ᠪᠡᠶ᠎ᠡ ᠶᠢᠨ ᠲᠠᠮᠢᠷ ᠤᠨ ᠣᠷᠭᠢᠯᠤᠮ᠎ᠠ ᠰᠡᠳᠬᠢᠯᠭᠡ ᠶᠢ ᠪᠠᠳᠠᠷᠠᠭᠤᠯᠤᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠭᠠᠶᠢᠬᠠᠭᠤᠯᠤᠨᠠᠮ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ ᠤᠨ ᠲᠥᠯᠦᠭᠡᠯᠡᠭᠴᠢ ᠶᠢᠨ ᠪᠦᠯᠬᠦᠮ ᠤᠨ ᠬᠢᠨ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠰᠤᠷᠤᠭᠴᠢ ︵ᠵᠠᠯᠠᠭᠤᠴᠤᠳ︶᠎ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠮᠣᠷᠳᠠᠪᠠ
ᠨᠡᠶᠢᠲᠡᠯᠡᠭᠰᠡᠨ ᠴᠠᠭ᠄
2023/11/9
      ᠬᠦᠰᠡᠯ ᠪᠡᠶᠡᠯᠡᠭᠦᠯᠬᠦ ᠰᠢᠨ᠎ᠡ ᠡᠷᠡᠨ᠂ ᠬᠡᠷᠡᠯ ᠰᠠᠴᠤᠷᠠᠭᠰᠠᠨ ᠵᠠᠯᠠᠭᠤ ᠨᠠᠰᠤ ᠃ 11 ᠰᠠᠷ᠎ᠠ ᠶᠢᠨ 5᠎ ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢ           ︵ᠵᠠᠯᠠᠭᠤᠴᠤᠳ︶᠎ ᠶᠢᠨ ᠪᠡᠶ᠎ᠡ ᠶᠢᠨ ᠲᠠᠮᠢᠷ ᠤᠨ ᠴᠤᠭᠯᠠᠭᠠᠨ ︵ᠳᠣᠷᠣᠭᠰᠢ ︽ᠰᠤᠷᠤᠭᠴᠢ  ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠭᠡᠵᠦ ᠳᠦᠭᠦᠮᠴᠢᠯᠡᠨ᠎ᠡ︶ ᠭᠤᠸᠠᠩᠰᠢ ᠶᠢᠨ ᠪᠡᠶ᠎ᠡ ᠶᠢᠨ ᠲᠠᠮᠢᠷ ᠤᠨ ᠲᠥᠪ ᠤᠨ ᠪᠡᠶ᠎ᠡ ᠶᠢᠨ ᠲᠠᠮᠢᠷ ᠤᠨ ᠲᠠᠯᠠᠪᠤᠷ ᠲᠤ ᠦᠪᠡᠳᠡᠭᠰᠢ ᠶᠡᠭᠡ ᠪᠠᠷ ᠡᠬᠢᠯᠡᠪᠡ᠃

1.png

      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢ

︵ᠵᠠᠯᠠᠭᠤᠴᠤᠳ︶᠎ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠡᠭᠡᠷ᠎ᠡ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠦᠭᠡᠯᠡᠭᠴᠢ ᠶᠢᠨ ᠪᠦᠯᠬᠦᠮ ᠲᠠᠯᠠᠪᠠᠢ ᠳᠤ ᠣᠷᠣᠵᠤ ᠪᠠᠶᠢᠭ᠎ᠠ ᠨᠢ

      ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠨᠢ ︽ᠪᠣᠬᠢᠷᠲᠤᠯ ᠦᠭᠡᠢ᠂ ᠬᠠᠮᠲᠤ ᠡᠳ᠋ᠯᠡᠬᠦ᠂

ᠨᠡᠭᠡᠭᠡᠯᠲᠡᠲᠦ᠂ ᠠᠷᠢᠭᠤᠨ ᠴᠢᠬᠡᠴᠢ︾ ᠤᠷᠤᠯᠳᠤᠭᠠᠨ ᠡᠷᠬᠢᠯᠡᠬᠦ ᠣᠶᠢᠯᠠᠭᠠᠭᠳᠠᠬᠤᠨ ᠢ ᠢᠯᠡᠷᠡᠭᠦᠯᠵᠦ᠂ ︽ᠠᠷᠪᠢᠴᠢ

ᠭᠠᠮᠲᠠᠢ᠂ ᠠᠮᠤᠷ ᠲᠦᠪᠰᠢᠨ᠂ ᠭᠤᠶᠢᠳᠠ ᠰᠠᠶᠢᠬᠠᠨ︾ ᠤᠷᠤᠯᠳᠤᠭᠠᠨ ᠤ ᠱᠠᠭᠠᠷᠳᠠᠯᠭ᠎ᠠ ᠶᠣᠰᠣᠭᠠᠷ ︽ᠵᠠᠯᠠᠭᠤ ᠨᠠᠰᠤ᠂

ᠪᠦᠯᠬᠦᠮᠳᠡᠯ᠂ ᠨᠥᠬᠦᠷᠯᠡᠯ︾᠎ ᠢᠶᠠᠷ ᠦᠨᠳᠦᠰᠦᠨ ᠬᠥᠭ ᠠᠶᠠᠰ ᠪᠣᠯᠭᠠᠨ᠂ ︽ᠬᠦᠰᠡᠯ ᠪᠡᠶᠡᠯᠡᠭᠦᠯᠬᠦ ᠰᠢᠨ᠎ᠡ ᠡᠷᠡᠨ

ᠭᠡᠷᠡᠯ ᠰᠠᠴᠤᠷᠠᠭᠰᠠᠨ ᠵᠠᠯᠠᠭᠤ ᠨᠠᠰᠤ ︾᠎ ᠪᠠᠷ ᠭᠤᠣᠯ ᠰᠡᠳᠦᠪ ᠪᠣᠯᠭᠠᠵᠤ᠂ ᠪᠡᠶ᠎ᠡ ᠶᠢᠨ ᠲᠠᠮᠢᠷ ᠪᠠ ᠰᠤᠷᠭᠠᠨ

ᠬᠥᠮᠦᠵᠢᠯ ᠤᠨ ᠠᠭᠤᠰᠤᠯᠴᠠᠭ᠎ᠠ ᠶᠢ ᠳᠣᠪᠤᠶᠢᠯᠭᠠᠵᠤ᠂ ᠠᠮᠢᠵᠢᠷᠠᠯ ᠤᠨ ᠬᠦᠴᠦᠨ᠂ ᠴᠠᠭ ᠦᠶᠡᠴᠢ ᠴᠢᠨᠠᠷ᠂ ᠥᠰᠦᠨ

ᠪᠤᠶᠢᠵᠢᠯᠲᠠ ᠶᠢ ᠲᠣᠪᠤᠶᠢᠯᠭᠠᠨ᠂ ᠰᠣᠶᠣᠯ ᠪᠠ ᠪᠡᠶ᠎ᠡ ᠶᠢᠨ ᠲᠠᠮᠢᠷ ᠵᠢᠭᠠᠨ ᠰᠤᠷᠭᠠᠯᠲᠠ ᠶᠢ ᠵᠡᠷᠭᠡ ᠳᠤ ᠨᠢ

ᠴᠢᠬᠤᠯᠠᠴᠢᠯᠠᠭᠰᠠᠨ᠂ ᠤᠷᠠᠯᠢᠭ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠭᠤᠰᠬᠠᠭᠰᠠᠨ ᠪᠡᠶ᠎ᠡ ᠶᠢᠨ ᠲᠠᠮᠢᠷ ᠤᠨ

ᠦᠪᠡᠳᠡᠭᠰᠢ ᠴᠤᠭᠯᠠᠭᠠᠨ ᠪᠣᠯᠤᠨ᠎ᠠ᠃

   

2.png

      ᠡᠨᠡ ᠬᠤᠭᠤᠴᠠᠭᠠᠨ ᠤ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠤᠤᠯ ᠤᠨ

ᠪᠦᠬᠦ ᠤᠯᠤᠰ ᠤᠨ ᠰᠤᠷᠤᠭᠴᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠤᠤᠯ ᠤᠨ ᠪᠦᠬᠦ ᠤᠯᠤᠰ ᠤᠨ

ᠬᠤᠲᠠ ᠶᠢᠨ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠨᠡᠶᠢᠯᠡᠭᠦᠯᠦᠭᠰᠡᠨ ᠠᠴᠠ ᠪᠦᠷᠢᠯᠳᠦᠵᠦ᠂ ᠡᠨᠡ

ᠵᠢᠯ ᠠᠩᠬ᠎ᠠ ᠤᠳᠠᠭ᠎ᠠ ᠡᠷᠬᠢᠯᠡᠵᠦ ᠪᠠᠶᠢᠭ᠎ᠠ ᠶᠤᠮ᠃ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ

ᠴᠤᠭᠯᠠᠭᠠᠨ ᠢ ᠰᠤᠷᠭᠠᠭᠤᠯᠢ ᠶᠢᠨ ᠬᠦᠷᠢᠶᠡᠨ ᠤ ᠤᠷᠤᠯᠳᠤᠭᠠᠨ ᠤ ᠳᠤᠭᠤᠶᠢᠯᠠᠩ ᠪᠠ ᠴᠢᠯᠦᠭᠡᠲᠦ ᠤᠷᠤᠯᠳᠤᠭᠠᠨ ᠤ

ᠳᠤᠭᠤᠶᠢᠯᠠᠩ ᠭᠡᠵᠦ ᠬᠤᠪᠢᠶᠠᠨ᠂ ᠰᠤᠷᠭᠠᠭᠤᠯᠢ ᠶᠢᠨ ᠬᠦᠷᠢᠶᠡᠨ ᠤ ᠤᠷᠤᠯᠳᠤᠭᠠᠨ ᠳᠤ ᠪᠦᠬᠦ ᠤᠯᠤᠰ ᠠᠴᠠ ᠢᠷᠡᠭᠰᠡᠨ

34 ᠲᠥᠯᠦᠭᠡᠯᠡᠭᠴᠢ ᠶᠢᠨ ᠠᠩᠭᠢ᠂ 8372 ᠰᠤᠷᠤᠭᠴᠢ ᠲᠠᠮᠢᠷᠴᠢᠨ ᠣᠷᠣᠯᠴᠠᠵᠤ᠂ ᠬᠦᠨᠳᠦ ᠬᠥᠩᠭᠡᠨ ᠪᠡᠶ᠎ᠡ ᠶᠢᠨ

ᠲᠠᠮᠢᠷ ᠤᠨ ᠤᠷᠤᠯᠳᠤᠭᠠᠨ᠂ ᠤᠮᠪᠠᠯᠲᠠ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠥᠯ ᠪᠥᠮᠪᠦᠭᠡ᠂ ᠫᠢᠩᠫᠠᠩ

ᠪᠥᠮᠪᠦᠭᠡ᠂ ᠥᠳᠥᠨ ᠪᠥᠮᠪᠦᠭᠡ᠂ ᠭᠤᠸᠠᠵᠢᠯ ᠬᠢᠮᠨᠠᠰᠲ᠋ᠢᠺ ︵ᠬᠥᠭᠵᠢᠶᠡᠨᠲᠦ ᠪᠡᠶ᠎ᠡ ᠶᠢᠨ ᠲᠠᠮᠢᠷ︶᠂ ᠵᠡᠪᠰᠡᠭ ᠤᠨ ᠡᠷᠳᠡᠮ᠂

ᠲᠡᠪᠡᠭ ᠢᠰᠬᠦᠯᠬᠦ ᠵᠡᠷᠭᠡ 10 ᠶᠡᠭᠡ ᠵᠦᠢᠯ ᠢ ᠪᠠᠭᠲᠠᠭᠠᠵᠠᠢ᠃

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠮᠦᠨᠡᠬᠢ ᠬᠤᠭᠤᠴᠠᠭᠠᠨ ᠤ ᠰᠢᠯᠢᠨ ᠰᠣᠩᠭᠤᠯᠲᠠ ᠵᠢᠴᠢ

ᠪᠡᠯᠡᠳᠬᠡᠯ ᠤᠷᠤᠯᠳᠤᠭᠠᠨ ᠢᠶᠠᠷ ᠳᠠᠮᠵᠢᠨ᠂ 174 ᠰᠤᠷᠤᠭᠴᠢ ᠲᠠᠮᠢᠷᠴᠢᠨ ᠢ ᠰᠣᠩᠭᠤᠨ ᠰᠤᠷᠭᠠᠭᠤᠯᠢ ᠶᠢᠨ

ᠬᠦᠷᠢᠶᠡᠨ ᠤ ᠤᠷᠤᠯᠳᠤᠭᠠᠨ ᠤ ᠳᠤᠭᠤᠶᠢᠯᠠᠩ ᠤᠨ 6 ᠶᠡᠭᠡ ᠲᠥᠷᠥᠯ᠂ 11 ᠬᠤᠪᠢᠶᠠᠷᠢ ᠲᠥᠷᠦᠯ᠂ 113 ᠪᠠᠭ᠎ᠠ

ᠲᠥᠷᠥᠯ ᠤᠨ ᠤᠷᠤᠯᠳᠤᠭᠠᠨ ᠳᠤ ᠣᠷᠣᠯᠴᠠᠭᠤᠯᠵᠤ᠂ ᠤᠷᠤᠯᠳᠤᠭᠠᠨ ᠳᠤ ᠣᠷᠣᠯᠴᠠᠬᠤ ᠳᠤᠭᠤᠶᠢᠯᠠᠩ ᠤᠨ ᠲᠥᠷᠥᠯ ᠢ

ᠲᠤᠰ ᠲᠤᠰ ᠶᠡᠭᠡ ᠰᠤᠷᠭᠠᠭᠤᠯᠢ ᠶᠢᠨ ᠬᠥᠬᠡ ᠳᠤᠭᠤᠶᠢᠯᠠᠩ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ

ᠤᠷᠤᠯᠳᠤᠭᠠᠨ᠂ ᠶᠡᠭᠡ ᠰᠤᠷᠭᠠᠭᠤᠯᠢ ᠶᠢᠨ ᠬᠥᠬᠡᠭᠴᠢᠨ ᠳᠤᠭᠤᠶᠢᠯᠠᠩ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ

ᠤᠷᠤᠯᠳᠤᠭᠠᠨ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ

ᠤᠷᠤᠯᠳᠤᠭᠠᠨ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ ᠎ ᠶᠢᠨ ᠬᠥᠯ ᠪᠥᠮᠪᠦᠭᠡ᠂ ᠳᠤᠮᠳᠠᠳᠤ

ᠰᠤᠷᠭᠠᠭᠤᠯᠢ ᠶᠢᠨ ᠳᠤᠭᠤᠶᠢᠯᠠᠩ ᠤᠨ ᠡᠮᠡᠭᠲᠡᠢ ᠶᠢᠨ ᠠᠯᠠᠭᠠᠳᠠᠬᠤ ᠪᠥᠮᠪᠦᠭᠡ ᠵᠢᠴᠢ ᠶᠡᠭᠡ ᠰᠤᠷᠭᠠᠭᠤᠯᠢ ᠶᠢᠨ

ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠭᠤᠸᠠᠵᠢᠯ ᠬᠢᠮᠨᠠᠰᠲ᠋ᠢᠺ ︵ᠬᠥᠭᠵᠢᠶᠡᠨᠲᠦ ᠪᠡᠶ᠎ᠡ ᠶᠢᠨ

ᠲᠠᠮᠢᠷ︶᠂ ᠵᠡᠪᠰᠡᠭ ᠎ ᠤᠨ ᠡᠷᠳᠡᠮ᠂ ᠲᠡᠪᠡᠭ ᠢᠰᠭᠦᠯᠬᠦ ᠳᠤ ᠣᠷᠣᠯᠴᠠᠭᠤᠯᠪᠠ᠃

3.png

 

4.png

      5᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ

ᠪᠠᠶᠢᠴᠠᠭᠠᠭᠴᠢ᠂ ᠲᠥᠯᠦᠭᠡᠯᠡᠭᠴᠢ ᠶᠢᠨ ᠪᠦᠯᠬᠦᠮ ᠤᠨ ᠳᠡᠳ᠋ ᠳᠠᠷᠤᠭ᠎ᠠ ᠵᠦ ᠪᠦᠦ ᠵᠢᠶᠠᠩ ᠨᠠᠷ ᠰᠤᠷᠤᠭᠴᠢ

ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠶ᠎ᠡ ᠶᠢᠨ ᠲᠠᠮᠢᠷ ᠤᠨ ᠲᠣᠰᠬᠤᠨ ᠳᠤ ᠬᠦᠷᠴᠦ᠂ ᠮᠠᠨ ᠤ

ᠣᠷᠣᠨ ᠤ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠤᠷᠭᠠᠭᠤᠯᠢ ᠶᠢᠨ ᠬᠦᠷᠢᠶᠡᠨ ᠤ

ᠵᠡᠪᠰᠡᠭ ᠤᠨ ᠡᠷᠳᠡᠮ᠂ ᠲᠡᠪᠡᠭ ᠢᠰᠭᠦᠯᠬᠦ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠢ ᠳᠣᠲᠣᠨᠣ ᠪᠠᠷ

ᠬᠠᠯᠠᠮᠵᠢᠯᠠᠨ ᠪᠣᠯᠭᠤᠭᠠᠵᠤ᠂ ᠪᠡᠶ᠎ᠡ ᠶᠢᠨ ᠲᠠᠮᠢᠷ ᠤᠨ ᠲᠣᠰᠬᠤᠨ ᠤ ᠬᠤᠨᠣᠵᠤ ᠬᠡᠪᠲᠡᠬᠦ ᠵᠢᠴᠢ ᠪᠣᠯᠪᠠᠰᠤᠷᠠᠯ ᠤᠨ

ᠨᠥᠬᠦᠴᠡᠯ᠂ ᠲᠠᠯᠠᠪᠤᠷ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠠᠮᠢᠷᠴᠢᠳ ᠤᠨ ᠪᠣᠯᠪᠠᠰᠤᠷᠠᠯ ᠳᠤ

ᠪᠡᠯᠡᠳᠬᠡᠬᠦ᠂ ᠪᠡᠶ᠎ᠡ ᠮᠠᠬᠠᠪᠣᠳ ᠤᠨ ᠪᠠᠶᠢᠳᠠᠯ ᠵᠡᠷᠭᠡ ᠶᠢ ᠯᠠᠪᠯᠠᠨ ᠠᠰᠠᠭᠤᠵᠤ᠂ ᠤᠷᠤᠯᠳᠤᠭᠠᠨ ᠳᠤ ᠣᠷᠣᠯᠴᠠᠭᠰᠠᠨ

ᠰᠤᠷᠤᠭᠴᠢ ᠲᠠᠮᠢᠷᠴᠢᠳ ᠢ ᠵᠣᠷᠢᠭᠵᠢᠭᠤᠯᠵᠤ ᠪᠠᠶᠢᠬᠤ ᠪᠠᠨ ᠢᠯᠡᠳᠬᠡᠭᠰᠡᠨ ᠪᠥᠭᠡᠳ ᠴᠢᠩ ᠰᠡᠳᠬᠢᠯ ᠤᠨ ᠬᠦᠰᠡᠯ

ᠨᠠᠶᠢᠳᠠᠯᠭ᠎ᠠ ᠲᠠᠯᠪᠢᠨ᠂ ᠰᠤᠷᠤᠭᠴᠢ ᠲᠠᠮᠢᠷᠴᠢᠳ ᠤᠨ ᠡᠨᠡ ᠤᠳᠠᠭᠠᠨ ᠤ ᠰᠤᠷᠤᠭᠴᠢ ᠵᠠᠯᠠᠭᠤᠴᠤᠳ ᠤᠨ ᠪᠡᠶ᠎ᠡ ᠶᠢᠨ

ᠲᠠᠮᠢᠷ ᠤᠨ ᠴᠤᠭᠯᠠᠭᠠᠨ ᠤ ᠤᠷᠤᠯᠳᠤᠭᠠᠨ ᠢᠶᠠᠷ ᠳᠡᠮᠵᠢᠨ᠂ ᠤᠷ᠎ᠠ ᠮᠡᠷᠭᠡᠵᠢᠯ ᠢᠶᠠᠨ ᠶᠠᠷᠢᠯᠴᠠᠵᠤ᠂ ᠮᠡᠳᠡᠯᠭᠡ ᠪᠠᠨ

ᠨᠡᠮᠡᠭᠳᠡᠭᠦᠯᠦᠨ᠂ ᠰᠠᠶᠢᠨ ᠲᠠᠯ᠎ᠠ ᠶᠢ ᠰᠢᠩᠭᠡᠭᠡᠨ ᠠᠪᠴᠤ ᠳᠤᠲᠠᠭᠳᠠᠯ ᠲᠠᠢ ᠲᠠᠯ᠎ᠠ ᠪᠠᠨ  ᠨᠥᠬᠦᠪᠦᠷᠢᠯᠡᠨ᠂

ᠬᠠᠮᠲᠤ ᠳᠤ ᠪᠠᠨ ᠳᠠᠪᠰᠢᠬᠤ ᠶᠢ ᠬᠦᠰᠡᠪᠡ᠃

      ᠲᠤᠰ ᠬᠤᠭᠤᠴᠠᠭᠠᠨ ᠤ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠪᠡᠶ᠎ᠡ ᠶᠢᠨ

ᠲᠠᠮᠢᠷ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠪᠦᠬᠦ

ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ᠂ ᠰᠢᠨ᠎ᠡ ᠴᠠᠭ ᠦᠶ᠎ᠡ ᠶᠢᠨ ᠵᠠᠯᠠᠭᠤ

ᠰᠤᠷᠤᠭᠴᠢᠳ ᠤᠨ ᠴᠤᠭ ᠵᠢᠪᠬᠤᠭ᠎ᠠ ᠶᠢ ᠢᠯᠡᠷᠡᠭᠦᠯᠬᠦ ᠴᠢᠬᠤᠯᠠ ᠲᠠᠪᠴᠠᠩ ᠪᠠᠶᠢᠵᠤ᠂ ᠪᠡᠶ᠎ᠡ ᠶᠢᠨ ᠲᠠᠮᠢᠷ ᠤᠨ

ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ          

ᠶᠤᠮ᠃ ᠮᠠᠨ ᠤ ᠣᠷᠣᠨ ᠤ ᠰᠤᠷᠤᠭᠴᠢ ᠲᠠᠮᠢᠷᠴᠢᠳ ᠰᠢᠷᠭᠠᠭᠤ ᠬᠠᠲᠠᠭᠤᠵᠢᠯᠲᠠᠢ ᠮᠥᠷᠥᠶᠢᠴᠡᠵᠦ᠂ ᠢᠳᠡᠪᠬᠢᠲᠡᠢ

ᠤᠷᠤᠭᠰᠢᠯᠠᠨ ᠳᠠᠪᠰᠢᠵᠤ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠳᠦᠷᠰᠦ ᠪᠠᠶᠢᠳᠠᠯ ᠢ

ᠭᠠᠶᠢᠬᠠᠭᠤᠯᠤᠨ᠂ ᠴᠤᠭ ᠪᠠᠳᠠᠷᠠᠩᠭᠤᠢ ᠡᠷᠡᠮᠡᠬᠡᠶᠢᠯᠡᠬᠦ ᠵᠣᠷᠢᠭ ᠢᠶᠠᠷ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ

ᠬᠥᠭᠵᠢᠭᠡᠵᠦ᠂ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠪᠴᠠᠩ ᠳᠤ ᠵᠠᠯᠠᠭᠤ

ᠨᠠᠰᠤᠨ ᠤ ᠭᠠᠶᠢᠬᠠᠮᠰᠢᠭ ᠦᠵᠡᠭᠦᠯᠪᠡ᠃

   

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号