ᠤᠷᠡᠨᠪᠢᠯᠢᠭ | | | | | | ᠪᠠᠭ᠎ᠠ ᠰᠤᠷᠭᠠᠭᠤᠯᠢ ᠶᠢᠨ ᠮᠤᠩᠭᠤᠯ ᠬᠡᠯᠡᠨ ᠤ ᠵᠢᠭᠠᠨ ᠰᠤᠷᠭᠠᠯᠳᠠ ᠶᠢ ᠲᠡᠭᠡᠭᠰᠢᠯᠡᠭᠦᠯᠬᠦ ᠳᠤ ᠰᠤᠷᠤᠭᠴᠢᠳ ᠤᠨ | ᠮᠤᠩᠭᠤᠯ ᠬᠡᠯᠡᠨ ᠤ ᠪᠤᠳᠠᠳᠤ ᠴᠢᠳᠠᠪᠤᠷᠢ ᠶᠢ ᠲᠡᠭᠡᠭᠰᠢᠯᠡᠭᠦᠯᠬᠦ ᠬᠡᠷᠡᠭᠳᠡᠢ᠃ ᠤᠶᠢᠷ᠎ᠠ ᠶᠢᠨ ᠵᠢᠯ ᠤᠨ ᠵᠢᠭᠠᠨ | ᠰᠤᠷᠭᠠᠯᠳᠠ ᠳᠤ ᠡᠨᠡ ᠲᠠᠯ᠎ᠠ ᠤᠮᠳᠤᠭᠠᠶᠢᠯᠠᠭᠳᠠᠵᠦ ᠪᠠᠶᠢᠨ᠎ᠠ᠃ ᠪᠢ ᠬᠤᠷᠢᠨ ᠬᠡᠳᠦᠨ ᠵᠢᠯ ᠤᠨ ᠮᠤᠩᠭᠤᠯ ᠬᠡᠯᠡ | ᠪᠢᠴᠢᠭ ᠤᠨ ᠪᠠᠭᠰᠢ ᠪᠤᠯᠤᠭᠰᠠᠨ ᠤ ᠬᠤᠪᠢ ᠳᠤ ᠥᠩᠭᠡᠷᠡᠭᠰᠡᠨ ᠳᠤ ᠬᠢᠵᠦ ᠪᠠᠶᠢᠭᠰᠠᠨ ᠬᠡᠳᠦ ᠤᠳᠠᠭᠠᠨ ᠤ ᠤᠯᠤᠰ | ᠣᠷᠤᠨ ᠤ ᠬᠡᠪᠴᠢᠶᠡᠨ ᠤ ᠰᠤᠳᠤᠯᠭᠠᠨ ᠳᠤ ᠪᠠᠨ ᠰᠠᠭᠤᠷᠢᠯᠠᠵᠤ 2011 ᠤᠨ ᠠᠴᠠ ᠡᠬᠢᠯᠡᠵᠦ ᠲᠤᠰ | ᠰᠤᠷᠭᠠᠭᠤᠯᠢ ᠶᠢᠨ ᠢᠶᠠᠨ ᠪᠦᠬᠦᠶ ᠯᠡ ᠠᠩᠬᠢ ᠳᠤ ᠮᠤᠩᠭᠤᠯ ᠬᠡᠯᠡ ᠪᠢᠴᠢᠭ ᠤᠨ ᠵᠢᠭᠠᠨ ᠰᠤᠷᠭᠠᠯᠳᠠ ᠶᠢᠨ | ᠰᠤᠳᠤᠯᠭᠠᠨ ᠤ ᠠᠵᠢᠯ ᠢᠶᠠᠨ ᠡᠬᠢᠯᠡᠨ ᠶᠠᠪᠤᠭᠳᠠᠭᠤᠯᠵᠦ ᠬᠤᠤᠰ ᠭᠠᠷᠠᠭ ᠤᠨ ᠭᠤᠷᠪᠠᠨ ᠪᠤᠯᠭᠠᠨ ᠤ ᠦᠳᠡ ᠶᠢᠨ | ᠬᠤᠶᠢᠨᠠᠬᠢ ᠬᠤᠶᠠᠷ ᠬᠢᠴᠢᠶᠡᠯ ᠤᠨ ᠴᠠᠭ ᠲᠤ ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠢᠶᠠᠨ ᠡᠬᠢᠯᠡᠵᠦ | ᠦᠷᠨᠢᠭᠦᠯᠦᠭᠰᠡᠨ ᠪᠠᠶᠢᠨ᠎ᠠ᠃ | ᠬᠡᠳᠦᠨ ᠵᠢᠯ ᠤᠨ ᠲᠤᠷᠰᠢ ᠮᠤᠩᠭᠤᠯ ᠬᠡᠯᠡᠨ ᠤ ᠬᠥᠳᠡᠯᠪᠦᠷᠢ ᠶᠢᠨ ᠬᠢᠴᠢᠶᠡᠯ ᠢ ᠨᠡᠮᠡᠨ ᠬᠢᠴᠢᠶᠡᠯᠯᠡᠭᠰᠡᠨ ᠠᠴᠠ | ᠣᠳᠤ ᠪᠣᠯᠬᠤ ᠳᠤ ᠰᠤᠷᠤᠭᠴᠢᠳ ᠤᠨ ᠮᠤᠩᠭᠤᠯ ᠬᠡᠯᠡᠨ ᠤ ᠤᠩᠰᠢᠬᠤ᠂ ᠪᠢᠴᠢᠬᠦ᠂ ᠶᠠᠷᠢᠬᠤ᠂ ᠰᠤᠨᠤᠰᠬᠤ ᠪᠠ | ᠰᠡᠳᠭᠢᠬᠦ ᠵᠡᠷᠭᠡ ᠪᠤᠲᠠᠲᠤ ᠴᠢᠳᠠᠪᠤᠷᠢ ᠶᠢᠨ ᠳᠡᠭᠡᠭᠰᠢᠯᠡᠯᠲᠡ ᠳᠤ ᠲᠣᠩ ᠶᠡᠭᠡ ᠦᠷ᠎ᠡ ᠠᠰᠢᠭ ᠤᠯᠵᠤ ᠰᠤᠷᠭᠠᠭᠤᠯᠢ ᠶᠢᠨ | ᠮᠣᠩᠭᠤᠯ ᠬᠡᠯᠡᠨ ᠤ ᠵᠢᠭᠠᠨ ᠰᠤᠷᠭᠠᠯᠲᠠ ᠴᠤ ᠮᠡᠳᠡᠭᠳᠡᠬᠦ᠋ᠢᠴᠡ ᠳᠡᠭᠡᠭᠰᠢᠯᠡᠵᠦ ᠲᠣᠩ ᠰᠠᠶᠢᠨ ᠦᠷ᠎ᠡ ᠪᠦᠳᠦᠮᠵᠢ ᠶᠢ | ᠣᠯᠤᠭᠰᠠᠨ ᠪᠠᠶᠢᠨ᠎ᠠ᠃ ᠲᠣᠣᠷ᠎ᠠ ᠪᠢ ᠡᠳᠡᠭᠡᠷ ᠵᠢᠯ ᠤᠨ ᠰᠤᠳᠤᠯᠭᠠᠨ ᠤ ᠦᠷ᠎ᠠ ᠪᠦᠳᠦᠭᠡᠯ ᠲᠠᠢ ᠪᠠᠨ ᠤᠶᠠᠯᠳᠤᠭᠤᠯᠵᠤ | ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠤᠨ ᠲᠤᠬᠠᠢ ᠥᠪᠡᠷ ᠤᠨ ᠦᠵᠡᠯᠲᠡ ᠪᠠᠨ ᠲᠤᠷᠠᠳᠤᠶ᠎ᠠ᠃ | ᠮᠤᠩᠭᠤᠯ ᠬᠡᠯᠡ ᠪᠤᠯ ᠶᠡᠷᠦ ᠳᠤ ᠪᠠᠨ ᠶᠡᠷᠦᠩᠬᠡᠶᠢᠯᠡᠭᠰᠡᠨ ᠴᠢᠨᠠᠷᠲᠠᠢ ᠮᠡᠳᠡᠯᠭᠡ ᠶᠢᠨ ᠠᠭᠤᠯᠤᠭᠳᠠᠬᠤᠨ ᠲᠠᠢ | ᠬᠢᠴᠢᠶᠡᠯ ᠪᠤᠯᠤᠨ᠎ᠠ᠃ ᠲᠠᠷᠤᠢ ᠰᠤᠷᠤᠭᠴᠢᠳ ᠭᠠᠭᠴᠠ ᠬᠢᠴᠢᠶᠡᠯ ᠤᠨ ᠴᠠᠭ ᠲᠤ ᠮᠤᠩᠭᠤᠯ ᠬᠡᠯᠡ ᠪᠢᠴᠢᠭ ᠰᠤᠷᠤᠭᠠᠳ | ᠳᠡᠶᠢᠯᠴᠢᠬᠡᠬᠦ ᠪᠢᠰᠢ᠂ ᠵᠠᠪᠠᠯ ᠶᠡᠷᠦᠩᠬᠡᠶᠢᠯᠡᠭᠰᠡᠨ ᠦᠢᠯᠡᠳᠦᠯᠭᠡ ᠬᠦᠳᠡᠯᠪᠦᠷᠢ ᠳᠤ ᠤᠷᠤᠯᠴᠠᠵᠦ ᠬᠢᠴᠢᠶᠡᠯ ᠤᠨ | ᠲᠤᠳᠤᠨ᠎ᠠ ᠭᠠᠳᠠᠨᠠᠬᠢ ᠶᠢ ᠤᠶᠠᠯᠳᠤᠭᠤᠯᠪᠠᠯ ᠰᠠᠶ᠋ᠢ ᠰᠤᠷᠤᠭᠴᠢᠳ ᠵᠢᠩᠬᠢᠨᠢ ᠮᠤᠩᠭᠤᠯ ᠬᠡᠯᠡ ᠪᠢᠴᠢᠭ ᠤᠨ ᠪᠤᠳᠠᠳᠤ | ᠴᠢᠳᠠᠪᠤᠷᠢ ᠲᠠᠢ ᠪᠤᠯᠵᠦ ᠴᠢᠳᠠᠳᠠᠭ᠃ ᠶᠠᠭ ᠡ᠊ᠨᠡ ᠭᠦ ᠦᠪᠡᠷᠮᠢᠴᠡ ᠪᠦᠭᠡᠳ ᠳᠤᠭᠲᠠᠮᠠᠯ ᠤᠨᠴᠠᠯᠢᠭ ᠠᠴᠠ | ᠰᠢᠯᠲᠠᠭᠠᠯᠠᠭᠳᠠᠵᠦ ᠮᠤᠩᠭᠤᠯ ᠬᠡᠯᠡ ᠪᠢᠴᠢᠭ ᠢ ᠵᠢᠭᠠᠬᠤ ᠳᠤ ᠵᠠᠪᠠᠯ ᠬᠢᠴᠢᠶᠡᠯ ᠤᠨ ᠭᠠᠳᠠᠨᠠᠬᠢ ᠲᠤᠰᠬᠠᠢ ᠴᠠᠭ ᠤᠨ | ᠬᠦᠳᠡᠯᠪᠦᠷᠢ ᠶᠢᠨ ᠬᠢᠴᠢᠶᠡᠯ ᠲᠠᠢ ᠤᠶᠠᠯᠳᠤᠭᠤᠯᠪᠠᠯ ᠰᠠᠶ᠋ᠢ ᠰᠤᠷᠤᠭᠴᠢᠳ ᠪᠤᠲᠠᠲᠤ ᠴᠢᠳᠠᠪᠦᠷᠢ ᠶᠢ ᠤᠯᠵᠦ | ᠴᠢᠳᠠᠳᠠᠭ᠃ ᠢᠡᠭᠬᠢᠭᠡᠳ ᠪᠢ ᠰᠤᠷᠭᠠᠭᠤᠯᠢ ᠳᠤ ᠪᠠᠨ ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠢ ᠨᠡᠭᠡᠭᠡᠵᠦ | ᠰᠤᠷᠤᠭᠴᠢᠳ ᠤᠨ ᠤᠩᠰᠢᠬᠤ᠂ ᠪᠢᠴᠢᠬᠦ᠂ ᠶᠠᠷᠢᠬᠤ᠂ ᠰᠤᠨᠤᠰᠬᠤ᠂ ᠰᠡᠳᠬᠢᠬᠦ᠂ ᠲᠤᠭᠯᠠᠬᠤ ᠵᠡᠷᠭᠡ ᠪᠤᠲᠠᠲᠤ | ᠴᠢᠳᠠᠪᠤᠷᠢ ᠶᠢ ᠬᠦᠮᠦᠵᠢᠭᠦᠯᠬᠦ ᠳᠤ ᠵᠤᠷᠢᠭᠤᠯᠵᠦ ᠳᠤᠰ ᠰᠤᠳᠤᠯᠭᠠᠨ ᠢ ᠰᠤᠷᠭᠠᠭᠤᠯᠢ ᠳᠤ ᠪᠠᠨ ᠡᠬᠢᠯᠡᠵᠦ | ᠶᠠᠪᠤᠭᠳᠠᠭᠤᠯᠤᠭᠰᠠᠨ ᠪᠠᠶᠢᠨ᠎ᠠ᠃ ᠡᠨᠡ ᠪᠤᠯ ᠲᠠᠷᠤᠢ ᠲᠤᠰ ᠰᠤᠳᠤᠯᠭᠠᠨ ᠢ ᠬᠢᠬᠦ ᠪᠠᠷ ᠪᠤᠯᠤᠭᠰᠠᠨ ᠰᠢᠯᠳᠠᠭᠠᠨ ᠪᠤᠶᠤ | ᠤᠭ ᠰᠠᠨᠠᠭ᠎ᠠ ᠪᠤᠯᠤᠨ᠎ᠠ᠃ | ︽ᠮᠤᠩᠭᠤᠯ ᠬᠡᠯᠡ ᠪᠢᠴᠢᠭ ᠤᠨ ᠬᠢᠴᠢᠶᠡᠯ ᠤᠨ ᠪᠠᠷᠢᠮᠵᠢᠶ᠎ᠠ︾ ᠳᠤ ᠮᠤᠩᠭᠤᠯ ᠬᠡᠯᠡ ᠪᠢᠴᠢᠭ ᠤᠨ ᠬᠢᠴᠢᠶᠡᠯ ᠨᠢ | ︽ᠰᠤᠷᠤᠭᠴᠢᠳ ᠤᠨ ᠦᠭᠡ ᠬᠡᠯᠡ᠂ ᠦᠰᠦᠭ ᠪᠢᠴᠢᠭ ᠢᠶᠠᠨ ᠬᠡᠷᠡᠭᠯᠡᠬᠦ ᠴᠢᠳᠠᠪᠦᠷᠢ ᠶᠢ ᠬᠦᠮᠦᠵᠢᠭᠦᠯᠬᠦ ᠪᠠᠷ | ᠭᠤᠣᠯᠳᠠᠭᠤᠯᠵᠤ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠂ ᠪᠤᠰᠤᠳ ᠬᠢᠴᠢᠶᠡᠯ | ᠲᠦᠷᠤᠯ ᠢ ᠰᠠᠶᠢᠨ ᠰᠤᠷᠬᠤ ᠳᠤ ᠰᠠᠭᠤᠷᠢ ᠲᠠᠯᠪᠢᠨ᠎ᠠ︾ ᠭᠡᠰᠡᠨ ᠪᠠᠶᠢᠳᠠᠭ᠃ ᠮᠦᠨ ᠴᠦ ︽ᠬᠡᠯᠡ ᠪᠢᠴᠢᠭ ᠤᠨ | ᠬᠢᠴᠢᠶᠡᠯ ᠪᠣᠯ ᠰᠤᠷᠤᠭᠴᠢᠳ ᠢ ᠲᠦᠷᠦᠯᠬᠢ ᠬᠡᠯᠡᠨ ᠤ ᠤᠩᠰᠢᠬᠤ᠂ ᠪᠢᠴᠢᠬᠦ᠂ ᠶᠠᠷᠢᠬᠤ᠂ ᠰᠣᠨᠤᠰᠬᠤ | ᠦᠢᠯᠡᠳᠦᠯᠭᠡ ᠳᠤ ᠦᠷᠭᠡᠨ ᠳᠡᠯᠭᠡᠷ ᠣᠷᠤᠯᠴᠠᠭᠤᠯᠬᠤ︾᠂ ︽ᠦᠢᠯᠡᠳᠦᠯᠭᠡᠴᠢ ᠰᠢᠨᠵᠢ᠂ ᠪᠠᠭᠠᠵᠢᠴᠢ ᠰᠢᠨᠵᠢ᠂ | ᠰᠤᠶᠤᠯᠴᠢ ᠰᠢᠨᠵᠢ᠂ ᠬᠡᠷᠡᠭᠯᠡᠭᠡᠴᠢ ᠰᠢᠨᠵᠢ ᠪᠣᠯ ᠬᠡᠯᠡ ᠪᠢᠴᠢᠭ ᠤᠨ ᠬᠢᠴᠢᠶᠡᠯ ᠤᠨ ᠦᠨᠳᠦᠰᠦᠨ ᠣᠨᠴᠠᠯᠢᠭ | ᠪᠣᠯᠤᠨ᠎ᠠ︾᠂ ︽ᠬᠡᠯᠡ ᠪᠢᠴᠢᠭ ᠤᠨ ᠬᠢᠴᠢᠶᠡᠯ ᠨᠢ ᠦᠢᠯᠡᠳᠦᠯᠭᠡᠲᠦ ᠰᠢᠨᠵᠢ ᠲᠠᠢ ᠬᠢᠴᠢᠶᠡᠯ ᠲᠦᠷᠦᠯ ᠮᠦᠨ᠂ | ᠭᠤᠣᠯᠳᠠᠭᠤ ᠬᠡᠯᠡ ᠪᠢᠴᠢᠭ ᠤᠨ ᠦᠢᠯᠡᠳᠦᠯᠭᠡ ᠪᠠᠷ ᠰᠤᠷᠤᠭᠴᠢᠳ ᠤᠨ ᠬᠡᠯᠡ ᠪᠢᠴᠢᠭ ᠤᠨ ᠴᠢᠳᠠᠪᠤᠷᠢ ᠶᠢ | ᠬᠦᠮᠦᠵᠢᠭᠦᠯᠦᠨ᠎ᠡ︾᠂ ︽ᠰᠤᠷᠤᠭᠴᠢᠳ ᠢ ᠢᠯᠡᠭᠦᠦ ᠤᠩᠰᠢᠭᠤᠯᠵᠤ ᠪᠢᠴᠢᠭᠦᠯᠤᠨ᠂ ᠡᠳᠤᠷ ᠲᠤᠳᠤᠮ | ᠬᠤᠷᠠᠮᠳᠤᠭᠤᠯᠤᠨ᠂ ᠬᠡᠯᠡ ᠪᠢᠴᠢᠭ ᠤᠨ ᠠᠯᠢ ᠣᠯᠠᠨ ᠦᠢᠯᠡᠳᠦᠯᠭᠡ ᠪᠠᠷ ᠬᠡᠯᠡ ᠪᠢᠴᠢᠭ ᠢ ᠬᠡᠷᠡᠭᠯᠡᠬᠦ ᠵᠢᠮ᠎ᠡ ᠶᠣᠰᠤ ᠶᠢ | ᠣᠶᠢᠯᠠᠭᠠᠭᠤᠯᠵᠤ ᠡᠵᠡᠮᠰᠢᠭᠦᠯᠦᠨ᠎ᠡ︾᠂ ︽ᠶᠡᠷᠦᠩᠬᠡᠶᠢᠯᠡᠵᠦ ᠰᠤᠷᠤᠯᠴᠠᠬᠤ ᠨᠢ ᠬᠡᠯᠡ ᠪᠢᠴᠢᠭ ᠤᠨ ᠬᠢᠴᠢᠶᠡᠯ | ᠬᠦᠮᠦᠵᠢᠯ ᠤᠨ ᠤᠯᠠᠮᠵᠢᠯᠠᠯ᠂ ᠣᠳᠤᠬᠢ ᠨᠡᠶᠢᠭᠡᠮ ᠤᠨ ᠰᠤᠷᠤᠯᠴᠠᠬᠤ ᠣᠨᠴᠠᠯᠢᠭ ᠲᠠᠢ ᠨᠡᠶᠢᠴᠠᠵᠤ᠂ ᠪᠠᠶ᠎ᠠ ᠪᠠᠨ | ᠳᠠᠭᠠᠭᠠᠵᠤ ᠡᠵᠡᠨ ᠮᠡᠳᠡᠭᠰᠡᠨ ᠳᠤᠷ᠎ᠠ ᠰᠣᠨᠢᠷᠬᠠᠯ ᠲᠠᠢ ᠬᠦᠳᠡᠯᠭᠡᠭᠡᠨ ᠳᠤᠮᠳᠠ᠂ ᠰᠤᠷᠤᠭᠴᠢᠳ ᠤᠨ ᠬᠡᠯᠡ ᠪᠢᠴᠢᠭ ᠤᠨ | ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ︾᠂ ︽ᠬᠡᠯᠡ ᠪᠢᠴᠢᠭ ᠤᠨ ᠬᠢᠴᠢᠶᠡᠯ ᠨᠢ ᠡᠷᠬᠡᠪᠰᠢ | ᠰᠤᠷᠤᠭᠴᠢᠳ ᠢ ᠵᠢᠯᠤᠭᠤᠳᠤᠨ᠂ ᠢᠯᠡᠭᠦᠬᠡᠨ ᠤᠩᠰᠢᠭᠤᠯᠵᠤ᠂ ᠢᠯᠡᠭᠦᠬᠡᠨ ᠬᠤᠷᠠᠮᠳᠤᠭᠤᠯᠤᠨ᠂ ᠦᠭᠡ ᠬᠡᠯᠡ᠂ | ᠦᠰᠦᠭ ᠪᠢᠴᠢᠭ ᠤᠨ ᠦᠢᠯᠡᠳᠦᠯᠭᠡ ᠶᠢ ᠴᠢᠬᠤᠯᠠᠴᠢᠯᠠᠵᠤ᠂ ᠪᠤᠲᠠᠲᠠᠢ ᠦᠢᠯᠠᠳᠦᠯᠭᠡ ᠶᠢᠨ ᠳᠤᠮᠳᠠ ᠰᠤᠶᠤᠯ ᠤᠨ | ᠠᠭᠤᠯᠤᠭᠳᠠᠬᠤᠨ ᠪᠤᠯᠤᠨ ᠭᠡᠯᠡ ᠪᠢᠴᠢᠭ ᠤᠨ ᠬᠡᠷᠡᠭᠯᠡᠭᠡᠨ ᠤ ᠵᠢᠮ᠎ᠡ ᠬᠠᠥᠯᠢ ᠶᠢ ᠰᠠᠷᠠᠵᠤ ᠮᠡᠳᠡᠭᠦᠯᠦᠨ᠎ᠡ︾ ᠭᠡᠵᠦ | ᠲᠤᠰᠪᠤᠷᠢ ᠳᠤᠷᠠᠳᠤᠭᠰᠠᠨ ᠪᠠᠶᠢᠳᠠᠭ᠃ | ᠰᠤᠳᠤᠯᠭᠠᠨ ᠤ ᠬᠠᠷᠠᠯᠲᠠ ᠪᠣᠯ ᠳᠠᠷᠤᠢ ᠮᠣᠩᠭᠤᠯ ᠬᠡᠯᠡᠨ ᠤ ᠵᠢᠭᠠᠨ ᠰᠤᠷᠭᠠᠯᠲᠠ ᠳᠤ ᠬᠢᠴᠢᠶᠡᠯ ᠤᠨ ᠲᠣᠲᠤᠨ᠎ᠠ | ᠭᠠᠳᠠᠨᠠᠬᠢ ᠶᠢ ᠤᠶᠠᠯᠳᠤᠭᠤᠯᠵᠤ ᠶᠡᠷᠦᠩᠬᠡᠶᠢᠯᠡᠭᠰᠡᠨ ᠦᠢᠯᠡᠳᠦᠯᠭᠡ ᠶᠢᠨ ᠬᠢᠴᠢᠶᠡᠯᠯᠡᠭᠡ ᠪᠠᠷ ᠮᠤᠩᠭᠤᠯ ᠬᠡᠯᠡ | ᠪᠢᠴᠢᠭ ᠤᠨ ᠬᠢᠴᠢᠶᠡᠯ ᠤᠨ ᠣᠨᠴᠠᠯᠢᠭ ᠰᠢᠨᠵᠢ᠂ ᠪᠠᠭᠠᠵᠢᠴᠢ ᠰᠢᠨᠵᠢ ᠪᠣᠯᠤᠨ ᠬᠦᠮᠦᠨ ᠰᠤᠶᠤᠯ ᠤᠨ ᠰᠢᠨᠵᠢ᠂ | ᠦᠢᠯᠡᠳᠦᠯᠭᠡᠲᠦ ᠰᠢᠨᠵᠢ ᠶᠢ ᠬᠦᠢᠴᠡᠳ ᠪᠠᠳᠠᠷᠠᠭᠤᠯᠵᠤ ᠲᠤᠰᠬᠠᠢ ᠬᠡᠯᠡᠨ ᠤ ᠬᠦᠳᠡᠯᠪᠦᠷᠢ ᠶᠢᠨ ᠬᠢᠴᠢᠶᠡᠯ ᠳᠠᠬᠢ | ᠪᠣᠯᠪᠠᠰᠤᠷᠠᠯ ᠢᠶᠠᠷ ᠲᠠᠮᠵᠢᠨ ᠰᠤᠷᠤᠭᠴᠢᠳ ᠤᠨ ᠤᠩᠰᠢᠬᠤ ᠴᠢᠳᠠᠪᠤᠷᠢ᠂ ᠪᠢᠴᠢᠬᠦ ᠴᠢᠳᠠᠪᠤᠷᠢ᠂ ᠰᠣᠨᠤᠰᠬᠤ ᠴᠢᠳᠠᠪᠤᠷᠢ᠂ | ᠶᠠᠷᠢᠬᠤ ᠴᠢᠳᠠᠪᠤᠷᠢ᠂ ᠵᠦᠴᠦᠭᠡᠯᠡᠬᠦ ᠴᠢᠳᠠᠪᠤᠷᠢ᠂ ᠰᠤᠷᠠᠭ ᠵᠠᠩᠭᠢ ᠴᠤᠭᠯᠠᠭᠤᠯᠬᠤ ᠴᠢᠳᠠᠪᠤᠷᠢ᠂ ᠰᠡᠳᠬᠢᠬᠦ ᠴᠢᠳᠠᠪᠤᠷᠢ᠂ | ᠬᠤᠷᠢᠶᠠᠩᠭᠤᠶᠢᠯᠠᠬᠤ ᠴᠢᠳᠠᠪᠤᠷᠢ ᠵᠡᠷᠭᠡ ᠪᠤᠲᠠᠲᠤ ᠬᠡᠷᠡᠭᠯᠡᠭᠡᠨ ᠤ ᠴᠢᠳᠠᠪᠤᠷᠢ ᠶᠢ ᠬᠦᠮᠦᠵᠢᠭᠦᠯᠵᠦ ᠮᠤᠩᠭᠤᠯ ᠬᠡᠯᠡ | ᠪᠢᠴᠢᠭ ᠤᠨ ᠵᠢᠭᠠᠨ ᠰᠤᠷᠭᠠᠯᠲᠠ ᠶᠢ ᠨᠡᠩ ᠦᠨᠳᠦᠷ ᠲᠦᠪᠰᠢᠨ ᠳᠤ ᠬᠦᠷᠭᠡᠬᠦ ᠪᠣᠯᠤᠨ᠎ᠠ᠃ | ᠡᠳᠡᠭᠡᠷ ᠪᠣᠯ ᠮᠦᠨ ᠴᠤ ᠰᠤᠷᠤᠭᠴᠢᠳ ᠤᠨ ᠮᠣᠩᠭᠤᠯ ᠬᠡᠯᠡᠨ ᠤ ᠪᠤᠲᠠᠲᠤ ᠴᠢᠳᠠᠪᠤᠷᠢ ᠶᠢ ᠳᠡᠭᠡᠭᠰᠢᠯᠡᠭᠦᠯᠬᠦ ᠳᠤ | ᠡᠷᠬᠡᠪᠰᠢ ᠬᠦᠳᠡᠯᠪᠤᠷᠢ ᠶᠢᠨ ᠬᠢᠴᠢᠶᠡᠯ ᠥᠷᠨᠢᠭᠦᠯᠬᠦ ᠶᠢᠨ ᠴᠢᠬᠤᠯᠠ ᠴᠢᠨᠠᠷ ᠤᠨ ᠲᠤᠰᠬᠠᠯ ᠪᠤᠯᠤᠨ᠎ᠠ᠃ ᠳᠠᠷᠤᠢ ᠲᠤᠰ | ᠰᠤᠳᠤᠯᠭᠠᠨ ᠢ ᠶᠠᠪᠤᠭᠳᠠᠭᠤᠯᠬᠤ ᠣᠨᠤᠯ ᠤᠨ ᠪᠠᠲᠤᠯᠠᠭ᠎ᠠ ᠵᠢᠴᠢ ᠬᠠᠷᠠᠯᠲᠠ ᠪᠣᠯᠤᠨ᠎ᠠ᠃ | ᠲᠡᠭᠡᠪᠡᠯ ᠪᠤᠲᠠᠲᠠᠢ ᠵᠢᠭᠠᠨ ᠰᠤᠷᠭᠠᠯᠲᠠ ᠳᠤᠮᠳᠠ ᠬᠡᠷᠬᠢᠨ ᠶᠠᠪᠤᠭᠳᠠᠭᠤᠯᠪᠠᠯ ᠵᠣᠬᠢᠬᠤ ᠪᠤᠢ ᠭᠡᠪᠡᠯ᠂ ᠡᠷᠬᠡᠪᠰᠢ | ᠲᠣᠣᠷᠠᠬᠢ ᠵᠢᠷᠭᠤᠭᠠᠨ ᠲᠠᠯ᠎ᠠ ᠶᠢ ᠪᠠᠷᠢᠮᠲᠠᠯᠠᠬᠤ ᠬᠡᠷᠡᠭᠲᠠᠢ᠃ | 1. ᠰᠤᠷᠭᠠᠭᠤᠯᠢ ᠠᠴᠠ ᠬᠦᠳᠡᠯᠪᠦᠷᠢ ᠶᠢᠨ ᠬᠢᠴᠢᠶᠡᠯ ᠤᠨ ᠴᠠᠭ ᠢ ᠨᠢᠭᠡᠳᠦᠯᠲᠡᠢ ᠲᠣᠬᠢᠷᠠᠭᠤᠯᠬᠤ | ᠬᠡᠷᠡᠭᠲᠡᠢ᠃ ᠮᠠᠨ ᠤ ᠰᠤᠷᠭᠠᠭᠤᠯᠢ ᠳᠤ ᠪᠠᠨ ᠬᠤᠤᠰ ᠭᠠᠷᠠᠭ ᠪᠣᠯᠭᠠᠨ ᠤ ᠭᠠᠷᠠᠭ ᠤᠨ ᠭᠤᠷᠪᠠᠨ ᠤ ᠦᠳᠡ ᠶᠢᠨ | ᠬᠤᠶᠢᠨᠠᠬᠢ ᠬᠤᠶᠠᠷ ᠭᠤᠷᠪᠠᠳᠤᠭᠠᠷ ᠴᠠᠭ ᠢ ᠲᠤᠰᠬᠠᠢ ᠮᠤᠩᠭᠤᠯ ᠬᠡᠯᠡᠨ ᠤ ᠬᠦᠳᠡᠯᠪᠤᠷᠢ ᠶᠢᠨ ᠬᠢᠴᠢᠶᠠᠯ ᠪᠣᠯᠭᠠᠨ ᠪᠦᠬᠦ | ᠣᠨ ᠢᠶᠠᠷ ᠢᠶᠠᠨ ᠨᠢᠭᠡᠳᠦᠯᠲᠡᠢ ᠶᠠᠪᠤᠭᠳᠠᠭᠤᠯᠳᠠᠭ ᠪᠠᠶᠢᠨ᠎ᠠ᠃ ᠭᠡᠬᠦ ᠳᠤ ᠪᠠᠨ ᠰᠤᠷᠭᠠᠭᠤᠯᠢ ᠠᠴᠠ ᠲᠤᠰᠬᠠᠢ | ᠤᠳᠤᠷᠢᠳᠬᠤ ᠳᠤᠭᠤᠶᠢᠯᠠᠩ ᠵᠣᠬᠢᠶᠠᠨ ᠪᠠᠶᠢᠭᠤᠯᠵᠤ᠂ ᠲᠤᠬᠠᠢ ᠶᠢᠨ ᠴᠠᠭ ᠲᠤ ᠡᠯ᠎ᠡ ᠠᠩᠭᠢ ᠳᠤ ᠲᠣᠭᠤᠷᠢᠨ ᠬᠦᠷᠴᠦ᠂ | ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠤᠨ ᠬᠢᠷᠢ ᠵᠡᠷᠭᠡ ᠶᠠᠪᠤᠭᠳᠠᠵᠤ ᠪᠠᠶᠢᠭ᠎ᠠ ᠶᠢ ᠲᠣᠭᠤᠷᠢᠨ | ᠪᠠᠶᠢᠴᠠᠭᠠᠳᠠᠭ᠃ | 2. ᠠᠭᠤᠯᠭ᠎ᠠ ᠶᠢᠨ ᠲᠠᠯ᠎ᠠ ᠪᠠᠷ ᠤᠨ ᠪᠣᠯᠭᠠᠨ ᠤ ᠣᠨᠴᠠᠯᠢᠭ ᠲᠤ ᠨᠢ ᠵᠣᠬᠢᠴᠠᠭᠤᠯᠤᠨ ᠶᠠᠷᠢᠶᠠᠨ ᠤ | ᠤᠷᠤᠯᠳᠤᠭᠠᠨ᠂ ᠤᠷᠠᠨ ᠲᠣᠳᠤ ᠤᠩᠰᠢᠯᠭ᠎ᠠ ᠶᠢᠨ ᠤᠷᠤᠯᠳᠤᠭᠠᠨ᠂ ᠲᠦᠷᠭᠡᠨ ᠪᠣᠯᠪᠠᠰᠤᠷᠠᠩᠭᠤᠢ ᠤᠩᠰᠢᠯᠭ᠎ᠠ ᠶᠢᠨ | ᠤᠷᠤᠯᠳᠤᠭᠠᠨ᠂ ᠤᠩᠰᠢᠬᠤ ᠪᠢᠴᠢᠭ ᠠᠴᠠ ᠬᠡᠰᠡᠭᠯᠡᠯ ᠤᠩᠰᠢᠬᠤ ᠤᠷᠤᠯᠳᠤᠭᠠᠨ᠂ ᠰᠢᠯᠦᠭ ᠤᠨ ᠤᠷᠤᠯᠳᠤᠭᠠᠨ᠂ | ᠭᠤᠷᠪᠠᠨ ᠮᠢᠨᠦ᠋ᠲ ᠤᠨ ᠠᠵᠢᠯᠯᠠᠭ᠎ᠠ᠂ ᠬᠢᠴᠢᠶᠡᠯ ᠤᠨ ᠪᠢᠴᠢᠭ ᠤᠨ ᠵᠦᠴᠦᠭᠡ ᠲᠣᠭᠯᠠᠬᠤ᠂ ᠮᠠᠷᠭᠤᠯᠳᠤᠭᠠᠨ ᠬᠢᠬᠦ᠂ | ᠵᠦᠢᠷ ᠰᠡᠴᠡᠨ ᠦᠭᠡ ᠬᠤᠷᠠᠮᠳᠤᠭᠤᠯᠬᠤ᠂ ᠬᠡᠯᠡᠴᠡ ᠶᠢ ᠦᠭᠦᠯᠡᠪᠦᠷᠢ ᠪᠤᠶᠤ ᠬᠡᠰᠡᠭᠯᠡᠯ ᠳᠤ ᠣᠷᠤᠭᠤᠯᠬᠤ ᠪᠣᠯᠪᠠᠰᠤᠷᠠᠯ᠂ | ᠤᠩᠰᠢᠨ ᠣᠶᠢᠯᠠᠭᠠᠬᠤ ᠴᠢᠳᠠᠪᠤᠷᠢ ᠶᠢᠨ ᠰᠢᠯᠭᠠᠯᠲᠠ᠂ ᠣᠨᠴᠠᠯᠢᠭᠲᠤ ᠬᠡᠯᠡ ᠪᠢᠴᠢᠭ ᠤᠨ ᠬᠦᠳᠡᠯᠭᠡᠭᠡᠨ᠂ ᠵᠣᠬᠢᠶᠠᠨ | ᠪᠢᠴᠢᠯᠭᠡ ᠶᠢᠨ ᠪᠣᠯᠪᠠᠰᠤᠷᠠᠯ᠂ ᠳᠦᠷᠢᠮᠵᠢᠭᠦᠨ ᠪᠢᠴᠢᠯᠭᠡ ᠶᠢᠨ ᠰᠢᠯᠭᠠᠷᠠᠭᠤᠯᠤᠯᠲᠠ᠂ ᠭᠠᠷ ᠪᠢᠴᠢᠮᠡᠯ ᠰᠣᠨᠢᠨ | ᠨᠠᠶᠢᠷᠠᠭᠤᠯᠬᠤ᠂ ᠬᠡᠯᠡ ᠪᠣᠯᠪᠠᠰᠤᠷᠠᠭᠤᠯᠬᠤ ᠦᠭᠡ᠂ ᠣᠨᠢᠰᠤᠭ᠎ᠠ ᠲᠠᠭᠠᠬᠤ᠂ ᠳᠠᠭᠠᠷᠢᠯᠴᠠᠭ᠎ᠠ ᠬᠢᠬᠦ ᠵᠡᠷᠭᠡ ᠲᠤᠰᠬᠠᠢ | ᠰᠡᠳᠦᠪ ᠢᠶᠠᠷ ᠠᠩᠭᠢ ᠪᠣᠯᠭᠠᠨ ᠳᠤ ᠠᠵᠢᠯᠯᠠᠭ᠎ᠠ ᠥᠷᠨᠢᠭᠦᠯᠦᠨ᠎ᠡ᠃ ᠭᠡᠬᠦ ᠳᠤ ᠪᠠᠨ ᠠᠩᠬᠠᠷᠪᠠᠯ ᠵᠣᠬᠢᠰᠲᠠᠢ ᠨᠢ ᠠᠩᠭᠢ | ᠪᠦᠷᠢ ᠳᠤ ᠲᠦᠷᠦᠭᠦᠦ ᠨᠢᠭᠡ ᠭᠠᠷᠠᠭ ᠤᠨ ᠡᠮᠦᠨ᠎ᠡ ᠠᠴᠠ ᠪᠡᠯᠡᠳᠬᠡᠵᠦ ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ | ᠤᠷᠤᠯᠳᠤᠭᠠᠨ ᠤ ᠬᠡᠯᠪᠡᠷᠢ ᠪᠠᠷ ᠶᠠᠪᠤᠭᠳᠠᠬᠤ ᠳᠤ ᠪᠦᠬᠦ ᠰᠤᠷᠤᠭᠴᠢ ᠶᠢᠨ ᠣᠷᠤᠯᠴᠠᠬᠤ ᠶᠢ ᠪᠠᠲᠤᠯᠠᠨ᠎ᠠ᠃ | 3. ᠡᠳᠡᠭᠡᠷ ᠬᠦᠳᠡᠯᠭᠡᠭᠡᠨ ᠢ ᠪᠤᠲᠠᠲᠠᠢ ᠥᠷᠨᠢᠭᠦᠯᠬᠦ ᠦᠶᠡᠰ ᠡᠯ᠎ᠡ ᠣᠨ ᠤ ᠰᠤᠷᠤᠭᠴᠢ ᠶᠢᠨ ᠴᠢᠳᠠᠪᠤᠷᠢ ᠶᠢᠨ | ᠱᠠᠭᠠᠷᠳᠠᠯᠭ᠎ᠠ ᠳᠤ ᠵᠣᠬᠢᠴᠠᠭᠤᠯᠤᠨ ᠠᠳᠠᠯᠢ ᠪᠤᠰᠤ ᠶᠢᠨ ᠱᠠᠭᠠᠷᠳᠠᠯᠭ᠎ᠠ ᠪᠤᠶᠤ ᠬᠠᠷᠠᠯᠲᠠ ᠲᠤᠭᠳᠠᠭᠠᠭᠰᠠᠨ ᠪᠠᠶᠢᠬᠤ | ᠬᠡᠷᠡᠭᠲᠡᠢ᠃ ᠶᠠᠷᠢᠶᠠᠨ ᠤ ᠤᠷᠤᠯᠳᠤᠭᠠᠨ ᠢᠶᠠᠷ ᠵᠢᠱᠢᠶᠡᠯᠡᠬᠦ ᠳᠤ᠂ ᠪᠠᠭ᠎ᠠ ᠰᠤᠷᠭᠠᠭᠤᠯᠢ ᠶᠢᠨ ᠲᠣᠣᠷ᠎ᠠ ᠣᠨ ᠳᠤ ᠪᠣᠯ | ᠥᠪᠡᠷ ᠤᠨ ᠨᠡᠷ᠎ᠡ᠂ ᠨᠤᠲᠤᠭ ᠤᠰᠤ ᠪᠠᠨ ᠲᠠᠨᠢᠯᠴᠠᠭᠤᠯᠬᠤ︔ ᠳᠤᠮᠳᠠ ᠣᠨ ᠪᠣᠯᠬᠤ ᠳᠤ ᠵᠢᠷᠤᠭ ᠦᠵᠡᠵᠦ ᠶᠠᠷᠢᠬᠤ᠂ | ᠪᠢᠴᠢᠬᠦ︔ ᠳᠡᠭᠡᠷ᠎ᠡ ᠣᠨ ᠪᠣᠯ ᠳᠤᠰᠬᠠᠢ ᠰᠡᠳᠦᠪᠲᠦ ᠶᠠᠷᠢᠶ᠎ᠠ ᠢᠯᠡᠳᠭᠡᠯ ᠬᠢᠬᠦ ᠵᠡᠷᠭᠡ ᠪᠠᠷ ᠠᠯᠬᠤᠮ ᠠᠯᠬᠤᠮ ᠢᠶᠠᠷ | ᠭᠦᠨᠵᠡᠭᠡᠶᠢᠷᠡᠭᠦᠯᠬᠦ ᠬᠡᠷᠡᠭᠲᠡᠢ᠃ ᠡᠭᠦᠨ ᠳᠤ ᠣᠨ ᠪᠣᠯᠭᠠᠨ ᠳᠤ ᠨᠢᠭᠡ ᠯᠡ ᠶᠠᠩᠵᠤ ᠪᠠᠷ ᠶᠠᠮᠠᠷ ᠴᠤ ᠭᠦᠨᠴᠡ | ᠲᠠᠪᠬᠤᠷᠭ᠎ᠠ ᠪᠠᠶᠢᠬᠤ ᠦᠭᠡᠢ᠂ ᠬᠠᠷᠠᠯᠲᠠ ᠦᠭᠡᠢ ᠪᠠᠷ ᠬᠤᠭᠤᠰᠤᠨ ᠶᠠᠷᠢᠭᠤᠯᠬᠤ ᠶᠢ ᠬᠡᠷᠰᠡᠤᠯᠡᠬᠦ ᠬᠡᠷᠡᠭᠲᠡᠢ᠃ ᠠᠳᠠᠯᠢ | ᠶᠤᠰᠤ ᠪᠠᠷ ᠤᠩᠰᠢᠯᠭ᠎ᠠ ᠶᠢᠨ ᠪᠣᠯᠪᠠᠰᠤᠷᠠᠯ ᠢᠶᠠᠷ ᠵᠢᠱᠢᠶᠡᠯᠡᠬᠦ ᠳᠤ᠂ ᠲᠣᠣᠷ᠎ᠠ ᠣᠨ ᠪᠣᠯ ᠤᠷᠤᠰᠤᠮ᠎ᠠ ᠪᠣᠯᠪᠠᠰᠤᠷᠠᠩᠭᠤᠢ | ᠤᠩᠰᠢᠬᠤ᠂ ᠳᠤᠮᠳᠠ ᠣᠨ ᠪᠣᠯ ᠰᠡᠳᠭᠢᠯᠭᠡ ᠲᠠᠢ ᠤᠷᠠᠨ ᠲᠣᠳᠤ ᠤᠩᠰᠢᠬᠤ᠂ ᠳᠡᠭᠡᠳᠦ ᠣᠨ ᠪᠣᠯ ᠪᠣᠯᠪᠠᠰᠤᠷᠠᠩᠭᠤᠢ | ᠤᠷᠠᠨ ᠲᠣᠳᠤ ᠤᠩᠰᠢᠬᠤ ᠠᠴᠠ ᠭᠠᠳᠠᠨ᠎ᠠ᠂ ᠤᠩᠰᠢᠬᠤ ᠬᠤᠷᠳᠤᠴᠠ ᠶᠢ ᠠᠩᠬᠠᠷᠤᠨ ᠬᠦᠮᠦᠵᠢᠭᠦᠯᠬᠦ ᠵᠡᠷᠭᠡ ᠪᠣᠯ | ᠲᠦᠢᠯ ᠤᠨ ᠴᠢᠬᠤᠯᠠ ᠪᠠᠶᠢᠳᠠᠭ᠃ ᠪᠠᠭ᠎ᠠ ᠰᠤᠷᠭᠠᠭᠤᠯᠢ ᠶᠢᠨ ᠰᠤᠷᠤᠭᠴᠢᠳ ᠢ ᠭᠡᠯᠡᠨ ᠤ ᠬᠤᠷᠠᠮᠳᠤᠭᠤᠯᠤᠯ ᠬᠢᠯᠭᠡᠵᠦ | ᠬᠡᠯᠡᠨ ᠤ ᠬᠡᠷᠡᠭᠯᠡᠭᠡᠨ ᠤ ᠴᠢᠳᠠᠪᠤᠷᠢ ᠶᠢ ᠨᠢ ᠲᠡᠭᠡᠭᠰᠢᠯᠡᠭᠦᠯᠬᠦ ᠪᠤᠯ ᠭᠡᠯᠡ ᠪᠢᠴᠢᠭ ᠤᠨ ᠵᠢᠭᠠᠨ ᠰᠤᠷᠭᠠᠯᠳᠠ ᠶᠢᠨ | ᠦᠨᠳᠤᠰᠤᠨ ᠵᠤᠷᠢᠯᠳᠠ ᠪᠤᠯᠬᠤ ᠶᠤᠮ᠃ ᠡᠶᠢᠮᠦ ᠠᠴᠠ ᠲᠣᠣᠷ᠎ᠠ ᠣᠨ ᠠᠴᠠ ᠡᠬᠢᠯᠡᠵᠦ ᠶᠠᠭᠠᠬᠢᠵᠤ ᠬᠤᠷᠠᠮᠳᠤᠭᠤᠯᠬᠤ | ᠬᠡᠷᠬᠢᠨ ᠱᠠᠲᠤᠴᠢ ᠴᠢᠨᠠᠷ ᠲᠠᠢ ᠭᠦᠨᠵᠡᠭᠡᠶᠢᠷᠡᠭᠦᠯᠦᠨ ᠶᠠᠪᠤᠭᠳᠠᠭᠤᠯᠬᠤ᠂ ᠳᠡᠭᠡᠷ᠎ᠡ ᠣᠨ ᠳᠤ ᠭᠡᠯᠡᠨ ᠤ ᠬᠤᠷᠠᠮᠳᠤᠭᠤᠯᠤᠯ ᠢ | ᠬᠡᠷᠬᠢᠨ ᠥᠪᠡᠷ ᠤᠨ ᠪᠣᠯᠭᠠᠵᠤ ᠬᠡᠷᠡᠭᠯᠡᠬᠦ ᠵᠡᠷᠭᠡ ᠶᠢ ᠴᠤ ᠬᠦᠳᠡᠯᠪᠦᠷᠢ ᠶᠢᠨ ᠬᠢᠴᠢᠶᠡᠯ ᠳᠡᠭᠡᠷ᠎ᠡ ᠠᠯᠬᠤᠮ ᠳᠠᠷᠠᠭ᠎ᠠ ᠲᠠᠢ | ᠶᠠᠪᠤᠭᠳᠠᠭᠤᠯᠵᠤ ᠪᠣᠯᠳᠠᠭ᠃ | 4. ᠬᠦᠳᠡᠯᠪᠤᠷᠢ ᠶᠢᠨ ᠬᠢᠴᠢᠶᠡᠯ ᠢ ᠥᠷᠨᠢᠭᠦᠯᠬᠦ ᠳᠤ ᠡᠷᠬᠡᠪᠰᠢ ᠡᠩ ᠤᠨ ᠬᠢᠴᠢᠶᠡᠯ ᠲᠠᠢ ᠠᠳᠠᠯᠢ ᠦᠭᠡᠢ | ᠪᠠᠶᠢᠬᠤ ᠶᠢ ᠠᠩᠬᠠᠷᠬᠤ ᠬᠡᠷᠡᠭᠲᠡᠢ᠃ ᠡᠭᠦᠨ ᠳᠤ ᠠᠩᠭᠢ ᠶᠢᠨ ᠭᠡᠷ ᠤᠨ ᠰᠢᠷᠡᠭᠡ ᠰᠠᠨᠳᠠᠯᠢ ᠶᠢ ᠬᠤᠷᠢᠶᠠᠵᠤ ᠲᠤᠰᠬᠠᠢ | ᠤᠷᠤᠯᠳᠤᠭᠠᠨ ᠤ ᠲᠠᠯᠠᠪᠤᠷ ᠢ ᠴᠢᠮᠡᠭᠯᠡᠬᠦ᠂ ᠰᠠᠮᠪᠠᠷ᠎ᠠ ᠳᠡᠯᠭᠡᠴᠡ ᠶᠢ ᠤᠷᠠᠯᠠᠵᠤ ᠤᠷᠤᠯᠳᠤᠭᠠᠨ ᠤ ᠠᠬᠤᠢ ᠲᠠᠯᠠᠪᠠᠢ ᠶᠢᠨ | ᠠᠭᠤᠷ ᠠᠮᠢᠰᠬᠤᠯ ᠢ ᠪᠣᠢ ᠪᠣᠯᠭᠠᠬᠤ᠂ ᠲᠤᠰᠬᠠᠢ ᠬᠢᠨᠠᠭᠴᠢ ᠪᠠ ᠬᠦᠲᠦᠯᠦᠭᠴᠢ ᠶᠢ ᠲᠣᠬᠢᠷᠠᠭᠤᠯᠬᠤ᠂ ᠤᠷᠤᠯᠳᠤᠭᠠᠨ ᠤ | ᠳ᠋ᠦᠩ ᠳᠤ ᠱᠠᠩᠨᠠᠯ ᠬᠦᠬᠢᠭᠦᠯᠦᠯ ᠤᠯᠭᠤᠬᠤ᠂ ᠳ᠋ᠦᠩᠨᠡᠯᠲᠡ ᠬᠢᠬᠦ ᠵᠡᠷᠭᠡ ᠶᠢ ᠮᠤᠩᠭᠤᠯ ᠬᠡᠯᠡᠨ ᠤ ᠪᠠᠭᠰᠢ ᠪᠣᠯᠭᠠᠨ | ᠤᠷᠢᠳᠴᠢᠯᠠᠨ ᠪᠡᠯᠡᠳᠭᠡᠭᠰᠡᠨ ᠪᠠᠶᠢᠬᠤ ᠨᠢ ᠰᠤᠷᠤᠭᠴᠢᠳ ᠤᠨ ᠲᠤᠰ ᠬᠦᠳᠡᠯᠭᠡᠭᠡᠨ ᠢ ᠬᠦᠨᠳᠦᠳᠭᠡᠨ ᠢᠳᠡᠪᠬᠢᠯᠡᠨ | ᠣᠷᠤᠯᠴᠠᠬᠤ ᠤᠬᠠᠮᠰᠠᠷ ᠢ ᠳᠡᠭᠡᠭᠰᠢᠯᠡᠭᠦᠯᠳᠡᠭ ᠪᠠᠶᠢᠨ᠎ᠠ᠃ ᠪᠠᠰᠠ ᠭᠡᠷ ᠤᠨ ᠠᠬᠠᠮᠠᠳ ᠤᠨ ᠵᠦᠪᠯᠡᠯ ᠤᠨ ᠭᠡᠰᠢᠭᠦᠳ ᠤᠨ | ᠦᠢᠯᠡᠳᠦᠯ ᠢ ᠪᠠᠳᠠᠷᠠᠭᠤᠯᠵᠤ ᠭᠠᠷᠠᠭ ᠪᠣᠯᠭᠠᠨ ᠠᠳᠠᠯᠢ ᠪᠤᠰᠤ ᠭᠡᠷ ᠤᠨ ᠠᠬᠠᠮᠠᠳ ᠢ ᠤᠷᠢᠵᠤ ᠬᠢᠨᠠᠭᠴᠢ ᠪᠣᠯᠭᠠᠬᠤ | ᠪᠤᠶᠤ ᠵᠣᠬᠢᠶᠠᠨ ᠪᠠᠶᠢᠭᠤᠯᠤᠭᠴᠢ ᠪᠣᠯᠭᠠᠵᠤ ᠪᠠᠶᠢᠪᠠᠯ ᠬᠡᠥᠬᠡᠳ ᠢᠶᠠᠨ ᠣᠶᠢᠯᠠᠭᠠᠬᠤ᠂ ᠱᠠᠭᠠᠷᠳᠠᠬᠤ ᠲᠠᠯ᠎ᠠ ᠳᠤ ᠶᠡᠭᠡ | ᠲᠦᠯᠬᠢᠴᠡ ᠬᠦᠴᠦᠨ ᠪᠣᠯᠵᠤ ᠪᠠᠶᠢᠳᠠᠭ ᠭᠡᠳᠡᠭ ᠢ ᠠᠩᠬᠠᠷᠬᠤ ᠬᠡᠷᠡᠭᠲᠡᠢ᠃ | 5. ᠲᠤᠰ ᠬᠦᠳᠡᠯᠪᠤᠷᠢ ᠶᠢᠨ ᠬᠢᠴᠢᠶᠡᠯ ᠤᠨ ᠢᠯᠭᠤᠮ ᠤᠷᠤᠭᠰᠢᠲᠠᠢ ᠶᠠᠪᠤᠭᠳᠠᠬᠤ ᠶᠢᠨ ᠪᠠᠰᠠ ᠨᠢᠭᠡ ᠴᠢᠬᠤᠯᠠ | ᠪᠠᠲᠤᠯᠠᠭ᠎ᠠ ᠭᠡᠪᠡᠯ ᠳᠠᠷᠤᠢ ᠮᠣᠩᠭᠤᠯ ᠬᠡᠯᠡᠨ ᠤ ᠪᠠᠭᠰᠢ ᠨᠠᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ | ᠳᠡᠭᠡᠭᠰᠢᠯᠡᠭᠦᠯᠬᠦ ᠪᠠ ᠬᠦᠳᠡᠯᠭᠡᠭᠡᠨ ᠢ ᠶᠠᠪᠤᠭᠳᠠᠭᠤᠯᠬᠤ ᠤᠬᠠᠮᠰᠠᠷ ᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ | ᠮᠣᠩᠭᠤᠯ ᠬᠡᠯᠡᠨ ᠤ ᠪᠠᠭᠰᠢ ᠨᠠᠷ ᠪᠣᠯ ᠪᠦᠬᠦ᠋ᠢᠯᠡ ᠬᠦᠳᠡᠯᠭᠡᠭᠡᠨ ᠤ ᠶᠠᠪᠤᠴᠠ ᠳᠤ ᠬᠠᠮᠤᠭ ᠤᠨ ᠭᠤᠣᠯ | ᠵᠤᠬᠢᠶᠠᠨ ᠪᠠᠶᠢᠭᠤᠯᠤᠭᠴᠢ ᠪᠣᠯᠤᠨ᠎ᠠ᠃ ᠡᠶᠢᠮᠦ ᠠᠴᠠ ᠤᠳᠠᠭ᠎ᠠ ᠪᠣᠯᠭᠠᠨ ᠤ ᠬᠦᠳᠡᠯᠭᠡᠭᠡᠨ ᠤ ᠱᠠᠭᠠᠷᠳᠠᠯᠭ᠎ᠠ ᠶᠢ | ᠭᠦᠨᠵᠡᠭᠡᠢ ᠣᠶᠢᠯᠠᠭᠠᠭᠤᠯᠵᠤ ᠪᠠᠲᠤᠲᠠᠢ ᠬᠢᠯᠭᠡᠬᠦ ᠨᠢ ᠬᠠᠮᠤᠭ ᠤᠨ ᠴᠢᠬᠤᠯᠠ ᠪᠠᠶᠢᠳᠠᠭ᠃ ᠡᠶᠢᠮᠦ ᠠᠴᠠ | ᠰᠤᠷᠭᠠᠭᠤᠯᠢ ᠠᠴᠠ ᠮᠣᠩᠭᠤᠯ ᠬᠡᠯᠡᠨ ᠤ ᠪᠠᠭᠰᠢ ᠨᠠᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠠᠯ᠎ᠠ ᠪᠠᠷ | ᠰᠤᠷᠤᠯᠴᠠᠯᠭ᠎ᠠ ᠪᠣᠯᠪᠠᠰᠤᠷᠠᠯ ᠢ ᠣᠯᠠᠨ ᠶᠠᠪᠤᠭᠳᠠᠭᠤᠯᠵᠤ᠂ ᠲᠤᠬᠠᠢ ᠶᠢᠨ ᠴᠠᠭ ᠲᠤ ᠨᠢ ᠵᠢᠯᠤᠭᠤᠳᠤᠨ ᠳᠠᠭᠠᠭᠤᠯᠵᠤ | ᠪᠠᠶᠢᠬᠤ ᠬᠡᠷᠡᠭᠲᠡᠢ᠃ ᠭᠡᠬᠦ ᠳᠤ ᠪᠠᠨ ᠠᠬᠠᠮᠠᠳ ᠲᠤᠷᠰᠢᠯᠭ᠎ᠠ ᠲᠠᠢ ᠪᠠᠭᠰᠢ ᠨᠠᠷ ᠢᠶᠠᠷ ᠣᠨᠣᠯ ᠤᠨ ᠵᠢᠯᠤᠭᠤᠳᠤᠯᠭ᠎ᠠ | ᠬᠢᠯᠭᠡᠬᠦ᠂ ᠦᠵᠡᠭᠦᠯᠭᠡ ᠶᠢᠨ ᠬᠢᠴᠢᠶᠡᠯ ᠣᠷᠤᠭᠤᠯᠬᠤ᠂ ᠣᠨ ᠤ ᠳᠤᠭᠤᠶᠢᠯᠠᠩ ᠲᠤᠳᠤᠷ᠎ᠠ ᠪᠠᠨ ᠬᠦᠳᠡᠯᠭᠡᠭᠡᠨ | ᠥᠷᠨᠢᠭᠦᠯᠬᠦ ᠵᠡᠷᠭᠡ ᠠᠷᠭ᠎ᠠ ᠪᠠᠷᠢᠯ ᠢ ᠠᠪᠴᠤ ᠪᠣᠯᠳᠠᠭ᠃ ᠡᠨᠡ ᠨᠢ ᠬᠠᠷᠢᠯᠴᠠᠨ ᠰᠤᠷᠤᠯᠴᠠᠵᠤ᠂ ᠣᠳᠠᠭ᠎ᠠ ᠪᠣᠯᠭᠠᠨ ᠤ | ᠬᠦᠳᠡᠯᠪᠤᠷᠢ ᠶᠢᠨ ᠴᠢᠨᠠᠷᠵᠢᠯ ᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠦᠵᠡᠭᠦᠯᠦᠨ᠎ᠡ᠃ | ᠡᠭᠦᠨ ᠠᠴᠠ ᠭᠠᠳᠠᠨ᠎ᠠ ᠪᠠᠭᠰᠢ ᠨᠠᠷ ᠤᠨ ᠤᠬᠠᠮᠰᠠᠷ ᠢ ᠳᠡᠭᠡᠭᠰᠢᠯᠡᠭᠦᠯᠬᠦ ᠴᠤ ᠲᠣᠩ ᠴᠢᠬᠤᠯᠠ | ᠪᠠᠶᠢᠳᠠᠭ᠃ ᠨᠢᠭᠡ ᠪᠦᠯᠦᠭ ᠪᠠᠭᠰᠢ ᠨᠠᠷ ᠠᠵᠢᠯ ᠤᠨ ᠬᠦᠨᠳᠦᠴᠡ ᠠᠴᠠ ᠵᠠᠶᠢᠯᠠᠰᠬᠢᠵᠦ ᠬᠢᠴᠢᠶᠡᠯ ᠤᠨ ᠨᠣᠮ ᠤᠨ | ᠠᠭᠤᠯᠭ᠎ᠠ ᠠᠴᠠ ᠭᠠᠳᠠᠨ᠎ᠠ ᠢᠯᠡᠭᠦᠦ ᠠᠵᠢᠯᠯᠠᠭ᠎ᠠ ᠬᠦᠳᠡᠯᠪᠦᠷᠢ ᠬᠢᠬᠦ ᠶᠢ ᠬᠦᠩᠭᠡᠪᠴᠢᠯᠡᠬᠦ ᠪᠤᠶᠤ ᠬᠡᠷᠡᠭ ᠦᠭᠡᠢ ᠭᠡᠵᠦ | ᠪᠣᠳᠤᠳᠠᠭ᠃ ᠬᠡᠬᠦ ᠳᠤ ᠪᠠᠨ ᠮᠣᠩᠭᠤᠯ ᠬᠡᠯᠡᠨ ᠤ ᠬᠢᠴᠢᠶᠡᠯ ᠪᠣᠯ ᠭᠠᠭᠴᠠ ᠨᠣᠮ ᠪᠢᠴᠢᠭ ᠠᠴᠠ ᠰᠤᠷᠬᠤ ᠪᠢᠰᠢ ᠵᠠᠪᠠᠯ | ᠬᠢᠴᠢᠶᠡᠯ ᠠᠴᠠ ᠭᠠᠳᠠᠭᠰᠢ ᠥᠷᠭᠡᠳᠬᠡᠨ ᠲᠠᠯᠠᠵᠤ ᠶᠡᠷᠦᠩᠬᠡᠶᠢᠯᠡᠭᠰᠡᠨ ᠦᠢᠯᠡᠳᠦᠯᠭᠡ ᠶᠢᠨ ᠶᠠᠪᠤᠴᠠ ᠳᠤ | ᠪᠣᠯᠪᠠᠰᠤᠷᠠᠭᠤᠯᠪᠠᠯ ᠰᠠᠶ᠋ᠢ ᠠᠮᠵᠢᠯᠲᠠ ᠣᠯᠤᠨ᠎ᠠ ᠭᠡᠲᠡᠭ ᠢ ᠪᠠᠭᠰᠢ ᠨᠠᠷ ᠲᠤ ᠮᠡᠳᠡᠭᠦᠯᠵᠦ ᠤᠬᠠᠮᠰᠠᠷ ᠠᠴᠠ ᠪᠠᠨ | ᠪᠡᠶᠡᠴᠢᠯᠡᠨ ᠣᠷᠤᠯᠴᠠᠬᠤ ᠢᠳᠡᠪᠬᠢᠵᠢᠯ ᠢ ᠨᠢ ᠲᠠᠶᠢᠴᠢᠯᠠᠬᠤ ᠪᠤᠯ ᠲᠣᠩ ᠴᠢᠬᠤᠯᠠ ᠪᠠᠶᠢᠳᠠᠭ᠃ | 6. ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠤᠨ ᠲᠠᠷᠠᠭ᠎ᠠ ᠳ᠋ᠦᠩᠨᠡᠯᠲᠡ ᠶᠢᠨ ᠠᠵᠢᠯ ᠢ ᠰᠠᠶᠢᠨ ᠬᠢᠵᠦ | ᠰᠤᠷᠤᠭᠴᠢᠳ ᠤᠨ ᠪᠦᠲᠦᠭᠡᠯ ᠢ ᠬᠠᠳᠠᠭᠠᠯᠠᠬᠤ᠂ ᠵᠢᠷᠤᠭ ᠲᠦᠷᠰᠦ ᠸᠢᠴᠠᠲ ᠢᠶᠠᠷ ᠦᠷ᠎ᠡ ᠪᠦᠲᠦᠭᠡᠯ ᠢ ᠬᠠᠳᠠᠭᠠᠯᠠᠬᠤ᠂ | ᠳᠡᠯᠭᠡᠨ ᠦᠵᠡᠭᠦᠯᠭᠡ ᠬᠢᠬᠦ ᠵᠡᠷᠭᠡ ᠠᠵᠢᠯ ᠢ ᠰᠠᠶᠢᠨ ᠬᠢᠬᠦ ᠨᠢ ᠳᠠᠷᠠᠭᠠᠴᠢ ᠶᠢᠨ ᠱᠠᠲᠣᠨ ᠤ ᠰᠤᠷᠤᠭᠴᠢᠳ ᠲᠤ | ᠤᠯᠠᠮᠵᠢᠯᠠᠵᠤ ᠬᠡᠷᠡᠭᠵᠢᠭᠦᠯᠬᠦ ᠳᠤ ᠲᠤᠰᠠ ᠪᠣᠯᠳᠠᠭ᠃ | ᠬᠦᠳᠡᠯᠪᠦᠷᠢ ᠶᠢᠨ ᠬᠢᠴᠢᠶᠡᠯ ᠪᠣᠯ ᠬᠡᠯᠡᠨ ᠤ ᠬᠢᠴᠢᠶᠡᠯ ᠤᠨ ᠥᠷᠭᠡᠳᠬᠡᠯ ᠪᠤᠶᠤ ᠭᠦᠨᠵᠡᠭᠡᠶᠢᠷᠡᠯ | ᠪᠤᠯᠤᠨ᠎ᠠ᠃ ᠮᠦᠨ ᠴᠦ ᠮᠣᠩᠭᠤᠯ ᠬᠡᠯᠡᠨ ᠤ ᠵᠢᠭᠠᠨ ᠰᠤᠷᠭᠠᠯᠲᠠ ᠲᠤᠮᠳᠠᠬᠢ ᠲᠤᠲᠠᠭᠲᠠᠵᠤ ᠪᠣᠯᠤᠰᠢ ᠦᠭᠡᠢ ᠨᠢᠭᠡ | ᠪᠦᠷᠢᠯᠳᠦᠭᠦᠨ ᠪᠣᠯᠤᠨ᠎ᠠ᠃ ᠡᠯ᠎ᠡ ᠭᠠᠵᠠᠷ ᠤᠨ ᠰᠤᠷᠭᠠᠭᠤᠯᠢ ᠪᠣᠶᠤ ᠣᠷᠤᠨ ᠨᠤᠲᠤᠭ᠂ ᠠᠩᠭᠢ ᠶᠢᠨ ᠪᠤᠲᠠᠲᠠᠢ | ᠪᠠᠶᠢᠳᠠᠯ ᠢᠶᠠᠨ ᠦᠨᠳᠦᠰᠦᠯᠡᠨ ᠠᠳᠠᠯᠢ ᠪᠤᠰᠤ ᠬᠡᠯᠪᠡᠷᠢ ᠮᠠᠶ᠋ᠢᠭ ᠢᠶᠠᠷ ᠶᠠᠪᠤᠭᠳᠠᠭᠤᠯᠵᠤ ᠪᠣᠯᠳᠠᠭ᠃ ᠬᠡᠬᠦ ᠳᠤ ᠪᠠᠨ ᠪᠦᠬᠦ | ᠰᠤᠷᠭᠠᠭᠤᠯᠢ ᠪᠣᠶᠤ ᠨᠢᠭᠡ ᠠᠩᠭᠢ ᠪᠠᠷ ᠢᠶᠠᠨ ᠨᠢᠭᠡᠴᠢ ᠪᠣᠯᠭᠠᠨ ᠶᠠᠪᠤᠭᠳᠠᠭᠤᠯᠵᠤ ᠪᠤᠯᠤᠨ᠎ᠠ᠃ ᠬᠦᠳᠡᠯᠪᠦᠷᠢ ᠶᠢᠨ | ᠬᠢᠴᠢᠶᠡᠯ ᠤᠨ ᠶᠠᠪᠤᠴᠠ ᠳᠠᠬᠢ ᠪᠠᠰᠠ ᠨᠢᠭᠡ ᠴᠢᠬᠤᠯᠠ ᠭᠤᠭᠴᠤᠭ᠎ᠠ ᠪᠣᠯ ᠳᠠᠷᠤᠢ ᠬᠦᠳᠡᠯᠪᠦᠷᠢ ᠶᠢᠨ ᠵᠢᠩᠬᠢᠨᠢ ᠦᠷ᠎ᠡ | ᠪᠦᠲᠦᠭᠡᠯ ᠪᠠ ᠳ᠋ᠦᠩ ᠢ ᠬᠡᠰᠡᠭ ᠬᠤᠭᠤᠴᠠᠭ᠎ᠠ ᠪᠣᠯᠪᠠᠯ ᠪᠠᠶᠢᠴᠠᠭᠠᠨ ᠣᠶᠢᠯᠠᠭᠠᠵᠤ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠳᠠᠷᠠᠭᠠᠴᠢ ᠶᠢᠨ ᠠᠵᠢᠯ ᠳᠤ ᠪᠠᠨ ᠨᠡᠩ ᠰᠢᠨᠡᠴᠢᠯᠡᠬᠦ ᠶᠢ ᠠᠩᠬᠠᠷᠬᠤ ᠬᠡᠷᠡᠭᠲᠡᠢ᠃ | ᠮᠣᠩᠭᠤᠯ ᠬᠡᠯᠡᠨ ᠤ ᠪᠠᠭᠰᠢ ᠨᠠᠷ ᠵᠢᠭᠠᠨ ᠰᠤᠷᠭᠠᠯᠲᠠ ᠶᠢᠨ ᠶᠠᠪᠤᠴᠠ ᠳᠤ ᠪᠠᠨ ᠡᠳᠡᠭᠡᠷ ᠵᠦᠢᠯ ᠢ ᠠᠩᠬᠠᠷᠴᠤ | ᠬᠦᠳᠡᠯᠪᠦᠷᠢ ᠶᠢᠨ ᠬᠢᠴᠢᠶᠡᠯ ᠢ ᠰᠢᠰᠲ᠋ᠧᠮ ᠲᠠᠢ᠂ ᠭᠤᠣᠯᠳᠠᠯᠭ᠎ᠠ ᠲᠠᠢ᠂ ᠬᠠᠷᠠᠯᠲᠠ ᠲᠠᠢ ᠶᠠᠪᠤᠭᠳᠠᠭᠤᠯᠵᠤ ᠴᠢᠳᠠᠪᠠᠯ | ᠠᠶᠠᠨᠳᠠᠭᠠᠨ ᠦᠨᠳᠦᠷ ᠦᠷ᠎ᠡ ᠠᠰᠢᠭ ᠢ ᠠᠪᠴᠢᠷᠠᠵᠤ᠂ ᠨᠡᠩ ᠰᠢᠯᠢᠳᠡᠭ ᠪᠠᠭᠠᠴᠤᠳ ᠢ ᠬᠦᠮᠦᠵᠢᠭᠦᠯᠵᠦ ᠴᠢᠳᠠᠨ᠎ᠠ | ᠭᠡᠳᠡᠭ ᠲᠤ ᠪᠠᠲᠤ ᠢᠲᠡᠭᠡᠵᠦ ᠪᠠᠶᠢᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠰᠢᠯᠢ ᠶᠢᠨ ᠬᠤᠲᠠ ᠶᠢᠨ ᠨᠢᠭᠡᠳᠦᠭᠡᠷ ᠪᠠᠭ᠎ᠠ ᠰᠤᠷᠭᠠᠭᠤᠯᠢ | ︵ᠮᠦᠡᠭᠭᠦᠨᠴᠢᠮᠡᠭ ᠨᠠᠶᠢᠷᠠᠭᠤᠯᠪᠠ︶ | 2023.5 ᠳ᠋ᠤᠭᠠᠷ ᠬᠤᠭᠤᠴᠠᠭ᠎ᠠ | | | |