵᠦ᠂ ᠮᠠᠨ ᠤ ᠦᠨᠳᠦᠰᠦᠲᠡᠨ ᠤ ᠵᠣᠷᠢᠭ ᠰᠠᠨᠠᠭᠠᠨ ᠤ ᠭᠤᠣᠯ ᠴᠥᠮ᠎ᠡ᠂ ᠳᠤᠮᠳᠠᠳᠤ | ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠨᠢᠭᠡ ᠰᠡᠳᠬᠢᠯ ᠨᠢᠭᠡ ᠵᠣᠷᠢᠭ ᠢᠶᠠᠷ | ᠴᠦᠬᠦᠷᠡᠯᠲᠡ ᠦᠭᠡᠢ ᠴᠢᠷᠮᠠᠶᠢᠬᠤ ᠣᠶᠤᠨ ᠰᠠᠨᠠᠭᠠᠨ ᠤ ᠬᠤᠯᠪᠣᠭᠠᠰᠤ ᠮᠥᠨ᠂ ᠳᠤᠮᠳᠠᠳᠤ ᠶᠢᠨ ᠦᠨᠳᠦᠰᠦᠲᠡᠨ ᠲᠠᠪᠤᠨ | ᠮᠢᠩᠭᠠᠨ ᠵᠢᠯ ᠤᠨ ᠬᠥᠭᠵᠢᠯᠲᠡ ᠶᠢᠨ ᠶᠠᠪᠤᠴᠠ ᠳᠤ᠂ ᠦᠶ᠎ᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠢ ᠡᠬᠡ | ᠤᠯᠤᠰ ᠤᠨ ᠢᠶᠠᠨ ᠬᠥᠭᠵᠢᠯ ᠴᠡᠴᠡᠭᠯᠡᠯ ᠤᠨ ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠵᠣᠷᠢᠭᠵᠢᠭᠤᠯᠵᠤ᠂ ᠳᠤᠮᠳᠠᠳᠤ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠭᠡᠷᠡᠯ ᠰᠠᠴᠤᠷᠠᠩᠭᠤᠢ ᠰᠣᠶᠣᠯ ᠢ ᠬᠠᠮᠲᠤ ᠳᠤ ᠪᠠᠨ | ᠡᠭᠦᠳᠴᠦ᠂ ᠣᠯᠠᠨ ᠦᠨᠳᠦᠰᠦᠲᠡᠨ ᠨᠢᠭᠡᠳᠦᠭᠰᠡᠨ ᠤᠯᠤᠰ ᠢ ᠬᠠᠮᠲᠤ ᠳᠤ ᠪᠠᠨ ᠴᠣᠭᠴᠠᠯᠠᠨ ᠪᠠᠶᠢᠭᠤᠯᠤᠭᠰᠠᠨ | ᠶᠤᠮ᠃ ᠣᠷᠴᠢᠨ ᠦᠶ᠎ᠡ ᠠᠴᠠ ᠨᠠᠭᠠᠰᠢ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠨᠢ ᠲᠤᠭ᠎ᠠ ᠲᠣᠮᠰᠢ ᠦᠭᠡᠢ | ᠳᠤᠮᠳᠠᠳᠤ ᠶᠢᠨ ᠰᠢᠯᠢᠳᠡᠭ ᠬᠥᠪᠡᠭᠦᠳ ᠥᠬᠢᠳ ᠢ ᠵᠣᠷᠢᠭᠵᠢᠭᠤᠯᠵᠤ᠂ ᠮᠥᠬᠦᠯ ᠠᠴᠠ ᠠᠪᠤᠷᠠᠵᠤ ᠣᠷᠣᠰᠢᠨ | ᠲᠣᠭᠲᠠᠨᠢᠬᠤ ᠶᠢᠨ ᠲᠥᠯᠥᠭᠡ ᠰᠢᠷᠭᠠᠭᠤ ᠬᠠᠲᠠᠭᠤᠵᠢᠯᠲᠠᠢ ᠡᠷᠡᠯᠬᠡᠭ ᠪᠠᠭᠠᠲᠤᠷᠯᠢᠭ ᠲᠡᠮᠡᠴᠡᠵᠦ᠂ ᠦᠨᠳᠦᠰᠦᠲᠡᠨ ᠤ | ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠪᠡ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠠᠷᠠᠳ ᠲᠦᠮᠡᠨ ᠢ ᠤᠳᠤᠷᠢᠳᠤᠨ ᠤᠷᠢᠳ ᠡᠮᠦᠨ᠎ᠡ ᠪᠠᠶᠢᠭ᠎ᠠ ᠦᠭᠡᠢ ᠡᠬᠡ | ᠣᠷᠣᠨᠴᠢ ᠬᠠᠯᠠᠭᠤᠨ ᠰᠡᠳᠬᠢᠯᠭᠡ ᠪᠠᠷ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ | ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠪᠡ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠨᠠᠮ ᠠᠷᠠᠳ | ᠲᠦᠮᠡᠨ ᠢ ᠤᠳᠤᠷᠢᠳᠤᠨ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ | ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠠᠭᠤᠤ ᠶᠡᠭᠡ ᠠᠮᠵᠢᠯᠲᠠ ᠪᠦᠲᠦᠭᠡᠯ ᠢ ᠡᠭᠦᠳᠴᠡᠢ᠃ ᠰᠢᠨ᠎ᠡ ᠴᠠᠭ ᠦᠶ᠎ᠡ ᠲᠤ᠂ ᠮᠠᠨ ᠤ ᠨᠠᠮ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠪᠡᠶᠡᠯᠡᠭᠦᠯᠬᠦ ᠶᠢ ᠣᠳᠣ | ᠦᠶ᠎ᠡ ᠶᠢᠨ ᠳᠤᠮᠳᠠᠳᠤ ᠤᠯᠤᠰ ᠤᠨ ᠡᠬᠡ ᠣᠷᠣᠨᠴᠢ ᠦᠵᠡᠯ ᠤᠨ ᠢᠯᠡ ᠲᠣᠳᠣ ᠭᠤᠣᠯ ᠰᠡᠳᠦᠪ ᠪᠣᠯᠭᠠᠵᠤ᠂ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠥᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠪᠠ | ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ | ᠭᠠᠷᠬᠤ ᠶᠢ ᠠᠬᠢᠭᠤᠯᠪᠠ᠃ | ᠶᠡᠷᠦᠩᠬᠡᠢ ᠱᠦᠵᠢ ᠰᠢ ᠶᠢᠨ ᠫᠢᠩ ᠡᠬᠡ ᠣᠷᠣᠨᠴᠢ ᠦᠵᠡᠯ ᠤᠨ ᠬᠥᠮᠦᠵᠢᠯ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠡᠬᠡ ᠣᠷᠣᠨᠴᠢ | ᠦᠵᠡᠯ ᠤᠨ ᠬᠥᠮᠦᠵᠢᠯ ᠢ ᠥᠷᠨᠢᠭᠦᠯᠬᠦ ᠲᠤᠬᠠᠢ ᠠᠯᠢ ᠣᠯᠠᠨ ᠴᠢᠬᠤᠯᠠ ᠥᠭᠦᠯᠡᠯᠲᠡ ᠶᠢ ᠨᠡᠶᠢᠲᠡᠯᠡᠨ᠂ ᠠᠯᠢ ᠣᠯᠠᠨ | ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠠᠯᠢ ᠣᠯᠠᠨ ᠲᠣᠳᠣᠷᠬᠠᠢ ᠱᠠᠭᠠᠷᠳᠠᠯᠭ᠎ᠠ ᠳᠤᠷᠠᠳᠪᠠ᠃ 2019 | ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ | ︽ᠰᠢᠨ᠎ᠡ ᠴᠠᠭ ᠦᠶ᠎ᠡ ᠶᠢᠨ ᠡᠬᠡ ᠣᠷᠣᠨᠴᠢ ᠦᠵᠡᠯ ᠤᠨ ᠬᠥᠮᠦᠵᠢᠯ ᠤᠨ ᠬᠡᠷᠡᠭᠵᠢᠭᠦᠯᠬᠦ ᠬᠥᠲᠥᠯᠪᠦᠷᠢ︾ ᠶᠢ | ᠳᠠᠷᠤᠮᠠᠯᠯᠠᠨ ᠲᠠᠷᠬᠠᠭᠠᠵᠤ᠂ ᠡᠬᠡ ᠣᠷᠣᠨᠴᠢ ᠦᠵᠡᠯ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠮᠥᠨ | ᠴᠢᠨᠠᠷ ᠤᠨ ᠣᠨᠴᠠᠯᠢᠭ᠂ ᠴᠠᠭ ᠦᠶ᠎ᠡ ᠶᠢᠨ ᠱᠠᠭᠠᠷᠳᠠᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠳᠣᠳᠤᠷᠬᠠᠶᠢᠯᠠᠨ᠂ | ᠰᠢᠨ᠎ᠡ ᠴᠠᠭ ᠦᠶ᠎ᠡ ᠶᠢᠨ ᠡᠬᠡ ᠣᠷᠣᠨᠴᠢ ᠦᠵᠡᠯ ᠤᠨ ᠬᠥᠮᠦᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ᠃ ᠨᠠᠮ ᠤᠨ | ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠯᠥᠪᠯᠡᠭᠡ ᠶᠢ ᠵᠢᠷᠤᠭᠯᠠᠭᠰᠠᠨ ᠪᠥᠭᠡᠳ ᠡᠬᠡ | ᠣᠷᠣᠨᠴᠢ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠠᠭᠤᠤ | ᠶᠡᠭᠡ ᠦᠢᠯᠡᠰ ᠲᠤ ᠠᠭᠤᠤ ᠶᠡᠭᠡ ᠵᠣᠷᠢᠭ ᠰᠠᠨᠠᠭ᠎ᠠ ᠱᠠᠭᠠᠷᠳᠠᠭᠳᠠᠵᠤ᠂ ᠠᠭᠤᠤ ᠶᠡᠭᠡ ᠵᠣᠷᠢᠭ ᠰᠠᠨᠠᠭ᠎ᠠ ᠨᠢ ᠠᠭᠤᠤ | ᠶᠡᠭᠡ ᠬᠦᠰᠡᠯ ᠢ ᠪᠥᠲᠦᠭᠡᠨ᠎ᠡ᠃ ᠥᠨᠥᠳᠦᠷ ᠪᠢᠳᠡ ᠲᠡᠦᠬᠡ ᠶᠢᠨ ᠠᠯᠢ ᠴᠤ ᠴᠠᠭ ᠦᠶ᠎ᠡ ᠠᠴᠠ ᠤᠯᠠᠮ ᠰᠢᠭᠤᠷᠬᠠᠢ᠂ | ᠤᠯᠠᠮ ᠢᠲᠡᠭᠡᠯ ᠲᠠᠢ ᠪᠥᠭᠡᠳ ᠴᠢᠳᠠᠪᠤᠷᠢᠯᠢᠭ ᠢᠶᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠵᠣᠷᠢᠯᠲᠠ ᠶᠢ ᠪᠡᠶᠡᠯᠡᠭᠦᠯᠦᠨ᠎ᠡ᠃ ᠨᠡᠶᠢᠭᠡᠮ ᠵᠢᠷᠤᠮᠲᠤ ᠣᠳᠣᠬᠢᠴᠢᠯᠡᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠯᠠᠯ ᠳᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠥᠮᠡᠨ ᠤ | ᠡᠬᠡ ᠣᠷᠣᠨᠴᠢ ᠬᠠᠯᠠᠭᠤᠨ ᠰᠡᠳᠬᠢᠯᠭᠡ ᠤᠷᠢᠳ ᠡᠮᠦᠨ᠎ᠡ ᠭᠠᠷᠤᠭ᠎ᠠ ᠦᠭᠡᠢ ᠣᠷᠭᠢᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠳᠦᠭᠦᠷᠡᠩ ᠪᠣᠢ᠃ ᠡᠬᠡ ᠣᠷᠣᠨᠴᠢ | ᠦᠵᠡᠯ ᠤᠨ ᠬᠥᠮᠦᠵᠢᠯ ᠤᠨ ᠬᠠᠤᠯᠢ ᠶᠢ ᠲᠣᠭᠲᠠᠭᠠᠵᠤ᠂ ᠬᠠᠤᠯᠢ ᠪᠠᠷ ᠵᠠᠰᠠᠬᠤ ᠠᠷᠭ᠎ᠠ ᠪᠠᠷ ᠰᠢᠨ᠎ᠡ ᠴᠠᠭ ᠦᠶ᠎ᠡ ᠶᠢᠨ | ᠡᠬᠡ ᠣᠷᠣᠨᠴᠢ ᠦᠵᠡᠯ ᠤᠨ ᠬᠥᠮᠦᠵᠢᠯ ᠢ ᠠᠬᠢᠭᠤᠯᠬᠤ ᠪᠠ ᠪᠠᠲᠤᠯᠠᠬᠤ ᠨᠢ ᠦᠨᠳᠦᠰᠦᠲᠡᠨ ᠤ ᠵᠣᠷᠢᠭ ᠰᠠᠨᠠᠭ᠎ᠠ ᠶᠢ | ᠤᠯᠠᠮᠵᠢᠯᠠᠨ ᠪᠠᠳᠠᠷᠠᠭᠤᠯᠬᠤ᠂ ᠠᠷᠠᠳ ᠲᠦᠮᠡᠨ ᠤ ᠬᠦᠴᠦᠨ ᠢ ᠨᠢᠭᠲᠠᠷᠠᠭᠤᠯᠬᠤ᠂ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠬᠤ ᠳᠤ ᠲᠦᠢᠯ ᠤᠨ ᠴᠢᠬᠤᠯᠠ | ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ | ᠰᠤᠷᠪᠤᠯᠵᠢᠯᠠᠭᠴᠢ᠄ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠡᠬᠡ ᠣᠷᠣᠨᠴᠢ ᠦᠵᠡᠯ ᠤᠨ | ᠬᠥᠮᠦᠵᠢᠯ ᠨᠢ ᠡᠷᠬᠡᠪᠰᠢ ᠤᠯᠤᠰ ᠢᠶᠠᠨ ᠬᠠᠶᠢᠷᠠᠯᠠᠬᠤ ᠪᠠ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ | ᠬᠠᠶᠢᠷᠠᠯᠠᠬᠤ ᠶᠢ ᠪᠠᠷᠢᠮᠲᠠᠯᠠᠬᠤ ᠶᠢ ᠬᠠᠷᠢᠯᠴᠠᠨ ᠨᠢᠭᠡᠳᠭᠡᠬᠦ ᠬᠡᠷᠡᠭᠲᠡᠢ ᠭᠡᠵᠦ ᠳᠣᠭᠲᠠᠭᠠᠪᠠ᠂ ᠬᠠᠤᠯᠢ ᠴᠠᠭᠠᠵᠠ ᠳᠤ | ᠶᠠᠭᠠᠬᠢᠵᠤ ᠢᠯᠡᠷᠡᠭᠦᠯᠦᠭᠰᠡᠨ ᠪᠤᠢ︖ | ᠬᠠᠷᠢᠭᠤᠯᠲᠠ᠄ ᠡᠬᠡ ᠣᠷᠣᠨᠴᠢ ᠦᠵᠡᠯ ᠪᠣᠯ ᠨᠢᠭᠡ ᠤᠯᠤᠰ ᠤᠨ ᠰᠣᠶᠣᠯ ᠤᠨ ᠤᠯᠠᠮᠵᠢᠯᠠᠯ᠂ ᠲᠡᠦᠬᠡ ᠶᠢᠨ | ᠬᠥᠭᠵᠢᠯᠲᠡ ᠪᠠ ᠤᠯᠤᠰ ᠤᠨ ᠦᠨᠳᠦᠰᠦᠨ ᠪᠠᠶᠢᠳᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠳᠤᠮᠳᠠᠳᠤ | ᠤᠯᠤᠰ ᠤᠨ ᠡᠪ ᠬᠠᠮᠲᠤ ᠨᠠᠮ ᠪᠣᠯ ᠡᠬᠡ ᠣᠷᠣᠨᠴᠢ ᠦᠵᠡᠯ ᠤᠨ ᠵᠣᠷᠢᠭ ᠰᠠᠨᠠᠭᠠᠨ ᠤ ᠬᠠᠮᠤᠭ ᠤᠨ ᠡᠷᠡᠰ ᠪᠠᠲᠤ | ᠪᠠᠳᠠᠷᠠᠭᠤᠯᠤᠭᠴᠢ ᠪᠠ ᠦᠢᠯᠡᠳᠦᠯᠭᠡᠵᠢᠭᠦᠯᠦᠭᠴᠢ ᠮᠥᠨ᠂ ᠮᠠᠨ ᠤ ᠤᠯᠤᠰ ᠤᠨ ᠡᠬᠡ ᠣᠷᠣᠨᠴᠢ ᠦᠵᠡᠯ ᠪᠣᠯ ᠢᠮᠠᠭᠲᠠ | ᠠᠷᠠᠳ ᠲᠦᠮᠡᠨ ᠤ ᠠᠮᠤᠷ ᠲᠠᠶᠢᠪᠤᠩ᠂ ᠦᠨᠳᠦᠰᠦᠲᠡᠨ ᠤ ᠪᠠᠶᠠᠨ ᠬᠦᠴᠦᠷᠬᠡᠭ ᠢ ᠪᠡᠶᠡᠯᠡᠭᠦᠯᠬᠦ ᠶᠢᠨ ᠲᠣᠭᠤᠷᠢᠨ ᠳᠤ | ᠬᠥᠭᠵᠢᠵᠦ᠂ ᠡᠴᠦᠰ ᠲᠤ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠠᠷᠠᠳ ᠲᠦᠮᠡᠨ ᠳᠤ | ᠵᠣᠯ ᠵᠢᠷᠭᠠᠯ ᠡᠳ᠋ᠯᠡᠭᠦᠯᠬᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠲᠠᠢ ᠨᠢᠭᠡᠳᠦᠨ᠎ᠡ᠃ ᠡᠬᠡ ᠣᠷᠣᠨ ᠤ ᠬᠤᠪᠢ ᠵᠠᠶᠠᠭ᠎ᠠ | ᠪᠣᠯ ᠨᠠᠮ ᠤᠨ ᠬᠤᠪᠢ ᠵᠠᠶᠠᠭ᠎ᠠ᠂ ᠨᠡᠶᠢᠭᠡᠮ ᠵᠢᠷᠤᠮ ᠤᠨ ᠬᠤᠪᠢ ᠵᠠᠶᠠᠭ᠎ᠠ ᠲᠠᠢ ᠰᠠᠯᠤᠰᠢ ᠦᠭᠡᠢ ᠬᠤᠯᠪᠣᠭ᠎ᠠ ᠲᠠᠢ ᠶᠤᠮ᠂ | ᠭᠠᠭᠴᠠ ᠬᠦ ᠤᠯᠤᠰ ᠢᠶᠠᠨ ᠬᠠᠶᠢᠷᠠᠯᠠᠬᠤ ᠪᠠ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠶᠢ | ᠬᠠᠷᠢᠯᠴᠠᠨ ᠨᠢᠭᠡᠳᠭᠡᠬᠦ ᠶᠢ ᠪᠠᠷᠢᠮᠲᠠᠯᠠᠪᠠᠯ ᠰᠠᠶ᠋ᠢ ᠡᠬᠡ ᠣᠷᠣᠨᠴᠢ ᠦᠵᠡᠯ ᠠᠮᠢᠳᠤᠯᠢᠭ ᠪᠥᠭᠡᠳ ᠦᠨᠡᠨ ᠪᠣᠳᠠᠲᠠᠢ | ᠪᠣᠯᠤᠨ᠎ᠠ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠳᠣᠭᠲᠠᠭᠠᠬᠤ ᠳᠤ ᠤᠯᠤᠰ ᠢᠶᠠᠨ ᠬᠠᠶᠢᠷᠠᠯᠠᠬᠤ | ᠪᠠ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠶᠢ ᠨᠢᠭᠡᠳᠬᠡᠬᠦ ᠡᠨᠡ ᠬᠦ ᠣᠳᠣ ᠦᠶ᠎ᠡ ᠶᠢᠨ ᠳᠤᠮᠳᠠᠳᠤ | ᠤᠯᠤᠰ ᠤᠨ ᠡᠬᠡ ᠣᠷᠣᠨᠴᠢ ᠦᠵᠡᠯ ᠤᠨ ᠦᠨᠳᠦᠰᠦᠨ ᠤᠯᠤᠰ ᠲᠥᠷᠥ ᠶᠢᠨ ᠰᠢᠨᠵᠢ ᠴᠢᠨᠠᠷ ᠪᠠ ᠤᠯᠤᠰ ᠲᠥᠷᠥ ᠶᠢᠨ | ᠴᠢᠭᠯᠡᠯ ᠢ ᠪᠠᠷᠢᠮᠲᠠᠯᠠᠵᠠᠢ᠃ | ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ᠂ ᠡᠬᠡ ᠣᠷᠣᠨᠴᠢ ᠦᠵᠡᠯ ᠤᠨ ᠬᠥᠮᠦᠵᠢᠯ ᠨᠢ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ | ︽ᠭᠤᠷᠪᠠ ᠶᠢ ᠲᠥᠯᠥᠭᠡᠯᠡᠬᠦ︾ ᠶᠢᠨ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠬᠤ ᠬᠡᠷᠡᠭᠲᠡᠢ ᠭᠡᠵᠦ ᠳᠣᠭᠲᠠᠭᠠᠪᠠ᠃ ᠡᠭᠦᠨ ᠤ ᠬᠠᠮᠲᠤ᠂ ᠡᠬᠡ | ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠨᠠᠮ ᠤᠨ ᠵᠢᠯᠣᠭᠤᠳᠬᠤ ᠦᠵᠡᠯ ᠰᠠᠨᠠᠭ᠎ᠠ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ | ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠳᠠᠭᠠᠭᠤᠯᠤᠨ | ᠪᠥᠯᠬᠦᠮᠳᠡᠭᠦᠯᠦᠨ ᠲᠡᠮᠡᠴᠡᠭᠰᠡᠨ ᠴᠢᠬᠤᠯᠠ ᠶᠡᠭᠡ ᠠᠮᠵᠢᠯᠲᠠ ᠪᠦᠲᠦᠮᠵᠢ᠂ ᠲᠡᠦᠬᠡᠨ ᠲᠤᠷᠰᠢᠯᠭ᠎ᠠ ᠪᠠ ᠠᠮᠢᠳᠤᠯᠢᠭ | ᠦᠢᠯᠡᠳᠦᠯᠭᠡ᠂ ᠬᠤᠪᠢᠰᠬᠠᠯᠲᠤ ᠰᠣᠶᠣᠯ ᠪᠠ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠵᠡᠷᠭᠡ ᠶᠢ ᠡᠬᠡ ᠣᠷᠣᠨᠴᠢ | ᠦᠵᠡᠯ ᠤᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠪᠠ᠃ ᠡᠬᠡ ᠣᠷᠣᠨᠴᠢ ᠦᠵᠡᠯ ᠤᠨ ᠬᠥᠮᠦᠵᠢᠯ ᠢᠶᠠᠷ | ᠳᠠᠮᠵᠢᠭᠤᠯᠤᠨ᠂ ᠨᠠᠮ ᠠᠴᠠ ᠠᠷᠠᠳ ᠲᠦᠮᠡᠨ ᠢ ᠤᠳᠤᠷᠢᠳᠤᠨ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠪᠠᠷ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠢᠶᠠᠷ᠂ ᠬᠥᠮᠦᠰ ᠢ | ᠵᠢᠯᠣᠭᠤᠳᠤᠨ ᠤᠯᠤᠰ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ | ᠭᠤᠷᠪᠠ ᠶᠢ ᠨᠢᠭᠡ ᠴᠣᠭᠴᠠᠵᠢᠭᠤᠯᠬᠤ ᠶᠢ ᠭᠦᠨᠵᠡᠭᠡᠢ ᠲᠠᠨᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠭᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠠᠭᠤᠤ ᠶᠡᠭᠡ | ᠦᠢᠯᠡᠳᠦᠯᠭᠡ ᠲᠠᠢ ᠣᠷᠭᠠᠨᠢᠭ ᠢᠶᠠᠷ ᠨᠢᠭᠡᠳᠭᠡᠪᠡ᠃ | ᠰᠤᠷᠪᠤᠯᠵᠢᠯᠠᠭᠴᠢ ᠄ ᠡᠬᠡ ᠣᠷᠣᠨᠴᠢ ᠦᠵᠡᠯ ᠤᠨ ᠬᠥᠮᠦᠵᠢᠯ ᠤᠨ ᠬᠤᠯᠪᠣᠭᠳᠠᠬᠤ ᠬᠡᠪᠴᠢᠶ᠎ᠡ ᠥᠷᠭᠡᠨ᠂ | ᠠᠭᠤᠯᠭ᠎ᠠ ᠪᠠᠶᠠᠯᠢᠭ᠂ ᠬᠡᠯᠪᠡᠷᠢ ᠣᠯᠠᠨ ᠪᠣᠢ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠶᠠᠮᠠᠷ | ᠠᠷᠭ᠎ᠠ ᠬᠡᠮᠵᠢᠶ᠎ᠡ ᠠᠪᠴᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠭᠡᠨ ᠳᠡᠯᠭᠡᠷ ᠭᠦᠨ ᠭᠦᠨᠵᠡᠭᠡᠢ ᠤᠳᠠᠭᠠᠨ | ᠳᠠᠭᠠᠭᠠᠮᠠᠭᠠᠢ ᠪᠦᠲᠦᠮᠵᠢᠲᠡᠢ ᠥᠷᠨᠢᠭᠦᠯᠬᠦ ᠶᠢ ᠠᠬᠢᠭᠤᠯᠤᠭᠰᠠᠨ ᠪᠤᠢ︖ | ᠬᠠᠷᠢᠭᠤᠯᠲᠠ᠄ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠡᠬᠡ ᠣᠷᠣᠨᠴᠢ ᠦᠵᠡᠯ ᠤᠨ | ᠬᠥᠮᠦᠵᠢᠯ ᠤᠨ ᠣᠨᠴᠠᠯᠢᠭ ᠪᠠ ᠵᠢᠮ᠎ᠡ ᠶᠣᠰᠣ ᠶᠢ ᠵᠢᠷᠤᠮᠯᠠᠵᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠭᠡᠨ | ᠳᠡᠯᠭᠡᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠪᠦᠲᠦᠮᠵᠢᠲᠡᠢ ᠥᠷᠨᠢᠭᠦᠯᠬᠦ ᠶᠢ ᠪᠠᠲᠤᠯᠠᠬᠤ ᠪᠠ ᠠᠬᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠪᠡ᠂ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠣᠢ᠄ | ᠨᠢᠭᠡ ᠳᠤ᠂ ᠡᠬᠡ ᠣᠷᠣᠨᠴᠢ ᠦᠵᠡᠯ ᠤᠨ ᠬᠥᠮᠦᠵᠢᠯ ᠤᠨ ᠤᠳᠤᠷᠢᠳᠬᠤ ᠪᠠᠶᠢᠭᠤᠯᠤᠮᠵᠢ ᠪᠠ ᠲᠣᠭᠲᠠᠴᠠ ᠶᠢ | ᠲᠣᠭᠲᠠᠭᠠᠵᠤ᠂ ᠡᠬᠡ ᠣᠷᠣᠨᠴᠢ ᠦᠵᠡᠯ ᠤᠨ ᠬᠥᠮᠦᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠡᠳᠦᠯᠲᠡᠢ ᠤᠳᠤᠷᠢᠳᠤᠨ᠂ ᠵᠡᠷᠭᠡ ᠳᠤ ᠨᠢ ᠠᠳᠬᠤᠨ ᠬᠠᠮᠲᠤ ᠳᠤ ᠨᠢ | ᠬᠠᠮᠢᠶᠠᠷᠴᠤ᠂ ᠡᠯ᠎ᠡ ᠲᠠᠯ᠎ᠠ ᠶᠢᠨ ᠬᠢᠨ ᠣᠷᠣᠯᠴᠠᠨ᠂ ᠬᠠᠮᠲᠤ ᠳᠤ ᠪᠠᠨ ᠠᠬᠢᠭᠤᠯᠬᠤ ᠠᠵᠢᠯ ᠤᠨ | ᠪᠠᠶᠢᠷᠢᠰᠢᠯᠠᠭᠤᠯᠤᠯᠲᠠ ᠶᠢ ᠲᠡᠭᠦᠯᠳᠡᠷᠵᠢᠭᠦᠯᠬᠦ ᠶᠢ ᠲᠣᠳᠣᠷᠬᠠᠶᠢᠯᠠᠪᠠ᠃ | ᠬᠤᠶᠠᠷ ᠲᠤ᠂ ᠡᠬᠡ ᠣᠷᠣᠨᠴᠢ ᠦᠵᠡᠯ ᠤᠨ ᠬᠥᠮᠦᠵᠢᠯ ᠪᠣᠯ ᠪᠦᠬᠦ ᠠᠷᠠᠳ ᠲᠦᠮᠡᠨ ᠳᠤ ᠬᠠᠨᠳᠤᠭᠤᠯᠤᠭᠰᠠᠨ | ᠬᠥᠮᠦᠵᠢᠯ ᠪᠣᠯᠬᠤ ᠶᠢ ᠴᠢᠬᠤᠯᠠᠴᠢᠯᠠᠬᠤ ᠶᠢᠨ ᠬᠠᠮᠲᠤ ᠠᠳᠠᠯᠢ ᠪᠤᠰᠤ ᠨᠡᠶᠢᠭᠡᠮ ᠤᠨ ᠬᠠᠮᠲᠤᠯᠢᠭ ᠤᠨ ᠣᠨᠴᠠᠯᠢᠭ ᠢ | ᠦᠨᠳᠦᠰᠦᠯᠡᠨ᠂ ᠵᠠᠯᠠᠭᠤᠴᠤᠳ ᠪᠠᠭᠠᠴᠤᠳ ᠢ ᠲᠣᠪᠣᠶᠢᠯᠭᠠᠵᠤ᠂ ᠲᠥᠷᠥ ᠶᠢᠨ ᠪᠠᠶᠢᠭᠤᠯᠭ᠎ᠠ᠂ ᠣᠯᠠᠨ ᠲᠥᠮᠡᠨᠴᠢ | ᠴᠢᠨᠠᠷᠲᠠᠢ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ᠂ ᠰᠤᠷᠭᠠᠭᠤᠯᠢ᠂ ᠭᠡᠷ ᠪᠦᠯᠢ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠵᠡᠷᠭᠡ ᠳᠤ ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠵᠦ᠂ | ᠲᠣᠳᠣᠷᠬᠠᠢ ᠡᠭᠦᠷᠭᠡ ᠪᠠ ᠱᠠᠭᠠᠷᠳᠠᠯᠭ᠎ᠠ ᠳᠤᠷᠠᠳᠴᠠᠢ᠃ | ᠭᠤᠷᠪᠠ ᠳᠤ᠂ ᠡᠬᠡ ᠣᠷᠣᠨᠴᠢ ᠦᠵᠡᠯ ᠤᠨ ᠬᠥᠮᠦᠵᠢᠯ ᠤᠨ ᠵᠢᠷᠤᠮᠯᠠᠪᠠᠰᠤ ᠵᠣᠬᠢᠬᠤ ᠵᠠᠷᠴᠢᠮ ᠠᠴᠠ ᠭᠠᠳᠠᠨ᠎ᠠ᠂ | ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠪᠦᠲᠦᠭᠡᠨ ᠪᠠᠶᠢᠭᠤᠯᠬᠤ ᠶᠢ ᠴᠢᠬᠤᠯᠠᠴᠢᠯᠠᠨ᠂ ᠪᠠᠶᠢᠭᠤᠯᠬᠤ ᠪᠠᠷ ᠦᠨᠳᠦᠰᠦ | ᠪᠣᠯᠭᠠᠵᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠰᠣᠶᠣᠯ ᠢᠶᠠᠷ ᠨᠥᠯᠦᠭᠡᠯᠡᠨ ᠬᠥᠮᠦᠵᠢᠭᠦᠯᠬᠦ᠂ ᠰᠤᠷᠭᠠᠨ | ᠬᠥᠮᠥᠵᠢᠯ ᠢᠶᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠭᠰᠠᠨ ᠪᠠᠷ ᠪᠠᠷᠠᠬᠤ ᠦᠭᠡᠢ ᠪᠠᠰᠠ ᠦᠢᠯᠡᠳᠦᠯᠭᠡᠵᠢᠭᠦᠯᠵᠦ᠂ | ᠡᠳᠦᠷ ᠲᠤᠲᠤᠮ ᠤᠨ ᠠᠵᠢᠯ ᠳᠤ ᠠᠭᠤᠰᠬᠠᠨ᠂ ᠪᠣᠳᠠᠲᠤ ᠦᠷ᠎ᠡ ᠪᠦᠲᠦᠮᠵᠢ ᠣᠯᠬᠤ ᠶᠢ ᠴᠢᠬᠤᠯᠠᠴᠢᠯᠠᠪᠠ᠃ | ᠳᠥᠷᠪᠡ ᠳᠤ᠂ ᠡᠬᠡ ᠣᠷᠣᠨᠴᠢ ᠦᠵᠡᠯ ᠤᠨ ᠬᠥᠮᠦᠵᠢᠯ ᠤᠨ ᠡᠯᠪᠡᠭ ᠪᠠᠶᠠᠯᠢᠭ ᠠᠭᠤᠯᠭ᠎ᠠ ᠶᠢ ᠲᠣᠭᠲᠠᠭᠠᠵᠤ᠂ | ᠦᠵᠡᠯ ᠰᠠᠨᠠᠭ᠎ᠠ ᠤᠯᠤᠰ ᠲᠥᠷᠥ᠂ ᠲᠡᠦᠬᠡ ᠰᠣᠶᠣᠯ᠂ ᠤᠯᠤᠰ ᠤᠨ ᠪᠡᠯᠭᠡ ᠲᠡᠮᠳᠡᠭ ᠪᠠ ᠰᠢᠨᠵᠢ ᠲᠡᠮᠳᠡᠭ᠂ ᠰᠦᠷᠯᠢᠭ | ᠰᠠᠶᠢᠬᠠᠨ ᠠᠭᠤᠯᠠ ᠤᠰᠤ ᠪᠠ ᠲᠡᠦᠬᠡ ᠰᠣᠶᠣᠯ ᠤᠨ ᠥᠪ ᠬᠥᠷᠥᠩᠭᠡ᠂ ᠦᠨᠳᠦᠰᠦᠨ ᠬᠠᠤᠯᠢ ᠬᠠᠤᠯᠢ ᠴᠠᠭᠠᠵᠠ᠂ | ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ᠂ ᠤᠯᠤᠰ ᠤᠨ ᠠᠮᠤᠷ ᠲᠦᠪᠰᠢᠨ ᠪᠠ ᠤᠯᠤᠰ ᠤᠨ | ᠪᠠᠲᠤᠯᠠᠨ ᠬᠠᠮᠠᠭᠠᠯᠠᠯᠲᠠ᠂ ᠦᠷᠡᠭᠳᠡᠭᠰᠡᠨ ᠪᠠᠭᠠᠲᠤᠷ ᠪᠠ ᠵᠢᠱᠢᠶᠡᠴᠢ ᠬᠥᠮᠦᠰ ᠤᠨ ᠦᠢᠯᠡ ᠠᠵᠢᠯᠯᠠᠭ᠎ᠠ ᠵᠢᠴᠢ | ᠢᠯᠡᠷᠡᠭᠦᠯᠦᠭᠰᠡᠨ ᠦᠨᠳᠦᠰᠦᠲᠡᠨ ᠤ ᠵᠣᠷᠢᠭ ᠰᠠᠨᠠᠭ᠎ᠠ᠂ ᠴᠠᠭ ᠦᠶ᠎ᠡ ᠶᠢᠨ ᠵᠣᠷᠢᠭ ᠰᠠᠨᠠᠭ᠎ᠠ ᠵᠡᠷᠭᠡ ᠡᠯ᠎ᠡ ᠲᠠᠯ᠎ᠠ ᠶᠢ | ᠬᠠᠮᠤᠷᠴᠠᠢ᠃ | ᠲᠠᠪᠤ ᠳᠤ᠂ ᠡᠯ᠎ᠡ ᠲᠥᠷᠥᠯ ᠤᠨ ᠡᠬᠢ ᠪᠠᠶᠠᠯᠢᠭ ᠪᠣᠯᠤᠨ ᠡᠯ᠎ᠡ ᠵᠦᠢᠯ ᠤᠨ ᠬᠡᠯᠪᠡᠷᠢ ᠶᠢ ᠭᠦᠢᠴᠡᠳ ᠠᠰᠢᠭᠯᠠᠨ | ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠪᠡ᠂ ᠬᠤᠪᠢᠰᠬᠠᠯ ᠤᠨ ᠡᠬᠢ ᠪᠠᠶᠠᠯᠢᠭ᠂ ᠲᠡᠦᠬᠡ ᠶᠢᠨ | ᠳᠤᠷᠠᠰᠬᠠᠯᠲᠤ ᠵᠦᠢᠯ ᠡᠷᠲᠡᠨ ᠤ ᠪᠠᠭᠤᠷᠢ᠂ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠪᠣᠯᠤᠨ ᠡᠯ᠎ᠡ | ᠲᠥᠷᠥᠯ ᠤᠨ ᠰᠣᠶᠣᠯ ᠤᠨ ᠲᠠᠯᠠᠪᠤᠷ ᠣᠷᠳᠣᠨ ᠵᠡᠷᠭᠡ ᠡᠬᠢ ᠪᠠᠶᠠᠯᠢᠭ ᠢ ᠠᠰᠢᠭᠯᠠᠬᠤ᠂ ᠭᠠᠪᠢᠶ᠎ᠠ ᠵᠢᠳᠬᠦᠯ ᠢᠷᠠᠭᠤ | ᠠᠯᠳᠠᠷ ᠢ ᠬᠥᠬᠢᠭᠦᠯᠦᠨ ᠱᠠᠩᠨᠠᠬᠤ ᠵᠢᠴᠢ ᠡᠯ᠎ᠡ ᠵᠦᠢᠯ ᠤᠨ ᠳᠤᠷᠠᠰᠬᠠᠬᠤ ᠪᠡᠯᠭᠡᠯᠡᠬᠦ᠂ ᠠᠷᠠᠳ ᠤᠨ ᠵᠠᠩ ᠦᠢᠯᠡ | ᠰᠣᠶᠣᠯ ᠤᠨ ᠠᠵᠢᠯᠯᠠᠭ᠎ᠠ ᠪᠠᠷ ᠳᠠᠮᠵᠢᠭᠤᠯᠬᠤ᠂ ᠤᠯᠤᠰ ᠤᠨ ᠲᠤᠭ ᠢ ᠮᠠᠨᠳᠤᠭᠤᠯᠬᠤ᠂ ᠤᠯᠤᠰ ᠤᠨ ᠰᠦᠯᠳᠡ | ᠳᠠᠭᠤᠤ ᠶᠢ ᠳᠠᠭᠤᠯᠠᠬᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠵᠡᠷᠭᠡ ᠶᠣᠰᠣᠯᠠᠯ ᠢᠶᠠᠷ ᠳᠠᠮᠵᠢᠭᠤᠯᠬᠤ᠂ | ᠤᠳᠬ᠎ᠠ ᠤᠷᠠᠯᠢᠭ ᠤᠨ ᠪᠦᠲᠦᠭᠡᠯ᠂ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠮᠡᠳᠡᠭᠡ ᠵᠠᠩᠭᠢ ᠶᠢᠨ | ᠰᠦᠯᠵᠢᠶᠡᠨ ᠤ ᠡᠯ᠎ᠡ ᠵᠦᠢᠯ ᠤᠨ ᠲᠠᠪᠴᠠᠩ ᠤᠨ ᠠᠴᠢᠶᠠᠯᠠᠪᠤᠷᠢ ᠪᠠᠷ ᠳᠠᠮᠵᠢᠭᠤᠯᠬᠤ ᠵᠡᠷᠭᠡ ᠶᠢ ᠪᠠᠭᠲᠠᠭᠠᠪᠠ᠃ | ᠵᠢᠷᠭᠤᠭ᠎ᠠ ᠳᠤ᠂ ᠡᠬᠡ ᠣᠷᠣᠨᠴᠢ ᠦᠵᠡᠯ ᠤᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠢᠨ ᠡᠬᠡ ᠣᠷᠣᠨᠴᠢ ᠦᠵᠡᠯ ᠤᠨ ᠬᠥᠮᠦᠵᠢᠯ ᠤᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠪᠠ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠰᠤᠷᠭᠠᠨ ᠬᠥᠮᠦᠵᠢᠯ᠂ | ᠰᠣᠶᠣᠯ ᠪᠠ ᠵᠤᠭᠠᠴᠠᠯ᠂ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ᠂ ᠺᠢᠨᠣ᠋᠂ ᠰᠦᠯᠵᠢᠶᠡᠨ ᠤ ᠮᠡᠳᠡᠭᠡ ᠵᠠᠩᠭᠢ᠂ | ᠲᠡᠦᠬᠡ ᠶᠢᠨ ᠳᠤᠷᠠᠰᠬᠠᠯᠲᠤ ᠵᠦᠢᠯ ᠵᠡᠷᠭᠡ ᠰᠠᠯᠠᠭ᠎ᠠ ᠮᠥᠴᠢᠷ ᠤᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ | ᠲᠣᠭᠲᠠᠭᠠᠭᠰᠠᠨ ᠪᠥᠭᠡᠳ ᠡᠬᠡ ᠣᠷᠣᠨᠴᠢ ᠦᠵᠡᠯ ᠤᠨ ᠬᠥᠮᠦᠵᠢᠯ ᠢ ᠪᠦᠲᠦᠮᠵᠢᠲᠡᠢ ᠥᠷᠨᠢᠭᠦᠯᠬᠦ ᠶᠢ ᠳᠡᠮᠵᠢᠬᠦ | ᠪᠠᠲᠤᠯᠠᠭᠠᠨ ᠤ ᠠᠷᠭ᠎ᠠ ᠬᠡᠮᠵᠢᠶ᠎ᠡ ᠶᠢ ᠲᠣᠭᠲᠠᠭᠠᠪᠠ᠃ | ᠰᠤᠷᠪᠤᠯᠵᠢᠯᠠᠭᠴᠢ᠄ ᠡᠬᠡ ᠣᠷᠣᠨᠴᠢ ᠦᠵᠡᠯ ᠤᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠪᠣᠢ ᠪᠣᠯᠭᠠᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ | ᠪᠠᠳᠠᠷᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠤᠯᠤᠰ ᠤᠨ ᠠᠮᠤᠷ ᠲᠦᠪᠰᠢᠨ ᠤ ᠬᠥᠮᠦᠵᠢᠯ ᠵᠡᠷᠭᠡ ᠲᠠᠢ | ᠶᠠᠭᠠᠬᠢᠵᠤ ᠤᠶᠠᠯᠳᠤᠭᠤᠯᠤᠨ᠂ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠶᠠᠮᠠᠷ ᠱᠠᠭᠠᠷᠳᠠᠯᠭ᠎ᠠ | ᠳᠤᠷᠠᠳᠤᠭᠰᠠᠨ ᠪᠤᠢ︖ | ᠬᠠᠷᠢᠭᠤᠯᠲᠠ᠄ ᠡᠬᠡ ᠣᠷᠣᠨᠴᠢ ᠦᠵᠡᠯ ᠤᠨ ᠬᠥᠮᠦᠵᠢᠯ ᠪᠣᠯ ᠣᠯᠠᠨ ᠳᠡᠰ ᠳᠠᠪᠬᠤᠷᠭ᠎ᠠ᠂ ᠣᠯᠠᠨ ᠲᠠᠯ᠎ᠠ ᠲᠠᠢ | ᠶᠤᠮ᠂ ᠡᠬᠡ ᠣᠷᠣᠨᠴᠢ ᠦᠵᠡᠯ ᠤᠨ ᠬᠥᠮᠦᠵᠢᠯ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ᠂ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ | ᠤᠯᠤᠰ ᠤᠨ ᠠᠮᠤᠷ ᠲᠦᠪᠰᠢᠨ ᠤ ᠬᠥᠮᠦᠵᠢᠯ ᠵᠡᠷᠭᠡ ᠲᠠᠢ ᠵᠣᠷᠢᠯᠲᠠ ᠨᠢᠭᠡᠲᠡᠢ᠂ ᠠᠭᠤᠯᠭ᠎ᠠ ᠨᠡᠪᠲᠡᠷᠡᠯᠴᠡᠬᠦ ᠪᠣᠯᠬᠤᠷ | ᠠᠵᠢᠯ ᠤᠨ ᠶᠠᠪᠤᠴᠠ ᠳᠤ ᠪᠠᠨ ᠨᠢᠭᠲᠠ ᠤᠶᠠᠯᠳᠤᠭᠤᠯᠬᠤ ᠬᠡᠷᠡᠭᠲᠡᠢ᠃ ᠡᠬᠡ ᠣᠷᠣᠨᠴᠢ ᠦᠵᠡᠯ ᠤᠨ ᠬᠥᠮᠦᠵᠢᠯ ᠤᠨ | ᠬᠠᠤᠯᠢ ᠡᠭᠦᠨ ᠤ ᠲᠤᠬᠠᠢ ᠵᠣᠬᠢᠬᠤ ᠲᠣᠭᠲᠠᠭᠠᠯ ᠭᠠᠷᠭᠠᠨ ᠱᠠᠭᠠᠷᠳᠠᠯᠭ᠎ᠠ ᠳᠤᠷᠠᠳᠴᠠᠢ᠃ | ᠨᠢᠭᠡ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠲᠠᠢ ᠨᠢᠭᠲᠠ ᠤᠶᠠᠯᠳᠤᠭᠤᠯᠬᠤ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ | ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠣᠶᠤᠨ ᠰᠠᠨᠠᠭᠠᠨ ᠤ ᠬᠦᠴᠦᠨ ᠴᠢᠳᠠᠯ ᠤᠨ ᠰᠦᠭ | ᠮᠥᠨ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠴᠣᠭᠴᠠᠯᠠᠬᠤ ᠪᠠᠷ ᠳᠠᠮᠵᠢᠭᠤᠯᠤᠨ᠂ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ ᠭᠡᠵᠦ ᠲᠣᠭᠲᠠᠭᠠᠪᠠ᠃ | ᠬᠤᠶᠠᠷ ᠲᠤ᠂ ᠡᠬᠡ ᠣᠷᠣᠨᠴᠢ ᠦᠵᠡᠯ ᠤᠨ ᠬᠥᠮᠦᠵᠢᠯ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠬᠥᠭᠵᠢᠭᠦᠯᠬᠦ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠡᠬᠡ ᠣᠷᠣᠨᠴᠢ ᠦᠵᠡᠯ ᠪᠣᠯ ᠳᠤᠮᠳᠠᠳᠤ ᠶᠢᠨ | ᠪᠣᠯᠪᠠᠰᠤᠨ ᠤ ᠥᠨᠢ ᠤᠳᠠᠭᠠᠨ ᠤᠯᠠᠮᠵᠢᠯᠠᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠣᠬᠢ ᠰᠣᠳᠣ | ᠮᠥᠨ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠨᠢ ᠰᠢ ᠶᠢᠨ ᠫᠢᠩ ᠤᠨ ᠰᠣᠶᠣᠯ ᠤᠨ ᠦᠵᠡᠯ | ᠰᠠᠨᠠᠭ᠎ᠠ ᠶᠢ ᠲᠤᠭᠤᠰᠢᠯᠠᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ ᠨᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢ ᠠᠬᠢᠭᠤᠯᠤᠨ᠂ ᠰᠣᠶᠣᠯ ᠤᠨ ᠢᠲᠡᠭᠡᠯ ᠢ | ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠣᠳᠣ ᠦᠶ᠎ᠡ ᠶᠢᠨ ᠪᠣᠯᠪᠠᠰᠤᠨ ᠢ ᠪᠠᠶᠢᠭᠤᠯᠪᠠ︔ ᠳᠤᠮᠳᠠᠳᠤ ᠶᠢᠨ | ᠦᠨᠳᠦᠰᠦᠲᠡᠨ ᠤ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠲᠡᠦᠬᠡ | ᠰᠣᠶᠣᠯ ᠤᠨ ᠥᠪ ᠵᠡᠷᠭᠡ ᠶᠢ ᠡᠬᠡ ᠣᠷᠣᠨᠴᠢ ᠦᠵᠡᠯ ᠤᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠪᠠ︔ | ᠡᠭᠦᠨ ᠤ ᠬᠠᠮᠲᠤ ᠲᠡᠦᠬᠡ ᠰᠣᠶᠣᠯ ᠤᠨ ᠥᠪ ᠵᠡᠷᠭᠡ ᠡᠬᠡ ᠣᠷᠣᠨᠴᠢ ᠦᠵᠡᠯ ᠤᠨ ᠬᠥᠮᠦᠵᠢᠯ ᠤᠨ ᠴᠢᠳᠠᠮᠵᠢ ᠶᠢ | ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠲᠣᠳᠣᠷᠬᠠᠢ ᠳᠣᠭᠲᠠᠭᠠᠪᠠ᠃ | ᠭᠤᠷᠪᠠ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠶᠢ ᠪᠠᠳᠠᠷᠠᠭᠤᠯᠬᠤ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠦᠵᠡᠯᠲᠡ ᠶᠢᠨ ᠳᠣᠲᠤᠷ᠎ᠠ ᠬᠠᠮᠤᠭ ᠤᠨ ᠭᠦᠨ ᠳᠠᠪᠬᠤᠷᠭ᠎ᠠ ᠶᠢᠨ᠂ ᠬᠠᠮᠤᠭ ᠤᠨ ᠦᠨᠳᠦᠰᠦᠨ᠂ | ᠬᠠᠮᠤᠭ ᠤᠨ ᠥᠨᠢ ᠤᠳᠠᠭᠠᠨ ᠨᠢ ᠡᠬᠡ ᠣᠷᠣᠨᠴᠢ ᠦᠵᠡᠯ ᠪᠣᠯᠤᠨ᠎ᠠ᠃ ᠡᠬᠡ ᠣᠷᠣᠨᠴᠢ ᠦᠵᠡᠯ ᠪᠣᠯ ᠠᠷᠠᠳ | ᠢᠷᠭᠡᠳ ᠤᠨ ᠬᠠᠮᠤᠭ ᠤᠨ ᠦᠨᠳᠦᠰᠦᠨ ᠥᠷᠲᠡᠭ ᠤᠨ ᠪᠠᠷᠢᠮᠵᠢᠶ᠎ᠠ ᠪᠣᠯᠤᠭᠰᠠᠨ ᠤ ᠬᠤᠪᠢ ᠳᠤ᠂ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠶᠢᠨ ᠰᠠᠭᠤᠷᠢ ᠪᠠ ᠲᠡᠷᠢᠭᠦᠨ ᠴᠢᠬᠤᠯᠠ ᠱᠠᠭᠠᠷᠳᠠᠯᠭ᠎ᠠ ᠪᠠᠶᠢᠵᠤ᠂ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠪᠤᠰᠤᠳ ᠱᠠᠭᠠᠷᠳᠠᠯᠭ᠎ᠠ ᠨᠢ ᠡᠬᠡ ᠣᠷᠣᠨᠴᠢ ᠦᠵᠡᠯ ᠤᠨ | ᠵᠣᠷᠢᠭ ᠰᠠᠨᠠᠭ᠎ᠠ ᠶᠢ ᠪᠤᠶᠢᠵᠢᠭᠤᠯᠬᠤ ᠳᠤ ᠴᠢᠬᠤᠯᠠ ᠦᠢᠯᠡᠳᠦᠯ ᠦᠵᠡᠭᠦᠯᠳᠡᠭ᠃ ᠡᠬᠡ ᠣᠷᠣᠨᠴᠢ ᠦᠵᠡᠯ ᠤᠨ | ᠬᠥᠮᠦᠵᠢᠯ ᠤᠨ ᠬᠠᠤᠯᠢ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠬᠦ ᠳᠤ ᠪᠠᠨ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠬᠤᠶᠠᠭᠤᠯᠠ ᠶᠢ ᠣᠷᠭᠠᠨᠢᠭ ᠢᠶᠠᠷ ᠠᠭᠤᠰᠬᠠᠬᠤ ᠶᠢ | ᠠᠬᠢᠭᠤᠯᠬᠤ ᠬᠡᠷᠡᠭᠲᠡᠢ ᠭᠡᠵᠦ ᠳᠣᠳᠤᠷᠬᠠᠢ ᠳᠣᠭᠲᠠᠭᠠᠪᠠ᠃ | ᠳᠥᠷᠪᠡ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠤᠯᠤᠰ ᠤᠨ ᠪᠠᠲᠤᠯᠠᠨ ᠬᠠᠮᠠᠭᠠᠯᠠᠯᠲᠠ ᠪᠠ | ᠤᠯᠤᠰ ᠤᠨ ᠠᠮᠤᠷ ᠲᠦᠪᠰᠢᠨ ᠤ ᠬᠥᠮᠦᠵᠢᠯ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠮᠠᠨ ᠤ ᠤᠯᠤᠰ ᠤᠨ | ᠦᠨᠳᠦᠰᠦᠨ ᠬᠠᠤᠯᠢ ᠳᠤ ᠠᠷᠠᠳ ᠢᠷᠭᠡᠨ ᠤᠯᠤᠰ ᠣᠷᠣᠨ ᠤ ᠨᠢᠭᠡᠳᠦᠯ ᠪᠠ ᠪᠦᠬᠦ ᠤᠯᠤᠰ ᠤᠨ | ᠦᠨᠳᠦᠰᠦᠲᠡᠨ ᠨᠦᠭᠦᠳ ᠤᠨ ᠪᠦᠯᠬᠦᠮᠳᠡᠯ ᠢ ᠬᠠᠮᠠᠭᠠᠯᠠᠵᠤ᠂ ᠡᠬᠡ ᠤᠯᠤᠰ ᠤᠨ ᠠᠮᠤᠷ ᠲᠦᠪᠰᠢᠨ᠂ ᠢᠷᠠᠭᠤ ᠠᠯᠳᠠᠷ | ᠪᠠ ᠠᠰᠢᠭ ᠲᠤᠰᠠ ᠶᠢ ᠬᠠᠮᠠᠭᠠᠯᠠᠬᠤ ᠡᠭᠦᠷᠭᠡ ᠲᠠᠢ᠃ ᠡᠬᠡ ᠣᠷᠣᠨᠴᠢ ᠦᠵᠡᠯ ᠤᠨ ᠬᠥᠮᠦᠵᠢᠯ ᠨᠢ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠥᠵᠢᠯ᠂ ᠤᠯᠤᠰ ᠤᠨ ᠠᠮᠤᠷ ᠲᠦᠪᠰᠢᠨ ᠤ ᠬᠥᠮᠦᠵᠢᠯ ᠯᠤᠭ᠎ᠠ ᠵᠣᠷᠢᠯᠲᠠ ᠪᠠᠨ | ᠨᠢᠭᠡᠳᠭᠡᠵᠦ᠂ ᠬᠠᠷᠢᠯᠴᠠᠨ ᠲᠤᠯᠭᠠᠭᠤᠷᠢᠯᠠᠬᠤ ᠬᠡᠷᠡᠭᠲᠡᠢ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ᠂ | ᠡᠬᠡ ᠣᠷᠣᠨᠴᠢ ᠦᠵᠡᠯ ᠤᠨ ᠬᠥᠮᠦᠵᠢᠯ ᠨᠢ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ ᠪᠠᠷ ᠬᠦᠴᠦᠯᠡᠬᠦ ᠴᠡᠭ ᠪᠣᠯᠭᠠᠵᠤ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ᠂ | ᠤᠯᠤᠰ ᠤᠨ ᠠᠮᠤᠷ ᠲᠦᠪᠰᠢᠨ ᠪᠠ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠲᠠᠯ᠎ᠠ ᠶᠢᠨ ᠤᠬᠠᠮᠰᠠᠷ ᠪᠠ | ᠦᠵᠡᠯᠲᠡ ᠶᠢ ᠡᠬᠡ ᠣᠷᠣᠨᠴᠢ ᠦᠵᠡᠯ ᠤᠨ ᠬᠥᠮᠦᠵᠢᠯ ᠤᠨ ᠭᠤᠣᠯ ᠠᠭᠤᠯᠭ᠎ᠠ ᠪᠣᠯᠭᠠᠨ᠎ᠠ ᠭᠡᠵᠦ | ᠳᠣᠳᠤᠷᠬᠠᠶᠢᠯᠠᠭᠰᠠᠨ ᠤ ᠬᠠᠮᠲᠤ ᠡᠬᠡ ᠣᠷᠣᠨᠴᠢ ᠦᠵᠡᠯ ᠤᠨ ᠬᠥᠮᠦᠵᠢᠯ ᠳᠤ ᠤᠯᠤᠰ ᠤᠨ ᠠᠮᠤᠷ ᠲᠦᠪᠰᠢᠨ ᠪᠠ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠬᠦ ᠱᠠᠭᠠᠷᠳᠠᠯᠭ᠎ᠠ ᠶᠢ ᠳᠤᠷᠠᠳᠴᠠᠢ᠃ | ᠲᠠᠪᠤ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠠᠷᠠᠳ ᠢᠷᠭᠡᠳ ᠤᠨ ᠠᠵᠢᠯ ᠠᠮᠢᠳᠤᠷᠠᠯ ᠲᠠᠢ ᠨᠢᠭᠲᠠ | ᠤᠶᠠᠯᠳᠤᠭᠤᠯᠬᠤ ᠬᠡᠷᠡᠭᠲᠡᠢ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢᠨ ᠲᠣᠭᠲᠠᠭᠠᠯ ᠶᠣᠰᠣᠭᠠᠷ᠂ | ᠰᠦᠷᠯᠢᠭ ᠰᠠᠶᠢᠬᠠᠨ ᠥᠩᠭᠡ ᠦᠵᠡᠮᠵᠢ᠂ ᠲᠡᠦᠬᠡ ᠰᠣᠶᠣᠯ ᠤᠨ ᠥᠪ ᠬᠥᠷᠥᠩᠭᠡ᠂ ᠲᠣᠨᠤᠭ ᠲᠥᠬᠦᠭᠡᠷᠦᠮᠵᠢ᠂ | ᠠᠷᠠᠳ ᠤᠨ ᠵᠠᠩ ᠦᠢᠯᠡ ᠰᠣᠶᠣᠯ ᠵᠡᠷᠭᠡ ᠡᠬᠢ ᠪᠠᠶᠠᠯᠢᠭ ᠲᠤ ᠠᠭᠤᠯᠤᠭᠳᠠᠵᠤ ᠪᠠᠶᠢᠭ᠎ᠠ ᠡᠬᠡ ᠣᠷᠣᠨᠴᠢ ᠦᠵᠡᠯ ᠤᠨ | ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠨ᠂ ᠰᠠᠶᠢᠲᠤᠷ ᠠᠰᠢᠭᠯᠠᠵᠤ᠂ ᠠᠵᠢᠯ ᠤᠨ ᠪᠠᠶᠢᠷᠢ ᠪᠠᠨ ᠬᠠᠶᠢᠷᠠᠯᠠᠵᠤ | ᠦᠢᠯᠡᠰ ᠢᠶᠠᠨ ᠳᠡᠭᠡᠳᠦᠯᠡᠬᠦ ᠶᠢ ᠰᠠᠨᠠᠭᠠᠴᠢᠯᠠᠨ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠵᠤ᠂ ᠦᠭᠡ | ᠳᠠᠭᠤᠨ ᠦᠭᠡᠢ ᠵᠢᠳᠬᠦᠵᠦ᠂ ᠬᠥᠮᠦᠰ ᠲᠤ ᠡᠬᠡ ᠤᠯᠤᠰ ᠤᠨ ᠦᠵᠡᠰᠬᠦᠯᠡᠩᠲᠦ ᠰᠠᠶᠢᠬᠠᠨ ᠠᠭᠤᠯᠠ ᠤᠰᠤ ᠪᠠ ᠥᠨᠢ | ᠤᠳᠠᠭᠠᠨ ᠰᠣᠶᠣᠯ ᠢ ᠮᠡᠳᠡᠷᠡᠭᠦᠯᠵᠦ᠂ ᠬᠥᠳᠡᠯᠮᠦᠷᠢ ᠶᠢᠨ ᠭᠤᠸ᠎ᠠ ᠰᠠᠶᠢᠬᠠᠨ ᠢ ᠢᠯᠡᠷᠡᠭᠦᠯᠦᠨ᠂ ᠡᠬᠡ ᠣᠷᠣᠨᠴᠢ | ᠰᠡᠳᠬᠢᠯᠭᠡ ᠶᠢ ᠬᠥᠭᠵᠢᠭᠡᠪᠡ᠃ | ᠰᠤᠷᠪᠤᠯᠵᠢᠯᠠᠭᠴᠢ᠄ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠲᠤᠭᠤᠰᠢᠯᠠᠭᠤᠯᠤᠨ | ᠬᠡᠷᠡᠭᠵᠢᠭᠦᠯᠬᠦ ᠳᠤ ᠶᠠᠮᠠᠷ ᠠᠵᠢᠯ ᠢ ᠰᠠᠶᠢᠲᠤᠷ ᠬᠢᠬᠦ ᠪᠤᠢ︖ | ᠬᠠᠷᠢᠭᠤᠯᠲᠠ᠄ ᠡᠬᠡ ᠣᠷᠣᠨᠴᠢ ᠦᠵᠡᠯ ᠤᠨ ᠬᠥᠮᠦᠵᠢᠯ ᠪᠣᠯ ᠤᠯᠤᠰ ᠣᠷᠣᠨ ᠪᠠ ᠦᠨᠳᠦᠰᠦᠲᠡᠨ ᠤ | ᠲᠥᠯᠥᠭᠡ ᠵᠢᠳᠬᠦᠬᠦ ᠠᠵᠢᠯ ᠮᠥᠨ᠃ ᠬᠤᠯᠪᠣᠭᠳᠠᠯ ᠪᠦᠬᠦᠢ ᠲᠠᠯ᠎ᠠ ᠶᠢᠨ ᠬᠢᠨ ᠡᠬᠡ ᠣᠷᠣᠨᠴᠢ ᠦᠵᠡᠯ ᠤᠨ | ᠬᠥᠮᠦᠵᠢᠯ ᠤᠨ ᠬᠠᠤᠯᠢ ᠶᠢ ᠰᠤᠷᠤᠯᠴᠠᠵᠤ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠪᠦᠬᠦ ᠨᠡᠶᠢᠭᠡᠮ ᠤᠨ ᠬᠢᠨ ᠢ | ᠳᠠᠶᠢᠴᠢᠯᠠᠬᠤ ᠪᠠ ᠬᠥᠲᠥᠯᠥᠨ ᠵᠢᠯᠣᠭᠤᠳᠴᠤ ᠥᠷᠭᠡᠨ ᠢᠶᠠᠷ ᠣᠷᠣᠯᠴᠠᠭᠤᠯᠤᠨ᠂ ᠬᠠᠤᠯᠢ ᠴᠠᠭᠠᠵᠠ ᠶᠢ ᠵᠥᠪ | ᠣᠨᠣᠪᠴᠢᠲᠠᠢ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠬᠤ ᠭᠦᠨ ᠵᠤᠵᠠᠭᠠᠨ ᠨᠡᠶᠢᠭᠡᠮ ᠤᠨ ᠣᠷᠴᠢᠨ ᠠᠬᠤᠢ ᠶᠢ ᠪᠣᠢ | ᠪᠣᠯᠭᠠᠬᠤ ᠬᠡᠷᠡᠭᠲᠡᠢ᠃ ᠣᠯᠠᠨ ᠵᠦᠢᠯ ᠤᠨ ᠬᠡᠯᠪᠡᠷᠢ᠂ ᠠᠮᠢᠳᠤᠯᠢᠭ ᠵᠢᠱᠢᠶ᠎ᠡ ᠪᠠᠷ ᠳᠠᠮᠵᠢᠭᠤᠯᠤᠨ᠂ ᠡᠬᠡ ᠣᠷᠣᠨᠴᠢ | ᠦᠵᠡᠯ ᠤᠨ ᠭᠦᠨ ᠠᠭᠤᠯᠤᠭᠳᠠᠬᠤᠨ᠂ ᠴᠢᠬᠤᠯᠠ ᠠᠴᠢ ᠬᠤᠯᠪᠣᠭᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ | ᠲᠠᠶᠢᠯᠪᠤᠷᠢᠯᠠᠵᠤ᠂ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠲᠣᠭᠲᠠᠭᠠᠭᠰᠠᠨ ᠦᠨᠳᠦᠰᠦᠨ ᠵᠠᠷᠴᠢᠮ᠂ | ᠡᠭᠦᠷᠭᠡ ᠶᠢᠨ ᠱᠠᠭᠠᠷᠳᠠᠯᠭ᠎ᠠ ᠪᠣᠯᠤᠨ ᠴᠢᠬᠤᠯᠠ ᠠᠷᠭ᠎ᠠ ᠬᠡᠮᠵᠢᠶ᠎ᠡ ᠶᠢ ᠲᠣᠳᠣᠷᠬᠠᠶᠢᠯᠠᠨ ᠥᠭᠦᠯᠡᠵᠦ᠂ ᠪᠦᠬᠦ | ᠨᠡᠶᠢᠭᠡᠮ ᠤᠨ ᠲᠠᠨᠢᠯᠲᠠ ᠶᠢ ᠭᠦᠨᠵᠡᠭᠡᠶᠢᠷᠡᠭᠦᠯᠵᠦ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠣᠢ ᠪᠣᠯᠭᠠᠵᠤ᠂ | ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠭᠤᠣᠯ ᠬᠥᠭ ᠠᠶᠠᠰ ᠢ ᠴᠤᠤᠷᠢᠶᠠᠲᠤᠭᠤᠯᠬᠤ | ᠬᠡᠷᠡᠭᠲᠡᠢ᠃ ᠵᠣᠬᠢᠶᠠᠨ ᠪᠠᠶᠢᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠳᠤ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠬᠡ ᠣᠷᠣᠨᠴᠢ | ᠦᠵᠡᠯ ᠤᠨ ᠬᠥᠮᠦᠵᠢᠯ ᠢ ᠥᠷᠭᠡᠨ ᠳᠡᠯᠭᠡᠷ ᠭᠦᠨ ᠭᠦᠨᠵᠡᠭᠡᠢ ᠥᠷᠨᠢᠭᠦᠯᠬᠦ ᠶᠢ ᠠᠬᠢᠭᠤᠯᠵᠤ᠂ ᠬᠠᠤᠯᠢ ᠲᠣᠭᠲᠠᠭᠠᠬᠤ | ᠦᠷ᠎ᠡ ᠪᠦᠲᠦᠮᠵᠢ ᠶᠢ ᠭᠦᠢᠴᠡᠳ ᠢᠯᠡᠷᠡᠭᠦᠯᠬᠦ ᠬᠡᠷᠡᠭᠲᠡᠢ᠃ | ᠴᠢᠬᠤᠯᠠᠴᠢᠯᠠᠬᠤ ᠨᠢ᠂ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠰᠤᠷᠤᠯᠴᠠᠨ ᠤᠬᠠᠭᠤᠯᠬᠤ ᠪᠠ | ᠲᠤᠭᠤᠰᠢᠯᠠᠭᠤᠯᠤᠨ ᠬᠡᠷᠡᠭᠵᠢᠭᠦᠯᠬᠦ ᠶᠠᠪᠤᠴᠠ ᠳᠤ᠂ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ | ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠦᠭᠡᠶᠢᠰᠬᠡᠬᠦ ᠦᠵᠡᠯ ᠢ ᠡᠷᠡᠰ ᠡᠰᠡᠷᠭᠦᠴᠡᠬᠦ | ᠬᠡᠷᠡᠭᠲᠡᠢ︔ ᠡᠭᠦᠨ ᠤ ᠬᠠᠮᠲᠤ ᠣᠶᠤᠨᠴᠢ᠂ ᠪᠠᠭᠲᠠᠭᠠᠮᠵᠢᠲᠠᠢ᠂ ᠨᠡᠭᠡᠭᠡᠯᠲᠡ ᠲᠠᠢ ᠪᠠᠶᠢᠬᠤ ᠶᠢ ᠪᠠᠷᠢᠮᠲᠠᠯᠠᠵᠤ᠂ ᠬᠥᠮᠦᠨ | ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠲᠣᠯᠢᠯᠠᠨ ᠰᠢᠩᠭᠡᠭᠡᠨ ᠠᠪᠴᠤ᠂ ᠠᠷᠠᠨᠴᠢ | ᠦᠵᠡᠯ ᠤᠨ ᠬᠠᠷᠰᠢᠯᠠᠯ ᠢ ᠰᠡᠷᠭᠡᠶᠢᠯᠡᠬᠦ ᠬᠡᠷᠡᠭᠲᠡᠢ᠃ | | |