ᠯᠢ ᠶᠠᠩ ᠶᠠᠩ | | | | | | ᠶᠡᠷᠦ ᠶᠢᠨ ᠦᠭᠡᠨ ᠳᠤ ︽ᠲᠦᠮᠡᠨ ᠠᠯᠬᠤᠮ ᠤᠨ ᠲᠦᠷᠦᠭᠦᠦ ᠠᠯᠬᠤᠮ ᠨᠢ ᠬᠦᠴᠢᠷ︾ ᠭᠡᠳᠡᠭ᠃ ᠨᠢᠭᠡᠨ ᠰᠠᠶᠢᠨ | ᠡᠬᠢᠯᠡᠯᠲᠡ ᠨᠢ ᠶᠠᠮᠠᠷ ᠶᠠᠪᠤᠳᠠᠯ ᠳᠤ ᠴᠦ ᠭᠡᠰᠡᠨ ᠪᠠᠭ᠎ᠠ ᠬᠦᠴᠦ ᠵᠠᠷᠤᠴᠠᠭᠤᠯᠵᠤ ᠶᠡᠭᠡ ᠠᠮᠵᠢᠯᠲᠠ ᠣᠯᠬᠤ ᠦᠢᠯᠡᠳᠦᠯ | ᠦᠵᠡᠭᠦᠯᠳᠡᠭ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠴᠦ ᠡᠶᠢᠮᠦᠷᠬᠦᠦ ᠪᠠᠶᠢᠳᠠᠭ᠃ ᠬᠢᠴᠢᠶᠡᠯ ᠢ | ᠠᠮᠢᠳᠤᠯᠢᠭ ᠪᠥᠭᠡᠳ ᠰᠣᠨᠢᠷᠬᠠᠯᠲᠠᠢ ᠬᠥᠲᠥᠯᠵᠦ ᠣᠷᠣᠬᠤ ᠪᠣᠯ ᠵᠢᠭᠠᠨ ᠰᠤᠷᠭᠠᠯᠲᠠ ᠶᠢᠨ ᠤᠷᠠᠯᠢᠭ ᠮᠥᠨ᠂ | ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠳᠤ ᠳᠡᠪᠬᠡᠷᠡᠭᠰᠡᠨ ᠰᠡᠳᠬᠢᠯ ᠢ ᠨᠢ ᠬᠤᠷᠢᠶᠠᠵᠤ ᠠᠪᠴᠢᠷᠠᠬᠤ ︽ᠬᠤᠷᠴᠠ | ᠵᠡᠪᠰᠡᠭ︾ ᠮᠥᠨ᠂ ᠡᠨᠡ ᠨᠢ ᠰᠤᠷᠤᠭᠴᠢᠳ ᠢ ᠮᠡᠳᠡᠯᠭᠡ ᠶᠢ ᠬᠠᠶᠢᠨ ᠰᠦᠪᠡᠭᠴᠢᠯᠡᠬᠦ ᠤᠷᠮ᠎ᠠ ᠪᠠᠬ᠎ᠠ ᠲᠠᠢ ᠪᠣᠯᠭᠠᠵᠦ᠂ | ᠮᠡᠳᠡᠯᠭᠡ ᠶᠢᠨ ᠳᠠᠯᠠᠢ ᠳᠤ ᠬᠠᠯᠢᠨ ᠳᠡᠭᠦᠯᠢᠭᠦᠯᠬᠦ ᠪᠣᠯᠣᠨ᠎ᠠ᠃ | ᠰᠢᠨ᠎ᠡ ᠤᠯᠤᠰ ᠤᠨ ᠰᠢᠯᠭᠠᠯᠲᠠ᠂ ᠰᠢᠨ᠎ᠡ ᠵᠢᠭᠠᠬᠤ ᠮᠠᠲ᠋ᠧᠷᠢᠶᠠᠯ᠂ ᠰᠢᠨ᠎ᠡ ᠥᠭᠡᠷᠡᠴᠢᠯᠡᠯᠲᠡ ᠶᠢ ᠠᠯᠬᠤᠮ | ᠠᠯᠬᠤᠮ ᠢᠶᠠᠷ ᠲᠦᠯᠬᠢᠨ ᠠᠬᠢᠭᠤᠯᠵᠤ ᠪᠠᠶᠢᠭ᠎ᠠ ᠶᠡᠭᠡ ᠠᠬᠤᠢ ᠪᠠᠶᠢᠳᠠᠯ ᠤᠨ ᠳᠣᠣᠷ᠎ᠠ ᠪᠠᠭᠰᠢ ᠨᠠᠷ ᠴᠦ | ᠥᠪᠡᠷ ᠤᠨ ᠢᠶᠠᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ | ᠵᠢᠭᠠᠨ ᠰᠤᠷᠭᠠᠯᠲᠠ ᠶᠢᠨ ᠠᠷᠭ᠎ᠠ ᠮᠠᠶ᠋ᠢᠬ ᠢᠶᠠᠷ ᠬᠢᠴᠢᠶᠡᠯ ᠵᠢᠭᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ | ᠴᠢᠬᠤᠯᠠᠴᠢᠯᠠᠨ᠂ ᠰᠤᠷᠤᠭᠴᠢᠳ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨᠴᠢ ᠰᠡᠳᠬᠢᠬᠦᠢ ᠶᠢ ᠪᠣᠢ ᠪᠣᠯᠭᠠᠬᠤ ᠪᠠᠷ | ᠵᠣᠷᠢᠯᠲᠠ ᠪᠣᠯᠭᠠᠬᠤ ᠴᠢᠬᠤᠯᠠᠲᠠᠢ᠃ ᠤᠯᠠᠮᠵᠢᠯᠠᠯᠲᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠣᠯ ᠪᠠᠭᠰᠢ ᠠᠴᠠ | ᠶᠠᠷᠢᠵᠤ᠂ ᠰᠤᠷᠤᠭᠴᠢ ᠰᠣᠨᠣᠰᠴᠤ ᠲᠡᠮᠳᠡᠭᠯᠡᠵᠦ ᠴᠡᠭᠡᠵᠢᠯᠡᠬᠦ ᠬᠡᠯᠪᠡᠷᠢ ᠪᠣᠯᠣᠨ᠎ᠠ᠃ ᠪᠦᠬᠦ᠋ᠢᠯᠡ ᠵᠢᠭᠠᠨ | ᠰᠤᠷᠭᠠᠯᠲᠠ ᠶᠢᠨ ᠶᠠᠪᠤᠴᠠ ᠳᠤ ᠰᠤᠷᠤᠭᠴᠢ ᠶᠢᠨ ᠣᠷᠤᠯᠴᠠᠯᠭ᠎ᠠ ᠳᠤᠩ ᠳᠣᠣᠷ᠎ᠠ᠂ ᠪᠦᠬᠦ᠋ᠢᠯᠡ ᠬᠢᠴᠢᠶᠡᠯ ᠪᠦᠷ | ᠪᠠᠭᠰᠢ ᠶᠢᠨ ᠬᠢ ᠪᠠᠶᠢᠵᠠᠢ᠃ ᠡᠶᠢᠮᠦᠷᠬᠦᠦ ᠵᠢᠭᠠᠨ ᠰᠤᠷᠭᠠᠯᠲᠠ ᠶᠢᠨ ᠬᠡᠪ ᠵᠠᠭᠪᠤᠷ ᠨᠢ ᠨᠢᠭᠡᠨᠲᠡ ᠬᠡᠳᠦᠨ ᠮᠢᠩᠭᠠᠨ ᠵᠢᠯ | ᠤᠯᠠᠮᠵᠢᠯᠠᠭᠳᠠᠵᠤ᠂ ᠴᠠᠭ ᠬᠤᠭᠤᠴᠠᠭᠠᠨ ᠤ ᠤᠯᠠᠷᠢᠬᠤ᠂ ᠰᠢᠨᠵᠢᠯᠡᠬᠦ ᠤᠬᠠᠭᠠᠨ ᠤ ᠬᠥᠭᠵᠢᠯᠲᠡ ᠶᠢ ᠳᠠᠭᠠᠯᠳᠤᠨ᠂ | ᠤᠯᠤᠰ ᠠᠴᠠ ᠬᠡᠪ ᠴᠢᠨᠠᠷ ᠤᠨ ᠰᠤᠷᠭᠠᠨ ᠬᠥᠮᠦᠵᠢᠯ ᠢ ᠲᠠᠰᠤᠷᠠᠯᠲᠠ ᠦᠭᠡᠢ ᠲᠦᠭᠡᠮᠡᠯᠵᠢᠭᠦᠯᠭᠦ ᠶᠢᠨ ᠲᠠᠭᠠᠤ | ᠤᠯᠠᠮᠵᠢᠯᠠᠯᠲᠤ ᠰᠤᠷᠭᠠᠨ ᠬᠥᠮᠦᠵᠢᠯ ᠤᠨ ᠠᠷᠭ᠎ᠠ ᠨᠢ ᠨᠢᠭᠡᠨᠲᠡ ᠣᠳᠣ ᠶᠢᠨ ᠵᠢᠭᠠᠨ ᠰᠤᠷᠭᠠᠯᠲᠠ ᠶᠢᠨ | ᠱᠠᠭᠠᠷᠳᠠᠯᠭ᠎ᠠ ᠳᠤ ᠵᠣᠬᠢᠴᠠᠵᠤ ᠲᠡᠶᠢᠯᠭᠦ ᠦᠭᠡᠢ ᠪᠣᠯᠵᠠᠢ᠃ ᠣᠳᠣ ᠶᠢᠨ ᠰᠤᠷᠭᠠᠨ ᠬᠥᠮᠦᠵᠢᠯ ᠪᠣᠯ ᠰᠤᠷᠤᠭᠴᠢᠳ ᠲᠤ | ᠮᠡᠳᠡᠯᠭᠡ ᠤᠯᠠᠮᠵᠢᠯᠠᠬᠤ ᠪᠠᠷ ᠪᠠᠷᠠᠬᠤ ᠦᠭᠡᠢ ᠪᠠᠰᠠ ᠰᠤᠷᠤᠭᠴᠢᠳ ᠤᠨ ᠴᠢᠳᠠᠪᠤᠷᠢ ᠶᠢ ᠳᠡᠭᠡᠭᠰᠢᠯᠡᠭᠦᠭᠦ ᠶᠢ ᠱᠠᠭᠠᠷᠳᠠᠵᠤ | ᠪᠠᠶᠢᠨ᠎ᠠ᠃ ᠡᠨᠡ ᠨᠢ ᠳᠠᠷᠤᠢ ᠪᠢᠲᠡᠨ ᠢ ᠰᠢᠨ᠎ᠡ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ᠂ ᠰᠢᠨ᠎ᠡ ᠵᠢᠭᠠᠨ | ᠰᠤᠷᠭᠠᠯᠲᠠ ᠶᠢᠨ ᠠᠷᠭ᠎ᠠ ᠲᠠᠢ ᠪᠠᠶᠢᠬᠤ ᠶᠢ ᠱᠠᠭᠠᠷᠳᠠᠵᠤ᠂ ᠰᠢᠨ᠎ᠡ ᠥᠭᠡᠷᠡᠴᠢᠯᠡᠯᠲᠡ ᠳᠤ ᠵᠣᠬᠢᠯᠳᠤᠭᠰᠠᠨ ᠰᠢᠨ᠎ᠡ | ᠮᠠᠶ᠋ᠢᠬ ᠤᠨ ᠬᠢᠴᠢᠶᠡᠯ ᠲᠥᠰᠥᠪᠯᠡᠬᠦ ᠶᠢ ᠱᠠᠭᠠᠷᠳᠠᠬᠤ ᠪᠣᠯᠵᠤ ᠪᠠᠶᠢᠨ᠎ᠠ᠃ ᠡᠭᠦᠨ ᠳᠤ ᠤᠯᠠᠨ ᠵᠠᠭᠤᠴᠢᠳᠤ ᠮᠡᠲᠦ ᠶᠢᠨ | ᠰᠢᠨ᠎ᠡ ᠵᠢᠭᠠᠬᠤ ᠪᠠᠭᠠᠵᠢ ᠶᠢ ᠠᠰᠢᠭᠯᠠᠨ᠂ ᠨᠢᠭᠡᠨ ᠰᠠᠶᠢᠨ ᠬᠢᠴᠢᠶᠡᠯ ᠤᠨ ᠡᠬᠢᠯᠡᠯᠲᠡ ᠲᠥᠰᠥᠪᠯᠡᠬᠦ ᠪᠣᠯ ᠲᠦᠢᠯ ᠤᠨ | ᠴᠢᠬᠤᠯᠠᠲᠠᠢ ᠶᠤᠮ᠃ | ᠰᠤᠷᠭᠠᠨ ᠬᠥᠮᠦᠵᠢᠯ ᠤᠨ ᠤᠷᠠᠯᠢᠭ ᠪᠣᠯ ᠮᠡᠳᠡᠯᠭᠡ ᠤᠯᠠᠮᠵᠢᠯᠠᠬᠤ ᠳᠤ ᠪᠠᠶᠢᠬᠤ ᠪᠢᠰᠢ᠂ ᠬᠠᠷᠢᠨ | ᠰᠤᠷᠤᠭᠴᠢᠳ ᠢ ᠤᠷᠮᠠᠰᠢᠭᠤᠯᠬᠤ᠂ ᠰᠡᠩᠬᠡᠷᠡᠭᠦᠯᠬᠦ᠂ ᠵᠣᠷᠢᠬᠵᠢᠭᠤᠯᠬᠤ ᠳᠤ ᠪᠠᠶᠢᠳᠠᠭ᠃ ᠰᠢᠨ᠎ᠡ ᠥᠭᠡᠷᠡᠴᠢᠯᠡᠯᠲᠡ ᠶᠢ | ᠲᠦᠯᠬᠢᠨ ᠠᠬᠢᠭᠤᠯᠵᠤ ᠪᠠᠶᠢᠭ᠎ᠠ ᠣᠳᠣ ᠶᠢᠨ ᠰᠢᠨ᠎ᠡ ᠵᠢᠭᠠᠨ ᠰᠤᠷᠭᠠᠯᠲᠠ ᠶᠢᠨ ᠱᠠᠭᠠᠷᠳᠠᠯᠭ᠎ᠠ ᠨᠡᠩ ᠢᠯᠡᠭᠦᠦ | ᠰᠤᠷᠤᠭᠴᠢᠳ ᠤᠨ ᠴᠢᠳᠠᠪᠤᠷᠢ᠂ ᠰᠡᠳᠬᠢᠬᠦᠢ᠂ ᠬᠡᠪ ᠴᠢᠨᠠᠷ ᠤᠨ ᠳᠡᠭᠡᠭᠰᠢᠯᠡᠯᠲᠡ ᠵᠡᠷᠭᠡ ᠪᠦᠬᠦ ᠲᠠᠯ᠎ᠠ ᠶᠢ | ᠬᠥᠮᠥᠵᠢᠭᠦᠯᠬᠦ ᠶᠢ ᠱᠠᠭᠠᠷᠳᠠᠵᠤ ᠪᠠᠶᠢᠨ᠎ᠠ᠃ ᠡᠶᠢᠮᠦ ᠠᠴᠠ ᠪᠠᠭᠰᠢ ᠨᠠᠷ ᠬᠢᠴᠢᠶᠡᠯ ᠢᠶᠠᠨ ᠪᠡᠯᠡᠳᠬᠡᠵᠦ᠂ ᠬᠢᠴᠢᠶᠡᠯ ᠢᠶᠠᠨ | ᠣᠷᠣᠬᠤ ᠦᠶ᠎ᠡ ᠳᠤ ᠡᠭᠦᠨ ᠢ ᠠᠩᠬᠠᠷᠬᠤ ᠴᠢᠬᠤᠯᠠᠲᠠᠢ᠂ ᠬᠢᠴᠢᠶᠡᠯ ᠳᠤ ᠬᠥᠲᠥᠯᠬᠦ ᠶᠢ ᠬᠦᠨᠳᠦᠳᠬᠡᠨ ᠦᠵᠡᠬᠦ | ᠴᠢᠬᠤᠯᠠᠲᠠᠢ᠃ ᠭᠡᠪᠡᠴᠦ ᠪᠣᠳᠠᠲᠠᠢ ᠵᠢᠭᠠᠨ ᠰᠤᠷᠭᠠᠯᠲᠠ ᠶᠢᠨ ᠶᠠᠪᠤᠴᠠ ᠳᠤ᠂ ᠵᠠᠷᠢᠮ ᠪᠠᠭᠰᠢ ᠬᠢᠴᠢᠶᠡᠯ ᠳᠤ | ᠬᠥᠲᠥᠯᠬᠦ ᠶᠢᠨ ᠲᠤᠬᠠᠢ ᠲᠠᠨᠢᠯᠲᠠ ᠳᠤᠲᠠᠮᠠᠭ ᠪᠠᠶᠢᠵᠤ᠂ ᠦᠷᠭᠦᠯᠵᠢ ᠬᠢᠴᠢᠶᠡᠯ ᠳᠤ ᠬᠥᠲᠥᠯᠬᠦ ᠶᠠᠪᠤᠴᠠ ᠶᠢ | ᠣᠮᠲᠣᠭᠠᠶᠢᠯᠠᠨᠠ᠂ ᠰᠢᠭᠤᠳ ︽ᠥᠨᠥᠳᠥᠷ ᠪᠢᠳᠡ × × × ᠠᠭᠤᠯᠭ᠎ᠠ ᠶᠢ ᠰᠤᠷᠤᠯᠴᠠᠶ᠎ᠠ︾ ᠭᠡᠬᠦ ᠮᠡᠲᠦ ᠶᠢᠨ | ᠬᠡᠯᠪᠡᠷᠢ ᠪᠠᠷ ᠰᠢᠨ᠎ᠡ ᠬᠢᠴᠢᠶᠡᠯ ᠳᠤ ᠣᠷᠣᠵᠤ᠂ ᠬᠢᠴᠢᠶᠡᠯ ᠤᠨ ᠡᠬᠢᠯᠡᠯᠲᠡ ᠶᠢ ᠴᠢᠬᠤᠯᠠᠴᠢᠯᠠᠬᠤ ᠦᠭᠡᠢ᠂ ᠬᠢᠴᠢᠶᠡᠯ ᠳᠤ | ᠬᠥᠲᠥᠯᠬᠦ ᠶᠠᠪᠤᠴᠠ ᠶᠢ ᠢᠯᠡᠭᠦᠴᠡ ᠭᠡᠵᠦ ᠪᠣᠳᠤᠳᠠᠭ᠃ ᠪᠠᠰᠠ ᠵᠠᠷᠢᠮ ᠪᠠᠭᠰᠢ ᠬᠢᠴᠢᠶᠡᠯ ᠳᠤ ᠬᠥᠲᠥᠯᠬᠦ ᠠᠷᠭ᠎ᠠ ᠪᠠ | ᠤᠷ᠎ᠠ ᠳᠡᠮ ᠢ ᠣᠶᠢᠯᠠᠭᠠᠬᠤ ᠦᠭᠡᠢ ᠪᠤᠶᠤ ᠡᠵᠡᠮᠰᠢᠭᠰᠡᠨ ᠦᠭᠡᠢ ᠠᠴᠠ ᠶᠠᠭᠠᠬᠢᠵᠤ ᠬᠢᠴᠢᠶᠡᠯ ᠳᠤ ᠬᠥᠲᠥᠯᠬᠦ ᠶᠢ ᠣᠯᠵᠤ | ᠶᠠᠳᠠᠨ᠂ ᠡᠭᠦᠨ ᠤ ᠤᠯᠠᠮ ᠠᠴᠠ ᠬᠢᠴᠢᠶᠡᠯ ᠳᠤ ᠬᠥᠲᠥᠯᠬᠦ ᠦᠭᠡᠢ ᠪᠠᠷ ᠰᠢᠭᠤᠳ ᠡᠬᠢᠯᠡᠭᠦᠯᠳᠡᠭ ᠪᠠᠶᠢᠨ᠎ᠠ᠃ ᠡᠳᠡᠭᠡᠷ | ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ ᠬᠢᠴᠢᠶᠡᠯ ᠬᠥᠲᠥᠯᠬᠦ ᠶᠢᠨ ᠦᠢᠯᠡᠳᠦᠯ ᠪᠠ ᠴᠢᠬᠤᠯᠠ | ᠴᠢᠨᠠᠷ ᠢ ᠪᠣᠳᠠᠲᠤ ᠵᠢᠱᠢᠶ᠎ᠡ ᠲᠠᠢ ᠤᠶᠠᠯᠳᠤᠭᠤᠯᠤᠨ ᠲᠣᠳᠣᠷᠬᠠᠶᠢᠯᠠᠬᠤ ᠴᠢᠬᠤᠯᠠ ᠲᠠᠢ ᠪᠠᠶᠢᠨ᠎ᠠ᠃ | ᠨᠢᠭᠡ᠂ ᠠᠮᠢᠳᠤ ᠪᠣᠳᠠᠰ ᠤᠨ ᠵᠢᠭᠠᠨ ᠰᠤᠷᠭᠠᠯᠲᠠ ᠳᠠᠬᠢ ᠬᠢᠴᠢᠶᠡᠯ ᠳᠤ ᠬᠥᠲᠥᠯᠬᠦ ᠶᠢᠨ ᠦᠢᠯᠡᠳᠦᠯ | ᠲᠤᠰ ᠵᠣᠬᠢᠶᠠᠯ ᠳᠤ ᠭᠤᠣᠯᠳᠠᠭᠤ ᠲᠡᠭᠡᠳᠤ ᠵᠡᠷᠭᠡ ᠶᠢᠨ ᠳᠤᠮᠳᠠᠳᠦ ᠰᠤᠷᠭᠠᠭᠤᠯᠢ ᠶᠢᠨ ᠠᠮᠢᠳᠤ ᠪᠣᠳᠠᠰ ᠤᠨ | ᠬᠢᠴᠢᠶᠡᠯ ᠤᠨ ᠵᠠᠪᠠᠯ ᠰᠤᠷᠬᠤ ᠨᠢᠭᠡᠳᠦᠭᠡᠷ ᠳᠡᠪᠲᠡᠷ ᠤᠨ ᠵᠠᠷᠢᠮ ᠠᠭᠤᠯᠭ᠎ᠠ ᠪᠠᠷ ᠵᠢᠱᠢᠶᠡᠯᠡᠵᠦ ᠬᠢᠴᠢᠶᠡᠯ ᠳᠤ | ᠬᠥᠲᠥᠯᠬᠦ ᠶᠢᠨ ᠴᠢᠬᠤᠯᠠ ᠦᠢᠯᠡᠳᠦᠯ ᠢ ᠥᠭᠦᠯᠡᠨᠠ᠃ ᠵᠠᠪᠠᠯ ᠰᠤᠷᠬᠤ ᠨᠢᠭᠡᠳᠦᠭᠡᠷ ᠳᠡᠪᠲᠡᠷ ᠤᠨ ᠠᠭᠤᠯᠭ᠎ᠠ ᠳᠤ | ᠮᠣᠯᠧᠺᠦ᠋ᠯ ᠤᠨ ᠪᠦᠷᠢᠯᠳᠦᠯ᠂ ᠡᠰ ᠤᠨ ᠪᠦᠲᠦᠴᠡ᠂ ᠡᠰ ᠤᠨ ᠰᠣᠯᠢᠯᠴᠠᠭ᠎ᠠ᠂ ᠡᠰ ᠤᠨ ᠦᠷᠡᠵᠢᠯ ᠵᠢᠴᠢ ᠡᠰ ᠤᠨ | ᠢᠯᠭᠠᠷᠠᠯ᠂ ᠥᠲᠡᠯᠬᠦ ᠪᠠ ᠦᠬᠦᠬᠦ ᠵᠡᠷᠭᠡ ᠠᠭᠤᠯᠭ᠎ᠠ ᠪᠠᠭᠲᠠᠨ᠎ᠠ᠃ ᠲᠤᠰ ᠬᠡᠰᠡᠭ ᠨᠢ ᠡᠰ ᠤᠨ ᠠᠮᠢᠳᠤ ᠪᠣᠳᠠᠰ ᠤᠨ | ᠤᠬᠠᠭᠠᠨ ᠤ ᠲᠠᠯ᠎ᠠ ᠶᠢᠨ ᠬᠠᠮᠤᠭ ᠤᠨ ᠦᠨᠳᠦᠰᠦᠨ ᠮᠡᠳᠡᠯᠭᠡ ᠪᠠᠶᠢᠵᠤ᠂ ᠪᠤᠰᠤᠳ ᠬᠡᠰᠡᠭ ᠢ ᠰᠤᠷᠤᠯᠴᠠᠬᠤ ᠰᠠᠭᠤᠷᠢ | ᠪᠣᠯᠣᠨ᠎ᠠ᠃ ᠰᠤᠷᠤᠭᠴᠢᠳ ᠲᠤᠰ ᠬᠡᠰᠡᠭ ᠤᠨ ᠰᠤᠷᠤᠯᠴᠠᠯᠭ᠎ᠠ ᠪᠠᠷ ᠳᠠᠮᠵᠢᠨ ᠬᠤᠮᠠᠬᠢ ᠲᠠᠯ᠎ᠠ ᠠᠴᠠ ᠠᠮᠢ ᠨᠠᠰᠤᠨ ᠤ | ᠮᠥᠨ ᠴᠢᠨᠠᠷ ᠢ ᠨᠡᠩ ᠭᠦᠨᠵᠡᠭᠡᠢ ᠣᠶᠢᠯᠠᠭᠠᠬᠤ ᠪᠣᠯᠣᠨ᠎ᠠ᠃ ᠡᠨᠡ ᠨᠢ ᠰᠤᠷᠤᠭᠴᠢᠳ ᠤᠨ ᠰᠢᠨᠵᠢᠯᠡᠬᠦ ᠤᠬᠠᠭᠠᠨᠴᠢ | ᠰᠡᠳᠬᠢᠬᠦᠢ ᠪᠠ ᠠᠮᠢ ᠶᠢᠨ ᠦᠵᠡᠯᠲᠡ ᠶᠢᠨ ᠪᠦᠷᠢᠯᠳᠦᠬᠦ ᠳᠤ ᠠᠰᠢᠭᠲᠠᠢ ᠶᠤᠮ᠃ ᠡᠶᠢᠮᠦ ᠠᠴᠠ ᠲᠤᠰ ᠬᠡᠰᠡᠭ ᠲᠠᠢ | ᠬᠠᠮᠢᠶ᠎ᠠ ᠲᠠᠢ ᠬᠢᠴᠢᠶᠡᠯ ᠢ ᠰᠠᠶᠢᠲᠤᠷ ᠲᠥᠰᠥᠪᠯᠡᠨ᠂ ᠠᠮᠵᠢᠯᠲᠠ ᠲᠠᠢ ᠬᠥᠲᠥᠯᠬᠦ ᠪᠣᠯ ᠮᠠᠰᠢ ᠴᠢᠬᠤᠯᠠ ᠶᠤᠮ᠃ | 1. ᠰᠤᠷᠤᠭᠴᠢᠳ ᠤᠨ ᠠᠩᠬᠠᠷᠤᠯ ᠢ ᠲᠠᠲᠠᠨ᠎ᠠ | ᠰᠠᠶᠢᠨ ᠬᠢᠴᠢᠶᠡᠯ ᠤᠨ ᠡᠬᠢᠯᠡᠯᠲᠡ ᠪᠣᠯ ᠰᠣᠷᠢᠨᠵᠢᠨ ᠮᠡᠲᠦ ᠪᠠᠶᠢᠵᠤ᠂ ᠪᠦᠬᠦ ᠰᠤᠷᠤᠭᠴᠢ ᠶᠢᠨ ᠪᠦᠬᠦ | ᠠᠩᠬᠠᠷᠤᠯ ᠢ ᠨᠢᠭᠡ ᠯᠡ ᠳᠣᠣᠷ᠎ᠠ ᠲᠥᠪᠯᠡᠷᠡᠭᠦᠯᠵᠦ ᠲᠡᠶᠢᠯᠦᠨ᠎ᠡ᠃ ᠰᠤᠷᠤᠭᠴᠢᠳ ᠬᠢᠴᠢᠶᠡᠯ ᠤᠨ ᠵᠠᠪᠰᠠᠷᠯᠠᠭ᠎ᠠ ᠳᠤ | ᠲᠦᠷ ᠠᠮᠠᠷᠠᠭᠰᠠᠨ ᠤ ᠳᠠᠷᠠᠭ᠎ᠠ ᠰᠢᠨ᠎ᠡ ᠬᠢᠴᠢᠶᠡᠯ ᠳᠤ ᠣᠷᠣᠬᠤ ᠦᠶ᠎ᠡ ᠳᠤ ᠲᠦᠷᠦᠭᠦᠦ ᠬᠡᠳᠦᠨ ᠮᠢᠨᠦ᠋ᠲ ᠲᠤ | ᠠᠩᠬᠠᠷᠤᠯ ᠢᠶᠠᠨ ᠲᠥᠪᠯᠡᠷᠡᠭᠦᠯᠵᠦ ᠲᠡᠶᠢᠯᠭᠦ ᠦᠭᠡᠢ ᠪᠠᠶᠢᠵᠤ᠂ ᠰᠡᠳᠬᠢᠯ ᠰᠠᠨᠠᠭ᠎ᠠ ᠲᠣᠭᠲᠠᠪᠤᠷᠢ ᠦᠭᠡᠢ ᠪᠠᠶᠢᠳᠠᠭ᠂ ᠪᠠᠰᠠ | ᠵᠠᠷᠢᠮ ᠦᠶ᠎ᠡ ᠳᠤ ᠰᠤᠷᠤᠭᠴᠢᠳ ᠬᠢᠴᠢᠶᠡᠯ ᠤᠨ ᠵᠠᠪᠰᠠᠷᠯᠠᠭ᠎ᠠ ᠳᠤ ᠵᠣᠭᠤᠭᠳᠠᠵᠤ ᠪᠠᠷᠠᠭᠰᠠᠨ ᠦᠭᠡᠢ ᠵᠣᠭᠤᠭ ᠢᠶᠠᠨ | ᠬᠢᠴᠢᠶᠡᠯ ᠲᠡᠭᠡᠷ᠎ᠡ ᠵᠠᠯᠭᠠᠭᠠᠳ ᠵᠣᠭᠤᠭᠳᠠᠳᠠᠭ᠃ ᠡᠨᠡ ᠦᠶ᠎ᠡ ᠳᠤ ᠬᠡᠷᠪᠡ ᠲᠣᠬᠢᠷᠠᠮᠵᠢᠲᠠᠢ ᠠᠷᠭ᠎ᠠ ᠮᠠᠶ᠋ᠢᠬ ᠢᠶᠠᠷ ᠨᠢᠭᠡᠨ | ᠬᠢᠴᠢᠶᠡᠯ ᠤᠨ ᠡᠬᠢᠯᠡᠯᠲᠡ ᠲᠥᠰᠥᠪᠯᠡᠭᠰᠡᠨ ᠪᠠᠶᠢᠪᠠᠯ᠂ ᠰᠤᠷᠤᠭᠴᠢᠳ ᠤᠨ ᠠᠩᠬᠠᠷᠤᠯ ᠢ ᠲᠠᠲᠠᠵᠤ᠂ ᠲᠡᠳᠡᠨ ᠢ ᠲᠤᠩ | ᠲᠦᠷᠭᠡᠨ ᠢᠶᠠᠷ ᠰᠢᠨ᠎ᠡ ᠬᠢᠴᠢᠶᠡᠯ ᠤᠨ ᠠᠭᠤᠯᠭ᠎ᠠ ᠳᠤ ᠲᠠᠳᠠᠵᠤ ᠠᠪᠴᠢᠷᠠᠵᠤ ᠪᠤᠯᠤᠨ᠎ᠠ᠃ | 2. ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠨ᠎ᠡ | ᠰᠤᠷᠭᠠᠨ ᠬᠥᠮᠦᠵᠢᠯ ᠤᠨ ᠰᠡᠳᠬᠢᠴᠡ ᠶᠢᠨ ᠵᠤᠭᠰᠤᠴᠠ ᠠᠴᠠ ᠠᠪᠴᠤ ᠦᠵᠡᠪᠡᠯ᠂ ᠰᠤᠷᠬᠤᠢ ᠶᠢᠨ ᠤᠷᠮ᠎ᠠ | ᠪᠠᠬ᠎ᠠ ᠪᠣᠯ ᠨᠢᠭᠡ ᠬᠥᠮᠥᠨ ᠤ ᠲᠠᠨᠢᠯᠲᠠ ᠳᠤ ᠬᠡᠯᠪᠠᠶᠢᠵᠦ᠂ ᠶᠠᠮᠠᠷ ᠨᠢᠭᠡᠨ ᠮᠡᠳᠡᠯᠭᠡ ᠶᠢ ᠰᠤᠳᠤᠯᠤᠨ ᠣᠯᠬᠤ | ᠰᠡᠳᠬᠢᠴᠡ ᠶᠢᠨ ᠣᠨᠴᠠᠯᠢᠭ ᠪᠠᠶᠢᠵᠤ᠂ ᠬᠥᠮᠥᠰ ᠤᠨ ᠮᠡᠳᠡᠯᠭᠡ ᠰᠤᠷᠬᠤ ᠶᠢ ᠠᠬᠢᠭᠤᠯᠳᠠᠭ ᠨᠢᠭᠡ ᠵᠦᠢᠯ ᠤᠨ | ᠳᠣᠲᠣᠭᠠᠳᠤ ᠬᠦᠴᠦᠨ ᠪᠣᠯᠣᠨ᠎ᠠ᠃ ᠰᠤᠷᠤᠭᠴᠢ ᠶᠠᠮᠠᠷ ᠨᠢᠭᠡᠨ ᠰᠢᠨᠵᠢᠯᠡᠭᠡᠨ ᠤ ᠰᠠᠯᠠᠭ᠎ᠠ ᠳᠤ ᠰᠣᠨᠢᠷᠬᠠᠯ ᠲᠠᠢ ᠪᠣᠯ | ᠳᠠᠷᠤᠢ ᠦᠷᠭᠦᠯᠵᠢᠯᠡᠨ ᠰᠡᠳᠬᠢᠯ ᠲᠠᠯᠪᠢᠨ ᠰᠤᠳᠤᠯᠵᠤ᠂ ᠡᠭᠦᠨ ᠤ ᠤᠯᠠᠮ ᠠᠴᠠ ᠰᠤᠷᠤᠯᠭ᠎ᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠳᠡᠭ᠃ ᠬᠡᠷᠪᠡ ᠶᠠᠮᠠᠷ ᠨᠢᠭᠡᠨ ᠲᠥᠷᠦᠯ ᠤᠨ ᠬᠢᠴᠢᠶᠡᠯ ᠳᠤ ᠰᠣᠨᠢᠷᠬᠠᠯ ᠦᠭᠡᠢ ᠪᠣᠯ ᠪᠠᠭᠰᠢ ᠠᠴᠠ ᠬᠡᠳᠦᠢ | ᠴᠢᠷᠮᠠᠶᠢᠯ᠎ᠠ ᠴᠦ ᠭᠡᠰᠡᠨ ᠰᠤᠷᠤᠭᠴᠢ ᠶᠢᠨ ᠰᠤᠷᠤᠯᠭ᠎ᠠ ᠶᠢᠨ ᠦᠷ᠎ᠡ ᠪᠦᠳᠤᠮᠵᠢ ᠳᠡᠭᠡᠭᠰᠢᠯᠡᠵᠦ ᠲᠡᠶᠢᠯᠭᠦ ᠦᠭᠡᠢ | ᠪᠠᠶᠢᠳᠠᠭ᠃ ᠡᠶᠢᠮᠦ ᠠᠴᠠ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠬᠦ ᠪᠣᠯ ᠴᠢᠬᠤᠯᠠ | ᠦᠢᠯᠡᠳᠦᠯ ᠲᠠᠢ᠃ ᠣᠳᠣᠬᠠᠨ ᠳᠤ ᠮᠠᠰᠢ ᠤᠯᠠᠨ ᠰᠤᠷᠤᠭᠴᠢ ᠰᠤᠷᠤᠯᠭ᠎ᠠ ᠳᠤ ᠪᠠᠨ ᠰᠣᠨᠢᠷᠬᠠᠯ ᠦᠭᠡᠢ᠂ ᠰᠤᠷᠤᠯᠴᠠᠬᠤ | ᠪᠠᠬ᠎ᠠ ᠦᠭᠡᠢ ᠪᠠᠶᠢᠨ᠎ᠠ᠃ ᠲᠡᠭᠡᠪᠡᠯ ᠨᠢᠭᠡᠨ ᠠᠮᠢᠳᠤᠯᠢᠭ ᠮᠥᠷᠲᠡᠭᠡᠨ ᠰᠣᠨᠢᠷᠬᠠᠯ ᠲᠠᠢ ᠬᠢᠴᠢᠶᠡᠯ ᠤᠨ ᠡᠬᠢᠯᠡᠯᠲᠡ ᠶᠢ | ᠠᠰᠢᠭᠯᠠᠨ ᠰᠤᠷᠤᠭᠴᠢᠳ ᠤᠨ ᠤᠷᠮ᠎ᠠ ᠪᠠᠬ᠎ᠠ ᠶᠢ ᠬᠥᠭᠵᠢᠭᠡᠵᠦ᠂ ᠰᠤᠷᠤᠭᠴᠢᠳ ᠤᠨ ᠰᠠᠨᠠᠭᠠᠴᠢᠯᠠᠭᠠᠲᠦ ᠴᠢᠨᠠᠷ ᠪᠠ | ᠢᠳᠡᠪᠬᠢᠵᠢᠯ ᠢ ᠳᠠᠶᠢᠴᠢᠯᠡᠵᠦ᠂ ᠰᠤᠷᠤᠭᠴᠢᠳ ᠢ ᠠᠮᠢᠳᠤ ᠪᠣᠳᠠᠰ ᠤᠨ ᠬᠢᠴᠢᠶᠡᠯ ᠣᠷᠣᠬᠤ ᠳᠤᠷᠠᠲᠠᠢ᠂ ᠰᠤᠳᠤᠯᠬᠤ | ᠳᠤᠷᠠᠲᠠᠢ ᠪᠣᠯᠭᠠᠨ᠎ᠠ᠃ | 3. ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠰᠡᠩᠬᠡᠷᠡᠭᠦᠯᠵᠦ᠂ ᠰᠤᠷᠤᠭᠴᠢᠳ ᠢ ᠪᠡᠯᠡᠳᠬᠡᠯ ᠲᠠᠢ᠂ | ᠵᠣᠷᠢᠯᠭ᠎ᠠ ᠲᠠᠢ ᠪᠠᠷ ᠬᠢᠴᠢᠶᠡᠯ ᠳᠤ ᠣᠷᠣᠬᠤ ᠪᠣᠯᠭᠠᠨ᠎ᠠ | ᠰᠠᠶᠢᠨ ᠬᠢᠴᠢᠶᠡᠯ ᠤᠨ ᠡᠬᠢᠯᠡᠯᠲᠡ ᠪᠣᠯ ᠬᠠᠭᠤᠴᠢᠨ ᠮᠡᠳᠡᠯᠭᠡ ᠶᠢ ᠳᠠᠪᠲᠠᠵᠤ᠂ ᠰᠢᠨ᠎ᠡ ᠮᠡᠳᠡᠯᠭᠡ ᠶᠢ | ᠤᠳᠤᠷᠢᠳᠴᠤ᠂ ᠰᠢᠨ᠎ᠡ ᠬᠠᠭᠤᠴᠢᠨ ᠮᠡᠳᠡᠯᠭᠡ ᠶᠢ ᠬᠤᠯᠪᠣᠬᠤ ᠦᠢᠯᠡᠳᠦᠯ ᠦᠵᠡᠭᠦᠯᠵᠦ᠂ ᠰᠤᠷᠤᠭᠴᠢᠳ ᠲᠤ | ᠮᠡᠳᠡᠯᠭᠡ ᠶᠢᠨ ᠬᠥᠭᠦᠷᠭᠡ ᠲᠠᠪᠢᠰᠤᠨ ᠦᠭᠴᠦ᠂ ᠰᠤᠷᠤᠭᠴᠢᠳ ᠢ ᠬᠠᠪᠰᠤᠷᠤᠨ ᠮᠡᠳᠡᠯᠭᠡ ᠶᠢᠨ ᠬᠤᠯᠪᠣᠭᠳᠠᠯ ᠢ | ᠲᠣᠳᠣᠷᠬᠠᠢ ᠪᠣᠯᠭᠠᠵᠦ᠂ ᠰᠤᠷᠤᠭᠴᠢᠳ ᠤᠨ ᠰᠢᠨᠵᠢᠯᠡᠬᠦ ᠤᠬᠠᠭᠠᠨᠴᠢ ᠰᠡᠳᠬᠢᠬᠦᠢ ᠶᠢᠨ ᠪᠤᠢ ᠪᠣᠯᠬᠤ ᠳᠤ ᠨᠥᠬᠦᠴᠡᠯ | ᠬᠠᠩᠭᠠᠵᠦ᠂ ᠪᠦᠬᠦ᠋ᠢᠯᠡ ᠬᠢᠴᠢᠶᠡᠯ ᠤᠨ ᠰᠤᠷᠤᠯᠴᠠᠯᠭ᠎ᠠ ᠳᠤ ᠪᠡᠯᠡᠳᠬᠡᠯ ᠪᠠ ᠰᠠᠭᠤᠷᠢ ᠲᠠᠯᠪᠢᠵᠤ ᠥᠭᠭᠦᠨ᠎ᠡ᠃ | 4. ᠰᠢᠨ᠎ᠡ ᠬᠢᠴᠢᠶᠡᠯ ᠤᠨ ᠠᠭᠤᠯᠭ᠎ᠠ ᠳᠤ ᠰᠤᠷᠤᠯᠴᠠᠯᠭ᠎ᠠ ᠶᠢᠨ ᠠᠬᠤᠢ ᠪᠠᠶᠢᠳᠠᠯ ᠢ ᠬᠠᠩᠭᠠᠨ᠎ᠠ | ᠣᠳᠤ ᠶᠢᠨ ᠰᠤᠷᠤᠭᠴᠢᠳ ᠰᠢᠨ᠎ᠡ ᠮᠡᠳᠡᠯᠭᠡ ᠶᠢ ᠰᠤᠷᠬᠤ᠂ ᠡᠵᠡᠮᠰᠢᠬᠦ ᠤᠷᠮ᠎ᠠ ᠰᠡᠳᠬᠢᠯᠭᠡ ᠶᠡᠷᠦ ᠳᠤ ᠪᠠᠨ | ᠲᠡᠳᠦᠢ ᠥᠨᠳᠥᠷ ᠪᠢᠰᠢ ᠪᠠᠶᠢᠳᠠᠭ᠂ ᠡᠨᠡ ᠦᠶᠡᠰ ᠲᠤ ᠬᠠᠪᠤᠯᠢᠭ ᠲᠣᠬᠢᠷᠠᠮᠵᠢᠲᠠᠢ ᠬᠢᠴᠢᠶᠡᠯ ᠤᠨ ᠡᠬᠢᠯᠡᠯᠲᠡ ᠪᠠᠷ | ᠳᠠᠮᠵᠢᠨ ᠰᠢᠨ᠎ᠡ ᠠᠭᠤᠯᠭ᠎ᠠ ᠶᠢᠨ ᠰᠤᠷᠤᠯᠴᠠᠯᠭ᠎ᠠ ᠶᠢᠨ ᠠᠬᠤᠢ ᠪᠠᠶᠢᠳᠠᠯ ᠢ ᠬᠠᠩᠭᠠᠵᠦ᠂ ᠰᠤᠷᠤᠭᠴᠢᠳ ᠤᠨ ᠰᠢᠨ᠎ᠡ | ᠮᠡᠳᠡᠯᠭᠡ ᠶᠢ ᠰᠤᠷᠴᠤ ᠰᠤᠳᠤᠯᠬᠤ ᠤᠷᠮ᠎ᠠ ᠵᠣᠷᠢᠭ ᠢ ᠨᠢ ᠬᠥᠭᠵᠢᠭᠡᠪᠡᠯ ᠲᠡᠳᠡᠨ ᠢ ᠨᠡᠩ ᠲᠦᠷᠭᠡᠨ ᠮᠥᠷᠲᠡᠭᠡᠨ | ᠤᠷᠤᠭᠰᠢᠲᠠᠢ ᠪᠠᠷ ᠰᠢᠨ᠎ᠡ ᠬᠢᠴᠢᠶᠡᠯ ᠤᠨ ᠵᠢᠭᠠᠨ ᠰᠤᠷᠭᠠᠯᠲᠠ ᠳᠤ ᠠᠭᠤᠰᠬᠠᠵᠤ ᠲᠡᠶᠢᠯᠭᠦ ᠪᠣᠯᠣᠨ᠎ᠠ᠃ | 5. ᠰᠤᠷᠤᠭᠴᠢᠳ ᠤᠨ ᠡᠭᠦᠳᠦᠨ ᠪᠦᠲᠦᠭᠡᠬᠦ ᠰᠡᠳᠬᠢᠬᠦᠢ ᠶᠢ ᠪᠣᠯᠪᠠᠰᠣᠷᠠᠭᠤᠯᠵᠦ᠂ ᠮᠡᠳᠡᠯᠭᠡ ᠶᠢᠨ ᠬᠠᠷᠠᠭ᠎ᠠ | ᠬᠡᠪᠴᠢᠶ᠎ᠡ ᠶᠢ ᠥᠷᠭᠡᠳᠬᠡᠨ᠎ᠡ | ᠬᠢᠴᠢᠶᠡᠯ ᠢ ᠠᠮᠵᠢᠯᠲᠠ ᠲᠠᠢ ᠬᠥᠲᠥᠯᠵᠦ ᠣᠷᠣᠬᠤ ᠪᠣᠯ ᠰᠤᠷᠤᠭᠴᠢᠳ ᠤᠨ ᠰᠡᠳᠬᠢᠬᠦᠢ ᠶᠢ ᠨᠡᠭᠡᠭᠡᠭᠳᠡᠭᠦᠯᠬᠦ | ᠡᠬᠢᠯᠡᠯᠲᠡ ᠮᠥᠨ᠃ ᠰᠤᠷᠤᠭᠴᠢᠳ ᠤᠨ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠳᠤᠷᠠᠳᠬᠤ᠂ ᠠᠰᠠᠭᠤᠳᠠᠯ ᠢ | ᠰᠠᠨᠠᠭᠠᠴᠢᠯᠠᠭ᠎ᠠ ᠲᠠᠢ ᠪᠠᠷ ᠵᠠᠳᠠᠯᠵᠤ ᠳ᠋ᠦᠩᠨᠡᠬᠦ ᠳᠠᠳᠬᠠᠯ ᠢ ᠪᠤᠢ ᠪᠣᠯᠭᠠᠬᠤ ᠪᠣᠯᠣᠨ᠎ᠠ᠃ ᠰᠤᠷᠤᠭᠴᠢᠳ | ᠥᠪᠡᠷ ᠲᠤ ᠪᠠᠨ ᠠᠰᠠᠭᠤᠳᠠᠯ ᠢ ᠳᠤᠷᠠᠳᠴᠤ᠂ ᠢᠯᠡᠷᠡᠭᠦᠯᠵᠦ ᠲᠡᠶᠢᠯᠵᠦ ᠪᠠᠶᠢᠪᠠᠯ ᠰᠠᠶ᠋ᠢ ᠠᠰᠠᠭᠤᠳᠠᠯ ᠢ ᠵᠠᠳᠠᠯᠵᠤ | ᠬᠤᠷᠢᠶᠠᠩᠭᠤᠶᠢᠯᠠᠬᠤ ᠴᠢᠳᠠᠪᠤᠷᠢ ᠲᠠᠢ ᠪᠣᠯᠵᠤ ᠲᠡᠶᠢᠯᠦᠨ᠎ᠡ᠂ ᠰᠠᠶ᠋ᠢ ᠰᠢᠨ᠎ᠡ ᠮᠡᠳᠡᠯᠭᠡ ᠶᠢ ᠰᠤᠷᠬᠤ ᠰᠤᠳᠤᠯᠬᠤ | ᠰᠣᠨᠢᠷᠬᠠᠯ ᠲᠠᠢ ᠪᠣᠯᠵᠤ᠂ ᠰᠢᠨ᠎ᠡ ᠮᠡᠳᠡᠯᠭᠡ ᠶᠢ ᠣᠶᠢᠯᠠᠭᠠᠵᠤ ᠡᠵᠡᠮᠰᠢᠵᠦ ᠲᠡᠶᠢᠯᠭᠦ ᠪᠣᠯᠣᠨ᠎ᠠ᠃ ᠬᠡᠷᠪᠡ | ᠰᠤᠷᠤᠭᠴᠢᠳ ᠤᠨ ᠣᠶᠢᠯᠠᠭᠠᠬᠤ ᠦᠭᠡᠢ᠂ ᠮᠡᠳᠡᠬᠦ ᠦᠭᠡᠢ ᠵᠠᠷᠢᠮ ᠵᠦᠢᠯ ᠢᠶᠠᠷ ᠬᠢᠴᠢᠶᠡᠯ ᠳᠤ ᠬᠥᠲᠥᠯᠪᠡᠯ | ᠰᠤᠷᠤᠭᠴᠢᠳ ᠤᠨ ᠠᠩᠬᠠᠷᠤᠯ ᠢ ᠲᠠᠲᠠᠬᠤ ᠮᠥᠷᠲᠡᠭᠡᠨ ᠰᠤᠷᠤᠭᠴᠢᠳ ᠤᠨ ᠮᠡᠳᠡᠯᠭᠡ ᠶᠢᠨ ᠬᠦᠷᠢᠶ᠎ᠡ ᠬᠡᠪᠴᠢᠶ᠎ᠡ ᠪᠠ | ᠮᠡᠳᠡᠯᠭᠡ ᠶᠢᠨ ᠬᠠᠷᠠᠭ᠎ᠠ ᠶᠢ ᠥᠷᠭᠡᠳᠬᠡᠨ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠲᠠᠲᠠᠬᠤ ᠪᠣᠯᠣᠨ᠎ᠠ᠃ | ᠬᠤᠶᠠᠷ᠂ ᠠᠮᠢᠳᠤ ᠪᠣᠳᠠᠰ ᠤᠨ ᠵᠢᠭᠠᠨ ᠰᠤᠷᠭᠠᠯᠲᠠ ᠳᠠᠬᠢ ᠬᠢᠴᠢᠶᠡᠯ ᠳᠤ ᠬᠥᠲᠥᠯᠬᠦ ᠶᠢᠨ ᠪᠣᠳᠠᠲᠤ ᠵᠢᠱᠢᠶ᠎ᠡ | 1. ᠠᠰᠠᠭᠤᠯᠲᠠ ᠶᠢᠨ ᠬᠡᠯᠪᠡᠷᠢ ᠪᠠᠷ ᠬᠢᠴᠢᠶᠡᠯ ᠳᠤ ᠬᠥᠲᠥᠯᠬᠦ | ᠰᠣᠨᠢᠭᠤᠴᠢ ᠰᠡᠳᠬᠢᠯ ᠬᠥᠮᠥᠨ ᠪᠦᠬᠦᠨ ᠳᠤ ᠪᠠᠶᠢᠳᠠᠭ᠃ ᠠᠰᠠᠭᠤᠯᠲᠠ ᠶᠢᠨ ᠬᠡᠯᠪᠡᠷᠢ ᠪᠠᠷ ᠬᠢᠴᠢᠶᠡᠯ ᠳᠤ | ᠬᠥᠲᠥᠯᠬᠦ ᠨᠢ ᠬᠡᠳᠦ᠋ᠢᠪᠡᠷ ᠲᠥᠬᠦᠮ ᠠᠪᠰᠠᠷ ᠮᠥᠷᠲᠡᠭᠡᠨ ᠤᠳᠠᠭᠠᠨ ᠬᠡᠷᠡᠭᠯᠡᠭᠳᠡᠭᠰᠡᠭᠡᠷ ᠢᠷᠡᠭᠰᠡᠨ ︽ᠬᠠᠭᠤᠴᠢᠨ | ᠠᠷᠭ᠎ᠠ︾ ᠪᠣᠯᠪᠠᠴᠦ ᠰᠤᠷᠤᠭᠴᠢ ᠶᠢᠨ ᠰᠣᠨᠢᠭᠤᠴᠢ ᠰᠡᠳᠬᠢᠯ ᠢ ᠠᠰᠢᠭᠯᠠᠨ᠂ ᠬᠢᠴᠢᠶᠡᠯ ᠲᠠᠢ ᠬᠠᠮᠢᠶ᠎ᠠ ᠲᠠᠢ ᠬᠡᠳᠦᠨ | ᠠᠰᠠᠭᠤᠯᠲᠠ ᠲᠥᠰᠥᠪᠯᠡᠨ᠂ ᠠᠰᠠᠭᠤᠯᠲᠠ ᠪᠠᠷ ᠳᠠᠮᠵᠢᠨ ᠰᠤᠷᠤᠭᠴᠢᠳ ᠢ ᠰᠡᠳᠬᠢᠭᠦᠯᠬᠦ ᠶᠢᠨ ᠬᠠᠮᠲᠤ ᠰᠤᠷᠤᠯᠴᠠᠬᠤ | ᠤᠷᠮ᠎ᠠ ᠪᠠᠬ᠎ᠠ ᠶᠢ ᠬᠥᠭᠵᠢᠭᠡᠵᠦ᠂ ᠡᠭᠦᠨ ᠤ ᠤᠯᠠᠮ ᠠᠴᠠ ᠰᠢᠨ᠎ᠡ ᠬᠢᠴᠢᠶᠡᠯ ᠤᠨ ᠵᠢᠭᠠᠨ ᠰᠤᠷᠭᠠᠯᠲᠠ ᠪᠠᠨ | ᠤᠷᠤᠭᠰᠢᠲᠠᠢ ᠡᠬᠢᠯᠡᠭᠦᠯᠵᠦ ᠲᠡᠶᠢᠯᠭᠦ ᠪᠣᠯᠣᠨ᠎ᠠ᠃ | ᠵᠢᠱᠢᠶᠡᠯᠡᠪᠡᠯ᠂ ᠵᠠᠪᠠᠯ ᠰᠤᠷᠬᠤ ᠨᠢᠭᠡᠳᠦᠭᠡᠷ ᠳᠡᠪᠲᠡᠷ ᠤᠨ ᠬᠤᠶᠠᠳᠤᠭᠠᠷ ᠪᠦᠯᠦᠭ ᠤᠨ ᠭᠤᠷᠪᠠᠳᠤᠭᠠᠷ | ᠬᠡᠰᠡᠭ ᠤᠨ ᠰᠢᠬᠢᠷ ᠤᠨ ᠵᠦᠢᠯ ᠤᠨ ᠠᠭᠤᠯᠭ᠎ᠠ ᠶᠢ ᠬᠥᠲᠥᠯᠬᠦ ᠦᠶᠡᠰ ᠲᠤ ︽ᠡᠳᠦᠷ ᠲᠤᠳᠤᠮ ᠤᠨ ᠠᠮᠢᠳᠤᠷᠠᠯ | ᠳᠤᠮᠳᠠ ᠰᠢᠬᠢᠷ ᠭᠡᠭᠰᠡᠭᠡᠷ ᠪᠦᠷ ᠰᠢᠬᠢᠷᠯᠢᠭ ᠠᠮᠲᠠ ᠲᠠᠢ ᠪᠠᠶᠢᠳᠠᠭ᠂ ᠲᠡᠭᠡᠪᠡᠯ ᠠᠮᠢᠳᠤ ᠪᠣᠳᠠᠰ ᠤᠨ ᠪᠡᠶ᠎ᠡ ᠶᠢ | ᠪᠦᠷᠢᠯᠳᠦᠭᠦᠯᠦᠭᠰᠡᠨ ᠰᠢᠬᠢᠷ ᠤᠨ ᠵᠦᠢᠯ ᠪᠦᠬᠦᠨ ᠢᠶᠠᠷ ᠢᠶᠠᠨ ᠴᠥᠮ ᠰᠢᠬᠢᠷᠯᠢᠭ ᠠᠮᠲᠠ ᠲᠠᠢ ᠤᠤ︖︾ ᠭᠡᠬᠦ | ᠠᠰᠠᠭᠤᠯᠲᠠ ᠪᠠᠷ ᠳᠠᠮᠵᠢᠨ ᠰᠤᠷᠤᠭᠴᠢᠳ ᠤᠨ ᠠᠩᠬᠠᠷᠤᠯ ᠢ ᠲᠠᠲᠠᠨ ᠬᠢᠴᠢᠶᠡᠯ ᠡᠬᠢᠯᠡᠭᠦᠯᠵᠦ ᠪᠣᠯᠣᠨ᠎ᠠ᠃ ᠪᠠᠰᠠ | ᠵᠢᠱᠢᠶᠡᠯᠡᠪᠡᠯ᠂ ᠵᠢᠷᠭᠤᠳᠤᠭᠠᠷ ᠪᠦᠯᠦᠭ ᠤᠨ ᠨᠢᠭᠡᠳᠦᠭᠡᠷ ᠬᠡᠰᠡᠭ ᠤᠨ ᠡᠰ ᠤᠨ ᠨᠡᠮᠡᠭᠳᠡᠨ ᠦᠷᠡᠵᠢᠬᠦ ᠭᠡᠬᠦ ᠠᠭᠤᠯᠭ᠎ᠠ ᠶᠢ | ᠰᠤᠷᠬᠤ ᠦᠶᠡᠰ ᠲᠤ᠂ ᠪᠢᠳᠡ ᠬᠢᠴᠢᠶᠡᠯ ᠤᠨ ᠪᠢᠴᠢᠭ ᠳᠡᠭᠡᠷᠡᠬᠢ ︽ᠵᠠᠭᠠᠨ ᠪᠠ ᠬᠤᠯᠤᠭᠠᠨ᠎ᠠ ᠶᠢᠨ ᠪᠡᠶ᠎ᠡ ᠪᠢᠯᠳᠠᠷ ᠤᠨ | ᠵᠥᠷᠢᠶ᠎ᠡ ᠨᠢ ᠲᠡᠳᠡᠭᠡᠷ ᠢ ᠪᠦᠷᠢᠯᠳᠦᠭᠦᠯᠦᠭᠰᠡᠨ ᠡᠰ ᠤᠨ ᠡᠵᠡᠯᠡᠬᠦᠨ ᠤ ᠵᠥᠷᠢᠶᠡᠨ ᠠᠴᠠ ᠪᠣᠯᠤᠭᠰᠠᠨ ᠤᠤ︖︾ ᠭᠡᠬᠦ | ᠲᠥᠬᠦᠮ ᠠᠰᠠᠭᠤᠯᠲᠠ ᠪᠠᠷ ᠳᠠᠮᠵᠢᠨ ᠬᠢᠴᠢᠶᠡᠯ ᠳᠤ ᠬᠥᠲᠥᠯᠵᠦ ᠪᠣᠯᠣᠨ᠎ᠠ᠃ ᠡᠭᠦᠨ ᠢᠶᠠᠷ ᠳᠠᠮᠵᠢᠨ ᠰᠤᠷᠤᠭᠴᠢᠳ ᠤᠨ | ᠰᠦᠪᠡᠭᠴᠢᠯᠡᠬᠦ ᠤᠷᠮ᠎ᠠ ᠪᠠᠬ᠎ᠠ ᠶᠢ ᠲᠠᠲᠠᠵᠤ᠂ ᠰᠢᠨ᠎ᠡ ᠬᠢᠴᠢᠶᠡᠯ ᠤᠨ ᠠᠭᠤᠯᠭ᠎ᠠ ᠶᠢᠨ ᠰᠤᠷᠤᠯᠴᠠᠯᠭ᠎ᠠ ᠳᠤ ᠣᠷᠣᠵᠤ | ᠪᠣᠯᠣᠨ᠎ᠠ᠃ ᠡᠶᠢᠮᠦᠷᠬᠦᠦ ᠠᠰᠠᠭᠤᠯᠲᠠ ᠪᠠᠷ ᠳᠠᠮᠵᠢᠨ ᠬᠢᠴᠢᠶᠡᠯ ᠳᠤ ᠬᠥᠲᠥᠯᠬᠦ ᠬᠡᠯᠪᠡᠷᠢ ᠬᠡᠳᠦ᠋ᠢᠪᠡᠷ ᠳᠥᠭᠦᠮ | ᠪᠤᠯᠪᠠᠴᠦ᠂ ᠰᠢᠨ᠎ᠡ ᠰᠡᠪᠡᠭᠦᠨ᠂ ᠰᠤᠷᠤᠭᠴᠢ ᠶᠢᠨ ᠠᠩᠬᠠᠷᠤᠯ ᠢ ᠲᠠᠲᠠᠭᠰᠠᠨ ᠠᠰᠠᠭᠤᠯᠲᠠ ᠲᠥᠰᠥᠪᠯᠡᠪᠡᠯ ᠲᠥᠬᠦᠮ | ᠠᠷᠭ᠎ᠠ ᠪᠠᠷ ᠥᠨᠳᠥᠷ ᠦᠷ᠎ᠡ ᠠᠰᠢᠭ ᠣᠯᠬᠤ ᠪᠣᠯᠣᠨ᠎ᠠ᠃ | 2. ᠤᠷᠮ᠎ᠠ ᠪᠠᠭ᠋ᠠᠲᠦ ᠬᠡᠯᠪᠡᠷᠢ ᠪᠠᠷ ᠬᠢᠴᠢᠶᠡᠯ ᠳᠤ ᠬᠥᠲᠥᠯᠬᠦ | ᠥᠨᠥ ᠶᠢᠨ ᠰᠤᠷᠤᠭᠴᠢᠳ ᠤᠯᠠᠨ ᠲᠠᠯ᠎ᠠ ᠶᠢᠨ ᠠᠪᠢᠶᠠᠰ ᠲᠠᠢ ᠪᠠᠶᠢᠳᠠᠭ᠂ ᠮᠥᠨ ᠴᠦ ᠤᠯᠠᠨ ᠵᠦᠢᠯ ᠤᠨ | ᠵᠤᠭ᠎ᠠ ᠴᠡᠩᠭᠡᠯ ᠤᠨ ᠬᠥᠳᠡᠯᠭᠡᠭᠡᠨ ᠳᠤ ᠳᠤᠷ᠎ᠠ ᠪᠠᠬ᠎ᠠ ᠲᠠᠢ ᠪᠠᠶᠢᠳᠠᠭ᠂ ᠡᠭᠦᠨ ᠢ ᠠᠰᠢᠭᠯᠠᠨ ᠨᠢᠭᠡᠨ ᠬᠢᠴᠢᠶᠡᠯ ᠤᠨ | ᠡᠬᠢᠯᠡᠯᠲᠡ ᠲᠥᠰᠥᠪᠯᠡᠵᠦ ᠪᠣᠯᠣᠨ᠎ᠠ᠃ ᠵᠢᠱᠢᠶᠡᠯᠡᠪᠡᠯ᠂ ᠦᠯᠢᠭᠡᠷ ᠶᠠᠷᠢᠬᠤ᠂ ᠣᠨᠢᠰᠤᠭ᠎ᠠ ᠲᠠᠭᠠᠬᠤ᠂ ᠳᠠᠭᠤᠤ | ᠰᠣᠨᠤᠰᠬᠤ ᠵᠡᠷᠭᠡ ᠠᠷᠭ᠎ᠠ ᠮᠠᠶ᠋ᠢᠬ ᠪᠠᠶᠢᠵᠤ ᠪᠣᠯᠣᠨ᠎ᠠ᠃ DNA ᠪᠠ RNA ᠶᠢᠨ ᠠᠭᠤᠯᠭ᠎ᠠ ᠶᠢ ᠶᠠᠷᠢᠬᠤ | ᠦᠶᠡᠰ ᠲᠤ ᠳᠠᠷᠤᠢ DNA ᠶᠢ ᠬᠠᠷᠢᠴᠠᠭᠤᠯᠬᠤ ᠪᠠᠷ ᠳᠠᠮᠵᠢᠨ ᠴᠢᠰᠤᠨ ᠲᠥᠷᠦᠯ ᠤᠨ ᠬᠠᠷᠢᠴᠠᠭ᠎ᠠ ᠶᠢ ᠲᠣᠭᠲᠠᠭᠠᠬᠤ | ᠪᠤᠶᠤ ᠶᠠᠯ᠎ᠠ ᠬᠢᠭᠰᠡᠨ ᠡᠲᠡᠭᠡᠳ ᠢ ᠴᠠᠭᠳᠠᠨ ᠪᠠᠶᠢᠴᠠᠭᠠᠬᠤ ᠵᠡᠷᠭᠡ ᠦᠯᠢᠭᠡᠷ ᠢᠶᠠᠷ ᠳᠠᠮᠵᠢᠨ ᠬᠢᠴᠢᠶᠡᠯ ᠳᠤ ᠬᠥᠲᠥᠯᠵᠦ | ᠪᠣᠯᠣᠨ᠎ᠠ᠃ ᠪᠠᠰᠠ ᠵᠢᠱᠢᠶᠡᠯᠡᠪᠡᠯ᠂ ᠭᠤᠷᠪᠠᠳᠤᠭᠠᠷ ᠪᠦᠯᠦᠭ ᠤᠨ ᠬᠤᠶᠠᠳᠤᠭᠠᠷ ᠬᠡᠰᠡᠭ ᠤᠨ ᠡᠰ ᠤᠨ ᠡᠷᠬᠡᠲᠡᠨ ᠤ ᠠᠵᠢᠯ | ᠬᠤᠪᠢᠶᠠᠷᠢᠯᠠᠨ ᠬᠠᠮᠵᠢᠯᠴᠠᠬᠤ ᠠᠭᠤᠯᠭ᠎ᠠ ᠶᠢ ᠶᠠᠷᠢᠬᠤ ᠦᠶᠡᠰ ᠲᠤ᠂ ᠪᠠᠺᠲ᠋ᠧᠷᠢ ᠪᠠ ᠰᠢᠷᠬᠡᠭᠯᠢᠭ ᠮᠥᠬᠦᠯᠢᠭ ᠪᠡᠶ᠎ᠡ ᠶᠢᠨ | ᠦᠯᠢᠭᠡᠷ ᠢ ᠰᠤᠷᠤᠭᠴᠢ ᠪᠠᠷ ᠤᠩᠰᠢᠭᠤᠯᠵᠤ ᠶᠠᠷᠢᠭᠤᠯᠬᠤ ᠪᠠᠷ ᠳᠠᠮᠵᠢᠨ ᠬᠢᠴᠢᠶᠡᠯ ᠳᠤ ᠬᠥᠲᠥᠯᠵᠦ | ᠪᠣᠯᠣᠨ᠎ᠠ᠃ ᠢᠩᠭᠢᠬᠦ ᠨᠢ ᠰᠤᠷᠤᠭᠴᠢᠳ ᠤᠨ ᠰᠤᠷᠤᠯᠴᠠᠬᠤ᠂ ᠰᠦᠪᠡᠭᠴᠢᠯᠡᠬᠦ ᠤᠷᠮ᠎ᠠ ᠪᠠᠬ᠎ᠠ ᠶᠢ ᠲᠠᠲᠠᠵᠤ ᠪᠣᠯᠬᠤ ᠪᠠᠷ | ᠪᠠᠷᠠᠬᠤ ᠦᠭᠡᠢ ᠪᠠᠰᠠ ᠰᠤᠷᠤᠭᠴᠢᠳ ᠤᠨ ᠶᠡᠷᠦ ᠶᠢᠨ ᠮᠡᠳᠡᠯᠭᠡ ᠶᠢ ᠨᠡᠮᠡᠭᠳᠡᠭᠦᠯᠵᠦ᠂ ᠰᠤᠷᠤᠭᠰᠠᠨ ᠠᠮᠢᠳᠤ ᠪᠣᠳᠠᠰ ᠤᠨ | ᠮᠡᠳᠡᠯᠭᠡ ᠪᠠᠨ ᠪᠣᠳᠠᠲᠤ ᠠᠮᠢᠳᠤᠷᠠᠯ ᠳᠤ ᠬᠡᠷᠡᠭᠯᠡᠵᠦ ᠰᠤᠷᠬᠤ ᠳᠤ ᠨᠢ ᠠᠰᠢᠭᠲᠠᠢ ᠪᠠᠶᠢᠳᠠᠭ᠃ | 3. ᠰᠢᠭᠤᠳ ᠦᠵᠡᠭᠦᠯᠬᠦ ᠮᠠᠶ᠋ᠢᠬ ᠢᠶᠠᠷ ᠬᠢᠴᠢᠶᠡᠯ ᠳᠤ ᠬᠥᠲᠥᠯᠬᠦ | ᠬᠢᠴᠢᠶᠡᠯ ᠤᠨ ᠠᠭᠤᠯᠭ᠎ᠠ ᠲᠠᠢ ᠪᠠᠨ ᠬᠠᠮᠢᠶ᠎ᠠ ᠲᠠᠢ ᠵᠢᠷᠤᠭ᠂ ᠰᠡᠭᠦᠳᠡᠷ᠂ ᠣᠬᠤᠷ ᠹᠢᠯᠢᠮ ᠡᠰᠡᠬᠦᠯ᠎ᠡ ᠪᠤᠰᠤᠳ | ᠵᠢᠭᠠᠬᠤ ᠪᠠᠭᠠᠵᠢ ᠶᠢ ᠰᠤᠷᠤᠭᠴᠢᠳ ᠲᠤ ᠰᠢᠭᠤᠳ ᠦᠵᠡᠭᠦᠯᠬᠦ ᠪᠠᠷ ᠳᠠᠮᠵᠢᠨ ᠬᠢᠴᠢᠶᠡᠯ ᠳᠤ ᠬᠥᠲᠥᠯᠵᠦ | ᠪᠣᠯᠣᠨ᠎ᠠ᠃ ᠵᠢᠱᠢᠶᠡᠯᠡᠪᠡᠯ᠂ ᠵᠢᠷᠭᠤᠳᠤᠭᠠᠷ ᠪᠦᠯᠦᠭ ᠤᠨ ᠭᠤᠷᠪᠠᠳᠤᠭᠠᠷ ᠬᠡᠰᠡᠭ ᠤᠨ ᠡᠰ ᠤᠨ ᠥᠲᠡᠯᠬᠦ ᠪᠠ ᠦᠬᠦᠬᠦ | ᠠᠭᠤᠯᠭ᠎ᠠ ᠶᠢ ᠵᠢᠭᠠᠬᠤ ᠦᠶᠡᠰ ᠲᠤ ᠰᠤᠷᠤᠭᠴᠢᠳ ᠲᠤ ᠥᠲᠡᠯᠦᠭᠰᠡᠨ ᠬᠥᠮᠥᠨ ᠤ ᠵᠢᠷᠤᠭ ᠰᠡᠭᠦᠳᠡᠷ ᠢ ᠦᠵᠡᠭᠦᠯᠵᠦ᠂ | ᠬᠥᠮᠥᠨ ᠤ ᠥᠲᠡᠯᠬᠦ ᠣᠨᠴᠠᠯᠢᠭ ᠢ ᠶᠠᠷᠢᠯᠴᠠᠭᠤᠯᠬᠤ ᠪᠠᠷ ᠳᠠᠮᠵᠢᠨ ᠬᠢᠴᠢᠶᠡᠯ ᠳᠤ ᠬᠥᠲᠥᠯᠵᠦ ᠪᠣᠯᠣᠨ᠎ᠠ᠃ ᠪᠠᠰᠠ | ᠵᠢᠱᠢᠶᠡᠯᠡᠪᠡᠯ᠂ ᠳᠥᠷᠪᠡᠳᠦᠭᠡᠷ ᠪᠦᠯᠦᠭ ᠤᠨ ᠨᠢᠭᠡᠳᠦᠭᠡᠷ ᠬᠡᠰᠡᠭ ᠤᠨ ᠢᠳᠡᠪᠬᠢ ᠪᠤᠰᠤ ᠵᠥᠭᠡᠭᠡᠯᠲᠡ ᠶᠢ ᠵᠢᠭᠠᠬᠤ | ᠦᠶᠡᠰ ᠲᠤ ᠴᠢᠯᠦᠭᠡᠲᠦ ᠲᠠᠷᠬᠠᠯᠲᠠ ᠪᠠ ᠬᠠᠪᠰᠤᠷᠤᠯᠲᠦ ᠲᠠᠷᠬᠠᠯᠲᠠ ᠶᠢ ᠲᠥᠰᠦᠭᠡᠳᠦᠭᠦᠯᠦᠭᠰᠡᠨ ᠲᠡᠷᠭᠡ ᠪᠠᠷ ᠪᠠᠷᠠᠭ᠎ᠠ | ᠲᠡᠭᠡᠭᠡᠵᠦ ᠪᠠᠶᠢᠭ᠎ᠠ ᠣᠬᠤᠷ ᠹᠢᠯᠢᠮ ᠦᠵᠡᠭᠦᠯᠬᠦ ᠪᠠᠷ ᠳᠠᠮᠵᠢᠨ ᠬᠢᠴᠢᠶᠡᠯ ᠳᠤ ᠬᠥᠲᠥᠯᠵᠦ ᠪᠣᠯᠣᠨ᠎ᠠ᠃ ᠡᠶᠢᠮᠦᠷᠬᠦᠦ | ᠬᠢᠴᠢᠶᠡᠯ ᠳᠤ ᠬᠥᠲᠥᠯᠬᠦ ᠠᠷᠭ᠎ᠠ ᠨᠢ ᠰᠤᠷᠤᠭᠴᠢᠳ ᠲᠤ ᠵᠢᠷᠤᠭ ᠰᠡᠭᠦᠳᠡᠷ ᠪᠤᠶᠤ ᠪᠠᠭᠠᠵᠢ ᠬᠡᠷᠡᠭᠰᠡᠯ ᠢ ᠰᠢᠭᠤᠳ | ᠬᠠᠩᠭᠠᠵᠦ᠂ ᠰᠢᠭᠤᠳ ᠦᠵᠡᠭᠦᠯᠵᠦ ᠪᠠᠶᠢᠭ᠎ᠠ ᠪᠣᠯᠬᠤᠷ ᠨᠡᠩ ᠢᠯᠡᠭᠦᠦ ᠰᠤᠷᠤᠭᠴᠢᠳ ᠤᠨ ᠠᠩᠬᠠᠷᠤᠯ ᠢ ᠲᠠᠲᠠᠵᠤ | ᠲᠡᠶᠢᠯᠦᠨ᠎ᠡ᠃ | 4. ᠲᠤᠷᠰᠢᠯᠲᠠ ᠶᠢᠨ ᠬᠡᠯᠪᠡᠷᠢ ᠪᠠᠷ ᠬᠢᠴᠢᠶᠡᠯ ᠳᠤ ᠬᠥᠲᠥᠯᠬᠦ | ᠠᠮᠢᠳᠤ ᠪᠣᠳᠠᠰ ᠤᠨ ᠰᠤᠳᠤᠯᠤᠯ ᠪᠣᠯ ᠲᠤᠷᠰᠢᠯᠲᠠ ᠶᠢᠨ ᠴᠢᠨᠠᠷ ᠢᠶᠠᠷ ᠮᠠᠰᠢ ᠴᠢᠩᠭ᠎ᠠ ᠰᠢᠨᠵᠢᠯᠡᠭᠡᠨ ᠤ ᠬᠢᠴᠢᠶᠡᠯ | ᠲᠥᠷᠦᠯ ᠪᠣᠯᠣᠨ᠎ᠠ᠃ ᠠᠮᠢᠳᠤ ᠪᠣᠳᠠᠰ ᠤᠨ ᠵᠢᠭᠠᠨ ᠰᠤᠷᠭᠠᠯᠲᠠ ᠶᠢᠨ ᠶᠠᠪᠤᠴᠠ ᠳᠤ ᠦᠷᠭᠦᠯᠵᠢ ᠡᠯ᠎ᠡ ᠵᠦᠢᠯ ᠤᠨ | ᠲᠤᠷᠰᠢᠯᠲᠠ ᠲᠥᠰᠥᠪᠯᠡᠵᠦ ᠬᠢᠬᠦ ᠴᠢᠬᠤᠯᠠᠲᠠᠢ᠃ ᠡᠶᠢᠮᠦ ᠠᠴᠠ ᠲᠤᠷᠰᠢᠯᠲᠠ ᠶᠢ ᠠᠰᠢᠭᠯᠠᠨ ᠬᠢᠴᠢᠶᠡᠯ ᠳᠤ ᠰᠢᠭᠤᠳ | ᠬᠥᠲᠥᠯᠵᠦ ᠪᠣᠯᠣᠨ᠎ᠠ᠃ ᠡᠨᠡ ᠨᠢ ᠰᠤᠷᠤᠭᠴᠢᠳ ᠤᠨ ᠭᠠᠷ ᠬᠥᠳᠡᠯᠬᠦ ᠴᠢᠳᠠᠪᠤᠷᠢ᠂ ᠬᠠᠶᠢᠨ ᠰᠦᠪᠡᠭᠴᠢᠯᠡᠬᠦ ᠴᠢᠳᠠᠪᠤᠷᠢ | ᠪᠠ ᠰᠢᠨᠵᠢᠯᠡᠬᠦ ᠤᠬᠠᠭᠠᠨᠴᠢ ᠰᠡᠳᠬᠢᠬᠦᠢ ᠶᠢ ᠪᠣᠯᠪᠠᠰᠤᠷᠠᠭᠤᠯᠬᠤ ᠳᠤ ᠴᠢᠬᠤᠯᠠ ᠦᠢᠯᠡᠳᠦᠯ | ᠦᠵᠡᠭᠦᠯᠦᠨ᠎ᠡ᠃ ᠵᠢᠱᠢᠶᠡᠯᠡᠪᠡᠯ᠂ ᠡᠰ ᠤᠨ ᠠᠮᠢᠰᠬᠤᠯ ᠤᠨ ᠤᠭᠶᠣᠰᠤ ᠪᠠ ᠬᠡᠷᠡᠭᠯᠡᠯᠲᠡ ᠶᠢᠨ ᠠᠭᠤᠯᠭ᠎ᠠ ᠶᠢ ᠶᠠᠷᠢᠬᠤ | ᠦᠶᠡᠰ ᠲᠤ ᠰᠤᠷᠤᠭᠴᠢᠳ ᠢ ᠤᠯᠠᠨ ᠤᠳᠠᠭ᠎ᠠ ᠭᠦᠨ ᠠᠮᠢᠰᠬᠤᠭ᠎ᠠ ᠠᠪᠤᠭᠤᠯᠵᠤ᠂ ᠡᠭᠦᠨ ᠤ ᠤᠯᠠᠮ ᠠᠴᠠ ᠠᠮᠢᠰᠬᠤᠨ | ᠣᠷᠣᠭᠤᠯᠤᠭᠰᠠᠨ ᠬᠦᠴᠢᠯᠲᠥ᠋ᠷᠥᠭᠴᠢ ᠬᠡᠢ ᠨᠢ ᠬᠡᠷᠬᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠵᠤ | ᠬᠤᠪᠢᠷᠠᠵᠤ ᠪᠠᠶᠢᠬᠤ ᠶᠢ ᠰᠡᠳᠬᠢᠭᠦᠯᠵᠦ ᠰᠢᠨ᠎ᠡ ᠬᠢᠴᠢᠶᠡᠯ ᠳᠤ ᠬᠥᠲᠥᠯᠵᠦ ᠪᠣᠯᠣᠨ᠎ᠠ᠃ ᠪᠠᠰᠠ ᠵᠢᠱᠢᠶᠡᠯᠡᠪᠡᠯ᠂ ᠭᠡᠷᠡᠯ ᠤᠨ | ᠨᠡᠶᠢᠯᠡᠯᠭᠡ ᠶᠢᠨ ᠶᠠᠪᠤᠴᠠ ᠶᠢ ᠶᠠᠷᠢᠬᠤ ᠦᠶᠡᠰ ᠲᠤ ᠬᠡᠢ ᠶᠢ ᠨᠢ ᠰᠣᠷᠣᠭᠤᠯᠵᠤ ᠭᠠᠷᠭᠠᠭᠰᠠᠨ ᠨᠠᠪᠴᠢ ᠪᠠᠷ ᠮᠠᠲ᠋ᠧᠷᠢᠶᠠᠯ | ᠪᠤᠯᠭᠠᠵᠦ ᠤᠷᠭᠤᠮᠠᠯ ᠭᠡᠷᠡᠯ ᠤᠨ ᠨᠡᠶᠢᠯᠡᠯᠭᠡ ᠶᠢᠨ ᠦᠢᠯᠡᠳᠦᠯ ᠢᠶᠠᠷ ᠳᠠᠮᠵᠢᠨ ᠬᠦᠴᠢᠯᠲᠥ᠋ᠷᠥᠭᠴᠢ ᠬᠡᠢ ᠢᠯᠭᠠᠷᠠᠭᠤᠯᠵᠤ | ᠪᠣᠯᠬᠤ ᠶᠢ ᠰᠤᠷᠤᠭᠴᠢᠳ ᠲᠤ ᠦᠵᠡᠭᠦᠯᠬᠦ ᠶᠢᠨ ᠬᠠᠮᠲᠤ ᠰᠢᠨ᠎ᠡ ᠬᠢᠴᠢᠶᠡᠯ ᠳᠤ ᠬᠥᠲᠥᠯᠥᠨ᠎ᠡ᠃ ᠡᠶᠢᠮᠦᠷᠬᠦᠦ ᠳᠥᠭᠦᠮ | ᠲᠤᠷᠰᠢᠯᠲᠠ ᠲᠥᠰᠥᠪᠯᠡᠬᠦ ᠪᠠᠷ ᠳᠠᠮᠵᠢᠨ ᠬᠢᠴᠢᠶᠡᠯ ᠳᠤ ᠬᠥᠲᠥᠯᠬᠦ ᠨᠢ ᠰᠤᠷᠤᠭᠴᠢᠳ ᠲᠤ ᠠᠮᠢᠳᠤ ᠪᠣᠳᠠᠰ ᠤᠨ ᠤᠷᠠᠨ | ᠭᠠᠶᠢᠬᠠᠮᠰᠢᠭᠲᠤ ᠲᠠᠯ᠎ᠠ ᠶᠢ ᠮᠡᠳᠡᠭᠦᠯᠵᠦ᠂ ᠰᠤᠷᠤᠭᠴᠢᠳ ᠤᠨ ᠮᠡᠳᠡᠯᠭᠡ ᠡᠵᠡᠮᠰᠢᠬᠦ ᠬᠦᠰᠡᠯ ᠢ ᠬᠥᠪᠴᠢᠯᠡᠵᠦ᠂ | ᠲᠡᠳᠡᠨ ᠤ ᠰᠢᠨᠵᠢᠯᠡᠬᠦ ᠤᠬᠠᠭᠠᠨᠴᠢ ᠰᠡᠳᠬᠢᠬᠦᠢ ᠶᠢ ᠪᠣᠯᠪᠠᠰᠤᠷᠠᠭᠤᠯᠬᠤ ᠪᠥᠭᠡᠳ ᠰᠢᠨᠵᠢᠯᠡᠨ ᠰᠦᠪᠡᠭᠴᠢᠯᠡᠬᠦ ᠤᠷᠮ᠎ᠠ | ᠪᠠᠬ᠎ᠠ ᠶᠢ ᠪᠠᠰᠠ ᠬᠥᠮᠥᠵᠢᠭᠦᠯᠵᠦ ᠪᠣᠯᠣᠨ᠎ᠠ᠃ | ᠭᠠᠷᠮᠠᠭᠠᠢ ᠰᠠᠶᠢᠨ ᠬᠢᠴᠢᠶᠡᠯ ᠬᠥᠲᠥᠯᠬᠦ ᠤᠷᠠᠯᠢᠭ ᠪᠣᠯ ᠪᠠᠭᠰᠢ ᠪᠣᠯᠣᠭᠰᠠᠳ ᠤᠨ ᠨᠢᠭᠡ ᠵᠦᠢᠯ ᠤᠨ | ᠡᠭᠦᠳᠦᠯᠲᠡ ᠮᠥᠨ᠂ ᠪᠠᠭᠰᠢ ᠶᠢᠨ ᠣᠶᠤᠨ ᠤᠬᠠᠭᠠᠨ ᠪᠠ ᠲᠤᠷᠰᠢᠯᠭ᠎ᠠ ᠶᠢᠨ ᠣᠬᠢ ᠰᠢᠯᠢᠳᠡᠭ ᠪᠦᠲᠦᠭᠡᠯ | ᠮᠥᠨ᠃ ᠪᠠᠭᠰᠢ ᠪᠣᠯᠣᠭᠰᠠᠳ ᠤᠨ ᠪᠦᠷᠢᠯᠳᠦᠭᠦᠯᠬᠦ ᠴᠢᠬᠤᠯᠠᠲᠠᠢ ᠨᠢᠭᠡ ᠵᠦᠢᠯ ᠤᠨ ᠣᠨᠴᠠᠭᠠᠢ ᠴᠢᠳᠠᠪᠤᠷᠢ | ᠪᠣᠯᠣᠨ᠎ᠠ᠃ ᠮᠥᠨ ᠴᠦ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠠᠬᠢ ᠴᠢᠬᠤᠯᠠ ᠨᠢᠭᠡ ᠭᠤᠭᠴᠤᠭ᠎ᠠ ᠪᠣᠯᠵᠤ | ᠪᠠᠶᠢᠳᠠᠭ᠃ ᠬᠢᠴᠢᠶᠡᠯ ᠳᠤ ᠬᠥᠲᠥᠯᠵᠦ ᠴᠢᠳᠠᠬᠤ ᠦᠭᠡᠢ ᠪᠠᠭᠰᠢ ᠪᠣᠯ ᠶᠠᠭ ᠯᠡ ᠳᠠᠭᠤᠤ ᠳᠠᠭᠤᠯᠠᠵᠤ ᠴᠢᠳᠠᠬᠤ ᠦᠭᠡᠢ | ᠳᠠᠭᠤᠴᠢᠨ ᠮᠡᠲᠦ᠂ ᠪᠥᠵᠢᠭ ᠪᠥᠵᠢᠭᠯᠡᠵᠦ ᠴᠢᠳᠠᠬᠤ ᠦᠭᠡᠢ ᠪᠥᠵᠢᠭᠴᠢᠨ ᠮᠡᠲᠦ᠂ ᠵᠦᠴᠦᠭᠡ ᠲᠣᠭᠯᠠᠵᠤ ᠴᠢᠳᠠᠬᠤ | ᠦᠭᠡᠢ ᠲᠣᠭᠯᠠᠭᠴᠢ ᠮᠡᠲᠦ ᠪᠠᠶᠢᠵᠤ᠂ ᠥᠪᠡᠷ ᠤᠨ ᠲᠤᠬᠠᠶᠢᠯᠠᠭᠰᠠᠨ ᠠᠵᠢᠯ ᠳᠤ ᠪᠠᠨ ᠬᠢᠷᠢ ᠲᠡᠩᠴᠡᠵᠦ ᠲᠡᠶᠢᠯᠵᠦ | ᠦᠭᠡᠢ ᠶᠤᠮ᠃ ᠬᠢᠴᠢᠶᠡᠯ ᠳᠤ ᠬᠥᠲᠥᠯᠬᠦ ᠶᠢ ᠰᠠᠶᠢᠲᠤᠷ ᠰᠤᠳᠤᠯᠤᠨ᠂ ᠵᠣᠬᠢᠰᠲᠠᠢ ᠬᠡᠷᠡᠭᠯᠡᠵᠦ ᠴᠢᠳᠠᠪᠠᠯ ᠪᠦᠬᠦ᠋ᠢᠯᠡ | ᠬᠢᠴᠢᠶᠡᠯ ᠤᠨ ᠵᠢᠭᠠᠨ ᠰᠤᠷᠭᠠᠯᠲᠠ ᠳᠤ ᠣᠷᠣᠯᠠᠵᠤ ᠪᠣᠯᠣᠰᠢ ᠦᠭᠡᠢ ᠦᠢᠯᠡᠳᠦᠯ ᠦᠵᠡᠭᠦᠯᠬᠦ ᠪᠥᠭᠡᠳ ᠵᠢᠭᠠᠨ | ᠰᠤᠷᠭᠠᠯᠲᠠ ᠶᠢᠨ ᠦᠷ᠎ᠡ ᠠᠰᠢᠭ ᠢ ᠲᠦᠢᠯ ᠤᠨ ᠶᠡᠭᠡ ᠪᠠᠷ ᠳᠡᠭᠡᠭᠰᠢᠯᠡᠭᠦᠯᠬᠦ ᠪᠣᠯᠣᠨ᠎ᠠ᠃ ᠡᠶᠢᠮᠦ ᠠᠴᠠ ᠪᠠᠭᠰᠢ | ᠪᠣᠯᠤᠭᠰᠠᠨ ᠪᠢᠳᠡ ᠡᠷᠬᠡᠪᠰᠢ ᠬᠢᠴᠢᠶᠡᠯ ᠳᠤ ᠬᠥᠲᠥᠯᠬᠦ ᠶᠠᠪᠤᠴᠠ ᠶᠢ ᠴᠢᠬᠤᠯᠠᠴᠢᠯᠠᠨ ᠦᠵᠡᠵᠦ᠂ ᠬᠢᠴᠢᠶᠡᠯ ᠳᠤ | ᠬᠥᠲᠥᠯᠬᠦ ᠶᠢ ᠰᠠᠶᠢᠲᠤᠷ ᠰᠤᠷᠴᠤ ᠰᠤᠳᠤᠯᠵᠤ᠂ ᠥᠪᠡᠷ ᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ | ᠴᠢᠬᠤᠯᠠᠲᠠᠢ᠃ ︽ᠬᠡᠭᠡᠷ᠎ᠡ ᠶᠢᠨ ᠭᠠᠯᠠᠭᠤ ᠨᠢᠰᠦᠭᠡᠳ ᠬᠦᠷᠬᠦ ᠦᠭᠡᠢ ᠭᠠᠵᠠᠷ ᠠᠴᠠ ᠬᠥᠮᠥᠨ ᠤ ᠬᠦᠦ ᠡᠷᠳᠡᠮ | ᠡᠪᠦᠷᠯᠡᠭᠡᠳ ᠬᠠᠷᠢᠨ᠎ᠠ︾ ᠭᠡᠳᠡᠭ ᠢᠶᠠᠷ ᠰᠤᠷᠤᠶ᠎ᠠ᠂ ᠮᠡᠳᠡᠶ᠎ᠠ ᠭᠡᠵᠦ ᠴᠢᠷᠮᠠᠶᠢᠵᠤ ᠶᠠᠪᠤᠵᠤ ᠪᠠᠶᠢᠭ᠎ᠠ ᠰᠤᠷᠤᠭᠴᠢᠳ ᠢ | ᠬᠥᠰᠡᠷᠳᠡᠭᠦᠯᠬᠦ ᠦᠭᠡᠢ ᠪᠠᠷ ᠪᠠᠭᠰᠢ ᠨᠠᠷ ᠮᠥᠨ ᠴᠦ ᠮᠡᠷᠡᠶᠢᠨ ᠴᠢᠷᠮᠠᠶᠢᠬᠤ ᠴᠢᠬᠤᠯᠠᠲᠠᠢ᠂ ᠡᠭᠦᠨ ᠳᠤ ᠬᠢᠴᠢᠶᠡᠯ ᠳᠤ | ᠬᠥᠲᠥᠯᠬᠦ ᠶᠢ ᠬᠦᠨᠳᠦᠳᠬᠡᠨ᠂ ᠬᠢᠴᠢᠶᠡᠯ ᠳᠤ ᠬᠥᠲᠥᠯᠬᠦ ᠶᠢ ᠴᠢᠬᠤᠯᠠᠴᠢᠯᠠᠨ ᠰᠤᠳᠤᠯᠬᠤ ᠪᠠᠷ ᠡᠬᠢᠯᠡᠯᠲᠡ ᠶᠢᠨ ᠴᠡᠭ | ᠪᠤᠯᠭᠠᠵᠦ ᠪᠣᠯᠣᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ | ᠬᠤᠶᠠᠳᠤᠭᠠᠷ ᠲᠤᠮᠳᠠᠳᠤ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | 2023.5 ᠳ᠋ᠤᠭᠠᠷ ᠬᠤᠭᠤᠴᠠᠭ᠎ᠠ | | | | | |