ᠬᠦᠣᠳᠡᠭᠦᠳᠡ | | | | | ᠤᠯᠤᠰ ᠤᠨ ᠰᠢᠯᠭᠠᠯᠲᠠ ᠶᠢᠨ ᠥᠭᠡᠷᠡᠴᠢᠯᠡᠯᠲᠡ ᠶᠢ ᠳᠠᠭᠠᠯᠳᠤᠨ ᠲᠡᠤᠭᠡ ᠶᠢᠨ ᠬᠢᠴᠢᠶᠡᠯ ᠤᠨ ᠰᠢᠯᠭᠠᠬᠤ | ᠠᠭᠤᠯᠭ᠎ᠠ ᠳᠤ ᠴᠤ ᠨᠡᠩ ᠶᠡᠭᠡ ᠬᠤᠪᠢᠷᠠᠯᠲᠠ ᠭᠠᠷᠤᠭᠰᠠᠨ ᠪᠠᠶᠢᠨ᠎ᠠ᠃ ᠤᠯᠤᠰ ᠤᠨ ᠰᠢᠯᠭᠠᠯᠲᠠ ᠶᠢᠨ ᠠᠭᠤᠯᠭ᠎ᠠ ᠶᠢ | ᠬᠢᠴᠢᠶᠡᠯᠯᠡᠭᠡ ᠶᠢᠨ ᠥᠭᠡᠷᠡᠴᠢᠯᠡᠯᠲᠡ ᠲᠠᠢ ᠨᠢᠭᠲᠠ ᠴᠢᠩᠭ᠎ᠠ ᠤᠶᠠᠯᠳᠤᠭᠤᠯᠤᠨ᠂ ᠲᠡᠦᠬᠡ ᠶᠢᠨ ᠬᠢᠴᠢᠶᠡᠯ ᠲᠦᠷᠦᠯ ᠤᠨ | ᠰᠡᠳᠦᠪ ᠨᠢ ᠥᠩᠭᠡᠷᠡᠭᠰᠡᠨ ᠤ ᠮᠡᠳᠡᠯᠭᠡ ᠶᠢ ᠰᠢᠯᠭᠠᠬᠤ ᠠᠴᠠ ᠪᠠᠨ ᠭᠤᠣᠯᠯᠠᠭᠴᠢ ᠬᠡᠪ ᠪᠣᠯᠪᠠᠰᠤᠷᠠᠯ ᠢ ᠰᠢᠯᠭᠠᠬᠤ | ᠥᠭᠡᠳᠡ ᠰᠢᠯᠵᠢᠵᠦ᠂ ᠭᠤᠣᠯᠯᠠᠭᠴᠢ ᠬᠡᠪ ᠪᠣᠯᠪᠠᠰᠤᠷᠠᠯ ᠢ ᠰᠢᠯᠭᠠᠬᠤ ᠨᠢ ᠨᠢᠭᠡᠨᠲᠡ ᠲᠡᠦᠬᠡ ᠶᠢᠨ ᠬᠢᠴᠢᠶᠡᠯ | ᠲᠦᠷᠦᠯ ᠤᠨ ᠤᠯᠤᠰ ᠤᠨ ᠰᠢᠯᠭᠠᠯᠲᠠ ᠶᠢᠨ ᠰᠡᠳᠦᠪ ᠤᠨ ᠦᠨᠳᠦᠰᠦᠨ ᠴᠢᠭᠯᠡᠯ ᠪᠠ ᠣᠨᠴᠠᠯᠢᠭ ᠪᠣᠯᠤᠭᠰᠠᠨ | ᠪᠠᠶᠢᠨ᠎ᠠ᠃ ᠰᠢᠨ᠎ᠡ ᠬᠢᠴᠢᠶᠡᠯ ᠤᠨ ᠪᠠᠷᠢᠮᠵᠢᠶ᠎ᠠ ᠳᠤ ᠤᠯᠤᠰ ᠤᠨ ᠰᠢᠯᠭᠠᠯᠲᠠ ᠶᠢᠨ ᠲᠡᠦᠬᠡ ᠶᠢᠨ ᠰᠢᠯᠭᠠᠯᠲᠠ ᠨᠢ ᠰᠢᠨ᠎ᠡ | ᠰᠡᠪᠡᠭᠦᠨ᠂ ᠠᠮᠢᠳᠤᠯᠢᠭ ᠰᠡᠳᠬᠢᠬᠦᠢ ᠪᠠᠷ ᠰᠤᠷᠤᠭᠴᠢᠳ ᠤᠨ ᠭᠤᠣᠯᠯᠠᠭᠴᠢ ᠬᠡᠪ ᠪᠣᠯᠪᠠᠰᠤᠷᠠᠯ ᠤᠨ ᠴᠢᠳᠠᠪᠤᠷᠢ ᠶᠢ | ᠰᠢᠯᠭᠠᠵᠤ ᠪᠠᠶᠢᠨ᠎ᠠ᠃ ᠡᠶᠢᠮᠦ ᠠᠴᠠ ᠲᠡᠦᠬᠡ ᠶᠢᠨ ᠵᠢᠭᠠᠨ ᠰᠤᠷᠭᠠᠯᠲᠠ ᠶᠢᠨ ᠶᠠᠪᠤᠴᠠ ᠳᠤ ᠰᠤᠷᠤᠭᠴᠢᠳ ᠤᠨ | ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠨᠢ ᠲᠦᠢᠯ ᠤᠨ ᠴᠢᠬᠤᠯᠠ᠃ ᠡᠨᠡ ᠲᠤᠬᠠᠢ ᠨᠡᠶᠢᠰᠯᠡᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠶᠢᠨ ᠤᠬᠠᠭᠠᠨ ᠤ ᠫᠷᠦᠹᠧᠰᠰᠤᠷ ᠰᠢᠦᠢ ᠯᠠᠨ ᠠᠴᠠ᠄ ︽ᠰᠠᠭᠤᠷᠢ | ᠰᠤᠷᠭᠠᠨ ᠬᠥᠮᠦᠵᠢᠯ ᠪᠣᠯ ᠬᠥᠮᠥᠨ ᠢ ᠬᠥᠮᠥᠵᠢᠭᠦᠯᠬᠦ ᠰᠤᠷᠭᠠᠨ ᠬᠥᠮᠦᠵᠢᠯ ᠮᠥᠨ᠂ ᠲᠡᠦᠬᠡ ᠶᠢᠨ ᠰᠤᠷᠭᠠᠨ | ᠬᠥᠮᠦᠵᠢᠯ ᠨᠢ ᠬᠥᠮᠥᠨ ᠤ ᠵᠣᠭᠰᠣᠴᠠ ᠠᠴᠠ ᠲᠡᠦᠬᠡ ᠶᠢᠨ ᠮᠡᠳᠡᠯᠭᠡ ᠶᠢ ᠣᠯᠬᠤ ᠶᠢ ᠰᠣᠷᠣᠭᠴᠢᠳ ᠤᠨ ᠠᠮᠢᠳᠤᠷᠠᠯ ᠳᠤ | ᠦᠵᠡᠭᠦᠯᠬᠦ ᠠᠴᠢ ᠬᠤᠯᠪᠣᠭᠳᠠᠯ ᠠᠴᠠ ᠣᠴᠢᠵᠤ ᠣᠶᠢᠯᠠᠭᠠᠬᠤ ᠶᠢ ᠴᠢᠬᠤᠯᠠᠴᠢᠯᠠᠳᠠᠭ᠃ ᠲᠡᠦᠬᠡ ᠶᠢᠨ ᠰᠤᠷᠭᠠᠨ | ᠬᠥᠮᠦᠵᠢᠯ ᠤᠨ ᠶᠠᠪᠤᠴᠠ ᠨᠢ ᠰᠣᠷᠣᠭᠴᠢᠳ ᠤᠨ ᠣᠶᠤᠨ ᠰᠠᠨᠠᠭ᠎ᠠ ᠶᠢ ᠴᠡᠪᠡᠷᠰᠢᠭᠦᠯᠬᠦ᠂ ᠰᠣᠷᠣᠭᠴᠢᠳ ᠤᠨ ᠦᠵᠡᠯ | ᠰᠡᠳᠬᠢᠯᠭᠡ ᠶᠢ ᠪᠣᠯᠪᠠᠰᠣᠷᠠᠭᠤᠯᠬᠤ᠂ ᠰᠣᠷᠣᠭᠴᠢᠳ ᠤᠨ ᠣᠶᠣᠨ ᠤᠬᠠᠭᠠᠨ ᠢ ᠰᠡᠩᠬᠡᠷᠡᠭᠦᠯᠬᠦ᠂ ᠰᠣᠷᠣᠭᠴᠢᠳ ᠤᠨ | ᠲᠡᠦᠬᠡ ᠶᠢᠨ ᠬᠢᠴᠢᠶᠡᠯ ᠲᠦᠷᠦᠯ ᠤᠨ ᠣᠨᠴᠠᠯᠢᠭ ᠪᠦᠬᠦᠢ ᠵᠥᠪ ᠦᠷᠲᠡᠭ ᠤᠨ ᠦᠵᠡᠯᠲᠡ ᠶᠢ ᠪᠦᠷᠢᠯᠳᠦᠭᠦᠯᠬᠦ ᠶᠠᠪᠤᠴᠠ | ᠪᠣᠯᠣᠨ᠎ᠠ᠃ ᠡᠭᠦᠨ ᠤ ᠤᠯᠠᠮ ᠠᠴᠠ ᠰᠣᠷᠣᠭᠴᠢᠳ ᠢ ᠪᠦᠬᠦᠯᠢ ᠴᠣᠭᠴᠠ ᠶᠢᠨ ᠭᠤᠣᠯᠯᠠᠭᠴᠢ ᠬᠡᠪ ᠪᠣᠯᠪᠠᠰᠤᠷᠠᠯ ᠲᠠᠢ | ᠪᠦᠬᠦ ᠲᠠᠯ᠎ᠠ ᠪᠠᠷ ᠬᠥᠭᠵᠢᠭᠰᠡᠨ ᠬᠥᠮᠥᠨ ᠪᠣᠯᠭᠠᠨ ᠬᠥᠮᠥᠵᠢᠭᠦᠯᠵᠦ᠂ ᠮᠠᠨ ᠤ ᠲᠡᠦᠬᠡ ᠶᠢᠨ ᠰᠤᠷᠭᠠᠨ ᠬᠥᠮᠦᠵᠢᠯ ᠢᠶᠠᠨ | ᠰᠣᠷᠣᠭᠴᠢᠳ ᠤᠨ ᠠᠮᠢ ᠨᠠᠰᠤ ᠶᠢ ᠪᠣᠯᠪᠠᠰᠣᠷᠠᠭᠤᠯᠬᠤ ᠶᠠᠪᠤᠴᠠ ᠪᠣᠯᠭᠠᠨ᠎ᠠ︾ ᠭᠡᠵᠦ ᠵᠢᠭᠠᠵᠤ ᠭᠠᠷᠭᠠᠭᠰᠠᠨ ᠪᠠᠶᠢᠳᠠᠭ᠃ | ᠭᠤᠣᠯᠯᠠᠭᠴᠢ ᠬᠡᠪ ᠪᠣᠯᠪᠠᠰᠤᠷᠠᠯ ᠪᠣᠯ ᠨᠢᠭᠡᠨ ᠣᠯᠠᠨ ᠡᠰᠢᠲᠦ ᠬᠡᠮᠵᠢᠴᠡ ᠶᠢᠨ ᠨᠠᠷᠢᠨ ᠪᠤᠳᠤᠯᠢᠶᠠᠨᠲᠠᠢ | ᠪᠦᠲᠦᠴᠡ ᠮᠥᠨ᠃ ᠮᠡᠳᠡᠯᠭᠡ ᠴᠢᠳᠠᠪᠤᠷᠢ ᠪᠠ ᠣᠪᠣᠷ ᠤᠨ ᠨᠢᠭᠡᠳᠦᠯ ᠪᠣᠯᠬᠤ ᠪᠠᠷ ᠪᠠᠷᠠᠬᠤ ᠦᠭᠡᠢ ᠪᠠᠰᠠ ᠴᠤ 21 | ᠳ᠋ᠤᠭᠡᠷ ᠵᠠᠭᠤᠨ ᠤ ᠴᠢᠳᠠᠪᠤᠷᠢᠲᠠᠨ ᠢ ᠬᠥᠮᠥᠵᠢᠭᠦᠯᠬᠦ ᠪᠠᠷᠢᠮᠵᠢᠶ᠎ᠠ ᠮᠥᠨ᠃ ᠳᠣᠣᠷ᠎ᠠ ᠪᠢ ᠲᠡᠦᠬᠡ ᠶᠢᠨ ᠬᠢᠴᠢᠶᠡᠯᠯᠡᠭᠡ ᠳᠤ | ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠶᠢᠨ ᠴᠢᠬᠤᠯᠠ ᠴᠢᠨᠠᠷ ᠢ ᠬᠡᠳᠦᠨ ᠲᠠᠯ᠎ᠠ ᠪᠠᠷ ᠲᠦᠭᠦᠮ ᠥᠭᠦᠯᠡᠶ᠎ᠡ᠃ | ᠨᠢᠭᠡ᠂ ᠲᠡᠦᠬᠡ ᠶᠢᠨ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠪᠠ ᠲᠡᠦᠬᠡ ᠶᠢᠨ ᠪᠠᠭᠰᠢ ᠶᠢᠨ | ᠬᠤᠭᠤᠷᠣᠨᠳᠣᠬᠢ ᠬᠠᠷᠢᠴᠠᠭ᠎ᠠ ᠠᠴᠠ ᠦᠵᠡᠪᠡᠯ᠂ ᠰᠢᠨ᠎ᠡ ᠤᠯᠤᠰ ᠤᠨ ᠰᠢᠯᠭᠠᠯᠲᠠ ᠶᠢᠨ ᠥᠭᠡᠷᠡᠴᠢᠯᠡᠯᠲᠡ᠂ ᠰᠢᠨ᠎ᠡ | ᠬᠢᠴᠢᠶᠡᠯᠯᠡᠭᠡ ᠶᠢᠨ ᠥᠭᠡᠷᠡᠴᠢᠯᠡᠯᠲᠡ ᠨᠢ ᠪᠠᠭᠰᠢ ᠶᠢᠨ ᠲᠤᠰᠬᠠᠢ ᠮᠡᠷᠭᠡᠵᠢᠯ ᠪᠠ ᠲᠣᠰ ᠪᠡᠶ᠎ᠡ ᠶᠢᠨ ᠬᠥᠭᠵᠢᠯᠲᠡ᠂ | ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠲᠠᠯ᠎ᠠ ᠪᠠᠷ ᠲᠡᠦᠬᠡ ᠶᠢᠨ ᠪᠠᠭᠰᠢ ᠳᠤ ᠨᠡᠩ ᠥᠨᠳᠥᠷ ᠱᠠᠭᠠᠷᠳᠠᠯᠭ᠎ᠠ | ᠶᠢ ᠲᠠᠯᠪᠢᠭᠰᠠᠨ ᠪᠠᠶᠢᠨ᠎ᠠ᠃ | ᠰᠤᠷᠭᠠᠨ ᠬᠥᠮᠦᠵᠢᠯ ᠪᠣᠯ ᠤᠯᠤᠰ ᠤᠨ ᠦᠨᠳᠦᠰᠦ ᠮᠥᠨ᠂ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠪᠠ | ᠰᠤᠷᠭᠠᠨ ᠬᠥᠮᠦᠵᠢᠯ ᠤᠨ ᠣᠶᠢᠯᠠᠭᠠᠭᠳᠠᠬᠤᠨ ᠨᠢ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ | ᠨᠥᠯᠥᠭᠡᠯᠡᠳᠡᠭ᠃ ᠰᠤᠷᠤᠭᠴᠢᠳ ᠤᠨ ᠲᠡᠦᠬᠡ ᠶᠢᠨ ᠭᠤᠣᠯᠯᠠᠭᠴᠢ ᠬᠡᠪ ᠪᠣᠯᠪᠠᠰᠤᠷᠠᠯ ᠢ ᠭᠦᠮᠦᠵᠢᠭᠦᠯᠭᠦ ᠳᠤ ᠳᠡᠭᠡᠳᠦ | ᠳᠣᠮᠳᠠᠳᠣ ᠶᠢᠨ ᠲᠡᠦᠬᠡ ᠶᠢᠨ ᠪᠠᠭᠰᠢ ᠨᠠᠷ ᠵᠢᠭᠠᠨ ᠰᠤᠷᠭᠠᠯᠲᠠ ᠶᠢᠨ ᠰᠡᠳᠬᠢᠴᠡ ᠪᠠᠨ ᠬᠤᠪᠢᠷᠠᠭᠤᠯᠵᠤ᠂ | ᠰᠣᠷᠣᠭᠴᠢᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ᠂ ᠬᠠᠮᠲᠤᠷᠠᠨ ᠰᠤᠷᠤᠯᠴᠠᠬᠤ ᠪᠠ ᠰᠦᠪᠡᠭᠴᠢᠯᠡᠨ | ᠰᠤᠷᠤᠯᠴᠠᠬᠤ ᠶᠢ ᠰᠠᠨᠠᠭᠠᠴᠢᠯᠠᠬᠤ ᠬᠡᠷᠡᠭᠲᠡᠢ᠃ ᠮᠡᠳᠡᠯᠭᠡ ᠶᠢᠨ ᠵᠣᠬᠢᠶᠠᠨ ᠪᠠᠶᠢᠭᠤᠯᠤᠭᠴᠢ ᠪᠠ ᠰᠣᠷᠣᠭᠴᠢᠳ ᠤᠨ | ᠦᠰᠦᠨ ᠪᠤᠶᠢᠵᠢᠯᠲᠠ ᠶᠢᠨ ᠶᠠᠪᠤᠴᠠ ᠳᠠᠬᠢ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠪᠠᠭᠰᠢ ᠨᠠᠷ | ᠰᠤᠷᠤᠭᠴᠢᠳ ᠤᠨ ᠭᠤᠤᠯᠯᠠᠭᠴᠢ ᠭᠡᠪ ᠪᠤᠯᠪᠠᠰᠤᠷᠠᠯ ᠢ ᠭᠦᠮᠦᠵᠢᠭᠦᠯᠭᠦ ᠳᠤ ᠴᠢᠬᠤᠯᠠ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠠᠶᠢᠬᠤ ᠪᠥᠭᠡᠳ ᠳᠣᠮᠳᠠᠳᠣ ᠰᠤᠷᠭᠠᠭᠤᠯᠢ ᠶᠢᠨ ᠲᠡᠦᠬᠡ ᠶᠢᠨ ᠬᠢᠴᠢᠶᠡᠯ ᠤᠨ ᠠᠭᠤᠯᠭ᠎ᠠ᠂ ᠬᠢᠴᠢᠶᠡᠯ ᠤᠨ | ᠪᠠᠷᠢᠮᠵᠢᠶ᠎ᠠ᠂ ᠬᠢᠴᠢᠶᠡᠯᠯᠡᠭᠡ ᠶᠢᠨ ᠶᠠᠪᠤᠴᠠ ᠪᠠ ᠬᠢᠴᠢᠶᠡᠯᠯᠡᠭᠡ ᠶᠢᠨ ᠦᠨᠡᠯᠡᠯᠲᠡ ᠵᠡᠷᠭᠡ ᠵᠢᠭᠠᠨ ᠰᠤᠷᠭᠠᠯᠲᠠ ᠶᠢᠨ ᠡᠯ᠎ᠡ | ᠭᠤᠭᠴᠤᠭ᠎ᠠ ᠨᠢ ᠪᠦᠷ ᠪᠠᠭᠰᠢ ᠶᠢᠨ ᠵᠢᠭᠠᠨ ᠰᠤᠷᠭᠠᠯᠲᠠ ᠶᠢᠨ ᠣᠪᠣᠷ ᠪᠠ ᠬᠢᠷᠢ ᠲᠦᠪᠰᠢᠨ ᠢ ᠲᠤᠰᠬᠠᠳᠠᠭ᠃ | ᠭᠤᠣᠯᠯᠠᠭᠴᠢ ᠬᠡᠪ ᠪᠣᠯᠪᠠᠰᠤᠷᠠᠯ ᠤᠨ ᠣᠶᠢᠯᠠᠭᠠᠭᠳᠠᠬᠤᠨ ᠢ ᠳᠤᠷᠠᠳᠤᠭᠰᠠᠨ ᠨᠢ ᠪᠠᠭᠰᠢ ᠨᠠᠷ ᠠᠴᠠ ︽ᠶᠠᠮᠠᠷ | ᠶᠠᠩᠵᠤ ᠶᠢᠨ ᠬᠥᠮᠥᠨ ᠢ ᠬᠥᠮᠥᠵᠢᠭᠦᠯᠬᠦ︾᠂ ︽ᠬᠥᠮᠥᠨ ᠢ ᠶᠠᠭᠠᠬᠢᠵᠤ ᠬᠥᠮᠥᠵᠢᠭᠦᠯᠬᠦ︾ ᠵᠡᠷᠭᠡ ᠠᠰᠠᠭᠤᠳᠠᠯ ᠢ | ᠪᠣᠳᠣᠯᠬᠢᠯᠠᠬᠤ ᠪᠣᠯᠭᠠᠵᠠᠢ᠃ ᠡᠭᠦᠨ ᠤ ᠵᠡᠷᠭᠡ ᠪᠠᠷ ᠭᠤᠣᠯᠯᠠᠭᠴᠢ ᠬᠡᠪ ᠪᠣᠯᠪᠠᠰᠤᠷᠠᠯ ᠤᠨ ᠣᠶᠢᠯᠠᠭᠠᠭᠳᠠᠬᠤᠨ ᠨᠢ | ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠳᠤ ᠪᠠᠰᠠ ᠨᠡᠩ ᠥᠨᠳᠥᠷ ᠱᠠᠭᠠᠷᠳᠠᠯᠭ᠎ᠠ ᠲᠠᠯᠪᠢᠭᠰᠠᠨ | ᠪᠠᠶᠢᠨ᠎ᠠ᠃ ᠪᠠᠭᠰᠢ ᠪᠣᠯᠣᠭᠰᠠᠳ ᠡᠷᠬᠡᠪᠰᠢ ᠵᠢᠭᠠᠨ ᠰᠤᠷᠭᠠᠯᠲᠠ ᠶᠢᠨ ᠬᠡᠪ ᠵᠠᠭᠪᠤᠷ ᠪᠠ ᠮᠡᠳᠡᠯᠭᠡ ᠮᠡᠷᠭᠡᠵᠢᠯ ᠤᠨ | ᠲᠦᠪᠰᠢᠨ ᠢᠶᠠᠨ ᠲᠠᠰᠣᠷᠠᠯᠲᠠ ᠦᠭᠡᠢ ᠰᠢᠨᠡᠳᠬᠡᠵᠦ᠂ ᠦᠷᠭᠦᠯᠵᠢᠯᠡᠨ ᠰᠤᠷᠤᠯᠴᠠᠬᠤ ᠪᠠ ᠥᠪᠡᠷ ᠢ ᠪᠠᠨ ᠡᠷᠭᠢᠴᠡᠭᠦᠯᠵᠦ | ᠲᠤᠩᠭᠠᠯᠲᠠ ᠬᠢᠬᠦ ᠳᠠᠳᠬᠠᠯ ᠲᠠᠢ ᠪᠣᠯᠬᠤ ᠬᠡᠷᠡᠭᠲᠡᠢ᠃ ᠲᠡᠦᠬᠡ ᠶᠢᠨ ᠪᠠᠭᠰᠢ ᠭᠠᠭᠴᠠ ᠬᠦ ᠥᠪᠡᠷ ᠢᠶᠠᠨ ᠲᠡᠦᠬᠡ ᠶᠢᠨ | ᠭᠤᠣᠯᠯᠠᠭᠴᠢ ᠬᠡᠪ ᠪᠣᠯᠪᠠᠰᠤᠷᠠᠯ ᠲᠠᠢ ᠪᠠᠶᠢᠮᠠᠨᠵᠢᠨ ᠰᠠᠶ᠋ᠢ ᠰᠣᠷᠣᠭᠴᠢ ᠶᠢᠨ ᠭᠤᠣᠯᠯᠠᠭᠴᠢ ᠬᠡᠪ ᠪᠣᠯᠪᠠᠰᠤᠷᠠᠯ ᠢ | ᠬᠥᠮᠥᠵᠢᠭᠦᠯᠵᠦ᠂ ᠰᠣᠷᠣᠭᠴᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ ᠴᠢᠳᠠᠨ᠎ᠠ᠃ ᠡᠭᠦᠨ ᠳᠤ ᠪᠠᠭᠰᠢ ᠶᠢᠨ | ᠡᠷᠬᠡᠪᠰᠢ ᠪᠡᠯᠡᠳᠬᠡᠬᠦ ᠴᠢᠬᠤᠯᠠᠲᠠᠢ ᠵᠦᠢᠯ ᠭᠡᠪᠡᠯ᠄ | ① ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠢ ᠪᠡᠯᠡᠳᠬᠡᠬᠦ︔ ② ᠪᠦᠬᠦᠯᠢ | ᠴᠣᠭᠴᠠᠴᠢᠯᠠᠭᠰᠠᠨ᠂ ᠪᠦᠳᠦᠴᠡᠯᠡᠭᠰᠡᠨ ᠮᠡᠳᠡᠯᠭᠡ ᠶᠢᠨ ᠪᠦᠲᠦᠴᠡ ᠶᠢ ᠪᠡᠯᠡᠳᠬᠡᠬᠦ︔ ③ ᠵᠢᠭᠠᠨ ᠰᠤᠷᠭᠠᠬᠤ | ᠬᠠᠷᠠᠯᠲᠠ ᠪᠠᠨ ᠲᠣᠭᠲᠠᠭᠠᠨ᠂ ᠰᠤᠷᠬᠤ ᠣᠷᠴᠢᠨ ᠢ ᠪᠦᠲᠦᠭᠡᠵᠦ᠂ ᠵᠢᠭᠠᠨ ᠰᠤᠷᠭᠠᠬᠤ ᠠᠷᠭ᠎ᠠ ᠮᠠᠶ᠋ᠢᠭ ᠢᠶᠠᠨ | ᠲᠣᠭᠲᠠᠭᠠᠬᠤ ᠶᠢ ᠬᠦᠨᠳᠦᠳᠬᠡᠬᠦ︔ ④ ᠰᠣᠷᠣᠭᠴᠢᠳ ᠤᠨ ᠬᠠᠮᠲᠤᠷᠠᠨ ᠰᠤᠷᠤᠯᠴᠠᠬᠤ᠂ ᠦᠢᠯᠡᠳᠦᠯᠭᠡ ᠶᠢᠨ ᠳᠤᠮᠳᠠ | ᠰᠦᠪᠡᠭᠴᠢᠯᠡᠬᠦ᠂ ᠪᠡᠶ᠎ᠡ ᠪᠠᠨ ᠳᠠᠭᠠᠭᠠᠨ ᠰᠤᠷᠤᠯᠴᠠᠬᠤ ᠭᠤᠣᠯ ᠴᠣᠭᠴᠠ ᠶᠢᠨ ᠪᠠᠶᠢᠷᠢ ᠰᠠᠭᠤᠷᠢ ᠶᠢ | ᠬᠦᠨᠳᠦᠳᠬᠡᠬᠦ︔ ⑤ ᠵᠢᠭᠠᠬᠤ ᠮᠠᠲ᠋ᠧᠷᠢᠶᠠᠯ ᠢ ᠵᠢᠭᠠᠬᠤ ᠪᠢᠰᠢ᠂ ᠬᠠᠷᠢᠨ ᠵᠢᠭᠠᠬᠤ ᠮᠠᠲ᠋ᠧᠷᠢᠶᠠᠯ ᠢ ᠬᠡᠷᠡᠭᠯᠡᠬᠦ᠃ ᠪᠠᠭᠰᠢ | ᠬᠢᠴᠢᠶᠡᠯ ᠪᠡᠯᠡᠳᠬᠡᠬᠦ ᠳᠤ ᠪᠠᠨ ᠡᠷᠬᠡᠪᠰᠢ ᠰᠣᠷᠣᠭᠴᠢ ᠪᠠᠨ ᠪᠡᠯᠡᠳᠬᠡᠬᠦ ᠬᠡᠷᠡᠭᠲᠡᠢ᠃ | ︽ᠪᠠᠭᠰᠢ ᠶᠢᠨ ᠶᠠᠭᠠᠬᠢᠵᠤ ᠵᠢᠭᠠᠬᠤ︾ ᠠᠴᠠ ᠰᠣᠷᠣᠭᠴᠢ ᠶᠢᠨ ︽ᠶᠠᠭᠠᠬᠢᠵᠤ ᠰᠤᠷᠬᠤ︾ ᠪᠣᠯᠭᠠᠵᠦ | ᠬᠤᠪᠢᠷᠠᠭᠤᠯᠬᠤ ᠭᠡᠷᠡᠭᠳᠠᠢ᠃ ᠢᠩᠭᠢᠪᠡᠯ ᠰᠠᠶ᠋ᠢ ᠲᠡᠦᠬᠡ ᠶᠢᠨ ᠪᠠᠭᠰᠢ ᠶᠢᠨ ᠬᠢᠴᠢᠶᠡᠯ ᠲᠦᠷᠦᠯ ᠤᠨ ᠭᠤᠣᠯᠯᠠᠭᠴᠢ ᠬᠡᠪ | ᠪᠣᠯᠪᠠᠰᠤᠷᠠᠯ ᠢ ᠪᠦᠷᠢᠯᠳᠦᠭᠦᠯᠵᠦ ᠵᠢᠭᠠᠨ ᠰᠤᠷᠭᠠᠯᠲᠠ ᠶᠢᠨ ᠶᠠᠪᠤᠴᠠ ᠳᠤᠮᠳᠠ ᠪᠠᠨ ᠰᠣᠷᠣᠭᠴᠢᠳ ᠤᠨ ᠭᠤᠣᠯᠯᠠᠭᠴᠢ | ᠬᠡᠪ ᠪᠣᠯᠪᠠᠰᠤᠷᠠᠯ ᠢ ᠬᠥᠮᠥᠵᠢᠭᠦᠯᠵᠦ ᠳᠡᠭᠡᠭᠰᠢᠯᠡᠭᠦᠯᠵᠦ ᠴᠢᠳᠠᠨ᠎ᠠ᠃ | ᠬᠤᠶᠠᠷ᠂ ᠭᠤᠷᠮᠤᠰᠤᠨ ᠬᠠᠷᠠᠯᠲᠠ ᠠᠴᠠ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠪᠣᠯᠭᠠᠵᠤ | ᠬᠥᠭᠵᠢᠭᠦᠯᠦᠭᠰᠡᠨ ᠠᠴᠠ ᠦᠵᠡᠪᠡᠯ᠂ | ᠭᠤᠷᠮᠤᠰᠤᠨ ᠬᠠᠷᠠᠯᠲᠠ ᠭᠡᠳᠡᠭ ᠨᠢ ᠰᠤᠷᠭᠠᠨ ᠬᠥᠮᠦᠵᠢᠯ ᠤᠨ ᠣᠨᠤᠯ ᠳᠠᠬᠢ ᠨᠢᠭᠡᠨ ᠨᠡᠷ᠎ᠡ ᠲᠤᠮᠢᠶ᠎ᠠ | ᠪᠣᠯᠣᠨ᠎ᠠ᠃ ᠲᠡᠷᠡ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠪᠤᠴᠠ ᠳᠤ ᠬᠦᠷᠪᠡᠰᠦ ᠵᠣᠬᠢᠬᠤ ᠭᠤᠷᠪᠠᠨ | ᠬᠠᠷᠠᠯᠲᠠ ᠶᠢᠨ ᠬᠡᠮᠵᠢᠯᠲᠡ ᠶᠢ ᠵᠢᠭᠠᠨ᠎ᠠ᠃ ᠳᠠᠷᠤᠢ ᠮᠡᠳᠡᠯᠭᠡ ᠪᠠ ᠤᠷ᠎ᠠ ᠮᠡᠷᠭᠡᠰᠢᠯ᠂ ᠶᠠᠪᠤᠴᠠ ᠪᠠ ᠠᠷᠭ᠎ᠠ᠂ ᠣᠪᠣᠷ | ᠰᠡᠳᠬᠢᠯᠭᠡ ᠪᠠ ᠦᠷᠲᠡᠭ ᠤᠨ ᠦᠵᠡᠯᠲᠡ ᠶᠢ ᠪᠠᠭᠲᠠᠭᠠᠨ᠎ᠠ᠃ ᠭᠤᠷᠮᠤᠰᠤᠨ ᠬᠠᠷᠠᠯᠲᠠ ᠪᠣᠯ ᠵᠢᠭᠠᠨ ᠰᠤᠷᠭᠠᠬᠤ | ᠬᠠᠷᠠᠯᠲᠠ ᠶᠢᠨ ᠭᠤᠷᠪᠠᠨ ᠲᠠᠯ᠎ᠠ ᠪᠣᠯᠬᠤ ᠠᠴᠠ ᠪᠢᠰᠢ ᠬᠠᠷᠢᠨ ᠭᠤᠷᠪᠠᠨ ᠪᠡᠶ᠎ᠡ ᠪᠠᠨ ᠳᠠᠭᠠᠭᠠᠭᠰᠠᠨ ᠵᠢᠭᠠᠨ ᠰᠤᠷᠭᠠᠬᠤ | ᠬᠠᠷᠠᠯᠲᠠ ᠪᠢᠰᠢ᠂ ᠲᠡᠳᠡᠭᠡᠷ ᠨᠢ ᠰᠠᠯᠵᠤ ᠪᠣᠯᠣᠰᠢ ᠦᠭᠡᠢ ᠨᠢᠭᠡᠳᠦᠯᠲᠡᠢ ᠪᠦᠬᠦᠯᠢ ᠴᠣᠭᠴᠠ ᠮᠥᠨ᠃ | ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠪᠣᠯ ᠬᠢᠴᠢᠶᠡᠯ ᠲᠦᠷᠦᠯ ᠪᠠ ᠰᠤᠷᠭᠠᠨ | ᠬᠥᠮᠦᠵᠢᠯ ᠤᠨ ᠣᠷᠭᠠᠨᠢᠭ ᠤᠶᠠᠯᠳᠤᠯ ᠮᠥᠨ᠂ ᠭᠤᠷᠮᠤᠰᠤᠨ ᠬᠠᠷᠠᠯᠲᠠ ᠠᠴᠠ ᠭᠤᠣᠯᠯᠠᠭᠴᠢ ᠬᠡᠪ ᠪᠣᠯᠪᠠᠰᠤᠷᠠᠯ ᠲᠡᠶᠢᠰᠢ | ᠰᠢᠯᠵᠢᠭᠰᠡᠨ ᠪᠣᠯ ᠬᠢᠴᠢᠶᠡᠯ ᠲᠦᠷᠦᠯ ᠤᠨ ᠵᠢᠭᠠᠨ ᠰᠤᠷᠭᠠᠯᠳᠠ ᠶᠢᠨ ᠳᠡᠭᠡᠳᠦ ᠬᠡᠮᠵᠢᠶᠡᠨ ᠤ ᠭᠦᠨᠵᠡᠭᠡᠢ᠂ | ᠠᠭᠤᠯᠤᠭᠳᠠᠬᠤᠨ ᠤ ᠳᠡᠭᠡᠭᠰᠢᠯᠡᠯᠲᠡ ᠮᠥᠨ᠃ ᠭᠤᠣᠯᠯᠠᠭᠴᠢ ᠬᠡᠪ ᠪᠣᠯᠪᠠᠰᠤᠷᠠᠯ ᠨᠢ ᠬᠢᠴᠢᠶᠡᠯ ᠲᠦᠷᠦᠯ ᠤᠨ ᠵᠢᠭᠠᠨ | ᠰᠤᠷᠭᠠᠯᠳᠠ ᠶᠢᠨ ᠬᠡᠪ ᠵᠠᠭᠪᠤᠷ ᠪᠠ ᠰᠤᠷᠤᠯᠴᠠᠬᠤ ᠠᠷᠭ᠎ᠠ ᠮᠠᠶ᠋ᠢᠭ ᠤᠨ ᠦᠨᠳᠦᠰᠦᠨ ᠬᠤᠪᠢᠰᠤᠯᠲᠠ | ᠮᠥᠨ᠃ ᠭᠤᠣᠯᠯᠠᠭᠴᠢ ᠬᠡᠪ ᠪᠣᠯᠪᠠᠰᠤᠷᠠᠯ ᠨᠢ ᠭᠤᠷᠮᠤᠰᠤᠨ ᠬᠠᠷᠠᠯᠲᠠ ᠠᠴᠠ ᠢᠷᠡᠯᠲᠡ ᠲᠠᠢ ᠪᠥᠭᠡᠳ ᠭᠤᠷᠮᠤᠰᠤᠨ | ᠬᠠᠷᠠᠯᠲᠠ ᠠᠴᠠ ᠨᠡᠩ ᠥᠨᠳᠥᠷ ᠪᠠᠶᠢᠳᠠᠭ᠃ ᠲᠡᠭᠦᠨ ᠤ ᠪᠦᠷᠢᠯᠳᠦᠯ ᠤᠨ ᠲᠣᠭᠲᠠᠴᠠ ᠠᠴᠠ ᠠᠪᠴᠤ ᠬᠡᠯᠡᠪᠡᠯ᠂ | ᠭᠤᠣᠯᠯᠠᠭᠴᠢ ᠬᠡᠪ ᠪᠣᠯᠪᠠᠰᠤᠷᠠᠯ ᠨᠢ ᠭᠤᠷᠮᠤᠰᠤᠨ ᠬᠠᠷᠠᠯᠲᠠ ᠠᠴᠠ ᠢᠷᠡᠵᠦ᠂ ᠭᠤᠷᠮᠤᠰᠤᠨ ᠬᠠᠷᠠᠯᠲᠠ ᠶᠢ ᠤᠯᠠᠮ ᠨᠢᠭᠡ | ᠠᠯᠬᠤᠮ ᠪᠣᠯᠪᠠᠰᠤᠷᠠᠭᠤᠯᠤᠨ ᠨᠢᠭᠡᠳᠬᠡᠵᠦ᠂ ᠰᠢᠰᠲ᠋ᠧᠮ ᠲᠠᠢ ᠬᠢᠴᠢᠶᠡᠯ ᠲᠦᠷᠦᠯ ᠤᠨ ᠰᠤᠷᠤᠯᠴᠠᠯᠭ᠎ᠠ ᠪᠠᠷ ᠳᠠᠮᠵᠢᠨ | ᠣᠯᠣᠭᠰᠠᠨ ᠶᠤᠮ᠃ ᠢᠯᠡᠷᠡᠯ ᠤᠨ ᠬᠡᠯᠪᠡᠷᠢ ᠠᠴᠠ ᠠᠪᠴᠤ ᠬᠡᠯᠡᠪᠡᠯ᠂ ᠬᠢᠴᠢᠶᠡᠯ ᠲᠦᠷᠦᠯ ᠤᠨ ᠭᠤᠣᠯᠯᠠᠭᠴᠢ ᠬᠡᠪ | ᠪᠣᠯᠪᠠᠰᠤᠷᠠᠯ ᠨᠢ ᠭᠤᠷᠮᠤᠰᠤᠨ ᠬᠠᠷᠠᠯᠲᠠ ᠠᠴᠠ ᠥᠨᠳᠥᠷ ᠪᠠᠶᠢᠵᠤ᠂ ᠰᠣᠷᠣᠭᠴᠢᠳ ᠤᠨ ᠮᠡᠳᠡᠯᠭᠡ ᠶᠢᠨ ᠠᠵᠤ ᠠᠬᠤᠢ | ᠪᠠ ᠮᠡᠳᠡᠭᠡ ᠵᠠᠩᠭᠢ ᠶᠢᠨ ᠰᠢᠨ᠎ᠡ ᠴᠠᠭ ᠦᠶ᠎ᠡ ᠳᠤ᠂ ᠪᠤᠳᠤᠯᠢᠶᠠᠨᠲᠠᠢ ᠲᠣᠭᠲᠠᠪᠤᠷᠢ ᠦᠭᠡᠢ ᠣᠷᠴᠢᠨ ᠪᠠᠶᠢᠳᠠᠯ ᠳᠤ | ᠬᠠᠨᠳᠤᠬᠤ ᠳᠤ ᠪᠠᠨ ᠬᠢᠴᠢᠶᠡᠯ ᠲᠦᠷᠦᠯ ᠤᠨ ᠮᠡᠳᠡᠯᠭᠡ᠂ ᠣᠶᠢᠯᠠᠭᠠᠭᠳᠠᠬᠤᠨ ᠪᠠ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ | ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠢᠯᠡᠷᠡᠭᠦᠯᠦᠭᠰᠡᠨ ᠵᠠᠩᠭᠢᠯᠠᠭ᠎ᠠ ᠶᠢᠨ ᠴᠢᠳᠠᠪᠤᠷᠢ ᠪᠠ ᠡᠷᠬᠡᠪᠰᠢ | ᠪᠦᠷᠢᠯᠳᠦᠭᠦᠯᠬᠦ ᠴᠢᠬᠤᠯᠠᠲᠠᠢ ᠬᠡᠪ ᠴᠢᠨᠠᠷ ᠪᠣᠯᠣᠨ᠎ᠠ᠃ ᠬᠡᠯᠡᠯᠭᠡᠨ ᠦᠭᠡᠢ ᠭᠤᠷᠮᠤᠰᠤᠨ ᠬᠠᠷᠠᠯᠲᠠ ᠨᠢ ᠵᠢᠭᠠᠨ | ᠰᠤᠷᠭᠠᠯᠲᠠ ᠶᠢᠨ ᠬᠠᠮᠤᠭ ᠤᠨ ᠡᠴᠦᠰ ᠤᠨ ᠬᠠᠷᠠᠯᠲᠠ ᠪᠢᠰᠢ᠂ ᠵᠢᠭᠠᠨ ᠰᠤᠷᠭᠠᠯᠲᠠ ᠶᠢᠨ ᠡᠴᠦᠰ ᠤᠨ ᠬᠠᠷᠠᠯᠲᠠ ᠪᠤᠯ | ᠰᠤᠷᠤᠭᠴᠢᠳ ᠤᠨ ᠴᠢᠳᠠᠪᠤᠷᠢ ᠪᠠ ᠬᠡᠪ ᠴᠢᠨᠠᠷ ᠢ ᠬᠥᠮᠥᠵᠢᠭᠦᠯᠬᠦ ᠶᠠᠪᠤᠳᠠᠯ ᠪᠣᠯᠣᠨ᠎ᠠ᠃ | ᠰᠢᠨ᠎ᠡ ᠤᠯᠤᠰ ᠤᠨ ᠰᠢᠯᠭᠠᠯᠲᠠ ᠶᠢᠨ ᠥᠭᠡᠷᠡᠴᠢᠯᠡᠯᠲᠡ᠂ ᠰᠢᠨ᠎ᠡ ᠬᠢᠴᠢᠶᠡᠯᠯᠡᠭᠡ ᠶᠢᠨ ᠥᠭᠡᠷᠡᠴᠢᠯᠡᠯᠲᠡ ᠠᠴᠠ | ᠪᠣᠯᠵᠤ᠂ ᠥᠩᠭᠡᠷᠡᠭᠰᠡᠨ ᠤ ᠭᠤᠷᠮᠤᠰᠤᠨ ᠬᠠᠷᠠᠯᠲᠠ ᠳᠠᠬᠢ ᠮᠡᠳᠡᠯᠭᠡ ᠶᠢᠨ ᠪᠠᠶᠢᠷᠢ ᠰᠠᠭᠤᠷᠢ ᠪᠠ ᠦᠢᠯᠡᠳᠦᠯ ᠨᠢ | ᠲᠠᠰᠣᠷᠠᠯᠲᠠ ᠦᠭᠡᠢ ᠪᠠᠭᠤᠷᠠᠵᠤ ᠪᠠᠶᠢᠬᠤ ᠪᠥᠭᠡᠳ ᠮᠠᠰᠢ ᠣᠯᠠᠨ ᠬᠥᠮᠥᠨ ᠡᠭᠦᠨ ᠤ ᠲᠤᠬᠠᠢ ᠠᠰᠠᠭᠤᠯᠲᠠ ᠲᠠᠯᠪᠢᠵᠤ | ᠪᠠᠶᠢᠳᠠᠭ᠃ ᠮᠡᠳᠡᠯᠭᠡ ᠨᠢ ᠭᠤᠣᠯᠯᠠᠭᠴᠢ ᠬᠡᠪ ᠪᠣᠯᠪᠠᠰᠤᠷᠠᠯ ᠪᠢᠰᠢ ᠪᠣᠯᠴᠢᠬᠠᠪᠠ ᠦᠦ︖ ᠬᠢᠴᠢᠶᠡᠯ ᠲᠦᠷᠦᠯ ᠤᠨ | ᠮᠡᠳᠡᠯᠭᠡ ᠦᠭᠡᠢ ᠪᠠᠷ ᠶᠠᠭᠠᠬᠢᠵᠤ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠲᠠᠢ ᠪᠣᠯᠵᠤ ᠳᠡᠶᠢᠯᠬᠦ | ᠪᠣᠢ︖ ᠡ᠊ᠨᠡ ᠭᠦ ᠠᠰᠠᠭᠤᠳᠠᠯ ᠪᠣᠯ ᠦᠨᠡᠨ ᠳᠤ ᠪᠠᠨ ᠭᠤᠷᠮᠤᠰᠤᠨ ᠬᠠᠷᠠᠯᠲᠠ ᠶᠢᠨ ᠳᠣᠲᠣᠷᠠᠬᠢ ᠮᠡᠳᠡᠯᠭᠡ ᠪᠠ | ᠭᠤᠣᠯᠯᠠᠭᠴᠢ ᠬᠡᠪ ᠪᠣᠯᠪᠠᠰᠤᠷᠠᠯ ᠤᠨ ᠬᠠᠷᠢᠴᠠᠭᠠᠨ ᠤ ᠠᠰᠠᠭᠤᠳᠠᠯ ᠮᠥᠨ᠃ ᠠᠶᠢᠨᠰᠲ᠋ᠧᠨ᠄ ︽ᠰᠤᠷᠭᠠᠨ ᠬᠥᠮᠦᠵᠢᠯ ᠪᠣᠯ | ᠨᠢᠭᠡᠨᠲᠡ ᠰᠣᠷᠣᠭᠰᠠᠨ ᠶᠠᠭᠤᠮ᠎ᠠ ᠪᠦᠬᠦᠨ ᠢᠶᠠᠨ ᠮᠠᠷᠲᠠᠭᠰᠠᠨ ᠤ ᠳᠠᠷᠠᠭ᠎ᠠ ᠦᠯᠡᠳᠡᠭᠰᠡᠨ ᠶᠠᠭᠤᠮ᠎ᠠ ᠲᠡᠳᠦᠢ | ᠶᠤᠮ︾ ᠭᠡᠵᠦ ᠬᠡᠯᠡᠵᠦ ᠥᠩᠭᠡᠷᠡᠭᠰᠡᠨ ᠶᠤᠮ᠃ ᠡᠭᠦᠨ ᠳᠤ ᠮᠠᠷᠲᠠᠵᠤ ᠣᠷᠬᠢᠭᠰᠠᠨ ᠵᠦᠢᠯ ᠪᠣᠯ ᠪᠣᠳᠠᠲᠠᠢ ᠰᠣᠷᠣᠭᠰᠠᠨ | ᠮᠡᠳᠡᠯᠭᠡ ᠪᠠ ᠠᠭᠤᠯᠭ᠎ᠠ ᠮᠥᠨ᠃ ᠬᠠᠷᠢᠨ ᠦᠯᠡᠳᠡᠭᠰᠡᠨ ᠵᠦᠢᠯ ᠨᠢ ᠳᠠᠷᠤᠢ ᠴᠢᠳᠠᠪᠤᠷᠢ ᠪᠠ ᠬᠡᠪ ᠴᠢᠨᠠᠷ᠂ | ᠲᠤᠬᠠᠶᠢᠯᠠᠪᠠᠯ ᠭᠤᠣᠯᠯᠠᠭᠴᠢ ᠬᠡᠪ ᠪᠣᠯᠪᠠᠰᠤᠷᠠᠯ ᠪᠣᠯᠣᠨ᠎ᠠ᠃ | ᠡᠶᠢᠮᠦ ᠠᠴᠠ ᠭᠤᠷᠮᠤᠰᠤᠨ ᠬᠠᠷᠠᠯᠲᠠ ᠶᠢᠨ ᠵᠢᠭᠠᠨ ᠰᠤᠷᠭᠠᠯᠲᠠ ᠳᠤ ᠮᠡᠳᠡᠯᠭᠡ ᠶᠢ ᠬᠠᠷᠢᠴᠠᠯᠠᠰᠢ ᠦᠭᠡᠢ | ᠴᠢᠬᠤᠯᠠᠴᠢᠯᠠᠵᠤ ᠪᠠᠶᠢᠭᠰᠠᠨ ᠠᠴᠠ ᠪᠠᠨ ᠭᠤᠣᠯᠯᠠᠭᠴᠢ ᠬᠡᠪ ᠪᠣᠯᠪᠠᠰᠤᠷᠠᠯ ᠳᠤ ᠴᠢᠳᠠᠪᠤᠷᠢ ᠪᠠ ᠬᠡᠪ ᠴᠢᠨᠠᠷ ᠢ | ᠴᠢᠬᠤᠯᠠᠴᠢᠯᠠᠬᠤ ᠪᠣᠯᠤᠭᠰᠠᠨ ᠨᠢ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠮᠥᠨ᠃ ᠭᠡᠬᠦ ᠳᠤ ᠪᠠᠨ ᠭᠤᠣᠯᠯᠠᠭᠴᠢ ᠬᠡᠪ | ᠪᠣᠯᠪᠠᠰᠤᠷᠠᠯ ᠳᠤ ᠮᠡᠳᠡᠯᠭᠡ ᠶᠢ ᠡᠵᠡᠮᠰᠢᠬᠦ ᠦᠭᠡᠢ ᠭᠡᠰᠡᠨ ᠦᠭᠡ ᠪᠢᠰᠢ ᠶᠤᠮ᠃ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯᠯᠠᠭ᠎ᠠ ᠳᠤ ᠬᠡᠷᠪᠡ ᠰᠤᠷᠤᠭᠴᠢᠳ ᠲᠤ ᠵᠣᠬᠢᠬᠤ ᠮᠡᠳᠡᠯᠭᠡ ᠶᠢ ᠡᠵᠡᠮᠰᠢᠭᠦᠯᠬᠦ ᠦᠭᠡᠢ ᠪᠣᠯ ᠵᠢᠭᠠᠨ | ᠰᠤᠷᠭᠠᠯᠲᠠ ᠶᠢᠨ ᠠᠵᠢᠯ ᠨᠢ ᠡᠬᠢ ᠦᠭᠡᠢ ᠤᠰᠤ᠂ ᠦᠨᠳᠦᠰᠦ ᠦᠭᠡᠢ ᠮᠣᠳᠣ ᠪᠣᠯᠬᠤ ᠨᠢ ᠳᠠᠮᠵᠢᠭ | ᠦᠭᠡᠢ᠃ ᠭᠤᠣᠯᠯᠠᠭᠴᠢ ᠬᠡᠪ ᠪᠣᠯᠪᠠᠰᠤᠷᠠᠯ ᠨᠢ ᠮᠡᠳᠡᠯᠭᠡ ᠠᠴᠠ ᠰᠠᠯᠤᠭᠠᠳ ᠲᠤᠰᠠᠭᠠᠷ ᠢᠶᠠᠨ ᠣᠷᠣᠰᠢᠵᠤ ᠲᠡᠶᠢᠯᠬᠦ | ᠦᠭᠡᠢ ᠶᠤᠮ᠃ ᠰᠤᠷᠤᠭᠴᠢᠳ ᠤᠨ ᠭᠤᠣᠯᠯᠠᠭᠴᠢ ᠬᠡᠪ ᠪᠣᠯᠪᠠᠰᠤᠷᠠᠯ ᠢ ᠵᠦᠪᠬᠡᠨ ᠮᠡᠳᠡᠯᠭᠡ ᠣᠯᠭᠤᠬᠤ ᠱᠠᠲᠤᠨ ᠳᠤ | ᠵᠣᠭᠰᠣᠩᠭᠢᠷᠠᠭᠤᠯᠵᠤ ᠪᠣᠯᠬᠤ ᠦᠭᠡᠢ᠂ ᠬᠠᠷᠢᠨ ᠵᠣᠬᠢᠬᠤ ᠮᠡᠳᠡᠯᠭᠡ ᠳᠤ ᠰᠠᠭᠤᠷᠢᠯᠠᠨ ᠮᠡᠳᠡᠯᠭᠡ ᠶᠢ ᠰᠤᠷᠤᠯᠴᠠᠬᠤ ᠪᠠᠷ | ᠳᠠᠮᠵᠢᠨ ᠰᠣᠷᠣᠭᠴᠢᠳ ᠤᠨ ᠴᠢᠳᠠᠪᠤᠷᠢ ᠪᠠ ᠬᠡᠪ ᠴᠢᠨᠠᠷ ᠢ ᠬᠥᠮᠥᠵᠢᠭᠦᠯᠦᠨ ᠳᠡᠭᠡᠭᠰᠢᠯᠡᠭᠦᠯᠵᠦ᠂ ᠭᠤᠣᠯᠯᠠᠭᠴᠢ ᠬᠡᠪ | ᠪᠣᠯᠪᠠᠰᠤᠷᠠᠯ ᠤᠨ ᠥᠨᠳᠥᠷ ᠱᠠᠲᠤᠨ ᠳᠤ ᠬᠦᠷᠭᠡᠭᠰᠡᠨ ᠪᠠᠶᠢᠬᠤ ᠬᠡᠷᠡᠭᠲᠡᠢ᠃ ᠡᠭᠦᠨ ᠠᠴᠠ ᠦᠵᠡᠬᠦ ᠳᠤ ᠭᠤᠷᠮᠤᠰᠤᠨ | ᠬᠠᠷᠠᠯᠲᠠ ᠶᠢᠨ ᠮᠡᠳᠡᠯᠭᠡ ᠶᠢᠨ ᠪᠠᠶᠢᠷᠢ ᠰᠠᠭᠤᠷᠢ᠂ ᠦᠢᠯᠡᠳᠦᠯ ᠨᠢ ᠳᠣᠷᠣᠭᠰᠢᠯᠠᠵᠤ ᠪᠠᠶᠢᠪᠠᠴᠤ ᠭᠤᠣᠯᠯᠠᠭᠴᠢ ᠬᠡᠪ | ᠪᠣᠯᠪᠠᠰᠤᠷᠠᠯ ᠲᠠᠢ ᠵᠥᠷᠢᠴᠡᠯ ᠦᠭᠡᠢ ᠪᠥᠭᠡᠳ ᠡᠰᠡᠷᠭᠦᠴᠡᠯᠳᠦᠬᠦ ᠦᠭᠡᠢ ᠶᠤᠮ᠃ ᠬᠠᠷᠢᠨ ᠭᠤᠣᠯᠯᠠᠭᠴᠢ ᠬᠡᠪ | ᠪᠣᠯᠪᠠᠰᠤᠷᠠᠯ ᠨᠢ ᠭᠤᠷᠮᠤᠰᠤᠨ ᠬᠠᠷᠠᠯᠲᠠ ᠶᠢᠨ ᠬᠥᠭᠵᠢᠭᠦᠯᠦᠯᠲᠡ ᠮᠥᠨ᠃ ᠬᠢᠴᠢᠶᠡᠯ ᠲᠦᠷᠦᠯ ᠤᠨ ᠵᠢᠭᠠᠨ | ᠰᠤᠷᠭᠠᠯᠲᠠ ᠪᠣᠯ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠢ ᠪᠦᠷᠢᠯᠳᠦᠭᠦᠯᠬᠦ ᠠᠷᠭ᠎ᠠ ᠵᠠᠮ | ᠮᠥᠨ᠃ ᠭᠡᠭᠦ ᠳᠤ ᠬᠢᠴᠢᠶᠡᠯ ᠲᠦᠷᠦᠯ ᠤᠨ ᠮᠡᠳᠡᠯᠭᠡ ᠶᠢ ᠰᠢᠭᠤᠳ ᠬᠢᠴᠢᠶᠡᠯ ᠲᠦᠷᠦᠯ ᠤᠨ ᠭᠤᠣᠯᠯᠠᠭᠴᠢ ᠬᠡᠪ | ᠪᠣᠯᠪᠠᠰᠤᠷᠠᠯ ᠪᠣᠯᠭᠠᠨ ᠬᠤᠪᠢᠷᠠᠭᠤᠯᠵᠤ ᠪᠣᠯᠬᠤ ᠦᠭᠡᠢ᠂ ᠭᠤᠷᠮᠤᠰᠤᠨ ᠬᠠᠷᠠᠯᠲᠠ ᠳᠠᠬᠢ ᠬᠢᠴᠢᠶᠡᠯ ᠲᠦᠷᠦᠯ ᠤᠨ | ᠮᠡᠳᠡᠯᠭᠡ ᠪᠣᠯ ᠵᠦᠪᠬᠡᠨ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠢ ᠪᠦᠷᠢᠯᠳᠦᠭᠦᠯᠬᠦ ᠠᠴᠢᠶᠠᠯᠠᠭᠴᠢ | ᠮᠥᠨ᠃ ᠳᠥᠭᠦᠮᠬᠡᠨ ᠢᠶᠠᠷ ᠮᠡᠳᠡᠯᠭᠡ ᠶᠢ ᠴᠡᠭᠡᠵᠢᠯᠡᠬᠦ᠂ ᠣᠶᠢᠯᠠᠭᠠᠬᠤ ᠪᠠ ᠡᠵᠡᠮᠰᠢᠬᠦ ᠨᠢ ᠭᠤᠣᠯᠯᠠᠭᠴᠢ ᠬᠡᠪ | ᠪᠣᠯᠪᠠᠰᠤᠷᠠᠯ ᠢ ᠰᠢᠭᠤᠳ ᠪᠦᠷᠢᠯᠳᠦᠭᠦᠯᠵᠦ ᠲᠡᠶᠢᠯᠬᠦ ᠦᠭᠡᠢ᠂ ᠭᠤᠷᠮᠤᠰᠤᠨ ᠬᠠᠷᠠᠯᠲᠠ ᠳᠠᠬᠢ ᠶᠠᠪᠤᠴᠠ ᠪᠠ ᠠᠷᠭ᠎ᠠ ᠨᠢ | ᠬᠡᠳᠦ᠋ᠢᠪᠡᠷ ᠴᠢᠬᠤᠯᠠ ᠦᠢᠯᠡᠳᠦᠯ ᠦᠵᠡᠭᠦᠯᠬᠦ ᠪᠣᠯᠪᠠᠴᠣ᠂ ᠪᠠᠰᠠ ᠴᠤ ᠭᠤᠣᠯᠯᠠᠭᠴᠢ ᠬᠡᠪ ᠪᠣᠯᠪᠠᠰᠤᠷᠠᠯ ᠤᠨ ᠲᠣᠰ | ᠪᠡᠶ᠎ᠡ ᠪᠢᠰᠢ ᠶᠤᠮ᠃ ᠬᠠᠷᠢᠨ ᠭᠤᠣᠯᠯᠠᠭᠴᠢ ᠬᠡᠪ ᠪᠣᠯᠪᠠᠰᠤᠷᠠᠯ ᠢ ᠪᠦᠷᠢᠯᠳᠦᠭᠦᠯᠬᠦ ᠶᠢᠨ ᠬᠥᠭᠦᠷᠭᠡ ᠮᠥᠨ᠃ ᠵᠢᠭᠠᠨ | ᠰᠤᠷᠭᠠᠯᠲᠠ ᠶᠢᠨ ᠠᠵᠢᠯᠯᠠᠭ᠎ᠠ ᠨᠢ ᠬᠢᠴᠢᠶᠡᠯ ᠲᠦᠷᠦᠯ ᠤᠨ ᠮᠡᠳᠡᠯᠭᠡ ᠶᠢ ᠪᠣᠯᠪᠠᠰᠣᠷᠠᠭᠤᠯᠵᠤ ᠰᠢᠩᠭᠡᠭᠡᠭᠰᠨᠨ ᠰᠠᠭᠤᠷᠢᠨ | ᠳᠡᠭᠡᠷ᠎ᠡ ᠬᠤᠪᠢᠷᠠᠭᠤᠯᠵᠤ ᠳᠡᠭᠡᠭᠰᠢᠯᠡᠭᠦᠯᠦᠨ ᠴᠢᠳᠠᠪᠤᠷᠢ ᠪᠣᠯᠣᠨ ᠬᠡᠪ ᠴᠢᠨᠠᠷ ᠪᠣᠯᠪᠠᠯ ᠰᠠᠶ᠋ᠢ ᠰᠤᠷᠤᠭᠴᠢᠳ | ᠭᠤᠣᠯᠯᠠᠭᠴᠢ ᠬᠡᠪ ᠪᠣᠯᠪᠠᠰᠤᠷᠠᠯ ᠲᠠᠢ ᠪᠣᠯᠵᠤ ᠴᠢᠳᠠᠨ᠎ᠠ᠃ | ᠭᠤᠷᠪᠠ᠂ ᠮᠡᠳᠡᠯᠭᠡ ᠶᠢᠨ ᠰᠤᠷᠤᠯᠴᠠᠯᠭ᠎ᠠ ᠪᠠ ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠶᠢᠨ | ᠬᠤᠭᠤᠷᠣᠨᠳᠦᠬᠢ ᠬᠠᠷᠢᠴᠠᠭ᠎ᠠ ᠠᠴᠠ ᠦᠵᠡᠪᠡᠯ᠂ | ᠮᠡᠳᠡᠯᠭᠡ ᠶᠢ ᠰᠤᠷᠤᠯᠴᠠᠬᠤ ᠶᠠᠪᠤᠴᠠ ᠳᠤ ᠰᠣᠷᠣᠭᠴᠢᠳ ᠤᠨ ᠭᠤᠣᠯᠯᠠᠭᠴᠢ ᠬᠡᠪ ᠪᠣᠯᠪᠠᠰᠤᠷᠠᠯ ᠢ | ᠬᠥᠮᠥᠵᠢᠭᠦᠯᠳᠡᠭ᠃ ᠳᠡᠭᠡᠳᠦ ᠳᠣᠮᠳᠠᠳᠣ ᠶᠢᠨ ᠲᠡᠦᠬᠡ ᠶᠢᠨ ᠬᠢᠴᠢᠶᠡᠯ ᠤᠨ ᠲᠠᠪᠤᠨ ᠶᠡᠭᠡ ᠭᠤᠣᠯᠯᠠᠭᠴᠢ ᠬᠡᠪ | ᠪᠣᠯᠪᠠᠰᠤᠷᠠᠯ ᠪᠣᠯ ᠲᠣᠰ ᠲᠣᠰ ᠴᠠᠭ ᠣᠷᠣᠨ ᠵᠠᠢ ᠶᠢᠨ ᠦᠵᠡᠯᠲᠡ᠂ ᠲᠡᠦᠬᠡ ᠶᠢᠨ ᠲᠠᠶᠢᠯᠪᠤᠷᠢᠯᠠᠯᠲᠠ᠂ ᠲᠡᠦᠬᠡ ᠶᠢᠨ | ᠪᠣᠳᠠᠰᠴᠢ ᠦᠵᠡᠯᠲᠡ᠂ ᠲᠡᠦᠬᠡᠨ ᠮᠠᠲ᠋ᠧᠷᠢᠶᠠᠯ ᠤᠨ ᠭᠡᠷᠡᠴᠢᠯᠡᠯ᠂ ᠤᠯᠤᠰ ᠭᠡᠷ ᠢᠶᠠᠨ ᠬᠠᠶᠢᠷᠠᠯᠠᠬᠤ ᠰᠡᠳᠬᠢᠯᠭᠡ | ᠪᠣᠯᠣᠨ᠎ᠠ᠃ ᠲᠡᠦᠬᠡ ᠶᠢᠨ ᠬᠢᠴᠢᠶᠡᠯᠯᠡᠭᠡ ᠳᠤ ᠡᠨᠡ ᠲᠠᠪᠤᠨ ᠶᠡᠭᠡ ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠪᠣᠯ | ᠲᠡᠦᠬᠡ ᠶᠢᠨ ᠮᠥᠨ ᠴᠢᠨᠠᠷ ᠪᠠ ᠱᠠᠭᠠᠷᠳᠠᠯᠭ᠎ᠠ ᠮᠥᠨ᠂ ᠲᠡᠦᠬᠡ ᠪᠣᠯ ᠴᠠᠭ ᠬᠤᠭᠤᠴᠠᠭ᠎ᠠ ᠪᠠ ᠣᠷᠣᠨ ᠵᠠᠢ ᠶᠢ ᠲᠡᠭᠦᠰ | ᠰᠠᠶᠢᠬᠠᠨ ᠤᠶᠠᠯᠳᠤᠭᠤᠯᠬᠤ ᠴᠢᠬᠤᠯᠠᠲᠠᠢ᠂ ᠡᠶᠢᠮᠦ ᠠᠴᠠ ᠲᠡᠦᠬᠡ ᠶᠢ ᠰᠤᠷᠤᠯᠴᠠᠬᠤ ᠳᠤ ᠦᠨᠳᠦᠰᠦᠨ ᠲᠡᠦᠬᠡᠨ ᠪᠣᠳᠠᠲᠤ | ᠪᠠᠶᠢᠳᠠᠯ ᠢ ᠲᠣᠳᠣᠷᠬᠠᠶᠢᠯᠠᠬᠤ ᠴᠢᠬᠤᠯᠠᠲᠠᠢ᠂ ᠭᠠᠭᠴᠠ ᠬᠦ ᠲᠡᠦᠬᠡᠨ ᠪᠣᠳᠠᠲᠤ ᠪᠠᠶᠢᠳᠠᠯ ᠢ ᠣᠶᠢᠯᠠᠭᠠᠮᠠᠨᠵᠢᠨ ᠰᠠᠶ᠋ᠢ ᠨᠡᠩ | ᠭᠦᠨᠵᠡᠭᠡᠢ ᠣᠶᠢᠯᠠᠭᠠᠬᠤ ᠪᠠ ᠵᠠᠳᠠᠯᠤᠨ ᠰᠢᠨᠵᠢᠯᠡᠬᠦ ᠶᠢᠨ ᠬᠠᠮᠲᠤ ᠡᠯ᠎ᠡ ᠵᠦᠢᠯ ᠤᠨ ᠲᠡᠦᠬᠡᠨ ᠠᠰᠠᠭᠤᠳᠠᠯ ᠢ | ᠰᠢᠢᠳᠪᠦᠷᠢᠯᠡᠵᠦ ᠴᠢᠳᠠᠨ᠎ᠠ᠃ | ᠭᠤᠣᠯᠯᠠᠭᠴᠢ ᠬᠡᠪ ᠪᠣᠯᠪᠠᠰᠤᠷᠠᠯ ᠪᠣᠯ ᠰᠢᠨ᠎ᠡ ᠬᠢᠴᠢᠶᠡᠯᠯᠡᠭᠡ ᠶᠢᠨ ᠥᠭᠡᠷᠡᠴᠢᠯᠡᠯᠲᠡ ᠶᠢ ᠭᠦᠨᠵᠡᠭᠡᠢ | ᠨᠠᠶᠢᠳᠠᠪᠤᠷᠢᠵᠢᠭᠤᠯᠤᠭᠰᠠᠨ ᠤ ᠳᠠᠷᠠᠭ᠎ᠠ ᠳᠤᠷᠠᠳᠤᠭᠰᠠᠨ ᠴᠣ ᠰᠢᠨ᠎ᠡ ᠰᠤᠷᠭᠠᠨ ᠬᠥᠮᠦᠵᠢᠯ ᠤᠨ ᠬᠠᠷᠠᠯᠲᠠ | ᠮᠥᠨ᠃ ᠡᠭᠦᠨ ᠤ ᠵᠣᠷᠢᠯᠭ᠎ᠠ ᠨᠢ ᠪᠡᠶ᠎ᠡ ᠪᠠᠨ ᠳᠠᠭᠠᠭᠠᠵᠤ ᠬᠥᠭᠵᠢᠬᠦ ᠰᠣᠷᠣᠭᠴᠢ ᠶᠢ ᠬᠥᠮᠥᠵᠢᠭᠦᠯᠬᠦ ᠶᠢᠨ ᠲᠥᠯᠥᠭᠡ | ᠶᠤᠮ᠃ ᠬᠢᠴᠢᠶᠡᠯ ᠲᠦᠷᠦᠯ ᠪᠣᠯᠭᠠᠨ ᠤ ᠭᠤᠣᠯᠯᠠᠭᠴᠢ ᠬᠡᠪ ᠪᠣᠯᠪᠠᠰᠤᠷᠠᠯ ᠤᠨ ᠠᠭᠤᠯᠭ᠎ᠠ ᠨᠢ ᠵᠣᠬᠢᠬᠤ ᠬᠡᠮᠵᠢᠶᠡᠨ ᠤ | ᠬᠠᠨᠳᠤᠯᠭᠠᠲᠤ ᠴᠢᠨᠠᠷ ᠲᠠᠢ ᠪᠠᠶᠢᠳᠠᠭ᠃ ᠲᠡᠦᠬᠡ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠶᠠᠪᠤᠴᠠ ᠳᠤ | ᠭᠤᠣᠯᠯᠠᠭᠴᠢ ᠬᠡᠪ ᠪᠣᠯᠪᠠᠰᠤᠷᠠᠯ ᠤᠨ ᠢᠯᠡᠷᠡᠯ ᠢ ᠠᠭᠤᠳᠠᠯᠤᠨ ᠭᠠᠷᠭᠠᠬᠤ ᠶᠢᠨ ᠬᠠᠮᠲᠤ ᠵᠢᠭᠠᠨ ᠰᠤᠷᠭᠠᠯᠲᠠ ᠶᠢᠨ | ᠶᠠᠪᠤᠴᠠ ᠳᠤ ᠪᠠᠨ ᠢᠯᠡᠷᠡᠭᠦᠯᠵᠦ᠂ ᠰᠣᠷᠣᠭᠴᠢᠳ ᠲᠤ ᠣᠶᠢᠯᠠᠭᠠᠯᠳᠠ ᠲᠥᠷᠥᠭᠳᠡᠯ ᠣᠯᠭᠤᠵᠤ᠂ ᠥᠨᠳᠥᠷ ᠦᠷ᠎ᠡ | ᠠᠰᠢᠭᠲᠤ ᠵᠢᠭᠠᠨ ᠰᠤᠷᠭᠠᠯᠲᠠ ᠶᠢ ᠪᠡᠶᠡᠯᠡᠭᠦᠯᠬᠦ ᠬᠡᠷᠡᠭᠲᠡᠢ᠃ ᠡ᠊ᠨᠳᠠ ᠲᠠᠪᠤᠨ ᠶᠡᠭᠡ ᠭᠤᠣᠯᠯᠠᠭᠴᠢ ᠬᠡᠪ ᠪᠣᠯᠪᠠᠰᠤᠷᠠᠯ ᠤᠨ | ᠠᠭᠤᠯᠭ᠎ᠠ ᠵᠢᠴᠢ ᠲᠡᠦᠬᠡ ᠶᠢᠨ ᠬᠢᠴᠢᠶᠡᠯᠯᠡᠭᠡ ᠳᠠᠬᠢ ᠪᠣᠳᠠᠲᠠᠢ ᠦᠢᠯᠡᠳᠦᠯᠭᠡᠵᠢᠭᠦᠯᠦᠯᠳᠡ ᠶᠢ ︽ᠨᠠᠨᠵᠢᠩ ᠤᠨ | ᠢᠷᠭᠡᠨ ᠤ ᠵᠠᠰᠠᠭ ᠤᠨ ᠣᠷᠳᠣᠨ ᠤ ᠨᠣᠶᠠᠷᠬᠠᠯ ᠪᠠ ᠳᠣᠮᠳᠠᠳᠣ ᠤᠯᠤᠰ ᠤᠨ ᠡᠪ ᠬᠠᠮᠲᠤ ᠨᠠᠮ ᠬᠤᠪᠢᠰᠬᠠᠯ ᠤᠨ ᠰᠢᠨ᠎ᠡ | ᠵᠠᠮ ᠢ ᠨᠡᠭᠡᠭᠡᠭᠰᠡᠨ︾ ᠭᠡᠬᠦ ᠬᠢᠴᠢᠶᠡᠯ ︵ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠬᠤ | ᠳᠤᠮᠳᠠᠳᠤ ᠭᠠᠳᠠᠭᠠᠳᠤ ᠶᠢᠨ ᠲᠡᠦᠬᠡ ᠶᠢᠨ ᠬᠥᠲᠥᠯᠪᠦᠷᠢ ᠶᠢᠨ ᠲᠣᠪᠴᠢ ᠶᠢᠨ ᠳᠡᠭᠡᠳᠦ ᠳᠡᠪᠲᠡᠷ ᠤᠨ 22 ᠳ᠋ᠤᠭᠠᠷ | ᠬᠢᠴᠢᠶᠡᠯ︶ ᠢᠶᠠᠷ ᠵᠢᠱᠢᠶ᠎ᠡ ᠪᠣᠯᠭᠠᠵᠤ ᠭᠤᠣᠯᠯᠠᠭᠴᠢ ᠬᠡᠪ ᠪᠣᠯᠪᠠᠰᠤᠷᠠᠯ ᠢ ᠨᠢᠭᠡ ᠬᠢᠴᠢᠶᠡᠯ ᠳᠤ ᠬᠡᠷᠬᠢᠨ | ᠦᠢᠯᠡᠳᠦᠯᠭᠡᠵᠢᠭᠦᠯᠬᠦ ᠲᠤᠬᠠᠢ ᠳᠦᠬᠦᠮ ᠵᠠᠳᠠᠯᠤᠯᠲᠠ ᠬᠢᠶ᠎ᠡ᠄ | ① ᠴᠠᠭ ᠣᠷᠣᠨ ᠵᠠᠢ ᠶᠢᠨ ᠣᠶᠢᠯᠠᠭᠠᠭᠳᠠᠬᠤᠨ᠄ ᠡᠨᠡ ᠨᠢ ᠬᠡᠷᠡᠭ ᠪᠣᠳᠠᠰ ᠬᠢᠭᠡᠳ ᠣᠨᠴᠠᠭᠠᠢ ᠴᠠᠭ | ᠬᠤᠭᠤᠴᠠᠭ᠎ᠠ ᠵᠢᠴᠢ ᠣᠷᠣᠨ ᠵᠠᠢ ᠶᠢᠨ ᠬᠤᠯᠪᠤᠭ᠎ᠠ ᠶᠢ ᠠᠵᠢᠭᠯᠠᠬᠤ᠂ ᠵᠠᠳᠠᠯᠬᠤ ᠣᠶᠢᠯᠠᠭᠠᠭᠳᠠᠬᠤᠨ ᠢ ᠵᠢᠭᠠᠵᠤ | ᠪᠠᠶᠢᠨ᠎ᠠ᠃ ᠲᠠᠷᠠ ᠨᠢ ᠲᠡᠦᠬᠡ ᠶᠢᠨ ᠣᠨ ᠲᠣᠭᠠᠯᠠᠯ᠂ ᠲᠡᠦᠬᠡ ᠶᠢᠨ ᠴᠠᠭ ᠤᠨ ᠳᠠᠷᠠᠭᠠᠯᠠᠯ᠂ ᠣᠨ ᠵᠢᠯ ᠤᠨ ᠬᠡᠮᠵᠢᠶ᠎ᠡ᠂ | ᠱᠠᠲᠤ ᠦᠶ᠎ᠡ ᠶᠢᠨ ᠣᠨᠴᠠᠯᠢᠭ᠂ ᠲᠡᠦᠬᠡ ᠶᠢᠨ ᠶᠡᠭᠡ ᠶᠠᠪᠤᠳᠠᠯ ᠤᠨ ᠣᠨ ᠤ ᠬᠦᠰᠦᠨᠦᠭᠲᠦ᠂ ᠲᠡᠦᠬᠡ ᠶᠢᠨ ᠭᠠᠵᠠᠷ ᠤᠨ | ᠵᠢᠷᠤᠭ ᠵᠡᠷᠭᠡ ᠬᠡᠯᠪᠡᠷᠢ ᠪᠠᠷ ᠢᠯᠡᠷᠡᠳᠡᠭ᠃ ᠲᠣᠰ ᠬᠢᠴᠢᠶᠡᠯ ᠳᠤ᠂ ᠨᠠᠨᠵᠢᠩ ᠤᠨ ᠢᠷᠭᠡᠨ ᠤ ᠵᠠᠰᠠᠭ ᠤᠨ ᠣᠷᠳᠣᠨ ᠤ | ᠨᠣᠶᠠᠷᠬᠠᠯ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯ ᠤᠨ ᠰᠢᠨ᠎ᠡ ᠵᠠᠮ ᠢ ᠨᠡᠭᠡᠭᠡᠭᠰᠡᠨ ᠤᠨᠴᠠᠭᠠᠢ | ᠴᠠᠭ ᠪᠠ ᠣᠷᠣᠨ ᠵᠠᠢ ᠶᠢᠨ ᠣᠷᠴᠢᠨ ᠲᠣᠭᠤᠷᠢᠨ ᠢ ᠲᠠᠨᠢᠵᠤ᠂ ᠲᠡᠭᠦᠨ ᠤ ᠤᠨᠴᠠᠭᠠᠢ ᠴᠠᠭ ᠪᠠ ᠣᠷᠣᠨ ᠵᠠᠢ ᠶᠢᠨ | ᠠᠬᠤᠢ ᠪᠠᠶᠢᠳᠠᠯ ᠪᠠ ᠱᠠᠲᠤ ᠦᠶ᠎ᠡ ᠶᠢᠨ ᠣᠨᠴᠠᠯᠢᠭ ᠢ ᠠᠳᠬᠤᠵᠤ ᠠᠪᠬᠤ ᠪᠥᠭᠡᠳ ᠭᠠᠵᠠᠷ ᠤᠨ ᠵᠢᠷᠤᠭ᠂ ᠣᠬᠤᠷ | ᠹᠢᠯᠢᠮ ᠵᠡᠷᠭᠡ ᠶᠢ ᠬᠡᠷᠡᠭᠯᠡᠵᠦ᠂ ᠲᠡᠦᠬᠡ ᠶᠢᠨ ᠴᠠᠭ ᠣᠷᠣᠨ ᠵᠠᠢ ᠶᠢ ᠳᠠᠬᠢᠨ ᠢᠯᠡᠷᠡᠭᠦᠯᠪᠡᠯ ᠰᠤᠷᠤᠭᠴᠢᠳ ᠲᠤ ᠥᠭᠬᠦ | ᠰᠠᠭᠤᠭᠳᠠᠯ ᠨᠢ ᠰᠠᠶᠢᠨ ᠪᠣᠯᠣᠨ᠎ᠠ᠃ | ② ᠲᠡᠦᠬᠡ ᠶᠢᠨ ᠲᠠᠶᠢᠯᠪᠤᠷᠢᠯᠠᠯᠲᠠ᠄ ᠲᠡᠦᠬᠡ ᠶᠢᠨ ᠮᠠᠲ᠋ᠧᠷᠢᠶᠠᠯ ᠢᠶᠠᠷ ᠦᠨᠳᠦᠰᠦᠯᠡᠯ ᠪᠣᠯᠭᠠᠵᠦ᠂ ᠲᠡᠦᠬᠡ ᠶᠢᠨ | ᠣᠶᠢᠯᠠᠭᠠᠯᠲᠠ ᠪᠠᠷ ᠰᠠᠭᠤᠷᠢ ᠪᠣᠯᠭᠠᠵᠤ᠂ ᠲᠡᠦᠬᠡ ᠶᠢᠨ ᠬᠡᠷᠡᠭ ᠪᠣᠳᠠᠰ ᠲᠤ ᠣᠶᠤᠨᠴᠢ ᠴᠢᠨᠠᠷ ᠲᠠᠢ ᠵᠠᠳᠠᠯᠤᠯᠲᠠ ᠬᠢᠬᠦ | ᠪᠠ ᠪᠤᠰᠤᠳᠴᠢ ᠦᠨᠡᠯᠡᠯᠲᠡ ᠬᠢᠬᠦ ᠣᠪᠣᠷ᠂ ᠴᠢᠳᠠᠪᠤᠷᠢ ᠪᠠ ᠠᠷᠭ᠎ᠠ᠂ ᠮᠠᠲ᠋ᠧᠷᠢᠶᠠᠯ ᠢ ᠡᠮᠬᠢᠯᠡᠬᠦ᠂ ᠲᠡᠦᠬᠡ ᠶᠢᠨ | ᠮᠠᠲ᠋ᠧᠷᠢᠶᠠᠯ ᠢ ᠲᠠᠶᠢᠯᠪᠤᠷᠢᠯᠠᠬᠤ᠂ ᠡᠬᠢ ᠡᠭᠦᠰᠦᠯ ᠢ ᠮᠥᠷᠳᠡᠬᠦ᠂ ᠰᠢᠯᠲᠠᠭᠠᠨ ᠦᠷ᠎ᠡ ᠶᠢ ᠰᠢᠨᠵᠢᠯᠡᠨ ᠰᠤᠳᠤᠯᠬᠤ᠂ | ᠬᠠᠨᠳᠤᠰᠢ ᠶᠢ ᠵᠠᠳᠠᠯᠬᠤ᠂ ᠨᠥᠯᠥᠭᠡ ᠶᠢ ᠲᠣᠳᠣᠷᠬᠠᠶᠢᠯᠠᠬᠤ᠂ ᠪᠠᠶᠢᠷᠢ ᠰᠠᠭᠤᠷᠢ ᠶᠢ ᠮᠠᠭᠠᠳᠯᠠᠬᠤ ᠵᠡᠷᠭᠡ ᠬᠡᠯᠪᠡᠷᠢ ᠪᠠᠷ | ᠰᠢᠯᠭᠠᠨ ᠪᠠᠶᠢᠴᠠᠭᠠᠵᠤ᠂ ᠲᠡᠦᠬᠡ ᠶᠢ ᠥᠭᠦᠯᠡᠬᠦ ᠪᠠ ᠲᠡᠦᠬᠡ ᠶᠢᠨ ᠲᠠᠨᠢᠯᠲᠠ ᠶᠢ ᠪᠦᠷᠢᠯᠳᠦᠭᠦᠯᠬᠦ ᠴᠢᠳᠠᠪᠤᠷᠢ ᠶᠢ | ᠬᠥᠮᠥᠵᠢᠭᠦᠯᠬᠦ ᠶᠢ ᠵᠢᠭᠠᠵᠤ ᠪᠠᠶᠢᠨ᠎ᠠ᠃ ᠲᠤᠰ ᠬᠢᠴᠢᠶᠡᠯ ᠳᠤ᠂ ᠬᠤᠯᠪᠣᠭᠳᠠᠯ ᠪᠦᠬᠦᠢ ᠰᠤᠷᠪᠤᠯᠵᠢ ᠪᠢᠴᠢᠭ᠂ ᠲᠡᠦᠬᠡᠨ | ᠮᠠᠲ᠋ᠧᠷᠢᠶᠠᠯ᠂ ᠵᠢᠷᠤᠭ ᠰᠡᠭᠦᠳᠡᠷ ᠢ ᠬᠡᠷᠡᠭᠯᠡᠨ ᠵᠠᠳᠠᠯᠤᠯᠲᠠ ᠬᠢᠵᠦ᠂ ᠨᠠᠨᠵᠢᠩ ᠤᠨ ᠢᠷᠭᠡᠨ ᠤ ᠵᠠᠰᠠᠭ ᠤᠨ ᠣᠷᠳᠣᠨ | ᠪᠠᠶᠢᠭᠤᠯᠤᠭᠳᠠᠭᠰᠠᠨ ᠢ ᠲᠠᠨᠢᠵᠤ᠂ ᠵᠥᠪᠯᠡᠯ ᠤᠨ ᠵᠠᠰᠠᠭ᠂ ᠬᠤᠪᠢᠰᠬᠠᠯ ᠤᠨ ᠰᠠᠭᠤᠷᠢᠨ ᠭᠠᠵᠠᠷ ᠵᠡᠷᠭᠡ | ᠤᠬᠠᠭᠳᠠᠬᠤᠨ ᠳᠤ ᠲᠠᠶᠢᠯᠪᠤᠷᠢᠯᠠᠯᠲᠠ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯ ᠤᠨ ᠰᠢᠨ᠎ᠡ | ᠵᠠᠮ ᠢ ᠨᠡᠭᠡᠭᠡᠭᠰᠡᠨ ᠪᠠ ᠤᠷᠳᠤ ᠵᠠᠮ ᠤᠨ ᠠᠶᠠᠨ ᠳᠠᠶᠢᠨ ᠤ ᠠᠴᠢ ᠬᠤᠯᠪᠣᠭᠳᠠᠯ ᠢ ᠲᠠᠨᠢᠭᠤᠯᠵᠤ᠂ ᠰᠤᠷᠤᠭᠴᠢᠳ ᠤᠨ | ᠲᠡᠦᠬᠡ ᠶᠢ ᠲᠠᠶᠢᠯᠪᠤᠷᠢᠯᠠᠬᠤ ᠴᠢᠳᠠᠪᠤᠷᠢ ᠶᠢ ᠬᠥᠮᠥᠵᠢᠭᠦᠯᠦᠨ᠎ᠡ᠃ | ③ ᠲᠡᠦᠬᠡ ᠶᠢᠨ ᠪᠣᠳᠠᠰᠴᠢ ᠦᠵᠡᠯᠲᠡ᠄ ᠡᠨᠡ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠲᠡᠦᠬᠡ ᠶᠢᠨ | ᠪᠤᠰᠤᠳᠴᠢ ᠰᠠᠭᠤᠷᠢ ᠵᠢᠴᠢ ᠬᠥᠭᠵᠢᠯᠲᠡ ᠶᠢᠨ ᠵᠢᠮ᠎ᠡ ᠶᠣᠰᠣ ᠶᠢ ᠢᠯᠡᠷᠡᠭᠦᠯᠬᠦ ᠰᠢᠨᠵᠢᠯᠡᠬᠦ ᠤᠬᠠᠭᠠᠨᠴᠢ ᠲᠡᠦᠬᠡ ᠶᠢᠨ | ᠦᠵᠡᠯᠲᠡ ᠪᠠ ᠠᠷᠭ᠎ᠠ ᠪᠣᠯᠣᠨ᠎ᠠ᠃ ᠡᠭᠦᠨ ᠳᠤ ᠨᠡᠶᠢᠭᠡᠮ ᠤᠨ ᠣᠷᠣᠰᠢᠬᠤᠢ ᠨᠢ ᠨᠡᠶᠢᠭᠡᠮ ᠤᠨ ᠦᠵᠡᠯ ᠤᠬᠠᠮᠰᠠᠷ ᠢ | ᠲᠣᠭᠲᠠᠭᠠᠵᠤ᠂ ᠦᠢᠯᠡᠳᠪᠦᠷᠢᠯᠡᠯ ᠤᠨ ᠬᠦᠴᠦᠨ ᠨᠢ ᠦᠢᠯᠡᠳᠪᠦᠷᠢᠯᠡᠯ ᠤᠨ ᠬᠠᠷᠢᠴᠠᠭ᠎ᠠ ᠶᠢ ᠲᠣᠭᠲᠠᠭᠠᠵᠤ᠂ ᠠᠵᠤ | ᠠᠬᠤᠢ ᠶᠢᠨ ᠰᠠᠭᠤᠷᠢ ᠨᠢ ᠳᠡᠭᠡᠳᠦ ᠳᠠᠪᠬᠤᠷᠭ᠎ᠠ ᠶᠢ ᠲᠣᠭᠲᠠᠭᠠᠵᠤ᠂ ᠠᠷᠠᠳ ᠲᠦᠮᠡᠨ ᠪᠣᠯ ᠲᠡᠦᠬᠡ ᠶᠢᠨ ᠡᠭᠦᠳᠦᠨ | ᠪᠦᠲᠦᠭᠡᠭᠴᠢ ᠮᠥᠨ᠂ ᠬᠥᠮᠥᠨ ᠤ ᠠᠮᠢᠳᠤᠷᠠᠯ ᠤᠨ ᠵᠢᠩᠬᠢᠨᠢ ᠦᠨ᠎ᠡ ᠦᠷᠲᠡᠭ ᠨᠢ ᠨᠡᠶᠢᠭᠡᠮ ᠳᠤ ᠦᠵᠡᠭᠦᠯᠦᠭᠰᠡᠨ | ᠬᠤᠪᠢ ᠨᠡᠮᠡᠷᠢ ᠳᠤ ᠪᠠᠶᠢᠬᠤ ᠵᠡᠷᠭᠡ ᠶᠢ ᠪᠠᠭᠲᠠᠭᠠᠨ᠎ᠠ᠃ ᠲᠤᠰ ᠬᠢᠴᠢᠶᠡᠯ ᠳᠤ᠂ ᠲᠡᠦᠬᠡ ᠶᠢᠨ ᠪᠣᠳᠠᠰᠴᠢ ᠦᠵᠡᠯᠲᠡ ᠶᠢ | ᠬᠡᠷᠡᠭᠯᠡᠨ᠂ ᠠᠩᠭᠢ ᠶᠢᠨ ᠲᠡᠮᠡᠴᠡᠯ᠂ ᠠᠷᠠᠳ ᠲᠦᠮᠡᠨ ᠲᠡᠦᠬᠡ ᠶᠢ ᠪᠦᠲᠦᠭᠡᠭᠰᠡᠨ ᠵᠢᠴᠢ ᠲᠡᠦᠬᠡ ᠶᠢᠨ ᠬᠤᠯᠪᠣᠭᠳᠠᠯ | ᠪᠦᠬᠦᠢ ᠤᠨᠤᠯ ᠢ ᠬᠤᠪᠢᠰᠤᠩᠭᠤᠢ ᠪᠠᠷ ᠵᠠᠳᠠᠯᠤᠨ ᠰᠢᠨᠵᠢᠯᠡᠵᠦ᠂ ᠠᠵᠢᠯᠴᠢᠨ ᠲᠠᠷᠢᠶᠠᠴᠢᠨ ᠤ ᠵᠡᠪᠰᠡᠭᠲᠦ ᠬᠦᠴᠦᠨ ᠤ | ᠬᠡᠰᠡᠭᠯᠡᠨ ᠡᠵᠡᠯᠡᠯᠲᠡ ᠶᠢ ᠣᠶᠢᠯᠠᠭᠠᠭᠤᠯᠵᠤ᠂ ᠰᠤᠷᠤᠭᠴᠢᠳ ᠤᠨ ᠲᠡᠦᠬᠡ ᠶᠢᠨ ᠪᠣᠳᠠᠰᠴᠢ ᠦᠵᠡᠯ ᠪᠠ ᠬᠤᠪᠢᠰᠤᠩᠭᠤᠢ | ᠪᠣᠳᠠᠰᠴᠢ ᠦᠵᠡᠯ ᠢᠶᠠᠷ ᠲᠡᠦᠬᠡ ᠶᠢᠨ ᠠᠰᠠᠭᠤᠳᠠᠯ ᠢ ᠵᠠᠳᠠᠯᠬᠤ ᠴᠢᠳᠠᠪᠤᠷᠢ ᠶᠢ ᠬᠥᠮᠥᠵᠢᠭᠦᠯᠦᠨ᠎ᠡ᠃ | ④ ᠲᠡᠦᠬᠡᠨ ᠮᠠᠲ᠋ᠧᠷᠢᠶᠠᠯ ᠤᠨ ᠭᠡᠷᠡᠴᠢᠯᠡᠯ᠄ ᠡᠨᠡ ᠨᠢ ᠣᠯᠣᠭᠰᠠᠨ ᠲᠡᠣᠬᠡᠨ ᠮᠠᠲ᠋ᠧᠷᠢᠶᠠᠯ ᠳᠤ ᠢᠯᠭᠠᠨ | ᠵᠠᠳᠠᠯᠤᠯᠲᠠ ᠬᠢᠬᠦ ᠶᠢᠨ ᠬᠠᠮᠲᠤ ᠢᠲᠡᠭᠡᠮᠵᠢᠲᠡᠢ ᠲᠡᠦᠬᠡᠨ ᠮᠠᠲ᠋ᠧᠷᠢᠶᠠᠯ ᠢ ᠬᠡᠷᠡᠭᠯᠡᠨ ᠲᠡᠦᠬᠡ ᠶᠢᠨ ᠦᠨᠡᠨ ᠪᠣᠳᠠᠲᠠᠢ | ᠣᠪᠣᠷ ᠪᠠ ᠠᠷᠭ᠎ᠠ ᠶᠢ ᠴᠢᠷᠮᠠᠶᠢᠨ ᠲᠠᠬᠢᠨ ᠢᠯᠡᠷᠡᠭᠦᠯᠵᠦ᠂ ᠲᠡᠦᠬᠡᠨ ᠮᠠᠲ᠋ᠧᠷᠢᠶᠠᠯ ᠢ ᠠᠩᠭᠢᠯᠠᠬᠤ᠂ ᠲᠡᠦᠬᠡᠨ | ᠮᠠᠲ᠋ᠧᠷᠢᠶᠠᠯ ᠢ ᠢᠯᠭᠠᠨ ᠵᠠᠳᠠᠯᠬᠤ᠂ ᠲᠡᠦᠬᠡᠨ ᠮᠠᠲ᠋ᠧᠷᠢᠶᠠᠯ ᠢ ᠬᠡᠷᠡᠭᠯᠡᠬᠦ᠂ ᠦᠵᠡᠯᠲᠡ ᠶᠢ ᠨᠤᠲᠠᠯᠠᠬᠤ ᠬᠡᠯᠪᠡᠷᠢ ᠪᠠᠷ | ᠢᠯᠡᠷᠡᠭᠦᠯᠬᠦ ᠶᠢ ᠵᠢᠭᠠᠵᠦ ᠪᠠᠶᠢᠨ᠎ᠠ᠃ ᠲᠤᠰ ᠬᠢᠴᠢᠶᠡᠯ ᠳᠤ᠂ ᠠᠳᠠᠯᠢ ᠪᠤᠰᠤ ᠲᠦᠷᠥᠯ ᠤᠨ ᠲᠡᠦᠬᠡᠨ ᠮᠠᠲ᠋ᠧᠷᠢᠶᠠᠯ | ︵ᠦᠰᠦᠭ ᠪᠢᠴᠢᠭ ᠤᠨ ᠲᠡᠦᠬᠡᠨ ᠮᠡᠲ᠋ᠧᠷᠢᠶᠠᠯ᠂ ᠵᠢᠷᠤᠭ ᠰᠡᠭᠦᠳᠡᠷ᠂ ᠳᠦᠷᠰᠦ ᠰᠢᠩᠭᠡᠭᠡᠯᠳᠡ᠂ ᠭᠠᠵᠠᠷ ᠵᠦᠢ ᠶᠢᠨ | ᠲᠡᠦᠬᠡᠨ ᠮᠠᠲ᠋ᠧᠷᠢᠶᠠᠯ︶ ᠢ ᠠᠰᠢᠭᠯᠠᠵᠤ᠂ ᠨᠠᠨᠵᠢᠩ ᠤᠨ ᠢᠷᠭᠡᠨ ᠤ ᠵᠠᠰᠠᠭ ᠤᠨ ᠣᠷᠳᠣᠨ ᠤ ᠨᠣᠶᠠᠷᠬᠠᠯ ᠪᠠ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠪᠢᠰᠬᠠᠯ ᠤᠨ ᠰᠢᠨ᠎ᠡ ᠵᠠᠮ ᠢ ᠨᠡᠭᠡᠭᠡᠭᠰᠡᠨ ᠶᠠᠪᠤᠴᠠ᠂ ᠣᠨᠴᠠᠯᠢᠭ ᠵᠢᠴᠢ | ᠨᠥᠯᠥᠭᠡ ᠶᠢ ᠰᠣᠷᠤᠯᠴᠠᠵᠤ᠂ ᠰᠤᠷᠤᠭᠴᠢᠳ ᠤᠨ ᠠᠰᠠᠭᠤᠳᠠᠯ ᠢ ᠰᠤᠳᠤᠯᠤᠨ ᠰᠢᠨᠵᠢᠯᠡᠬᠦ ᠴᠢᠳᠠᠪᠤᠷᠢ ᠶᠢ ᠨᠢ | ᠳᠡᠭᠡᠭᠰᠢᠯᠡᠬᠦᠯᠦᠨ᠎ᠡ᠃ | ⑤ ᠤᠯᠤᠰ ᠭᠡᠷ ᠢᠶᠠᠨ ᠬᠠᠶᠢᠷᠠᠯᠠᠬᠤ ᠰᠡᠳᠬᠢᠯᠭᠡ᠄ ᠲᠡᠦᠬᠡ ᠶᠢ ᠰᠣᠷᠣᠯᠴᠠᠨ ᠰᠤᠳᠤᠯᠬᠤ ᠳᠤ ᠪᠠᠶᠢᠪᠠᠰᠤ | ᠵᠣᠬᠢᠬᠤ ᠨᠡᠶᠢᠭᠡᠮ ᠤᠨ ᠬᠠᠷᠢᠭᠤᠴᠠᠯᠭ᠎ᠠ ᠪᠣᠯᠬᠤ ᠬᠥᠮᠥᠨ ᠰᠣᠶᠣᠯ ᠤᠨ ᠬᠠᠶᠢᠷ᠎ᠠ ᠰᠡᠳᠬᠢᠯᠭᠡ ᠪᠣᠯᠣᠨ᠎ᠠ᠃ ᠡᠭᠦᠨ ᠳᠤ | ᠰᠢᠯᠢᠳᠡᠭ ᠤᠯᠠᠮᠵᠢᠯᠠᠯᠳᠣ ᠰᠣᠶᠣᠯ᠂ ᠦᠨᠳᠦᠰᠦᠲᠡᠨ ᠤ ᠵᠣᠷᠢᠭ ᠰᠠᠨᠠᠭ᠎ᠠ᠂ ᠠᠷᠠᠳᠴᠢᠯᠠᠯ᠂ ᠬᠠᠤᠯᠢ ᠪᠠᠷ ᠵᠠᠰᠠᠬᠤ᠂ | ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ᠂ ᠳᠡᠯᠡᠬᠡᠢ ᠶᠢᠨ ᠤᠬᠠᠮᠰᠠᠷ᠂ ᠢᠳᠡᠪᠬᠢᠲᠡᠢ ᠠᠮᠢᠳᠤᠷᠠᠬᠤᠢ ᠶᠢᠨ ᠣᠪᠣᠷ ᠪᠠ | ᠪᠦᠷᠢᠨ ᠲᠡᠭᠦᠯᠳᠡᠷ ᠵᠠᠩ ᠴᠢᠨᠠᠷ᠂ ᠪᠣᠳᠠᠲᠤ ᠠᠬᠤᠢ ᠲᠠᠢ ᠤᠶᠠᠯᠳᠤᠭᠤᠯᠬᠤ ᠵᠡᠷᠭᠡ ᠶᠢ ᠪᠠᠭᠲᠠᠭᠠᠨ᠎ᠠ᠃ ᠰᠤᠷᠤᠭᠴᠢᠳ ᠲᠤ | ᠲᠡᠦᠬᠡ ᠶᠢ ᠰᠣᠷᠤᠯᠴᠠᠭᠰᠠᠨ ᠤ ᠳᠠᠷᠠᠭ᠎ᠠ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠶᠢ ᠪᠣᠢ ᠪᠣᠯᠭᠠᠵᠣ᠂ ᠲᠡᠦᠬᠡ ᠶᠢᠨ | ᠮᠡᠳᠡᠯᠭᠡ ᠶᠢ ᠰᠢᠩᠭᠡᠭᠡᠬᠦ ᠨᠢᠭᠡ ᠵᠦᠢᠯ ᠤᠨ ᠶᠣᠰᠣ ᠰᠤᠷᠲᠠᠬᠤᠨ ᠤ ᠬᠥᠮᠦᠵᠢᠯ ᠪᠣᠯᠣᠨ᠎ᠠ᠃ ᠲᠤᠰ ᠬᠢᠴᠢᠶᠡᠯ ᠳᠤ᠂ | ᠰᠤᠷᠤᠭᠴᠢᠳ ᠲᠤ ᠵᠢᠩ ᠭᠠᠩ ᠱᠠᠨ ᠤ ᠵᠣᠷᠢᠭ ᠰᠠᠨᠠᠭ᠎ᠠ᠂ ᠤᠷᠲᠤ ᠵᠠᠮ ᠤᠨ ᠠᠶᠠᠨ ᠳᠠᠶᠢᠨ ᠤ ᠵᠣᠷᠢᠭ ᠰᠠᠨᠠᠭ᠎ᠠ ᠶᠢ | ᠣᠶᠢᠯᠠᠭᠠᠭᠤᠯᠬᠤ ᠪᠠᠷ ᠳᠠᠮᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠤᠯᠤᠰ ᠦᠨᠳᠦᠰᠦᠲᠡᠨ ᠤ | ᠰᠡᠷᠭᠦᠨ ᠮᠠᠨᠳᠤᠯᠲᠠ ᠳᠤ ᠦᠨᠡᠨ ᠬᠦ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠨᠠᠮ ᠪᠣᠯᠬᠤ ᠶᠢ | ᠲᠠᠨᠢᠭᠤᠯᠵᠤ᠂ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠨᠤᠭᠤᠷᠠᠰᠢ ᠦᠭᠡᠢ ᠦᠨᠳᠦᠰᠦᠲᠡᠨ ᠤ ᠵᠣᠷᠢᠭ | ᠰᠠᠨᠠᠭ᠎ᠠ ᠪᠣᠯᠣᠨ ᠭᠦᠨ ᠵᠤᠵᠠᠭᠠᠨ ᠡᠬᠡ ᠣᠷᠣᠨᠴᠢ ᠰᠡᠳᠬᠢᠯᠭᠡ ᠶᠢ ᠨᠢ ᠬᠥᠮᠥᠵᠢᠭᠦᠯᠦᠨ᠎ᠡ᠃ | ᠡᠨᠡ ᠮᠡᠲᠦ ᠪᠠᠷ ᠪᠠᠭᠰᠢ ᠠᠴᠠ ᠲᠡᠦᠬᠡ ᠶᠢᠨ ᠬᠢᠴᠢᠶᠡᠯ ᠪᠣᠯᠭᠠᠨ ᠳᠤ ᠪᠠᠨ ᠰᠤᠷᠤᠭᠴᠢᠳ ᠤᠨ ᠭᠤᠣᠯᠯᠠᠭᠴᠢ | ᠬᠡᠪ ᠪᠣᠯᠪᠠᠰᠤᠷᠠᠯ ᠢ ᠬᠥᠮᠥᠵᠢᠭᠦᠯᠬᠦ ᠶᠢ ᠠᠩᠬᠠᠷᠬᠤ ᠳᠤ ᠬᠦᠷᠪᠡᠯ᠂ ᠰᠤᠷᠤᠭᠴᠢᠳ ᠲᠡᠦᠬᠡᠲᠦ ᠬᠥᠮᠥᠰ ᠤᠨ | ᠨᠥᠯᠥᠭᠡ ᠶᠢ ᠬᠦᠷᠲᠡᠵᠦ᠂ ᠠᠬᠠᠮᠠᠳ ᠨᠢᠭᠡ ᠦᠶ᠎ᠡ ᠶᠢᠨ ᠬᠢᠨ ᠤ ᠶᠠᠭᠤᠨ ᠠᠴᠠ ᠴᠦ ᠠᠶᠤᠬᠤ ᠦᠭᠡᠢ ᠪᠠᠭᠠᠲᠤᠷᠯᠢᠭ | ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠣᠶᠢᠯᠠᠭᠠᠵᠤ᠂ ᠲᠡᠳᠡᠨ ᠠᠴᠠ ᠲᠠᠭᠠᠨ ᠰᠤᠷᠤᠯᠴᠠᠬᠤ | ᠰᠡᠳᠬᠢᠴᠡ ᠲᠠᠢ ᠪᠣᠯᠵᠤ᠂ ᠲᠤᠰ ᠲᠦᠷᠦᠯ ᠤᠨ ᠬᠢᠴᠢᠶᠡᠯ ᠳᠤ ᠪᠠᠨ ᠤᠷᠮ᠎ᠠ ᠪᠠᠬ᠎ᠠ ᠲᠠᠢ ᠪᠣᠯᠵᠤ᠂ ᠦᠵᠡᠯ ᠰᠠᠨᠠᠭ᠎ᠠ᠂ | ᠴᠢᠳᠠᠪᠤᠷᠢ᠂ ᠬᠡᠪ ᠴᠢᠨᠠᠷ ᠨᠢ ᠳᠡᠭᠡᠭᠰᠢᠯᠡᠵᠦ ᠴᠢᠳᠠᠨ᠎ᠠ᠃ | ᠳᠡᠭᠡᠷ᠎ᠡ ᠥᠭᠦᠯᠡᠭᠰᠡᠨ ᠢ ᠬᠤᠷᠢᠶᠠᠩᠭᠤᠶᠢᠯᠠᠪᠠᠯ᠂ ᠲᠡᠦᠬᠡ ᠶᠢᠨ ᠬᠢᠴᠢᠶᠡᠯᠯᠡᠭᠡ ᠳᠤ ᠭᠤᠣᠯᠯᠠᠭᠴᠢ ᠬᠡᠪ | ᠪᠣᠯᠪᠠᠰᠤᠷᠠᠯ ᠢ ᠬᠥᠮᠥᠵᠢᠭᠦᠯᠬᠦ ᠨᠢ ᠰᠤᠷᠤᠭᠴᠢᠳ ᠤᠨ ᠶᠡᠷᠦᠩᠬᠡᠶᠢᠯᠡᠭᠰᠡᠨ ᠴᠢᠳᠠᠪᠤᠷᠢ ᠶᠢᠨ ᠬᠥᠭᠵᠢᠯᠲᠡ ᠶᠢ ᠠᠬᠢᠭᠤᠯᠵᠤ᠂ | ᠲᠡᠦᠬᠡ ᠶᠢᠨ ᠮᠡᠳᠡᠯᠭᠡ ᠶᠢᠨ ᠲᠤᠬᠠᠢ ᠨᠡᠩ ᠰᠠᠶᠢᠨ ᠣᠶᠢᠯᠠᠭᠠᠯᠲᠠ ᠲᠠᠨᠢᠯᠲᠠ ᠲᠠᠢ ᠪᠣᠯᠵᠤ᠂ ᠲᠡᠦᠬᠡ ᠶᠢᠨ ᠬᠢᠴᠢᠶᠡᠯ ᠤᠨ | ᠰᠤᠷᠤᠯᠴᠠᠯᠭ᠎ᠠ ᠶᠢᠨ ᠶᠠᠪᠤᠴᠠ ᠳᠤᠮᠳᠠ ᠪᠠᠨ ᠲᠡᠦᠬᠡ ᠶᠢᠨ ᠰᠡᠳᠬᠢᠬᠦᠢ᠂ ᠲᠡᠦᠬᠡ ᠶᠢᠨ ᠦᠵᠡᠯ ᠰᠠᠨᠠᠭ᠎ᠠ᠂ ᠲᠡᠦᠬᠡ ᠶᠢᠨ | ᠬᠠᠷᠢᠭᠤᠴᠠᠯᠭ᠎ᠠ ᠲᠠᠢ ᠪᠣᠯᠵᠤ᠂ ᠬᠤᠶᠢᠰᠢᠳᠠ ᠶᠢᠨ ᠡᠯ᠎ᠡ ᠵᠦᠢᠯ ᠤᠨ ᠰᠤᠷᠤᠯᠴᠠᠯᠭ᠎ᠠ᠂ ᠰᠢᠯᠭᠠᠯᠲᠠ᠂ ᠢᠷᠡᠭᠡᠳᠦᠢ ᠶᠢᠨ | ᠬᠥᠭᠵᠢᠯᠲᠡ ᠵᠡᠷᠭᠡ ᠳᠤ ᠨᠢ ᠴᠥᠮ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠶᠤᠮ᠃ ᠭᠤᠣᠯᠯᠠᠭᠴᠢ ᠬᠡᠪ | ᠪᠣᠯᠪᠠᠰᠤᠷᠠᠯ ᠢ ᠬᠥᠮᠥᠵᠢᠭᠦᠯᠬᠦ ᠨᠢ ᠥᠩᠭᠡᠷᠡᠭᠰᠡᠨ ᠤ ᠬᠢᠴᠢᠶᠡᠯ ᠤᠨ ᠲᠠᠩᠬᠢᠮ ᠳᠤ ᠪᠠᠭᠰᠢ ᠪᠠᠷ ᠭᠤᠣᠯ ᠪᠣᠯᠭᠠᠬᠤ | ᠤᠯᠠᠮᠵᠢᠯᠠᠯᠲᠤ ᠴᠢᠳᠬᠤᠬᠤ ᠮᠠᠶ᠋ᠢᠭ ᠤᠨ ᠵᠢᠭᠠᠨ ᠰᠤᠷᠭᠠᠯᠲᠠ ᠶᠢ ᠥᠭᠡᠷᠡᠴᠢᠯᠡᠵᠦ᠂ ᠰᠤᠷᠤᠭᠴᠢ ᠶᠢᠨ ᠭᠤᠣᠯ | ᠴᠣᠭᠴᠠ ᠶᠢᠨ ᠦᠢᠯᠡᠳᠦᠯ ᠢ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠡᠦᠬᠡ ᠶᠢᠨ ᠲᠠᠪᠤᠨ | ᠶᠡᠭᠡ ᠭᠤᠣᠯᠯᠠᠭᠴᠢ ᠬᠡᠪ ᠪᠣᠯᠪᠠᠰᠤᠷᠠᠯ ᠤᠨ ᠠᠭᠤᠯᠭ᠎ᠠ ᠶᠢᠨ ᠬᠤᠭᠤᠷᠤᠨᠳᠤᠬᠢ ᠬᠠᠷᠢᠴᠠᠭ᠎ᠠ ᠬᠤᠯᠪᠤᠭ᠎ᠠ ᠶᠢ ᠠᠩᠬᠠᠷᠴᠤ᠂ | ᠲᠡᠳᠡᠨ ᠢ ᠬᠠᠷᠢᠯᠴᠠᠨ ᠠᠬᠢᠭᠤᠯᠪᠠᠯ ᠰᠤᠷᠤᠭᠴᠢᠳ ᠤᠨ ᠲᠡᠦᠬᠡ ᠶᠢᠨ ᠮᠡᠳᠡᠯᠭᠡ ᠶᠢᠨ ᠲᠤᠬᠠᠢ ᠣᠶᠢᠯᠠᠭᠠᠯᠲᠠ | ᠲᠠᠨᠢᠯᠲᠠ ᠨᠢ ᠨᠡᠩ ᠰᠠᠶᠢᠨ ᠪᠣᠯᠬᠤ ᠮᠥᠷᠲᠡᠭᠡᠨ ᠰᠤᠷᠤᠭᠰᠠᠨ ᠲᠡᠦᠬᠡ ᠶᠢᠨ ᠮᠡᠳᠡᠯᠭᠡ ᠪᠠᠨ ᠬᠡᠷᠡᠭᠯᠡᠨ ᠲᠡᠦᠬᠡ ᠶᠢᠨ | ᠠᠰᠠᠭᠤᠳᠠᠯ ᠢ ᠵᠠᠳᠠᠯᠬᠤ ᠴᠢᠳᠠᠪᠤᠷᠢ᠂ ᠰᠢᠢᠳᠪᠦᠷᠢᠯᠡᠬᠦ ᠴᠢᠳᠠᠪᠤᠷᠢ ᠨᠢ ᠳᠡᠭᠡᠭᠰᠢᠯᠡᠵᠦ᠂ ᠵᠥᠪ ᠣᠨᠤᠪᠴᠢᠲᠠᠢ | ᠶᠢᠷᠲᠢᠨᠴᠦ ᠶᠢᠨ ᠦᠵᠡᠯᠲᠡ᠂ ᠦᠷᠲᠡᠭ ᠤᠨ ᠦᠵᠡᠯᠲᠡ᠂ ᠠᠮᠢᠳᠤᠷᠠᠬᠤᠢ ᠶᠢᠨ ᠦᠵᠡᠯᠲᠡ ᠲᠠᠢ ᠪᠣᠯᠵᠤ᠂ ᠡᠬᠡ ᠣᠷᠣᠨᠴᠢ | ᠰᠡᠳᠬᠢᠯᠭᠡ ᠨᠢ ᠨᠡᠮᠡᠭᠳᠡᠵᠦ᠂ ᠲᠡᠦᠬᠡᠲᠦ ᠬᠥᠮᠥᠰ ᠲᠤ ᠨᠥᠯᠥᠭᠡᠯᠡᠭᠳᠡᠨ ᠠᠬᠠᠮᠠᠳ ᠨᠢᠭᠡ ᠦᠶ᠎ᠡ ᠶᠢᠨ ᠬᠢᠨ ᠠᠴᠠ | ᠰᠤᠷᠤᠯᠴᠠᠬᠤ ᠰᠡᠳᠬᠢᠴᠡ ᠲᠠᠢ ᠪᠣᠯᠵᠤ᠂ ᠡᠷᠡᠭᠦᠯ ᠢᠶᠠᠷ ᠦᠰᠦᠨ ᠪᠤᠶᠢᠵᠢᠵᠤ᠂ ᠲᠡᠳᠡᠨ ᠤ ᠦᠵᠡᠯ ᠰᠠᠨᠠᠭ᠎ᠠ᠂ ᠬᠡᠪ ᠴᠢᠨᠠᠷ᠂ | ᠴᠢᠳᠠᠪᠤᠷᠢ ᠨᠢ ᠳᠡᠭᠡᠭᠰᠢᠯᠡᠵᠦ ᠴᠢᠳᠠᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ | ᠬᠤᠶᠠᠳᠤᠭᠠᠷ ᠲᠣᠮᠳᠠᠳᠣ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | 2023.5 ᠳ᠋ᠤᠭᠠᠷ ᠬᠤᠭᠤᠴᠠᠭ᠎ᠠ | | | |