ᠪᠠᠭ᠎ᠠ ᠰᠤᠷᠭᠠᠭᠤᠯᠢ ᠶᠢᠨ ᠰᠤᠷᠤᠬᠴᠢ ᠶᠢᠨ ᠰᠤᠷᠤᠯᠴᠠᠬᠤ ᠲᠠᠳᠬᠠᠯ ᠢ ᠭᠡᠷᠬᠢᠨ ᠭᠦᠮᠦᠵᠢᠭᠦᠯᠭᠦ ᠲᠤᠬᠠᠢ
ᠨᠡᠶᠢᠲᠡᠯᠡᠭᠰᠡᠨ ᠴᠠᠭ᠄
2023/12/18
                           ᠡᠩᠭᠡᠴᠡᠴᠡᠭ

教学研究-3.png

      ᠲᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠰᠤᠳᠤᠯᠭᠠᠨ ᠤ ᠲᠦᠪ ᠤᠨ ᠲᠤᠰᠬᠠᠢ ᠮᠡᠷᠭᠡᠵᠢᠯᠳᠡᠨ

ᠰᠦᠨ ᠶᠦᠨ ᠰᠢᠶᠤᠤ᠄ ︽ᠲᠠᠳᠬᠠᠯ ᠨᠢ ᠭᠡᠤᠭᠡᠳ ᠤᠨ ᠬᠤᠪᠢ ᠵᠠᠶᠠᠭ᠎ᠠ ᠶᠢ ᠲᠤᠬᠳᠠᠭᠠᠨ᠎ᠠ︾ ᠭᠡᠵᠦ ᠲᠤᠷᠠᠳᠴᠦ

ᠭᠠᠷᠭᠠᠵᠠᠢ᠃ ᠨᠠᠫᠥᠯᠢᠶᠦᠨ ᠭᠧᠭᠸᠢᠷ᠄ ︽ᠲᠠᠳᠬᠠᠯ ᠨᠢ ᠨᠢᠭᠡ ᠭᠦᠮᠦᠨ ᠢ ᠠᠮᠵᠢᠯᠳᠠ ᠳᠤ ᠭᠦᠷᠭᠡᠵᠦ ᠴᠢᠳᠠᠨ᠎ᠠ᠂ ᠮᠥᠨ ᠴᠦ

ᠨᠢᠭᠡ ᠭᠦᠮᠦᠨ ᠢ ᠶᠠᠭᠤ ᠴᠦ ᠦᠭᠡᠢ ᠪᠤᠯᠠᠰᠢᠯᠠᠵᠦ ᠴᠢᠳᠠᠨ᠎ᠠ︾ ᠭᠡᠵᠦ ᠭᠡᠯᠡᠭᠰᠡᠨ ᠪᠠᠶᠢᠳᠠᠭ ᠠᠴᠠ ᠦᠵᠡᠪᠡᠯ ᠰᠠᠶᠢᠨ

ᠰᠠᠶᠢᠬᠠᠨ ᠲᠠᠳᠬᠠᠯ ᠨᠢ ᠭᠦᠮᠦᠰ ᠢ ᠨᠠᠰᠤᠨ ᠲᠤᠷᠰᠢᠳᠠ ᠨᠦᠯᠦᠭᠡᠯᠡᠳᠡᠭ ᠨᠤᠮ ᠪᠠᠶᠢᠨ᠎ᠠ᠃

      ᠰᠤᠷᠤᠬᠴᠢ ᠳᠤ ᠠᠪᠴᠦ ᠭᠡᠯᠡᠪᠡᠯ ᠪᠡᠶ᠎ᠡ ᠪᠠᠨ ᠲᠠᠭᠠᠭᠠᠵᠦ ᠰᠡᠳᠬᠢᠨ ᠪᠤᠳᠤᠯᠬᠢᠯᠠᠬᠤ᠂ ᠴᠠᠭ ᠢᠶᠠᠨ ᠵᠤᠬᠢᠰᠳᠠᠢ

ᠠᠰᠢᠬᠯᠠᠬᠤ᠂ ᠰᠤᠷᠤᠯᠴᠠᠬᠤ ᠪᠠ ᠨᠠᠭᠠᠳᠴᠦ ᠲᠤᠬᠯᠠᠬᠤ ᠶᠢᠨ ᠬᠠᠷᠢᠴᠠᠭ᠎ᠠ ᠶᠢ ᠵᠦᠪ ᠤᠨᠤᠪᠴᠢᠳᠠᠢ ᠰᠢᠢᠳᠪᠦᠷᠢᠯᠡᠭᠦ

ᠵᠡᠷᠭᠡ ᠨᠢ ᠪᠦᠷ ᠲᠠᠳᠬᠠᠯ ᠤᠨ ᠭᠦᠮᠦᠵᠢᠯ ᠲᠠᠢ ᠬᠤᠯᠪᠤᠬᠳᠠᠨ᠎ᠠ᠃ ᠲᠡᠭᠡᠪᠡᠯ ᠰᠠᠭᠤᠷᠢ ᠰᠤᠷᠭᠠᠨ ᠭᠦᠮᠦᠵᠢᠯ ᠤᠨ

ᠱᠠᠳᠤᠨ ᠳᠠᠬᠢ ᠪᠠᠭ᠎ᠠ ᠰᠤᠷᠭᠠᠭᠤᠯᠢ ᠶᠢᠨ ᠰᠤᠷᠤᠬᠴᠢ ᠶᠢᠨ ᠰᠠᠶᠢᠨ ᠰᠠᠶᠢᠬᠠᠨ ᠰᠤᠷᠤᠯᠴᠠᠬᠤ ᠲᠠᠳᠬᠠᠯ ᠢ ᠭᠡᠷᠬᠢᠨ

ᠭᠦᠮᠦᠵᠢᠭᠦᠯᠭᠦ ᠪᠤᠢ︖

      ᠨᠢᠭᠡ᠂ ᠪᠡᠶ᠎ᠡ ᠪᠠᠨ ᠲᠠᠭᠠᠭᠠᠵᠦ ᠰᠡᠳᠬᠢᠨ ᠪᠤᠳᠤᠯᠬᠢᠯᠠᠬᠤ ᠲᠠᠳᠬᠠᠯ ᠲᠠᠢ ᠪᠤᠯᠬᠤ

      ᠪᠤᠰᠤᠳ ᠤᠨ ᠭᠡᠯᠡᠭᠰᠡᠨ ᠢ ᠰᠡᠳᠬᠢᠯ ᠲᠠᠯᠪᠢᠨ ᠰᠤᠨᠤᠰᠴᠦ᠂ ᠲᠠᠷᠢᠬᠢ ᠪᠠᠨ ᠭᠦᠳᠡᠯᠭᠡᠭᠡᠨ ᠰᠡᠳᠬᠢᠨ

ᠪᠤᠳᠤᠯᠬᠢᠯᠠᠬᠤ ᠨᠢ ᠪᠡᠶ᠎ᠡ ᠪᠠᠨ ᠲᠠᠭᠠᠭᠠᠬᠤ ᠴᠢᠳᠠᠪᠤᠷᠢ ᠶᠢ ᠭᠦᠮᠦᠵᠢᠭᠦᠯᠭᠦ ᠪᠠᠷ ᠪᠠᠷᠠᠬᠤ ᠦᠭᠡᠢ᠂ ᠠᠰᠠᠭᠤᠳᠠᠯ ᠢ ᠵᠠᠳᠠᠯᠵᠦ᠂

ᠠᠰᠠᠭᠤᠳᠠᠯ ᠢ ᠰᠢᠨᠵᠢᠯᠠᠵᠦ᠂ ᠠᠰᠠᠭᠤᠳᠠᠯ ᠢ ᠰᠡᠳᠬᠢᠭᠦ ᠠᠷᠭ᠎ᠠ ᠵᠢᠴᠢ ᠠᠰᠠᠭᠤᠳᠠᠯ ᠢ ᠰᠢᠢᠳᠪᠦᠷᠢᠯᠡᠭᠦ ᠴᠢᠳᠠᠪᠤᠷᠢ ᠶᠢ

ᠭᠦᠮᠦᠵᠢᠭᠦᠯᠭᠦ ᠳᠤ ᠠᠰᠢᠬ ᠲᠠᠢ᠃ ᠰᠤᠷᠤᠯᠭ᠎ᠠ ᠰᠠᠶᠢᠨ ᠰᠤᠷᠤᠬᠴᠢ ᠶᠡᠷᠦ ᠨᠢ ᠪᠠᠭᠰᠢ ᠶᠢᠨ ᠭᠡᠯᠡᠭᠰᠡᠨ ᠢ ᠠᠩᠬᠠᠷᠴᠦ

ᠰᠤᠨᠤᠰᠬᠤ ᠶᠢᠨ ᠲᠠᠭᠠᠤ ᠠᠰᠠᠭᠤᠯᠳᠠ ᠶᠢᠨ ᠲᠤᠭᠤᠷᠢᠨ ᠳᠤ ᠰᠡᠳᠬᠢᠨ ᠪᠤᠳᠤᠯᠬᠢᠯᠠᠵᠦ᠂ ᠪᠤᠰᠤᠳ ᠤᠨ

ᠬᠠᠷᠢᠭᠤᠯᠳᠠ ᠪᠠᠷ ᠵᠦᠪᠭᠡᠨ ᠯᠠᠪᠯᠠᠯᠳᠠ ᠪᠤᠯᠭᠠᠵᠦ᠂ ᠵᠦᠪ ᠪᠤᠷᠤᠭᠤ᠂ ᠦᠨᠡᠨ ᠮᠥᠨ ᠡᠰᠡᠭᠦ ᠶᠢ ᠨᠢ ᠨᠠᠷᠢᠯᠢᠬ ᠲᠤᠩᠭᠠᠵᠦ᠂

ᠦᠪᠡᠷ ᠤᠨ ᠭᠡᠰᠡᠨ ᠪᠠᠳᠤᠳᠠᠢ ᠬᠠᠷᠢᠭᠤᠯᠳᠠ ᠤᠯᠬᠤ ᠪᠠᠷ ᠴᠢᠷᠮᠠᠶᠢᠳᠠᠭ ᠢ ᠪᠢᠳᠡ ᠤᠯᠵᠦ ᠠᠵᠢᠬᠯᠠᠳᠠᠭ᠃ ᠡᠭᠦᠨ ᠤ

ᠡᠰᠡᠷᠭᠦ ᠰᠤᠷᠤᠯᠭ᠎ᠠ ᠠᠨᠠᠢ᠂ ᠪᠡᠶ᠎ᠡ ᠪᠠᠨ ᠲᠠᠭᠠᠭᠠᠵᠦ ᠰᠤᠷᠤᠯᠴᠠᠬᠤ ᠲᠤᠷ᠎ᠠ ᠦᠭᠡᠢ ᠭᠡᠤᠭᠡᠳ ᠶᠡᠷᠦ ᠨᠢ ︽ᠪᠡᠯᠡᠨ        

ᠪᠤᠳᠠᠭ᠎ᠠ︾ ᠢᠳᠡᠭᠦ ᠪᠠᠷ ᠭᠦᠯᠢᠶᠡᠵᠦ᠂ ᠶᠠᠮᠠᠷᠪᠠ ᠠᠰᠠᠭᠤᠳᠠᠯ ᠲᠤᠯᠭᠠᠷᠠᠭᠰᠠᠨ ᠴᠦ ᠤᠷᠢᠳ ᠢᠶᠠᠷ ᠭᠠᠷ ᠭᠦᠳᠡᠯᠵᠦ

ᠰᠢᠢᠳᠪᠦᠷᠢᠯᠡᠭᠦ ᠭᠡᠵᠦ ᠤᠷᠤᠯᠳᠤᠬᠤ ᠦᠭᠡᠢ᠂ ᠬᠠᠷᠢᠨ ᠪᠤᠰᠤᠳ ᠤᠨ ᠭᠠᠷ ᠬᠠᠷᠠᠵᠦ ᠬᠠᠷᠢᠭᠤᠯᠳᠠ ᠭᠦᠰᠡᠳᠡᠭ᠃ ᠡᠶᠢᠮᠦ

ᠰᠤᠷᠤᠬᠴᠢ ᠶᠢᠨ ᠰᠤᠷᠣᠯᠭ᠎ᠠ ᠶᠠᠷᠢᠶᠠᠨ ᠦᠭᠡᠢ ᠠᠨᠠᠢ ᠪᠠᠶᠢᠵᠦ᠂ ᠲᠡᠭᠡᠭᠰᠢᠯᠡᠯᠳᠡ ᠪᠠᠷ ᠤᠳᠠᠭᠠᠨ ᠮᠦᠷᠳᠡᠭᠡᠨ

ᠰᠤᠷᠤᠯᠴᠠᠬᠤ ᠦᠷ᠎ᠡ ᠠᠰᠢᠭ ᠭᠤᠷᠢ ᠦᠭᠡᠢ ᠪᠠᠶᠢᠳᠠᠭ᠃ ᠡᠶᠢᠮᠦ ᠠᠴᠠ ᠰᠤᠷᠤᠬᠴᠢ ᠶᠢᠨ ᠪᠡᠶ᠎ᠡ ᠪᠠᠨ ᠲᠠᠭᠠᠭᠠᠵᠦ

ᠰᠡᠳᠬᠢᠨ ᠪᠤᠳᠤᠯᠬᠢᠯᠠᠬᠤ ᠴᠢᠳᠠᠪᠤᠷᠢ ᠶᠢ ᠪᠠᠭ᠎ᠠ ᠠᠴᠠ ᠨᠢ ᠭᠦᠮᠦᠵᠢᠭᠦᠯᠭᠦ ᠨᠢ ᠮᠠᠰᠢ ᠴᠢᠬᠤᠯᠠ ᠶᠤᠮ᠃

      ᠬᠤᠶᠠᠷ᠂ ᠭᠦᠯᠢᠴᠡᠩᠭᠦᠢ ᠰᠤᠨᠤᠰᠬᠤ ᠲᠠᠳᠬᠠᠯ ᠢ ᠭᠦᠮᠦᠵᠢᠭᠦᠯᠭᠦ

      ᠰᠤᠨᠤᠰᠬᠤ ᠪᠤᠯ ᠰᠤᠷᠤᠬᠴᠢ ᠮᠡᠳᠡᠯᠭᠡ ᠤᠯᠬᠤ ᠵᠠᠮ᠃ ᠭᠡᠷᠪᠡ ᠡᠨᠡ ᠡᠭᠦᠳᠡ ᠬᠠᠭᠠᠯᠳᠠᠳᠠᠢ ᠪᠤᠯ ᠮᠡᠳᠡᠯᠭᠡ

ᠤᠯᠠᠮᠵᠢᠯᠠᠬᠤ ᠵᠠᠮ ᠨᠢ ᠲᠦᠭᠵᠢᠷᠡᠭᠡᠳ ᠲᠠᠷᠠᠭᠠᠴᠢ ᠶᠢᠨ ᠠᠯᠬᠤᠮ ᠨᠢ ᠶᠠᠪᠤᠬᠳᠠᠬᠤ ᠶᠢᠨ ᠠᠷᠭ᠎ᠠ ᠦᠭᠡᠢ᠃ ᠤᠯᠠᠩᠬᠢ

ᠰᠤᠷᠤᠯᠭ᠎ᠠ ᠠᠨᠠᠢ ᠭᠡᠤᠭᠡᠳ ᠤᠳ ᠰᠤᠨᠤᠰᠬᠤ ᠴᠢᠳᠠᠪᠤᠷᠢ ᠪᠠᠷ ᠠᠨᠠᠢ᠂ ᠪᠤᠰᠤᠳ ᠤᠨ ᠦᠭᠡ ᠶᠢ ᠰᠠᠶᠢᠳᠤᠷ ᠰᠤᠨᠤᠰᠬᠤ

ᠦᠭᠡᠢ᠂ ᠡᠰᠡᠭᠦᠯ᠎ᠡ ᠰᠤᠨᠤᠰᠤᠬᠰᠠᠨ ᠴᠦ ᠴᠢᠨᠠᠭᠰᠢ ᠪᠠᠨ ᠰᠡᠳᠬᠢᠨ ᠪᠤᠳᠤᠯᠬᠢᠯᠠᠭᠰᠠᠨ ᠦᠭᠡᠢ ᠠᠴᠠ ᠪᠤᠯᠵᠦ

ᠪᠤᠰᠤᠳ ᠠᠴᠠ ᠬᠤᠴᠤᠷᠬᠤ᠂ ᠰᠤᠷᠤᠯᠭ᠎ᠠ ᠳᠤ ᠪᠠᠨ ᠭᠦᠴᠢᠷᠳᠡᠭᠦ ᠦᠵᠡᠭᠳᠡᠯ ᠢᠯᠡᠷᠡᠳᠡᠭ᠃

      ᠰᠤᠷᠤᠬᠴᠢ ᠳᠤ ᠡᠨᠡ ᠲᠠᠯ᠎ᠠ ᠶᠢᠨ ᠭᠦᠮᠦᠵᠢᠯ ᠢ ᠬᠢᠭᠦ ᠳᠤ᠄

      ︵1︶ ᠬᠤᠩᠬᠤ ᠲᠤᠤᠭᠠᠷᠤᠬᠰᠠᠭᠠᠷ ᠬᠢᠴᠢᠶᠡᠯ ᠤᠷᠤᠬᠤ ᠪᠡᠯᠡᠳᠭᠡᠯ ᠠᠵᠢᠯ ᠢᠶᠠᠨ ᠬᠢᠵᠦ᠂ ᠬᠢᠴᠢᠶᠡᠯ ᠢᠶᠠᠨ

ᠨᠠᠷᠢᠯᠢᠬ ᠰᠤᠨᠤᠰᠬᠤ ᠪᠡᠯᠡᠳᠭᠡᠯ ᠲᠠᠢ ᠪᠠᠶᠢᠬᠤ︔

      ︵2︶ ᠠᠩᠬᠠᠷᠤᠯ ᠲᠦᠪᠯᠡᠷᠡᠵᠦ᠂ ᠪᠠᠭᠰᠢ ᠶᠢᠨ ᠭᠡᠯᠡᠭᠰᠡᠨ ᠢ ᠰᠠᠶᠢᠳᠤᠷ ᠰᠤᠨᠤᠰᠬᠤ︔

      ︵3︶ ᠪᠤᠰᠤᠳ ᠤᠨ ᠰᠠᠨᠠᠭᠤᠯᠭ᠎ᠠ ᠶᠢ ᠰᠠᠶᠢᠳᠤᠷ ᠠᠩᠬᠠᠷᠬᠤ︔

      ︵4︶ ᠨᠦᠭᠦᠳ ᠤᠨ ᠢᠶᠠᠨ ᠶᠠᠷᠢᠬᠤ ᠶᠢ ᠨᠠᠷᠢᠯᠢᠬ ᠰᠤᠨᠤᠰᠬᠤ︔

      ︵5︶ ᠦᠪᠡᠷ ᠤᠨ ᠮᠡᠳᠡᠭᠰᠡᠨ᠂ ᠤᠶᠢᠯᠠᠭᠠᠬᠰᠠᠨ ᠵᠦᠢᠯᠡᠰ ᠢᠶᠠᠨ ᠨᠠᠷᠢᠯᠢᠬ ᠲᠡᠮᠳᠡᠭᠯᠡᠯ ᠬᠢᠭᠦ︔

      ︵6︶ ᠪᠠᠭᠰᠢ ᠶᠢᠨ ᠲᠠᠶᠢᠯᠪᠤᠷᠢᠯᠠᠯ ᠢ ᠠᠩᠬᠠᠷᠴᠦ ᠰᠤᠨᠤᠰᠴᠤ᠂ ᠵᠤᠬᠢᠴᠠᠵᠦ ᠴᠢᠳᠠᠬᠤ︔

      ︵7︶ ᠪᠤᠰᠤᠳ ᠠᠴᠠ ᠤᠷᠢᠳ ᠢᠶᠠᠷ ᠠᠰᠠᠭᠤᠯᠳᠠ ᠲᠤᠷᠠᠳᠬᠤ ᠪᠠᠷ ᠪᠡᠯᠡᠳᠭᠡᠭᠦ︔

      ︵8︶ ᠠᠩᠬᠠᠷᠤᠯ ᠰᠠᠷᠨᠢᠬᠤ ᠠᠴᠠ ᠬᠢᠴᠢᠶᠡᠭᠦ︔

      ︵9︶ ᠬᠢᠴᠢᠶᠡᠯ ᠤᠷᠤᠵᠦ ᠪᠠᠶᠢᠭ᠎ᠠ ᠦᠶᠡᠰ ᠠᠰᠠᠭᠤᠳᠠᠯ ᠢ ᠵᠠᠳᠠᠯᠵᠦ ᠰᠢᠢᠳᠪᠦᠷᠢᠯᠡᠭᠦ ᠶᠢ ᠠᠩᠬᠠᠷᠬᠤ

ᠭᠡᠷᠡᠭᠳᠠᠢ᠃

      ᠭᠤᠷᠪᠠ᠂ ᠡᠷᠬᠢᠴᠡᠭᠦᠯᠦᠯ ᠬᠢᠭᠦ ᠲᠠᠳᠬᠠᠯ ᠲᠠᠢ ᠪᠤᠯᠬᠤ

      ᠡᠳᠦᠷ ᠤᠨ ᠰᠤᠷᠤᠬᠰᠠᠨ ᠬᠢᠴᠢᠶᠡᠯ ᠤᠨ ᠠᠭᠤᠯᠭ᠎ᠠ ᠶᠢ ᠲᠠᠰᠬᠠᠯ ᠬᠢᠪᠡᠯ ᠪᠠᠷᠠᠴᠢᠬᠠᠬᠤ ᠪᠢᠰᠢ᠂ ᠬᠠᠷᠢᠨ

ᠬᠢᠴᠢᠶᠡᠯ ᠤᠨ ᠲᠠᠷᠠᠭ᠎ᠠ ᠡᠷᠬᠢᠴᠡᠭᠦᠯᠦᠨ ᠲᠤᠩᠭᠠᠬᠤ ᠨᠢ ᠮᠠᠰᠢ ᠴᠢᠬᠤᠯᠠ ᠪᠠᠶᠢᠳᠠᠬ᠃ ᠲᠠᠷᠤᠢ ᠶᠠᠮᠠᠷ ᠬᠢᠴᠢᠶᠡᠯ

ᠤᠷᠤᠬᠰᠠᠨ᠂ ᠶᠠᠮᠠᠷ ᠮᠡᠳᠡᠯᠭᠡ ᠶᠢᠨ ᠴᠡᠭ ᠪᠠᠶᠢᠬᠤ᠂ ᠶᠠᠭᠠᠬᠢᠵᠦ ᠬᠢᠭᠰᠡᠨ᠂ ᠶᠠᠭᠤᠨ ᠳᠤ ᠢᠩᠭᠢᠵᠦ ᠬᠢᠭᠰᠡᠨ᠂

ᠡᠭᠦᠨ ᠠᠴᠠ ᠪᠤᠰᠤᠳ ᠶᠠᠮᠠᠷ ᠠᠷᠭ᠎ᠠ ᠎ ᠪᠠᠷ ᠰᠢᠢᠳᠪᠦᠷᠢᠯᠡᠵᠦ ᠪᠤᠯᠬᠤ ᠭᠡᠭᠦ ᠮᠡᠳᠦ ᠶᠢᠨ ᠠᠷᠭ᠎ᠠ ᠪᠠᠷ ᠡᠳᠦᠷ ᠤᠨ

ᠰᠤᠷᠤᠬᠰᠠᠨ ᠠᠭᠤᠯᠭ᠎ᠠ ᠪᠠᠨ ᠡᠷᠬᠢᠴᠡᠭᠦᠯᠦᠨ ᠲᠤᠩᠭᠠᠵᠦ᠂ ᠨᠠᠷᠢᠯᠢᠬ ᠳ᠋ᠦᠩᠨᠡᠪᠡᠯ ᠰᠤᠷᠤᠭᠰᠠᠨ ᠮᠠᠳᠠᠯᠭᠡ ᠨᠢ

ᠰᠤᠷᠤᠬᠴᠢ ᠶᠢᠨ ᠲᠠᠷᠢᠬᠢᠨ ᠳᠤ ᠰᠠᠭᠤᠬᠳᠠᠬᠤ ᠨᠢ ᠢᠯᠡᠭᠦᠦ᠂ ᠠᠮᠠᠷᠬᠠᠨ ᠮᠠᠷᠳᠠᠭᠳᠠᠬᠤ ᠦᠭᠡᠢ ᠮᠦᠷᠳᠡᠭᠡᠨ

ᠦᠪᠡᠷ ᠢᠶᠠᠨ ᠲᠤᠰ ᠬᠢᠴᠢᠶᠡᠯ ᠤᠨ ᠠᠭᠤᠯᠭ᠎ᠠ ᠪᠤᠶᠤ ᠡᠳᠦᠷ ᠤᠨ ᠰᠤᠷᠤᠬᠰᠠᠨ ᠵᠦᠢᠯᠡᠰ ᠤᠨ ᠲᠤᠬᠠᠢ ᠤᠯᠠᠮ ᠨᠢᠭᠡ

ᠠᠯᠬᠤᠮ ᠤᠨ ᠲᠠᠨᠢᠯᠳᠠ ᠲᠠᠢ ᠪᠤᠯᠵᠦ ᠴᠢᠳᠠᠨ᠎ᠠ᠃ ᠡᠨᠡ ᠨᠢ ᠭᠡᠤᠭᠡᠳ ᠤᠨ ᠠᠰᠠᠭᠤᠳᠠᠯ ᠢ ᠵᠠᠳᠠᠯᠵᠦ᠂

ᠬᠤᠷᠢᠶᠠᠩᠭᠤᠶᠢᠯᠠᠬᠤ ᠴᠢᠳᠠᠪᠤᠷᠢ᠂ ᠠᠰᠠᠭᠤᠳᠠᠯ ᠢ ᠢᠯᠡᠷᠡᠭᠦᠯᠭᠦ ᠵᠡᠷᠭᠡ ᠴᠢᠳᠠᠪᠤᠷᠢ ᠶᠢ ᠭᠦᠮᠦᠵᠢᠭᠦᠯᠭᠦ ᠳᠤ ᠠᠰᠢᠬ          

᠎ ᠲᠠᠢ᠃ ᠡᠨᠡ ᠭᠦ ᠲᠠᠳᠬᠠᠯ ᠢ ᠭᠦᠮᠦᠵᠢᠭᠦᠯᠭᠦ ᠳᠤ ᠲᠠᠷᠭᠠᠬᠢ ᠭᠡᠳᠦᠨ ᠵᠦᠢᠯ ᠤᠨ ᠠᠷᠭ᠎ᠠ ᠪᠠᠷ ᠯᠠᠪᠯᠠᠯᠳᠠ ᠪᠤᠯᠭᠠᠵᠦ

ᠪᠤᠯᠤᠨ᠎ᠠ᠃ ᠲᠤᠬᠠᠢᠢᠯᠠᠪᠠᠯ᠂ ᠰᠡᠳᠬᠢᠭᠦᠢ ᠶᠢᠨ ᠭᠦᠳᠦᠯᠪᠦᠷᠢ ᠶᠢᠨ ᠵᠢᠷᠤᠭ ᠵᠢᠷᠤᠬᠤ᠂ ᠭᠦᠰᠦᠨᠦᠭᠵᠢᠭᠦᠯᠭᠦ᠂ ᠵᠤᠷᠪᠤᠰᠯᠠᠬᠤ᠂

ᠬᠢᠴᠢᠶᠡᠯ ᠲᠦᠷᠦᠯ ᠢ ᠠᠩᠬᠢᠯᠠᠵᠦ ᠬᠤᠷᠢᠶᠠᠩᠭᠤᠶᠢᠯᠠᠬᠤ ᠭᠡᠭᠦ ᠮᠡᠳᠦ᠃

      ᠲᠦᠷᠪᠡ᠂ ᠬᠤᠷᠢᠶᠠᠩᠭᠤᠶᠢᠯᠠᠵᠦ ᠳ᠋ᠦᠩᠨᠡᠭᠦ ᠲᠠᠳᠬᠠᠯ ᠲᠠᠢ ᠪᠤᠯᠬᠤ

      ᠡᠯ᠎ᠡ ᠮᠡᠳᠡᠯᠭᠡ ᠶᠢᠨ ᠴᠡᠭ ᠨᠢ ᠲᠤᠰᠠᠭᠠᠷ ᠮᠦᠷᠳᠡᠭᠡᠨ ᠪᠤᠰᠤᠳ ᠮᠡᠳᠡᠯᠭᠡ ᠶᠢᠨ ᠴᠡᠭ ᠲᠠᠢ ᠪᠠᠨ ᠮᠥᠨ ᠴᠦ

ᠬᠤᠯᠪᠤᠬᠳᠠᠯ ᠲᠠᠢ ᠪᠠᠶᠢᠳᠠᠭ᠃ ᠡᠯ᠎ᠡ ᠮᠡᠳᠡᠯᠭᠡ ᠶᠢᠨ ᠴᠡᠭ ᠵᠢᠴᠢ ᠭᠤᠤᠯᠳᠠᠯᠭ᠎ᠠ᠂ ᠵᠠᠩᠬᠢᠯᠠᠭ᠎ᠠ ᠶᠢ ᠨᠢ

ᠬᠤᠷᠢᠶᠠᠩᠭᠤᠶᠢᠯᠠᠵᠦ ᠳ᠋ᠦᠩᠨᠡᠭᠡᠳ ᠡᠳᠦᠷ ᠤᠨ ᠰᠤᠷᠤᠬᠰᠠᠨ ᠢᠶᠠᠨ ᠪᠠᠳᠤᠳᠬᠠᠵᠦ ᠴᠢᠳᠠᠪᠠᠯ ᠰᠤᠷᠤᠬᠴᠢ ᠶᠢᠨ

ᠰᠤᠷᠤᠬᠰᠠᠨ ᠵᠦᠢᠯᠡᠰ ᠨᠢ ᠨᠡᠩ ᠪᠠᠳᠤᠳᠠᠢ ᠪᠤᠯᠵᠦ ᠴᠢᠳᠠᠨ᠎ᠠ᠃

      ᠨᠢᠭᠡ ᠵᠦᠢᠯ ᠤᠨ ᠠᠵᠢᠯᠯᠠᠭ᠎ᠠ ᠠᠴᠠ ᠨᠢᠭᠡ ᠵᠦᠢᠯ ᠤᠨ ᠲᠠᠳᠬᠠᠯ ᠢ ᠤᠯᠤᠨ᠎ᠠ᠂ ᠨᠢᠭᠡ ᠵᠦᠢᠯ ᠤᠨ

ᠲᠠᠳᠬᠠᠯ ᠠᠴᠠ ᠨᠢᠭᠡ ᠵᠦᠢᠯ ᠤᠨ ᠵᠠᠩ ᠠᠭᠠᠯᠢ ᠶᠢ ᠤᠯᠤᠨ᠎ᠠ᠂ ᠨᠢᠭᠡ ᠵᠦᠢᠯ ᠤᠨ ᠵᠠᠩ ᠠᠭᠠᠯᠢ ᠠᠴᠠ ᠨᠢᠭᠡ

ᠵᠦᠢᠯ ᠤᠨ ᠠᠮᠢᠳᠤᠷᠠᠯ ᠢ ᠤᠯᠤᠨ᠎ᠠ ᠭᠡᠳᠡᠭᠴᠢᠯᠠᠨ ᠦᠩᠭᠡᠷᠡᠭᠰᠡᠨ ᠤ ᠲᠠᠳᠬᠠᠯ ᠨᠢ ᠤᠳᠤ ᠶᠢᠨ ᠴᠢᠮ᠎ᠠ ᠶᠢ

ᠲᠤᠬᠳᠠᠭᠠᠳᠠᠭ᠂ ᠤᠳᠤ ᠶᠢᠨ ᠲᠠᠳᠬᠠᠯ ᠨᠢ ᠢᠷᠡᠭᠡᠳᠦᠢ ᠶᠢᠨ ᠴᠢᠮ᠎ᠠ ᠶᠢ ᠭᠦᠮᠦᠵᠢᠭᠦᠯᠳᠡᠭ᠃ ᠰᠠᠶᠢᠨ ᠲᠠᠳᠬᠠᠯ ᠨᠢ

ᠪᠢᠳᠡᠨ ᠳᠤ ᠨᠠᠰᠤᠨ ᠲᠤᠷᠰᠢᠳᠠ ᠶᠢᠨ ᠠᠰᠢᠭ ᠭᠦᠷᠳᠡᠭᠡᠳᠡᠭ᠂ ᠰᠠᠶᠢᠨ ᠲᠠᠳᠬᠠᠯ ᠨᠢ ᠪᠢᠳᠡᠨ ᠤ ᠨᠠᠰᠤᠨ

ᠲᠤᠷᠰᠢᠳᠠ ᠶᠢᠨ ᠬᠠᠨᠢ ᠪᠤᠯᠤᠨ᠎ᠠ᠃ ᠡᠶᠢᠮᠦ ᠠᠴᠠ ᠰᠤᠷᠤᠬᠴᠢ ᠨᠦᠭᠦᠳ ᠢᠶᠠᠨ ᠪᠢᠳᠡ ᠬᠠᠷᠠᠬᠠᠨ ᠪᠠᠭ᠎ᠠ ᠠᠴᠠ ᠨᠢ

ᠰᠢᠯᠢᠳᠡᠭ ᠰᠠᠶᠢᠨ ᠰᠤᠷᠤᠯᠴᠠᠬᠤ ᠲᠠᠳᠬᠠᠯ ᠲᠠᠢ ᠪᠤᠯᠭᠠᠨ ᠭᠦᠮᠦᠵᠢᠭᠦᠯᠭᠦ ᠶᠢ ᠢᠮᠠᠭᠳᠠ ᠪᠤᠳᠤᠯᠬᠢᠯᠠᠪᠠᠯ ᠵᠤᠬᠢᠨ᠎ᠠ᠃

       ᠠᠵᠢᠯᠯᠠᠵᠤ ᠪᠠᠶᠢᠭ᠎ᠠ ᠪᠠᠶᠢᠭᠤᠯᠭ᠎ᠠ᠄ ᠪᠠᠭᠠᠷᠢᠨ ᠵᠡᠭᠦᠨ ᠬᠤᠰᠢᠭᠤᠨ ᠤ ᠪᠠᠶ᠋ᠬᠠᠠᠭᠤᠯᠠ 

                                ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ

                                ︵ᠠᠯᠳᠠᠨᠰᠦ᠋ᠭᠡ ᠨᠠᠶᠢᠷᠠᠭᠤᠯᠪᠠ︶ 

                                2023.5 ᠳ᠋ᠤᠭᠠᠷ ᠬᠤᠭᠤᠴᠠᠭ᠎ᠠ

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号