︽ᠪᠠᠭᠰᠢ ᠶᠢᠨ ᠬᠠᠤᠯᠢ︾᠂ ︽ᠪᠠᠭᠰᠢ ᠶᠢᠨ ᠬᠢᠷᠢ ᠭᠡᠮ ᠤᠨ ᠳᠦᠷᠢᠮ︾᠂ ︽ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠲᠦᠷ ᠬᠡᠷᠡᠭᠵᠢᠭᠦᠯᠬᠦ | ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ | ᠬᠡᠷᠡᠭᠵᠢᠭᠦᠯᠬᠦ︶︾᠂ ︽ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ | ᠭᠡᠮ ᠤᠨ ᠰᠢᠯᠭᠠᠯᠲᠠ ᠪᠠ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠰᠤᠷᠭᠠᠨ ᠪᠠᠭᠰᠢ ᠪᠢᠴᠢᠭ ﹇2021﹈ 56 | ᠳ᠋ᠤᠭᠠᠷ ᠲᠣᠭᠠᠲᠤ︶᠂ ︽ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠬᠤ ᠶᠢ | ᠵᠢᠯᠣᠭᠤᠳᠬᠤ ᠲᠥᠪ ᠤᠨ 2023 ᠣᠨ ᠤ ᠪᠠᠭᠰᠢ ᠶᠢᠨ ᠬᠢᠷᠢ ᠭᠡᠮ ᠤᠨ ᠳᠦᠷᠢᠮ ᠢ ᠬᠡᠷᠡᠭᠵᠢᠭᠦᠯᠬᠦ ᠠᠵᠢᠯ ᠢ | ᠰᠠᠶᠢᠲᠤᠷ ᠬᠢᠬᠦ ᠲᠤᠬᠠᠢ ᠮᠡᠳᠡᠭᠳᠡᠯ︾ ︵ᠪᠠᠭᠰᠢ ᠬᠢᠷᠢ ᠬᠡᠮ ᠦᠰᠦᠭ ﹇2020﹈ 2 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠦᠷᠢᠮ ᠤᠨ | ᠥᠭᠡᠷᠡᠴᠢᠯᠡᠯᠲᠡ ᠶᠢ ᠬᠡᠷᠡᠭᠵᠢᠭᠦᠯᠪᠡ᠃ ᠰᠤᠷᠭᠠᠨ ᠬᠥᠮᠦᠵᠢᠯ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠬᠤᠯᠪᠣᠭᠳᠠᠯ | ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠳᠠᠩᠰᠠᠯᠠᠬᠤ ᠬᠡᠪᠴᠢᠶ᠎ᠡ | ᠪᠦᠬᠦ ᠣᠷᠣᠨ ᠤ ᠠᠯᠪᠠᠨ ᠠᠴᠠ ᠡᠷᠬᠢᠯᠡᠭᠰᠡᠨ ᠡᠩ ᠤᠨ ᠳᠤᠮᠳᠠᠳᠤ ᠪᠠᠭ᠎ᠠ ᠰᠤᠷᠭᠠᠭᠤᠯᠢ᠂ ᠣᠨᠴᠠᠭᠠᠢ ᠰᠤᠷᠭᠠᠨ | ᠬᠥᠮᠦᠵᠢᠯ ᠤᠨ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠪᠠᠭᠰᠢ ︵ᠳᠣᠷᠣᠭᠰᠢ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠭᠡᠵᠦ ᠳᠦᠭᠦᠮᠴᠢᠯᠡᠨ᠎ᠡ︶᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ | ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ᠰᠢᠨ᠎ᠡ ᠪᠠᠷ ᠠᠵᠢᠯ ᠳᠤ ᠣᠷᠣᠬᠤ ᠪᠠᠭᠰᠢ ᠶᠢ ᠪᠠᠭᠲᠠᠭᠠᠨ᠎ᠠ᠃ | ᠳᠠᠩᠰᠠᠯᠠᠬᠤ ᠬᠡᠪᠴᠢᠶᠡᠨ ᠠᠴᠠ ᠭᠠᠳᠠᠨᠠᠬᠢ ᠪᠤᠰᠤᠳ ᠪᠠᠭᠰᠢ ᠶᠢᠨ ᠬᠢᠷᠢ ᠭᠡᠮ ᠤᠨ ᠦᠨᠡᠮᠯᠡᠯ ᠲᠠᠢ ᠪᠠᠭᠰᠢ ᠡᠨᠡ | ᠤᠳᠠᠭᠠᠨ ᠤ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠤ ᠣᠷᠣᠯᠴᠠᠬᠤ ᠦᠭᠡᠢ᠃ | ᠬᠤᠶᠠᠷ᠂ ᠳᠠᠩᠰᠠᠯᠠᠬᠤ ᠨᠥᠬᠦᠴᠡᠯ | ︵ᠨᠢᠭᠡ︶ ᠠᠩᠬ᠎ᠠ ᠤᠳᠠᠭ᠎ᠠ ᠳᠠᠩᠰᠠᠯᠠᠬᠤ ᠶᠢ ᠭᠤᠶᠤᠴᠢᠯᠠᠬᠤ ᠳᠤ ᠳᠣᠣᠷᠠᠬᠢ ᠨᠥᠬᠦᠴᠡᠯ ᠢ ᠪᠦᠷᠢᠯᠳᠦᠭᠦᠯᠬᠦ | ᠬᠡᠷᠡᠭᠲᠡᠢ᠄ | 1. ᠪᠠᠭᠰᠢ ᠶᠢᠨ ᠠᠵᠢᠯ ᠤᠨ ᠪᠠᠶᠢᠷᠢ ᠯᠤᠭ᠎ᠠ ᠵᠣᠬᠢᠬᠤ ᠪᠠᠭᠰᠢ ᠶᠢᠨ ᠬᠢᠷᠢ ᠭᠡᠮ ᠲᠠᠢ︔ | 2. ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠤᠷᠢᠭᠳᠠᠭᠰᠠᠨ︔ | 3᠂ ᠤᠯᠤᠰ ᠤᠨ ᠬᠠᠤᠯᠢ ᠴᠠᠭᠠᠵᠠ ᠬᠠᠤᠯᠢ ᠳᠦᠷᠢᠮ᠂ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠳᠦᠷᠢᠮ︾᠂ ︽ᠰᠢᠨ᠎ᠡ ᠴᠠᠭ | ᠦᠶ᠎ᠡ ᠶᠢᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ | ᠳᠦᠷᠢᠮ︾ ᠪᠠ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ | ᠵᠢᠷᠤᠮᠵᠢᠯ︾ ᠢ ᠵᠢᠷᠤᠮᠯᠠᠵᠤ᠂ ᠰᠠᠶᠢᠨ ᠰᠠᠶᠢᠬᠠᠨ ᠪᠠᠭᠰᠢ ᠶᠢᠨ ᠶᠣᠰᠣ ᠮᠣᠷᠠᠯ ᠤᠨ ᠢᠯᠡᠷᠡᠯ ᠲᠠᠢ ᠪᠠᠶᠢᠬᠤ ᠬᠡᠷᠡᠭᠲᠡᠢ︔ | 4. ᠪᠡᠶ᠎ᠡ ᠰᠡᠳᠬᠢᠯ ᠡᠷᠡᠭᠦᠯ ᠴᠢᠭᠢᠷᠠᠭ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠭᠦᠷᠭᠡᠯᠡᠵᠦ | ᠴᠢᠳᠠᠬᠤᠶᠢᠴᠠ︔ | 5. ᠠᠩᠬ᠎ᠠ ᠤᠳᠠᠭ᠎ᠠ ᠪᠠᠭᠰᠢᠯᠠᠵᠤ ᠪᠠᠶᠢᠭ᠎ᠠ ᠪᠠᠭᠰᠢ ᠶᠢᠨ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ | ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠬᠤ ᠬᠡᠷᠡᠭᠲᠡᠢ᠃ ᠪᠤᠰᠤᠳ ᠪᠠᠭᠰᠢ ᠳᠠᠩᠰᠠᠯᠠᠬᠤ ᠶᠢ | ᠭᠤᠶᠤᠴᠢᠯᠠᠬᠤ ᠠᠴᠠ ᠡᠮᠦᠨ᠎ᠡ ᠨᠢᠭᠡ ᠵᠢᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠥᠭᠡᠳ ᠲᠡᠭᠦᠨ ᠠᠴᠠ | ᠳᠡᠭᠡᠭᠰᠢᠬᠢ ᠳᠡᠰ ᠲᠠᠢ ᠪᠠᠶᠢᠬᠤ ᠬᠡᠷᠡᠭᠲᠡᠢ︔ | 6. ᠨᠢᠭᠡ ᠬᠥᠮᠦᠨ ᠣᠯᠠᠨ ᠦᠨᠡᠮᠯᠡᠯ ᠲᠠᠢ᠂ ᠬᠢᠴᠢᠶᠡᠯ ᠲᠥᠷᠦᠯ ᠪᠠ ᠦᠨᠡᠮᠯᠡᠯ ᠠᠳᠠᠯᠢ ᠪᠤᠰᠤ ᠵᠡᠷᠭᠡ ᠣᠨᠴᠠᠭᠠᠢ | ᠪᠠᠶᠢᠳᠠᠯ ᠢ ᠳᠣᠣᠷᠠᠬᠢ ᠠᠷᠭ᠎ᠠ ᠪᠠᠷ ᠳᠠᠩᠰᠠᠯᠠᠨ᠎ᠠ᠄ | ︵1︶ ︽ᠨᠢᠭᠡ ᠬᠥᠮᠦᠨ ᠣᠯᠠᠨ ᠦᠨᠡᠮᠯᠡᠯ ᠲᠠᠢ︾᠂ ᠲᠤᠬᠠᠶᠢᠯᠠᠪᠠᠯ᠂ ᠬᠤᠶᠠᠷ ᠵᠦᠢᠯ ᠪᠤᠶᠤ ᠲᠡᠭᠦᠨ ᠠᠴᠠ | ᠳᠡᠭᠡᠭᠰᠢᠬᠢ ᠪᠠᠭᠰᠢ ᠶᠢᠨ ᠬᠢᠷᠢ ᠭᠡᠮ ᠤᠨ ᠦᠨᠡᠮᠯᠡᠯ ᠲᠠᠢ ᠪᠣᠯ ᠣᠳᠣ ᠵᠢᠭᠠᠵᠤ ᠪᠠᠶᠢᠭ᠎ᠠ ᠪᠠᠭᠰᠢ ᠶᠢᠨ ᠠᠵᠢᠯ ᠤᠨ | ᠪᠠᠶᠢᠷᠢ ᠯᠤᠭ᠎ᠠ ᠵᠣᠬᠢᠬᠤ ᠪᠠᠭᠰᠢ ᠶᠢᠨ ᠬᠢᠷᠢ ᠭᠡᠮ ᠤᠨ ᠦᠨᠡᠮᠯᠡᠯ ᠢ ᠰᠣᠩᠭᠤᠨ ᠳᠠᠩᠰᠠᠯᠠᠵᠤ ᠪᠣᠯᠤᠨ᠎ᠠ᠃ | ︵2︶ ︽ᠬᠢᠴᠢᠶᠡᠯ ᠲᠥᠷᠦᠯ ᠪᠠ ᠦᠨᠡᠮᠯᠡᠯ ᠠᠳᠠᠯᠢ ᠪᠤᠰᠤ ︾᠂ ᠲᠤᠬᠠᠶᠢᠯᠠᠪᠠᠯ᠂ ᠪᠠᠭᠰᠢ ᠶᠢᠨ ᠬᠢᠷᠢ | ᠭᠡᠮ ᠤᠨ ᠦᠨᠡᠮᠯᠡᠯ ᠨᠢ ᠣᠳᠣ ᠵᠢᠭᠠᠵᠤ ᠪᠠᠶᠢᠭ᠎ᠠ ᠬᠢᠴᠢᠶᠡᠯ ᠲᠥᠷᠦᠯ ᠯᠦᠭᠡ ᠨᠢᠭᠡᠳᠦᠯ ᠦᠭᠡᠢ ᠪᠣᠯ᠂ ᠰᠦᠯᠵᠢᠶᠡᠨ ᠳᠤ | ᠨᠡᠷ᠎ᠡ ᠮᠡᠳᠡᠭᠦᠯᠬᠦ ᠳᠤ ᠪᠠᠨ ᠪᠠᠭᠰᠢ ᠶᠢᠨ ᠬᠢᠷᠢ ᠭᠡᠮ ᠤᠨ ᠦᠨᠡᠮᠯᠡᠯ ᠳᠡᠭᠡᠷᠡᠬᠢ ᠬᠢᠷᠢ ᠭᠡᠮ ᠤᠨ ᠲᠥᠷᠥᠯ ᠵᠦᠢᠯ ᠪᠠ | ᠵᠢᠭᠠᠵᠤ ᠪᠠᠶᠢᠭ᠎ᠠ ᠬᠢᠴᠢᠶᠡᠯ ᠲᠥᠷᠦᠯ ᠤᠨ ᠮᠡᠳᠡᠭᠡ ᠵᠠᠩᠭᠢ ᠶᠢ ᠦᠨᠡᠨ ᠪᠣᠳᠠᠲᠠᠢ ᠲᠠᠭᠯᠠᠬᠤ ᠬᠡᠷᠡᠭᠲᠡᠢ︔ ᠣᠳᠣ | ᠵᠢᠭᠠᠵᠤ ᠪᠠᠶᠢᠭ᠎ᠠ ᠬᠢᠴᠢᠶᠡᠯ ᠲᠥᠷᠦᠯ ᠤᠨ ᠪᠠᠶᠢᠳᠠᠯ ᠤᠨ ᠠᠭᠤᠯᠭ᠎ᠠ ᠶᠢ ᠲᠠᠭᠯᠠᠬᠤ ᠦᠶ᠎ᠡ᠂ ᠡᠷᠬᠡᠪᠰᠢ ᠪᠣᠳᠠᠲᠠᠢ | ᠵᠢᠭᠠᠵᠤ ᠪᠠᠶᠢᠭ᠎ᠠ ᠰᠤᠷᠤᠯᠭ᠎ᠠ ᠶᠢᠨ ᠱᠠᠲᠤ ᠪᠠ ᠵᠢᠭᠠᠵᠤ ᠪᠠᠶᠢᠭ᠎ᠠ ᠬᠢᠴᠢᠶᠡᠯ ᠲᠥᠷᠦᠯ ᠤᠨ ᠮᠡᠳᠡᠭᠡ ᠵᠠᠩᠭᠢ ᠪᠠᠨ | ᠲᠠᠭᠯᠠᠬᠤ ᠬᠡᠷᠡᠭᠲᠡᠢ᠃ | ︵3︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠶᠣᠯ ᠤᠨ ᠬᠢᠴᠢᠶᠡᠯ ᠤᠨ | ᠪᠠᠭᠰᠢ ᠶᠢᠨ ᠬᠢᠷᠢ ᠭᠡᠮ ᠤᠨ ᠦᠨᠡᠮᠯᠡᠯ ᠲᠠᠢ ᠪᠠᠶᠢᠭᠠᠳ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ | ᠪᠠᠭᠰᠢᠯᠠᠬᠤ ᠪᠤᠶᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠦᠨᠡᠮᠯᠡᠯ ᠲᠠᠢ | ᠪᠠᠶᠢᠭᠠᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠣᠶᠣᠯ ᠤᠨ ᠬᠢᠴᠢᠶᠡᠯ ᠣᠷᠣᠪᠠᠯ᠂ | ᠦᠨᠡᠮᠯᠡᠯ ᠢ ᠬᠠᠷᠢᠯᠴᠠᠨ ᠨᠡᠶᠢᠳᠡᠮ ᠬᠡᠷᠡᠭᠯᠡᠵᠦ᠂ ᠪᠠᠶᠢᠭ᠎ᠠ ᠪᠠᠭᠰᠢ ᠶᠢᠨ ᠬᠢᠷᠢ ᠭᠡᠮ ᠤᠨ ᠦᠨᠡᠮᠯᠡᠯ ᠢ ᠳᠠᠩᠰᠠᠯᠠᠬᠤ ᠪᠠᠷ | ᠭᠤᠶᠤᠴᠢᠯᠠᠵᠤ ᠪᠣᠯᠤᠨ᠎ᠠ᠃ | ︵ᠬᠤᠶᠠᠷ︶ ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠪᠣᠯ ᠲᠣᠭᠲᠠᠮᠠᠯ ᠬᠤᠭᠤᠴᠠᠭ᠎ᠠ ᠲᠠᠢ | ᠳᠠᠩᠰᠠᠯᠠᠬᠤ ᠳᠤ ᠬᠢᠷᠢ ᠲᠡᠩᠴᠡᠨ᠎ᠡ᠄ | 1. ᠪᠠᠭᠰᠢ ᠶᠢᠨ ᠠᠵᠢᠯ ᠤᠨ ᠪᠠᠶᠢᠷᠢ ᠯᠤᠭ᠎ᠠ ᠵᠣᠬᠢᠴᠠᠭᠰᠠᠨ ᠪᠠᠭᠰᠢ ᠶᠢᠨ ᠬᠢᠷᠢ ᠭᠡᠮ ᠲᠠᠢ︔ | 2. ᠤᠯᠤᠰ ᠤᠨ ᠬᠠᠤᠯᠢ ᠴᠠᠭᠠᠵᠠ ᠬᠠᠤᠯᠢ ᠳᠦᠷᠢᠮ᠂ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠳᠦᠷᠢᠮ︾᠂ ︽ᠰᠢᠨ᠎ᠡ ᠴᠠᠭ | ᠦᠶ᠎ᠡ ᠶᠢᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ | ᠳᠦᠷᠢᠮ︾ ᠪᠠ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ | ᠵᠢᠷᠤᠮᠵᠢᠯ︾ ᠢ ᠵᠢᠷᠤᠮᠯᠠᠵᠤ᠂ ᠰᠠᠶᠢᠨ ᠰᠠᠶᠢᠬᠠᠨ ᠪᠠᠭᠰᠢ ᠶᠢᠨ ᠶᠣᠰᠣ ᠮᠣᠷᠠᠯ ᠤᠨ ᠢᠯᠡᠷᠡᠯ ᠲᠠᠢ ᠪᠠᠶᠢᠬᠤ ᠬᠡᠷᠡᠭᠲᠡᠢ︔ | 3. ᠨᠢᠭᠡ ᠳᠠᠩᠰᠠᠯᠠᠬᠤ ᠦᠶᠡᠯᠡᠯ ᠤᠨ ᠬᠤᠭᠤᠴᠠᠭᠠᠨ ᠳᠤ᠂ ᠵᠢᠯ ᠪᠦᠷᠢ ᠶᠢᠨ ᠵᠢᠯ ᠤᠨ ᠬᠢᠨᠠᠨ | ᠰᠢᠯᠭᠠᠯᠲᠠ ᠳᠤ ᠬᠢᠷᠢ ᠲᠡᠩᠴᠡᠭᠰᠡᠨ ᠪᠠ ᠲᠡᠭᠦᠨ ᠠᠴᠠ ᠳᠡᠭᠡᠭᠰᠢᠬᠢ ᠵᠡᠷᠭᠡ ᠲᠠᠢ︔ | 4 . ᠳᠠᠩᠰᠠᠯᠠᠭᠰᠠᠨ ᠬᠦᠴᠦᠨ ᠲᠠᠢ ᠬᠤᠭᠤᠴᠠᠭ᠎ᠠ ᠪᠦᠷᠢ ᠤᠯᠤᠰ ᠠᠴᠠ ᠲᠣᠭᠲᠠᠭᠠᠭᠰᠠᠨ ᠪᠣᠯᠪᠠᠰᠤᠷᠠᠯ ᠤᠨ | ᠬᠢᠴᠢᠶᠡᠯ ᠤᠨ ᠴᠠᠭ 360 ᠪᠤᠶᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠲᠣᠭᠲᠠᠭᠠᠭᠰᠠᠨ ᠲᠡᠩᠴᠡᠭᠦᠦ ᠬᠡᠮᠵᠢᠶᠡᠨ ᠤ ᠰᠤᠷᠤᠯᠭ᠎ᠠ ᠶᠢᠨ ᠬᠤᠪᠢ ᠶᠢ ᠪᠡᠶᠡᠯᠡᠭᠦᠯᠬᠦ | ᠬᠡᠷᠡᠭᠲᠡᠢ︔ | 5. ᠪᠡᠶ᠎ᠡ ᠰᠡᠳᠬᠢᠯ ᠡᠷᠡᠭᠦᠯ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠭᠦᠷᠭᠡᠯᠡᠵᠦ ᠴᠢᠳᠠᠬᠤ | ᠬᠡᠷᠡᠭᠲᠡᠢ᠃ | ︵ᠭᠤᠷᠪᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠴᠠᠭ ᠲᠤᠬᠠᠢ ᠳᠤ ᠨᠢ ᠳᠠᠩᠰᠠᠯᠠᠬᠤ ᠶᠢ ᠲᠦᠷ | ᠬᠤᠶᠢᠰᠢᠯᠠᠭᠤᠯᠬᠤ ᠳ᠋ᠦᠩᠨᠡᠯᠲᠡ ᠥᠭᠬᠦ ᠬᠡᠷᠡᠭᠲᠡᠢ᠄ | 1. ᠳᠠᠩᠰᠠᠯᠠᠭᠰᠠᠨ ᠬᠦᠴᠦᠨ ᠪᠦᠬᠦᠢ ᠬᠤᠭᠤᠴᠠᠭᠠᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠪᠣᠯᠪᠠᠰᠤᠷᠠᠯ ᠤᠨ | ᠬᠢᠴᠢᠶᠡᠯ ᠤᠨ ᠴᠠᠭ ᠪᠤᠶᠤ ᠲᠡᠩᠴᠡᠭᠦᠦ ᠬᠡᠮᠵᠢᠶᠡᠨ ᠤ ᠪᠣᠯᠪᠠᠰᠤᠷᠠᠯ ᠤᠨ ᠰᠤᠷᠤᠯᠭ᠎ᠠ ᠶᠢᠨ ᠬᠤᠪᠢ ᠶᠢ ᠪᠡᠶᠡᠯᠡᠭᠦᠯᠦᠭᠰᠡᠨ | ᠦᠭᠡᠢ᠃ | 2. ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ | ᠨᠢᠭᠡ ᠰᠤᠷᠤᠯᠭ᠎ᠠ ᠶᠢᠨ ᠬᠤᠭᠤᠴᠠᠭ᠎ᠠ ᠵᠢᠴᠢ ᠲᠡᠭᠦᠨ ᠠᠴᠠ ᠳᠡᠭᠡᠭᠰᠢ ᠵᠣᠭᠰᠤᠭᠠᠭᠰᠠᠨ᠂ ᠭᠡᠪᠡᠴᠦ ᠪᠠᠶᠢᠭ᠎ᠠ ᠰᠤᠷᠭᠠᠭᠤᠯᠢ | ᠪᠤᠶᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠲᠦᠷ ᠴᠠᠭ | ᠲᠤᠰᠢᠶᠠᠯ ᠡᠭᠦᠷᠭᠡᠯᠡᠭᠦᠯᠬᠦ᠂ ᠳᠠᠪᠲᠠᠨ ᠪᠣᠯᠪᠠᠰᠤᠷᠠᠭᠤᠯᠬᠤ᠂ ᠪᠣᠯᠪᠠᠰᠤᠷᠠᠭᠤᠯᠬᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ | ᠬᠢᠬᠦ᠂ ᠡᠪᠡᠳᠴᠢᠨ ᠢᠶᠠᠷ ᠠᠮᠠᠷᠠᠬᠤ᠂ ᠬᠥᠩᠭᠡᠵᠢᠬᠦ ᠴᠢᠯᠥᠭᠡ ᠠᠪᠬᠤ ᠵᠡᠷᠭᠡ ᠪᠠᠶᠢᠳᠠᠯ ᠢ ᠡᠭᠦᠨ ᠳᠤ ᠪᠠᠭᠲᠠᠭᠠᠬᠤ ᠦᠭᠡᠢ | ︵ᠭᠡᠷᠡᠴᠢᠯᠡᠬᠦ ᠮᠠᠲ᠋ᠧᠷᠢᠶᠠᠯ ᠬᠠᠩᠭᠠᠨ᠎ᠠ︶ ︔ | 3᠂ ᠨᠢᠭᠡ ᠳᠠᠩᠰᠠᠯᠠᠬᠤ ᠦᠶᠡᠯᠡᠯ ᠤᠨ ᠬᠤᠭᠤᠴᠠᠭᠠᠨ ᠳᠤ ᠠᠯᠢ ᠨᠢᠭᠡ ᠵᠢᠯ ᠤᠨ ᠵᠢᠯ ᠤᠨ ᠬᠢᠨᠠᠨ | ᠰᠢᠯᠭᠠᠯᠲᠠ ᠳᠤ ᠬᠢᠷᠢ ᠲᠡᠩᠴᠡᠭᠰᠡᠨ ᠦᠭᠡᠢ︔ | 4. ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠢ ᠵᠥᠷᠢᠴᠡᠭᠰᠡᠨ ᠠᠵᠢᠯᠯᠠᠭᠠᠨ ᠤ ᠵᠢᠷᠤᠮᠵᠢᠯ ᠠᠴᠠ | ᠪᠣᠯᠵᠤ ᠰᠢᠢᠳᠬᠡᠯ ︵ᠲᠣᠷᠭᠠᠭᠤᠯᠢ︶ ᠣᠯᠤᠭᠰᠠᠨ ᠪᠥᠭᠡᠳ ᠰᠢᠢᠳᠬᠡᠯ ︵ᠲᠣᠷᠭᠠᠭᠤᠯᠢ︶ ᠤᠨ ᠬᠤᠭᠤᠴᠠᠭᠠᠨ ᠳᠤ | ᠪᠠᠶᠢᠭ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠦᠷ ᠬᠤᠶᠢᠰᠢᠯᠠᠭᠤᠯᠤᠨ | ᠳᠠᠩᠰᠠᠯᠠᠭᠤᠯᠤᠭᠴᠢ ᠲᠤ ᠵᠠᠷᠴᠢᠮ ᠳᠡᠭᠡᠷ᠎ᠡ ᠪᠠᠨ ᠬᠤᠶᠠᠷ ᠵᠢᠯ ᠤᠨ ᠰᠢᠯᠵᠢᠯᠲᠡ ᠶᠢᠨ ᠬᠤᠭᠤᠴᠠᠭ᠎ᠠ ᠣᠯᠭᠤᠵᠤ᠂ | ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠨᠥᠬᠦᠴᠡᠯ ᠳᠤ ᠬᠦᠷᠦᠭᠰᠡᠨ ᠤ ᠳᠠᠷᠠᠭ᠎ᠠ᠂ ᠳᠠᠬᠢᠵᠤ ᠲᠣᠭᠲᠠᠮᠠᠯ | ᠬᠤᠭᠤᠴᠠᠭ᠎ᠠ ᠲᠠᠢ ᠳᠠᠩᠰᠠᠯᠠᠬᠤ ᠶᠢ ᠭᠤᠶᠤᠴᠢᠯᠠᠵᠤ ᠪᠣᠯᠤᠨ᠎ᠠ᠃ ᠲᠠᠬᠢᠨ ᠲᠣᠭᠲᠠᠮᠠᠯ ᠬᠤᠭᠤᠴᠠᠭ᠎ᠠ ᠲᠠᠢ | ᠳᠠᠩᠰᠠᠯᠠᠬᠤ ᠶᠢ ᠭᠤᠶᠤᠴᠢᠯᠠᠬᠤ ᠨᠥᠬᠦᠴᠡᠯ ᠳᠣᠣᠷᠠᠬᠢ ᠮᠡᠲᠦ᠄ ︵1︶ ᠲᠣᠭᠲᠠᠭᠠᠭᠰᠠᠨ ᠪᠣᠯᠪᠠᠰᠤᠷᠠᠯ ᠤᠨ | ᠬᠢᠴᠢᠶᠡᠯ ᠤᠨ ᠴᠠᠭ ᠢ ᠪᠡᠶᠡᠯᠡᠭᠦᠯᠦᠭᠰᠡᠨ ᠦᠭᠡᠢ ᠠᠴᠠ ᠪᠣᠯᠵᠤ ᠳᠠᠩᠰᠠᠯᠠᠬᠤ ᠶᠢ ᠲᠦᠷ ᠬᠤᠶᠢᠰᠢᠯᠠᠭᠤᠯᠤᠭᠰᠠᠨ ᠪᠣᠯ᠂ | ᠰᠢᠯᠵᠢᠯᠲᠡ ᠶᠢᠨ ᠬᠤᠭᠤᠴᠠᠭᠠᠨ ᠳᠤ ᠬᠠᠮᠢᠶ᠎ᠠ ᠪᠦᠬᠦᠢ ᠪᠣᠯᠪᠠᠰᠤᠷᠠᠯ ᠳᠤ ᠣᠷᠣᠯᠴᠠᠵᠤ᠂ ᠴᠠᠭ ᠢ ᠪᠦᠷᠢᠳᠦᠭᠦᠯᠬᠦ ᠶᠢᠨ | ᠬᠠᠮᠲᠤ ᠬᠢᠷᠢ ᠲᠡᠩᠴᠡᠭᠰᠡᠨ ᠭᠡᠷᠡᠴᠢ ᠣᠯᠬᠤ ᠬᠡᠷᠡᠭᠲᠡᠢ︔ ︵2︶ ᠰᠤᠷᠭᠠᠨ ᠬᠥᠮᠦᠵᠢᠯ ᠵᠢᠭᠠᠨ ᠰᠤᠷᠭᠠᠯᠲᠠ ᠪᠤᠶᠤ | ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ ᠵᠣᠭᠰᠤᠭᠠᠵᠤ᠂ ᠳᠠᠩᠰᠠᠯᠠᠬᠤ ᠶᠢ ᠨᠢᠭᠡ ᠰᠤᠷᠤᠯᠭ᠎ᠠ ᠶᠢᠨ | ᠬᠤᠭᠤᠴᠠᠭ᠎ᠠ ᠠᠴᠠ ᠳᠡᠭᠡᠭᠰᠢ ᠬᠤᠶᠢᠰᠢᠯᠠᠭᠤᠯᠤᠭᠰᠠᠨ ᠪᠣᠯ᠂ ᠰᠢᠯᠵᠢᠯᠲᠡ ᠶᠢᠨ ᠬᠤᠭᠤᠴᠠᠭᠠᠨ ᠳᠤ᠂ ᠰᠤᠷᠭᠠᠨ | ᠬᠥᠮᠦᠵᠢᠯ ᠵᠢᠭᠠᠨ ᠰᠤᠷᠭᠠᠯᠲᠠ ᠪᠠ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ ᠰᠡᠷᠭᠦᠭᠡᠭᠰᠡᠨ ᠨᠢᠭᠡ | ᠵᠢᠯ ᠤᠨ ᠳᠠᠷᠠᠭ᠎ᠠ᠂ ᠰᠢᠯᠭᠠᠨ ᠬᠢᠨᠠᠬᠤ ᠶᠢᠨ ᠬᠠᠮᠲᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠭᠡᠷᠡᠴᠢ ᠣᠯᠬᠤ | ᠬᠡᠷᠡᠭᠲᠡᠢ︔ ︵3︶ ᠵᠢᠯ ᠤᠨ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠢ ᠳᠠᠩᠰᠠᠯᠠᠬᠤ ᠶᠢ | ᠬᠤᠶᠢᠰᠢᠯᠠᠭᠤᠯᠤᠭᠰᠠᠨ ᠪᠣᠯ᠂ ᠰᠢᠯᠵᠢᠯᠲᠡ ᠶᠢᠨ ᠬᠤᠭᠤᠴᠠᠭᠠᠨ ᠳᠤ᠂ ᠪᠠᠶᠢᠭ᠎ᠠ ᠰᠤᠷᠭᠠᠭᠤᠯᠢ ᠠᠴᠠ ᠵᠣᠬᠢᠶᠠᠨ | ᠪᠠᠶᠢᠭᠤᠯᠵᠤ ᠰᠢᠯᠭᠠᠨ ᠬᠢᠨᠠᠬᠤ ᠶᠢᠨ ᠬᠠᠮᠲᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠭᠡᠷᠡᠴᠢ ᠣᠯᠬᠤ | ᠬᠡᠷᠡᠭᠲᠡᠢ︔ ᠪᠠᠭᠰᠢ ᠶᠢᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠤᠨ ᠠᠵᠢᠯᠯᠠᠭᠠᠨ ᠤ ᠵᠢᠷᠤᠮᠵᠢᠯ ᠢ | ᠵᠥᠷᠢᠴᠡᠭᠰᠡᠨ ᠠᠴᠠ ᠪᠣᠯᠵᠤ ᠰᠢᠢᠳᠬᠡᠯ ︵ᠲᠣᠷᠭᠠᠭᠤᠯᠢ︶ ᠣᠯᠤᠭᠰᠠᠨ ᠪᠤᠶᠤ ᠰᠢᠢᠳᠬᠡᠯ ︵ᠲᠣᠷᠭᠠᠭᠤᠯᠢ︶ ᠣᠯᠤᠭᠰᠠᠨ | ᠬᠤᠭᠤᠴᠠᠭᠠᠨ ᠳᠤ ᠳᠠᠩᠰᠠᠯᠠᠬᠤ ᠶᠢ ᠬᠤᠶᠢᠰᠢᠯᠠᠭᠤᠯᠤᠭᠰᠠᠨ ᠪᠣᠯ᠂ ᠰᠢᠢᠳᠬᠡᠯ ︵ᠲᠣᠷᠭᠠᠭᠤᠯᠢ︶ ᠢ ᠬᠦᠴᠦᠨ ᠦᠭᠡᠢ | ᠪᠣᠯᠭᠠᠬᠤ ᠪᠤᠶᠤ ᠰᠢᠢᠳᠬᠡᠯ ︵ᠲᠣᠷᠭᠠᠭᠤᠯᠢ︶ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠪᠠᠶᠢᠭ᠎ᠠ | ᠰᠤᠷᠭᠠᠭᠤᠯᠢ ᠠᠴᠠ ᠵᠣᠬᠢᠶᠠᠨ ᠪᠠᠶᠢᠭᠤᠯᠵᠤ ᠰᠢᠯᠭᠠᠨ ᠬᠢᠨᠠᠬᠤᠶᠢᠨ ᠬᠠᠮᠲᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ | ᠭᠡᠷᠡᠴᠢ ᠣᠯᠬᠤ ᠬᠡᠷᠡᠭᠲᠡᠢ᠃ | ᠪᠠᠭᠰᠢ ᠶᠢᠨ ᠬᠢᠷᠢ ᠭᠡᠮ ᠢ ᠲᠦᠷ ᠬᠤᠶᠢᠰᠢᠯᠠᠭᠤᠯᠤᠨ ᠳᠠᠩᠰᠠᠯᠠᠭᠤᠯᠤᠭᠴᠢ ᠬᠤᠶᠠᠷ ᠵᠢᠯ ᠤᠨ ᠰᠢᠯᠵᠢᠯᠲᠡ ᠶᠢᠨ | ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠮᠥᠨ ᠯᠡ ᠳᠠᠩᠰᠠᠯᠠᠬᠤ ᠨᠥᠬᠦᠴᠡᠯ ᠳᠤ ᠬᠦᠷᠦᠭᠡᠳᠦᠢ ᠪᠣᠯ | ᠳᠠᠩᠰᠠᠯᠠᠬᠤ ᠳᠤ ᠬᠢᠷᠢ ᠲᠡᠩᠴᠡᠭᠰᠡᠨ ᠦᠭᠡᠢ ᠪᠠᠷ ᠦᠵᠡᠨ᠎ᠡ᠃ | ︵ᠲᠦᠷᠪᠡ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠴᠠᠭ ᠳᠤ ᠪᠠᠨ ᠳᠠᠩᠰᠠᠯᠠᠭᠤᠯᠤᠭᠰᠠᠨ ᠪᠣᠯᠪᠠᠴᠤ | ᠬᠢᠷᠢ ᠲᠡᠩᠴᠡᠭᠰᠡᠨ ᠦᠭᠡᠢ ᠦᠭᠡᠢ ᠪᠠᠷ ᠪᠣᠳᠤᠨ᠎ᠠ᠄ | 1. ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ | ᠦᠢᠯᠡ ᠠᠵᠢᠯᠯᠠᠭᠠᠨ ᠤ ᠠᠷᠪᠠᠨ ᠳᠦᠷᠢᠮ︾᠂ ︽ᠰᠢᠨ᠎ᠡ ᠴᠠᠭ ᠦᠶ᠎ᠡ ᠶᠢᠨ ᠬᠡᠦᠬᠡᠳ ᠤᠨ ᠴᠡᠴᠡᠷᠯᠢᠭ ᠤᠨ | ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠳᠦᠷᠢᠮ︾᠂ ︽ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ︾ ᠪᠠ ᠪᠠᠭᠰᠢ ᠶᠢᠨ ᠶᠣᠰᠣ | ᠮᠣᠷᠠᠯ ᠢ ᠰᠢᠯᠭᠠᠨ ᠦᠨᠡᠯᠡᠬᠦ ᠪᠠᠷᠢᠮᠵᠢᠶ᠎ᠠ ᠶᠢ ᠵᠥᠷᠢᠴᠡᠵᠦ᠂ ᠮᠠᠰᠢ ᠮᠠᠭᠤ ᠨᠥᠯᠥᠭᠡ ᠲᠠᠢ︔ | 2. ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠦᠶᠡᠯᠡᠯ ᠤᠨ ᠬᠤᠭᠤᠴᠠᠭᠠᠨ ᠳᠤ ᠬᠤᠶᠠᠷ ᠵᠢᠯ ᠵᠢᠴᠢ | ᠲᠡᠭᠦᠨ ᠠᠴᠠ ᠳᠡᠭᠡᠭᠰᠢᠬᠢ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠢ᠃ | 3. ᠬᠠᠤᠯᠢ ᠶᠣᠰᠣᠭᠠᠷ ᠪᠠᠭᠰᠢ ᠶᠢᠨ ᠬᠢᠷᠢ ᠭᠡᠮ ᠢ ᠨᠢ ᠬᠦᠴᠦᠨ ᠦᠭᠡᠢ ᠪᠣᠯᠭᠠᠭᠰᠠᠨ ᠪᠤᠶᠤ ᠪᠠᠭᠰᠢ ᠶᠢᠨ | ᠬᠢᠷᠢ ᠬᠡᠮ ᠢᠶᠠᠨ ᠠᠯᠳᠠᠭᠰᠠᠳ᠃ | ᠳᠠᠩᠰᠠᠯᠠᠬᠤ ᠬᠡᠪᠴᠢᠶᠡᠨ ᠳᠠᠬᠢ ᠪᠠᠭᠰᠢ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ | ᠳᠠᠩᠰᠠᠯᠠᠬᠤ ᠶᠢ ᠭᠤᠶᠤᠴᠢᠯᠠᠬᠤ ᠦᠭᠡᠢ ᠪᠣᠯ᠂ ᠳᠠᠩᠰᠠᠯᠠᠬᠤ ᠳᠤ ᠬᠢᠷᠢ ᠲᠡᠩᠴᠡᠭᠰᠡᠨ ᠦᠭᠡᠢ ᠪᠠᠷ ᠰᠢᠢᠳᠪᠦᠷᠢᠯᠡᠨ᠎ᠡ᠃ | ᠳᠠᠩᠰᠠᠯᠠᠬᠤ ᠬᠦᠴᠦᠨ ᠲᠠᠢ ᠬᠤᠭᠤᠴᠠᠭᠠᠨ ᠳᠤ ᠪᠠᠭᠰᠢ ᠶᠢᠨ ᠬᠢᠷᠢ ᠭᠡᠮ ᠢ ᠨᠢ ᠬᠠᠤᠯᠢ ᠶᠣᠰᠣᠭᠠᠷ ᠬᠦᠴᠦᠨ | ᠦᠭᠡᠢ ᠪᠣᠯᠭᠠᠭᠰᠠᠨ ᠪᠤᠶᠤ ᠪᠠᠭᠰᠢ ᠶᠢᠨ ᠬᠢᠷᠢ ᠬᠡᠮ ᠢᠶᠠᠨ ᠠᠯᠳᠠᠭᠰᠠᠨ ᠪᠣᠯ ᠳᠠᠩᠰᠠᠯᠠᠬᠤ ᠬᠦᠴᠦᠨ ᠲᠠᠢ | ᠬᠤᠭᠤᠴᠠᠭ᠎ᠠ ᠶᠢ ᠠᠶᠠᠨᠳᠠᠭᠠᠨ ᠵᠣᠭᠰᠣᠭᠠᠨ᠎ᠠ᠃ | ᠭᠤᠷᠪᠠ᠂ ᠴᠠᠭ ᠤᠨ ᠲᠣᠬᠢᠷᠠᠭᠤᠯᠤᠯᠲᠠ | ︵ᠨᠢᠭᠡ︶ ᠭᠤᠶᠤᠴᠢᠯᠠᠭᠴᠢ ᠰᠦᠯᠵᠢᠶᠡᠨ ᠳᠤ ᠨᠡᠷ᠎ᠡ ᠮᠡᠳᠡᠭᠦᠯᠵᠦ᠂ ᠨᠤᠲᠠᠯᠠᠬᠤ ᠴᠡᠭ ᠠᠬᠤᠢ ᠲᠠᠯᠠᠪᠠᠢ | ᠨᠤᠲᠠᠯᠠᠬᠤ᠂ ᠠᠩᠬᠠᠨ ᠤ ᠬᠢᠨᠠᠯᠲᠠ᠂ ᠢᠯᠡ ᠨᠡᠶᠢᠲᠡᠯᠡᠬᠦ ᠵᠢᠴᠢ ᠳᠠᠬᠢᠨ ᠬᠢᠨᠠᠬᠤ ᠴᠠᠭ᠄ 11 ᠰᠠᠷ᠎ᠠ ᠶᠢᠨ 20 - 12 | ᠰᠠᠷ᠎ᠠ ᠶᠢᠨ 21 ᠤ ᠡᠳᠦᠷ᠂ ᠡᠯ᠎ᠡ ᠵᠠᠩᠭᠢᠯᠠᠭ᠎ᠠ ᠶᠢᠨ ᠪᠣᠳᠠᠲᠠᠢ ᠴᠠᠭ ᠢ ᠡᠯ᠎ᠡ ᠱᠠᠲᠤᠨ ᠤ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ | ᠲᠣᠬᠢᠷᠠᠭᠤᠯᠤᠨ᠎ᠠ᠃ | ︵ᠬᠤᠶᠠᠷ︶ ᠡᠴᠦᠰ ᠤᠨ ᠬᠢᠨᠠᠯᠲᠠ ᠶᠢᠨ ᠴᠠᠭ᠄ 12 ᠰᠠᠷ᠎ᠠ ᠶᠢᠨ 22-12 ᠰᠠᠷ᠎ᠠ ᠶᠢᠨ 25 ᠤ ᠡᠳᠦᠷ︔ | ︵ᠭᠤᠷᠪᠠ︶ ᠳᠠᠩᠰᠠᠯᠠᠭᠤᠯᠤᠭᠰᠠᠨ ᠳ᠋ᠦᠩ ᠲᠠᠢ ᠪᠠᠭᠰᠢ ᠶᠢᠨ ᠬᠢᠷᠢ ᠭᠡᠮ ᠤᠨ ᠦᠨᠡᠮᠯᠡᠯ ᠢ ᠠᠪᠤᠨ᠎ᠠ᠃ ᠠᠪᠬᠤ | ᠴᠠᠭ ᠪᠠ ᠭᠠᠵᠠᠷ ᠢ ᠳᠠᠩᠰᠠᠯᠠᠬᠤ ᠪᠠᠶᠢᠭᠤᠯᠤᠮᠵᠢ ᠶᠢᠨ ᠮᠡᠳᠡᠭᠳᠡᠯ ᠢᠶᠠᠷ ᠪᠠᠷᠢᠮᠵᠢᠶ᠎ᠠ ᠪᠣᠯᠭᠠᠵᠤ᠂ ᠡᠯ᠎ᠡ ᠳᠠᠩᠰᠠᠯᠠᠬᠤ | ᠪᠠᠶᠢᠭᠤᠯᠤᠮᠵᠢ ᠶᠢᠨ ᠨᠡᠶᠢᠲᠡᠯᠡᠭᠰᠡᠨ ᠠᠪᠬᠤ ᠮᠡᠳᠡᠭᠳᠡᠯ ᠪᠤᠶᠤ ᠤᠲᠠᠰᠤ ᠪᠠᠷ ᠯᠠᠪᠯᠠᠬᠤ ᠶᠢ ᠴᠠᠭ ᠲᠤᠬᠠᠢ ᠳᠤ ᠨᠢ | ᠠᠩᠬᠠᠷᠬᠤ ᠬᠡᠷᠡᠭᠲᠡᠢ᠃ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠲᠣᠭᠲᠠᠮᠠᠯ ᠬᠤᠭᠤᠴᠠᠭ᠎ᠠ | ᠲᠠᠢ ᠳᠠᠩᠰᠠᠯᠠᠬᠤ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠮᠠᠶ᠋ᠢᠭ ᠢ ︽ᠳᠤᠮᠳᠠᠳᠤ ᠤᠯᠤᠰ ᠤᠨ ᠪᠠᠭᠰᠢ ᠶᠢᠨ ᠬᠢᠷᠢ | ᠭᠡᠮ ᠤᠨ ᠰᠦᠯᠵᠢᠶ᠎ᠡ︾ ᠶᠢᠨ ︽ᠵᠦᠪᠯᠡᠯᠭᠡ ᠥᠭᠬᠦ ᠦᠢᠯᠡᠴᠢᠯᠡᠭᠡ︾ ᠪᠤᠯᠤᠩ ᠳᠠᠬᠢ ︽ᠡᠯ᠎ᠡ ᠮᠣᠵᠢ ᠲᠣᠭᠲᠠᠮᠠᠯ | ᠬᠤᠭᠤᠴᠠᠭ᠎ᠠ ᠲᠠᠢ ᠳᠠᠩᠰᠠᠯᠠᠬᠤ ᠠᠵᠢᠯ ᠤᠨ ᠬᠠᠷᠢᠯᠴᠠᠬᠤ ᠠᠷᠭ᠎ᠠ ᠮᠠᠶ᠋ᠢᠭ︾ ᠲᠤ ᠦᠵᠡᠭᠡᠷᠡᠢ︶ | ᠳᠥᠷᠪᠡ᠂ ᠳᠠᠩᠰᠠᠯᠠᠬᠤ ᠳᠡᠰ ᠳᠠᠷᠠᠭᠠᠯᠠᠯ | ᠪᠠᠭᠰᠢ ᠶᠢᠨ ᠬᠢᠷᠢ ᠭᠡᠮ ᠢ ᠣᠯᠵᠤ᠂ ᠠᠩᠬ᠎ᠠ ᠤᠳᠠᠭ᠎ᠠ ᠪᠠᠭᠰᠢ ᠪᠠᠷ ᠤᠷᠢᠭᠳᠠᠭᠰᠠᠨ ᠪᠣᠯ᠂ ᠲᠤᠷᠰᠢᠨ ᠬᠡᠷᠡᠭᠯᠡᠬᠦ | ᠬᠤᠭᠤᠴᠠᠭ᠎ᠠ ᠨᠢ ᠳᠦᠭᠦᠷᠴᠦ ᠰᠢᠯᠭᠠᠨ ᠬᠢᠨᠠᠭᠠᠳ ᠬᠢᠷᠢ ᠲᠡᠩᠴᠡᠭᠰᠡᠨ ᠡᠳᠦᠷ ᠠᠴᠠ ᠬᠤᠶᠢᠰᠢᠬᠢ ᠬᠠᠮᠤᠭ ᠤᠨ | ᠣᠶᠢᠷ᠎ᠠ ᠶᠢᠨ ᠨᠢᠭᠡ ᠤᠳᠠᠭᠠᠨ ᠤ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠶᠢ | ᠬᠦᠯᠢᠶᠡᠨ ᠠᠪᠴᠤ ᠰᠢᠢᠳᠪᠦᠷᠢᠯᠡᠬᠦ ᠬᠤᠭᠤᠴᠠᠭᠠᠨ ᠳᠤ ᠠᠩᠬ᠎ᠠ ᠤᠳᠠᠭ᠎ᠠ ᠳᠠᠩᠰᠠᠯᠠᠬᠤ ᠶᠢ ᠭᠤᠶᠤᠴᠢᠯᠠᠵᠤ᠂ ᠠᠩᠬ᠎ᠠ | ᠤᠳᠠᠭ᠎ᠠ ᠳᠠᠩᠰᠠᠯᠠᠭᠤᠯᠤᠭᠰᠠᠨ ᠤ ᠳᠠᠷᠠᠭ᠎ᠠ᠂ 5 ᠵᠢᠯ ᠳᠤ ᠨᠢᠭᠡ ᠤᠳᠠᠭ᠎ᠠ ᠲᠣᠭᠲᠠᠮᠠᠯ ᠬᠤᠭᠤᠴᠠᠭ᠎ᠠ ᠲᠠᠢ | ᠳᠠᠩᠰᠠᠯᠠᠬᠤ ᠶᠢ ᠭᠤᠶᠤᠴᠢᠯᠠᠬᠤ ᠬᠡᠷᠡᠭᠲᠡᠢ᠃ | ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠤ ᠡᠷᠬᠡᠪᠰᠢ ᠲᠤᠰ ᠬᠥᠮᠦᠨ | ᠭᠤᠶᠤᠴᠢᠯᠠᠵᠤ᠂ ᠪᠠᠶᠢᠭ᠎ᠠ ᠰᠤᠷᠭᠠᠭᠤᠯᠢ ᠬᠠᠮᠲᠤ ᠭᠦᠢᠴᠡᠳᠬᠡᠵᠦ᠂ ᠠᠵᠢᠯᠲᠠᠨ ᠤ ᠶᠠᠪᠤᠳᠠᠯ ᠤᠨ ᠬᠠᠷᠢᠶᠠᠯᠠᠭᠳᠠᠬᠤ | ᠬᠠᠷᠢᠴᠠᠭ᠎ᠠ ᠶᠣᠰᠣᠭᠠᠷ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠬᠠᠷᠭᠤᠭᠤᠯᠵᠤ ᠳᠠᠩᠰᠠᠯᠠᠬᠤ ᠬᠡᠷᠡᠭᠲᠡᠢ ︵ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠨᠢ ᠰᠤᠷᠭᠠᠭᠤᠯᠢ ᠶᠢᠨ ᠪᠠᠶᠢᠭ᠎ᠠ ᠭᠠᠵᠠᠷ ᠤᠨ | ᠬᠤᠰᠢᠭᠤ ᠰᠢᠶᠠᠨ ᠤ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠶᠤᠴᠢᠯᠠᠨ | ᠳᠠᠩᠰᠠᠯᠠᠨ᠎ᠠ︶᠃ | ︵ᠨᠢᠭᠡ︶ ᠳᠠᠩᠰᠠᠯᠠᠬᠤ | ︽ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ ᠰᠦᠯᠵᠢᠶ᠎ᠡ︾ ︵https://www.jszg.edu. | cn︶ ᠳᠤ ᠲᠠᠩᠰᠠᠨ ᠨᠣᠮᠧᠷ ᠢᠶᠠᠨ ᠳᠠᠩᠰᠠᠯᠠᠭᠤᠯᠤᠭᠠ ᠦᠭᠡᠢ ᠭᠤᠶᠤᠴᠢᠯᠠᠭᠴᠢ᠄ ︽ᠰᠦᠯᠵᠢᠶᠡᠨ ᠳᠠᠬᠢ ᠠᠵᠢᠯ | ᠶᠠᠪᠤᠳᠠᠯ ᠭᠦᠢᠴᠡᠳᠬᠡᠬᠦ︾ ᠪᠤᠯᠤᠩ ᠢᠶᠠᠷ ᠳᠠᠮᠵᠢᠭᠤᠯᠤᠨ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ | ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ︾ ᠦᠢᠯᠡᠴᠢᠯᠡᠭᠡᠨ ᠳᠤ ᠣᠷᠣᠵᠤ᠂ ︽ᠰᠦᠯᠵᠢᠶᠡᠨ ᠳᠤ | ᠭᠦᠢᠴᠡᠳᠬᠡᠬᠦ︾ ᠶᠢ ᠳᠣᠶ᠋ᠢᠨ ᠲᠠᠩᠰᠠᠨ ᠨᠣᠮᠧᠷ ᠢᠶᠠᠨ ᠳᠠᠩᠰᠠᠯᠠᠭᠤᠯᠤᠨ᠎ᠠ᠃ ᠳᠠᠩᠰᠠᠨ ᠨᠣᠮᠧᠷ ᠤᠨ ᠮᠡᠳᠡᠭᠡ | ᠵᠠᠩᠭᠢ ᠨᠢ ᠬᠤᠶᠢᠰᠢᠳᠠ ᠶᠢᠨ ᠪᠠᠭᠰᠢ ᠶᠢᠨ ᠬᠢᠷᠢ ᠭᠡᠮ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠰᠢᠭᠤᠳ | ᠬᠤᠯᠪᠣᠭᠳᠠᠵᠤ᠂ ᠡᠷᠬᠡᠪᠰᠢ ᠨᠠᠷᠢᠨ ᠨᠢᠮᠪᠠᠢ ᠲᠠᠭᠯᠠᠨ ᠪᠢᠴᠢᠬᠦ ᠬᠡᠷᠡᠭᠲᠡᠢ᠃ ᠪᠣᠳᠠᠲᠠᠢ ᠠᠵᠢᠯᠯᠠᠬᠤ ᠶᠢ ︽ᠵᠦᠪᠯᠡᠯᠭᠡ | ᠥᠭᠬᠦ ᠦᠢᠯᠡᠴᠢᠯᠡᠭᠡ︾ - ︽ᠠᠵᠢᠯᠯᠠᠭᠠᠨ ᠤ ᠭᠠᠷ ᠳᠡᠪᠲᠡᠷ︾ ᠪᠤᠯᠤᠩ ᠳᠠᠬᠢ ︽ᠭᠤᠶᠤᠴᠢᠯᠠᠭᠴᠢ ᠶᠢᠨ ᠲᠠᠩᠰᠠᠨ | ᠨᠣᠮᠧᠷ ᠢ ᠳᠡᠩᠰᠡᠯᠡᠵᠦ ᠲᠡᠮᠳᠡᠭᠯᠡᠬᠦ ᠭᠠᠷ ᠠᠪᠤᠯᠭ᠎ᠠ︾ ᠳᠤ ᠨᠠᠷᠢᠨ ᠨᠢᠮᠪᠠᠢ ᠤᠩᠰᠢᠭᠠᠷᠠᠢ᠃ | ︵ᠬᠤᠶᠠᠷ︶ ᠨᠡᠷ᠎ᠡ ᠮᠡᠳᠡᠭᠦᠯᠬᠦ | ᠭᠤᠶᠤᠴᠢᠯᠠᠭᠴᠢ ᠡᠷᠬᠡᠪᠰᠢ ᠲᠣᠭᠲᠠᠭᠰᠠᠨ ᠰᠦᠯᠵᠢᠶᠡᠨ ᠳᠤ ᠨᠡᠷ᠎ᠡ ᠮᠡᠳᠡᠭᠦᠯᠬᠦ ᠴᠠᠭ ᠤᠨ ᠳᠣᠲᠣᠷ᠎ᠠ ᠨᠡᠷ᠎ᠡ | ᠮᠡᠳᠡᠭᠦᠯᠬᠦ ᠬᠡᠷᠡᠭᠲᠡᠢ᠃ ᠪᠣᠳᠠᠲᠠᠢ ᠠᠵᠢᠯᠯᠠᠬᠤ ᠶᠢ ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ | ᠰᠦᠯᠵᠢᠶ᠎ᠡ ᠶᠢᠨ ︽ ᠵᠦᠪᠯᠡᠯᠭᠡ ᠥᠭᠬᠦ ᠦᠢᠯᠡᠴᠢᠯᠡᠭᠡ︾ - ︽ᠠᠵᠢᠯᠯᠠᠭᠠᠨ ᠤ ᠭᠠᠷ ᠠᠪᠤᠯᠭ᠎ᠠ︾ ᠪᠤᠯᠤᠩ ᠳᠠᠬᠢ | ︽ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠪᠠᠷ ᠭᠤᠶᠤᠴᠢᠯᠠᠭᠴᠢ ᠶᠢᠨ ᠬᠡᠷᠡᠭᠯᠡᠭᠡᠨ ᠤ | ᠭᠠᠷ ᠠᠪᠤᠯᠭ᠎ᠠ︾ ᠳᠤ ᠨᠠᠷᠢᠨ ᠨᠢᠮᠪᠠᠢ ᠣᠩᠰᠢᠭᠠᠷᠠᠢ᠃ | 1. ᠪᠠᠭᠰᠢᠯᠠᠵᠤ ᠪᠠᠶᠢᠭ᠎ᠠ ᠭᠠᠵᠠᠷ ᠣᠷᠣᠨ ᠢ ᠦᠨᠳᠦᠰᠦᠯᠡᠨ᠂ ᠳᠠᠩᠰᠠᠯᠠᠬᠤ ᠡᠷᠬᠡ ᠶᠢᠨ ᠬᠢᠵᠠᠭᠠᠷ ᠲᠤ | ᠵᠣᠬᠢᠴᠠᠭᠰᠠᠨ ᠳᠠᠩᠰᠠᠯᠠᠬᠤ ᠪᠠᠶᠢᠭᠤᠯᠤᠮᠵᠢ ᠶᠢ ᠰᠣᠩᠭᠤᠨ᠎ᠠ᠃ | 2. ᠰᠦᠯᠵᠢᠶᠡᠨ ᠳᠤ ᠨᠡᠷ᠎ᠡ ᠮᠡᠳᠡᠭᠦᠯᠦᠨ᠎ᠡ᠃ ᠰᠦᠯᠵᠢᠶᠡᠨ ᠳᠤ ᠨᠡᠷ᠎ᠡ ᠮᠡᠳᠡᠭᠦᠯᠬᠦ ᠬᠤᠭᠤᠴᠠᠭᠠᠨ ᠳᠤ᠂ | ᠭᠤᠶᠤᠴᠢᠯᠠᠭᠴᠢ ︽ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ ᠰᠦᠯᠵᠢᠶ᠎ᠡ︾ ᠳᠤ ᠣᠷᠣᠵᠤ᠂ | ︽ᠰᠦᠯᠵᠢᠶᠡᠨ ᠳᠤ ᠠᠵᠢᠯ ᠶᠠᠪᠤᠳᠠᠯ ᠭᠦᠢᠴᠡᠳᠬᠡᠬᠦ︾ ᠪᠤᠯᠤᠩ ᠳᠠᠬᠢ ︽ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ︾ ᠦᠢᠯᠡᠴᠢᠯᠡᠭᠡᠨ ᠢᠶᠠᠷ ᠳᠠᠮᠵᠢᠭᠤᠯᠤᠨ᠂ | ︽ᠰᠦᠯᠵᠢᠶᠡᠨ ᠳᠤ ᠭᠦᠢᠴᠡᠳᠬᠡᠬᠦ︾ ᠶᠢ ᠳᠣᠲᠣᠯᠠᠵᠤ᠂ ᠨᠢᠭᠡᠨᠲᠡ ᠳᠠᠩᠰᠠᠯᠠᠭᠤᠯᠤᠭᠰᠠᠨ ᠲᠠᠩᠰᠠᠨ ᠨᠣᠮᠧᠷ ᠪᠠ ᠨᠢᠭᠤᠴᠠ | ᠨᠣᠮᠧᠷ ᠢᠶᠠᠨ ᠬᠡᠷᠡᠭᠯᠡᠨ ᠨᠡᠷ᠎ᠡ ᠮᠡᠳᠡᠭᠦᠯᠬᠦ ᠰᠢᠰᠲ᠋ᠧᠮ ᠲᠤ ᠨᠠᠷᠢᠨ ᠬᠢᠨᠠᠮᠠᠭᠠᠢ ᠤᠩᠰᠢᠵᠤ᠂ ᠨᠡᠷ᠎ᠡ ᠮᠡᠳᠡᠭᠦᠯᠬᠦ ᠠᠴᠠ | ᠡᠮᠦᠨ᠎ᠡ ︽ᠰᠦᠯᠵᠢᠶᠡᠨ ᠳᠠᠬᠢ ᠨᠡᠷ᠎ᠡ ᠮᠡᠳᠡᠭᠦᠯᠬᠦ ᠬᠡᠯᠡᠯᠴᠡᠭᠡᠷ︾ ᠢ ᠨᠠᠷᠢᠨ ᠬᠢᠨᠠᠮᠠᠭᠠᠢ ᠤᠩᠰᠢᠭᠠᠷᠠᠢ᠃ | ︵ᠭᠤᠷᠪᠠ︶ ᠠᠬᠤᠢ ᠲᠠᠯᠠᠪᠠᠢ ᠳᠤ ᠨᠣᠲᠠᠯᠠᠬᠤ | ᠭᠤᠶᠤᠴᠢᠯᠠᠭᠴᠢ ᠰᠦᠯᠵᠢᠶᠡᠨ ᠳᠤ ᠨᠡᠷ᠎ᠡ ᠮᠡᠳᠡᠭᠦᠯᠬᠦ ᠶᠢ ᠪᠡᠶᠡᠯᠡᠭᠦᠯᠦᠭᠰᠡᠨ ᠤ ᠳᠠᠷᠠᠭ᠎ᠠ᠂ ᠰᠣᠩᠭᠤᠭᠰᠠᠨ | ᠳᠠᠩᠰᠠᠯᠠᠬᠤ ᠪᠠᠶᠢᠭᠤᠯᠤᠮᠵᠢ ᠶᠢᠨ ᠠᠯᠪᠠᠨ ᠵᠠᠷᠯᠠᠯ ᠲᠠᠬᠢ ᠨᠤᠲᠠᠯᠠᠬᠤ ᠴᠠᠭ᠂ ᠭᠠᠵᠠᠷ᠂ ᠠᠷᠭ᠎ᠠ ᠮᠠᠶ᠋ᠢᠭ ᠵᠡᠷᠭᠡ ᠪᠠᠷ | ᠠᠬᠤᠢ ᠲᠠᠯᠠᠪᠠᠢ ᠳᠤ ᠨᠤᠲᠠᠯᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠲᠣᠭᠲᠠᠮᠠᠯ | ᠬᠤᠭᠤᠴᠠᠭ᠎ᠠ ᠲᠠᠢ ᠳᠠᠩᠰᠠᠯᠠᠬᠤ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠮᠠᠶ᠋ᠢᠭ ᠢ ︽ᠳᠤᠮᠳᠠᠳᠤ ᠤᠯᠤᠰ ᠤᠨ | ᠪᠠᠭᠰᠢ ᠶᠢᠨ ᠬᠢᠷᠢ ᠭᠡᠮ ᠤᠨ ᠰᠦᠯᠵᠢᠶ᠎ᠡ︾ ᠳᠠᠬᠢ ︽ᠵᠦᠪᠯᠡᠯᠭᠡ ᠥᠭᠬᠦ ᠦᠢᠯᠡᠴᠢᠯᠡᠭᠡ︾ ᠪᠤᠯᠤᠩ ᠳᠠᠬᠢ ︽ᠡᠯ᠎ᠡ | ᠮᠣᠵᠢ ᠶᠢᠨ ᠲᠣᠭᠲᠠᠭᠰᠠᠨ ᠬᠤᠭᠤᠴᠠᠭᠠᠨ ᠳᠤ ᠳᠠᠩᠰᠠᠯᠠᠬᠤ ᠠᠵᠢᠯ ᠤᠨ ᠬᠠᠷᠢᠯᠴᠠᠬᠤ ᠠᠷᠭ᠎ᠠ ᠮᠠᠶ᠋ᠢᠭ︾ ᠲᠤ | ᠦᠵᠡᠭᠡᠷᠡᠢ᠃ | ᠣᠨᠴᠠᠭᠠᠶᠢᠯᠠᠨ ᠰᠠᠨᠠᠭᠤᠯᠬᠤ ᠨᠢ᠄ ᠭᠤᠶᠤᠴᠢᠯᠠᠭᠴᠢ ᠴᠠᠭ ᠲᠤᠬᠠᠢ ᠳᠤ ᠨᠢ ︽ᠨᠡᠷ᠎ᠡ ᠮᠡᠳᠡᠭᠦᠯᠦᠭᠰᠡᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ︾᠂ ︽ᠠᠩᠬᠠᠷᠬᠤ ᠵᠦᠢᠯ︾ ᠵᠢᠴᠢ ︽ᠦᠭᠡ ᠦᠯᠡᠳᠡᠭᠡᠬᠦ︾ ᠵᠡᠷᠭᠡ ᠪᠤᠯᠤᠩ ᠢᠶᠠᠷ | ᠳᠠᠮᠵᠢᠭᠤᠯᠤᠨ᠂ ᠳᠠᠩᠰᠠᠯᠠᠬᠤ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠵᠠᠰᠠᠪᠤᠷᠢ ᠣᠷᠣᠭᠤᠯᠬᠤ ᠪᠤᠶᠤ ᠨᠥᠬᠦᠪᠥᠷᠢᠯᠡᠬᠦ | ᠬᠡᠷᠡᠭᠲᠡᠢ᠃ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠠᠬᠤᠢ ᠲᠠᠯᠠᠪᠠᠢ ᠳᠤ ᠨᠣᠲᠠᠯᠠᠬᠤ ᠠᠵᠢᠯ ᠢ ᠬᠠᠷᠢᠭᠤᠴᠠᠬᠤ | ᠬᠡᠷᠡᠭᠲᠡᠢ᠃ ᠪᠠᠭᠰᠢ ᠨᠠᠷ ᠰᠦᠯᠵᠢᠶᠡᠨ ᠳᠤ ᠨᠡᠷ᠎ᠡ ᠮᠡᠳᠡᠭᠦᠯᠬᠦ ᠬᠤᠭᠤᠴᠠᠭᠠᠨ ᠳᠤ᠂ ᠰᠤᠷᠭᠠᠭᠤᠯᠢ ᠡᠷᠬᠡᠪᠰᠢ ᠲᠤᠰᠬᠠᠢ | ᠬᠥᠮᠦᠨ ᠲᠣᠬᠢᠷᠠᠭᠤᠯᠤᠨ ᠵᠡᠷᠭᠡ ᠳᠤ ᠨᠢ ᠠᠬᠤᠢ ᠲᠠᠯᠠᠪᠠᠢ ᠳᠤ ᠨᠣᠲᠠᠯᠠᠬᠤ ᠠᠵᠢᠯ ᠢ ᠬᠢᠵᠦ᠂ ᠪᠠᠭᠰᠢ ᠨᠠᠷ ᠤᠨ | ᠰᠦᠯᠵᠢᠶᠡᠨ ᠳᠤ ᠨᠡᠷ᠎ᠡ ᠮᠡᠳᠡᠭᠦᠯᠬᠦ ᠮᠠᠲ᠋ᠧᠷᠢᠶᠠᠯ ᠤᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠬᠢᠨᠠᠨ | ᠪᠠᠶᠢᠴᠠᠭᠠᠬᠤ ᠬᠡᠷᠡᠭᠲᠡᠢ᠃ ᠠᠬᠤᠢ ᠲᠠᠯᠠᠪᠠᠢ ᠳᠤ ᠨᠣᠲᠠᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠲᠤᠰ | ᠰᠤᠷᠭᠠᠭᠤᠯᠢ ᠶᠢᠨ ᠪᠠᠭᠰᠢ ᠶᠢᠨ ᠭᠤᠶᠤᠴᠢᠯᠠᠯ ᠤᠨ ᠮᠠᠲ᠋ᠧᠷᠢᠶᠠᠯ ᠢ ᠬᠠᠷᠢᠶ᠎ᠠ ᠬᠤᠰᠢᠭᠤ ᠰᠢᠶᠠᠨ ᠵᠢᠴᠢ ᠲᠡᠭᠦᠨ ᠠᠴᠠ | ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠨᠢᠭᠡᠳᠦᠯᠲᠡᠢ ᠮᠡᠳᠡᠭᠦᠯᠵᠦ ᠠᠩᠬ᠎ᠠ | ᠬᠢᠨᠠᠬᠤ ᠬᠡᠷᠡᠭᠲᠡᠢ᠃ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ | ᠳᠤ ᠳᠣᠣᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠄ | 1 . ︽ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠭᠤᠶᠤᠴᠢᠯᠠᠯ ᠤᠨ | ᠬᠦᠰᠦᠨᠦᠭᠲᠦ︾ ᠨᠢᠭᠡ ᠬᠡᠯᠪᠡᠷᠢ ᠶᠢ 2 ᠬᠤᠪᠢ︔ ︵ᠡᠨᠡ ᠬᠦᠰᠦᠨᠦᠭᠲᠦ ᠶᠢ ᠳᠤᠮᠳᠠᠳᠤ ᠤᠯᠤᠰ ᠤᠨ ᠪᠠᠭᠰᠢ ᠶᠢᠨ | ᠬᠢᠷᠢ ᠭᠡᠮ ᠢ ᠰᠦᠯᠵᠢᠶᠡᠨ ᠳᠤ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠥᠪᠡᠰᠦᠪᠡᠨ A4 ᠴᠠᠭᠠᠰᠤᠨ ᠳᠤ | ᠰᠦᠯᠵᠢᠶᠡᠨ ᠠᠴᠠ ᠳᠠᠷᠤᠮᠠᠯᠯᠠᠨ᠎ᠠ᠃︶ | 2 . ︽ᠪᠠᠭᠰᠢ ᠶᠢᠨ ᠬᠢᠷᠢ ᠭᠡᠮ ᠤᠨ ᠦᠨᠡᠮᠯᠡᠯ︾ ᠤᠨ ᠤᠭ ᠮᠠᠲ᠋ᠧᠷᠢᠶᠠᠯ | 3 . ᠪᠠᠭᠰᠢᠯᠠᠵᠤ ᠪᠠᠶᠢᠭ᠎ᠠ ᠰᠤᠷᠭᠠᠭᠤᠯᠢ ᠪᠤᠶᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠤᠷᠢᠬᠤ ᠭᠡᠷ᠎ᠡ | ᠪᠠ ᠪᠠᠭᠤᠯᠭᠠᠪᠤᠷᠢ 1 ᠬᠤᠪᠢ | 4 . ᠪᠠᠶᠢᠭ᠎ᠠ ᠰᠤᠷᠭᠠᠭᠤᠯᠢ ᠠᠴᠠ ᠭᠠᠷᠭᠠᠭᠰᠠᠨ ᠪᠠᠭᠰᠢ ᠶᠢᠨ ᠶᠣᠰᠣ ᠮᠣᠷᠠᠯ ᠤᠨ ᠢᠯᠡᠷᠡᠯ ᠤᠨ ᠭᠡᠷᠡᠴᠢ | 5 . ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠦᠶᠡᠯᠡᠯ ᠤᠨ ᠬᠤᠭᠤᠴᠠᠭᠠᠨ ᠳᠤ 5 ᠵᠢᠯ ᠤᠨ ᠡᠯ᠎ᠡ | ᠵᠢᠯ ᠤᠨ ᠰᠢᠯᠭᠠᠨ ᠬᠢᠨᠠᠭᠰᠠᠨ ᠪᠠᠶᠢᠳᠠᠯ ᠤᠨ ᠭᠡᠷᠡᠴᠢ︔ | 6 . ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠥᠪᠰᠢᠶᠡᠷᠡᠭᠰᠡᠨ ᠪᠠᠭᠰᠢ ᠶᠢᠨ ᠪᠣᠯᠪᠠᠰᠤᠷᠠᠯ ᠤᠨ ᠭᠡᠷᠡᠴᠢ︔ | 7 . ᠰᠤᠷᠭᠠᠭᠤᠯᠢ ᠠᠴᠠ ᠭᠠᠷᠭᠠᠭᠰᠠᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠠᠶᠢᠳᠠᠯ ᠪᠣᠯᠤᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠭᠦᠷᠭᠡᠯᠡᠵᠦ ᠥᠩᠭᠡᠷᠡᠭᠰᠡᠨ ᠭᠡᠷᠡᠴᠢ᠃ ᠰᠤᠷᠭᠠᠭᠤᠯᠢ ᠪᠤᠶᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠵᠦ ᠡᠪᠡᠳᠴᠢᠨ ᠢᠶᠠᠷ ᠠᠮᠠᠷᠠᠭᠰᠠᠳ᠂ | ᠡᠷᠬᠡᠪᠰᠢ ᠡᠪᠡᠳᠴᠢᠨ ᠢᠶᠠᠷ ᠠᠮᠠᠷᠠᠬᠤ ᠭᠡᠷᠡᠴᠢ ᠬᠠᠩᠭᠠᠬᠤ ᠬᠡᠷᠡᠭᠲᠡᠢ᠃ | ᠪᠠᠭᠰᠢ ᠠᠩᠬ᠎ᠠ ᠤᠳᠠᠭ᠎ᠠ ᠳᠠᠩᠰᠠᠯᠠᠬᠤ ᠶᠢ ᠭᠤᠶᠤᠴᠢᠯᠠᠬᠤ ᠳᠤ᠂ 1᠂ 2᠂ 3᠂ 4᠂ 7 ᠶᠢᠨ | ᠮᠠᠲ᠋ᠧᠷᠢᠶᠠᠯ ᠢ ᠲᠤᠰᠢᠶᠠᠬᠤ ᠶᠢᠨ ᠬᠠᠮᠲᠤ᠂ ᠳᠡᠭᠡᠷ᠎ᠡ ᠨᠢᠭᠡ ᠵᠢᠯ ᠤᠨ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠭᠡᠷᠡᠴᠢ | ᠪᠤᠶᠤ ᠲᠤᠷᠰᠢᠨ ᠬᠡᠷᠡᠭᠯᠡᠬᠦ ᠬᠤᠭᠤᠴᠠᠭᠠᠨ ᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠭᠡᠷᠡᠴᠢ ᠶᠢ ᠲᠤᠰᠢᠶᠠᠬᠤ | ᠬᠡᠷᠡᠭᠲᠡᠢ᠃ ᠳᠠᠩᠰᠠᠯᠠᠬᠤ ᠶᠢ ᠳᠠᠬᠢᠨ ᠭᠤᠶᠤᠴᠢᠯᠠᠬᠤ ᠶᠢ ᠲᠦᠷ ᠬᠤᠶᠢᠰᠢᠯᠠᠭᠤᠯᠬᠤ ᠳᠤ ᠬᠦᠷᠪᠡᠯ᠂ ᠪᠠᠶᠢᠳᠠᠯ ᠦᠭᠡᠢ | ᠪᠣᠯᠤᠭᠰᠠᠨ ᠭᠡᠷᠡᠴᠢ ᠪᠤᠶᠤ ᠬᠤᠯᠪᠣᠭᠳᠠᠯ ᠪᠦᠬᠦᠢ ᠪᠠᠶᠢᠳᠠᠯ ᠢ ᠵᠠᠯᠠᠷᠠᠭᠤᠯᠤᠭᠰᠠᠨ ᠨᠥᠬᠦᠪᠥᠷᠢ ᠭᠡᠷᠡᠴᠢ ᠶᠢ ᠲᠤᠰᠢᠶᠠᠬᠤ | ᠬᠡᠷᠡᠭᠲᠡᠢ᠃ | ᠡᠭᠦᠨ ᠳᠤ 3᠂ 4᠂ 5᠂ 7 ᠶᠢ ᠰᠤᠷᠭᠠᠭᠤᠯᠢ ᠨᠢᠭᠡᠳᠦᠯᠲᠡᠢ ᠬᠠᠩᠭᠠᠵᠤ᠂ ᠬᠥᠮᠦᠨ ᠪᠦᠷᠢ ᠨᠢᠭᠡ ᠬᠤᠪᠢ | ᠬᠡᠷᠡᠭᠰᠡᠨ᠎ᠡ᠃ | ︵ᠲᠦᠷᠪᠡ︶ ᠠᠩᠬᠠᠨ ᠤ ᠬᠢᠨᠠᠯᠲᠠ ᠵᠢᠴᠢ ᠢᠯᠡ ᠨᠡᠶᠢᠲᠡᠯᠡᠬᠦ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠬᠢᠨ ᠲᠤᠰ ᠬᠠᠷᠢᠶ᠎ᠠ ᠣᠷᠣᠨ ᠤ ᠪᠠᠨ ᠬᠠᠷᠢᠶ᠎ᠠ ᠰᠤᠷᠭᠠᠭᠤᠯᠢ ᠶᠢᠨ ᠪᠠᠭᠰᠢ ᠨᠠᠷ ᠢ ᠲᠣᠭᠲᠠᠮᠠᠯ | ᠬᠤᠭᠤᠴᠠᠭ᠎ᠠ ᠲᠠᠢ ᠳᠠᠩᠰᠠᠯᠠᠬᠤ ᠶᠢᠨ ᠠᠩᠬ᠎ᠠ ᠬᠢᠨᠠᠬᠤ ᠠᠵᠢᠯ ᠢ ᠬᠠᠷᠢᠭᠤᠴᠠᠵᠤ᠂ ᠠᠩᠬ᠎ᠠ ᠬᠢᠨᠠᠭᠰᠠᠨ ᠰᠠᠨᠠᠯ | ᠳᠤᠷᠠᠳᠬᠤ ᠬᠡᠷᠡᠭᠲᠡᠢ᠃ ᠠᠩᠬᠠᠨ ᠤ ᠬᠢᠨᠠᠯᠲᠠ ᠳᠠᠭᠤᠰᠤᠭᠰᠠᠨ ᠤ ᠳᠠᠷᠠᠭ᠎ᠠ᠂ ᠡᠨᠡ ᠤᠳᠠᠭᠠᠨ ᠤ ᠪᠠᠭᠰᠢ ᠶᠢᠨ ᠬᠢᠷᠢ | ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠠᠵᠢᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠠᠵᠢᠯ ᠢ | ᠰᠠᠶᠢᠲᠤᠷ ᠬᠢᠵᠦ᠂ ᠳᠠᠩᠰᠠᠯᠠᠬᠤ ᠠᠩᠬᠠᠨ ᠤ ᠬᠢᠨᠠᠯᠲᠠ ᠶᠢᠨ ᠳ᠋ᠦᠩᠨᠡᠯᠲᠡ ᠶᠢ ᠳᠤᠷᠠᠳᠬᠤ ᠶᠢᠨ ᠬᠠᠮᠲᠤ 5 ᠠᠵᠢᠯ ᠤᠨ | ᠡᠳᠦᠷ ᠢᠯᠡ ᠨᠡᠶᠢᠲᠡᠯᠡᠬᠦ ᠬᠡᠷᠡᠭᠲᠡᠢ᠃ | ︵ᠲᠠᠪᠤ︶ ᠳᠠᠬᠢᠨ ᠬᠢᠨᠠᠬᠤ | ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠳᠠᠬᠢᠨ ᠬᠢᠨᠠᠬᠤ ᠶᠢ | ᠬᠠᠷᠢᠭᠤᠴᠠᠨ᠎ᠠ᠃ | ︵ᠵᠢᠷᠭᠤᠭ᠎ᠠ︶ ᠡᠴᠦᠰ ᠤᠨ ᠬᠢᠨᠠᠯᠲᠠ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠠᠩᠰᠠᠯᠠᠬᠤ ᠭᠤᠶᠤᠴᠢᠯᠠᠯ ᠳᠤ | ᠡᠴᠦᠰ ᠤᠨ ᠬᠢᠨᠠᠯᠲᠠ ᠬᠢᠬᠦ ᠶᠢᠨ ᠬᠠᠮᠲᠤ ᠪᠠᠭᠰᠢ ᠶᠢᠨ ᠬᠢᠷᠢ ᠭᠡᠮ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠳᠤ ᠳᠠᠩᠰᠠᠯᠠᠭᠰᠠᠨ ᠳ᠋ᠦᠩᠨᠡᠯᠲᠡ ᠪᠠᠨ ᠲᠠᠭᠯᠠᠨ ᠮᠡᠳᠡᠭᠦᠯᠬᠦ ᠬᠡᠷᠡᠭᠲᠡᠢ᠃ | ︵ᠳᠣᠯᠤᠭ᠎ᠠ︶ ᠳᠠᠩᠰᠠᠯᠠᠭᠰᠠᠨ ᠳ᠋ᠦᠩᠨᠡᠯᠲᠡ ᠵᠢᠴᠢ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠡᠴᠦᠰ ᠤᠨ ᠬᠢᠨᠠᠭᠰᠠᠨ | ᠰᠠᠨᠠᠯ ᠢ ᠦᠨᠳᠦᠰᠦᠯᠡᠨ ᠳᠠᠩᠰᠠᠯᠠᠭᠰᠠᠨ ᠳ᠋ᠦᠩᠨᠡᠯᠲᠡ ᠪᠠᠨ ᠨᠡᠶᠢᠲᠡᠯᠡᠵᠦ᠂ ᠭᠤᠶᠤᠴᠢᠯᠠᠭᠴᠢ ᠶᠢᠨ ︽ᠪᠠᠭᠰᠢ ᠶᠢᠨ | ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠭᠤᠶᠤᠴᠢᠯᠠᠯ ᠤᠨ ᠬᠦᠰᠦᠨᠦᠭᠲᠦ︾ ᠪᠠ ︽ᠪᠠᠭᠰᠢ ᠶᠢᠨ | ᠬᠢᠷᠢ ᠭᠡᠮ ᠤᠨ ᠦᠨᠡᠮᠯᠡᠯ︾ ᠤᠨ ᠳᠠᠭᠠᠯᠳᠤᠭᠤᠯᠤᠯ ᠨᠢᠭᠤᠷ ᠲᠤ ᠳᠠᠩᠰᠠᠯᠠᠭᠰᠠᠨ ᠳ᠋ᠦᠩᠨᠡᠯᠲᠡ ᠪᠠᠨ ᠲᠣᠳᠣᠷᠬᠠᠶᠢᠯᠠᠵᠤ᠂ | ᠭᠤᠶᠤᠴᠢᠯᠠᠭᠴᠢ ᠶᠢᠨ ︽ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠭᠤᠶᠤᠴᠢᠯᠠᠯ ᠤᠨ | ᠬᠦᠰᠦᠨᠦᠭᠲᠦ︾ ᠶᠢ ᠬᠤᠪᠢ ᠬᠥᠮᠦᠨ ᠤ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠳᠤ ᠣᠷᠣᠭᠤᠯᠤᠨ᠂ ᠠᠩᠬ᠎ᠠ | ᠬᠢᠨᠠᠭᠰᠠᠨ ᠪᠠᠶᠢᠭᠤᠯᠤᠮᠵᠢ ᠠᠴᠠ ᠳᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠬᠤ ᠬᠡᠷᠡᠭᠲᠡᠢ᠃ | ᠲᠠᠪᠤ᠂ ᠪᠤᠰᠤᠳ ᠵᠦᠢᠯ | ︵ᠨᠢᠭᠡ︶ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠤ ᠭᠤᠶᠤᠴᠢᠯᠠᠭᠴᠢ | ᠥᠪᠡᠷᠲᠡᠭᠡᠨ ᠭᠤᠶᠤᠴᠢᠯᠠᠨ ᠮᠡᠳᠡᠭᠦᠯᠵᠦ ᠲᠠᠭᠯᠠᠨ ᠪᠢᠴᠢᠬᠦ ᠬᠡᠷᠡᠭᠲᠡᠢ᠂ ᠮᠡᠳᠡᠭᠡ ᠵᠠᠩᠭᠢ ᠨᠢ ᠡᠷᠬᠡᠪᠰᠢ ᠦᠨᠡᠨ ᠪᠣᠳᠠᠲᠠᠢ | ᠪᠥᠭᠡᠳ ᠬᠦᠴᠦᠨ ᠲᠠᠢ᠂ ᠬᠡᠷᠪᠡ ᠬᠤᠳᠠᠯ ᠬᠠᠭᠤᠷᠮᠠᠭ ᠮᠡᠳᠡᠭᠡ ᠵᠠᠩᠭᠢ ᠲᠠᠢ ᠪᠣᠯ᠂ ︽ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠲᠦᠷ ᠬᠡᠷᠡᠭᠵᠢᠭᠦᠯᠬᠦ | ᠠᠷᠭ᠎ᠠ︾ ᠶᠢᠨ ᠬᠤᠷᠢᠳᠤᠭᠠᠷ ᠵᠦᠢᠯ ᠳᠤ᠂ ︽ᠭᠤᠶᠤᠴᠢᠯᠠᠭᠴᠢ ᠬᠤᠯᠪᠣᠭᠳᠠᠯ ᠪᠦᠬᠦᠢ ᠪᠠᠶᠢᠳᠠᠯ ᠢ ᠨᠢᠭᠤᠨ | ᠳᠠᠯᠳᠠᠯᠠᠬᠤ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠪᠠᠭᠰᠢ ᠶᠢᠨ ᠬᠢᠷᠢ ᠭᠡᠮ ᠢ ᠳᠠᠩᠰᠠᠯᠠᠬᠤ ᠶᠢ | ᠭᠤᠶᠤᠴᠢᠯᠠᠭᠰᠠᠨ ᠪᠣᠯ᠂ ᠪᠠᠶᠢᠳᠠᠯ ᠢ ᠦᠵᠡᠵᠦ ᠳᠠᠩᠰᠠᠯᠠᠬᠤ ᠶᠢ ᠬᠤᠶᠢᠰᠢᠯᠠᠭᠤᠯᠬᠤ ᠪᠤᠶᠤ ᠳᠠᠩᠰᠠᠯᠠᠬᠤ ᠳᠤ ᠬᠢᠷᠢ | ᠲᠡᠩᠴᠡᠭᠰᠡᠨ ᠦᠭᠡᠢ ᠪᠠᠷ ᠦᠵᠡᠵᠦ ᠵᠣᠬᠢᠬᠤ ᠰᠢᠢᠳᠬᠡᠯ ᠥᠭᠭᠦᠨ᠎ᠡ︔ ᠨᠢᠭᠡᠨᠲᠡ ᠳᠠᠩᠰᠠᠯᠠᠭᠤᠯᠤᠭᠰᠠᠨ ᠪᠣᠯ᠂ | ᠳᠠᠩᠰᠠᠯᠠᠭᠰᠠᠨ ᠢ ᠬᠦᠴᠦᠨ ᠦᠭᠡᠢ ᠪᠣᠯᠭᠠᠬᠤ ᠶᠢ ᠬᠡᠷᠡᠭᠵᠢᠭᠦᠯᠦᠨ᠎ᠡ᠃ | ︵ᠬᠤᠶᠠᠷ︶ ᠭᠤᠶᠤᠴᠢᠯᠠᠭᠴᠢ ᠡᠷᠬᠡᠪᠰᠢ ᠲᠣᠭᠲᠠᠭᠰᠠᠨ ᠴᠠᠭ᠂ ᠭᠠᠵᠠᠷ ᠣᠷᠣᠨ ᠪᠠ ᠱᠠᠭᠠᠷᠳᠠᠯᠭ᠎ᠠ ᠶᠣᠰᠣᠭᠠᠷ | ᠰᠦᠯᠵᠢᠶᠡᠨ ᠳᠤ ᠨᠡᠷ᠎ᠡ ᠮᠡᠳᠡᠭᠦᠯᠬᠦ ᠪᠠ ᠠᠬᠤᠢ ᠲᠠᠯᠠᠪᠠᠢ ᠳᠤ ᠬᠢᠨᠠᠨ ᠬᠠᠷᠭᠤᠭᠤᠯᠬᠤ ᠬᠡᠷᠡᠭᠲᠡᠢ᠂ ᠨᠡᠷ᠎ᠡ ᠮᠡᠳᠡᠭᠦᠯᠬᠦ | ᠴᠠᠭ ᠥᠩᠭᠡᠷᠡᠭᠡᠭᠰᠡᠨ᠂ ᠳᠠᠩᠰᠠᠯᠠᠭᠰᠠᠨ ᠪᠠᠶᠢᠭᠤᠯᠤᠮᠵᠢ ᠪᠤᠶᠤ ᠠᠬᠤᠢ ᠲᠠᠯᠠᠪᠠᠢ ᠳᠤ ᠨᠣᠲᠠᠯᠠᠬᠤ ᠴᠡᠭ᠂ ᠨᠡᠷ᠎ᠡ | ᠮᠡᠳᠡᠭᠦᠯᠦᠭᠰᠡᠨ ᠮᠡᠳᠡᠭᠡ ᠵᠠᠩᠭᠢ ᠨᠢ ᠪᠤᠷᠤᠭᠤ ᠲᠠᠢ ᠪᠤᠶᠤ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠵᠡᠷᠭᠡ | ᠰᠢᠯᠲᠠᠭᠠᠨ ᠠᠴᠠ ᠪᠣᠯᠵᠤ ᠲᠣᠭᠲᠠᠭᠰᠠᠨ ᠴᠠᠭ ᠳᠤ ᠪᠠᠨ ᠰᠦᠯᠵᠢᠶᠡᠨ ᠳᠤ ᠨᠡᠷ᠎ᠡ ᠮᠡᠳᠡᠭᠦᠯᠬᠦ ᠪᠤᠶᠤ ᠠᠬᠤᠢ | ᠲᠠᠯᠠᠪᠠᠢ ᠳᠤ ᠨᠤᠲᠠᠯᠠᠬᠤ ᠠᠵᠢᠯ ᠢ ᠪᠡᠶᠡᠯᠡᠭᠦᠯᠦᠭᠰᠡᠨ ᠦᠭᠡᠢ ᠪᠣᠯ᠂ ᠳᠠᠩᠰᠠᠯᠠᠬᠤ ᠪᠠᠶᠢᠭᠤᠯᠤᠮᠵᠢ ᠳᠠᠭᠢᠵᠤ ᠬᠦᠯᠢᠶᠡᠨ | ᠠᠪᠴᠤ ᠰᠢᠢᠳᠪᠦᠷᠢᠯᠡᠬᠦ ᠦᠭᠡᠢ᠂ ᠬᠠᠷᠢᠭᠤᠴᠠᠯᠭ᠎ᠠ ᠶᠢ ᠭᠤᠶᠤᠴᠢᠯᠠᠭᠴᠢ ᠥᠪᠡᠰᠦᠪᠡᠨ ᠡᠭᠦᠷᠭᠡᠯᠡᠨ᠎ᠡ᠃ | ︵ᠭᠤᠷᠪᠠ︶ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠤ ᠪᠠᠭᠰᠢ ᠪᠠ ᠰᠤᠷᠭᠠᠭᠤᠯᠢ ᠠᠴᠠ ᠶᠠᠮᠠᠷᠪᠠ | ᠰᠦᠢᠳᠬᠡᠯ ᠬᠤᠷᠢᠶᠠᠬᠤ ᠦᠭᠡᠢ᠃ | ︵ᠳᠥᠷᠪᠡ︶ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠠᠵᠢᠯ ᠤᠨ ᠶᠠᠪᠤᠴᠠ ᠳᠤ ᠬᠡᠷᠪᠡ ᠮᠠᠳᠠᠭ ᠲᠠᠢ ᠪᠣᠯ | ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ ᠰᠦᠯᠵᠢᠶᠡᠨ ᠤ ᠵᠠᠮᠴᠢᠯᠠᠭᠴᠢ ᠪᠤᠯᠤᠩ ᠳᠠᠬᠢ ︽ᠵᠦᠪᠯᠡᠯᠭᠡ ᠥᠭᠬᠦ | ᠦᠢᠯᠡᠴᠢᠯᠡᠭᠡ︾-︽ᠪᠠᠶᠢᠩᠭᠤ ᠲᠣᠬᠢᠶᠠᠯᠳᠤᠬᠤ ᠠᠰᠠᠭᠤᠳᠠᠯ︾ ᠲᠠᠢ ᠬᠠᠷᠢᠴᠠᠭᠤᠯᠤᠨ ᠰᠢᠢᠳᠪᠦᠷᠢᠯᠡᠬᠦ ᠪᠤᠶᠤ ᠲᠤᠬᠠᠢ ᠶᠢᠨ | ᠭᠠᠵᠠᠷ ᠤᠨ ᠳᠠᠩᠰᠠᠯᠠᠬᠤ ᠪᠠᠶᠢᠭᠤᠯᠤᠮᠵᠢ ᠶᠢᠨ ᠵᠦᠪᠯᠡᠯᠭᠡ ᠥᠭᠬᠦ ᠤᠲᠠᠰᠤᠨ ᠳᠤ ᠤᠲᠠᠰᠤᠳᠠᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ | ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠮᠠᠶ᠋ᠢᠭ ︽ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ | ᠰᠦᠯᠵᠢᠶ᠎ᠡ︾ ᠳᠠᠬᠢ ︽ᠵᠦᠪᠯᠡᠯᠭᠡ ᠥᠭᠬᠦ ᠦᠢᠯᠡᠴᠢᠯᠡᠭᠡ︾ ᠪᠤᠯᠤᠩ ᠳᠠᠬᠢ ︽ᠡᠯ᠎ᠡ ᠮᠣᠵᠢ ᠶᠢᠨ ᠲᠣᠭᠲᠠᠮᠠᠯ | ᠬᠤᠭᠤᠴᠠᠭ᠎ᠠ ᠲᠠᠢ ᠳᠠᠩᠰᠠᠯᠠᠬᠤ ᠠᠵᠢᠯ ᠤᠨ ᠬᠠᠷᠢᠯᠴᠠᠬᠤ ᠠᠷᠭ᠎ᠠ ᠮᠠᠶ᠋ᠢᠭ︾ ᠳᠤ ᠦᠵᠡᠭᠡᠷᠡᠢ᠃ | ᠪᠤᠰᠤᠳ ᠳᠠᠭᠤᠰᠤᠭᠠᠳᠤᠢ ᠵᠦᠢᠯ ᠢ ᠡᠯ᠎ᠡ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠪᠠᠶᠢᠭᠤᠯᠤᠮᠵᠢ ᠶᠢᠨ | ᠨᠡᠶᠢᠲᠡᠯᠡᠭᠰᠡᠨ ᠮᠡᠳᠡᠭᠳᠡᠯ ᠤᠨ ᠠᠯᠪᠠᠨ ᠵᠠᠷᠯᠠᠯ ᠲᠤ ᠨᠠᠷᠢᠨ ᠦᠵᠡᠭᠡᠷᠡᠢ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2023 ᠣᠨ ᠤ 10 ᠰᠠᠷ᠎ᠠ ᠶᠢᠨ 30 ᠤ ᠡᠳᠦᠷ | | | |