ᠬᠠᠶᠢᠷᠬᠠᠨ | | | | | ᠬᠡᠯᠡ ᠪᠢᠴᠢᠭ ᠤᠨ ᠬᠢᠴᠢᠶᠡᠯ ᠤᠨ ᠪᠠᠷᠢᠮᠵᠢᠶ᠎ᠠ ᠳᠤ ︽ᠤᠩᠰᠢᠯᠭ᠎ᠠ ᠪᠤᠯ ᠬᠡᠯᠡᠨ ᠤ ᠮᠡᠳᠡᠷᠡᠮᠵᠢ ᠲᠠᠢ ᠪᠤᠯᠬᠤ᠂ | ᠮᠡᠳᠡᠭᠡ ᠵᠠᠩᠬᠢ ᠴᠤᠭᠯᠠᠭᠤᠯᠵᠤ ᠰᠢᠢᠳᠪᠤᠷᠢᠯᠡᠬᠦ᠂ ᠶᠢᠷᠳᠢᠨᠴᠦ ᠶᠢ ᠲᠠᠨᠢᠬᠤ᠂ ᠰᠡᠳᠬᠢᠬᠦᠢ ᠪᠠᠨ ᠭᠦᠭᠵᠢᠭᠦᠯᠭᠦ᠂ ᠭᠤᠸ᠎ᠠ | ᠰᠠᠶᠢᠬᠠᠨ ᠢ ᠪᠡᠶᠡᠴᠢᠯᠡᠨ ᠤᠶᠢᠯᠠᠭᠠᠬᠤ ᠶᠢᠨ ᠴᠢᠬᠤᠯᠠ ᠠᠷᠭ᠎ᠠ ᠵᠠᠮ︾ ᠭᠡᠰᠡᠨ ᠪᠠᠶᠢᠨ᠎ᠠ᠃ ᠤᠩᠰᠢᠯᠭ᠎ᠠ ᠶᠢᠨ | ᠴᠢᠳᠠᠪᠤᠷᠢ ᠶᠢᠨ ᠲᠡᠭᠡᠭᠰᠢᠯᠡᠯᠳᠡ ᠨᠢ ᠰᠤᠷᠤᠭᠴᠢᠳ ᠤᠨ ᠬᠢᠷᠢ ᠪᠦᠳᠤᠮᠵᠢ ᠶᠢ ᠲᠡᠭᠡᠭᠰᠢᠯᠡᠭᠦᠯᠭᠦ ᠶᠢᠨ ᠵᠠᠩᠬᠢᠯᠠᠭ᠎ᠠ ᠪᠤᠯᠬᠤ | ᠪᠦᠭᠡᠳ ᠳᠠᠷᠠᠭᠠᠴᠢ ᠶᠢᠨ ᠰᠤᠷᠤᠯᠴᠠᠯᠭ᠎ᠠ ᠳᠤ ᠨᠢ ᠪᠠᠳᠤ ᠪᠠᠬᠢ ᠰᠠᠭᠤᠷᠢ ᠶᠢ ᠲᠠᠯᠪᠢᠳᠠᠬ᠃ ᠲᠤᠤᠷ᠎ᠠ ᠪᠢ | ᠤᠶᠢᠯᠡᠳᠤᠯᠭᠡ ᠲᠠᠢ ᠪᠠᠨ ᠤᠶᠠᠯᠳᠤᠭᠤᠯᠤᠨ ᠭᠡᠯᠡ ᠪᠢᠴᠢᠭ ᠤᠨ ᠤᠡᠭᠰᠢᠯᠭ᠎ᠠ ᠶᠢᠨ ᠲᠤᠬᠠᠢ ᠦᠪᠠᠷ ᠤᠨ ᠦᠵᠡᠯᠳᠡ ᠪᠠᠨ | ᠲᠦᠭᠦᠮ ᠶᠠᠷᠢᠶ᠎ᠠ᠃ | ᠨᠢᠭᠡ᠂ ᠠᠩᠬ᠎ᠠ ᠲᠤᠮᠳᠠᠳᠤ ᠶᠢᠨ ᠭᠡᠯᠡ ᠪᠢᠴᠢᠭ ᠤᠨ ᠵᠢᠭᠠᠨ ᠰᠤᠷᠭᠠᠯᠳᠠ ᠳᠤ ᠤᠷᠤᠰᠢᠵᠤ ᠪᠠᠶᠢᠭ᠎ᠠ | ᠠᠰᠠᠭᠤᠳᠠᠯ | 1. ᠬᠢᠴᠢᠶᠡᠯᠯᠡᠭᠡ ᠳᠤ ᠰᠤᠷᠤᠭᠴᠢ ᠶᠢᠨ ᠭᠤᠤᠯ ᠴᠤᠭᠴᠠ ᠶᠢᠨ ᠤᠶᠢᠯᠡᠳᠤᠯ ᠢ ᠭᠦᠢᠴᠡᠳ ᠪᠠᠳᠠᠷᠠᠭᠤᠯᠵᠤ | ᠴᠢᠳᠠᠭᠰᠠᠨ ᠦᠭᠡᠢ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠨᠢ ᠪᠠᠭᠰᠢ ᠪᠤᠯᠤᠨ ᠰᠤᠷᠤᠭᠴᠢ ᠬᠠᠷᠢᠯᠴᠠᠨ | ᠭᠦᠨᠳᠤᠳᠭᠡᠵᠤ ᠡᠷᠬᠡ ᠲᠡᠭᠰᠢ ᠪᠠᠷ ᠬᠠᠮᠳᠣᠷᠠᠯᠴᠠᠵᠣ᠂ ᠰᠣᠷᠣᠭᠴᠢᠳ ᠰᠡᠳᠬᠢᠨ ᠪᠣᠳᠣᠬᠤ ᠴᠢᠯᠦᠭᠡᠳᠡᠢ᠂ ᠶᠠᠷᠢᠵᠣ ᠬᠡᠯᠡᠬᠦ | ᠴᠢᠯᠦᠭᠡᠳᠡᠢ᠂ ᠭᠠᠷ ᠪᠡᠶ᠎ᠡ ᠶᠢᠨ ᠣᠷᠣᠯᠴᠠᠯᠭ᠎ᠠ ᠴᠢᠯᠦᠭᠡᠳᠡᠢ ᠪᠠᠶᠢᠬᠤ ᠶᠢ ᠪᠠᠶᠡᠯᠡᠭᠦᠯᠦᠨ᠎ᠠ᠃ ᠰᠢᠨ᠎ᠡ ᠬᠢᠴᠢᠶᠡᠯ ᠤᠨ | ᠪᠠᠷᠢᠮᠵᠢᠶ᠎ᠠ ᠪᠠᠷ ᠤᠨᠤᠯ ᠤᠨ ᠰᠠᠭᠤᠷᠢ ᠪᠤᠯᠭᠠᠵᠤ ᠰᠤᠷᠤᠭᠴᠢᠳ ᠢᠶᠠᠷ ᠬᠢᠴᠢᠶᠡᠯ ᠤᠨ ᠲᠠᠩᠬᠢᠮ ᠤᠨ ᠵᠢᠩᠬᠢᠨᠢ | ᠡᠵᠡᠨ ᠪᠤᠯᠭᠠᠨ ᠰᠤᠷᠤᠭᠴᠢᠳ ᠢ ᠪᠡᠶ᠎ᠡ ᠪᠠᠨ ᠲᠠᠭᠠᠭᠠᠨ ᠰᠦᠪᠡᠭᠴᠢᠯᠡᠨ ᠰᠤᠷᠤᠯᠴᠠᠬᠤ ᠳᠤ ᠬᠦᠳᠦᠯᠬᠦ | ᠭᠡᠷᠡᠭᠳᠠᠢ᠃ ᠣᠳᠣᠬᠠᠨ ᠳᠤ ᠰᠢᠨ᠎ᠡ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠨᠢᠭᠡᠨᠳᠡ ᠲᠤᠭᠳᠠᠭᠰᠠᠨ ᠪᠤᠯᠪᠠᠴᠤ | ᠬᠡᠯᠡ ᠪᠢᠴᠢᠭ ᠤᠨ ᠵᠢᠭᠠᠨ ᠰᠤᠷᠭᠠᠯᠳᠠ ᠮᠦᠨ ᠯᠡ ᠰᠠᠨᠠᠭᠠᠴᠢᠯᠠᠭᠠᠳᠤ ᠪᠤᠰᠤ᠂ ᠨᠡᠪᠳᠡᠷᠡᠭᠦᠯᠭᠦ ᠮᠠᠶ᠋ᠢᠭ ᠤᠨ ᠬᠡᠪᠰᠢᠮᠡᠯ | ᠵᠢᠭᠠᠬᠤ ᠠᠷᠭ᠎ᠠ ᠪᠠᠷ ᠢᠶᠠᠨ ᠪᠠᠶᠢᠨ᠎ᠠ᠃ ᠠᠩᠬ᠎ᠠ ᠲᠤᠮᠳᠠᠳᠤ ᠶᠢᠨ ᠬᠡᠯᠡ ᠪᠢᠴᠢᠭ ᠤᠨ ᠵᠢᠭᠠᠨ ᠰᠤᠷᠭᠠᠯᠳᠠ ᠳᠤ | ᠪᠠᠭᠰᠢ ᠠᠴᠠ ᠲᠠᠰᠤᠷᠠᠯᠳᠠ ᠦᠭᠡᠢ ᠰᠡᠳᠤᠪ ᠪᠤᠯᠪᠠᠰᠤᠷᠠᠯ ᠬᠢᠯᠭᠡᠵᠤ᠂ ᠬᠢᠴᠢᠶᠡᠯᠯᠡᠭᠡ ᠨᠢ ᠪᠠᠭᠰᠢ ᠪᠤᠯᠤᠨ | ᠰᠤᠷᠤᠭᠴᠢ ᠶᠢᠨ ᠬᠤᠭᠤᠷᠤᠨᠳᠦᠬᠢ ᠲᠠᠩ ᠴᠤᠯᠭᠤᠢ ᠠᠰᠠᠭᠤᠯᠳᠠ ᠬᠠᠷᠢᠭᠤᠯᠳᠠ ᠶᠢᠨ ᠬᠡᠯᠪᠡᠷᠢ ᠪᠠᠷ ᠶᠠᠪᠣᠭᠳᠠᠵᠣ᠂ | ᠪᠠᠭᠰᠢ ᠶᠢᠨ ᠶᠠᠷᠢᠭᠰᠠᠨ ᠶᠠᠭᠤᠮ᠎ᠠ ᠶᠢ ᠰᠤᠷᠤᠭᠴᠢ ᠴᠡᠭᠡᠵᠢᠯᠡᠵᠤ᠂ ᠨᠡᠩ ᠴᠦᠬᠡᠨ ᠪᠤᠰᠤ ᠪᠠᠭᠰᠢ ᠰᠡᠳᠤᠪ ᠤᠨ | ᠬᠡᠯᠪᠡᠷᠢ ᠪᠠᠷ ᠪᠠᠳᠣᠳᠬᠠᠬᠤ᠂ ᠰᠡᠳᠤᠪ ᠬᠠᠷᠢᠭᠤᠯᠬᠤ ᠮᠠᠶ᠋ᠢᠭ ᠢᠶᠠᠷ ᠰᠢᠯᠭᠠᠯᠳᠠ ᠶᠢ ᠠᠷᠭᠠᠴᠠᠭᠠᠵᠤ ᠪᠠᠶᠢᠨ᠎ᠠ᠃ | ᠡᠶᠢᠮᠤᠷᠬᠦᠤ ᠵᠢᠭᠠᠨ ᠰᠣᠷᠭᠠᠯᠳᠠ ᠠᠴᠠ ᠪᠤᠯᠵᠤ ᠰᠤᠷᠤᠭᠴᠢᠳ ᠤᠨ ᠰᠡᠳᠬᠢᠭᠦᠢ ᠨᠢ ᠬᠡᠪᠰᠢᠵᠤ᠂ ᠰᠤᠷᠤᠭᠴᠢᠳ ᠤᠨ | ᠲᠦᠰᠤᠭᠡᠯᠡᠬᠦᠢ ᠶᠢᠨ ᠤᠷᠤᠨ ᠵᠠᠢ ᠬᠢᠵᠠᠭᠠᠷᠯᠠᠭᠳᠠᠵᠤ᠂ ᠵᠢᠩᠬᠢᠨᠢ ᠤᠳᠬ᠎ᠠ ᠶᠢᠨ ᠤᠩᠰᠢᠯᠭ᠎ᠠ ᠶᠢᠨ ᠤᠶᠢᠯᠡᠳᠤᠯ ᠢ | ᠪᠠᠳᠠᠷᠠᠭᠤᠯᠵᠤ ᠴᠢᠳᠠᠬᠤ ᠦᠭᠡᠢ ᠪᠠᠶᠢᠳᠠᠯ ᠢᠯᠡᠷᠡᠵᠡᠢ᠃ | 2. ᠣᠩᠰᠢᠯᠭ᠎ᠠ ᠳᠤ ᠰᠡᠳᠭᠢᠯᠭᠡ ᠶᠢᠨ ᠲᠤᠬᠠᠢ ᠤᠢᠢᠯᠠᠭᠠᠯᠳᠠ ᠲᠤᠳᠠᠭᠳᠠᠵᠤ ᠪᠠᠶᠢᠨ᠎ᠠ᠃ ᠵᠢᠭᠠᠨ | ᠰᠣᠷᠭᠠᠯᠳᠠ ᠶᠢᠨ ᠶᠠᠪᠤᠴᠠ ᠳᠤ ᠪᠠᠭᠰᠢ ᠠᠴᠠ ᠤᠩᠰᠢᠯᠭ᠎ᠠ ᠪᠠᠷ ᠳᠠᠮᠵᠢᠭᠤᠯᠤᠨ ᠰᠡᠳᠬᠢᠯᠭᠡ ᠶᠢ | ᠮᠡᠳᠡᠷᠡᠭᠦᠯᠤᠨᠡ᠃ ᠵᠢᠭᠠᠨ ᠰᠤᠷᠭᠠᠬᠤ ᠶᠠᠪᠤᠴᠠ ᠳᠤ ᠪᠠᠭᠰᠢ ᠨᠠᠷ ᠤᠯᠠᠨ ᠵᠠᠭᠤᠴᠢᠳᠤ ᠪᠠᠷ ᠬᠢᠴᠢᠶᠡᠯ ᠤᠷᠤᠵᠤ | ᠪᠠᠶᠢᠨ᠎ᠠ᠃ ᠤᠯᠠᠨ ᠵᠠᠭᠤᠴᠢᠳᠤ ᠶᠢᠨ ᠵᠢᠭᠠᠨ ᠰᠤᠷᠭᠠᠯᠳᠠ ᠨᠢ ᠪᠠᠭᠰᠢ ᠪᠠ ᠰᠤᠷᠤᠭᠴᠢᠳ ᠲᠤ ᠪᠦᠷ ᠲᠦᠭᠦᠮ ᠢ | ᠠᠪᠴᠢᠷᠠᠭᠰᠠᠨ ᠪᠤᠯᠪᠠᠴᠤ ᠪᠠᠰᠠ ᠵᠤᠬᠢᠬᠤ ᠬᠡᠮᠵᠢᠶᠡᠨ ᠤ ᠬᠢᠵᠠᠭᠠᠷᠳᠠᠮᠠᠯ ᠲᠠᠯ᠎ᠠ ᠲᠠᠢ᠂ ᠤᠯᠠᠨ ᠵᠠᠭᠤᠴᠢᠲᠤ ᠶᠢᠨ | ᠦᠵᠡᠭᠦᠯᠭᠡ ᠨᠢ ᠰᠤᠷᠤᠭᠴᠢᠳ ᠢ ᠵᠤᠬᠢᠶᠠᠯ ᠠᠴᠠ ᠪᠠᠨ ᠰᠡᠳᠬᠢᠯᠭᠡ ᠶᠢ ᠬᠦᠯᠢᠶᠡᠨ ᠠᠪᠬᠤ ᠴᠢᠳᠠᠪᠣᠷᠢ ᠶᠢ ᠲᠤᠳᠠᠮᠠᠭ | ᠪᠤᠯᠭᠠᠵᠠᠢ᠃ ᠪᠠᠭᠰᠢ ᠤᠯᠠᠨ ᠵᠠᠭᠤᠴᠢᠳᠤ ᠶᠢᠨ ᠵᠢᠭᠠᠨ ᠰᠤᠷᠭᠠᠯᠳᠠ ᠶᠢ ᠬᠡᠷᠡᠭᠯᠡᠬᠦ ᠶᠢᠨ ᠬᠠᠮᠳᠤ ᠪᠠᠰᠠ ᠰᠤᠷᠤᠭᠴᠢ ᠶᠢ | ᠤᠩᠰᠢᠯᠭ᠎ᠠ ᠠᠴᠠ ᠰᠠᠯᠭᠠᠬᠤ ᠦᠭᠡᠢ ᠪᠠᠶᠢᠬᠤ ᠶᠢ ᠴᠢᠬᠤᠯᠠᠴᠢᠯᠠᠬᠤ ᠬᠡᠷᠡᠭᠳᠠᠢ᠂ ᠰᠤᠷᠤᠭᠴᠢ ᠶᠢᠨ ᠬᠡᠯᠡ ᠪᠢᠴᠢᠭ ᠤᠨ | ᠤᠩᠰᠢᠯᠭ᠎ᠠ ᠶᠢᠨ ᠲᠠᠳᠬᠠᠯ ᠢ ᠨᠡᠩ ᠰᠠᠶᠢᠨ ᠬᠦᠮᠤᠵᠢᠭᠦᠯᠭᠦ ᠶᠢᠨ ᠲᠦᠯᠦᠭᠡ ᠪᠠᠭᠰᠢ ᠠᠴᠠ ᠳᠣᠬᠢᠳᠠᠢ ᠠᠷᠭ᠎ᠠ ᠪᠠᠷᠢᠯ ᠢ | ᠰᠦᠪᠡᠭᠴᠢᠯᠡᠬᠦ ᠨᠢ ᠴᠢᠬᠤᠯᠠ ᠪᠠᠶᠢᠨ᠎ᠠ᠃ | 3. ᠰᠤᠷᠤᠭᠴᠢᠳ ᠤᠨ ᠪᠦᠳᠤᠭᠡᠯᠴᠢ ᠴᠢᠳᠠᠪᠤᠷᠢ ᠶᠢ ᠭᠦᠮᠤᠵᠢᠭᠦᠯᠭᠦ ᠶᠢ ᠤᠮᠳᠤᠭᠠᠶᠢᠯᠠᠵᠤ᠂ ᠵᠢᠭᠠᠨ | ᠰᠤᠷᠭᠠᠯᠳᠠ ᠶᠢᠨ ᠪᠦᠷᠢᠨ ᠪᠦᠳᠦᠨ ᠰᠢᠰᠲ᠋ᠧᠮ ᠢ ᠪᠦᠷᠢᠯᠳᠤᠭᠦᠯᠭᠦ ᠳᠤ ᠬᠦᠴᠢᠷᠳᠠᠢ ᠪᠠᠶᠢᠨ᠎ᠠ᠃ ᠤᠳᠤᠬᠠᠨ ᠤ | ᠨᠡᠶᠢᠭᠡᠮ ᠳᠤ ᠴᠢᠳᠠᠪᠤᠷᠢᠳᠠᠨ ᠬᠡᠷᠡᠭᠰᠡᠭᠦ ᠨᠦᠬᠦᠴᠡᠯ ᠨᠢ ᠵᠦᠪᠬᠡᠨ ᠣᠷᠢᠭᠳᠠᠭᠴᠢ ᠶᠢᠨ ᠬᠡᠳᠦᠢ ᠮᠡᠳᠡᠯᠭᠡ ᠲᠠᠢ | ᠪᠠᠶᠢᠬᠤ ᠶᠢ ᠠᠩᠬᠠᠷᠬᠤ ᠲᠡᠳᠦᠢ ᠪᠢᠰᠢ᠂ ᠬᠠᠷᠢᠨ ᠶᠠᠮᠠᠷ ᠴᠢᠳᠠᠪᠤᠷᠢᠳᠠᠢ ᠪᠠᠶᠢᠬᠤ ᠶᠢ ᠴᠢᠬᠤᠯᠠᠴᠢᠯᠠᠨ ᠦᠵᠡᠵᠤ᠂ | ᠰᠢᠨ᠎ᠡ ᠶᠢ ᠡᠭᠦᠳᠭᠦ ᠴᠢᠳᠠᠪᠤᠷᠢ ᠲᠠᠢ ᠪᠠᠶᠢᠬᠤ ᠶᠢ ᠨᠡᠩ ᠴᠢᠬᠤᠯᠠᠴᠢᠯᠠᠨ ᠦᠵᠡᠵᠤ ᠪᠠᠶᠢᠨ᠎ᠠ᠃ ᠭᠡᠪᠡᠴᠤ ᠪᠠᠭᠰᠢ | ᠪᠤᠯᠤᠭᠰᠠᠳ ᠤᠩᠰᠢᠯᠭ᠎ᠠ ᠶᠢᠨ ᠵᠢᠭᠠᠨ ᠰᠤᠷᠭᠠᠯᠳᠠ ᠬᠢᠬᠦ ᠶᠠᠪᠤᠴᠠ ᠳᠤ ᠪᠠᠨ ᠵᠦᠪᠬᠡᠨ ᠰᠤᠷᠤᠭᠴᠢᠳ ᠤᠨ | ᠰᠤᠷᠭᠠᠭᠤᠯᠢ ᠳᠤ ᠳᠠᠪᠰᠢᠭᠦ ᠶᠢ ᠯᠠ ᠪᠤᠳᠤᠯᠬᠢᠯᠠᠵᠤ᠂ ᠬᠡᠯᠡ ᠪᠢᠴᠢᠭ ᠤᠨ ᠠᠯᠣᠰ ᠬᠡᠳᠦ ᠶᠢᠨ ᠬᠡᠷᠡᠭᠴᠡᠭᠡ ᠶᠢ | ᠪᠤᠳᠤᠯᠬᠢᠯᠠᠭᠰᠠᠨ ᠦᠭᠡᠢ᠃ ᠰᠤᠷᠤᠭᠴᠢᠳ ᠤᠨ ᠴᠢᠳᠠᠪᠤᠷᠢ ᠶᠢ ᠬᠦᠳᠤᠯᠦᠨ ᠵᠢᠯᠤᠭᠤᠳᠬᠤ ᠪᠠ ᠬᠦᠮᠤᠵᠢᠭᠦᠯᠭᠦ ᠶᠢ | ᠤᠮᠳᠤᠭᠠᠶᠢᠯᠠᠵᠤ᠂ ᠰᠤᠷᠤᠭᠴᠢᠳ ᠤᠨ ᠰᠢᠨ᠎ᠡ ᠶᠢ ᠡᠭᠦᠳᠭᠦ ᠴᠢᠳᠠᠪᠤᠷᠢ ᠶᠢ ᠠᠯᠳᠠᠭᠤᠯᠵᠠᠢ᠃ ᠢᠩᠬᠢᠬᠦ ᠨᠢ | ᠰᠤᠷᠤᠭᠴᠢᠳ ᠤᠨ ᠦᠰᠤᠨ ᠪᠤᠶᠢᠵᠢᠯᠳᠠ ᠳᠤ ᠠᠰᠢᠭ ᠦᠭᠡᠢ᠂ ᠤᠯᠤᠰ ᠨᠡᠶᠢᠭᠡᠮ ᠳᠤ ᠴᠢᠨᠠᠷ ᠰᠠᠶᠢᠳᠠᠢ | ᠴᠢᠳᠠᠪᠤᠷᠢᠳᠠᠨ ᠢ ᠬᠠᠩᠭᠠᠵᠤ ᠴᠢᠳᠠᠬᠤ ᠦᠭᠡᠢ᠃ | ᠬᠤᠶᠠᠷ᠂ ᠤᠩᠰᠢᠯᠭ᠎ᠠ ᠶᠢᠨ ᠵᠢᠭᠠᠨ ᠰᠤᠷᠭᠠᠯᠳᠠ ᠶᠢᠨ ᠦᠷ᠎ᠡ ᠪᠦᠳᠤᠮᠵᠢ ᠶᠢ ᠲᠡᠭᠡᠭᠰᠢᠯᠡᠭᠦᠯᠭᠦ ᠠᠷᠭ᠎ᠠ ᠪᠤᠳᠤᠯᠭ᠎ᠠ | 1. ᠰᠤᠷᠤᠭᠴᠢᠳ ᠤᠨ ᠤᠩᠰᠢᠬᠤ ᠠᠭᠤᠯᠭ᠎ᠠ ᠶᠢ ᠰᠢᠰᠲ᠋ᠧᠮ ᠲᠠᠢ ᠲᠦᠯᠤᠪᠵᠢᠭᠦᠯᠦᠨᠡ᠃ ᠪᠠᠭᠰᠢ ᠵᠢᠭᠠᠨ | ᠰᠤᠷᠭᠠᠬᠤ ᠲᠦᠯᠦᠪᠯᠡᠭᠡ ᠪᠠᠨ ᠲᠦᠯᠤᠪᠯᠡᠭᠦ ᠳᠤ ᠪᠠᠨ ᠵᠢᠭᠠᠬᠤ ᠮᠠᠲ᠋ᠧᠷᠢᠶᠠᠯ ᠪᠠ ᠲᠤᠷ᠎ᠠ ᠰᠤᠨᠢᠷᠬᠠᠯ ᠭᠡᠬᠦ ᠡᠨᠡ ᠬᠤᠶᠠᠷ | ᠵᠠᠩᠭᠢᠯᠠᠭ᠎ᠠ ᠶᠢᠨ ᠡᠯᠧᠮᠧᠨ᠋ᠲ ᠢ ᠬᠦᠢᠴᠡᠳ ᠪᠤᠳᠤᠯᠬᠢᠯᠠᠪᠠᠯ ᠵᠤᠬᠢᠨ᠎ᠠ᠃ ᠤᠴᠢᠷ ᠨᠢ ᠵᠢᠭᠠᠬᠤ ᠮᠠᠲ᠋ᠧᠷᠢᠶᠠᠯ ᠪᠤᠯ | ᠰᠤᠷᠤᠭᠴᠢᠳ ᠤᠨ ᠰᠤᠷᠤᠯᠴᠠᠬᠤ ᠠᠭᠤᠯᠭ᠎ᠠ ᠶᠢᠨ ᠶᠡᠷᠤᠩᠭᠢ ᠭᠦᠳᠤᠯᠪᠤᠷᠢ ᠮᠦᠨ᠂ ᠲᠤᠷ᠎ᠠ ᠰᠤᠨᠢᠷᠬᠠᠯ ᠪᠤᠯ ᠵᠢᠭᠠᠨ | ᠰᠤᠷᠭᠠᠬᠤ ᠠᠵᠢᠯᠯᠠᠭᠠᠨ ᠢ ᠦᠷᠨᠢᠭᠦᠯᠭᠦ ᠶᠢᠨ ᠰᠠᠭᠤᠷᠢ ᠮᠦᠨ᠃ ᠶᠠᠮᠠᠷᠪᠠ ᠬᠦᠮᠤᠰ ᠦᠪᠡᠷ ᠤᠨ ᠲᠤᠷ᠎ᠠ ᠰᠤᠨᠢᠷᠬᠠᠯ ᠲᠠᠢ | ᠵᠦᠢᠯ ᠢᠶᠠᠨ ᠤᠷᠮ᠎ᠠ ᠪᠠᠬ᠎ᠠ ᠲᠠᠢ ᠬᠢᠭᠦ ᠦᠶᠡᠰ ᠰᠡᠳᠬᠢᠯ ᠠᠯᠭᠠᠰᠠᠳᠠᠭ ᠦᠭᠡᠢ ᠮᠦᠷᠳᠡᠭᠡᠨ ᠰᠡᠳᠭᠢᠯ ᠰᠠᠨᠠᠭᠠᠨ ᠤ | ᠪᠠᠶᠠᠷ ᠪᠠᠭ᠋ᠠᠳᠤᠯ ᠤᠯᠳᠠᠭ᠃ ᠵᠢᠱᠢᠶᠡᠯᠡᠪᠡᠯ᠂ ᠪᠠᠭᠰᠢ ᠠᠴᠠ ︽ᠠᠷᠤ ᠶᠢᠨ ᠪᠠᠷ᠎ᠠ︾ ᠬᠡᠬᠦ ᠬᠢᠴᠢᠶᠡᠯ ᠢ ᠵᠢᠭᠠᠭᠰᠨᠨ ᠤ | ᠲᠠᠷᠠᠭ᠎ᠠ᠂ ᠰᠤᠷᠤᠭᠴᠢᠳ ᠢ ᠵᠤᠬᠢᠶᠠᠨ ᠪᠠᠶᠢᠭᠤᠯᠵᠤ ︽ᠵᠤ᠋ ᠼᠢ ᠴᠢᠩ ᠤᠨ ᠨᠠᠶᠢᠷᠠᠭᠤᠯᠤᠯ ᠤᠨ ᠲᠡᠭᠦᠪᠤᠷᠢ︾ ᠶᠢᠨ | ᠲᠤᠭᠤᠷᠢᠨ ᠳᠤ ᠭᠤᠤᠯ ᠰᠡᠳᠤᠪᠳᠤ ᠤᠩᠰᠢᠯᠭ᠎ᠠ ᠶᠢᠨ ᠠᠵᠢᠯᠯᠠᠭ᠎ᠠ ᠦᠷᠨᠢᠭᠦᠯᠵᠤ᠂ ᠬᠢᠴᠢᠶᠡᠯ ᠤᠨ ᠠᠭᠤᠯᠭ᠎ᠠ ᠶᠢ | ᠵᠤᠬᠢᠶᠠᠭᠴᠢ ᠶᠢᠨ ᠪᠤᠰᠤᠳ ᠵᠤᠬᠢᠶᠠᠯ ᠲᠠᠢ ᠬᠠᠷᠢᠴᠠᠭᠤᠯᠤᠨ᠂ ᠰᠤᠷᠤᠭᠴᠢᠳ ᠢ ᠵᠢᠯᠤᠭᠤᠳᠤᠨ ᠰᠡᠳᠬᠢᠬᠦᠯᠬᠦ ᠪᠠ | ᠶᠠᠷᠢᠯᠴᠠᠭᠤᠯᠵᠤ ᠪᠤᠯᠤᠨ᠎ᠠ᠃ ᠤᠴᠢᠷ ᠨᠢ ᠵᠤᠬᠢᠶᠠᠯ ᠪᠦᠳᠤᠭᠡᠯ ᠪᠤᠯ ᠵᠤᠬᠢᠶᠠᠭᠴᠢ ᠶᠢᠨ ᠰᠡᠳᠭᠢᠯᠬᠡ ᠶᠢᠨ ᠣᠨᠳᠣᠷᠣᠯ᠂ | ᠤᠷᠠᠨ ᠰᠠᠨᠠᠭᠠᠨ ᠤ ᠲᠡᠯᠡᠰᠵᠢᠯ᠂ ᠤᠢ ᠪᠢᠯᠢᠭ ᠤᠨ ᠬᠤᠷᠴᠠ ᠰᠡᠷᠡᠯ ᠪᠤᠯᠤᠨ᠎ᠠ᠃ ᠵᠤᠬᠢᠶᠠᠭᠴᠢ ᠶᠢᠨ ᠵᠤᠬᠢᠶᠠᠨ ᠪᠢᠴᠢᠭᠦ | ᠠᠷᠭ᠎ᠠ ᠮᠠᠶ᠋ᠢᠭ᠂ ᠵᠤᠬᠢᠶᠠᠯ ᠤᠨ ᠰᠡᠳᠬᠢᠮᠵᠢ ᠪᠠ ᠦᠷᠭᠦᠯᠵᠢ ᠬᠡᠷᠡᠭᠯᠡᠳᠡᠭ ᠨᠠᠶᠢᠷᠠᠭᠤᠯᠭ᠎ᠠ ᠶᠢᠨ ᠠᠷᠭ᠎ᠠ ᠶᠢᠨ ᠲᠠᠯ᠎ᠠ ᠪᠠᠷ | ᠶᠠᠮᠠᠷ ᠶᠠᠮᠠᠷ ᠤᠨᠴᠠᠯᠢᠭ ᠲᠠᠢ ᠶᠢ ᠰᠡᠳᠭᠢᠭᠦᠯᠵᠤ ᠬᠤᠵᠢᠮ ᠤᠨ ᠤᠩᠰᠢᠯᠭ᠎ᠠ ᠲᠤᠮᠳᠠ ︽ᠲᠤᠭᠳᠠᠮᠠᠯ ᠬᠡᠯᠪᠡᠷᠢ︾ ᠶᠢᠨ | ᠰᠡᠳᠬᠢᠮᠵᠢ ᠶᠢ ᠪᠤᠢ ᠪᠤᠯᠭᠠᠵᠤ᠂ ᠡᠳᠡᠭᠡᠷ ᠬᠠᠷᠢᠴᠠᠭᠤᠯᠤᠯ ᠪᠠ ᠬᠤᠷᠢᠶᠠᠩᠭᠤᠶᠢᠯᠠᠯ ᠢᠶᠠᠷ ᠲᠠᠮᠵᠢᠨ᠂ ᠵᠤᠬᠢᠶᠠᠯ ᠤᠨ | ᠲᠤᠮᠳᠠᠬᠢ ᠰᠡᠳᠬᠢᠯᠭᠡ᠂ ᠵᠤᠬᠢᠶᠠᠮᠵᠢ ᠶᠢᠨ ᠰᠡᠳᠬᠢᠮᠵᠢ ᠵᠡᠷᠭᠡ ᠲᠠᠯ᠎ᠠ ᠪᠠᠷ ᠨᠡᠩ ᠭᠦᠨᠵᠡᠬᠡᠢ ᠤᠶᠢᠯᠠᠭᠠᠯᠳᠠ ᠲᠠᠢ ᠪᠤᠯᠭᠠᠵᠤ | ᠪᠤᠯᠤᠨ᠎ᠠ᠃ ᠰᠡᠭᠦᠯᠴᠢ ᠶᠢᠨ ᠬᠤᠭᠤᠴᠠᠭᠠᠨ ᠤ ᠵᠤᠬᠢᠶᠠᠨ ᠪᠢᠴᠢᠯᠭᠡ ᠲᠤᠮᠳᠠ ᠪᠠᠨ ᠪᠠᠰᠠ ᠡᠳᠡᠭᠡᠷ ᠤᠷ᠎ᠠ ᠮᠡᠷᠭᠡᠵᠢᠯ ᠢᠶᠠᠷ | ᠲᠤᠯᠢ ᠪᠤᠯᠭᠠᠨ᠂ ᠦᠪᠡᠷ ᠤᠨ ᠵᠤᠬᠢᠶᠠᠨ ᠪᠢᠴᠢᠯᠭᠡ ᠳᠤ ᠨᠢ ᠠᠮᠢᠳᠤᠯᠢᠭ ᠬᠡᠷᠡᠭᠯᠡᠬᠦᠯᠵᠣ᠂ ᠵᠤᠬᠢᠶᠠᠨ ᠪᠢᠴᠢᠬᠦ | ᠴᠢᠳᠠᠪᠤᠷᠢ ᠶᠢ ᠨᠢ ᠲᠡᠭᠡᠭᠰᠢᠯᠡᠭᠦᠯᠵᠤ ᠪᠤᠯᠤᠨ᠎ᠠ᠃ ᠡᠶᠢᠮᠤᠷᠬᠦᠤ ᠤᠩᠰᠢᠯᠭ᠎ᠠ ᠨᠢ ᠵᠢᠭᠠᠨ ᠰᠤᠷᠭᠠᠯᠳᠠ ᠶᠢᠨ ᠲᠤᠮᠳᠠ | ᠰᠢᠰᠲ᠋ᠧᠮᠳᠤ ᠴᠢᠨᠠᠷ ᠪᠠ ᠵᠤᠷᠢᠯᠭᠠᠳᠤ ᠴᠢᠨᠠᠷ ᠢ ᠪᠡᠶᠡᠯᠡᠭᠦᠯᠵᠤ᠂ ᠪᠠᠭᠰᠢ ᠠᠴᠠ ᠵᠢᠭᠠᠨ ᠰᠤᠷᠭᠠᠯᠳᠠ ᠶᠢᠨ ᠡᠭᠦᠷᠭᠡ ᠪᠠᠨ | ᠪᠦᠳᠤᠮᠵᠢᠳᠠᠢ ᠪᠡᠶᠡᠯᠡᠭᠦᠯᠭᠦ ᠶᠢ ᠠᠬᠢᠭᠤᠯᠵᠤ ᠴᠢᠳᠠᠨ᠎ᠠ᠂ ᠠᠳᠠᠯᠢᠬᠠᠨ ᠢᠶᠠᠷ ᠰᠤᠷᠤᠭᠴᠢᠳ ᠰᠤᠷᠤᠯᠴᠠᠬᠤ ᠳᠤ ᠪᠠᠨ ᠴᠤ | ︽ᠲᠤᠳᠤᠷ᠎ᠠ ᠪᠠᠨ ᠲᠤᠭ᠎ᠠ ᠲᠠᠢ ᠪᠠᠶᠢᠵᠤ︾᠂ ᠬᠠᠷᠠᠯᠳᠠ ᠲᠤᠳᠤᠷᠬᠠᠢ ᠪᠤᠯᠪᠠᠯ ᠰᠠᠶ᠋ᠢ ᠤᠩᠰᠢᠯᠭ᠎ᠠ ᠶᠢᠨ ᠰᠢᠨ᠎ᠡ ᠦᠷ᠎ᠡ | ᠪᠦᠳᠤᠮᠵᠢ ᠶᠢ ᠪᠤᠢ ᠪᠤᠯᠭᠠᠵᠤ᠂ ᠵᠢᠭᠠᠨ ᠰᠤᠷᠭᠠᠯᠳᠠ ᠶᠢᠨ ᠬᠦᠰᠡᠭᠰᠡᠨ ᠬᠠᠷᠠᠯᠳᠠ ᠳᠤ ᠪᠠᠨ ᠬᠦᠷᠴᠤ ᠴᠢᠳᠠᠨ᠎ᠠ᠃ | 2. ᠰᠤᠷᠤᠭᠴᠢ ᠶᠢ ᠪᠡᠶᠡᠳᠡᠨ ᠤᠷᠤᠯᠴᠠᠭᠤᠯᠵᠤ ᠤᠩᠰᠢᠯᠭ᠎ᠠ ᠶᠢᠨ ᠠᠵᠢᠯᠯᠠᠭ᠎ᠠ ᠦᠷᠨᠢᠭᠦᠯᠤᠨ᠎ᠡ᠃ ᠭᠠᠭᠴᠠ ᠬᠦ | ᠰᠤᠷᠤᠭᠴᠢᠳ ᠢᠶᠠᠷ ᠵᠢᠭᠠᠨ ᠰᠤᠷᠭᠠᠯᠳᠠ ᠶᠢᠨ ᠭᠤᠤᠯ ᠴᠤᠭᠴᠠ ᠪᠤᠯᠭᠠᠪᠠᠯ ᠰᠠᠶ᠋ᠢ ᠦᠨᠳᠤᠷ ᠪᠦᠳᠤᠮᠵᠢᠳᠠᠢ | ᠬᠢᠴᠢᠶᠡᠯᠯᠡᠭᠡ ᠳᠤ ᠬᠦᠷᠴᠣ ᠴᠢᠳᠠᠨ᠎ᠠ᠃ ᠡᠶᠢᠮᠤ ᠠᠴᠠ ᠪᠠᠭᠰᠢ ᠠᠴᠠ ᠵᠢᠭᠠᠨ ᠰᠤᠷᠭᠠᠯᠳᠠ ᠶᠢᠨ ᠲᠤᠮᠳᠠ ᠰᠤᠷᠤᠭᠴᠢ ᠪᠠᠷ | ᠭᠤᠤᠯ ᠴᠤᠭᠴᠠ ᠪᠤᠯᠭᠠᠨ ᠠᠵᠢᠯ ᠢᠶᠠᠨ ᠦᠷᠨᠢᠭᠦᠯᠭᠦ ᠬᠡᠷᠡᠭᠳᠠᠢ᠂ ᠬᠢᠴᠢᠶᠡᠯᠯᠡᠭᠡ ᠶᠢᠨ ᠶᠠᠪᠤᠴᠠ ᠳᠤ ᠪᠠᠭᠰᠢ ᠶᠢᠨ | ᠵᠢᠭᠠᠨ ᠰᠤᠷᠭᠠᠯᠳᠠ ᠪᠠᠷ ᠭᠤᠤᠯ ᠴᠤᠭᠴᠠ ᠪᠤᠯᠭᠠᠵᠤ ︽ᠭᠠᠭᠴᠠ ᠬᠦᠮᠤᠨ ᠤ ᠵᠦᠴᠦᠭᠡ ᠳᠣᠭᠯᠠᠬᠤ︾ ᠠᠴᠠ | ᠵᠠᠶᠢᠯᠠᠰᠬᠢᠵᠤ᠂ ᠡᠰᠡᠷᠭᠦ ᠪᠠᠷ ᠰᠤᠷᠤᠭᠴᠢᠳ ᠲᠤ ᠢᠯᠡᠭᠦᠬᠡᠨ ᠴᠠᠭ ᠦᠯᠡᠳᠡᠭᠡᠨ ᠶᠠᠷᠢᠯᠴᠠᠭᠤᠯᠵᠤ᠂ ᠰᠤᠷᠤᠭᠴᠢᠳ ᠤᠨ | ᠰᠡᠵᠢᠭ ᠮᠠᠳᠠᠭ ᠢ ᠰᠢᠢᠳᠪᠤᠷᠢᠯᠡᠨ᠂ ᠴᠢᠨᠠᠭᠰᠢᠯᠠᠪᠠᠯ ᠮᠠᠷᠭᠤᠯᠳᠤᠭᠠᠨ ᠦᠷᠨᠢᠭᠦᠯᠵᠤ᠂ ᠰᠠᠨᠠᠯ ᠪᠣᠳᠣᠯ ᠤᠨ ᠵᠦᠷᠢᠶ᠎ᠡ ᠲᠠᠢ | ᠳᠠᠯ᠎ᠠ ᠪᠠᠨ ᠳᠡᠯᠭᠡᠵᠣ ᠴᠢᠳᠠᠬᠤ᠂ ᠰᠤᠷᠤᠭᠴᠢᠳ ᠤᠨ ᠲᠠᠷᠢᠬᠢ ᠶᠢ ᠬᠦᠳᠡᠯᠭᠡᠨ᠂ ᠪᠡᠶ᠎ᠡ ᠪᠠᠨ ᠲᠠᠭᠠᠭᠠᠨ ᠰᠡᠳᠬᠢᠬᠦ ᠶᠢ | ᠵᠤᠷᠢᠬᠵᠢᠭᠤᠯᠵᠤ᠂ ᠵᠤᠬᠢᠶᠠᠯ ᠢ ᠬᠦᠨᠵᠡᠭᠡᠢ ᠡᠵᠡᠮᠰᠢᠬᠦᠯᠦᠨ᠎ᠡ᠃ ᠵᠢᠱᠢᠶᠡᠯᠡᠪᠡᠯ᠂ ᠴᠢᠶᠠᠨ ᠵᠦᠩ ᠱᠤ᠋ ᠶᠢᠨ | ︽ᠪᠦᠰᠡᠯᠡᠭᠳᠡᠭᠰᠡᠨ ᠬᠤᠳᠠ︾ ᠳᠤ ᠵᠢᠯᠤᠭᠤᠳᠤᠮᠵᠢ ᠬᠢᠬᠦ ᠦᠶᠡᠰ᠂ ᠬᠢᠴᠢᠶᠡᠯ ᠤᠩᠰᠢᠬᠤ ᠶᠠᠪᠤᠴᠠ ᠲᠤᠮᠳᠠ᠂ | ᠪᠠᠭᠰᠢ ᠠᠴᠠ ᠰᠤᠷᠤᠭᠴᠢᠳ ᠢ ᠵᠤᠬᠢᠶᠠᠨ ᠪᠠᠶᠢᠭᠤᠯᠵᠤ ᠶᠠᠷᠢᠯᠴᠠᠭᠤᠯᠵᠤ ᠪᠤᠯᠤᠨ᠎ᠠ᠃ ᠪᠠᠭᠰᠢ᠄ ︽ᠹᠡᠩ ᠬᠤᠩ ᠵᠢᠶᠠᠨ ᠪᠠ | ᠵᠢᠶᠠ ᠪᠤᠤ ᠢᠤᠢ ᠶᠢᠨ ᠠᠳᠠᠯᠢᠪᠳᠤᠷ ᠲᠠᠯ᠎ᠠ ᠪᠠ ᠠᠳᠠᠯᠢ ᠪᠤᠰᠤ ᠲᠠᠯ᠎ᠠ︾ ᠬᠡᠬᠦ ᠰᠡᠳᠤᠪ ᠪᠠᠯᠡᠳᠭᠡᠵᠤ ᠰᠤᠷᠤᠭᠴᠢ ᠪᠠᠷ | ᠶᠠᠷᠢᠯᠴᠠᠭᠤᠯᠵᠤ ᠪᠤᠯᠤᠨ᠎ᠠ᠃ ᠡᠨᠡ ᠲᠦᠷᠦᠯ ᠤᠨ ᠠᠰᠠᠭᠤᠳᠠᠯ ᠢ ᠰᠢᠢᠳᠪᠤᠷᠢᠯᠡᠭᠦ ᠳᠤ ᠰᠤᠷᠤᠭᠴᠢᠳ ᠤᠩᠰᠢᠭᠰᠠᠨ | ᠪᠦᠳᠤᠭᠡᠯ ᠤᠨ ᠢᠶᠠᠨ ᠠᠭᠤᠯᠭ᠎ᠠ ᠶᠢ ᠰᠠᠶᠢᠨ ᠮᠡᠳᠡᠭᠦ ᠪᠠᠷ ᠪᠠᠷᠠᠬᠤ ᠦᠭᠡᠢ ᠮᠦᠨ ᠴᠤ ᠰᠤᠷᠤᠭᠴᠢᠳ ᠢ ᠵᠤᠬᠢᠬᠤ | ᠬᠤᠯᠪᠤᠨ ᠪᠤᠳᠤᠬᠤ ᠴᠢᠳᠠᠪᠤᠷᠢ ᠲᠠᠢ ᠪᠠᠶᠢᠬᠤ ᠶᠢ ᠱᠠᠭᠠᠷᠳᠠᠳᠠᠭ᠂ ᠠᠳᠠᠯᠢ ᠪᠤᠰᠤ ᠪᠦᠳᠤᠭᠡᠯ ᠠᠴᠠ ᠵᠤᠬᠢᠶᠠᠯ ᠤᠨ | ᠪᠠᠭᠠᠳᠤᠷ ᠤᠨ ᠦᠯᠢᠭᠡᠷ ᠶᠠᠪᠤᠳᠠᠯ ᠢ ᠬᠤᠯᠪᠤᠨ ᠪᠤᠳᠤᠵᠤ᠂ ᠦᠪᠡᠷ ᠤᠨ ᠬᠡᠰᠡᠨ ᠳ᠋ᠦᠩᠨᠡᠯᠳᠡ ᠤᠯᠤᠨ᠎ᠠ᠂ ᠬᠦᠮᠤᠨ | ᠪᠤᠯᠭᠠᠨ ᠤ ᠬᠡᠷᠡᠭ ᠪᠤᠳᠠᠰ ᠪᠠ ᠠᠰᠠᠭᠤᠳᠠᠯ ᠢ ᠪᠤᠳᠤᠯᠬᠢᠯᠠᠬᠤ ᠬᠠᠷᠠᠭᠠᠰᠤ ᠨᠢ ᠠᠳᠠᠯᠢ ᠦᠭᠡᠢ ᠪᠤᠯᠬᠤᠷ ᠰᠤᠷᠤᠭᠴᠢ | ᠪᠤᠯᠭᠠᠨ ᠤ ᠳ᠋ᠦᠩᠨᠡᠯᠳᠡ ᠶᠢ ᠰᠠᠶᠢᠨ ᠮᠠᠭᠤ᠂ ᠵᠦᠪ ᠪᠤᠷᠤᠭᠤ ᠶᠢᠨ ᠢᠯᠭᠠᠭ᠎ᠠ ᠲᠠᠢ ᠪᠠᠶᠢᠬᠤ ᠶᠢ ᠵᠦᠪᠰᠢᠶᠡᠷᠡᠬᠦ ᠬᠡᠷᠡᠭᠳᠠᠢ᠂ | ᠲᠡᠶᠢᠮᠤ ᠠᠴᠠ ᠪᠠᠭᠰᠢ ᠠᠴᠠ ᠰᠣᠷᠣᠭᠴᠢᠳ ᠲᠠᠢ ᠪᠣᠳᠣᠯ ᠰᠡᠳᠬᠢᠭᠳᠡᠯ ᠢᠶᠠᠨ ᠬᠤᠪᠢᠶᠠᠯᠴᠠᠨ ᠪᠤᠳᠠᠳᠠᠢ ᠠᠮᠢᠳᠤᠯᠢᠭ | ᠦᠨᠡᠯᠡᠯᠳᠡ ᠬᠢᠬᠦ ᠶᠢ ᠠᠩᠬᠠᠷᠴᠤ᠂ ᠦᠨᠡᠯᠡᠯᠳᠡ ᠠᠴᠠ ᠪᠤᠯᠵᠤ ᠰᠤᠷᠤᠭᠴᠢ ᠶᠢᠨ ᠶᠠᠷᠢᠶ᠎ᠠ ᠢᠯᠡᠳᠬᠡᠯ ᠬᠢᠬᠦ ᠢᠳᠡᠪᠬᠢᠵᠢᠯ ᠢ | ᠠᠬᠢᠭᠤᠯᠣᠨ᠎ᠠ᠃ | 3. ᠭᠤᠸ᠎ᠠ ᠰᠠᠶᠢᠬᠠᠨ ᠤ ᠳᠠᠭᠠᠰᠢᠶᠠᠯ ᠰᠤᠨᠢᠷᠬᠠᠯ ᠲᠦᠷᠤᠭᠦᠯᠤᠨ᠂ ᠤᠩᠰᠢᠯᠭ᠎ᠠ ᠶᠢᠨ ᠲᠠᠳᠬᠠᠯ ᠢ ᠬᠦᠮᠤᠵᠢᠭᠦᠯᠭᠦ | ᠭᠡᠷᠡᠭᠳᠠᠢ᠃ ᠰᠠᠶᠢᠨ ᠲᠠᠳᠬᠠᠯ ᠨᠢ ᠬᠦᠮᠤᠰ ᠲᠤ ᠰᠠᠶᠢᠨ ᠬᠤᠪᠢ ᠵᠠᠶᠠᠭ᠎ᠠ ᠶᠢ ᠠᠪᠴᠢᠷᠠᠳᠠᠭ᠂ ᠰᠠᠶᠢᠨ ᠲᠠᠳᠬᠠᠯ ᠤᠨ | ᠠᠰᠢᠭ ᠢ ᠬᠦᠮᠤᠰ ᠨᠠᠰᠤᠨ ᠲᠤᠷᠰᠢᠳᠠ ᠭᠦᠷᠳᠡᠳᠡᠭ᠂ ᠤᠩᠰᠢᠯᠭ᠎ᠠ ᠶᠢᠨ ᠲᠠᠳᠬᠠᠯ ᠨᠢ ᠬᠡᠯᠡ ᠪᠢᠴᠢᠭ ᠤᠨ | ᠰᠤᠷᠤᠯᠴᠠᠯᠭ᠎ᠠ ᠶᠢᠨ ᠶᠠᠪᠤᠴᠠ ᠳᠤ ᠨᠡᠩ ᠴᠤ ᠴᠢᠬᠤᠯᠠ ᠠᠴᠠ ᠴᠢᠬᠤᠯᠠ ᠶᠤᠮ᠃ ᠲᠠᠳᠬᠠᠯ ᠢ ᠬᠦᠮᠤᠵᠢᠭᠦᠯᠭᠦ | ᠬᠠᠮᠤᠭ ᠤᠨ ᠰᠠᠶᠢᠨ ᠠᠷᠭ᠎ᠠ ᠪᠤᠯ ᠤᠩᠰᠢᠯᠭ᠎ᠠ ᠶᠢᠨ ᠲᠤᠮᠳᠠ ᠲᠠᠰᠤᠷᠠᠯᠳᠠ ᠦᠭᠡᠢ ᠠᠮᠵᠢᠯᠳᠠ ᠶᠢᠨ ᠲᠦᠷᠤᠭ᠍ᠳᠡᠯ | ᠤᠯᠭᠤᠬᠤ ᠶᠠᠪᠤᠳᠠᠯ ᠪᠤᠯᠤᠨ᠎ᠠ᠃ ᠰᠤᠷᠤᠯᠴᠠᠯᠭ᠎ᠠ ᠲᠤᠮᠳᠠ ᠬᠡᠷᠪᠡ ᠦᠷᠭᠦᠯᠵᠢᠳᠡ ᠤᠩᠰᠢᠬᠤ ᠶᠢ ᠪᠠᠷᠢᠮᠳᠠᠯᠠᠬᠤ ᠦᠭᠡᠢ | ᠪᠤᠯ ᠤᠩᠰᠢᠯᠭ᠎ᠠ ᠶᠢᠨ ᠤᠯᠤᠯᠳᠠ ᠨᠢ ᠶᠡᠭᠡ ᠪᠠᠷ ᠪᠠᠭᠠᠰᠬᠤ ᠪᠤᠯᠤᠨ᠎ᠠ᠃ ᠰᠤᠷᠤᠭᠴᠢᠳ ᠲᠤ ᠠᠪᠴᠤ ᠬᠡᠯᠡᠪᠡᠯ᠂ ᠲᠡᠳᠡ | ᠤᠩᠰᠢᠯᠭ᠎ᠠ ᠶᠢᠨ ᠤᠷᠮ᠎ᠠ ᠪᠠᠬ᠎ᠠ ᠪᠠᠨ ᠠᠯᠳᠠᠬᠤ ᠦᠭᠡᠢ᠂ ᠤᠩᠰᠢᠯᠭ᠎ᠠ ᠶᠢᠨ ᠲᠤᠮᠳᠠ ᠠᠴᠠ ᠤᠯᠤᠯᠳᠠ ᠲᠠᠢ | ᠪᠠᠶᠢᠬᠤ ᠪᠠᠨ ᠪᠠᠳᠣᠯᠠᠬᠤ ᠭᠡᠪᠡᠯ ᠪᠠᠭᠰᠢ ᠶᠢᠨ ᠵᠢᠯᠤᠭᠤᠳᠤᠯᠭ᠎ᠠ ᠶᠢ ᠬᠦᠷᠳᠡᠬᠦ ᠬᠡᠷᠡᠭᠳᠡᠢ᠃ ᠪᠠᠭᠰᠢ ᠠᠴᠠ ᠰᠤᠷᠤᠭᠴᠢᠳ ᠢ | ᠵᠤᠬᠢᠶᠠᠨ ᠪᠠᠶᠢᠭᠤᠯᠵᠤ ᠨᠤᠮ ᠤᠩᠰᠢᠬᠤ ᠬᠦᠳᠡᠯᠭᠡᠭᠡᠨ ᠦᠷᠨᠢᠭᠦᠯᠵᠤ᠂ ᠰᠤᠷᠤᠭᠴᠢ ᠶᠢᠨ ᠤᠳᠠᠭ᠎ᠠ ᠪᠦᠷᠢ ᠶᠢᠨ | ᠤᠩᠰᠢᠵᠤ ᠰᠤᠷᠤᠯᠴᠠᠭᠰᠠᠨ ᠨᠤᠮ ᠵᠤᠬᠢᠶᠠᠯ ᠠᠴᠠ ᠤᠯᠵᠤ ᠮᠡᠳᠡᠭᠰᠡᠨ ᠵᠦᠢᠯ ᠢ ᠨᠢ ᠳ᠋ᠦᠩᠨᠡᠭᠦᠯᠵᠤ᠂ ᠶᠠᠷᠢᠭᠤᠯᠵᠤ᠂ | ᠪᠢᠴᠢᠭᠦᠯᠵᠤ ᠪᠤᠯᠤᠨ᠎ᠠ᠂ ᠵᠢᠱᠢᠶᠡᠯᠡᠪᠡᠯ᠂ ᠠᠩᠬᠢ ᠲᠤᠮᠳᠠ ᠪᠠᠨ ᠭᠠᠷᠠᠭ ᠪᠦᠷᠢ ᠶᠢᠨ ᠨᠤᠮ ᠤᠡᠭᠰᠢᠭ᠌ᠰᠠᠨ ᠤᠯᠤᠯᠳᠠ ᠪᠠᠨ | ᠬᠤᠪᠢᠶᠠᠯᠴᠠᠬᠤ ᠠᠵᠢᠯᠯᠠᠭ᠎ᠠ ᠶᠠᠪᠤᠭᠳᠠᠭᠤᠯᠵᠤ ᠤᠩᠰᠢᠭᠰᠠᠨ ᠨᠤᠮ ᠤᠨ ᠭᠤᠤᠯ ᠪᠠᠭᠠᠳᠤᠷ᠂ ᠴᠢᠬᠤᠯᠠ ᠤᠶᠢᠯᠡ | ᠶᠠᠪᠤᠳᠠᠯ ᠵᠡᠷᠭᠡ ᠶᠢ ᠶᠠᠷᠢᠭᠤᠯᠵᠣ᠂ ᠬᠠᠷᠢᠯᠴᠠᠨ ᠨᠢᠭᠡᠨ ᠳᠤ ᠪᠠᠨ ᠨᠣᠮ ᠤᠨ ᠬᠦᠷᠳᠡᠭᠡᠯ ᠲᠠᠢ ᠪᠣᠯᠭᠠᠨ᠎ᠠ᠃ ᠲᠠᠬᠢᠪᠠᠯ | ᠰᠠᠷ᠎ᠠ ᠪᠤᠯᠭᠠᠨ ᠵᠤᠬᠢᠶᠠᠨ ᠪᠢᠴᠢᠯᠭᠡ ᠶᠢᠨ ᠤᠷᠤᠯᠳᠤᠭᠠᠨ ᠦᠷᠨᠢᠭᠦᠯᠵᠤ᠂ ᠰᠤᠷᠤᠭᠴᠢ ᠮᠡᠳᠡᠭᠰᠡᠨ ᠮᠡᠳᠡᠯᠭᠡ ᠰᠤᠷᠤᠭᠰᠠᠨ | ᠠᠪᠢᠶᠠᠰ ᠢᠶᠠᠨ ᠵᠤᠬᠢᠶᠠᠨ ᠪᠢᠴᠢᠯᠭᠡ ᠳᠤ ᠭᠡᠷᠡᠭᠯᠡᠵᠦ ᠪᠤᠯᠤᠨ᠎ᠠ᠃ ᠮᠦᠨ ᠬᠦ ᠤᠩᠰᠢᠭᠰᠠᠨ ᠵᠤᠬᠢᠶᠠᠯ ᠪᠦᠳᠤᠭᠡᠯ ᠤᠨ | ᠠᠭᠤᠯᠭ᠎ᠠ ᠪᠠᠷ ᠰᠠᠭᠤᠷᠢᠯᠠᠵᠤ᠂ ᠲᠤᠭᠯᠠᠭᠤᠯᠤᠨ ᠵᠦᠴᠤᠭᠡᠯᠡᠬᠦᠯᠵᠤ ᠪᠤᠯᠤᠨ᠎ᠠ᠂ ᠪᠠᠭᠰᠢ ᠠᠴᠠ ᠰᠢᠯᠢᠳᠡᠭ ᠪᠦᠳᠤᠭᠡᠯ ᠢ | ᠤᠯᠠᠨ ᠤ ᠡᠮᠤᠨ᠎ᠡ ᠰᠤᠨᠢᠷᠬᠠᠭᠤᠯᠤᠨ ᠰᠠᠶᠢᠰᠢᠶᠠᠵᠤ᠂ ᠰᠤᠷᠤᠭᠴᠢᠳ ᠤᠨ ᠢᠶᠠᠨ ᠨᠤᠮ ᠤᠩᠰᠢᠯᠭ᠎ᠠ ᠪᠠᠷ ᠲᠠᠮᠵᠢᠨ | ᠦᠪᠡᠷ ᠤᠨ ᠬᠢᠨᠢ ᠰᠤᠷᠤᠭᠰᠠᠨ ᠵᠦᠢᠯᠡᠰ ᠢ ᠢᠯᠡᠷᠡᠭᠦᠯᠵᠣ ᠣᠷᠮ᠎ᠠ ᠬᠠᠶᠢᠷᠠᠯᠠᠵᠣ ᠠᠮᠵᠢᠯᠳᠠ ᠶᠢᠨ ᠪᠠᠭ᠋ᠠᠷᠬᠠᠯ ᠢᠶᠠᠷ ᠢᠶᠠᠨ | ᠣᠷᠣᠭᠰᠢ ᠠᠬᠢᠬᠤ ᠶᠢ ᠵᠠᠮᠴᠢᠯᠠᠨ᠎ᠠ᠃ | 4. ᠦᠷᠭᠡᠳᠭᠡᠯ ᠤᠩᠰᠢᠯᠭ᠎ᠠ ᠬᠢᠵᠤ᠂ ᠤᠩᠰᠢᠯᠭ᠎ᠠ ᠶᠢᠨ ᠦᠷ᠎ᠡ ᠪᠦᠳᠦᠮᠵᠢ ᠶᠢ ᠲᠡᠭᠡᠭᠰᠢᠯᠡᠭᠦᠯᠤᠨ᠎ᠡ᠃ ᠬᠡᠯᠡ | ᠪᠢᠴᠢᠭ ᠤᠨ ᠵᠢᠭᠠᠨ ᠰᠤᠷᠭᠠᠯᠳᠠ ᠲᠤᠮᠳᠠ ᠤᠩᠰᠢᠯᠭ᠎ᠠ ᠶᠢᠨ ᠪᠤᠯᠪᠠᠰᠤᠷᠠᠯ ᠢ ᠵᠦᠪᠬᠡᠨ ᠬᠢᠴᠢᠶᠡᠯ ᠤᠨ ᠲᠡᠪᠳᠡᠷ ᠲᠤ | ᠬᠢᠵᠠᠭᠠᠷᠯᠠᠵᠤ ᠪᠤᠯᠬᠤ ᠦᠭᠡᠢ᠂ ᠰᠤᠷᠤᠭᠴᠢᠳ ᠢ ᠢᠯᠡᠭᠦᠬᠡᠨ ᠤᠳᠬ᠎ᠠ ᠠᠭᠤᠯᠭ᠎ᠠ ᠲᠠᠢ ᠨᠤᠮ ᠢ ᠤᠡᠭᠰᠢᠭᠤᠯᠬᠤ | ᠬᠡᠷᠡᠭᠳᠠᠢ᠃ ᠵᠢᠱᠢᠶᠡᠯᠡᠪᠡᠯ᠂ ︽ᠲᠡᠮᠡᠭᠡ ᠰᠢᠶᠠᠩ ᠼᠢ︾᠂ ︽ᠵᠠᠭᠤᠨ ᠡᠪᠠᠰᠤᠳᠤ ᠨᠤᠮ ᠤᠨ ᠦᠷᠤᠭᠡ︾᠂ ︽ᠦᠷ ᠤᠨ | ᠴᠡᠴᠡᠭ ᠢ ᠦᠳᠡᠰᠢ ᠲᠡᠭᠦᠭᠦ︾᠂ ︽ᠪᠤᠯᠤᠳ ᠬᠡᠷᠬᠢᠨ ᠬᠠᠳᠠᠭᠠᠭᠳᠠᠭᠰᠠᠨ ᠪᠤᠢ︾᠂ ︽ᠱᠦᠢ ᠬᠤ᠋ ᠶᠢᠨ | ᠦᠯᠢᠭᠡᠷ︾᠂ ︽ᠭᠤᠷᠪᠠᠨ ᠤᠯᠤᠰ ᠤᠨ ᠦᠯᠢᠭᠡᠷ︾᠂ ︽ᠪᠠᠷᠠᠭᠤᠨᠰᠢ ᠵᠤᠷᠢᠭᠰᠠᠨ ᠲᠡᠮᠳᠡᠭᠯᠡᠯ︾᠂ ︽ᠤᠯᠠᠭᠠᠨ ᠠᠰᠠᠷ ᠤᠨ | ᠵᠡᠭᠦᠳᠤᠨ︾ ᠢ ᠤᠡᠭᠰᠢᠭᠤᠯᠵᠤ ᠪᠤᠯᠤᠨ᠎ᠠ᠃ ᠡᠳᠡᠭᠡᠷ ᠨᠢ ᠰᠤᠷᠤᠭᠴᠢ ᠶᠢᠨ ᠮᠡᠳᠡᠯᠭᠡ ᠶᠢᠨ ᠬᠡᠪᠴᠢᠶ᠎ᠡ ᠶᠢ ᠦᠷᠭᠡᠳᠭᠡᠵᠤ᠂ | ᠦᠭᠡᠰ ᠤᠨ ᠰᠠᠩ ᠢ ᠪᠠᠶᠠᠯᠢᠬᠵᠢᠭᠤᠯᠵᠤ ᠲᠦᠷᠰᠤᠯᠡᠨ ᠪᠤᠳᠤᠬᠤ ᠪᠠ ᠬᠤᠯᠪᠤᠨ ᠪᠤᠳᠤᠬᠤ ᠴᠢᠳᠠᠪᠤᠷᠢ ᠶᠢ ᠬᠦᠭᠵᠢᠭᠡᠬᠦ | ᠪᠤᠯᠤᠨ᠎ᠠ᠃ ᠡᠨᠡ ᠨᠢ ᠮᠦᠨ ᠵᠤᠬᠢᠶᠠᠯ ᠢ ᠰᠤᠨᠢᠷᠬᠠᠬᠤ ᠴᠢᠳᠠᠪᠤᠷᠢ ᠪᠠ ᠲᠡᠤᠬᠡ ᠪᠠᠨ ᠮᠡᠳᠡᠬᠦ ᠳᠤ ᠪᠦᠷ ᠮᠠᠰᠢ ᠶᠡᠭᠡ | ᠬᠠᠪᠰᠤᠷᠤᠯᠭ᠎ᠠ ᠦᠵᠡᠬᠦᠯᠬᠦ ᠶᠣᠮ᠃ ᠰᠤᠷᠤᠭᠴᠢ ᠶᠢᠨ ᠤᠩᠰᠢᠯᠭ᠎ᠠ ᠲᠤᠮᠳᠠ ᠡᠳᠡᠭᠡᠷ ᠤᠩᠰᠢᠭᠰᠠᠨ ᠨᠤᠮ ᠨᠢ | ᠮᠠᠳᠡᠯᠭᠡ ᠶᠢᠨ ᠬᠢᠷᠢ ᠲᠦᠪᠰᠢᠨ ᠤ ᠲᠡᠭᠡᠭᠰᠢᠯᠡᠯᠳᠡ ᠶᠢ ᠪᠣᠢ ᠪᠣᠯᠭᠠᠬᠤ ᠪᠠᠷ ᠪᠠᠷᠠᠬᠤ ᠦᠭᠡᠢ ᠪᠠᠰᠠ ᠰᠣᠷᠣᠭᠴᠢᠳ ᠲᠤ | ᠬᠡᠯᠡ ᠪᠢᠴᠢᠭ ᠤᠨ ᠴᠢᠳᠠᠪᠣᠷᠢ ᠶᠢ ᠣᠯᠭᠤᠬᠤ ᠪᠣᠯᠣᠨ᠎ᠠ᠂ ᠤᠩᠰᠢᠯᠭ᠎ᠠ ᠶᠢᠨ ᠶᠠᠪᠤᠴᠠ ᠳᠤ ᠪᠠᠭᠰᠢ ᠠᠴᠠ ᠠᠰᠠᠭᠤᠳᠠᠯ ᠢ | ᠢᠯᠡᠷᠡᠭᠦᠯᠵᠤ ᠰᠤᠷᠤᠭᠴᠢᠳ ᠤᠨ ᠤᠩᠰᠢᠯᠭ᠎ᠠ ᠶᠢᠨ ᠲᠤᠮᠳᠠ ᠤᠷᠤᠰᠢᠵᠤ ᠪᠠᠶᠢᠭ᠎ᠠ ᠭᠦᠷᠦᠯᠴᠡᠭᠦ ᠦᠭᠡᠢ ᠲᠠᠯ᠎ᠠ ᠶᠢ | ᠲᠤᠳᠤᠷᠬᠠᠶᠢᠯᠠᠵᠤ᠂ ᠤᠩᠰᠢᠯᠭ᠎ᠠ ᠶᠢᠨ ᠲᠤᠮᠳᠠᠬᠢ ᠤᠷ᠎ᠠ ᠮᠡᠷᠭᠡᠵᠢᠯ ᠪᠠ ᠵᠦᠪ ᠰᠠᠶᠢᠨ ᠤᠩᠰᠢᠬᠤ ᠠᠷᠭ᠎ᠠ ᠶᠢ ᠳ᠋ᠦᠩᠨᠡᠨ | ᠦᠭᠭᠦᠨ᠎ᠡ᠃ ᠵᠢᠱᠢᠶᠡᠯᠡᠪᠡᠯ᠂ ᠭᠤᠤᠯ ᠪᠠᠭᠠᠳᠤᠷ ᠪᠤᠯᠤᠨ ᠤᠶᠢᠯᠡ ᠶᠠᠪᠤᠳᠠᠯ ᠢ ᠬᠠᠷᠠᠭᠠᠯᠵᠠᠭᠤᠯᠤᠨ ᠲᠡᠮᠳᠡᠭᠯᠡᠯ ᠬᠢᠭᠦ᠂ | ᠵᠤᠬᠢᠶᠠᠯ ᠪᠦᠳᠤᠭᠡᠯ ᠲᠤᠳᠤᠷᠠᠬᠢ ᠭᠤᠶᠢᠳᠠ ᠰᠠᠶᠢᠬᠠᠨ ᠬᠡᠯᠡ ᠬᠡᠯᠡᠯᠭᠡ ᠶᠢᠨ ᠲᠤᠬᠠᠢ ᠬᠤᠷᠠᠮᠳᠤᠭᠤᠯᠤᠯ ᠬᠢᠬᠦ᠂ | ᠰᠤᠷᠤᠭᠴᠢᠳ ᠢ ᠤᠩᠰᠢᠯᠭ᠎ᠠ ᠶᠢᠨ ᠶᠠᠪᠤᠴᠠ ᠳᠤ ᠨᠢᠭᠡ ᠠᠴᠠ ᠵᠦᠢᠴᠢᠯᠡᠵᠣ ᠨᠦᠬᠦᠭᠡ ᠶᠢ ᠮᠡᠳᠡᠭᠦ ᠶᠢ ᠰᠠᠨᠠᠭᠤᠯᠬᠤ᠂ | ᠦᠷᠭᠦᠯᠵᠢᠳᠡ ᠨᠤᠮ ᠤᠩᠰᠢᠭᠤᠯᠬᠤ ᠳᠠᠳᠬᠠᠯ ᠲᠠᠢ ᠪᠣᠯᠭᠠᠬᠤ ᠬᠡᠷᠡᠭᠳᠠᠢ᠃ ᠢᠩᠬᠢᠪᠡᠯ ᠰᠠᠶ᠋ᠢ ᠰᠤᠷᠤᠭᠴᠢᠳ ᠤᠨ | ᠤᠩᠰᠢᠯᠭ᠎ᠠ ᠶᠢᠨ ᠬᠢᠷᠢ ᠲᠦᠪᠰᠢᠨ ᠲᠡᠭᠡᠭᠰᠢᠯᠡᠵᠦ᠂ ᠰᠤᠷᠤᠭᠴᠢᠳ ᠤᠨ ᠤᠩᠰᠢᠯᠭ᠎ᠠ ᠶᠢᠨ ᠴᠢᠨᠠᠷ ᠴᠢᠨᠰᠠᠭ᠎ᠠ ᠶᠢ | ᠠᠬᠢᠭᠤᠯᠵᠤ ᠴᠢᠳᠠᠨ᠎ᠠ᠃ | ᠬᠡᠯᠡ ᠪᠢᠴᠢᠭ ᠤᠨ ᠰᠤᠷᠤᠯᠴᠠᠯᠭ᠎ᠠ ᠪᠤᠯ ᠠᠭᠠᠵᠢᠮ ᠢᠶᠠᠷ ᠬᠤᠷᠠᠮᠳᠤᠭᠤᠯᠬᠤ ᠠᠵᠢᠯᠯᠠᠭ᠎ᠠ ᠮᠦᠨ᠃ ᠪᠢᠳᠡ ᠵᠢᠭᠠᠨ | ᠰᠣᠷᠭᠠᠯᠳᠠ ᠪᠠᠨ ᠠᠮᠢᠳᠣᠯᠢᠭ ᠬᠦᠳᠡᠯᠦᠩᠭᠦᠢ ᠪᠠᠶᠢᠯᠭᠠᠵᠤ᠂ ᠰᠤᠷᠤᠭᠴᠢᠳ ᠤᠨ ᠳᠣᠷ᠎ᠠ ᠰᠤᠨᠢᠷᠬᠠᠯ ᠢ ᠳᠠᠳᠠᠵᠣ | ᠤᠶᠢᠯᠡᠳᠤᠯᠭᠡ ᠳᠤ ᠣᠷᠣᠯᠴᠠᠭᠤᠯᠬᠤ ᠵᠢᠴᠢ ᠵᠣᠬᠢᠶᠠᠨ ᠪᠦᠳᠦᠭᠡᠬᠦ ᠴᠢᠳᠠᠪᠣᠷᠢ ᠲᠠᠢ ᠪᠣᠯᠭᠠᠵᠣ ᠡᠭᠦᠳᠤᠯᠳᠡ | ᠨᠡᠬᠡᠭᠡᠯᠳᠡ ᠶᠢᠨ ᠪᠠᠶᠠᠷ ᠪᠠᠭ᠋ᠠᠳᠣᠯ ᠡᠳ᠋ᠯᠡᠬᠦᠯᠬᠦ ᠬᠡᠷᠡᠭᠳᠡᠢ᠃ ᠰᠣᠷᠣᠭᠴᠢᠳ ᠢ ᠬᠠᠷᠠᠬᠠᠨ ᠪᠠᠭ᠎ᠠ ᠠᠴᠠ ᠪᠠᠨ ᠨᠤᠮ | ᠤᠩᠰᠢᠬᠤ ᠰᠠᠶᠢᠨ ᠲᠠᠳᠬᠠᠯ ᠲᠠᠢ ᠪᠤᠯᠭᠠᠬᠤ ᠨᠢ ᠬᠡᠯᠡ ᠪᠢᠴᠢᠭ ᠤᠨ ᠵᠢᠭᠠᠨ ᠰᠣᠷᠭᠠᠯᠳᠠ ᠶᠢᠨ ᠭᠠᠷᠬᠤ ᠵᠠᠮ ᠤᠨ ᠨᠢᠭᠡ | ᠪᠠᠶᠢᠭ᠎ᠠ ᠶᠣᠮ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠤᠩᠨᠢᠭᠤᠳ ᠬᠤᠰᠢᠭᠤᠨ ᠤ ᠬᠠᠶᠢᠯᠠᠰᠤ | ᠮᠤᠩᠭᠤᠯ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | 2023.5 ᠳ᠋ᠤᠭᠠᠷ ᠬᠤᠭᠤᠴᠠᠭ᠎ᠠ | | | |