12 ᠰᠠᠷ᠎ᠠ ᠶᠢᠨ 1 ᠤ ᠡᠳᠦᠷ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠠᠶᠢᠮᠠᠭ ᠤᠨ ᠰᠢᠭᠤᠳ ᠬᠠᠷᠢᠶ᠎ᠠ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠡᠷᠬᠢᠯᠡᠵᠦ᠂ ᠤᠬᠠᠭᠤᠯᠤᠨ ᠲᠠᠶᠢᠯᠪᠤᠷᠢᠯᠠᠬᠤ | ᠮᠡᠳᠡᠭᠦᠯᠦᠯᠲᠡ ᠶᠢᠨ ᠬᠤᠷᠠᠯ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠠᠯᠠᠱᠠ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠠᠶᠢᠮᠠᠭ ᠤᠨ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠬᠠᠷᠢᠶᠠᠲᠤ ᠶᠢᠨ | ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ ᠮᠠ ᠰᠢᠨ ᠵᠢᠶᠦ᠋ᠨ ᠨᠥᠬᠦᠷ ᠢ ᠤᠷᠢᠵᠤ ᠲᠤᠰᠬᠠᠢ ᠰᠡᠳᠦᠪᠲᠦ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠯᠭᠡᠵᠦ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠳᠣᠪᠴᠢᠶᠠᠨ ᠤ ᠬᠠᠷᠢᠶ᠎ᠠ ᠨᠢᠭᠡᠴᠢ ᠶᠢᠨ ᠺᠠᠳ᠋ᠷ᠂ ᠪᠠᠭᠰᠢ | ᠠᠵᠢᠯᠲᠠᠨ 80 ᠭᠠᠷᠤᠢ ᠬᠥᠮᠦᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ ᠠᠶᠢᠮᠠᠭ ᠤᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠳᠣᠪᠴᠢᠶᠠᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠭᠠᠯᠪᠠᠭᠠᠳᠤᠷ ᠨᠥᠬᠦᠷ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠡᠷᠬᠢᠯᠡᠪᠡ᠃ | ᠤᠬᠠᠭᠤᠯᠤᠨ ᠲᠠᠶᠢᠯᠪᠤᠷᠢᠯᠠᠯᠲᠠ ᠨᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠭᠤᠣᠯ ᠰᠡᠳᠦᠪ ᠤᠨ ᠲᠣᠭᠤᠷᠢᠨ ᠳᠤ᠂ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ | ᠶᠣᠰᠣ ᠵᠦᠢ ᠶᠢ ᠭᠦᠨᠵᠡᠭᠡᠢ ᠣᠶᠢᠯᠠᠭᠠᠨ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠭᠦᠨ ᠵᠤᠵᠠᠭᠠᠨ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠨ᠂ ᠲᠥᠷᠥ ᠶᠢᠨ | ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠪᠤᠷᠢᠯᠠᠵᠤ᠂ ᠪᠦᠬᠦ ᠲᠠᠯ᠎ᠠ ᠪᠠᠷ ᠣᠨᠣᠪᠴᠢᠲᠠᠢ ᠡᠵᠡᠮᠰᠢᠨ᠂ ᠡᠷᠡᠰ | ᠴᠢᠩᠭ᠎ᠠ ᠠᠴᠢ ᠬᠠᠷᠢᠭᠤᠯᠠᠬᠤ ᠰᠡᠳᠬᠢᠯ ᠪᠠ ᠡᠷᠡᠮᠡᠬᠡᠶᠢᠯᠡᠨ ᠤᠷᠤᠭᠰᠢᠯᠠᠬᠤ ᠵᠣᠷᠢᠭ ᠢᠶᠠᠷ ︽ᠰᠠᠨᠠᠯ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠳᠥᠷᠪᠡᠨ ᠲᠠᠯ᠎ᠠ ᠶᠢ ᠰᠠᠶᠢᠲᠤᠷ ᠠᠳᠬᠤᠵᠤ᠂ ᠰᠡᠳᠬᠢᠯ | ᠬᠥᠳᠡᠯᠭᠡᠮ᠎ᠡ ᠦᠯᠢᠭᠡᠷ᠂ ᠠᠮᠢᠳᠤ ᠰᠣᠷᠭᠤᠭ ᠵᠢᠱᠢᠶ᠎ᠡ ᠪᠠᠷ ᠠᠶᠢᠮᠠᠭ ᠤᠨ ᠰᠢᠭᠤᠳ ᠬᠠᠷᠢᠶ᠎ᠠ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠰᠢᠰᠲ᠋ᠧᠮ ᠤᠨ ᠺᠠᠳ᠋ᠷ᠂ ᠪᠠᠭᠰᠢ ᠠᠵᠢᠯᠲᠠᠨ ᠳᠤ ︽ᠴᠢᠬᠢᠨ ᠳᠤ ᠰᠠᠭᠤᠭᠳᠠᠵᠤ︾ ᠨᠡᠩ ᠴᠣ᠋ | ︽ᠰᠡᠳᠬᠢᠯ ᠬᠥᠳᠡᠯᠭᠡᠬᠦ︾ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠬᠢᠵᠦ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠭᠦᠨᠵᠡᠭᠡᠢ ᠪᠥᠭᠡᠳ ᠪᠣᠳᠠᠲᠠᠢ᠂ ᠦᠢᠯᠡ ᠠᠵᠢᠯᠯᠠᠭ᠎ᠠ ᠪᠠ ᠦᠷ᠎ᠡ ᠪᠥᠲᠦᠮᠵᠢ ᠶᠢ ᠠᠬᠢᠭᠤᠯᠬᠤ ᠳᠤ | ᠠᠰᠢᠭᠲᠠᠢ ᠲᠣᠯᠢᠳᠠᠯ ᠪᠠ ᠰᠡᠩᠬᠡᠷᠡᠭᠦᠯᠦᠯ ᠬᠠᠩᠭᠠᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ | ᠪᠣᠯᠬᠤᠶᠢᠴᠠ ᠴᠢᠨᠠᠷ ᠲᠠᠢ ᠶᠤᠮ᠃ | ᠬᠤᠷᠠᠯ ᠠᠴᠠ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠨᠠᠮ ᠤᠨ ᠵᠣᠬᠢᠶᠠᠨ | ᠪᠠᠶᠢᠭᠤᠯᠤᠯᠲᠠ ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ | ᠤᠭ ᠬᠡᠪ ᠢᠶᠠᠷ ᠨᠢ ᠡᠷᠡᠰ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ | ᠨᠠᠮ ᠤᠨ ᠬᠤᠷᠢᠶᠠᠨ ᠤ ᠵᠠᠬᠢᠷᠭ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ︽ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠰᠤᠷᠭᠠᠨ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠠᠮ ᠤᠨ ᠭᠡᠰᠢᠭᠦᠨ ᠺᠠᠳ᠋ᠷ᠂ ᠪᠠᠭᠰᠢ | ᠰᠤᠷᠤᠭᠴᠢ᠂ ᠭᠡᠷ ᠤᠨ ᠠᠬᠠᠮᠠᠳ ᠵᠡᠷᠭᠡ ᠬᠠᠮᠲᠤᠯᠢᠭ ᠲᠤ ᠬᠠᠨᠳᠤᠭᠤᠯᠤᠨ᠂ ︽ᠲᠠᠪᠤᠨ ᠦᠭᠡ︾ ᠶᠢᠨ ᠪᠣᠳᠠᠲᠤ | ᠶᠠᠪᠤᠳᠠᠯ ᠪᠠ ᠶᠣᠰᠣ ᠵᠦᠢ ᠶᠢ ᠲᠣᠳᠣᠷᠬᠠᠢ ᠶᠠᠷᠢᠵᠤ᠂ ︽ᠰᠠᠨᠠᠯ︾ ᠢ ᠨᠡᠶᠢᠲᠡᠯᠡᠭᠰᠡᠨ ᠤ ᠳᠠᠷᠠᠭᠠᠬᠢ ᠦᠯᠢᠭᠡᠷ ᠢ | ᠰᠠᠶᠢᠲᠤᠷ ᠶᠠᠷᠢᠵᠤ᠂ ᠰᠤᠷᠭᠠᠨ ᠬᠥᠮᠦᠵᠢᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠪᠡᠶ᠎ᠡ ᠶᠢᠨ | ᠲᠠᠮᠢᠷ ᠤᠨ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠠᠬᠢᠴᠠ ᠶᠢ ᠪᠠᠭᠰᠢ ᠰᠤᠷᠤᠭᠴᠢ᠂ ᠭᠡᠷ ᠤᠨ ᠠᠬᠠᠮᠠᠳ ᠲᠤ ᠰᠣᠨᠣᠰᠬᠠᠵᠤ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠳᠣᠲᠣᠨᠣ | ᠬᠠᠯᠠᠮᠵᠢᠯᠠᠯ᠂ ᠴᠢᠩ ᠰᠡᠳᠬᠢᠯ ᠤᠨ ᠨᠠᠶᠢᠳᠠᠯᠭ᠎ᠠ ᠶᠢ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ | ᠬᠥᠮᠦᠵᠢᠯ ᠢ ᠦᠨᠡᠨ ᠬᠦ ᠰᠠᠶᠢᠲᠤᠷ ᠡᠷᠬᠢᠯᠡᠨ᠂ ᠪᠣᠳᠠᠲᠤ ᠠᠵᠢᠯᠯᠠᠭ᠎ᠠ ᠪᠠᠷ ᠢᠶᠠᠨ ᠠᠯᠠᠱᠠ ᠶᠢᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠠᠭᠠᠵᠤ ᠭᠠᠷᠭᠠᠪᠠ᠃ | ︵ᠨᠠᠶᠢᠷᠠᠭᠤᠯᠤᠭᠴᠢ᠄ ᠵᠧᠩ ᠵᠢᠶᠠ ᠴᠢ ᠬᠢᠨᠠᠭᠴᠢ᠄ ᠪᠦᠦ ᠭᠧ ᠮᠢᠩ︶ | | |