12 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ | ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠬᠤᠷᠠᠯ ᠳᠤ ᠣᠷᠣᠯᠴᠠᠭᠰᠠᠨ | ᠪᠦᠭᠡᠳ ᠪᠠᠶᠠᠷ ᠤᠨ ᠦᠭᠡ ᠬᠡᠯᠡᠵᠡᠢ᠃ | ᠪᠦᠦ ᠰᠢᠶᠠᠨ ᠬᠤᠸᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ | ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠳᠤ ᠪᠠᠶᠠᠷ | ᠬᠦᠷᠭᠡᠪᠡ᠃ ᠰᠤᠷᠭᠠᠭᠤᠯᠢ ᠶᠢᠨ ᠬᠢᠨ ᠤ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠨᠠᠮ ᠤᠨ | ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠦᠨᠡᠨ ᠬᠦ ᠪᠠᠬᠢᠵᠢᠭᠦᠯᠦᠨ᠂ ᠬᠠᠮᠢᠶᠠᠷᠤᠯᠲᠠ ᠶᠢᠨ ᠥᠭᠡᠷᠡᠴᠢᠯᠡᠯᠲᠡ ᠪᠣᠯᠣᠨ ᠳᠦᠷᠢᠮ ᠤᠨ | ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠡᠷᠢᠭᠦᠨ ᠤ ᠬᠢ ᠲᠠᠢ | ᠬᠠᠷᠢᠴᠠᠭᠤᠯᠤᠨ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠤᠷᠭᠠᠭᠤᠯᠢ ᠶᠢᠨ ᠠᠭᠤᠯᠤᠭᠳᠠᠬᠤᠨ ᠮᠠᠶ᠋ᠢᠭ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠢᠯᠡ ᠲᠣᠳᠣ ᠣᠨᠴᠠᠯᠢᠭ ᠪᠦᠬᠦᠢ ᠣᠷᠣᠨ ᠪᠦᠰᠡ ᠶᠢᠨ ᠥᠨᠳᠥᠷ | ᠲᠦᠪᠰᠢᠨ ᠲᠠᠢ ᠦᠨᠳᠦᠰᠦᠲᠡᠨ ᠤ ᠶᠡᠭᠡ ᠰᠤᠷᠭᠠᠭᠤᠯᠢ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠶᠢ | ᠬᠦᠰᠡᠪᠡ᠃ |