ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠥᠯᠥᠨ ᠪᠤᠶᠢᠷ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2023/12/26
      ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠶᠡᠭᠡ ᠪᠠᠷ ᠪᠠᠳᠠᠷᠠᠭᠤᠯᠵᠤ᠂ ︽ᠭᠤᠷᠪᠠᠨ ᠳ᠋ᠦᠩᠰᠢᠭᠤᠷ ᠬᠥᠮᠦᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠮᠠᠨ ᠤ ᠣᠷᠣᠨ ᠳᠤ ᠡᠷᠬᠢᠯᠡᠬᠦ ᠶᠢ ᠪᠠᠶᠠᠷᠯᠠᠨ ᠤᠭᠲᠤᠬᠤ ᠶᠢᠨ ᠲᠥᠯᠥᠭᠡ᠂ 12 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠰᠤᠷᠭᠠᠭᠤᠯᠢ  ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠤ ᠡᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠵᠤ᠂ ᠬᠥᠯᠥᠨ ᠪᠤᠶᠢᠷ ᠬᠤᠲᠠ ᠶᠢᠨ ᠳᠡᠳ᠋ ᠳᠠᠷᠤᠭ᠎ᠠ ᠮᠠ ᠶᠤᠸᠡᠢ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠳᠠᠷᠠᠭ᠎ᠠ ᠨᠢ᠂ ᠬᠥᠯᠥᠨ ᠪᠤᠶᠢᠷ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠣᠯᠠᠨ ᠳᠤ ᠭᠤᠶᠢᠳᠠ ᠰᠠᠶᠢᠬᠠᠨ ᠡᠬᠢᠯᠡᠯᠲᠡ ᠶᠢᠨ ᠶᠣᠰᠣᠯᠠᠯ ᠤᠨ ᠲᠣᠭᠯᠠᠯᠲᠠ ᠭᠠᠷᠭᠠᠪᠠ᠃ ᠲᠦᠷᠭᠡᠨ ᠲᠡᠰᠢᠯᠲᠡ᠂ ᠮᠥᠰᠥᠨ ᠪᠥᠮᠪᠦᠭᠡ᠂ ᠮᠥᠰᠦᠨ ᠲᠤᠭᠤᠷᠠᠭᠤᠯ ᠴᠣᠬᠢᠬᠤ᠂ ᠴᠢᠷᠭ᠎ᠠ ᠪᠠᠷ ᠲᠦᠷᠭᠡᠨ ᠪᠠᠭᠤᠬᠤ᠂ ᠴᠠᠰᠤᠨ ᠳᠡᠭᠡᠷᠡᠬᠢ ᠪᠤᠶᠢᠺᠤ ᠪᠥᠮᠪᠦᠭᠡ᠂ ᠮᠥᠰᠥᠨ ᠳᠡᠪᠦᠷ᠎ᠡ ᠵᠡᠷᠭᠡ ᠮᠥᠰᠥ ᠴᠠᠰᠤᠨ ᠤ ᠣᠨᠴᠠᠯᠢᠭᠲᠤ ᠲᠣᠭᠯᠠᠯᠲᠠ ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠶᠢᠨ ᠠᠭᠤᠷ ᠠᠮᠢᠰᠬᠤᠯ ᠢ ᠬᠥᠷ ᠬᠥᠭᠵᠢᠶᠡᠨ ᠲᠠᠢ ᠪᠣᠯᠭᠠᠪᠠ᠃

1.jpg

2.jpg

3.jpg

4.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ

ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠥᠯᠥᠨ ᠪᠤᠶᠢᠷ

ᠬᠤᠲᠠ ᠶᠢᠨ ᠬᠠᠶᠢᠯᠠᠷ ᠲᠣᠭᠤᠷᠢᠭ ᠤᠨ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ

ᠲᠣᠭᠤᠷᠢᠭ ᠲᠤ ᠡᠬᠢᠯᠡᠪᠡ   

 

5.jpg

  

 

6.jpg

  

7.jpg

8.jpg

9.jpg

10.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ

ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ

ᠶᠣᠰᠣᠯᠠᠯ ᠤᠨ ᠲᠣᠭᠯᠠᠯᠲᠠ

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ

ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠡᠭᠡᠳᠦ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠡᠮᠡᠭᠲᠡᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ

ᠳᠤᠭᠤᠶᠢᠯᠠᠩ᠂ ᠠᠩᠬ᠎ᠠ ᠵᠡᠷᠭᠡ  ᠶᠢᠨ ᠳᠤᠮᠳᠠᠳᠤ ᠰᠤᠷᠭᠠᠭᠤᠯᠢ ᠶᠢᠨ ᠡᠮᠡᠭᠲᠡᠢ ᠶᠢᠨ ᠳᠤᠭᠤᠶᠢᠯᠠᠩ ᠭᠡᠵᠦ ᠳᠥᠷᠪᠡᠨ

ᠳᠤᠭᠤᠶᠢᠯᠠᠩ ᠬᠤᠪᠢᠶᠠᠵᠤ᠂ ᠤᠷᠤᠯᠳᠤᠭᠠᠨ ᠤ ᠠᠭᠤᠯᠭ᠎ᠠ ᠶᠢ ᠲᠦᠷᠭᠡᠨ ᠲᠡᠰᠢᠯᠲᠡ ᠶᠢᠨ ᠲᠥᠷᠥᠯ ᠪᠠ ᠮᠥᠰᠥ

ᠴᠠᠰᠤᠨ ᠤ ᠶᠡᠷᠦᠩᠬᠡᠶᠢᠯᠡᠭᠰᠡᠨ ᠲᠥᠷᠥᠯ ᠵᠡᠷᠭᠡ ᠬᠤᠶᠠᠷ ᠶᠡᠭᠡ ᠲᠥᠷᠥᠯ ᠬᠤᠪᠢᠶᠠᠭᠰᠠᠨ ᠪᠥᠭᠡᠳ ᠬᠥᠯᠥᠨ ᠪᠤᠶᠢᠷ

ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ

ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠬᠠᠶᠢᠯᠠᠷ ᠲᠣᠭᠤᠷᠢᠭ ᠤᠨ ᠬᠤᠷᠢᠳᠤᠭᠠᠷ

ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ

ᠲᠠᠮᠢᠷ ᠤᠨ ᠴᠤᠭᠯᠠᠭᠠᠨ ᠲᠠᠢ  ᠬᠠᠮᠲᠤᠷᠠᠨ ᠡᠷᠬᠢᠯᠡᠪᠡ᠃

   

11.jpg

12.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ

ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ

      ᠤᠷᠤᠯᠳᠤᠭᠠᠨ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 7

ᠠᠶᠢᠮᠠᠭ ᠬᠤᠲᠠ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠬᠠᠷᠢᠭᠤᠴᠠᠯᠭᠠᠲᠠᠨ ᠢ ᠵᠣᠬᠢᠶᠠᠨ

ᠪᠠᠶᠢᠭᠤᠯᠤᠨ ᠤᠷᠢᠳ ᠬᠤᠵᠢᠳ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠲᠡᠮᠦᠷ ᠵᠠᠮ ᠤᠨ ᠨᠢᠭᠡᠳᠦᠭᠡᠷ

ᠳᠤᠮᠳᠠᠳᠤ ᠰᠤᠷᠭᠠᠭᠤᠯᠢ᠂ ᠰᠢᠨ ᠴᠢᠶᠣᠤ ᠪᠠᠭ᠎ᠠ ᠰᠤᠷᠭᠠᠭᠤᠯᠢ᠂ ᠱᠧᠩᠯᠢ ᠵᠡᠭᠡᠯᠢ ᠶᠢᠨ ᠪᠠᠭ᠎ᠠ ᠰᠤᠷᠭᠠᠭᠤᠯᠢ᠂

ᠭᠤᠷᠪᠠᠳᠤᠭᠠᠷ ᠬᠡᠦᠬᠡᠳ ᠤᠨ ᠴᠡᠴᠡᠷᠯᠢᠭ᠂ ᠨᠠᠨᠺᠠᠢ ᠵᠠᠮ ᠤᠨ ᠳᠤᠮᠳᠠᠳᠤ ᠰᠤᠷᠭᠠᠭᠤᠯᠢ ᠳᠤ ᠬᠦᠷᠴᠦ᠂

ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠠᠵᠢᠯᠯᠠᠭᠠᠨ ᠤ ᠠᠵᠢᠯ ᠢ ᠲᠤᠬᠠᠢ ᠶᠢᠨ ᠭᠠᠵᠠᠷ ᠲᠤ ᠨᠢ

ᠪᠠᠶᠢᠴᠠᠭᠠᠨ ᠰᠣᠳᠤᠯᠤᠭᠰᠠᠨ ᠪᠠ ᠲᠣᠭᠤᠷᠢᠨ ᠦᠵᠡᠵᠦ ᠰᠤᠷᠤᠯᠴᠠᠨ᠂ ᠰᠤᠷᠤᠭᠴᠢᠳ ᠤᠨ ᠮᠥᠰᠥ ᠴᠠᠰᠤᠨ ᠤ

ᠲᠥᠷᠥᠯ ᠵᠦᠢᠯ ᠤᠨ ᠦᠵᠡᠭᠦᠯᠭᠡ ᠶᠢᠨ ᠬᠢᠴᠢᠶᠡᠯ ᠢ ᠰᠣᠨᠢᠷᠬᠠᠨ᠂ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ

ᠭᠤᠣᠯ ᠰᠡᠳᠦᠪᠲᠦ ᠰᠣᠶᠣᠯ ᠢ ᠣᠶᠢᠯᠠᠭᠠᠪᠠ᠃ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ

ᠲᠠᠮᠢᠷ ᠤᠨ ᠴᠤᠭᠯᠠᠭᠠᠨ ᠢ ᠡᠷᠬᠢᠯᠡᠭᠰᠡᠨ ᠨᠢ ︽ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ

ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠶᠢ ᠠᠬᠢᠭᠤᠯᠬᠤ᠂ ᠪᠦᠬᠦ ᠤᠯᠤᠰ ᠤᠨ ᠡᠪᠦᠯ ᠤᠨ ᠤᠯᠠᠷᠢᠯ ᠤᠨ

ᠪᠡᠶ᠎ᠡ ᠶᠢᠨ ᠲᠠᠮᠢᠷ ᠤᠨ ᠴᠤᠭᠯᠠᠭᠠᠨ ᠳᠤ ᠬᠦᠴᠦ ᠨᠡᠮᠡᠷᠢᠯᠡᠬᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠪᠡᠯᠡᠳᠬᠡᠯ

ᠬᠦᠴᠦᠨ  ᠢ ᠪᠤᠶᠢᠵᠢᠭᠤᠯᠬᠤ᠂ ᠮᠠᠨ ᠤ ᠣᠷᠣᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ

ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

   

13.jpg

14.jpg

15.jpg

16.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠯᠥᠨ

ᠪᠤᠶᠢᠷ ᠬᠤᠲᠠ ᠶᠢᠨ ᠵᠠᠰᠠᠭ ᠤᠨ ᠣᠷᠳᠣᠨ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ

ᠵᠡᠷᠭᠡ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠤᠷᠤᠯᠳᠤᠭᠠᠨ ᠳᠤ ᠣᠷᠣᠯᠴᠠᠭᠰᠠᠨ ᠰᠤᠷᠤᠭᠴᠢ ᠲᠠᠮᠢᠷᠴᠢᠳ

ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号