ᠬᠦᠤᠪᠤᠯᠤᠭ | | | | | ᠨᠢᠭᠡ᠂ ᠰᠡᠳᠬᠢᠬᠦᠢ ᠶᠢᠨ ᠵᠢᠷᠤᠭ ᠤᠨ ᠤᠬᠠᠭᠳᠠᠬᠤᠨ | ᠰᠡᠳᠬᠢᠬᠦᠢ ᠶᠢᠨ ᠵᠢᠷᠤᠭ ᠪᠣᠯ ᠨᠢᠭᠡ ᠵᠦᠢᠯ ᠤᠨ ᠰᠠᠳᠠᠷᠠᠬᠤ ᠰᠡᠳᠬᠢᠬᠦᠢ ᠶᠢ ᠳᠦᠷᠰᠦᠯᠢᠭ ᠪᠣᠯᠭᠠᠬᠤ ᠠᠷᠭ᠎ᠠ | ᠪᠤᠯᠤᠨ᠎ᠠ᠃ ᠲᠤᠰ ᠠᠷᠭ᠎ᠠ ᠶᠢ ᠡᠭᠦᠳᠦᠭᠴᠢ ᠳ᠋ᠦᠩᠨᠢ ᠪᠤᠽᠠᠨ᠄ ︽ᠰᠡᠳᠬᠢᠬᠦᠢ ᠶᠢᠨ ᠵᠢᠷᠤᠭ ᠪᠣᠯ ᠰᠠᠳᠠᠷᠠᠬᠤ ᠴᠢᠨᠠᠷᠲᠠᠢ | ᠰᠡᠳᠬᠢᠬᠦᠢ ᠶᠢ ᠢᠯᠡᠳᠬᠡᠬᠦ ᠪᠦᠲᠦᠮᠵᠢᠲᠡᠢ ᠵᠢᠷᠤᠭ ᠳᠦᠷᠰᠦ ᠶᠢᠨ ᠰᠡᠳᠬᠢᠬᠦᠢ ᠶᠢᠨ ᠪᠠᠭᠠᠵᠢ ᠮᠥᠷᠲᠡᠭᠡᠨ ᠨᠢᠭᠡ | ᠵᠦᠢᠯ ᠤᠨ ᠬᠤᠪᠢᠰᠬᠠᠯᠴᠢ ᠴᠢᠨᠠᠷᠲᠠᠢ ᠰᠡᠳᠬᠢᠬᠦᠢ ᠶᠢᠨ ᠪᠠᠭᠠᠵᠢ ᠮᠥᠨ᠃ ᠰᠡᠳᠬᠢᠬᠦᠢ ᠶᠢᠨ ᠵᠢᠷᠤᠭ ᠨᠢ ᠵᠢᠷᠤᠭ | ᠥᠰᠥᠭ ᠢ ᠵᠡᠷᠭᠡ ᠪᠠᠷ ᠴᠢᠬᠤᠯᠠᠴᠢᠯᠠᠬᠤ ᠤᠷ᠎ᠠ ᠮᠡᠷᠭᠡᠵᠢᠯ ᠢ ᠬᠡᠷᠡᠭᠯᠡᠨ᠂ ᠡᠯ᠎ᠡ ᠱᠠᠲᠤᠨ ᠤ ᠭᠤᠣᠯ ᠰᠡᠳᠦᠪ ᠤᠨ | ᠬᠠᠷᠢᠴᠠᠭ᠎ᠠ ᠶᠢ ᠬᠠᠷᠢᠯᠴᠠᠨ ᠬᠠᠷᠢᠶᠠᠯᠠᠭᠳᠠᠬᠤ ᠪᠠ ᠬᠠᠮᠢᠶ᠎ᠠ ᠪᠦᠬᠦᠢ ᠲᠠᠰ ᠳᠠᠪᠬᠤᠷᠭ᠎ᠠ ᠶᠢᠨ ᠵᠢᠷᠤᠭ ᠢᠶᠠᠷ ᠢᠯᠡᠷᠡᠭᠦᠯᠵᠦ᠂ | ᠭᠤᠣᠯ ᠰᠡᠳᠦᠪ ᠤᠨ ᠵᠠᠩᠭᠢᠯᠠᠭ᠎ᠠ ᠶᠢᠨ ᠦᠭᠡ ᠪᠠ ᠵᠢᠷᠤᠭ ᠳᠦᠷᠰᠦ᠂ ᠥᠩᠭᠡ ᠵᠡᠷᠭᠡ ᠪᠠᠷ ᠴᠡᠭᠡᠵᠢᠯᠡᠬᠦᠢ ᠶᠢᠨ | ᠬᠤᠯᠪᠣᠭᠠᠰᠤ ᠪᠠᠶᠢᠭᠤᠯᠤᠨ᠎ᠠ︾ [1] ᠭᠡᠵᠡᠢ᠃ ᠰᠡᠳᠬᠢᠭᠦᠢ ᠶᠢᠨ ᠵᠢᠷᠤᠭ ᠢ ᠵᠢᠭᠠᠨ ᠰᠤᠷᠭᠠᠯᠲᠠ ᠳᠤ | ᠬᠠᠪᠰᠤᠷᠤᠮᠵᠢ ᠪᠣᠯᠭᠠᠬᠤ ᠨᠢ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ | ᠰᠠᠨᠠᠭᠠᠨ ᠳᠤ ᠦᠭᠡᠢ ᠦᠷ᠎ᠡ ᠪᠦᠲᠦᠮᠵᠢ ᠶᠢ ᠣᠯᠬᠤ ᠶᠤᠮ᠃ | ᠬᠤᠶᠠᠷ᠂ ᠰᠡᠳᠬᠢᠬᠦᠢ ᠶᠢᠨ ᠵᠢᠷᠤᠭ ᠤᠨ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠤ ᠲᠠᠶᠢᠯᠪᠤᠷᠢᠯᠠᠯᠲᠠ | ᠰᠡᠳᠬᠢᠬᠦᠢ ᠶᠢᠨ ᠵᠢᠷᠤᠭ ᠪᠣᠯ ᠨᠢᠭᠡ ᠵᠦᠢᠯ ᠤᠨ ᠰᠢᠨ᠎ᠡ ᠬᠡᠯᠪᠡᠷᠢ ᠶᠢᠨ ᠵᠢᠭᠠᠨ ᠰᠤᠷᠭᠠᠯᠲᠠ ᠶᠢᠨ | ᠤᠶᠢᠯᠠᠭᠠᠭᠳᠠᠬᠤᠨ ᠮᠥᠨ᠃ ᠪᠠᠭᠰᠢ ᠶᠢᠨ ᠲᠣᠰ ᠪᠡᠶ᠎ᠡ ᠵᠢᠴᠢ ᠰᠤᠷᠤᠭᠴᠢᠳ ᠢ ᠬᠠᠪᠰᠤᠷᠤᠨ ᠮᠡᠳᠡᠯᠭᠡ ᠶᠢᠨ | ᠰᠢᠰᠲ᠋ᠧᠮ ᠢ ᠰᠠᠶᠢᠲᠤᠷ ᠪᠠᠶᠢᠭᠤᠯᠬᠤ ᠴᠢᠬᠤᠯᠠ ᠠᠷᠭ᠎ᠠ ᠮᠥᠨ᠃ ᠰᠤᠷᠤᠭᠴᠢᠳ ᠶᠡᠷᠦ ᠨᠢ ᠰᠢᠨ᠎ᠡ ᠬᠡᠯᠪᠡᠷᠢ ᠶᠢᠨ | ᠮᠡᠳᠡᠯᠭᠡ ᠶᠢᠨ ᠴᠡᠭ ᠲᠤ ᠠᠳᠠᠯᠢ ᠪᠤᠰᠤ ᠦᠵᠡᠯᠲᠡ ᠲᠠᠢ ᠪᠠᠶᠢᠵᠤ᠂ ᠰᠢᠨ᠎ᠡ ᠮᠡᠳᠡᠯᠭᠡ ᠶᠢ ᠰᠤᠷᠤᠯᠴᠠᠬᠤ ᠦᠶ᠎ᠡ ᠳᠤ | ᠶᠡᠷᠦ ᠨᠢ ᠨᠡᠯᠢᠶᠡᠳ ᠴᠢᠩᠭ᠎ᠠ ᠲᠠᠨᠢᠯ ᠪᠤᠰᠤ ᠲᠥᠷᠥᠭᠳᠡᠯ ᠲᠠᠢ ᠪᠠᠶᠢᠳᠠᠭ᠃ ᠰᠡᠳᠬᠢᠬᠦᠢ ᠶᠢᠨ ᠵᠢᠷᠤᠭ ᠪᠣᠯ ᠳᠠᠷᠤᠢ | ᠲᠡᠳᠡᠨ ᠢ ᠬᠠᠪᠰᠤᠷᠤᠨ ᠮᠡᠳᠡᠯᠭᠡ ᠶᠢᠨ ᠰᠦᠯᠵᠢᠶ᠎ᠡ ᠪᠠᠶᠢᠭᠤᠯᠬᠤ ᠪᠦᠲᠦᠮᠵᠢᠲᠡᠶ ᠪᠠᠭᠠᠵᠢ ᠮᠥᠨ᠂ ᠲᠡᠷᠡ ᠨᠢ ᠢᠮᠠᠭᠲᠠ | ᠴᠢᠬᠤᠯᠠ ᠵᠢᠭᠠᠨ ᠰᠤᠷᠭᠠᠯᠲᠠ ᠶᠢᠨ ᠦᠢᠯᠡᠳᠦᠯ ᠢ ᠪᠠᠳᠠᠷᠠᠭᠤᠯᠳᠠᠭ᠃ ᠳᠡᠭᠡᠳᠦ ᠳᠤᠮᠳᠠᠳᠤ ᠶᠢᠨ ᠰᠣᠷᠣᠭᠴᠢ ᠨᠢ ᠪᠠᠭ᠎ᠠ | ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠯᠴᠠᠯᠭ᠎ᠠ ᠪᠣᠯᠪᠠᠰᠤᠷᠠᠯ ᠢᠶᠠᠷ | ᠳᠡᠮᠵᠢᠨ᠂ ᠮᠡᠳᠡᠯᠭᠡ ᠶᠢᠨ ᠴᠡᠭ ᠤᠨ ᠰᠤᠷᠤᠯᠴᠠᠯᠭ᠎ᠠ ᠳᠡᠭᠡᠷ᠎ᠡ ᠨᠢᠭᠡᠨᠲᠡ ᠨᠡᠯᠢᠶᠡᠳ ᠪᠦᠷᠢᠨ ᠪᠦᠲᠦᠨ | ᠲᠥᠯᠦᠪᠵᠢᠭᠦᠯᠭᠡ ᠶᠢᠨ ᠰᠢᠰᠲ᠋ᠧᠮ ᠢ ᠪᠦᠷᠢᠯᠳᠦᠭᠦᠯᠵᠦ ᠴᠢᠳᠠᠳᠠᠭ᠃ ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ | ᠳᠤ ᠶᠡᠭᠡ ᠬᠡᠮᠵᠢᠶᠡᠨ ᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠬᠤᠯᠢᠯᠳᠤᠵᠤ᠂ ᠰᠤᠷᠤᠭᠴᠢᠳ ᠰᠠᠶ᠋ᠢ ᠡᠬᠢᠯᠡᠵᠦ | ᠰᠤᠷᠤᠯᠴᠠᠬᠤ ᠦᠶ᠎ᠡ ᠳᠤ ᠨᠡᠯᠢᠶᠡᠳ ᠤᠯᠠᠨ ᠮᠡᠳᠡᠭᠡ ᠵᠠᠩᠭᠢ ᠶᠢᠨ ᠠᠨᠳᠠᠭᠤ ᠲᠥᠷᠥᠭᠳᠡᠯ ᠡᠭᠦᠰᠴᠦ᠂ ᠲᠡᠦᠬᠡ ᠶᠢᠨ | ᠬᠢᠴᠢᠶᠡᠯ ᠤᠨ ᠲᠠᠩᠬᠢᠮ ᠤᠨ ᠮᠡᠳᠡᠭᠡ ᠵᠠᠩᠭᠢ ᠶᠢ ᠡᠵᠡᠮᠰᠢᠬᠦ ᠲᠠᠯ᠎ᠠ ᠪᠠᠷ ᠴᠤ ᠪᠦᠬᠦᠯᠢ ᠴᠣᠭᠴᠠ ᠶᠢᠨ ᠲᠥᠷᠥᠭᠳᠡᠯ ᠢᠶᠠᠷ | ᠳᠤᠲᠠᠮᠠᠭ ᠪᠠᠶᠢᠳᠠᠭ᠃ ᠰᠡᠳᠬᠢᠬᠦᠢ ᠶᠢᠨ ᠵᠢᠷᠤᠭ ᠢᠶᠠᠷ ᠵᠢᠭᠠᠬᠤ ᠠᠷᠭ᠎ᠠ ᠨᠢ ᠵᠠᠩᠭᠢᠯᠠᠭ᠎ᠠ ᠶᠢᠨ ᠦᠭᠡᠰ ᠢᠶᠠᠷ ᠭᠤᠣᠯᠯᠠᠵᠤ᠂ | ᠰᠤᠷᠤᠭᠴᠢᠳ ᠢ ᠵᠠᠩᠭᠢᠯᠠᠭ᠎ᠠ ᠶᠢᠨ ᠦᠭᠡᠰ ᠤᠨ ᠰᠠᠩ ᠤᠨ ᠵᠢᠯᠣᠭᠤᠳᠤᠯᠭ᠎ᠠ ᠳᠣᠣᠷ᠎ᠠ ᠠᠭᠠᠵᠢᠮ ᠢᠶᠠᠷ ᠰᠢᠰᠲ᠋ᠧᠮ ᠲᠠᠢ᠂ | ᠢᠯᠭᠠᠭ᠎ᠠ ᠲᠠᠢ ᠲᠡᠦᠬᠡ ᠶᠢᠨ ᠮᠡᠳᠡᠯᠭᠡ ᠶᠢᠨ ᠪᠦᠲᠦᠴᠡ ᠲᠠᠢ ᠪᠣᠯᠭᠠᠵᠤ ᠴᠢᠳᠠᠨ᠎ᠠ᠃ ᠲᠡᠦᠬᠡᠨ ᠴᠠᠭ ᠦᠶ᠎ᠡ ᠪᠦᠷᠢ ᠶᠢᠨ | ᠬᠠᠷᠠᠭᠠᠯᠵᠠᠭᠰᠠᠨ ᠲᠡᠦᠬᠡᠨ ᠬᠥᠮᠥᠰ ᠤᠨ ᠲᠡᠦᠬᠡᠨ ᠵᠢᠳᠬᠦᠯ ᠢ ᠠᠭᠠᠵᠢᠮ ᠢᠶᠠᠷ ᠣᠶᠢᠯᠠᠭᠠᠵᠤ᠂ ᠰᠤᠷᠤᠭᠴᠢᠳ ᠢ | ᠥᠪᠡᠷ ᠤᠨ ᠢᠶᠠᠨ ᠲᠡᠦᠬᠡ ᠶᠢᠨ ᠦᠷᠳᠡᠭ ᠤᠨ ᠦᠵᠡᠯᠲᠡ ᠲᠠᠢ ᠪᠣᠯᠭᠠᠬᠤ ᠶᠢᠨ ᠬᠠᠮᠲᠤ ᠰᠤᠷᠤᠭᠴᠢᠳ ᠲᠤ ᠳᠡᠭᠡᠳᠦ | ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠭᠤᠯᠭ᠎ᠠ ᠶᠢ ᠤᠶᠢᠯᠠᠭᠠᠭᠤᠯᠵᠤ᠂ | ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ | ᠳᠡᠭᠡᠭᠰᠢᠯᠡᠯᠲᠡ ᠶᠢ ᠠᠬᠢᠭᠤᠯᠬᠤ ᠳᠤ ᠠᠰᠢᠭᠲᠠᠢ ᠶᠤᠮ᠃ | ᠭᠤᠷᠪᠠ᠂ ᠰᠡᠳᠬᠢᠬᠦᠢ ᠶᠢᠨ ᠵᠢᠷᠤᠭ ᠨᠢ ᠬᠡᠷᠬᠢᠨ ᠲᠡᠦᠬᠡ ᠶᠢᠨ ᠵᠢᠭᠠᠨ ᠰᠤᠷᠭᠠᠯᠲᠠ ᠳᠤ ᠪᠣᠳᠠᠲᠠᠢ ᠦᠢᠯᠡᠳᠦᠯ | ᠦᠵᠡᠭᠦᠯᠬᠦ ᠪᠣᠶ | 1. ᠰᠤᠷᠤᠭᠴᠢᠳ ᠤᠨ ᠲᠡᠦᠬᠡ ᠶᠢᠨ ᠮᠡᠳᠡᠯᠭᠡ ᠶᠢᠨ ᠰᠢᠰᠲ᠋ᠧᠮ ᠪᠠᠶᠢᠭᠤᠯᠬᠤ ᠳᠤ ᠠᠰᠢᠭᠲᠠᠢ᠃ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠦᠬᠡ ᠶᠢᠨ ᠮᠡᠳᠡᠯᠭᠡ ᠶᠢᠨ ᠴᠡᠭ ᠪᠣᠯ ᠨᠡᠯᠢᠶᠡᠳ ᠲᠠᠷᠠᠬᠠᠢ ᠪᠤᠲᠠᠷᠬᠠᠢ᠂ | ᠬᠡᠰᠡᠭ ᠪᠤᠰᠠᠭ ᠪᠠᠶᠢᠳᠠᠭ᠃ ᠬᠠᠷᠢᠨ ᠰᠡᠳᠬᠢᠬᠦᠢ ᠶᠢᠨ ᠵᠢᠷᠤᠭ ᠨᠢ ᠬᠡᠶᠢᠰᠪᠦᠷᠢ ᠮᠡᠳᠡᠯᠭᠡ ᠶᠢ ᠳᠦᠷᠰᠦᠯᠢᠭ᠂ ᠪᠣᠳᠠᠲᠠᠢ | ᠪᠣᠯᠭᠠᠨ᠎ᠠ᠃ ᠰᠤᠷᠤᠭᠴᠢᠳ ᠤᠨ ᠪᠦᠷᠢᠨ ᠪᠦᠲᠦᠨ ᠮᠡᠳᠡᠯᠭᠡ ᠶᠢᠨ ᠰᠢᠰᠲ᠋ᠧᠮ ᠢ ᠪᠠᠶᠢᠭᠤᠯᠵᠤ᠂ ᠴᠡᠭᠡᠵᠢᠯᠡᠬᠦ | ᠳᠠᠷᠤᠭᠠᠰᠤ ᠶᠢ ᠬᠥᠩᠭᠡᠷᠡᠭᠦᠯᠵᠦ᠂ ᠰᠤᠷᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ᠃ | 2. ᠰᠤᠷᠤᠭᠴᠢᠳ ᠤᠨ ᠰᠠᠳᠠᠷᠠᠬᠤ ᠰᠡᠳᠬᠢᠬᠦᠢ ᠶᠢ ᠬᠥᠮᠥᠵᠢᠭᠦᠯᠬᠦ ᠳᠤ ᠠᠰᠢᠭᠲᠠᠢ᠃ ᠲᠡᠦᠬᠡ ᠶᠢᠨ | ᠰᠡᠳᠬᠢᠬᠦᠢ ᠶᠢᠨ ᠵᠢᠷᠤᠭ ᠨᠢ ᠶᠡᠷᠦ ᠳᠤ ᠪᠠᠨ ᠨᠢᠭᠡ ᠭᠤᠣᠯ ᠰᠡᠳᠦᠪ ᠲᠠᠢ᠂ ᠬᠡᠳᠦᠨ ᠰᠠᠯᠪᠤᠷᠢ ᠭᠤᠣᠯ ᠰᠡᠳᠦᠪ | ᠲᠠᠢ᠃ ᠰᠠᠯᠪᠤᠷᠢ ᠭᠤᠣᠯ ᠰᠡᠳᠦᠪ ᠨᠢ ᠳᠠᠬᠢᠨ ᠬᠡᠳᠦᠨ ᠬᠤᠪᠢᠶᠠᠷᠢ ᠭᠤᠣᠯ ᠰᠡᠳᠦᠪ ᠲᠠᠢ ᠪᠠᠶᠢᠳᠠᠬ᠂ ᠬᠤᠪᠢᠶᠠᠷᠢ ᠭᠤᠣᠯ | ᠰᠡᠳᠦᠪ ᠳᠣᠣᠷ᠎ᠠ ᠪᠠᠰᠠ ᠮᠠᠰᠢ ᠣᠯᠠᠨ ᠬᠤᠪᠢᠶᠠᠷᠢ ᠰᠠᠯᠪᠤᠷᠢ ᠰᠡᠳᠦᠪ ᠪᠠᠶᠢᠨ᠎ᠠ᠃ ᠢᠩᠭᠢᠵᠦ ᠵᠢᠷᠤᠭᠯᠠᠬᠤ ᠶᠠᠪᠤᠴᠠ ᠳᠤ | ᠰᠤᠷᠤᠭᠴᠢᠳ ᠤᠨ ᠲᠠᠰᠤᠷᠠᠯᠲᠠ ᠦᠭᠡᠢ ᠰᠡᠳᠬᠢᠬᠦ᠂ ᠬᠠᠷᠢᠯᠴᠠᠬᠤ᠂ ᠨᠠᠩ ᠣᠯᠠᠨ ᠬᠤᠪᠢᠶᠠᠷᠢ ᠭᠤᠣᠯ ᠰᠡᠳᠦᠪ ᠡᠷᠢᠬᠦ ᠶᠢ | ᠬᠥᠭᠵᠢᠭᠡᠨ᠎ᠡ᠃ ᠡᠨᠡ ᠬᠦ ᠶᠠᠪᠤᠴᠠ ᠨᠢ ᠰᠤᠷᠤᠭᠴᠢᠳ ᠤᠨ ᠶᠡᠭᠡ ᠲᠠᠷᠢᠬᠢᠨ ᠳᠤ ᠰᠡᠳᠡᠯᠲᠡ ᠥᠭᠴᠦ᠂ ᠰᠤᠷᠤᠭᠴᠢᠳ ᠤᠨ | ᠰᠠᠳᠠᠷᠠᠬᠤ ᠰᠡᠳᠬᠢᠬᠦᠢ ᠶᠢ ᠬᠥᠭᠵᠢᠭᠡᠬᠦ ᠳᠤ ᠠᠰᠢᠭᠲᠠᠢ ᠪᠠᠶᠢᠳᠠᠭ᠃ | 3. ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠬᠦ ᠳᠤ ᠠᠰᠢᠭᠲᠠᠢ᠃ ᠰᠡᠳᠬᠢᠬᠦᠢ ᠶᠢᠨ | ᠵᠢᠷᠤᠭ ᠨᠢ ᠨᠠᠩ ᠲᠣᠪᠴᠢ ᠠᠪᠰᠠᠷᠬᠠᠨ᠂ ᠠᠮᠢᠳᠤᠯᠢᠭ ᠰᠣᠨᠢᠷᠬᠠᠯᠲᠠᠢ ᠪᠠᠶᠢᠳᠠᠭ᠃ ᠰᠡᠳᠬᠢᠬᠦᠢ ᠶᠢᠨ ᠵᠢᠷᠤᠭ ᠲᠤ | ᠮᠣᠳᠣᠯᠢᠭ ᠵᠢᠷᠤᠭ᠂ ᠴᠤᠪᠤᠷᠠᠯ ᠵᠢᠷᠤᠭ ᠵᠢᠴᠢ ᠬᠥᠭᠡᠰᠦᠨ ᠵᠢᠷᠤᠭ ᠵᠡᠷᠭᠡ ᠦᠨᠳᠦᠰᠦᠨ ᠬᠡᠯᠪᠡᠷᠢ ᠪᠠᠶᠢᠳᠠᠭ᠃ ᠰᠤᠷᠤᠭᠴᠢ | ᠵᠢᠷᠤᠭ ᠵᠢᠷᠤᠬᠤ ᠶᠠᠪᠤᠴᠠ ᠳᠤᠮᠳᠠ᠂ ᠨᠠᠩ ᠣᠯᠠᠨ ᠢᠯᠡᠳᠬᠡᠬᠦ ᠡᠷᠬᠡ ᠴᠢᠯᠦᠭᠡ ᠲᠠᠢ᠃ ᠡᠶᠢᠨ ᠭᠦ ᠵᠢᠭᠠᠨ | ᠰᠤᠷᠭᠠᠯᠲᠠ ᠶᠢᠨ ᠶᠠᠪᠤᠴᠠ ᠳᠤ᠂ ᠰᠤᠷᠤᠭᠴᠢᠳ ᠪᠦᠲᠦᠭᠡᠯᠴᠢ ᠴᠢᠨᠠᠷᠲᠠᠢ ᠪᠠᠷ ᠴᠡᠴᠡᠭ ᠬᠤᠸᠠᠷ ᠤᠨ ᠬᠡᠯᠪᠡᠷᠢ᠂ | ᠠᠯᠠᠭᠠᠨ ᠬᠡᠯᠪᠡᠷᠢ᠂ ᠵᠢᠭᠠᠰᠤᠨ ᠬᠠᠶᠢᠷᠠᠰᠤᠨ ᠬᠡᠯᠪᠡᠷᠢ ᠵᠡᠷᠭᠡ ᠪᠤᠰᠤᠳ ᠬᠡᠯᠪᠡᠷᠢ ᠶᠢ ᠵᠢᠷᠤᠭᠰᠠᠨ ᠨᠢ ᠰᠤᠷᠤᠭᠴᠢᠳ ᠤᠨ | ᠰᠤᠷᠤᠯᠴᠠᠬᠤ᠂ ᠰᠡᠳᠬᠢᠬᠦ ᠤᠷᠮ᠎ᠠ ᠵᠣᠷᠢᠭ ᠨᠢ ᠳᠠᠶᠢᠴᠢᠯᠠᠭᠳᠠᠭᠰᠠᠨ ᠭᠡᠵᠦ ᠬᠡᠯᠡᠵᠦ ᠪᠣᠯᠣᠨ᠎ᠠ᠃ | 4. ᠰᠤᠷᠤᠭᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠳᠤ ᠠᠰᠢᠭᠲᠠᠢ᠃ ᠤᠯᠠᠮᠵᠢᠯᠠᠯᠲᠤ | ᠵᠢᠭᠠᠨ ᠰᠤᠷᠭᠠᠯᠲᠠ ᠨᠢ ᠶᠡᠷᠦ ᠨᠢ ᠪᠠᠭᠰᠢ ᠶᠢᠨ ᠬᠢᠴᠢᠶᠡᠯᠯᠡᠬᠦ ᠪᠠᠷ ᠭᠤᠣᠯ ᠪᠣᠯᠭᠠᠵᠤ᠂ ᠰᠤᠷᠤᠭᠴᠢᠳ ᠰᠠᠨᠠᠭᠠᠴᠢᠯᠠᠭ᠎ᠠ | ᠦᠭᠡᠢ ᠬᠦᠯᠢᠶᠡᠨ ᠠᠪᠳᠠᠭ᠃ ᠰᠡᠳᠬᠢᠬᠦᠢ ᠶᠢᠨ ᠵᠢᠷᠤᠭ ᠢ ᠬᠡᠷᠡᠭᠯᠡᠪᠡᠯ ᠰᠤᠷᠤᠭᠴᠢᠳ ᠤᠨ ᠭᠤᠣᠯ ᠴᠣᠭᠴᠠ ᠶᠢᠨ | ᠪᠠᠶᠢᠷᠢ ᠰᠠᠭᠤᠷᠢ ᠶᠢ ᠭᠦᠢᠴᠡᠳ ᠢᠯᠡᠷᠡᠭᠦᠯᠵᠦ ᠴᠢᠳᠠᠨ᠎ᠠ᠃ ᠰᠤᠷᠤᠭᠴᠢᠳ ᠰᠡᠳᠬᠢᠬᠦᠢ ᠶᠢᠨ ᠵᠢᠷᠤᠭ ᠵᠢᠷᠤᠬᠤ ᠳᠤ ᠪᠠᠨ | ᠮᠡᠳᠡᠯᠭᠡ ᠶᠢ ᠲᠠᠰᠤᠷᠠᠯᠲᠠ ᠦᠭᠡᠢ ᠰᠡᠳᠬᠢᠨ ᠪᠣᠳᠣᠯᠬᠢᠯᠠᠵᠤ᠂ ᠬᠤᠷᠢᠶᠠᠩᠭᠤᠶᠢᠯᠠᠵᠤ᠂ ᠡᠮᠬᠢᠯᠡᠨ ᠨᠡᠶᠢᠯᠡᠭᠦᠯᠬᠦ ᠠᠵᠢᠯ ᠢ | ᠬᠢᠳᠡᠭ᠃ ᠡᠨᠡ ᠬᠦ ᠶᠠᠪᠤᠴᠠ ᠳᠤ ᠰᠤᠷᠤᠭᠴᠢᠳ ᠰᠡᠳᠬᠢᠬᠦᠢ ᠶᠢᠨ ᠵᠢᠷᠤᠭ ᠢ ᠵᠢᠷᠤᠬᠤ ᠪᠠ ᠴᠡᠭᠡᠵᠢᠯᠡᠬᠦᠢ ᠶᠢᠨ | ᠬᠡᠷᠡᠭᠯᠡᠯᠲᠡ ᠶᠢᠨ ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠬᠤ ᠪᠣᠯᠣᠨ᠎ᠠ᠃ | ᠳᠥᠷᠪᠡ᠂ ᠳᠡᠭᠡᠳᠦ ᠳᠤᠮᠳᠠᠳᠤ ᠶᠢᠨ ᠲᠡᠦᠬᠡ ᠶᠢᠨ ᠵᠢᠭᠠᠨ ᠰᠤᠷᠭᠠᠯᠲᠠ ᠳᠠᠬᠢ ᠰᠡᠳᠬᠢᠬᠦᠢ ᠶᠢᠨ ᠵᠢᠷᠤᠭ ᠤᠨ | ᠬᠡᠷᠡᠭᠯᠡᠯᠲᠡ ᠶᠢᠨ ᠪᠣᠳᠠᠲᠠᠢ ᠵᠢᠱᠢᠶ᠎ᠡ | ᠰᠡᠳᠬᠢᠬᠦᠢ ᠶᠢᠨ ᠵᠢᠷᠤᠭ ᠪᠣᠯ ᠨᠢᠭᠡ ᠵᠦᠢᠯ ᠤᠨ ᠳᠦᠷᠰᠦᠵᠢᠭᠦᠯᠬᠦ ᠰᠡᠳᠬᠢᠬᠦᠢ ᠶᠢᠨ ᠪᠠᠭᠠᠵᠢ᠂ ᠶᠡᠷᠦ ᠳᠤ ᠪᠠᠨ | ᠬᠥᠮᠥᠰ ᠤᠨ ᠮᠡᠳᠡᠭᠡ ᠵᠠᠩᠭᠢ ᠶᠢ ᠣᠶᠢᠯᠠᠭᠠᠬᠤ ᠪᠠ ᠴᠡᠭᠡᠵᠢᠯᠡᠬᠦ ᠳᠤ ᠬᠡᠷᠡᠭᠯᠡᠭᠳᠡᠳᠡᠭ᠃ ᠳᠡᠭᠡᠳᠦ ᠳᠤᠮᠳᠠᠳᠤ ᠶᠢᠨ | ᠲᠡᠦᠬᠡ ᠶᠢᠨ ᠬᠢᠴᠢᠶᠡᠯ ᠤᠨ ᠲᠠᠩᠬᠢᠮ ᠳᠤ᠂ ᠰᠡᠳᠬᠢᠬᠦᠢ ᠶᠢᠨ ᠵᠢᠷᠤᠭ ᠨᠢ ᠰᠤᠷᠤᠭᠴᠢᠳ ᠢ ᠬᠠᠪᠰᠤᠷᠤᠨ ᠲᠡᠦᠬᠡᠨ ᠬᠡᠷᠡᠭ | ᠶᠠᠪᠤᠳᠠᠯ ᠪᠠ ᠬᠥᠮᠥᠰ ᠤᠨ ᠬᠠᠷᠢᠴᠠᠭ᠎ᠠ ᠶᠢ ᠣᠶᠢᠯᠠᠭᠠᠨ ᠡᠮᠬᠢᠯᠡᠭᠦ ᠳᠤ ᠲᠤᠩ ᠶᠡᠭᠡ ᠲᠤᠰᠠ ᠪᠣᠯᠳᠠᠭ᠃ ᠵᠢᠱᠢᠶᠡᠯᠡᠪᠡᠯ᠂ | ᠨᠢᠭᠡᠨ ᠰᠢᠨ᠎ᠡ ᠲᠡᠦᠬᠡᠨ ᠴᠠᠭ ᠦᠶ᠎ᠡ ᠶᠢ ᠰᠤᠷᠤᠯᠴᠠᠬᠤ ᠦᠶᠡᠰ᠂ ᠪᠠᠭᠰᠢ ᠨᠢ ᠰᠡᠳᠬᠢᠬᠦᠢ ᠶᠢᠨ ᠵᠢᠷᠤᠭ ᠢ ᠠᠰᠢᠭᠯᠠᠨ | ᠰᠤᠷᠤᠭᠴᠢᠳ ᠢ ᠬᠠᠪᠰᠤᠷᠤᠨ ᠡᠨᠡ ᠬᠦ ᠴᠠᠭ ᠦᠶ᠎ᠡ ᠶᠢᠨ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ ᠵᠡᠷᠭᠡ | ᠲᠠᠯ᠎ᠠ ᠶᠢᠨ ᠪᠠᠶᠢᠳᠠᠯ ᠢ ᠣᠶᠢᠯᠠᠭᠠᠭᠤᠯᠵᠤ ᠪᠣᠯᠣᠨ᠎ᠠ᠃ ᠰᠤᠷᠤᠭᠴᠢᠳ ᠪᠠᠭᠰᠢ ᠶᠢᠨ ᠥᠭᠭᠦᠭᠰᠡᠨ ᠮᠡᠳᠡᠭᠡ ᠵᠠᠩᠭᠢ ᠶᠢ | ᠦᠨᠳᠦᠰᠦᠯᠡᠨ᠂ ᠰᠡᠳᠬᠢᠬᠦᠢ ᠶᠢᠨ ᠵᠢᠷᠤᠭ ᠵᠢᠷᠤᠵᠤ ᠡᠳᠡᠭᠡᠷ ᠮᠡᠳᠡᠭᠡ ᠵᠠᠩᠭᠢ ᠶᠢᠨ ᠬᠤᠭᠤᠷᠣᠨᠳᠣᠬᠢ ᠬᠠᠷᠢᠴᠠᠭ᠎ᠠ ᠶᠢ | ᠢᠯᠡᠳᠬᠡᠵᠦ ᠪᠣᠯᠣᠨ᠎ᠠ᠃ ᠢᠩᠭᠢᠪᠡᠯ ᠰᠤᠷᠤᠭᠴᠢᠳ ᠳᠠᠷᠤᠢ ᠡᠨᠡ ᠬᠦ ᠴᠠᠭ ᠦᠶ᠎ᠡ ᠶᠢᠨ ᠡᠯ᠎ᠡ ᠲᠠᠯ᠎ᠠ ᠶᠢᠨ ᠪᠠᠶᠢᠳᠠᠯ ᠢ | ᠨᠡᠩ ᠰᠢᠭᠤᠳ ᠣᠶᠢᠯᠠᠭᠠᠵᠤ᠂ ᠡᠳᠡᠭᠡᠷ ᠮᠡᠳᠡᠭᠡ ᠵᠠᠩᠭᠢ ᠶᠢ ᠨᠡᠩ ᠬᠢᠯᠪᠠᠷᠬᠠᠨ ᠴᠡᠭᠡᠵᠢᠯᠡᠳᠡᠭ᠃ ᠡᠭᠦᠨ ᠠᠴᠠ ᠭᠠᠳᠠᠨ᠎ᠠ᠂ | ᠰᠡᠳᠬᠢᠬᠦᠢ ᠶᠢᠨ ᠵᠢᠷᠤᠭ ᠨᠢ ᠪᠠᠰᠠ ᠰᠤᠷᠤᠭᠴᠢᠳ ᠢ ᠬᠠᠪᠰᠤᠷᠤᠨ ᠲᠡᠦᠬᠡᠨ ᠬᠥᠮᠥᠨ ᠤ ᠮᠡᠳᠡᠭᠡ ᠵᠠᠩᠭᠢ ᠶᠢ ᠡᠮᠬᠢᠯᠡᠵᠦ | ᠪᠣᠯᠣᠨ᠎ᠠ᠃ ᠨᠢᠭᠡᠨ ᠲᠡᠦᠬᠡᠨ ᠬᠥᠮᠥᠨ ᠢ ᠰᠤᠷᠤᠯᠴᠠᠬᠤ ᠦᠶ᠎ᠡ ᠳᠤ᠂ ᠰᠤᠷᠤᠭᠴᠢᠳ ᠪᠠᠭᠰᠢ ᠶᠢᠨ ᠬᠠᠩᠭᠠᠭᠰᠠᠨ | ᠮᠡᠳᠡᠭᠡ ᠵᠠᠩᠭᠢ ᠶᠢ ᠦᠨᠳᠦᠰᠦᠯᠡᠨ᠂ ᠡᠨᠡ ᠬᠦ ᠬᠥᠮᠥᠨ ᠤ ᠰᠡᠳᠬᠢᠬᠦᠢ ᠶᠢᠨ ᠵᠢᠷᠤᠭ ᠢ ᠵᠢᠷᠤᠵᠤ ᠭᠠᠷᠭᠠᠵᠤ | ᠪᠣᠯᠣᠨ᠎ᠠ᠃ ᠢᠩᠭᠢᠪᠡᠯ ᠰᠤᠷᠤᠭᠴᠢᠳ ᠳᠠᠷᠤᠢ ᠡᠨᠡ ᠬᠦ ᠬᠥᠮᠥᠨ ᠤ ᠨᠢᠭᠡ ᠨᠠᠰᠤᠨ ᠤ ᠦᠢᠯᠠ ᠠᠵᠢᠯᠯᠠᠭ᠎ᠠ᠂ ᠬᠤᠪᠢ | ᠨᠡᠮᠡᠷᠢ᠂ ᠠᠮᠵᠢᠯᠲᠠ ᠪᠦᠲᠦᠭᠡᠯ ᠵᠡᠷᠭᠡ ᠮᠡᠳᠡᠭᠡ ᠵᠠᠩᠭᠢ ᠶᠢ ᠨᠡᠩ ᠰᠢᠭᠤᠳ ᠣᠶᠢᠯᠠᠭᠠᠬᠤ ᠮᠥᠷᠲᠡᠭᠡᠨ ᠡᠳᠡᠭᠡᠷ ᠮᠡᠳᠡᠭᠡ | ᠵᠠᠩᠭᠢ ᠶᠢ ᠨᠡᠩ ᠬᠢᠯᠪᠠᠷᠬᠠᠨ ᠴᠡᠭᠡᠵᠢᠯᠡᠳᠡᠭ᠃ | ᠳᠣᠣᠷ᠎ᠠ ᠠᠷᠠᠳ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶᠠᠨ ᠤ ᠡᠩ ᠤᠨ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ ᠶᠢᠨ ᠲᠤᠷᠰᠢᠯᠲᠠ ᠶᠢᠨ ᠰᠤᠷᠬᠤ ᠪᠢᠴᠢᠭ — ᠲᠡᠤᠬᠡ ᠶᠢᠨ | ᠵᠠᠪᠠᠯ ᠰᠤᠷᠬᠤ ᠬᠤᠶᠠᠳᠤᠭᠠᠷ ᠳᠡᠪᠲᠡᠷ ᠤᠨ ᠲᠠᠪᠤᠳᠤᠭᠠᠷ ᠬᠢᠴᠢᠶᠡᠯ ︽ᠳᠠᠯᠠᠢ ᠶᠢᠨ ᠰᠢᠨ᠎ᠡ ᠵᠠᠮ ᠢ ᠨᠡᠭᠡᠭᠡᠭᠰᠡᠨ︾ ᠭᠡᠬᠦ | ᠬᠢᠴᠢᠶᠡᠯ ᠢᠶᠠᠷ ᠵᠢᠱᠢᠶᠡᠯᠡᠵᠦ᠂ ᠲᠡᠦᠬᠡ ᠶᠢᠨ ᠬᠢᠴᠢᠶᠡᠯ ᠤᠨ ᠲᠠᠩᠬᠢᠮ ᠳᠤ ᠰᠡᠳᠬᠢᠬᠦᠢ ᠶᠢᠨ ᠵᠢᠷᠤᠭ ᠢ ᠬᠡᠷᠬᠢᠨ ᠪᠣᠳᠠᠲᠠᠢ | ᠬᠡᠷᠡᠭᠯᠡᠬᠦ ᠲᠤᠬᠠᠢ ᠶᠠᠷᠢᠶ᠎ᠠ᠃ | ᠨᠢᠭᠡᠳᠦᠭᠡᠷ ᠠᠯᠬᠤᠮ᠄ ᠬᠢᠴᠢᠶᠡᠯ ᠤᠨ ᠳᠡᠪᠲᠡᠷ ᠤᠨ ᠠᠭᠤᠯᠭ᠎ᠠ ᠶᠢ ᠳᠡᠯᠭᠡᠨ ᠦᠵᠡᠭᠦᠯᠵᠦ᠂ ᠵᠠᠩᠭᠢᠯᠠᠭ᠎ᠠ ᠶᠢᠨ | ᠦᠭᠡ ᠶᠢ ᠲᠣᠳᠣᠷᠬᠠᠶᠢᠯᠠᠨ᠎ᠠ᠃ ᠲᠣᠰ ᠬᠢᠴᠢᠶᠡᠯ ᠤᠨ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠨᠢ᠄ ︽1. ᠳ᠋ᠢᠶᠠᠰ᠂ | ᠺᠣᠯᠤᠮᠪᠤ ᠶᠢᠨ ᠳᠠᠯᠠᠢ ᠶᠢᠨ ᠰᠢᠨ᠎ᠡ ᠵᠠᠮ ᠢ ᠨᠠᠭᠡᠭᠡᠭᠰᠡᠨ ᠲᠠᠤᠬᠡᠨ ᠪᠣᠳᠠᠲᠤ ᠬᠡᠷᠡᠭ ᠢ ᠲᠦᠢᠮᠣ ᠲᠣᠭᠠᠴᠢᠵᠤ᠂ | ᠳᠡᠯᠡᠬᠡᠢ ᠶᠢᠨ ᠵᠠᠬ᠎ᠠ ᠳᠡᠯᠭᠡᠭᠦᠷ ᠤᠨ ᠪᠦᠷᠢᠯᠳᠦᠬᠦ ᠳᠤ ᠦᠵᠡᠭᠦᠯᠦᠭᠰᠡᠨ ᠭᠠᠵᠠᠷ ᠵᠦᠢ ᠶᠢᠨ ᠶᠡᠭᠡ ᠢᠯᠡᠷᠡᠭᠦᠯᠦᠯᠲᠡ ᠶᠢᠨ | ᠠᠴᠢ ᠬᠤᠯᠪᠣᠭᠳᠠᠯ ᠢ ᠲᠠᠨᠢᠨ᠎ᠠ︾᠃ 2. ︽ᠬᠤᠯᠠᠨᠳ᠋᠂ ᠠᠩᠭ᠍ᠯᠢ ᠶᠢᠨ ᠺᠣᠯᠣᠨᠢ ᠣᠷᠣᠨ ᠪᠠᠯᠠᠮᠠᠳᠯᠠᠨ ᠳᠡᠭᠡᠷᠡᠮᠳᠡᠭᠰᠡᠨ | ᠲᠡᠦᠬᠡᠨ ᠪᠣᠳᠠᠲᠤ ᠬᠡᠷᠡᠭ ᠢ ᠵᠢᠭᠰᠠᠭᠠᠵᠤ᠂ ᠺᠣᠯᠣᠨᠢᠴᠢᠯᠠᠯ ᠤᠨ ᠥᠷᠭᠡᠳᠬᠡᠯ ᠪᠠ ᠳᠡᠭᠡᠷᠡᠮᠳᠡᠯᠭᠡ ᠪᠣᠯ ᠬᠥᠷᠥᠩᠭᠡᠲᠦ | ᠶᠣᠰᠣᠨ ᠤ ᠬᠦᠴᠦᠷᠬᠡᠭ ᠤᠯᠤᠰ ᠤᠳ ᠤᠨ ᠳᠡᠯᠡᠬᠡᠢ ᠶᠢᠨ ᠵᠠᠬ᠎ᠠ ᠳᠡᠯᠭᠡᠭᠦᠷ ᠪᠠᠶᠢᠭᠤᠯᠤᠭᠰᠠᠨ ᠭᠤᠣᠯ ᠠᠷᠭ᠎ᠠ ᠵᠠᠮ | ᠪᠣᠯᠬᠤ ᠶᠢ ᠲᠠᠨᠢᠨ᠎ᠠ︾᠃ ᠬᠢᠴᠢᠶᠡᠯ ᠤᠨ ᠪᠠᠷᠢᠮᠵᠢᠶ᠎ᠠ ᠶᠢᠨ ᠠᠭᠤᠯᠭ᠎ᠠ ᠶᠢ ᠦᠨᠳᠦᠰᠦᠯᠡᠨ᠂ ᠵᠠᠩᠭᠢᠯᠠᠭ᠎ᠠ ᠶᠢᠨ ᠦᠭᠡ ᠶᠢ | ᠡᠷᠢᠵᠦ ᠭᠠᠷᠭᠠᠬᠤ ᠶᠠᠪᠤᠴᠠ ᠳᠤ ᠰᠤᠷᠤᠭᠴᠢᠳ ᠰᠡᠳᠬᠢᠬᠦᠢ ᠪᠠᠨ ᠰᠠᠳᠠᠷᠠᠭᠤᠯᠵᠤ᠂ ᠪᠤᠰᠤᠳ ᠮᠡᠳᠡᠯᠭᠡ ᠶᠢᠨ ᠴᠡᠭ ᠢ | ᠬᠤᠯᠪᠣᠨ ᠪᠣᠳᠣᠵᠤ ᠣᠯᠣᠨ᠎ᠠ᠃ ᠵᠢᠱᠢᠶᠡᠯᠡᠪᠡᠯ᠂ ᠶᠠᠭᠤᠨ ᠳᠤ ᠨᠡᠭᠡᠭᠡᠬᠦ᠂ ᠶᠠᠭᠠᠬᠢᠵᠤ ᠨᠡᠭᠡᠭᠡᠬᠦ᠂ ᠨᠡᠭᠡᠭᠡᠭᠰᠡᠨ ᠤ | ᠲᠠᠷᠠᠭ᠎ᠠ ᠶᠠᠮᠠᠷ ᠨᠥᠯᠥᠭᠡ ᠠᠪᠴᠢᠷᠠᠬᠤ ᠵᠡᠷᠭᠡ ᠪᠣᠯᠣᠨ᠎ᠠ᠃ ᠳᠠᠷᠠᠭ᠎ᠠ ᠨᠢ ᠰᠤᠷᠤᠭᠴᠢᠳ ᠢ ᠬᠥᠲᠥᠯᠥᠨ ᠵᠢᠯᠤᠭᠤᠳᠴᠤ | ᠲᠣᠰ ᠬᠢᠴᠢᠶᠡᠯ ᠤᠨ ᠭᠤᠣᠯᠳᠠᠯᠭ᠎ᠠ ᠪᠠ ᠬᠦᠴᠢᠷᠳᠡᠯᠭᠡ ᠶᠢᠨ ᠠᠰᠠᠭᠤᠳᠠᠯ ᠢ ᠠᠩᠬᠠᠷᠤᠭᠤᠯᠤᠨ᠎ᠠ᠃ ᠲᠣᠰ ᠬᠢᠴᠢᠶᠡᠯ ᠤᠨ | ᠭᠤᠣᠯᠳᠠᠯᠭ᠎ᠠ ᠪᠣᠯ ᠳᠠᠯᠠᠢ ᠶᠢᠨ ᠰᠢᠨ᠎ᠡ ᠵᠠᠮ ᠢ ᠨᠡᠭᠡᠭᠡᠭᠰᠡᠨ ᠤ ᠳᠡᠯᠡᠬᠡᠢ ᠶᠢᠨ ᠵᠠᠬ᠎ᠠ ᠳᠡᠯᠭᠡᠭᠦᠷ ᠲᠤ ᠦᠵᠡᠭᠦᠯᠦᠭᠰᠡᠨ | ᠨᠥᠯᠥᠭᠡ᠃ ᠬᠦᠴᠢᠷᠳᠡᠯᠭᠡ ᠨᠢ ᠳᠠᠯᠠᠢ ᠶᠢᠨ ᠰᠢᠨ᠎ᠡ ᠵᠠᠮ ᠢ ᠨᠡᠭᠡᠭᠡᠭᠰᠡᠨ ᠨᠢ ᠰᠢᠯᠲᠠᠭᠠᠨ ᠪᠠ ᠨᠥᠬᠦᠴᠡᠯ ᠪᠣᠯᠣᠨ᠎ᠠ᠃ | ᠬᠢᠴᠢᠶᠡᠯ ᠤᠨ ᠪᠠᠷᠢᠮᠵᠢᠶ᠎ᠠ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠰᠤᠷᠤᠭᠴᠢᠳ ᠲᠤ ᠲᠣᠰ ᠬᠢᠴᠢᠶᠡᠯ ᠤᠨ | ᠵᠢᠭᠠᠨ ᠰᠤᠷᠭᠠᠯᠲᠠ ᠶᠢᠨ ᠭᠤᠣᠯ ᠰᠡᠳᠦᠪ ᠢ ᠣᠶᠢᠯᠠᠭᠠᠭᠤᠯᠤᠨ᠎ᠠ᠄ | ︵1︶ ᠳᠠᠯᠠᠢ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠶᠢᠨ ᠰᠢᠯᠲᠠᠭᠠᠨ ᠪᠠ ᠨᠥᠬᠦᠴᠡᠯ᠂ ᠭᠤᠣᠯ ᠪᠣᠯᠬᠤ | ᠳᠠᠯᠠᠶᠢᠴᠢᠨ᠂ ᠴᠠᠭ᠂ ᠶᠠᠪᠤᠭᠰᠠᠨ ᠵᠠᠮ ᠵᠡᠷᠭᠡ ᠦᠨᠳᠦᠰᠦᠨ ᠲᠡᠦᠬᠡᠨ ᠪᠣᠳᠠᠲᠤ ᠪᠠᠶᠢᠳᠠᠯ ᠵᠢᠴᠢ ᠳᠠᠯᠠᠢ ᠶᠢᠨ ᠰᠢᠨ᠎ᠡ | ᠵᠠᠮ ᠢ ᠨᠡᠭᠡᠭᠡᠭᠰᠡᠨ ᠨᠢ ᠳᠡᠯᠡᠬᠡᠢ ᠳ᠋ᠠᠬᠢᠨ ᠳᠤ ᠶᠠᠮᠠᠷ ᠨᠥᠯᠥᠭᠡ ᠦᠵᠡᠭᠦᠯᠦᠭᠰᠡᠨ ᠢ ᠠᠩᠬ᠎ᠠ ᠠᠯᠬᠤᠮ ᠣᠶᠢᠯᠠᠭᠠᠨ᠎ᠠ᠃ | ︵2︶ ᠬᠢᠴᠢᠶᠡᠯ ᠤᠨ ᠲᠠᠩᠬᠢᠮ ᠤᠨ ᠶᠠᠷᠢᠯᠴᠠᠭ᠎ᠠ ᠵᠡᠷᠭᠡ ᠭᠦᠳᠠᠯᠪᠤᠷᠢ ᠪᠠᠷ ᠳᠠᠮᠵᠢᠭᠤᠯᠤᠨ᠂ ᠰᠤᠷᠤᠭᠴᠢᠳ ᠤᠨ | ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠠ ᠬᠤᠯᠪᠣᠭᠳᠠᠯ ᠪᠦᠬᠦᠢ ᠲᠡᠦᠬᠡᠨ ᠬᠥᠮᠥᠰ ᠢ ᠪᠥᠬᠦ ᠲᠠᠯ᠎ᠠ ᠪᠠᠷ | ᠪᠤᠰᠤᠳᠴᠢ ᠪᠠᠷ ᠦᠨᠡᠯᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ | ︵3︶ ᠳᠠᠯᠠᠶᠢᠴᠢᠳ ᠤᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠵᠣᠷᠢᠭᠲᠠᠢ ᠪᠠᠷ ᠪᠤᠰᠤᠳ ᠠᠴᠠ | ᠳᠠᠪᠠᠭ᠋ᠤ ᠵᠣᠷᠢᠭ ᠰᠠᠨᠠᠭ᠎ᠠ ᠶᠢ ᠰᠤᠷᠤᠯᠴᠠᠨ᠎ᠠ᠃ | ᠬᠤᠶᠠᠳᠤᠭᠠᠷ ᠠᠯᠬᠤᠮ᠄ ᠮᠡᠳᠡᠯᠭᠡ ᠶᠢᠨ ᠴᠡᠭ ᠢ ᠡᠮᠬᠢᠳᠬᠡᠵᠦ᠂ ᠰᠦᠪᠡᠭᠴᠢ ᠶᠢ ᠡᠮᠬᠢᠯᠡᠨ᠎ᠡ᠃ ᠲᠣᠰ | ᠬᠢᠴᠢᠶᠡᠯ ᠨᠢ ᠳᠠᠯᠠᠢ ᠶᠢᠨ ᠰᠢᠨ᠎ᠡ ᠵᠠᠮ ᠢ ᠨᠡᠭᠡᠭᠡᠬᠦ ᠪᠠᠷ ᠭᠤᠣᠯ ᠰᠡᠳᠦᠪ ᠪᠣᠯᠭᠠᠵᠤ᠂ ᠭᠤᠣᠯᠳᠠᠭᠤ ᠬᠡᠷᠡᠭ ᠶᠠᠪᠤᠳᠠᠯ ᠤᠨ | ᠴᠠᠭ᠂ ᠰᠢᠯᠲᠠᠭᠠᠨ᠂ ᠨᠥᠬᠦᠴᠡᠯ᠂ ᠥᠩᠭᠡᠷᠡᠯᠲᠡ᠂ ᠦᠷ᠎ᠡ ᠳ᠋ᠦᠩ ᠵᠢᠴᠢ ᠨᠥᠯᠥᠭᠡ ᠵᠡᠷᠭᠡ ᠪᠠᠷ ᠭᠠᠷᠳᠠᠬᠤ ᠴᠡᠭ | ᠪᠣᠯᠭᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠨᠡ ᠬᠦ ᠰᠡᠳᠬᠢᠮᠵᠢ ᠶᠢ ᠦᠨᠳᠦᠰᠦᠯᠡᠨ | ᠰᠦᠪᠡᠭᠴᠢ ᠶᠢ ᠡᠮᠬᠢᠯᠡᠨ ᠳᠢᠭᠯᠡᠵᠦ᠂ ᠰᠤᠷᠤᠯᠴᠠᠬᠤ ᠵᠠᠮ ᠮᠥᠷ ᠢ ᠰᠢᠯᠤᠭᠤᠳᠬᠠᠨ᠎ᠠ᠃ | ᠭᠤᠷᠪᠠᠳᠤᠭᠠᠷ ᠠᠯᠬᠤᠮ᠄ ᠰᠡᠳᠬᠢᠬᠦᠢ ᠶᠢᠨ ᠵᠢᠷᠤᠭ ᠢ ᠵᠢᠷᠤᠨ᠎ᠠ᠃ ︽ᠨᠡᠭᠡᠭᠡᠬᠦ︾ ᠪᠠᠷ ᠭᠤᠣᠯ ᠰᠡᠳᠦᠪ ᠪᠣᠯᠭᠠᠵᠤ᠂ | ᠳᠦᠷᠪᠡᠨ ᠰᠠᠯᠪᠤᠷᠢ ᠭᠤᠣᠯ ᠰᠡᠳᠦᠪ ᠬᠤᠪᠢᠶᠠᠪᠠ᠃ ᠲᠤᠰ ᠲᠤᠰ ᠰᠢᠯᠲᠠᠭᠠᠨ᠂ ᠨᠥᠬᠦᠴᠡᠯ᠂ ᠥᠩᠭᠡᠷᠡᠯᠲᠡ᠂ ᠨᠥᠯᠥᠭᠡ | ᠪᠣᠯᠣᠨ᠎ᠠ᠃ ᠡᠨᠡ ᠬᠡᠳᠦᠨ ᠰᠠᠯᠪᠤᠷᠢ ᠰᠡᠳᠦᠪ ᠢᠶᠠᠷ ᠰᠡᠳᠬᠢᠬᠦᠢ ᠪᠠᠨ ᠰᠠᠳᠠᠷᠠᠭᠤᠯᠪᠠᠯ᠄ ᠤᠴᠢᠷ ᠰᠢᠯᠲᠠᠭᠠᠨ ᠠᠴᠠ ᠠᠵᠤ | ᠠᠬᠤᠢ ᠶᠢᠨ ᠦᠨᠳᠦᠰᠦ ᠰᠤᠷᠪᠤᠯᠵᠢ᠂ ᠨᠡᠶᠢᠭᠡᠮ ᠤᠨ ᠦᠨᠳᠦᠰᠦ ᠰᠤᠷᠪᠤᠯᠵᠢ᠂ ᠤᠶᠤᠨ ᠰᠠᠨᠠᠭᠠᠨ ᠤ ᠬᠥᠳᠡᠯᠭᠡᠬᠦ | ᠬᠦᠴᠦᠨ ᠪᠠ ᠰᠢᠭᠤᠳ ᠰᠢᠯᠲᠠᠭᠠᠨ ᠢ ᠬᠤᠯᠪᠣᠨ ᠪᠣᠳᠣᠭᠤᠯᠤᠨ᠎ᠠ᠃ ᠨᠥᠬᠦᠴᠡᠯ ᠠᠴᠠ ᠪᠤᠰᠤᠳᠴᠢ ᠨᠥᠬᠦᠴᠡᠯ ᠪᠠ | ᠪᠡᠶᠡᠴᠢ ᠨᠥᠬᠦᠴᠡᠯ ᠢ ᠬᠤᠯᠪᠣᠨ ᠪᠣᠳᠣᠬᠤ᠂ ᠥᠩᠭᠡᠷᠡᠯᠲᠡ ᠠᠴᠠ ᠳ᠋ᠢᠶᠠᠰ᠂ ᠳ᠋ᠠ ᠭᠠᠮᠨ᠂ ᠺᠣᠯᠤᠮᠪᠤ᠂ ᠮᠧᠵᠧᠯᠧᠨ ᠤ | ᠠᠶᠠᠯᠠᠯ ᠤᠨ ᠵᠠᠮ᠂ ᠨᠥᠯᠥᠭᠡ ᠠᠴᠠ ᠢᠳᠡᠪᠬᠢᠲᠡᠶ ᠨᠥᠯᠥᠭᠡ ᠪᠠ ᠨᠠᠵᠠᠭᠠᠢ ᠨᠥᠯᠥᠭᠡ ᠬᠦᠷᠲᠡᠯ᠎ᠡ᠃ ᠭᠤᠣᠯ ᠰᠡᠳᠦᠪ᠂ | ᠰᠠᠯᠪᠤᠷᠢ ᠭᠤᠣᠯ ᠰᠡᠳᠦᠪ ᠢ ᠲᠠᠷᠬᠠᠭᠠᠨ ᠬᠤᠯᠪᠣᠨ ᠪᠤᠳᠤᠬᠤ ᠪᠠᠷ ᠳᠠᠮᠵᠢᠭᠤᠯᠤᠨ ᠲᠣᠰ ᠬᠢᠴᠢᠶᠡᠯ ᠤᠨ | ᠰᠡᠳᠬᠢᠬᠦᠢ ᠶᠢᠨ ᠵᠢᠷᠤᠭ ᠢ ᠵᠢᠷᠤᠵᠤ ᠭᠠᠷᠭᠠᠨ᠎ᠠ᠃ | ᠳᠥᠷᠪᠡᠳᠦᠭᠡᠷ ᠠᠯᠬᠤᠮ᠄ ᠳᠤᠭᠤᠶᠢᠯᠠᠩ ᠤᠨ ᠶᠠᠷᠢᠯᠴᠠᠭ᠎ᠠ ᠪᠠᠷ ᠰᠡᠳᠬᠢᠬᠦᠢ ᠶᠢᠨ ᠵᠢᠷᠤᠭ ᠢ ᠨᠥᠬᠦᠪᠦᠷᠢᠯᠡᠵᠦ | ᠲᠡᠭᠦᠯᠳᠡᠷᠵᠢᠭᠦᠯᠦᠨ᠎ᠡ᠃ ᠰᠡᠳᠬᠢᠬᠦᠢ ᠶᠢᠨ ᠵᠢᠷᠤᠭ ᠢ ᠵᠢᠷᠤᠵᠤ ᠳᠠᠭᠤᠰᠬᠠᠭᠰᠠᠨ ᠰᠠᠭᠤᠷᠢᠨ ᠳᠡᠭᠡᠷ᠎ᠡ᠂ ᠰᠤᠷᠤᠭᠴᠢᠳ ᠢ | ᠵᠣᠬᠢᠶᠠᠨ ᠪᠠᠶᠢᠭᠤᠯᠤᠨ ᠳᠤᠭᠤᠶᠢᠯᠠᠩ ᠢᠶᠠᠷ ᠶᠠᠷᠢᠯᠴᠠᠭᠤᠯᠤᠨ᠂ ᠳᠤᠭᠤᠶᠢᠯᠠᠩ ᠳᠣᠲᠣᠷ᠎ᠠ ᠪᠠᠨ ᠥᠪᠡᠷ ᠥᠪᠡᠷ ᠤᠨ | ᠪᠦᠲᠦᠭᠡᠯ ᠢᠶᠠᠨ ᠬᠠᠷᠢᠯᠴᠠᠨ ᠳᠡᠯᠭᠡᠨ ᠦᠵᠡᠭᠦᠯᠵᠦ᠂ ᠬᠠᠷᠢᠯᠴᠠᠨ ᠲᠣᠯᠢ ᠪᠣᠯᠭᠠᠨ ᠰᠤᠷᠤᠯᠴᠠᠵᠤ᠂ ᠣᠨᠳᠣᠣ ᠰᠠᠨᠠᠯ | ᠭᠠᠷᠤᠭᠰᠠᠨ ᠬᠡᠰᠡᠭ ᠲᠤ ᠶᠠᠷᠢᠯᠴᠠᠬᠤ ᠪᠠ ᠵᠠᠰᠠᠪᠤᠷᠢ ᠣᠷᠣᠭᠤᠯᠤᠨ᠎ᠠ᠃ ᠪᠠᠭᠰᠢ ᠲᠠᠰᠤᠷᠠᠯᠳᠠ ᠦᠭᠡᠢ ᠲᠣᠭᠤᠷᠢᠨ | ᠪᠠᠶᠢᠴᠠᠭᠠᠵᠤ᠂ ᠴᠠᠭ ᠲᠤᠬᠠᠢ ᠳᠤ ᠨᠢ ᠲᠣᠬᠢᠷᠠᠭᠤᠯᠤᠨ ᠳᠤᠭᠤᠶᠢᠯᠠᠩ ᠤᠨ ᠵᠢᠷᠤᠭᠰᠠᠨ ᠰᠡᠳᠬᠢᠬᠦᠢ ᠶᠢᠨ ᠵᠢᠷᠤᠭ ᠲᠤ | ᠵᠢᠯᠣᠭᠤᠳᠤᠯᠭ᠎ᠠ ᠪᠠ ᠦᠨᠡᠯᠡᠯᠲᠡ ᠬᠢᠨ᠎ᠡ᠃ | ᠲᠠᠪᠤᠳᠤᠭᠠᠷ ᠠᠯᠬᠤᠮ᠄ ᠬᠡᠰᠡᠭ ᠪᠦᠲᠦᠭᠡᠯ ᠢ ᠳᠡᠯᠭᠡᠨ ᠦᠵᠡᠭᠦᠯᠦᠨ᠎ᠡ᠃ ᠪᠠᠭ᠎ᠠ ᠳᠤᠭᠤᠶᠢᠯᠠᠩ ᠨᠢ | ᠳᠤᠲᠠᠭᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠵᠠᠰᠠᠪᠤᠷᠢ ᠣᠷᠣᠭᠤᠯᠤᠭᠰᠠᠨ ᠰᠠᠭᠤᠷᠢᠨ ᠳᠡᠭᠡᠷ᠎ᠡ᠂ ᠪᠠᠭᠰᠢ ᠨᠢ | ᠰᠡᠳᠬᠢᠭᠦᠢ ᠶᠢᠨ ᠵᠢᠷᠤᠭ ᠤᠨ ᠨᠠᠷᠢᠯᠢᠬ ᠰᠠᠶᠢᠬᠠᠨ ᠪᠦᠲᠦᠭᠡᠯ ᠤᠳ ᠢ ᠰᠣᠩᠭᠤᠨ ᠳᠡᠯᠭᠡᠨ ᠦᠵᠡᠭᠦᠯᠬᠦ ᠶᠢᠨ ᠬᠠᠮᠲᠤ | ᠵᠣᠬᠢᠰᠲᠠᠢ ᠦᠨᠡᠯᠡᠯᠲᠡ ᠬᠢᠵᠦ᠂ ᠵᠢᠯᠣᠭᠤᠳᠤᠭᠴᠢ ᠶᠢᠨ ᠦᠢᠯᠡᠳᠦᠯ ᠢ ᠪᠠᠳᠠᠷᠠᠭᠤᠯᠤᠨ᠎ᠠ᠃ ᠡᠭᠦᠨ ᠤ ᠬᠠᠮᠲᠤ | ᠪᠦᠬᠦ᠋ᠢᠯᠡ ᠵᠢᠷᠤᠭ ᠵᠢᠷᠤᠬᠤ ᠶᠠᠪᠤᠴᠠ ᠳᠤ᠂ ᠰᠤᠷᠤᠭᠴᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠨᠢ ᠮᠠᠰᠢ | ᠰᠠᠶᠢᠨ ᠢᠶᠠᠷ ᠢᠯᠡᠷᠡᠪᠡ᠃ ᠰᠡᠳᠬᠢᠬᠦᠢ ᠶᠢᠨ ᠵᠢᠷᠤᠭ ᠢ ᠨᠢᠭᠡ ᠵᠦᠢᠯ ᠤᠨ ᠰᠢᠨ᠎ᠡ ᠰᠤᠷᠤᠯᠴᠠᠬᠤ ᠠᠷᠭ᠎ᠠ ᠪᠣᠳᠣᠯᠭ᠎ᠠ ᠪᠠ | ᠪᠠᠭᠠᠵᠢ ᠪᠣᠯᠭᠠᠵᠤ᠂ ᠵᠢᠷᠤᠭ ᠳᠦᠷᠰᠦ᠂ ᠵᠢᠷᠤᠭᠠᠰᠤ᠂ ᠵᠠᠩᠭᠢᠯᠠᠭ᠎ᠠ ᠶᠢᠨ ᠦᠭᠡ ᠵᠡᠷᠭᠡ ᠪᠠᠷ ᠲᠡᠦᠬᠡ ᠶᠢᠨ ᠮᠡᠳᠡᠯᠭᠡ ᠶᠢ | ᠬᠤᠯᠪᠣᠵᠤ᠂ ᠨᠢᠭᠡᠨ ᠳᠣᠲᠣᠭᠠᠳᠤ ᠬᠤᠯᠪᠣᠭ᠎ᠠ ᠲᠠᠢ ᠪᠦᠬᠦᠯᠢ ᠴᠣᠭᠴᠠ ᠶᠢ ᠪᠦᠷᠢᠯᠳᠦᠭᠦᠯᠦᠨ᠎ᠡ ᠭᠡᠵᠦ ᠬᠡᠯᠡᠵᠦ | ᠪᠣᠯᠣᠨ᠎ᠠ᠃ ᠮᠡᠳᠡᠯᠭᠡ ᠶᠢᠨ ᠴᠡᠭ ᠢ ᠰᠢᠰᠲ᠋ᠧᠮᠵᠢᠭᠦᠯᠵᠦ᠂ ᠳᠥᠭᠦᠮᠴᠢᠯᠡᠵᠦ᠂ ᠰᠤᠷᠤᠭᠴᠢᠳ ᠤᠨ ᠲᠡᠦᠬᠡ ᠰᠤᠷᠤᠯᠴᠠᠬᠤ | ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ | ᠲᠠᠪᠤ᠂ ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠳᠤ ᠰᠡᠳᠬᠢᠬᠦᠢ ᠶᠢᠨ ᠵᠢᠷᠤᠭ ᠢ | ᠬᠡᠷᠡᠭᠯᠡᠬᠦ ᠭᠤᠭᠴᠤᠭ᠎ᠠ | ︵ᠨᠢᠭᠡ︶ ᠬᠢᠴᠢᠶᠡᠯ ᠤᠨ ᠡᠮᠦᠨᠡᠬᠢ ᠰᠡᠳᠬᠢᠬᠦᠢ ᠶᠢᠨ ᠥᠨᠳᠥᠷ ᠪᠦᠲᠦᠮᠵᠢᠲᠡᠶ ᠵᠢᠷᠤᠭ ᠢ ᠴᠣᠭᠴᠠᠯᠠᠨ | ᠪᠠᠶᠢᠭᠤᠯᠬᠤ ᠪᠡᠯᠡᠳᠬᠡᠯ ᠭᠤᠭᠴᠤᠭ᠎ᠠ᠄ ᠰᠡᠳᠬᠢᠬᠦᠢ ᠶᠢᠨ ᠵᠢᠷᠤᠭ ᠪᠣᠯ ᠪᠡᠯᠡᠨ ᠪᠠᠶᠢᠭ᠎ᠠ ᠮᠡᠳᠡᠯᠭᠡ ᠶᠢᠨ ᠲᠣᠣᠷ ᠪᠠ | ᠪᠦᠲᠦᠴᠡ ᠪᠢᠰᠢ᠃ ᠲᠡᠷᠡ ᠪᠣᠯ ᠪᠠᠭᠰᠢ ᠪᠣᠯᠣᠨ ᠰᠤᠷᠤᠭᠴᠢᠳ ᠤᠨ ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ | ᠳᠡᠭᠡᠷ᠎ᠡ ᠬᠠᠮᠲᠤ ᠪᠠᠷ ᠡᠭᠦᠳᠦᠨ ᠪᠦᠲᠦᠭᠡᠭᠰᠡᠨ ᠣᠶᠤᠨ ᠰᠠᠨᠠᠭᠠᠨ ᠤ ᠦᠨᠡᠲᠦ ᠡᠷᠳᠡᠨᠢ ᠮᠥᠨ᠃ ᠲᠡᠦᠬᠡ ᠶᠢᠨ | ᠮᠡᠳᠡᠯᠭᠡ ᠶᠢᠨ ᠣᠬᠢ ᠰᠣᠳᠣ ᠶᠢ ᠢᠯᠡᠷᠡᠭᠦᠯᠵᠦ ᠴᠢᠳᠠᠬᠤ ᠴᠢᠬᠤᠯᠠ ᠬᠡᠰᠡᠭ ᠮᠥᠨ᠃ ᠡᠶᠢᠮᠦ ᠠᠴᠠ ᠥᠨᠳᠥᠷ | ᠪᠦᠲᠦᠮᠵᠢᠲᠡᠶ ᠬᠢᠴᠢᠶᠡᠯ ᠤᠨ ᠡᠮᠦᠨᠡᠬᠢ ᠰᠡᠳᠬᠢᠬᠦᠢ ᠶᠢᠨ ᠵᠢᠷᠤᠭ ᠢ ᠪᠠᠶᠢᠭᠤᠯᠬᠤ ᠪᠡᠯᠡᠳᠬᠡᠯ ᠤᠨ ᠭᠤᠭᠴᠤᠭ᠎ᠠ ᠪᠣᠯ | ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠳᠡᠭᠡᠷ᠎ᠡ ᠰᠡᠳᠬᠢᠬᠦᠢ ᠶᠢᠨ ᠵᠢᠷᠤᠭ ᠢ ᠬᠡᠷᠡᠭᠯᠡᠬᠦ ᠦᠷ᠎ᠡ ᠳ᠋ᠦᠩ ᠳᠤ | ᠪᠦᠲᠦᠮᠵᠢᠲᠡᠶ ᠬᠦᠷᠬᠦ ᠴᠢᠬᠤᠯᠠ ᠶᠠᠪᠤᠴᠠ ᠮᠥᠨ᠃ ᠪᠠᠭᠰᠢ ᠨᠠᠷ ᠡᠷᠬᠡᠪᠰᠢ ᠬᠢᠴᠢᠶᠡᠯ ᠤᠨ ᠡᠮᠦᠨᠡᠬᠢ ᠪᠡᠯᠡᠳᠬᠡᠯ ᠤᠨ | ᠴᠢᠬᠤᠯᠠ ᠴᠢᠨᠠᠷ ᠢ ᠠᠩᠬᠠᠷᠴᠤ᠂ ᠰᠡᠳᠬᠢᠬᠦᠢ ᠶᠢᠨ ᠵᠢᠷᠤᠭ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ | ᠪᠦᠬᠦᠯᠢ ᠴᠣᠭᠴᠠ ᠶᠢᠨ ᠲᠥᠷᠥᠭᠳᠡᠯ ᠢ ᠦᠨᠡᠨ ᠬᠦ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠵᠢᠱᠢᠶᠡᠯᠡᠪᠡᠯ᠂ | ᠠᠷᠠᠳ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶᠠᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ ᠶᠢᠨ ᠲᠤᠷᠰᠢᠯᠲᠠ ᠶᠢᠨ ᠰᠤᠷᠬᠤ ᠪᠢᠴᠢᠭ — ᠲᠡᠦᠬᠡ ᠶᠢᠨ ᠵᠠᠪᠠᠯ | ᠰᠤᠷᠬᠤ ᠬᠤᠶᠠᠳᠤᠭᠠᠷ ᠳᠡᠪᠲᠡᠷ ᠤᠨ ᠨᠢᠭᠡᠳᠦᠭᠡᠷ ᠬᠢᠴᠢᠶᠡᠯ ︽ᠡᠷᠲᠡᠨ ᠤ ᠦᠶ᠎ᠡ ᠶᠢᠨ ᠬᠥᠭᠵᠢᠭᠰᠡᠨ | ᠲᠠᠷᠢᠶᠠᠯᠠᠩ︾ ᠭᠡᠬᠦ ᠬᠢᠴᠢᠶᠡᠯ ᠤᠨ ᠵᠢᠭᠠᠨ ᠰᠤᠷᠭᠠᠯᠲᠠ ᠶᠢᠨ ᠶᠠᠪᠤᠴᠠ ᠳᠤ ᠴᠡᠭ ᠠᠴᠠ ᠱᠤᠭᠤᠮ ᠳᠤ ᠬᠦᠷᠬᠦ᠂ | ᠴᠡᠭ ᠠᠴᠠ ᠨᠡᠶᠢᠳᠡᠮ ᠳᠤ ᠬᠦᠷᠬᠦ ᠵᠢᠭᠠᠨ ᠰᠤᠷᠭᠠᠯᠲᠠ ᠶᠢᠨ ᠰᠡᠳᠬᠢᠬᠦᠢ ᠠᠴᠠ ᠡᠬᠢᠯᠡᠨ ᠲᠡᠦᠬᠡ ᠶᠢᠨ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠠᠭᠤᠯᠭ᠎ᠠ ᠶᠢᠨ ᠪᠡᠯᠡᠳᠬᠡᠯ ᠬᠢᠵᠦ᠂ ᠰᠤᠷᠤᠭᠴᠢᠳ ᠲᠤ ᠨᠡᠶᠢᠭᠡᠮ ᠤᠨ | ᠬᠥᠭᠵᠢᠯᠲᠡ ᠳᠤ ᠲᠠᠷᠢᠶᠠᠯᠠᠩ ᠤᠨ ᠦᠵᠡᠭᠦᠯᠬᠦ ᠦᠨ᠎ᠡ ᠦᠷᠳᠡᠭ ᠢ ᠤᠷᠢᠳ ᠢᠶᠠᠷ ᠰᠡᠳᠬᠢᠭᠦᠯᠵᠦ᠂ ᠵᠠᠯᠭᠠᠭᠠᠳ | ᠲᠡᠳᠡᠨ ᠢ ᠬᠥᠲᠥᠯᠥᠨ ᠵᠢᠯᠤᠭᠤᠳᠴᠤ ᠡᠷᠲᠡᠨ ᠤ ᠲᠠᠷᠢᠶᠠᠯᠠᠩ ᠤᠨ ᠶᠠᠮᠠᠷ ᠨᠡᠶᠢᠲᠡᠯᠢᠭ ᠪᠠᠭᠠᠵᠢ ᠪᠠ ᠮᠡᠷᠭᠡᠵᠢᠯ | ᠪᠠᠶᠢᠬᠤ ᠶᠢ ᠬᠠᠶᠢᠨ ᠰᠦᠪᠡᠭᠴᠢᠯᠡᠭᠦᠯᠵᠦ᠂ ᠡᠷᠲᠡᠨ ᠤ ᠨᠡᠶᠢᠭᠡᠮ ᠤᠨ ᠲᠠᠪᠰᠢᠯᠳᠠ ᠳᠤ ᠶᠠᠮᠠᠷ ᠵᠠᠩᠭᠢᠯᠠᠭ᠎ᠠ ᠶᠢᠨ ᠴᠢᠨᠠᠷᠲᠠᠢ | ᠦᠢᠯᠡᠳᠦᠯ ᠦᠵᠡᠭᠦᠯᠦᠭᠰᠡᠨ ᠲᠤᠬᠠᠢ ᠰᠡᠳᠬᠢᠭᠦᠯᠪᠡ᠃ ᠰᠡᠳᠬᠢᠬᠦᠢ ᠶᠢᠨ ᠵᠢᠷᠤᠭ ᠢ ᠬᠢᠴᠢᠶᠡᠯ ᠳᠡᠭᠡᠷ᠎ᠡ ᠤᠷᠤᠭᠰᠢᠲᠠᠢ | ᠵᠢᠷᠤᠬᠤ ᠶᠢᠨ ᠲᠥᠯᠥᠭᠡ᠂ ᠪᠠᠰᠠ ᠪᠠᠭᠰᠢ ᠪᠣᠯᠣᠨ ᠰᠤᠷᠤᠭᠴᠢᠳ ᠤᠨ ᠬᠠᠷᠢᠯᠴᠠᠨ ᠬᠠᠮᠵᠢᠯᠴᠠᠬᠤ ᠭᠤᠭᠴᠤᠭ᠎ᠠ ᠶᠢ | ᠨᠠᠷᠢᠨ ᠨᠢᠮᠪᠠᠢ ᠲᠥᠯᠥᠪᠯᠡᠵᠦ᠂ ᠪᠠᠭᠰᠢ ᠰᠤᠷᠤᠭᠴᠢᠳ ᠬᠠᠮᠲᠤ ᠪᠠᠷ ᠡᠷᠲᠡᠨ ᠤ ᠲᠠᠷᠢᠶᠠᠯᠠᠩ ᠤᠨ ᠮᠡᠷᠭᠡᠵᠢᠯ ᠤᠨ | ᠬᠥᠭᠵᠢᠯᠲᠡ ᠶᠢ ᠶᠠᠷᠢᠯᠴᠠᠵᠤ᠂ ᠣᠲᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠪᠣᠯᠣᠨ ᠡᠷᠲᠡᠨ ᠤ ᠲᠠᠷᠢᠶᠠᠯᠠᠩ ᠤᠨ | ᠮᠡᠷᠭᠡᠵᠢᠯ ᠤᠨ ᠢᠯᠭᠠᠭ᠎ᠠ ᠶᠢ ᠮᠠᠷᠭᠤᠯᠳᠤᠨ ᠰᠤᠳᠤᠯᠤᠨ ᠶᠠᠷᠢᠯᠴᠠᠵᠤ᠂ ᠡᠭᠦᠨ ᠢᠶᠠᠷ ᠬᠢᠴᠢᠶᠡᠯ ᠤᠨ ᠲᠠᠩᠬᠢᠮ ᠤᠨ | ᠰᠡᠳᠬᠢᠬᠦᠢ ᠶᠢᠨ ᠵᠢᠷᠤᠭ ᠢ ᠭᠦᠢᠴᠡᠳ ᠳᠡᠯᠭᠡᠨ ᠦᠵᠡᠭᠦᠯᠵᠦ ᠪᠣᠯᠣᠨ᠎ᠠ᠃ | ︵ᠬᠤᠶᠠᠷ︶ ᠬᠢᠴᠢᠶᠡᠯ ᠤᠨ ᠳᠠᠷᠠᠭᠠᠬᠢ ᠰᠡᠳᠬᠢᠬᠦᠢ ᠶᠢᠨ ᠳ᠋ᠦᠩᠨᠡᠯᠲᠡ ᠪᠠ ᠡᠷᠭᠢᠴᠡᠭᠦᠯᠦᠯ᠄ ᠳᠡᠭᠡᠳᠦ | ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠰᠡᠳᠬᠢᠬᠦᠢ ᠶᠢᠨ ᠵᠢᠷᠤᠭ ᠢᠶᠠᠷ ᠠᠪᠴᠤ ᠬᠡᠯᠡᠪᠡᠯ᠂ ᠪᠠᠭᠰᠢ ᠬᠡᠷᠪᠡ | ᠵᠥᠪᠬᠡᠨ ᠬᠢᠴᠢᠶᠡᠯ ᠠᠴᠠ ᠡᠮᠦᠨ᠎ᠡ ᠬᠠᠷᠠᠭᠠᠯᠵᠠᠭᠰᠠᠨ ᠰᠡᠳᠬᠢᠬᠦᠢ ᠶᠢᠨ ᠵᠢᠷᠤᠭ ᠤᠨ ᠪᠡᠯᠡᠳᠬᠡᠯ ᠬᠢᠬᠦ ᠳᠤ ᠬᠦᠷᠪᠡᠯ | ᠬᠤᠯᠠ ᠬᠦᠷᠦᠯᠴᠡᠬᠦ ᠦᠭᠡᠢ ᠶᠤᠮ᠃ ᠡᠷᠬᠡᠪᠰᠢ ᠪᠠᠰᠠ ᠬᠢᠴᠢᠶᠡᠯ ᠤᠨ ᠲᠠᠷᠠᠭ᠎ᠠ ᠬᠠᠷᠠᠭᠠᠯᠵᠠᠭᠰᠠᠨ ᠲᠡᠦᠬᠡ ᠶᠢᠨ | ᠬᠢᠴᠢᠶᠡᠯ ᠤᠨ ᠲᠠᠩᠬᠢᠮ ᠤᠨ ᠰᠡᠳᠬᠢᠬᠦᠢ ᠶᠢᠨ ᠳ᠋ᠦᠩᠨᠡᠯᠲᠡ ᠪᠠ ᠡᠷᠭᠢᠴᠡᠭᠦᠯᠦᠯ ᠬᠢᠬᠦ ᠬᠡᠷᠡᠭᠲᠡᠢ᠃ ᠮᠢᠨᠤ ᠦᠵᠡᠬᠦ ᠪᠠᠷ᠂ | ᠪᠠᠭᠰᠢ ᠨᠠᠷ ᠬᠢᠴᠢᠶᠡᠯ ᠤᠨ ᠳᠠᠷᠠᠭ᠎ᠠ ᠰᠤᠷᠤᠭᠴᠢᠳ ᠢ ᠵᠣᠬᠢᠶᠠᠨ ᠪᠠᠶᠢᠭᠤᠯᠵᠤ᠂ ᠠᠩᠬᠠᠷᠤᠯ ᠢᠶᠠᠨ ᠲᠥᠪᠯᠡᠷᠡᠭᠦᠯᠵᠦ | ᠰᠡᠳᠬᠢᠬᠦᠢ ᠶᠢᠨ ᠵᠢᠷᠤᠭ ᠵᠢᠷᠤᠵᠤ᠂ ᠲᠡᠳᠡᠨ ᠢᠶᠠᠷ ᠬᠢᠴᠢᠶᠡᠯ ᠳᠡᠭᠡᠷ᠎ᠡ ᠰᠢᠩᠭᠡᠬᠡᠨ ᠠᠪᠤᠭᠰᠠᠨ ᠰᠢᠨ᠎ᠡ ᠮᠡᠳᠡᠯᠭᠡ ᠪᠠᠨ | ᠵᠢᠷᠤᠭ ᠤᠨ ᠠᠷᠭ᠎ᠠ ᠪᠠᠷ ᠲᠡᠮᠳᠡᠭᠯᠡᠨ ᠡᠷᠭᠢᠴᠡᠭᠦᠯᠵᠦ᠂ ᠰᠡᠳᠬᠢᠬᠦᠢ ᠪᠠᠨ ᠳᠠᠪᠲᠠᠨ ᠪᠣᠯᠪᠠᠰᠤᠷᠠᠭᠤᠯᠵᠤ᠂ ᠬᠢᠴᠢᠶᠡᠯ ᠤᠨ | ᠲᠠᠩᠬᠢᠮ ᠤᠨ ᠮᠡᠳᠡᠯᠭᠡ ᠶᠢᠨ ᠴᠡᠭ ᠢᠶᠠᠨ ᠪᠠᠲᠤᠳᠬᠠᠬᠤ ᠦᠷ᠎ᠡ ᠳ᠋ᠦᠩ ᠳᠤ ᠬᠦᠷᠴᠦ ᠪᠣᠯᠣᠨ᠎ᠠ᠃ ᠵᠢᠱᠢᠶᠡᠯᠡᠪᠡᠯ᠂ | ᠠᠷᠠᠳ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶᠠᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ ᠶᠢᠨ ᠲᠤᠷᠰᠢᠯᠲᠠ ᠶᠢᠨ ᠰᠤᠷᠬᠤ ᠪᠢᠴᠢᠭ — ᠲᠡᠦᠬᠡ ᠶᠢᠨ ᠵᠠᠪᠠᠯ | ᠰᠤᠷᠬᠤ ᠬᠤᠶᠠᠳᠤᠭᠠᠷ ᠳᠡᠪᠲᠡᠷ ᠤᠨ ᠠᠷᠪᠠ ᠶᠢᠰᠦᠳᠦᠭᠡᠷ ᠬᠢᠴᠢᠶᠡᠯ ︽ᠳᠠᠶᠢᠨ ᠤ ᠳᠠᠷᠠᠭᠠᠬᠢ ᠬᠥᠷᠥᠩᠭᠡᠲᠦ ᠶᠣᠰᠣᠨ ᠤ | ᠰᠢᠨ᠎ᠡ ᠬᠤᠪᠢᠷᠠᠯᠲᠠ︾ ᠭᠡᠬᠦ ᠬᠢᠴᠢᠶᠡᠯ ᠤᠨ ᠵᠢᠭᠠᠨ ᠰᠤᠷᠭᠠᠯᠲᠠ ᠶᠢᠨ ᠶᠠᠪᠤᠴᠠ ᠳᠤ᠂ ᠪᠢ ᠥᠷᠥᠨᠡᠳᠠᠬᠢᠨ ᠤ | ᠬᠥᠷᠥᠩᠭᠡᠲᠦ ᠤᠯᠤᠰ ᠤᠳ ᠤᠨ ᠳᠡᠯᠡᠬᠡᠢ ᠶᠢᠨ ᠬᠤᠶᠠᠳᠤᠭᠠᠷ ᠳᠠᠶᠢᠨ ᠤ ᠳᠠᠷᠠᠭᠠᠬᠢ ᠬᠥᠷᠥᠩᠭᠡ ᠶᠢᠨ ᠠᠵᠤ | ᠠᠬᠤᠢ ᠶᠢᠨ ᠬᠥᠭᠵᠢᠯᠲᠡ ᠶᠢᠨ ᠪᠠᠶᠢᠳᠠᠯ ᠢ ᠵᠢᠷᠤᠭ ᠵᠢᠷᠤᠬᠤ ᠪᠠᠷ ᠳᠠᠮᠵᠢᠭᠤᠯᠤᠨ ᠢᠯᠡᠳᠬᠡᠵᠦ᠂ ᠰᠤᠷᠤᠭᠴᠢᠳ ᠲᠤ | ᠮᠡᠳᠡᠯᠭᠡ ᠶᠢᠨ ᠲᠣᠣᠷ ᠢ ᠪᠠᠶᠢᠭᠤᠯᠵᠤ ᠰᠤᠷᠬᠤ ᠶᠢ ᠰᠤᠷᠭᠠᠵᠤ᠂ ᠰᠡᠳᠬᠢᠬᠦᠢ ᠶᠢᠨ ᠵᠢᠷᠤᠭ ᠤᠨ ᠪᠦᠲᠦᠮᠵᠢᠲᠡᠢ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠣᠯᠣᠭᠰᠠᠨ ᠶᠤᠮ᠃ | ᠶᠡᠷᠦᠩᠬᠡᠢ ᠳᠤ ᠨᠢ ᠠᠪᠴᠤ ᠬᠡᠯᠡᠪᠡᠯ᠂ ᠰᠡᠳᠬᠢᠬᠦᠢ ᠶᠢᠨ ᠵᠢᠷᠤᠭ ᠪᠣᠯ ᠳᠡᠭᠡᠳᠦ ᠳᠤᠮᠳᠠᠳᠤ ᠶᠢᠨ ᠲᠡᠦᠬᠡ ᠶᠢᠨ | ᠬᠢᠴᠢᠶᠡᠯ ᠤᠨ ᠲᠠᠩᠬᠢᠮ ᠤᠨ ᠨᠢᠭᠡ ᠵᠦᠢᠯ ᠤᠨ ᠮᠠᠰᠢ ᠪᠦᠲᠦᠮᠵᠢᠲᠡᠶ ᠪᠠᠭᠠᠵᠢ ᠮᠥᠨ᠃ ᠲᠡᠷᠡ ᠨᠢ ᠰᠤᠷᠤᠭᠴᠢᠳ ᠢ | ᠬᠠᠪᠰᠤᠷᠤᠨ ᠲᠡᠦᠬᠡ ᠶᠢᠨ ᠮᠡᠳᠡᠭᠡ ᠵᠠᠩᠭᠢ ᠶᠢ ᠨᠠᠩ ᠰᠠᠶᠢᠨ ᠣᠶᠢᠯᠠᠭᠠᠭᠤᠯᠤᠨ ᠴᠡᠭᠡᠵᠢᠯᠡᠭᠦᠯᠳᠡᠭ᠃ ᠰᠡᠳᠬᠢᠬᠦᠢ ᠶᠢᠨ | ᠵᠢᠷᠤᠭ ᠪᠣᠯ ᠣᠳᠣᠬᠠᠨ ᠤ ᠵᠢᠭᠠᠨ ᠰᠤᠷᠭᠠᠯᠲᠠ ᠶᠢᠨ ᠶᠡᠭᠡ ᠣᠷᠴᠢᠨ ᠨᠥᠬᠦᠴᠡᠯ ᠳᠣᠣᠷ᠎ᠠ ᠳᠡᠭᠡᠳᠦ ᠳᠤᠮᠳᠠᠳᠤ ᠶᠢᠨ | ᠲᠡᠦᠬᠡ ᠶᠢᠨ ᠵᠢᠭᠠᠨ ᠰᠤᠷᠭᠠᠯᠲᠠ ᠶᠢᠨ ᠣᠳᠣᠬᠢ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ ᠴᠢᠳᠠᠬᠤ ᠥᠨᠳᠥᠷ | ᠪᠦᠲᠦᠮᠵᠢᠲᠡᠶ ᠵᠢᠭᠠᠨ ᠰᠤᠷᠭᠠᠯᠲᠠ ᠶᠢᠨ ᠪᠠᠭᠠᠵᠢ ᠮᠥᠨ᠃ ᠨᠠᠩ ᠠᠮᠢᠳᠤᠯᠢᠭ᠂ ᠨᠠᠩ ᠬᠠᠨᠳᠤᠯᠭᠠᠲᠤ ᠴᠢᠨᠠᠷᠲᠠᠢ ᠪᠠᠷ | ᠲᠡᠦᠬᠡ ᠶᠢᠨ ᠬᠢᠴᠢᠶᠡᠯ ᠤᠨ ᠲᠠᠩᠬᠢᠮ ᠤᠨ ᠦᠷ᠎ᠡ ᠪᠦᠲᠦᠮᠵᠢ ᠶᠢ ᠢᠯᠡᠷᠡᠭᠦᠯᠬᠦ ᠭᠡᠪᠡᠯ ᠰᠡᠳᠬᠢᠬᠦᠢ ᠶᠢᠨ ᠵᠢᠯᠣᠭᠤᠳᠤᠮᠵᠢ | ᠪᠣᠯ ᠮᠠᠰᠢ ᠪᠦᠲᠦᠮᠵᠢᠲᠡᠶ ᠠᠷᠭ᠎ᠠ ᠵᠠᠮ ᠪᠣᠯᠬᠤ ᠶᠤᠮ᠃ ᠡᠶᠢᠮᠦ ᠠᠴᠠ ᠪᠠᠭᠰᠢ ᠨᠠᠷ ᠰᠡᠳᠬᠢᠬᠦᠢ ᠶᠢᠨ ᠵᠢᠷᠤᠭ ᠪᠣᠯᠣᠨ | ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠤᠨ ᠤᠶᠠᠯᠳᠤᠯ ᠤᠨ ᠵᠢᠭᠠᠨ ᠰᠤᠷᠭᠠᠯᠲᠠ ᠶᠢᠨ | ᠰᠡᠳᠬᠢᠮᠵᠢ ᠶᠢ ᠭᠦᠨᠵᠡᠭᠡᠢ ᠰᠤᠳᠤᠯᠵᠤ᠂ ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠦᠷ᠎ᠡ ᠪᠦᠲᠦᠮᠵᠢ ᠶᠢ ᠨᠠᠩ ᠰᠠᠶᠢᠨ ᠲᠡᠭᠡᠭᠰᠢᠯᠡᠬᠦᠯᠵᠦ ᠪᠣᠯᠣᠨ᠎ᠠ᠃ | | ᠵᠡᠬᠦᠯᠲᠡ | [1]ᠳ᠋ᠦᠩᠨᠢ ᠪᠤᠽᠠᠨ ︵Tany Buzan︶ . ︽ᠰᠡᠳᠬᠢᠬᠦᠢ ᠶᠢᠨ ᠵᠢᠷᠤᠭ ᠤᠨ ᠰᠢᠷᠢᠰ ᠴᠤᠪᠤᠷᠠᠯ | ᠪᠢᠴᠢᠭ︾[M]. ᠪᠡᠭᠡᠵᠢᠩ᠄ ᠵᠦᠩ ᠰᠢᠨ ᠬᠡᠪᠯᠡᠯ ᠤᠨ ᠬᠤᠷᠢᠶ᠎ᠠ᠂ 2009 | ᠯᠠᠪᠯᠠᠭᠰᠠᠨ ᠮᠠᠲ᠋ᠧᠷᠢᠶᠠᠯ | 1. ᠠᠨ ᠴᠦᠨ ᠮᠢᠶᠣᠣ·ᠰᠡᠳᠬᠢᠬᠦᠢ ᠶᠢᠨ ᠵᠢᠷᠤᠭ ᠢ ᠲᠡᠦᠬᠡ ᠶᠢᠨ ᠵᠢᠭᠠᠨ ᠰᠤᠷᠭᠠᠯᠲᠠ ᠳᠤ ᠵᠢᠷᠤᠬᠤ ᠪᠠ | ᠬᠡᠷᠡᠭᠯᠡᠬᠦ ᠲᠤᠬᠠᠢ ᠰᠤᠳᠤᠯᠤᠯ[J]. ᠰᠢᠨᠵᠢᠯᠡᠬᠦ ᠤᠬᠠᠭᠠᠨ ᠤ ᠵᠢᠯᠣᠭᠤᠳᠤᠮᠵᠢ ᠰᠡᠳᠬᠦᠯ᠂ 2017 | ︵3 X︶᠄ 83 — 84᠃ | 2. ᠵᠠᠩ ᠴᠢᠶᠠᠨ ᠯᠢ·ᠳᠤᠮᠳᠠᠳᠤ ᠰᠤᠷᠭᠠᠭᠤᠯᠢ ᠶᠢᠨ ᠲᠡᠦᠬᠡ ᠶᠢᠨ ᠵᠢᠭᠠᠨ ᠰᠤᠷᠭᠠᠯᠲᠠ ᠳᠠᠬᠢ ᠰᠡᠳᠬᠢᠬᠦᠢ ᠶᠢᠨ | ᠵᠢᠷᠤᠭ ᠤᠨ ᠬᠡᠷᠡᠭᠯᠡᠭᠡᠨ ᠤ ᠦᠷᠳᠡᠭ[J]. ᠮᠡᠳᠡᠭᠡ ᠵᠠᠩᠭᠢ ᠶᠢᠨ ᠭᠠᠷᠠᠭ ᠤᠨ ᠰᠡᠳᠬᠦᠯ᠂ 2019 | ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | 2023.5 ᠳ᠋ᠤᠭᠠᠷ ᠬᠤᠭᠤᠴᠠᠭ᠎ᠠ | | | |