ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠎ ᠨᠢ — ᠵᠠᠯᠠᠶᠢᠨᠠᠭᠤᠷ ᠲᠣᠭᠤᠷᠢᠭ ᠭᠤᠶᠢᠳᠠ ᠰᠠᠶᠢᠬᠠᠨ ᠮᠥᠰᠥ ᠴᠠᠰᠤᠨ ᠤ ᠰᠣᠨᠢᠷᠬᠠᠯᠲᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/28
     ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠤᠯᠠᠮ ᠨᠢᠭᠡ ᠠᠯᠬᠤᠮ ᠳᠡᠯᠭᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠮᠥᠰᠥ ᠴᠠᠰᠤᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠪᠡ᠃

1.jpg

2.jpg

3.jpg

4.jpg

5.jpg

     ᠡᠨᠡ ᠤᠳᠠᠭᠠᠨ ᠤ ᠤᠷᠤᠯᠳᠤᠭᠠᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠲᠡᠢ ᠡᠮᠡᠭᠲᠡᠢ ᠶᠢᠨ ᠲᠦᠷᠭᠡᠨ

ᠲᠡᠰᠢᠯᠲᠡ᠂ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠲᠡᠢ ᠡᠮᠡᠭᠲᠡᠢ ᠶᠢᠨ ᠪᠤᠤᠬᠢᠶ᠎ᠠ ᠤᠷᠤᠯᠳᠤᠭᠠᠨ ᠵᠡᠷᠭᠡ ᠲᠦᠷᠭᠡᠨ

ᠲᠡᠰᠢᠯᠲᠡ ᠶᠢᠨ ᠤᠷᠤᠯᠳᠤᠭᠠᠨ ᠤ ᠲᠥᠷᠦᠯ ᠵᠦᠢᠯ ᠢ ᠪᠠᠭᠲᠠᠭᠠᠵᠤ᠂ ᠪᠠᠰᠠ ᠴᠠᠰᠤᠨ ᠴᠠᠭᠠᠷᠢᠭ ᠤᠨ ᠤᠷᠤᠯᠳᠤᠭᠠᠨ᠂

ᠴᠠᠰᠤᠨ ᠳᠤ ᠭᠤᠯᠭᠤᠬᠤ ᠤᠷᠤᠯᠳᠤᠭᠠᠨ᠂ ᠴᠢᠷᠭ᠎ᠠ ᠶᠢᠨ ᠤᠷᠤᠯᠳᠤᠭᠠᠨ ᠵᠢᠴᠢ ᠴᠠᠰᠤᠨ ᠪᠥᠮᠪᠦᠭᠡᠨ ᠤ ᠤᠷᠤᠯᠳᠤᠭᠠᠨ

ᠵᠡᠷᠭᠡ ᠮᠥᠰᠥ ᠴᠠᠰᠤᠨ ᠤ ᠲᠣᠭᠯᠠᠭᠠᠮ ᠤᠨ ᠲᠥᠷᠥᠯ ᠵᠦᠢᠯ ᠢ ᠪᠠᠭᠲᠠᠭᠠᠪᠠ᠃

6.jpg

7.jpg

8.jpg

9.jpg

      ᠡᠨᠡ ᠤᠳᠠᠭᠠᠨ ᠤ ᠮᠥᠰᠥ ᠴᠠᠰᠤᠨ ᠤ ᠰᠣᠨᠢᠷᠬᠠᠯᠲᠤ ᠠᠵᠢᠯᠯᠠᠭ᠎ᠠ ᠨᠢ ᠰᠤᠷᠤᠭᠴᠢᠳ ᠲᠤ ᠮᠥᠰᠥ ᠴᠠᠰᠤᠨ ᠤ

ᠰᠣᠶᠣᠯ ᠢ ᠣᠶᠢᠯᠠᠭᠠᠭᠤᠯᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ

ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠪᠡᠶ᠎ᠡ ᠮᠠᠬᠠᠪᠣᠳ ᠤᠨ ᠬᠡᠪ ᠴᠢᠨᠠᠷ ᠢᠶᠠᠨ ᠪᠣᠯᠪᠠᠰᠤᠷᠠᠭᠤᠯᠵᠤ᠂ ᠡᠷᠴᠢ

ᠵᠣᠷᠢᠭ ᠢᠶᠠᠨ ᠳᠡᠭᠡᠭᠰᠢᠯᠡᠭᠦᠯᠦᠨ᠂ ᠰᠤᠷᠤᠭᠴᠢᠳ ᠤᠨ ᠬᠤᠭᠤᠷᠣᠨᠳᠣᠬᠢ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠪᠠ

ᠤᠷᠤᠯᠳᠤᠭᠠᠨ ᠤ ᠵᠣᠷᠢᠭ ᠰᠠᠨᠠᠭ᠎ᠠ ᠶᠢ ᠠᠬᠢᠭᠤᠯᠤᠭᠰᠠᠨ ᠪᠠᠶᠢᠨ᠎ᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号