ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠥᠷᠦᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠬᠠᠬᠤ ᠬᠠᠮᠲᠤ ᠶᠢᠨ ᠴᠣᠭᠴᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/12/21
      12 ᠳ᠋ᠤᠭᠠᠷ ᠰᠠᠷ᠎ᠠ ᠶᠢᠨ 15 ᠤ ᠡᠳᠦᠷ᠂ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠬᠠᠬᠤ ᠬᠠᠮᠲᠤ ᠶᠢᠨ ᠴᠣᠭᠴᠠ ᠬᠥᠬᠡᠬᠤᠲᠠ ᠳᠤ           ᠪᠠᠶᠢᠭᠤᠯᠤᠭᠳᠠᠪᠠ᠃ ᠬᠠᠮᠲᠤ ᠶᠢᠨ ᠴᠣᠭᠴᠠ ᠶᠢ ᠪᠠᠶᠢᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠡᠭᠡᠭᠰᠢᠯᠡᠭᠦᠯᠬᠦ ᠳᠤ ᠠᠩᠬᠠᠷᠤᠯ ᠬᠠᠨᠳᠤᠭᠤᠯᠵᠤ᠂ ᠮᠠᠨ ᠤ ᠣᠷᠣᠨ  ᠤ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ‍ ᠨᠢᠭᠡ ᠤᠳᠠᠭᠠᠨ ᠤ ᠠᠰᠢᠭᠲᠠᠢ ᠲᠤᠷᠰᠢᠯᠲᠠ ᠮᠥᠨ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠪᠠᠶᠢᠭᠤᠯᠤᠭᠳᠠᠬᠤ ᠶᠡᠭᠡ ᠬᠤᠷᠠᠯ ᠳᠤ ᠣᠷᠣᠯᠴᠠᠪᠠ᠃      ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠬᠠᠬᠤ ᠬᠠᠮᠲᠤ ᠶᠢᠨ ᠴᠣᠭᠴᠠ ᠶᠢ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠥᠪᠥᠷ ᠮᠣᠩᠭᠤᠯ ᠤᠨ ᠵᠧᠩ ᠳ᠋ᠡ ᠾᠥᠩ ᠶᠧ ᠢᠳᠡᠭᠡᠨ ᠤ ᠬᠢᠵᠠᠭᠠᠷᠲᠤ ᠺᠣᠮᠫᠠᠨᠢ ᠶᠢ ᠤᠷᠢᠵᠤ ᠲᠦᠷᠦᠭᠦᠯᠡᠭᠦᠯᠦᠨ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠵᠡᠷᠭᠡ 72 ᠨᠢᠭᠡᠴᠢ ᠲᠠᠢ ᠬᠠᠮᠲᠤ ᠳᠤ ᠪᠠᠨ ᠵᠣᠬᠢᠶᠠᠨ ᠪᠠᠶᠢᠭᠤᠯᠪᠠ᠃ ᠬᠠᠮᠲᠤ ᠶᠢᠨ ᠴᠣᠭᠴᠠ ᠨᠢ ᠢᠳᠡᠭᠡᠨ ᠤᠮᠳᠠᠭᠠᠨ  ᠤ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠡᠷᠳᠡᠮ ᠰᠢᠨᠵᠢᠯᠡᠭᠡᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠳᠠᠪᠠᠭᠤᠯᠢᠭ ᠢ ᠭᠦᠢᠴᠡᠳ ᠨᠡᠶᠢᠯᠡᠭᠦᠯᠦᠨ᠂ ᠢᠳᠡᠭᠡᠨ ᠤᠮᠳᠠᠭᠠᠨ ᠤ ᠦᠢᠯᠡᠰ ᠤᠨ ᠦᠢᠯᠡᠳᠪᠦᠷᠢᠯᠡᠯ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠯᠠᠨ ᠲᠠᠯ᠎ᠠ ᠠᠴᠠ ᠴᠤᠭᠯᠠᠭᠤᠯᠵᠤ᠂ ᠰᠤᠷᠭᠠᠨ ᠬᠥᠮᠦᠵᠢᠯ ᠢᠶᠠᠷ ᠠᠵᠤ ᠦᠢᠯᠡᠳᠪᠦᠷᠢ ᠶᠢ ᠠᠬᠢᠭᠤᠯᠤᠨ᠂ ᠠᠵᠤ ᠦᠢᠯᠡᠳᠪᠦᠷᠢ ᠨᠢ ᠰᠤᠷᠭᠠᠨ ᠬᠥᠮᠦᠵᠢᠯ ᠢ ᠳᠡᠮᠵᠢᠵᠦ᠂ ᠰᠤᠷᠭᠠᠨ ᠬᠥᠮᠦᠵᠢᠯ ᠤᠨ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢ ᠣᠷᠭᠠᠨᠢᠭ ᠢᠶᠠᠷ ᠠᠭᠤᠰᠬᠠᠭᠰᠠᠨ ᠠᠮᠢᠳᠤᠯᠢᠭ ᠦᠢᠯᠡᠳᠦᠯᠭᠡ ᠶᠢ ᠥᠷᠨᠢᠭᠦᠯᠦᠨ᠎ᠡ᠃      ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠯᠬᠤᠴᠠ ᠶᠢ ᠰᠠᠯᠤᠯ ᠦᠭᠡᠢ ᠳᠠᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠵᠣᠯᠭᠠᠭᠤᠯᠵᠤ᠂ ᠴᠢᠳᠠᠪᠤᠷᠢᠲᠠᠨ ᠬᠠᠩᠭᠠᠬᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯᠧᠺᠲᠷᠣᠨ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ ᠮᠠᠯ ᠠᠵᠤ ᠠᠬᠤᠢ ᠵᠡᠷᠭᠡ ᠬᠦᠷᠢᠶᠡᠨ ᠳᠤ ᠠᠵᠢᠯ ᠲᠥᠷᠥᠯ ᠤᠨ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠬᠠᠬᠤ ᠬᠠᠮᠲᠤ ᠶᠢᠨ ᠴᠣᠭᠴᠠ ᠶᠢ ᠪᠠᠶᠢᠭᠤᠯᠵᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠰᠠᠶᠢᠲᠤᠷ ᠦᠢᠯᠡᠳᠦᠯᠴᠡᠵᠦ᠂ ᠰᠤᠷᠭᠠᠭᠤᠯᠢ ᠪᠣᠯᠤᠨ ᠠᠵᠤ ᠠᠬᠤᠶᠢᠯᠠᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠬᠠᠨ ᠬᠥᠭᠵᠢᠭᠦᠯᠬᠦ ᠪᠠᠶᠢᠷᠢᠰᠢᠯᠠᠭᠤᠯᠤᠯᠲᠠ ᠶᠢ ᠥᠳᠲᠡᠷ ᠲᠦᠷᠭᠡᠨ ᠪᠦᠷᠢᠯᠳᠦᠭᠦᠯᠵᠦ᠂ ᠴᠢᠳᠠᠪᠤᠷᠢᠲᠠᠨ ᠢ ᠬᠠᠨᠳᠤᠯᠭᠠᠲᠠᠢ  ᠨᠠᠷᠢᠯᠢᠭ ᠣᠨᠣᠴᠠᠲᠠᠢ ᠬᠥᠮᠦᠵᠢᠭᠦᠯᠦᠨ᠂ ᠢᠯᠡᠳᠲᠡ ᠦᠷ᠎ᠡ ᠪᠦᠲᠦᠮᠵᠢ ᠣᠯᠪᠠ᠃   

eb9ac7a5996a2d310cde521987f24692_640_wx_fmt=jpeg&from=appmsg&wxfrom=5&wx_lazy=1&wx_co=1.jpg

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号