ᠯᠢ ᠰᠢᠤ ᠯᠠᠨ | | | | | | 2022 ᠣᠨ ᠤ ᠬᠡᠪᠯᠡᠯ ᠤᠨ ︽ᠲᠤᠭᠠᠨ ᠤ ᠤᠬᠠᠭᠠᠨ ᠤ ᠬᠢᠴᠢᠶᠡᠯ ᠤᠨ ᠪᠠᠷᠢᠮᠵᠢᠶ᠎ᠠ︾ ᠳᠤ ᠰᠤᠷᠤᠭᠴᠢ ᠶᠢᠨ | ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠳᠤ ᠳᠤᠤᠷᠠᠬᠢ ᠭᠤᠷᠪᠠᠨ ᠲᠠᠯ᠎ᠠ ᠶᠢ ᠪᠠᠭᠲᠠᠭᠠᠨ᠎ᠠ ᠭᠡᠵᠡᠢ᠃ ᠳᠠᠷᠤᠢ᠂ | ᠲᠤᠭᠠᠨ ᠤ ᠤᠬᠠᠭᠠᠨ ᠤ ᠬᠠᠷᠠᠴᠠ ᠪᠠᠷ ᠪᠤᠳᠠᠳᠤ ᠶᠢᠷᠲᠢᠨᠴᠦ ᠶᠢ ᠬᠠᠷᠠᠬᠤ᠂ ᠲᠤᠭᠠᠨ ᠤ ᠤᠬᠠᠭᠠᠨ ᠤ ᠰᠡᠳᠭᠢᠭᠦᠢ ᠪᠠᠷ | ᠪᠤᠳᠠᠳᠤ ᠶᠢᠷᠲᠢᠨᠴᠦ ᠶᠢ ᠰᠡᠳᠬᠢᠬᠦ᠂ ᠲᠤᠭᠠᠨ ᠤ ᠤᠬᠠᠭᠠᠨ ᠤ ᠦᠭᠡ ᠬᠡᠯᠡ ᠪᠠᠷ ᠪᠤᠳᠠᠳᠤ ᠶᠢᠷᠲᠢᠨᠴᠦ ᠶᠢ ᠢᠯᠡᠳᠭᠡᠬᠦ | ᠪᠤᠯᠤᠨ᠎ᠠ᠃ ᠪᠠᠭ᠎ᠠ ᠰᠤᠷᠭᠠᠭᠤᠯᠢ ᠶᠢᠨ ᠱᠠᠲᠤᠨ ᠳᠤ ᠰᠤᠷᠤᠭᠴᠢ ᠶᠢᠨ ᠲᠤᠭᠠᠨ ᠤ ᠤᠬᠠᠭᠠᠨ ᠤ ᠭᠤᠤᠯᠯᠠᠭᠴᠢ ᠬᠡᠪ | ᠪᠤᠯᠪᠠᠰᠤᠷᠠᠯ ᠤᠨ ᠢᠯᠡᠷᠡᠯ ᠳᠤ ᠲᠤᠭᠠᠨ ᠤ ᠰᠡᠷᠡᠯ᠂ ᠬᠡᠮᠵᠢᠭᠦ ᠰᠡᠷᠡᠯ᠂ ᠲᠡᠮᠲᠡᠭ ᠤᠨ ᠤᠬᠠᠮᠰᠠᠷ᠂ ᠪᠣᠳᠤᠯᠭ᠎ᠠ ᠶᠢᠨ | ᠴᠢᠳᠠᠪᠤᠷᠢ᠂ ᠭᠧᠤᠮᠧᠲᠷᠢ ᠶᠢᠨ ᠦᠵᠡᠭᠳᠡᠮᠡᠯ᠂ ᠤᠭᠲᠠᠷᠭᠤᠢ ᠶᠢᠨ ᠦᠵᠡᠯᠲᠡ᠂ ᠮᠦᠷᠳᠡᠬᠦ ᠤᠬᠠᠮᠰᠠᠷ᠂ ᠲᠤᠭ᠎ᠠ | ᠪᠠᠷᠢᠮᠲᠠ ᠶᠢᠨ ᠤᠬᠠᠮᠰᠠᠷ᠂ ᠵᠠᠭᠪᠤᠷ ᠤᠨ ᠤᠬᠠᠮᠰᠠᠷ᠂ ᠬᠡᠷᠡᠭᠯᠡᠭᠡᠨ ᠤ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ | ᠵᠡᠷᠭᠡ ᠪᠠᠶᠢᠳᠠᠬ᠃ ᠲᠡᠭᠡᠪᠡᠯ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠤᠭᠠᠨ ᠤ ᠤᠬᠠᠭᠠᠨ ᠤ ᠭᠤᠤᠯᠯᠠᠭᠴᠢ ᠭᠡᠪ | ᠪᠤᠯᠪᠠᠰᠤᠷᠠᠯ ᠢ ᠭᠡᠷᠬᠢᠨ ᠭᠦᠮᠦᠵᠢᠭᠦᠯᠭᠦ ᠪᠤᠢ︖ | ᠨᠢᠭᠡ᠂ ᠰᠤᠷᠤᠭᠴᠢ ᠶᠢᠨ ᠬᠡᠮᠵᠢᠬᠦ ᠰᠡᠷᠡᠯ ︵量感︶ ᠢ ᠬᠦᠭᠵᠢᠭᠦᠯᠬᠦ ᠳᠤ ᠶᠠᠭᠤ ᠶᠢ ᠠᠩᠬᠠᠷᠬᠤ | ᠬᠡᠷᠡᠭᠲᠡᠢ ᠪᠤᠢ︖ | ᠰᠤᠷᠤᠭᠴᠢᠳ ᠤᠨ ᠬᠡᠮᠵᠢᠬᠦ ᠰᠡᠷᠡᠯ ᠪᠤᠯ ᠲᠦᠷᠦᠯᠬᠢ ᠪᠠᠶᠢᠭᠰᠠᠨ ᠪᠢᠰᠢ᠂ ᠪᠠᠰᠠ ᠪᠠᠭᠰᠢ ᠠᠴᠠ ᠵᠢᠭᠠᠵᠤ | ᠭᠠᠷᠭᠠᠭᠰᠠᠨ ᠪᠢᠰᠢ᠂ ᠬᠠᠷᠢᠨ ᠲᠠᠰᠤᠷᠠᠯᠲᠠ ᠦᠭᠡᠢ ︽ᠤᠬᠠᠵᠤ ᠤᠢᠢᠯᠠᠭᠠᠬᠤ ︵感悟︶︾ ᠶᠠᠪᠤᠴᠠ ᠶᠢ | ᠦᠩᠭᠡᠷᠡᠭᠡᠨ᠎ᠡ᠃ ᠰᠤᠷᠤᠭᠴᠢᠳ ᠰᠤᠷᠤᠯᠴᠠᠬᠤ ᠪᠤᠶᠤ ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠲᠤᠷᠰᠢᠯᠭ᠎ᠠ | ᠬᠤᠷᠠᠮᠳᠤᠭᠤᠯᠤᠨ᠂ ᠬᠡᠮᠵᠢᠬᠦ ᠰᠡᠷᠠᠯ ᠢ ᠪᠦᠷᠢᠯᠳᠦᠭᠦᠯᠬᠦ ᠪᠦᠭᠡᠳ ᠬᠦᠭᠵᠢᠭᠦᠯᠦᠨ᠎ᠡ᠃ | 1. ᠪᠡᠶ᠎ᠡ ᠪᠠᠷ ᠢᠶᠠᠨ ᠬᠡᠮᠵᠢᠬᠦ ᠶᠠᠪᠤᠴᠠ ᠶᠢᠨ ᠳᠤᠮᠳᠠ ᠬᠡᠮᠵᠢᠬᠦ ᠰᠡᠷᠡᠯ ᠢ ᠠᠭᠠᠵᠢᠮ ᠢᠶᠠᠷ ᠪᠦᠷᠢᠯᠳᠦᠭᠦᠯᠭᠦ᠃ | ᠡᠩ ᠲᠡᠷᠢᠭᠦᠨ ᠳᠤ ᠰᠤᠷᠤᠭᠴᠢᠳ ᠪᠤᠳᠠᠳᠤ ᠠᠬᠤᠢ ᠤᠷᠴᠢᠨ ᠳᠠᠬᠢ ᠲᠤᠭᠠᠨ ᠤ ᠤᠬᠠᠭᠠᠨ ᠤ ᠬᠦᠳᠡᠯᠭᠡᠭᠡᠨ ᠤ | ᠳᠤᠮᠳᠠ ᠠᠴᠠ ᠪᠡᠶ᠎ᠡ ᠪᠠᠷ ᠢᠶᠠᠨ ᠬᠡᠮᠵᠢᠬᠦ ᠶᠠᠪᠤᠴᠠ ᠶᠢ ᠦᠩᠭᠡᠷᠡᠭᠡᠨ᠎ᠡ᠃ ᠡᠨᠡ ᠶᠠᠪᠤᠴᠠ ᠳᠤ ᠬᠡᠮᠵᠢᠬᠦ ᠰᠡᠷᠡᠯ ᠤᠨ | ᠬᠠᠷᠢᠶᠠᠯᠠᠭᠳᠠᠬᠤ ᠴᠢᠨᠠᠷ ᠢ ᠰᠡᠷᠡᠨ ᠮᠡᠳᠡᠨ᠎ᠡ᠃ ︽ᠬᠤᠭᠤᠴᠠᠭᠠᠨ ᠤ ᠨᠢᠭᠡᠴᠢ ᠶᠢᠨ ᠪᠤᠳᠠᠳᠠᠢ ᠶᠡᠭᠡ ᠪᠠᠭ᠎ᠠ ᠶᠢ | ᠤᠢᠢᠯᠠᠭᠠᠬᠤ︾ ᠪᠠᠷ ᠵᠢᠱᠢᠶᠡᠯᠡᠪᠡᠯ᠂ ᠨᠢᠭᠡ ᠮᠢᠨᠦ᠋ᠲ ᠢ ᠤᠢᠢᠯᠠᠭᠠᠶ᠎ᠠ ᠭᠡᠪᠡᠯ ᠰᠤᠷᠤᠭᠴᠢᠳ ᠢ ᠵᠤᠷᠢᠬᠵᠢᠭᠤᠯᠤᠨ | ᠰᠧᠺᠦ᠋ᠨ᠋ᠳ᠋ ᠤᠨ ᠵᠡᠭᠦᠦ ᠶᠢᠨ ᠡᠷᠭᠢᠯᠳᠦᠬᠦ ᠶᠢ ᠳᠠᠭᠠᠯᠳᠤᠨ ᠲᠢᠭ ᠲᠠᠭ ᠲᠢᠭ ᠲᠠᠭ ᠭᠡᠰᠡᠨ ᠢ ᠰᠤᠨᠤᠰᠤᠨ ᠠᠯᠠᠭ᠎ᠠ | ᠲᠠᠰᠢᠨ ᠲᠤᠭᠠᠯᠠᠨ᠂ ᠨᠢᠭᠡ ᠰᠧᠺᠦ᠋ᠨ᠋ᠳ᠋ ᠨᠢᠭᠡ ᠰᠧᠺᠦ᠋ᠨ᠋ᠳ᠋ ᠢᠶᠠᠷ 60 ᠰᠧᠺᠦ᠋ᠨ᠋ᠳ᠋ ᠪᠤᠯᠲᠠᠯ᠎ᠠ ᠲᠤᠭᠠᠯᠠᠨ᠂ ᠨᠢᠭᠡ | ᠰᠧᠺᠦ᠋ᠨ᠋ᠳ᠋ ᠨᠢᠭᠡ ᠰᠧᠺᠦ᠋ᠨ᠋ᠳ᠋ ᠢᠶᠠᠷ ᠨᠢᠭᠡ ᠮᠢᠨᠦ᠋ᠲ ᠢ ᠬᠡᠮᠵᠢᠬᠦ ᠶᠠᠪᠤᠴᠠ ᠶᠢ ᠦᠩᠭᠡᠷᠡᠭᠡᠨ᠎ᠡ᠃ ᠪᠠᠰᠠ ᠰᠢᠨ᠎ᠡ ᠵᠢᠯ ᠤᠨ | ᠦᠳᠡᠰᠢᠯᠡᠭᠡ ᠶᠢᠨ ᠬᠤᠭᠤᠴᠠᠭᠠᠨ ᠤ ᠲᠣᠩᠭᠤᠷᠠᠭᠤᠯᠤᠨ ᠲᠤᠭᠠᠯᠠᠬᠤ ︵倒计时︶ ᠰᠢᠩᠭᠡᠭᠡᠯᠲᠡ ᠶᠢ | ᠦᠵᠡᠭᠦᠯᠵᠦ᠂ 10 ᠰᠧᠺᠦ᠋ᠨ᠋ᠳ᠋ ᠢᠶᠠᠷ ᠪᠠᠷᠢᠮᠵᠢᠶ᠎ᠠ ᠪᠤᠯᠭᠠᠵᠤ᠂ ᠰᠤᠷᠤᠭᠴᠢᠳ ᠢ ᠵᠤᠷᠢᠬᠵᠢᠭᠤᠯᠤᠨ ᠲᠦᠰᠦᠭᠡᠯᠡᠭᠦᠯᠵᠤ᠂ | ︽ᠨᠢᠭᠡ ᠮᠢᠨᠦ᠋ᠲ︾ ᠢ ᠪᠠᠰᠠ ᠨᠢᠭᠡ ᠤᠳᠠᠭ᠎ᠠ ᠪᠡᠶᠡᠴᠢᠯᠡᠨ ᠤᠢᠢᠯᠠᠭᠠᠵᠤ᠂ ᠠᠮᠢᠳᠤᠷᠠᠯ ᠪᠠ ᠬᠤᠭᠤᠴᠠᠭᠠᠨ ᠤ | ᠬᠤᠭᠤᠷᠤᠨᠳᠤᠬᠢ ᠬᠤᠯᠪᠤᠭᠳᠠᠯ ᠢ ᠤᠢᠢᠯᠠᠭᠠᠵᠤ᠂ ᠬᠤᠭᠤᠴᠠᠭᠠᠨ ᠤ ᠤᠷᠲᠤ ᠣᠬᠤᠷ ᠢ ᠰᠡᠷᠡᠨ ᠮᠡᠳᠡᠨ᠎ᠡ᠃ | 2. ᠳᠦᠷᠰᠦᠯᠡᠨ ᠪᠤᠳᠤᠯᠲᠠ ︵想象︶᠂ ᠮᠦᠷᠳᠡᠬᠦ ᠵᠡᠷᠭᠡ ᠬᠦᠳᠡᠯᠭᠡᠭᠡᠨ ᠤ ᠳᠤᠮᠳᠠ ᠬᠡᠮᠵᠢᠬᠦ ᠰᠡᠷᠡᠯ ᠢ | ᠬᠦᠭᠵᠢᠭᠦᠯᠭᠦ | ᠰᠤᠷᠤᠭᠴᠢ ᠰᠤᠷᠤᠯᠴᠠᠬᠤ ᠶᠠᠪᠤᠴᠠ ᠶᠢᠨ ᠳᠤᠮᠳᠠ ᠪᠤᠢ ᠪᠦᠬᠦᠢ ︽ᠬᠡᠮᠵᠢᠬᠦ︾ ᠶᠢ ᠰᠢᠭᠤᠳ ᠰᠡᠷᠡᠨ ᠮᠡᠳᠡᠵᠤ | ᠳᠡᠶᠢᠯᠳᠡᠭ ᠪᠢᠰᠢ᠂ ᠵᠢᠱᠢᠶᠡᠯᠡᠪᠡᠯ᠂ ᠳᠤᠨ᠂ ᠡᠧᠺᠲ᠋ᠤᠷ᠂ ᠺᠢᠯᠤᠮᠧᠲᠷ᠂ ᠺᠦᠧᠡᠳ᠋ ᠺᠢᠯᠤᠮᠧᠲᠷ ᠵᠡᠷᠭᠡ᠃ ᠡᠨᠡ | ᠮᠡᠲᠤ ᠶᠢᠨ ᠲᠣᠩ ᠶᠡᠭᠡ ᠬᠡᠮᠵᠢᠶᠡᠨ ᠤ ᠨᠢᠭᠡᠴᠢ ᠶᠢ ᠭᠡᠮᠵᠢᠭᠦ ᠰᠠᠷᠠᠯ ᠢ ᠪᠣᠯ ᠵᠠᠪᠠᠯ ᠳᠦᠷᠰᠦᠯᠡᠨ ᠪᠣᠳᠤᠯᠲᠠ ᠪᠠ | ᠮᠦᠷᠳᠡᠯᠲᠡ ᠶᠢᠨ ᠳᠤᠮᠳᠠ ᠬᠦᠮᠦᠵᠢᠬᠦᠯᠳᠡᠭ᠃ | ︽ᠡᠧᠺᠲ᠋ᠤᠷ︾ ᠤᠨ ᠵᠢᠭᠠᠨ ᠰᠤᠷᠭᠠᠯᠲᠠ ᠪᠠᠷ ᠵᠢᠱᠢᠶᠡᠯᠡᠶ᠎ᠡ᠃ ᠰᠤᠷᠤᠭᠴᠢᠳ ︽ᠨᠢᠭᠡ ᠡᠧᠺᠲ᠋ᠤᠷ ᠬᠡᠳᠦᠢ | ᠶᠡᠭᠡ︾ ᠭᠡᠰᠡᠨ ᠢ ᠰᠢᠭᠤᠳ ᠬᠡᠮᠵᠢᠵᠦ ᠳᠡᠶᠢᠯᠬᠦ ᠦᠭᠡᠢ᠃ ᠡᠨᠡ ᠦᠶᠡᠰ ᠰᠤᠷᠤᠭᠴᠢᠳ ᠢ ︽ᠺᠦᠸᠠᠳ᠋ ᠮᠧᠲᠷ︾ ᠤᠨ | ᠰᠠᠭᠤᠷᠢᠨ ᠳᠡᠭᠡᠷ᠎ᠡ ᠲᠦᠷᠰᠦᠯᠡᠨ ᠪᠤᠳᠤᠭᠤᠯᠵᠤ ᠮᠦᠷᠳᠡᠭᠦᠯᠦᠨᠡ᠃ ᠰᠤᠷᠤᠭᠴᠢᠳ ᠢ ᠪᠡᠶ᠎ᠠ ᠶᠢᠨ ᠲᠠᠮᠢᠷ ᠤᠨ | ᠲᠠᠯᠠᠪᠤᠷ ᠲᠤ ᠲᠠᠯ᠎ᠠ ᠶᠢᠨ ᠤᠷᠲᠤ ᠨᠢ 10 ᠮᠧᠲᠷ ᠤᠨ ᠲᠡᠭᠰᠢ ᠳᠦᠷᠪᠡᠯᠵᠢᠨ ᠬᠦᠷᠢᠶ᠎ᠡ ᠲᠠᠲᠠᠭᠤᠯᠵᠤ᠂ 100 | ᠺᠦᠸᠡᠳ᠋ ᠮᠧᠲᠷ ᠤᠨ ᠶᠡᠭᠡ ᠪᠠᠭ᠎ᠠ ᠶᠢ ᠰᠡᠷᠡᠨ ᠮᠡᠳᠡᠭᠦᠯᠦᠨ᠎ᠡ᠃ ᠡᠨᠡ ᠲᠡᠭᠰᠢ ᠳᠦᠷᠪᠡᠯᠵᠢᠨ ᠤ ᠰᠠᠭᠤᠷᠢᠨ ᠳᠡᠭᠡᠷ᠎ᠡ | ᠰᠤᠷᠤᠭᠴᠢᠳ ᠢ ᠵᠤᠷᠢᠬᠵᠢᠭᠤᠯᠤᠨ ᠲᠦᠷᠰᠦᠯᠡᠨ ᠪᠤᠳᠤᠭᠤᠯᠵᠤ ᠮᠦᠷᠳᠡᠭᠦᠯᠦᠨ ᠨᠢᠭᠡ ᠡᠧᠺᠲ᠋ᠤᠷ 100 ᠡᠨᠡ | ᠮᠡᠲᠤ ᠶᠢᠨ ᠲᠡᠭᠰᠢ ᠳᠦᠷᠪᠡᠯᠵᠢᠨ ᠢᠶᠠᠷ ᠪᠦᠷᠢᠯᠳᠦᠬᠦ ᠶᠢ ᠤᠯᠤᠨ᠎ᠠ᠃ ᠲᠡᠭᠡᠭᠡᠳ ᠨᠢᠭᠡ ᠡᠧᠺᠲ᠋ᠤᠷ ᠪᠠ 100 ᠺᠦᠸᠠᠳ᠋ | ᠮᠧᠲᠷ ᠤᠨ ᠬᠤᠭᠤᠷᠤᠨᠳᠤᠬᠢ ᠲᠠᠬᠢᠨ ᠲᠤᠭᠠᠨ ᠤ ᠬᠤᠯᠪᠤᠭᠳᠠᠯ ᠢ ᠣᠯᠵᠤ᠂ ᠠᠩᠬ᠎ᠠ ᠠᠯᠬᠤᠮ ︽ᠡᠧᠺᠲ᠋ᠤᠷ︾ ᠤᠨ | ᠪᠤᠳᠠᠳᠠᠢ ᠶᠡᠭᠡ ᠪᠠᠭ᠎ᠠ ᠶᠢ ᠰᠡᠷᠡᠨ ᠮᠡᠳᠡᠭᠦᠯᠦᠨ᠎ᠡ᠃ | ᠪᠠᠰᠠ ᠣᠢᠢᠷ᠎ᠠ ᠤᠷᠴᠢᠮ ᠪᠠᠶᠢᠭ᠎ᠠ ᠪᠤᠳᠠᠰ ᠢᠶᠠᠷ ᠵᠢᠱᠢᠶᠡᠯᠡᠵᠤ ᠪᠤᠯᠤᠨ᠎ᠠ᠃ ᠠᠩᠭᠢ ᠶᠢᠨ ᠭᠡᠷ ᠪᠤᠯ 50 | ᠺᠦᠸᠠᠳ᠋ ᠮᠧᠲᠷ᠂ ᠨᠢᠭᠡ ᠡᠧᠺᠲ᠋ᠤᠷ ᠪᠣᠯ 200 ᠲᠠᠰᠤᠯᠭ᠎ᠠ ᠠᠩᠭᠢ ᠶᠢᠨ ᠭᠡᠷ ᠲᠠᠢ ᠲᠡᠩᠴᠡᠨ᠎ᠡ᠃ ᠰᠠᠭᠰᠤᠨ | ᠪᠦᠮᠪᠦᠭᠡᠨ ᠤ ᠲᠠᠯᠠᠪᠠᠢ 400 ᠺᠦᠸᠠᠳ᠋ ᠮᠧᠲᠷ᠂ ᠲᠡᠭᠡᠪᠡᠯ ᠨᠢᠭᠡ ᠡᠧᠺᠲ᠋ᠤᠷ 25 ᠰᠠᠭᠰᠤᠨ ᠪᠦᠮᠪᠦᠭᠡ ᠶᠢᠨ | ᠲᠠᠯᠠᠪᠠᠢ ᠲᠠᠢ ᠲᠡᠩᠴᠡᠨ᠎ᠡ᠃ | 3. ᠪᠠᠷᠤᠭᠴᠠᠭᠠᠯᠠᠨ ᠲᠦᠰᠦᠭᠡᠯᠡᠬᠦ ᠪᠠ ᠠᠳᠠᠯᠢᠳᠬᠠᠬᠤ ᠳᠤᠮᠳᠠ ᠬᠡᠮᠵᠢᠬᠦ ᠰᠡᠷᠡᠯ ᠢ ᠴᠢᠩᠭᠠᠳᠬᠠᠬᠤ | ᠬᠡᠮᠵᠢᠬᠦ ᠰᠡᠷᠡᠯ ᠪᠣᠯ ᠬᠡᠮᠵᠢᠬᠦ ᠪᠠᠭᠠᠵᠢ ᠶᠢ ᠠᠰᠢᠭᠯᠠᠬᠤ ᠦᠭᠡᠢ ᠤᠷᠢᠳᠠᠯ ᠳᠤᠤᠷ᠎ᠠ᠂ ᠬᠡᠮᠵᠢᠬᠦ ᠤᠨᠤᠪᠴᠢᠲᠠᠢ | ᠰᠡᠷᠡᠯ ᠪᠠᠶᠢᠬᠤ ᠳᠡᠭᠡᠷ᠎ᠡ ᠨᠡᠩ ᠤᠯᠠᠨ ᠢᠯᠡᠷᠡᠳᠡᠭ᠃ ᠵᠢᠭᠠᠨ ᠰᠤᠷᠭᠠᠯᠲᠠ ᠶᠢᠨ ᠳᠤᠮᠳᠠ ᠤᠯᠠᠨ ᠬᠡᠯᠪᠡᠷᠢ ᠶᠢᠨ | ᠪᠠᠷᠤᠭᠴᠠᠭᠠᠯᠠᠨ ᠲᠦᠰᠦᠭᠡᠯᠡᠬᠦ ᠬᠦᠳᠡᠯᠭᠡᠭᠡᠨ ᠢ ᠦᠷᠨᠢᠭᠦᠯᠵᠦ ᠪᠤᠯᠤᠨ᠎ᠠ᠃ ᠵᠢᠱᠢᠶᠡᠯᠡᠪᠡᠯ᠂ ᠠᠩᠭᠢ ᠶᠢᠨ ᠭᠡᠷ ᠤᠨ | ᠤᠷᠲᠤ᠂ ᠲᠠᠯᠠᠪᠠᠢ ᠵᠡᠷᠭᠡ ᠶᠢ ᠪᠠᠷᠤᠭᠴᠠᠭᠠᠯᠠᠨ ᠲᠦᠰᠦᠭᠡᠯᠡᠨ᠎ᠡ᠃ ᠪᠠᠰᠠ ᠠᠩᠭᠢ ᠶᠢᠨ ᠭᠡᠷ ᠤᠨ ᠡᠭᠦᠳᠡᠨ ᠬᠠᠵᠠᠭᠤ ᠳᠤ | ᠣᠴᠢᠵᠦ᠂ ᠠᠩᠭᠢ ᠶᠢᠨ ᠭᠡᠷ ᠤᠨ ᠡᠭᠦᠳᠡᠨ ᠦᠨᠳᠦᠷ ᠬᠤᠶᠠᠷ ᠮᠧᠲᠷ ᠪᠠᠶᠢᠨ᠎ᠠ᠂ ᠲᠡᠭᠡᠪᠡᠯ ᠪᠠᠭᠰᠢ ᠶᠢᠨ ᠪᠡᠶ᠎ᠡ ᠶᠢᠨ | ᠦᠨᠳᠦᠷ ᠬᠡᠳᠦᠢ ᠪᠠᠶᠢᠬᠤ ᠪᠤᠢ ᠭᠡᠵᠦ ᠪᠠᠷᠤᠭᠴᠠᠭᠠᠯᠠᠭᠤᠯᠵᠤ ᠪᠤᠯᠤᠨ᠎ᠠ᠃ ᠪᠠᠰᠠ ᠬᠦᠳᠡᠯᠭᠡᠭᠡᠨ ᠤ ᠳᠤᠮᠳᠠ ᠪᠤᠳᠠᠳᠤ | ᠠᠬᠤᠢ ᠪᠠᠶᠢᠳᠠᠯ ᠢᠶᠠᠨ ᠦᠨᠳᠦᠰᠦᠯᠡᠵᠦ᠂ ᠲᠤᠬᠢᠷᠠᠮᠵᠢᠲᠠᠢ ᠪᠠᠷᠤᠭᠴᠠᠭᠠᠯᠠᠨ ᠲᠦᠰᠦᠭᠡᠯᠡᠬᠦ ᠠᠷᠭ᠎ᠠ ᠶᠢ ᠰᠤᠩᠭᠤᠵᠤ᠂ | ᠶᠡᠷᠦ ᠳᠤ ᠪᠠᠨ ᠬᠡᠷᠡᠭᠯᠡᠳᠡᠭ ᠬᠠᠷᠢᠴᠠᠩᠭᠤᠢ ᠪᠡᠶ᠎ᠡ ᠪᠠᠷ ᠠᠳᠠᠯᠢᠳᠬᠠᠨ ᠪᠠᠷᠤᠭᠴᠠᠭᠠᠯᠠᠵᠤ᠂ ᠪᠠᠷᠤᠭᠴᠠᠭᠠᠯᠠᠨ ᠲᠦᠰᠦᠭᠡᠯᠡᠬᠦ | ᠪᠠ ᠪᠤᠳᠠᠳᠤ ᠬᠡᠮᠵᠢᠯᠲᠡ ᠶᠢ ᠠᠳᠠᠯᠢᠳᠬᠠᠨ᠂ ᠪᠠᠷᠤᠭᠴᠠᠭᠠᠯᠠᠨ ᠲᠦᠰᠦᠭᠡᠯᠡᠬᠦ ᠤᠨᠤᠪᠴᠢ ᠶᠢᠨ ᠬᠡᠮᠵᠢᠶ᠎ᠡ ᠪᠠᠨ | ᠳᠡᠭᠡᠭᠰᠢᠯᠡᠭᠦᠯᠵᠦ᠂ ᠪᠠᠷᠤᠭᠴᠠᠭᠠᠯᠠᠨ ᠲᠦᠰᠦᠭᠡᠯᠡᠬᠦ ᠲᠤᠷᠰᠢᠯᠲᠠ ᠪᠠᠨ ᠲᠠᠰᠤᠷᠠᠯᠲᠠ ᠦᠭᠡᠢ ᠬᠤᠷᠠᠮᠳᠤᠭᠤᠯᠤᠨ᠂ | ︽ᠬᠡᠮᠵᠢᠶ᠎ᠡ︾ ᠶᠢᠨ ᠶᠡᠭᠡ ᠪᠠᠭ᠎ᠠ ᠶᠢ ᠰᠡᠷᠡᠨ ᠮᠡᠳᠡᠵᠤ᠂ ᠲᠤᠭᠠᠨ ᠤ ᠤᠬᠠᠭᠠᠨ ᠤ ᠰᠡᠷᠡᠯ ᠢ ᠪᠦᠷᠢᠯᠳᠦᠭᠦᠯᠵᠦ᠂ ᠬᠡᠮᠵᠢᠬᠦ | ᠰᠡᠷᠡᠯ ᠢ ᠨᠡᠮᠡᠭᠳᠡᠭᠦᠯᠳᠡᠭ᠃ | ᠬᠤᠶᠠᠷ᠂ ᠰᠤᠷᠤᠭᠴᠢ ᠶᠢᠨ ᠲᠤᠭᠠᠨ ᠤ ᠰᠡᠷᠡᠯ ᠢ ᠬᠦᠭᠵᠢᠭᠦᠯᠬᠦ ᠳᠤ ᠶᠠᠭᠤ ᠶᠢ ᠠᠩᠬᠠᠷᠬᠤ ᠴᠢᠬᠤᠯᠠᠲᠠᠢ ᠪᠤᠢ︖ | 1. ᠪᠤᠳᠠᠳᠤ ᠣᠷᠴᠢᠨ ᠠᠴᠠ ᠲᠤᠭᠠᠨ ᠤ ᠤᠳᠬ᠎ᠠ ᠶᠢ ᠤᠢᠢᠯᠠᠭᠠᠬᠤ | ᠪᠠᠭ᠎ᠠ ᠰᠤᠷᠭᠠᠭᠤᠯᠢ ᠶᠢᠨ ᠱᠠᠲᠤᠨ ᠳᠤ ᠭᠤᠤᠯᠳᠠᠭᠤ ᠪᠦᠬᠦᠯᠢ ᠲᠤᠭ᠎ᠠ᠂ ᠠᠷᠪᠠᠲᠤ ᠶᠢᠨ ᠪᠤᠲᠠᠷᠬᠠᠢ᠂ | ᠪᠤᠲᠠᠷᠬᠠᠢ ᠶᠢ ᠲᠠᠨᠢᠳᠠᠭ᠂ ᠡᠳᠡᠭᠡᠷ ᠲᠤᠭᠠᠨ ᠤ ᠡᠬᠦᠰᠦᠯᠲᠡ ᠬᠦᠭᠵᠢᠯᠲᠡ ᠪᠣᠯ ᠬᠦᠮᠦᠨ ᠲᠦᠷᠦᠯᠬᠢᠲᠡᠨ ᠤ | ᠠᠮᠢᠳᠤᠷᠠᠯ ᠤᠨ ᠦᠢᠯᠡᠳᠦᠯᠭᠡ ᠠᠴᠠ ᠢᠷᠡᠯᠲᠡᠢ᠃ ᠡᠶᠢᠮᠦ ᠠᠴᠠ ᠵᠢᠭᠠᠨ ᠰᠤᠷᠭᠠᠬᠤ ᠶᠠᠪᠤᠴᠠ ᠶᠢᠨ ᠳᠤᠮᠳᠠ | ᠰᠤᠷᠤᠭᠴᠢᠳ ᠲᠤ ᠪᠤᠳᠠᠳᠤ ᠶᠢᠷᠲᠢᠨᠴᠦ ᠲᠠᠢ ᠨᠢᠭᠲᠠ ᠬᠤᠯᠪᠤᠭ᠎ᠠ ᠲᠠᠢ ᠰᠤᠷᠤᠯᠴᠠᠬᠤ ᠮᠠᠲ᠋ᠧᠷᠢᠶᠠᠯ ᠬᠠᠩᠭᠠᠨ ᠦᠭᠴᠦ᠂ | ᠲᠤᠭ᠎ᠠ ᠬᠡᠮᠵᠢᠭᠳᠡᠭᠦᠨ ᠪᠣᠶᠣ ᠲᠤᠭ᠎ᠠ ᠬᠡᠮᠵᠢᠭᠳᠡᠭᠦᠨ ᠤ ᠬᠤᠯᠪᠤᠭᠳᠠᠯ ᠠᠴᠠ ᠲᠤᠭᠠᠨ ᠤ ᠬᠡᠶᠢᠰᠪᠦᠷᠢᠯᠡᠬᠦ ᠶᠠᠪᠤᠴᠠ ᠶᠢ | ᠦᠩᠭᠡᠷᠡᠭᠦᠯᠵᠦ᠂ ᠲᠤᠭᠠᠨ ᠤ ᠤᠬᠠᠭᠳᠠᠬᠤᠨ ᠢ ᠤᠬᠠᠬᠤ ᠪᠠ ᠡᠵᠡᠮᠰᠢᠵᠦ᠂ ᠲᠤᠭᠠᠨ ᠤ ᠰᠡᠷᠡᠯ ᠢ | ᠪᠦᠷᠢᠯᠳᠦᠭᠦᠯᠳᠡᠭ᠃ ᠬᠠᠮᠲᠤ ᠳᠤ ᠨᠢ ᠪᠤᠳᠠᠳᠤ ᠣᠷᠴᠢᠨ ᠠᠴᠠ ᠨᠢᠭᠡ ᠲᠤᠭ᠎ᠠ ᠣᠯᠵᠤ᠂ ᠰᠤᠷᠤᠭᠴᠢᠳ ᠢ ᠪᠤᠳᠠᠳᠤ | ᠣᠷᠴᠢᠨ ᠳᠠᠬᠢ ᠲᠤᠭ᠎ᠠ ᠬᠡᠮᠵᠢᠭᠳᠡᠭᠦᠨ ᠲᠠᠢ ᠬᠤᠯᠪᠤᠭᠳᠠᠭᠤᠯᠤᠨ ᠪᠤᠳᠤᠬᠤ ᠶᠢ ᠵᠣᠷᠢᠬᠵᠢᠭᠤᠯᠤᠨ᠎ᠠ᠃ | ᠵᠢᠭᠠᠨ ᠰᠤᠷᠭᠠᠯᠲᠠ ᠶᠢᠨ ᠳᠤᠮᠳᠠ ᠪᠠᠭᠰᠢ ᠠᠴᠠ ᠰᠤᠷᠤᠭᠴᠢᠳ ᠲᠤ ᠡᠯᠪᠡᠭ ᠳᠡᠯᠪᠡᠭ ᠪᠤᠳᠠᠳᠤ ᠣᠷᠴᠢᠨ ᠢ | ᠬᠠᠩᠭᠠᠨ ᠦᠭᠴᠦ᠂ ᠲᠤᠭᠠᠨ ᠤ ᠤᠳᠬ᠎ᠠ ᠶᠢ ᠣᠢᠢᠯᠠᠭᠠᠬᠤ ᠳᠤ ᠬᠠᠪᠰᠤᠷᠤᠮᠵᠢ ᠦᠵᠡᠭᠦᠯᠦᠨ᠎ᠡ᠃ | 2. ᠠᠰᠠᠭᠤᠳᠠᠯ ᠰᠢᠢᠳᠪᠦᠷᠢᠯᠡᠬᠦ ᠳᠤᠮᠳᠠ ᠵᠤᠬᠢᠰᠲᠠᠢ ᠪᠠᠷᠤᠭᠴᠠᠭᠠᠯᠠᠨ ᠪᠣᠳᠤᠨ᠎ᠠ᠃ | ᠪᠠᠷᠤᠭᠴᠠᠭᠠᠯᠠᠨ ᠪᠣᠳᠤᠬᠤ ᠪᠣᠯ ᠲᠤᠭᠠᠨ ᠤ ᠰᠡᠷᠡᠯ ᠤᠨ ᠴᠢᠬᠤᠯᠠ ᠪᠦᠷᠢᠯᠳᠦᠭᠦᠨ ᠬᠡᠰᠡᠭ ᠪᠣᠯᠤᠨ᠎ᠠ᠃ ᠮᠦᠨ | ᠴᠦ ᠰᠤᠷᠤᠭᠴᠢᠳ ᠤᠨ ᠲᠤᠭ᠎ᠠ ᠪᠠ ᠲᠤᠭ᠎ᠠ ᠬᠡᠮᠵᠢᠭᠳᠡᠭᠦᠨ ᠤ ᠬᠤᠯᠪᠤᠭᠳᠠᠯ ᠵᠢᠴᠢ ᠪᠣᠳᠤᠯᠭ᠎ᠠ ᠶᠢᠨ ᠦᠷ᠎ᠡ ᠳ᠋ᠦᠩ ᠢ | ᠪᠦᠬᠦ ᠲᠠᠯ᠎ᠠ ᠪᠠᠷ ᠡᠵᠡᠮᠰᠢᠬᠦ ᠶᠢ ᠲᠤᠰᠬᠠᠨ᠎ᠠ᠃ ᠡᠶᠢᠮᠦ ᠠᠴᠠ ᠪᠠᠷᠤᠭᠴᠠᠭᠠᠯᠠᠨ ᠪᠣᠳᠤᠬᠤ ᠵᠢᠭᠠᠨ ᠰᠤᠷᠭᠠᠯᠲᠠ ᠶᠢ | ᠬᠦᠨᠳᠦᠳᠭᠡᠬᠦ ᠴᠢᠬᠤᠯᠠ ᠲᠠᠢ᠃ ᠣᠨᠴᠠᠭᠠᠢᠢᠯᠠᠨ ᠪᠣᠳᠠᠳᠤ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤᠮᠳᠠᠬᠢ | ᠪᠠᠷᠤᠭᠴᠠᠭᠠᠯᠠᠨ ᠪᠣᠳᠤᠬᠤ ᠶᠢ ᠠᠩᠬᠠᠷᠬᠤ ᠭᠡᠷᠡᠭᠳᠠᠢ᠃ ᠡᠶᠢᠮᠦ ᠠᠴᠠ ᠵᠢᠭᠠᠨ ᠰᠤᠷᠭᠠᠯᠲᠠ ᠳᠤ ᠰᠤᠷᠤᠭᠴᠢᠳ ᠲᠤ | ᠢᠯᠡᠭᠦᠦ ᠰᠢᠭ ᠵᠠᠪᠰᠢᠶᠠᠨ ᠦᠭᠴᠦ᠂ ᠪᠣᠳᠠᠳᠤ ᠠᠬᠤᠢ ᠣᠷᠴᠢᠨ ᠲᠠᠢ ᠤᠶᠠᠯᠳᠤᠭᠤᠯᠵᠤ᠂ ᠪᠠᠷᠤᠭᠴᠠᠭᠠᠯᠠᠨ | ᠪᠣᠳᠤᠬᠤ ᠶᠢ ᠠᠰᠢᠭᠯᠠᠵᠤ ᠠᠰᠠᠭᠤᠳᠠᠯ ᠰᠢᠢᠳᠪᠦᠷᠢᠯᠡᠬᠦ ᠳᠤ ᠬᠠᠪᠰᠤᠷᠤᠮᠵᠢ ᠦᠵᠡᠭᠦᠯᠦᠨ᠎ᠡ᠃ ᠬᠤᠶᠠᠳᠤᠭᠠᠷ | ᠰᠤᠷᠤᠯᠭ᠎ᠠ ᠶᠢᠨ ᠱᠠᠳᠤᠨ ᠳᠤ ᠭᠤᠤᠯᠳᠠᠯᠭ᠎ᠠ ᠨᠢ ᠲᠤᠬᠢᠷᠠᠮᠵᠢᠲᠠᠢ ᠨᠢᠭᠡᠴᠢ ᠶᠢ ᠰᠤᠩᠭᠤᠵᠤ᠂ ᠰᠤᠷᠤᠭᠴᠢᠳ ᠢᠶᠠᠷ | ᠳᠦᠭᠦᠮ ᠪᠠᠷᠤᠭᠴᠠᠭᠠᠯᠠᠯᠲᠠ ᠬᠢᠯᠭᠡᠵᠦ᠂ ᠪᠠᠷᠤᠭᠴᠠᠭᠠᠯᠠᠯᠲᠠ ᠶᠢᠨ ᠠᠮᠢᠳᠤᠷᠠᠯ ᠳᠤᠮᠳᠠᠬᠢ ᠦᠢᠯᠡᠳᠦᠯ ᠢ ᠪᠡᠶᠡᠴᠢᠯᠡᠨ | ᠣᠢᠢᠯᠠᠭᠠᠨ᠎ᠠ᠃ | 3. ᠬᠤᠪᠢᠷᠠᠯᠲᠠ ᠶᠢᠨ ᠵᠢᠮ᠎ᠡ ᠶᠣᠰᠤ ᠶᠢ ᠪᠡᠶᠡᠴᠢᠯᠡᠨ ᠣᠢᠢᠯᠠᠭᠠᠬᠤ ᠪᠦᠭᠡᠳ ᠲᠤᠭ᠎ᠠ ᠪᠠᠷ ᠢᠯᠡᠳᠭᠡᠵᠦ | ᠴᠢᠳᠠᠬᠤ | ᠡᠩ ᠲᠡᠷᠢᠭᠦᠨ ᠳᠤ ᠰᠤᠷᠤᠭᠴᠢᠳ ᠲᠤ ᠬᠤᠪᠢᠷᠠᠯᠲᠠ ᠶᠢᠨ ᠵᠢᠮ᠎ᠡ ᠶᠣᠰᠣ ᠶᠢ ᠰᠡᠷᠡᠨ ᠮᠡᠳᠡᠭᠦᠯᠦᠨ᠎ᠡ᠃ | ᠵᠢᠱᠢᠶᠡᠯᠡᠪᠡᠯ᠂ ᠰᠤᠷᠤᠭᠴᠢᠳ ᠴᠡᠴᠡᠭ ᠤᠨ ᠫᠧᠩᠰᠡ ᠶᠢ ︵ᠨᠢᠭᠡ ᠤᠯᠠᠭᠠᠨ᠂ ᠨᠢᠭᠡ ᠰᠢᠷ᠎ᠠ︶ ᠵᠡᠷᠭᠡᠴᠡᠭᠦᠯᠦᠨ | ᠲᠠᠯᠪᠢᠵᠤ᠂ ᠬᠦᠮᠦᠨ ᠢ ᠮᠦᠷᠯᠡᠨ ᠵᠢᠭᠰᠠᠭᠠᠬᠤ ᠳᠤ ᠨᠢᠭᠡ ᠡᠷᠡᠭᠲᠡᠢ ᠨᠢᠭᠡ ᠡᠮᠡᠭᠲᠡᠢ ᠭᠡᠵᠦ ᠵᠢᠭᠰᠠᠭᠠᠬᠤ᠂ ᠬᠦᠭᠵᠢᠮ ᠤᠨ | ᠠᠶᠠᠰ ᠤᠨ ᠴᠣᠬᠢᠯᠭ᠎ᠠ ᠨᠢᠭᠡ ᠴᠢᠩᠭ᠎ᠠ ᠨᠢᠭᠡ ᠪᠠᠭᠤᠷᠠᠢ ᠪᠠᠶᠢᠬᠤ ᠳᠤᠮᠳᠠ ᠠᠴᠠ ᠠᠳᠠᠯᠢ ᠬᠤᠪᠢᠷᠠᠯᠲᠠ ᠶᠢᠨ ᠵᠢᠮ᠎ᠡ | ᠶᠣᠰᠤ ᠶᠢ ᠰᠡᠷᠡᠨ ᠮᠡᠳᠡᠨ᠎ᠡ᠃ ᠡᠨᠡ ᠰᠠᠭᠤᠷᠢᠨ ᠳᠡᠭᠡᠷ᠎ᠡ ᠰᠤᠷᠤᠭᠴᠢᠳ ᠢ ᠲᠤᠭ᠎ᠠ ︽1,2,1,2︖︾ ᠪᠣᠶᠤ | ᠦᠭᠡᠷ᠎ᠡ ᠠᠷᠭ᠎ᠠ ᠪᠠᠷ ᠢᠯᠡᠳᠭᠡᠯᠭᠡᠵᠦ᠂ ᠡᠨᠡ ᠠᠷᠭ᠎ᠠ ᠪᠠᠷ ᠠᠳᠠᠯᠢ ᠵᠢᠮ᠎ᠡ ᠶᠣᠰᠤ ᠶᠢ ᠵᠢᠷᠤᠭᠴᠢᠯᠠᠵᠤ ᠪᠣᠯᠤᠨ᠎ᠠ | ᠭᠡᠳᠡᠭ ᠢ ᠪᠡᠶᠡᠴᠢᠯᠡᠨ ᠣᠢᠢᠯᠠᠭᠠᠭᠤᠯᠤᠨ᠎ᠠ᠃ | ᠭᠤᠷᠪᠠ᠂ ᠰᠤᠷᠤᠭᠴᠢᠳ ᠤᠨ ᠲᠡᠮᠲᠡᠭ ᠤᠨ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ ᠴᠢᠬᠤᠯᠠᠲᠠᠢ | ᠪᠤᠢ︖ | 1. ᠲᠡᠮᠲᠡᠭ ᠢᠶᠠᠷ ᠢᠯᠡᠳᠭᠡᠬᠦ ᠶᠠᠪᠤᠴᠠ ᠶᠢ ᠦᠩᠭᠡᠷᠡᠭᠡᠵᠦ᠂ ᠰᠤᠷᠤᠭᠴᠢᠳ ᠲᠡᠮᠲᠡᠭ ᠤᠨ ᠤᠳᠬ᠎ᠠ ᠪᠠ | ᠦᠢᠯᠡᠳᠦᠯ ᠢ ᠰᠡᠷᠡᠨ ᠮᠡᠳᠡᠵᠤ᠂ ᠲᠡᠮᠲᠡᠭ ᠤᠨ ᠤᠬᠠᠮᠰᠠᠷ ᠢ ᠬᠦᠭᠵᠢᠭᠦᠯᠦᠨ᠎ᠡ᠃ | ᠵᠢᠭᠠᠨ ᠰᠤᠷᠭᠠᠯᠲᠠ ᠶᠢᠨ ᠳᠤᠮᠳᠠ ᠠᠰᠠᠭᠤᠳᠠᠯ ᠤᠨ ᠣᠷᠴᠢᠨ ᠢ ᠪᠠᠶᠢᠭᠤᠯᠬᠤ ᠪᠠᠷ ᠳᠠᠮᠵᠢᠵᠦ᠂ | ᠰᠤᠷᠤᠭᠴᠢᠳ ᠢᠶᠠᠷ ᠠᠰᠠᠭᠤᠳᠠᠯ ᠤᠨ ᠣᠷᠴᠢᠨ ᠲᠤᠳᠤᠷᠠᠬᠢ ᠲᠤᠭ᠎ᠠ ᠬᠡᠮᠵᠢᠭᠳᠡᠬᠦᠨ ᠤ ᠬᠤᠯᠪᠤᠭᠳᠠᠯ ᠵᠢᠴᠢ ᠵᠢᠮ᠎ᠡ | ᠶᠣᠰᠤ ᠶᠢ ᠢᠯᠡᠳᠭᠡᠵᠦ ᠭᠠᠷᠭᠠᠬᠤ ᠶᠢ ᠵᠢᠯᠤᠭᠤᠳᠤᠨ᠎ᠠ᠃ ᠲᠡᠮᠲᠡᠭ ᠬᠡᠷᠡᠭᠯᠡᠬᠦ ᠶᠠᠪᠤᠴᠠ ᠶᠢ ᠦᠩᠭᠡᠷᠡᠭᠡᠵᠦ᠂ ᠲᠡᠭᠦᠨ ᠤ | ᠳᠤᠮᠳᠠ ᠠᠴᠠ ᠲᠡᠮᠲᠡᠭ ᠤᠨ ᠦᠢᠯᠡᠳᠦᠯ ᠢ ᠰᠡᠷᠡᠨ ᠮᠡᠳᠡᠵᠦ᠂ ᠰᠤᠷᠤᠭᠴᠢᠳ ᠤᠨ ᠲᠡᠮᠲᠡᠭ ᠤᠨ ᠤᠬᠠᠮᠰᠠᠷ ᠢ | ᠬᠦᠭᠵᠢᠭᠦᠯᠦᠨ᠎ᠡ᠃ | 2. ᠲᠣᠭᠠᠨ ᠤ ᠣᠬᠠᠭᠠᠨ ᠤ ᠬᠡᠷᠡᠭᠯᠡᠭᠡᠨ ᠤ ᠶᠠᠪᠤᠴᠠ ᠳᠤ ᠲᠡᠮᠲᠡᠭ ᠢᠶᠠᠷ ᠢᠯᠡᠳᠭᠡᠬᠦ ᠡᠩ ᠤᠨ ᠴᠢᠨᠠᠷ ᠢ | ᠪᠡᠶᠡᠴᠢᠯᠡᠨ ᠦᠩᠭᠡᠷᠡᠭᠡᠵᠦ᠂ ᠲᠡᠮᠲᠡᠭ ᠤᠨ ᠤᠬᠠᠮᠰᠠᠷ ᠢ ᠳᠡᠭᠡᠭᠰᠢᠯᠡᠭᠦᠯᠦᠨ᠎ᠡ᠃ | ᠰᠤᠷᠤᠭᠴᠢᠳ ᠲᠡᠮᠲᠡᠭ ᠬᠡᠷᠡᠭᠯᠡᠬᠦ ᠶᠠᠪᠤᠴᠠ ᠳᠤ ᠳᠤᠤᠷᠠᠬᠢ ᠬᠤᠶᠠᠷ ᠲᠠᠯ᠎ᠠ ᠪᠠᠷ ᠪᠡᠶᠡᠴᠢᠯᠡᠨ ᠦᠩᠭᠡᠷᠡᠭᠡᠬᠦ | ᠬᠡᠷᠡᠭᠲᠡᠢ᠃ ᠲᠡᠮᠲᠡᠭ ᠢᠶᠠᠷ ᠢᠯᠡᠳᠭᠡᠬᠦ ᠳᠤ ᠡᠩ ᠤᠨ ᠴᠢᠨᠠᠷᠲᠠᠢ᠂ ᠲᠡᠮᠲᠡᠭ ᠢᠶᠠᠷ ︽ᠳ᠋ᠦᠢᠰᠢᠶᠠᠠᠩ︾ ᠪᠤᠯᠭᠠᠵᠤ᠂ ᠪᠣᠳᠤᠵᠤ᠂ | ᠮᠦᠷᠳᠡᠵᠦ᠂ ᠣᠯᠤᠭᠰᠠᠨ ᠦᠷ᠎ᠠ ᠳ᠋ᠦᠩ ᠨᠢ ᠪᠠᠰᠠ ᠡᠩ ᠤᠨ ᠴᠢᠨᠠᠷ ᠲᠠᠢ ᠪᠠᠶᠢᠬᠤ ᠬᠡᠷᠡᠭᠲᠡᠢ᠃ ᠵᠢᠱᠢᠶᠠᠯᠡᠪᠡᠯ᠂ | ᠪᠣᠳᠤᠯᠭ᠎ᠠ ᠶᠢᠨ ᠵᠢᠮ᠎ᠡ ᠬᠠᠤᠯᠢ ᠶᠢ ᠦᠰᠦᠭ ᠢᠶᠠᠷ ᠢᠯᠡᠳᠭᠡᠬᠦ ᠳᠤᠮᠳᠠ ᠪᠠᠭᠰᠢ ᠤᠷᠢᠳ ᠢᠶᠠᠷ ᠨᠡᠮᠡᠬᠦ ᠦᠢᠯᠡᠳᠦᠯ ᠤᠨ | ᠪᠠᠶᠢᠷᠢ ᠰᠤᠯᠢᠬᠤ ᠬᠠᠤᠯᠢ ᠶᠢ ᠦᠪᠡᠷ ᠤᠨ ᠬᠢᠨᠢ ᠠᠷᠭ᠎ᠠ ᠪᠠᠷ ᠢᠯᠡᠳᠭᠡᠯᠭᠡᠨ᠂ ᠳᠠᠷᠠᠭ᠎ᠠ ᠨᠢ ᠰᠠᠨᠠᠯ | ᠰᠤᠯᠢᠯᠴᠠᠭᠤᠯᠤᠨᠠ᠃ ᠰᠤᠷᠤᠭᠴᠢᠳ ᠤᠨ ᠠᠷᠭ᠎ᠠ ᠳᠤᠤᠷᠠᠬᠢ ᠳᠦᠷᠪᠡᠨ ᠲᠦᠷᠦᠯ ᠢᠶᠠᠷ ᠢᠷᠡᠨ᠎ᠡ᠃ ︵1︶ ᠪᠤᠳᠠᠳᠠᠢ | ᠲᠤᠭ᠎ᠠ ᠪᠠᠷ ᠵᠢᠱᠢᠶ᠎ᠡ ᠲᠠᠲᠠᠨ᠎ᠠ᠃ ︵2︶ ᠦᠰᠦᠭ ᠪᠢᠴᠢᠭ ︽ᠠ ᠲᠤᠭ᠎ᠠ᠂ ᠡ ᠲᠤᠭ᠎ᠠ ᠁︾ ᠪᠠᠷ | ᠢᠯᠡᠳᠭᠡᠨ᠎ᠡ᠃ ︵3︶ ︽■▲︾ ᠲᠡᠮᠲᠡᠭ ᠢᠶᠠᠷ ᠢᠯᠡᠳᠭᠡᠨ᠎ᠡ᠃ ︵4︶ ᠦᠰᠦᠭ ︽a,b,c, ᠁︾ ᠢᠶᠠᠷ | ᠢᠯᠡᠳᠭᠡᠨ᠎ᠡ᠃ ᠵᠠᠯᠭᠠᠭᠠᠳ ᠪᠠᠭᠰᠢ ᠠᠴᠠ ᠰᠤᠷᠤᠭᠴᠢᠳ ᠢ ᠵᠤᠬᠢᠶᠠᠨ ᠪᠠᠶᠢᠭᠤᠯᠵᠤ ᠶᠠᠷᠢᠯᠴᠠᠭᠤᠯᠵᠤ᠂ ᠡᠳᠡᠭᠡᠷ | ᠠᠷᠭ᠎ᠠ ᠠᠴᠠ ᠨᠢᠭᠡ ᠶᠢ ᠰᠤᠩᠭᠤᠵᠤ ᠤᠯᠠᠨ ᠳᠤ ᠲᠠᠨᠢᠯᠴᠠᠭᠤᠯᠤᠨ᠎ᠠ᠃ ᠶᠠᠷᠢᠯᠴᠠᠬᠤ ᠪᠠᠷ ᠳᠠᠮᠵᠢᠵᠤ᠂ ︵2︶ ︵3︶ ︵4︶ | ᠪᠣᠯ ︽ᠶᠠᠮᠠᠷᠪᠠ ᠲᠤᠭ᠎ᠠ︾ ᠶᠢ ᠢᠯᠡᠳᠭᠡᠬᠦ ᠶᠢ ᠮᠡᠳᠡᠵᠦ᠂ ︽ᠡᠩ ᠤᠨ ᠴᠢᠨᠠᠷ︾ ᠢ ᠨᠢ ᠲᠣᠪᠤᠶᠢᠯᠭᠠᠨ᠎ᠠ᠃ ᠬᠠᠷᠢᠯᠴᠠᠨ | ᠠᠳᠠᠯᠢᠳᠬᠠᠪᠠᠯ ᠦᠰᠦᠭ ᠢᠶᠠᠷ ᠢᠯᠡᠳᠭᠡᠬᠦ ᠨᠢ ᠬᠠᠮᠤᠭ ᠤᠨ ᠳᠦᠭᠦᠮ᠂ ᠤᠯᠠᠮ ᠨᠢᠭᠡ ᠠᠯᠬᠤᠮ ᠪᠤᠳᠤᠬᠤ ᠪᠠ | ᠮᠦᠷᠳᠡᠬᠦ ᠳᠤ ᠳᠦᠭᠦᠮ᠃ ᠲᠡᠭᠡᠪᠡᠯ ︽ᠡᠩ ᠤᠨ ᠴᠢᠨᠠᠷ ᠲᠠᠢ ᠦᠷ᠎ᠡ ᠳ᠋ᠦᠩ ᠢ ᠲᠡᠮᠲᠡᠭ ᠢᠶᠠᠷ ᠢᠯᠡᠳᠭᠡᠬᠦ︾ ᠳᠤ | ᠬᠠᠮᠤᠭ ᠤᠨ ᠬᠦᠨᠵᠡᠭᠡᠢ ᠲᠠᠨᠢᠯᠲᠠ ᠲᠠᠢ ᠪᠣᠯᠤᠨ᠎ᠠ᠃ | 3. ᠲᠣᠭᠠᠨ ᠤ ᠤᠬᠠᠭᠠᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠲᠡᠮᠲᠡᠭ ᠤᠨ ᠤᠬᠠᠮᠰᠠᠷ ᠢ | ᠠᠩᠬ᠎ᠠ ᠠᠯᠬᠤᠮ ᠪᠦᠷᠢᠯᠳᠦᠭᠦᠯᠭᠦ | ᠵᠢᠭᠠᠨ ᠰᠤᠷᠭᠠᠯᠳᠠ ᠳᠤ ᠲᠤᠬᠢᠷᠠᠮᠵᠢᠲᠠᠢ ᠠᠰᠠᠭᠤᠳᠠᠯ ᠤᠨ ᠣᠷᠴᠢᠨ ᠢ ᠪᠠᠶᠢᠭᠤᠯᠵᠤ᠂ ᠰᠤᠷᠤᠭᠴᠢᠳ ᠢ | ᠵᠢᠯᠤᠭᠤᠳᠴᠤ ᠠᠰᠠᠭᠤᠳᠠᠯ ᠢ ᠢᠯᠠᠷᠡᠭᠦᠯᠵᠦ᠂ ᠠᠰᠠᠭᠤᠳᠠᠯ ᠢ ᠳᠤᠷᠠᠳᠴᠤ᠂ ᠠᠰᠠᠭᠤᠳᠠᠯ ᠢ ᠵᠠᠳᠠᠯᠬᠤ ᠪᠠ | ᠰᠢᠢᠳᠪᠦᠷᠢᠯᠡᠬᠦ ᠪᠦᠬᠦᠢ ᠯᠡ ᠶᠠᠪᠤᠴᠠ ᠶᠢ ᠦᠩᠭᠡᠷᠡᠭᠡᠵᠦ᠂ ︽ᠲᠡᠮᠲᠡᠭ ᠢᠶᠠᠷ ᠢᠯᠡᠳᠭᠡᠬᠦ︾ ᠪᠠᠷ ᠰᠢᠢᠳᠪᠦᠷᠢᠯᠡᠬᠦ | ᠠᠷᠭ᠎ᠠ ᠪᠠᠨ ᠪᠤᠯᠭᠠᠵᠤ᠂ ᠡᠨᠡ ᠶᠠᠪᠤᠴᠠ ᠳᠤ ᠰᠠᠨᠠᠭᠠᠴᠢᠯᠠᠭ᠎ᠠ ᠠᠴᠠ ᠬᠡᠷᠡᠭᠯᠡᠬᠦ ᠤᠬᠠᠮᠰᠠᠷ ᠢ ᠬᠦᠭᠵᠢᠭᠦᠯᠦᠨ᠎ᠡ᠃ | ᠳᠦᠷᠪᠡ᠂ ᠰᠤᠷᠤᠭᠴᠢ ᠶᠢᠨ ᠪᠣᠳᠤᠯᠭ᠎ᠠ ᠶᠢᠨ ᠴᠢᠳᠠᠪᠦᠷᠢ ᠶᠢ ᠬᠦᠭᠵᠢᠭᠦᠯᠬᠦ ᠳᠤ ᠶᠠᠭᠤ ᠶᠢ ᠠᠩᠬᠠᠷᠬᠤ | ᠴᠢᠬᠤᠯᠠᠲᠠᠢ ᠪᠤᠢ︖ | 1. ᠰᠤᠷᠤᠭᠴᠢ ᠶᠢ ᠬᠠᠪᠰᠤᠷᠴᠤ᠂ ᠲᠤᠭ᠎ᠠ ᠪᠠ ᠪᠣᠳᠤᠯᠭ᠎ᠠ ᠶᠢᠨ ᠤᠳᠬ᠎ᠠ ᠶᠢ ᠭᠦᠢᠴᠡᠳ ᠤᠬᠠᠵᠤ᠂ ᠪᠣᠳᠤᠬᠤ | ᠠᠷᠭ᠎ᠠ ᠪᠠ ᠪᠣᠳᠤᠬᠤ ᠶᠣᠰᠤᠨ ᠤ ᠬᠤᠭᠤᠷᠤᠨᠳᠤᠬᠢ ᠬᠠᠷᠢᠴᠠᠭ᠎ᠠ ᠶᠢ ᠭᠦᠢᠴᠡᠳ ᠤᠬᠠᠬᠤ᠂ ᠲᠣᠭᠠᠨ ᠤ ᠤᠳᠬ᠎ᠠ ᠪᠠ | ᠬᠤᠯᠪᠤᠭᠳᠠᠯ ᠵᠢᠴᠢ ᠪᠣᠳᠤᠯᠭ᠎ᠠ ᠶᠢᠨ ᠤᠳᠬ᠎ᠠ ᠪᠠ ᠬᠤᠯᠪᠤᠭᠳᠠᠯ ᠪᠣᠯ ᠪᠣᠳᠤᠬᠤ ᠶᠤᠰᠤ᠂ ᠪᠤᠳᠤᠬᠤ ᠠᠷᠭ᠎ᠠ ᠶᠢᠨ | ᠴᠢᠬᠤᠯᠠ ᠰᠠᠭᠤᠷᠢ᠃ ᠡᠶᠢᠮᠦ ᠠᠴᠠ ᠵᠢᠭᠠᠨ ᠰᠤᠷᠭᠠᠯᠲᠠ ᠳᠤ ᠲᠣᠭᠠᠨ ᠤ ᠤᠳᠬ᠎ᠠ ᠶᠢ ᠰᠤᠷᠤᠯᠴᠠᠬᠤ᠂ ᠤᠨᠴᠠᠭᠠᠢᠢᠯᠠᠨ | ᠲᠣᠭᠠᠨ ᠤ ᠣᠷᠤᠨ᠂ ᠲᠤᠭᠠᠯᠠᠯᠭ᠎ᠠ ᠶᠢᠨ ᠨᠢᠭᠡᠴᠢ ᠶᠢᠨ ᠰᠤᠷᠤᠯᠴᠠᠯᠭ᠎ᠠ ᠶᠢ ᠴᠢᠬᠤᠯᠠᠴᠢᠯᠠᠨ᠎ᠠ᠃ ᠪᠦᠬᠦᠯᠢ ᠲᠤᠭ᠎ᠠ᠂ | ᠠᠷᠪᠠᠲᠤ ᠶᠢᠨ ᠪᠤᠲᠠᠷᠬᠠᠢ᠂ ᠪᠤᠲᠠᠷᠬᠠᠢ ᠭᠡᠰᠡᠨ ᠦᠬᠡᠢ ᠪᠦᠷ ᠲᠣᠭᠠᠯᠠᠯᠭ᠎ᠠ ᠶᠢᠨ ᠨᠢᠭᠡᠴᠢ ᠶᠢᠨ ︽ᠬᠤᠷᠠᠮᠳᠤᠯ︾ ᠭᠡᠵᠦ | ᠦᠵᠡᠵᠦ ᠪᠣᠯᠤᠨ᠎ᠠ᠃ ᠬᠠᠷᠢᠨ ᠲᠣᠭᠠᠨ ᠤ ᠶᠡᠭᠡ ᠪᠠᠭ᠎ᠠ ᠶᠢ ᠠᠳᠠᠯᠢᠳᠬᠠᠬᠤ ᠨᠢ ᠲᠣᠭᠠᠨ ᠤ ᠣᠷᠤᠨ ᠳᠤ | ᠰᠠᠭᠤᠷᠢᠯᠠᠳᠠᠭ᠃ ᠪᠣᠳᠤᠯᠭ᠎ᠠ ᠶᠢᠨ ᠤᠳᠬ᠎ᠠ ᠶᠢ ᠰᠤᠷᠤᠯᠴᠠᠬᠤ ᠳᠤ ᠪᠤᠳᠠᠳᠤ ᠣᠷᠴᠢᠨ ᠠᠴᠠ ᠲᠣᠭᠠᠨ ᠤ ᠳᠦᠷᠪᠡᠨ | ᠪᠣᠳᠤᠯᠭ᠎ᠠ ᠶᠢᠨ ᠶᠠᠪᠤᠴᠠ ᠶᠢ ᠬᠡᠶᠢᠰᠪᠦᠷᠢᠯᠡᠬᠦ ᠶᠢ ᠴᠢᠬᠤᠯᠠᠴᠢᠯᠠᠵᠤ᠂ ᠪᠣᠳᠤᠯᠭ᠎ᠠ ᠶᠢᠨ ᠤᠭ ᠬᠡᠯᠪᠡᠷᠢ ᠶᠢᠨ ᠬᠤᠷᠠᠮᠳᠤᠯ ᠢ | ᠴᠢᠬᠤᠯᠠᠴᠢᠯᠠᠨ᠎ᠠ᠃ ᠡᠨᠡ ᠰᠠᠭᠤᠷᠢᠨ ᠳᠡᠭᠡᠷ᠎ᠡ ᠰᠤᠷᠤᠭᠴᠢ ᠪᠣᠳᠤᠯᠭ᠎ᠠ ᠶᠢᠨ ᠬᠤᠭᠤᠷᠤᠨᠳᠤᠬᠢ ᠬᠠᠷᠢᠴᠠᠭ᠎ᠠ ᠶᠢ ᠰᠡᠷᠡᠨ | ᠮᠡᠳᠡᠵᠤ᠂ ᠬᠠᠰᠤᠬᠤ ᠪᠣᠯ ᠨᠡᠮᠡᠬᠦ ᠶᠢᠨ ᠤᠷᠪᠠᠭᠤ ᠪᠣᠳᠤᠯᠭ᠎ᠠ᠂ ᠬᠤᠪᠢᠶᠠᠬᠤ ᠪᠣᠯ ᠦᠷᠡᠵᠢᠭᠦᠯᠬᠦ ᠶᠢᠨ ᠤᠷᠪᠠᠭᠤ | ᠪᠣᠳᠤᠯᠭ᠎ᠠ ᠭᠡᠳᠡᠭ ᠢ ᠮᠡᠳᠡᠨ᠎ᠡ᠃ | 2. ᠪᠦᠬᠦᠯᠢ ᠴᠤᠭᠴᠠ ᠠᠴᠠ ᠲᠦᠰᠦᠪᠯᠡᠬᠦ ᠶᠢ ᠴᠢᠬᠤᠯᠠᠴᠢᠯᠠᠵᠤ᠂ ᠪᠣᠳᠤᠯᠭ᠎ᠠ ᠶᠢᠨ ᠨᠢᠭᠡᠲᠦᠯᠲᠦ ᠴᠢᠨᠠᠷ ᠢ | ᠰᠡᠷᠡᠨ ᠮᠡᠳᠡᠭᠦᠯᠭᠦ | ᠲᠣᠭᠠᠨ ᠤ ᠪᠣᠳᠤᠯᠭ᠎ᠠ ᠶᠢᠨ ᠵᠢᠭᠠᠨ ᠰᠤᠷᠭᠠᠯᠲᠠ ᠳᠤ ᠪᠦᠬᠦᠯᠢ ᠲᠤᠭ᠎ᠠ᠂ ᠠᠷᠪᠠᠲᠤ ᠶᠢᠨ ᠪᠤᠲᠠᠷᠬᠠᠢ ᠪᠠ | ᠪᠤᠲᠠᠷᠬᠠᠢ ᠶᠢᠨ ᠳᠦᠷᠪᠡᠨ ᠪᠣᠳᠤᠯᠭ᠎ᠠ ᠶᠢᠨ ᠨᠢᠭᠡᠲᠦᠯᠲᠡᠢ ᠲᠦᠯᠦᠪᠯᠡᠬᠦ ᠶᠢ ᠴᠢᠬᠤᠯᠠᠴᠢᠯᠠᠵᠤ᠂ ᠪᠣᠳᠤᠯᠭ᠎ᠠ ᠶᠢᠨ | ᠨᠢᠭᠡᠲᠦᠯᠲᠤ ᠴᠢᠨᠠᠷ ᠢ ᠰᠡᠷᠡᠨ ᠮᠡᠳᠡᠭᠦᠯᠦᠨ᠎ᠡ᠃ | ᠪᠣᠳᠤᠯᠭ᠎ᠠ ᠶᠢᠨ ᠶᠣᠰᠤ ᠪᠠ ᠪᠣᠳᠤᠬᠤ ᠠᠷᠭ᠎ᠠ ᠶᠢ ᠪᠦᠬᠦᠯᠢ ᠴᠤᠭᠴᠠ ᠠᠴᠠ ᠤᠬᠠᠬᠤ ᠪᠠ ᠡᠵᠡᠮᠰᠢᠵᠦ᠂ | ᠪᠤᠳᠤᠬᠤ ᠠᠷᠭ᠎ᠠ ᠶᠢᠨ ᠶᠡᠷᠦᠩᠬᠡᠢ ᠴᠢᠨᠠᠷ ᠢ ᠲᠠᠨᠢᠵᠤ᠂ ᠰᠤᠷᠤᠭᠴᠢ ᠶᠢᠨ ᠪᠣᠳᠤᠯᠭ᠎ᠠ ᠶᠢᠨ ᠴᠢᠳᠠᠪᠦᠷᠢ ᠪᠠ ᠮᠦᠷᠳᠡᠬᠦ | ᠤᠬᠠᠮᠰᠠᠷ ᠢ ᠳᠡᠭᠡᠭᠰᠢᠯᠡᠭᠦᠯᠦᠨ᠎ᠡ᠃ | ᠵᠢᠭᠠᠨ ᠰᠤᠷᠭᠠᠯᠲᠠ ᠳᠤ᠂ ᠠᠷᠪᠠᠲᠤ ᠶᠢᠨ ᠪᠤᠲᠠᠷᠬᠠᠢ᠂ ᠪᠤᠲᠠᠷᠬᠠᠢ᠂ ᠪᠦᠬᠦᠯᠢ ᠲᠣᠭᠠᠨ ᠤ ᠪᠣᠳᠤᠯᠭ᠎ᠠ ᠶᠢᠨ | ᠬᠤᠭᠤᠷᠤᠨᠳᠤᠬᠢ ᠬᠤᠯᠪᠤᠭᠳᠠᠯ ᠢ ᠨᠡᠪᠲᠡᠷᠡᠭᠦᠯᠬᠦ ᠶᠢ ᠴᠢᠬᠤᠯᠠᠴᠢᠯᠠᠵᠤ᠂ ᠪᠦᠬᠦᠯᠢ ᠲᠤᠭ᠎ᠠ᠂ ᠠᠷᠪᠠᠲᠤ ᠶᠢᠨ ᠪᠤᠲᠠᠷᠬᠠᠢ᠂ | ᠪᠣᠲᠠᠷᠬᠠᠢ ᠶᠢᠨ ᠨᠢᠭᠡᠲᠦᠯᠲᠤ ᠴᠢᠨᠠᠷ ᠤᠨ ᠦᠨᠳᠦᠷᠴᠡ ᠳᠤ ᠵᠤᠭᠰᠤᠵᠤ᠂ ᠪᠦᠬᠦᠢ ᠯᠡ ᠪᠠᠭ᠎ᠠ ᠰᠤᠷᠭᠠᠭᠤᠯᠢ ᠶᠢᠨ | ᠱᠠᠲᠤᠨ ᠤ ᠪᠣᠳᠤᠯᠭ᠎ᠠ ᠶᠢᠨ ᠵᠢᠭᠠᠨ ᠰᠤᠷᠭᠠᠯᠲᠠ ᠶᠢ ᠦᠵᠡᠨ᠎ᠡ᠃ ᠵᠢᠱᠢᠶᠡᠯᠡᠪᠡᠯ᠂ ᠨᠡᠮᠡᠵᠦ ᠬᠠᠰᠤᠬᠤ ᠵᠢᠭᠠᠨ | ᠰᠤᠷᠭᠠᠯᠲᠠ ᠳᠤ᠂ ᠠᠷᠪᠠᠲᠤ ᠶᠢᠨ ᠪᠣᠲᠠᠷᠬᠠᠢ᠂ ᠪᠣᠲᠠᠷᠬᠠᠢ ᠶᠢᠨ ᠨᠡᠮᠡᠵᠤ ᠬᠠᠰᠤᠬᠤ ᠦᠢᠯᠡᠳᠦᠯ ᠪᠠ ᠪᠦᠬᠦᠯᠢ | ᠲᠣᠭᠠᠨ ᠤ ᠨᠡᠮᠡᠵᠦ ᠬᠠᠰᠤᠬᠤ ᠦᠢᠯᠡᠳᠦᠯ ᠤᠨ ᠬᠤᠭᠤᠷᠤᠨᠳᠤᠬᠢ ᠬᠤᠯᠪᠤᠭᠳᠠᠯ ᠤᠨ ᠪᠤᠳᠤᠬᠤ ᠠᠷᠭ᠎ᠠ ᠶᠢᠨ ᠴᠦᠮ᠎ᠡ | ᠪᠣᠯ ᠲᠣᠭᠠᠨ ᠤ ᠣᠷᠤᠨ ᠪᠠ ᠲᠣᠭᠠᠯᠠᠯᠭ᠎ᠠ ᠶᠢᠨ ᠨᠢᠭᠡᠴᠢ ᠪᠣᠯᠬᠤ ᠭᠡᠰᠡᠨ ᠢ ᠰᠤᠷᠤᠭᠴᠢ ᠳᠤ ᠮᠡᠳᠡᠭᠦᠯᠵᠦ᠂ ᠨᠡᠮᠡᠵᠤ | ᠬᠠᠰᠤᠬᠤ ᠦᠢᠯᠡᠳᠦᠯ ᠤᠨ ᠨᠢᠭᠡᠳᠦᠯᠲᠤ ᠴᠢᠨᠠᠷ ᠢ ᠠᠩᠬ᠎ᠠ ᠠᠯᠬᠤᠮ ᠤᠢᠢᠯᠠᠭᠠᠭᠤᠯᠵᠤ᠂ ᠰᠤᠷᠤᠭᠴᠢ ᠶᠢᠨ | ᠪᠣᠳᠤᠯᠭ᠎ᠠ ᠶᠢᠨ ᠴᠢᠳᠠᠪᠦᠷᠢ ᠶᠢ ᠬᠦᠭᠵᠢᠭᠦᠯᠦᠨ᠎ᠡ᠃ ᠦᠷᠡᠵᠢᠭᠦᠯᠵᠦ ᠬᠤᠪᠢᠶᠠᠬᠤ ᠦᠢᠯᠡᠳᠦᠯ ᠤᠨ ᠵᠢᠭᠠᠨ | ᠰᠤᠷᠭᠠᠯᠲᠠ ᠳᠤ ᠪᠦᠬᠦᠯᠢ ᠲᠤᠭ᠎ᠠ᠂ ᠠᠷᠪᠠᠲᠤ ᠶᠢᠨ ᠪᠤᠲᠠᠷᠬᠠᠢ᠂ ᠪᠤᠲᠠᠷᠬᠠᠢ ᠶᠢᠨ ᠪᠣᠳᠤᠯᠭ᠎ᠠ ᠶᠢᠨ ᠡᠩ ᠤᠨ ᠠᠷᠭ᠎ᠠ ᠳᠤ | ᠬᠦᠴᠦ ᠲᠠᠯᠪᠢᠨ᠂ ᠲᠣᠭᠠᠨ ᠤ ᠤᠳᠬ᠎ᠠ ᠶᠢᠨ ᠨᠢᠭᠡᠳᠦᠯᠲᠦ ᠴᠢᠨᠠᠷ ᠤᠨ ᠰᠠᠭᠤᠷᠢᠨ ᠳᠡᠭᠡᠷ᠎ᠡ ᠪᠣᠳᠤᠬᠤ ᠠᠷᠭ᠎ᠠ ᠶᠢᠨ | ᠨᠢᠭᠡᠳᠦᠯᠲᠦ ᠴᠢᠨᠠᠷ ᠢ ᠰᠡᠷᠡᠨ ᠮᠡᠳᠡᠵᠦ᠂ ᠪᠣᠳᠤᠯᠭ᠎ᠠ ᠶᠢᠨ ᠨᠢᠭᠡᠲᠦᠯᠲᠤ ᠴᠢᠨᠠᠷ ᠢ ᠲᠠᠨᠢᠨ᠎ᠠ᠃ | 3. ᠪᠣᠳᠤᠯᠭ᠎ᠠ ᠶᠢᠨ ᠬᠡᠷᠡᠭᠯᠡᠭᠡ ᠶᠢ ᠠᠩᠬᠠᠷᠴᠤ᠂ ᠰᠤᠷᠤᠭᠴᠢ ᠶᠢᠨ ᠲᠣᠬᠢᠷᠠᠮᠵᠢᠲᠠᠢ ᠠᠷᠭ᠎ᠠ ᠪᠣᠳᠤᠯᠭ᠎ᠠ | ᠰᠤᠩᠭᠤᠵᠤ ᠠᠰᠠᠭᠤᠳᠠᠯ ᠰᠢᠢᠳᠪᠦᠷᠢᠯᠡᠬᠦ ᠶᠢ ᠵᠤᠷᠢᠬᠵᠢᠭᠤᠯᠬᠤ | ᠪᠤᠳᠠᠳᠤ ᠵᠢᠭᠠᠨ ᠰᠤᠷᠭᠠᠯᠲᠠ ᠳᠤ᠂ ᠰᠤᠷᠤᠭᠴᠢ ᠶᠢᠨ ᠪᠤᠳᠠᠳᠤ ᠠᠰᠠᠭᠤᠳᠠᠯ ᠢ ᠰᠢᠢᠳᠪᠦᠷᠢᠯᠡᠬᠦ᠂ ᠰᠤᠷᠠᠭ | ᠵᠠᠩᠬᠢ ᠬᠤᠷᠠᠮᠳᠤᠭᠤᠯᠬᠤ ᠪᠠ ᠰᠤᠩᠭᠤᠬᠤ᠂ ᠲᠤᠭ᠎ᠠ ᠬᠡᠮᠵᠢᠭᠳᠡᠭᠦᠨ ᠤ ᠬᠤᠯᠪᠤᠭᠳᠠᠯ ᠢ ᠵᠠᠳᠠᠯᠬᠤ᠂ ᠪᠣᠳᠤᠯᠭ᠎ᠠ ᠶᠢ | ᠠᠰᠢᠭᠯᠠᠨ ᠠᠰᠠᠭᠤᠳᠠᠯ ᠢ ᠰᠢᠢᠳᠪᠦᠷᠢᠯᠡᠬᠦ ᠪᠠ ᠦᠷ᠎ᠡ ᠳ᠋ᠦᠩ ᠤᠨ ᠪᠤᠲᠠᠳᠠᠢ ᠤᠳᠬ᠎ᠠ ᠳᠤ ᠲᠠᠶᠢᠯᠪᠦᠷᠢᠯᠠᠯᠲᠠ ᠬᠢᠬᠦ ᠶᠢ | ᠵᠤᠷᠢᠬᠵᠢᠭᠤᠯᠤᠨ᠎ᠠ᠃ ᠡᠨᠡ ᠶᠠᠪᠤᠴᠠ ᠳᠤ ᠰᠤᠷᠤᠭᠴᠢ ᠶᠢᠨ ᠲᠤᠬᠢᠷᠠᠮᠵᠢᠲᠠᠢ ᠠᠷᠭ᠎ᠠ ᠪᠣᠳᠤᠯᠭ᠎ᠠ ᠰᠤᠩᠭᠤᠵᠤ | ᠠᠰᠠᠭᠤᠳᠠᠯ ᠢ ᠰᠢᠢᠳᠪᠦᠷᠢᠯᠡᠬᠦ ᠶᠢ ᠵᠣᠷᠢᠬᠵᠢᠭᠤᠯᠤᠨ᠎ᠠ᠃ ᠵᠢᠱᠢᠶᠡᠯᠡᠪᠡᠯ᠂ ᠵᠢᠷᠤᠭ ᠵᠢᠷᠤᠬᠤ᠂ ᠬᠦᠰᠦᠨᠦᠭᠲᠦ ᠵᠤᠬᠢᠶᠠᠬᠤ | ᠵᠡᠷᠭᠡ ᠠᠷᠭ᠎ᠠ ᠶᠢ ᠬᠡᠷᠡᠭᠯᠡᠵᠦ᠂ ᠲᠤᠷᠰᠢᠵᠤ᠂ ᠮᠠᠭᠠᠳᠯᠠᠵᠤ ᠪᠠᠶᠢᠭᠠᠳ ᠳᠦᠭᠦᠮ ᠬᠡᠯᠪᠡᠷᠢ ᠠᠴᠠ ᠵᠢᠮ᠎ᠡ ᠶᠣᠰᠤ ᠶᠢ | ᠣᠯᠬᠤ ᠵᠡᠷᠭᠡ᠃ | ᠲᠠᠪᠤ᠂ ᠰᠤᠷᠤᠭᠴᠢ ᠶᠢᠨ ᠭᠧᠤᠮᠧᠲᠷᠢ ᠶᠢᠨ ᠦᠵᠡᠭᠳᠡᠮᠡᠯ ᠢ ᠬᠦᠭᠵᠢᠭᠦᠯᠬᠦ ᠳᠤ ᠶᠠᠭᠤ ᠶᠢ ᠠᠩᠬᠠᠷᠬᠤ | ᠴᠢᠬᠤᠯᠠᠲᠠᠢ ᠪᠤᠢ︖ | 1. ︽ᠬᠢᠬᠦ ᠶᠢᠨ ᠳᠤᠮᠳᠠ ᠰᠤᠷᠬᠤ︾ ᠢ ᠤᠷᠢᠶᠠᠯᠠᠵᠤ᠂ ᠲᠣᠭᠠᠨ ᠤ ᠤᠬᠠᠭᠠᠨ ᠤ ᠬᠦᠳᠡᠯᠭᠡᠭᠡᠨ ᠤ ᠳᠤᠮᠳᠠ | ᠰᠤᠷᠤᠭᠴᠢ ᠶᠢᠨ ᠭᠧᠤᠮᠧᠲᠷᠢ ᠶᠢᠨ ᠦᠵᠡᠭᠳᠡᠮᠡᠯ ᠢ ᠬᠦᠮᠦᠵᠢᠭᠦᠯᠭᠦ | ᠵᠢᠷᠤᠭ ᠤᠨ ᠤᠨᠴᠠᠯᠢᠭ ᠪᠠ ᠵᠢᠷᠤᠭ ᠤᠨ ᠬᠤᠭᠤᠷᠤᠨᠳᠤᠬᠢ ᠬᠤᠯᠪᠤᠭᠳᠠᠯ ᠢ ᠰᠦᠪᠡᠭᠴᠢᠯᠡᠬᠦ ᠳᠤ᠂ ᠰᠤᠷᠤᠭᠴᠢ | ᠵᠠᠪᠠᠯ ᠤᠯᠠᠨ ᠵᠦᠢᠯ ᠤᠨ ᠲᠤᠭᠠᠨ ᠤ ᠤᠬᠠᠭᠠᠨ ᠤ ᠬᠦᠳᠡᠯᠭᠡᠭᠡᠨ ᠳᠤ ᠤᠷᠤᠯᠴᠠᠬᠤ ᠴᠢᠬᠤᠯᠠᠲᠠᠢ᠃ ᠡᠨᠡ ᠪᠣᠯ ᠪᠠᠭ᠎ᠠ | ᠰᠤᠷᠭᠠᠭᠤᠯᠢ ᠶᠢᠨ ᠵᠢᠷᠤᠭ ᠳᠦᠷᠰᠦ ᠰᠤᠷᠤᠯᠴᠠᠬᠤ ᠴᠢᠬᠤᠯᠠ ᠤᠨᠴᠠᠯᠢᠭ᠃ ᠡᠳᠡᠭᠡᠷ ᠬᠦᠳᠡᠯᠭᠡᠭᠡᠨ ᠨᠢ ᠪᠠᠶᠢᠴᠠᠭᠠᠬᠤ᠂ | ᠦᠢᠯᠠᠳᠤᠯᠭᠡᠵᠢᠭᠦᠯᠭᠦ᠂ ᠳᠦᠷᠰᠦᠯᠡᠨ ᠪᠤᠳᠤᠬᠤ᠂ ᠮᠦᠷᠳᠡᠬᠦ᠂ ᠢᠯᠡᠳᠭᠡᠬᠦ ᠵᠡᠷᠭᠡ ᠶᠢ ᠪᠠᠭᠲᠠᠭᠠᠨ᠎ᠠ᠃ ᠵᠢᠱᠢᠶᠡᠯᠡᠪᠡᠯ᠂ | ᠵᠢᠷᠤᠭ ᠢ ᠲᠦᠷᠦᠯ ᠬᠤᠪᠢᠶᠠᠬᠤ ᠳᠤ ᠰᠤᠷᠤᠭᠴᠢ ᠶᠢ ᠬᠠᠪᠰᠤᠷᠤᠨ ᠲᠠᠰᠤᠷᠠᠯᠲᠠ ᠦᠬᠡᠢ ᠵᠢᠷᠤᠭ ᠢ ᠠᠳᠠᠯᠢᠳᠬᠠᠨ | ᠤᠨᠴᠠᠯᠢᠭ ᠢ ᠨᠢ ᠬᠤᠷᠢᠶᠠᠩᠭᠤᠢᠢᠯᠠᠵᠤ ᠭᠠᠷᠭᠠᠨ᠎ᠠ᠃ ᠲᠦᠷᠦᠯ ᠬᠤᠪᠢᠶᠠᠬᠤ ᠶᠠᠪᠤᠴᠠ ᠳᠤ᠂ ᠲᠦᠷᠦᠯ ᠬᠤᠪᠢᠶᠠᠬᠤ | ᠪᠠᠷᠢᠮᠵᠢᠶ᠎ᠠ ᠶᠢ ᠪᠤᠳᠤᠯᠬᠢᠯᠠᠵᠤ᠂ ᠵᠢᠷᠤᠭ ᠤᠨ ᠶᠡᠷᠦᠩᠬᠡᠢ ᠴᠢᠨᠠᠷ ᠢ ᠬᠤᠷᠢᠶᠠᠩᠭᠤᠢᠢᠯᠠᠵᠤ᠂ ᠠᠳᠠᠯᠢ ᠪᠤᠰᠤ ᠵᠢᠷᠤᠭ ᠢ | ᠠᠳᠠᠯᠢᠳᠬᠠᠨ᠂ ᠲᠦᠷᠦᠯ ᠬᠤᠪᠢᠶᠠᠬᠤ᠂ ᠦᠷ᠎ᠡ ᠳ᠋ᠦᠩ ᠢ ᠢᠯᠡᠳᠭᠡᠵᠤ ᠭᠠᠷᠭᠠᠬᠤ ᠵᠡᠷᠭᠡ ᠶᠢ ᠤᠷᠭᠠᠨᠢᠭ ᠢᠶᠠᠷ | ᠤᠶᠠᠯᠳᠤᠭᠤᠯᠤᠨ᠎ᠠ᠃ | 2. ᠲᠤᠭ᠎ᠠ ᠲᠦᠷᠰᠦ ᠶᠢ ᠤᠶᠠᠯᠳᠤᠭᠤᠯᠬᠤ ᠶᠢ ᠠᠩᠬᠠᠷᠴᠤ᠂ ᠬᠤᠯᠪᠤᠭᠳᠠᠯ ᠤᠨ ᠳᠤᠮᠳᠠ ᠠᠴᠠ | ᠭᠧᠤᠮᠧᠲᠷᠢ ᠶᠢᠨ ᠦᠵᠡᠭᠳᠡᠮᠡᠯ ᠤᠨ ᠦᠢᠯᠡᠳᠦᠯ ᠢ ᠪᠡᠶᠡᠴᠢᠯᠡᠨ ᠤᠢᠢᠯᠠᠭᠠᠭᠤᠯᠬᠤ | ᠦᠨᠡᠨ ᠳᠤ ᠪᠠᠨ ᠭᠧᠤᠮᠧᠲᠷᠢ ᠶᠢᠨ ᠦᠵᠡᠭᠳᠡᠮᠡᠯ ᠵᠦᠪᠬᠡᠨ ︽ᠵᠢᠷᠤᠭ ᠲᠦᠷᠰᠦ ᠪᠠ ᠭᠧᠤᠮᠧᠲᠷᠢ︾ ᠶᠢᠨ | ᠰᠤᠷᠤᠯᠴᠠᠯᠭ᠎ᠠ ᠳᠤ ᠯᠡ ᠪᠠᠶᠢᠬᠤ ᠪᠢᠰᠢ᠂ ᠪᠦᠬᠦᠢ ᠯᠡ ᠲᠤᠭᠠᠨ ᠤ ᠤᠬᠠᠭᠠᠨ ᠢ ᠰᠤᠷᠤᠯᠴᠠᠬᠤ ᠶᠠᠪᠤᠴᠠ ᠳᠤ ᠴᠢᠬᠤᠯᠠ | ᠦᠢᠯᠡᠳᠦᠯ ᠦᠵᠡᠭᠦᠯᠵᠦ ᠪᠠᠶᠢᠨ᠎ᠠ᠃ ᠵᠢᠭᠠᠨ ᠰᠤᠷᠭᠠᠯᠲᠠ ᠳᠤ ᠲᠦᠷᠰᠦ ᠪᠠ ᠲᠣᠭᠠᠨ ᠤ ᠬᠤᠯᠪᠤᠭᠳᠠᠯ ᠢ | ᠪᠠᠶᠢᠭᠤᠯᠤᠨ᠎ᠠ᠃ ᠵᠢᠱᠢᠶᠡᠯᠡᠪᠡᠯ᠂ ᠵᠢᠷᠤᠭ ᠢ ᠠᠰᠢᠭᠯᠠᠵᠤ ᠲᠣᠭᠠᠨ ᠤ ᠤᠬᠠᠭᠳᠠᠬᠤᠨ ᠪᠠ ᠪᠣᠳᠤᠯᠭ᠎ᠠ ᠶᠢᠨ ᠶᠤᠰᠤ ᠶᠢ | ᠣᠢᠢᠯᠠᠭᠠᠵᠤ᠂ ᠵᠢᠷᠤᠭ ᠢ ᠦᠨᠳᠦᠰᠦᠯᠡᠵᠤ᠂ ᠲᠤᠭ᠎ᠠ ᠬᠡᠮᠵᠢᠭᠳᠡᠭᠦᠨ ᠤ ᠬᠤᠯᠪᠤᠭᠳᠠᠯ ᠪᠠ ᠠᠰᠠᠭᠤᠳᠠᠯ ᠢ ᠰᠢᠢᠳᠪᠦᠷᠢᠯᠡᠵᠤ᠂ | ᠵᠢᠷᠤᠭ ᠢᠶᠠᠷ ᠬᠤᠪᠢᠰᠬᠤ ᠬᠡᠮᠵᠢᠭᠳᠡᠬᠦᠨ ᠤ ᠬᠤᠭᠤᠷᠤᠨᠳᠤᠬᠢ ᠬᠤᠯᠪᠤᠭᠳᠠᠯ ᠢ ᠵᠢᠷᠤᠭᠴᠢᠯᠠᠬᠤ ᠵᠡᠷᠭᠡ᠃ | 3. ᠲᠠᠳᠬᠠᠯ ᠢ ᠬᠦᠮᠦᠵᠢᠬᠦᠯᠬᠦ ᠶᠢ ᠴᠢᠬᠤᠯᠠᠴᠢᠯᠠᠵᠤ᠂ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ | ᠰᠤᠷᠤᠭᠴᠢ ᠶᠢ ᠠᠭᠠᠵᠢᠮ ᠢᠶᠠᠷ ᠵᠢᠷᠤᠭ ᠵᠢᠷᠤᠬᠤ᠂ ᠬᠦᠰᠦᠨᠦᠭᠲᠦ ᠪᠠᠶᠢᠭᠤᠯᠬᠤ ᠵᠡᠷᠭᠡ ᠳᠠᠳᠬᠠᠯ ᠲᠠᠢ ᠪᠣᠯᠭᠠᠬᠤ | ᠵᠢᠭᠠᠨ ᠰᠤᠷᠭᠠᠯᠲᠠ ᠳᠤᠮᠳᠠ ᠪᠠᠨ ᠰᠤᠷᠤᠭᠴᠢ ᠶᠢ ᠵᠤᠷᠢᠬᠵᠢᠭᠤᠯᠤᠨ᠂ ᠵᠢᠷᠤᠭ ᠵᠢᠷᠤᠬᠤ᠂ ᠬᠦᠰᠦᠨᠦᠭᠲᠦ | ᠪᠠᠶᠢᠭᠤᠯᠬᠤ ᠵᠡᠷᠭᠡ ᠠᠷᠭ᠎ᠠ ᠪᠠᠷ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠰᠡᠳᠭᠢᠮᠵᠢ ᠶᠢ | ᠰᠦᠪᠡᠭᠴᠢᠯᠡᠨ᠂ ᠴᠠᠭ ᠢᠮᠠᠭᠲᠠ ᠵᠢᠷᠤᠭ ᠵᠢᠷᠤᠬᠤ᠂ ᠬᠦᠰᠦᠨᠦᠭᠲᠦ ᠪᠠᠶᠢᠭᠤᠯᠬᠤ ᠳᠠᠳᠬᠠᠯ ᠢ | ᠬᠦᠮᠦᠵᠢᠭᠦᠯᠦᠨ᠎ᠡ᠃ ᠵᠢᠷᠤᠭ ᠵᠢᠷᠤᠵᠤ ᠪᠠᠶᠢᠭᠠᠳ ᠪᠣᠳᠤᠯᠢᠶᠠᠨᠲᠠᠢ ᠲᠣᠭᠠᠨ ᠤ ᠠᠰᠠᠭᠤᠳᠠᠯ ᠢ ᠳᠦᠭᠦᠮ ᠲᠤᠳᠤᠷᠬᠠᠢ | ᠪᠣᠯᠭᠠᠵᠤ᠂ ᠠᠬᠤᠢ ᠣᠷᠴᠢᠨ ᠲᠤᠳᠤᠷᠠᠬᠢ ᠲᠤᠭ᠎ᠠ ᠬᠡᠮᠵᠢᠭᠳᠡᠭᠦᠨ ᠤ ᠬᠤᠯᠪᠤᠭᠳᠠᠯ ᠢ ᠪᠣᠯᠪᠠᠰᠤᠷᠠᠭᠤᠯᠵᠤ᠂ ᠰᠢᠭᠤᠳ | ᠢᠯᠡᠳᠭᠡᠵᠤ ᠴᠢᠳᠠᠨ᠎ᠠ᠃ ᠬᠦᠰᠦᠨᠦᠭᠲᠦ ᠪᠠᠶᠢᠭᠤᠯᠬᠤ ᠪᠠᠷ ᠳᠠᠮᠵᠢᠵᠤ᠂ ᠰᠤᠷᠤᠭᠴᠢ ᠪᠠᠷ ᠠᠰᠠᠭᠤᠳᠠᠯ ᠤᠨ ᠬᠤᠯᠪᠤᠭᠳᠠᠯ | ᠪᠦᠬᠦᠢ ᠰᠤᠷᠠᠭ ᠵᠠᠩᠭᠢ ᠶᠢ ᠡᠮᠬᠢᠳᠭᠡᠯᠭᠡᠵᠦ᠂ ᠡᠬᠦᠨ ᠤ ᠰᠠᠭᠤᠷᠢᠨ ᠳᠡᠭᠡᠷ᠎ᠡ ᠠᠰᠠᠭᠤᠳᠠᠯ ᠢ ᠰᠢᠢᠳᠪᠦᠷᠢᠯᠡᠬᠦ | ᠰᠡᠳᠬᠢᠮᠵᠢ ᠶᠢ ᠡᠷᠢᠭᠦᠯᠵᠦ᠂ ᠨᠦᠭᠦᠭᠡ ᠲᠠᠯ᠎ᠠ ᠪᠠᠷ ᠳᠡᠰ ᠳᠠᠷᠠᠭ᠎ᠠ ᠲᠠᠢ ᠲᠤᠭᠠᠴᠢᠨ ᠵᠢᠭᠰᠠᠭᠠᠵᠤ᠂ ᠠᠰᠠᠭᠤᠳᠠᠯ ᠢ | ᠰᠢᠢᠳᠪᠦᠷᠢᠯᠡᠨ᠎ᠡ᠃ | ᠵᠢᠷᠭᠤᠭ᠎ᠠ᠂ ᠰᠤᠷᠤᠭᠴᠢ ᠶᠢᠨ ᠦᠵᠡᠯᠲᠡ ᠶᠢ ᠬᠦᠭᠵᠢᠭᠦᠯᠬᠦ ᠳᠤ ᠶᠠᠭᠤ ᠶᠢ ᠠᠩᠬᠠᠷᠬᠤ ᠬᠡᠷᠡᠭᠲᠡᠢ ᠪᠤᠢ︖ | 1. ᠪᠡᠶᠡᠲᠤ ᠶᠢᠨ ᠵᠢᠷᠤᠭ ᠲᠦᠷᠰᠦ ᠪᠠ ᠬᠠᠪᠲᠠᠭᠠᠢ ᠶᠢᠨ ᠵᠢᠷᠤᠭ ᠳᠦᠷᠰᠦ ᠶᠢᠨ ᠬᠤᠭᠤᠷᠤᠨᠳᠤᠬᠢ | ᠬᠤᠪᠢᠷᠠᠭᠠᠯᠲᠠ ᠶᠢ ᠠᠩᠬᠠᠷᠬᠤ | ᠪᠡᠶᠡᠲᠤ ᠶᠢᠨ ᠵᠢᠷᠤᠭ ᠳᠦᠷᠰᠦ ᠶᠢ ᠬᠠᠪᠲᠠᠭᠠᠢ ᠶᠢᠨ ᠵᠢᠷᠤᠭ ᠳᠦᠷᠰᠦ ᠪᠣᠯᠭᠠᠵᠤ ᠬᠤᠪᠢᠷᠠᠭᠠᠪᠠᠯ᠂ | ᠬᠠᠪᠲᠠᠭᠠᠢ ᠶᠢᠨ ᠵᠢᠷᠤᠭ ᠲᠦᠷᠰᠦ ᠨᠢ ᠳᠠᠷᠤᠢ ᠪᠡᠶᠡᠲᠤ ᠶᠢᠨ ᠵᠢᠷᠤᠭ ᠳᠦᠷᠰᠦ ᠶᠢ ᠵᠢᠷᠤᠭᠴᠢᠯᠠᠵᠤ | ᠴᠢᠳᠠᠨ᠎ᠠ᠃ ᠪᠡᠶᠡᠲᠤ ᠶᠢᠨ ᠵᠢᠷᠤᠭ ᠳᠦᠷᠰᠦ ᠶᠢ ᠬᠠᠪᠲᠠᠭᠠᠢ ᠶᠢᠨ ᠵᠢᠷᠤᠭ ᠳᠦᠷᠰᠦ ᠪᠣᠯᠭᠠᠵᠤ ᠬᠤᠪᠢᠷᠠᠭᠠᠪᠠᠯ᠂ | ᠬᠠᠪᠲᠠᠭᠠᠢ ᠶᠢᠨ ᠵᠢᠷᠤᠭ ᠳᠦᠷᠰᠦ ᠨᠢ ᠳᠠᠷᠤᠢ ᠪᠡᠶᠡᠲᠤ ᠶᠢᠨ ᠵᠢᠷᠤᠭ ᠳᠦᠷᠰᠦ ᠶᠢ ᠵᠢᠷᠤᠭᠴᠢᠯᠠᠵᠤ | ᠴᠢᠳᠠᠨ᠎ᠠ᠃ ᠪᠡᠶᠡᠲᠤ ᠶᠢᠨ ᠵᠢᠷᠤᠭ ᠳᠦᠷᠰᠦ ᠪᠠ ᠬᠠᠪᠲᠠᠭᠠᠢ ᠶᠢᠨ ᠵᠢᠷᠤᠭ ᠳᠦᠷᠰᠦ ᠶᠢᠨ ᠬᠤᠭᠤᠷᠤᠨᠳᠤᠬᠢ | ᠬᠤᠯᠪᠤᠭᠳᠠᠯ ᠪᠣᠯ ᠤᠭᠲᠠᠷᠭᠤᠢ ᠶᠢᠨ ᠦᠵᠡᠯᠲᠡ ᠪᠦᠷᠢᠯᠳᠦᠬᠦ ᠶᠢᠨ ᠴᠢᠬᠤᠯᠠ ᠲᠠᠯ᠎ᠠ ᠪᠣᠯᠣᠨ᠎ᠠ᠃ ᠪᠤᠳᠠᠳᠠᠢ ᠪᠠᠷ | ᠬᠡᠯᠡᠪᠡᠯ ᠠᠳᠠᠯᠢ ᠪᠣᠰᠤ ᠲᠠᠯ᠎ᠠ ᠠᠴᠠ ᠪᠡᠶᠡᠲᠤ ᠶᠢᠨ ᠵᠢᠷᠤᠭ ᠳᠦᠷᠰᠦ ᠶᠢ ᠠᠵᠢᠭᠯᠠᠵᠤ᠂ ᠪᠡᠶᠡᠲᠤ ᠶᠢᠨ ᠵᠢᠷᠤᠭ | ᠳᠦᠷᠰᠦ ᠶᠢ ᠬᠠᠶᠢᠴᠢᠯᠠᠨ ᠳᠡᠯᠭᠡᠵᠤ ᠬᠠᠪᠲᠠᠭᠠᠢ ᠶᠢᠨ ᠵᠢᠷᠤᠭ ᠳᠦᠷᠰᠦ ᠪᠣᠯᠭᠠᠨ᠎ᠠ᠃ ᠪᠠᠰᠠ ᠬᠠᠪᠲᠠᠭᠠᠢ ᠶᠢᠨ ᠵᠢᠷᠤᠭ | ᠳᠦᠷᠰᠦ ᠶᠢ ᠠᠳᠠᠯᠢ ᠪᠣᠰᠤ ᠲᠠᠯ᠎ᠠ ᠠᠴᠠ ᠠᠵᠢᠭᠯᠠᠨ᠂ ᠪᠡᠶᠡᠲᠦ ᠶᠢᠨ ᠵᠢᠷᠤᠭ ᠳᠦᠷᠰᠦ ᠶᠢ ᠨᠢ ᠰᠡᠷᠭᠦᠭᠡᠨ᠂ ᠬᠠᠪᠲᠠᠭᠠᠢ | ᠶᠢᠨ ᠳᠡᠯᠭᠡᠮᠡᠯ ᠵᠢᠷᠤᠭ ᠢ ᠨᠤᠭᠤᠯᠵᠤ ᠪᠡᠶᠡᠲᠤ ᠶᠢᠨ ᠵᠢᠷᠤᠭ ᠳᠦᠷᠰᠦ ᠪᠤᠯᠭᠠᠵᠤ᠂ ᠬᠠᠪᠲᠠᠭᠠᠢ ᠶᠢᠨ ᠵᠢᠷᠤᠭ ᠳᠦᠷᠰᠦ ᠶᠢ | ᠵᠡᠷᠭᠡᠴᠡᠭᠡ ᠰᠢᠯᠵᠢᠭᠦᠯᠵᠦ ᠡᠷᠬᠢᠯᠲᠡ ᠬᠢᠯᠭᠡᠵᠦ ᠪᠠᠶᠢᠭᠠᠳ ᠪᠡᠶᠡᠲᠤ ᠶᠢᠨ ᠵᠢᠷᠤᠭ ᠳᠦᠷᠰᠦ ᠶᠢ ᠣᠯᠤᠨ᠎ᠠ᠃ | ᠵᠢᠭᠠᠨ ᠰᠤᠷᠭᠠᠯᠲᠠ ᠳᠤᠮᠳᠠ ᠪᠠᠨ ᠢᠯᠡᠭᠦᠤ ᠰᠢᠭ ᠬᠤᠪᠢᠷᠠᠭᠠᠬᠤ ᠬᠦᠳᠡᠯᠭᠡᠭᠡᠨ ᠢ ᠦᠷᠨᠢᠭᠦᠯᠵᠦ᠂ | ᠰᠤᠷᠤᠭᠴᠢ ᠶᠢ ᠬᠦᠳᠡᠯᠭᠡᠭᠡᠨ ᠤ ᠳᠤᠮᠳᠠ ᠳᠦᠷᠰᠦᠯᠡᠨ ᠪᠤᠳᠤᠭᠤᠯᠵᠤ ᠤᠭᠲᠠᠷᠭᠤᠢ ᠶᠢᠨ ᠦᠵᠡᠯᠲᠡ ᠶᠢ | ᠬᠦᠭᠵᠢᠭᠦᠯᠦᠨ᠎ᠡ᠃ | 2. ᠮᠦᠷᠳᠡᠯᠲᠡ ᠪᠠ ᠲᠦᠷᠰᠦᠯᠡᠨ ᠪᠤᠳᠤᠯᠲᠠ ᠶᠢᠨ ᠶᠠᠪᠤᠴᠠ ᠳᠤ ᠰᠤᠷᠤᠭᠴᠢ ᠶᠢᠨ ᠤᠭᠲᠠᠷᠭᠤᠢ ᠶᠢᠨ | ᠦᠵᠡᠯᠲᠠ ᠶᠢ ᠬᠦᠭᠵᠢᠭᠦᠯᠭᠦ | ᠠᠵᠢᠭᠯᠠᠬᠤ ᠪᠠ ᠣᠷᠤᠯᠳᠤᠬᠤ ᠪᠣᠯ ᠣᠭᠲᠠᠷᠭᠤᠢ ᠶᠢᠨ ᠦᠵᠡᠯᠲᠡ ᠶᠢ ᠬᠦᠭᠵᠢᠭᠦᠯᠬᠦ ᠰᠠᠭᠤᠷᠢ᠂ ᠮᠦᠷᠳᠡᠬᠦ ᠪᠠ | ᠳᠦᠷᠰᠦᠯᠡᠨ ᠪᠤᠳᠤᠬᠤ ᠪᠣᠯ ᠤᠭᠲᠠᠷᠭᠤᠢ ᠶᠢᠨ ᠦᠵᠡᠯᠲᠡ ᠶᠢ ᠬᠦᠭᠵᠢᠬᠦᠯᠬᠦ ᠴᠢᠬᠤᠯᠠ ᠠᠷᠭ᠎ᠠ᠃ ᠵᠢᠭᠠᠨ | ᠰᠤᠷᠭᠠᠯᠲᠠ ᠳᠤ ᠤᠷᠢᠳ ᠢᠶᠠᠷ ᠰᠤᠷᠤᠭᠴᠢ ᠪᠣᠳᠤᠯᠬᠢᠯᠠᠵᠤ᠂ ᠮᠠᠭᠠᠳᠯᠠᠵᠤ᠂ ᠳᠠᠷᠠᠭ᠎ᠠ ᠨᠢ ᠦᠵᠡᠵᠤ ᠦᠵᠡᠨ᠎ᠡ᠂ ᠬᠢᠵᠤ | ᠦᠵᠡᠨ᠎ᠡ᠂ ᠪᠤᠳᠠᠳᠠᠢ ᠣᠯᠵᠤ ᠦᠵᠡᠭᠰᠡᠨ ᠪᠠ ᠳᠦᠷᠰᠦᠯᠡᠨ ᠪᠣᠳᠤᠯᠲᠠ ᠶᠢᠨ ᠬᠤᠭᠤᠷᠤᠨᠳᠤ ᠠᠳᠠᠯᠢᠳᠬᠠᠪᠠᠯ ᠰᠠᠶ᠋ᠢ | ᠰᠤᠷᠤᠭᠴᠢ ᠶᠢᠨ ᠳᠦᠷᠰᠦᠯᠡᠨ ᠪᠣᠳᠤᠬᠤ ᠲᠤᠷᠰᠢᠯᠭ᠎ᠠ ᠬᠤᠷᠠᠮᠳᠤᠵᠤ᠂ ᠵᠢᠷᠤᠭ ᠳᠦᠷᠰᠦ ᠶᠢᠨ ᠬᠤᠭᠤᠷᠤᠨᠳᠤᠬᠢ | ᠰᠢᠨᠵᠢ ᠶᠢ ᠢᠯᠭᠠᠨ ᠡᠵᠡᠮᠰᠢᠬᠦ ᠴᠢᠳᠠᠪᠦᠷᠢ ᠶᠢ ᠳᠡᠭᠡᠭᠰᠢᠯᠡᠭᠦᠯᠵᠦ᠂ ᠤᠭᠲᠠᠷᠭᠤᠢ ᠶᠢᠨ ᠦᠵᠡᠯᠲᠡ ᠶᠢ | ᠬᠦᠭᠵᠢᠭᠦᠯᠦᠨ᠎ᠡ᠃ | 3. ᠰᠤᠷᠤᠭᠴᠢ ᠶᠢ ᠵᠤᠷᠢᠬᠵᠢᠭᠤᠯᠤᠨ ᠬᠦᠳᠡᠯᠦᠩᠭᠦᠢ ᠪᠠᠶᠢᠳᠠᠯ ᠳᠤ ᠵᠢᠷᠤᠭ ᠲᠦᠷᠰᠦ ᠶᠢ ᠲᠠᠨᠢᠬᠤ | ᠵᠢᠷᠤᠭ ᠳᠦᠷᠰᠦ ᠳᠤ ᠠᠪᠴᠤ ᠬᠡᠯᠡᠪᠡᠯ᠂ ᠰᠤᠷᠤᠭᠴᠢᠳ ᠲᠠᠶᠢᠪᠤᠩ ᠪᠠᠶᠢᠳᠠᠯ ᠳᠤ ᠲᠠᠨᠢᠬᠤ ᠪᠠᠷ ᠪᠠᠷᠠᠬᠤ ᠦᠬᠡᠢ᠂ | ᠬᠦᠳᠡᠯᠦᠩᠭᠦᠢ ᠪᠠᠶᠢᠳᠠᠯ ᠳᠤ ᠪᠠᠰᠠ ᠲᠠᠨᠢᠨ᠎ᠠ᠃ ᠵᠢᠭᠠᠨ ᠰᠤᠷᠭᠠᠯᠲᠠ ᠳᠤ ᠪᠠᠨ ᠲᠠᠶᠢᠪᠤᠩ ᠪᠠᠶᠢᠳᠠᠯ ᠳᠤ ᠪᠠᠶᠢᠬᠤ ᠪᠠ | ᠬᠦᠳᠡᠯᠦᠩᠭᠦᠢ ᠪᠠᠶᠢᠳᠠᠯ ᠳᠤ ᠪᠠᠶᠢᠬᠤ ᠶᠢ ᠬᠠᠪᠰᠤᠷᠭᠠᠨ᠎ᠠ᠃ ᠵᠢᠱᠢᠶᠡᠯᠡᠪᠡᠯ᠂ ᠲᠡᠭᠰᠢ ᠳᠦᠷᠪᠡᠯᠵᠢᠨ᠂ ᠤᠷᠲᠤ | ᠳᠦᠷᠪᠡᠯᠵᠢᠨ᠂ ᠲᠤᠭᠤᠷᠢᠭ ᠵᠡᠷᠭᠡ ᠶᠢ ᠨᠤᠭᠤᠯᠬᠤ ᠪᠠᠷ ᠳᠠᠮᠵᠢᠵᠤ ᠲᠡᠳᠡᠭᠡᠷ ᠤᠨ ᠲᠡᠭᠰᠢ ᠭᠡᠮᠲᠤ ᠴᠢᠨᠠᠷ ᠢ ᠮᠡᠳᠡᠬᠦ᠂ | ᠪᠠᠰᠠ ᠣᠷᠤᠯᠳᠤᠬᠤ᠂ ᠦᠵᠡᠭᠦᠯᠭᠡ ᠬᠢᠬᠦ ᠵᠡᠷᠭᠡ ᠪᠠᠷ ᠰᠤᠷᠤᠭᠴᠢ ᠳᠤ ᠤᠢᠢᠯᠠᠭᠠᠭᠤᠯᠬᠤ᠂ ᠲᠤᠬᠠᠢᠢᠯᠠᠪᠠᠯ ᠤᠷᠲᠤ | ᠳᠦᠷᠪᠡᠯᠵᠢᠨ ᠪᠡᠶ᠎ᠡ ᠪᠣᠯ ᠤᠷᠲᠤ ᠳᠦᠷᠪᠡᠯᠵᠢᠨ ᠵᠡᠷᠭᠡᠴᠡᠭᠡ ᠰᠢᠯᠵᠢᠭᠡᠳ ᠤᠯᠵᠠᠢ ᠭᠡᠵᠤ ᠦᠵᠡᠵᠦ | ᠪᠣᠯᠤᠨ᠎ᠠ᠃ ᠪᠦᠭᠡᠷᠡᠩᠬᠡᠢ ᠪᠠᠭᠠᠨ᠎ᠠ ᠶᠢ ᠤᠷᠲᠤ ᠳᠦᠷᠪᠡᠯᠵᠢᠨ ᠤ ᠨᠢᠭᠡ ᠲᠠᠯ᠎ᠠ ᠶᠢ ᠲᠠᠭᠠᠭᠤᠯᠵᠤ ᠡᠷᠭᠢᠭᠦᠯᠦᠭᠡᠳ ᠤᠯᠵᠠᠢ | ᠭᠡᠵᠤ ᠦᠵᠡᠵᠦ ᠪᠣᠯᠤᠨ᠎ᠠ᠃ ᠱᠤᠷᠤᠯᠵᠢᠨ ᠢ ᠪᠣᠯ ᠲᠡᠭᠰᠢ ᠳᠦᠷᠪᠡᠯᠵᠢᠨ ᠤ ᠨᠢᠭᠡ ᠡᠭ᠍ᠴᠡ ᠲᠠᠯ᠎ᠠ ᠶᠢ ᠳᠠᠭᠠᠭᠤᠯᠵᠤ | ᠡᠷᠭᠢᠭᠦᠯᠦᠭᠡᠳ ᠤᠯᠵᠠᠢ ᠭᠡᠵᠤ ᠦᠵᠡᠵᠦ ᠪᠣᠯᠤᠨ᠎ᠠ᠃ | ᠳᠤᠯᠤᠭ᠎ᠠ᠂ ᠰᠤᠷᠤᠭᠴᠢ ᠶᠢᠨ ᠮᠦᠷᠳᠡᠬᠦ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ ᠴᠢᠬᠤᠯᠠᠲᠠᠢ | ᠪᠤᠢ︖ | 1. ᠰᠤᠷᠤᠭᠴᠢ ᠶᠢᠨ ᠮᠦᠷᠳᠡᠬᠦ ᠤᠬᠠᠮᠰᠠᠷ ᠤᠨ ᠬᠦᠭᠵᠢᠯᠲᠡ ᠪᠣᠯ ᠪᠦᠬᠦᠢ ᠯᠡ ᠪᠠᠭ᠎ᠠ ᠰᠤᠷᠭᠠᠭᠤᠯᠢ ᠶᠢᠨ | ᠲᠣᠭᠠᠨ ᠤ ᠤᠬᠠᠭᠠᠨ ᠢ ᠰᠤᠷᠤᠯᠴᠠᠬᠤ ᠶᠠᠪᠤᠴᠠ ᠳᠤ ᠨᠡᠪᠲᠡᠷᠡᠭᠦ | ᠲᠤᠭ᠎ᠠ ᠪᠠ ᠠᠯᠭᠧᠪᠷᠡ᠂ ᠵᠢᠷᠤᠭ ᠳᠦᠷᠰᠦ ᠪᠠ ᠭᠧᠤᠮᠧᠲᠷᠢ᠂ ᠪᠦᠷᠢᠳᠭᠡᠯ ᠪᠠ ᠳᠤᠬᠢᠶᠠᠯᠳᠦᠮᠵᠢ᠂ | ᠶᠡᠷᠦᠩᠬᠡᠶᠢᠯᠡᠯ ᠪᠠ ᠭᠡᠷᠡᠭᠯᠡᠭᠡ ᠳᠦᠷᠪᠡᠨ ᠤᠷᠴᠢᠨ ᠲᠤᠳᠤᠷ᠎ᠠ᠂ ᠡᠬᠢᠨ ᠠᠴᠠ ᠠᠳᠠᠭ ᠲᠤ ᠬᠦᠷᠲᠡᠯ᠎ᠡ ᠰᠤᠷᠤᠭᠴᠢ ᠶᠢᠨ | ᠮᠦᠷᠳᠡᠬᠦ ᠤᠬᠠᠮᠰᠠᠷ ᠤᠨ ᠪᠦᠷᠢᠯᠳᠦᠬᠦ ᠪᠠ ᠬᠦᠭᠵᠢᠯᠲᠡ ᠶᠢ ᠴᠢᠬᠤᠯᠠᠴᠢᠯᠠᠨ᠎ᠠ᠃ ᠡᠯ᠎ᠡ ᠵᠦᠢᠯ ᠤᠨ ᠲᠣᠭᠠᠨ ᠤ | ᠤᠬᠠᠭᠠᠨ ᠤ ᠬᠦᠳᠡᠯᠭᠡᠭᠡᠨ ᠤ ᠳᠤᠮᠳᠠ ᠮᠦᠷᠳᠡᠬᠦ ᠤᠬᠠᠮᠰᠠᠷ ᠢ ᠬᠦᠮᠦᠵᠢᠭᠦᠯᠵᠦ᠂ ᠳᠠᠬᠢᠨ ᠳᠠᠪᠲᠠᠨ ᠰᠤᠷᠤᠯᠴᠠᠬᠤ | ᠶᠠᠪᠤᠴᠠ ᠶᠢᠨ ᠳᠤᠮᠳᠠ ᠲᠠᠰᠤᠷᠠᠯᠲᠠ ᠦᠭᠡᠢ ᠲᠤᠷᠰᠢᠯᠭ᠎ᠠ ᠬᠤᠷᠠᠮᠳᠤᠭᠤᠯᠵᠤ᠂ ᠮᠦᠷᠳᠡᠬᠦ ᠤᠬᠠᠮᠰᠠᠷ ᠢ | ᠪᠦᠷᠢᠯᠳᠦᠭᠦᠯᠦᠨ᠎ᠡ᠃ | 2. ᠰᠤᠷᠤᠭᠴᠢ ᠶᠢ ᠵᠤᠷᠢᠬᠵᠢᠭᠤᠯᠤᠨ ︽ᠲᠠᠭᠠᠬᠤ᠂ ᠭᠡᠷᠡᠴᠢᠯᠡᠬᠦ︾ ᠪᠦᠬᠦᠢ ᠯᠡ ᠶᠠᠪᠤᠴᠠ ᠶᠢ ᠲᠠᠰᠤᠷᠠᠯᠲᠠ | ᠦᠭᠡᠢ ᠦᠩᠭᠡᠷᠡᠭᠡᠭᠦ | ᠲᠠᠭᠠᠬᠤ᠂ ᠭᠡᠷᠡᠴᠢᠯᠡᠬᠦ ᠪᠣᠯ ᠮᠦᠷᠳᠡᠬᠦ ᠤᠬᠠᠮᠰᠠᠷ ᠢ ᠬᠦᠭᠵᠢᠭᠦᠯᠬᠦ ᠳᠤ ᠲᠣᠩ ᠴᠢᠬᠤᠯᠠ ᠦᠢᠯᠠᠳᠤᠯ | ᠦᠵᠠᠭᠦᠯᠦᠨᠠ᠃ ᠪᠠᠭᠰᠢ ᠠᠴᠠ ᠲᠣᠩ ᠣᠯᠠᠨ ᠲᠣᠭᠠᠨ ᠤ ᠤᠬᠠᠭᠠᠨ ᠤ ᠬᠦᠳᠡᠯᠭᠡᠭᠡᠨ ᠲᠦᠰᠦᠪᠯᠡᠵᠦ᠂ ᠰᠤᠷᠤᠭᠴᠢ | ᠲᠠᠰᠤᠷᠠᠯᠲᠠ ᠦᠬᠡᠢ ᠲᠠᠭᠠᠬᠤ ᠠᠴᠠ ᠭᠡᠷᠡᠴᠢᠯᠡᠬᠦ ᠪᠦᠬᠦ ᠶᠠᠪᠤᠴᠠ ᠶᠢ ᠪᠡᠶᠡᠴᠢᠯᠡᠨ ᠦᠩᠭᠡᠷᠡᠭᠡᠨ᠎ᠡ᠃ ᠰᠤᠷᠤᠭᠴᠢ | ᠠᠵᠢᠭᠯᠠᠬᠤ᠂ ᠲᠤᠷᠰᠢᠬᠤ᠂ ᠬᠤᠷᠢᠶᠠᠩᠭᠤᠢᠢᠯᠠᠬᠤ᠂ ᠠᠳᠠᠯᠢᠳᠬᠠᠬᠤ ᠪᠠᠷ ᠳᠠᠮᠵᠢᠵᠤ᠂ ᠤᠯᠤᠭᠰᠠᠨ ᠲᠠᠭᠠᠮᠠᠭᠯᠠᠯ ᠢᠶᠠᠨ | ᠨᠢᠭᠡ ᠠᠯᠬᠤᠮ ᠭᠡᠷᠡᠴᠢᠯᠡᠨ᠎ᠡ᠃ ᠡᠬᠦᠨ ᠤ ᠲᠤᠲᠤᠷ᠎ᠠ ᠬᠤᠷᠢᠶᠠᠩᠭᠤᠢᠢᠯᠠᠬᠤ᠂ ᠠᠳᠠᠯᠢᠳᠬᠠᠬᠤ ᠪᠣᠯ ᠲᠠᠭᠠᠮᠠᠭᠯᠠᠯ ᠤᠨ | ᠭᠤᠣᠯ ᠠᠷᠭ᠎ᠠ᠃ ᠬᠤᠷᠢᠶᠠᠩᠭᠤᠢᠢᠯᠠᠨ ᠮᠦᠷᠳᠡᠬᠦ ᠪᠣᠯ ᠤᠨᠴᠠᠭᠠᠢ ᠪᠠᠷ ᠤᠷᠢᠳᠠᠯ ᠪᠣᠯᠭᠠᠵᠤ᠂ ᠡᠩ ᠤᠨ ᠦᠷ᠎ᠡ | ᠳ᠋ᠦᠩ ᠢ ᠮᠦᠷᠳᠡᠨ ᠭᠠᠷᠭᠠᠨ᠎ᠠ᠃ | ᠠᠳᠠᠯᠢᠳᠬᠠᠨ ᠮᠦᠷᠳᠡᠬᠦ ᠪᠣᠯ ᠬᠤᠶᠠᠷ ᠪᠣᠶᠤ ᠬᠤᠶᠠᠷ ᠲᠦᠷᠦᠯ ᠤᠨ ᠡᠲᠡᠭᠡᠳ ᠤᠨ ᠶᠠᠮᠠᠷ ᠨᠢᠭᠡᠨ | ᠬᠠᠷᠢᠶᠠᠯᠠᠭᠳᠠᠬᠤ ᠴᠢᠨᠠᠷ ᠨᠢ ᠠᠳᠠᠯᠢ ᠪᠤᠶᠤ ᠠᠳᠠᠯᠢᠪᠲᠤᠷ ᠠᠴᠠ ᠲᠡᠳᠡᠨ ᠤ ᠨᠦᠭᠦᠭᠡ ᠨᠢᠭᠡ ᠬᠠᠷᠢᠶᠠᠯᠠᠭᠳᠠᠬᠤ | ᠴᠢᠨᠠᠷ ᠨᠢ ᠠᠳᠠᠯᠢ ᠪᠤᠶᠤ ᠠᠳᠠᠯᠢᠪᠲᠤᠷ ᠪᠣᠯᠬᠤ ᠶᠢ ᠮᠦᠷᠳᠡᠨ ᠭᠠᠷᠭᠠᠬᠤ ᠨᠢᠭᠡᠨ ᠵᠦᠢᠯ ᠤᠨ ᠮᠦᠷᠳᠡᠯᠲᠡ | ᠪᠤᠯᠤᠨ᠎ᠠ᠃ ᠠᠳᠠᠯᠢᠳᠬᠠᠬᠤ ᠨᠢ ᠦᠷ᠎ᠡ ᠳ᠋ᠦᠩ ᠤᠨ ᠠᠳᠠᠯᠢᠳᠬᠠᠯ ᠪᠠᠶᠢᠵᠤ ᠪᠣᠯᠤᠨ᠎ᠠ᠂ ᠪᠠᠰᠠ ᠠᠷᠭ᠎ᠠ ᠶᠢᠨ | ᠠᠳᠠᠯᠢᠳᠬᠠᠯ ᠪᠠᠶᠢᠵᠤ ᠪᠣᠯᠤᠨ᠎ᠠ᠃ ᠰᠤᠷᠤᠭᠴᠢ ᠲᠠᠭᠠᠮᠠᠭᠯᠠᠯ ᠳᠤᠷᠠᠳᠤᠭᠰᠠᠨ ᠤ ᠳᠠᠷᠠᠭ᠎ᠠ ᠭᠡᠷᠡᠴᠢᠯᠡᠬᠦ ᠶᠢ | ᠱᠠᠭᠠᠷᠳᠠᠨ᠎ᠠ᠃ ᠪᠠᠭ᠎ᠠ ᠰᠤᠷᠭᠠᠭᠤᠯᠢ ᠶᠢᠨ ᠰᠤᠷᠤᠭᠴᠢ ᠦᠷᠭᠦᠯᠵᠢ ᠨᠢᠭᠡ ᠪᠦᠯᠦᠭ ᠵᠢᠱᠢᠶ᠎ᠡ ᠲᠠᠲᠠᠬᠤ᠂ ᠠᠮᠢᠳᠤᠷᠠᠯ ᠤᠨ | ᠪᠤᠳᠠᠳᠤ ᠦᠵᠡᠭᠳᠡᠯ ᠢ ᠠᠰᠢᠭᠯᠠᠬᠤ᠂ ᠵᠢᠷᠤᠭ ᠳᠦᠷᠰᠦ ᠪᠠᠷ ᠬᠠᠪᠰᠤᠷᠤᠮᠵᠢ ᠪᠣᠯᠭᠠᠬᠤ ᠵᠡᠷᠭᠡ ᠠᠷᠭ᠎ᠠ ᠪᠠᠷ | ᠲᠠᠶᠢᠯᠪᠦᠷᠢᠯᠠᠯᠲᠠ ᠬᠢᠬᠦ᠂ ᠪᠠᠰᠠ ᠤᠬᠠᠭᠳᠠᠬᠤᠨ ᠤ ᠠᠷᠭ᠎ᠠ ᠪᠠᠷ ᠲᠠᠶᠢᠯᠪᠦᠷᠢᠯᠠᠯᠲᠠ ᠬᠢᠳᠡᠭ᠃ ᠭᠡᠷᠡᠴᠢᠯᠡᠬᠦ ᠠᠷᠭ᠎ᠠ ᠨᠢ | ᠴᠤ ᠤᠯᠠᠨ ᠪᠠᠶᠢᠳᠠᠭ᠂ ᠲᠡᠮᠲᠡᠭ ᠢᠶᠠᠷ ᠲᠣᠳᠤᠷᠬᠠᠢᠢᠯᠠᠬᠤ᠂ ᠪᠠᠶᠢᠭᠠᠯᠢᠯᠢᠬ ᠦᠭᠡ ᠬᠡᠯᠡ᠂ ᠵᠢᠷᠤᠭ ᠢᠶᠠᠷ | ᠲᠠᠶᠢᠯᠪᠦᠷᠢᠯᠠᠯᠲᠠ ᠬᠢᠬᠦ ᠵᠡᠷᠭᠡ᠃ | 3. ᠰᠤᠷᠤᠭᠴᠢ ᠶᠢᠨ ᠳᠡᠰ ᠳᠠᠷᠠᠭ᠎ᠠ ᠲᠠᠢ ᠢᠯᠡᠳᠭᠡᠬᠦ᠂ ᠭᠡᠷᠡᠴᠢ ᠪᠠᠷᠢᠮᠲᠠ ᠲᠠᠢ ᠬᠡᠯᠡᠬᠦ ᠶᠢ ᠵᠤᠷᠢᠬᠵᠢᠭᠤᠯᠬᠤ | ᠮᠦᠷᠳᠡᠬᠦ ᠤᠬᠠᠮᠰᠠᠷ ᠢ ᠬᠦᠭᠵᠢᠭᠦᠯᠬᠦ ᠪᠣᠯ ᠰᠤᠷᠤᠭᠴᠢ ᠶᠢᠨ ᠲᠣᠭᠠᠨ ᠤ ᠤᠬᠠᠭᠠᠨ ᠤ ᠢᠯᠡᠳᠭᠡᠬᠦ | ᠴᠢᠳᠠᠪᠦᠷᠢ ᠶᠢ ᠠᠬᠢᠭᠤᠯᠵᠤ᠂ ᠲᠤᠭᠠᠨ ᠤ ᠤᠬᠠᠭᠠᠨ ᠢᠶᠠᠷ ᠢᠯᠡᠳᠭᠡᠬᠦ ᠨᠢ ᠪᠠᠰᠠ ᠰᠤᠷᠤᠭᠴᠢ ᠶᠢᠨ ᠮᠦᠷᠳᠡᠬᠦ | ᠤᠬᠠᠮᠰᠠᠷ ᠤᠨ ᠪᠦᠷᠢᠯᠳᠦᠬᠦ ᠳᠤ ᠬᠠᠪᠰᠤᠷᠤᠮᠵᠢ ᠪᠣᠯᠤᠨ᠎ᠠ᠃ ᠡᠶᠢᠮᠦ ᠠᠴᠠ ᠠᠵᠢᠭᠯᠠᠬᠤ᠂ ᠲᠤᠷᠰᠢᠬᠤ᠂ ᠲᠠᠭᠠᠮᠠᠭᠯᠠᠬᠤ᠂ | ᠪᠠᠲᠣᠯᠠᠬᠤ ᠵᠡᠷᠭᠡ ᠲᠣᠭᠠᠨ ᠤ ᠤᠬᠠᠭᠠᠨ ᠤ ᠬᠦᠳᠡᠯᠭᠡᠬᠡᠨ ᠳᠤᠮᠳᠠ ᠰᠤᠷᠤᠭᠴᠢ ᠶᠢᠨ ᠠᠭᠠᠵᠢᠮ ᠢᠶᠠᠷ ᠦᠪᠡᠷ ᠤᠨ | ᠪᠦᠷᠢᠯᠳᠦᠭᠰᠡᠨ ᠶᠠᠪᠤᠴᠠ ᠪᠣᠶᠣ ᠰᠡᠳᠭᠢᠭᠰᠡᠨ ᠦᠷ᠎ᠡ ᠳ᠋ᠦᠩ ᠢᠶᠠᠨ ᠲᠤᠳᠤᠷᠬᠠᠢ ᠢᠯᠡᠳᠭᠡᠬᠦ ᠳᠠᠳᠬᠠᠯ ᠢ | ᠬᠦᠮᠦᠵᠢᠭᠦᠯᠵᠦ᠂ ᠬᠡᠯᠡᠬᠦ ᠳᠤ ᠶᠤᠰᠦᠲᠠᠢ᠂ ᠪᠢᠴᠢᠬᠦ ᠳᠤ ᠭᠡᠷᠡᠴᠢ ᠲᠠᠢ ᠪᠠᠶᠢᠯᠭᠠᠬᠤ ᠬᠡᠷᠡᠭᠲᠡᠢ᠃ | ᠨᠠᠢᠮᠠ᠂ ᠰᠤᠷᠤᠭᠴᠢ ᠶᠢᠨ ᠲᠤᠭ᠎ᠠ ᠪᠠᠷᠢᠮᠲᠠ ᠶᠢᠨ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ | ᠴᠢᠬᠤᠯᠠᠲᠠᠢ ᠪᠤᠢ︖ | 1. ᠪᠤᠳᠠᠳᠤ ᠠᠰᠠᠭᠤᠳᠠᠯ ᠳᠤ ᠴᠢᠭᠯᠡᠭᠦᠯᠵᠦ᠂ ᠲᠤᠭ᠎ᠠ ᠪᠠᠷᠢᠮᠲᠠ ᠶᠢᠨ ᠤᠳᠬ᠎ᠠ ᠶᠢ ᠪᠡᠶᠡᠴᠢᠯᠡᠨ ᠤᠢᠢᠯᠠᠭᠠᠬᠤ | ᠲᠤᠭ᠎ᠠ ᠪᠠᠷᠢᠮᠲᠠ ᠪᠣᠯ ᠦᠨᠡᠨ ᠠᠮᠢᠳᠤᠷᠠᠯ ᠠᠴᠠ ᠢᠷᠡᠯᠲᠡᠢ᠂ ᠡᠶᠢᠮᠦ ᠠᠴᠠ ᠦᠨᠡᠨ ᠪᠣᠳᠠᠳᠠᠢ ᠠᠰᠠᠭᠤᠳᠠᠯ ᠤᠨ | ᠣᠷᠴᠢᠨ ᠢ ᠪᠠᠶᠢᠭᠤᠯᠵᠤ᠂ ᠠᠰᠠᠭᠤᠳᠠᠯ ᠤᠨ ᠣᠷᠴᠢᠨ ᠢ ᠵᠠᠳᠠᠯᠬᠤ ᠪᠠᠷ ᠳᠠᠮᠵᠢᠵᠤ᠂ ᠠᠭᠠᠵᠢᠮ ᠢᠶᠠᠷ ᠲᠤᠭ᠎ᠠ ᠪᠠᠷᠢᠮᠲᠠ | ᠪᠦᠷᠢᠳᠭᠡᠬᠦ ᠵᠢᠭᠠᠨ ᠰᠤᠷᠭᠠᠯᠲᠠ ᠶᠠᠪᠤᠭᠳᠠᠭᠤᠯᠤᠨ᠎ᠠ᠃ ᠦᠨᠡᠨ ᠪᠤᠳᠠᠳᠠᠢ ᠲᠤᠭ᠎ᠠ ᠪᠠᠷᠢᠮᠲᠠ ᠶᠢᠨ ᠣᠷᠴᠢᠨ ᠢᠶᠠᠷ | ᠳᠠᠮᠵᠢᠵᠤ᠂ ᠲᠤᠭ᠎ᠠ ᠪᠠᠷᠢᠮᠲᠠ ᠵᠠᠳᠠᠯᠬᠤ ᠠᠷᠭ᠎ᠠ ᠪᠣᠳᠤᠯᠭ᠎ᠠ ᠶᠢᠨ ᠰᠠᠭᠤᠷᠢᠨ ᠲᠡᠭᠡᠷ᠎ᠡ᠂ ᠰᠤᠷᠤᠭᠴᠢ ᠪᠠᠷ ᠲᠤᠭ᠎ᠠ | ᠪᠠᠷᠢᠮᠲᠠ ᠶᠢᠨ ᠠᠮᠢᠳᠤᠷᠠᠯ ᠳᠤᠮᠳᠠᠬᠢ ᠦᠢᠯᠡᠳᠦᠯ ᠪᠠ ᠨᠦᠯᠦᠭᠡ ᠶᠢ ᠪᠡᠶᠡᠴᠢᠯᠡᠨ ᠣᠢᠢᠯᠠᠭᠠᠭᠤᠯᠵᠤ᠂ ᠲᠤᠭ᠎ᠠ | ᠪᠠᠷᠢᠮᠲᠠ ᠶᠢ ᠬᠡᠷᠡᠭᠯᠡᠵᠦ ᠴᠢᠳᠠᠬᠤ ᠪᠣᠯᠭᠠᠨ᠎ᠠ᠃ ᠠᠭᠠᠵᠢᠮ ᠢᠶᠠᠷ ᠲᠤᠭ᠎ᠠ ᠪᠠᠷᠢᠮᠲᠠ ᠶᠢᠨ ᠴᠢᠬᠤᠯᠠ ᠴᠢᠨᠠᠷ ᠢ ᠪᠡᠶᠡᠴᠢᠯᠡᠨ | ᠣᠢᠢᠯᠠᠭᠠᠵᠤ᠂ ᠠᠭᠠᠵᠢᠮ ᠢᠶᠠᠷ ᠲᠤᠭ᠎ᠠ ᠪᠠᠷᠢᠮᠲᠠ ᠪᠦᠷᠢᠳᠭᠡᠬᠦ ᠤᠬᠠᠮᠰᠠᠷ ᠢ ᠪᠦᠷᠢᠯᠳᠦᠭᠦᠯᠦᠨ᠎ᠡ᠃ ᠡᠶᠢᠮᠦ ᠠᠴᠠ | ᠪᠠᠭᠰᠢ ᠠᠴᠠ ᠠᠰᠠᠭᠤᠳᠠᠯ ᠤᠨ ᠣᠷᠴᠢᠨ ᠢ ᠲᠦᠰᠦᠪᠯᠡᠵᠦ᠂ ᠰᠤᠷᠤᠭᠴᠢ ᠪᠠᠷ ᠲᠤᠭ᠎ᠠ ᠪᠠᠷᠢᠮᠲᠠ ᠪᠦᠷᠢᠳᠭᠡᠬᠦ | ᠤᠬᠠᠮᠰᠠᠷ ᠢ ᠪᠡᠶᠡᠴᠢᠯᠡᠨ ᠦᠩᠭᠡᠷᠡᠭᠡᠨ᠎ᠡ᠃ ᠲᠤᠭ᠎ᠠ ᠪᠠᠷᠢᠮᠲᠠ ᠲᠠᠢ ᠤᠴᠠᠷᠠᠪᠠᠯ᠂ ᠡᠳᠡᠭᠡᠷ ᠲᠤᠭ᠎ᠠ ᠪᠠᠷᠢᠮᠲᠠ ᠨᠢ ᠶᠠᠮᠠᠷ | ᠠᠰᠠᠭᠤᠳᠠᠯ ᠢ ᠰᠢᠢᠳᠪᠦᠷᠢᠯᠡᠬᠦ ᠶᠤᠮ ᠪᠠᠶᠢᠨ᠎ᠠ ᠭᠡᠳᠡᠭ ᠢ ᠶᠠᠷᠢᠯᠴᠠᠭᠤᠯᠤᠨ᠎ᠠ᠃ ᠪᠠᠰᠠ ᠰᠤᠷᠤᠭᠴᠢ ᠪᠠᠷ ᠪᠦᠷᠢᠳᠭᠡᠯ ᠤᠨ | ᠬᠡᠷᠡᠭᠯᠡᠯᠲᠡ ᠶᠢᠨ ᠵᠢᠱᠢᠶ᠎ᠡ ᠶᠢ ᠬᠤᠷᠠᠮᠳᠤᠭᠤᠯᠵᠤ᠂ ᠶᠡᠷᠦᠩᠬᠡᠶᠢᠯᠡᠬᠦ ᠦᠢᠯᠡᠳᠦᠯᠭᠡ ᠶᠢᠨ ᠬᠦᠳᠡᠯᠭᠡᠭᠡᠨ ᠦᠷᠨᠢᠭᠦᠯᠵᠦ᠂ | ᠪᠦᠷᠢᠳᠭᠡᠯ ᠤᠨ ᠦᠢᠯᠡᠳᠦᠯ ᠢ ᠪᠡᠶᠡᠴᠢᠯᠡᠨ ᠤᠢᠢᠯᠠᠭᠠᠭᠤᠯᠤᠨᠠ᠃ | 2. ᠪᠦᠷᠢᠳᠭᠡᠯ ᠤᠨ ᠶᠠᠪᠤᠴᠠ ᠶᠢ ᠦᠩᠭᠡᠷᠡᠭᠡᠵᠦ᠂ ᠪᠦᠷᠢᠳᠭᠡᠯ ᠤᠨ ᠠᠷᠭ᠎ᠠ ᠶᠢ ᠰᠤᠷᠤᠯᠴᠠᠬᠤ | ᠪᠤᠳᠠᠳᠤ ᠤᠷᠴᠢᠨ᠂ ᠪᠤᠳᠠᠳᠤ ᠠᠰᠠᠭᠤᠳᠠᠯ ᠠᠴᠠ ᠭᠠᠷᠳᠠᠵᠤ᠂ ᠰᠤᠷᠤᠭᠴᠢ ᠶᠢ ᠵᠢᠯᠤᠭᠤᠳᠤᠨ ᠪᠦᠷᠢᠨ ᠪᠦᠲᠦᠨ | ᠲᠤᠭ᠎ᠠ ᠪᠠᠷᠢᠮᠲᠠ ᠴᠤᠭᠯᠠᠭᠤᠯᠬᠤ ᠪᠣᠶᠣ ᠡᠮᠬᠢᠳᠭᠡᠬᠦ ᠶᠠᠪᠤᠴᠠ ᠶᠢ ᠦᠩᠭᠡᠷᠡᠭᠡᠵᠦ᠂ ᠲᠤᠭ᠎ᠠ ᠪᠠᠷᠢᠮᠲᠠ ᠴᠤᠭᠯᠠᠭᠤᠯᠬᠤ | ᠴᠢᠬᠤᠯᠠ ᠴᠢᠨᠠᠷ ᠢ ᠰᠡᠷᠡᠨ ᠮᠡᠳᠡᠬᠦ ᠶᠢᠨ ᠳᠠᠭᠠᠤ ᠲᠤᠬᠢᠷᠠᠮᠵᠢᠲᠠᠢ ᠠᠷᠭ᠎ᠠ ᠶᠢ ᠰᠤᠩᠭᠤᠵᠤ᠂ ᠲᠤᠭ᠎ᠠ ᠪᠠᠷᠢᠮᠲᠠ | ᠴᠤᠭᠯᠠᠭᠤᠯᠵᠤ ᠡᠮᠬᠢᠳᠭᠡᠬᠦ ᠶᠢ ᠰᠤᠷᠴᠤ᠂ ᠲᠣᠬᠢᠷᠠᠮᠵᠢᠲᠠᠢ ᠪᠦᠷᠢᠳᠭᠡᠯ ᠤᠨ ᠵᠢᠷᠤᠭ ᠬᠦᠰᠦᠨᠦᠭ ᠢ ᠬᠡᠷᠡᠭᠯᠡᠵᠦ ᠲᠤᠭ᠎ᠠ | ᠪᠠᠷᠢᠮᠲᠠ ᠶᠢ ᠢᠯᠡᠳᠭᠡᠵᠤ ᠭᠠᠷᠭᠠᠬᠤ᠂ ᠲᠤᠭ᠎ᠠ ᠪᠠᠷᠢᠮᠲᠠ ᠶᠢᠨ ᠪᠤᠳᠠᠳᠤ ᠤᠳᠬ᠎ᠠ ᠶᠢ ᠵᠤᠬᠢᠰᠲᠠᠢ ᠲᠠᠶᠢᠯᠪᠦᠷᠢᠯᠠᠵᠤ | ᠴᠢᠳᠠᠨ᠎ᠠ᠃ ᠡᠨᠡ ᠶᠠᠪᠤᠴᠠ ᠳᠤ ᠰᠤᠷᠤᠭᠴᠢ ᠳᠤ ᠲᠤᠭ᠎ᠠ ᠪᠠᠷᠢᠮᠲᠠ ᠴᠤᠭᠯᠠᠭᠤᠯᠵᠤ ᠡᠮᠬᠢᠳᠭᠡᠬᠦ ᠵᠠᠳᠠᠯᠬᠤ ᠠᠷᠭ᠎ᠠ ᠶᠢ | ᠦᠨᠡᠨ ᠬᠦ ᠣᠢᠢᠯᠠᠭᠠᠭᠤᠯᠵᠤ᠂ ᠠᠰᠠᠭᠤᠳᠠᠯ ᠤᠨ ᠤᠷᠴᠢᠨ ᠢ ᠦᠨᠳᠦᠰᠦᠯᠡᠵᠦ ᠵᠤᠬᠢᠰᠲᠠᠢ ᠰᠤᠩᠭᠤᠵᠤ᠂ ᠲᠤᠭ᠎ᠠ | ᠪᠠᠷᠢᠮᠲᠠ ᠶᠢᠨ ᠤᠬᠠᠮᠰᠠᠷ ᠪᠠ ᠠᠩᠬ᠎ᠠ ᠠᠯᠬᠤᠮ ᠤᠨ ᠬᠡᠷᠡᠭᠯᠡᠭᠡᠨ ᠤ ᠤᠬᠠᠮᠰᠠᠷ ᠢ ᠪᠦᠷᠢᠯᠳᠦᠭᠦᠯᠦᠨ᠎ᠡ᠃ | 3. ᠲᠤᠭ᠎ᠠ ᠪᠠᠷᠢᠮᠲᠠ ᠶᠢᠨ ᠲᠠᠰᠢᠷᠠᠮ ᠤᠨ ᠴᠢᠨᠠᠷ ᠢ ᠰᠡᠷᠡᠨ ᠮᠡᠳᠡᠵᠦ᠂ ᠲᠠᠰᠢᠷᠠᠮ ᠤᠨ ᠦᠵᠡᠭᠳᠡᠯ ᠡᠭᠦᠰᠬᠦ ᠶᠢᠨ | ᠪᠤᠯᠤᠯᠴᠠᠭᠠᠳᠤ ᠴᠢᠨᠠᠷ ᠢ ᠤᠢᠢᠯᠠᠭᠠᠬᠤ᠃ | ᠲᠤᠭ᠎ᠠ ᠪᠠᠷᠢᠮᠲᠠ ᠶᠢᠨ ᠲᠠᠰᠢᠷᠠᠮ ᠤᠨ ᠴᠢᠨᠠᠷ ᠤᠨ ᠭᠤᠤᠯ ᠢᠯᠡᠷᠡᠯ ᠨᠢ ᠭᠡᠪᠡᠯ᠂ ᠨᠢᠭᠡ ᠲᠠᠯ᠎ᠠ ᠪᠠᠷ᠂ | ᠠᠳᠠᠯᠢᠬᠠᠨ ᠬᠡᠷᠡᠭ ᠤᠴᠢᠷ ᠤᠨ ᠤᠳᠠᠭ᠎ᠠ ᠪᠤᠯᠭᠠᠨ ᠤ ᠴᠤᠭᠯᠠᠭᠤᠯᠤᠭᠰᠠᠨ ᠲᠤᠭ᠎ᠠ ᠪᠠᠷᠢᠮᠲᠠ ᠨᠢ ᠠᠳᠠᠯᠢ ᠪᠤᠰᠤ ᠪᠤᠯᠬᠤ | ᠪᠣᠯᠤᠯᠴᠠᠭ᠎ᠠ ᠲᠠᠢ᠃ ᠨᠦᠭᠦᠭᠡ ᠲᠠᠯ᠎ᠠ ᠪᠠᠷ᠂ ᠲᠤᠭ᠎ᠠ ᠪᠠᠷᠢᠮᠲᠠ ᠬᠦᠢᠴᠡᠳ ᠪᠠᠶᠢᠪᠠᠰᠤ᠂ ᠲᠡᠭᠦᠨ ᠤ ᠳᠤᠮᠳᠠ ᠠᠴᠠ | ᠵᠢᠮ᠎ᠡ ᠶᠤᠰᠤ ᠶᠢ ᠢᠯᠡᠷᠡᠬᠦᠯᠵᠦ ᠲᠡᠶᠢᠯᠦᠨ᠎ᠡ᠃ ᠵᠢᠱᠢᠶᠡᠯᠡᠪᠡᠯ᠂ 2022 ᠤᠨ ᠤ ᠬᠢᠴᠢᠶᠡᠯ ᠤᠨ ᠪᠠᠷᠢᠮᠵᠢᠶᠠᠨ ᠤ | ᠳᠤᠮᠳᠠᠬᠢ ︽ᠰᠤᠷᠭᠠᠭᠤᠯᠢ ᠳᠤ ᠶᠠᠪᠤᠬᠤ ᠬᠤᠭᠤᠴᠠᠭ᠎ᠠ︾ ᠪᠠᠷ ᠵᠢᠱᠢᠶᠡᠯᠡᠪᠡᠯ᠂ ᠰᠤᠷᠤᠭᠴᠢ ᠡᠳᠦᠷ ᠪᠦᠷᠢ ᠶᠢᠨ | ᠰᠤᠷᠭᠠᠭᠤᠯᠢ ᠳᠤ ᠶᠠᠪᠤᠬᠤ ᠳᠤ ᠬᠡᠷᠡᠭᠯᠡᠬᠦ ᠬᠤᠭᠤᠴᠠᠭ᠎ᠠ ᠪᠠᠨ ᠦᠪᠡᠷ ᠢᠶᠠᠨ ᠲᠡᠮᠲᠡᠭᠯᠡᠨ᠎ᠡ᠃ ᠬᠡᠷᠪᠡ ᠨᠢᠭᠡ | ᠮᠢᠨᠦ᠋ᠲ ᠢᠶᠠᠷ ᠨᠢᠭᠡᠴᠢ ᠪᠤᠯᠭᠠᠵᠤ ᠲᠠᠮᠲᠡᠭᠯᠡᠪᠡᠯ᠂ ᠡᠳᠦᠷ ᠪᠦᠷᠢ ᠶᠢᠨ ᠰᠤᠷᠭᠠᠭᠤᠯᠢ ᠳᠤ ᠶᠠᠪᠤᠬᠤ ᠳᠤ ᠬᠡᠷᠡᠭᠰᠡᠬᠦ | ᠬᠤᠭᠤᠴᠠᠭ᠎ᠠ ᠨᠢ ᠠᠳᠠᠯᠢ ᠦᠬᠡᠢ᠃ ᠬᠡᠷᠪᠡ ᠲᠡᠮᠲᠡᠭᠯᠡᠭᠰᠡᠨ ᠡᠳᠦᠷ ᠨᠢ ᠭᠦᠢᠴᠡᠳ ᠠᠷᠪᠢᠨ ᠪᠣᠯᠬᠤ ᠦᠶᠡᠰ᠂ ᠲᠤᠭ᠎ᠠ | ᠪᠠᠷᠢᠮᠲᠠ ᠨᠢ ᠲᠣᠭᠲᠠᠪᠦᠷᠢᠲᠠᠢ ᠪᠣᠯᠴᠢᠬᠠᠨ᠎ᠠ᠂ ︽ᠶᠡᠭᠡ ᠲᠦᠯᠦᠪ︾ ᠬᠡᠳᠦᠢ ᠬᠤᠭᠤᠴᠠᠭ᠎ᠠ ᠬᠡᠷᠡᠭᠯᠡᠬᠦ ᠶᠢ | ᠮᠡᠳᠡᠨ᠎ᠡ᠃ ᠡᠨᠡ ᠬᠦᠳᠡᠯᠭᠡᠭᠡᠨ ᠤ ᠶᠠᠪᠤᠴᠠ ᠳᠤ ᠰᠤᠷᠤᠭᠴᠢ ᠶᠢ ᠵᠢᠯᠤᠭᠤᠳᠤᠨ ᠲᠤᠭ᠎ᠠ ᠪᠠᠷᠢᠮᠲᠠ ᠶᠢᠨ ᠲᠠᠰᠢᠷᠠᠮ ᠤᠨ | ᠴᠢᠨᠠᠷ ᠢ ᠰᠡᠷᠡᠨ ᠮᠡᠳᠡᠭᠦᠯᠵᠦ᠂ ᠲᠤᠭ᠎ᠠ ᠪᠠᠷᠢᠮᠲᠠ ᠶᠢᠨ ᠦᠨ᠎ᠡ ᠦᠷᠳᠡᠭ ᠢ ᠪᠡᠶᠡᠴᠢᠯᠡᠨ ᠣᠢᠢᠯᠠᠭᠠᠭᠤᠯᠤᠨ᠎ᠠ᠃ | ᠶᠢᠰᠦ᠂ ᠰᠤᠷᠤᠭᠴᠢ ᠶᠢᠨ ᠵᠠᠭᠪᠤᠷ ᠤᠨ ᠤᠬᠠᠮᠰᠠᠷ ᠢ ᠬᠦᠭᠵᠢᠬᠦᠯᠬᠦ ᠳᠤ ᠶᠠᠭᠤ ᠶᠢ ᠠᠩᠬᠠᠷᠬᠤ ᠬᠡᠷᠡᠭᠲᠡᠢ ᠪᠤᠢ︖ | 1. ᠪᠤᠳᠠᠳᠤ ᠠᠰᠠᠭᠤᠳᠠᠯ ᠤᠨ ᠤᠷᠴᠢᠨ ᠢ ᠨᠠᠷᠢᠯᠢᠬ ᠵᠤᠬᠢᠶᠠᠨ ᠪᠠᠶᠢᠭᠤᠯᠵᠤ ᠰᠤᠷᠤᠭᠴᠢ ᠪᠠᠷ ᠪᠤᠳᠠᠳᠠᠢ | ᠠᠰᠠᠭᠤᠳᠠᠯ ᠢ ᠰᠢᠢᠳᠪᠦᠷᠢᠯᠡᠬᠦ ᠶᠠᠪᠤᠴᠠ ᠶᠢ ᠦᠩᠭᠡᠷᠡᠬᠦᠯᠭᠦ | ᠲᠣᠭᠠᠨ ᠤ ᠤᠬᠠᠭᠠᠨ ᠤ ᠵᠠᠭᠪᠤᠷ ᠪᠠᠶᠢᠭᠤᠯᠬᠤ ᠪᠣᠯ ᠲᠣᠭᠠᠨ ᠤ ᠤᠬᠠᠭᠠᠨ ᠪᠠ ᠠᠮᠢᠳᠤᠷᠠᠯ ᠤᠨ | ᠬᠤᠭᠤᠷᠤᠨᠳᠤᠬᠢ ᠬᠦᠬᠦᠷᠭᠡ ᠪᠣᠯᠤᠨ᠎ᠠ᠃ ᠵᠠᠭᠪᠤᠷ ᠤᠨ ᠤᠬᠠᠮᠰᠠᠷ ᠢ ᠬᠦᠭᠵᠢᠭᠦᠯᠬᠦ ᠪᠣᠯ ᠰᠤᠷᠤᠭᠴᠢ ᠶᠢᠨ ᠲᠣᠭᠠᠨ ᠤ | ᠤᠬᠠᠭᠠᠨ ᠪᠠ ᠭᠠᠳᠠᠭᠠᠳᠤ ᠶᠢᠷᠲᠢᠨᠴᠦ ᠶᠢᠨ ᠬᠤᠭᠤᠷᠤᠨᠳᠤᠬᠢ ᠬᠤᠯᠪᠤᠭ᠎ᠠ ᠶᠢ ᠪᠡᠶᠡᠴᠢᠯᠡᠨ ᠦᠩᠭᠡᠷᠡᠭᠡᠬᠦ ᠦᠨᠳᠦᠰᠦᠨ | ᠠᠷᠭ᠎ᠠ ᠵᠠᠮ ᠮᠦᠨ᠃ ᠵᠢᠭᠠᠨ ᠰᠤᠷᠭᠠᠯᠲᠠ ᠳᠤᠮᠳᠠ ᠪᠠᠨ ᠪᠤᠳᠠᠳᠤ ᠠᠰᠠᠭᠤᠳᠠᠯ ᠤᠨ ᠤᠷᠴᠢᠨ ᠢ ᠪᠠᠶᠢᠭᠤᠯᠵᠤ | ᠰᠤᠷᠤᠭᠴᠢ ᠶᠢ ᠵᠣᠷᠢᠬᠵᠢᠭᠤᠯᠤᠨ ᠪᠤᠳᠠᠳᠤ ᠠᠬᠤᠢ ᠤᠷᠴᠢᠨ ᠠᠴᠠ ᠲᠣᠭᠠᠨ ᠤ ᠤᠬᠠᠭᠠᠨ ᠤ ᠠᠰᠠᠭᠤᠳᠠᠯ ᠢ | ᠬᠡᠶᠢᠰᠪᠦᠷᠢᠯᠡᠨ ᠭᠠᠷᠭᠠᠵᠤ᠂ ᠲᠣᠭᠠᠨ ᠤ ᠤᠬᠠᠭᠠᠨ ᠤ ᠮᠡᠳᠡᠯᠭᠡ ᠪᠠ ᠠᠷᠭ᠎ᠠ ᠪᠠᠨ ᠬᠡᠷᠡᠭᠯᠡᠨ᠋ ᠦᠷ᠎ᠡ ᠳ᠋ᠦᠩ ᠢ ᠲᠤᠷᠰᠢᠨ | ᠭᠠᠷᠭᠠᠨ᠎ᠠ᠃ ᠡᠨᠡ ᠰᠠᠭᠤᠷᠢᠨ ᠲᠡᠭᠡᠷ᠎ᠡ ᠪᠤᠳᠠᠲᠠᠢ ᠠᠬᠤᠢ ᠤᠷᠴᠢᠨ ᠳᠤ ᠪᠠᠨ ᠪᠤᠴᠠᠵᠤ ᠰᠢᠯᠭᠠᠨ ᠪᠠᠶᠢᠴᠠᠭᠠᠬᠤ ᠪᠦᠭᠡᠳ | ᠦᠷ᠎ᠡ ᠳ᠋ᠦᠩ ᠤᠨ ᠪᠤᠳᠠᠳᠠᠢ ᠤᠳᠬ᠎ᠠ ᠶᠢ ᠲᠠᠶᠢᠯᠪᠦᠷᠢᠯᠡᠨᠠ᠃ | 2. ᠨᠡᠶᠢᠲᠡᠯᠢᠭ ᠵᠢᠱᠢᠶ᠎ᠡ ᠶᠢ ᠠᠰᠢᠭᠯᠠᠨ᠂ ᠲᠣᠭᠠᠨ ᠤ ᠤᠬᠠᠭᠠᠨ ᠤ ᠵᠠᠭᠪᠤᠷ ᠢᠶᠠᠷ ᠨᠢᠭᠡ ᠪᠦᠯᠦᠭ | ᠠᠰᠠᠭᠤᠳᠠᠯ ᠢ ᠰᠢᠢᠳᠪᠦᠷᠢᠯᠡᠵᠤ ᠪᠣᠯᠤᠨ᠎ᠠ ᠭᠡᠳᠡᠭ ᠢ ᠰᠤᠷᠤᠭᠴᠢ ᠳᠤ ᠰᠡᠷᠡᠨ ᠮᠡᠳᠡᠭᠦᠯᠭᠦ | 2022 ᠣᠨ ᠤ ᠬᠢᠴᠢᠶᠡᠯ ᠤᠨ ᠪᠠᠷᠢᠮᠵᠢᠶ᠎ᠠ ᠳᠡᠭᠡᠷ᠎ᠡ ᠦᠷᠬᠦᠯᠵᠢ ᠬᠠᠷᠠᠭᠳᠠᠳᠠᠭ ᠲᠤᠭ᠎ᠠ ᠬᠡᠮᠵᠢᠭᠳᠡᠬᠦᠨ ᠤ | ᠬᠤᠯᠪᠤᠭᠳᠠᠯ᠄ ᠶᠡᠷᠦᠩᠬᠡᠢ ᠬᠡᠮᠵᠢᠭᠳᠡᠬᠦᠨ = ᠬᠡᠰᠡᠭ ᠬᠡᠮᠵᠢᠭᠳᠡᠬᠦᠨ + ᠬᠡᠰᠡᠭ ᠬᠡᠮᠵᠢᠭᠳᠡᠬᠦᠨ᠃ | ᠶᠡᠷᠦᠩᠬᠡᠢ ᠦᠨ᠎ᠡ = ᠨᠢᠭᠡᠴᠢ ᠦᠨ᠎ᠡ × ᠲᠤᠭ᠎ᠠ ᠬᠡᠮᠵᠢᠭᠳᠡᠬᠦᠨ᠃ ᠵᠠᠮ ᠤᠨ ᠤᠷᠲᠤ = ᠬᠤᠷᠳᠤᠴᠠ × | ᠬᠤᠭᠤᠴᠠᠭ᠎ᠠ᠃ ᠵᠠᠮ ᠤᠨ ᠤᠷᠲᠤ = ᠬᠤᠷᠳᠤᠴᠠ × ᠬᠤᠭᠤᠴᠠᠭ᠎ᠠ ᠪᠠᠷ ᠵᠢᠱᠢᠶᠡᠯᠡᠪᠡᠯ᠂ ᠳᠤᠤᠷᠠᠬᠢ ᠮᠡᠲᠤ ᠭᠤᠷᠪᠠᠨ | ᠲᠠᠯ᠎ᠠ ᠪᠠᠷ ᠠᠩᠬᠠᠷᠬᠤ ᠬᠡᠷᠡᠭᠲᠡᠢ᠃ ᠨᠢᠭᠡ᠂ ᠡᠯᠪᠡᠭ ᠪᠠᠶᠠᠯᠢᠭ ᠪᠤᠳᠠᠳᠤ ᠠᠬᠤᠢ ᠤᠷᠴᠢᠨ ᠢ ᠵᠤᠬᠢᠶᠠᠨ ᠪᠠᠶᠢᠭᠤᠯᠵᠤ᠂ | ᠰᠤᠷᠤᠭᠴᠢ ᠶᠢ ᠵᠣᠷᠢᠬᠵᠢᠭᠤᠯᠤᠠ ᠪᠤᠳᠠᠳᠤ ᠠᠰᠠᠭᠤᠳᠠᠯ ᠢ ᠰᠢᠢᠳᠪᠦᠷᠢᠯᠡᠨ᠎ᠡ᠃ ᠵᠢᠱᠢᠶᠡᠯᠡᠪᠡᠯ᠂ ᠬᠤᠶᠠᠷ ᠲᠠᠮᠢᠷᠴᠢᠨ ᠤ | ᠬᠡᠨ ᠤ ᠬᠢᠨᠢ ᠭᠦᠶᠦᠬᠦ ᠨᠢ ᠬᠤᠷᠳᠤᠨ ᠢ ᠠᠳᠠᠯᠢᠳᠬᠠᠨ᠎ᠠ᠃ ᠬᠤᠶᠠᠷ᠂ ᠪᠤᠳᠠᠳᠤ ᠠᠰᠠᠭᠤᠳᠠᠯ ᠤᠨ ᠰᠠᠭᠤᠷᠢᠨ ᠳᠡᠭᠡᠷ᠎ᠡ | ᠰᠤᠷᠤᠭᠴᠢ ᠶᠢ ᠵᠣᠷᠢᠬᠵᠢᠭᠤᠯᠤᠨ ᠶᠠᠭᠠᠬᠢᠵᠤ ︽ᠬᠤᠷᠳᠤᠨ ᠤᠳᠠᠭᠠᠨ︾ ᠢ ᠵᠢᠷᠤᠭᠴᠢᠯᠠᠬᠤ ᠶᠢ ᠶᠠᠷᠢᠯᠴᠠᠭᠤᠯᠤᠨ᠎ᠠ᠃ | ᠲᠠᠷᠠᠭ᠎ᠠ ᠨᠢ ︽ᠬᠤᠷᠳᠤᠨ ᠤᠳᠠᠭᠠᠨ︾ ᠨᠢ ᠵᠠᠮ ᠤᠨ ᠤᠷᠲᠤ ᠬᠤᠭᠤᠴᠠᠭ᠎ᠠ ᠲᠠᠢ ᠬᠤᠯᠪᠤᠭᠳᠠᠯ ᠲᠠᠢ ᠶᠢ ᠪᠡᠶᠡᠴᠢᠯᠡᠨ | ᠣᠢᠢᠯᠠᠭᠠᠵᠤ᠂ ᠦᠷᠭᠦᠯᠵᠢ ᠨᠢᠭᠡᠴᠢ ᠬᠤᠭᠤᠴᠠᠭᠠᠨ ᠲᠤᠳᠤᠷᠠᠬᠢ ᠵᠠᠮ ᠤᠨ ᠤᠷᠲᠤ ᠪᠠᠷ ᠵᠢᠷᠤᠭᠴᠢᠯᠠᠬᠤ ᠶᠢ ᠰᠡᠷᠡᠨ | ᠮᠡᠳᠡᠨ᠎ᠡ᠃ | 3. ᠬᠢᠴᠢᠶᠡᠯ ᠲᠦᠷᠦᠯ ᠠᠯᠤᠰᠯᠠᠭᠰᠠᠨ ᠭᠤᠤᠯ ᠰᠡᠳᠤᠪᠲᠤ ᠬᠦᠳᠡᠯᠭᠡᠭᠡᠨ ᠢ ᠨᠡᠬᠡᠭᠡᠵᠦ᠂ ᠲᠤᠭᠠᠨ ᠤ | ᠤᠬᠠᠭᠠᠨ ᠤ ᠬᠡᠷᠡᠭᠯᠡᠭᠡ ᠶᠢ ᠲᠣᠪᠤᠶᠢᠯᠭᠠᠬᠤ | ᠪᠠᠭᠰᠢ ᠠᠴᠠ ᠵᠣᠷᠢᠯᠭ᠎ᠠ ᠲᠠᠢ ᠨᠢᠭᠡ ᠪᠦᠯᠦᠭ ᠬᠢᠴᠢᠶᠡᠯ ᠲᠦᠷᠦᠯ ᠠᠯᠤᠰᠯᠠᠭᠰᠠᠨ ᠭᠤᠤᠯ ᠰᠡᠳᠤᠪᠲᠤ ᠬᠢᠴᠢᠶᠡᠯ | ᠦᠷᠨᠢᠭᠦᠯᠵᠦ᠂ ᠰᠤᠷᠤᠭᠴᠢ ᠶᠢᠨ ᠲᠣᠭᠠᠨ ᠤ ᠬᠡᠷᠡᠭᠯᠡᠭᠡᠨ ᠤ ᠲᠠᠨᠢᠯᠲᠠ ᠶᠢ ᠡᠯᠪᠡᠭ ᠪᠣᠯᠭᠠᠵᠤ᠂ ᠶᠡᠷᠦᠩᠬᠡᠶᠢᠯᠡᠨ ᠬᠡᠷᠡᠭᠯᠡᠬᠦ | ᠮᠡᠳᠡᠯᠭᠡ ᠪᠠ ᠠᠷᠭ᠎ᠠ ᠶᠢ ᠬᠡᠷᠡᠭᠯᠡᠵᠦ ᠠᠰᠠᠭᠤᠳᠠᠯ ᠢ ᠰᠢᠢᠳᠪᠦᠷᠢᠯᠡᠬᠦ ᠶᠠᠪᠤᠴᠠ ᠶᠢ ᠦᠩᠭᠡᠷᠡᠭᠡᠨ᠎ᠡ᠃ ᠬᠠᠮᠤᠭ ᠤᠨ | ᠴᠢᠬᠤᠯᠠ ᠨᠢ ᠡᠨᠡ ᠬᠦ ᠶᠠᠪᠤᠴᠠ ᠳᠤ ᠲᠣᠭᠠᠨ ᠤ ᠤᠬᠠᠭᠠᠨ ᠤ ᠪᠠᠳᠠᠷᠠᠭᠤᠯᠬᠤ ᠴᠢᠬᠤᠯᠠ ᠦᠢᠯᠡᠳᠦᠯ ᠢ ᠰᠡᠷᠡᠨ | ᠮᠡᠳᠡᠨ᠎ᠡ᠃ | ᠠᠷᠪᠠ᠂ ᠰᠤᠷᠤᠭᠴᠢ ᠶᠢᠨ ᠬᠡᠷᠡᠭᠯᠡᠭᠡᠨ ᠤ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ ᠬᠡᠷᠡᠭᠲᠡᠢ | ᠪᠤᠢ︖ | 1. ᠪᠤᠳᠠᠳᠤ ᠠᠬᠤᠢ ᠶᠢᠨ ᠦᠨ᠎ᠡ ᠦᠷᠳᠡᠭ ᠢ ᠡᠷᠢᠵᠤ᠂ ᠰᠤᠷᠤᠭᠴᠢ ᠳᠤ ᠪᠤᠳᠠᠳᠤ ᠶᠢᠷᠲᠢᠨᠴᠦ ᠶᠢ | ᠲᠠᠨᠢᠭᠤᠯᠵᠤ᠂ ᠪᠤᠳᠠᠳᠤ ᠠᠰᠠᠭᠤᠳᠠᠯ ᠢ ᠰᠢᠢᠳᠪᠦᠷᠢᠯᠡᠭᠦᠯᠭᠦ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠴᠢᠶᠡᠯ ᠤᠨ ᠲᠤᠭᠤᠰᠢᠯᠠᠯᠲᠠ ᠳᠤ ᠮᠡᠳᠡᠯᠭᠡ ᠰᠤᠷᠤᠯᠴᠠᠬᠤ ᠪᠠ | ᠰᠤᠷᠤᠭᠴᠢ ᠶᠢᠨ ᠲᠤᠷᠰᠢᠯᠭ᠎ᠠ᠂ ᠪᠤᠳᠠᠳᠤ ᠠᠮᠢᠳᠤᠷᠠᠯ᠂ ᠨᠡᠶᠢᠭᠡᠮ ᠤᠨ ᠦᠢᠯᠡᠳᠦᠯᠭᠡ ᠶᠢᠨ ᠬᠤᠭᠤᠷᠤᠨᠳᠤᠬᠢ | ᠬᠠᠷᠢᠴᠠᠭ᠎ᠠ ᠶᠢ ᠴᠢᠩᠭᠠᠳᠬᠠᠵᠤ᠂ ᠪᠤᠳᠠᠳᠤ ᠠᠰᠠᠭᠤᠳᠠᠯ ᠤᠨ ᠤᠷᠴᠢᠨ ᠢ ᠵᠤᠬᠢᠶᠠᠨ ᠪᠠᠶᠢᠭᠤᠯᠬᠤ ᠶᠢ ᠴᠢᠬᠤᠯᠠᠴᠢᠯᠠᠵᠤ᠂ | ᠰᠤᠷᠤᠭᠴᠢ ᠶᠢᠨ ᠪᠤᠳᠠᠳᠤ ᠶᠢᠷᠲᠢᠨᠴᠦ ᠶᠢ ᠲᠠᠨᠢᠵᠦ᠂ ᠪᠤᠳᠠᠳᠤ ᠠᠰᠠᠭᠤᠳᠠᠯ ᠢ ᠰᠢᠢᠳᠪᠦᠷᠢᠯᠡᠬᠦ ᠴᠢᠳᠠᠪᠦᠷᠢ ᠶᠢ | ᠨᠡᠮᠡᠭᠳᠡᠬᠦᠯᠭᠦ ᠱᠠᠭᠠᠷᠳᠠᠯᠭ᠎ᠠ ᠳᠤ ᠰᠢᠨ᠎ᠡ ᠨᠢᠭᠡ ᠡᠭᠡᠯᠵᠢ ᠶᠢᠨ ᠬᠢᠴᠢᠶᠡᠯ ᠤᠨ ᠦᠭᠡᠷᠡᠴᠢᠯᠡᠯᠲᠡ ᠶᠢ ᠲᠦᠯᠬᠢᠨ | ᠠᠬᠢᠭᠤᠯᠬᠤ ᠴᠢᠬᠤᠯᠠ ᠠᠷᠭ᠎ᠠ ᠪᠤᠯᠤᠨ᠎ᠠ᠃ | 2. ᠰᠤᠷᠤᠭᠴᠢ ᠳᠤ ᠪᠤᠳᠠᠳᠤ ᠠᠮᠢᠳᠤᠷᠠᠯ ᠤᠨ ᠳᠤᠮᠳᠠ ᠬᠠᠳᠠᠭᠠᠯᠠᠭᠳᠠᠵᠤ ᠪᠠᠶᠢᠭ᠎ᠠ ᠲᠤᠭ᠎ᠠ ᠬᠡᠮᠵᠢᠭᠳᠡᠬᠦᠨ ᠪᠠ | ᠵᠢᠷᠤᠭ ᠳᠦᠷᠰᠦ ᠶᠢᠨ ᠬᠤᠭᠤᠷᠤᠨᠳᠤᠬᠢ ᠬᠤᠯᠪᠤᠭᠳᠠᠯ ᠪᠦᠬᠦᠢ ᠠᠰᠠᠭᠤᠳᠠᠯ ᠢ ᠰᠡᠷᠡᠨ ᠮᠡᠳᠡᠭᠦᠯᠭᠦ | ᠵᠢᠭᠠᠨ ᠰᠤᠷᠭᠠᠯᠲᠠ ᠳᠤᠮᠳᠠ᠂ ᠮᠡᠳᠡᠯᠭᠡ ᠶᠢᠨ ᠢᠷᠡᠯᠲᠡ ᠶᠢᠨ ᠠᠬᠤᠢ ᠪᠠᠶᠢᠳᠠᠯ ᠪᠠ ᠮᠡᠳᠡᠯᠭᠡ ᠶᠢᠨ ᠪᠤᠳᠠᠳᠤ | ᠬᠡᠷᠡᠭᠯᠡᠭᠡ ᠶᠢ ᠴᠢᠳᠠᠬᠤ ᠶᠢᠨ ᠬᠢᠷᠢ ᠳᠤ ᠢᠯᠡᠷᠡᠭᠦᠯᠵᠦ᠂ ᠰᠤᠷᠤᠭᠴᠢ ᠪᠠᠷ ᠮᠡᠳᠡᠯᠭᠡ ᠶᠢᠨ ᠪᠦᠷᠢᠯᠳᠦᠬᠦ ᠶᠠᠪᠤᠴᠠ ᠪᠠ | ᠬᠡᠷᠡᠭᠯᠡᠭᠡᠨ ᠤ ᠶᠠᠪᠤᠴᠠ ᠶᠢ ᠦᠩᠭᠡᠷᠡᠭᠡᠨ᠎ᠡ᠃ ᠪᠠᠭᠰᠢ ᠠᠴᠠ ᠰᠤᠷᠤᠭᠴᠢ ᠶᠢ ᠵᠤᠷᠢᠬᠵᠢᠭᠤᠯᠤᠨ ᠠᠮᠢᠳᠤᠷᠠᠯ ᠤᠨ | ᠳᠤᠮᠳᠠ ᠠᠴᠠ ᠲᠣᠭᠠᠨ ᠤ ᠠᠰᠠᠭᠤᠳᠠᠯ ᠢ ᠢᠯᠡᠷᠡᠬᠦᠯᠵᠦ ᠳᠤᠷᠠᠳᠴᠤ᠂ ᠠᠰᠠᠭᠤᠳᠠᠯ ᠢ ᠰᠢᠢᠳᠪᠦᠷᠢᠯᠡᠬᠦ ᠲᠦᠰᠦᠪ | ᠣᠯᠵᠤ᠂ ᠠᠰᠠᠭᠤᠳᠠᠯ ᠢ ᠰᠢᠢᠳᠪᠦᠷᠢᠯᠡᠬᠦ ᠲᠤᠬᠢᠷᠠᠮᠵᠢᠲᠠᠢ ᠠᠷᠭ᠎ᠠ ᠪᠣᠳᠤᠯᠭ᠎ᠠ ᠶᠢ ᠡᠷᠢᠭᠦᠯᠦᠨ᠎ᠡ᠃ ᠲᠣᠭᠠᠨ ᠤ | ᠤᠬᠠᠭᠠᠨ ᠤ ᠡᠲᠡᠭᠡᠳ ᠲᠤ ᠠᠪᠴᠤ ᠬᠡᠯᠡᠪᠡᠯ᠂ ᠵᠢᠭᠠᠨ ᠰᠤᠷᠭᠠᠯᠲᠠ ᠳᠤ ᠰᠤᠷᠤᠭᠴᠢ ᠪᠠᠷ ᠪᠤᠳᠠᠳᠠᠢ ᠠᠬᠤᠢ ᠪᠠᠶᠢᠳᠠᠯ ᠢ | ᠡᠷᠢᠭᠦᠯᠦᠨ᠎ᠡ᠃ ᠪᠠᠭᠰᠢ ᠠᠴᠠ ᠪᠠᠰᠠ ᠰᠤᠷᠤᠭᠴᠢᠳ ᠲᠤ ᠡᠯᠪᠡᠭ ᠪᠠᠶᠠᠯᠢᠭ ᠣᠩᠰᠢᠬᠤ ᠮᠠᠲ᠋ᠧᠷᠢᠶᠠᠯ ᠬᠠᠩᠭᠠᠵᠤ᠂ | ᠰᠤᠷᠤᠭᠴᠢ ᠶᠢᠨ ᠬᠠᠷᠠᠭ᠎ᠠ ᠶᠢ ᠦᠷᠭᠡᠳᠭᠡᠵᠤ᠂ ᠲᠣᠭᠠᠨ ᠤ ᠤᠬᠠᠭᠠᠨ ᠤ ᠦᠨ᠎ᠡ ᠦᠷᠳᠡᠭ ᠢ ᠦᠵᠡᠭᠦᠯᠦᠨ᠎ᠡ᠃ | 3. ᠬᠢᠴᠢᠶᠡᠯ ᠲᠦᠷᠦᠯ ᠠᠯᠤᠰᠯᠠᠭᠰᠠᠨ ᠭᠤᠤᠯ ᠰᠡᠳᠤᠪᠲᠤ ᠬᠦᠳᠡᠯᠭᠡᠭᠡᠨ ᠬᠢᠬᠦ ᠶᠢ ᠵᠣᠷᠢᠬᠵᠢᠭᠤᠯᠵᠤ᠂ ᠪᠤᠰᠤᠳ | ᠬᠢᠴᠢᠶᠡᠯ ᠲᠦᠷᠦᠯ ᠤᠨ ᠳᠤᠮᠳᠠᠬᠢ ᠲᠣᠭᠠᠨ ᠤ ᠤᠬᠠᠭᠠᠨ ᠤ ᠬᠡᠷᠡᠭᠯᠡᠭᠡ ᠶᠢ ᠪᠡᠶᠡᠴᠢᠯᠡᠨ ᠦᠩᠭᠡᠷᠡᠭᠡᠭᠦ᠃ | ᠬᠢᠴᠢᠶᠡᠯ ᠲᠦᠷᠦᠯ ᠠᠯᠤᠰᠯᠠᠭᠰᠠᠨ ᠭᠤᠤᠯ ᠰᠡᠳᠤᠪᠲᠤ ᠬᠦᠳᠡᠯᠭᠡᠭᠡᠨ ᠪᠣᠯ ᠰᠤᠷᠤᠭᠴᠢ ᠶᠢᠨ ᠬᠡᠷᠡᠭᠯᠡᠭᠡᠨ ᠤ | ᠤᠬᠠᠮᠰᠠᠷ ᠢ ᠬᠦᠭᠵᠢᠬᠦᠯᠬᠦ ᠭᠤᠤᠯ ᠠᠷᠭ᠎ᠠ ᠵᠠᠮ᠃ ᠬᠦᠳᠡᠯᠭᠡᠭᠡᠨ ᠤ ᠳᠤᠮᠳᠠ ᠨᠡᠩ ᠡᠯᠪᠡᠭ ᠪᠠᠶᠠᠯᠢᠭ᠂ ᠨᠡᠩ ᠪᠤᠳᠠᠳᠤ | ᠶᠢᠷᠲᠢᠨᠴᠦ ᠲᠠᠢ ᠤᠢᠢᠷᠠᠳᠬᠤ ᠶᠢ ᠪᠡᠶᠡᠴᠢᠯᠡᠨ ᠦᠩᠭᠡᠷᠡᠭᠡᠬᠦ ᠪᠠᠷ ᠪᠠᠷᠠᠬᠤ ᠦᠬᠡᠢ᠂ ᠲᠣᠭᠠᠨ ᠤ ᠤᠬᠠᠭᠠᠨ ᠤ ᠦᠷᠭᠡᠨ | ᠳᠡᠯᠭᠡᠷ ᠬᠡᠷᠡᠭᠯᠡᠭᠡ ᠶᠢ ᠪᠡᠶᠡᠴᠢᠯᠡᠨ ᠤᠢᠢᠯᠠᠭᠠᠵᠤ᠂ ᠨᠡᠩ ᠢᠳᠡᠪᠬᠢᠲᠡᠢ ᠰᠤᠷᠤᠯᠴᠠᠬᠤ ᠬᠦᠰᠡᠯ ᠲᠠᠢ ᠪᠤᠯᠭᠠᠨ᠎ᠠ᠃ | ᠶᠡᠷᠦᠩᠬᠡᠶᠢᠯᠡᠪᠡᠯ᠂ ᠵᠢᠭᠠᠨ ᠰᠤᠷᠭᠠᠯᠲᠠ ᠶᠢᠨ ᠳᠤᠮᠳᠠ ᠰᠤᠷᠤᠭᠴᠢ ᠠᠰᠠᠭᠤᠳᠠᠯ ᠢ ᠢᠯᠡᠷᠡᠭᠦᠯᠵᠦ᠂ ᠠᠰᠠᠭᠤᠳᠠᠯ | ᠳᠤᠷᠠᠳᠴᠤ᠂ ᠵᠠᠳᠠᠯᠵᠤ ᠰᠢᠢᠳᠪᠦᠷᠢᠯᠡᠬᠦ ᠶᠠᠪᠤᠴᠠ ᠶᠢᠨ ᠳᠤᠮᠳᠠ ᠢᠳᠡᠪᠬᠢᠲᠡᠢ ᠰᠡᠳᠬᠢᠵᠦ᠂ ᠲᠣᠭᠠᠨ ᠤ | ᠤᠬᠠᠭᠠᠨ ᠢᠶᠠᠷ ᠲᠤᠭ᠎ᠠ ᠪᠠ ᠪᠤᠰᠤᠳ ᠬᠢᠴᠢᠶᠡᠯ ᠲᠦᠷᠦᠯ ᠤᠨ ᠬᠤᠭᠤᠷᠤᠨᠳᠤᠬᠢ ᠬᠤᠯᠪᠤᠭᠳᠠᠯ ᠢ ᠪᠡᠶᠡᠴᠢᠯᠡᠨ | ᠣᠢᠢᠯᠠᠭᠠᠵᠤ᠂ ᠦᠷᠭᠦᠯᠵᠢᠯᠡᠨ ᠰᠦᠪᠡᠭᠴᠢᠯᠡᠬᠦ ᠪᠦᠬᠡᠳ ᠦᠨ᠎ᠡ ᠦᠷᠳᠡᠭ ᠲᠠᠢ ᠡᠬᠦᠳᠦᠯᠲᠡ ᠶᠢ ᠳᠤᠷᠠᠳᠴᠤ᠂ | ᠲᠣᠭᠠᠨ ᠤ ᠤᠬᠠᠭᠠᠨ ᠤ ᠬᠤᠪᠢ ᠨᠡᠮᠡᠷᠢ ᠶᠢ ᠰᠡᠷᠡᠨ ᠮᠡᠳᠡᠵᠦ᠂ ᠰᠤᠷᠤᠭᠴᠢ ᠶᠢᠨ ᠬᠡᠷᠡᠭᠯᠡᠭᠡᠨ ᠤ ᠤᠬᠠᠮᠰᠠᠷ ᠢ | ᠲᠠᠰᠤᠷᠠᠯᠲᠠ ᠦᠬᠡᠢ ᠳᠡᠭᠡᠭᠰᠢᠯᠡᠭᠦᠯᠦᠨ᠎ᠡ᠃ | ᠠᠷᠪᠠᠨ ᠨᠢᠭᠡ᠂ ᠰᠤᠷᠤᠭᠴᠢ ᠶᠢᠨ ᠰᠢᠨ᠎ᠡ ᠶᠢ ᠡᠭᠦᠳᠬᠦ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ | ᠬᠡᠷᠡᠭᠲᠡᠢ ᠪᠣᠢ︖ | 1. ᠰᠤᠷᠤᠭᠴᠢ ᠪᠠᠷ ᠠᠰᠠᠭᠤᠳᠠᠯ ᠢ ᠢᠯᠡᠷᠡᠬᠦᠯᠵᠦ ᠠᠰᠠᠭᠤᠳᠠᠯ ᠳᠤᠷᠠᠳᠤᠭᠤᠯᠬᠤ | ᠰᠤᠷᠤᠭᠴᠢ ᠶᠢᠨ ᠰᠢᠨ᠎ᠡ ᠶᠢ ᠡᠬᠦᠳᠬᠦ ᠤᠬᠠᠮᠰᠠᠷ ᠢ ᠬᠦᠭᠵᠢᠬᠦᠯᠬᠦ ᠳᠤ ᠤᠷᠢᠳ ᠢᠶᠠᠷ ᠰᠤᠷᠤᠭᠴᠢ ᠶᠢᠨ | ᠰᠤᠨᠢᠭᠤᠴᠢ ᠰᠡᠳᠬᠢᠯ ᠢ ᠬᠦᠮᠦᠵᠢᠬᠦᠯᠦᠨ᠂ ᠲᠠᠰᠤᠷᠠᠯᠲᠠ ᠦᠬᠡᠢ ᠠᠰᠠᠭᠤᠳᠠᠯ ᠢ ᠢᠯᠡᠷᠡᠬᠦᠯᠵᠦ ᠠᠰᠠᠭᠤᠳᠠᠯ | ᠳᠤᠷᠠᠳᠤᠭᠤᠯᠤᠨ᠎ᠠ᠃ ᠦᠪᠡᠷ ᠢᠶᠠᠨ ᠠᠰᠠᠭᠤᠳᠠᠯ ᠢ ᠢᠯᠡᠷᠡᠬᠦᠯᠵᠦ ᠠᠰᠠᠭᠤᠳᠠᠯ ᠳᠤᠷᠠᠳᠬᠤ ᠪᠣᠯ ᠰᠢᠨ᠎ᠡ ᠶᠢ ᠡᠭᠦᠳᠬᠦ | ᠶᠢᠨ ᠰᠠᠭᠤᠷᠢ ᠪᠤᠯᠤᠨ᠎ᠠ᠃ ᠰᠤᠷᠤᠭᠴᠢ ᠶᠢᠨ ᠲᠤᠭᠠᠨ ᠤ ᠤᠬᠠᠭᠠᠨ ᠤ ᠬᠠᠷᠠᠴᠠ ᠶᠢ ᠬᠦᠮᠦᠵᠢᠬᠦᠯᠬᠦ ᠪᠠᠷ ᠳᠠᠮᠵᠢᠵᠦ᠂ | ᠲᠡᠳᠡᠨ ᠢᠶᠠᠷ ᠡᠳᠦᠷ ᠲᠤᠳᠤᠮ ᠤᠨ ᠠᠮᠢᠳᠤᠷᠠᠯ᠂ ᠪᠠᠶᠢᠭᠠᠯᠢ ᠶᠢᠨ ᠦᠵᠡᠭᠳᠡᠯ ᠪᠣᠶᠤ ᠬᠢᠴᠢᠶᠡᠯ ᠲᠦᠷᠦᠯ ᠤᠨ ᠠᠬᠤᠢ | ᠪᠠᠶᠢᠳᠠᠯ ᠤᠨ ᠳᠤᠮᠳᠠ ᠬᠤᠪᠢᠰᠬᠤ ᠬᠡᠮᠵᠢᠭᠳᠡᠬᠦᠨ ᠢ ᠢᠯᠡᠷᠡᠬᠦᠯᠵᠦ᠂ ᠬᠤᠪᠢᠰᠬᠤ ᠬᠡᠮᠵᠢᠭᠳᠡᠬᠦᠨ ᠤ ᠬᠤᠭᠤᠷᠤᠨᠳᠤᠬᠢ | ᠬᠤᠯᠪᠤᠭᠳᠠᠯ ᠢ ᠵᠠᠳᠠᠯᠦᠨ ᠤᠳᠬ᠎ᠠ ᠠᠭᠤᠯᠭ᠎ᠠ ᠲᠠᠢ ᠲᠣᠭᠠᠨ ᠤ ᠤᠬᠠᠭᠠᠨ ᠤ ᠠᠰᠠᠭᠤᠳᠠᠯ ᠢ ᠢᠯᠡᠷᠡᠭᠦᠯᠬᠦ ᠪᠦᠭᠡᠳ | ᠳᠤᠷᠠᠳᠤᠨ᠎ᠠ᠃ ᠲᠤᠭᠠᠨ ᠤ ᠤᠬᠠᠭᠠᠨ ᠤ ᠬᠠᠷᠠᠴᠠ ᠶᠢ ᠬᠦᠮᠦᠵᠢᠬᠦᠯᠬᠦ ᠶᠠᠪᠤᠴᠠ ᠪᠣᠯ ᠳᠠᠷᠤᠢ ᠰᠢᠨ᠎ᠡ ᠶᠢ ᠡᠬᠦᠳᠬᠦ | ᠤᠬᠠᠮᠰᠠᠷ ᠪᠠ ᠰᠢᠨ᠎ᠡ ᠶᠢ ᠡᠭᠦᠳᠬᠦ ᠤᠤᠷ ᠴᠢᠨᠠᠷ ᠢ ᠬᠦᠮᠦᠵᠢᠭᠦᠯᠬᠦ ᠶᠠᠪᠤᠴᠠ ᠮᠦᠨ᠃ ᠰᠤᠷᠤᠭᠴᠢ ᠬᠡᠷᠪᠡ ᠲᠣᠭᠠᠨ ᠤ | ᠤᠬᠠᠭᠠᠨ ᠤ ᠬᠠᠷᠠᠴᠠ ᠲᠠᠢ ᠪᠣᠯ ᠳᠠᠷᠤᠢ ᠰᠢᠨ᠎ᠡ ᠶᠢ ᠡᠬᠦᠳᠭᠦ ᠤᠤᠷ ᠴᠢᠨᠠᠷ ᠲᠠᠢ ᠪᠣᠯᠤᠨ᠎ᠠ᠃ | 2. ᠰᠤᠷᠤᠭᠴᠢ ᠶᠢ ᠵᠣᠷᠢᠬᠵᠢᠭᠤᠯᠤᠨ ᠬᠤᠷᠢᠶᠠᠩᠭᠤᠢᠢᠯᠠᠬᠤ᠂ ᠠᠳᠠᠯᠢᠳᠬᠠᠬᠤ ᠵᠡᠷᠭᠡ ᠠᠷᠭ᠎ᠠ ᠶᠢ ᠬᠡᠷᠡᠭᠯᠡᠨ | ᠢᠯᠡᠷᠡᠭᠦᠯᠬᠦ ᠪᠦᠭᠡᠳ ᠲᠠᠭᠠᠮᠠᠭᠯᠠᠯ ᠳᠤᠷᠠᠳᠬᠤ | ᠬᠤᠷᠢᠶᠠᠩᠭᠤᠢᠢᠯᠠᠬᠤ ᠪᠠ ᠠᠳᠠᠯᠢᠳᠬᠠᠬᠤ ᠠᠷᠭ᠎ᠠ ᠶᠢ ᠬᠡᠷᠡᠭᠯᠡᠨ ᠲᠤᠭᠠᠨ ᠤ ᠤᠬᠠᠭᠠᠨ ᠤ ᠦᠭᠦᠯᠡᠯ ᠳᠤᠷᠠᠳᠬᠤ | ᠪᠦᠭᠡᠳ ᠲᠠᠭᠠᠮᠠᠭᠯᠠᠵᠤ ᠳᠠᠬᠢᠨ ᠭᠡᠷᠡᠴᠢᠯᠡᠨ᠎ᠡ᠂ ᠮᠦᠨ ᠴᠦ ᠰᠢᠨ᠎ᠡ ᠶᠢ ᠡᠭᠦᠳᠬᠦ ᠴᠢᠬᠤᠯᠠ ᠠᠷᠭ᠎ᠠ᠃ ᠱᠢ ᠨᠢᠩ | ᠵᠦᠩ 史宁中 ᠫᠷᠤᠹᠧᠰᠰᠤᠷ ᠳᠤᠷᠠᠳᠤᠭᠰᠠᠨ ᠨᠢ᠄ ︽ᠲᠣᠭᠠᠨ ᠤ ᠤᠬᠠᠭᠠᠨ ᠤ ᠵᠢᠭᠠᠨ ᠰᠤᠷᠭᠠᠯᠲᠠ ᠳᠤᠮᠳᠠ᠂ | ᠴᠠᠭ ᠬᠤᠭᠤᠴᠠᠭᠠᠨ᠋ ᠤ ᠲᠠᠯ᠎ᠠ ᠠᠴᠠ ᠴᠤ᠂ ᠠᠭᠤᠯᠭ᠎ᠠ ᠶᠢᠨ ᠲᠠᠯ᠎ᠠ ᠠᠴᠠ ᠴᠤ ᠬᠤᠷᠢᠶᠠᠩᠭᠤᠢᠢᠯᠠᠨ ᠮᠦᠷᠳᠡᠬᠦ ᠶᠢ | ᠬᠦᠢᠴᠡᠳ ᠬᠦᠨᠳᠦᠳᠭᠡᠵᠦ᠂ ᠮᠦᠷᠳᠡᠬᠦ ᠵᠠᠭᠪᠤᠷ ᠤᠨ ︿ᠠᠶᠠᠨᠳᠠᠭᠠᠨ ᠤ﹀ ᠴᠢᠨᠠᠷ ᠢ ᠰᠡᠷᠡᠨ ᠮᠡᠳᠡᠭᠦᠯᠦᠨ᠎ᠡ᠃ ᠡᠨᠡ ᠪᠣᠯ | ︿ᠰᠢᠨ᠎ᠡ ᠶᠢ ᠡᠭᠦᠳᠬᠦ﹀ ᠳᠤ ᠲᠦᠰᠢᠭᠯᠡᠳᠡᠭ ᠨᠢᠭᠡᠨ ᠮᠦᠷᠳᠡᠬᠦ ᠵᠠᠭᠪᠤᠷ ᠮᠦᠨ︾ ᠭᠡᠵᠡᠢ᠃ | ᠵᠢᠱᠢᠶᠡᠯᠡᠪᠡᠯ᠂ ︽ᠪᠦᠬᠡᠷᠡᠩᠬᠡᠢ ᠪᠠᠭᠠᠨ᠎ᠠ ᠪᠠ ᠱᠤᠷᠤᠯᠵᠢᠨ ︾ ᠢ ᠳᠠᠪᠲᠠᠬᠤ ᠳᠤ᠂ ᠰᠤᠷᠤᠭᠴᠢ ᠶᠢᠨ | ᠳᠤᠷᠠᠳᠤᠭᠰᠠᠨ ᠭᠤᠤᠯᠯᠠᠬᠤ ᠠᠰᠠᠭᠤᠳᠠᠯ ᠳᠤ ᠰᠠᠭᠤᠷᠢᠯᠠ — ︽ᠤᠷᠲᠤ ᠳᠦᠷᠪᠡᠯᠵᠢᠨ ᠪᠡᠶ᠎ᠡ᠂ ᠲᠡᠭᠰᠢ | ᠳᠦᠷᠪᠡᠯᠵᠢᠨ ᠪᠡᠶ᠎ᠡ ᠪᠠ ᠪᠦᠭᠡᠷᠡᠩᠬᠡᠢ ᠪᠠᠭᠠᠨ᠎ᠠ ᠠᠴᠠ ᠭᠠᠳᠠᠨ᠎ᠠ ᠠᠯᠢ ᠪᠡᠶᠡᠲᠤ ᠶᠢᠨ ᠡᠵᠡᠯᠡᠬᠦᠨ ᠨᠢ ᠪᠠᠰᠠ | ᠰᠠᠭᠤᠷᠢ ᠶᠢᠨ ᠲᠠᠯᠠᠪᠠᠢ ᠦᠷᠡᠵᠢᠭᠦᠯᠬᠦ ᠦᠨᠳᠦᠷ ᠢᠶᠠᠷ ᠪᠤᠳᠤᠳᠠᠭ ᠪᠤᠢ︖︾ ᠭᠡᠬᠦ ᠠᠰᠠᠭᠤᠯᠲᠠ ᠳᠤᠷᠠᠳᠬᠤ ᠦᠶᠡᠰ | ᠨᠢᠭᠡᠨᠲᠡ ᠪᠠᠶᠢᠭ᠎ᠠ ᠮᠡᠳᠡᠯᠭᠡ ᠲᠤᠷᠰᠢᠯᠭ᠎ᠠ ᠪᠠᠨ ᠠᠰᠢᠭᠯᠠᠨ ᠰᠠᠭᠤᠷᠢ ᠶᠢᠨ ᠬᠡᠯᠪᠡᠷᠢ ᠳᠦᠷᠰᠦ ᠪᠠ ᠵᠡᠷᠭᠡᠴᠡᠭᠡ ᠰᠢᠯᠵᠢᠬᠦ | ᠵᠡᠷᠭᠡ ᠬᠤᠶᠠᠷ ᠲᠠᠯ᠎ᠠ ᠠᠴᠠ ᠲᠠᠭᠠᠮᠠᠭᠯᠠᠵᠤ ᠪᠠᠶᠢᠭᠠᠳ ᠦᠷ᠎ᠡ ᠳ᠋ᠦᠩ ᠢ ᠨᠢ ᠣᠯᠤᠨ᠎ᠠ᠃ | 3. ᠰᠤᠷᠤᠭᠴᠢ ᠶᠢ ᠪᠦᠲᠦᠬᠡᠯᠴᠢ ᠴᠢᠨᠠᠷ ᠲᠠᠢ ᠪᠠᠷ ᠠᠰᠠᠭᠤᠳᠠᠯ ᠢ ᠰᠢᠢᠳᠪᠦᠷᠢᠯᠡᠬᠦ ᠶᠢ ᠵᠣᠷᠢᠬᠵᠢᠭᠤᠯᠬᠤ | 2022 ᠤᠨ ᠤ ᠬᠢᠴᠢᠶᠡᠯ ᠤᠨ ᠪᠠᠷᠢᠮᠵᠢᠶ᠎ᠠ ᠳᠤ ᠰᠢᠨ᠎ᠡ ᠶᠢ ᠡᠭᠦᠳᠬᠦ ᠤᠬᠠᠮᠰᠠᠷ ᠲᠤ ᠤᠨᠴᠠᠭᠠᠢᠢᠯᠠᠨ ᠵᠢᠭᠠᠵᠤ | ᠭᠠᠷᠭᠠᠭᠰᠠᠨ ᠨᠢ᠄ ︽ᠵᠣᠷᠢᠭᠲᠠᠢ ᠨᠢᠭᠡ ᠪᠦᠯᠦᠭ ᠨᠡᠬᠡᠭᠡᠯᠲᠡᠳᠤ ᠴᠢᠨᠠᠷ ᠲᠠᠢ᠂ ᠶᠡᠷᠦ ᠶᠢᠨ ᠪᠤᠰᠤ ᠴᠢᠨᠠᠷ ᠲᠠᠢ ᠪᠤᠳᠠᠳᠤ | ᠠᠰᠠᠭᠤᠳᠠᠯ ᠪᠣᠶᠤ ᠲᠣᠭᠠᠨ ᠤ ᠤᠬᠠᠭᠠᠨ ᠤ ᠠᠰᠠᠭᠤᠳᠠᠯ ᠢ ᠰᠦᠪᠡᠭᠴᠢᠯᠡᠨ᠎ᠡ︾ ᠭᠡᠵᠡᠢ᠃ ᠡᠨᠡ ᠠᠰᠠᠭᠤᠳᠠᠯ | ᠳᠤᠤᠷᠠᠬᠢ ᠮᠡᠲᠤ ᠤᠨᠴᠠᠯᠢᠭ ᠲᠠᠢ᠄ ᠲᠦᠭᠦᠮ ᠲᠠᠭᠤᠷᠢᠶᠠᠬᠤ ᠪᠣᠶᠤ ᠳᠦᠭᠦᠮ ᠬᠡᠷᠡᠭᠯᠡᠯᠲᠡ ᠳᠤ ᠲᠦᠰᠢᠭᠯᠡᠵᠦ᠂ ᠵᠠᠷᠢᠮ | ᠪᠣᠳᠤᠯᠭ᠎ᠠ ᠶᠢᠨ ᠳᠦᠷᠢᠮ ᠢ ᠰᠢᠢᠳᠪᠦᠷᠢᠯᠡᠭᠳᠡᠬᠦ ᠶᠢᠨ ᠠᠷᠭ᠎ᠠ ᠦᠭᠡᠢ ᠦᠶᠡᠰ᠂ ᠰᠤᠩᠭᠤᠵᠤ᠂ ᠬᠡᠰᠡᠭᠯᠡᠵᠦ᠂ | ᠴᠢᠨᠠᠭᠰᠢᠯᠠᠭᠠᠳ ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠤᠯᠭ᠎ᠠ ᠶᠢ ᠡᠬᠦᠳᠦᠨ᠎ᠡ᠃ ᠠᠰᠠᠭᠤᠳᠠᠯ ᠢ ᠰᠢᠢᠳᠪᠦᠷᠢᠯᠡᠬᠦ | ᠤᠯᠠᠨ ᠵᠦᠢᠯ ᠤᠨ ᠰᠡᠳᠭᠢᠮᠵᠢ ᠪᠠ ᠠᠷᠭ᠎ᠠ ᠪᠣᠳᠤᠯᠭ᠎ᠠ ᠲᠠᠢ ᠴᠢᠨᠠᠭᠰᠢᠯᠠᠭᠠᠳ ᠠᠰᠠᠭᠤᠳᠠᠯ ᠤᠨ ᠦᠷ᠎ᠡ ᠳ᠋ᠦᠩ ᠨᠢ ᠴᠤ | ᠴᠣᠷᠢ ᠶᠢᠨ ᠭᠠᠭᠴᠠ ᠪᠢᠰᠢ᠃ ᠡᠬᠦᠨ ᠳᠤ ᠭᠤᠤᠯᠳᠠᠯᠭ᠎ᠠ ᠲᠠᠢ ᠲᠣᠭᠠᠨ ᠤ ᠤᠬᠠᠭᠠᠨ ᠤ ᠦᠵᠡᠯ ᠰᠠᠨᠠᠭ᠎ᠠ | ᠬᠠᠳᠠᠭᠠᠯᠠᠭᠳᠠᠬᠤ ᠪᠦᠭᠡᠳ ᠲᠤᠭᠠᠨ ᠤ ᠤᠬᠠᠭᠠᠨ ᠤ ᠡᠲᠡᠭᠡᠳ ᠲᠤ ᠬᠦᠨᠵᠡᠭᠡᠢ ᠤᠢᠢᠯᠠᠭᠠᠯᠲᠠ ᠲᠠᠢ ᠪᠤᠯᠵᠤ ᠠᠳᠠᠯᠢ | ᠪᠤᠰᠤ ᠰᠤᠷᠤᠭᠴᠢ ᠠᠳᠠᠯᠢ ᠪᠣᠰᠤ ᠠᠷᠭ᠎ᠠ ᠪᠠᠷ ᠰᠢᠢᠳᠪᠦᠷᠢᠯᠡᠵᠦ ᠠᠳᠠᠯᠢ ᠪᠤᠰᠤ ᠬᠦᠭᠵᠢᠯᠲᠡ ᠲᠠᠢ ᠪᠣᠯᠤᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠤᠷᠳᠤᠰ ᠬᠤᠲᠠ ᠶᠢᠨ ᠰᠤᠷᠭᠠᠨ ᠬᠦᠮᠦᠵᠢᠯ | ᠵᠢᠭᠠᠬᠤ ᠶᠢ ᠰᠤᠳᠤᠯᠬᠤ ᠲᠠᠰᠤᠭ | ︵ᠠᠯᠳᠠᠨᠰᠦ᠋ᠭᠡ ᠨᠠᠶᠢᠷᠠᠭᠤᠯᠪᠠ︶ | 2023.4 ᠳ᠋ᠦ᠋ᠭᠡᠷ ᠬᠤᠭᠤᠴᠠᠭ᠎ᠠ | |