ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 2023 ᠣᠨ ᠤ ᠠᠩᠬᠠᠳᠠᠭᠴᠢ ᠪᠦᠯᠦᠭ ᠣᠷᠣᠭᠤᠯᠤᠨ ᠠᠪᠴᠢᠷᠠᠬᠤ ᠪᠠᠷ ᠪᠠᠶᠢᠭ᠎ᠠ ᠵᠢᠩᠬᠢᠨᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠳᠤᠰᠢᠶᠠᠯ ᠤᠨ ᠴᠤᠯᠠᠲᠠᠢ ᠴᠢᠳᠠᠪᠤᠷᠢᠲᠠᠨ ᠢ ᠢᠯᠡ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/11/3
      ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠶᠢᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 77 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠠ ᠰᠠᠯᠠᠭ᠎ᠠ ᠮᠥᠴᠢᠷ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ︿ᠰᠠᠭᠠᠳ ᠦᠭᠡᠢ ᠨᠡᠪᠲᠡᠷᠡᠬᠦ ᠵᠠᠮ﹀ ᠢᠶᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠲᠠᠷᠬᠠᠭᠠᠭᠰᠠᠨ ﹇2019﹈ 49 ᠳ᠋ᠦ᠋ᠭᠡᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯ ᠦᠢᠯᠡᠰ ᠤᠨ ᠨᠢᠭᠡᠴᠢ ᠶᠢᠨ ︿ᠰᠠᠭᠠᠳ ᠦᠭᠡᠢ ᠨᠡᠪᠲᠡᠷᠡᠬᠦ ᠵᠠᠮ﹀ ᠢᠶᠠᠷ ᠣᠷᠣᠭᠤᠯᠤᠨ ᠠᠪᠴᠢᠷᠠᠭᠰᠠᠨ ᠳᠡᠭᠡᠳᠦ ᠳᠡᠰ ᠤᠨ ᠴᠢᠳᠠᠪᠤᠷᠢᠲᠠᠨ ᠢ ᠬᠢᠨᠠᠨ ᠵᠥᠪᠰᠢᠶᠡᠷᠡᠬᠦ ᠳᠦᠷᠢᠮ ᠤᠨ ᠬᠤᠯᠪᠣᠭᠳᠠᠯ ᠪᠦᠬᠦᠢ ᠵᠦᠢᠯ ᠤᠨ ᠲᠤᠬᠠᠢ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠲᠠᠷᠬᠠᠭᠠᠭᠰᠠᠨ ﹇2020﹈ 78 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷᠯᠠᠯ ᠨᠡᠶᠢᠲᠡᠯᠡᠬᠦ᠂ ᠵᠣᠬᠢᠶᠠᠨ ᠪᠠᠶᠢᠭᠤᠯᠤᠨ ᠨᠡᠷ᠎ᠡ ᠮᠡᠳᠡᠭᠦᠯᠵᠦ ᠠᠩᠬᠠᠨ ᠤ ᠬᠢᠨᠠᠯᠲᠠ ᠬᠢᠬᠦ᠂ ᠬᠢᠷᠢ ᠭᠡᠮ ᠢ ᠳᠠᠬᠢᠨ ᠬᠢᠨᠠᠬᠤ᠂ ᠨᠢᠭᠤᠷᠳᠠᠨ ᠰᠢᠯᠭᠠᠯᠲᠠ ᠪᠠᠷ ᠦᠨᠡᠯᠡᠨ ᠵᠢᠱᠢᠬᠦ᠂ ᠰᠢᠨᠵᠢᠯᠡᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠳᠡᠰ ᠳᠠᠷᠠᠭᠠᠯᠠᠯ ᠢᠶᠠᠷ᠂ ᠠᠩᠬᠠᠳᠠᠭᠴᠢ ᠪᠦᠯᠦᠭ ᠤᠨ 3 ᠬᠥᠮᠦᠨ ᠢ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠭᠤᠯᠵᠤ᠂ ᠡᠳᠦᠭᠡ ᠣᠷᠣᠭᠤᠯᠤᠨ ᠠᠪᠴᠢᠷᠠᠬᠤ ᠪᠠᠷ ᠪᠠᠶᠢᠭ᠎ᠠ ᠵᠢᠩᠬᠢᠨᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠢᠯᠡ ᠨᠡᠶᠢᠲᠡᠯᠡᠪᠡ᠃      ᠨᠢᠭᠡ᠂ ᠢᠯᠡ ᠨᠡᠶᠢᠲᠡᠯᠡᠬᠦ ᠡᠲᠡᠭᠡᠳ      ᠴᠧᠨ ᠴᠤᠤ᠂ ᠡᠷᠡᠭᠲᠡᠢ᠂ 1980 ᠣᠨ ᠤ 9 ᠰᠠᠷ᠎ᠠ ᠶᠢᠨ 2 ᠤᠨ ᠡᠳᠦᠷ ᠲᠦᠷᠦᠵᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ᠂ ᠢᠨᠵᠧᠨᠧᠷᠢᠩ ᠤᠨ ᠮᠠᠰᠲ᠋ᠧᠷ᠂ ᠳᠡᠭᠡᠳᠦ ᠵᠡᠷᠭᠡ ᠶᠢᠨ ᠢᠨᠵᠧᠨᠧᠷ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠪᠠᠭᠰᠢ ᠶᠢᠨ ᠠᠵᠢᠯ ᠤᠨ ᠪᠠᠶᠢᠷᠢ ᠳᠤ ᠤᠷᠢᠬᠤ ᠪᠠᠷ ᠲᠥᠯᠥᠪᠯᠡᠵᠦ ᠪᠣᠢ᠃      ᠵᠢᠩ ᡁᠢ ᠾᠦᠢ᠂ ᠡᠷᠡᠭᠲᠡᠢ᠂ 1984 ᠣᠨ ᠤ 7 ᠰᠠᠷ᠎ᠠ ᠶᠢᠨ 25 ᠤ ᠡᠳᠦᠷ ᠲᠦᠷᠦᠵᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ᠂ ᠪᠠᠷᠢᠯᠭ᠎ᠠ ᠶᠢᠨ ᠤᠬᠠᠭᠠᠨ ᠤ ᠣᠶᠤᠲᠠᠨ᠂ ᠵᠢᠩᠬᠢᠨᠢ ᠳᠡᠭᠡᠳᠦ ᠵᠡᠷᠭᠡ ᠶᠢᠨ ᠢᠨᠵᠧᠨᠧᠷ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠪᠠᠭᠰᠢ ᠶᠢᠨ ᠠᠵᠢᠯ ᠤᠨ ᠪᠠᠶᠢᠷᠢ ᠳᠤ ᠣᠷᠢᠬᠤ ᠪᠠᠷ ᠲᠥᠯᠥᠪᠯᠡᠵᠦ ᠪᠣᠢ᠃      ᠵᠤᠤ ᠵᠢᠶᠠᠨ ᠬᠤᠸᠠ᠂ ᠡᠮᠡᠭᠲᠡᠢ᠂ 1975 ᠣᠨ ᠤ 10 ᠰᠠᠷ᠎ᠠ ᠶᠢᠨ 20 ᠤ ᠡᠳᠦᠷ ᠳᠦᠷᠦᠵᠡᠶ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ᠂ ᠢᠨᠵᠧᠨᠧᠷᠢᠩ ᠤᠨ ᠤᠬᠠᠭᠠᠨ ᠤ ᠣᠶᠤᠲᠠᠨ᠂ ᠵᠢᠩᠬᠢᠨᠢ ᠳᠡᠭᠡᠳᠦ ᠵᠡᠷᠭᠡ ᠶᠢᠨ ᠢᠨᠵᠧᠨᠧᠷ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠪᠠᠭᠰᠢ ᠶᠢᠨ ᠠᠵᠢᠯ ᠤᠨ ᠪᠠᠶᠢᠷᠢ ᠳᠤ ᠤᠷᠢᠬᠤ ᠪᠠᠷ ᠲᠥᠯᠥᠪᠯᠡᠵᠦ ᠪᠤᠢ᠃      ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ      2023 ᠣᠨ ᠤ 11 ᠰᠠᠷ᠎ᠠ ᠶᠢᠨ 1-2023 ᠣᠨ ᠤ 11 ᠰᠠᠷ᠎ᠠ ᠶᠢᠨ 8 ᠤ ᠡᠳᠦᠷ      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ‌‍ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ ᠲᠤᠰᠬᠠᠬᠤ ᠮᠠᠲ᠋ᠧᠷᠢᠶᠠᠯ ᠲᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠬᠤᠪᠢ ᠬᠥᠮᠦᠨ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠬᠡᠷᠡᠭᠲᠡᠢ᠃      ᠬᠦᠯᠢᠶᠡᠨ ᠠᠪᠬᠤ ᠴᠠᠭ᠄       ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 14᠄ 30-17᠄ 00      ᠬᠦᠯᠢᠶᠡᠨ ᠠᠪᠴᠤ ᠰᠢᠢᠳᠪᠦᠷᠢᠯᠡᠬᠦ ᠤᠲᠠᠰᠤ᠄       0471 - 6604043 ︵ᠠᠵᠢᠯᠲᠠᠨ ᠤ ᠶᠠᠪᠤᠳᠠᠯ ᠤᠨ ᠭᠠᠵᠠᠷ︶      0471 - 6604107 ︵ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶᠠᠨ ᠤ ᠠᠯᠪᠠᠨ ᠭᠡᠷ︶        ᠥᠪᠥᠷ ᠣᠩᠭᠤᠯ ᠤᠨ ᠪᠠᠷᠢᠯᠭ᠎ᠠ ᠶᠢᠨ ᠠᠵᠢᠯ ᠡᠷᠬᠡᠵᠢᠯ ᠤᠨ ᠳᠡᠭᠡᠳᠦ ᠰᠤᠷᠭᠠᠭᠤᠯᠢ               2023 ᠣᠨ ᠤ 11 ᠰᠠᠷ᠎ᠠ ᠶᠢᠨ 1 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号