2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠥᠳᠲᠡᠷ | ᠲᠦᠷᠭᠡᠨ ᠠᠬᠢᠭᠤᠯᠵᠤ᠂ ᠳᠡᠭᠡᠳᠦ ᠳᠡᠰ ᠤᠨ ᠴᠢᠳᠠᠪᠤᠷᠢᠲᠠᠨ ᠪᠠ ᠬᠥᠮᠦᠨ ᠬᠡᠷᠡᠭᠯᠡᠬᠦ ᠨᠢᠭᠡᠴᠢ ᠶᠢ ᠨᠠᠷᠢᠯᠢᠭ ᠣᠨᠣᠴᠠᠲᠠᠢ | ᠵᠣᠯᠭᠠᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠶᠡᠭᠡ ᠳᠡᠭᠡᠳᠦ ᠰᠤᠷᠭᠠᠭᠤᠯᠢ ᠶᠢᠨ ᠮᠠᠰᠲ᠋ᠧᠷ | ᠳ᠋ᠣᠺᠲ᠋ᠣᠷ ᠲᠡᠭᠦᠰᠦᠭᠰᠡᠳ ᠤᠨ ᠲᠤᠰᠬᠠᠢ ᠲᠠᠯᠠᠪᠤᠷ ᠬᠤᠣᠰ ᠰᠣᠩᠭᠤᠯᠲᠠ ᠶᠢᠨ ᠬᠤᠷᠠᠯ︾ ᠢ ᠡᠷᠬᠢᠯᠡᠪᠡ᠃ | | | | | | ᠡᠨᠡ ᠤᠳᠠᠭᠠᠨ ᠤ ᠬᠤᠣᠰ ᠰᠣᠩᠭᠤᠯᠲᠠ ᠶᠢᠨ ᠬᠤᠷᠠᠯ ᠳᠤ ᠣᠷᠣᠨ ᠤ ᠳᠣᠲᠤᠨ᠎ᠠ ᠭᠠᠳᠠᠨᠠᠬᠢ 130 | ᠴᠢᠨᠠᠷᠯᠢᠭ ᠬᠥᠮᠦᠨ ᠬᠡᠷᠡᠭᠯᠡᠬᠦ ᠨᠢᠭᠡᠴᠢ ᠣᠷᠣᠯᠴᠠᠵᠤ᠂ ᠮᠠᠰᠲ᠋ᠧᠷ ᠳ᠋ᠣᠺᠲ᠋ᠣᠷ ᠲᠡᠭᠦᠰᠦᠭᠰᠡᠳ ᠲᠤ 4793 ᠠᠵᠢᠯ ᠤᠨ | ᠪᠠᠶᠢᠷᠢ ᠬᠠᠩᠭᠠᠵᠤ᠂ ᠠᠵᠢᠯ ᠤᠨ ᠪᠠᠶᠢᠷᠢ ᠨᠢ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠲᠥᠷᠥᠯ᠂ ᠪᠠᠷᠢᠯᠭ᠎ᠠ ᠶᠢᠨ | ᠢᠨᠵᠧᠨᠧᠷᠢᠩ ᠤᠨ ᠲᠥᠷᠥᠯ᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ᠂ ᠺᠣᠮᠫᠢᠦ᠋ᠲ᠋ᠧᠷ ᠤᠨ ᠶᠡᠭᠡ ᠲᠥᠷᠥᠯ᠂ | ᠳᠡᠭᠡᠳᠦ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ᠂ ᠰᠤᠷᠭᠠᠨ ᠬᠥᠮᠦᠵᠢᠯ ᠤᠨ ᠳᠦᠷᠦᠯ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠥᠷᠥᠯ ᠵᠡᠷᠭᠡ ᠠᠵᠢᠯ ᠲᠥᠷᠥᠯ ᠳᠤ ᠬᠤᠯᠪᠣᠭᠳᠠᠵᠠᠢ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠠᠬ᠎ᠠ | ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠤᠨ ᠪᠠᠶᠢᠷᠢ ᠶᠢ ᠨᠡᠭᠡᠭᠡᠬᠦ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ︽ᠲᠦᠮᠡᠨ ᠠᠵᠤ ᠠᠬᠤᠶᠢᠯᠠᠯ ᠢ ᠰᠤᠷᠭᠠᠭᠤᠯᠢ ᠳᠤ ᠣᠷᠣᠭᠤᠯᠬᠤ︾᠂ ︽ᠠᠵᠤ ᠠᠬᠤᠶᠢᠯᠠᠯ ᠢ | ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ︾ ᠵᠡᠷᠭᠡ ᠠᠵᠢᠯᠯᠠᠭ᠎ᠠ ᠶᠢ ᠡᠮᠬᠢ ᠵᠢᠷᠤᠮ ᠲᠠᠢ | ᠶᠠᠪᠤᠭᠳᠠᠭᠤᠯᠬᠤ ᠶᠢ ᠠᠬᠢᠭᠤᠯᠤᠨ᠂ ᠡᠯ᠎ᠡ ᠳᠡᠭᠡᠳᠦ ᠰᠤᠷᠭᠠᠭᠤᠯᠢ ᠲᠠᠢ ᠬᠠᠮᠲᠤᠷᠠᠨ ᠳᠡᠰ ᠳᠠᠪᠬᠤᠷᠭ᠎ᠠ᠂ ᠣᠷᠣᠨ | ᠪᠦᠰᠡ᠂ ᠠᠵᠢᠯ ᠲᠥᠷᠥᠯ ᠬᠤᠪᠢᠶᠠᠭᠰᠠᠨ ᠠᠵᠢᠯᠲᠠᠨ ᠤᠷᠢᠬᠤ ᠠᠵᠢᠯᠯᠠᠭ᠎ᠠ ᠶᠢ ᠨᠠᠷᠢᠯᠢᠭ ᠣᠨᠣᠴᠠᠲᠠᠢ ᠥᠷᠨᠢᠭᠦᠯᠵᠦ᠂ | ᠬᠥᠮᠦᠨ ᠬᠡᠷᠡᠭᠯᠡᠬᠦ ᠨᠢᠭᠡᠴᠢ ᠪᠣᠯᠤᠨ ᠥᠷᠭᠡᠨ ᠣᠯᠠᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠠᠷᠢᠯᠢᠭ ᠣᠨᠣᠴᠠᠲᠠᠢ | ᠵᠣᠯᠭᠠᠭᠤᠯᠬᠤ ᠲᠠᠪᠴᠠᠩ ᠪᠠᠶᠢᠭᠤᠯᠤᠨ ᠥᠭᠴᠦ᠂ ᠪᠦᠲᠦᠮᠵᠢᠲᠡᠢ᠂ ᠴᠢᠨᠠᠷᠯᠢᠭ ᠠᠵᠢᠯ ᠣᠯᠭᠤᠯᠲᠠ ᠶᠢᠨ ᠦᠢᠯᠡᠴᠢᠯᠡᠭᠡ | ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠳᠠᠪᠤᠷᠢᠲᠠᠨ ᠤ | ᠣᠶᠤᠨ ᠤ ᠲᠤᠯᠭᠠᠭᠤᠷᠢᠯᠠᠯ ᠢ ᠬᠠᠩᠭᠠᠨ᠎ᠠ᠃ | | | |